| | ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠪᠣᠯ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠦ᠂ | ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃ ᠠᠯᠠᠱᠠ ᠵᠡᠭᠦᠨ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠢ ᠬᠤᠰᠢᠭᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ | ᠬᠠᠮᠢᠶᠠᠷᠤᠯᠲᠠ ᠶᠢᠨ ᠲᠤᠪᠴᠢᠶ᠎ᠠ ᠳᠤ ᠲᠤᠬᠢᠷᠠᠭᠤᠯᠪᠠ᠃ | ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠪᠠᠴᠢᠮ ᠪᠠᠶᠢᠳᠠᠯ ᠢ ᠰᠢᠢᠳᠪᠤᠷᠢᠯᠡᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠰᠢᠢᠳᠪᠤᠷᠢᠯᠡᠬᠦ | ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠴᠢᠨᠠᠷᠲᠠᠶ ᠬᠠᠤᠯᠢ ᠲᠦᠷᠢᠮ᠂ ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠬᠤᠲᠠ ᠶᠢᠨ | ᠪᠠᠴᠢᠮ ᠪᠠᠶᠢᠳᠠᠯ ᠢ ᠰᠢᠢᠳᠪᠤᠷᠢᠯᠡᠬᠦ ᠬᠠᠮᠢᠶᠠᠷᠤᠯᠲᠠ᠂ ᠠᠶᠤᠯᠬᠦᠢ ᠦᠢᠯᠡᠳᠪᠤᠷᠢᠯᠡᠯ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠤᠨ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠦᠷᠢᠯᠡᠬᠦ | ᠬᠠᠮᠢᠶᠠᠷᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ᠂ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ | ᠤᠬᠠᠭᠤᠯᠬᠤ ᠠᠵᠢᠯ ᠢ ᠬᠠᠷᠢᠭᠤᠴᠠᠨ᠎ᠠ᠃ | | ︵ᠬᠤᠶᠠᠷ︶ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠨ ᠠᠶᠤᠯᠭᠦᠶ ᠦᠢᠯᠡᠳᠪᠤᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠰᠢᠢᠳᠪᠤᠷᠢᠯᠡᠬᠦ ᠪᠠ ᠭᠠᠮᠰᠢᠭ ᠢ ᠶᠡᠷᠦᠩᠬᠡᠶᠢᠯᠡᠨ | ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠠᠵᠢᠯ ᠢ ᠵᠢᠯᠣᠭᠤᠳᠴᠤ᠂ ᠠᠶᠤᠯᠭᠦᠶ | ᠦᠢᠯᠡᠳᠪᠤᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠤᠯᠪᠣᠭᠳᠠᠯ ᠪᠥᠬᠦᠶ | ᠦᠢᠯᠡᠳᠪᠤᠷᠢ ᠠᠭᠤᠷᠬᠠᠶ ᠶᠢᠨ ᠠᠵᠢᠯ ᠲᠥᠷᠥᠯ ᠤᠨ ᠠᠶᠤᠯᠭᠦᠶ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | | ︵ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠲᠤᠭᠲᠠᠯᠴᠠᠭ᠎ᠠ ᠶᠢᠨ ᠪᠠᠶᠢᠭᠤᠯᠤᠯᠲᠠ᠂ | ᠠᠶᠤᠯᠬᠦᠢ ᠦᠢᠯᠡᠳᠪᠤᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | | ︵ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠲᠥᠰᠦᠯ ᠤᠨ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ | ᠬᠤᠪᠢᠶᠠᠨ ᠰᠢᠢᠳᠪᠤᠷᠢᠯᠡᠬᠦ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠪᠠᠴᠢᠮ | ᠪᠠᠶᠢᠳᠠᠯ ᠢ ᠰᠢᠢᠳᠪᠤᠷᠢᠯᠡᠬᠦ ᠶᠡᠷᠦᠩᠬᠡᠶ ᠲᠥᠰᠦᠯ ᠪᠠ ᠠᠶᠤᠯᠬᠦᠢ ᠦᠢᠯᠡᠳᠪᠤᠷᠢᠯᠡᠯ ᠤᠨ ᠲᠥᠷᠥᠯ᠂ ᠪᠠᠶᠢᠭᠠᠯᠢ ᠶᠢᠨ | ᠭᠠᠮᠰᠢᠭ ᠤᠨ ᠲᠥᠷᠥᠯ ᠤᠨ ᠲᠤᠰᠬᠠᠶ ᠲᠥᠰᠦᠯ ᠢ ᠨᠠᠶᠢᠷᠠᠭᠤᠯᠤᠨ ᠲᠤᠭᠲᠠᠭᠠᠵᠦ᠂ ᠪᠠᠴᠢᠮ ᠪᠠᠶᠢᠳᠠᠯ ᠢ ᠰᠢᠢᠳᠪᠤᠷᠢᠯᠡᠬᠦ | ᠲᠥᠰᠦᠯ ᠢ ᠵᠠᠯᠭᠠᠯᠳᠤᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ ᠬᠠᠮᠢᠶ᠎ᠠ ᠪᠥᠬᠦᠶ ᠲᠥᠰᠦᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠵᠦ ᠠᠶᠤᠯ ᠠᠴᠠ | ᠵᠠᠶᠢᠯᠠᠬᠤ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | | ︵ᠲᠠᠪᠤ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠪᠥᠬᠦ ᠬᠤᠰᠢᠭᠤᠨ ᠤ ᠪᠠᠴᠢᠮ ᠪᠠᠶᠢᠳᠠᠯ ᠢ | ᠰᠢᠢᠳᠪᠤᠷᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ ᠮᠡᠳᠡᠭᠡ ᠵᠠᠩᠭᠢ | ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠤᠷᠤᠭᠰᠢ ᠠᠬᠢᠭᠤᠯᠵᠤ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ | ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ | ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ | ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠰᠢᠢᠳᠪᠤᠷᠢᠯᠡᠬᠦ | ᠵᠢᠵᠢᠭᠦᠷᠯᠡᠨ ᠰᠠᠬᠢᠬᠤ ᠠᠵᠢᠯ ᠢ ᠡᠭᠦᠷᠭᠡᠯᠡᠵᠦ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠰᠢᠢᠳᠪᠤᠷᠢᠯᠡᠨ ᠠᠪᠤᠷᠠᠨ | ᠲᠤᠰᠠᠯᠠᠬᠤ ᠶᠢ ᠵᠣᠬᠢᠶᠠᠨ ᠪᠠᠶᠢᠭᠤᠯᠵᠦ ᠵᠢᠯᠣᠭᠤᠳᠤᠨ ᠵᠣᠬᠢᠴᠠᠭᠤᠯᠵᠤ᠂ ᠪᠥᠬᠦ ᠬᠤᠰᠢᠭᠤᠨ ᠤ ᠬᠦᠨᠳᠦ ᠶᠡᠭᠡ | ᠭᠠᠮᠰᠢᠭ ᠢ ᠰᠢᠢᠳᠪᠤᠷᠢᠯᠡᠬᠦ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ | ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠰᠢᠢᠳᠪᠤᠷᠢᠯᠡᠬᠦ ᠰᠠᠨᠠᠭᠤᠯᠭ᠎ᠠ ᠳᠤᠷᠠᠳᠴᠤ᠂ ᠳᠡᠭᠡᠳᠦ | ᠱᠠᠲᠤ ᠪᠤᠶᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠭᠤᠴᠠᠯᠭᠠᠲᠠᠨ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | | ︵ᠳᠣᠯᠤᠭ᠎ᠠ︶ ᠡᠷᠬᠡ ᠶᠢᠨ ᠬᠢᠵᠠᠭᠠᠷ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ | ᠰᠢᠢᠳᠪᠤᠷᠢᠯᠡᠬᠦ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ ᠪᠠᠴᠢᠮ ᠪᠠᠶᠢᠳᠠᠯ ᠢ | ᠰᠢᠢᠳᠪᠤᠷᠢᠯᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠵᠢᠯᠣᠭᠤᠳᠬᠤ | ᠲᠠᠪᠴᠠᠩ ᠤᠨ ᠵᠠᠯᠭᠠᠯᠳᠤᠭ᠎ᠠ ᠶᠢ ᠠᠬᠢᠭᠤᠯᠵᠤ ᠭᠠᠯ ᠲᠦᠢᠮᠡᠷ ᠢ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ᠂ ᠵᠡᠪᠰᠡᠭᠲᠦ ᠴᠠᠭᠳᠠᠭ᠎ᠠ᠂ ᠡᠷᠦᠬᠡ ᠶᠢᠨ ᠴᠡᠷᠢᠭ ᠤᠨ ᠡᠩᠨᠡᠭᠡ ᠶᠢᠨ ᠪᠠᠴᠢᠮ ᠪᠠᠶᠢᠳᠠᠯ ᠢ | ᠰᠢᠢᠳᠪᠤᠷᠢᠯᠡᠨ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠴᠢᠮ | ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠵᠢᠯᠣᠭᠤᠳᠴᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠭᠠᠯ ᠲᠦᠢᠮᠡᠷ ᠢ ᠤᠨᠲᠠᠷᠠᠭᠠᠬᠤ᠂ ᠣᠶ | ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ | ᠠᠪᠤᠷᠬᠠᠤ᠂ ᠭᠠᠵᠠᠷ ᠬᠥᠳᠡᠯᠦᠯᠲᠡ ᠪᠠ ᠭᠸᠣᠯᠤᠬᠢ ᠶᠢᠨ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠤᠷᠢᠯᠡᠯ ᠤᠨ | ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠲᠤᠰᠬᠠᠶ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠤᠭᠤᠳᠴᠤ ᠡᠯ᠎ᠡ ᠰᠤᠮᠤ ᠪᠠᠯᠭᠠᠰᠤ᠂ ᠡᠯ᠎ᠡ | ᠰᠠᠯᠠᠭ᠎ᠠ ᠮᠥᠴᠢᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠶᠢ ᠵᠢᠯᠣᠭᠤᠳᠤᠨ᠎ᠠ᠃ | | ︵ᠨᠠᠢᠮᠠ︶ ᠡᠷᠬᠡ ᠶᠢᠨ ᠬᠢᠵᠠᠭᠠᠷ ᠶᠤᠰᠤᠭᠠᠷ ᠪᠥᠬᠦ ᠬᠤᠰᠢᠭᠤᠨ ᠤ ᠭᠠᠯ ᠲᠦᠢᠮᠡᠷ ᠢ ᠤᠨᠲᠠᠷᠠᠭᠠᠬᠤ ᠠᠵᠢᠯ ᠳᠤ | ᠬᠢᠨᠠᠯᠲᠠ ᠲᠠᠯᠪᠢᠬᠤ᠂ ᠭᠠᠯ ᠤᠨ ᠭᠠᠮᠰᠢᠭ ᠢ ᠰᠡᠷᠭᠡᠶᠢᠯᠡᠬᠦ᠂ ᠭᠠᠯ ᠤᠨ ᠭᠠᠮᠰᠢᠭ ᠠᠴᠠ ᠠᠪᠤᠷᠬᠠᠤ ᠵᠡᠷᠭᠡ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ | | ︵ᠶᠢᠰᠦ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠦᠶᠡᠷ | ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠸᠣᠯᠤᠬᠢ ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ | ᠵᠢᠯᠣᠭᠤᠳᠤᠨ ᠵᠣᠬᠢᠴᠠᠭᠤᠯᠵᠤ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠬᠦᠯᠬᠦ ᠠᠵᠢᠯ ᠢ ᠬᠠᠷᠢᠭᠤᠴᠠᠨ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ | ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | | ︵ᠠᠷᠪᠠ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ | ᠠᠪᠤᠷᠠᠬᠤ ᠲᠤᠰᠠᠯᠠᠮᠵᠢ ᠬᠠᠨᠳᠢᠪ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠭᠠᠮᠰᠢᠭ ᠠᠴᠠ ᠠᠪᠤᠷᠠᠬᠤ | ᠵᠣᠭᠤᠰ ᠮᠥᠩᠭᠦ ᠡᠳ᠋ ᠪᠠᠷᠠᠭ᠎ᠠ ᠶᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠭᠡᠷᠡᠭᠯᠡᠬᠦ ᠳᠤ ᠬᠢᠨᠠᠯᠲᠠ ᠲᠠᠯᠪᠢᠨ᠎ᠡ᠃ | | | ︵ᠠᠷᠪᠠᠨ ᠨᠢᠭᠡ︶ ᠪᠥᠬᠦ ᠬᠤᠰᠢᠭᠤᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠵᠢᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ ᠪᠥᠬᠦ ᠬᠤᠰᠢᠭᠤᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ | ᠲᠦᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠵᠤ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠤ ᠦᠨᠡᠯᠡᠯᠲᠡ ᠬᠠᠮᠢᠶᠠᠷᠤᠯᠲᠠ ᠪᠠ ᠭᠠᠵᠠᠷ ᠬᠥᠳᠡᠯᠦᠯᠲᠡ ᠠᠴᠠ | ᠰᠡᠷᠭᠡᠶᠢᠯᠡᠬᠦ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ | | ︵ᠠᠷᠪᠠᠨ ᠬᠤᠶᠠᠷ︶ ᠪᠥᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ ᠬᠤᠰᠢᠭᠤ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠦᠷᠢᠶᠡᠯᠡᠩ ᠲᠣᠭᠤᠷᠢᠭ᠂ ᠰᠤᠮᠤ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠤ ᠠᠶᠤᠯᠬᠦᠢ ᠦᠢᠯᠡᠳᠪᠤᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ | ᠪᠠᠶᠢᠴᠠᠭᠠᠵᠤ ᠠᠶᠤᠯᠬᠦᠢ ᠦᠢᠯᠡᠳᠪᠤᠷᠢᠯᠡᠯ ᠤᠨ ᠱᠠᠭᠠᠷᠳᠠᠨ ᠪᠠᠶᠢᠴᠠᠭᠠᠯᠲᠠ᠂ ᠰᠢᠯᠭᠠᠨ ᠬᠢᠨᠠᠯᠳᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | | ︵ᠠᠷᠪᠠᠨ ᠭᠤᠷᠪᠠ︶ ᠲᠡᠰ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ ᠨᠡᠭᠦᠷᠡᠰᠦᠨ | ᠠᠭᠤᠷᠬᠠᠢ ᠠᠴᠠ ᠪᠤᠰᠤᠳ ᠠᠭᠤᠷᠬᠠᠶ᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ | ᠮᠧᠬᠠᠨᠢᠭ᠂ ᠬᠥᠡᠭᠭᠡᠨ ᠠᠵᠤ ᠦᠢᠯᠡᠳᠪᠦᠷᠢ᠂ ᠨᠡᠬᠡᠮᠡᠯ᠂ ᠲᠠᠮᠠᠬᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠠᠶᠤᠯᠬᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ | ᠪᠠᠶᠢᠳᠠᠯ ᠬᠢᠭᠡᠳ ᠠᠶᠤᠯᠬᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ | ︵ᠣᠨᠴᠠ ᠲᠥᠷᠥᠯ ᠤᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ | ᠬᠠᠮᠠᠭᠠᠯᠠᠯᠲᠠ ᠶᠢᠨ ᠬᠡᠷᠡᠭᠰᠡᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ | ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠬᠠᠤᠯᠢ | ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠶ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | | ︵ᠠᠷᠪᠠᠨ ᠲᠥᠷᠪᠡ︶ ᠦᠢᠯᠡᠳᠪᠦᠷᠢᠯᠡᠯ ᠤᠨ ᠠᠶᠤᠯᠬᠦᠢ ᠶᠢᠨ ᠡ᠊ᠨᠳᠡᠯ ᠢ ᠪᠠᠶᠢᠴᠠᠭᠠᠨ ᠰᠢᠢᠳᠪᠤᠷᠢᠯᠡᠬᠦ ᠶᠢ | ᠬᠠᠤᠯᠢ ᠶᠣᠰᠣᠭᠠᠷ ᠡᠷᠬᠡ ᠲᠤᠰᠢᠶᠠᠯ ᠢᠶᠠᠨ ᠦᠨᠳᠦᠰᠦᠯᠡᠨ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠨᠳᠡᠯ ᠢ | ᠪᠠᠶᠢᠴᠠᠭᠠᠨ ᠰᠢᠢᠳᠪᠤᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ | ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | | ︵ᠠᠷᠪᠠᠨ ᠲᠠᠪᠤ︶ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠡᠳ᠋ ᠪᠣᠳᠠᠰ ᠤᠨ ᠨᠥᠭᠡᠴᠡᠯᠡᠯᠲᠡ | ᠪᠠ ᠪᠠᠴᠢᠮ ᠪᠠᠶᠢᠳᠠᠯ ᠢ ᠰᠢᠢᠳᠪᠤᠷᠢᠯᠡᠬᠦ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠤᠰᠢᠭᠤ ᠠᠮᠤ ᠪᠤᠳᠠᠭ᠎ᠠ ᠪᠠ ᠡᠳ᠋ ᠪᠣᠳᠠᠰ ᠤᠨ | ᠨᠥᠭᠡᠴᠡᠯᠡᠯᠲᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠰᠢᠢᠳᠪᠤᠷᠢᠯᠡᠬᠦ ᠡᠳ᠋ ᠪᠣᠳᠠᠰ ᠤᠨ | ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ ᠭᠠᠮᠰᠢᠭ ᠠᠴᠠ | ᠠᠪᠤᠷᠠᠬᠤ ᠳᠠᠭᠠᠨ ᠨᠢᠭᠡᠳᠦᠯᠲᠡᠶ ᠳᠣᠭᠢᠷᠠᠭᠤᠯᠤᠨ᠎ᠠ᠃ | | ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠬᠠᠮᠢᠶᠠᠷᠤᠯᠲᠠ᠂ ᠠᠶᠤᠯᠬᠦᠢ | ᠦᠢᠯᠡᠳᠪᠤᠷᠢᠯᠡᠯ ᠤᠨ ᠤᠬᠠᠭᠤᠯᠭ᠎ᠠ ᠬᠥᠮᠦᠵᠢᠯ ᠪᠠ ᠰᠤᠷᠭᠠᠯᠲᠠ ᠶᠢᠨ ᠠᠵᠢᠯ ᠢ ᠬᠠᠷᠢᠭᠤᠴᠠᠵᠤ ᠪᠠᠴᠢᠮ ᠪᠠᠶᠢᠳᠠᠯ ᠢ | ᠰᠢᠢᠳᠪᠤᠷᠢᠯᠡᠬᠦ ᠬᠠᠮᠢᠶᠠᠷᠤᠯᠲᠠ᠂ ᠠᠶᠤᠯᠬᠦᠢ ᠦᠢᠯᠡᠳᠪᠤᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ | ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | | ︵ᠠᠷᠪᠠᠨ ᠳᠣᠯᠤᠭ᠎ᠠ︶ ᠲᠣᠰ ᠱᠠᠲᠤᠨ ᠤ ᠪᠠᠴᠢᠮ ᠪᠠᠶᠢᠳᠠᠯ ᠢ ᠰᠢᠢᠳᠪᠤᠷᠢᠯᠡᠬᠦ ᠬᠠᠮᠢᠶᠠᠷᠤᠯᠲᠠ᠂ ᠠᠶᠤᠯᠬᠦᠢ | ᠦᠢᠯᠡᠳᠪᠤᠷᠢᠯᠡᠯ ᠤᠨ ᠬᠦᠷᠢᠶ᠎ᠡ ᠴᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ | ᠪᠥᠬᠦ ᠬᠤᠰᠢᠭᠤᠨ ᠤ ᠴᠢᠨᠠᠷᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠦ | ᠵᠠᠰᠠᠭ ᠵᠠᠬᠢᠷᠭᠠᠨ ᠤ ᠬᠡᠷᠡᠭ ᠢ ᠬᠦᠢᠴᠡᠳᠭᠡᠨ᠎ᠡ᠃ | | ︵ᠠᠷᠪᠠᠨ ᠨᠠᠢᠮᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | | ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠬᠤᠰᠢᠭᠤ ᠪᠠᠴᠢᠮ ᠪᠠᠶᠢᠳᠠᠯ ᠢ ᠲᠦᠷᠭᠡᠨ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠪᠠᠴᠢᠮ ᠪᠠᠶᠢᠳᠠᠯ ᠢ ᠰᠢᠢᠳᠪᠤᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠤᠨ ᠨᠢᠭᠡᠳᠦᠯᠲᠡᠶ ᠲᠥᠯᠥᠪᠵᠢᠬᠦᠯᠵᠦ᠂ | ᠨᠢᠭᠡᠳᠦᠯᠲᠡᠶ ᠤᠳᠤᠷᠢᠳᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ | ᠪᠠᠴᠢᠮ ᠪᠠᠶᠢᠳᠠᠯ ᠢ ᠰᠢᠢᠳᠪᠤᠷᠢᠯᠡᠬᠦ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ ᠨᠢᠭᠡᠳᠦᠯᠲᠡᠶ ᠵᠢᠯᠣᠭᠤᠳᠬᠤ᠂ ᠲᠤᠰᠬᠠᠶ | ᠪᠠᠶᠢᠩᠭᠤ ᠶᠢ ᠬᠤᠤᠰᠯᠠᠭᠤᠯᠬᠤ᠂ ᠬᠤᠷᠴᠠ ᠰᠡᠷᠭᠡᠭ ᠪᠠᠶᠢᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠬᠦ᠂ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠰᠢᠢᠳᠪᠤᠷᠢᠯᠡᠬᠦ | ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠰᠡᠷᠭᠡᠶᠢᠯᠡᠬᠦ ᠪᠠᠷ ᠭᠤᠣᠯ ᠪᠣᠯᠭᠠᠵᠤ᠂ | ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ | ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠨᠢᠭᠡᠳᠬᠡᠬᠦ ᠶᠢ ᠪᠠᠷᠢᠮᠲᠠᠯᠠᠵᠤ᠂ | ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ | ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠳᠡᠰᠢ ᠬᠤᠪᠢᠷᠠᠭᠤᠯᠬᠤ᠂ ᠲᠠᠩ ᠭᠠᠭᠴᠠ ᠭᠠᠮᠰᠢᠭ ᠤᠨ ᠲᠦᠷᠦᠯ ᠢ | ᠰᠢᠢᠳᠪᠤᠷᠢᠯᠡᠵᠦ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠳᠡᠰᠢ ᠬᠤᠪᠢᠷᠠᠭᠤᠯᠬᠤ᠂ ᠭᠠᠮᠰᠢᠭ ᠤᠨ | ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠳᠡᠰᠢ | ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ ᠪᠠᠴᠢᠮ ᠪᠠᠶᠢᠳᠠᠯ ᠢ ᠰᠢᠢᠳᠪᠤᠷᠢᠯᠡᠬᠦ ᠬᠠᠮᠢᠶᠠᠷᠤᠯᠲᠠ ᠶᠢᠨ ᠬᠢᠷᠢ ᠲᠦᠪᠰᠢᠨ | ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ | ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠮᠦᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠨ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ | ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ | ᠦᠨᠡᠨ ᠬᠦ ᠪᠠᠲᠤᠯᠠᠨ ᠪᠠᠴᠢᠮ ᠪᠠᠶᠢᠳᠠᠯ ᠢ ᠰᠢᠢᠳᠪᠤᠷᠢᠯᠡᠬᠦ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠨ | ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ ᠤᠯᠠᠨ ᠲᠦᠮᠡᠨ ᠤ | ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠤᠨ | ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠠᠶᠤᠯᠭᠦᠶ | ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ | ᠲᠡᠭᠦᠯᠳᠡᠷᠵᠢᠭᠦᠯᠤᠨ ᠬᠦᠨᠳᠦ ᠶᠡᠭᠡ ᠣᠨᠴᠠ ᠶᠡᠭᠡ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ᠬᠤᠰᠢᠭᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ | ᠪᠠᠴᠢᠮ ᠪᠠᠶᠢᠳᠠᠯ ᠢ ᠰᠢᠢᠳᠪᠤᠷᠢᠯᠡᠬᠦ ᠶᠡᠷᠦᠩᠬᠡᠶ ᠲᠥᠰᠦᠯ ᠪᠠ ᠠᠶᠤᠯᠬᠦᠢ ᠦᠢᠯᠡᠳᠪᠤᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠲᠤᠭᠳᠠᠭᠠᠬᠤ ᠶᠢ ᠬᠠᠷᠢᠭᠤᠴᠠᠵᠤ ᠪᠠᠴᠢᠮ ᠪᠠᠶᠢᠳᠠᠯ ᠢ ᠰᠢᠢᠳᠪᠤᠷᠢᠯᠡᠬᠦ ᠲᠥᠰᠦᠯ ᠢ ᠵᠠᠯᠭᠠᠯᠳᠤᠭᠤᠯᠬᠤ ᠠᠵᠢᠯ ᠢ | ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ ᠪᠠᠶᠢᠭᠠᠯᠢ ᠶᠢᠨ ᠭᠠᠮᠰᠢᠭ ᠤᠨ ᠲᠥᠷᠥᠯ ᠤᠨ | ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ | ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠢᠵᠠᠭᠠᠷ ᠶᠣᠰᠣᠭᠠᠷ ᠲᠣᠭᠲᠠᠭᠠᠯ ᠭᠠᠷᠭᠠᠨ᠎ᠠ᠃ | ᠬᠦᠨᠳᠦ ᠶᠡᠭᠡ ᠭᠠᠮᠰᠢᠭ ᠢ ᠰᠢᠢᠳᠪᠤᠷᠢᠯᠡᠬᠦ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ | ᠪᠠᠶᠢᠳᠠᠯ ᠢ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠵᠦ᠂ ᠬᠠᠮᠢᠶ᠎ᠠ ᠪᠥᠬᠦᠢ | ᠰᠠᠯᠠᠭ᠎ᠠ ᠮᠥᠴᠢᠷ ᠤᠨ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠦᠶᠡᠷ ᠭᠠᠩ ᠤᠨ | ᠭᠠᠮᠰᠢᠭ᠂ ᠭᠠᠵᠠᠷ ᠬᠥᠳᠡᠯᠦᠯᠲᠡ ᠪᠣᠯᠤᠨ ᠭᠸᠣᠯᠤᠬᠢ ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ ᠬᠤᠰᠢᠭᠤ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ | ᠰᠢᠢᠳᠪᠤᠷᠢᠯᠡᠬᠦ ᠨᠢᠭᠡᠳᠦᠯᠲᠡᠶ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ ᠪᠠᠶᠢᠭᠠᠯᠢ ᠶᠢᠨ | ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ | ᠪᠦᠷᠢᠨᠰᠢᠬᠦᠯᠵᠦ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠭᠰᠠᠨ | ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠤᠯᠠᠨ ᠲᠦᠷᠦᠯ ᠤᠨ ᠭᠠᠮᠰᠢᠭ ᠪᠠ ᠭᠠᠮᠰᠢᠭ ᠤᠨ ᠬᠡᠯᠬᠢᠶ᠎ᠡ ᠶᠢ | ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ | ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠬᠦᠯᠬᠦ ᠪᠠ ᠭᠠᠯ ᠤᠨ | ᠠᠶᠤᠯ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠭᠸᠣᠯᠤᠬᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠸᠣᠯᠤᠬᠢ ᠶᠢᠨ | ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ | ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ | ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ | ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ ᠭᠸᠣᠯᠤᠬᠢ ᠶᠢᠨ | ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠸᠣᠯᠤᠬᠢ ᠶᠢᠨ ᠭᠠᠮᠰᠢᠭ ᠤᠨ | ᠪᠠᠴᠢᠮ ᠪᠠᠶᠢᠳᠠᠯ ᠢ ᠰᠢᠢᠳᠪᠤᠷᠢᠯᠡᠵᠦ ᠠᠪᠤᠷᠠᠨ ᠲᠤᠰᠠᠯᠠᠬᠤ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | | ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ | ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ | ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠪᠠᠷᠢᠯᠭ᠎ᠠ ᠶᠢᠨ ᠦᠶᠡᠷ ᠤᠨ ᠤᠰᠤ ᠶᠢ | ᠰᠡᠷᠭᠡᠶᠢᠯᠡᠨ ᠭᠠᠩ ᠤᠨ ᠭᠠᠮᠰᠢᠭ ᠲᠠᠢ ᠲᠡᠮᠡᠴᠡᠬᠦ ᠲᠤᠬᠢᠷᠠᠭᠤᠯᠤᠯᠳᠠ ᠪᠣᠯᠤᠨ ᠪᠠᠴᠢᠮ ᠪᠠᠶᠢᠳᠠᠯ ᠢ ᠰᠢᠢᠳᠪᠤᠷᠢᠯᠡᠬᠦ | ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠵᠦ ᠲᠡᠰ | ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠦᠶᠡᠷ ᠤᠨ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠠᠵᠢᠯ ᠢ ᠡᠭᠦᠷᠭᠡᠯᠡᠨ᠎ᠡ᠃ | ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠪᠠᠴᠢᠮ ᠪᠠᠶᠢᠳᠠᠯ ᠢ ᠰᠢᠢᠳᠪᠤᠷᠢᠯᠡᠵᠦ ᠠᠶᠤᠯ ᠠᠴᠠ ᠠᠪᠤᠷᠠᠬᠤ | ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠦᠶᠡᠷ ᠬᠤᠷᠠᠭᠤᠯᠬᠤ ᠣᠷᠣᠨ ᠤ ᠠᠶᠤᠯᠬᠦᠢ ᠶᠢᠨ | ᠪᠥᠳᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠤᠨ᠎ᠠ᠃ | ᠤᠰᠤᠨ ᠠᠰᠢᠭᠯᠠᠯᠲᠠ ᠶᠢᠨ ᠲᠦᠬᠦᠬᠡᠷᠤᠮᠵᠢ ᠶᠢᠨ ᠰᠦᠢᠳᠤᠭ᠍ᠰᠡᠨ ᠪᠠᠶᠢᠳᠠᠯ ᠢ ᠬᠠᠷᠢᠭᠤᠴᠠᠨ ᠪᠦᠷᠢᠳᠬᠡᠵᠦ᠂ | ᠣᠰᠣᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠡᠯᠪᠢᠨ ᠵᠠᠰᠠᠬᠤ ᠪᠠ ᠭᠠᠩ ᠬᠠᠭᠰᠠᠷᠠᠭᠠᠨ ᠲᠠᠢ | ᠲᠡᠮᠡᠴᠡᠬᠦ ᠵᠠᠷᠤᠳᠠᠯ ᠤᠨ ᠰᠠᠨᠠᠭᠤᠯᠭ᠎ᠠ ᠶᠢᠨ ᠲᠤᠬᠢᠷᠠᠭᠤᠯᠤᠯᠳᠠ ᠶᠢ ᠳᠤᠷᠠᠳᠴᠤ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠠᠴᠢᠮ ᠪᠠᠶᠢᠳᠠᠯ ᠢ ᠰᠢᠢᠳᠪᠤᠷᠢᠯᠡᠬᠦ ᠦᠶᠡᠷ᠂ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ ᠢ | ᠵᠢᠯᠣᠭᠤᠳᠤᠨ ᠬᠡᠷᠡᠭᠵᠢᠭᠦᠯᠦᠨ᠎ᠡ᠃ | ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠨ ᠭᠠᠩ ᠤᠨ ᠭᠠᠮᠰᠢᠭ ᠲᠠᠢ ᠲᠡᠮᠡᠴᠡᠬᠦ ᠵᠢᠯᠣᠭᠤᠳᠬᠤ ᠪᠠᠶᠢᠭᠤᠯᠤᠮᠵᠢ ᠨᠢ ᠬᠤᠰᠢᠭᠤ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠨ ᠭᠠᠩ ᠤᠨ ᠭᠠᠮᠰᠢᠭ ᠲᠠᠢ ᠲᠡᠮᠡᠴᠡᠬᠦ ᠵᠢᠯᠣᠭᠤᠳᠬᠤ ᠭᠠᠵᠠᠷ ᠵᠢᠴᠢ ᠤᠰᠤᠨ | ᠠᠰᠢᠭᠯᠠᠯᠲᠠ ᠶᠢᠨ ᠲᠣᠪᠴᠢᠶᠠᠨ ᠤ ᠦᠶᠡᠷ ᠢ ᠰᠡᠷᠭᠡᠶᠢᠯᠡᠨ ᠭᠠᠩ ᠤᠨ ᠭᠠᠮᠰᠢᠭ ᠲᠠᠢ ᠲᠡᠮᠡᠴᠡᠬᠦ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠦ ᠬᠤᠰᠢᠭᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ | ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠵᠢᠭᠠᠪᠤᠷᠢ ᠶᠢ ᠬᠡᠷᠡᠭᠵᠢᠭᠦᠯᠦᠨ᠎ᠡ᠃ | ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠵᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠲᠤᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ | ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠯᠲᠠ | ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠵᠢᠴᠢ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ | ᠰᠢᠢᠳᠪᠤᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ | ᠠᠵᠢᠯ ᠤᠨ ᠪᠠᠶᠢᠳᠠᠯ ᠢᠶᠠᠨ ᠦᠨᠳᠦᠰᠦᠯᠡᠵᠦ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ ᠠᠴᠠ ᠬᠤᠰᠢᠭᠤ ᠪᠠᠴᠢᠮ ᠪᠠᠶᠢᠳᠠᠯ ᠢ ᠰᠢᠢᠳᠪᠤᠷᠢᠯᠡᠬᠦ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ | ᠬᠤᠰᠢᠭᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠮᠢᠶ᠎ᠠ ᠪᠥᠬᠦᠶ | ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠦ ᠪᠤᠯᠤᠨ᠎ᠠ᠃ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠤᠨ | ᠨᠥᠭᠡᠴᠡᠯᠡᠯᠲᠡ ᠶᠢᠨ ᠲᠣᠪᠴᠢᠶ᠎ᠠ︶ ᠤᠨ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠯᠲᠡ ᠶᠢᠨ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠰᠢᠭᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ | ᠬᠤᠰᠢᠭᠤᠨ ᠤ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠ | ᠬᠡᠷᠡᠭᠯᠡᠬᠦ ᠰᠢᠢᠳᠪᠤᠷᠢᠲᠤ ᠪᠣᠳᠣᠯᠭ᠎ᠠ ᠶᠢ ᠬᠠᠷᠢᠭᠤᠴᠠᠨ ᠳᠤᠷᠠᠳᠴᠤ ᠪᠥᠬᠦ ᠬᠤᠰᠢᠭᠤᠨ ᠤ ᠭᠠᠮᠰᠢᠭ ᠠᠴᠠ ᠠᠪᠤᠷᠬᠠᠤ | ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠵᠦ᠂ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶ᠎ᠠ︶ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ | ᠵᠠᠷᠯᠢᠭ ᠪᠠᠭᠤᠯᠭᠠᠨ᠎ᠠ᠃ | ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ︶ ᠨᠢ ᠪᠥᠬᠦ ᠬᠤᠰᠢᠭᠤᠨ ᠤ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠬᠦ | ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ | ᠦᠨᠳᠦᠰᠦᠯᠡᠨ ᠪᠥᠬᠦ ᠬᠤᠰᠢᠭᠤᠨ ᠤ ᠭᠠᠮᠰᠢᠭ ᠠᠴᠠ ᠠᠪᠤᠷᠬᠠᠤ ᠡᠳ᠋ ᠪᠣᠳᠠᠰ ᠤᠨ ᠬᠤᠳᠠᠯᠳᠤᠨ ᠠᠪᠴᠤ ᠨᠥᠭᠡᠴᠡᠯᠡᠬᠦ | ᠡᠭᠡᠯᠵᠢᠯᠡᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ ᠬᠤᠰᠢᠭᠤ ᠪᠠᠴᠢᠮ ᠪᠠᠶᠢᠳᠠᠯ ᠢ ᠲᠦᠷᠭᠡᠨ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠵᠠᠷᠯᠢᠭ ᠵᠢᠭᠠᠪᠤᠷᠢ ᠶᠢ ᠦᠨᠳᠦᠰᠦᠯᠡᠨ ᠠᠯᠬᠤᠮ ᠳᠠᠷᠠᠭ᠎ᠠ ᠪᠠᠷ | ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ |