| | ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠲᠥᠪ | ᠬᠤᠷᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠶᠢ | ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠣᠨ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭᠠᠯᠢ ᠶᠢᠨ ᠡᠬᠢ | ᠪᠠᠶᠠᠯᠢᠭ ᠤᠨ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠰᠥᠯ ᠵᠡᠷᠭᠡ ᠲᠦᠷᠦ ᠶᠢᠨ ᠪᠣᠳᠣᠯᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | | ︵ᠬᠤᠶᠠᠷ︶ ᠪᠦᠬᠦ ᠠᠷᠠᠳ ᠤᠨ ᠨᠡᠶᠢᠲᠡ ᠶᠢᠨ ᠥᠮᠴᠢᠯᠡᠯᠲᠤ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ | ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠰᠤᠳᠤᠯᠬᠤ ᠪᠠ ᠨᠠᠶᠢᠷᠠᠭᠤᠯᠤᠨ ᠲᠤᠭᠲᠠᠭᠠᠬᠤ ᠠᠵᠢᠯ ᠢ | ᠵᠣᠬᠢᠶᠠᠨ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠬᠠᠮᠢᠶᠠᠷᠤᠯᠲᠠ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠲᠠᠭᠠᠨ᠎ᠠ᠃ | | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ | ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ | ᠭᠦᠢᠴᠡᠳᠬᠡᠯ ᠲᠤᠭ᠎ᠠ ᠶᠢᠨ ᠰᠢᠰᠲ᠋ᠧᠮᠵᠢ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠣᠨ ᠥᠪᠡᠷᠲᠡᠭᠡᠨ ᠵᠠᠰᠠᠬᠤ ᠣᠷᠣᠨ | ᠂ ᠬᠤᠲᠠ ᠶᠢᠨ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ ᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ | ᠲᠦᠷᠦᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ | ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠳᠤ ᠬᠢᠨᠠᠯᠲᠠ ᠲᠠᠯᠪᠢᠵᠤ ᠬᠠᠮᠢᠶᠠᠷᠬᠤ | ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠠᠵᠢᠯ ᠢ | ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ | ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ | ᠦᠯᠦ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ | ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ | ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠬᠢᠨᠠᠨ ᠬᠠᠮᠢᠶᠠᠷᠤᠨ᠎ᠠ᠃ | | ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠵᠤ ᠤᠯᠤᠰ ᠠᠴᠠ ᠲᠣᠭᠲᠠᠭᠠᠭᠰᠠᠨ ᠪᠥᠬᠦ ᠠᠷᠠᠳ ᠤᠨ ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ ᠳᠦᠷᠢᠮ ᠶᠣᠰᠣᠭᠠᠷ᠂ ᠪᠥᠬᠦ ᠬᠤᠰᠢᠭᠤᠨ ᠤ ᠪᠥᠬᠦ ᠠᠷᠠᠳ ᠤᠨ | ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ | ᠬᠠᠷᠢᠭᠤᠴᠠᠨ᠎ᠠ᠃ ᠪᠥᠬᠦ ᠬᠤᠰᠢᠭᠤᠨ ᠤ ᠪᠥᠬᠦ ᠠᠷᠠᠳ ᠤᠨ ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠤᠨ ᠲᠤᠭᠲᠠᠭᠠᠵᠤ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠰᠢᠯᠭᠠᠬᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠪᠦᠬᠦ ᠠᠷᠠᠳ ᠤᠨ ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ | ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ ᠬᠠᠩᠰᠢᠯᠠᠨ ᠪᠡᠯᠡ ᠭᠠᠷᠭᠠᠬᠤ ᠪᠠ | ᠭᠠᠵᠠᠷ ᠰᠢᠷᠣᠢ ᠶᠢ ᠨᠥᠭᠡᠴᠡᠯᠡᠬᠦ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠦᠬᠦ | ᠠᠷᠠᠳ ᠤᠨ ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ | ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ | ᠬᠠᠮᠢᠶᠠᠷᠤᠯᠲᠠ ᠶᠢ ᠬᠠᠷᠢᠭᠤᠴᠠᠵᠤ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ | ᠬᠤᠷᠢᠶᠠᠨ ᠠᠪᠤᠨ᠎ᠠ᠃ | | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ | ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠵᠤ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠵᠠᠰᠠᠭ ᠤᠨ ᠣᠷᠳᠣᠨ ᠠᠴᠠ ᠵᠠᠷᠯᠠᠨ ᠨᠡᠶᠢᠲᠡᠯᠡᠭᠰᠡᠨ ᠪᠠᠶᠢᠭᠠᠯᠢ ᠶᠢᠨ | ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ ᠪᠠᠶᠢᠭᠠᠯᠢ ᠶᠢᠨ ᠡᠬᠢ ᠪᠠᠶᠠᠯᠢᠭ ᠢ ᠲᠡᠰ ᠬᠤᠪᠢᠶᠠᠨ | ᠲᠡᠰ ᠲᠣᠭᠲᠠᠭᠠᠵᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠭᠠᠯᠢ ᠶᠢᠨ | ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠨ ᠰᠢᠯᠭᠠᠬᠤ ᠠᠵᠢᠯ ᠢ ᠥᠷᠨᠢᠭᠦᠯᠤᠨ ᠠᠷᠪᠢᠲᠠᠢ ᠡᠷᠴᠢᠮᠯᠢᠭ | ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ | ᠲᠣᠬᠢᠷᠠᠭᠤᠯᠭ᠎ᠠ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠳᠠ ᠬᠥᠳᠡᠭᠡ ᠶᠢ ᠨᠢᠭᠡᠳᠦᠯᠲᠡᠢ | ᠲᠥᠯᠥᠪᠯᠡᠬᠦ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠰᠤᠳᠤᠯᠤᠨ᠎ᠠ᠃ | | | ︵ᠳᠣᠯᠤᠭ᠎ᠠ︶ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠬᠤ ᠶᠢ | ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ᠂ ᠠᠶᠢᠯ ᠲᠣᠰᠬᠤᠨ ᠤ ᠲᠥᠯᠦᠪᠵᠢᠭᠦᠯᠭᠡ᠂ | ᠬᠤᠳᠠ ᠶᠢᠨ ᠵᠢᠷᠤᠭ ᠲᠥᠯᠥᠪᠯᠡᠭᠡ ᠪᠠ ᠬᠤᠯᠪᠣᠭᠳᠠᠯ ᠪᠦᠬᠦᠢ ᠲᠤᠰᠬᠠᠢ ᠲᠦᠷᠦᠯ ᠤᠨ ᠲᠥᠯᠦᠪᠵᠢᠭᠦᠯᠭᠡ ᠶᠢ ᠵᠣᠬᠢᠶᠠᠨ | ᠪᠠᠶᠢᠭᠤᠯᠵᠤ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ | ᠪᠦᠬᠦᠢ ᠲᠤᠰᠬᠠᠢ ᠲᠦᠷᠦᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠪᠠ ᠬᠠᠮᠢᠶᠠᠷᠬᠤ ᠪᠠᠷᠢᠮᠵᠢᠶ᠎ᠠ ᠶᠢ | ᠲᠤᠭᠤᠷᠪᠢᠨ ᠲᠣᠭᠲᠠᠭᠠᠨ᠎ᠠ᠃ ᠬᠤᠰᠢᠭᠤ᠂ ᠰᠤᠮᠤ ᠪᠠᠯᠭᠠᠰᠤ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ | ᠭᠤᠣᠯᠳᠠᠯᠭ᠎ᠠ ᠲᠠᠢ ᠪᠠᠶᠢᠭᠤᠯᠬᠤ ᠲᠦᠷᠢᠮᠲᠤ ᠪᠠᠯᠭᠠᠰᠤ᠂ ᠨᠡᠭᠡᠭᠡᠯᠲᠡ ᠶᠢᠨ ᠲᠣᠭᠤᠷᠢᠭ ︵ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ︶᠂ ᠠᠯᠳᠠᠷᠲᠤ ᠦᠵᠡᠮᠵᠢ ᠶᠢᠨ ᠣᠷᠣᠨ ᠤ ᠲᠥᠯᠦᠪᠵᠢᠭᠦᠯᠭᠡ ᠶᠢ ᠠᠩᠬ᠎ᠠ ᠬᠢᠨᠠᠬᠤ᠂ | ᠮᠡᠳᠡᠭᠦᠯᠦᠨ ᠵᠥᠪᠰᠢᠶᠡᠷᠡᠭᠦᠯᠬᠦ ᠶᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠷᠢᠭᠤᠴᠠᠨ᠎ᠠ᠃ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠨᠡᠭᠡᠭᠡᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠬᠢᠵᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠬᠢᠨᠠᠨ ᠬᠡᠮᠵᠢᠬᠦ᠂ | ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ | ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ | ᠲᠣᠭᠲᠠᠭᠠᠵᠤ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ | ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠪᠠ ᠬᠢᠨᠠᠯᠲᠠ | ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ | ᠠᠵᠢᠯ ᠵᠢᠴᠢ ᠪᠥᠬᠦ ᠬᠤᠰᠢᠭᠤᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠲᠥᠯᠥᠪᠵᠢᠭᠦᠯᠦᠨ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠬᠤ ᠶᠢᠨ ᠬᠠᠮᠲᠤ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠵᠠᠷ ᠰᠢᠷᠣᠢ | ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ | ᠬᠠᠷᠢᠭᠤᠴᠠᠨ᠎ᠠ᠃ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | | ︵ᠨᠠᠢᠮᠠ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢ ᠬᠢᠨᠠᠨ ᠪᠠᠶᠢᠴᠠᠭᠠᠵᠤ | ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠭᠤᠤᠯᠳᠠᠯᠭᠠᠲᠤ ᠬᠤᠲᠠ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠬᠠᠷᠢᠭᠤᠴᠠᠵᠤ ᠡᠷᠬᠡ ᠮᠡᠳᠡᠯ ᠤᠨ | ᠬᠡᠪᠴᠢᠶ᠎ᠡ ᠶᠣᠰᠣᠭᠠᠷ ᠲᠥᠯᠦᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠨ᠎ᠠ᠃ ᠪᠥᠬᠦ ᠬᠤᠰᠢᠭᠤᠨ ᠤ ᠲᠣᠮᠣ | ᠳᠤᠮᠳᠠ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠬᠦᠯᠵᠤ ᠪᠤᠯᠬᠤᠶᠢᠴᠠ ᠴᠢᠨᠠᠷ ᠤᠨ | ᠰᠤᠳᠤᠯᠭᠠᠨ ᠳᠤ ᠣᠷᠤᠯᠴᠠᠬᠤ ᠶᠢ ᠬᠠᠷᠢᠭᠤᠴᠠᠵᠤ ᠬᠤᠰᠢᠭᠤᠨ ᠤ ᠬᠡᠪᠴᠢᠶᠡᠨ ᠤ ᠬᠤᠲᠠ ᠶᠢᠨ ᠶᠠᠪᠤᠳᠠᠯ ᠤᠨ ᠰᠠᠭᠤᠷᠢ | ᠲᠦᠬᠦᠭᠡᠷᠦᠮᠵᠢ ᠶᠢᠨ ᠲᠦᠯᠦᠪᠵᠢᠬᠦᠯᠭᠡ ᠶᠢ ᠲᠤᠭᠤᠷᠪᠢᠨ ᠲᠤᠭᠲᠠᠭᠠᠨ᠎ᠠ᠃ ᠡᠯ᠎ᠡ ᠲᠥᠷᠥᠯ ᠤᠨ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠰᠢᠮᠳᠠᠭᠤᠯᠬᠤ ᠪᠠ ᠬᠤᠷᠢᠶᠠᠨ ᠠᠪᠬᠤ ᠶᠢ ᠬᠠᠷᠢᠭᠤᠴᠠᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠬᠠᠤᠯᠢ ᠴᠠᠭᠠᠵᠠ ᠲᠦᠷᠢᠮ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠲᠠ ᠶᠢᠨ ᠭᠠᠵᠠᠷ | ᠵᠦᠢ ᠶᠢᠨ ᠮᠡᠳᠡᠭᠡ ᠵᠠᠩᠭᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | ︵ᠶᠢᠰᠦ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢᠨ ᠰᠡᠷᠭᠦᠭᠡᠯᠲᠡ ᠶᠢ | ᠨᠢᠭᠡᠳᠦᠯᠲᠠᠢ ᠲᠦᠯᠦᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠠᠮᠢ ᠠᠬᠤᠢ ᠶᠢ | ᠰᠡᠷᠭᠦᠭᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠠᠮᠢ ᠠᠬᠤᠢ ᠶᠢ | ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠬᠦᠯᠦᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠢ ᠶᠢ | ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ | ᠲᠦᠷᠦᠭᠦᠯᠡᠨ ᠨᠠᠶᠢᠳᠠᠪᠤᠷᠢᠵᠢᠭᠤᠯᠵᠤ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠠᠰᠢᠭᠯᠠᠨ ᠠᠮᠢ ᠠᠬᠤᠢ ᠶᠢ | ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠴᠢᠬᠤᠯᠠ ᠶᠡᠭᠡ ᠪᠡᠯᠡᠳᠬᠡᠯ ᠲᠥᠷᠥᠯ | ᠵᠦᠢᠯ ᠢ ᠳᠤᠷᠠᠳᠤᠨ ᠭᠠᠷᠭᠠᠨ᠎ᠠ᠃ | | ︵ᠠᠷᠪᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠠᠷᠢᠭᠤᠴᠠᠨ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠠᠮᠢ ᠠᠬᠤᠢ ᠶᠢᠨ ᠬᠠᠮᠠᠭᠠᠯᠠᠯᠲᠠ ᠶᠢ | ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ | ᠲᠡᠭᠦᠯᠳᠡᠷᠵᠢᠭᠦᠯᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | | ︵ᠠᠷᠪᠠᠨ ᠨᠢᠭᠡ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ | ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠨ᠎ᠠ᠃ ᠬᠤᠰᠢᠭᠤ ᠲᠠᠰ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ | ᠬᠠᠮᠢᠶᠠᠷᠤᠨ᠎ᠠ᠃ ᠪᠥᠬᠦ ᠬᠤᠰᠢᠭᠤᠨ ᠤ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ | ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ | ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠤᠨ ᠭᠠᠢ ᠭᠠᠮᠰᠢᠭ ᠢ ᠰᠡᠷᠭᠡᠶᠢᠯᠡᠬᠦ ᠪᠠ | ᠵᠠᠰᠠᠬᠤ ᠶᠢ ᠬᠠᠷᠢᠭᠤᠴᠠᠵᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠬᠡᠷᠡᠭᠯᠡᠬᠦ ᠵᠢᠴᠢ ᠲᠡᠬᠦᠨ ᠠᠴᠠ | ᠪᠤᠯᠤᠭᠰᠠᠨ ᠭᠠᠵᠠᠷ ᠤᠨ ᠭᠠᠳᠠᠷᠭᠤ ᠴᠦᠮᠦᠷᠡᠬᠦ ᠵᠡᠷᠭᠡ ᠭᠸᠤᠯᠤᠬᠢ ᠶᠢᠨ ᠠᠰᠠᠭᠤᠳᠠᠯ ᠢ ᠬᠢᠨᠠᠨ ᠬᠠᠮᠢᠶᠠᠷᠤᠨ᠎ᠠ᠃ | ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | ︵ᠠᠷᠪᠠᠨ ᠬᠤᠶᠠᠷ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ ᠭᠸᠤᠯᠤᠬᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠬᠤ ᠶᠢᠨ | ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠸᠤᠯᠤᠬᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ | ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ | ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ | ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ | ᠥᠷᠨᠢᠭᠦᠯᠵᠦ ᠭᠸᠤᠯᠤᠬᠢ ᠶᠢᠨ ᠭᠠᠮᠰᠢᠭ ᠤᠨ ᠢᠨᠵᠧᠨᠧᠷᠢᠩ ᠤᠨ ᠵᠠᠰᠠᠯᠲᠠ ᠶᠢᠨ ᠠᠵᠢᠯ ᠢ ᠵᠢᠯᠣᠭᠤᠳᠤᠨ ᠥᠷᠨᠢᠭᠦᠯᠦᠨ᠎ᠡ | ᠃ ᠭᠸᠤᠯᠤᠬᠢ ᠶᠢᠨ ᠭᠠᠮᠰᠢᠭ ᠤᠨ ᠪᠠᠴᠢᠮ ᠪᠠᠶᠢᠳᠠᠯ ᠢ ᠰᠢᠢᠳᠪᠦᠷᠢᠯᠡᠵᠤ ᠠᠪᠤᠷᠠᠨ ᠲᠤᠰᠠᠯᠠᠬᠤ ᠮᠡᠷᠭᠡᠵᠢᠯ ᠤᠨ | ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ | | ︵ᠠᠷᠪᠠᠨ ᠭᠤᠷᠪᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ | ᠳᠠᠷᠤᠭᠳᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠬᠠᠷᠭᠤᠭᠤᠯᠵᠤ ᠮᠡᠳᠡᠭᠦᠯᠦᠨ ᠵᠦᠪᠰᠢᠶᠡᠷᠡᠬᠦ | ᠠᠵᠢᠯ ᠢ ᠬᠠᠷᠢᠭᠤᠴᠠᠨ᠎ᠠ᠃ ᠡᠷᠬᠡ ᠶᠢᠨ ᠬᠢᠵᠠᠭᠠᠷ ᠶᠣᠰᠣᠭᠠᠷ ᠪᠥᠬᠦ ᠬᠤᠰᠢᠭᠤᠨ ᠤ ᠠᠭᠤᠷᠬᠠᠢ ᠶᠢᠨ ᠦᠢᠯᠡᠰ ᠤᠨ | ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠢ ᠶᠢᠨ ᠲᠥᠷᠥᠯ ᠵᠦᠢᠯ᠂ | ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠦᠬᠦᠢ ᠠᠵᠢᠯ ᠢ | ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ | ᠬᠠᠮᠠᠭᠠᠯᠠᠬᠤ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ | | ︵ᠠᠷᠪᠠᠨ ᠳᠥᠷᠪᠡ︶ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ | ᠬᠤᠰᠢᠭᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠮᠢᠶᠠᠷᠤᠯᠲᠠ᠂ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | | ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠴᠢᠳᠠᠪᠤᠷᠢᠲᠠᠨ ᠢ ᠬᠥᠮᠥᠵᠢᠭᠦᠯᠬᠦ ᠪᠠᠶᠢᠯᠳᠤᠬᠤ | ᠪᠣᠳᠣᠯᠭ᠎ᠠ᠂ ᠲᠥᠯᠦᠪᠵᠢᠭᠦᠯᠭᠡ ᠪᠠ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ | ᠪᠦᠬᠦᠢ ᠮᠡᠷᠭᠡᠵᠢᠯ ᠤᠨ ᠪᠠᠷᠢᠮᠵᠢᠶ᠎ᠠ᠂ ᠳᠦᠷᠢᠮ ᠲᠣᠭᠲᠠᠭᠠᠯ ᠤᠨ ᠵᠢᠷᠤᠮᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠨᠵᠧᠨᠧᠷᠢᠩ ᠵᠢᠴᠢ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭᠠᠯᠢ ᠶᠢᠨ ᠡᠬᠢ | ᠪᠠᠶᠠᠯᠢᠭ ᠤᠨ ᠮᠡᠳᠡᠭᠡ ᠵᠠᠩᠭᠢᠴᠢᠯᠠᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ | | ︵ᠠᠷᠪᠠᠨ ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ | ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠲᠦᠷᠢᠮ | ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ | ᠬᠤᠰᠢᠭᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠵᠢᠴᠢ ᠬᠡᠮᠵᠢᠨ ᠵᠢᠷᠤᠬᠤ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠬᠠᠷᠢᠭᠤᠴᠠᠵᠤ ᠪᠥᠬᠦ ᠬᠤᠰᠢᠭᠤᠨ ᠤ ᠴᠢᠨᠠᠷᠲᠠᠢ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠢ ᠭᠦᠢᠴᠡᠳᠬᠡᠨ᠎ᠡ᠃ | | ︵ᠠᠷᠪᠠᠨ ᠳᠣᠯᠤᠭ᠎ᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤᠮᠳᠠ | ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠡᠬᠦᠷᠭᠡᠯᠡᠨ᠎ᠡ᠃ | | ︵ᠠᠷᠪᠠᠨ ᠨᠠᠢᠮᠠ︶ ᠬᠤᠰᠢᠭᠤ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠥᠪᠯᠡᠯ ᠤᠨ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | | ︵ᠠᠷᠪᠠ ᠶᠢᠰᠦ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠢ | ᠬᠠᠮᠢᠶᠠᠷᠬᠤ ᠪᠠ ᠵᠣᠬᠢᠴᠠᠭᠤᠯᠤᠨ᠎ᠠ᠃ | | ︵ᠬᠤᠷᠢ︶ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠳᠡᠭᠡᠳᠦ | ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | | ︵ᠬᠤᠷᠢᠨ ᠨᠢᠭᠡ︶ ᠡᠭᠦᠷᠭᠡ ᠴᠢᠳᠠᠪᠤᠷᠢ ᠪᠠᠨ ᠬᠤᠪᠢᠷᠠᠭᠤᠯᠤᠨ᠎ᠠ᠃ ᠬᠤᠰᠢᠭᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠨᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠪᠥᠬᠦ | ᠠᠷᠠᠳ ᠤᠨ ᠨᠡᠶᠢᠲᠡ ᠶᠢᠨ ᠥᠮᠴᠢᠯᠡᠯᠲᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ | ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ᠂ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ | ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ | ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ | ᠠᠰᠢᠭᠯᠠᠬᠤ ᠶᠢ ᠤᠯᠠᠮ ᠴᠢᠩᠭᠠᠳᠬᠠᠵᠤ ᠡᠬᠢ ᠡᠬᠦᠰᠦᠯ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ | ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠪᠦᠬᠦᠯᠢ | ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ | ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠳᠦᠷᠢᠮ ᠠᠷᠭ᠎ᠠ | ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ | ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠤᠯᠠᠮ ᠴᠣᠮᠬᠠᠳᠬᠠᠨ ᠳᠣᠷᠣᠭᠰᠢ ᠪᠠᠭᠤᠯᠭᠠᠵᠤ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠯᠦᠪᠵᠢᠭᠦᠯᠭᠡ᠂ ᠳᠦᠷᠢᠮ᠂ ᠪᠠᠷᠢᠮᠵᠢᠶ᠎ᠠ᠂ ᠳᠦᠷᠢᠮ ᠤᠨ | ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠷᠠᠭᠤᠯᠵᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ | ᠳᠡᠩᠰᠡᠯᠡᠵᠦ ᠲᠡᠮᠳᠡᠭᠯᠡᠬᠦ ᠪᠠ ᠦᠨᠡᠯᠡᠨ ᠵᠢᠱᠢᠬᠦ ᠶᠢᠨ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ | ᠪᠠᠶᠢᠬᠤ ᠶᠢ ᠠᠬᠢᠭᠤᠯᠤᠨ᠎ᠠ᠃ | | ︵ᠬᠤᠷᠢᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ⒈ᠬᠤᠰᠢᠭᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ | ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ ᠭᠸᠤᠯᠤᠬᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ | ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠭᠸᠤᠯᠤᠬᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ | ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ | ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠢᠨᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ | ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ | ᠵᠢᠯᠣᠭᠤᠳᠤᠨ ᠥᠷᠨᠢᠭᠦᠯᠵᠦ ᠭᠸᠤᠯᠤᠬᠢ ᠶᠢᠨ ᠭᠠᠮᠰᠢᠭ ᠤᠨ ᠢᠨᠵᠧᠨᠧᠷᠢᠩ ᠤᠨ ᠵᠠᠰᠠᠯᠲᠠ ᠶᠢᠨ ᠠᠵᠢᠯ ᠢ ᠵᠢᠯᠣᠭᠤᠳᠤᠨ | ᠥᠷᠨᠢᠭᠦᠯᠦᠨ᠎ᠡ᠃ ᠭᠸᠤᠯᠤᠬᠢ ᠶᠢᠨ ᠭᠠᠮᠰᠢᠭ ᠤᠨ ᠪᠠᠴᠢᠮ ᠪᠠᠶᠢᠳᠠᠯ ᠢ ᠰᠢᠢᠳᠪᠦᠷᠢᠯᠡᠵᠤ ᠠᠪᠤᠷᠠᠨ ᠲᠤᠰᠠᠯᠠᠬᠤ | ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ⒉ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠡᠶᠢᠲᠡᠯᠡᠭᠰᠡᠨ | ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ ᠤᠨ ᠵᠢᠷᠤᠭ ᠢ ᠵᠤᠬᠢᠶᠠᠨ ᠪᠠᠶᠢᠭᠤᠯᠵᠤ | ᠨᠠᠶᠢᠷᠠᠭᠤᠯᠤᠨ ᠲᠤᠭᠲᠠᠭᠠᠨ᠎ᠠ᠃ ᠳᠥᠷᠪᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠃ |