| | | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠲᠠᠨ ᠤ ᠵᠢᠷᠤᠭ ᠤᠨ | ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ | ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠠᠯᠠᠱᠠ ᠶᠢᠨ ᠬᠠᠲᠠᠨ ᠤ ᠵᠢᠷᠤᠭ ᠭᠡᠳᠡᠭ ᠨᠢ | ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ | ᠮᠥᠴᠢᠷ ᠤᠨ ᠪᠠᠶᠢᠴᠠᠭᠠᠨ ᠲᠡᠮᠳᠡᠭᠯᠡᠬᠦ ᠶᠢᠨ ᠬᠠᠮᠲᠤ ᠨᠡᠶᠢᠲᠡᠯᠡᠭᠰᠡᠨ ᠵᠢᠴᠢ ᠰᠢᠨ᠎ᠡ ᠪᠠᠷ ᠢᠯᠡᠷᠡᠭᠦᠯᠦᠭᠰᠡᠨ ᠡᠷᠲᠡ | ᠦᠶ᠎ᠡ ᠶᠢᠨ ᠬᠥᠮᠥᠨ ᠲᠥᠷᠥᠯᠬᠢᠲᠡᠨ ᠤ ᠬᠠᠲᠠᠨ ᠳᠡᠭᠡᠷ᠎ᠡ ᠦᠷᠦᠵᠦ ᠰᠡᠶᠢᠯᠦᠭᠰᠡᠨ᠂ ᠴᠣᠭᠤᠯᠵᠤ ᠰᠡᠶᠢᠯᠦᠭᠰᠡᠨ ᠪᠤᠶᠤ | ᠵᠢᠷᠤᠭᠰᠠᠨ᠂ ᠲᠤᠬᠠᠢ ᠶᠢᠨ ᠦᠶ᠎ᠡ ᠶᠢᠨ ᠬᠥᠮᠥᠨ ᠲᠥᠷᠥᠯᠬᠢᠲᠡᠨ ᠤ ᠠᠵᠢᠯᠯᠠᠭ᠎ᠠ ᠪᠠ ᠪᠠᠶᠢᠭᠠᠯᠢ᠂ ᠨᠡᠶᠢᠭᠡᠮ ᠤᠨ | ᠬᠡᠯᠪᠡᠷᠢ ᠪᠠᠶᠢᠳᠠᠯ ᠢ ᠲᠤᠰᠬᠠᠭᠰᠠᠨ ᠵᠢᠷᠤᠭ᠂ ᠲᠡᠮᠳᠡᠭ ᠪᠠ ᠥᠰᠥᠭ ᠪᠢᠴᠢᠭ ᠵᠡᠷᠭᠡ ᠲᠡᠦᠬᠡ ᠰᠣᠶᠣᠯ ᠤᠨ | ᠦᠯᠡᠳᠡᠭᠳᠡᠯ ᠢ ᠵᠢᠭᠠᠵᠤ ᠪᠣᠶ᠃ | | ᠲᠣᠰ ᠠᠷᠭ᠎ᠠ ᠳᠤ ᠬᠠᠮᠠᠭᠠᠯᠠᠵᠤ ᠪᠠᠶᠢᠭ᠎ᠠ ᠠᠯᠠᠱᠠ ᠶᠢᠨ ᠬᠠᠲᠠᠨ ᠤ ᠵᠢᠷᠤᠭ ᠲᠤ ᠬᠠᠲᠠᠨ ᠤ ᠵᠢᠷᠤᠭ ᠤᠨ | ᠳᠡᠪᠲᠡᠷ ᠠᠴᠠ ᠭᠠᠳᠠᠨ᠎ᠠ ᠪᠠᠰᠠ ᠠᠯᠠᠱᠠ ᠶᠢᠨ ᠬᠠᠲᠠᠨ ᠤ ᠵᠢᠷᠤᠭ ᠤᠨ ᠲᠦᠰᠢᠭᠯᠡᠭᠰᠡᠨ ᠠᠰᠬ᠎ᠠ ᠬᠠᠳᠠ ᠵᠢᠴᠢ | ᠵᠠᠭᠠᠭᠯᠠᠨ ᠲᠣᠭᠲᠠᠭᠠᠭᠰᠠᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠣᠷᠣᠨ ᠪᠠᠭᠲᠠᠨ᠎ᠠ᠃ | | ᠭᠤᠷᠪᠠᠳᠤᠭᠠᠷ ᠵᠦᠢᠯ ᠬᠠᠲᠠᠨ ᠤ ᠵᠢᠷᠤᠭ ᠤᠨ ᠪᠠᠶᠢᠭ᠎ᠠ ᠭᠠᠵᠠᠷ ᠤᠨ ᠬᠤᠰᠢᠭᠤ ︵ᠲᠣᠭᠤᠷᠢᠭ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠲᠠᠨ ᠤ ᠵᠢᠷᠤᠭ ᠤᠨ ᠬᠠᠮᠠᠭᠠᠯᠠᠯᠲᠠ ᠳᠤ ᠬᠢᠨᠠᠯᠲᠠ ᠬᠠᠮᠢᠶᠠᠷᠤᠯᠲᠠ | ᠶᠠᠪᠤᠭᠤᠯᠵᠤ᠂ ᠲᠡᠭᠦᠨ ᠤ ᠬᠠᠷᠢᠶ᠎ᠠ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠠᠲᠠᠨ ᠤ ᠵᠢᠷᠤᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠠᠵᠢᠯ ᠢ ᠪᠣᠳᠠᠲᠠᠢ ᠡᠭᠦᠷᠭᠡᠯᠡᠨ᠎ᠡ᠃ | | | ᠡᠯ᠎ᠡ ᠱᠠᠲᠤᠨ ᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠠᠯᠠᠱᠠ ᠶᠢᠨ ᠬᠠᠲᠠᠨ ᠤ ᠵᠢᠷᠤᠭ ᠤᠨ | ᠬᠠᠮᠠᠭᠠᠯᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | | ᠳᠥᠷᠪᠡᠳᠦᠭᠡᠷ ᠵᠦᠢᠯ ᠠᠯᠠᠱᠠ ᠶᠢᠨ ᠬᠠᠲᠠᠨ ᠤ ᠵᠢᠷᠤᠭ ᠢ ᠬᠠᠮᠠᠭᠠᠯᠠᠬᠤ ᠪᠠ ᠬᠠᠮᠢᠶᠠᠷᠬᠤ ᠪᠠ ᠠᠰᠢᠭᠯᠠᠬᠤ ᠳᠤ | ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠠᠰᠢᠭᠯᠠᠬᠤ᠂ ᠬᠠᠤᠯᠢ ᠶᠣᠰᠣᠭᠠᠷ ᠬᠠᠮᠢᠶᠠᠷᠬᠤ︾ ᠵᠠᠷᠴᠢᠮ ᠢ ᠵᠢᠷᠤᠮᠯᠠᠵᠤ | ᠂ ᠠᠯᠠᠱᠠ ᠶᠢᠨ ᠬᠠᠲᠠᠨ ᠤ ᠵᠢᠷᠤᠭ ᠤᠨ ᠪᠠᠶᠢᠭᠠᠯᠢ ᠶᠢᠨ ᠠᠮᠢ ᠠᠬᠤᠢ ᠪᠠ ᠲᠡᠦᠬᠡ ᠶᠢᠨ ᠳᠦᠷᠰᠦ ᠪᠠᠶᠢᠳᠠᠯ ᠤᠨ ᠪᠦᠷᠢᠨ | ᠪᠦᠲᠦᠨ ᠴᠢᠨᠠᠷ ᠢ ᠪᠠᠲᠤᠯᠠᠬᠤ ᠬᠡᠷᠡᠭᠲᠡᠢ᠃ | | ᠲᠠᠪᠤᠳᠤᠭᠠᠷ ᠵᠦᠢᠯ ᠠᠶᠢᠮᠠᠭ ᠤᠨ ᠲᠣᠰ ᠱᠠᠲᠤ ᠵᠢᠴᠢ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ | ᠲᠣᠰ ᠵᠠᠰᠠᠭ ᠵᠠᠬᠢᠷᠭᠠᠨ ᠤ ᠣᠷᠣᠨ ᠤ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠠ | ᠨᠠᠶᠢᠳᠠᠪᠤᠷᠢᠵᠢᠭᠤᠯᠤᠨ᠂ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠳᠤ ᠬᠡᠷᠡᠭᠰᠡᠬᠦ ᠵᠠᠷᠤᠳᠠᠯ ᠢ ᠲᠣᠰ | ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤ | ᠬᠡᠷᠡᠭᠯᠡᠨ᠎ᠡ᠃ | | ᠠᠯᠠᠱᠠ ᠶᠢᠨ ᠬᠠᠲᠠᠨ ᠤ ᠵᠢᠷᠤᠭ ᠤᠨ ᠪᠠᠶᠢᠭ᠎ᠠ ᠭᠠᠵᠠᠷ ᠤᠨ ᠰᠤᠮᠤ ︵ᠪᠠᠯᠭᠠᠰᠤ︶ ᠶᠢᠨ ᠠᠷᠠᠳ ᠤᠨ | ᠵᠠᠰᠠᠭ ᠤᠨ ᠣᠷᠳᠣᠨ ᠪᠣᠯᠣᠨ ᠭᠠᠴᠠᠭ᠎ᠠ ︵ᠰᠠᠭᠤᠭᠠᠯᠢ ᠠᠷᠠᠳ︶ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠢ᠃ | | ᠵᠢᠷᠭᠤᠳᠤᠭᠠᠷ ᠵᠦᠢᠯ ᠬᠠᠲᠠᠨ ᠤ ᠵᠢᠷᠤᠭ ᠤᠨ ᠬᠠᠮᠠᠭᠠᠯᠠᠯᠲᠠ᠂ ᠰᠤᠳᠤᠯᠭᠠᠨ ᠤ ᠠᠵᠢᠯ ᠳᠤ ᠲᠣᠪᠣᠶᠢᠮ᠎ᠠ ᠬᠤᠪᠢ | ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠥᠨ ᠢ ᠠᠶᠢᠮᠠᠭ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠤᠶᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠬᠢᠭᠦᠯᠦᠨ | ᠱᠠᠩᠨᠠᠨ᠎ᠠ᠃ | | ᠬᠤᠶᠠᠳᠤᠭᠠᠷ ᠪᠦᠯᠦᠭ ᠲᠥᠯᠦᠪᠵᠢᠭᠦᠯᠭᠡ ᠶᠢᠨ ᠬᠠᠮᠢᠶᠠᠷᠤᠯᠲᠠ | | ᠳᠣᠯᠣᠳᠤᠭᠠᠷ ᠵᠦᠢᠯ ᠠᠯᠠᠱᠠ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠯᠠᠱᠠ ᠠᠶᠢᠮᠠᠭ ᠤᠨ | ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ | ᠲᠣᠭᠲᠠᠭᠠᠵᠤ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ | | | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ | ᠠᠯᠠᠱᠠ ᠠᠶᠢᠮᠠᠭ ᠤᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠣᠨ ᠤ | ᠬᠡᠷᠡᠭᠵᠢᠭᠦᠯᠬᠦ ᠲᠥᠯᠥᠪᠯᠡᠭᠡ ᠶᠢ ᠦᠨᠳᠦᠰᠦᠯᠡᠨ᠂ ᠲᠣᠰ ᠬᠠᠷᠢᠶ᠎ᠠ ᠣᠷᠣᠨ ᠤ ᠪᠠᠨ ᠬᠠᠲᠠᠨ ᠤ ᠵᠢᠷᠤᠭ ᠤᠨ | ᠬᠠᠮᠠᠭᠠᠯᠠᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ᠃ | | ᠨᠠᠢᠮᠠᠳᠤᠭᠠᠷ ᠵᠦᠢᠯ ᠠᠶᠢᠮᠠᠭ᠂ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠡᠦᠬᠡ᠂ ᠤᠷᠠᠯᠢᠭ᠂ ᠰᠢᠨᠵᠢᠯᠡᠬᠦ ᠤᠬᠠᠭᠠᠨ ᠤ ᠴᠢᠬᠤᠯᠠ ᠦᠨ᠎ᠡ ᠥᠷᠲᠡᠭ ᠲᠠᠢ | ᠬᠠᠲᠠᠨ ᠤ ᠵᠢᠷᠤᠭ ᠤᠨ ᠴᠡᠭ ᠢ ᠰᠣᠩᠭᠤᠨ ᠠᠶᠢᠮᠠᠭ᠂ ᠬᠤᠰᠢᠭᠤᠨ ᠤ ᠲᠠᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠲᠣᠭᠲᠠᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠲᠡᠯᠡᠨ᠎ᠡ᠃ | | ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠵᠢᠴᠢ ᠡᠯ᠎ᠡ ᠨᠡᠭᠡᠭᠡᠯᠲᠡ ᠶᠢᠨ ᠲᠣᠭᠤᠷᠢᠭ᠂ ᠵᠢᠱᠢᠶ᠎ᠡ ᠦᠵᠡᠭᠦᠯᠬᠦ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠠᠴᠠ ᠰᠢᠨ᠎ᠡ ᠪᠠᠷ ᠢᠯᠡᠷᠡᠭᠦᠯᠦᠭᠰᠡᠨ ᠬᠠᠲᠠᠨ ᠤ ᠵᠢᠷᠤᠭ ᠤᠨ ᠴᠡᠭ ᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠬᠢᠨᠠᠨ ᠲᠣᠭᠲᠠᠭᠠᠵᠤ ᠨᠡᠶᠢᠲᠡᠯᠡᠬᠦ ᠠᠴᠠ ᠡᠮᠦᠨ᠎ᠡ | ᠳᠡᠩᠰᠡᠯᠡᠨ ᠨᠡᠶᠢᠲᠡᠯᠡᠵᠦ᠂ ᠬᠤᠰᠢᠭᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠡ ᠪᠠᠷ ᠯᠠᠪᠯᠠᠯᠲᠠ ᠪᠣᠯᠭᠠᠨ ᠬᠠᠮᠠᠭᠠᠯᠠᠵᠤ ᠬᠠᠮᠢᠶᠠᠷᠬᠤ ᠬᠡᠷᠡᠭᠲᠡᠢ᠃ | | ᠬᠠᠳᠠᠨ ᠵᠢᠷᠤᠭ ᠤᠨ ᠴᠡᠭ ᠢ ᠨᠢᠭᠡᠨᠲᠡ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ | ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠭᠰᠡᠨ ᠪᠠᠶᠢᠪᠠᠯ᠂ ᠳᠤᠷ᠎ᠠ ᠪᠠᠷ ᠢᠶᠠᠨ ᠬᠦᠴᠦᠨ ᠦᠭᠡᠢ ᠪᠣᠯᠭᠠᠵᠤ ᠪᠣᠯᠬᠤ | ᠦᠭᠡᠢ᠃ | | ᠶᠢᠰᠦᠳᠦᠭᠡᠷ ᠵᠦᠢᠯ ᠬᠠᠳᠠᠨ ᠵᠢᠷᠤᠭ ᠤᠨ ᠴᠡᠭ ᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠭᠰᠠᠨ ᠪᠠᠶᠢᠪᠠᠯ ᠬᠠᠳᠠᠨ ᠵᠢᠷᠤᠭ ᠤᠨ ᠪᠠᠶᠢᠭ᠎ᠠ ᠭᠠᠵᠠᠷ ᠤᠨ ᠬᠤᠰᠢᠭᠤ ︵ | ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠳᠠᠨ ᠵᠢᠷᠤᠭ ᠤᠨ | ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠬᠠᠮᠠᠭᠠᠯᠠᠵᠤ᠂ ᠬᠠᠳᠠᠨ ᠵᠢᠷᠤᠭ ᠤᠨ ᠪᠦᠷᠢᠨ ᠪᠦᠲᠦᠨ ᠰᠢᠰᠲ᠋ᠧᠮ ᠢ | ᠦᠯᠡᠳᠡᠭᠡᠬᠦ ᠵᠠᠷᠴᠢᠮ ᠶᠣᠰᠣᠭᠠᠷ᠂ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ | ᠡᠵᠡᠮᠰᠢᠯ ᠤᠨ ᠣᠷᠣᠨ ᠪᠦᠰᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠵᠤ᠂ ᠬᠠᠮᠠᠭᠠᠯᠠᠯᠲᠠ ᠶᠢᠨ ᠲᠡᠮᠳᠡᠭ ᠪᠠ | ᠬᠢᠯᠢ ᠶᠢᠨ ᠱᠣᠩ ᠵᠢᠴᠢ ᠪᠤᠰᠤᠳ ᠬᠠᠮᠠᠭᠠᠯᠠᠯᠲᠠ ᠶᠢᠨ ᠲᠥᠬᠦᠭᠡᠷᠦᠮᠵᠢ ᠶᠢ ᠪᠠᠶᠢᠷᠢᠯᠠᠭᠤᠯᠬᠤ ᠶᠢᠨ ᠬᠠᠮᠲᠤ ᠠᠯᠠᠱᠠ | ᠶᠢᠨ ᠬᠠᠲᠠᠨ ᠤ ᠵᠢᠷᠤᠭ ᠤᠨ ︽ᠳᠥᠷᠪᠡ ᠲᠠᠢ︾ ᠲᠠᠩᠰᠠ ᠡᠪᠬᠡᠮᠡᠯ ᠢ ᠪᠠᠶᠢᠭᠤᠯᠤᠨ᠎ᠠ᠂ ᠲᠤᠬᠠᠶᠢᠯᠠᠪᠠᠯ ᠬᠠᠮᠠᠭᠠᠯᠠᠯᠲᠠ | ᠶᠢᠨ ᠬᠦᠷᠢᠶ᠎ᠡ ᠬᠡᠪᠴᠢᠶ᠎ᠡ ᠲᠠᠢ᠂ ᠬᠠᠮᠠᠭᠠᠯᠠᠯᠲᠠ ᠶᠢᠨ ᠲᠡᠮᠳᠡᠭ ᠲᠠᠢ᠂ ᠲᠡᠮᠳᠡᠭᠯᠡᠯ ᠲᠠᠢ ᠲᠠᠩᠰᠠ ᠡᠪᠬᠡᠮᠡᠯ ᠲᠠᠢ ᠪᠠ | ᠬᠠᠳᠠᠭᠠᠯᠠᠨ ᠬᠠᠮᠢᠶᠠᠷᠬᠤ ᠪᠠᠶᠢᠭᠤᠯᠤᠮᠵᠢ ᠲᠠᠢ᠃ | | ᠠᠷᠪᠠᠳᠤᠭᠠᠷ ᠵᠦᠢᠯ ᠬᠤᠪᠢᠶᠠᠷᠢᠯᠠᠨ ᠲᠣᠭᠲᠠᠭᠠᠭᠰᠠᠨ ᠠᠯᠠᠱᠠ ᠶᠢᠨ ᠬᠠᠳᠠᠨ ᠵᠢᠷᠤᠭ ᠤᠨ ᠬᠠᠮᠠᠭᠠᠯᠠᠯᠲᠠ ᠶᠢᠨ | ᠬᠡᠪᠴᠢᠶ᠎ᠡ ᠪᠣᠯᠣᠨ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠤ ᠳᠣᠲᠣᠷ᠎ᠠ᠂ ᠠᠯᠠᠱᠠ ᠶᠢᠨ ᠬᠠᠳᠠᠨ | ᠵᠢᠷᠤᠭ ᠵᠢᠴᠢ ᠪᠤᠰᠤᠳ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ᠂ ᠪᠠᠶᠢᠭᠠᠯᠢ ᠶᠢᠨ ᠣᠷᠴᠢᠨ | ᠲᠣᠭᠤᠷᠢᠨ ᠤ ᠳᠦᠷᠰᠦ ᠪᠠᠶᠢᠳᠠᠯ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠠᠷᠢᠯᠭ᠎ᠠ᠂ ᠪᠠᠷᠢᠯᠭ᠎ᠠ ᠶᠢᠨ | ᠵᠦᠢᠯ ᠪᠥᠬᠦᠨ ᠢ ᠬᠤᠭᠤᠴᠠᠭ᠎ᠠ ᠬᠢᠵᠠᠭᠠᠷᠯᠠᠨ ᠵᠠᠰᠠᠭᠤᠯᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠡᠯ᠎ᠡ ᠬᠤᠰᠢᠭᠤᠨ ᠤ ᠰᠣᠶᠣᠯ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠨᠡᠭᠡᠭᠡᠯᠲᠡ ᠶᠢᠨ ᠲᠣᠭᠤᠷᠢᠭ᠂ ᠵᠢᠱᠢᠶ᠎ᠡ ᠦᠵᠡᠭᠦᠯᠬᠦ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ | ᠲᠣᠭᠲᠠᠭᠠᠵᠤ᠂ ᠬᠠᠷᠢᠶᠠᠯᠠᠯ ᠤᠨ ᠬᠡᠪᠴᠢᠶᠡᠨ ᠳᠣᠲᠣᠷᠠᠬᠢ ᠬᠠᠲᠠᠨ ᠤ ᠵᠢᠷᠤᠭ ᠤᠨ ᠠᠮᠤᠷ ᠲᠦᠪᠰᠢᠨ ᠳᠤ ᠠᠶᠤᠯ | ᠲᠦᠭᠰᠢᠭᠦᠷᠢ ᠤᠴᠠᠷᠠᠭᠤᠯᠬᠤ ᠭᠡᠨᠡᠳᠲᠡ ᠶᠢᠨ ᠬᠡᠷᠡᠭ ᠡᠭᠦᠰᠬᠦ ᠪᠤᠶᠤ ᠬᠠᠲᠠᠨ ᠤ ᠵᠢᠷᠤᠭ ᠲᠤ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠳᠠᠷᠤᠶᠢᠬᠠᠨ ᠴᠢᠬᠤᠯᠠ ᠪᠦᠬᠦᠢ ᠡᠵᠡᠮᠳᠡᠬᠦ ᠪᠠ ᠪᠠᠴᠢᠮ | ᠪᠠᠶᠢᠳᠠᠯ ᠢ ᠲᠦᠷᠭᠡᠨ ᠠᠷᠭᠠᠴᠠᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ | ᠳᠤᠨᠢ ᠳᠡᠭᠡᠳᠦ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠬᠦ ᠬᠡᠷᠡᠭᠲᠡᠢ᠃ | | ᠭᠤᠷᠪᠠᠳᠤᠭᠠᠷ ᠪᠦᠯᠦᠭ ᠬᠠᠮᠠᠭᠠᠯᠠᠬᠤ ᠠᠷᠭ᠎ᠠ ᠬᠡᠮᠵᠢᠶ᠎ᠡ | | ᠠᠷᠪᠠᠨ ᠬᠤᠶᠠᠳᠤᠭᠠᠷ ᠵᠦᠢᠯ ᠬᠠᠳᠠᠨ ᠵᠢᠷᠤᠭ ᠤᠨ ᠪᠠᠶᠢᠭ᠎ᠠ ᠭᠠᠵᠠᠷ ᠤᠨ ᠰᠤᠮᠤ ︵ᠪᠠᠯᠭᠠᠰᠤ︶ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠢ ᠲᠤᠰᠢᠶᠠᠯ ᠤᠨ | ᠪᠤᠶᠤ ᠲᠤᠰᠢᠶᠠᠯ ᠬᠠᠪᠰᠤᠷᠭᠠᠭᠰᠠᠨ ᠬᠠᠪᠰᠤᠷᠤᠨ ᠬᠠᠮᠢᠶᠠᠷᠤᠭᠴᠢ ᠶᠢ ᠵᠢᠭᠠᠨ ᠲᠣᠭᠲᠠᠭᠠᠵᠤ ᠲᠤᠰ ᠭᠠᠵᠠᠷ ᠤᠨ ᠬᠠᠳᠠᠨ | ᠵᠢᠷᠤᠭ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠢ᠃ | | ᠬᠠᠲᠠᠨ ᠤ ᠵᠢᠷᠤᠭ ᠤᠨ ᠪᠠᠶᠢᠭ᠎ᠠ ᠭᠠᠵᠠᠷ ᠲᠤ ᠠᠶᠢᠯ ᠲᠣᠰᠬᠤᠨ ᠪᠠᠶᠢᠪᠠᠯ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠬᠠᠷᠢᠶ᠎ᠠ ᠪᠦᠬᠦᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠴᠠᠭ᠎ᠠ ︵ᠲᠣᠰᠬᠤᠨ︶ ᠶᠢᠨ ᠵᠥᠪᠯᠡᠯ ᠯᠦᠭᠡ | ᠬᠠᠲᠠᠨ ᠤ ᠵᠢᠷᠤᠭ ᠢ ᠬᠠᠮᠵᠢᠨ ᠬᠠᠮᠠᠭᠠᠯᠠᠬᠤ ᠵᠥᠪᠯᠡᠯᠴᠡᠭᠡᠷ ᠲᠣᠭᠲᠠᠬᠤ ᠬᠡᠷᠡᠭᠲᠡᠢ︔ | ᠠᠭᠤᠷᠬᠠᠢ ᠮᠠᠯᠲᠠᠬᠤ ᠠᠵᠤ ᠠᠬᠤᠶᠢᠯᠠᠯ ᠲᠠᠢ ᠪᠠᠶᠢᠪᠠᠯ᠂ ᠠᠭᠤᠷᠬᠠᠢ ᠮᠠᠯᠲᠠᠬᠤ ᠠᠵᠤ ᠠᠬᠤᠶᠢᠯᠠᠯ ᠯᠤᠭ᠎ᠠ | ᠬᠠᠳᠠᠨ ᠵᠢᠷᠤᠭ ᠢ ᠬᠠᠮᠵᠢᠨ ᠬᠠᠮᠠᠭᠠᠯᠠᠬᠤ ᠬᠡᠯᠡᠯᠴᠡᠭᠡᠷ ᠲᠣᠭᠲᠠᠭᠠᠬᠤ ᠬᠡᠷᠡᠭᠲᠡᠢ᠃ | | ᠠᠷᠪᠠᠨ ᠭᠤᠷᠪᠠᠳᠤᠭᠠᠷ ᠵᠦᠢᠯ ᠬᠤᠪᠢ ᠬᠥᠮᠥᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠡᠯᠡ | ᠮᠥᠩᠭᠦ ᠬᠠᠨᠳᠢᠪᠯᠡᠬᠤ᠂ ᠬᠠᠨᠳᠢᠪᠯᠡᠨ ᠬᠦᠷᠭᠡᠬᠦ ᠵᠡᠷᠭᠡ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠠᠯᠠᠱᠠ ᠶᠢᠨ ᠬᠠᠳᠠᠨ ᠵᠢᠷᠤᠭ ᠤᠨ ᠬᠠᠮᠠᠭᠠᠯᠠᠯᠲᠠ ᠶᠢᠨ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ | ᠨᠥᠬᠦᠴᠡᠯ ᠲᠠᠢ ᠨᠢ ᠰᠠᠶᠢᠨ ᠳᠤᠷ᠎ᠠ ᠠᠴᠠ ᠪᠠᠨ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠡᠯᠡᠯᠴᠡᠭᠡᠷ ᠲᠣᠭᠲᠠᠵᠤ᠂ ᠨᠢᠭᠡ ᠪᠤᠶᠤ ᠤᠯᠠᠨ ᠬᠠᠳᠠᠨ ᠵᠢᠷᠤᠭ ᠤᠨ ᠴᠡᠭ ᠤᠨ | ᠬᠠᠮᠠᠭᠠᠯᠠᠯᠲᠠ ᠶᠢ ᠬᠠᠷᠢᠭᠤᠴᠠᠵᠤ ᠪᠣᠯᠣᠨ᠎ᠠ᠃ | | ᠠᠷᠪᠠᠨ ᠳᠥᠷᠪᠡᠳᠦᠭᠡᠷ ᠵᠦᠢᠯ ᠠᠯᠠᠱᠠ ᠶᠢᠨ ᠬᠠᠳᠠᠨ ᠵᠢᠷᠤᠭ ᠪᠣᠯ ᠤᠯᠤᠰ ᠤᠨ ᠥᠮᠴᠢᠯᠡᠯ ᠳᠤ | ᠬᠠᠷᠢᠶᠠᠯᠠᠭᠳᠠᠨ᠎ᠠ᠂ ᠰᠢᠯᠵᠢᠭᠦᠯᠦᠨ ᠥᠭᠬᠦ ᠪᠤᠶᠤ ᠪᠠᠷᠢᠴᠠᠭᠠᠯᠠᠵᠤ ᠪᠣᠯᠬᠤ ᠦᠭᠡᠢ᠃ ᠮᠦᠽᠧᠢ᠂ ᠬᠠᠳᠠᠭᠠᠯᠠᠨ | ᠬᠠᠮᠢᠶᠠᠷᠬᠤ ᠭᠠᠵᠠᠷ ᠪᠠᠶᠢᠭᠤᠯᠤᠭᠰᠠᠨ ᠪᠤᠶᠤ ᠲᠣᠭᠤᠷᠢᠨ ᠦᠵᠡᠵᠦ ᠵᠤᠭᠠᠴᠠᠬᠤ ᠭᠠᠵᠠᠷ ᠪᠣᠯᠭᠠᠭᠰᠠᠨ ᠬᠠᠳᠠᠨ | ᠵᠢᠷᠤᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠶᠢ ᠠᠵᠤ ᠠᠬᠤᠶᠢᠯᠠᠯ ᠤᠨ ᠡᠳ᠋ | ᠬᠥᠷᠥᠩᠭᠡ ᠪᠣᠯᠭᠠᠨ ᠡᠵᠡᠩᠨᠡᠵᠦ ᠪᠣᠯᠬᠤ ᠦᠭᠡᠢ᠃ | | ᠡᠯ᠎ᠡ ᠱᠠᠲᠤᠨ ᠤ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠬᠠᠲᠠᠨ ᠤ ᠵᠢᠷᠤᠭ ᠢ | ᠬᠠᠮᠠᠭᠠᠯᠠᠬᠤ ᠡᠭᠦᠷᠭᠡ ᠲᠠᠢ᠂ ᠬᠠᠲᠠᠨ ᠤ ᠵᠢᠷᠤᠭ ᠢ ᠡᠪᠳᠡᠨ ᠰᠦᠢᠳᠬᠡᠬᠦ᠂ ᠡᠪᠳᠡᠬᠦ ᠦᠶᠯᠡ ᠠᠵᠢᠯᠯᠠᠭ᠎ᠠ ᠶᠢ | ᠬᠤᠷᠢᠭᠯᠠᠨ ᠵᠣᠭᠰᠤᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | | ᠠᠷᠪᠠᠨ ᠲᠠᠪᠤᠳᠤᠭᠠᠷ ᠵᠦᠢᠯ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠬᠡᠪᠴᠢᠶᠡᠨ ᠳᠤ | ᠬᠠᠲᠠᠨ ᠤ ᠵᠢᠷᠤᠭ ᠤᠨ ᠬᠠᠮᠠᠭᠠᠯᠠᠯᠲᠠ ᠲᠠᠢ ᠬᠠᠮᠢᠶ᠎ᠠ ᠦᠭᠡᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠤᠶᠤ | ᠳᠡᠯᠪᠡᠴᠢᠬᠦ᠂ ᠥᠷᠥᠮᠳᠡᠨ ᠬᠠᠶᠢᠬᠤ᠂ ᠮᠠᠯᠲᠠᠬᠤ ᠵᠡᠷᠭᠡ ᠠᠵᠢᠯ ᠢ ᠳᠤᠷ᠎ᠠ ᠪᠠᠷ ᠢᠶᠠᠨ ᠬᠢᠵᠦ ᠪᠣᠯᠬᠤ ᠦᠭᠡᠢ᠃ | | ᠠᠷᠪᠠᠨ ᠵᠢᠷᠭᠤᠳᠤᠭᠠᠷ ᠵᠦᠢᠯ ᠵᠥᠪᠰᠢᠶᠡᠷᠡᠭᠦᠯᠦᠭᠡᠳ ᠠᠯᠠᠱᠠ ᠶᠢᠨ ᠬᠠᠳᠠᠨ ᠵᠢᠷᠤᠭ ᠤᠨ ᠬᠠᠮᠠᠭᠠᠯᠠᠯᠲᠠ ᠶᠢᠨ | ᠬᠡᠪᠴᠢᠶᠡᠨ ᠳᠤ ᠵᠠᠮ ᠵᠠᠰᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠬᠦ᠂ ᠮᠡᠳᠡᠭᠡ ᠬᠤᠯᠪᠣᠭ᠎ᠠ ᠵᠡᠷᠭᠡ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠵᠦᠢᠯᠡᠰ ᠤᠨ ᠪᠠᠷᠢᠯᠭ᠎ᠠ ᠪᠠᠷᠢᠬᠤ ᠶᠠᠪᠤᠴᠠ ᠳᠤ᠂ ᠪᠠᠷᠢᠯᠭ᠎ᠠ ᠪᠠᠷᠢᠬᠤ ᠨᠢᠭᠡᠴᠢ ᠨᠢ ᠠᠯᠠᠱᠠ ᠶᠢᠨ ᠬᠠᠳᠠᠨ ᠵᠢᠷᠤᠭ ᠵᠢᠴᠢ | ᠪᠤᠰᠤᠳ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠠᠶᠤᠯ ᠤᠴᠠᠷᠠᠭᠤᠯᠵᠤ ᠪᠣᠯᠬᠤ ᠦᠭᠡᠢ᠂ | ᠬᠠᠳᠠᠨ ᠵᠢᠷᠤᠭ ᠲᠠᠢ ᠬᠠᠮᠲᠤ ᠪᠠᠷ ᠣᠷᠣᠰᠢᠵᠤ ᠪᠠᠶᠢᠭ᠎ᠠ ᠪᠠᠶᠢᠭᠠᠯᠢ ᠶᠢᠨ ᠣᠷᠴᠢᠨ ᠠᠬᠤᠢ ᠶᠢᠨ ᠳᠦᠷᠰᠦ ᠪᠠᠶᠢᠳᠠᠯ ᠢ | ᠡᠪᠳᠡᠵᠦ ᠪᠣᠯᠬᠤ ᠦᠭᠡᠢ᠃ | | ᠠᠷᠪᠠᠨ ᠳᠣᠯᠣᠳᠤᠭᠠᠷ ᠵᠦᠢᠯ ᠡᠯ᠎ᠡ ᠲᠦᠷᠦᠯ ᠤᠨ ᠪᠠᠷᠢᠯᠭ᠎ᠠ ᠶᠢᠨ ᠨᠢᠭᠡᠴᠢ ᠨᠦᠭᠦᠳ ᠪᠠᠷᠢᠯᠭ᠎ᠠ ᠶᠢᠨ ᠠᠵᠢᠯ | ᠬᠢᠬᠦ ᠶᠠᠪᠤᠴᠠ ᠳᠠᠭᠠᠨ ᠠᠯᠠᠱᠠ ᠶᠢᠨ ᠬᠠᠳᠠᠨ ᠵᠢᠷᠤᠭ ᠪᠤᠶᠤ ᠠᠯᠠᠱᠠ ᠶᠢᠨ ᠰᠡᠵᠢᠭᠯᠡᠯᠲᠡᠢ ᠬᠠᠳᠠᠨ ᠵᠢᠷᠤᠭ ᠵᠢᠴᠢ | ᠪᠤᠰᠤᠳ ᠲᠡᠦᠬᠡ ᠶᠢᠨ ᠳᠤᠷᠠᠰᠬᠠᠯᠲᠤ ᠵᠦᠢᠯᠡᠰ ᠢ ᠣᠯᠵᠤ ᠮᠡᠳᠡᠪᠡᠯ᠂ ᠪᠠᠷᠢᠯᠭ᠎ᠠ ᠶᠢᠨ ᠠᠵᠢᠯ ᠢᠶᠠᠨ ᠲᠡᠷᠡ ᠳᠠᠷᠤᠢ | ᠳᠤᠨᠢ ᠵᠣᠭᠰᠣᠭᠠᠵᠤ᠂ ᠲᠤᠬᠠᠢ ᠶᠢᠨ ᠭᠠᠵᠠᠷ ᠢ ᠬᠠᠮᠠᠭᠠᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠠᠶᠢᠮᠠᠭ᠂ | ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠮᠡᠳᠡᠭᠦᠯᠦᠯᠲᠡ ᠶᠢ | ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠲᠤᠬᠠᠢ ᠶᠢᠨ ᠲᠠᠯᠠᠪᠠᠶ ᠳᠤ ᠬᠦᠷᠴᠦ᠂ ᠬᠠᠮᠠᠭᠠᠯᠠᠬᠤ ᠠᠷᠭ᠎ᠠ | ᠬᠡᠮᠵᠢᠶ᠎ᠡ ᠪᠠᠨ ᠳᠤᠷᠠᠳᠴᠤ᠂ ᠴᠢᠬᠤᠯᠠ ᠲᠠᠢ ᠦᠶ᠎ᠡ ᠳᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ | ᠮᠡᠳᠡᠭᠳᠡᠵᠦ ᠲᠤᠬᠠᠢ ᠶᠢᠨ ᠲᠠᠯᠠᠪᠠᠶ ᠶᠢ ᠬᠠᠮᠵᠢᠨ ᠬᠠᠮᠠᠭᠠᠯᠠᠵᠤ ᠪᠣᠯᠣᠨ᠎ᠠ᠃ | | ᠠᠷᠪᠠᠨ ᠨᠠᠢᠮᠠᠳᠤᠭᠠᠷ ᠵᠦᠢᠯ ᠠᠯᠠᠱᠠ ᠶᠢᠨ ᠬᠠᠳᠠᠨ ᠵᠢᠷᠤᠭ ᠪᠣᠯ ᠲᠠᠬᠢᠨ ᠡᠭᠦᠰᠴᠦ ᠦᠯᠦ ᠪᠣᠯᠬᠤ | ᠰᠣᠶᠣᠯ ᠤᠨ ᠦᠯᠡᠳᠡᠭᠳᠡᠯ ᠮᠥᠨ᠂ ᠶᠠᠮᠠᠷᠪᠠ ᠨᠢᠭᠡᠴᠢ ᠪᠠ ᠬᠤᠪᠢ ᠬᠥᠮᠥᠨ ᠤ ᠳᠠᠷᠠᠭᠠᠬᠢ ᠵᠢᠭᠰᠠᠭᠠᠭᠰᠠᠨ ᠦᠢᠯᠡ | ᠠᠵᠢᠯᠯᠠᠭ᠎ᠠ ᠲᠠᠢ ᠪᠠᠶᠢᠬᠤ ᠶᠢ ᠬᠤᠷᠢᠭᠯᠠᠨ᠎ᠠ᠂ ᠬᠡᠷᠪᠡ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠤᠯᠪᠣᠭᠳᠠᠯ ᠪᠦᠬᠦᠢ | ᠬᠠᠤᠯᠢ ᠴᠠᠭᠠᠵᠠ ᠶᠢᠨ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | | | ︵ᠨᠢᠭᠡ︶ ᠠᠯᠠᠱᠠ ᠶᠢᠨ ᠬᠠᠳᠠᠨ ᠵᠢᠷᠤᠭ ᠢ ᠬᠤᠯᠠᠭᠠᠶᠢᠯᠠᠬᠤ᠂ ᠳᠦᠷᠭᠢᠯᠳᠦᠨ ᠪᠤᠯᠢᠶᠠᠬᠤ᠂ ᠳᠣᠲᠣᠷ᠎ᠠ | ᠵᠠᠭᠤᠷ᠎ᠠ ᠪᠠᠨ ᠬᠤᠪᠢᠶᠠᠯᠴᠠᠬᠤ ᠪᠤᠶᠤ ᠬᠠᠤᠯᠢ ᠪᠤᠰᠤ ᠪᠠᠷ ᠡᠵᠡᠯᠡᠬᠦ︔ | | | ︵ᠬᠤᠶᠠᠷ︶ ᠠᠯᠠᠱᠠ ᠶᠢᠨ ᠬᠠᠳᠠᠨ ᠵᠢᠷᠤᠭ ᠢ ᠬᠤᠳᠠᠯᠳᠤᠭᠠᠯᠠᠬᠤ︔ | | | ︵ᠭᠤᠷᠪᠠ︶ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠠᠯᠠᠱᠠ ᠶᠢᠨ | ᠬᠠᠲᠠᠨ ᠤ ᠵᠢᠷᠤᠭ ᠢ ᠳᠤᠷ᠎ᠠ ᠪᠠᠷ ᠢᠶᠠᠨ ᠵᠠᠭᠪᠤᠷ ᠠᠴᠠ ᠰᠠᠯᠭᠠᠵᠤ ᠪᠠᠭᠤᠯᠭᠠᠬᠤ︔ | | | ︵ᠳᠥᠷᠪᠡ︶ ᠠᠯᠠᠱᠠ ᠶᠢᠨ ᠬᠠᠳᠠᠨ ᠵᠢᠷᠤᠭ ᠢ ᠮᠠᠯᠲᠠᠬᠤ᠂ ᠬᠥᠰᠢᠵᠦ ᠪᠠᠯᠪᠠᠴᠢᠬᠤ᠂ ᠰᠡᠶᠢᠯᠵᠦ ᠵᠢᠷᠤᠬᠤ᠂ | ᠭᠬᠢᠷᠲᠦᠭᠦᠯᠬᠦ᠂ ᠵᠣᠷᠢᠭᠤᠳᠠ ᠭᠢᠰᠬᠢᠯᠡᠬᠦ︔ | | ︵ᠲᠠᠪᠤ︶ ᠠᠯᠠᠱᠠ ᠶᠢᠨ ᠬᠠᠲᠠᠨ ᠤ ᠵᠢᠷᠤᠭ ᠲᠤ ᠬᠠᠮᠠᠭᠠᠯᠠᠯᠲᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠬᠤ | ᠠᠴᠠ ᠭᠠᠳᠠᠨ᠎ᠠ ᠪᠠᠶᠢᠭᠠᠯᠢ ᠶᠢᠨ ᠣᠷᠴᠢᠨ ᠲᠣᠭᠤᠷᠢᠨ ᠲᠠᠢ ᠬᠠᠮᠲᠤ ᠰᠢᠯᠵᠢᠭᠰᠡᠨ ᠠᠯᠠᠱᠠ ᠶᠢᠨ ᠬᠠᠲᠠᠨ ᠤ ᠵᠢᠷᠤᠭ︔ | | | ︵ᠵᠢᠷᠭᠤᠭ᠎ᠠ︶ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠣᠷᠣᠨ ᠪᠦᠰᠡ ᠳᠤ ᠪᠣᠬᠢᠷ ᠤᠰᠤ᠂ ᠬᠠᠶᠠᠭᠳᠠᠮᠠᠯ ᠬᠡᠢ | ᠭᠠᠳᠠᠭᠰᠢᠯᠠᠭᠤᠯᠵᠤ᠂ ᠬᠤᠭ ᠨᠣᠪᠰᠢ ᠬᠠᠶᠠᠭᠳᠠᠮᠠᠯ ᠪᠣᠳᠠᠰ ᠠᠰᠬᠠᠵᠤ ᠪᠣᠬᠢᠷᠳᠤᠭᠤᠯᠬᠤ︔ | | | ︵ᠳᠣᠯᠤᠭ᠎ᠠ︶ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠣᠷᠣᠨ ᠪᠦᠰᠡ ᠳᠤ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ | ᠪᠠ ᠪᠤᠰᠤᠳ ᠠᠶᠤᠯᠲᠠᠢ ᠪᠣᠳᠠᠰ ᠢ ᠬᠠᠳᠠᠭᠠᠯᠠᠵᠤ ᠲᠠᠯᠪᠢᠬᠤ︔ | | | ︵ᠨᠠᠢᠮᠠ︶ ᠠᠯᠠᠱᠠ ᠶᠢᠨ ᠬᠠᠲᠠᠨ ᠤ ᠵᠢᠷᠤᠭ ᠲᠤ ᠬᠤᠣᠷ ᠬᠥᠨᠥᠭᠡᠯ ᠤᠴᠠᠷᠠᠭᠤᠯᠤᠭᠰᠠᠨ ᠪᠤᠰᠤᠳ ᠦᠶᠯᠡ | ᠠᠵᠢᠯᠯᠠᠭ᠎ᠠ᠃ | | ᠠᠷᠪᠠ ᠶᠢᠰᠦᠳᠦᠭᠡᠷ ᠵᠦᠢᠯ ᠳᠣᠲᠣᠭᠠᠳᠤ ᠶᠢ ᠬᠠᠮᠠᠭᠠᠯᠠᠬᠤ᠂ ᠬᠤᠳᠠ ᠶᠢᠨ ᠬᠢᠨᠠᠯᠲᠠ᠂ ᠰᠣᠶᠣᠯ ᠤᠨ | ᠵᠢᠭᠤᠯᠴᠢᠯᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠤᠷᠢᠶᠠᠨ ᠠᠪᠤᠭᠰᠠᠨ ᠠᠯᠠᠱᠠ ᠶᠢᠨ | ᠬᠠᠳᠠᠨ ᠵᠢᠷᠤᠭ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠳᠠᠩᠰᠠᠯᠠᠭᠤᠯᠤᠨ | ᠬᠠᠳᠠᠭᠠᠯᠠᠭᠤᠯᠬᠤ ᠬᠡᠷᠡᠭᠲᠡᠢ᠃ | | ᠠᠷᠠᠳ ᠤᠨ ᠳᠤᠮᠳᠠ ᠲᠠᠷᠬᠠᠵᠤ ᠪᠠᠶᠢᠭ᠎ᠠ ᠠᠯᠠᠱᠠ ᠶᠢᠨ ᠬᠠᠲᠠᠨ ᠤ ᠵᠢᠷᠤᠭ ᠢ ᠬᠠᠲᠠᠨ ᠤ ᠵᠢᠷᠤᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ ᠬᠤᠷᠢᠶᠠᠵᠤ ᠠᠪᠤᠨ᠎ᠠ᠃ | | ᠳᠥᠷᠪᠡᠳᠦᠭᠡᠷ ᠪᠦᠯᠦᠭ ᠰᠤᠳᠤᠯᠤᠨ ᠠᠰᠢᠭᠯᠠᠬᠤ | | ᠬᠤᠷᠢᠳᠤᠭᠠᠷ ᠵᠦᠢᠯ ᠵᠥᠪᠰᠢᠶᠡᠷᠡᠯ ᠢᠶᠠᠷ ᠳᠡᠮᠵᠢᠨ ᠠᠯᠠᠱᠠ ᠶᠢᠨ ᠬᠠᠲᠠᠨ ᠤ ᠵᠢᠷᠤᠭ ᠤᠨ ᠬᠠᠮᠠᠭᠠᠯᠠᠯᠲᠠ ᠶᠢᠨ | ᠬᠡᠪᠴᠢᠶᠡᠨ ᠳᠤ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ᠂ ᠨᠡᠭᠡᠭᠡᠨ ᠮᠠᠯᠲᠠᠵᠤ ᠬᠠᠶᠢᠨ ᠰᠢᠨᠵᠢᠬᠦ ᠵᠡᠷᠭᠡ | ᠠᠵᠢᠯᠯᠠᠭ᠎ᠠ ᠬᠢᠬᠦ ᠳᠤ ᠠᠶᠢᠮᠠᠭ᠂ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯᠣᠨ ᠬᠠᠲᠠᠨ ᠤ ᠵᠢᠷᠤᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰᠬᠠᠢ ᠮᠡᠷᠭᠡᠵᠢᠯ ᠤᠨ | ᠠᠵᠢᠯᠲᠠᠨ ᠲᠣᠮᠢᠯᠠᠵᠤ ᠣᠷᠣᠯᠴᠠᠭᠤᠯᠬᠤ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠨᠢᠭᠡᠴᠡ ᠪᠣᠯᠣᠨ ᠬᠤᠪᠢ ᠬᠥᠮᠥᠨ ᠠᠯᠠᠱᠠ ᠶᠢᠨ ᠬᠠᠳᠠᠨ ᠵᠢᠷᠤᠭ ᠢ ᠳᠠᠷᠤᠮᠠᠯᠯᠠᠬᠤ | ᠂ ᠪᠠᠭᠤᠯᠭᠠᠬᠤ᠂ ᠺᠢᠨᠣ᠋ ᠲᠧᠯᠸᠢᠰ ᠰᠡᠭᠦᠳᠡᠷᠯᠡᠬᠦ ᠵᠡᠷᠭᠡ ᠠᠵᠢᠯᠯᠠᠭ᠎ᠠ ᠬᠢᠬᠦ ᠳᠤ᠂ ᠬᠠᠳᠠᠨ ᠵᠢᠷᠤᠭ ᠤᠨ ᠬᠠᠮᠢᠶᠠᠷᠤᠯᠲᠠ | ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠬᠦ ᠶᠢᠨ ᠬᠠᠮᠲᠤ ᠠᠶᠢᠮᠠᠭ ᠤᠨ ᠱᠠᠲᠤ ᠵᠢᠴᠢ ᠠᠶᠢᠮᠠᠭ ᠠᠴᠠ ᠳᠡᠭᠡᠭᠰᠢᠬᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠦᠭᠡᠳ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠦᠯᠭᠦᠢ ᠶᠢ ᠦᠨᠡᠨᠬᠦ ᠪᠠᠲᠤᠯᠠᠬᠤ ᠨᠥᠬᠦᠴᠡᠯ | ᠤᠨ ᠳᠣᠣᠷ᠎ᠠ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠬᠤ ᠬᠡᠷᠡᠭᠲᠡᠢ᠃ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠰᠤᠳᠤᠯᠭᠠᠨ ᠤ ᠨᠢᠭᠡᠴᠢ ᠶᠢ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠠᠲ᠋ᠧᠷᠢᠶᠠᠯ ᠪᠣᠯᠭᠠᠨ ᠬᠠᠳᠠᠭᠠᠯᠠᠭᠰᠠᠨ ᠨᠢ ᠡᠭᠦᠨ ᠳᠤ ᠪᠠᠭᠲᠠᠬᠤ ᠦᠭᠡᠢ᠃ | | ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠬᠤᠷᠢᠨ ᠬᠤᠶᠠᠳᠤᠭᠠᠷ ᠵᠦᠢᠯ ᠠᠶᠢᠮᠠᠭ᠂ ᠬᠤᠰᠢᠭᠤᠨ ᠤ ᠰᠣᠶᠣᠯ ᠤᠨ ᠵᠢᠭᠤᠯᠴᠢᠯᠠᠯ᠂ ᠲᠡᠦᠬᠡ ᠶᠢᠨ | ᠳᠤᠷᠠᠰᠬᠠᠯᠲᠤ ᠵᠦᠢᠯᠡᠰ ᠪᠠ ᠬᠠᠲᠠᠨ ᠤ ᠵᠢᠷᠤᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠠᠵᠢᠯ ᠤᠨ ᠳᠤᠮᠳᠠ ᠡᠭᠦᠷᠭᠡ ᠲᠤᠰᠢᠶᠠᠯ ᠳᠠᠭᠠᠨ ᠣᠰᠣᠯᠳᠠᠵᠤ᠂ | ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ | ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠬᠤᠷᠢᠨ ᠭᠤᠷᠪᠠᠳᠤᠭᠠᠷ ᠵᠦᠢᠯ ᠠᠶᠢᠮᠠᠭ ᠬᠤᠰᠢᠭᠤᠨ ᠤ ᠰᠣᠶᠣᠯ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ | ᠵᠦᠢᠯᠡᠰ ᠪᠠ ᠬᠠᠲᠠᠨ ᠤ ᠵᠢᠷᠤᠭ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠰᠣᠶᠣᠯ ᠵᠢᠭᠤᠯᠴᠢᠯᠠᠯ ᠤᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ | ᠲᠡᠪᠴᠢᠵᠦ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ | ᠶᠢᠨ ᠲᠣᠭᠲᠠᠭᠠᠯ ᠶᠣᠰᠣᠭᠠᠷ ᠰᠢᠢᠳᠬᠡᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠬᠤᠷᠢᠨ ᠳᠥᠷᠪᠡᠳᠦᠭᠡᠷ ᠵᠦᠢᠯ ᠠᠯᠠᠱᠠ ᠠᠶᠢᠮᠠᠭ ᠤᠨ ᠬᠠᠷᠢᠶᠠᠨ ᠳᠣᠲᠣᠷ᠎ᠠ ᠲᠠᠷᠬᠠᠵᠤ ᠪᠠᠶᠢᠭ᠎ᠠ ᠪᠤᠰᠤᠳ | ᠪᠤᠶᠤ ᠰᠢᠨ᠎ᠡ ᠪᠠᠷ ᠢᠯᠡᠷᠡᠭᠦᠯᠦᠭᠰᠡᠨ ᠬᠠᠲᠠᠨ ᠤ ᠵᠢᠷᠤᠭ ᠤᠨ ᠬᠠᠮᠠᠭᠠᠯᠠᠯᠲᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠᠨ | ᠨᠠᠢᠮᠠᠳᠤᠭᠠᠷ ᠵᠦᠢᠯ᠂ ᠠᠷᠪᠠ ᠶᠢᠰᠦᠳᠦᠭᠡᠷ ᠵᠦᠢᠯ ᠠᠴᠠ ᠵᠥᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ᠃ | | ᠵᠢᠷᠭᠤᠳᠤᠭᠠᠷ ᠪᠦᠯᠦᠭ ᠬᠠᠪᠰᠤᠷᠤᠯᠲᠠ ᠳᠦᠷᠢᠮ | | ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠵᠥᠪᠰᠢᠶᠡᠷᠡᠵᠦ ᠬᠡᠪᠯᠡᠨ ᠶᠠᠪᠤᠭᠤᠯᠤᠭᠰᠠᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | | ᠡᠬᠢ ᠰᠤᠷᠪᠤᠯᠵᠢ᠄ | ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | | |