ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢ ᠴᠤᠭᠯᠠᠭᠤᠯᠬᠤ ᠲᠤᠬᠠᠢ ᠵᠠᠷᠯᠠᠯ︾
ᠨᠡᠶᠢᠲᠡᠯᠡᠭᠰᠡᠨ ᠴᠠᠭ᠄
2024/6/20
                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠨᠲᠡ ᠵᠢᠩᠬᠢᠨᠢ ᠪᠠᠷ ᠡᠬᠢᠯᠡᠭᠦᠯᠪᠡ ᠂ ᠮᠠᠨ ᠤ ᠣᠷᠣᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ︾  ᠶᠢ ᠪᠡᠶᠡᠯᠡᠭᠦᠯᠬᠦ ᠶᠢᠨ ᠲᠤᠰᠠᠳᠠ᠂ ᠡᠳᠦᠭᠡ ᠨᠡᠶᠢᠭᠡᠮ ᠠᠴᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢᠨ ᠮᠡᠳᠡᠭᠡ ᠵᠠᠩᠭᠢ ᠶᠢ ᠴᠤᠭᠯᠠᠭᠤᠯᠵᠤ ᠪᠠᠶᠢᠨ᠎ᠠ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠬᠠᠮᠢᠶ᠎ᠠ ᠪᠦᠬᠦᠢ ᠰᠦᠪᠡᠭᠴᠢ ᠶᠢ ᠢᠳᠡᠪᠬᠢᠲᠡᠢ ᠪᠠᠷ ᠬᠠᠩᠭᠠᠬᠤ ᠶᠢ ᠬᠦᠰᠡᠵᠦ ᠪᠠᠶᠢᠨ᠎ᠠ᠃            ᠨᠢᠭᠡ᠂ ᠡᠯᠰᠡᠬᠦ ᠬᠡᠪᠴᠢᠶ᠎ᠡ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠭᠠᠵᠠᠷ ᠳᠡᠭᠡᠷᠡᠬᠢ᠂ ᠭᠠᠵᠠᠷ ᠳᠣᠣᠷᠠᠬᠢ᠂ ᠤᠰᠤᠨ ᠳᠣᠣᠷ᠎ᠠ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ᠃            ᠬᠤᠶᠠᠷ᠂ ᠡᠯᠰᠡᠬᠦ ᠠᠭᠤᠯᠭ᠎ᠠ            ᠲᠡᠦᠬᠡ ᠶᠢᠨ ᠳᠤᠷᠠᠰᠬᠠᠯᠲᠤ ᠵᠦᠢᠯᠡᠰ ᠪᠣᠯ ᠬᠥᠮᠥᠨ ᠲᠥᠷᠥᠯᠬᠢᠲᠡᠨ ᠤ ᠡᠭᠦᠳᠦᠨ ᠪᠦᠲᠦᠭᠡᠭᠰᠡᠨ ᠪᠤᠶᠤ ᠬᠥᠮᠥᠨ ᠲᠥᠷᠥᠯᠬᠢᠲᠡᠨ ᠤ ᠠᠵᠢᠯᠯᠠᠭ᠎ᠠ ᠲᠠᠢ ᠬᠤᠯᠪᠣᠭᠳᠠᠯ ᠲᠠᠢ᠂ ᠲᠡᠦᠬᠡ᠂ ᠤᠷᠠᠯᠢᠭ᠂ ᠰᠢᠨᠵᠢᠯᠡᠬᠦ ᠤᠬᠠᠭᠠᠨ ᠤ ᠦᠨ᠎ᠡ ᠴᠡᠨ᠎ᠡ ᠲᠠᠢ ᠪᠣᠳᠠᠰ ᠤᠨ ᠰᠣᠶᠣᠯ ᠤᠨ ᠥᠪ ᠮᠥᠨ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠤ ᠭᠤᠣᠯᠳᠠᠭᠤ ᠳᠣᠣᠷᠠᠬᠢ ᠬᠡᠳᠦᠨ ᠲᠦᠷᠦᠯ ᠪᠠᠭᠲᠠᠨ᠎ᠠ᠄                  ᠡᠷᠲᠡᠨ ᠤ ᠰᠣᠶᠣᠯ ᠤᠨ ᠪᠠᠭᠤᠷᠢ᠄      ᠭᠤᠣᠯᠳᠠᠭᠤ ᠡᠷᠲᠡᠨ ᠤ ᠬᠥᠮᠥᠨ ᠲᠥᠷᠥᠯᠬᠢᠲᠡᠨ ᠤ ᠣᠷᠣᠰᠢᠨ ᠰᠠᠭᠤᠵᠤ ᠪᠠᠶᠢᠭᠰᠠᠨ ᠭᠠᠵᠠᠷ ᠪᠠ ᠦᠢᠯᠡᠳᠪᠦᠷᠢᠯᠡᠯ ᠤᠨ ᠠᠵᠢᠯᠯᠠᠭᠠᠨ ᠤ ᠲᠠᠯᠠᠪᠤᠷ ᠵᠢᠴᠢ ᠪᠠᠶᠢᠭᠠᠯᠢ ᠶᠢᠨ ᠣᠷᠴᠢᠨ ᠲᠣᠭᠤᠷᠢᠨ ᠢ ᠥᠭᠡᠷᠡᠴᠢᠯᠡᠨ ᠠᠰᠢᠭᠯᠠᠬᠤ ᠶᠠᠪᠤᠴᠠ ᠳᠤ ᠦᠯᠡᠳᠡᠭᠳᠡᠵᠦ ᠢᠷᠡᠭᠰᠡᠨ ᠤᠯᠠ ᠮᠥᠷ ᠢ ᠵᠢᠭᠠᠵᠤ ᠪᠠᠶᠢᠨ᠎ᠠ᠃ ᠶᠡᠷᠦ ᠳᠡᠭᠡᠨ ᠬᠥᠮᠥᠨ ᠲᠥᠷᠥᠯᠬᠢᠲᠡᠨ ᠤ ᠡᠷᠲᠡ ᠦᠶ᠎ᠡ ᠶᠢᠨ ᠠᠵᠢᠯᠯᠠᠭᠠᠨ ᠤ ᠲᠠᠯᠠᠪᠤᠷ᠂ ᠰᠠᠭᠤᠷᠢᠰᠢᠭᠰᠠᠨ ᠭᠠᠵᠠᠷ᠂ ᠬᠤᠲᠠ ᠶᠢᠨ ᠪᠠᠭᠤᠷᠢ᠂ ᠨᠦᠬᠡᠨ ᠭᠡᠷ᠂ ᠨᠦᠬᠡᠨ ᠭᠡᠷ ᠤᠨ ᠪᠠᠭᠤᠷᠢ᠂ ᠠᠭᠤᠷᠬᠠᠢ ᠬᠠᠶᠢᠯᠤᠭᠤᠯᠤᠭᠰᠠᠨ ᠪᠠᠭᠤᠷᠢ᠂ ᠳᠠᠶᠢᠨ ᠤ ᠲᠠᠯᠠᠪᠤᠷ ᠤᠨ ᠪᠠᠭᠤᠷᠢ᠂ ᠤᠯᠠᠭ᠎ᠠ ᠥᠷᠲᠡᠭᠡᠨ ᠤ ᠡᠷᠲᠡᠨ ᠤ ᠵᠠᠮ ᠤᠨ ᠪᠠᠭᠤᠷᠢ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠠᠭᠤᠷᠢ᠂ ᠬᠥᠭᠦᠷᠭᠡ ᠭᠠᠷᠠᠮ ᠤᠨ ᠪᠠᠭᠤᠷᠢ᠂ ᠳᠠᠬᠢᠯᠭ᠎ᠠ ᠶᠢᠨ ᠪᠠᠭᠤᠷᠢ᠂ ᠤᠰᠤᠨ ᠳᠣᠣᠷᠠᠬᠢ ᠪᠠᠭᠤᠷᠢ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠠᠭᠤᠷᠢ᠂ ᠰᠦᠮ᠎ᠡ ᠬᠡᠶᠢᠳ ᠤᠨ ᠪᠠᠭᠤᠷᠢ᠂ ᠣᠷᠳᠣᠨ ᠤ ᠶᠠᠮᠤᠨ ᠤ ᠪᠠᠭᠤᠷᠢ᠂ ᠭᠠᠷ ᠦᠢᠯᠡᠳᠬᠡᠯ ᠤᠨ ᠪᠠᠭᠤᠷᠢ᠂ ᠪᠤᠰᠤᠳ ᠡᠷᠲᠡᠨ ᠤ ᠰᠣᠶᠣᠯ ᠤᠨ ᠪᠠᠭᠤᠷᠢ ᠵᠡᠷᠭᠡ ᠲᠥᠷᠥᠯ ᠵᠦᠢᠯ ᠢ ᠪᠠᠭᠲᠠᠭᠠᠳᠠᠭ᠃            ᠡᠷᠲᠡᠨ ᠤ ᠪᠤᠯᠠᠰᠢ᠄      ᠭᠤᠣᠯᠳᠠᠭᠤ ᠡᠷᠲᠡᠨ ᠤ ᠬᠥᠮᠥᠨ ᠲᠥᠷᠥᠯᠬᠢᠲᠡᠨ ᠤ ᠪᠣᠢ ᠪᠣᠯᠤᠭᠰᠠᠨ ᠣᠷᠣᠨ ᠪᠦᠰᠡ ᠶᠢᠨ ᠴᠢᠨᠠᠷᠲᠠᠢ ᠲᠠᠯᠠᠪᠤᠷ ᠢ ᠪᠤᠯᠠᠰᠢᠯᠠᠬᠤ ᠶᠢ ᠵᠢᠭᠠᠵᠤ ᠪᠠᠶᠢᠨ᠎ᠠ᠃ ᠶᠡᠷᠦ ᠳᠡᠭᠡᠨ ᠡᠵᠡᠨ ᠬᠠᠭᠠᠨ ᠤ ᠣᠩᠭᠤᠨ᠂ ᠨᠡᠷᠡᠲᠦ ᠬᠥᠮᠥᠨ ᠪᠤᠶᠤ ᠢᠵᠠᠭᠤᠷᠲᠠᠨ ᠤ ᠣᠩᠭᠤᠨ᠂ ᠡᠩ ᠤᠨ ᠣᠩᠭᠤᠨ᠂ ᠪᠤᠰᠤᠳ ᠣᠩᠭᠤᠨ ᠵᠡᠷᠭᠡ ᠲᠥᠷᠥᠯ ᠵᠦᠢᠯ ᠢ ᠪᠠᠭᠲᠠᠭᠠᠳᠠᠭ᠃            ᠡᠷᠲᠡᠨ ᠤ ᠪᠠᠷᠢᠯᠭ᠎ᠠ᠄      ᠭᠤᠣᠯᠳᠠᠭᠤ ᠡᠷᠲᠡᠨ ᠤ ᠦᠶ᠎ᠡ ᠳᠤ ᠪᠠᠷᠢᠵᠤ ᠪᠠᠶᠢᠭᠤᠯᠤᠭᠰᠠᠨ ᠭᠤᠣᠯ ᠴᠣᠭᠴᠠ ᠨᠢ ᠬᠠᠷᠠᠬᠠᠨ ᠬᠠᠳᠠᠭᠠᠯᠠᠭᠳᠠᠵᠤ ᠪᠠᠶᠢᠭᠰᠠᠨ ᠪᠠᠷᠢᠯᠭ᠎ᠠ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠬᠠᠭᠤᠴᠢᠨ ᠭᠡᠷ ᠪᠠᠶᠢᠰᠢᠩ᠂ ᠰᠦᠮ᠎ᠡ ᠬᠡᠶᠢᠳ᠂ ᠰᠡᠭᠦᠳᠡᠷ ᠬᠠᠨ᠎ᠠ ᠶᠢᠨ ᠴᠠᠮᠬᠠᠭ᠂ ᠬᠥᠭᠦᠷᠭᠡ ᠵᠡᠷᠭᠡ ᠪᠣᠯᠣᠨ᠎ᠠ᠃ ᠡᠩ ᠤᠨ ᠪᠠᠶᠢᠳᠠᠯ ᠳᠤ ᠬᠤᠲᠠ ᠶᠢᠨ ᠬᠡᠷᠡᠮ ᠠᠰᠠᠷ ︵ᠵᠢᠴᠢ ᠪᠤᠰᠤᠳ ᠴᠡᠷᠢᠭ ᠤᠨ ᠶᠠᠪᠤᠳᠠᠯ ᠤᠨ ᠪᠠᠷᠢᠯᠭ᠎ᠠ ᠵᠢᠴᠢ ᠲᠥᠬᠦᠭᠡᠷᠦᠮᠵᠢ︶  ᠢ ᠪᠠᠭᠲᠠᠭᠠᠳᠠᠭ᠃ ᠣᠷᠳᠣᠨ ᠬᠠᠷᠰᠢ ᠣᠷᠣᠨ ᠰᠠᠭᠤᠴᠠ ᠶᠢᠨ ᠠᠷᠠᠳ ᠤᠨ ᠰᠠᠭᠤᠴᠠ᠂ ᠮᠠᠨᠳᠠᠯ ᠰᠦᠮ᠎ᠡ ᠶᠢᠨ ᠳᠡᠭᠡᠳᠦᠰ ᠤᠨ ᠰᠦᠮ᠎ᠡ︔      ᠶᠠᠮᠤᠨ ᠤ ᠠᠯᠪᠠᠨ ᠣᠷᠳᠣᠨ ︵ᠵᠢᠴᠢ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠷᠢᠯᠭ᠎ᠠ︶᠂ ᠰᠤᠷᠭᠠᠭᠤᠯᠢ ᠶᠢᠨ ᠪᠢᠴᠢᠭ ᠤᠨ ᠬᠦᠷᠢᠶᠡᠯᠡᠩ ︵ᠵᠢᠴᠢ ᠪᠤᠰᠤᠳ ᠰᠣᠶᠣᠯ ᠰᠤᠷᠭᠠᠨ ᠬᠥᠮᠦᠵᠢᠯ ᠤᠨ ᠪᠠᠷᠢᠯᠭ᠎ᠠ︶᠂ ᠤᠯᠠᠭ᠎ᠠ ᠥᠷᠲᠡᠭᠡᠨ ᠤ ᠴᠤᠭᠯᠠᠭᠠᠨ ᠤ ᠭᠠᠵᠠᠷ ︵ᠵᠢᠴᠢ ᠪᠤᠰᠤᠳ ᠵᠠᠮ ᠬᠠᠷᠢᠯᠴᠠᠭᠠᠨ ᠤ ᠲᠥᠬᠦᠭᠡᠷᠦᠮᠵᠢ᠂ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ︶᠂ ᠳᠡᠯᠭᠡᠭᠦᠷ ᠫᠦᠰᠡ ᠶᠢᠨ ᠦᠢᠯᠡᠳᠬᠡᠯ ᠤᠨ ᠭᠠᠵᠠᠷ ︵ᠵᠢᠴᠢ ᠪᠤᠰᠤᠳ ᠮᠥᠩᠭᠦᠨ ᠭᠦᠢᠯᠭᠡᠭᠡᠨ ᠠᠷᠠᠯᠵᠢᠶ᠎ᠠ ᠬᠤᠳᠠᠯᠳᠤᠭᠠᠨ ᠤ ᠪᠠᠷᠢᠯᠭ᠎ᠠ᠂ ᠦᠢᠯᠡᠳᠪᠦᠷᠢ ᠬᠤᠳᠠᠯᠳᠤᠭᠠᠨ ᠤ ᠪᠠᠷᠢᠯᠭ᠎ᠠ ᠶᠢᠨ ᠪᠡᠯᠡᠳᠬᠡᠮᠵᠢ︶᠂ ᠴᠠᠮᠬᠠᠭ ᠤᠨ ᠬᠡᠷᠡᠮ ᠬᠠᠨ᠎ᠠ᠂ ᠰᠠᠷᠠᠪᠴᠢ ᠲᠠᠢ ᠠᠰᠠᠷ ᠲᠠᠭᠲᠤ ︵ᠵᠢᠴᠢ ᠪᠤᠰᠤᠳ ᠦᠵᠡᠮᠵᠢ ᠶᠢᠨ ᠪᠠᠷᠢᠯᠭ᠎ᠠ᠂ ᠰᠢ ᠲᠠᠭᠤᠤᠷᠢᠯᠢᠬ ᠤᠨ ᠲᠣᠭᠯᠠᠯᠲᠠ ᠶᠢᠨ ᠪᠠᠷᠢᠯᠭ᠎ᠠ᠂ ᠣᠳᠣᠨ ᠣᠷᠣᠨ ᠤ ᠠᠵᠢᠭᠯᠠᠯᠲᠠ ᠶᠢᠨ ᠪᠠᠷᠢᠯᠭ᠎ᠠ︶᠂ ᠰᠦᠮ᠎ᠡ ᠬᠡᠶᠢᠳ ᠤᠨ ᠰᠤᠪᠤᠷᠭ᠎ᠠ ᠲᠠᠭᠲᠤ ︵ᠵᠢᠴᠢ ᠪᠤᠰᠤᠳ ᠱᠠᠰᠢᠨ ᠰᠤᠷᠲᠠᠬᠤᠨ ᠤ ᠪᠠᠷᠢᠯᠭ᠎ᠠ︶᠂ ᠣᠶᠢᠵᠢᠭᠤᠯᠤᠯᠲᠠ ᠶᠢᠨ ᠴᠡᠴᠡᠷᠯᠢᠭ᠂ ᠬᠥᠭᠦᠷᠭᠡ ᠶᠢᠨ ᠭᠠᠷᠠᠮ᠂ ᠬᠠᠰᠢᠯᠭ᠎ᠠ ᠳᠠᠯᠠᠩ ᠰᠤᠪᠠᠭ ᠬᠠᠰᠢᠯᠭ᠎ᠠ ︵ᠵᠢᠴᠢ ᠪᠤᠰᠤᠳ ᠤᠰᠤᠨ ᠠᠰᠢᠭᠯᠠᠯᠲᠠ ᠶᠢᠨ ᠪᠡᠯᠡᠳᠬᠡᠮᠵᠢ︶᠂ ᠨᠠᠭᠤᠷ ᠬᠤᠳᠳᠤᠭ ᠪᠤᠯᠠᠭ ᠵᠡᠷᠭᠡ ᠲᠥᠷᠥᠯ ᠬᠡᠯᠪᠡᠷᠢ᠃            ᠴᠢᠯᠠᠭᠤᠨ ᠠᠭᠤᠢ ᠶᠢᠨ ᠰᠦᠮ᠎ᠡ ᠵᠢᠴᠢ ᠴᠢᠯᠠᠭᠤᠨ ᠰᠡᠶᠢᠯᠦᠮᠡᠯ᠄      ᠭᠤᠣᠯᠳᠠᠭᠤ ᠪᠤᠷᠬᠠᠨ ᠱᠠᠰᠢᠨ ᠪᠤᠶᠤ ᠪᠤᠰᠤᠳ ᠱᠠᠰᠢᠨ ᠰᠢᠲᠦᠭᠴᠢᠳ ᠤᠨ ᠠᠰᠬ᠎ᠠ ᠬᠠᠲᠠᠨ ᠳᠤ ᠮᠠᠯᠲᠠᠭᠰᠠᠨ ᠠᠭᠤᠢ᠂ ᠴᠢᠯᠠᠭᠤᠨ ᠳᠡᠭᠡᠷ᠎ᠡ ᠰᠡᠶᠢᠯᠦᠭᠰᠡᠨ ᠦᠰᠦᠭ ᠪᠢᠴᠢᠭ᠂ ᠬᠥᠮᠥᠨ᠂ ᠠᠮᠢᠲᠠᠨ ᠪᠤᠶᠤ ᠬᠡ ᠤᠭᠠᠯᠵᠠ ᠶᠢ ᠵᠢᠭᠠᠨ᠎ᠠ᠃ ᠶᠡᠷᠦ ᠳᠡᠭᠡᠨ ᠴᠢᠯᠠᠭᠤᠨ ᠠᠭᠤᠢ ᠶᠢᠨ ᠰᠦᠮ᠎ᠡ᠂ ᠬᠠᠳᠠᠨ ᠴᠢᠯᠠᠭᠤᠨ ᠰᠡᠶᠢᠯᠦᠮᠡᠯ᠂ ᠬᠥᠰᠢᠶᠡᠨ ᠤ ᠰᠡᠶᠢᠯᠦᠮᠡᠯ᠂ ᠴᠢᠯᠠᠭᠤᠨ ᠰᠡᠶᠢᠯᠦᠮᠡᠯ᠂ ᠬᠠᠳᠠᠨ ᠵᠢᠷᠤᠭ ᠵᠡᠷᠭᠡ ᠲᠥᠷᠥᠯ ᠢ ᠪᠠᠭᠲᠠᠭᠠᠳᠠᠭ᠃            ᠣᠷᠴᠢᠨ ᠣᠳᠣ ᠦᠶ᠎ᠡ ᠶᠢᠨ ᠴᠢᠬᠤᠯᠠ ᠲᠡᠦᠬᠡᠨ ᠳᠤᠷᠠᠰᠬᠠᠯᠲᠤ ᠵᠦᠢᠯᠡᠰ ᠪᠠ ᠲᠥᠯᠥᠭᠡᠯᠡᠬᠦ ᠴᠢᠨᠠᠷᠲᠠᠢ ᠪᠠᠷᠢᠯᠭ᠎ᠠ᠄      ᠭᠤᠣᠯᠳᠠᠭᠤ ᠴᠢᠬᠤᠯᠠ ᠶᠡᠭᠡ ᠲᠡᠦᠬᠡᠨ ᠬᠡᠷᠡᠭ ᠶᠠᠪᠤᠳᠠᠯ᠂ ᠬᠤᠪᠢᠰᠬᠠᠯᠲᠤ ᠬᠥᠳᠡᠯᠭᠡᠭᠡᠨ ᠪᠤᠶᠤ ᠠᠯᠳᠠᠷᠲᠤ ᠬᠥᠮᠥᠰ ᠲᠤ ᠬᠤᠯᠪᠣᠭᠳᠠᠬᠤ ᠵᠢᠴᠢ ᠴᠢᠬᠤᠯᠠ ᠳᠤᠷᠠᠰᠬᠠᠬᠤ ᠠᠴᠢ ᠬᠤᠯᠪᠣᠭᠳᠠᠯ  ᠲᠠᠢ᠂ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ  ᠲᠠᠢ ᠪᠤᠶᠤ ᠲᠡᠦᠬᠡᠨ ᠮᠠᠲ᠋ᠧᠷᠢᠶᠠᠯ ᠤᠨ ᠦᠨ᠎ᠡ ᠥᠷᠲᠡᠭ ᠲᠠᠢ ᠣᠷᠴᠢᠨ ᠦᠶ᠎ᠡ ᠶᠢᠨ ᠣᠳᠣ ᠦᠶ᠎ᠡ  ᠶᠢᠨ ᠴᠢᠬᠤᠯᠠ ᠲᠡᠦᠬᠡᠨ ᠳᠤᠷᠠᠰᠬᠠᠯᠲᠤ ᠵᠦᠢᠯᠡᠰ᠂ ᠲᠥᠯᠥᠭᠡᠯᠡᠬᠦ ᠴᠢᠨᠠᠷᠲᠠᠢ ᠪᠠᠷᠢᠯᠭ᠎ᠠ ᠶᠢ ᠵᠢᠭᠠᠨ᠎ᠠ᠃            ᠣᠷᠴᠢᠨ ᠣᠳᠣᠬᠢᠴᠢᠯᠠᠭᠰᠠᠨ ᠴᠢᠬᠤᠯᠠ ᠲᠡᠦᠬᠡ ᠶᠢᠨ ᠤᠯᠠ ᠮᠥᠷ ᠲᠤ ᠶᠡᠷᠦ ᠳᠡᠭᠡᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠴᠢᠬᠤᠯᠠ ᠪᠠᠶᠢᠭᠤᠯᠤᠮᠵᠢ ᠶᠢᠨ ᠬᠠᠭᠤᠴᠢᠨ ᠪᠠᠭᠤᠷᠢ ︵ᠵᠢᠴᠢ ᠲᠠᠶᠢᠨ ᠤ ᠪᠠᠭᠤᠷᠢ᠂ ᠠᠵᠤ ᠦᠢᠯᠡᠳᠪᠦᠷᠢ ᠶᠢᠨ ᠪᠠᠭᠤᠷᠢ ᠵᠡᠷᠭᠡ︶᠂ ᠴᠢᠬᠤᠯᠠ ᠶᠡᠭᠡ ᠬᠤᠪᠢᠰᠬᠠᠯ ᠤᠨ ᠲᠡᠦᠬᠡᠨ ᠬᠡᠷᠡᠭ ᠶᠠᠪᠤᠳᠠᠯ ᠵᠢᠴᠢ ᠬᠤᠪᠢᠰᠬᠠᠯ ᠤᠨ ᠬᠥᠮᠥᠰ ᠤᠨ ᠠᠵᠢᠯᠯᠠᠭ᠎ᠠ ᠶᠢ ᠳᠤᠷᠠᠰᠬᠠᠬᠤ ᠭᠠᠵᠠᠷ᠂ ᠦᠷᠡᠭᠳᠡᠭᠰᠡᠨ ᠪᠠᠭᠠᠲᠤᠷᠴᠤᠳ ᠤᠨ ᠤᠩᠭᠤᠨ ᠵᠢᠴᠢ ᠳᠤᠷᠠᠰᠬᠠᠯ ᠤᠨ ᠲᠥᠬᠦᠭᠡᠷᠦᠮᠵᠢ᠂ ᠨᠡᠷᠡᠳᠤ ᠬᠥᠮᠥᠰ ᠤᠨ ᠬᠠᠭᠤᠴᠢᠨ ᠰᠠᠭᠤᠴᠠ᠂ ᠨᠡᠷᠡᠳᠤ ᠬᠥᠮᠥᠰ ᠤᠨ ᠤᠩᠭᠤᠨ᠂ ᠪᠤᠰᠤᠳ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠤᠶᠤ ᠨᠡᠷᠡᠳᠤ ᠬᠥᠮᠥᠰ ᠢ ᠳᠤᠷᠠᠰᠬᠠᠬᠤ ᠵᠣᠷᠢᠯᠭ᠎ᠠ  ᠪᠠᠷ ᠪᠠᠶᠢᠭᠤᠯᠤᠭᠰᠠᠨ ᠪᠠᠷᠢᠯᠭ᠎ᠠ ᠶᠢᠨ ᠵᠦᠢᠯ ᠵᠡᠷᠭᠡ ᠪᠠᠭᠲᠠᠨ᠎ᠠ᠃ ᠣᠷᠴᠢᠨ ᠣᠲᠣ ᠦᠶ᠎ᠡ ᠶᠢᠨ ᠲᠥᠯᠥᠭᠡᠯᠡᠬᠦ ᠴᠢᠨᠠᠷᠲᠠᠢ ᠪᠠᠷᠢᠯᠭ᠎ᠠ ᠳᠤ ᠡᠩ ᠤᠨ ᠪᠠᠶᠢᠳᠠᠯ ᠳᠤ ᠤᠯᠠᠮᠵᠢᠯᠠᠯᠲᠤ ᠠᠷᠠᠳ ᠤᠨ ᠰᠠᠭᠤᠴᠠ᠂ ᠱᠠᠰᠢᠨ ᠰᠤᠷᠲᠠᠬᠤᠨ ᠤ ᠪᠠᠷᠢᠯᠭ᠎ᠠ᠂ ᠠᠵᠤ ᠦᠢᠯᠡᠳᠪᠦᠷᠢ ᠶᠢᠨ ᠪᠠᠷᠢᠯᠭ᠎ᠠ ᠵᠢᠴᠢ ᠳᠠᠭᠠᠯᠲᠠ ᠲᠣᠨᠤᠭ ᠲᠥᠬᠦᠭᠡᠷᠦᠮᠵᠢ ︵ᠵᠢᠴᠢ ᠪᠤᠰᠤᠳ ᠠᠵᠤ ᠦᠢᠯᠡᠳᠪᠦᠷᠢ ᠶᠢᠨ ᠪᠠᠭᠤᠷᠢ︶᠂ ᠮᠥᠩᠭᠦᠨ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ ᠪᠠᠷᠢᠯᠭ᠎ᠠ ︵ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ  ᠶᠢ ᠪᠠᠭᠲᠠᠭᠠᠨ᠎ᠠ︶᠂ ᠤᠰᠤᠨ ᠠᠰᠢᠭᠯᠠᠯᠲᠠ᠂ ᠲᠠᠷᠢᠶᠠᠯᠠᠩ ᠤᠨ ᠬᠠᠮᠢᠶ᠎ᠠ ᠪᠦᠬᠦᠢ ᠪᠠᠷᠢᠯᠭ᠎ᠠ᠂ ᠲᠥᠬᠦᠭᠡᠷᠦᠮᠵᠢ ᠵᠢᠴᠢ ᠳᠠᠭᠠᠯᠲᠠ ᠪᠣᠳᠠᠰ ︵ᠵᠢᠴᠢ ᠪᠤᠰᠤᠳ ᠤᠰᠤᠨ ᠠᠰᠢᠭᠯᠠᠯᠲᠠ ᠬᠢᠭᠡᠳ ᠲᠠᠷᠢᠶᠠᠯᠠᠩ ᠤᠨ ᠥᠪ︶᠂ ᠰᠣᠶᠣᠯ ᠰᠤᠷᠭᠠᠨ ᠬᠥᠮᠦᠵᠢᠯ ᠤᠨ ᠪᠠᠷᠢᠯᠭ᠎ᠠ ᠵᠢᠴᠢ ᠳᠠᠭᠠᠯᠲᠠ ᠪᠣᠳᠠᠰ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠷᠢᠯᠭ᠎ᠠ᠂ ᠴᠡᠷᠢᠭ ᠤᠨ ᠶᠠᠪᠤᠳᠠᠯ ᠤᠨ ᠪᠠᠷᠢᠯᠭ᠎ᠠ ᠵᠢᠴᠢ ᠪᠡᠯᠡᠳᠬᠡᠮᠵᠢ᠂ ᠵᠠᠮ ᠬᠠᠷᠢᠯᠴᠠᠭᠠᠨ ᠤ ᠵᠠᠮ ᠤᠨ ᠪᠡᠯᠡᠳᠬᠡᠮᠵᠢ᠂ ᠨᠡᠶᠢᠲᠡᠯᠢᠭ ᠬᠡᠪ ᠨᠠᠮᠪᠠ ᠲᠠᠢ ᠪᠠᠷᠢᠯᠭ᠎ᠠ ᠪᠤᠶᠤ ᠪᠠᠷᠢᠯᠭ᠎ᠠ ᠶᠢᠨ ᠵᠦᠢᠯ᠂ ᠪᠡᠶ᠎ᠡ ᠪᠠᠷ ᠨᠡᠯᠢᠶᠡᠳ ᠶᠡᠭᠡ ᠡᠯ᠎ᠡ ᠵᠦᠢᠯ ᠤᠨ ᠮᠠᠲ᠋ᠧᠷᠢᠶᠠᠯ ᠤᠨ ᠴᠢᠨᠠᠷ ︵ᠵᠢᠱᠢᠶᠡᠯᠡᠪᠡᠯ ᠴᠢᠯᠠᠭᠤ᠂ ᠵᠡᠰ᠂ ᠲᠡᠮᠦᠷ᠂ ᠰᠢᠪᠠᠷ ᠵᠡᠷᠭᠡ︶  ᠤᠨ ᠱᠤᠭᠤᠮᠠᠯ᠂ ᠬᠠᠤᠯᠢ ᠶᠣᠰᠣᠭᠠᠷ ᠬᠢᠨᠠᠨ ᠵᠥᠪᠰᠢᠶᠡᠷᠡᠭᠰᠡᠨ ᠤ ᠳᠠᠷᠠᠭ᠎ᠠ ᠤᠤᠯ ᠭᠠᠵᠠᠷ ᠲᠤᠨᠢ ᠳᠠᠬᠢᠨ ᠪᠠᠶᠢᠭᠤᠯᠤᠭᠰᠠᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠪᠥᠭᠡᠳ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠪᠤᠶᠤ ᠨᠡᠶᠢᠲᠡᠯᠢᠭ ᠠᠴᠢ ᠬᠤᠯᠪᠣᠭᠳᠠᠯ ᠲᠠᠢ᠂ ᠪᠤᠰᠤᠳ ᠣᠷᠴᠢᠨ ᠣᠲᠣ ᠦᠶ᠎ᠡ ᠶᠢᠨ ᠲᠥᠯᠥᠭᠡᠯᠡᠬᠦ ᠴᠢᠨᠠᠷᠲᠠᠢ ᠪᠠᠷᠢᠯᠭ᠎ᠠ ᠵᠡᠷᠭᠡ ᠲᠥᠷᠥᠯ ᠬᠡᠯᠪᠡᠷᠢ ᠶᠢ ᠪᠠᠭᠲᠠᠭᠠᠨ᠎ᠠ᠃            ᠪᠤᠰᠤᠳ ᠵᠦᠢᠯ᠄      ᠭᠤᠣᠯᠳᠠᠭᠤ ᠰᠣᠶᠣᠯ ᠤᠨ ᠦᠵᠡᠮᠵᠢ᠂ ᠡᠷᠲᠡᠨ ᠤ ᠬᠥᠮᠥᠨ ᠲᠥᠷᠥᠯᠬᠢᠲᠡᠨ ᠵᠢᠴᠢ ᠡᠷᠲᠡᠨ ᠤ ᠬᠥᠮᠥᠨ ᠲᠥᠷᠥᠯᠬᠢᠲᠡᠨ ᠤ ᠠᠵᠢᠯᠯᠠᠭ᠎ᠠ ᠳᠤ ᠬᠤᠯᠪᠣᠭᠳᠠᠬᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠭᠠᠵᠠᠷ᠂ ᠪᠤᠰᠤᠳ ᠵᠣᠬᠢᠬᠤ ᠲᠡᠦᠬᠡ᠂ ᠤᠷᠠᠯᠢᠭ᠂ ᠰᠢᠨᠵᠢᠯᠡᠬᠦ ᠤᠬᠠᠭᠠᠨ ᠤ ᠦᠨ᠎ᠡ ᠴᠡᠨ᠎ᠡ ᠲᠠᠢ ᠪᠣᠳᠠᠰ ᠤᠨ ᠪᠣᠳᠠᠲᠤ ᠴᠣᠭᠴᠠ ᠵᠡᠷᠭᠡ ᠶᠢ ᠵᠢᠭᠠᠵᠤ ᠪᠠᠶᠢᠨ᠎ᠠ᠃            ᠭᠤᠷᠪᠠ᠂ ᠡᠯᠰᠡᠬᠦ ᠱᠠᠭᠠᠷᠳᠠᠯᠭ᠎ᠠ            ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠪᠠᠲᠤᠯᠠᠬᠤ ᠵᠣᠷᠢᠯᠭ᠎ᠠ ᠪᠠᠷ᠂ ᠲᠠ ᠰᠦᠪᠡᠭᠴᠢ ᠬᠠᠩᠭᠠᠬᠤ ᠳᠠᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢᠨ ᠬᠦᠰᠦᠨᠦᠭᠲᠦ︾  ᠶᠢᠨ ᠱᠠᠭᠠᠷᠳᠠᠯᠭ᠎ᠠ ᠶᠣᠰᠣᠭᠠᠷ᠂ ᠠᠯᠢ ᠴᠢᠳᠠᠬᠤ ᠪᠠᠷ ᠨᠠᠷᠢᠨ ᠲᠣᠳᠣᠷᠬᠠᠢ ᠪᠠᠶᠢᠳᠠᠯ ᠢ ᠳᠦᠷᠰᠦᠯᠡᠨ ᠲᠣᠭᠠᠴᠢᠬᠤ ᠬᠡᠷᠡᠭᠲᠡᠢ᠂ ᠡᠭᠦᠨ ᠳᠤ ᠨᠡᠷᠡᠶᠢᠳᠦᠯ᠂ ᠣᠨ ᠵᠢᠯ᠂ ᠬᠠᠶ᠋ᠢᠭ ᠵᠡᠷᠭᠡ ᠪᠠᠭᠲᠠᠨ᠎ᠠ᠃            ᠳᠥᠷᠪᠡ᠂ ᠴᠡᠷᠢᠭ ᠲᠤ ᠡᠯᠰᠡᠬᠦ ᠴᠠᠭ            ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ 2025 ᠣᠨ ᠤ 5 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃            ᠲᠠᠪᠤ᠂ ᠡᠯᠰᠡᠬᠦ ᠠᠷᠭ᠎ᠠ ᠮᠠᠶ᠋ᠢᠭ             ︵ᠨᠢᠭᠡ︶ ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠵᠦ ᠰᠦᠪᠡᠭᠴᠢ ᠶᠢᠨ ᠮᠡᠳᠡᠭᠡ ᠵᠠᠩᠭᠢ ᠶᠢ ᠲᠠᠭᠯᠠᠨ ᠪᠢᠴᠢᠨ᠎ᠡ᠃                         ︵ᠬᠤᠶᠠᠷ︶ ᠴᠠᠬᠢᠮ ᠰᠢᠤᠳᠠᠨ ᠤ ᠬᠠᠶᠢᠷᠴᠠᠭ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢᠨ ᠬᠦᠰᠦᠨᠦᠭᠲᠦ︾  ᠶᠢ ᠲᠠᠭᠯᠠᠵᠤ᠂ nmgwwbhc@163.com ᠬᠦᠷᠭᠡᠭᠡᠷᠡᠢ᠃             ︵ᠭᠤᠷᠪᠠ︶ ᠰᠢᠤᠳᠠᠨ ᠢᠶᠠᠷ ᠢᠯᠡᠭᠡᠬᠦ ᠬᠠᠶ᠋ᠢᠭ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 32 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ             ︵ᠳᠥᠷᠪᠡ︶ ᠬᠠᠷᠢᠯᠴᠠᠬᠤ ᠤᠲᠠᠰᠤ᠄      0471-696823915354876622            ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠷᠡᠬᠢ ᠠᠷᠭ᠎ᠠ ᠮᠠᠶ᠋ᠢᠭ ᠢᠶᠠᠷ ᠰᠦᠪᠡᠭᠴᠢ ᠬᠠᠩᠭᠠᠵᠤ᠂ ᠬᠠᠮᠢᠶ᠎ᠠ ᠪᠦᠬᠦᠢ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠮᠥᠷᠲᠡᠭᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠱᠠᠩᠨᠠᠯ ᠣᠯᠭᠤᠬᠤ ᠶᠢ ᠪᠠᠶᠠᠷᠯᠠᠨ ᠤᠭᠲᠤᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ            2024 ᠣᠨ ᠤ 3 ᠳ᠋ᠤᠭᠠᠷ ᠰᠠᠷ᠎ᠠ ᠶᠢᠨ 15  ᠤ ᠡᠳᠦᠷ                  ᠡᠬᠢ ᠰᠤᠷᠪᠤᠯᠵᠢ᠄      ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠢᠩᠬᠢᠮ ᠤᠨ ᠠᠯᠪᠠᠨ ᠰᠦᠯᠵᠢᠶ᠎ᠡ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号