| | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ | | ᠶᠡᠷᠡᠨ ᠳᠣᠯᠣᠳᠤᠭᠠᠷ ᠲᠣᠭᠠᠲᠤ | | 2022 ᠣᠨ ᠤ 11ᠳ᠋ᠦ᠋ᠭᠡᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ | ᠳᠦᠷᠢᠮ︾ ᠢ ᠪᠠᠲᠤᠯᠠᠵᠤ᠂ ᠡᠳᠦᠭᠡ ᠨᠡᠶᠢᠲᠡᠯᠡᠪᠡ᠂ 2023 ᠣᠨ ᠤ 1ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | 2022 ᠣᠨ ᠤ 11ᠳ᠋ᠦ᠋ᠭᠡᠷ ᠰᠠᠷ᠎ᠠ ᠶᠢᠨ 23 ᠤ ᠡᠳᠦᠷ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ | ᠴᠢᠩᠭᠠᠳᠬᠠᠬᠤ ᠵᠣᠷᠢᠯᠭ᠎ᠠ ᠪᠠᠷ᠂ ᠬᠤᠪᠢᠰᠬᠠᠯᠲᠤ ᠰᠣᠶᠣᠯ ᠢ ᠪᠠᠳᠠᠷᠠᠭᠤᠯᠵᠤ᠂ ᠤᠯᠠᠭᠠᠨ ᠤᠳᠤᠮ ᠤᠨ ᠭᠧᠨ ᠢ | ᠤᠯᠠᠮᠵᠢᠯᠠᠨ ᠵᠠᠯᠭᠠᠮᠵᠢᠯᠠᠵᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠬᠦ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤᠮᠳᠠᠬᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾ | ᠪᠣᠯᠣᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠵᠤ ᠮᠠᠭᠠᠳᠯᠠᠨ ᠲᠣᠭᠲᠠᠭᠠᠬᠤ᠂ ᠬᠠᠮᠠᠭᠠᠯᠠᠨ | ᠬᠠᠮᠢᠶᠠᠷᠬᠤ ᠪᠠ ᠤᠯᠠᠮᠵᠢᠯᠠᠨ ᠵᠠᠯᠭᠠᠮᠵᠢᠯᠠᠵᠤ ᠠᠰᠢᠭᠯᠠᠬᠤ ᠵᠡᠷᠭᠡ ᠠᠵᠢᠯᠯᠠᠭ᠎ᠠ ᠳᠤ ᠲᠤᠰ ᠳᠦᠷᠢᠮ ᠲᠣᠬᠢᠷᠠᠨ᠎ᠠ᠃ | | ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠭᠡᠳᠡᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶᠢᠭᠡᠮ ᠵᠢᠷᠤᠮ ᠤᠨ ᠬᠤᠪᠢᠰᠬᠠᠯ ᠪᠣᠯᠣᠨ | ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠠᠮᠵᠢᠯᠲᠠ ᠪᠦᠲᠦᠮᠵᠢ ᠶᠢ ᠭᠡᠷᠡᠴᠢᠯᠡᠬᠦ ᠶᠢ ᠵᠢᠭᠠᠵᠤ ᠪᠠᠶᠢᠨ᠎ᠠ᠃ ᠣᠷᠴᠢᠨ ᠤᠳᠤ ᠦᠶ᠎ᠡ ᠠᠴᠠ ᠨᠠᠰᠢᠬᠢ | ᠳᠤᠮᠳᠠᠳᠤ ᠤᠯᠤᠰ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ | ᠲᠦᠮᠡᠨ ᠤ ᠴᠢᠯᠦᠭᠡᠯᠡᠯᠲᠡ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ | ᠲᠡᠮᠡᠴᠡᠨ ᠣᠯᠣᠭᠰᠠᠨ ᠢᠷᠠᠭᠤ ᠠᠯᠳᠠᠷᠲᠤ ᠲᠡᠦᠬᠡ ᠶᠢ ᠢᠯᠡᠷᠡᠭᠦᠯᠵᠦ᠂ ᠳᠤᠷᠠᠰᠬᠠᠬᠤ ᠠᠴᠢ ᠬᠤᠯᠪᠣᠭᠳᠠᠯ ᠲᠠᠢ᠂ | ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠲᠠᠢ᠂ ᠲᠡᠦᠬᠡᠨ ᠮᠠᠲ᠋ᠧᠷᠢᠶᠠᠯ ᠤᠨ ᠦᠨ᠎ᠡ ᠦᠷᠳᠡᠭ ᠲᠠᠢ ᠪᠣᠳᠠᠲᠤ | ᠪᠣᠳᠠᠰ ᠤᠨ ᠦᠯᠡᠳᠡᠭᠳᠡᠯ ᠲᠠᠢ ᠶᠤᠮ᠃ | | | | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠮᠠᠭᠠᠳᠯᠠᠨ ᠲᠣᠭᠲᠠᠭᠠᠭᠰᠠᠨ ᠳᠠᠷᠠᠭᠠᠬᠢ ᠵᠢᠭᠰᠠᠭᠠᠭᠰᠠᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠄ | | | ︵ᠨᠢᠭᠡ︶ ᠴᠢᠬᠤᠯᠠ ᠪᠠᠶᠢᠭᠤᠯᠤᠮᠵᠢ᠂ ᠴᠢᠬᠤᠯᠠ ᠬᠤᠷᠠᠯ᠂ ᠴᠢᠬᠤᠯᠠ ᠬᠡᠷᠡᠭ ᠶᠠᠪᠤᠳᠠᠯ᠂ ᠴᠢᠬᠤᠯᠠ ᠶᠡᠭᠡ | ᠳᠠᠶᠢᠯᠠᠯᠳᠤᠭᠠᠨ᠂ ᠴᠢᠬᠤᠯᠠ ᠶᠡᠭᠡ ᠪᠠᠶᠢᠯᠳᠤᠭᠠᠨ ᠤ ᠬᠠᠭᠤᠴᠢᠳ᠂ ᠦᠯᠡᠳᠡᠭᠳᠡᠯ᠂ ᠬᠠᠭᠤᠴᠢᠨ ᠪᠠᠭᠤᠷᠢ᠂ ᠴᠢᠬᠤᠯᠠ | ᠬᠥᠮᠥᠰ ᠤᠨ ᠬᠠᠭᠤᠴᠢᠨ ᠰᠠᠭᠤᠴᠠ᠂ ᠬᠠᠭᠤᠴᠢᠨ ᠰᠠᠭᠤᠴᠠ᠂ ᠠᠵᠢᠯᠯᠠᠭ᠎ᠠ ᠬᠢᠵᠦ ᠪᠠᠶᠢᠭ᠎ᠠ ᠭᠠᠵᠠᠷ᠂ ᠪᠤᠯᠠᠰᠢ ᠶᠢᠨ | ᠭᠠᠵᠠᠷ᠂ ᠦᠯᠡᠳᠡᠭᠡᠭᠰᠡᠨ ᠶᠠᠭᠤᠮ᠎ᠠ︔ | | | ︵ᠬᠤᠶᠠᠷ︶ ᠴᠢᠬᠤᠯᠠ ᠨᠥᠯᠥᠭᠡ ᠪᠦᠬᠦᠢ ᠨᠥᠭᠴᠢᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢᠨ | ᠡᠭᠦᠰᠦᠭᠰᠡᠨ ᠭᠠᠵᠠᠷ᠂ ᠨᠥᠭᠴᠢᠭᠰᠡᠨ ᠪᠠᠭᠠᠲᠤᠷᠴᠤᠳ ᠤᠨ ᠤᠩᠭᠤᠨ ᠤ ᠭᠠᠵᠠᠷ ᠪᠠ ᠲᠥᠯᠥᠭᠡᠯᠡᠬᠦ ᠴᠢᠨᠠᠷᠲᠠᠢ ᠪᠣᠳᠠᠲᠤ | ᠶᠠᠭᠤᠮ᠎ᠠ᠂ ᠵᠥᠪᠰᠢᠶᠡᠷᠡᠭᠦᠯᠦᠭᠡᠳ ᠪᠠᠶᠢᠭᠤᠯᠤᠭᠰᠠᠨ ᠨᠥᠭᠴᠢᠭᠰᠡᠨ ᠪᠠᠭᠠᠲᠤᠷᠴᠤᠳ ᠤᠨ ᠤᠩᠭᠤᠨ ᠤ ᠬᠦᠷᠢᠶᠡᠯᠡᠩ᠂ | ᠳᠤᠷᠠᠰᠬᠠᠯ ᠤᠨ ᠣᠷᠳᠣᠨ᠂ ᠳᠡᠯᠭᠡᠨ ᠦᠵᠡᠭᠦᠯᠬᠦ ᠣᠷᠳᠣᠨ᠂ ᠳᠤᠷᠠᠰᠬᠠᠯ ᠤᠨ ᠬᠥᠰᠢᠶ᠎ᠡ︔ | | | ︵ᠭᠤᠷᠪᠠ︶ ᠴᠢᠬᠤᠯᠠ ᠵᠣᠬᠢᠶᠠᠯ᠂ ᠪᠢᠴᠢᠮᠡᠯ ᠡᠬᠡ᠂ ᠰᠣᠨᠢᠨ ᠰᠡᠳᠬᠦᠯ᠂ ᠲᠡᠭᠤ ᠳᠦᠷᠰᠦ ᠰᠢᠩᠭᠡᠭᠡᠯᠲᠡ᠂ | ᠪᠢᠴᠢᠭ ᠮᠠᠲ᠋ᠧᠷᠢᠶᠠᠯ᠂ ᠤᠬᠠᠭᠤᠯᠭ᠎ᠠ ᠶᠢᠨ ᠵᠦᠢᠯ ᠵᠡᠷᠭᠡ ᠲᠡᠩᠰᠠ ᠡᠪᠬᠡᠮᠡᠯ ᠪᠠ ᠲᠤᠯᠭᠤᠷ ᠪᠢᠴᠢᠭ ᠤᠨ ᠮᠠᠲ᠋ᠧᠷᠢᠶᠠᠯ︔ | | | | ︵ᠳᠥᠷᠪᠡ︶ ᠪᠤᠰᠤᠳ ᠴᠢᠬᠤᠯᠠ ᠪᠣᠳᠠᠲᠤ ᠶᠠᠭᠤᠮ᠎ᠠ ᠶᠢᠨ ᠦᠯᠡᠳᠡᠭᠳᠡᠯ᠃ | | ᠲᠠᠪᠤᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠢᠯᠤᠭᠤᠳᠬᠤ | ᠪᠠᠶᠢᠷᠢ ᠰᠠᠭᠤᠷᠢ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠵᠢᠯᠣᠭᠤᠳᠤᠮᠵᠢ | ᠪᠣᠯᠭᠠᠵᠤ᠂ ᠬᠤᠪᠢᠰᠬᠠᠯᠲᠤ ᠤᠯᠠᠮᠵᠢᠯᠠᠯ ᠪᠠ ᠬᠤᠪᠢᠰᠬᠠᠯᠲᠤ ᠰᠣᠶᠣᠯ ᠢ ᠪᠠᠳᠠᠷᠠᠭᠤᠯᠤᠨ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | | ᠵᠢᠷᠭᠤᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠤ ᠤᠯᠤᠰ | ᠲᠦᠷᠦ ᠶᠢᠨ ᠰᠢᠨᠵᠢ ᠴᠢᠨᠠᠷ ᠪᠠ ᠲᠡᠦᠬᠡ ᠶᠢᠨ ᠰᠢᠨᠵᠢ ᠴᠢᠨᠠᠷ ᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠦᠷᠳᠡᠭ ᠢ ᠰᠤᠳᠤᠯᠤᠨ | ᠰᠢᠨᠵᠢᠯᠡᠬᠦ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠰᠢᠨ᠎ᠡ | ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠲᠤᠤᠱᠯᠠᠭᠤᠯᠵᠤ᠂ ᠨᠠᠮ ᠤᠨ | ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ | ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ | | ᠳᠣᠯᠣᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠤ ᠵᠥᠪ | ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ᠂ ᠶᠡᠭᠡ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠠᠭᠤᠤ ᠶᠡᠭᠡ | ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠲᠡᠦᠬᠡ ᠶᠢ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠦ ᠤᠯᠤᠰ ᠢᠶᠠᠨ ᠬᠠᠶᠢᠷᠠᠯᠠᠬᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠳᠠ ᠦᠭᠡᠢ ᠪᠠᠲᠤᠳᠬᠠᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ | ᠬᠥᠮᠥᠵᠢᠭᠦᠯᠬᠦ ᠳᠤ ᠢᠳᠡᠪᠬᠢᠲᠡᠢ ᠦᠢᠯᠡᠳᠦᠯ ᠪᠠᠳᠠᠷᠠᠭᠤᠯᠬᠤ ᠬᠡᠷᠡᠭᠲᠡᠢ᠃ | | ᠨᠠᠢᠮᠠᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ | ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠬᠦ ᠪᠠᠨ ᠪᠠᠲᠤᠳᠬᠠᠬᠤ ᠶᠢ ᠲᠦᠯᠬᠢᠨ ᠠᠬᠢᠭᠤᠯᠬᠤ ᠬᠡᠷᠡᠭᠲᠡᠢ᠃ | | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠤᠨ | ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠨ ᠵᠠᠯᠭᠠᠮᠵᠢᠯᠠᠬᠤ ᠶᠢ ᠨᠢᠭᠡᠳᠦᠯᠲᠡᠢ ᠲᠥᠯᠥᠪᠯᠡᠬᠦ᠂ ᠵᠢᠯᠤᠭᠤᠳᠬᠤ᠂ ᠵᠣᠬᠢᠴᠠᠭᠤᠯᠬᠤ᠂ ᠲᠦᠯᠬᠢᠨ | ᠠᠬᠢᠭᠤᠯᠬᠤ ᠶᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ | ᠬᠡᠷᠡᠭᠲᠡᠢ᠃ | | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠢ | ᠬᠠᠷᠢᠭᠤᠴᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ | ᠠᠵᠢᠯ ᠢ ᠬᠠᠷᠢᠭᠤᠴᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠡᠷᠢᠭ ᠤᠨ ᠠᠯᠪᠠᠨ | ᠠᠴᠠ ᠪᠠᠭᠤᠭᠰᠠᠳ ᠤᠨ ᠬᠡᠷᠡᠭ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ᠂ ᠤᠬᠠᠭᠤᠯᠭ᠎ᠠ᠂ ᠲᠠᠩᠰᠠ ᠡᠪᠬᠡᠮᠡᠯ᠂ ᠨᠠᠮ ᠤᠨ ᠲᠡᠦᠬᠡ | ᠪᠠ ᠣᠷᠣᠨ ᠨᠤᠲᠤᠭ ᠤᠨ ᠣᠶᠢᠯᠠᠯᠭ᠎ᠠ ᠵᠡᠷᠭᠡ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷ᠎ᠠ ᠪᠠᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠤᠷ᠎ᠠ᠂ ᠲᠤᠰ ᠬᠠᠷᠢᠶ᠎ᠠ ᠣᠷᠣᠨ ᠤ ᠪᠠᠨ | ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠥᠷᠨᠢᠭᠦᠯᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠪᠠᠶᠢᠭ᠎ᠠ | ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠢ ᠬᠠᠮᠵᠢᠨ ᠲᠤᠰ ᠬᠠᠷᠢᠶ᠎ᠠ ᠣᠷᠣᠨ ᠤ ᠪᠠᠨ ᠬᠤᠪᠢᠰᠬᠠᠯ ᠤᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠶ᠃ | | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠦᠢᠯᠡᠰ ᠢ | ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ ᠢ | ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠤᠨ ᠪᠣᠳᠠᠲᠤ ᠬᠡᠷᠡᠭᠴᠡᠭᠡ ᠶᠢ | ᠦᠨᠳᠦᠰᠦᠯᠡᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ | ᠬᠠᠮᠢᠶᠠᠷᠤᠯᠲᠠ ᠶᠢᠨ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ᠂ ᠰᠣᠩᠭᠤᠨ ᠬᠡᠷᠡᠭᠯᠡᠬᠦ᠂ | ᠤᠷᠮᠠᠰᠢᠭᠤᠯᠬᠤ᠂ ᠦᠨᠡᠯᠡᠬᠦ ᠵᠡᠷᠭᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮ ᠬᠡᠯᠪᠡᠷᠢ ᠶᠢᠨ | ᠴᠢᠳᠠᠪᠤᠷᠢᠲᠠᠨ ᠢ ᠬᠥᠮᠥᠵᠢᠭᠦᠯᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ | ᠠᠵᠢᠯ ᠤᠨ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠠᠷᠪᠠᠨ ᠭᠤᠷᠪᠠᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠠᠪᠤᠳᠠᠯ | ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ | | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ ᠲᠠᠢ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠡᠪᠳᠡᠨ ᠰᠦᠢᠳᠬᠡᠬᠦ᠂ ᠡᠪᠳᠡᠨ ᠰᠦᠢᠳᠬᠡᠬᠦ᠂ ᠡᠵᠡᠯᠡᠨ ᠠᠪᠬᠤ᠂ ᠮᠠᠭᠤᠰᠢᠶᠠᠬᠤ᠂ ᠭᠠᠵᠢᠭᠤᠳᠠᠭᠤᠯᠬᠤ᠂ ᠭᠤᠲᠤᠭᠠᠬᠤ | ᠵᠡᠷᠭᠡ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠭᠠᠯᠳᠤᠬᠤ᠂ ᠢᠯᠡᠴᠢᠯᠡᠨ ᠮᠡᠳᠡᠭᠦᠯᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ | ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | | ᠰᠣᠨᠢᠨ ᠮᠡᠳᠡᠭᠡᠨ ᠤ ᠵᠠᠭᠤᠴᠢ ᠨᠤᠭᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠬᠤ ᠶᠠᠪᠤᠳᠠᠯ ᠳᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠥᠷᠨᠢᠭᠦᠯᠵᠦ᠂ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ | ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠪᠡᠯᠡ ᠮᠥᠩᠭᠦ ᠪᠠᠷ ᠲᠡᠳᠬᠦᠬᠦ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠪᠡᠯᠡ | ᠣᠷᠣᠭᠤᠯᠬᠤ᠂ ᠲᠤᠰᠠᠯᠠᠨ ᠳᠡᠮᠵᠢᠬᠦ᠂ ᠲᠤᠰᠠᠯᠠᠨ ᠬᠦᠷᠭᠡᠬᠦ᠂ ᠲᠤᠰᠬᠠᠢ ᠮᠡᠷᠭᠡᠵᠢᠯ ᠤᠨ ᠳᠡᠮᠵᠢᠯᠭᠡ ᠬᠠᠩᠭᠠᠬᠤ᠂ | ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ ᠪᠣᠯᠣᠨ᠎ᠠ᠃ | | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠵᠢᠴᠢ ᠦᠷ᠎ᠡ ᠪᠦᠲᠦᠭᠡᠯ ᠤᠨ ᠬᠡᠷᠡᠭᠯᠡᠯᠲᠡ ᠶᠢ | ᠴᠢᠩᠭᠠᠳᠬᠠᠵᠤ᠂ ᠡᠭᠦᠯᠡᠨ ᠦᠵᠡᠭᠦᠯᠦᠯᠭᠡ᠂ ᠡᠭᠦᠯᠡᠨ ᠰᠤᠷᠭᠠᠨ ᠬᠥᠮᠦᠵᠢᠯ ᠢ ᠬᠥᠭᠵᠢᠭᠦᠯᠦᠨ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠭᠦᠯᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠢ | ᠬᠡᠷᠡᠭᠵᠢᠭᠦᠯᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠭᠠᠴᠢᠯᠠᠭᠰᠠᠨ ᠡᠬᠢ ᠪᠠᠶᠠᠯᠢᠭ ᠤᠨ | ᠮᠡᠳᠡᠭᠡ ᠵᠠᠩᠭᠢ ᠶᠢ ᠨᠡᠭᠡᠭᠡᠯᠲᠡ ᠲᠠᠢ ᠪᠣᠯᠭᠠᠵᠤ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃ | | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠤᠨ ᠳᠤᠮᠳᠠ ᠲᠣᠪᠣᠶᠢᠮ᠎ᠠ | ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠢ ᠰᠠᠶᠢᠰᠢᠶᠠᠨ ᠬᠥᠬᠢᠭᠦᠯᠵᠦ᠂ | ᠱᠠᠩᠨᠠᠬᠤ ᠬᠡᠷᠡᠭᠲᠡᠢ᠃ | | ᠬᠤᠶᠠᠳᠤᠭᠠᠷ ᠪᠦᠯᠦᠭ ᠪᠠᠶᠢᠴᠠᠭᠠᠵᠤ ᠮᠠᠭᠠᠳᠯᠠᠨ ᠲᠣᠭᠲᠠᠭᠠᠬᠤ | | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠳᠦᠷᠢᠮ ᠢ | ᠬᠡᠷᠡᠭᠵᠢᠭᠦᠯᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠡᠯᠰᠡᠨ ᠴᠤᠭᠯᠠᠭᠤᠯᠬᠤ ᠲᠥᠯᠥᠪᠯᠡᠭᠡ ᠶᠢ | ᠲᠣᠭᠲᠠᠭᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠪᠠ ᠬᠤᠪᠢᠰᠬᠠᠯ ᠤᠨ ᠲᠤᠯᠭᠤᠷ ᠪᠢᠴᠢᠭ ᠤᠨ | ᠲᠠᠩᠰᠠ ᠡᠪᠬᠡᠮᠡᠯ ᠤᠨ ᠲᠡᠦᠬᠡᠨ ᠮᠠᠲ᠋ᠧᠷᠢᠶᠠᠯ᠂ ᠶᠠᠷᠢᠶᠠᠨ ᠤ ᠮᠠᠲ᠋ᠧᠷᠢᠶᠠᠯ ᠢ ᠪᠠᠶᠢᠴᠠᠭᠠᠨ ᠴᠤᠭᠯᠠᠭᠤᠯᠬᠤ ᠠᠵᠢᠯ ᠢ | ᠴᠢᠩᠭᠠᠳᠬᠠᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠨ᠎ᠡ ᠪᠠᠷ ᠢᠯᠡᠷᠡᠭᠦᠯᠦᠭᠰᠡᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ ᠲᠤᠬᠠᠢ ᠳᠤᠨᠢ ᠬᠠᠮᠠᠭᠠᠯᠠᠯᠲᠠ ᠶᠢᠨ ᠬᠡᠪᠴᠢᠶᠡᠨ ᠳᠤ | ᠣᠷᠣᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ ᠲᠣᠭᠲᠠᠭᠠᠬᠤ᠂ ᠲᠡᠰ | ᠲᠣᠭᠲᠠᠭᠠᠬᠤ᠂ ᠲᠠᠩᠰᠠ ᠪᠠᠶᠢᠭᠤᠯᠬᠤ᠂ ᠲᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠣᠨ ᠬᠤᠪᠢᠰᠬᠠᠯ ᠤᠨ ᠲᠡᠦᠬᠡ ᠶᠢᠨ ᠲᠥᠷᠥᠯ ᠤᠨ ᠳᠤᠷᠠᠰᠬᠠᠯ ᠣᠨ ᠪᠡᠯᠡᠳᠬᠡᠮᠵᠢ ᠶᠢᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠤᠰᠤᠳ ᠨᠢᠭᠡᠴᠡ ᠨᠦᠭᠦᠳ ᠨᠢᠭᠡᠨᠲᠡ ᠪᠠᠶᠢᠭᠤᠯᠤᠭᠰᠠᠨ ᠬᠤᠪᠢᠰᠬᠠᠯ ᠤᠨ | ᠲᠡᠦᠬᠡ ᠶᠢᠨ ᠲᠥᠷᠥᠯ ᠤᠨ ᠳᠤᠷᠠᠰᠬᠠᠯ ᠣᠨ ᠪᠡᠯᠡᠳᠬᠡᠮᠵᠢ ᠶᠢᠨ ᠮᠡᠳᠡᠭᠦᠯᠦᠨ ᠵᠥᠪᠰᠢᠶᠡᠷᠡᠭᠦᠯᠬᠦ ᠭᠠᠷᠳᠠᠮ᠂ | ᠬᠠᠮᠠᠭᠠᠯᠠᠯᠲᠠ ᠶᠢᠨ ᠪᠠᠶᠢᠳᠠᠯ᠂ ᠡᠷᠬᠡ ᠶᠢᠨ ᠬᠠᠷᠢᠶ᠎ᠠ ᠶᠢᠨ ᠪᠠᠶᠢᠳᠠᠯ ᠵᠡᠷᠭᠡ ᠶᠢ ᠪᠠᠶᠢᠴᠠᠭᠠᠨ ᠬᠠᠷᠭᠤᠭᠤᠯᠵᠤ᠂ ᠤᠯᠤᠰ | ᠤᠨ ᠲᠣᠭᠲᠠᠭᠠᠯ ᠶᠣᠰᠣᠭᠠᠷ ᠵᠢᠷᠤᠮᠵᠢᠭᠤᠯᠤᠨ ᠬᠠᠮᠢᠶᠠᠷᠬᠤ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢᠶᠠᠨ | ᠴᠢᠩᠭᠠᠳᠬᠠᠬᠤ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠪᠢᠰᠬᠠᠯ ᠤᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ ᠲᠣᠭᠲᠠᠭᠠᠬᠤ ᠳᠤ ᠪᠠᠶᠢᠴᠠᠭᠠᠨ ᠰᠤᠳᠤᠯᠤᠯᠲᠠ | ᠥᠷᠨᠢᠭᠦᠯᠵᠦ᠂ ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠵᠤ᠂ ᠤᠬᠠᠭᠤᠯᠭ᠎ᠠ᠂ ᠳᠠᠩᠰᠠ ᠡᠪᠬᠡᠮᠡᠯ᠂ ᠨᠠᠮ ᠤᠨ | ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠵᠡᠷᠭᠡ ᠬᠤᠯᠪᠣᠭᠳᠠᠯ ᠪᠦᠬᠦᠢ ᠨᠢᠭᠡᠴᠢ ᠪᠠ ᠲᠤᠰᠬᠠᠢ ᠮᠡᠷᠭᠡᠵᠢᠯᠲᠡᠨ ᠤ | ᠰᠠᠨᠠᠯ ᠢ ᠭᠦᠢᠴᠡᠳ ᠰᠣᠨᠣᠰᠴᠤ᠂ ᠲᠤᠰᠬᠠᠢ ᠬᠤᠷᠠᠯ ᠴᠤᠭᠯᠠᠭᠤᠯᠤᠨ ᠰᠤᠳᠤᠯᠵᠤ᠂ ᠬᠤᠪᠢᠰᠬᠠᠯ ᠤᠨ ᠲᠡᠦᠬᠡ ᠶᠢᠨ | ᠪᠣᠳᠠᠲᠤ ᠬᠡᠷᠡᠭ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠦᠷᠳᠡᠭ ᠢ ᠦᠨᠳᠦᠰᠦᠯᠡᠨ ᠪᠢᠴᠢᠭ ᠢᠶᠠᠷ | ᠲᠣᠭᠲᠠᠭᠠᠯ ᠭᠠᠷᠭᠠᠬᠤ ᠬᠡᠷᠡᠭᠲᠡᠢ᠃ | | ᠤᠯᠤᠰ ᠤᠨ ᠥᠮᠴᠢᠯᠡᠯ ᠤᠨ ᠪᠤᠰᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ | ᠲᠣᠭᠲᠠᠭᠠᠬᠤ ᠳᠠᠭᠠᠨ ᠲᠡᠭᠦᠨ ᠤ ᠥᠮᠴᠢᠯᠡᠭᠴᠢ᠂ ᠬᠡᠷᠡᠭᠯᠡᠭᠴᠢ ᠵᠢᠴᠢ ᠠᠰᠢᠭ ᠬᠤᠣᠷ ᠤᠨ ᠬᠠᠷᠢᠴᠠᠭ᠎ᠠ ᠲᠠᠢ ᠪᠤᠰᠤᠳ | ᠬᠥᠮᠥᠨ ᠤ ᠰᠠᠨᠠᠯ ᠢ ᠰᠣᠨᠣᠰᠬᠤ ᠬᠡᠷᠡᠭᠲᠡᠢ᠃ | | ᠬᠤᠪᠢᠰᠬᠠᠯ ᠤᠨ ᠳᠤᠷᠠᠰᠬᠠᠯᠲᠤ ᠵᠦᠢᠯᠡᠰ ᠢᠶᠠᠷ ᠮᠠᠭᠠᠳᠯᠠᠨ ᠲᠣᠭᠲᠠᠭᠠᠭᠰᠠᠨ ᠪᠠᠶᠢᠪᠠᠯ᠂ ᠵᠣᠬᠢᠶᠠᠨ | ᠪᠠᠶᠢᠭᠤᠯᠤᠯᠲᠠ ᠠᠴᠠ ᠮᠠᠭᠠᠳᠯᠠᠨ ᠲᠣᠭᠲᠠᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠴᠠᠭ ᠲᠤᠬᠠᠢ ᠳᠤᠨᠢ ᠳᠠᠩᠰᠠᠯᠠᠭᠤᠯᠬᠤ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠢ᠃ | | ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠪᠢᠰᠬᠠᠯ ᠤᠨ ᠳᠤᠷᠠᠰᠬᠠᠯᠲᠤ | ᠵᠦᠢᠯᠡᠰ ᠤᠨ ᠳᠠᠩᠰᠠ ᠡᠪᠬᠡᠮᠡᠯ ᠪᠠ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠵᠤ᠂ ᠬᠤᠪᠢᠰᠬᠠᠯ ᠤᠨ ᠳᠤᠷᠠᠰᠬᠠᠯᠲᠤ | ᠵᠦᠢᠯᠡᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠡᠰ ᠲᠥᠷᠥᠯ ᠬᠤᠪᠢᠶᠠᠨ ᠬᠠᠮᠢᠶᠠᠷᠴᠤ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠰᠢᠰᠲ᠋ᠧᠮ ᠲᠠᠢ ᠬᠠᠳᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ ᠪᠠ ᠨᠡᠭᠡᠭᠡᠯᠲᠡ ᠬᠢᠵᠦ ᠬᠠᠮᠲᠤᠪᠠᠷ | ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ | | ᠬᠤᠷᠢᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠲᠤ ᠨᠡᠷᠡᠰ ᠤᠨ ᠵᠢᠭᠰᠠᠭᠠᠯᠲᠠ ᠶᠢ | ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠤᠯᠤᠰ ᠠᠴᠠ ᠨᠡᠶᠢᠲᠡᠯᠡᠭᠰᠡᠨ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ | ᠵᠣᠬᠢᠶᠠᠨ ᠪᠠᠶᠢᠭᠤᠯᠵᠤ ᠲᠠᠨᠢᠯᠴᠠᠭᠤᠯᠤᠨ᠎ᠠ᠂ ᠪᠤᠰᠤᠳ ᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠳᠦᠯᠲᠡᠢ | ᠨᠠᠶᠢᠷᠠᠭᠤᠯᠤᠨ ᠵᠣᠬᠢᠶᠠᠵᠤ᠂ ᠪᠦᠯᠦᠭ ᠤᠳᠠᠭ᠎ᠠ ᠬᠤᠪᠢᠶᠠᠨ ᠨᠡᠶᠢᠭᠡᠮ ᠳᠤ ᠨᠡᠶᠢᠲᠡᠯᠡᠨ᠎ᠡ᠃ | | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠳᠤ ᠬᠥᠳᠡᠯᠦᠩᠭᠦᠢ | ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠷᠡᠵᠦ | ᠰᠦᠢᠳᠦᠭᠰᠡᠨ᠂ ᠤᠰᠠᠳᠴᠤ ᠭᠡᠭᠡᠭᠳᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠠᠭ ᠲᠤᠬᠠᠢ ᠳᠤᠨᠢ | ᠲᠣᠬᠢᠷᠠᠭᠤᠯᠤᠯᠲᠠ ᠬᠢᠬᠦ ᠪᠤᠶᠤ ᠨᠡᠷᠡᠰ ᠤᠨ ᠵᠢᠭᠰᠠᠭᠠᠯᠲᠠ ᠠᠴᠠ ᠬᠠᠰᠤᠬᠤ ᠬᠡᠷᠡᠭᠲᠡᠢ᠃ | | ᠭᠤᠷᠪᠠᠳᠤᠭᠠᠷ ᠪᠦᠯᠦᠭ ᠬᠠᠮᠠᠭᠠᠯᠠᠨ ᠬᠠᠮᠢᠶᠠᠷᠬᠤ | | ᠬᠤᠷᠢᠨ ᠨᠢᠭᠡᠳᠦᠭᠡᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ | ᠬᠠᠮᠢᠶᠠᠷᠤᠯᠲᠠ ᠳᠤ ᠪᠦᠬᠦ ᠲᠠᠯ᠎ᠠ ᠪᠠᠷ ᠬᠠᠮᠠᠭᠠᠯᠠᠬᠤ ᠪᠠ ᠭᠤᠣᠯᠳᠠᠯᠭ᠎ᠠ ᠲᠠᠢ ᠪᠠᠷ ᠬᠠᠮᠠᠭᠠᠯᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠠᠪᠤᠷᠠᠯᠳᠠ ᠶᠢᠨ ᠴᠢᠨᠠᠷᠲᠠᠢ ᠬᠠᠮᠠᠭᠠᠯᠠᠯᠲᠠ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ᠂ | ᠤᠭ ᠴᠣᠭᠴᠠ ᠶᠢᠨ ᠬᠠᠮᠠᠭᠠᠯᠠᠯᠲᠠ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨᠡᠨ | ᠪᠣᠳᠠᠲᠤ ᠴᠢᠨᠠᠷ᠂ ᠳᠦᠷᠰᠦ ᠪᠠᠶᠢᠳᠠᠯ ᠤᠨ ᠪᠦᠷᠢᠨ ᠪᠦᠲᠦᠨ ᠴᠢᠨᠠᠷ ᠪᠠ ᠰᠣᠶᠣᠯ ᠤᠨ ᠦᠷᠭᠦᠯᠵᠢᠯᠡᠬᠦ ᠴᠢᠨᠠᠷ ᠢ ᠦᠨᠡᠨ | ᠬᠦ ᠪᠠᠲᠤᠯᠠᠨ᠎ᠠ᠃ | | ᠬᠤᠷᠢᠨ ᠬᠤᠶᠠᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠵᠦ ᠪᠣᠯᠬᠤ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠪᠠ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠭᠡᠵᠦ ᠬᠤᠪᠢᠶᠠᠨ᠎ᠠ᠂ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠱᠠᠲᠤ ᠬᠤᠪᠢᠶᠠᠨ ᠬᠠᠮᠠᠭᠠᠯᠠᠨ᠎ᠠ᠃ | | ᠰᠢᠯᠵᠢᠭᠦᠯᠵᠦ ᠪᠣᠯᠤᠰᠢ ᠦᠭᠡᠢ ᠬᠤᠪᠢᠰᠬᠠᠯ ᠤᠨ ᠳᠤᠷᠠᠰᠬᠠᠯᠲᠤ ᠵᠦᠢᠯᠡᠰ ᠨᠢ ᠲᠡᠦᠬᠡ ᠶᠢᠨ ᠳᠤᠷᠠᠰᠬᠠᠯᠲᠤ | ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠭᠰᠡᠨ ᠬᠤᠪᠢᠰᠬᠠᠯ ᠤᠨ ᠳᠤᠷᠠᠰᠬᠠᠯᠲᠤ | ᠵᠦᠢᠯᠡᠰ ᠪᠠ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠷᠠᠬᠠᠨ ᠬᠢᠨᠠᠨ ᠲᠣᠭᠲᠠᠭᠠᠵᠤ ᠬᠠᠷᠠᠬᠠᠨ ᠨᠡᠶᠢᠲᠡᠯᠡᠭᠡᠳᠦᠶ | ᠨᠢᠭᠡᠴᠢ ᠶᠢᠨ ᠰᠢᠯᠵᠢᠭᠦᠯᠵᠦ ᠪᠣᠯᠤᠰᠢ ᠦᠭᠡᠢ ᠬᠤᠪᠢᠰᠬᠠᠯ ᠤᠨ ᠳᠤᠷᠠᠰᠬᠠᠯᠲᠤ ᠵᠦᠢᠯᠡᠰ ᠭᠡᠵᠦ ᠬᠤᠪᠢᠶᠠᠨ᠎ᠠ᠂ | ᠡᠭᠦᠨ ᠳᠤ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠶᠢ ᠪᠥᠬᠦ ᠤᠯᠤᠰ ᠤᠨ | ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠠᠶᠢᠮᠠᠭ ᠬᠤᠲᠠ ᠪᠠ | ᠬᠤᠰᠢᠭᠤ ᠰᠢᠶᠠᠨ ᠤ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠭᠡᠵᠦ | ᠬᠤᠪᠢᠶᠠᠨ᠎ᠠ᠃ | | | ᠰᠢᠯᠵᠢᠭᠦᠯᠵᠦ ᠪᠣᠯᠬᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠡᠷᠬᠢᠮ ᠨᠠᠨᠳᠢᠨ ᠲᠡᠦᠬᠡ ᠶᠢᠨ | ᠳᠤᠷᠠᠰᠬᠠᠯᠲᠤ ᠵᠦᠢᠯᠡᠰ ᠪᠠ ᠡᠩ ᠤᠨ ᠲᠡᠦᠬᠡ ᠶᠢᠨ ᠳᠤᠷᠠᠰᠬᠠᠯᠲᠤ ᠵᠦᠢᠯᠡᠰ ᠭᠡᠵᠦ ᠬᠤᠪᠢᠶᠠᠨ᠎ᠠ᠂ ᠡᠭᠦᠨ ᠳᠤ ᠡᠷᠬᠢᠮ | ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ᠂ | ᠬᠤᠶᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ᠂ ᠭᠤᠷᠪᠠᠳᠤᠭᠠᠷ | | ᠬᠤᠷᠢᠨ ᠭᠤᠷᠪᠠᠳᠤᠭᠠᠷ ᠵᠦᠢᠯ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠲᠤ ᠳᠠᠷᠠᠭᠠᠬᠢ ᠵᠢᠭᠰᠠᠭᠠᠭᠰᠠᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠪᠠᠶᠢᠳᠠᠯ ᠢ ᠦᠨᠳᠦᠰᠦᠯᠡᠨ | ᠬᠠᠮᠠᠭᠠᠯᠠᠨ ᠬᠠᠮᠢᠶᠠᠷᠬᠤ ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠄ | | | ︵ᠨᠢᠭᠡ︶ ᠤᠯᠤᠰ ᠤᠨ ᠥᠮᠴᠢᠯᠡᠯ ᠳᠤ ᠪᠠᠶᠢᠪᠠᠯ᠂ ᠲᠡᠭᠦᠨ ᠢ ᠬᠡᠷᠡᠭᠯᠡᠭᠴᠢ ᠨᠢ ᠬᠠᠮᠠᠭᠠᠯᠠᠨ ᠬᠠᠮᠢᠶᠠᠷᠬᠤ | ᠬᠠᠷᠢᠭᠤᠴᠠᠯᠭ᠎ᠠ ᠲᠠᠢ ᠬᠥᠮᠥᠨ ᠪᠣᠯᠣᠨ᠎ᠠ︔ | | | ︵ᠬᠤᠶᠠᠷ︶ ᠬᠠᠮᠲᠤ ᠨᠡᠶᠢᠳᠡ ᠪᠤᠶᠤ ᠬᠤᠪᠢ ᠬᠥᠮᠥᠨ ᠤ ᠥᠮᠴᠢᠯᠡᠯ ᠳᠤ ᠪᠠᠶᠢᠪᠠᠯ᠂ ᠲᠡᠭᠦᠨ ᠤ | ᠥᠮᠴᠢᠯᠡᠭᠴᠢ ᠨᠢ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ ᠲᠠᠢ ᠬᠥᠮᠥᠨ ᠪᠣᠯᠣᠨ᠎ᠠ︔ | | | ︵ᠭᠤᠷᠪᠠ︶ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ ᠪᠠᠶᠢᠪᠠᠯ᠂ ᠪᠠᠶᠢᠭ᠎ᠠ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠠᠭᠠᠯᠠᠨ ᠬᠠᠮᠢᠶᠠᠷᠬᠤ ᠬᠠᠷᠢᠭᠤᠴᠠᠯᠭᠠᠲᠠᠨ ᠢ ᠵᠢᠭᠠᠨ | ᠲᠣᠭᠲᠠᠭᠠᠨ᠎ᠠ᠃ | | ᠬᠤᠷᠢᠨ ᠳᠥᠷᠪᠡᠳᠦᠭᠡᠷ ᠵᠦᠢᠯ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ ᠬᠥᠮᠥᠨ ᠳᠠᠷᠠᠭᠠᠬᠢ ᠵᠢᠭᠰᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | | | ︵ᠨᠢᠭᠡ︶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠢᠨᠠᠨ ᠬᠡᠮᠵᠢᠬᠦ ᠶᠢ ᠥᠷᠨᠢᠭᠦᠯᠵᠦ᠂ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ︔ | | | ︵ᠬᠤᠶᠠᠷ︶ ᠬᠡᠷᠡᠭᠴᠡᠭᠡ ᠪᠠᠨ ᠦᠨᠳᠦᠰᠦᠯᠡᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠰᠡᠯᠪᠢᠨ ᠵᠠᠰᠠᠬᠤ᠂ ᠣᠷᠴᠢᠨ ᠠᠬᠤᠢ ᠶᠢ ᠵᠠᠰᠠᠨ ᠴᠡᠭᠴᠡᠯᠡᠬᠦ᠂ ᠳᠡᠯᠭᠡᠨ ᠦᠵᠡᠭᠦᠯᠬᠦ ᠵᠡᠷᠭᠡ ᠠᠵᠢᠯ ᠢ ᠵᠣᠬᠢᠶᠠᠨ | ᠪᠠᠶᠢᠭᠤᠯᠵᠤ ᠥᠷᠨᠢᠭᠦᠯᠦᠨ᠎ᠡ︔ | | | ︵ᠭᠤᠷᠪᠠ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠵᠢᠴᠢ ᠲᠡᠭᠦᠨ ᠤ | ᠬᠠᠮᠠᠭᠠᠯᠠᠯᠲᠠ ᠶᠢᠨ ᠲᠡᠮᠳᠡᠭ ᠤᠨ ᠡᠳᠦᠷ ᠲᠤᠳᠤᠮ ᠤᠨ ᠬᠠᠮᠠᠭᠠᠯᠠᠯᠲᠠ ᠶᠢ ᠰᠠᠶᠢᠲᠤᠷ ᠭᠦᠢᠴᠡᠳᠬᠡᠨ᠎ᠡ︔ | | | ︵ᠳᠥᠷᠪᠡ︶ ᠲᠡᠮᠳᠡᠭᠯᠡᠯ ᠳᠠᠩᠰᠠ ᠡᠪᠬᠡᠮᠡᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ | ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ︔ | | | ︵ᠲᠠᠪᠤ︶ ᠬᠦᠨᠳᠦ ᠶᠡᠭᠡ ᠠᠶᠦᠯᠭᠦᠢ ᠶᠢᠨ ᠲᠠᠯᠳᠠ ᠭᠡᠮ ᠪᠤᠶᠤ ᠲᠦᠭᠰᠢᠭᠦᠷᠢ ᠶᠢᠨ ᠪᠠᠶᠢᠳᠠᠯ ᠢ ᠣᠯᠵᠤ | ᠮᠡᠳᠡᠪᠡᠯ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠶᠢᠨ ᠬᠠᠮᠲᠤ | ᠵᠣᠬᠢᠴᠠᠩᠭᠤᠢ ᠠᠪᠤᠷᠠᠬᠤ ᠴᠢᠨᠠᠷᠲᠠᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠤᠨ᠎ᠠ︔ | | ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠲᠠᠢ ᠬᠠᠮᠵᠢᠯᠴᠠᠨ ᠤᠬᠠᠭᠤᠯᠭ᠎ᠠ | ᠬᠥᠮᠦᠵᠢᠯ᠂ ᠬᠢᠨᠠᠯᠲᠠ ᠲᠠᠯᠪᠢᠵᠤ ᠪᠠᠶᠢᠴᠠᠭᠠᠬᠤ᠂ ᠰᠡᠯᠪᠢᠨ ᠵᠠᠰᠠᠵᠤ ᠰᠡᠯᠪᠢᠨ ᠰᠡᠷᠭᠦᠭᠡᠬᠦ ᠵᠡᠷᠭᠡ ᠠᠵᠢᠯ ᠥᠷᠨᠢᠭᠦᠯᠬᠦ︔ | | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ | | ᠬᠤᠷᠢᠨ ᠲᠠᠪᠤᠳᠤᠭᠠᠷ ᠵᠦᠢᠯ ᠤᠯᠤᠰ ᠤᠨ ᠥᠮᠴᠢᠯᠡᠯᠲᠦ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠮᠥᠬᠦᠬᠦ ᠰᠢᠬᠠᠭᠰᠠᠨ ᠪᠤᠶᠤ ᠬᠦᠨᠳᠦ ᠶᠡᠭᠡ ᠲᠦᠭᠰᠢᠭᠦᠷᠢ ᠶᠢᠨ ᠪᠠᠶᠢᠳᠠᠯ | ᠭᠠᠷᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠵᠠᠪᠳᠤᠨ ᠠᠪᠤᠷᠠᠬᠤ ᠴᠢᠨᠠᠷᠲᠠᠢ ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠴᠠᠭ ᠲᠤᠬᠠᠢ ᠳᠤᠨᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | | ᠬᠤᠷᠢᠨ ᠵᠢᠷᠭᠤᠳᠤᠭᠠᠷ ᠵᠦᠢᠯ ᠤᠯᠤᠰ ᠤᠨ ᠥᠮᠴᠢᠯᠡᠯ ᠤᠨ ᠪᠤᠰᠤ ᠰᠢᠯᠵᠢᠭᠦᠯᠵᠦ ᠪᠣᠯᠣᠰᠢ ᠦᠭᠡᠢ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠷᠡᠵᠦ ᠬᠤᠬᠢᠷᠠᠬᠤ ᠠᠶᠤᠯ ᠲᠠᠢ᠂ ᠬᠠᠮᠠᠭᠠᠯᠠᠵᠤ | ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠭᠴᠢ ᠨᠢ ᠬᠠᠮᠠᠭᠠᠯᠠᠵᠤ ᠰᠡᠯᠪᠢᠨ ᠵᠠᠰᠠᠬᠤ ᠴᠢᠳᠠᠪᠤᠷᠢ ᠶᠢ ᠪᠦᠷᠢᠳᠦᠭᠦᠯᠦᠭᠰᠡᠨ | ᠦᠭᠡᠢ ᠪᠣᠯ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠡᠯᠡ ᠮᠥᠩᠭᠦ ᠪᠠ ᠮᠡᠷᠭᠡᠵᠢᠯ ᠤᠨ ᠳᠡᠮᠵᠢᠯᠭᠡ ᠦᠵᠡᠭᠦᠯᠬᠦ ᠬᠡᠷᠡᠭᠲᠡᠢ᠂ ᠡᠰᠡᠬᠦᠯ᠎ᠡ ᠬᠤᠳᠠᠯᠳᠤᠨ | ᠠᠪᠬᠤ᠂ ᠰᠣᠯᠢᠬᠤ᠂ ᠲᠦᠷᠢᠶᠡᠰᠦᠯᠡᠬᠦ᠂ ᠣᠷᠣᠯᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠠᠮᠠᠭᠠᠯᠠᠬᠤ ᠬᠡᠷᠡᠭᠲᠡᠢ᠃ | | ᠬᠤᠷᠢᠨ ᠳᠣᠯᠣᠳᠤᠭᠠᠷ ᠵᠦᠢᠯ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠰᠡᠯᠪᠢᠨ ᠵᠠᠰᠠᠬᠤ ᠳᠤ ᠤᠤᠯ ᠤᠨ ᠪᠠᠶᠢᠳᠠᠯ ᠢ ᠨᠢ ᠬᠤᠪᠢᠷᠠᠭᠤᠯᠬᠤ ᠦᠭᠡᠢ᠂ ᠬᠠᠮᠤᠭ ᠤᠨ ᠪᠠᠭ᠎ᠠ | ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠵᠢᠷᠤᠮᠯᠠᠨ᠎ᠠ᠂ ᠭᠤᠣᠯ ᠴᠣᠭᠴᠠ ᠶᠢᠨ ᠪᠦᠲᠦᠴᠡ ᠵᠢᠴᠢ ᠲᠡᠭᠦᠨ ᠤ ᠳᠠᠭᠠᠯᠲᠠ | ᠲᠥᠬᠦᠭᠡᠷᠦᠮᠵᠢ ᠶᠢ ᠡᠪᠳᠡᠨ ᠰᠦᠢᠳᠬᠡᠵᠦ ᠬᠤᠪᠢᠷᠠᠭᠤᠯᠵᠤ ᠪᠣᠯᠬᠤ ᠦᠭᠡᠢ᠃ | | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠪᠠᠷ ᠬᠢᠨᠠᠨ ᠲᠣᠭᠲᠠᠭᠠᠭᠰᠠᠨ | ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠳᠤ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠶᠢᠨ ᠲᠡᠰ ᠢ ᠦᠨᠳᠦᠰᠦᠯᠡᠨ ᠵᠣᠬᠢᠴᠠᠩᠭᠤᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠢ᠃ | | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠪᠠᠷ ᠬᠠᠷᠠᠬᠠᠨ ᠬᠢᠨᠠᠨ ᠲᠣᠭᠲᠠᠭᠠᠭᠠᠳᠤᠢ | ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠳᠤ | ᠳᠠᠩᠰᠠᠯᠠᠭᠤᠯᠤᠭᠰᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠨᠢᠭᠡᠴᠡ ᠨᠦᠭᠦᠳ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠲᠥᠷᠥᠯ ᠢᠯᠭᠠᠯ᠂ ᠬᠡᠪᠴᠢᠶ᠎ᠡ᠂ ᠠᠭᠤᠯᠭ᠎ᠠ ᠵᠢᠴᠢ | ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠡᠦᠬᠡ ᠪᠣᠯᠣᠨ ᠪᠣᠳᠠᠲᠤ ᠪᠠᠶᠢᠳᠠᠯ ᠢ ᠦᠨᠳᠦᠰᠦᠯᠡᠨ ᠬᠠᠮᠠᠭᠠᠯᠠᠬᠤ | ᠬᠡᠪᠴᠢᠶ᠎ᠡ ᠪᠠᠨ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠲᠡᠮᠳᠡᠭᠯᠡᠯ ᠲᠠᠩᠰᠠ ᠡᠪᠬᠡᠮᠡᠯ ᠪᠠᠶᠢᠭᠤᠯᠤᠨ᠂ | ᠲᠤᠰᠬᠠᠢ ᠪᠠᠶᠢᠭᠤᠯᠤᠮᠵᠢ ᠪᠠᠶᠢᠷᠢᠯᠠᠭᠤᠯᠬᠤ ᠪᠤᠶᠤ ᠲᠤᠰᠬᠠᠢ ᠬᠥᠮᠥᠨ ᠵᠢᠭᠠᠨ ᠲᠣᠭᠲᠠᠭᠠᠵᠤ ᠬᠠᠷᠢᠭᠤᠴᠠᠭᠤᠯᠤᠨ | ᠬᠠᠮᠢᠶᠠᠷᠤᠭᠤᠯᠬᠤ ᠬᠡᠷᠡᠭᠲᠡᠢ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠢᠯᠵᠢᠭᠦᠯᠵᠦ ᠪᠣᠯᠣᠰᠢ ᠦᠭᠡᠢ | ᠬᠤᠪᠢᠰᠬᠠᠯ ᠤᠨ ᠬᠠᠮᠠᠭᠠᠯᠠᠯᠲᠠ ᠶᠢᠨ ᠲᠡᠮᠳᠡᠭ ᠲᠤ ᠨᠡᠷᠡᠶᠢᠳᠦᠯ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠪᠣᠳᠠᠲᠤ | ᠬᠡᠷᠡᠭ ᠢ ᠲᠠᠨᠢᠯᠴᠠᠭᠤᠯᠤᠭᠰᠠᠨ᠂ ᠪᠠᠶᠢᠭᠤᠯᠭ᠎ᠠ ᠪᠠᠶᠢᠭᠤᠯᠤᠭᠰᠠᠨ᠂ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ | ᠪᠠᠭᠲᠠᠭᠠᠭᠰᠠᠨ ᠪᠠᠶᠢᠬᠤ ᠬᠡᠷᠡᠭᠲᠡᠢ᠃ | | ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠲᠡᠮᠳᠡᠭ ᠤᠨ ᠶᠠᠩᠵᠤ ᠬᠡᠯᠪᠡᠷᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠦᠬᠡ ᠶᠢᠨ | | ᠬᠤᠷᠢ ᠶᠢᠰᠦᠳᠦᠭᠡᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ | ᠨᠢᠭᠡᠴᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠨᠤᠭᠤᠳ ᠢ | ᠬᠤᠷᠢᠭᠯᠠᠨ᠎ᠠ᠄ | | | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠪᠤᠶᠤ ᠳᠡᠯᠪᠡᠴᠢᠬᠦ᠂ ᠥᠷᠥᠮᠳᠡᠵᠦ ᠬᠠᠶᠢᠬᠤ᠂ | ᠠᠭᠤᠳᠠᠯᠵᠤ ᠮᠠᠯᠲᠠᠬᠤ ᠵᠡᠷᠭᠡ ᠠᠵᠢᠯ ᠢ ᠳᠤᠷ᠎ᠠ ᠪᠠᠷ ᠢᠶᠠᠨ ᠬᠢᠬᠦ︔ | | | ︵ᠬᠤᠶᠠᠷ︶ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠠᠲᠠᠷ ᠬᠠᠭᠠᠯᠪᠤᠷᠢᠯᠠᠬᠤ᠂ ᠰᠢᠷᠣᠢ ᠮᠠᠯᠲᠠᠬᠤ᠂ | ᠡᠯᠡᠰᠦ ᠮᠠᠯᠲᠠᠬᠤ᠂ ᠣᠭᠲᠣᠯᠬᠤ︔ | | | ︵ᠭᠤᠷᠪᠠ︶ ᠨᠣᠴᠣᠮᠠᠲᠠᠭᠠᠢ᠂ ᠲᠡᠰᠦᠷᠡᠮᠡᠲᠡᠭᠡᠢ᠂ ᠰᠠᠴᠤᠷᠠᠭ ᠢᠳᠡᠪᠬᠢ ᠴᠢᠨᠠᠷᠲᠠᠢ᠂ ᠬᠤᠣᠷᠳᠠᠭᠤᠯᠬᠤ | ᠴᠢᠨᠠᠷᠲᠠᠢ᠂ ᠢᠳᠡᠮᠡᠬᠡᠢ ᠴᠢᠨᠠᠷᠲᠠᠢ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠡᠷᠡᠭᠯᠡᠬᠦ ᠪᠤᠶᠤ ᠬᠠᠳᠠᠭᠠᠯᠠᠬᠤ︔ | | | ︵ᠳᠥᠷᠪᠡ︶ ᠪᠣᠬᠢᠷᠲᠤᠭᠤᠯᠤᠭᠴᠢ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠪᠤᠶᠤ ᠪᠤᠰᠤᠳ | ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠴᠢᠳᠬᠤᠬᠤ᠂ ᠰᠢᠲᠠᠭᠠᠬᠤ︔ | | | ︵ᠲᠠᠪᠤ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠵᠢᠴᠢ ᠲᠡᠭᠦᠨ ᠤ | ᠳᠠᠭᠠᠯᠲᠠ ᠲᠥᠬᠦᠭᠡᠷᠦᠮᠵᠢ ᠶᠢ ᠰᠡᠶᠢᠯᠦᠨ ᠵᠢᠷᠤᠵᠤ᠂ ᠪᠠᠯᠠᠯᠤᠨ ᠪᠤᠵᠠᠷᠯᠠᠬᠤ︔ | | | ︵ᠵᠢᠷᠭᠤᠭ᠎ᠠ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠬᠦᠭᠡᠷᠦᠮᠵᠢ ᠶᠢ | ᠡᠪᠳᠡᠬᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠡᠮᠳᠡᠭ ᠢ ᠡᠪᠳᠡᠨ ᠰᠦᠢᠳᠬᠡᠬᠦ᠂ | ᠪᠢᠯᠳᠠᠵᠤ ᠭᠬᠢᠷᠲᠦᠭᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ᠂ ᠵᠠᠳᠠᠯᠵᠤ ᠬᠠᠶᠠᠬᠤ︔ | | | ︵ᠲᠤᠯᠤᠭ᠎ᠠ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠦᠰᠢᠭᠯᠡᠨ ᠣᠷᠣᠰᠢᠵᠤ | ᠪᠠᠶᠢᠭ᠎ᠠ ᠪᠠᠷᠢᠯᠭ᠎ᠠ᠂ ᠪᠠᠷᠢᠯᠭ᠎ᠠ ᠶᠢᠨ ᠵᠦᠢᠯ ᠳᠡᠭᠡᠷ᠎ᠡ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠲᠠᠢ | ᠬᠤᠯᠪᠣᠭᠳᠠᠯ ᠦᠭᠡᠢ ᠵᠡᠷ ᠭᠠᠷᠭᠠᠬᠤ ᠲᠥᠬᠦᠭᠡᠷᠦᠮᠵᠢ ᠭᠠᠷᠭᠠᠬᠤ︔ | | | ︵ᠨᠠᠢᠮᠠ︶ ᠡᠮᠦᠰᠴᠦ ᠵᠡᠭᠦᠭᠰᠡᠨ ᠨᠢ ᠵᠣᠬᠢᠰ ᠦᠭᠡᠢ᠂ ᠦᠭᠡ ᠶᠠᠷᠢᠶ᠎ᠠ ᠦᠢᠯᠡ ᠠᠵᠢᠯᠯᠠᠭ᠎ᠠ ᠨᠢ ᠪᠣᠯᠪᠠᠰᠤᠨ | ᠪᠤᠰᠤ ᠵᠡᠷᠭᠡ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠭᠰᠡᠨ ᠦᠢᠯᠡ | ᠠᠵᠢᠯᠯᠠᠭ᠎ᠠ︔ | | | ︵ᠶᠢᠰᠦ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠣᠷᠴᠢᠨ ᠠᠬᠤᠢ ᠶᠢᠨ ᠣᠷᠴᠢᠨ | ᠨᠥᠬᠦᠴᠡᠯ ᠲᠠᠢ ᠦᠯᠦ ᠵᠣᠬᠢᠴᠠᠯᠳᠤᠬᠤ ᠡᠵᠡᠩᠨᠡᠯᠲᠡ ᠶᠢᠨ ᠴᠢᠨᠠᠷᠲᠠᠢ᠂ ᠵᠤᠭ᠎ᠠ ᠴᠡᠩᠭᠡᠯ ᠤᠨ ᠴᠢᠨᠠᠷᠲᠠᠢ ᠠᠵᠢᠯᠯᠠᠭ᠎ᠠ ᠶᠢ | ᠥᠷᠨᠢᠭᠦᠯᠦᠨ᠎ᠡ︔ | | | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠤᠷᠢᠭᠯᠠᠭᠰᠠᠨ ᠪᠤᠰᠤᠳ ᠥᠢᠯᠡ ᠠᠵᠢᠯᠯᠠᠭ᠎ᠠ᠃ | | | | ᠭᠤᠴᠢᠳᠤᠭᠠᠷ ᠵᠦᠢᠯ ᠪᠦᠬᠦ ᠤᠯᠤᠰ ᠤᠨ ᠭᠤᠤᠯᠳᠠᠯᠭ᠎ᠠ ᠲᠠᠢ ᠬᠤᠪᠢᠰᠬᠠᠯ ᠤᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠶᠢᠨ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ | ᠬᠠᠮᠲᠤᠷᠠᠨ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | | | ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠳᠠ ᠶᠢᠨ ᠱᠠᠲᠤ ᠪᠣᠯᠣᠨ ᠬᠤᠰᠢᠭᠤ ᠰᠢᠶᠠᠨ ᠤ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠪᠦᠲᠦᠭᠡᠨ | ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠲᠤᠰ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠡ ᠶᠢ ᠬᠢᠨᠠᠨ ᠲᠣᠭᠲᠠᠭᠠᠵᠤ ᠨᠡᠶᠢᠲᠡᠯᠡᠭᠰᠡᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | | ᠭᠤᠴᠢᠨ ᠨᠢᠭᠡᠳᠦᠭᠡᠷ ᠵᠦᠢᠯ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠶᠢᠨ | ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠬᠢᠬᠦ ᠶᠢ ᠬᠢᠵᠠᠭᠠᠷᠯᠠᠭᠰᠠᠨ ᠣᠷᠣᠨ | ᠪᠦᠰᠡ ᠶᠢᠨ ᠳᠣᠲᠣᠷ᠎ᠠ᠂ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠬᠦ ᠳᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠵᠢᠷᠤᠮᠯᠠᠵᠤ᠂ ᠪᠣᠷᠣᠭᠵᠢᠭᠤᠨ ᠪᠥᠭᠡᠳ | ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯ ᠰᠡᠳᠦᠪ᠂ | ᠪᠠᠶᠢᠷᠢ ᠲᠣᠭᠲᠠᠭᠠᠯᠲᠠ᠂ ᠬᠡᠪᠴᠢᠶ᠎ᠡ ᠵᠢᠴᠢ ᠲᠡᠦᠬᠡ ᠶᠢᠨ ᠳᠦᠷᠰᠦ ᠪᠠᠶᠢᠳᠠᠯ ᠲᠠᠢ ᠬᠠᠷᠢᠯᠴᠠᠨ ᠨᠡᠶᠢᠴᠡᠭᠦᠯᠬᠦ ᠬᠡᠷᠡᠭᠲᠡᠢ᠂ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠵᠢᠴᠢ ᠲᠡᠭᠦᠨ ᠤ ᠣᠷᠴᠢᠨ ᠠᠬᠤᠢ ᠶᠢ | ᠪᠣᠬᠢᠷᠲᠤᠭᠤᠯᠬᠤ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ | ᠬᠠᠮᠠᠭᠠᠯᠠᠭᠳᠠᠬᠤ ᠨᠢᠭᠡᠴᠢ ᠶᠢᠨ ᠠᠮᠤᠷ ᠲᠦᠪᠰᠢᠨ ᠵᠢᠴᠢ ᠲᠡᠭᠦᠨ ᠤ ᠣᠷᠴᠢᠨ ᠠᠬᠤᠢ ᠶᠢ ᠨᠥᠯᠥᠭᠡᠯᠡᠵᠦ ᠮᠡᠳᠡᠬᠦ | ᠠᠵᠢᠯᠯᠠᠭ᠎ᠠ ᠶᠢ ᠬᠢᠵᠦ ᠪᠣᠯᠬᠤ ᠦᠭᠡᠢ᠃ | | ᠭᠤᠴᠢᠨ ᠬᠤᠶᠠᠳᠤᠭᠠᠷ ᠵᠦᠢᠯ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠤᠭ ᠭᠠᠵᠠᠷ ᠲᠤᠨᠢ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ | ᠳᠤᠷ᠎ᠠ ᠪᠠᠷ ᠢᠶᠠᠨ ᠨᠡᠭᠦᠯᠭᠡᠨ ᠰᠢᠯᠵᠢᠭᠦᠯᠵᠦ᠂ ᠨᠤᠷᠠᠭᠠᠵᠤ ᠪᠣᠯᠬᠤ ᠦᠭᠡᠢ᠃ ᠤᠭ ᠭᠠᠵᠠᠷ ᠲᠤᠨᠢ ᠬᠠᠮᠠᠭᠠᠯᠠᠬᠤ ᠶᠢᠨ | ᠠᠷᠭ᠎ᠠ ᠦᠭᠡᠢ ᠪᠠᠶᠢᠵᠤ᠂ ᠡᠷᠬᠡᠪᠰᠢ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠵᠦ ᠬᠠᠮᠠᠭᠠᠯᠠᠬᠤ ᠪᠤᠶᠤ ᠨᠤᠷᠠᠭᠠᠬᠤ | ᠴᠢᠬᠤᠯᠠ ᠲᠠᠢ ᠪᠠᠶᠢᠪᠠᠯ᠂ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ | | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠰᠣᠩᠭᠤᠬᠤ ᠳᠠᠭᠠᠨ ᠰᠢᠯᠵᠢᠭᠦᠯᠵᠦ ᠪᠣᠯᠣᠰᠢ ᠦᠭᠡᠢ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠠᠴᠠ ᠵᠠᠶᠢᠯᠠᠬᠤ ᠬᠡᠷᠡᠭᠲᠡᠢ︔ | ᠣᠨᠴᠠᠭᠠᠶ ᠪᠠᠶᠢᠳᠠᠯ ᠠᠴᠠ ᠪᠣᠯᠵᠤ ᠵᠠᠶᠢᠯᠠᠵᠤ ᠴᠢᠳᠠᠬᠤ ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ | ᠤᠷᠢᠳᠠᠪᠠᠷ ᠬᠠᠮᠠᠭᠠᠯᠠᠬᠤ ᠠᠷᠭ᠎ᠠ ᠬᠡᠮᠵᠢᠶ᠎ᠡ ᠲᠣᠭᠲᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ | ᠬᠠᠮᠠᠭᠠᠯᠠᠭᠳᠠᠬᠤ ᠨᠢᠭᠡᠴᠢ ᠪᠠᠷ ᠬᠢᠨᠠᠨ ᠲᠣᠭᠲᠠᠭᠠᠭᠰᠠᠨ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠡᠰ ᠢ ᠨᠢ ᠦᠨᠳᠦᠰᠦᠯᠡᠨ ᠵᠣᠬᠢᠴᠠᠩᠭᠤᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠂ ᠵᠥᠪᠰᠢᠶᠡᠷᠡᠭᠦᠯᠦᠭᠰᠡᠨ ᠦᠭᠡᠢ | ᠪᠣᠯ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠵᠤ ᠪᠣᠯᠬᠤ ᠦᠭᠡᠢ᠃ | | ᠴᠢᠬᠤᠯᠠ ᠬᠡᠷᠡᠭ ᠶᠠᠪᠤᠳᠠᠯ ᠪᠠ ᠴᠢᠬᠤᠯᠠ ᠶᠡᠭᠡ ᠪᠠᠶᠢᠯᠳᠤᠭᠠᠨ ᠤ ᠪᠠᠭᠤᠷᠢ᠂ ᠦᠯᠡᠳᠡᠭᠳᠡᠯ᠂ ᠨᠡᠭᠦᠯᠭᠡᠨ | ᠰᠢᠯᠵᠢᠭᠦᠯᠵᠦ ᠪᠣᠯᠬᠤ ᠦᠭᠡᠢ᠂ ᠴᠢᠬᠤᠯᠠ ᠨᠥᠯᠥᠭᠡ ᠲᠠᠢ ᠨᠥᠭᠴᠢᠭᠰᠡᠨ ᠪᠠᠭᠠᠲᠤᠷᠴᠤᠳ ᠤᠨ ᠦᠢᠯᠡ | ᠠᠵᠢᠯᠯᠠᠭ᠎ᠠ ᠶᠢᠨ ᠡᠭᠦᠰᠦᠭᠰᠡᠨ ᠭᠠᠵᠠᠷ ᠵᠡᠷᠭᠡ ᠶᠢ ᠬᠤᠪᠢᠷᠠᠭᠤᠯᠵᠤ ᠪᠣᠯᠬᠤ ᠦᠭᠡᠢ᠃ | | ᠭᠤᠴᠢᠨ ᠭᠤᠷᠪᠠᠳᠤᠭᠠᠷ ᠵᠦᠢᠯ ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ | ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠲᠤ ᠬᠤᠪᠢᠶᠠᠨ ᠮᠡᠳᠡᠭᠦᠯᠦᠨ ᠵᠥᠪᠰᠢᠶᠡᠷᠡᠭᠦᠯᠬᠦ ᠵᠢᠷᠤᠮ ᠢ | ᠭᠦᠢᠴᠡᠳᠬᠡᠵᠦ᠂ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠪᠠᠶᠢᠭᠤᠯᠵᠤ ᠪᠣᠯᠣᠨ᠎ᠠ᠃ ᠳᠤᠷᠠᠰᠬᠠᠯ ᠤᠨ | ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠠᠭᠠᠨ ᠬᠠᠭᠤᠴᠢᠨ ᠪᠠᠭᠤᠷᠢ᠂ | ᠲᠡᠦᠬᠡ ᠶᠢᠨ ᠪᠣᠳᠠᠲᠤ ᠬᠡᠷᠡᠭ ᠢᠶᠠᠷ ᠰᠠᠭᠤᠷᠢ ᠪᠣᠯᠭᠠᠬᠤ ᠬᠡᠷᠡᠭᠲᠡᠢ᠂ ᠳᠡᠯᠭᠡᠨ ᠦᠵᠡᠭᠦᠯᠬᠦ ᠠᠭᠤᠯᠭ᠎ᠠ᠂ ᠴᠠᠭ ᠤᠨ | ᠲᠠᠯ᠎ᠠ ᠪᠠᠷ ᠳᠤᠷ᠎ᠠ ᠪᠠᠷ ᠢᠶᠠᠨ ᠥᠷᠭᠡᠳᠬᠡᠬᠦ ᠪᠤᠶᠤ ᠤᠷᠲᠤᠳᠬᠠᠵᠤ ᠪᠣᠯᠬᠤ ᠦᠭᠡᠢ᠃ | | ᠨᠢᠭᠡᠨᠲᠡ ᠪᠠᠶᠢᠬᠤ ᠦᠭᠡᠢ ᠪᠣᠯᠤᠭᠰᠠᠨ ᠬᠠᠭᠤᠴᠢᠨ ᠰᠠᠭᠤᠴᠠ᠂ ᠬᠠᠭᠤᠴᠢᠨ ᠰᠠᠭᠤᠴᠠ ᠶᠢ ᠵᠠᠷᠴᠢᠮ | ᠳᠡᠭᠡᠷ᠎ᠡ ᠪᠠᠨ ᠰᠢᠨ᠎ᠡ ᠪᠠᠷ ᠪᠠᠶᠢᠭᠤᠯᠵᠤ ᠪᠣᠯᠬᠤ ᠦᠭᠡᠢ︔ | ᠠᠳᠠᠯᠢ ᠨᠢᠭᠡᠨ ᠲᠡᠦᠬᠡᠨ ᠬᠥᠮᠥᠨ᠂ ᠲᠡᠦᠬᠡᠨ ᠬᠡᠷᠡᠭ ᠶᠠᠪᠤᠳᠠᠯ ᠢ ᠲᠤᠰᠬᠠᠭᠰᠠᠨ ᠳᠤᠷᠠᠰᠬᠠᠯ ᠤᠨ | ᠲᠥᠬᠦᠭᠡᠷᠦᠮᠵᠢ ᠵᠠᠷᠴᠢᠮ ᠳᠡᠭᠡᠷ᠎ᠡ ᠪᠠᠨ ᠨᠢᠭᠡ ᠯᠡ ᠪᠠᠶᠢᠬᠤ ᠬᠡᠷᠡᠭᠲᠡᠢ᠂ ᠳᠠᠪᠬᠤᠷᠳᠠᠭᠤᠯᠤᠨ ᠮᠡᠳᠡᠭᠦᠯᠵᠦ ᠪᠣᠯᠬᠤ ᠦᠭᠡᠢ | ︔ | ᠠᠮᠢᠳᠤ ᠪᠠᠶᠢᠭ᠎ᠠ ᠬᠥᠮᠥᠰ ᠲᠤ ᠬᠠᠮᠢᠶ᠎ᠠ ᠪᠦᠬᠦᠢ ᠳᠤᠷᠠᠰᠬᠠᠯ ᠤᠨ ᠲᠥᠬᠦᠭᠡᠷᠦᠮᠵᠢ ᠪᠠᠶᠢᠭᠤᠯᠵᠤ ᠪᠣᠯᠬᠤ ᠦᠭᠡᠢ᠃ | | | ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ ᠲᠥᠬᠦᠭᠡᠷᠦᠮᠵᠢ ᠶᠢᠨ ᠨᠡᠷᠡᠶᠢᠳᠦᠯ ᠢ | ᠥᠭᠡᠷᠡᠴᠢᠯᠡᠬᠦ᠂ ᠫᠠᠶᠢᠰᠠ ᠡᠯᠭᠦᠬᠦ᠂ ᠭᠠᠵᠠᠷ ᠢ ᠨᠢ ᠰᠢᠯᠵᠢᠭᠦᠯᠵᠦ ᠨᠡᠭᠦᠯᠭᠡᠨ ᠪᠠᠶᠢᠭᠤᠯᠬᠤ ᠳᠤ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠵᠢᠷᠤᠮ ᠢ ᠭᠦᠢᠴᠡᠳᠬᠡᠬᠦ ᠬᠡᠷᠡᠭᠲᠡᠢ᠃ | | ᠮᠦᠽᠧᠢ᠂ ᠨᠠᠮ ᠤᠨ ᠲᠡᠦᠬᠡ ᠶᠢᠨ ᠣᠷᠳᠣᠨ᠂ ᠦᠵᠡᠰᠬᠦᠯᠡᠩ ᠤᠨ ᠣᠷᠳᠣᠨ᠂ ᠦᠵᠡᠰᠬᠦᠯᠡᠩ ᠤᠨ ᠣᠷᠳᠣᠨ᠂ | ᠮᠠᠲ᠋ᠧᠷᠢᠶᠠᠯ ᠤᠨ ᠣᠷᠳᠣᠨ ᠵᠡᠷᠭᠡ ᠶᠢᠨ ᠨᠡᠷ᠎ᠡ ᠪᠠᠷ ᠭᠤᠶᠤᠴᠢᠯᠠᠨ ᠮᠡᠳᠡᠭᠦᠯᠬᠦ ᠵᠢᠷᠤᠮ ᠠᠴᠠ ᠵᠠᠶᠢᠯᠠᠵᠤ᠂ | ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ ᠲᠥᠬᠦᠭᠡᠷᠦᠮᠵᠢ ᠶᠢ ᠥᠪᠡᠰᠦᠪᠡᠨ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠬᠤᠷᠢᠭᠯᠠᠨ᠎ᠠ᠃ | | ᠭᠤᠴᠢᠨ ᠳᠥᠷᠪᠡᠳᠦᠭᠡᠷ ᠵᠦᠢᠯ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢ ᠵᠠᠰᠠᠨ ᠰᠡᠷᠭᠦᠭᠡᠬᠦ᠂ ᠪᠠᠭᠤᠯᠭᠠᠬᠤ᠂ ᠰᠡᠭᠦᠳᠡᠷᠯᠡᠬᠦ᠂ ᠳᠠᠷᠤᠮᠠᠯᠯᠠᠬᠤ ᠳᠠᠭᠠᠨ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠮᠡᠷᠭᠡᠵᠢᠯ ᠤᠨ | ᠵᠢᠷᠤᠮᠵᠢᠯ ᠢ ᠵᠢᠷᠤᠮᠯᠠᠬᠤ ᠬᠡᠷᠡᠭᠲᠡᠢ᠂ ᠤᠤᠯ ᠤᠨ ᠪᠠᠶᠢᠳᠠᠯ ᠢ ᠨᠢ ᠬᠤᠪᠢᠷᠠᠭᠤᠯᠵᠤ ᠪᠣᠯᠬᠤ ᠦᠭᠡᠢ᠂ ᠨᠣᠮ ᠤᠨ ᠰᠠᠩ | ᠪᠠ ᠮᠦᠽᠧᠢ ᠳᠤ ᠬᠠᠳᠠᠭᠠᠯᠠᠵᠤ ᠪᠠᠶᠢᠭ᠎ᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠲᠤ ᠬᠤᠬᠢᠷᠠᠯ | ᠤᠴᠠᠷᠠᠭᠤᠯᠵᠤ ᠪᠣᠯᠬᠤ ᠦᠭᠡᠢ᠃ | | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠮᠦᠽᠧᠢ᠂ | ᠳᠤᠷᠠᠰᠬᠠᠯ ᠤᠨ ᠣᠷᠳᠣᠨ ᠪᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠵᠤ | ᠪᠠᠶᠢᠭ᠎ᠠ ᠪᠤᠰᠤᠳ ᠨᠢᠭᠡᠴᠢ ᠶᠢ ᠵᠢᠯᠤᠭᠤᠳᠴᠤ ᠪᠠᠶᠢᠭᠠᠳ ᠮᠥᠬᠦᠬᠦ ᠰᠢᠬᠠᠭᠰᠠᠨ ᠰᠢᠯᠵᠢᠭᠦᠯᠵᠦ ᠪᠣᠯᠬᠤ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ ᠲᠤᠬᠠᠢ ᠳᠤᠨᠢ ᠵᠠᠪᠳᠤᠨ ᠠᠪᠤᠷᠠᠵᠤ ᠵᠠᠰᠠᠨ ᠰᠡᠷᠭᠦᠭᠡᠵᠦ᠂ | ᠬᠠᠳᠠᠭᠠᠯᠠᠯᠲᠠ ᠶᠢᠨ ᠡᠳ᠋ ᠢ ᠬᠠᠳᠠᠭᠠᠯᠠᠨ ᠬᠠᠮᠢᠶᠠᠷᠬᠤ ᠣᠷᠴᠢᠨ ᠲᠣᠭᠤᠷᠢᠨ ᠪᠠ ᠳᠡᠯᠭᠡᠨ ᠦᠵᠡᠭᠦᠯᠬᠦ ᠨᠥᠬᠦᠴᠡᠯ ᠢ | ᠰᠠᠶᠢᠵᠢᠷᠠᠭᠤᠯᠵᠤ᠂ ᠰᠢᠯᠵᠢᠭᠦᠯᠵᠦ ᠪᠣᠯᠬᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠤᠷᠢᠳᠴᠢᠯᠠᠨ | ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠪᠠ ᠲᠣᠭᠠᠴᠢᠯᠠᠭᠰᠠᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | | ᠭᠤᠴᠢᠨ ᠵᠢᠷᠭᠤᠳᠤᠭᠠᠷ ᠵᠦᠢᠯ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠤᠷᠢᠶᠠᠨ ᠬᠠᠳᠠᠭᠠᠯᠠᠬᠤ ᠨᠢᠭᠡᠴᠢ ᠶᠢᠨ ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢᠶᠠᠨ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠳᠤ ᠪᠡᠯᠡᠭᠯᠡᠨ | ᠥᠭᠬᠦ᠂ ᠲᠦᠷᠢᠶᠡᠰᠦᠯᠡᠨ ᠥᠭᠬᠦ ᠪᠤᠶᠤ ᠬᠤᠳᠠᠯᠳᠤᠨ ᠥᠭᠬᠦ ᠶᠢ ᠬᠤᠷᠢᠭᠯᠠᠨ᠎ᠠ᠃ | | ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠡ ᠶᠢᠨ | ᠬᠤᠭᠤᠷᠣᠨᠳᠣ ᠪᠠᠨ ᠬᠤᠪᠢᠰᠬᠠᠯ ᠤᠨ ᠳᠤᠷᠠᠰᠬᠠᠯᠲᠤ ᠵᠦᠢᠯᠡᠰ ᠢ ᠵᠢᠭᠡᠯᠡᠵᠦ ᠬᠡᠷᠡᠭᠯᠡᠬᠦ ᠳᠡᠭᠡᠨ ᠭᠤᠤᠯᠴᠢᠯᠠᠨ ᠬᠠᠮᠢᠶᠠᠷᠴᠤ | ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ᠃ | ᠤᠯᠤᠰ ᠤᠨ ᠥᠮᠴᠢᠯᠡᠯ ᠤᠨ ᠪᠤᠰᠤ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ | ᠨᠢᠭᠡᠴᠡ ᠪᠣᠯᠤᠨ ᠪᠤᠰᠤᠳ ᠨᠢᠭᠡᠴᠡ ᠨᠦᠭᠦᠳ ᠤᠯᠤᠰ ᠤᠨ ᠥᠮᠴᠢᠯᠡᠯ ᠤᠨ ᠮᠦᠽᠧᠶ ᠳᠤ ᠬᠠᠳᠠᠭᠠᠯᠠᠵᠤ ᠪᠠᠶᠢᠭ᠎ᠠ | ᠬᠤᠪᠢᠰᠬᠠᠯ ᠤᠨ ᠳᠤᠷᠠᠰᠬᠠᠯᠲᠤ ᠵᠦᠢᠯᠡᠰ ᠢ ᠵᠢᠭᠡᠯᠡᠨ ᠬᠡᠷᠡᠭᠯᠡᠬᠦ ᠳᠤ᠂ ᠭᠤᠤᠯᠴᠢᠯᠠᠨ ᠬᠠᠮᠢᠶᠠᠷᠴᠤ ᠪᠦᠬᠦᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠡ ᠶᠢᠨ ᠬᠤᠭᠤᠷᠣᠨᠳᠣ ᠲᠡᠦᠬᠡ ᠶᠢᠨ | ᠳᠤᠷᠠᠰᠬᠠᠯᠲᠤ ᠵᠦᠢᠯᠡᠰ ᠢ ᠵᠢᠭᠡᠯᠡᠨ ᠬᠡᠷᠡᠭᠯᠡᠬᠦ ᠬᠠᠮᠤᠭ ᠤᠨ ᠤᠷᠲᠤ ᠬᠤᠭᠤᠴᠠᠭ᠎ᠠ ᠶᠢ ᠬᠤᠶᠠᠷ ᠵᠢᠯ ᠠᠴᠠ | ᠬᠡᠲᠦᠷᠡᠭᠦᠯᠵᠦ ᠪᠣᠯᠬᠤ ᠦᠭᠡᠢ᠃ | | | ᠳᠥᠷᠪᠡᠳᠦᠭᠡᠷ ᠪᠦᠯᠦᠭ ᠤᠯᠠᠮᠵᠢᠯᠠᠨ ᠵᠠᠯᠭᠠᠮᠵᠢᠯᠠᠵᠤ ᠠᠰᠢᠭᠯᠠᠬᠤ | | ᠭᠤᠴᠢᠨ ᠳᠣᠯᠣᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠤᠯᠠᠮᠵᠢᠯᠠᠨ | ᠠᠰᠢᠭᠯᠠᠬᠤ ᠳᠤ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠢ ᠬᠠᠷᠢᠯᠴᠠᠨ | ᠨᠢᠭᠡᠳᠦᠭᠦᠯᠬᠦ ᠶᠢ ᠪᠠᠷᠢᠮᠲᠠᠯᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠨ᠂ ᠲᠡᠦᠬᠡ ᠶᠢᠨ ᠰᠠᠨᠠᠭᠠᠴᠢᠯᠠᠭᠠᠲᠤ | ᠴᠢᠨᠠᠷ ᠢᠶᠠᠨ ᠴᠢᠩᠭᠠᠳᠬᠠᠵᠤ᠂ ᠬᠤᠪᠢᠰᠬᠠᠯᠲᠤ ᠰᠣᠶᠣᠯ ᠢ ᠪᠠᠳᠠᠷᠠᠭᠤᠯᠤᠨ᠂ ᠲᠥᠪ ᠭᠤᠣᠯᠴᠢ ᠪᠠᠷ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠠᠮᠵᠢᠯᠲᠠ ᠪᠦᠲᠦᠮᠵᠢ | ᠪᠠ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ | ᠵᠣᠷᠢᠭ ᠰᠠᠨᠠᠭᠠᠨ ᠤ ᠰᠢᠰᠲ᠋ᠧᠮ ᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃ | | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠢ ᠴᠢᠩᠭᠠᠳᠬᠠᠵᠤ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ ᠦᠷᠳᠡᠭ ᠪᠠ ᠤᠶᠤᠨ ᠰᠠᠨᠠᠭᠠᠨ ᠤ | ᠠᠭᠤᠯᠤᠭᠳᠠᠬᠤᠨ ᠢ ᠡᠷᠴᠢᠮᠲᠡᠢ ᠠᠭᠤᠳᠠᠯᠵᠤ᠂ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠯᠢᠭᠡᠷ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠲᠤ ᠲᠤᠰᠠᠯᠠᠨ | ᠬᠥᠮᠥᠨ ᠢ ᠬᠥᠮᠥᠵᠢᠭᠦᠯᠬᠦ᠂ ᠬᠦᠴᠦᠨ ᠴᠢᠳᠠᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠦᠢᠯᠡᠳᠦᠯ ᠢ | ᠪᠠᠳᠠᠷᠠᠭᠤᠯᠬᠤ ᠬᠡᠷᠡᠭᠲᠡᠢ᠃ | | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠭᠦᠢᠴᠡᠳ ᠠᠰᠢᠭᠯᠠᠨ ᠦᠵᠡᠯ ᠰᠠᠨᠠᠭ᠎ᠠ ᠶᠣᠰᠣ ᠮᠣᠷᠠᠯ᠂ ᠰᠢᠯᠢᠳᠡᠭ | ᠤᠯᠠᠮᠵᠢᠯᠠᠯ᠂ ᠰᠣᠶᠣᠯ ᠮᠡᠳᠡᠯᠭᠡ᠂ ᠨᠡᠶᠢᠭᠡᠮ ᠤᠨ ᠦᠢᠯᠡᠳᠦᠯᠭᠡ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠢ ᠠᠰᠢᠭᠯᠠᠨ ᠡᠳᠦᠷ ᠲᠤᠳᠤᠮ ᠤᠨ ᠵᠢᠭᠠᠨ ᠰᠤᠷᠭᠠᠬᠤ ᠠᠵᠢᠯᠯᠠᠭ᠎ᠠ ᠶᠢ ᠥᠷᠨᠢᠭᠦᠯᠵᠦ᠂ | ᠰᠤᠷᠤᠭᠴᠢᠳ ᠢ ᠵᠣᠬᠢᠶᠠᠨ ᠪᠠᠶᠢᠭᠤᠯᠤᠨ ᠬᠠᠭᠤᠴᠢᠨ ᠪᠠᠭᠤᠷᠢ᠂ ᠪᠠᠭᠤᠷᠢ᠂ ᠳᠤᠷᠠᠰᠬᠠᠯ ᠤᠨ ᠲᠠᠯᠠᠪᠤᠷ ᠵᠡᠷᠭᠡ ᠳᠤ | ᠣᠴᠢᠭᠤᠯᠵᠤ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ᠂ ᠭᠤᠣᠯ ᠰᠡᠳᠦᠪᠲᠦ ᠰᠤᠷᠭᠠᠨ ᠬᠥᠮᠦᠵᠢᠯ ᠪᠠ | ᠨᠡᠶᠢᠭᠡᠮ ᠤᠨ ᠦᠢᠯᠡᠳᠦᠯᠭᠡ ᠵᠡᠷᠭᠡ ᠠᠵᠢᠯᠯᠠᠭ᠎ᠠ ᠶᠢ ᠬᠢᠯᠭᠡᠬᠦ ᠬᠡᠷᠡᠭᠲᠡᠢ᠃ | | ᠳᠥᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠤᠯᠠᠮᠵᠢᠯᠠᠨ ᠠᠰᠢᠭᠯᠠᠬᠤ ᠶᠠᠪᠤᠳᠠᠯ ᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ | ᠣᠷᠣᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠥᠷᠥᠯ ᠵᠦᠢᠯ ᠤᠨ ᠳᠡᠯᠭᠡᠨ ᠦᠵᠡᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢᠨ ᠠᠭᠤᠯᠭ᠎ᠠ ᠪᠠ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠰᠠᠭᠤᠷᠢ | ᠪᠡᠯᠡᠳᠬᠡᠮᠵᠢ ᠪᠠ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠣᠶᠢᠵᠢᠭᠤᠯᠵᠤ᠂ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ᠃ | | ᠳᠥᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠪᠠ ᠵᠢᠭᠤᠯᠴᠢᠯᠠᠯ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ᠂ ᠷᠠᠳᠢᠣ᠋ | ᠨᠡᠪᠲᠡᠷᠡᠭᠦᠯᠭᠡ ᠲᠧᠯᠸᠢᠰ ᠵᠡᠷᠭᠡ ᠰᠠᠯᠠᠭ᠎ᠠ ᠮᠥᠴᠢᠷ ᠤᠳ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ | ᠰᠡᠳᠦᠪᠯᠡᠭᠰᠡᠨ ᠲᠠᠶᠢᠰᠠᠨ ᠤ ᠤᠷᠠᠯᠢᠭ᠂ ᠺᠢᠨᠣ᠋᠂ ᠷᠠᠳᠢᠣ᠋ ᠨᠡᠪᠲᠡᠷᠡᠭᠦᠯᠭᠡ᠂ ᠲᠧᠯᠸᠢᠰ᠂ ᠤᠷᠠᠨ ᠵᠢᠷᠤᠭ᠂ ᠳᠠᠭᠤᠤ | ᠬᠥᠭᠵᠢᠮ ᠤᠨ ᠪᠦᠲᠦᠭᠡᠯ ᠵᠢᠴᠢ ᠤᠯᠠᠨ ᠲᠦᠮᠡᠨ ᠤ ᠤᠳᠬ᠎ᠠ ᠤᠷᠠᠯᠢᠭ᠂ ᠰᠦᠯᠵᠢᠶᠡᠨ ᠤ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠠᠶᠢᠭᠤᠯᠤᠨ ᠭᠠᠷᠭᠠᠵᠤ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢᠶᠠᠷ ᠬᠤᠪᠢᠰᠬᠠᠯ | ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠢ᠃ | | ᠳᠥᠴᠢᠨ ᠬᠤᠶᠠᠳᠤᠭᠠᠷ ᠵᠦᠢᠯ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠢ ᠠᠰᠢᠭᠯᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯᠲᠤ | ᠤᠯᠠᠮᠵᠢᠯᠠᠯ ᠤᠨ ᠬᠥᠮᠦᠵᠢᠯ᠂ ᠡᠬᠡ ᠣᠷᠣᠨᠴᠢ ᠦᠵᠡᠯ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ | | ᠡᠯ᠎ᠡ ᠱᠠᠲᠤᠨ ᠤ ᠺᠠᠳ᠋ᠷ ᠤᠨ ᠬᠥᠮᠦᠵᠢᠯ ᠰᠤᠷᠭᠠᠯᠲᠠ ᠶᠢᠨ ᠪᠠᠶᠢᠭᠤᠯᠤᠮᠵᠢ ᠪᠠ ᠬᠤᠪᠢᠰᠬᠠᠯ ᠤᠨ ᠬᠥᠮᠦᠵᠢᠯ | ᠰᠤᠷᠭᠠᠯᠲᠠ ᠶᠢᠨ ᠪᠠᠶᠢᠭᠤᠯᠤᠮᠵᠢ ᠨᠤᠭᠤᠳ ᠬᠤᠪᠢᠰᠬᠠᠯ ᠤᠨ ᠰᠣᠶᠣᠯ ᠪᠠ ᠬᠤᠪᠢᠰᠬᠠᠯ ᠤᠨ ᠵᠣᠷᠢᠭ ᠰᠠᠨᠠᠭᠠᠨ ᠤ | ᠬᠥᠮᠦᠵᠢᠯ ᠤᠨ ᠬᠢᠴᠢᠶᠡᠯ ᠳᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠡᠷᠡᠭᠯᠡᠨ ᠰᠤᠷᠤᠯᠴᠠᠯᠭ᠎ᠠ | ᠰᠤᠷᠭᠠᠯᠲᠠ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ | ᠥᠷᠨᠢᠭᠦᠯᠬᠦ ᠬᠡᠷᠡᠭᠲᠡᠢ᠃ | | ᠳᠥᠴᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯ ᠤᠨ ᠮᠦᠽᠧᠢ᠂ ᠳᠠᠩᠰᠠ ᠡᠪᠬᠡᠮᠡᠯ ᠤᠨ ᠣᠷᠳᠣᠨ᠂ | ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ ᠵᠡᠷᠭᠡ ᠬᠤᠯᠪᠣᠭᠳᠠᠯ ᠪᠦᠬᠦᠢ ᠨᠢᠭᠡᠴᠡ ᠪᠠ ᠪᠠᠶᠢᠭᠤᠯᠤᠮᠵᠢ᠂ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠵᠢᠴᠢ ᠬᠤᠯᠪᠣᠭᠳᠠᠯ ᠪᠦᠬᠦᠢ ᠮᠠᠲ᠋ᠧᠷᠢᠶᠠᠯ᠂ ᠪᠣᠳᠠᠲᠤ | ᠶᠠᠭᠤᠮ᠎ᠠ ᠶᠢ ᠴᠤᠭᠯᠠᠭᠤᠯᠬᠤ ᠪᠠ ᠰᠤᠳᠤᠯᠬᠤ ᠶᠢ ᠴᠢᠩᠭᠠᠳᠬᠠᠵᠤ᠂ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠬᠦ᠂ | ᠴᠠᠬᠢᠮ ᠰᠦᠯᠵᠢᠶ᠎ᠡ +ᠳᠡᠯᠭᠡᠨ ᠦᠵᠡᠭᠦᠯᠬᠦ ᠣᠷᠳᠣᠨ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠵᠡᠷᠭᠡ ᠤᠯᠠᠨ | ᠵᠦᠢᠯ ᠤᠨ ᠬᠡᠯᠪᠡᠷᠢ ᠪᠠᠷ ᠭᠤᠣᠯ ᠰᠡᠳᠦᠪ ᠨᠢ ᠲᠣᠪᠣᠶᠢᠮ᠎ᠠ᠂ ᠤᠳᠤᠷᠢᠳᠤᠮᠵᠢ ᠨᠢ ᠢᠯᠡ ᠲᠣᠳᠣ᠂ ᠠᠭᠤᠯᠤᠭᠳᠠᠬᠤᠨ | ᠨᠢ ᠡᠯᠪᠡᠭ ᠪᠠᠶᠠᠯᠢᠭ᠂ ᠴᠠᠭ ᠦᠶ᠎ᠡ ᠶᠢᠨ ᠣᠨᠴᠠᠯᠢᠭ ᠲᠠᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠳᠡᠯᠭᠡᠨ ᠦᠵᠡᠭᠦᠯᠦᠯᠭᠡ ᠶᠢ ᠭᠠᠷᠭᠠᠬᠤ ᠬᠡᠷᠡᠭᠲᠡᠢ᠃ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠨᠥᠬᠦᠴᠡᠯ ᠢ | ᠪᠦᠷᠢᠳᠦᠭᠦᠯᠦᠭᠰᠡᠨ ᠪᠣᠯ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠨᠡᠶᠢᠭᠡᠮ ᠤᠨ ᠤᠯᠠᠨ ᠨᠡᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠬᠡᠷᠡᠭᠲᠡᠢ᠃ | | ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠥᠮᠴᠢᠯᠡᠵᠦ ᠪᠠᠶᠢᠭ᠎ᠠ ᠪᠤᠶᠤ ᠬᠠᠮᠢᠶᠠᠷᠴᠤ ᠪᠠᠶᠢᠭ᠎ᠠ | ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠨᠡᠶᠢᠭᠡᠮ ᠨᠡᠶᠢᠲᠡ ᠳᠤ ᠨᠡᠭᠡᠭᠡᠬᠦ ᠶᠢ ᠵᠣᠷᠢᠭᠵᠢᠭᠤᠯᠤᠨ᠎ᠠ᠃ | | ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠢ ᠠᠴᠠ ᠭᠠᠳᠠᠨᠠᠬᠢ ᠵᠣᠬᠢᠶᠠᠨ | ᠪᠠᠶᠢᠭᠤᠯᠤᠯᠲᠠ ᠪᠠ ᠬᠤᠪᠢ ᠬᠥᠮᠥᠨ ᠤ ᠬᠤᠷᠢᠶᠠᠨ ᠬᠠᠳᠠᠭᠠᠯᠠᠵᠤ ᠪᠠᠶᠢᠭ᠎ᠠ ᠰᠢᠯᠵᠢᠭᠦᠯᠵᠦ ᠪᠣᠯᠬᠤ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢᠶᠠᠨ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠤᠷᠢᠶᠠᠨ ᠬᠠᠳᠠᠭᠠᠯᠠᠬᠤ ᠨᠢᠭᠡᠴᠢ ᠳᠤ ᠪᠡᠯᠡᠭᠯᠡᠨ ᠬᠦᠷᠭᠡᠬᠦ ᠪᠤᠶᠤ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ | ᠬᠠᠳᠠᠭᠠᠯᠠᠬᠤ ᠨᠢᠭᠡᠴᠢ ᠳᠤ ᠵᠢᠭᠡᠯᠡᠭᠦᠯᠦᠨ ᠥᠭᠴᠦ ᠳᠡᠯᠭᠡᠨ ᠦᠵᠡᠭᠦᠯᠬᠦ ᠪᠠ ᠰᠤᠳᠤᠯᠤᠭᠤᠯᠬᠤ ᠶᠢ ᠵᠣᠷᠢᠭᠵᠢᠭᠤᠯᠤᠨ᠎ᠠ᠃ | | | ᠳᠥᠴᠢᠨ ᠳᠥᠷᠪᠡᠳᠦᠭᠡᠷ ᠵᠦᠢᠯ ᠤᠬᠠᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ᠂ ᠨᠠᠮ ᠤᠨ ᠲᠡᠦᠬᠡ ᠪᠠ | ᠣᠷᠣᠨ ᠨᠤᠲᠤᠭ ᠤᠨ ᠣᠶᠢᠯᠠᠯᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ | ᠦᠵᠡᠭᠦᠯᠦᠯᠭᠡ ᠶᠢᠨ ᠠᠭᠤᠯᠭ᠎ᠠ ᠪᠠ ᠲᠠᠶᠢᠯᠪᠤᠷᠢᠯᠠᠬᠤ ᠦᠭᠡᠰ ᠢ ᠬᠢᠨᠠᠨ ᠪᠠᠶᠢᠴᠠᠭᠠᠬᠤ ᠪᠠ ᠬᠠᠮᠢᠶᠠᠷᠴᠤ᠂ ᠤᠯᠤᠰ | ᠲᠦᠷᠦ ᠶᠢᠨ ᠪᠣᠭᠤᠮᠲᠠ ᠪᠠ ᠲᠡᠦᠬᠡ ᠶᠢᠨ ᠪᠣᠳᠠᠲᠤ ᠬᠡᠷᠡᠭ ᠤᠨ ᠪᠣᠭᠤᠮᠲᠠ ᠶᠢ ᠰᠠᠶᠢᠲᠤᠷ ᠰᠠᠬᠢᠵᠤ᠂ ᠳᠡᠯᠭᠡᠨ | ᠦᠵᠡᠭᠦᠯᠬᠦ ᠠᠭᠤᠯᠭ᠎ᠠ ᠪᠠ ᠲᠠᠶᠢᠯᠪᠤᠷᠢᠯᠠᠬᠤ ᠠᠭᠤᠯᠭ᠎ᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ | ᠪᠦᠷᠢᠨ ᠪᠦᠲᠦᠨ ᠴᠢᠨᠠᠷ ᠪᠠ ᠡᠷᠬᠡ ᠰᠦᠷᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ | | ᠳᠥᠴᠢᠨ ᠲᠠᠪᠤᠳᠤᠭᠠᠷ ᠵᠦᠢᠯ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠤᠬᠠᠭᠤᠯᠭ᠎ᠠ | ᠬᠥᠮᠦᠵᠢᠯ᠂ ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ᠪᠦᠲᠦᠭᠡᠯᠴᠢ ᠦᠢᠯᠡᠳᠬᠦᠨ ᠢ ᠰᠤᠳᠤᠯᠤᠨ ᠨᠡᠭᠡᠭᠡᠬᠦ᠂ | ᠨᠠᠶᠢᠷᠠᠭᠤᠯᠬᠤ᠂ ᠬᠡᠪᠯᠡᠭᠦᠯᠬᠦ᠂ ᠦᠢᠯᠡᠳᠬᠦ ᠶᠢ ᠵᠣᠬᠢᠶᠠᠨ ᠪᠠᠶᠢᠭᠤᠯᠬᠤ ᠪᠠ ᠬᠤᠪᠢ ᠬᠥᠮᠥᠨ ᠤ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠶᠢᠨ ᠤᠩᠰᠢᠬᠤ ᠪᠢᠴᠢᠭ᠂ ᠤᠨᠤᠯ ᠤᠨ ᠨᠣᠮ ᠪᠢᠴᠢᠭ᠂ ᠺᠢᠨᠣ᠋ | ᠲᠧᠯᠸᠢᠰ ᠤᠨ ᠪᠦᠲᠦᠭᠡᠯ ᠵᠡᠷᠭᠡ ᠶᠢ ᠥᠷᠨᠢᠭᠦᠯᠬᠦ ᠶᠢ ᠵᠣᠷᠢᠭᠵᠢᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠤᠯᠠᠮᠵᠢᠯᠠᠨ ᠵᠠᠯᠭᠠᠮᠵᠢᠯᠠᠵᠤ ᠠᠰᠢᠭᠯᠠᠬᠤ ᠶᠢ ᠲᠦᠯᠬᠢᠨ ᠠᠬᠢᠭᠤᠯᠤᠨ᠎ᠠ᠃ | | ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠳᠥᠴᠢᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ | ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ | ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠥᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ︔ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄ | | | ︵ᠨᠢᠭᠡ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠣᠷᠴᠢᠨ ᠠᠬᠤᠢ ᠶᠢᠨ ᠣᠷᠴᠢᠨ | ᠨᠥᠬᠦᠴᠡᠯ ᠲᠠᠢ ᠦᠯᠦ ᠵᠣᠬᠢᠴᠠᠯᠳᠤᠬᠤ ᠡᠵᠡᠩᠨᠡᠯᠲᠡ ᠶᠢᠨ ᠴᠢᠨᠠᠷᠲᠠᠢ᠂ ᠵᠤᠭ᠎ᠠ ᠴᠡᠩᠭᠡᠯ ᠤᠨ ᠴᠢᠨᠠᠷᠲᠠᠢ ᠠᠵᠢᠯᠯᠠᠭ᠎ᠠ ᠶᠢ | ᠥᠷᠨᠢᠭᠦᠯᠦᠭᠰᠡᠨ︔ | | | ︵ᠬᠤᠶᠠᠷ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠬᠦᠭᠡᠷᠦᠮᠵᠢ ᠶᠢ | ᠡᠪᠳᠡᠵᠦ ᠰᠦᠢᠳᠬᠡᠭᠰᠡᠨ ᠪᠤᠶᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠦᠰᠢᠭᠯᠡᠨ ᠣᠷᠣᠰᠢᠵᠤ | ᠪᠠᠶᠢᠭ᠎ᠠ ᠪᠠᠷᠢᠯᠭ᠎ᠠ᠂ ᠪᠠᠷᠢᠯᠭ᠎ᠠ ᠶᠢᠨ ᠵᠦᠢᠯ ᠳᠡᠭᠡᠷ᠎ᠡ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠲᠠᠢ | ᠬᠤᠯᠪᠣᠭᠳᠠᠯ ᠦᠭᠡᠢ ᠵᠠᠷ ᠭᠠᠷᠭᠠᠬᠤ ᠲᠥᠬᠦᠭᠡᠷᠦᠮᠵᠢ ᠶᠢ ᠪᠠᠶᠢᠭᠤᠯᠤᠭᠰᠠᠨ᠃ | | ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠳᠠᠷᠠᠭᠠᠬᠢ | ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ︔ | ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ | ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | | | ︵ᠨᠢᠭᠡ︶ ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠠᠭᠠᠨ ᠲᠣᠭᠲᠠᠭᠠᠯ ᠶᠣᠰᠣᠭᠠᠷ ᠮᠡᠳᠡᠭᠦᠯᠦᠨ | ᠵᠥᠪᠰᠢᠶᠡᠷᠡᠭᠦᠯᠦᠭᠰᠡᠨ ᠦᠭᠡᠢ ᠪᠤᠶᠤ ᠪᠠᠶᠢᠴᠠᠭᠠᠵᠤ ᠬᠢᠨᠠᠨ ᠬᠠᠷᠭᠤᠭᠤᠯᠤᠭᠰᠠᠨ ᠦᠭᠡᠢ᠂ ᠲᠣᠭᠲᠠᠭᠠᠯ ᠢ ᠵᠥᠷᠢᠴᠡᠨ | ᠬᠢᠨᠠᠨ ᠵᠥᠪᠰᠢᠶᠡᠷᠡᠭᠦᠯᠦᠭᠰᠡᠨ︔ | | | ︵ᠬᠤᠶᠠᠷ︶ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠦᠯᠭᠡ ᠶᠢᠨ | ᠠᠭᠤᠯᠭ᠎ᠠ ᠪᠠ ᠲᠠᠶᠢᠯᠤᠮᠵᠢ ᠶᠢᠨ ᠦᠭᠡ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ | ᠪᠠᠶᠢᠴᠠᠭᠠᠯᠭᠠᠭᠰᠠᠨ ᠦᠭᠡᠢ ᠪᠤᠶᠤ ᠴᠢᠩᠭ᠎ᠠ ᠬᠢᠨᠠᠨ ᠪᠠᠶᠢᠴᠠᠭᠠᠭᠰᠠᠨ ᠦᠭᠡᠢ ᠠᠴᠠ ᠪᠣᠯᠵᠤ ᠮᠠᠭᠤ ᠨᠥᠯᠥᠭᠡ | ᠭᠠᠷᠭᠠᠭᠰᠠᠨ︔ | | | ︵ᠭᠤᠷᠪᠠ︶ ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ ᠲᠥᠬᠦᠭᠡᠷᠦᠮᠵᠢ ᠶᠢᠨ | ᠨᠡᠷᠡᠶᠢᠳᠦᠯ ᠢ ᠳᠤᠷ᠎ᠠ ᠪᠠᠷ ᠢᠶᠠᠨ ᠥᠭᠡᠷᠡᠴᠢᠯᠡᠵᠦ᠂ ᠫᠠᠶᠢᠰᠠ ᠡᠯᠭᠦᠭᠰᠡᠨ᠃ | | ᠳᠥᠴᠢ ᠶᠢᠰᠦᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠳᠤᠮᠳᠠ ᠬᠢᠨᠠᠵᠤ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠬᠠᠷᠠᠵᠤ | ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ | ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠪᠠᠶᠢᠭ᠎ᠠ ᠨᠢᠭᠡᠴᠢ ᠠᠴᠠ ᠨᠢ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ | ᠰᠢᠭᠦᠮᠵᠢᠯᠡᠨ᠎ᠡ︔ | ᠤᠯᠤᠰ ᠤᠨ ᠬᠠᠮᠠᠭᠠᠯᠠᠯᠲᠠ ᠳᠤ ᠪᠠᠶᠢᠭ᠎ᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠵᠦ | ᠰᠦᠢᠳᠬᠡᠭᠰᠡᠨ ᠪᠤᠶᠤ ᠭᠡᠭᠡᠭᠳᠡᠭᠦᠯᠵᠦ ᠭᠡᠭᠡᠭᠳᠡᠭᠦᠯᠦᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ | ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ | ᠥᠭᠭᠦᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠵᠢᠷᠭᠤᠳᠤᠭᠠᠷ ᠪᠦᠯᠦᠭ ᠬᠠᠪᠰᠤᠷᠤᠯᠲᠠ ᠳᠦᠷᠢᠮ | | ᠲᠠᠪᠢᠳᠤᠭᠠᠷ ᠵᠦᠢᠯ ᠲᠤᠰ ᠳᠦᠷᠢᠮ ᠢ 2023 ᠣᠨ ᠤ 1ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | ᠡᠬᠢ ᠰᠤᠷᠪᠤᠯᠵᠢ᠄ | ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | | |