| | ᠠᠵᠢᠯ ᠤᠨ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠪᠠ ᠬᠤᠰᠢᠭᠤᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠪᠣᠯᠣᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠥᠬᠦ ᠬᠤᠰᠢᠭᠤᠨ ᠤ ᠠᠵᠤ ᠦᠢᠯᠡᠳᠪᠦᠷᠢ᠂ | ᠬᠤᠳᠠᠯᠳᠤᠭᠠᠨ ᠤ ᠶᠠᠪᠤᠳᠠᠯ ᠵᠢᠴᠢ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠤ ᠮᠡᠳᠡᠭᠡ ᠵᠠᠩᠭᠢᠴᠢᠯᠠᠯᠲᠠ ᠶᠢᠨ | ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠶᠠᠪᠤᠴᠠ ᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | | ︵ᠬᠤᠶᠠᠷ︶ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠢ | ᠬᠢᠨᠠᠨ ᠪᠠᠶᠢᠴᠠᠭᠠᠵᠤ ᠵᠠᠳᠠᠯᠤᠨ ᠰᠢᠨᠵᠢᠯᠡᠵᠦ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠴᠤ ᠠᠵᠢᠯ | ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ | ᠡᠷᠬᠢᠯᠲᠡ ᠳᠤᠮᠳᠠᠬᠢ ᠨᠡᠭᠦᠷᠡᠰᠦ ᠴᠠᠬᠢᠯᠭᠠᠨ ᠲᠣᠰᠤᠨ ᠤ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ | ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠶᠢᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠲᠥᠰᠥᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠯᠴᠠᠵᠤ ᠴᠠᠬᠢᠯᠭᠠᠨ ᠬᠦᠴᠦᠨ ᠤ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠣᠬᠢᠴᠠᠭᠤᠯᠤᠨ ᠬᠠᠮᠠᠭᠠᠯᠠᠨ᠎ᠠ᠃ | | ︵ᠭᠤᠷᠪᠠ︶ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ | ᠱᠠᠲᠤᠨ ᠤ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠪᠡᠯᠡ | ᠣᠷᠣᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠲᠥᠷᠥᠯ ᠵᠦᠢᠯ ᠢ | ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ ᠬᠤᠰᠢᠭᠤ ᠱᠠᠲᠤᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠠ ᠳᠠᠩᠰᠠᠯᠠᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭ᠎ᠠ ᠪᠠ ᠵᠣᠬᠢᠴᠠᠭᠤᠯᠭ᠎ᠠ ᠶᠢ ᠵᠢᠯᠤᠭᠤᠳᠴᠤ ᠠᠵᠤ | ᠦᠢᠯᠡᠳᠪᠦᠷᠢ ᠶᠢᠨ ᠬᠦᠷᠢᠶᠡᠯᠡᠩ ᠬᠤᠰᠢᠭᠤᠨ ᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃ | | ︵ᠳᠥᠷᠪᠡ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠵᠢᠴᠢ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ | ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ | ᠪᠠ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠭᠢᠴᠢᠯᠠᠯᠲᠠ ᠶᠢᠨ ᠣᠨ ᠤ ᠬᠥᠭᠵᠢᠯᠲᠡ ᠶᠢᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠠᠵᠤ | ᠦᠢᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠳᠠᠪᠤᠰᠤᠨ ᠤ ᠦᠢᠯᠡᠰ ᠤᠨ ᠭᠤᠣᠯ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠬᠠᠤᠯᠢ ᠶᠤᠰᠤᠭᠠᠷ ᠬᠦᠢᠴᠡᠳᠭᠡᠨ᠎ᠡ᠃ ᠪᠥᠬᠦ ᠬᠤᠰᠢᠭᠤᠨ ᠤ ᠠᠷᠠᠳ ᠤᠨ ᠬᠡᠷᠡᠭᠯᠡᠭᠡᠨ ᠤ | ᠳᠡᠯᠪᠡᠷᠡᠬᠦ ᠠᠶᠤᠯᠳᠠᠢ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | ︵ᠲᠠᠪᠤ︶ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠪᠥᠬᠦ | ᠬᠤᠰᠢᠭᠤᠨ ᠤ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ | ᠡᠬᠢ ᠪᠠᠶᠠᠯᠢᠭ ᠤᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ | ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠬᠢ ᠠᠷᠪᠢᠯᠠᠬᠤ ᠶᠢ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ᠃ | | ︵ᠵᠢᠷᠭᠤᠭ᠎ᠠ︶ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠣᠭᠲᠠᠭᠠᠵᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠥᠬᠦ ᠬᠤᠰᠢᠭᠤᠨ ᠤ ᠭᠤᠣᠯᠳᠠᠯᠭ᠎ᠠ ᠲᠠᠢ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ | ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠯᠤᠰ ᠲᠠᠭᠠᠨ | ᠦᠢᠯᠡᠳᠪᠦᠷᠢᠯᠡᠬᠦ ᠶᠢ ᠠᠬᠢᠭᠤᠯᠤᠨ ᠣᠷᠣᠭᠤᠯᠤᠨ ᠠᠪᠴᠢᠷᠠᠭᠰᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ | ᠰᠢᠩᠭᠡᠭᠡᠯᠲᠡ ᠶᠢᠨ ᠰᠢᠨ᠎ᠡ ᠶᠢ ᠡᠭᠦᠳᠬᠦ ᠶᠢ ᠵᠢᠯᠤᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ | | ︵ᠳᠣᠯᠤᠭ᠎ᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠷᠢᠭᠤᠴᠠᠨ᠎ᠠ | ᠃ ᠮᠡᠳᠡᠭᠡ ᠵᠠᠩᠭᠢᠴᠢᠯᠠᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ | ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ | ᠵᠥᠭᠡᠯᠡᠨ ᠲᠤᠨᠤᠭ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ᠃ ᠪᠦᠬᠦ ᠬᠤᠰᠢᠭᠤᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠤᠬᠢᠴᠠᠭᠤᠯᠤᠨ᠎ᠠ᠃ ᠰᠦᠯᠵᠢᠶᠡᠨ ᠤ ᠡᠬᠢ ᠪᠠᠶᠠᠯᠢᠭ ᠢ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠮᠡᠳᠡᠭᠡ ᠵᠠᠩᠭᠢ ᠶᠢᠨ ᠳᠠᠶᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ | | ︵ᠨᠠᠢᠮᠠ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠷᠸ᠎ᠠ ᠵᠢᠯᠣᠭᠤᠳᠤᠯᠭ᠎ᠠ᠂ ᠶᠡᠷᠦᠩᠬᠡᠶᠢᠯᠡᠭᠰᠡᠨ | ᠵᠤᠬᠢᠴᠠᠭᠤᠯᠤᠯᠲᠠ ᠪᠠ ᠦᠢᠯᠡᠴᠢᠯᠡᠭᠡ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ | ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ | ᠪᠦᠬᠦᠢ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | | ︵ᠶᠢᠰᠦ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠵᠤ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠦᠢᠯᠡᠴᠢᠯᠡᠭᠡᠨ ᠤ | ᠠᠵᠤ ᠠᠬᠤᠶᠢᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠪᠠ ᠭᠤᠣᠯᠳᠠᠯᠭ᠎ᠠ ᠲᠠᠢ ᠭᠤᠣᠯᠯᠠᠭᠴᠢ ᠠᠵᠤ ᠠᠬᠤᠶᠢᠯᠠᠯ ᠤᠨ | ᠠᠵᠢᠯᠯᠠᠭᠠᠨ ᠤ ᠪᠠᠶᠢᠳᠠᠯ ᠢ ᠬᠢᠨᠠᠨ ᠪᠠᠶᠢᠴᠠᠭᠠᠵᠤ ᠵᠠᠳᠠᠯᠤᠨ ᠰᠢᠨᠵᠢᠯᠡᠵᠦ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | | ︵ᠠᠷᠪᠠ︶ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ ᠶᠡᠭᠡ ᠬᠡᠮᠵᠢᠶᠡᠨ ᠤ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠦᠪᠵᠢᠭᠦᠯᠭᠡ ᠪᠣᠯᠣᠨ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ ᠲᠥᠯᠦᠪᠵᠢᠭᠦᠯᠭᠡ ᠶᠢ ᠵᠢᠯᠣᠭᠤᠳᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠮᠠᠯᠵᠢᠬᠤ | ᠲᠠᠷᠢᠶᠠᠯᠠᠬᠤ ᠣᠷᠣᠨ ᠤ ᠣᠲᠣ ᠦᠶ᠎ᠡ ᠶᠢᠨ ᠭᠦᠢᠯᠭᠡᠭᠡᠨ ᠤ ᠲᠣᠣᠷ ᠰᠦᠯᠵᠢᠶ᠎ᠡ ᠶᠢᠨ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ ᠴᠠᠬᠢᠮ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ | ᠠᠵᠢᠯ ᠢ ᠦᠷᠨᠢᠬᠦᠯᠦᠨ᠎ᠡ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠤᠨ ᠠᠵᠢᠯ ᠢ ᠲᠦᠷᠦᠭᠦᠯᠡᠨ | ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ | ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ | | ︵ᠠᠷᠪᠠᠨ ᠨᠢᠭᠡ︶ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠵᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠣᠯᠣᠨ ᠨᠡᠶᠢᠭᠡᠮ ᠬᠤᠰᠢᠭᠤᠨ ᠤ | ᠬᠤᠳᠠᠯᠳᠤᠭᠠᠨ ᠤ ᠬᠥᠭᠵᠢᠯᠲᠡ ᠶᠢ ᠵᠢᠯᠤᠭᠤᠳᠴᠤ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ | ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶᠡᠵᠢᠭᠰᠡᠨ ᠡᠵᠡᠩᠨᠡᠯᠲᠡ᠂ ᠬᠤᠳᠠᠯᠳᠤᠭᠠᠨ ᠤ ᠣᠨᠴᠠ | ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠴᠠᠬᠢᠮ ᠬᠤᠳᠠᠯᠳᠤᠭᠠᠨ ᠤ | ᠶᠠᠪᠤᠳᠠᠯ ᠵᠡᠷᠭᠡ ᠣᠳᠣᠬᠢᠴᠢᠯᠠᠭᠰᠠᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃ | ᠪᠥᠬᠦ ᠬᠤᠰᠢᠭᠤᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠪᠠ | ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠵᠠᠬ᠎ᠠ | ᠳᠡᠯᠭᠡᠭᠦᠷ ᠤᠨ ᠠᠵᠢᠯᠯᠠᠭ᠎ᠠ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠪᠠᠶᠢᠴᠠᠭᠠᠵᠤ ᠵᠠᠳᠠᠯᠤᠨ | ᠰᠢᠨᠵᠢᠯᠡᠵᠦ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ | ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ | ᠲᠣᠬᠢᠷᠠᠭᠤᠯᠭ᠎ᠠ ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ | ᠬᠢᠨᠠᠵᠤ ᠬᠠᠮᠢᠶᠠᠷᠤᠨ᠎ᠠ᠃ | | ︵ᠠᠷᠪᠠᠨ ᠬᠤᠶᠠᠷ︶ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ | ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠤᠨ | ᠤᠯᠤᠰ ᠤᠨ ᠭᠠᠳᠠᠭᠠᠳᠤ ᠠᠷᠠᠯᠵᠢᠶᠠᠨ ᠤ ᠬᠤᠯᠪᠣᠭᠳᠠᠯ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ᠤᠯᠤᠰ ᠤᠨ ᠭᠠᠳᠠᠭᠠᠳᠤ ᠳᠤ ᠵᠣᠷᠢᠭᠤᠯᠤᠭᠰᠠᠨ ᠲᠧᠭᠨᠢᠭ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ | ᠬᠠᠮᠢᠶᠠᠷᠤᠯᠲᠠ ᠵᠢᠴᠢ ᠲᠧᠭᠨᠢᠭ ᠮᠡᠷᠭᠡᠵᠢᠯ᠂ ᠪᠦᠷᠢᠨ ᠲᠥᠬᠦᠷ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠦᠷᠦ ᠶᠢᠨ ᠪᠣᠳᠣᠯᠭ᠎ᠠ ᠪᠠ ᠰᠤᠷᠭᠠᠯᠲᠠ ᠳᠤ | ᠬᠠᠮᠤᠷᠤᠭᠤᠯᠬᠤ ᠠᠷᠠᠯᠵᠢᠶᠠᠨ ᠤ ᠬᠠᠮᠢᠶᠠᠷᠤᠯᠲᠠ ᠶᠢ ᠬᠡᠷᠡᠭᠵᠢᠬᠦᠯᠦᠨ᠎ᠡ᠃ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ ᠮᠡᠷᠭᠡᠵᠢᠯ ᠣᠷᠣᠭᠤᠯᠬᠤ᠂ ᠲᠥᠬᠦᠭᠡᠷᠦᠮᠵᠢ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ ᠤᠯᠤᠰ ᠠᠴᠠ | ᠬᠢᠵᠠᠭᠠᠷᠯᠠᠬᠤ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠤᠯᠤᠰ ᠤᠨ ᠦᠢᠯᠡᠴᠢᠯᠡᠭᠡᠨ ᠤ | ᠠᠷᠠᠯᠵᠢᠶ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ | ᠥᠷᠨᠢᠭᠦᠯᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠦᠢᠯᠡᠴᠢᠯᠡᠭᠡ ᠶᠢ | ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ | ᠲᠥᠯᠦᠪᠵᠢᠭᠦᠯᠭᠡ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠢᠯᠡᠴᠢᠯᠡᠭᠡ ᠶᠢ | ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ | | ︵ᠠᠷᠪᠠᠨ ᠭᠤᠷᠪᠠ︶ ᠣᠷᠣᠰ᠂ ᠮᠣᠩᠭᠤᠯ ᠤᠯᠤᠰ ᠪᠣᠯᠣᠨ ︽ᠨᠢᠭᠡ ᠪᠦᠰᠡ ᠨᠢᠭᠡ ᠵᠠᠮ︾ ᠤᠨ ᠱᠤᠭᠤᠮ | ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ | ᠭᠠᠳᠠᠭᠠᠳᠤ ᠲᠠᠢ ᠠᠵᠤ ᠠᠬᠤᠢ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ | ᠭᠠᠳᠠᠭᠠᠳᠤ ᠳᠤ ᠪᠠᠷᠢᠯᠭ᠎ᠠ ᠶᠢᠨ ᠠᠵᠢᠯ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠦᠢᠯᠡᠴᠢᠯᠡᠭᠡ ᠲᠣᠮᠢᠯᠠᠬᠤ᠂ | ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠭᠠᠳᠠᠭᠠᠳᠤ ᠳᠤ ᠪᠡᠯᠡ ᠣᠷᠣᠭᠤᠯᠤᠨ | ᠠᠵᠤ ᠠᠬᠤᠶᠢᠯᠠᠯ ᠡᠷᠬᠢᠯᠡᠬᠦ ︵ᠮᠥᠩᠭᠦᠨ ᠭᠦᠢᠯᠭᠡᠭᠡᠨ ᠤ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︶ ᠶᠢ | ᠵᠣᠬᠢᠴᠠᠭᠤᠯᠤᠨ᠎ᠠ᠃ ᠡᠷᠬᠡ ᠣᠯᠭᠤᠯᠲᠠ ᠶᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠭᠠᠳᠠᠭᠠᠳᠤ ᠤᠯᠤᠰ ᠲᠠᠢ ᠠᠵᠤ ᠠᠬᠤᠢ ᠠᠷᠠᠯᠵᠢᠶᠠᠨ ᠤ ᠬᠡᠯᠡᠯᠴᠡᠭᠡᠷ ᠬᠢᠬᠦ ᠶᠢᠨ ᠬᠠᠮᠲᠤ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ᠂ ᠤᠯᠤᠰ ᠤᠨ ᠢᠯᠭᠠᠯ ︵ᠭᠠᠵᠠᠷ ᠣᠷᠣᠨ︶ ᠤᠨ ᠣᠷᠣᠨ | ᠨᠤᠲᠤᠭ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠬᠠᠷᠢᠴᠠᠭᠠᠨ ᠤ ᠴᠢᠬᠤᠯᠠ ᠬᠡᠷᠡᠭ ᠶᠠᠪᠤᠳᠠᠯ ᠢ | ᠰᠢᠢᠳᠪᠦᠷᠢᠯᠡᠨ᠎ᠡ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠲᠠᠯ᠎ᠠ ᠶᠢᠨ ᠬᠤᠳᠠᠯᠳᠤᠭᠠᠨ ᠤ | ᠶᠠᠪᠤᠳᠠᠯ ᠤᠨ ᠪᠠᠶᠢᠭᠤᠯᠤᠮᠵᠢ᠂ ᠠᠯᠠᠱᠠ ᠵᠡᠭᠦᠨ ᠬᠤᠰᠢᠭᠤᠨ ᠳᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠨ ᠤ | ᠲᠥᠯᠥᠭᠡᠯᠡᠬᠦ ᠪᠠᠶᠢᠭᠤᠯᠤᠮᠵᠢ ᠪᠣᠯᠣᠨ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ | ᠶᠠᠮᠤᠨ ᠤ ᠭᠠᠵᠠᠷ ᠲᠠᠢ ᠬᠠᠷᠢᠯᠴᠠᠨ᠎ᠠ᠃ ᠳᠤᠮᠳᠠᠳᠤ ᠤᠯᠤᠰ ᠤᠨ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠳᠡᠭᠡᠳᠦ ᠱᠠᠲᠤᠨ ᠤ ᠬᠤᠳᠠᠯᠳᠤᠭᠠᠨ ᠤ | ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ ᠠᠯᠠᠱᠠ ᠵᠡᠭᠦᠨ | ᠬᠤᠰᠢᠭᠤᠨ ᠤ ᠠᠵᠤ ᠠᠬᠤᠶᠢᠯᠠᠯ ᠢ ᠬᠠᠪᠰᠤᠷᠤᠨ ᠤᠯᠤᠰ ᠤᠨ ᠭᠠᠳᠠᠭᠠᠳᠤ ᠳᠤ ᠲᠤᠰᠠᠯᠠᠬᠤ ᠠᠵᠤ ᠠᠬᠤᠶᠢᠯᠠᠯ ᠤᠨ | ᠬᠢᠷᠢ ᠬᠡᠮ ᠢ ᠭᠤᠶᠤᠴᠢᠯᠠᠨ ᠮᠡᠳᠡᠭᠦᠯᠵᠦ ᠥᠪᠡᠷᠲᠡᠭᠡᠨ ᠵᠠᠰᠠᠬᠤ ᠣᠷᠣᠨ ᠤ ᠳᠣᠷᠣᠭᠰᠢ ᠲᠣᠮᠢᠯᠠᠭᠰᠠᠨ ᠭᠠᠳᠠᠭᠠᠳᠤ ᠳᠤ | ᠲᠤᠰᠠᠯᠠᠬᠤ ᠲᠥᠷᠥᠯ ᠵᠦᠢᠯ ᠤᠨ ᠡᠭᠦᠷᠭᠡ ᠶᠢ ᠡᠭᠦᠷᠭᠡᠯᠡᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢᠨ ᠭᠤᠣᠯᠴᠢ ᠠᠷᠠᠯᠵᠢᠶ᠎ᠠ ᠶᠢᠨ ᠬᠤᠯᠪᠣᠭᠳᠠᠯ ᠪᠦᠬᠦᠢ ᠠᠵᠢᠯ ᠢ ᠵᠤᠬᠢᠴᠠᠭᠤᠯᠤᠨ ᠵᠢᠯᠤᠭᠤᠳᠤᠨ᠎ᠠ᠃ | | ︵ᠠᠷᠪᠠᠨ ᠳᠥᠷᠪᠡ︶ ᠬᠤᠰᠢᠭᠤ ᠱᠠᠲᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠯᠥᠪᠯᠡᠭᠡ᠂ | ᠲᠥᠰᠥᠯ ᠢ ᠲᠦᠷᠦᠭᠦᠯᠡᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ᠃ ᠤᠯᠤᠰ ᠤᠨ | ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠠᠵᠢᠯ ᠢ ᠲᠤᠭᠤᠰᠢᠯᠠᠭᠤᠯᠤᠨ ᠬᠡᠷᠡᠭᠵᠢᠭᠦᠯᠵᠦ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ | ᠠᠰᠢᠭᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠦᠯᠦᠪᠯᠡᠭᠡ ᠶᠢ | ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ | ᠪᠦᠬᠦᠢ ᠠᠵᠢᠯ ᠢ ᠬᠠᠷᠢᠭᠤᠴᠠᠵᠤ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ | ᠬᠤᠪᠢᠷᠠᠭᠤᠯᠬᠤ ᠵᠡᠷᠭᠡ ᠵᠦᠢᠯᠡᠰ ᠢ ᠵᠣᠬᠢᠴᠠᠭᠤᠯᠤᠨ ᠬᠠᠮᠵᠢᠯᠴᠠᠨ᠎ᠠ᠃ ᠪᠥᠬᠦ ᠬᠤᠰᠢᠭᠤᠨ ᠤ ᠴᠢᠨᠠᠷᠲᠠᠢ ᠠᠷᠠᠯᠵᠢᠶᠠᠴᠢᠨ | ᠤᠷᠢᠬᠤ ᠠᠵᠢᠯᠯᠠᠭ᠎ᠠ ᠶᠢ ᠬᠢᠨᠠᠨ ᠵᠢᠯᠣᠭᠤᠳᠤᠨ᠎ᠠ᠃ ᠪᠥᠬᠦ ᠬᠤᠰᠢᠭᠤᠨ ᠤ ᠴᠠᠬᠢᠮ ᠬᠤᠳᠠᠯᠳᠤᠭᠠᠨ ᠤ ᠶᠠᠪᠤᠳᠠᠯ ᠪᠠ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | | ︵ᠠᠷᠪᠠᠨ ᠲᠠᠪᠤ︶ ᠬᠤᠰᠢᠭᠤ ᠱᠠᠲᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠶᠢᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠪᠥᠬᠦ ᠬᠤᠰᠢᠭᠤᠨ ᠤ | ᠴᠢᠨᠠᠷᠲᠠᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠴᠢᠬᠤᠯᠠ ᠶᠡᠭᠡ ᠵᠠᠰᠠᠭ | ᠵᠠᠬᠢᠷᠭᠠᠨ ᠤ ᠬᠡᠷᠡᠭ ᠢ ᠭᠦᠢᠴᠡᠳᠬᠡᠨ᠎ᠡ᠃ | | ︵ᠠᠷᠪᠠᠨ ᠵᠢᠷᠭᠤᠭ᠎ᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | | |