ᠠᠯᠠᠱᠠ ᠵᠡᠭᠦᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ
ᠨᠡᠶᠢᠲᠡᠯᠡᠭᠰᠡᠨ ᠴᠠᠭ᠄
2024/6/27
         ᠭᠠᠷᠴᠠᠭ        ᠨᠢᠭᠡᠳᠦᠭᠡᠷ ᠪᠦᠯᠦᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠳ᠋ᠦᠩᠨᠡᠯᠲᠡ ᠪᠠ ᠬᠥᠭᠵᠢᠯᠲᠡ ᠶᠢᠨ ᠪᠠᠶᠢᠳᠠᠯ       ᠨᠢᠭᠡᠳᠦᠭᠡᠷ ᠬᠡᠰᠡᠭ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠳ᠋ᠦᠩᠨᠡᠯᠲᠡ       ᠬᠤᠶᠠᠳᠤᠭᠠᠷ ᠬᠡᠰᠡᠭ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠯᠡᠭᠡᠨ ᠤ ᠪᠠᠶᠢᠳᠠᠯ       ᠬᠤᠶᠠᠳᠤᠭᠠᠷ ᠪᠦᠯᠦᠭ ᠶᠡᠷᠦᠩᠬᠡᠶ ᠱᠠᠭᠠᠷᠳᠠᠯᠭ᠎ᠠ ᠬᠢᠭᠡᠳ ᠬᠥᠭᠵᠢᠯᠲᠡ ᠶᠢᠨ ᠬᠠᠷᠠᠯᠲᠠ       ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ       ᠬᠤᠶᠠᠳᠤᠭᠠᠷ ᠬᠡᠰᠡᠭ ᠦᠨᠳᠦᠰᠦᠨ ᠵᠠᠷᠴᠢᠮ       ᠭᠤᠷᠪᠠᠳᠤᠭᠠᠷ ᠬᠡᠰᠡᠭ ᠭᠤᠣᠯ ᠬᠠᠷᠠᠯᠲᠠ       ᠭᠤᠷᠪᠠᠳᠣᠭᠠᠷ ᠪᠦᠯᠦᠭ ᠣᠨᠴᠠᠯᠢᠠᠠᠳᠣ ᠰᠢᠨ᠎ᠡ ᠶᠢ ᠡᠬᠦᠳᠣᠨ ᠬᠦᠭᠵᠢᠬᠦᠯᠬᠦ ᠲᠤᠬᠠᠢ       ᠨᠢᠭᠡᠳᠦᠭᠡᠷ ᠬᠡᠰᠡᠭ ᠰᠢᠨ᠎ᠡ ᠶᠢ ᠡᠭᠦᠳᠬᠦ ᠮᠡᠷᠭᠡᠵᠢᠯ ᠤᠨ ᠡᠬᠢ ᠡᠭᠦᠰᠪᠦᠷᠢ ᠶᠢ ᠰᠠᠭᠠᠳ ᠦᠭᠡᠢ ᠨᠡᠪᠲᠡᠷᠡᠭᠦᠯᠬᠦ ᠲᠤᠬᠠᠢ       ᠬᠤᠶᠠᠳᠤᠭᠠᠷ ᠬᠡᠰᠡᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ       ᠭᠤᠷᠪᠠᠳᠤᠭᠠᠷ ᠬᠡᠰᠡᠭ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠤᠭᠤᠯᠬᠤ ᠶᠢ ᠴᠢᠩᠭᠠᠳᠬᠠᠬᠤ ᠲᠤᠬᠠᠢ       ᠳᠥᠷᠪᠡᠳᠦᠭᠡᠷ ᠬᠡᠰᠡᠭ ᠰᠢᠨ᠎ᠡ ᠶᠢ ᠡᠭᠦᠳᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠬᠦ ᠲᠤᠬᠠᠢ       ᠳᠥᠷᠪᠡᠳᠦᠭᠡᠷ ᠪᠦᠯᠦᠭ ᠣᠳᠣᠬᠢᠴᠢᠯᠠᠭᠰᠠᠨ ᠠᠵᠤ ᠦᠢᠯᠡᠰ ᠤᠨ ᠲᠤᠬᠠᠢ       ᠨᠢᠭᠡᠳᠦᠭᠡᠷ ᠬᠡᠰᠡᠭ ᠳᠠᠪᠠᠭᠤᠯᠢᠭ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ ᠠᠵᠢᠯ ᠢ ᠲᠦᠷᠭᠡᠳᠬᠡᠬᠦ ᠲᠤᠬᠠᠢ       ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠠᠵᠤ ᠦᠢᠯᠡᠰ ᠤᠨ ᠲᠥᠪᠯᠡᠷᠡᠯ ᠢ ᠬᠥᠭᠵᠢᠭᠦᠯᠬᠦ ᠲᠤᠬᠠᠢ       ᠭᠤᠷᠪᠠᠳᠤᠭᠠᠷ ᠬᠡᠰᠡᠭ ᠰᠣᠶᠣᠯ ᠵᠢᠭᠤᠯᠴᠢᠯᠠᠯ ᠤᠨ ᠥᠪᠡᠷᠮᠢᠴᠡ ᠣᠨᠴᠠᠯᠢᠭ ᠪᠦᠬᠦᠢ ᠬᠥᠭᠵᠢᠯᠲᠡ ᠶᠢ ᠠᠬᠢᠭᠤᠯᠬᠤ ᠲᠤᠬᠠᠢ       ᠳᠥᠷᠪᠡᠳᠦᠭᠡᠷ ᠬᠡᠰᠡᠭ ᠰᠢᠨ᠎ᠡ ᠠᠵᠤ ᠦᠢᠯᠡᠰ ᠢ ᠪᠤᠶᠢᠵᠢᠭᠤᠯᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠪᠦᠷᠢᠯᠳᠦᠭᠦᠯᠬᠦ ᠲᠤᠬᠠᠢ       ᠲᠠᠪᠤᠳᠤᠭᠠᠷ ᠬᠡᠰᠡᠭ ᠠᠵᠤ ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠲᠤᠬᠠᠢ       ᠲᠠᠪᠤᠳᠤᠭᠠᠷ ᠪᠦᠯᠦᠭ ᠰᠠᠭᠤᠷᠢ ᠲᠥᠬᠦᠭᠡᠷᠥᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ       ᠨᠢᠭᠡᠳᠦᠭᠡᠷ ᠬᠡᠰᠡᠭ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠲᠤᠬᠠᠢ       ᠬᠤᠶᠠᠳᠤᠭᠠᠷ ᠬᠡᠰᠡᠭ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠤᠰᠤ ᠬᠠᠩᠭᠠᠬᠤ ᠰᠢᠰᠲ᠋ᠧᠮ ᠢ ᠪᠠᠶᠢᠭᠤᠯᠬᠤ ᠲᠤᠬᠠᠢ       ᠭᠤᠷᠪᠠᠳᠤᠭᠠᠷ ᠬᠡᠰᠡᠭ ᠰᠠᠭᠤᠷᠢᠰᠢᠬᠤ ᠳᠤ ᠲᠣᠬᠢᠷᠠᠮᠵᠢᠲᠠᠢ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ ᠪᠦᠲᠦᠭᠡᠨ ᠪᠠᠶᠢᠭᠤᠯᠬᠤ ᠲᠤᠬᠠᠢ       ᠳᠥᠷᠪᠡᠳᠦᠭᠡᠷ ᠬᠡᠰᠡᠭ ᠤᠬᠠᠭᠠᠯᠢᠭ ᠬᠡᠯᠪᠡᠷᠢ ᠶᠢᠨ ᠠᠯᠠᠱᠠ ᠵᠡᠭᠦᠨ ᠬᠤᠰᠢᠭᠤ ᠶᠢ ᠪᠠᠶᠢᠭᠤᠯᠬᠤ ᠲᠤᠬᠠᠢ       ᠲᠠᠪᠤᠳᠤᠭᠠᠷ ᠬᠡᠰᠡᠭ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠭᠠᠲᠠᠢ ᠡᠨᠧᠷᠭᠢ ᠶᠢᠨ ᠰᠢᠰᠲ᠋ᠧᠮ ᠢ ᠪᠠᠶᠢᠭᠤᠯᠬᠤ ᠲᠤᠬᠠᠢ       ᠵᠢᠷᠭᠤᠳᠤᠭᠠᠷ ᠪᠦᠯᠦᠭ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠷᠢᠯᠳᠦᠭᠦᠯᠬᠦ ᠲᠤᠬᠠᠢ       ᠨᠢᠭᠡᠳᠦᠭᠡᠷ ᠬᠡᠰᠡᠭ ᠠᠮᠢ ᠠᠬᠤᠢ ᠶᠢᠨ ᠵᠠᠰᠠᠯᠲᠠ ᠶᠢ ᠢᠳᠡᠪᠬᠢᠲᠡᠢ ᠪᠠᠷ ᠠᠬᠢᠭᠤᠯᠬᠤ ᠲᠤᠬᠠᠢ       ᠬᠤᠶᠠᠳᠤᠭᠠᠷ ᠬᠡᠰᠡᠭ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ       ᠭᠤᠷᠪᠠᠳᠤᠭᠠᠷ ᠬᠡᠰᠡᠭ ᠪᠣᠬᠢᠷᠲᠤᠯ ᠦᠭᠡᠢ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠲᠤᠬᠠᠢ       ᠳᠥᠷᠪᠡᠳᠦᠭᠡᠷ ᠬᠡᠰᠡᠭ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ ᠲᠤᠬᠠᠢ       ᠳᠣᠯᠣᠳᠤᠭᠠᠷ ᠪᠦᠯᠦᠭ ᠴᠢᠨᠠᠷ ᠰᠠᠶᠢᠲᠠᠶ ᠠᠮᠢᠳᠤᠷᠠᠯ ᠢ ᠪᠦᠷᠢᠯᠳᠦᠭᠦᠯᠬᠦ ᠲᠤᠬᠠᠢ       ᠨᠢᠭᠡᠳᠦᠭᠡᠷ ᠬᠡᠰᠡᠭ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ       ᠬᠤᠶᠠᠳᠤᠭᠠᠷ ᠬᠡᠰᠡᠭ ᠴᠢᠨᠠᠷ ᠰᠠᠶᠢᠲᠠᠢ ᠰᠤᠷᠭᠠᠨ ᠬᠥᠮᠥᠵᠢᠯ ᠤᠨ ᠰᠢᠰᠲ᠋ᠧᠮ ᠢ ᠪᠠᠶᠢᠭᠤᠯᠬᠤ ᠲᠤᠬᠠᠢ       ᠭᠤᠷᠪᠠᠳᠤᠭᠠᠷ ᠬᠡᠰᠡᠭ ᠡᠷᠡᠭᠦᠯ ᠴᠢᠬᠢᠷᠠᠭ ᠠᠯᠠᠱᠠ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ       ᠳᠥᠷᠪᠡᠳᠦᠭᠡᠷ ᠬᠡᠰᠡᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ       ᠲᠠᠪᠤᠳᠤᠭᠠᠷ ᠬᠡᠰᠡᠭ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ ᠲᠤᠬᠠᠢ       ᠵᠢᠷᠭᠤᠳᠤᠭᠠᠷ ᠬᠡᠰᠡᠭ ᠬᠥᠮᠥᠨ ᠠᠮᠠ ᠶᠢᠨ ᠨᠠᠰᠤᠵᠢᠯ ᠲᠠᠢ ᠬᠤᠯᠪᠣᠭᠳᠠᠬᠤ ᠢ ᠢᠳᠡᠪᠬᠢᠲᠡᠢ ᠪᠠᠷ ᠠᠷᠭᠠᠴᠠᠭᠠᠬᠤ ᠲᠤᠬᠠᠢ       ᠳᠣᠯᠤᠳᠤᠭᠠᠷ ᠬᠡᠰᠡᠭ ᠬᠤᠲᠠ ᠬᠦᠳᠡᠭᠡ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ ᠲᠤᠬᠠᠢ       ᠨᠠᠢᠮᠠᠳᠤᠭᠠᠷ ᠪᠦᠯᠦᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ       ᠨᠢᠭᠡᠳᠦᠭᠡᠷ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ       ᠬᠤᠶᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠢ       ᠭᠤᠷᠪᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠲᠤᠬᠠᠢ       ᠳᠥᠷᠪᠡᠳᠦᠭᠡᠷ ᠬᠡᠰᠡᠭ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠦᠷ᠎ᠡ ᠪᠦᠲᠦᠭᠡᠯ ᠢ ᠤᠯᠠᠮ ᠪᠠᠬᠢᠵᠢᠭᠦᠯᠬᠦ ᠲᠤᠬᠠᠢ       ᠶᠢᠰᠦᠳᠦᠭᠡᠷ ᠪᠦᠯᠦᠭ ᠤᠷᠤᠨ ᠵᠠᠢ ᠶᠢᠨ ᠰᠢᠨ᠎ᠡ ᠪᠠᠶᠢᠷᠢᠰᠢᠯ ᠤᠨ ᠲᠤᠬᠠᠢ       ᠨᠢᠭᠡᠳᠦᠭᠡᠷ ᠬᠡᠰᠡᠭ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠳᠡᠭᠡᠳᠦ ᠳᠠᠪᠬᠤᠷᠭ᠎ᠠ ᠶᠢᠨ ᠲᠥᠯᠥᠪᠵᠢᠭᠦᠯᠭᠡ ᠶᠢ ᠲᠣᠳᠣᠷᠬᠠᠶᠢᠯᠠᠬᠤ ᠲᠤᠬᠠᠢ       ᠬᠤᠶᠠᠳᠤᠭᠠᠷ ᠬᠡᠰᠡᠭ ᠬᠤᠲᠠ ᠬᠥᠳᠡᠭᠡ ᠣᠷᠤᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠲᠤᠬᠠᠢ       ᠠᠷᠪᠠᠳᠤᠭᠠᠷ ᠪᠦᠯᠦᠭ ᠥᠨᠳᠥᠷ ᠬᠢᠷᠢ ᠬᠡᠮᠵᠢᠶ᠎ᠡ ᠲᠠᠢ ᠥᠭᠡᠷᠡᠴᠢᠯᠡᠯᠲᠡ ᠨᠡᠭᠡᠭᠡᠯᠲᠡ ᠶᠢᠨ ᠲᠤᠬᠠᠢ       ᠨᠢᠭᠡᠳᠦᠭᠡᠷ ᠬᠡᠰᠡᠭ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ       ᠬᠤᠶᠠᠳᠤᠭᠠᠷ ᠬᠡᠰᠡᠭ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠬᠠᠢ       ᠭᠤᠷᠪᠠᠳᠤᠭᠠᠷ ᠬᠡᠰᠡᠭ ᠣᠷᠤᠨ ᠪᠦᠰᠡ ᠶᠢᠨ ᠪᠠᠶᠢᠯᠳᠤᠬᠤ ᠪᠣᠳᠤᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ       ᠠᠷᠪᠠᠨ ᠨᠢᠭᠡᠳᠦᠭᠡᠷ ᠪᠦᠯᠦᠭ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠤᠬᠠᠢ       ᠨᠢᠭᠡᠳᠦᠭᠡᠷ ᠬᠡᠰᠡᠭ ᠠᠶᠤᠯᠭᠦᠢ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ       ᠬᠤᠶᠠᠳᠤᠭᠠᠷ ᠬᠡᠰᠡᠭ ᠠᠵᠤ ᠠᠬᠤᠢ ᠶᠢᠨ ᠠᠮᠤᠷ ᠲᠥᠪᠰᠢᠨ ᠢ ᠬᠠᠮᠠᠭᠠᠯᠠᠬᠤ ᠲᠤᠬᠠᠢ       ᠭᠤᠷᠪᠠᠳᠤᠭᠠᠷ ᠬᠡᠰᠡᠭ ᠠᠷᠠᠳ ᠲᠦᠮᠡᠨ ᠤ ᠠᠮᠢ ᠨᠠᠰᠤᠨ ᠤ ᠠᠮᠤᠷ ᠲᠥᠪᠰᠢᠨ ᠢ ᠪᠠᠲᠤᠯᠠᠬᠤ ᠲᠤᠬᠠᠢ       ᠳᠥᠷᠪᠡᠳᠦᠭᠡᠷ ᠬᠡᠰᠡᠭ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠥᠪᠰᠢᠨ ᠢ ᠬᠠᠮᠠᠭᠠᠯᠠᠬᠤ ᠲᠤᠬᠠᠢ       ᠲᠠᠪᠤᠳᠤᠭᠠᠷ ᠬᠡᠰᠡᠭ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠲᠤᠬᠠᠢ       ᠠᠷᠪᠠᠨ ᠬᠤᠶᠠᠳᠤᠭᠠᠷ ᠪᠦᠯᠦᠭ ᠬᠦᠴᠦᠨ ᠲᠡᠭᠦᠯᠳᠡᠷ ᠪᠠᠲᠤᠯᠠᠭ᠎ᠠ ᠶᠢᠨ ᠠᠷᠭ᠎ᠠ ᠬᠡᠮᠵᠢᠶ᠎ᠡ       ᠨᠢᠭᠡᠳᠦᠭᠡᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠲᠤᠬᠠᠢ       ᠬᠤᠶᠠᠳᠤᠭᠠᠷ ᠬᠡᠰᠡᠭ ᠬᠢᠨᠠᠯᠲᠠ ᠲᠠᠯᠪᠢᠵᠤ ᠦᠨᠡᠯᠡᠨ ᠵᠢᠱᠢᠬᠦ ᠲᠤᠬᠠᠢ                                           ︽ᠠᠷᠪᠠᠨ ᠳᠥᠷᠪᠡᠳᠦᠭᠡᠷ ᠲᠠᠪᠤᠨ ᠵᠢᠯ︾᠎ ᠎ ᠤᠨ ᠬᠤᠭᠤᠴᠠᠭ᠎ᠠ ︵᠎  2021 — 2025 ᠣᠨ︶᠎  ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭᠠᠬᠢ ᠬᠤᠭᠤᠴᠠᠭ᠎ᠠ ᠮᠥᠨ᠂ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠪᠣᠯ ᠮᠥᠨᠴᠦ ᠠᠯᠠᠱᠠ ᠵᠡᠭᠦᠨ ᠬᠤᠰᠢᠭᠤᠨ ᠤ ᠣᠳᠣᠬᠢᠴᠢᠯᠠᠯᠲᠠ ᠳᠤ ᠬᠠᠨᠳᠤᠭᠤᠯᠤᠭᠰᠠᠨ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠭᠰᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠭᠰᠡᠨ ᠲᠠᠪᠤᠨ ᠵᠢᠯ ᠪᠣᠯᠤᠨ᠎ᠠ᠃ ︽ᠠᠯᠠᠱᠠ ᠵᠡᠭᠦᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠠ 2035 ᠣᠨ ᠤ ᠠᠯᠤᠰ ᠤᠨ ᠬᠠᠷᠠᠯᠲᠠ︾᠎ ᠎ ᠨᠢ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠠᠮᠵᠢᠯᠲᠠ ᠪᠠ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠠᠯᠠᠱᠠ ᠵᠡᠭᠦᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠎ ᠤᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠣᠷᠴᠢᠨ ᠲᠣᠭᠤᠷᠢᠨ ᠢ ᠭᠦᠨᠵᠡᠭᠡᠶ ᠵᠠᠳᠠᠯᠵᠤ᠂ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠪᠡᠶᠡᠯᠡᠭᠦᠯᠬᠦ ᠠᠷᠭ᠎ᠠ ᠵᠠᠮ ᠵᠢᠴᠢ ᠭᠤᠤᠯ ᠡᠭᠦᠷᠭᠡ ᠶᠢ ᠰᠤᠳᠤᠯᠤᠨ ᠳᠤᠷᠠᠳᠴᠤ᠂ 2035 ᠣᠨ ᠤ ᠠᠯᠤᠰ ᠤᠨ ᠬᠠᠷᠠᠯᠲᠠ ᠶᠢ ᠪᠠᠷᠠᠯᠠᠨ᠎ᠠ᠃ ᠲᠤᠰ ᠬᠥᠲᠥᠯᠪᠦᠷᠢ ᠪᠣᠯ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠠᠷᠪᠠᠨ ᠳᠥᠷᠪᠡᠳᠦᠭᠡᠷ ᠲᠠᠪᠤᠨ ᠵᠢᠯ︾᠎  ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ᠬᠠᠮᠲᠤ ᠶᠢᠨ ᠠᠵᠢᠯᠯᠠᠭᠠᠨ ᠤ ᠬᠥᠲᠥᠯᠪᠦᠷᠢ ᠪᠣᠯᠤᠨ᠎ᠠ᠃            ᠨᠢᠭᠡᠳᠦᠭᠡᠷ ᠪᠦᠯᠦᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠳ᠋ᠦᠩᠨᠡᠯᠲᠡ ᠪᠠ ᠬᠥᠭᠵᠢᠯᠲᠡ ᠶᠢᠨ ᠪᠠᠶᠢᠳᠠᠯ             ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠱᠠᠳᠤ ᠦᠶ᠎ᠡ ᠪᠣᠯᠤᠨ᠎ᠠ᠂ ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ᠂ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠡᠷᠴᠢᠮᠲᠡᠢ ᠠᠬᠢᠭᠤᠯᠵᠤ᠂ ᠡᠯ᠎ᠡ ᠵᠦᠢᠯ ᠤᠨ ᠦᠢᠯᠡᠰ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠠᠢ᠃      ᠨᠢᠭᠡᠳᠦᠭᠡᠷ ᠬᠡᠰᠡᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠳ᠋ᠦᠩᠨᠡᠯᠲᠡ      -- ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ᠃ ︽13 · 5︾᠎ ᠎ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠠᠵᠤ ᠠᠬᠤᠶ ᠶᠢᠨ ᠪᠦᠲᠦᠴᠡ ᠰᠢᠯᠢᠳᠡᠭᠵᠢᠵᠦ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5.4% ᠨᠡᠮᠡᠭᠳᠡᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 2.3% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 2.5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠵᠢᠯ ᠪᠦᠷᠢ ᠳᠤᠮᠳᠠᠴᠢ ᠪᠠᠷ 0.6% ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43694 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 6.4% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22191 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8.4% ᠨᠡᠮᠡᠭᠳᠡᠪᠡ︔     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ 2010 ᠣᠨ ᠳᠤ ᠬᠤᠶᠠᠷ ᠳᠠᠬᠢᠨ ᠨᠡᠮᠡᠭᠳᠡᠭᠦᠯᠬᠦ ᠡᠭᠦᠷᠭᠡ ᠶᠢ ᠤᠷᠢᠳᠴᠢᠯᠠᠨ ᠪᠡᠶᠡᠯᠡᠭᠦᠯᠪᠡ                -- ᠠᠵᠤ ᠦᠢᠯᠡᠰ ᠤᠨ ᠪᠦᠲᠦᠴᠡ ᠶᠢ ᠤᠯᠠᠮ ᠰᠢᠯᠢᠳᠡᠭᠵᠢᠭᠦᠯᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠢ 8.5᠄  44.5᠄  47 ᠪᠣᠯᠭᠠᠨ ᠲᠣᠬᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠪᠦᠲᠦᠮᠵᠢᠲᠡᠶ ᠪᠠᠷ ᠨᠡᠶᠢᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠵᠡᠷᠭᠡ ᠪᠠᠷ ᠨᠡᠮᠡᠭᠳᠡᠪᠡ᠃ ︽ᠣᠷᠭᠠᠨᠢᠭ᠂ ᠤᠰᠤ ᠠᠷᠪᠢᠯᠠᠬᠤ᠂ ᠥᠨᠳᠥᠷ ᠦᠷ᠎ᠡ ᠠᠰᠢᠭ ᠲᠠᠢ︾᠎  ᠲᠠᠷᠢᠶᠠᠯᠠᠩ ᠢ ᠲᠣᠭᠲᠠᠭᠤᠨ ᠢᠶᠠᠷ ᠬᠥᠭᠵᠢᠭᠦᠯᠵᠦ᠂ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢ 29 ᠲᠦᠮᠡᠨ ᠮᠥ ᠶᠢᠨ ᠳᠣᠲᠣᠷ᠎ᠠ ᠬᠢᠵᠠᠭᠠᠷᠯᠠᠵᠤ᠂ ᠰᠢᠷ᠎ᠠ ᠬᠥᠳᠡᠭᠡ ᠶᠢᠨ ᠣᠷᠭᠠᠨᠢᠭ ᠪᠤᠭᠤᠳᠠᠶ᠂ ᠤᠨᠳᠤᠷᠤᠯᠲᠤ ᠵᠢᠩᠬᠢᠨᠢ ᠡᠮ ᠤᠨ ᠮᠠᠲ᠋ᠧᠷᠢᠶᠠᠯ᠂ ᠴᠠᠬᠠᠷ ᠤᠨ ᠬᠥᠳᠡᠭᠡ ᠶᠢᠨ ᠪᠣᠬᠢᠷᠲᠤᠯ ᠥᠬᠡᠶ ᠭᠦᠦᠠ ᠵᠢᠮᠢᠰ᠂ ᠦᠵᠦᠮ ᠤᠨ ᠬᠥᠳᠡᠭᠡ ᠶᠢᠨ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠵᠡᠷᠭᠡ 4 ᠶᠡᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠳᠠᠷᠢᠬᠤ ᠰᠠᠭᠤᠷᠢᠨ ᠭᠠᠵᠠᠷ ᠢ ᠪᠠᠶᠢᠭᠤᠯᠪᠠ᠃ ᠮᠠᠯ ᠠᠵᠤ ᠠᠬᠤᠶ ᠶᠢᠨ ᠦᠷ᠎ᠡ ᠠᠰᠢᠭ ᠦᠷᠭᠦᠯᠵᠢᠯᠡᠨ ᠨᠡᠮᠡᠭᠳᠡᠵᠦ᠂ ︽ᠠᠳᠦ᠋︾᠎  ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 4᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 10᠂ ᠲᠡᠮᠡᠭᠡ ᠰᠠᠭᠠᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 4᠂ ᠠᠮᠢ ᠠᠬᠤᠶ ᠶᠢᠨ ᠡᠭᠦᠯᠳᠡᠷ ᠤᠨ ᠲᠠᠬᠢᠶ᠎ᠠ ᠲᠡᠵᠢᠭᠡᠬᠦ ᠭᠠᠵᠠᠷ 40᠎ ᠶᠢ ᠪᠠᠶᠢᠭᠤᠯᠪᠠ᠃ ᠴᠠᠭᠠᠨ ᠨᠣᠯᠦᠦᠷ ᠤᠨ ᠢᠮᠠᠭᠠᠨ ᠤ ᠭᠤᠤᠯ ᠡᠭᠦᠯᠳᠡᠷ ᠤᠨ ᠰᠦᠷᠦᠭ ᠢ 80 ᠰᠦᠷᠦᠭ᠂ ᠬᠤᠤᠰ ᠪᠥᠬᠦᠲᠦ ᠲᠡᠮᠡᠭᠡᠨ ᠤ ᠭᠤᠤᠯ ᠰᠦᠷᠦᠭ ᠢ 40 ᠰᠦᠷᠦᠭ ᠢᠶᠠᠷ ᠪᠦᠷᠢᠯᠳᠦᠭᠦᠯᠪᠡ᠃ ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠤᠨ ᠬᠡᠪᠴᠢᠶ᠎ᠡ ᠶᠢ ᠥᠷᠭᠡᠳᠬᠡᠵᠦ᠂ ᠬᠥᠮᠦᠨ ᠤ ᠬᠦᠴᠦ ᠪᠠᠷ ᠳᠠᠷᠢᠭᠰᠠᠨ ᠵᠠᠭ 276 ᠲᠦᠮᠡᠨ ᠮᠥ ᠳᠤ ᠬᠦᠷᠴᠦ᠂ 49.8 ᠲᠦᠮᠡᠨ ᠮᠥ ᠳᠤ ᠴᠠᠭᠠᠨ ᠭᠤᠶᠣᠣ ᠳᠠᠷᠢᠵᠤ᠂ 97.5 ᠲᠦᠮᠡᠨ ᠮᠥ ᠳᠤ ᠪᠥᠭᠡᠷᠦᠭ ᠢ ᠬᠦᠷᠢᠶᠡᠯᠡᠨ ᠪᠢᠲᠡᠭᠦᠮᠵᠢᠯᠡᠵᠦ᠂ 19 ᠲᠦᠮᠡᠨ ᠮᠥ ᠳᠤ ᠤᠯᠠᠭᠠᠨ ᠭᠤᠶᠣᠣ ᠶᠢᠨ ᠲᠠᠷᠢᠯᠭ᠎ᠠ ᠬᠢᠪᠠ᠃ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠴᠢᠩᠭᠠᠳᠬᠠᠵᠤ᠂ ᠮᠣᠩᠭᠤᠯ ᠦᠬᠡᠷ᠂ ᠮᠣᠩᠭᠤᠯ ᠬᠤᠨᠢ᠂ ᠡᠯᠡᠰᠦᠨ ᠰᠣᠩᠭᠢᠨ᠎ᠠ ᠤᠯᠤᠰ ᠤᠨ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠭᠡᠷᠡᠴᠢᠯᠡᠯ ᠢ ᠭᠥᠷᠳᠡᠪᠡ᠃ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ ᠳᠤᠮᠳᠠᠳᠤ ᠧᠦ᠋ᠷᠣᠫᠠ ᠶᠢᠨ ᠭᠠᠵᠠᠷ ᠵᠦᠢ ᠶᠢᠨ ᠪᠡᠯᠭᠡ ᠳᠡᠮᠳᠡᠭ ᠤᠨ ᠬᠡᠯᠡᠯᠴᠡᠭᠡᠷ ᠤᠨ ᠬᠤᠶᠠᠳᠤᠭᠠᠷ ᠪᠦᠯᠦᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠴᠠᠭᠠᠨ ᠨᠣᠯᠤᠤᠷ ᠢᠮᠠᠭᠠᠨ ᠨᠣᠯᠤᠤᠷ ᠵᠡᠷᠭᠡ 7 ᠪᠦᠲᠦᠭᠡᠭᠳᠡᠬᠦᠨ ᠢ ᠪᠦᠬᠦ ᠤᠯᠤᠰ ᠤᠨ ︽ᠨᠡᠷᠡᠳᠦ ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠨᠤᠲᠠᠯᠠᠨ ᠲᠣᠭᠲᠠᠭᠠᠪᠠ᠃ ᠮᠢᠩ ᠱᠧᠩ ᠤᠮᠳᠠᠭᠠᠨ ᠤ ᠮᠧᠩ ᠹᠦ᠋ ᠯᠤ᠋ ᠵᠡᠷᠭᠡ ᠲᠠᠸᠠᠷ ᠤᠨ ᠲᠡᠮᠳᠡᠭ ᠢ ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ ᠤᠨ ᠨᠠᠷᠠᠲᠤ ᠲᠡᠮᠳᠡᠭᠲᠦ ᠪᠠᠷ ᠮᠠᠭᠠᠳᠯᠠᠨ ᠲᠣᠭᠲᠠᠭᠠᠵᠤ᠂ 11 ᠠᠵᠤ ᠠᠬᠤᠶᠢᠯᠠᠯ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠨᠠᠷᠠᠲᠤ ᠲᠡᠮᠳᠡᠭᠲᠦ ᠪᠠ ᠦᠶᠯᠡᠳᠬᠦᠨ ᠤ ᠨᠠᠷᠠᠲᠤ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ᠪᠥᠬᠦ ᠬᠤᠰᠢᠭᠤᠨ ᠤ ᠵᠢᠯ ᠤᠨ ᠪᠣᠷᠣᠯᠠᠭᠤᠯᠭ᠎ᠠ ᠶᠢᠨ ᠨᠣᠷᠮ᠎ᠠ 500 ᠲᠦᠮᠡᠨ ᠲᠥᠭᠦᠷᠢᠭ ᠠᠴᠠ ᠳᠡᠭᠡᠭᠰᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠲᠥᠴᠢ ᠠᠵᠤ ᠠᠬᠤᠶᠢᠯᠠᠯ ᠨᠡᠮᠡᠭᠳᠡᠭᠡᠳ 38 ᠪᠣᠯᠵᠣ᠂ 421 ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢ ᠳᠠᠩᠰᠠᠯᠠᠭᠤᠯᠪᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠲᠦᠷᠭᠡᠳᠪᠡ᠃ ᠵᠢᠷᠠᠲᠠᠢ ᠶᠢᠨ ᠴᠢᠯᠠᠭᠤᠨ ᠲᠣᠰᠣᠨ ᠤ ᠠᠭᠤᠷᠬᠠᠶ ᠶᠢ ᠬᠠᠶᠢᠨ ᠰᠢᠨᠵᠢᠵᠦ ᠨᠡᠭᠡᠭᠡᠨ ᠠᠰᠢᠭᠯᠠᠬᠤ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠬᠤ᠂ ᠶᠢᠨ ᠪᠤᠯᠠᠭ ᠲᠠᠯᠠᠰᠲᠤ ᠪᠠᠯ ᠴᠢᠯᠠᠭᠤᠨ ᠤ ᠠᠭᠤᠷᠬᠠᠶ ᠶᠢ ᠮᠠᠯᠲᠠᠵᠤ ᠰᠣᠩᠭᠤᠬᠤ ᠵᠢᠴᠢ ᠨᠠᠷᠢᠯᠢᠭ ᠡᠳ᠋ᠰᠢᠭᠦᠯᠬᠦ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠲᠥᠷᠥᠯ ᠵᠦᠶᠯ ᠢ ᠤᠷᠤᠭᠰᠢᠲᠠᠶ ᠠᠬᠢᠭᠤᠯᠪᠠ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 235.5 ᠲᠦᠮᠡᠨ ᠺᠢᠯᠣᠸᠠᠲ ᠲᠤ ᠬᠦᠷᠴᠦ᠂ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ᠃ 195 ᠲᠦᠮᠡᠨ ᠲᠣᠨ ᠨᠡᠭᠦᠷᠡᠰᠦ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ ᠤᠬᠤᠷᠢᠭᠤᠯᠤᠨ ᠭᠠᠷᠭᠠᠵᠤ᠂ ᠪᠣᠷᠵᠢᠨ ᠴᠢᠯᠠᠭᠤᠨ ᠬᠠᠪᠲᠠᠰᠤ ᠰᠤᠷᠭᠠᠯᠲᠠ ᠳᠤ ᠬᠠᠮᠤᠷᠤᠭᠤᠯᠬᠤ ᠴᠢᠳᠠᠪᠤᠷᠢ ᠶᠢ 2600 ᠲᠦᠮᠡᠨ ᠺᠦᠸᠠᠳ᠋ ᠮᠧᠲᠷ ᠲᠤ ᠬᠦᠷᠭᠡᠨ᠎ᠡ᠃ ᠠᠯᠠᠱᠠ ᠶᠢᠨ ᠠᠮᠢ ᠠᠬᠤᠶ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠢ ᠪᠠᠶᠢᠭᠤᠯᠵᠤ᠂ ᠮᠠᠨᠳᠤᠯ᠂ ᠡᠯᠡᠰᠦᠨ ᠴᠥᠯ ᠤᠨ ᠰᠦᠯᠳᠡ ᠵᠡᠷᠭᠡ ᠤᠨᠴᠠᠯᠢᠬᠳᠤ ᠠᠮᠢ ᠠᠬᠤᠶ ᠶᠢᠨ ᠠᠵᠤ ᠦᠶᠯᠡᠰ ᠤᠨ ᠡᠳ᠋ᠰᠢᠭᠦᠯᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠠᠵᠤ ᠠᠬᠤᠶᠢᠯᠠᠯ ᠢ ᠠᠯᠬᠤᠮ ᠠᠯᠬᠤᠮ ᠢᠶᠠᠷ ᠬᠥᠭᠵᠢᠭᠦᠯᠦᠨ ᠪᠤᠵᠠᠭᠠᠶᠢᠷᠠᠭᠤᠯᠵᠤ᠂ ᠭᠤᠷᠪᠠᠨ ᠬᠤᠭᠤᠴᠠᠭᠠᠨ ᠤ ᠡᠯᠡᠰᠦᠨ ᠤ ᠠᠵᠤ ᠦᠶᠯᠡᠰ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠤᠷᠤᠯᠳᠤᠭᠠᠨ ᠢ ᠠᠮᠵᠢᠯᠲᠠ ᠲᠠᠢ ᠡᠷᠭᠢᠯᠡᠬᠦ ᠶᠢᠨ ᠬᠠᠮᠲᠤ ᠤᠯᠤᠰ ᠤᠨ ᠤᠷᠤᠯᠳᠤᠭᠠᠨ ᠤ ᠲᠠᠰ ᠳᠠᠷᠠᠭᠠᠯᠠᠯ ᠳᠤ ᠣᠷᠣᠭᠤᠯᠪᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠦᠶᠯᠡᠴᠢᠯᠡᠭᠡᠨ ᠤ ᠦᠶᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠤᠨ A ᠲᠠᠰ ᠤᠨ ᠦᠵᠡᠮᠵᠢ ᠶᠢᠨ ᠣᠷᠣᠨ ᠢ 11 ᠪᠠᠶᠢᠭᠤᠯᠪᠠ᠃ ᠠᠯᠠᠱᠠ ᠶᠢᠨ ᠬᠦᠰᠡᠯ ᠵᠡᠭᠦᠳᠦ ᠡᠯᠡᠰᠦᠨ ᠴᠥᠯ ᠤᠨ ᠮᠠᠰᠢᠨ ᠲᠡᠷᠭᠡᠨ ᠤ ᠠᠭᠠᠷ ᠤᠨ ᠠᠶᠠᠯᠠᠯ ᠤᠨ ᠰᠣᠶᠣᠯ ᠤᠨ ᠭᠤᠤᠯ ᠰᠡᠳᠦᠪᠲᠦ ᠴᠡᠩᠭᠡᠯ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠵᠢᠭᠤᠯᠴᠢᠯᠠᠯ ᠤᠨ ᠲᠣᠪᠴᠢᠶ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠮᠲᠤᠷᠠᠨ ᠨᠡᠶᠢᠲᠡᠯᠡᠵᠦ ᠮᠠᠭᠠᠳᠯᠠᠨ ᠲᠣᠭᠲᠠᠭᠠᠭᠰᠠᠨ ︽ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾᠎ ᠎ ᠤᠨ ᠲᠥᠷᠥᠯ ᠵᠦᠶᠯ ᠪᠣᠯᠵᠣ᠂ ᠠᠯᠠᠱᠠ ᠶᠢᠨ ᠪᠠᠭᠠᠲᠤᠷᠴᠤᠳ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ ᠪᠣᠯᠬᠤ ᠪᠣᠯᠤᠨ᠎ᠠ᠃ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ ᠲᠡᠮᠡᠭᠡᠨ ᠤ ᠨᠠᠭᠠᠳᠤᠮ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠤᠷᠤᠭᠰᠢᠲᠠᠶ ᠶᠠᠪᠤᠭᠳᠠᠵᠤ᠂ ︽13 · 5︾᠎ ᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠶᠢᠲᠡ 3053 ᠲᠦᠮᠡᠨ ᠬᠥᠮᠦᠨ ᠤᠳᠠᠭ᠎ᠠ ᠵᠢᠭᠤᠯᠴᠢᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 282.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ︽ᠬᠠᠨ ᠲᠡᠭᠷᠢ ᠠᠯᠠᠱᠠ︾᠎ ᠎ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠳᠡᠭᠡᠭᠰᠢᠯᠡᠭᠦᠯᠪᠡ᠃ ᠬᠤᠳᠠᠯᠳᠤᠭ᠎ᠠ ᠠᠷᠠᠯᠵᠢᠶ᠎ᠠ ᠶᠢᠨ ᠭᠦᠶᠯᠭᠡᠭᠡ ᠶᠢ ᠨᠠᠩ ᠳᠥᠭᠦᠮ ᠳᠥᠲᠡ ᠪᠣᠯᠭᠠᠵᠤ᠂ ᠬᠤᠣ ᠶᠤᠸᠠᠢ ᠮᠧᠶ ᠰᠦᠯᠵᠢᠶᠡᠨ ᠤ ᠠᠷᠠᠯᠵᠢᠶ᠎ᠠ᠂ ᠲᠦᠸᠧ ᠵᠦᠩ ᠸᠠᠩ ᠣᠯᠠᠨ ᠤᠯᠤᠰ ᠤᠨ ᠴᠠᠬᠢᠮ ᠬᠤᠳᠠᠯᠳᠤᠭᠠᠨ ᠤ ᠶᠠᠪᠤᠳᠠᠯ ᠤᠨ ᠲᠠᠪᠴᠠᠩ ᠵᠢᠴᠢ ᠠᠯᠠᠱᠠ ᠶᠢᠨ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠳᠣᠨ ᠢ ᠪᠠᠶᠢᠭᠤᠯᠵᠤ᠂ ᠲᠦᠷᠭᠡᠨ ᠢᠯᠡᠭᠡᠮᠵᠢ ᠡᠳ᠋ ᠪᠠᠷᠠᠭᠠᠨ ᠤ ᠭᠦᠶᠯᠭᠡᠭᠡ ᠶᠢ 11 ᠰᠤᠮᠤ ᠪᠠᠯᠭᠠᠰᠤ ᠳᠤ ᠪᠦᠷᠬᠦᠭᠦᠯᠪᠡ᠃      -- ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠱᠠᠳᠤ ᠦᠶ᠎ᠡ ᠶᠢᠨ ᠴᠢᠨᠠᠷᠲᠠᠶ ᠢᠯᠠᠯᠲᠠ ᠣᠯᠵᠤ᠂ 165 ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠤ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠪᠠ᠃ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠶᠠᠨᠬᠤᠲᠠ ᠪᠠᠯᠭᠠᠰᠤ ᠶᠢᠨ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠨᠢ ᠵᠢᠯ ᠳᠤᠮᠳᠠᠴᠢ ᠪᠠᠷ 89.4%᠎ ᠳᠤ ᠬᠥᠷᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠠᠪᠬᠤ ᠪᠠ ᠨᠥᠬᠦᠪᠥᠷᠢᠯᠡᠬᠦ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯ ᠤᠨ ᠵᠠᠮ ᠤᠨ ︽ᠳᠦᠷᠪᠡᠨ ᠳᠤᠷ᠎ᠠ ᠪᠠᠷ ᠢᠶᠠᠨ ᠰᠠᠮᠠᠭᠤᠷᠠᠭᠰᠠᠨ︾᠎  ᠠᠰᠠᠭᠤᠳᠠᠯ ᠢ ᠴᠡᠪᠡᠷᠯᠡᠨ ᠪᠠᠷᠢᠮᠵᠢᠶ᠎ᠠ ᠳᠤ ᠬᠦᠷᠭᠡᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠲᠣᠭᠲᠠᠭᠤᠨ ᠪᠠᠶᠢᠯᠭᠠᠵᠤ᠂ ᠠᠶᠤᠯᠲᠠᠶ ᠬᠠᠶᠠᠭᠳᠠᠮᠠᠯ ᠪᠣᠳᠠᠰ ᠥᠬᠡᠶ ᠵᠢᠴᠢ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠡᠭᠦᠰᠦᠭᠰᠡᠨ ᠦᠭᠡᠢ᠃ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠣᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠠᠯᠠᠱᠠ ᠶᠢᠨ SEE ᠠᠮᠢ ᠠᠬᠤᠶ ᠶᠢᠨ ᠨᠡᠶᠢᠭᠡᠮᠯᠢᠭ᠂ ᠳᠤᠮᠳᠠᠳᠤ ᠤᠯᠤᠰ ᠤᠨ ᠴᠡᠴᠡᠷᠯᠢᠭᠵᠢᠭᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠬᠥᠷᠥᠩᠭᠡ ᠪᠣᠯᠤᠨ ᠨᠡᠶᠢᠲᠡ ᠶᠢᠨ ᠠᠰᠠᠷᠠᠮᠵᠢ ᠶᠢᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ 317 ᠲᠦᠮᠡᠨ ᠮᠥ ᠣᠶᠢᠵᠢᠭᠤᠯᠤᠯᠲᠠ ᠶᠢ ᠪᠡᠶᠡᠯᠡᠭᠦᠯᠵᠦ᠂ 248 ᠲᠦᠮᠡᠨ ᠮᠥ ᠥᠨᠵᠢᠭᠦᠯᠦᠨ ᠰᠡᠯᠭᠦᠨ ᠮᠠᠯᠵᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠰ ᠲᠣᠰ ︽12 · 5︾᠎ ᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ 12.5% ᠪᠠ 18% ᠪᠠᠶᠢᠭᠰᠠᠨ ᠎ ᠠᠴᠠ ᠪᠠᠨ 14.5% ᠪᠠ 19% ᠪᠣᠯᠤᠨ ᠳᠡᠭᠡᠭᠰᠢᠯᠡᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠡᠮᠬᠢ ᠵᠢᠷᠤᠮ ᠲᠠᠢ ᠪᠠᠷ ᠰᠡᠷᠭᠦᠵᠦ᠂ ᠠᠯᠠᠱᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠲᠤᠭ᠎ᠠ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠨᠠᠷᠢᠯᠢᠭ ᠣᠨᠣᠴᠠᠲᠠᠶ ᠪᠠᠷ ᠵᠠᠰᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃      — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠡᠭᠡᠭᠰᠢᠯᠡᠭᠦᠯᠪᠡ᠃ ︽ᠥᠪᠥᠷ ᠮᠣᠩᠭᠤᠯ ᠤᠨ ᠭᠠᠩ ᠬᠠᠭᠤᠷᠠᠶ ᠡᠯᠡᠰᠦᠨ ᠴᠥᠯ ᠤᠨ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠪᠠ ᠡᠯᠡᠰᠦᠨ ᠤ ᠠᠵᠤ ᠦᠶᠯᠡᠰ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾᠎  ᠪᠠ ︽ᠴᠠᠭᠠᠨ ᠭᠤᠶᠣᠣ ᠬᠢᠲᠠᠳ ᠡᠮ ᠤᠨ ᠲᠣᠮᠣ ᠡᠭᠦᠯᠳᠡᠷ ᠢ ᠨᠡᠭᠡᠭᠡᠨ ᠬᠥᠭᠵᠢᠭᠦᠯᠬᠦ ᠪᠠ ᠠᠵᠤ ᠦᠶᠯᠡᠰᠵᠢᠭᠦᠯᠬᠦ︾᠎  2 ᠲᠥᠷᠥᠯ ᠵᠦᠶᠯ ᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠳᠤ ᠣᠷᠣᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠦᠷᠳᠡᠭᠡ ᠶᠢ 6 ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠢ ᠰᠢᠭᠤᠶ ᠶᠢᠨ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ 99 ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ ᠮᠡᠷᠭᠡᠵᠢᠯ ᠤᠨ ᠵᠢᠯᠤᠭᠤᠳᠤᠯᠭ᠎ᠠ ᠬᠢᠯᠭᠡᠪᠡ᠃ ︽13 · 5︾᠎ ᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢ 8132 ᠲᠦᠮᠡᠨ ᠲᠥᠭᠦᠷᠢᠭ ᠴᠢᠷᠮᠠᠶᠢᠨ ᠣᠯᠵᠤ᠂ 78 ᠲᠥᠷᠥᠯ ᠵᠦᠶᠯ ᠢ ᠬᠡᠷᠡᠭᠵᠢᠭᠦᠯᠪᠡ᠃ ᠤᠨᠴᠠᠯᠢᠭᠳᠤ ᠠᠮᠢ ᠠᠬᠤᠶ᠂ ᠪᠣᠬᠢᠷᠲᠤᠯ ᠥᠬᠡᠶ ᠡᠨᠧᠷᠭᠢ᠂ ᠬᠢᠲᠠᠳ ᠡᠮ ᠡᠮᠨᠡᠯᠭᠡ ︵᠎  ᠮᠣᠩᠭᠤᠯ ᠡᠮ ᠡᠮᠨᠡᠯᠭᠡ︶᠎ ᠂ ᠰᠢᠨ᠎ᠡ ᠮᠠᠲ᠋ᠧᠷᠢᠶᠠᠯ ᠵᠡᠷᠭᠡ ᠠᠵᠤ ᠦᠶᠯᠡᠰ ᠤᠨ ᠲᠣᠭᠤᠷᠢᠨ ᠳᠤ᠂ ᠦᠶᠯᠡᠳᠬᠦᠨ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠵᠦ᠂ ᠨᠡᠶᠢᠲᠡ 89 ᠵᠦᠶᠯ ᠤᠨ ᠥᠨᠳᠥᠷ ᠨᠡᠮᠡᠯᠲᠡ ᠥᠷᠲᠡᠭ ᠪᠥᠬᠦᠶ ᠦᠶᠯᠡᠳᠬᠦᠨ ᠢ ᠤᠯᠠᠷᠢᠭᠤᠯᠤᠨ ᠬᠤᠪᠢᠷᠠᠭᠤᠯᠵᠤ᠂ ᠬᠦᠷᠢᠶᠡᠯᠡᠩ ᠠᠵᠤ ᠠᠬᠤᠶᠢᠯᠠᠯ ᠤᠨ ᠬᠠᠮᠲᠤᠷᠠᠯᠴᠠᠭ᠎ᠠ ᠨᠢ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠪᠠ᠃      -- ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠪᠦᠬᠦ ᠲᠠᠯ᠎ᠠ ᠪᠠᠷ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ ᠵᠡᠷᠭᠡ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠎  ᠪᠠ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠶᠡᠷᠦᠩᠬᠡᠶ ᠳᠤᠨᠢ ᠰᠢᠶᠳᠪᠦᠷᠢᠯᠡᠪᠡ᠃ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠷᠪᠠᠨ ᠵᠦᠶᠯ ᠤᠨ ︽ᠪᠦᠬᠦᠨ ᠢ ᠳᠠᠭᠤᠰᠬᠠᠵᠤ ᠪᠠᠷᠢᠮᠵᠢᠶ᠎ᠠ ᠳᠤ ᠬᠦᠷᠭᠡᠬᠦ︾᠎  ᠡᠭᠦᠷᠭᠡ ᠶᠢ ᠪᠡᠶᠡᠯᠡᠭᠦᠯᠵᠦ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 5.4 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠢᠴᠢ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠪᠥᠲᠥᠭᠡᠨ ᠪᠠᠶᠢᠭᠤᠯᠤᠯᠲᠠ ᠵᠡᠷᠭᠡ 161 ᠲᠥᠷᠥᠯ ᠵᠦᠶᠯ ᠎ ᠢ ᠬᠡᠷᠡᠭᠵᠢᠭᠦᠯᠵᠦ᠂ ᠪᠥᠬᠦ ᠬᠤᠰᠢᠭᠤᠨ ᠤ 6672 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠎ ᠢ ᠶᠠᠳᠠᠭᠤ ᠎ ᠠᠴᠠ ᠠᠩᠭᠢᠵᠢᠷᠠᠭᠤᠯᠪᠠ ︵᠎  ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠶᠢᠲᠡ 3997 ᠬᠥᠮᠦᠨ ᠎ ᠢ ᠶᠠᠳᠠᠭᠤ ᠎ ᠠᠴᠠ ᠠᠩᠭᠢᠵᠢᠷᠠᠭᠤᠯᠪᠠ︶᠎ ᠃ ᠠᠷᠠᠳ ᠤᠨ ᠠᠮᠢᠳᠤᠷᠠᠯ ᠤᠨ ᠪᠠᠯᠠ ᠮᠥᠩᠭᠦ ᠶᠢ ᠨᠡᠶᠢᠲᠡ 133.21 ᠳ᠋ᠦᠩᠰᠢᠭᠤᠷ ᠲᠥᠭᠦᠷᠢᠭ ᠣᠷᠣᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 83.5%᠎ ᠶᠢ ᠡᠵᠡᠯᠡᠪᠡ᠃ ᠨᠡᠶᠢᠭᠡᠮ ᠤᠨ ᠦᠶᠯᠡᠰ ᠪᠥᠬᠦ ᠲᠠᠯ᠎ᠠ ᠪᠠᠷ ᠬᠥᠭᠵᠢᠵᠦ᠂ 16.06 ᠳ᠋ᠦᠩᠰᠢᠭᠤᠷ ᠲᠥᠭᠦᠷᠢᠭ ᠣᠷᠣᠭᠤᠯᠤᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠣᠭᠤᠶ ᠰᠤᠷᠭᠠᠨ ᠬᠥᠮᠦᠵᠢᠯ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ 96% ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ᠂ ᠪᠠᠬᠢᠵᠢᠭᠦᠯᠦᠭᠰᠡᠨ ᠨᠣᠷᠮ᠎ᠠ ᠴᠥᠮ 100%᠎ ᠳᠤ ᠬᠥᠷᠪᠡ᠃ 566 ᠪᠡᠶ᠎ᠡ ᠶᠢᠨ ᠲᠠᠮᠢᠷ ᠤᠨ ᠲᠠᠯᠠᠪᠠᠶ ᠲᠠᠢ ᠪᠠᠶᠢᠵᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠨᠢ 3.51 ᠺᠦᠸᠠᠳ᠋ ᠮᠧᠲᠷ ᠲᠤ ᠬᠦᠷᠴᠡᠶ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠶᠡᠬᠡᠪᠡᠷ ᠲᠡᠳᠬᠦᠨ ᠲᠡᠮᠵᠢᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.5%᠎ ᠶᠢᠨ ᠳᠣᠲᠣᠷ᠎ᠠ ᠬᠢᠵᠠᠭᠠᠷᠯᠠᠨ᠎ᠠ᠃ 7 ᠳ᠋ᠦᠩᠰᠢᠭᠤᠷ ᠲᠥᠭᠦᠷᠢᠭ ᠣᠷᠣᠭᠤᠯᠵᠤ ᠪᠠᠶᠢᠭᠠᠳ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ 146 ᠪᠣᠯᠭᠠᠨ ᠨᠡᠮᠡᠭᠳᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ ᠬᠢᠲᠠᠳ ᠡᠮᠨᠡᠯᠭᠡ ︵᠎  ᠮᠣᠩᠭᠤᠯ ᠡᠮᠨᠡᠯᠭᠡ︶᠎ ᠎ ᠶᠢᠨ ᠤᠨᠴᠠᠯᠢᠬᠳᠤ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠢ ᠬᠤᠲᠠ ᠬᠥᠳᠡᠭᠡ ᠳᠤ ᠪᠦᠬᠦᠨ ᠢ ᠬᠠᠮᠤᠷᠬᠤ ᠶᠢ ᠪᠡᠶᠡᠯᠡᠭᠦᠯᠦᠨ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠎ ᠎ ᠶᠢᠨ ᠢᠷᠠᠭᠤ ᠠᠯᠳᠠᠷ ᠢ ᠭᠥᠷᠳᠡᠪᠡ᠃ 5 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ 12 ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠢ 38 ᠪᠠᠶᠢᠭᠤᠯᠪᠠ᠃ ᠠᠵᠢᠯ ᠎ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ᠂ ᠬᠢᠯᠢ ᠶᠢᠨ ᠠᠷᠠᠳ ᠤᠨ ᠨᠥᠬᠦᠪᠥᠷᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠴᠡᠷᠢᠭ ᠠᠴᠠ ᠬᠠᠯᠠᠭᠳᠠᠭᠰᠠᠳ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠤᠯᠠᠮ ᠳᠡᠭᠡᠭᠰᠢᠯᠡᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95%᠎ ᠎ ᠠᠴᠠ ᠤᠯᠠᠭᠠᠨᠮᠥ᠋ᠴᠢᠷ ᠤᠨ ᠦᠶᠯᠡᠰ ᠡᠷᠡᠭᠦᠯ ᠢᠶᠠᠷ ᠬᠥᠭᠵᠢᠵᠦ᠂ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠴᠡᠴᠡᠭᠯᠡᠨ ᠬᠥᠭᠵᠢᠵᠦ᠂ ︽ᠣᠶᠢᠷᠠᠳ ᠤᠨ ᠨᠤᠲᠤᠭ ᠤᠨ ᠮᠡᠨᠳᠦᠴᠢᠯᠡᠯ︾᠎  ᠵᠡᠷᠭᠡ ᠤᠳᠬ᠎ᠠ ᠤᠷᠠᠯᠢᠭ ᠤᠨ ᠰᠣᠳᠣᠨ ᠪᠦᠲᠦᠭᠡᠯ 11 ᠵᠦᠶᠯ ᠤᠨ ᠤᠯᠤᠰ ᠤᠨ ᠲᠠᠰ ᠤᠨ ᠱᠠᠩᠨᠠᠯ ᠢ ᠭᠥᠷᠳᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠪᠠ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢ ᠪᠦᠲᠦᠮᠵᠢᠲᠡᠶ ᠴᠢᠩᠭᠠᠳᠬᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠷ᠎ᠡ ᠪᠦᠲᠦᠮᠵᠢ ᠢᠯᠡᠳᠲᠡ ᠪᠣᠯᠪᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠸᠠᠩ ᠤᠨ ᠣᠷᠳᠣᠨ ᠤ ᠵᠠᠩ ᠦᠢᠯᠡ ᠶᠢᠨ ᠰᠣᠶᠣᠯ ᠤᠨ ᠵᠡᠭᠡᠯᠢ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢᠨ ᠵᠡᠭᠡᠯᠢ ᠶᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠦᠨᠡᠯᠡᠨ ᠲᠣᠭᠲᠠᠭᠠᠵᠠᠢ᠃      -- ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ G7 ᠪᠡᠭᠡᠵᠢᠩ ᠠᠴᠠ ᠰᠢᠨᠵᠢᠶᠠᠩ ᠤᠨ ᠬᠤᠷᠳᠤᠨ ᠤ ᠵᠠᠰᠠᠮᠠᠯ ᠵᠠᠮ ᠤᠨ ᠯᠢᠨ ᠡᠾᠧ ᠠᠴᠠ ᠴᠠᠭᠠᠨ ᠲᠣᠯᠣᠭᠠᠢ ᠬᠦᠷᠬᠦ ᠬᠡᠰᠡᠭ ᠵᠡᠷᠭᠡ 4 ᠵᠠᠰᠠᠮᠠᠯ ᠵᠠᠮ ᠤᠨ ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠪᠥᠬᠦ ᠬᠤᠰᠢᠭᠤᠨ ᠤ ᠲᠡᠷᠭᠡ ᠨᠡᠪᠲᠡᠷᠡᠭᠰᠡᠨ ᠵᠠᠮ ᠤᠨ ᠣᠷᠳᠣ 5118.8 ᠺᠢᠯᠣᠮᠧᠲᠷ ᠲᠤ ᠬᠦᠷᠴᠦ᠂ ︽12 · 5︾᠎ ᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 1249.3 ᠺᠢᠯᠣᠮᠧᠲᠷ ᠨᠡᠮᠡᠭᠳᠡᠪᠡ᠃ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠪᠠ ᠲᠦᠷᠢᠶᠡᠰᠦᠨ ᠮᠠᠰᠢᠨ ᠲᠡᠷᠭᠡ 100%᠎ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠤᠨ ᠥᠭᠡᠷᠡᠴᠢᠯᠡᠯᠲᠡ᠂ ᠦᠬᠠᠢ ᠠᠴᠠ ᠵᠢᠷᠡᠲᠡᠢ ᠬᠦᠷᠬᠦ ᠲᠡᠮᠦᠷ ᠵᠠᠮ ᠤᠨ 128 ᠵᠠᠮ ᠤᠨ ᠠᠭᠤᠯᠵᠠᠷ ᠢ ᠲᠡᠭᠰᠢᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠪᠡ᠃ ᠤᠤᠭᠤᠬᠤ ᠤᠰᠤᠨ ᠤ ᠬᠡᠯᠪᠡᠷᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠪᠡ᠃ ᠴᠠᠬᠢᠯᠭᠠᠨ ᠤ ᠲᠣᠤᠷ ᠤᠨ ᠪᠦᠲᠦᠴᠡ ᠶᠢ ᠤᠯᠠᠮ ᠲᠡᠭᠦᠯᠳᠡᠷᠵᠢᠭᠦᠯᠵᠦ᠂ ᠠᠯᠳᠠᠨ ᠣᠪᠣᠭᠠᠨ ᠥᠷᠲᠡᠭᠡ ᠠᠴᠠ ᠳ᠋ᠧᠩᠺᠸᠤ ᠳᠤ ᠬᠥᠷᠬᠦ 500 ᠺᠢᠯᠣᠸᠠᠲ᠂ ᠠᠶᠢᠮᠠᠭ ᠎ ᠠᠴᠠ ᠪᠠᠨ 220 ᠺᠢᠯᠣᠸᠠᠲ᠂ ᠥᠯᠵᠡᠢ 110 ᠺᠢᠯᠣᠸᠠᠲ ᠵᠡᠷᠭᠡ 16 ᠢᠨᠵᠧᠨᠧᠷᠢᠩ ᠤᠨ ᠴᠠᠬᠢᠯᠭᠠᠨ ᠬᠠᠩᠭᠠᠬᠤ ᠱᠤᠭᠤᠮ ᠢ ᠪᠠᠷᠤᠭ 1126 ᠺᠢᠯᠣᠮᠧᠲᠷ ᠪᠡᠶᠡᠯᠡᠭᠦᠯᠪᠡ᠃ ᠪᠣᠶ ᠪᠥᠬᠦᠶ ᠭᠠᠴᠠᠭ᠎ᠠ ᠲᠣᠰᠬᠤᠨ ᠳᠤ ᠴᠢᠮᠡᠭᠡ ᠨᠡᠪᠲᠡᠷᠡᠯᠭᠡ ᠶᠢᠨ ᠪᠦᠷᠬᠦᠴᠡ ᠶᠢ ᠪᠡᠶᠡᠯᠡᠭᠦᠯᠵᠦ᠂ 101 ᠭᠠᠴᠠᠭ᠎ᠠ ᠲᠣᠰᠬᠤᠨ ᠳᠤ ᠴᠠᠬᠢᠮ ᠰᠦᠯᠵᠢᠶ᠎ᠡ ᠶᠢ ᠨᠡᠪᠲᠡᠷᠡᠭᠦᠯᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠠᠨᠬᠤᠲᠠ ᠶᠢᠨ ᠬᠤᠲᠠ ᠶᠢᠨ ᠴᠢᠳᠠᠮᠵᠢ ᠪᠠ ᠴᠢᠨᠠᠷ ᠲᠠᠰ ᠢ ᠤᠯᠠᠮ ᠳᠡᠭᠡᠭᠰᠢᠯᠡᠭᠦᠯᠦᠨ᠂ ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠯᠠᠨ ᠤ ᠲᠠᠯ᠎ᠠ ᠨᠤᠲᠤᠭ᠂ ᠣᠪᠣᠭᠠᠲᠤ ᠠᠮᠢ ᠠᠬᠤᠶ ᠶᠢᠨ ᠴᠡᠴᠡᠷᠯᠢᠭ᠂ ᠠᠭᠢᠷ ᠴᠡᠴᠡᠭ ᠤᠨ ᠬᠦᠷᠢᠶᠡᠯᠡᠩ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠪᠠᠶᠢᠭᠤᠯᠤᠭᠰᠠᠨ ᠲᠣᠭᠤᠷᠢᠭ ᠤᠨ ᠴᠡᠴᠡᠷᠯᠢᠭᠵᠢᠭᠦᠯᠦᠯᠲᠡ ᠶᠢᠨ ᠪᠦᠷᠬᠦᠴᠡ ᠶᠢᠨ ᠨᠣᠷᠮ᠎ᠠ ᠶᠢ 40%᠎ ᠳᠤ ᠬᠦᠷᠦᠭᠦᠯᠪᠡ᠃ 40 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠤᠳᠠ ᠶᠢᠨ 1.15 ᠲᠦᠮᠡᠨ ᠢᠵᠢ ᠭᠡᠷ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ 16.6 ᠲᠦᠮᠡᠨ ᠺᠦᠸᠠᠳ᠋ ᠮᠧᠲᠷ᠂ ᠬᠤᠳᠠ ᠶᠢᠨ ᠶᠠᠪᠤᠳᠠᠯ ᠤᠨ ᠵᠠᠮ ᠤᠨ ᠥᠭᠡᠷᠡᠴᠢᠯᠡᠯᠲᠡ ᠶᠢᠨ 13 ᠵᠤᠷᠪᠤᠰ ᠢ ᠪᠡᠶᠡᠯᠡᠭᠦᠯᠵᠦ᠂ ᠳᠤᠮᠳᠠ ᠵᠡᠷᠭᠡ ᠶᠢᠨ ᠤᠰᠤᠨ ᠤ ᠠᠰᠢᠭᠯᠠᠯᠲᠠ ᠶᠢᠨ ᠨᠤᠷᠮ᠎ᠠ ᠶᠢ 100%᠎ ᠳᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠨᠤᠷᠮ᠎ᠠ ᠶᠢ 98%᠎ ᠳᠤ ᠬᠦᠷᠭᠡᠵᠦ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠲᠦᠭᠡᠮᠡᠯᠵᠢᠭᠦᠯᠬᠦ ᠨᠤᠷᠮ᠎ᠠ ᠶᠢ 90%᠎ ᠳᠤ ᠬᠦᠷᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ  ᠶᠢ ᠲᠦᠷᠭᠡᠳᠬᠡᠨ ᠬᠥᠭᠵᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠬᠤᠭ ᠨᠣᠪᠰᠢ ᠶᠢ ᠰᠢᠶᠳᠪᠦᠷᠢᠯᠡᠬᠦ ᠵᠡᠷᠭᠡ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠢ ᠵᠠᠰᠠᠨ ᠴᠡᠭᠴᠡᠯᠡᠬᠦ ᠠᠵᠢᠯᠯᠠᠭ᠎ᠠ ᠶᠢ ᠬᠡᠷᠡᠭᠵᠢᠭᠦᠯᠵᠦ ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠰᠢᠨᠢᠳᠤᠬᠠᠢ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠲᠠᠷᠪᠠᠭᠠᠲᠠᠢ ᠶᠢᠨ ᠤᠰᠤᠨ ᠤ ᠤᠨᠴᠠᠯᠢᠭᠳᠤ ᠲᠠᠷᠢᠮᠠᠯ ᠵᠡᠷᠭᠡ 7 ᠳᠡᠯᠭᠡᠷᠡᠭᠦᠯᠵᠦ ᠪᠣᠯᠬᠤ᠂ ᠲᠤᠯᠢ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠢᠬ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠨᠡᠩ ᠰᠢᠯᠢᠳᠡᠭᠵᠢᠪᠡ᠃      -- ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾᠎  ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠴᠠᠬᠢᠮ ᠰᠦᠯᠵᠢᠶ᠎ᠡ +ᠭᠦᠶᠴᠡᠳᠬᠡᠬᠦ ᠨᠣᠷᠮ᠎ᠠ ᠶᠢ 99.6%᠎ ᠳᠤ ᠬᠦᠷᠦᠭᠦᠯᠪᠡ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯᠲᠦ ᠡᠷᠬᠡ ᠶᠢᠨ ᠲᠦᠷᠢᠮ ᠵᠡᠷᠭᠡ ᠥᠭᠡᠷᠡᠴᠢᠯᠡᠯᠲᠡ ᠶᠢᠨ ᠡᠭᠦᠷᠭᠡ ᠢᠯᠡᠳᠲᠡ ᠦᠷ᠎ᠡ ᠪᠦᠲᠦᠮᠵᠢ ᠤᠯᠪᠠ᠃ ︽ᠨᠢᠭᠡ ᠪᠦᠰᠡ ᠨᠢᠭᠡ ᠵᠠᠮ︾᠎  ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠎ ᠠᠴᠠ ᠪᠠᠨ ᠠᠭᠤᠰᠤᠯᠴᠠᠵᠤ᠂ 12.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠥᠯᠵᠡᠶ ᠪᠣᠭᠤᠮᠲᠠ ᠶᠢᠨ 20 ᠰᠠᠭᠤᠷᠢ ᠪᠡᠯᠡᠳᠬᠡᠮᠵᠢ ᠶᠢᠨ ᠲᠥᠷᠥᠯ ᠵᠦᠶᠯ ᠢ ᠬᠡᠷᠡᠭᠵᠢᠭᠦᠯᠵᠦ᠂ ᠥᠯᠵᠡᠶ ᠪᠣᠭᠤᠮᠲᠠ ᠳᠤ ᠲᠦᠷ ᠴᠠᠭ ᠤᠨ ᠨᠡᠭᠡᠭᠡᠯᠲᠡ ᠬᠢᠬᠦ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠶᠢᠯᠢ ᠰᠦᠢᠳᠬᠡᠯ᠂ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ ᠥᠪᠡᠷ ᠤᠨ ᠦᠷᠳᠡᠭ ᠢ ᠲᠠᠰᠤᠷᠠᠯᠳᠠ ᠦᠭᠡᠢ ᠪᠠᠭᠤᠷᠠᠭᠤᠯᠵᠤ᠂ ᠭᠠᠶᠢᠯᠢ ᠶᠢᠨ ᠰᠦᠢᠳᠬᠡᠯ ᠢ 4.5 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠭᠠᠨᠰᠦ᠂ ᠨᠢᠩᠰᠢᠶᠠ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠭᠠᠯᠠᠬᠤ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠪᠠ᠃      — ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾᠎  ᠲᠤᠰᠬᠠᠶ ᠲᠡᠮᠡᠴᠡᠯ᠂ ᠠᠶᠤᠯᠭᠦᠶ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠲᠠᠯ᠎ᠠ ᠦᠷᠭᠦᠯᠵᠢᠯᠡᠨ ᠰᠠᠶᠢᠵᠢᠷᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠲᠣᠭᠲᠠᠭᠤᠨ ᠢᠶᠠᠷ ᠠᠬᠢᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠲᠠᠰᠤᠷᠠᠯᠳᠡ ᠦᠭᠡᠢ ᠪᠠᠬᠢᠵᠢᠨ ᠬᠥᠭᠵᠢᠵᠦ᠂ ᠪᠦᠬᠦ ᠣᠷᠣᠨ ᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ︾᠎ ᠶᠢᠨ ᠢᠷᠠᠭᠤ ᠠᠯᠳᠠᠷ ᠢ ᠬᠦᠷᠳᠡᠵᠠᠢ᠃      ᠬᠤᠶᠠᠳᠤᠭᠠᠷ ᠬᠡᠰᠡᠭ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡᠨ ᠤ ᠪᠠᠶᠢᠳᠠᠯ            ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠠᠯᠢ ᠣᠯᠠᠨ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠬᠤᠶᠠᠷ ᠬᠠᠯᠬᠠᠪᠴᠢ︾᠎  ︽ᠬᠤᠶᠠᠷ ᠰᠠᠭᠤᠷᠢᠨ ᠭᠠᠵᠠᠷ︾᠎  ᠪᠠ ︽ᠨᠢᠭᠡ ᠪᠠᠬᠢᠯᠡᠯᠲᠡ︾᠎ ᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ ᠠᠯᠠᠱᠠ ᠠᠶᠢᠮᠠᠭ ᠤᠨ ᠠᠮᠢ ᠠᠬᠤᠶ ᠶᠢᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠤ ᠰᠢᠨ᠎ᠡ ᠥᠨᠳᠦᠷᠯᠢᠭ ᠭᠠᠵᠠᠷ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠠᠪᠴᠠᠩ ᠤᠨ ᠲᠣᠭᠤᠷᠢᠨ ᠳᠤ᠂ ᠠᠯᠠᠱᠠ ᠵᠡᠭᠦᠨ ᠬᠤᠰᠢᠭᠤᠨ ᠳᠤ ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ᠂ ᠦᠯᠵᠡᠢ ᠪᠣᠭᠤᠮᠲᠠ ᠶᠢᠨ ᠨᠡᠬᠡᠬᠡᠯᠳᠡ ᠶᠢᠨ ᠳᠠᠪᠠᠭᠤᠯᠢᠭ ᠠᠯᠬᠤᠮ ᠠᠯᠬᠤᠮ ᠢᠶᠠᠷ ᠢᠯᠡᠷᠡᠵᠦ᠂ ᠲᠡᠮᠤᠷ ᠵᠠᠮ᠂ ᠠᠭᠠᠷ ᠤᠨ ᠠᠶᠠᠯᠠᠯ ᠵᠡᠷᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠠᠶᠢᠵᠢᠷᠠᠯᠲᠠ ᠨᠢ ᠬᠤᠳᠠ ᠶᠢᠨ ᠴᠢᠬᠤᠯᠠ ᠡᠯᠧᠮᠧᠨ᠋ᠲ ᠤᠨ ᠲᠠᠲᠠᠬᠤ ᠬᠦᠴᠦᠨ ᠢ ᠳᠡᠭᠡᠭᠰᠢᠯᠡᠭᠦᠯᠵᠦ᠂ ᠰᠢᠨ᠎ᠡ ᠠᠵᠤ ᠠᠬᠤᠢ ᠶᠢᠨ ᠪᠠᠶᠢᠷᠢᠰᠢᠯ ᠳᠤ ᠠᠭᠤᠰᠤᠯᠴᠠᠬᠤ ᠳᠤ ᠨᠡᠩ ᠶᠡᠭᠡ ᠬᠥᠭᠵᠢᠯᠲᠡ ᠶᠢᠨ ᠣᠷᠣᠨ ᠵᠠᠢ ᠶᠢ ᠠᠪᠴᠢᠷᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤᠮᠳᠠ ᠵᠡᠷᠭᠡ ᠶᠢᠨ ᠲᠦᠷᠦ ᠶᠢᠨ ᠪᠤᠳᠤᠯᠭ᠎ᠠ ᠨᠢ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠠᠰᠢᠭᠲᠠᠢ ᠶᠤᠮ᠃ ᠡᠭᠦᠨ ᠤ ᠵᠡᠷᠭᠡᠪᠡᠷ᠂ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠵᠢᠴᠢ ᠰᠢᠨ᠎ᠡ ᠪᠠᠷ ᠭᠠᠷᠤᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠲᠣᠭᠲᠠᠪᠤᠷᠢ ᠦᠭᠡᠢ ᠴᠢᠨᠠᠷ ᠢ ᠪᠤᠢ ᠪᠣᠯᠭᠠᠵᠤ᠂ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ ᠶᠠᠪᠤᠴᠠ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠭᠰᠡᠨ ᠠᠴᠠ ᠪᠦᠲᠦᠮᠵᠢᠲᠡᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠤᠳᠠᠭᠠᠰᠢᠷᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠡᠵᠡᠮᠳᠡᠯ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠡᠷᠬᠢᠨ ᠲᠣᠭᠤᠷᠢᠨ ᠤ ᠣᠷᠣᠨ ᠪᠦᠰᠡ ᠶᠢᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ ᠨᠢ ᠲᠦᠷᠦ ᠪᠠᠷᠢᠬᠤ ᠴᠢᠳᠠᠪᠤᠷᠢ ᠶᠢ ᠰᠢᠯᠭᠠᠵᠤ ᠪᠠᠶᠢᠨ᠎ᠠ᠃      ᠰᠢᠨ᠎ᠡ ᠴᠠᠭ ᠦᠶ᠎ᠡ᠂ ᠰᠢᠨ᠎ᠡ ᠪᠠᠶᠢᠳᠠᠯ ᠪᠣᠯᠤᠨ ᠰᠢᠨ᠎ᠡ ᠡᠭᠦᠷᠭᠡ ᠳᠤ ᠬᠠᠨᠳᠤᠭᠤᠯᠤᠨ᠂ ᠠᠯᠠᠱᠠ ᠵᠡᠭᠦᠨ ᠬᠤᠰᠢᠭᠤ ᠤᠨᠴᠠᠯᠢᠬᠳᠤ ᠠᠮᠢ ᠠᠬᠤᠶ᠂ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ᠂ ᠪᠣᠬᠢᠷᠲᠤᠯ ᠦᠭᠡᠶ ᠡᠨᠧᠷᠭᠢ ᠵᠡᠷᠭᠡ ᠪᠠᠷ ᠲᠥᠯᠥᠭᠡᠯᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠮᠦᠨ᠎ᠡ ᠤᠮᠠᠷ᠎ᠠ ᠶᠢ ᠬᠤᠯᠪᠣᠭᠰᠠᠨ᠂ ᠵᠡᠭᠦᠨ ᠪᠠᠷᠠᠭᠤᠨ ᠢ ᠬᠤᠯᠪᠣᠭᠰᠠᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠶᠠᠷ ᠡᠷᠲᠡᠨ ᠡᠳᠦᠭᠡᠬᠢ᠂ ᠲᠥᠷᠥᠯ ᠬᠡᠯᠪᠡᠷᠢ ᠣᠯᠠᠨ ᠶᠠᠩᠵᠤ ᠶᠢᠨ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠷ ᠪᠣᠬᠢᠷᠲᠤᠯ ᠥᠬᠡᠶ ᠠᠵᠤ ᠦᠶᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠂ ᠡᠯ᠎ᠡ ᠲᠥᠷᠥᠯ ᠤᠨ ᠴᠢᠳᠠᠪᠤᠷᠢᠲᠠᠨ ᠢ ᠥᠷᠭᠡᠨ ᠢᠶᠠᠷ ᠲᠡᠳᠡᠨ ᠠᠪᠴᠢᠷᠠᠵᠤ᠂ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠦᠴᠦᠨ ᠢᠶᠠᠨ ᠲᠥᠪᠯᠡᠷᠡᠭᠦᠯᠦᠨ ᠪᠣᠯᠪᠠᠰᠤᠷᠠᠩᠭᠤᠶ ᠠᠵᠤ ᠦᠶᠯᠡᠰ ᠤᠨ ᠠᠴᠢᠶᠠᠯᠠᠪᠤᠷᠢ ᠶᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃            ᠬᠤᠶᠠᠳᠤᠭᠠᠷ ᠪᠦᠯᠦᠭ ᠶᠡᠷᠦᠩᠬᠡᠢ ᠱᠠᠭᠠᠷᠳᠠᠯᠭ᠎ᠠ ᠬᠢᠭᠡᠳ ᠬᠥᠭᠵᠢᠯᠲᠡ ᠶᠢᠨ ᠬᠠᠷᠠᠯᠲᠠ            ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ      ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾᠎  ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ  ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠬᠠᠯᠬᠠᠪᠴᠢ︾᠎  ︽ᠬᠤᠶᠠᠷ ᠰᠠᠭᠤᠷᠢᠨ ᠭᠠᠵᠠᠷ︾᠎  ᠪᠠ ︽ᠨᠢᠭᠡ ᠪᠠᠬᠢᠯᠡᠯᠲᠡ︾᠎ ᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ︽ᠵᠢᠷᠭᠤᠭᠠᠨ ᠭᠤᠷᠪᠠ︾᠎ ᠎ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠠᠮᠢ ᠠᠬᠤᠶ ᠭᠤᠶᠢᠳᠠ ᠰᠠᠶᠢᠬᠠᠨ᠂ ᠠᠵᠤ ᠦᠶᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃      — ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠭᠤᠷᠪᠠᠨ ᠶᠡᠭᠡ ᠶᠠᠪᠤᠳᠠᠯ ᠢ ᠡᠷᠡᠰ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ︔      — ᠭᠤᠷᠪᠠᠨ ᠠᠵᠤ ᠦᠶᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠂ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠶᠯᠡᠰ ᠪᠠ ᠦᠶᠯᠡᠴᠢᠯᠡᠭᠡᠨ ᠤ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠦᠴᠦᠨ ᠢᠶᠠᠷ ᠢᠶᠠᠨ ᠪᠠᠲᠤᠳᠬᠠᠨ᠎ᠠ      ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ︔      — ᠤᠯᠠᠨᠪᠤᠯᠠᠭ ᠠᠵᠤ ᠦᠢᠯᠡᠰ ᠤᠨ ᠬᠦᠷᠢᠶᠡᠯᠡᠩ᠂ ᠦᠯᠵᠡᠢ ᠪᠣᠭᠤᠮᠲᠠ᠂ ᠪᠠᠶᠠᠨᠬᠤᠲᠠ ᠶᠢᠨ ᠠᠮᠢ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠤᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠤᠷᠪᠠᠨ ᠠᠵᠤ ᠦᠢᠯᠡᠰ ᠤᠨ ᠰᠠᠭᠤᠷᠢᠨ ᠢ ᠭᠤᠣᠯᠳᠠᠯᠭ᠎ᠠ ᠲᠠᠢ ᠪᠠᠶᠢᠭᠤᠯᠵᠤ᠂ ᠠᠵᠤ ᠦᠢᠯᠡᠰ ᠤᠨ ᠲᠥᠪᠯᠡᠷᠡᠩᠭᠦᠢ ᠲᠥᠪᠯᠡᠷᠡᠨ ᠡᠷᠴᠢᠮᠵᠢᠬᠦ ᠬᠥᠭᠵᠢᠯᠲᠡ ᠶᠢ ᠠᠬᠢᠭᠤᠯᠤᠨ᠎ᠠ︔      — ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠤᠳᠠ ᠬᠥᠳᠡᠭᠡ ᠶᠢᠨ ᠰᠠᠭᠤᠷᠢᠰᠢᠬᠤ ᠳᠤ ᠲᠣᠬᠢᠷᠠᠮᠵᠢᠲᠠᠢ ᠠᠵᠤ ᠦᠢᠯᠡᠰ ᠪᠤᠰᠬᠠᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢ ᠲᠦᠷᠭᠡᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠬᠦᠴᠦᠲᠡᠢ ᠲᠤᠯᠭᠠᠭᠤᠷᠢᠯᠠᠯ ᠬᠠᠩᠭᠠᠨ᠎ᠠ︔      — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠨᠡᠬᠡᠬᠡᠯᠳᠡ ᠬᠢᠵᠦ ᠬᠠᠮᠲᠤᠷᠠᠯᠴᠠᠬᠤ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠭᠤᠷᠪᠠᠨ ᠶᠡᠭᠡ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠢᠳᠡᠪᠬᠢᠲᠡᠢ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠨ᠎ᠠ︔      — ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠢᠳᠠᠪᠤᠷᠢᠲᠠᠨ ᠤ ᠬᠥᠮᠦᠵᠢᠯ᠂ ᠠᠵᠢᠯ ᠣᠯᠭᠤᠯᠲᠠ ᠦᠢᠯᠡᠰ ᠪᠤᠰᠬᠠᠬᠤ ᠭᠤᠷᠪᠠᠨ ᠬᠡᠰᠡᠭ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠠᠰᠤᠷᠠᠯᠳᠠ ᠦᠬᠡᠢ ᠨᠡᠮᠡᠭᠳᠡᠭᠦᠯᠦᠨ᠎ᠡ᠃      ᠬᠤᠶᠠᠳᠤᠭᠠᠷ ᠬᠡᠰᠡᠭ ᠦᠨᠳᠦᠰᠦᠨ ᠵᠠᠷᠴᠢᠮ      — ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ  ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      — ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠤᠯᠤᠰ ᠤᠨ ᠭᠤᠣᠯᠳᠠᠯᠭ᠎ᠠ  ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ  ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠭᠠᠯᠢ ᠶᠢᠨ ᠰᠡᠷᠭᠦᠭᠡᠯᠲᠡ ᠪᠠᠷ ᠭᠤᠣᠯ ᠪᠣᠯᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠰᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠠᠯᠠᠱᠠ ᠵᠡᠭᠦᠨ ᠬᠤᠰᠢᠭᠤ ᠶᠢ ᠪᠦᠳᠦᠭᠡᠨ ᠪᠠᠶᠢᠭᠤᠯᠤᠨ᠎ᠠ᠃      — ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ  ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠬᠥᠭᠵᠢᠯᠲᠡ ᠨᠢ ᠠᠷᠠᠳ ᠲᠦᠮᠡᠨ ᠤ ᠲᠥᠯᠥᠭᠡ᠂ ᠬᠥᠭᠵᠢᠯᠲᠡ ᠨᠢ ᠠᠷᠠᠳ ᠲᠦᠮᠡᠨ ᠳᠤ ᠲᠦᠰᠢᠭᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤᠪᠠᠷ ᠡᠳ᠋ᠯᠡᠭᠦᠯᠬᠦ ᠶᠢ ᠢᠮᠠᠭᠲᠠ ᠪᠡᠶᠡᠯᠡᠭᠦᠯᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠪᠦᠬᠦ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠵᠦ᠂ ᠨᠡᠶᠢᠭᠡᠮ ᠤᠨ ᠡᠷᠬᠡ ᠲᠡᠭᠰᠢ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ᠃      — ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠦᠨᠡᠨᠬᠦ ᠬᠤᠪᠢᠷᠠᠭᠤᠯᠵᠤ᠂ ᠴᠢᠨᠠᠷ ᠴᠢᠨᠰᠠᠭ᠎ᠠ ᠶᠢᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃      — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ ᠢ ᠬᠢᠵᠠᠭᠠᠷᠯᠠᠵᠤ ᠪᠠᠶᠢᠭ᠎ᠠ ᠴᠣᠭᠴᠠ ᠶᠢ ᠡᠪᠳᠡᠨ᠎ᠡ      ᠲᠦᠷᠢᠮ ᠤᠨ ᠲᠣᠭᠲᠠᠴᠠ ᠶᠢᠨ ᠬᠠᠷᠰᠢ ᠰᠠᠭᠠᠳ ᠢ ᠪᠤᠢ ᠪᠣᠯᠭᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠰᠢ ᠨᠡᠭᠡᠭᠡᠯᠳᠡ ᠬᠢᠬᠦ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      -- ᠰᠢᠰᠲ᠋ᠧᠮᠳᠤ ᠦᠵᠡᠯᠲᠡ ᠶᠢ ᠪᠠᠷᠢᠮᠲᠠᠯᠠᠨ᠎ᠠ᠃ ᠪᠠᠷᠠᠭᠠᠯᠬᠢᠯᠠᠯ ᠤᠨ ᠴᠢᠨᠠᠷᠲᠠᠶ ᠪᠣᠳᠣᠯᠬᠢᠯᠠᠯ᠂ ᠪᠥᠬᠦ ᠲᠠᠯ᠎ᠠ ᠶᠢᠨ ᠴᠢᠨᠠᠷᠲᠠᠶ ᠠᠷᠭ᠎ᠠ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠤᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠲᠠᠯ᠎ᠠ ᠶᠢᠨ ᠢᠳᠡᠪᠬᠢᠵᠢᠯ ᠢ ᠨᠠᠩ ᠰᠠᠶᠢᠲᠤᠷ ᠪᠠᠳᠠᠷᠠᠭᠤᠯᠤᠨ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠦᠴᠦᠷᠬᠡᠭ ᠪᠠᠭᠤᠷᠠᠶ ᠲᠠᠯ᠎ᠠ ᠪᠠᠨ ᠴᠢᠩᠭᠠᠳᠬᠠᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠰᠡᠷᠭᠡᠶᠢᠯᠡᠨ ᠰᠢᠶᠳᠪᠦᠷᠢᠯᠡᠬᠦ ᠶᠢ ᠴᠢᠬᠤᠯᠠᠴᠢᠯᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ᠂ ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠪᠣᠬᠢᠷᠲᠤᠯ ᠥᠬᠡᠶ᠂ ᠠᠮᠤᠷ ᠲᠦᠪᠰᠢᠨ ᠤ ᠨᠢᠭᠡᠳᠦᠯ ᠢ ᠪᠡᠶᠡᠯᠡᠭᠦᠯᠦᠨ᠎ᠡ᠃            ᠭᠤᠷᠪᠠᠳᠤᠭᠠᠷ ᠬᠡᠰᠡᠭ ᠭᠤᠣᠯ ᠬᠠᠷᠠᠯᠲᠠ      2035 ᠣᠨ ᠤ ᠠᠯᠤᠰ ᠤᠨ ᠬᠠᠷᠠᠯᠲᠠ᠃ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠪᠠ ᠪᠣᠬᠢᠷᠲᠤᠯ ᠦᠭᠡᠢ ᠬᠥᠭᠵᠢᠯᠲᠡ ᠶᠢᠨ ᠴᠢᠳᠠᠪᠤᠷᠢ ᠶᠡᠭᠡ ᠪᠠᠷ ᠳᠡᠭᠡᠭᠰᠢᠯᠡᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠰᠢᠨ᠎ᠡ ᠳᠡᠭᠲᠡᠷ ᠲᠤ ᠭᠠᠷᠪᠠ︔ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠪᠡᠶ᠎ᠡ ᠶᠢᠨ ᠣᠨᠴᠠᠯᠢᠭ ᠪᠥᠬᠦᠶ ᠣᠳᠣᠬᠢᠴᠢᠯᠠᠭᠰᠠᠨ ᠠᠮᠢ ᠠᠬᠤᠶ ᠶᠢᠨ ᠠᠵᠤ ᠠᠬᠤᠶ ᠶᠢᠨ ᠰᠢᠰᠲ᠋ᠧᠮ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ᠂ ᠰᠢᠨ᠎ᠡ ᠬᠡᠯᠪᠡᠷᠢ ᠶᠢᠨ ᠬᠤᠲᠠ ᠪᠠᠯᠭᠠᠰᠤ ᠶᠢᠨ ᠰᠢᠰᠲ᠋ᠧᠮ᠂ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ︔ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠲᠡᠮᠡᠴᠡᠬᠦ᠂ ᠬᠠᠮᠲᠤᠪᠠᠷ ᠬᠥᠭᠵᠢᠬᠦ ᠶᠡᠭᠡ ᠪᠦᠯᠬᠦᠮᠳᠡᠯ ᠶᠡᠭᠡ ᠠᠭᠤᠰᠤᠯᠴᠠᠯ ᠤᠨ ᠪᠠᠶᠢᠳᠠᠯ ᠢ ᠨᠡᠩ ᠪᠠᠲᠤᠳᠬᠠᠵᠤ᠂ ᠬᠠᠤᠯᠢᠵᠢᠯ ᠤᠨ ᠠᠯᠠᠱᠠ ᠵᠡᠭᠦᠨ ᠬᠤᠰᠢᠭᠤ᠂ ᠠᠮᠤᠷ ᠠᠮᠤᠭᠤᠯᠠᠩ ᠠᠯᠠᠱᠠ ᠵᠡᠭᠦᠨ ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠳᠤ ᠬᠦᠷᠭᠡᠵᠦ ᠂ ᠪᠦᠬᠦ ᠠᠶᠢᠮᠠᠭ ᠤᠨ ᠨᠡᠶᠢᠭᠡᠮ ᠤᠨ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠲᠠᠯ᠎ᠠ ᠪᠠᠷ ᠬᠢ ᠭᠤᠣᠯᠯᠠᠭᠴᠢ ᠶᠢᠨ ᠪᠠᠶᠢᠷᠢ ᠰᠠᠭᠤᠷᠢ ᠶᠢ ᠢᠯᠡᠳᠲᠡ ᠨᠡᠮᠡᠭᠳᠡᠭᠦᠯᠦᠨ᠎ᠡ︔ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠵᠦ᠂ ᠠᠷᠠᠳ ᠲᠦᠮᠡᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠳᠦ ᠬᠡᠮᠵᠢᠶᠡᠨ ᠳᠤ ᠬᠦᠷᠭᠡᠵᠦ᠂ ᠤᠨᠴᠠᠯᠢᠭᠳᠤ ᠦᠨᠳᠦᠰᠦᠲᠡᠨ ᠤ ᠰᠣᠶᠣᠯ ᠢ ᠭᠦᠢᠴᠡᠳ ᠠᠭᠤᠳᠠᠯᠵᠤ᠂ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠦᠨ᠎ᠡ︔ ᠪᠣᠬᠢᠷᠲᠤᠯ ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠣᠶ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠥᠬᠦ ᠶᠠᠪᠤᠴᠠ ᠳᠤ ᠲᠤᠤᠱᠯᠠᠭᠤᠯᠤᠨ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠣ ᠣᠷᠣᠨ ᠤ ᠭᠤᠤᠯ ᠴᠣᠭᠴᠠ ᠶᠢᠨ ᠴᠢᠳᠠᠮᠵᠢ ᠶᠢ ᠭᠦᠶᠴᠡᠳ ᠢᠯᠡᠷᠡᠭᠦᠯᠵᠦ᠂ ᠦᠵᠡᠰᠬᠦᠯᠡᠩᠲᠦ ᠰᠠᠶᠢᠬᠠᠨ ᠠᠯᠠᠱᠠ ᠵᠡᠭᠦᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠪᠣᠯᠤᠨ ︽ᠨᠢᠭᠡ ᠪᠦᠰᠡ ᠨᠢᠭᠡ ᠵᠠᠮ︾᠎ ᠤᠨ ᠪᠦᠳᠦᠬᠡᠨ ᠪᠠᠶᠢᠭᠤᠯᠤᠯᠲᠠ ᠳᠤ ᠠᠭᠤᠰᠤᠯᠴᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠰᠢᠨ᠎ᠡ ᠰᠢᠪᠲᠤᠯᠤᠯᠲᠠ ᠲᠠᠢ ᠪᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠭᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠡ ᠲᠤᠯᠬᠤ ᠴᠡᠭ ᠪᠣᠯᠪᠠ︔ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠵᠤ᠂ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠠᠪᠤᠳᠠᠯ ᠢ ᠦᠨᠡᠨ ᠪᠣᠳᠠᠲᠠᠶ ᠠᠬᠢᠯᠳᠠ ᠲᠠᠢ ᠪᠣᠯᠭᠠᠨ᠎ᠠ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ᠃ 2035 ᠣᠨ ᠤ ᠠᠯᠤᠰ ᠤᠨ ᠬᠠᠷᠠᠯᠲᠠ ᠶᠢ ᠲᠣᠭᠲᠠᠭᠠᠵᠤ᠂ ᠲᠠᠪᠤᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠦᠨᠡᠨ ᠪᠣᠳᠠᠲᠠᠶ ᠠᠬᠢᠯᠲᠠ ᠲᠠᠢ ᠪᠣᠯᠭᠠᠵᠤ᠂ ᠠᠯᠠᠱᠠ ᠵᠡᠭᠦᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠡᠬᠢᠯᠡᠭᠦᠯᠬᠦ ᠪᠠᠷ ᠴᠢᠷᠮᠠᠶᠢᠨ᠎ᠠ᠃      — ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠢᠯᠡᠳᠲᠡ ᠪᠠᠬᠢᠵᠢᠭᠦᠯᠦᠨ᠎ᠡ᠃ ᠠᠮᠢ ᠠᠬᠤᠶ ᠶᠢᠨ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠤᠯᠠᠮ ᠰᠢᠯᠢᠳᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠤᠯᠵᠤ᠂ ᠠᠮᠢ ᠠᠬᠤᠶ ᠬᠡᠪᠡᠷᠡᠭ ᠣᠷᠣᠨ ᠢ ᠪᠦᠲᠦᠮᠵᠢᠲᠡᠶ ᠪᠠᠷ ᠵᠠᠰᠠᠵᠤ ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠨ ᠠᠰᠢᠭᠯᠠᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠬᠤᠳᠠ ᠬᠥᠳᠡᠭᠡ ᠶᠢᠨ ᠬᠥᠮᠦᠰ ᠤᠨ ᠰᠠᠭᠤᠷᠢᠰᠢᠯ ᠤᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠃      -- ᠣᠳᠣᠬᠢᠴᠢᠯᠠᠭᠰᠠᠨ ᠠᠮᠢ ᠠᠬᠤᠶ ᠶᠢᠨ ᠠᠵᠤ ᠠᠬᠤᠶ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂ ᠠᠵᠤ ᠠᠬᠤᠶ ᠶᠢᠨ ᠪᠦᠲᠦᠴᠡ ᠶᠢ ᠨᠡᠩ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ ᠢ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠬᠤ ᠭᠤᠣᠯᠯᠠᠬᠤ ᠬᠥᠳᠡᠯᠭᠡᠭᠴᠢ ᠬᠦᠴᠦᠨ ᠪᠣᠯᠭᠠᠵᠤ᠂ ᠠᠵᠤ ᠦᠢᠯᠡᠰ ᠤᠨ ᠠᠭᠤᠰᠤᠯᠴᠠᠯ᠂ ᠬᠤᠳᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠶ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      -- ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠵᠣᠷᠢᠯᠲᠠ ᠪᠠ ᠦᠷ᠎ᠡ ᠳ᠋ᠦᠩ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠣᠷᠣᠯᠭ᠎ᠠ ᠶᠢᠨ ᠬᠤᠪᠢᠶᠠᠷᠢᠯᠠᠯᠲᠠ ᠶᠢ ᠨᠡᠩ ᠲᠡᠩᠴᠡᠭᠦᠷᠢᠲᠡᠶ ᠪᠣᠯᠭᠠᠵᠤ᠂ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠡᠮᠴᠢᠯᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠮ ᠬᠠᠷᠢᠯᠴᠠᠭ᠎ᠠ᠂ ᠣᠷᠣᠨ ᠰᠠᠭᠤᠴᠠ ᠶᠢᠨ ᠨᠥᠬᠦᠴᠡᠯ ᠵᠡᠷᠭᠡ ᠶᠢ ᠦᠷᠭᠦᠯᠵᠢᠯᠡᠨ ᠰᠠᠶᠢᠵᠢᠷᠠᠭᠤᠯᠵᠤ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠬᠦᠯᠦᠨ᠂ ᠡᠷᠡᠭᠦᠯ ᠡᠩᠬᠡ ᠠᠯᠠᠱᠠ ᠵᠡᠭᠦᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠦᠷᠭᠦᠯᠵᠢᠯᠡᠬᠦ᠋ᠢᠴᠡ᠂ ᠨᠠᠩ ᠪᠠᠲᠤᠯᠠᠭ᠎ᠠ ᠲᠠᠢ ᠪᠣᠯᠭᠠᠨ᠎ᠠ᠃      -- ᠥᠭᠡᠷᠡᠴᠢᠯᠡᠯᠲᠡ ᠨᠡᠭᠡᠭᠡᠯᠳᠡ ᠶᠢ ᠨᠡᠩ ᠥᠨᠳᠥᠷ ᠲᠦᠪᠰᠢᠨ ᠳᠤ ᠬᠦᠷᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠢᠯᠡᠳᠲᠡ ᠴᠢᠩᠭᠠᠷᠠᠭᠤᠯᠵᠤ᠂ ᠨᠡᠭᠡᠭᠡᠯᠲᠡᠲᠡᠶ᠂ ᠢᠯᠡ ᠲᠣᠳᠣ᠂ ᠲᠥᠪ ᠭᠤᠣᠯᠴᠢ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠰᠢᠨ᠎ᠡ ᠠᠬᠢᠴᠠ ᠲᠠᠢ ᠪᠣᠯᠭᠠᠵᠤ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠢᠯᠡᠳᠲᠡ ᠰᠢᠪᠲᠤᠯᠤᠯᠲᠠ ᠲᠠᠢ ᠪᠣᠯᠭᠠᠨ᠎ᠠ︔ ᠦᠯᠵᠡᠢ ᠬᠢᠯᠢ ᠶᠢᠨ ᠪᠣᠭᠤᠮᠲᠠ ᠶᠢᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠳᠤᠮᠳᠠᠬᠢ ᠪᠠᠶᠢᠷᠢ ᠰᠠᠭᠤᠷᠢ ᠶᠢ ᠢᠯᠡᠷᠡᠭᠦᠯᠦᠨ᠎ᠡ︔ ᠡᠷᠬᠢᠨ ᠲᠣᠭᠤᠷᠢᠨ ᠤ ᠣᠷᠣᠨ ᠪᠦᠰᠡ ᠶᠢᠨ ᠵᠠᠮ ᠬᠠᠷᠢᠯᠴᠠᠭ᠎ᠠ᠂ ᠵᠠᠬ᠎ᠠ ᠳᠡᠯᠭᠡᠭᠦᠷ᠂ ᠠᠵᠤ ᠦᠶᠯᠡᠰ᠂ ᠰᠢᠨ᠎ᠡ ᠶᠢ ᠡᠭᠦᠳᠬᠦ᠂ ᠠᠮᠢ ᠠᠬᠤᠶ᠂ ᠣᠯᠠᠨ ᠨᠡᠶᠢᠲᠡ ᠶᠢᠨ ᠦᠶᠯᠡᠴᠢᠯᠡᠭᠡ ᠵᠢᠴᠢ ᠲᠥᠷᠥ ᠶᠢᠨ ᠪᠣᠳᠣᠯᠭ᠎ᠠ ᠲᠠᠢ ᠬᠠᠮᠵᠢᠯᠴᠠᠨ ᠬᠥᠳᠡᠯᠦᠯᠴᠡᠭᠡᠳ ᠰᠢᠨ᠎ᠡ ᠦᠷ᠎ᠡ ᠪᠦᠲᠦᠭᠡᠯ ᠣᠯᠵᠤ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠳᠤ ᠠᠭᠤᠰᠤᠯᠴᠠᠬᠤ ᠬᠡᠮᠵᠢᠶ᠎ᠡ ᠤᠯᠠᠮ ᠳᠡᠭᠡᠭᠰᠢᠯᠡᠨ᠎ᠡ᠃      -- ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠴᠢᠬᠤᠯᠠ ᠰᠢᠪᠲᠤᠯᠤᠯᠲᠠ ᠲᠠᠢ ᠪᠣᠯᠪᠠ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠤ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠰᠣᠶᠣᠯ ᠤᠨ ᠵᠥᠭᠡᠯᠡᠨ ᠪᠣᠳᠠᠲᠤ ᠬᠦᠴᠦᠨ ᠢ ᠤᠯᠠᠮ ᠴᠢᠩᠭᠠᠷᠠᠭᠤᠯᠤᠨ᠎ᠠ᠃      -- ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠯᠬᠤᠴᠠ ᠢᠯᠡᠳᠲᠡ ᠲᠦᠷᠭᠡᠳᠪᠡ᠃ ᠠᠷᠠᠳ ᠤᠨ ᠠᠷᠠᠳᠴᠢᠯᠠᠯ᠂ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ ᠪᠦᠷᠢᠨᠰᠢᠬᠦᠯᠬᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠢᠯᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠬᠦ᠂ ᠤᠯᠠᠨ ᠡᠰᠢᠴᠢᠯᠡᠨ ᠣᠷᠣᠯᠴᠠᠬᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠬᠤᠳᠠ ᠬᠥᠳᠡᠭᠡ ᠶᠢᠨ ᠵᠠᠰᠠᠯᠲᠠ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠬᠦ ᠶᠢ ᠪᠠᠷᠢᠮᠲᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ ᠬᠦᠴᠦᠲᠡᠶ ᠪᠣᠯᠭᠠᠨ᠎ᠠ᠃      ᠲᠤᠰᠬᠠᠶ ᠪᠤᠯᠤᠩ 2᠄  ᠠᠯᠠᠱᠠ ᠵᠡᠭᠦᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠎ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠦᠶᠴᠡᠳᠬᠡᠯ ᠲᠤᠭ᠎ᠠ             ᠭᠤᠷᠪᠠᠳᠣᠭᠠᠷ ᠪᠦᠯᠦᠭ ᠣᠨᠴᠠᠯᠢᠠᠠᠳᠣ ᠰᠢᠨ᠎ᠡ ᠶᠢ ᠡᠬᠦᠳᠣᠨ ᠬᠦᠭᠵᠢᠬᠦᠯᠬᠦ ᠲᠤᠬᠠᠢ      ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠬᠥᠭᠵᠢᠭᠦᠯᠬᠦ︾᠎  ᠠᠵᠢᠯᠯᠠᠭ᠎ᠠ  ᠶᠢ ᠬᠡᠷᠡᠭᠵᠢᠭᠦᠯᠵᠦ᠂ ᠥᠪᠡᠷᠮᠢᠴᠡ ᠡᠬᠢ ᠪᠠᠶᠠᠯᠢᠭ ᠲᠤ ᠲᠦᠰᠢᠭᠯᠡᠨ ᠰᠢᠨ᠎ᠡ ᠶᠢ ᠡᠭᠦᠳᠬᠦ ᠡᠯᠧᠮᠧᠨ᠋ᠲ ᠢ ᠬᠤᠷᠠᠮᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠯᠳᠠ ᠬᠦᠴᠦᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠶᠯᠡᠳᠪᠦᠷᠢᠯᠡᠯ ᠤᠨ ᠬᠦᠴᠦᠨ ᠳᠠᠰᠢ ᠬᠤᠪᠢᠷᠠᠭᠤᠯᠬᠤ ᠶᠢ ᠲᠦᠷᠭᠡᠳᠬᠡᠨ᠂ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠠᠭᠠᠲᠠᠢ ᠣᠷᠴᠢᠨ ᠨᠥᠬᠦᠴᠡᠯ ᠢ ᠪᠣᠶ ᠪᠣᠯᠭᠠᠵᠤ ᠂ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠤᠨ᠎ᠠ᠃             ᠨᠢᠭᠡᠳᠦᠭᠡᠷ ᠬᠡᠰᠡᠭ ᠰᠢᠨ᠎ᠡ ᠶᠢ ᠡᠭᠦᠳᠬᠦ ᠮᠡᠷᠭᠡᠵᠢᠯ ᠤᠨ ᠡᠬᠢ ᠡᠭᠦᠰᠪᠦᠷᠢ ᠶᠢ ᠰᠠᠭᠠᠳ ᠦᠭᠡᠢ ᠨᠡᠪᠲᠡᠷᠡᠭᠦᠯᠬᠦ ᠲᠤᠬᠠᠢ      ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩ ᠤᠨ ᠲᠤᠷᠰᠢᠯᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠤᠶᠤᠨᠲᠤ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠡᠨᠧᠷᠭᠢ᠂ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠴᠡᠷᠢᠭ ᠤᠨ ᠠᠵᠤ ᠦᠶᠯᠡᠳᠪᠦᠷᠢ ᠶᠢᠨ ᠰᠤᠳᠤᠯᠭᠠᠨ ᠤ ᠬᠦᠷᠢᠶᠡᠯᠡᠩ᠂ ᠳᠡᠭᠡᠳᠦ ᠰᠤᠷᠭᠠᠭᠤᠯᠢ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ ᠠᠵᠤ ᠦᠶᠯᠡᠰ ᠤᠨ ᠮᠡᠷᠭᠡᠵᠢᠯ ᠤᠨ ᠬᠡᠷᠡᠭᠯᠡᠭᠡᠨ ᠤ ᠢᠨᠵᠧᠨᠧᠷᠢᠩ ᠤᠨ ᠲᠤᠷᠰᠢᠯᠲᠠ ᠶᠢᠨ ᠲᠠᠰᠤᠭ ᠢ ᠬᠠᠮᠲᠤᠪᠠᠷ ᠪᠠᠶᠢᠭᠤᠯᠤᠨ᠎ᠠ᠃      ᠣᠷᠣᠨ ᠪᠦᠰᠡ ᠠᠯᠤᠰᠯᠠᠭᠰᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠣᠭᠲᠠᠴᠠ ᠶᠢ ᠴᠢᠩᠭᠠᠳᠬᠠᠨ᠎ᠠ᠃ ᠪᠡᠭᠡᠵᠢᠩ᠂ ᠴᠦᠩᠴᠢᠩ᠂ ᠵᠧᠵᠢᠶᠠᠩ᠂ ᠱᠠᠨᠰᠢ ᠭᠠᠨᠰᠦ ᠨᠢᠩᠰᠢᠶᠠ ᠵᠡᠷᠭᠡ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠠᠰᠢᠭᠯᠠᠨ᠂ ᠠᠮᠢ ᠠᠬᠤᠶ ᠶᠢ ᠰᠡᠷᠭᠦᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ᠂ ᠲᠣᠭᠠᠴᠢᠯᠠᠭᠰᠠᠨ ᠠᠵᠤ ᠠᠬᠤᠶ ᠵᠡᠷᠭᠡ ᠬᠦᠷᠢᠶ᠎ᠡ ᠴᠠᠷᠠᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠰᠦᠪᠡᠭᠴᠢᠯᠡᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾᠎  ᠠᠵᠢᠯᠯᠠᠭ᠎ᠠ ᠶᠢ ᠠᠰᠢᠭᠯᠠᠨ᠂ ᠣᠷᠣᠨ ᠪᠦᠰᠡ ᠠᠯᠤᠰᠯᠠᠭᠰᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠥᠪ ᠢ ᠪᠠᠶᠢᠭᠤᠯᠤᠨ᠎ᠠ᠃ ᠤᠯᠤᠰ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠨᠢᠭᠡ ᠪᠦᠰᠡ ᠨᠢᠭᠡ ᠵᠠᠮ︾᠎ ᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠪᠥᠭᠡᠮᠨᠡᠷᠡᠯ ᠢ ᠪᠦᠳᠦᠭᠡᠨ ᠪᠠᠶᠢᠭᠤᠯᠤᠨ᠎ᠠ᠃      ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠦᠷᠢᠯᠳᠦᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠨᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠯᠤᠭ᠎ᠠ ᠶᠢᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠮ ᠪᠠ ᠢᠳᠡᠭᠡᠨ ᠤ ᠵᠦᠶᠯ ᠤᠨ ᠠᠳᠠᠯᠢ ᠢᠷᠡᠯᠲᠡ ᠲᠠᠢ ᠰᠢᠨ᠎ᠡ ᠶᠢ ᠡᠭᠦᠳᠬᠦ ᠠᠵᠤ ᠦᠶᠯᠡᠰ ᠤᠨ ᠨᠡᠪᠴᠢᠭᠦᠯᠬᠦ ᠲᠠᠪᠴᠠᠩ᠂ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠲᠥᠪ ᠪᠠ ᠲᠤᠰᠬᠠᠶ ᠮᠡᠷᠭᠡᠵᠢᠯᠲᠡᠨ ᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠯᠪᠠᠰᠤᠷᠠᠩᠭᠤᠶ᠂ ᠬᠡᠷᠡᠭᠯᠡᠭᠡᠨ ᠤ ᠮᠡᠷᠭᠡᠵᠢᠯ ᠢ ᠠᠯᠠᠱᠠ ᠵᠡᠭᠦᠨ ᠬᠤᠰᠢᠭᠤᠨ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠶᠯᠡᠳᠬᠦᠨ ᠤ ᠣᠯᠠᠨ ᠶᠠᠩᠵᠤᠲᠤ ᠴᠢᠨᠠᠷ ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠳᠡᠭᠡᠭᠰᠢᠯᠡᠭᠦᠯᠦᠨ᠎ᠡ᠃             ᠬᠤᠶᠠᠳᠤᠭᠠᠷ ᠬᠡᠰᠡᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ      ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠶᠯ ᠢ ᠠᠵᠤ ᠠᠬᠤᠶᠢᠯᠠᠯ ᠳᠠᠰᠢ ᠲᠥᠪᠯᠡᠷᠡᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠶᠯ ᠳᠤ ᠣᠷᠣᠯᠴᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠ ᠤᠯᠠᠮᠵᠢᠯᠠᠯᠲᠤ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ︽ᠲᠤᠰᠬᠠᠶ ᠨᠠᠷᠢᠯᠢᠭ ᠣᠨᠴᠠ ᠰᠢᠨ᠎ᠡ︾᠎  ᠦᠢᠯᠡᠳᠬᠦᠨ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠤ ᠲᠡᠮᠳᠡᠭᠲᠦ ᠶᠢ ᠪᠤᠶᠢᠵᠢᠭᠤᠯᠤᠨ᠎ᠠ᠃      ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠤᠯᠠᠨ ᠬᠦᠷᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠦᠷᠢᠯᠳᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠬᠢᠷᠲᠤᠯ ᠥᠬᠡᠶ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠢᠳᠡᠭᠡᠨ᠂ ᠠᠮᠢ ᠠᠬᠤᠶ ᠶᠢ ᠰᠡᠷᠭᠦᠭᠡᠬᠦ ᠵᠡᠷᠭᠡ ᠲᠠᠯ᠎ᠠ ᠶᠢᠨ ᠲᠣᠭᠤᠷᠢᠨ ᠳᠤ᠂ ᠴᠢᠳᠠᠪᠤᠷᠢᠲᠠᠨ᠂ ᠲᠥᠷᠥᠯ ᠵᠦᠶᠯ᠂ ᠪᠠᠯᠠ ᠮᠥᠩᠭᠦ ᠶᠢ ᠨᠢᠭᠡ ᠴᠤᠭᠴᠠᠵᠢᠭᠤᠯᠤᠨ ᠳᠣᠭᠢᠷᠠᠭᠤᠯᠬᠤ ᠶᠢ ᠠᠬᠢᠭᠤᠯᠵᠤ᠂ ︽ᠵᠠᠰᠠᠭ ᠤᠨ ᠣᠷᠳᠣᠨ + ᠠᠵᠤ ᠠᠬᠤᠶᠢᠯᠠᠯ + ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ︵᠎  ᠳᠡᠭᠡᠳᠦ ᠰᠤᠷᠭᠠᠭᠤᠯᠢ︶᠎  + ᠡᠵᠡᠩᠨᠡᠨ ᠪᠣᠷᠣᠯᠠᠭᠤᠯᠬᠤ ᠪᠦᠯᠬᠦᠮ ᠨᠡᠶᠢᠲᠡ︾᠎ ᠎ ᠶᠢᠨ ᠬᠠᠮᠲᠤᠷᠠᠯᠴᠠᠬᠤ ᠵᠠᠭᠪᠤᠷ ᠢ ᠬᠠᠶᠢᠨ ᠰᠦᠪᠡᠭᠴᠢᠯᠡᠵᠦ᠂ ᠨᠢᠭᠡ ᠪᠦᠯᠦᠭ ᠬᠥᠲᠥᠴᠢ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠴᠠᠭᠰᠠᠨ᠂ ᠳᠦᠷᠢᠮᠵᠢᠭᠰᠡᠨ᠂ ᠵᠢᠷᠤᠮᠵᠢᠭᠰᠠᠨ ᠪᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠠᠬᠢᠭᠤᠯᠬᠤ ᠶᠢᠨ ᠬᠠᠮᠲᠤ ᠪᠡᠶᠡᠯᠡᠭᠦᠯᠦᠨ᠎ᠡ᠃          ᠲᠤᠰᠬᠠᠢ ᠮᠡᠷᠭᠡᠵᠢᠯ ᠤᠨ ᠪᠦᠯᠬᠦᠮ ᠤᠨ ᠰᠢᠨ᠎ᠡ ᠶᠢ ᠡᠭᠦᠳᠬᠦ ᠶᠢ ᠪᠦᠲᠦᠮᠵᠢᠲᠡᠢ ᠤᠷᠮᠠᠰᠢᠭᠤᠯᠤᠨ᠎ᠠ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠠᠵᠤ ᠠᠬᠤᠶᠢᠯᠠᠯᠲᠠᠳ ᠤᠨ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠵᠣᠷᠢᠭᠵᠢᠭᠤᠯᠵᠤ᠂ ᠨᠡᠩ ᠤᠯᠠᠨ ᠨᠡᠶᠢᠭᠡᠮ ᠤᠨ ᠭᠤᠣᠯ ᠴᠣᠭᠴᠠ ᠶᠢ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠣᠷᠣᠯᠴᠠᠭᠤᠯᠤᠨ᠎ᠠ᠃ ᠠᠵᠤ ᠠᠬᠤᠶᠢᠯᠠᠯᠲᠠᠨ ᠵᠢᠴᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠵᠡᠷᠭᠡ ᠲᠤᠰᠬᠠᠢ ᠮᠡᠷᠭᠡᠵᠢᠯ ᠤᠨ ᠠᠵᠢᠯᠲᠠᠳ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠵᠢᠴᠢ ᠮᠡᠷᠭᠡᠵᠢᠯ ᠤᠨ ᠪᠦᠯᠬᠦᠮ ᠨᠡᠶᠢᠲᠡ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠬᠵᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠳᠤ ᠪᠡᠯᠡ ᠣᠷᠣᠭᠤᠯᠬᠤ ᠳᠤ ᠭᠠᠶᠢᠯᠢ ᠲᠠᠲᠠᠪᠤᠷᠢ᠂ ᠭᠠᠵᠠᠷ ᠬᠡᠷᠡᠭᠯᠡᠬᠦ᠂ ᠪᠡᠯᠡ ᠮᠥᠩᠭᠦ ᠵᠡᠷᠭᠡ ᠬᠦᠴᠦᠨ ᠵᠦᠢᠯ ᠤᠨ ᠲᠠᠯ᠎ᠠ ᠪᠠᠷ ᠬᠢ ᠬᠠᠷᠠᠭᠠᠯᠵᠠᠯ ᠦᠵᠡᠭᠦᠯᠦᠨ᠎ᠡ᠃          ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠲᠦᠷᠭᠡᠳᠬᠡᠨ᠎ᠡ᠃ ᠲᠣᠮᠣ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠰᠦᠨ ᠪᠤᠶᠢᠵᠢᠬᠤ ᠶᠢ ᠳᠡᠮᠵᠢᠵᠦ᠂ ᠨᠢᠭᠡ ᠪᠦᠯᠦᠭ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠪᠠᠷ ᠲᠡᠰ ᠳᠡᠪᠰᠢᠭᠦᠯᠬᠦ ᠶᠢ ᠳᠠᠶᠢᠴᠢᠯᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠡᠯᠡᠳᠬᠡᠯ ᠬᠥᠷᠥᠩᠭᠡ ᠶᠢᠨ ᠢᠷᠡᠯᠲᠡ ᠶᠢ ᠪᠤᠶᠢᠵᠢᠭᠤᠯᠤᠨ᠂ ᠴᠢᠨᠠᠷ ᠰᠠᠶᠢᠲᠠᠶ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ᠂ ᠬᠥᠷᠥᠩᠭᠡ ᠶᠢᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃                  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠠᠵᠤ ᠠᠬᠤᠶᠢᠯᠠᠯ ᠤᠨ ᠨᠡᠪᠴᠢᠬᠦᠯᠦᠬᠦᠷ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠣᠳᠣᠬᠢᠴᠢᠯᠠᠭᠰᠠᠨ ᠠᠵᠤ ᠦᠶᠯᠡᠰ ᠢᠶᠠᠷ ᠭᠤᠤᠯᠳᠠᠯᠭ᠎ᠠ ᠪᠣᠯᠭᠠᠵᠤ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ 3 — 5 ᠰᠢᠨ᠎ᠡ ᠶᠢ ᠡᠭᠦᠳᠬᠦ ᠲᠠᠪᠴᠠᠩ᠂ 2 — 3 ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ ᠶᠢ ᠰᠢᠨ᠎ᠡ ᠪᠠᠷ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠠᠯᠠ ᠮᠥᠩᠭᠦ ᠶᠢᠨ ᠨᠥᠬᠦᠪᠥᠷᠢ ᠶᠢ ᠤᠯᠬᠤ ᠪᠠᠷ ᠴᠢᠷᠮᠠᠶᠢᠨ᠎ᠠ᠃             ᠭᠤᠷᠪᠠᠳᠤᠭᠠᠷ ᠬᠡᠰᠡᠭ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠤᠭᠤᠯᠬᠤ ᠶᠢ ᠴᠢᠩᠭᠠᠳᠬᠠᠬᠤ ᠲᠤᠬᠠᠢ      ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠴᠢᠩᠭᠠᠳᠬᠠᠨ᠎ᠠ᠃ ︽ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ︾᠎  ᠴᠢᠭᠯᠡᠯᠲᠡ ᠶᠢ ᠲᠤᠤᠱᠯᠠᠭᠤᠯᠵᠤ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠨ᠎ᠡ᠃ ᠳᠡᠭᠡᠳᠦ ᠳᠡᠰ ᠤᠨ ᠴᠢᠳᠠᠪᠤᠷᠢᠲᠠᠨ ᠤ ᠪᠠᠷᠢᠮᠵᠢᠶ᠎ᠠ  ᠶᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ ᠵᠦᠢᠯ ᠤᠨ ᠪᠡᠯᠡ ᠮᠥᠩᠭᠦ  ᠶᠢ ᠪᠠᠶᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠬᠢᠲᠠᠳ ᠡᠮ ᠡᠮᠨᠡᠯᠭᠡ ︵᠎  ᠮᠣᠩᠭᠤᠯ ᠡᠮ ᠡᠮᠨᠡᠯᠭᠡ︶᠎  ᠵᠡᠷᠭᠡ ᠭᠤᠣᠯᠳᠠᠯᠭ᠎ᠠ  ᠲᠠᠢ ᠬᠦᠷᠢᠶ᠎ᠡ ᠶᠢᠨ ᠲᠣᠭᠤᠷᠢᠨ ᠳᠤ᠂ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠪᠠ ᠤᠷᠮᠠᠰᠢᠭᠤᠯᠵᠤ ᠳᠡᠮᠵᠢᠬᠦ ᠶᠢ ᠬᠡᠷᠡᠭᠵᠢᠭᠦᠯᠦᠨ᠂ ᠲᠥᠷᠥᠯ ᠵᠦᠶᠯ ᠢᠶᠠᠷ ᠬᠠᠮᠲᠤᠷᠠᠯᠴᠠᠬᠤ᠂ ᠲᠤᠰᠢᠶᠠᠯ ᠬᠠᠪᠰᠤᠷᠭᠠᠬᠤ ᠵᠡᠷᠭᠡ ᠠᠷᠭ᠎ᠠ ᠮᠠᠶ᠋ᠢᠭ ᠢᠶᠠᠷ ᠨᠢᠭᠡ ᠪᠦᠯᠦᠭ ᠠᠺᠠᠳᠧᠮᠢᠴᠢ ᠲᠤᠰᠬᠠᠶ ᠮᠡᠷᠭᠡᠵᠢᠯᠲᠡᠨ᠂ ᠳᠡᠭᠡᠳᠦ ᠲᠠᠰ ᠤᠨ ᠴᠢᠳᠠᠪᠤᠷᠢᠲᠠᠨ ᠂ ᠰᠢᠨ᠎ᠡ ᠶᠢ ᠡᠭᠦᠳᠬᠦ ᠴᠢᠳᠠᠪᠤᠷᠢᠲᠠᠨ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠲᠡᠳᠡᠨ ᠠᠪᠴᠢᠷᠠᠵᠤ᠂ ᠠᠯᠠᠱᠠ ᠵᠡᠭᠦᠨ ᠬᠤᠰᠢᠭᠤᠨ ᠳᠤ ᠰᠤᠳᠤᠯᠤᠨ ᠨᠡᠭᠡᠭᠡᠬᠦ ᠳᠡᠮᠵᠢᠯᠭᠡ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ᠃ ᠲᠤᠬᠠᠶ ᠶᠢᠨ ᠭᠠᠵᠠᠷ ᠤᠨ ᠴᠢᠳᠠᠪᠤᠷᠢᠲᠠᠨ ᠤ ︽ᠬᠤᠨ ᠭᠠᠯᠠᠭᠤ ᠡᠭᠦᠷ ᠲᠡᠭᠡᠨ ᠪᠤᠴᠠᠬᠤ︾᠎  ᠠᠵᠢᠯ ᠢ ᠦᠷᠭᠦᠯᠵᠢᠯᠡᠨ ᠠᠬᠢᠭᠤᠯᠵᠤ᠂ ᠲᠤᠬᠠᠶ ᠶᠢᠨ ᠭᠠᠵᠠᠷ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠨ ᠠᠵᠢᠯ ᠤᠯᠬᠤ ᠶᠢ ᠶᠡᠬᠡᠪᠡᠷ ᠳᠡᠮᠵᠢᠨ᠎ᠡ᠃      ᠰᠢᠯᠭᠠᠷᠠᠭᠰᠠᠨ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠬᠠᠶᠢᠷᠠᠯᠠᠬᠤ ᠵᠣᠷᠢᠭᠵᠢᠭᠤᠯᠤᠯ ᠤᠨ ᠲᠣᠭᠲᠠᠴᠠ ᠶᠢ ᠪᠦᠷᠢᠨᠰᠢᠬᠦᠯᠵᠦ᠂ ᠠᠯᠠᠱᠠ ᠵᠡᠭᠦᠨ ᠬᠤᠰᠢᠭᠤᠨ ᠤ ᠰᠢᠯᠢᠳᠡᠭ ᠴᠢᠳᠠᠪᠤᠷᠢᠲᠠᠨ ᠢ ᠰᠣᠩᠭᠤᠨ ︽ᠪᠥᠬᠦ ᠤᠯᠤᠰ ᠤᠨ ᠭᠠᠷᠮᠠᠭᠠᠶ ᠲᠤᠰᠬᠠᠶ ᠮᠡᠷᠭᠡᠵᠢᠯ ᠤᠨ ᠴᠢᠳᠠᠪᠤᠷᠢᠲᠠᠨ︾᠎  ︽ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠡᠮᠡᠭᠦᠷᠢ ᠶᠢᠨ ᠲᠤᠰᠬᠠᠶ ᠮᠡᠷᠭᠡᠵᠢᠯᠲᠡᠨ︾᠎  ︽ᠤᠯᠤᠰ ᠤᠨ ᠵᠠᠭᠤ ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ︾᠎ ᠎ ᠢ ᠰᠢᠯᠭᠠᠷᠠᠭᠤᠯᠬᠤ ᠳᠤ ᠣᠷᠣᠯᠴᠠᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ︽ᠰᠢᠯᠭᠠᠷᠠᠭᠰᠠᠨ ᠴᠢᠳᠠᠪᠤᠷᠢᠲᠠᠨ ᠤ ᠱᠠᠩᠨᠠᠯ︾᠎  ︽ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾᠎  ︽ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠤ ᠱᠠᠩᠨᠠᠯ︾᠎ ᠎ ᠢ ᠵᠣᠬᠢᠶᠠᠨ ᠪᠠᠶᠢᠭᠤᠯᠤᠨ ᠰᠣᠩᠭᠤᠨ ᠰᠢᠯᠭᠠᠷᠠᠭᠤᠯᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠎ ᠤ ᠢᠨᠵᠧᠨᠧᠷᠢᠩ᠂ ︽511 ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ︾᠎ ᠎ ᠤᠨ ᠰᠣᠩᠭᠤᠯᠲᠠ ᠳᠤ ᠪᠡᠯᠡᠳᠬᠡᠬᠦ ᠴᠢᠳᠠᠪᠤᠷᠢᠲᠠᠨ ᠢ ᠬᠥᠮᠦᠵᠢᠭᠦᠯᠬᠦ ᠶᠢᠨ ᠬᠠᠮᠲᠤ ᠰᠣᠩᠭᠤᠨ ᠰᠢᠯᠭᠠᠷᠠᠭᠤᠯᠤᠨ᠎ᠠ᠃ ᠭᠤᠣᠯᠳᠠᠯᠭ᠎ᠠ ᠲᠠᠢ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶᠡᠨ ᠳᠠᠬᠢ ᠰᠠᠭᠤᠷᠢ ᠰᠤᠳᠤᠯᠭᠠᠨ᠂ ᠠᠵᠤ ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠢ ᠤᠶᠠᠨ ᠴᠢᠨᠠᠷᠲᠠᠶ ᠪᠠᠷ ᠲᠠᠳᠠᠨ ᠣᠷᠣᠭᠤᠯᠵᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠴᠢᠳᠠᠪᠤᠷᠢᠲᠠᠨ ᠤ ᠬᠥᠮᠦᠵᠢᠯ ᠰᠤᠷᠭᠠᠯᠲᠠ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠪᠠᠭᠤᠯᠢᠭ ᠢ ᠭᠦᠶᠴᠡᠳ ᠠᠰᠢᠭᠯᠠᠨ᠂ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠡᠷᠢᠭᠦᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠴᠢᠳᠠᠪᠤᠷᠢᠲᠠᠨ ᠢ ᠬᠥᠮᠦᠵᠢᠭᠦᠯᠬᠦ ᠶᠢ ᠢᠳᠡᠪᠬᠢᠲᠡᠶ ᠬᠠᠮᠲᠤᠷᠠᠨ ᠥᠷᠨᠢᠭᠦᠯᠵᠦ᠂ ᠬᠥᠭᠵᠢᠭᠰᠡᠨ ᠭᠠᠵᠠᠷ ᠣᠷᠣᠨ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠰᠣᠯᠢᠯᠴᠠᠬᠤ᠂ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠲᠣᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠦᠴᠦᠨ ᠢ ᠲᠦᠷᠭᠡᠳᠬᠡᠨ ᠪᠦᠷᠢᠯᠳᠦᠭᠦᠯᠦᠨ᠎ᠡ᠃      ᠴᠢᠳᠠᠪᠤᠷᠢᠲᠠᠨ ᠢ ᠦᠨᠡᠯᠡᠬᠦ ᠪᠠ ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠲᠦᠷᠢᠮ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ᠂ ᠴᠢᠨᠠᠷ ᠴᠢᠨᠰᠠᠭ᠎ᠠ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠦᠷᠢᠨᠰᠢᠬᠦᠯᠦᠨ᠎ᠠ᠃ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠷᠭᠡᠵᠢᠯ ᠤᠨ ᠴᠣᠯᠠ ᠶᠢᠨ ᠲᠦᠷᠢᠮ ᠪᠠ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠪᠦᠲᠦᠮᠵᠢᠲᠡᠶ ᠵᠣᠯᠭᠠᠯᠳᠤᠯ ᠢ ᠪᠡᠶᠡᠯᠡᠭᠦᠯᠦᠨ᠎ᠡ᠃ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠪᠦᠷᠢᠨᠰᠢᠬᠦᠯᠵᠦ᠂ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠦᠷ ᠭᠦᠢᠴᠡᠳᠬᠡᠨ᠎ᠡ᠃      ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠪᠠᠲᠤᠯᠠᠬᠤ ᠲᠣᠭᠲᠠᠴᠠ ᠶᠢ ᠪᠦᠷᠢᠨᠰᠢᠬᠦᠯᠦᠨ᠎ᠠ᠃ ᠮᠡᠳᠡᠯᠭᠡ᠂ ᠮᠡᠷᠭᠡᠵᠢᠯ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠦᠷᠳᠡᠭ ᠢ ᠭᠦᠢᠴᠡᠳ ᠬᠠᠷᠠᠭᠤᠯᠤᠭᠰᠠᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠡᠭᠦᠷᠭᠡ ᠲᠤᠰᠢᠶᠠᠯ ᠤᠨ ᠡᠭᠦᠳᠦᠯᠲᠡ ᠶᠢᠨ ᠦᠷ᠎ᠡ ᠪᠦᠲᠦᠭᠡᠯ ᠤᠨ ᠡᠷᠬᠡ ᠠᠰᠢᠭ ᠢ ᠬᠤᠪᠢᠶᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠠᠮᠢᠶᠠᠷᠬᠤ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠵᠤ᠂ ︽ᠵᠠᠷᠯᠠᠨ ᠮᠠᠩᠯᠠᠶᠢᠯᠠᠭᠤᠯᠬᠤ︾᠎  ᠲᠦᠷᠢᠮ ᠢ ᠪᠠᠶᠢᠭᠤᠯᠤᠨ᠂ ᠲᠥᠷᠥᠯ ᠵᠦᠶᠯ ᠢ ᠰᠢᠯᠢᠨ ᠰᠣᠩᠭᠤᠬᠤ᠂ ᠴᠢᠳᠠᠪᠤᠷᠢᠲᠠᠨ ᠢ ᠢᠯᠭᠠᠨ ᠳᠣᠲᠣᠯᠠᠬᠤ᠂ ᠦᠷ᠎ᠡ ᠪᠦᠲᠦᠭᠡᠯ ᠢ ᠦᠨᠡᠯᠡᠨ ᠬᠢᠨᠠᠬᠤ᠂ ᠵᠠᠬ᠎ᠠ ᠳᠡᠯᠭᠡᠭᠦᠷ ᠢ ᠬᠤᠪᠢᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠢᠭᠡᠳᠦᠯᠲᠡᠶ ᠲᠥᠯᠥᠪᠯᠡᠨ᠎ᠡ᠃       ᠳᠥᠷᠪᠡᠳᠦᠭᠡᠷ ᠬᠡᠰᠡᠭ ᠰᠢᠨ᠎ᠡ ᠶᠢ ᠡᠭᠦᠳᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠬᠦ ᠲᠤᠬᠠᠢ          ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠳᠤᠯᠤᠨ ᠨᠡᠭᠡᠭᠡᠬᠦ ᠲᠠᠯ᠎ᠠ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠬᠠᠨᠳᠤᠰᠢ ᠶᠢ ᠪᠠᠲᠤᠯᠠᠵᠤ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ ᠪᠣᠯᠭᠠᠬᠤ᠂ ᠨᠡᠶᠢᠭᠡᠮ ᠤᠨ ᠤᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠰᠢᠭᠤᠷᠠᠯ ᠰᠤᠳᠤᠯᠭᠠᠨ ᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃          ᠮᠥᠩᠭᠦᠨ ᠭᠦᠢᠯᠭᠡᠭᠡ ᠪᠠᠷ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠠᠪᠴᠠᠩ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠪᠴᠢᠶᠡᠵᠢᠭᠦᠯᠦᠨ ᠬᠡᠷᠡᠭᠯᠡᠬᠦ ᠲᠥᠷᠥᠯ ᠵᠦᠢᠯ ᠤᠨ ᠵᠢᠭᠡᠯᠡᠯᠭᠡ ᠶᠢ ᠣᠯᠬᠤ ᠪᠠᠷ ᠴᠢᠷᠮᠠᠶᠢᠨ᠎ᠠ᠃ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠯᠤᠭ᠎ᠠ ᠬᠠᠮᠲᠤᠷᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ᠂ ᠠᠵᠤ ᠦᠢᠯᠡᠰ ᠤᠨ ᠮᠡᠷᠭᠡᠵᠢᠯ ᠬᠢᠭᠡᠳ ᠬᠥᠷᠥᠩᠭᠡ ᠶᠢᠨ ᠵᠠᠬ᠎ᠠ ᠳᠡᠯᠭᠡᠭᠦᠷ ᠤᠨ ᠨᠢᠭᠲᠠ ᠬᠤᠯᠪᠣᠯᠳᠤᠬᠤ ᠶᠢ ᠠᠬᠢᠭᠤᠯᠤᠨ᠎ᠠ᠃          ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠢᠳᠠᠪᠤᠷᠢ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠦᠨ᠎ᠡ᠃                   ᠳᠥᠷᠪᠡᠳᠦᠭᠡᠷ ᠪᠦᠯᠦᠭ ᠣᠳᠣᠬᠢᠴᠢᠯᠠᠭᠰᠠᠨ ᠠᠵᠤ ᠦᠢᠯᠡᠰ ᠤᠨ ᠲᠤᠬᠠᠢ            ᠪᠣᠳᠠᠲᠤ ᠴᠣᠭᠴᠠ ᠶᠢᠨ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠣᠳᠣᠬᠢᠴᠢᠯᠠᠭᠰᠠᠨ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠬᠠᠮᠵᠢᠯᠴᠠᠨ ᠬᠥᠭᠵᠢᠭᠰᠡᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠪᠠ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠲᠡᠰᠢ ᠬᠥᠭᠵᠢᠬᠦ ᠶᠢ ᠠᠬᠢᠭᠤᠯᠵᠤ᠂ ᠮᠡᠳᠡᠭᠡ ᠵᠠᠩᠭᠢᠵᠢᠯᠲᠠ ᠪᠣᠯᠤᠨ ᠠᠵᠤ ᠦᠢᠯᠡᠳᠪᠦᠷᠢᠵᠢᠯᠲᠡ ᠶᠢᠨ ᠡᠷᠴᠢᠮᠲᠡᠢ ᠠᠭᠤᠰᠤᠯᠴᠠᠯ ᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠪᠣᠬᠢᠷᠲᠤᠯ ᠦᠭᠡᠢ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠤᠨᠴᠠᠯᠢᠬᠳᠤ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠤᠨ ᠰᠢᠨ᠎ᠡ ᠬᠤᠳᠠᠯᠳᠤᠭᠠᠨ ᠤ ᠵᠠᠭᠪᠤᠷ ᠢ ᠬᠥᠭᠵᠢᠭᠦᠯᠦᠨ᠎ᠡ︔ ᠨᠡᠩ ᠤᠯᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠠᠭᠤᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ︔ ᠦᠯᠡᠳᠡᠭᠡᠯ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠶ ᠨᠡᠮᠡᠭᠳᠡᠯ ᠬᠠᠩᠭᠠᠯᠭ᠎ᠠ ᠶᠢ ᠥᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠬᠥᠳᠡᠯᠦᠩᠭᠦᠶ ᠲᠡᠩᠴᠡᠭᠦᠷᠢ ᠶᠢ ᠪᠡᠶᠡᠯᠡᠭᠦᠯᠦᠨ᠎ᠡ᠃             ᠨᠢᠭᠡᠳᠦᠭᠡᠷ ᠬᠡᠰᠡᠭ ᠳᠠᠪᠠᠭᠤᠯᠢᠭ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ ᠠᠵᠢᠯ ᠢ ᠲᠦᠷᠭᠡᠳᠬᠡᠬᠦ ᠲᠤᠬᠠᠢ      ᠰᠢᠨ᠎ᠡ ᠨᠢᠭᠡ ᠡᠭᠡᠯᠵᠢ ᠶᠢᠨ ᠬᠡᠷᠡᠭᠴᠡᠭᠡ ᠶᠢᠨ ᠳᠡᠰ ᠳᠠᠪᠰᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ ᠢ ᠡᠵᠡᠮᠳᠡᠵᠦ᠂ ᠡᠨᠧᠷᠭᠢ ᠡᠬᠢ ᠪᠠᠶᠠᠯᠢᠭ ᠢ ᠪᠠᠶᠢᠴᠠᠭᠠᠨ ᠦᠨᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠬᠢᠷᠲᠤᠯ ᠦᠭᠡᠶ ᠪᠣᠯᠭᠠᠬᠤ᠂ ᠳᠡᠭᠡᠳᠦ ᠳᠡᠰ ᠤᠨ ᠪᠣᠯᠭᠠᠬᠤ᠂ ᠤᠶᠤᠨᠴᠢᠯᠠᠬᠤ ᠤᠳᠤᠷᠢᠳᠤᠮᠵᠢ ᠶᠢ ᠪᠠᠷᠢᠮᠲᠠᠯᠠᠵᠤ᠂ ᠪᠣᠬᠢᠷᠲᠤᠯ ᠦᠭᠡᠶ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠨᠢᠭᠡ ᠪᠦᠯᠦᠭ ᠲᠥᠷᠥᠯ ᠵᠦᠶᠯ ᠢ ᠬᠡᠷᠡᠭᠵᠢᠭᠦᠯᠵᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠠᠵᠤ ᠦᠶᠯᠡᠰ ᠤᠨ ᠠᠵᠤ ᠦᠶᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠵᠤ᠂ ᠪᠠᠶᠢᠷᠢᠰᠢᠯ ᠨᠢ ᠵᠦᠶ ᠵᠣᠬᠢᠰᠲᠠᠶ᠂ ᠣᠨᠴᠠᠯᠢᠭ ᠨᠢ ᠢᠯᠡ ᠲᠣᠳᠣ᠂ ᠠᠭᠤᠰᠤᠯᠴᠠᠯ ᠨᠢ ᠡᠮᠬᠢ ᠵᠢᠷᠤᠮ ᠲᠠᠢ ᠪᠣᠬᠢᠷᠲᠤᠯ ᠥᠬᠡᠶ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ      — ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ᠃ ᠥᠩᠭᠡ ᠦᠵᠡᠮᠵᠢ ᠶᠢᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ ᠵᠣᠬᠢᠴᠠᠭᠤᠯᠬᠤ᠂ ᠭᠠᠳᠠᠭᠰᠢ ᠬᠦᠷᠭᠡᠬᠦ ᠪᠠ ᠲᠤᠬᠠᠢ ᠶᠢᠨ ᠭᠠᠵᠠᠷ ᠲᠤᠨᠢ ᠤᠰᠠᠳᠬᠠᠵᠤ ᠨᠥᠭᠡᠴᠡᠯᠡᠬᠦ ᠶᠢ ᠵᠡᠷᠭᠡᠪᠡᠷ ᠴᠢᠬᠤᠯᠠᠴᠢᠯᠠᠬᠤ᠂ ᠥᠩᠭᠡ ᠦᠵᠡᠮᠵᠢ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠬᠥᠭᠵᠢᠯᠲᠡ ᠶᠢᠨ ᠰᠡᠳᠬᠢᠬᠦᠢ ᠶᠢ ᠪᠠᠷᠢᠮᠲᠠᠯᠠᠵᠤ᠂ ᠥᠯᠵᠡᠢ ᠪᠣᠭᠤᠮᠲᠠ᠂ ᠣᠯᠠᠨᠪᠤᠯᠠᠭ ᠠᠵᠤ ᠦᠢᠯᠡᠰ ᠤᠨ ᠬᠦᠷᠢᠶᠡᠯᠡᠩ᠂ ᠪᠠᠶᠠᠨᠬᠤᠲᠠ ᠶᠢᠨ ᠠᠮᠢ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠭᠤᠣᠯ ᠠᠴᠢᠶᠠᠯᠠᠪᠤᠷᠢ ᠪᠣᠯᠭᠠᠵᠤ᠂ ᠬᠠᠶᠠᠭᠳᠠᠮᠠᠯ ᠠᠭᠤᠷᠬᠠᠢ᠂ ᠡᠯᠡᠰᠦᠨ ᠴᠥᠯ ᠭᠤᠪᠢ᠂ ᠬᠢᠯᠢ ᠳᠠᠭᠠᠤ ᠵᠡᠷᠭᠡ ᠭᠠᠵᠠᠷ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠬᠡᠷᠡᠯ ᠢᠯᠴᠢ᠂ ᠤᠰᠤᠲᠥ᠋ᠷᠥᠭᠴᠢ ᠦᠶᠯᠡᠳᠬᠦ ᠰᠠᠭᠤᠷᠢᠨ ᠭᠠᠵᠠᠷ ᠢ ᠣᠷᠣᠨ ᠪᠦᠰᠡ ᠪᠠᠷ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠦᠶᠯᠡᠳᠪᠦᠷᠢᠯᠡᠯ᠂ ᠲᠣᠨᠤᠭ ᠲᠥᠬᠦᠭᠡᠷᠦᠮᠵᠢ ᠦᠶᠯᠡᠳᠬᠦ᠂ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ ᠴᠤᠭᠴᠠᠵᠢᠭᠤᠯᠤᠭᠰᠠᠨ ᠥᠩᠭᠡ ᠦᠵᠡᠮᠵᠢ ᠤᠰᠤᠲᠥ᠋ᠷᠥᠭᠴᠢ ᠢᠯᠴᠢ ᠬᠠᠳᠠᠭᠠᠯᠠᠬᠤ ᠠᠵᠤ ᠦᠶᠯᠡᠰ ᠤᠨ ᠰᠦᠷᠦᠭᠵᠢᠯ ᠢ ᠪᠠᠶᠢᠭᠤᠯᠵᠤ᠂ ᠱᠠᠩᠬᠤ ᠶᠢᠨ ᠰᠦᠮ᠎ᠡ ᠠᠴᠠ ᠱᠠᠨᠳᠦ᠋ᠩ ᠬᠥᠷᠬᠦ ᠲᠣᠭᠲᠠᠮᠠᠯ ᠭᠥᠶᠥᠳᠡᠯᠳᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠲᠡᠷᠡᠬᠦ ᠵᠠᠮ ᠤᠨ ᠠᠯᠠᠱᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠢ ᠴᠢᠨᠠᠷ ᠰᠠᠶᠢᠲᠠᠶ ᠰᠠᠶᠢᠲᠤᠷ ᠬᠢᠵᠦ᠂ ᠮᠠᠨᠳᠤᠯ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠰᠠᠭᠠᠷᠮᠠᠭᠵᠢᠯ ᠢ ᠠᠬᠢᠭᠤᠯᠤᠨ᠎ᠠ᠃ ︽ᠬᠠᠲᠤᠨ ᠭᠤᠣᠯ ᠤᠨ ᠤᠭᠠᠯᠵᠠᠨ ᠲᠣᠬᠤᠢ ᠶᠢᠨ ᠮᠤᠷᠤᠢ ᠶᠢᠨ ᠬᠡᠰᠡᠭ︾᠎  ︽ᠬᠠᠲᠤᠨ ᠭᠤᠤᠯ ᠤᠨ ᠪᠠᠷᠠᠭᠤᠨ ᠬᠤᠩᠭᠢᠯ ᠤᠨ︾᠎ ᠎ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠲᠤ ᠢᠳᠡᠪᠬᠢᠲᠡᠶ ᠪᠠᠷ ᠠᠭᠤᠰᠤᠯᠴᠠᠨ᠂ ᠥᠩᠭᠡ ᠦᠵᠡᠮᠵᠢ ᠨᠥᠭᠡᠴᠡᠯᠡᠬᠦ ᠶᠢ ᠨᠢᠭᠡ ᠴᠣᠠᠠᠴᠠᠵᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠰᠢᠨ᠎ᠡ ᠡᠨᠧᠷᠭᠢ ᠶᠢᠨ ᠰᠠᠭᠤᠷᠢᠨᠵᠢᠭᠤᠯᠤᠨ ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠭᠠᠳᠠᠭᠰᠢ ᠬᠦᠷᠭᠡᠬᠦ ᠶᠢ ᠪᠡᠶᠡᠯᠡᠭᠦᠯᠦᠨ᠎ᠡ᠃ ᠡᠬᠢ ᠰᠤᠷᠪᠤᠯᠵᠢ ᠶᠢ ᠰᠦᠯᠵᠢᠶ᠎ᠡ ᠪᠠᠷ ᠨᠥᠭᠡᠴᠡᠯᠡᠨ ᠬᠠᠳᠠᠭᠠᠯᠠᠬᠤ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠮᠤᠵᠢ ᠣᠷᠣᠨ ᠵᠢᠴᠢ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠬᠠᠩᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠪᠣᠬᠢᠷᠲᠤᠯ ᠥᠬᠡᠶ ᠡᠨᠧᠷᠭᠢ ᠶᠢᠨ ᠵᠢᠱᠢᠶ᠎ᠡ ᠦᠵᠡᠭᠦᠯᠬᠦ ᠤᠷᠢᠳᠠᠪᠠᠷ ᠬᠡᠷᠡᠭᠵᠢᠭᠦᠯᠬᠦ ᠣᠷᠣᠨ ᠢ ᠪᠦᠷᠢᠯᠳᠦᠭᠦᠯᠦᠨ᠎ᠡ᠃ ᠠᠮᠢ ᠠᠬᠤᠶ ᠶᠢᠨ ᠵᠠᠰᠠᠯᠲᠠ + ᠬᠡᠷᠡᠯ ᠸᠣᠯᠲ᠂ ᠥᠩᠭᠡ ᠦᠵᠡᠮᠵᠢ ᠤᠰᠤᠲᠥ᠋ᠷᠥᠭᠴᠢ ᠶᠢᠨ ᠨᠥᠭᠡᠴᠡᠯᠡᠯᠲᠡ᠂ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ᠂ ᠮᠠᠯ ᠠᠵᠤ ᠠᠬᠤᠶ ᠬᠡᠷᠡᠯ ᠤᠨ ᠬᠠᠷᠢᠯᠴᠠᠨ ᠨᠥᠬᠦᠪᠥᠷᠢᠯᠡᠬᠦ᠂ ᠬᠡᠷᠡᠯ ᠴᠡᠨᠡᠭ ᠤᠨ ᠡᠯᠡᠰᠦ ᠶᠢ ᠵᠠᠰᠠᠬᠤ ᠵᠡᠷᠭᠡ ᠲᠥᠷᠥᠯ ᠵᠦᠶᠯ ᠢ ᠡᠬᠢᠯᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠴᠢᠯᠠᠭᠤᠵᠢᠮᠠᠯ ᠤᠨ ᠡᠨᠧᠷᠭᠢ ᠶᠢ ᠣᠷᠣᠯᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃      — ᠲᠣᠰᠣ ᠬᠡᠢ ᠶᠢᠨ ᠠᠵᠤ ᠦᠢᠯᠡᠰ᠃ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠵᠢᠴᠢ ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠲᠦᠷᠭᠡᠳᠬᠡᠨ᠂ ᠪᠣᠬᠢᠷᠳᠣᠯ ᠦᠭᠡᠢ ᠥᠨᠳᠥᠷ ᠪᠦᠲᠦᠮᠵᠢᠲᠡᠢ ᠲᠦᠯᠡᠰᠢ᠂ ᠳᠡᠭᠡᠳᠦ ᠲᠡᠰ ᠤᠨ ᠨᠠᠷᠢᠯᠢᠭ ᠬᠢᠮᠢ ᠶᠢᠨ ᠪᠣᠳᠠᠰ ᠪᠠ ᠲᠤᠮᠤ ᠮᠤᠯᠤᠺᠦᠶᠢᠯᠲᠤ ᠪᠥᠭᠡᠭᠡᠨᠡᠷᠡᠯ ᠤᠨ ᠮᠠᠲ᠋ᠧᠷᠢᠶᠠᠯ ᠢ ᠬᠥᠭᠵᠢᠭᠦᠯᠵᠦ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠨᠥᠭᠡᠴᠡ ᠶᠢ ᠨᠡᠮᠡᠭᠳᠡᠭᠦᠯᠦᠨ ᠡᠨᠧᠷᠭᠢ ᠶᠢ ᠥᠷᠭᠡᠳᠬᠡᠬᠦ ᠶᠢ ᠴᠢᠩᠭᠠᠳᠬᠠᠵᠤ᠂ ᠮᠣᠩᠭᠤᠯ ᠤᠯᠤᠰ᠂ ᠰᠢᠨᠵᠢᠶᠠᠩ᠂ ᠭᠠᠨᠰᠦ᠂ ᠨᠢᠩᠰᠢᠶᠠ ᠯᠤᠭ᠎ᠠ ᠶᠢᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠦᠷᠢᠶᠡᠨ ᠳᠠᠬᠢ ᠬᠠᠮᠲᠤᠷᠠᠯᠴᠠᠨ ᠨᠡᠭᠡᠭᠡᠨ ᠬᠥᠭᠵᠢᠭᠦᠯᠬᠦ ᠶᠢ ᠴᠢᠩᠭᠠᠷᠠᠭᠤᠯᠤᠨ᠂ ᠨᠢᠭᠡ ᠪᠦᠯᠦᠭ ᠠᠵᠤ ᠦᠶᠯᠡᠳᠪᠦᠷᠢ᠂ ᠠᠷᠠᠳ ᠤᠨ ᠬᠡᠷᠡᠭᠯᠡᠭᠡᠨ᠂ ᠮᠠᠰᠢᠨ ᠲᠡᠷᠭᠡ ᠵᠡᠷᠭᠡ ᠬᠡᠷᠡᠭᠯᠡᠭᠡᠨ ᠤ ᠲᠥᠷᠥᠯ ᠵᠦᠶᠯ ᠢ ᠭᠤᠤᠯᠳᠠᠯᠭ᠎ᠠ ᠲᠠᠢ ᠪᠠᠶᠢᠷᠢᠰᠢᠭᠤᠯᠵᠤ᠂ ᠪᠠᠷᠠᠭᠤᠨ ᠣᠷᠣᠨ ᠤ ᠰᠢᠲᠠᠮᠠᠬᠠᠶ ᠬᠡᠶ ᠶᠢ ᠵᠡᠭᠦᠨᠰᠢ ᠳᠠᠮᠵᠢᠭᠤᠯᠬᠤ ᠬᠤᠭᠤᠯᠠᠶ ᠱᠤᠭᠤᠮ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠲᠥᠪ ᠬᠤᠲᠠ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃      - ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ᠃ ᠰᠢᠲᠠᠮᠠᠬᠠᠶ ᠬᠡᠶ ᠶᠢᠨ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠯᠠᠨ ᠪᠤᠯᠠᠭ ᠢᠶᠠᠷ ᠲᠥᠪ ᠪᠣᠯᠭᠠᠵᠤ᠂ ᠤᠰᠤᠲᠥ᠋ᠷᠥᠭᠴᠢ ᠬᠡᠶ ᠶᠢ ᠦᠶᠯᠡᠳᠬᠦ᠂ ᠵᠠᠩᠭᠢᠯᠠᠭ᠎ᠠ ᠶᠢᠨ ᠮᠠᠲ᠋ᠧᠷᠢᠶᠠᠯ ᠬᠠᠩᠭᠠᠬᠤ ᠵᠢᠴᠢ ᠰᠡᠯᠪᠢᠭ ᠲᠣᠨᠤᠭ ᠦᠶᠯᠡᠳᠬᠦ ᠪᠠᠷ ᠭᠤᠤᠯᠳᠠᠯᠭ᠎ᠠ ᠲᠠᠢ ᠬᠥᠭᠵᠢᠯᠲᠡ ᠶᠢᠨ ᠴᠢᠭᠯᠡᠯ ᠢᠶᠠᠨ ᠪᠣᠯᠭᠠᠵᠤ᠂ ᠥᠩᠭᠡ ᠦᠵᠡᠮᠵᠢ ᠶᠢᠨ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ᠂ ᠥᠩᠭᠡ ᠦᠵᠡᠮᠵᠢ ᠶᠢᠨ ᠨᠥᠭᠡᠴᠡ ᠶᠢᠨ ᠬᠠᠷᠢᠯᠴᠠᠨ ᠨᠥᠬᠦᠪᠥᠷᠢᠯᠡᠵᠦ ᠤᠰᠤᠲᠥ᠋ᠷᠥᠭᠴᠢ ᠦᠶᠯᠡᠳᠬᠦ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠦᠨ᠎ᠡ᠃ ᠪᠣᠬᠢᠷᠳᠣᠯ ᠦᠭᠡᠢ ᠤᠰᠤᠲᠥ᠋ᠷᠥᠭᠴᠢ ᠶᠢ ᠦᠶᠯᠡᠳᠬᠦ ᠮᠡᠷᠭᠡᠵᠢᠯ ᠤᠨ ᠰᠤᠳᠤᠯᠤᠯ ᠢ ᠢᠳᠡᠪᠬᠢᠲᠡᠶ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ ᠦᠶᠯᠡᠳᠬᠦ᠂ ᠬᠡᠷᠡᠯ ᠴᠠᠬᠢᠯᠭᠠᠨ ᠤ ᠰᠢᠭᠤᠳ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ ᠦᠶᠯᠡᠳᠬᠦ᠂ ᠬᠡᠷᠡᠯ ᠤᠨ ᠲᠦᠷᠭᠡᠳᠬᠡᠯᠲᠡ ᠶᠢᠨ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ ᠦᠶᠯᠡᠳᠬᠦ ᠪᠠ ᠰᠠᠯᠬᠢ ᠪᠠ ᠭᠡᠷᠡᠯ ᠤᠨ ᠡᠨᠧᠷᠭᠢ ᠶᠢ ᠬᠤᠯᠪᠣᠭᠰᠠᠨ ᠤᠰᠤᠲᠥ᠋ᠷᠥᠭᠴᠢ ᠶᠢ ᠦᠶᠯᠡᠳᠬᠦ ᠵᠡᠷᠭᠡ ᠪᠣᠬᠢᠷᠲᠤᠯ ᠥᠬᠡᠶ ᠤᠰᠤᠲᠥ᠋ᠷᠥᠭᠴᠢ ᠶᠢ ᠦᠶᠯᠡᠳᠬᠦ ᠮᠡᠷᠭᠡᠵᠢᠯ ᠢ ᠬᠡᠷᠡᠭᠯᠡᠨ ᠵᠢᠱᠢᠶ᠎ᠡ ᠦᠵᠡᠭᠦᠯᠬᠦ᠂ ᠬᠠᠶᠢᠨ ᠰᠦᠪᠡᠭᠴᠢᠯᠡᠬᠦ ᠪᠠ ᠲᠤᠷᠰᠢᠨ᠎ᠠ᠃      — ᠣᠶᠤᠨᠯᠢᠭ ᠲᠣᠨᠣᠭᠯᠠᠯ ᠦᠢᠯᠡᠳᠬᠦ ᠠᠵᠤ ᠦᠢᠯᠡᠰ᠃ ᠰᠠᠯᠬᠢᠨ ᠬᠦᠴᠦᠨ ᠤ ᠮᠠᠰᠢᠨ ᠤ ᠲᠥᠬᠦᠭᠡᠷᠦᠮᠵᠢ ᠂ ᠬᠡᠷᠡᠯ ᠴᠡᠨᠡᠭ ᠤᠨ ᠰᠡᠯᠪᠢᠭ ᠲᠣᠨᠤᠭ᠂ ᠤᠰᠤᠲᠥ᠋ᠷᠥᠭᠴᠢ ᠦᠢᠯᠡᠳᠬᠦ᠂ ᠡᠨᠧᠷᠭᠢ ᠬᠠᠳᠠᠭᠠᠯᠠᠬᠤ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠡᠨᠧᠷᠭᠢ ᠶᠢᠨ ᠠᠵᠢᠯᠯᠠᠭᠠᠨ ᠤ ᠬᠠᠮᠠᠭᠠᠯᠠᠯᠲᠠ᠂ ᠢᠨᠵᠧᠨᠧᠷᠢᠩ ᠤᠨ ᠶᠡᠷᠦᠩᠬᠡᠢ ᠳᠠᠭᠠᠭᠠᠴᠢᠯᠠᠯᠲᠠ ᠵᠡᠷᠭᠡ ᠦᠢᠯᠡᠴᠢᠯᠡᠭᠡᠨ ᠢ ᠥᠷᠨᠢᠭᠦᠯᠦᠨ᠂ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠡᠨᠧᠷᠭᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ᠠᠭᠠᠷ ᠤᠨ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠵᠢᠯᠣᠭᠤᠴᠢ ᠦᠭᠡᠢ ᠨᠢᠰᠬᠡᠯ ᠤᠨ ᠲᠤᠷᠰᠢᠨ ᠨᠢᠰᠬᠦ᠂ ᠲᠤᠷᠰᠢᠨ ᠪᠣᠯᠪᠠᠰᠤᠷᠠᠭᠤᠯᠬᠤ᠂ ᠵᠢᠯᠣᠭᠤᠴᠢ ᠦᠭᠡᠢ ᠨᠢᠰᠬᠡᠯ ᠤᠨ ᠢᠵᠢ ᠪᠦᠷᠢᠳᠦᠭᠦᠯᠬᠦ ᠠᠵᠤ ᠦᠢᠯᠡᠰ ᠢ ᠬᠥᠭᠵᠢᠭᠦᠯᠵᠦ᠂ ᠠᠯᠠᠱᠠ ᠶᠢᠨ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠠᠵᠤ ᠦᠢᠯᠡᠰ ᠢ ᠣᠷᠣᠭᠤᠯᠤᠨ ᠠᠪᠴᠢᠷᠠᠨ᠎ᠠ᠃            — ᠪᠠᠯ ᠴᠢᠯᠠᠭᠤᠨ ᠤ ᠠᠵᠤ ᠦᠢᠯᠡᠰ᠃ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ ᠪᠠᠯ ᠴᠢᠯᠠᠭᠤ ᠶᠢᠨ ᠡᠬᠢ ᠪᠠᠶᠠᠯᠢᠭ ᠢ ᠪᠣᠬᠢᠷᠲᠤᠯ ᠦᠭᠡᠢ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠪᠠᠯ ᠴᠢᠯᠠᠭᠤ ᠶᠢᠨ ᠬᠦᠳᠡᠷ ᠣᠯᠪᠤᠷᠢᠯᠠᠬᠤ᠂ ᠨᠠᠷᠢᠯᠢᠭ ᠬᠦᠳᠡᠷ ᠢ ᠴᠡᠪᠡᠷᠰᠢᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠨᠳᠥᠷ ᠨᠡᠭᠦᠷᠡᠰᠦᠲᠥ᠋ᠷᠥᠭᠴᠢᠲᠦ ᠪᠠᠯ ᠴᠢᠯᠠᠭᠤ᠂ ᠥᠨᠳᠥᠷ ᠴᠡᠪᠡᠷ ᠪᠠᠯ ᠴᠢᠯᠠᠭᠤ ᠵᠡᠷᠭᠡ ᠪᠠᠯ ᠴᠢᠯᠠᠭᠤ ᠶᠢᠨ ᠲᠦᠭᠦᠬᠡᠢ ᠮᠠᠲ᠋ᠧᠷᠢᠶᠠᠯ ᠢ ᠬᠥᠭᠵᠢᠭᠦᠯᠦᠨ᠎ᠡ︔ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠶ ᠡᠨᠧᠷᠭᠢ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠯ ᠴᠢᠯᠠᠭᠤ ᠶᠢᠨ ᠡᠨᠧᠷᠭᠢ ᠬᠠᠳᠠᠭᠠᠯᠠᠬᠤ ᠮᠠᠲ᠋ᠧᠷᠢᠶᠠᠯ᠂ ᠪᠠᠯ ᠴᠢᠯᠠᠭᠤ ᠶᠢᠨ ᠰᠤᠯᠠ ︵᠎  ᠳᠠᠮᠵᠢᠭᠤᠯᠬᠤ︶᠎  ᠢᠯᠴᠢ ᠶᠢᠨ ᠮᠠᠲ᠋ᠧᠷᠢᠶᠠᠯ᠂ ᠪᠠᠯ ᠴᠢᠯᠠᠭᠤ ᠶᠢᠨ ᠪᠢᠲᠡᠭᠦᠮᠵᠢᠯᠡᠬᠦ ᠮᠠᠲ᠋ᠧᠷᠢᠶᠠᠯ ᠪᠠ ᠣᠨᠴᠠ ᠲᠥᠷᠥᠯ ᠤᠨ ᠪᠠᠯ ᠴᠢᠯᠠᠭᠤ ᠶᠢᠨ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠵᠥᠭᠡᠯᠡᠨ ᠪᠠᠯ ᠴᠢᠯᠠᠭᠤ᠂ ᠨᠡᠭᠦᠷᠡᠰᠦᠨ ᠰᠢᠷᠬᠡᠭᠯᠢᠭ᠂ ᠨᠡᠭᠦᠷᠡᠰᠦᠨ ᠴᠠᠭᠠᠰᠤ ᠵᠡᠷᠭᠡ ᠨᠠᠷᠢᠯᠢᠭ ᠡᠳ᠋ᠰᠢᠭᠦᠯᠦᠭᠰᠡᠨ ᠦᠶᠯᠡᠳᠬᠦᠨ ᠢ ᠰᠤᠳᠤᠯᠤᠨ ᠨᠡᠭᠡᠭᠡᠨ᠎ᠡ︔ ᠪᠠᠯ ᠴᠢᠯᠠᠭᠤᠨ ᠠᠯᠺᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠪᠠᠯ ᠴᠢᠯᠠᠭᠤᠨ ᠠᠯᠺᠤᠨ ᠦᠶᠯᠡᠳᠬᠦ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠰᠢᠪᠲᠤᠯᠵᠤ᠂ ᠪᠠᠯ ᠴᠢᠯᠠᠭᠤᠨ ᠠᠯᠺᠤᠨ᠂ ᠨᠠᠨᠤᠮᠤᠲᠷ ᠤᠨ ᠨᠡᠭᠦᠷᠡᠰᠦᠨ ᠬᠤᠭᠤᠯᠠᠶ ᠵᠡᠷᠭᠡ ᠬᠤᠰᠢᠭᠤᠷᠠᠯ ᠮᠠᠲ᠋ᠧᠷᠢᠶᠠᠯ ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠪᠠᠯ ᠴᠢᠯᠠᠭᠤᠨ ᠲᠦᠭᠦᠬᠡᠶ ᠮᠠᠲ᠋ᠧᠷᠢᠶᠠᠯ᠂ ᠨᠠᠷᠢᠯᠢᠭ ᠡᠳ᠋ᠰᠢᠭᠦᠯᠭᠡ ᠪᠠ ᠪᠠᠯ ᠴᠢᠯᠠᠭᠤᠨ ᠠᠯᠺᠤᠨ ᠰᠤᠳᠤᠯᠤᠨ ᠨᠡᠭᠡᠭᠡᠬᠦ ᠲᠥᠪ ᠢ ᠪᠥᠲᠥᠭᠡᠨ ᠪᠠᠶᠢᠭᠤᠯᠤᠨ᠎ᠠ᠃      — ᠴᠢᠯᠠᠭᠤᠨ ᠮᠠᠲ᠋ᠧᠷᠢᠶᠠᠯ ᠤᠨ ᠠᠵᠤ ᠦᠢᠯᠡᠰ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠷᠡᠲᠦ ᠲᠡᠮᠳᠡᠭᠵᠢᠭᠦᠯᠬᠦ᠂ ᠬᠡᠪᠴᠢᠶᠡᠵᠢᠭᠦᠯᠬᠦ᠂ ᠳᠡᠭᠡᠳᠦ ᠳᠡᠰ ᠤᠨ ᠬᠥᠭᠵᠢᠯᠲᠡ ᠶᠢ ᠪᠠᠷᠢᠮᠲᠠᠯᠠᠵᠤ᠂ ᠪᠠᠶᠠᠠᠨᠢᠷᠤᠭᠤᠨ ᠤ ᠪᠣᠷᠵᠢᠨ ᠴᠢᠯᠠᠭᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ︽ᠬᠠᠶᠢᠯᠤᠭᠤᠯᠬᠤ᠂ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ︾᠎  ᠳᠡᠯᠡᠬᠡᠢ ᠳ᠋ᠠᠬᠢᠨ ᠤ ᠬᠠᠪᠲᠠᠰᠤᠨ ᠬᠥᠮᠥᠷᠭᠡ ᠶᠢᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠲᠠᠪᠴᠠᠩ ᠳᠤ ᠲᠦᠰᠢᠭᠯᠡᠨ᠂ ᠵᠢᠷᠠᠲᠠᠢ ᠶᠢᠨ ᠪᠣᠷᠵᠢᠨ ᠴᠢᠯᠠᠭᠤᠯᠢᠭ ᠤᠨ ᠠᠭᠤᠷᠬᠠᠢ ᠮᠠᠯᠲᠠᠵᠤ ᠡᠳ᠋ᠰᠢᠭᠦᠯᠬᠦ ᠠᠵᠤ ᠠᠬᠤᠶᠢᠯᠠᠯ ᠢ ᠰᠢᠯᠢᠳᠡᠭᠵᠢᠭᠦᠯᠦᠨ ᠨᠢᠭᠡᠳᠬᠡᠵᠦ᠂ ᠲᠡᠷᠢᠭᠦᠨ ᠤ ᠤᠷᠠᠯᠠᠯ ᠪᠠ ᠲᠥᠬᠦᠭᠡᠷᠦᠮᠵᠢ ᠶᠢ ᠬᠡᠷᠡᠭᠯᠡᠨ ᠪᠣᠬᠢᠷᠳᠣᠯ ᠦᠭᠡᠢ ᠦᠢᠯᠡᠳᠪᠦᠷᠢᠯᠡᠯ ᠬᠢᠵᠦ᠂ ᠴᠡᠴᠡᠷᠯᠢᠭ ᠤᠨ ᠦᠵᠡᠮᠵᠢ ᠶᠢᠨ ᠴᠢᠯᠠᠭᠤᠨ ᠮᠠᠲ᠋ᠧᠷᠢᠶᠠᠯ᠂ ᠴᠢᠮᠡᠭᠯᠡᠯ ᠤᠨ ᠴᠣᠭᠴᠠ ᠵᠡᠷᠭᠡ ᠣᠯᠠᠨ ᠶᠠᠩᠵᠤᠲᠤ ᠴᠢᠨᠠᠷᠲᠠᠢ ᠦᠢᠯᠡᠳᠬᠦᠨ ᠢ ᠰᠤᠳᠤᠯᠤᠨ ᠨᠡᠭᠡᠭᠡᠵᠦ᠂ ᠠᠵᠤ ᠠᠬᠤᠶᠢᠯᠠᠯ ᠤᠨ ᠬᠠᠶᠠᠭᠳᠠᠮᠠᠯ ᠮᠠᠲ᠋ᠧᠷᠢᠶᠠᠯ᠂ ᠴᠢᠯᠠᠭᠤᠨ ᠨᠤᠨᠳᠠᠭ ᠢ ᠠᠰᠢᠭᠯᠠᠨ ᠵᠠᠮ ᠤᠨ ᠢᠷᠮᠡᠭ ᠴᠢᠯᠠᠭᠤ᠂ ᠬᠡᠶᠢᠲᠦ ᠬᠤᠯᠢᠮᠠᠭ ᠲᠣᠭᠤᠰᠬ᠎ᠠ ᠵᠡᠷᠭᠡ ᠦᠢᠯᠡᠳᠬᠦᠨ ᠦᠢᠯᠡᠳᠪᠦᠷᠢᠯᠡᠬᠦ ᠶᠢ ᠵᠣᠷᠢᠭᠵᠢᠭᠤᠯᠵᠤ᠂ ᠴᠢᠯᠠᠭᠤᠨ ᠮᠠᠲ᠋ᠧᠷᠢᠶᠠᠯ ᠢ ᠬᠤᠷᠠᠮᠳᠤᠭᠤᠯᠤᠨ ᠬᠠᠳᠠᠭᠠᠯᠠᠬᠤ᠂ ᠴᠢᠯᠠᠭᠤᠨ ᠮᠠᠲ᠋ᠧᠷᠢᠶᠠᠯ ᠤᠨ ᠡᠯᠧᠺᠲᠷᠣᠨ ᠬᠤᠳᠠᠯᠳᠤᠭ᠎ᠠ᠂ ᠢᠨᠵᠧᠨᠧᠷᠢᠩ ᠤᠨ ᠡᠵᠡᠩᠨᠡᠯᠲᠡ ᠵᠡᠷᠭᠡ ᠶᠢ ᠨᠢᠭᠡ ᠴᠣᠭᠴᠠᠵᠢᠭᠤᠯᠤᠭᠰᠠᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃      -- ᠰᠢᠵᠢᠷ ᠠᠯᠲᠠᠨ ᠤ ᠠᠵᠤ ᠦᠢᠯᠡᠰ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠰᠢᠵᠢᠷ ᠠᠯᠲᠠᠨ ᠤ ᠠᠭᠤᠷᠬᠠᠶ ᠶᠢ ᠪᠥᠲᠥᠭᠡᠨ ᠪᠠᠶᠢᠭᠤᠯᠵᠤ᠂ ᠵᠤᠯᠵᠠᠭ᠎ᠠ ᠰᠢᠵᠢᠷ ᠠᠯᠲᠠ ᠵᠢᠴᠢ ᠳᠠᠭᠠᠯᠲᠠ ᠠᠭᠤᠷᠬᠠᠶ ᠶᠢᠨ ᠡᠬᠢ ᠪᠠᠶᠠᠯᠢᠭ ᠲᠤ ᠲᠦᠰᠢᠭᠯᠡᠨ᠂ ᠰᠢᠵᠢᠷ ᠠᠯᠲᠠᠨ ᠤ ᠠᠭᠤᠷᠬᠠᠶ ᠶᠢ ᠣᠯᠪᠤᠷᠢᠯᠠᠬᠤ ᠰᠣᠩᠭᠤᠬᠤ ᠬᠠᠶᠢᠯᠤᠭᠤᠯᠬᠤ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠨᠡᠭᠡᠭᠡᠨ ᠣᠯᠪᠤᠷᠢᠯᠠᠬᠤ᠂ ᠲᠡᠷᠢᠭᠦᠨ ᠤ ᠮᠡᠷᠭᠡᠵᠢᠯ ᠤᠨ ᠬᠥᠭᠵᠢᠯᠲᠡ ᠶᠢ ᠪᠡᠶᠡᠯᠡᠭᠦᠯᠦᠨ᠎ᠡ᠃ ᠠᠯᠲᠠ ᠪᠠᠷ ᠭᠠᠷᠤᠯᠲᠠ ᠶᠢ ᠬᠥᠭᠵᠢᠭᠦᠯᠬᠦ᠂ ᠠᠭᠤᠷᠬᠠᠶ ᠶᠢᠨ ᠬᠤᠲᠠ ᠬᠠᠮᠵᠢᠯᠴᠠᠨ ᠠᠵᠢᠯᠯᠠᠵᠤ᠂ ᠰᠢᠵᠢᠷ ᠠᠯᠲᠠᠨ ᠤ ᠡᠳ᠋ᠰᠢᠭᠦᠯᠭᠡ᠂ ᠰᠢᠵᠢᠷ ᠠᠯᠲᠠᠨ ᠤ ᠪᠦᠲᠦᠭᠡᠯᠴᠢ ᠲᠥᠰᠦᠪᠯᠡᠯ ᠢ ᠣᠷᠣᠭᠤᠯᠤᠨ ᠠᠪᠴᠢᠷᠠᠵᠤ᠂ ᠰᠢᠵᠢᠷ ᠠᠯᠲᠠᠨ ᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠲᠣᠭᠠᠴᠢᠭᠤᠯᠬᠤ᠂ ᠮᠡᠳᠡᠭᠡ ᠵᠠᠩᠭᠢᠵᠢᠭᠤᠯᠬᠤ ᠪᠠ ᠡᠳ᠋ ᠪᠠᠷᠠᠭᠠᠨ ᠤ ᠮᠡᠳᠡᠭᠡ ᠵᠠᠩᠭᠢᠵᠢᠭᠤᠯᠬᠤ ᠰᠦᠯᠵᠢᠶ᠎ᠡ ᠵᠡᠷᠭᠡ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠢ ᠠᠭᠤᠷᠬᠠᠶ ᠶᠢᠨ ᠣᠷᠣᠨ ᠤ ᠦᠶᠯᠡᠳᠪᠦᠷᠢᠯᠡᠯ ᠪᠠ ᠬᠠᠮᠢᠶᠠᠷᠤᠯᠲᠠ ᠳᠤ ᠬᠡᠷᠡᠭᠯᠡᠵᠦ᠂ ᠰᠢᠨ᠎ᠡ ᠬᠡᠯᠪᠡᠷᠢ ᠶᠢᠨ ᠤᠶᠤᠨᠲᠤ ᠠᠭᠤᠷᠬᠠᠶ ᠶᠢ ᠴᠣᠭᠴᠠᠯᠠᠨ ᠪᠠᠶᠢᠭᠤᠯᠤᠨ᠎ᠠ᠃           ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠠᠵᠤ ᠦᠢᠯᠡᠰ ᠤᠨ ᠲᠥᠪᠯᠡᠷᠡᠯ ᠢ ᠬᠥᠭᠵᠢᠭᠦᠯᠬᠦ ᠲᠤᠬᠠᠢ      ᠠᠯᠠᠱᠠ ᠵᠡᠭᠦᠨ ᠬᠤᠰᠢᠭᠤᠨ ᠤ ᠥᠪᠡᠷᠮᠢᠴᠡ ᠪᠠᠶᠢᠭᠠᠯᠢ ᠶᠢᠨ ᠠᠮᠢ ᠠᠬᠤᠶ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠤᠨᠴᠠᠯᠢᠬᠳᠤ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ᠂ ᠡᠯᠡᠰᠦᠨ ᠴᠥᠯ ᠤᠨ ᠵᠢᠮᠢᠰ ᠨᠣᠭᠤᠭ᠎ᠠ ᠳᠠᠷᠢᠬᠤ᠂ ᠵᠢᠩᠬᠢᠨᠢ ᠡᠮ ᠤᠨ ᠮᠠᠲ᠋ᠧᠷᠢᠶᠠᠯ ᠢ ᠵᠢᠷᠤᠮᠵᠢᠭᠤᠯᠤᠨ ᠳᠠᠷᠢᠬᠤ᠂ ᠤᠨᠴᠠᠯᠢᠬᠳᠤ ᠳᠠᠪᠤᠰᠤᠨ ᠨᠠᠭᠤᠷ ᠤᠨ ᠲᠡᠵᠢᠭᠡᠨ ᠦᠷᠡᠵᠢᠭᠦᠯᠬᠦ ᠵᠡᠷᠭᠡ ᠠᠮᠢ ᠠᠬᠤᠶ ᠶᠢᠨ ᠠᠵᠤ ᠦᠶᠯᠡᠰ ᠢ ᠭᠤᠤᠯᠳᠠᠯᠭ᠎ᠠ ᠲᠠᠢ ᠪᠦᠷᠢᠯᠳᠦᠭᠦᠯᠦᠨ᠎ᠡ᠃ ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠠᠮᠢ ᠨᠠᠰᠤᠨ ᠤ ᠰᠢᠨᠵᠢᠯᠡᠬᠦ ᠤᠬᠠᠭᠠᠨ ᠵᠢᠴᠢ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ ᠶᠢᠨ ᠦᠷ᠎ᠡ ᠪᠦᠲᠦᠭᠡᠯ ᠢ ᠠᠰᠢᠭᠯᠠᠨ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠩᠭ᠎ᠠ ᠵᠢᠷᠤᠮᠵᠢᠭᠰᠠᠨ ᠰᠢᠰᠲ᠋ᠧᠮᠵᠢ ᠬᠢᠭᠡᠳ ᠪᠠᠷᠠᠭᠠᠨ ᠤ ᠭᠦᠶᠯᠭᠡᠭᠡᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ᠂ ᠤᠯᠤᠰ ᠤᠨ ᠲᠥᠷᠥ ᠶᠢᠨ ᠪᠣᠳᠣᠯᠭ᠎ᠠ᠂ ᠠᠵᠤ ᠦᠶᠯᠡᠰ ᠤᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠪᠠᠷ ᠤᠶᠠᠯᠳᠤᠭᠤᠯᠵᠤ᠂ ᠠᠵᠤ ᠦᠶᠯᠡᠰ ᠤᠨ ᠠᠮᠢ ᠠᠬᠤᠶᠢᠵᠢᠯᠲᠠ᠂ ᠳᠡᠭᠡᠳᠦ ᠦᠵᠦᠭᠦᠷᠵᠢᠯᠲᠡ᠂ ᠨᠠᠷᠠᠲᠤ ᠲᠡᠮᠳᠡᠭᠵᠢᠯᠲᠡ᠂ ᠲᠣᠭᠠᠴᠢᠯᠠᠯᠲᠠ ᠶᠢᠨ ᠬᠥᠭᠵᠢᠯᠲᠡ ᠶᠢ ᠠᠬᠢᠭᠤᠯᠤᠨ᠎ᠠ᠃ ᠤᠨᠴᠠᠯᠢᠬᠳᠤ ᠡᠭᠦᠯᠳᠡᠷ ᠤᠨ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠶᠯᠡᠰ ᠤᠨ ᠬᠦᠴᠦᠨ ᠵᠦᠶᠯ ᠤᠨ ᠪᠦᠯᠦᠭᠵᠢᠬᠦ᠂ ᠦᠶᠯᠡᠳᠬᠦᠨ ᠤ ᠤᠨᠴᠠᠯᠢᠬᠵᠢᠬᠤ᠂ ᠦᠶᠯᠡᠴᠢᠯᠡᠭᠡᠨ ᠤ ᠥᠪᠡᠷᠮᠢᠴᠡᠵᠢᠬᠦ᠂ ᠣᠷᠴᠢᠨ ᠲᠣᠭᠤᠷᠢᠨ ᠤ ᠴᠢᠨᠠᠷᠵᠢᠨ ᠬᠥᠭᠵᠢᠬᠦ ᠶᠢ ᠠᠬᠢᠭᠤᠯᠤᠨ᠎ᠠ᠃      ᠡᠯᠡᠰᠦ ᠮᠠᠩᠬ᠎ᠠ ᠶᠢᠨ ᠠᠮᠢᠲᠠᠨ ᠤᠷᠭᠤᠮᠠᠯ ᠤᠨ ᠪᠦᠲᠦᠭᠡᠭᠳᠡᠬᠦᠨ ᠤ ᠣᠨᠴᠠᠯᠢᠭᠲᠤ ᠳᠤᠮᠳᠠ ᠳᠡᠭᠡᠳᠦ ᠲᠠᠰ ᠤᠨ ᠵᠠᠬ᠎ᠠ ᠳᠡᠯᠭᠡᠭᠦᠷ ᠲᠤ ᠰᠠᠭᠤᠷᠢᠯᠠᠨ᠂ ᠣᠷᠣᠨ ᠪᠦᠰᠡ ᠶᠢᠨ ᠣᠨᠴᠠᠯᠢᠭ ᠢ ᠳᠣᠪᠤᠶᠢᠯᠭᠠᠵᠤ᠂ ᠣᠨᠴᠠᠯᠢᠭᠲᠤ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠲᠠᠰ ᠢ ᠳᠡᠭᠡᠭᠰᠢᠯᠡᠭᠦᠯᠦᠨ᠎ᠡ᠃ ᠪᠥᠬᠦ ᠤᠯᠤᠰ ᠲᠤ ᠨᠠᠷᠠᠲᠠᠢ 2 ︱ 3 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ 3 ︱ 5 ᠨᠥᠯᠥᠭᠡᠯᠡᠬᠦ ᠬᠦᠴᠦᠨ ᠲᠠᠢ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠵᠤ᠂ ︽ᠬᠠᠨ ᠲᠡᠭᠷᠢ ᠠᠯᠠᠱᠠ︾᠎ ᠎ ᠶᠢᠨ ᠠᠮᠢ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠬᠢᠷᠲᠤᠯ ᠦᠭᠡᠢ᠂ ᠴᠢᠨᠠᠷᠯᠢᠭ ᠪᠦᠲᠦᠭᠡᠭᠳᠡᠬᠦᠨ ᠭᠠᠷᠭᠠᠬᠤ᠂ ᠨᠠᠷᠠᠲᠤ ᠲᠥᠷᠥᠯ ᠲᠡᠮᠳᠡᠭᠵᠢᠬᠦ᠂ ᠲᠣᠭᠠᠴᠢᠯᠠᠬᠤ᠂ ᠪᠦᠯᠦᠭᠵᠢᠬᠦ ᠳᠠᠰᠢ ᠬᠥᠭᠵᠢᠬᠦ ᠶᠢ ᠠᠬᠢᠭᠤᠯᠤᠨ᠎ᠠ᠃ ᠣᠷᠭᠠᠨᠢᠭ ᠪᠤᠭᠤᠳᠠᠢ᠂ ᠣᠷᠭᠠᠨᠢᠭ ᠬᠤᠯᠢᠮᠠᠭ ᠠᠮᠤ᠂ ᠣᠷᠭᠠᠨᠢᠭ ᠢᠳᠡᠰᠢᠨ ᠨᠣᠭᠤᠭ᠎ᠠ ᠵᠡᠷᠭᠡ ᠶᠢᠨ ᠣᠨᠴᠠᠯᠢᠭᠲᠤ ᠪᠦᠲᠦᠭᠡᠭᠳᠡᠬᠦᠨ ᠪᠠ ᠲᠠᠷᠢᠮᠠᠯ ᠤᠨ ᠬᠡᠪᠴᠢᠶ᠎ᠡ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ ᠲᠦᠷᠦᠯ ᠲᠡᠮᠳᠡᠭᠵᠢᠭᠦᠯᠬᠦ ᠪᠠ ᠵᠠᠬᠢᠶᠠᠯᠠᠨ ᠦᠢᠯᠡᠳᠬᠦ ᠬᠥᠭᠵᠢᠯᠲᠡ ᠶᠢ ᠪᠡᠶᠡᠯᠡᠭᠦᠯᠦᠨ᠎ᠡ᠃ ᠠᠯᠠᠱᠠ ᠶᠢᠨ ᠴᠠᠭᠠᠨ ᠨᠣᠯᠤᠥᠷ ᠤᠨ ᠢᠮᠠᠭ᠎ᠠ᠂ ᠠᠳᠦ᠋ ᠠᠯᠠᠰᠢᠨ ᠬᠤᠨᠢ᠂ ᠬᠤᠣᠰ ᠪᠥᠬᠦᠲᠦ ᠲᠡᠮᠡᠭᠡ᠂ ᠮᠣᠩᠭᠤᠯ ᠦᠬᠡᠷ᠂ ᠮᠣᠩᠭᠤᠯ ᠮᠣᠷᠢ ᠵᠡᠷᠭᠡ ᠳᠠᠪᠠᠭᠤᠯᠢᠭ ᠣᠨᠴᠠᠯᠢᠭᠲᠤ ᠮᠠᠯ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ᠂ ᠰᠦ ᠮᠢᠬ᠎ᠠ ᠨᠣᠯᠤᠥᠷ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠣᠩᠭᠤᠯ ᠠᠳᠤᠭᠤᠨ ᠤ ᠤᠳᠤᠮᠰᠢᠯ ᠤᠨ ᠭᠧᠨ ᠪᠠ ᠠᠯᠠᠱᠠ ᠶᠢᠨ ᠠᠳᠤᠭᠤᠨ ᠤ ᠳᠦᠷᠰᠦ ᠶᠢᠨ ᠰᠦᠷᠦᠭ ᠤᠨ ᠦᠷᠡᠵᠢᠯᠲᠡ ᠶᠢ ᠬᠠᠮᠠᠭᠠᠯᠠᠵᠤ᠂ ᠪᠠᠷᠰ ᠤᠨ ᠡᠷᠢᠶ᠎ᠡ ᠲᠠᠢ ᠮᠣᠷᠢ ᠪᠠ ᠣᠳᠣᠯᠢᠭ ᠠᠳᠤᠭᠤᠨ ᠤ ᠣᠷᠣᠨ ᠨᠤᠲᠤᠭ ᠤᠨ ᠣᠨᠴᠠᠯᠢᠭᠲᠤ ᠡᠭᠦᠯᠳᠡᠷ ᠢ ᠭᠤᠣᠯᠳᠠᠯᠭ᠎ᠠ ᠲᠠᠢ ᠠᠪᠤᠷᠠᠬᠤ ᠪᠠ ᠦᠷᠡᠵᠢᠭᠦᠯᠦᠨ ᠪᠣᠶᠢᠵᠢᠭᠤᠯᠤᠨ᠎ᠠ᠃ ᠲᠡᠮᠡᠭᠡᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ᠂ ᠲᠡᠮᠡᠭᠡᠨ ᠤ ᠲᠡᠵᠢᠭᠡᠨ ᠦᠷᠡᠵᠢᠭᠦᠯᠬᠦ ᠶᠢ ᠵᠢᠷᠤᠮᠵᠢᠭᠤᠯᠤᠨ᠂ ᠲᠡᠮᠡᠭᠡᠨ ᠤ ᠨᠣᠯᠤᠥᠷ᠂ ᠲᠡᠮᠡᠭᠡᠨ ᠰᠦ᠂ ᠲᠡᠮᠡᠭᠡᠨ ᠮᠢᠬ᠎ᠠ ᠵᠡᠷᠭᠡ ᠰᠢᠷᠢᠰ ᠪᠦᠲᠦᠭᠡᠭᠳᠡᠬᠦᠨ ᠢ ᠡᠳ᠋ᠰᠢᠭᠦᠯᠬᠦ ᠠᠵᠢᠯ ᠢ ᠰᠠᠶᠢᠲᠤᠷ ᠬᠢᠵᠦ᠂ ᠲᠡᠮᠡᠭᠡᠨ ᠰᠢᠶᠠᠩ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠦᠷᠢᠯᠳᠦᠭᠦᠯᠦᠨ᠎ᠡ᠃ ᠡᠯᠡᠰᠦ ᠮᠠᠩᠬ᠎ᠠ ᠶᠢᠨ ᠣᠬᠢ ᠵᠢᠮᠢᠰ ᠢᠳᠡᠰᠢᠨ ᠨᠣᠭᠤᠭᠠᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠠᠷᠠᠭᠤᠨ ᠪᠡᠯ᠂ ᠤᠨᠳᠤᠷᠤᠯᠲᠤ᠂ ᠵᠢᠷᠠᠲᠠᠢ ᠵᠡᠷᠭᠡ ᠰᠤᠮᠤ ᠪᠠᠯᠭᠠᠰᠤᠨ ᠳᠤ ᠴᠢᠨᠠᠷ ᠰᠠᠶᠢᠲᠠᠢ ᠣᠶ ᠵᠢᠮᠢᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠮᠡᠯᠢ᠂ ᠡᠯᠡᠰᠦᠨ ᠯᠤᠤᠪᠠᠩ ᠵᠡᠷᠭᠡ ᠡᠯᠡᠰᠦᠨ ᠳᠤ ᠤᠷᠭᠤᠬᠤ ᠤᠷᠭᠤᠮᠠᠯ ᠢ ᠬᠥᠮᠥᠨ ᠤ ᠬᠦᠴᠦ ᠪᠠᠷ ᠲᠠᠷᠢᠵᠤ᠂ ᠢᠳᠡᠰᠢᠨ ᠨᠣᠭᠤᠭ᠎ᠠ ᠶᠢᠨ ᠬᠦᠯᠡᠮᠵᠢ᠂ ᠨᠡᠷᠡᠨ ᠭᠡᠷᠡᠯ ᠤᠨ ᠬᠦᠯᠡᠮᠵᠢ ᠵᠡᠷᠭᠡ ᠤᠰᠤ ᠠᠷᠪᠢᠯᠠᠬᠤ ᠥᠨᠳᠥᠷ ᠦᠷ᠎ᠡ ᠠᠰᠢᠭᠲᠤ ᠲᠠᠷᠢᠶᠠᠯᠠᠩ ᠤᠨ ᠲᠥᠬᠦᠭᠡᠷᠦᠮᠵᠢ ᠶᠢ ᠨᠡᠮᠡᠭᠳᠡᠭᠦᠯᠦᠨ᠂ ᠭᠡᠷᠡᠯ ᠸᠣᠯᠲ ᠤᠨ ᠲᠠᠷᠢᠶᠠᠯᠠᠩ ᠢ ᠨᠢᠭᠡ ᠴᠣᠭᠴᠠᠵᠢᠭᠤᠯᠬᠤ᠂ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ ᠥᠨᠳᠥᠷ ᠳᠠᠯᠠᠩ ᠢ ᠵᠡᠷᠭᠡᠪᠡᠷ ᠶᠠᠪᠤᠭᠤᠯᠬᠤ ᠵᠡᠷᠭᠡ ᠮᠡᠷᠭᠡᠵᠢᠯ ᠢ ᠳᠡᠯᠭᠡᠷᠡᠭᠦᠯᠵᠦ᠂ ᠡᠯᠡᠰᠦᠨ ᠳᠤ ᠤᠷᠭᠤᠬᠤ ᠤᠷᠭᠤᠮᠠᠯ ᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃      ᠥᠪᠡᠷᠮᠢᠴᠡ ᠣᠨᠴᠠᠯᠢᠭ ᠲᠠᠢ ᠵᠢᠩᠬᠢᠨᠢ ᠡᠮ ᠤᠨ ᠮᠠᠲ᠋ᠧᠷᠢᠶᠠᠯ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠢ ᠪᠦᠷᠢᠯᠳᠦᠭᠦᠯᠦᠨ᠎ᠡ᠃ ᠠᠯᠠᠱᠠ ᠵᠡᠭᠦᠨ ᠬᠤᠰᠢᠭᠤᠨ ᠤ ᠣᠨᠴᠠᠯᠢᠭᠲᠤ ᠬᠢᠲᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠲᠣᠭᠤᠷᠢᠨ ᠳᠤ᠂ ᠬᠡᠭᠡᠷ᠎ᠡ ᠶᠢᠨ ᠴᠠᠭᠠᠨ ᠭᠤᠶᠣᠣ᠂ ᠡᠭᠡᠮ ᠠᠷᠭ᠎ᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠢᠩᠬᠢᠨᠢ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠭᠤᠣᠯ ᠪᠣᠯᠬᠤ ᠬᠢᠲᠠᠳ ᠡᠮ ᠤᠨ ᠮᠠᠲ᠋ᠧᠷᠢᠶᠠᠯ ᠤᠨ ᠲᠥᠷᠥᠯ ᠵᠦᠢᠯ ᠤᠨ ᠵᠢᠩᠬᠢᠨᠢ ᠴᠢᠨᠠᠷ ᠢ ᠪᠠᠲᠤᠯᠠᠨ᠂ ᠡᠮ ᠤᠨ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠬᠢᠷ ᠡᠪᠡᠰᠦ᠂ ᠰᠢᠬᠢᠷ ᠪᠤᠶᠠ᠂ ᠰᠣᠭᠲᠣᠭᠤ ᠡᠪᠡᠰᠦ ᠵᠡᠷᠭᠡ ᠤᠯᠠᠮᠵᠢᠯᠠᠯᠲᠤ ᠳᠠᠪᠠᠭᠤᠯᠢᠭ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠥᠷᠭᠡᠳᠬᠡᠵᠦ᠂ ᠵᠢᠩᠬᠢᠨᠢ ᠡᠮ ᠤᠨ ᠮᠠᠲ᠋ᠧᠷᠢᠶᠠᠯ ᠤᠨ GAP ᠦᠢᠯᠡᠳᠪᠦᠷᠢᠯᠡᠯ ᠢ ᠬᠡᠷᠡᠭᠵᠢᠭᠦᠯᠦᠨ᠂ ᠵᠢᠷᠤᠮᠵᠢᠭᠰᠠᠨ ᠳᠠᠷᠢᠬᠤ ᠰᠠᠭᠤᠷᠢᠨ ᠭᠠᠵᠠᠷ ᠤᠨ ᠣᠷᠴᠢᠨ ᠲᠣᠭᠤᠷᠢᠨ᠂ ᠦᠷ᠎ᠡ ᠡᠳ᠋ ᠤᠨ ᠴᠢᠨᠠᠷ ᠴᠢᠨᠰᠠᠭ᠎ᠠ ᠶᠢ ᠡᠵᠡᠮᠳᠡᠬᠦ᠂ ᠳᠠᠷᠢᠬᠤ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ᠂ ᠲᠡᠭᠦᠵᠦ ᠪᠣᠯᠪᠠᠰᠤᠷᠠᠭᠤᠯᠬᠤ ᠪᠠᠷ ᠳᠡᠮᠵᠢᠨ᠂ ᠪᠠᠷᠢᠮᠵᠢᠶᠠᠲᠤ ᠠᠵᠢᠯᠯᠠᠬᠤ ᠳᠦᠷᠢᠮ ︵᠎  SOP︶᠎ ᠎ ᠢ ᠪᠡᠶᠡᠯᠡᠭᠦᠯᠵᠦ᠂ ᠠᠵᠤ ᠠᠬᠤᠶᠢᠯᠠᠯ ᠬᠢᠭᠡᠳ ᠡᠮ ᠤᠨ ᠲᠠᠷᠢᠶᠠᠴᠢᠳ ᠤᠨ GAP ᠭᠡᠷᠡᠴᠢᠯᠡᠭᠡ ᠬᠢᠬᠦ ᠪᠠ ᠪᠣᠬᠢᠷᠲᠤᠯ ᠦᠭᠡᠢ ᠣᠷᠭᠠᠨᠢᠭ ᠭᠡᠷᠡᠴᠢᠯᠡᠭᠡ ᠬᠢᠬᠦ ᠶᠢ ᠳᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠡᠮ ᠡᠮᠨᠡᠯᠭᠡ ᠶᠢᠨ ᠠᠵᠤ ᠠᠬᠤᠶᠢᠯᠠᠯ ᠢ ᠲᠡᠳᠡᠨ ᠣᠷᠣᠭᠤᠯᠵᠤ ᠪᠠᠶᠢᠭᠠᠳ ᠡᠮ ᠡᠮᠨᠡᠯᠭᠡ ᠶᠢᠨ ᠠᠵᠤ ᠦᠢᠯᠡᠰ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠥᠪᠯᠡᠷᠡᠭᠦᠯᠦᠨ ᠡᠮ ᠤᠨ ᠮᠠᠲ᠋ᠧᠷᠢᠶᠠᠯ ᠳᠠᠷᠢᠬᠤ᠂ ᠡᠳ᠋ᠰᠢᠭᠦᠯᠬᠦ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠬᠢᠲᠠᠳ ᠡᠮ ᠤᠨ ᠠᠵᠤ ᠦᠢᠯᠡᠰ ᠢ ᠬᠥᠭᠵᠢᠭᠦᠯᠵᠦ᠂ ᠬᠢᠲᠠᠳ ᠡᠮ ᠡᠮᠨᠡᠯᠭᠡ ︵᠎  ᠮᠣᠩᠭᠤᠯ ᠡᠮ ᠡᠮᠨᠡᠯᠭᠡ︶᠎ ᠂ ᠠᠮᠢᠳᠤ ᠪᠣᠳᠠᠰ ᠤᠨ ᠡᠮ ᠦᠢᠯᠡᠳᠬᠦ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠠᠷᠠᠭᠤᠨ ᠬᠤᠶᠢᠲᠤ ᠣᠷᠣᠨ ᠤ ᠣᠨᠴᠠᠯᠢᠭᠲᠤ ᠵᠢᠩᠬᠢᠨᠢ ᠡᠮ ᠤᠨ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠴᠢᠷᠮᠠᠶᠢᠨ ᠪᠦᠷᠢᠯᠳᠦᠭᠦᠯᠦᠨ᠎ᠡ᠃ ᠡᠮᠲᠦ ᠢᠳᠡᠭᠡᠨ ᠤ ᠠᠳᠠᠯᠢ ᠢᠷᠡᠯᠲᠡ ᠲᠠᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠵᠠᠭᠤᠨ ᠲᠦᠮᠡᠨ ᠮᠤ᠋ ᠴᠠᠭᠠᠨ ᠭᠤᠶᠣᠣ ᠪᠠ ᠤᠯᠠᠭᠠᠨ ᠭᠤᠶᠣᠣ ᠲᠠᠷᠢᠮᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠥᠨᠳᠥᠷ ᠨᠡᠮᠡᠯᠲᠡ ᠥᠷᠳᠡᠭ ᠪᠦᠬᠦᠢ ᠦᠢᠯᠡᠳᠬᠦᠨ ᠪᠠ ᠴᠠᠭᠠᠨ ᠭᠤᠶᠣᠣ ᠤᠯᠠᠭᠠᠨ ᠭᠤᠶᠣᠣ ᠺᠣᠹᠧ᠂ ᠴᠠᠭᠠᠨ ᠭᠤᠶᠣᠣ ᠤᠯᠠᠭᠠᠨ ᠭᠤᠶᠣᠣ ᠵᠢᠮᠢᠰ ᠤᠨ ᠪᠣᠭᠤᠷᠰᠤᠭ ᠵᠡᠷᠭᠡ ᠠᠷᠠᠳ ᠤᠯᠠᠨ ᠤ ᠬᠡᠷᠡᠭᠯᠡᠭᠡᠨ ᠳᠤ ᠲᠣᠬᠢᠷᠠᠬᠤ ᠤᠯᠠᠮᠵᠢᠯᠠᠯᠲᠤ ᠡᠷᠡᠭᠦᠯᠵᠢᠯ᠂ ᠰᠡᠯᠡᠭᠦᠴᠡᠯ ᠤᠨ ᠢᠳᠡᠭᠡᠨ ᠢ ᠰᠤᠳᠤᠯᠤᠨ ᠨᠡᠭᠡᠭᠡᠵᠦ᠂ ᠴᠠᠭᠠᠨ ᠭᠤᠶᠣᠣ ᠪᠠ ᠤᠯᠠᠭᠠᠨ ᠭᠤᠶᠣᠣ ᠢᠶᠠᠷ ᠭᠤᠣᠯ ᠪᠣᠯᠭᠠᠭᠰᠠᠨ ᠬᠢᠲᠠᠳ ᠡᠮ ᠤᠨ ᠴᠢᠨᠠᠬᠤ ᠡᠮ᠂ ᠡᠷᠡᠭᠦᠯᠵᠢᠯ ᠤᠨ ᠢᠳᠡᠭᠡᠨ᠂ ᠴᠠᠭᠠᠨ ᠭᠤᠶᠣᠣ ᠠᠷᠢᠬᠢ ᠵᠡᠷᠭᠡ ᠦᠢᠯᠡᠳᠬᠦᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃      ᠳᠠᠪᠤᠰᠤᠨ ᠨᠠᠭᠤᠷ ᠤᠨ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠵᠢᠷᠠᠲᠠᠢ ᠬᠢᠭᠡᠳ ᠬᠤᠲᠣᠢ ᠶᠢᠨ ᠨᠠᠭᠤᠷ ᠤᠨ ᠳᠠᠪᠤᠰᠤᠨ ᠨᠠᠭᠤᠷ ᠤᠨ ᠡᠬᠢ ᠪᠠᠶᠠᠯᠢᠭ ᠲᠤ ᠲᠦᠰᠢᠭᠯᠡᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠵᠠᠮᠠᠭ ᠤᠨ ᠲᠥᠷᠥᠯ ᠤᠨ ᠲᠡᠵᠢᠭᠡᠨ ᠦᠷᠡᠵᠢᠭᠦᠯᠬᠦ ᠦᠶᠯᠡᠳᠪᠦᠷᠢᠯᠡᠯ ᠡᠳ᠋ᠰᠢᠭᠦᠯᠦᠯᠲᠡ ᠶᠢ ᠥᠷᠨᠢᠭᠦᠯᠦᠨ᠎ᠡ᠃ ᠥᠪᠥᠷ ᠮᠣᠩᠭᠤᠯ ᠤᠨ ᠪᠢᠴᠢᠯ ᠵᠠᠮᠠᠭ ᠤᠨ ᠰᠠᠶᠢᠨ ᠡᠭᠦᠯᠳᠡᠷ ᠤᠨ ᠲᠥᠪ ᠢ ᠪᠥᠲᠥᠭᠡᠨ ᠪᠠᠶᠢᠭᠤᠯᠵᠤ ᠂ ᠵᠠᠮᠠᠭ ᠤᠨ ᠲᠥᠷᠥᠯ ᠤᠨ ᠪᠦᠲᠦᠭᠡᠭᠳᠡᠬᠦᠨ ᠤ ᠣᠯᠠᠨ ᠶᠠᠩᠵᠤ ᠶᠢᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠳᠠᠪᠤᠰᠤᠲᠤ ᠵᠠᠮᠠᠭ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠱᠤᠷᠠᠭᠯᠢᠭ ᠵᠠᠮᠠᠭ᠂ ᠵᠢᠵᠢᠭ ᠪᠥᠮᠪᠥᠭᠡᠨ ᠵᠠᠮᠠᠭ᠂ ᠤᠯᠠᠭᠠᠨ ᠪᠥᠮᠪᠥᠭᠡᠨ ᠵᠠᠮᠠᠭ ᠵᠡᠷᠭᠡ ᠠᠵᠤ ᠠᠬᠤᠶ ᠶᠢᠨ ᠵᠠᠮᠠᠭ ᠤᠨ ᠲᠥᠷᠥᠯ ᠤᠨ ᠰᠤᠳᠤᠯᠭᠠᠨ ᠪᠠ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃      ᠦᠢᠯᠡᠳᠪᠦᠷᠢᠯᠡᠯ ᠪᠠ ᠭᠦᠢᠯᠭᠡᠭᠡᠨ ᠤ ᠵᠠᠭᠪᠤᠷ ᠤᠨ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ᠣᠶᠤᠨᠴᠢ ᠬᠦᠯᠡᠮᠵᠢ ᠶᠢᠨ ᠠᠵᠤ ᠦᠶᠯᠡᠳᠪᠦᠷᠢᠵᠢᠭᠦᠯᠦᠨ ᠪᠤᠶᠢᠵᠢᠭᠤᠯᠬᠤ ᠵᠡᠷᠭᠡ ᠮᠡᠷᠭᠡᠵᠢᠯ ᠤᠨ ᠲᠥᠷᠥᠯ ᠵᠦᠶᠯ ᠢ ᠣᠷᠣᠭᠤᠯᠤᠨ ᠠᠪᠴᠢᠷᠠᠨ᠎ᠠ᠃ ︽ᠬᠥᠲᠥᠴᠢ ᠠᠵᠤ ᠠᠬᠤᠶᠢᠯᠠᠯ + ᠬᠤᠷᠰᠢᠶ᠎ᠠ + ᠬᠡᠷ ᠪᠦᠯᠢ ᠶᠢᠨ ᠮᠠᠯᠵᠢᠯ ᠤᠨ ᠲᠠᠯᠠᠪᠠᠶ︾᠎ ᠎ ᠶᠢᠨ ᠦᠶᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ︽ᠵᠢᠷᠭᠤᠭ᠎ᠠ ᠶᠢ ᠨᠢᠭᠡᠳᠬᠡᠵᠦ ᠭᠤᠷᠪᠠ ᠶᠢ ᠭᠡᠯᠳᠦᠷᠢᠭᠦᠯᠬᠦ︾᠎  ︵᠎  ᠨᠢᠭᠡᠳᠦᠯᠲᠡᠶ ᠳᠠᠭᠠᠭᠠᠯᠲᠠ ᠬᠢᠬᠦ᠂ ᠨᠢᠭᠡᠳᠦᠯᠲᠡᠶ ᠡᠭᠦᠯᠳᠡᠷ ᠬᠤᠳᠠᠯᠳᠤᠨ ᠠᠪᠬᠤ᠂ ᠨᠢᠭᠡᠳᠦᠯᠲᠡᠶ ᠬᠡᠷᠡᠰᠬᠡ ᠪᠠᠶᠢᠭᠤᠯᠬᠤ᠂ ᠨᠢᠭᠡᠳᠦᠯᠲᠡᠶ ᠳᠠᠭᠠᠳᠬᠠᠯ ᠬᠢᠬᠦ᠂ ᠨᠢᠭᠡᠳᠦᠯᠲᠡᠶ ᠪᠠᠷᠢᠮᠵᠢᠶ᠎ᠠ ᠲᠣᠭᠲᠠᠭᠠᠬᠤ᠂ ᠨᠢᠭᠡᠳᠦᠯᠲᠡᠶ ᠡᠭᠡᠭᠦᠯᠦᠨ ᠬᠤᠳᠠᠯᠳᠤᠨ ᠠᠪᠬᠤ ᠪᠠ ᠰᠦᠶᠳᠬᠡᠯ ᠬᠤᠷᠢᠶᠠᠬᠤ ᠥᠬᠡᠶ ᠪᠠᠷ ᠰᠣᠩᠭᠤᠨ ᠪᠤᠶᠢᠵᠢᠭᠤᠯᠵᠤ ᠬᠡᠭᠡᠯᠲᠦᠭᠦᠯᠬᠦ᠂ ᠰᠦᠶᠳᠬᠡᠯ ᠬᠤᠷᠢᠶᠠᠬᠤ ᠥᠬᠡᠶ ᠪᠠᠷ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠰᠦᠶᠳᠬᠡᠯ ᠬᠤᠷᠢᠶᠠᠬᠤ ᠥᠬᠡᠶ ᠪᠠᠷ ᠮᠡᠷᠭᠡᠵᠢᠯ ᠤᠨ ᠰᠤᠷᠭᠠᠯᠲᠠ ᠬᠢᠬᠦ︶᠎ ᠎ ᠶᠢ ᠬᠡᠷᠡᠭᠵᠢᠭᠦᠯᠦᠨ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠬᠢᠭᠡᠳ ᠵᠠᠬ᠎ᠠ ᠳᠡᠯᠭᠡᠭᠦᠷ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠨᠢᠭᠡ ᠪᠦᠯᠦᠭ ᠪᠠᠶᠠᠵᠢᠯ ᠤᠨ ᠲᠠᠭᠠᠭᠤᠯᠤᠬᠴᠢ᠂ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠴᠠᠬᠢᠮ ᠬᠤᠳᠠᠯᠳᠤᠭᠠᠨ ᠤ ᠲᠠᠪᠴᠠᠩ᠂ ᠰᠦᠯᠵᠢᠶᠡᠨ ᠳᠤ ᠮᠡᠷᠭᠡᠰᠢᠭᠰᠡᠨ ᠬᠥᠮᠦᠰ ᠢ ᠲᠦᠷᠭᠡᠳᠬᠡᠨ ᠪᠤᠶᠢᠵᠢᠭᠤᠯᠵᠤ᠂ ᠣᠷᠣᠨ ᠪᠦᠰᠡ ᠠᠯᠤᠰᠯᠠᠭᠰᠠᠨ᠂ ᠴᠠᠬᠢᠮ ᠬᠤᠳᠠᠯᠳᠤᠭ᠎ᠠ ᠵᠡᠷᠭᠡ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠵᠤ᠂ ᠠᠮᠢ ᠠᠬᠤᠶ ᠶᠢᠨ ᠡᠷᠡᠭᠦᠯ ᠮᠡᠨᠳᠦ ᠶᠢᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢ ᠴᠠᠬᠢᠮ ᠰᠦᠯᠵᠢᠶ᠎ᠡ +ᠪᠠ ᠰᠦᠯᠵᠢᠶᠡᠨ ᠠᠴᠠ ᠭᠠᠳᠠᠨ᠎ᠠ ᠳᠡᠯᠭᠡᠷᠡᠭᠦᠯᠵᠦ᠂ ᠡᠯᠡᠰᠦᠨ ᠴᠥᠯ ᠤᠨ ᠡᠷᠡᠭᠦᠯ ᠮᠡᠨᠳᠦ ᠶᠢᠨ ᠢᠳᠡᠭᠡᠨ᠂ ᠡᠮ ᠤᠨ ᠵᠦᠶᠯ ᠢ ᠦᠶᠯᠡᠳᠪᠦᠷᠢᠯᠡᠵᠦ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠷᠢᠯᠳᠦᠭᠦᠯᠦᠨ᠎ᠡ᠃           ᠭᠤᠷᠪᠠᠳᠤᠭᠠᠷ ᠬᠡᠰᠡᠭ ᠰᠣᠶᠣᠯ ᠵᠢᠭᠤᠯᠴᠢᠯᠠᠯ ᠤᠨ ᠥᠪᠡᠷᠮᠢᠴᠡ ᠣᠨᠴᠠᠯᠢᠭ ᠪᠦᠬᠦᠢ ᠬᠥᠭᠵᠢᠯᠲᠡ ᠶᠢ ᠠᠬᠢᠭᠤᠯᠬᠤ ᠲᠤᠬᠠᠢ      ᠪᠠᠶᠢᠭᠠᠯᠢ ᠶᠢᠨ ᠠᠮᠢ ᠠᠬᠤᠶ ᠪᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠨᠴᠠᠯᠢᠭ ᠢᠶᠠᠨ ᠳᠣᠪᠤᠶᠢᠯᠭᠠᠵᠤ᠂ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠎  ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾᠎  ︽ᠳᠤᠮᠳᠠᠳᠤ ᠤᠯᠤᠰ ᠤᠨ ᠲᠡᠮᠡᠭᠡᠲᠦ ᠨᠤᠲᠤᠭ︾᠎  ᠵᠡᠷᠭᠡ ᠨᠠᠷᠠᠲᠤ ᠲᠡᠮᠳᠡᠭᠲᠦ ᠳᠤ ᠲᠦᠰᠢᠭᠯᠡᠨ᠂ ᠤᠯᠤᠰ ᠤᠨ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ᠂ ᠬᠠᠲᠤᠨ ᠭᠤᠤᠯ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠠ ᠲᠣᠬᠢᠶᠠᠯ ᠢ ᠠᠳᠬᠤᠵᠤ᠂ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠭᠦᠢᠴᠡᠳᠬᠡᠬᠦ ᠶᠢᠨ ᠲᠣᠭᠤᠷᠢᠨ ᠳᠤ᠂ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠵᠦ᠂ ᠵᠢᠭᠤᠯᠴᠢᠯᠠᠯ ᠤᠨ ︽ᠲᠣᠮᠣ ᠳ᠋ᠠᠶᠢᠲ᠋ᠠ︾᠎ ᠎ ᠶᠢᠨ ᠣᠶᠤᠨᠴᠢ ᠦᠶᠯᠡᠴᠢᠯᠡᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ︽ᠵᠢᠭᠤᠯᠴᠢᠯᠠᠯ +︾᠎  ᠠᠵᠢᠯᠯᠠᠭ᠎ᠠ ᠶᠢ ᠬᠡᠷᠡᠭᠵᠢᠭᠦᠯᠵᠦ᠂ ᠥᠪᠡᠷ ᠢᠶᠠᠨ ᠵᠢᠯᠣᠭᠤᠴᠢ ᠪᠠᠷ ᠵᠢᠭᠤᠯᠴᠢᠯᠠᠬᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠡᠯᠡᠰᠦᠨ ᠴᠥᠯ ᠤᠨ ᠵᠢᠭᠤᠯᠴᠢᠯᠠᠯ᠂ ᠪᠠᠷᠲᠠᠭ᠎ᠠ ᠬᠠᠶᠢᠬᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ ᠳᠥᠷᠪᠡᠨ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠬᠡᠷᠡᠭᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ ᠂ ᠵᠢᠭᠤᠯᠴᠢᠯᠠᠯ ᠬᠢᠭᠡᠳ ᠠᠮᠢ ᠠᠬᠤᠶ᠂ ᠰᠣᠶᠣᠯ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾᠎  ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠵᠢᠭᠤᠯᠴᠢᠯᠠᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠪᠠᠷᠠᠭᠤᠨ ᠬᠤᠶᠢᠲᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ︾᠎ ᠎ ᠶᠢ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠲᠠᠪᠴᠠᠩ ᠢ ᠢᠳᠡᠪᠬᠢᠲᠡᠶ ᠪᠠᠷ ᠪᠤᠶᠢᠵᠢᠭᠤᠯᠤᠨ᠂ ᠤᠯᠠᠨ ᠤᠯᠤᠰ ᠤᠨ ᠡᠯᠡᠰᠦᠨ ᠴᠦᠯ ᠤᠨ ᠵᠢᠭᠤᠯᠴᠢᠯᠠᠯ ᠤᠨ ᠤᠨᠴᠠᠯᠢᠭᠳᠤ ᠵᠣᠷᠢᠭᠰᠠᠨ ᠭᠠᠵᠠᠷ᠂ ᠪᠠᠷᠠᠭᠤᠨ ᠣᠷᠣᠨ ᠤ ᠵᠠᠩ ᠦᠢᠯᠡ ᠶᠢᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃      ᠮᠠᠰᠢᠨ ᠲᠡᠷᠭᠡᠨ ᠤ ᠬᠥᠳᠡᠯᠭᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ ᠬᠤᠳᠠᠯᠳᠤᠭᠠᠴᠢᠯᠠᠭᠰᠠᠨ ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ ᠰᠢᠨ᠎ᠡ ᠶᠢ ᠡᠭᠦᠳᠴᠦ᠂ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠎ ᠎ ᠤ ᠨᠠᠷᠠᠲᠤ ᠲᠡᠮᠳᠡᠭᠲᠦ ᠪᠠ ᠲᠠᠪᠴᠠᠩ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠵᠢᠭᠤᠯᠴᠢᠯᠠᠯ ᠰᠡᠯᠡᠭᠦᠴᠡᠯ ᠤᠨ ᠬᠦᠷᠢᠶᠡᠨ ᠳᠠᠬᠢ ᠡᠵᠡᠩᠨᠡᠯᠲᠡ ᠶᠢᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠦᠯᠡᠳᠡᠭᠡᠯ ᠡᠳ᠋ ᠬᠥᠷᠥᠩᠭᠡ ᠪᠠ ᠳᠠᠯᠳᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠪᠦᠷᠢᠨ ᠲᠡᠭᠦᠯᠳᠡᠷ ᠬᠠᠮᠢᠶᠠᠷᠤᠯᠲᠠ ᠶᠢᠨ ᠵᠠᠭᠪᠤᠷ ᠪᠠ ᠥᠨᠳᠥᠷ ᠪᠦᠲᠦᠮᠵᠢᠲᠡᠶ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ᠂ ᠳᠥᠷᠪᠡᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠢ ᠪᠦᠷᠢᠯᠳᠦᠭᠦᠯᠦᠨ᠎ᠡ᠃ ᠠᠵᠤ ᠦᠶᠯᠡᠰ ᠤᠨ ᠦᠶᠯᠡᠴᠢᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠮᠠᠰᠢᠨ ᠲᠡᠷᠭᠡ ᠪᠣᠯᠤᠨ ᠣᠨᠴᠠ ᠲᠥᠷᠥᠯ ᠤᠨ ᠲᠡᠷᠭᠡ ᠬᠥᠰᠬᠡ ᠶᠢᠨ ᠬᠥᠳᠡᠯᠭᠡᠭᠡᠨ᠂ ᠲᠤᠷᠰᠢᠨ ᠰᠤᠷᠭᠠᠯᠲᠠ ᠳᠤ ᠬᠠᠮᠤᠷᠤᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠣᠯᠠᠨ ᠤᠯᠤᠰ ᠤᠨ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠦᠭᠰᠡᠨ ᠲᠤᠷᠰᠢᠯᠭ᠎ᠠ ᠪᠠᠷ ᠲᠣᠯᠢ ᠪᠣᠯᠭᠠᠵᠤ᠂ ᠰᠢᠷᠢᠰ ᠪᠡᠶ᠎ᠡ ᠶᠢᠨ ᠲᠠᠮᠢᠷ ᠤᠨ ᠦᠶᠯᠡᠳᠬᠦᠨ᠂ ᠲᠥᠷᠥᠯ ᠵᠦᠶᠯ ᠢ ᠨᠡᠭᠡᠭᠡᠨ ᠬᠥᠭᠵᠢᠭᠦᠯᠵᠦ᠂ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠎ ᠎ ᠤ ᠨᠠᠷᠠᠲᠤ ᠲᠥᠷᠥᠯ ᠲᠡᠮᠳᠡᠭᠲᠦ ᠶᠢ ᠭᠠᠳᠠᠭᠰᠢ ᠭᠠᠷᠭᠠᠬᠤ ᠶᠢ ᠠᠬᠢᠭᠤᠯᠤᠨ᠂ ᠪᠠᠭᠠᠲᠤᠷᠴᠤᠳ ᠤᠨ ᠴᠤᠭᠯᠠᠭᠠᠨ ᠬᠢᠭᠡᠳ ᠰᠣᠶᠣᠯ᠂ ᠠᠵᠢᠯ ᠣᠯᠭᠤᠯᠲᠠ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠭᠦᠨᠵᠡᠭᠡᠶ ᠠᠭᠤᠰᠤᠯᠴᠠᠬᠤ ᠶᠢ ᠲᠦᠷᠭᠡᠳᠬᠡᠨ᠎ᠡ᠃      ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠣᠷᠣᠨ ᠢ ᠪᠦᠳᠦᠭᠡᠨ ᠪᠠᠶᠢᠭᠤᠯᠤᠨ᠎ᠠ᠃ ᠣᠨᠴᠠᠯᠢᠬᠵᠢᠭᠤᠯᠬᠤ᠂ ᠳᠡᠭᠡᠳᠦ ᠳᠡᠰ ᠤᠨ ᠪᠣᠯᠭᠠᠬᠤ᠂ ᠨᠡᠶᠢᠭᠡᠮ ᠤᠨ ᠰᠦᠷᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠰᠡᠯᠡᠭᠦᠴᠡᠨ ᠠᠮᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠡᠯᠡᠰᠦ ᠮᠠᠩᠬ᠎ᠠ ᠶᠢᠨ ᠰᠡᠯᠡᠭᠦᠴᠡᠨ ᠠᠮᠠᠷᠠᠬᠤ ᠪᠠᠷ ᠭᠤᠤᠯ ᠪᠣᠯᠭᠠᠨ᠂ ᠨᠡᠶᠢᠭᠡᠮ ᠤᠨ ᠴᠢᠨᠠᠷ ᠰᠠᠶᠢᠲᠠᠶ ᠬᠥᠷᠥᠩᠭᠡ ᠮᠥᠩᠭᠦ᠂ ᠡᠵᠡᠩᠨᠡᠯᠲᠡ ᠬᠠᠮᠢᠶᠠᠷᠤᠯᠲᠠ ᠶᠢᠨ ᠰᠢᠯᠢᠳᠡᠭ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠪᠠᠶᠠᠨᠬᠤᠲᠠ ᠶᠢᠨ ᠵᠢᠭᠤᠯᠴᠢᠯᠠᠯ ᠤᠨ ᠬᠤᠲᠠ ᠶᠢᠨ ᠠᠮᠠᠷᠠᠯᠲᠠ ᠶᠢᠨ ᠴᠢᠳᠠᠮᠵᠢᠳᠤ ᠣᠷᠣᠨ ᠢ ᠪᠥᠲᠥᠭᠡᠨ ᠪᠠᠶᠢᠭᠤᠯᠵᠤ᠂ ᠮᠠᠰᠢᠨ ᠲᠡᠷᠭᠡᠨ ᠤ ᠬᠥᠳᠡᠯᠭᠡᠭᠡᠨ᠂ ᠬᠡᠷ ᠤᠨ ᠭᠠᠳᠠᠨᠠᠬᠢ ᠬᠥᠳᠡᠯᠭᠡᠭᠡᠨ᠂ ᠴᠡᠷᠢᠭ ᠤᠨ ᠵᠢᠭᠤᠯᠴᠢᠯᠠᠯ ᠤᠨ ᠣᠨᠴᠠᠯᠢᠭ᠂ ᠳᠣᠤᠷ᠎ᠠ ᠠᠭᠠᠷ ᠤᠨ ᠨᠢᠰᠦᠯᠲᠡ᠂ ᠡᠷᠡᠭᠦᠯ ᠢᠶᠠᠷ ᠪᠡᠶ᠎ᠡ ᠰᠤᠪᠢᠯᠠᠬᠤ᠂ ᠰᠣᠶᠣᠯ ᠤᠷᠠᠯᠢᠭ ᠰᠡᠯᠡᠭᠦᠴᠡᠯ ᠵᠡᠷᠭᠡ ᠶᠢᠨ ᠪᠦᠯᠦᠭᠵᠢᠬᠦ᠂ ᠠᠭᠤᠰᠤᠯᠴᠠᠬᠤ᠂ ᠥᠷᠲᠡᠭᠵᠢᠬᠦ ᠬᠥᠭᠵᠢᠯᠲᠡ ᠶᠢ ᠠᠬᠢᠭᠤᠯᠤᠨ᠎ᠠ᠃      ᠳᠠᠪᠤᠰᠤᠨ ᠤᠬᠢᠶᠠᠯᠭ᠎ᠠ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ ᠵᠢᠷᠠᠲᠠᠢ ᠶᠢᠨ ᠳᠠᠪᠤᠰᠤᠨ ᠨᠠᠭᠤᠷ ᠤᠨ ᠡᠬᠢ ᠪᠠᠶᠠᠯᠢᠭ ᠪᠠ ᠨᠠᠭᠤᠷ ᠤᠨ ᠳᠠᠪᠤᠰᠤ ᠶᠢ ᠨᠡᠭᠡᠭᠡᠨ ᠬᠥᠭᠵᠢᠭᠦᠯᠦᠭᠰᠡᠨ ᠥᠨᠢ ᠤᠳᠠᠭᠠᠨ ᠲᠡᠤᠬᠡ ᠳᠤ ᠲᠦᠰᠢᠭᠯᠡᠨ᠂ ᠳᠠᠪᠤᠰᠤᠨ ᠨᠠᠭᠤᠷ ᠤᠨ ᠮᠦᠽᠧᠶ ᠪᠠ ᠰᠣᠶᠣᠯ ᠤᠨ ᠣᠷᠳᠣᠨ᠂ ᠳᠠᠪᠤᠰᠤᠨ ᠨᠠᠭᠤᠷ ᠤᠨ ᠤᠨᠴᠠᠯᠢᠭᠳᠤ ᠰᠣᠶᠣᠯ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠳᠠᠪᠤᠰᠤᠨ ᠨᠠᠭᠤᠷ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠲᠣᠭᠤᠷᠢᠭ᠂ ᠳᠠᠪᠤᠰᠤᠨ ᠨᠠᠭᠤᠷ ᠤᠨ ᠪᠡᠶ᠎ᠡ ᠰᠤᠪᠢᠯᠠᠯᠲᠠ ᠶᠢᠨ ᠪᠡᠶᠡᠴᠢᠯᠡᠨ ᠣᠶᠢᠯᠠᠭᠠᠬᠤ ᠣᠷᠳᠣᠨ᠂ ᠰᠣᠶᠣᠯ ᠤᠨ ᠭᠤᠤᠯ ᠰᠡᠳᠦᠪᠲᠦ ᠪᠠᠭᠤᠳᠠᠯ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠳᠠᠪᠤᠰᠤᠨ ᠵᠠᠮᠠᠭ ᠲᠡᠭᠦᠬᠦ᠂ ᠳᠠᠪᠤᠰᠤᠨ ᠤᠬᠢᠶᠠᠯᠭ᠎ᠠ᠂ ᠳᠠᠪᠤᠰᠤᠨ ᠵᠠᠰᠠᠯ ᠵᠡᠷᠭᠡ ᠪᠡᠶᠡᠴᠢᠯᠡᠨ ᠣᠶᠢᠯᠠᠭᠠᠬᠤ ᠲᠠᠪᠴᠠᠩ ᠢ ᠥᠷᠭᠡᠳᠬᠡᠨ᠎ᠡ᠃      ᠬᠠᠴᠢᠨ ᠴᠢᠯᠠᠭᠤ ᠶᠢ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠤᠨ᠎ᠠ᠃ ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾᠎ ᠎ ᠶᠢᠨ ᠨᠠᠷᠠᠲᠤ ᠲᠥᠷᠥᠯ ᠲᠡᠮᠳᠡᠭᠲᠦ ᠳᠤ ᠲᠦᠰᠢᠭᠯᠡᠨ᠂ ᠲᠦᠭᠦᠬᠡᠶ ᠮᠠᠲ᠋ᠧᠷᠢᠶᠠᠯ ᠰᠤᠷᠭᠠᠯᠲᠠ ᠳᠤ ᠬᠠᠮᠤᠷᠤᠭᠤᠯᠬᠤ᠂ ᠵᠢᠷᠤᠵᠤ ᠲᠥᠯᠥᠪᠯᠡᠨ ᠰᠡᠶᠢᠯᠬᠦ᠂ ᠰᠣᠶᠣᠯ ᠤᠨ ᠡᠭᠦᠳᠦᠯᠲᠡ ᠶᠢᠨ ᠦᠶᠯᠡᠳᠬᠦᠨ᠂ ᠡᠵᠡᠩᠨᠡᠨ ᠪᠣᠷᠣᠯᠠᠭᠤᠯᠬᠤ ᠳᠡᠯᠭᠡᠨ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠵᠤ᠂ ᠪᠠᠷᠠᠭᠤᠨ ᠬᠤᠶᠢᠲᠤ ᠣᠷᠣᠨ ᠢ ᠪᠦᠷᠬᠦᠭᠰᠡᠨ᠂ ᠪᠥᠬᠦ ᠤᠯᠤᠰ ᠢ ᠨᠥᠯᠥᠭᠡᠯᠡᠭᠰᠡᠨ ᠬᠠᠴᠢᠨ ᠴᠢᠯᠠᠭᠤ ᠶᠢ ᠲᠥᠪᠯᠡᠷᠡᠭᠦᠯᠦᠨ ᠲᠠᠷᠬᠠᠭᠠᠬᠤ ᠠᠷᠠᠯᠵᠢᠶᠠᠨ ᠤ ᠲᠥᠪ ᠢ ᠪᠦᠷᠢᠯᠳᠦᠭᠦᠯᠦᠨ᠎ᠡ᠃ ᠠᠷᠠᠯᠵᠢᠶᠠᠨ ᠤ ᠲᠣᠭᠲᠠᠴᠠ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠷᠳᠡᠨᠢ ᠶᠢᠨ ᠬᠠᠰ ᠴᠢᠯᠠᠭᠤ ᠶᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠲᠥᠪ ᠢ ᠪᠠᠶᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠢ ᠵᠢᠯᠣᠭᠤᠳᠤᠨ ᠦᠢᠯᠡᠴᠢᠯᠡᠭᠡᠨ ᠤ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠤᠨ ᠨᠥᠯᠥᠭᠡᠯᠡᠬᠦ ᠬᠦᠴᠦᠨ ᠢ ᠭᠦᠶᠴᠡᠳ ᠪᠠᠳᠠᠷᠠᠭᠤᠯᠵᠤ᠂ ᠲᠣᠣ ᠪᠦᠦ᠂ ᠱᠠᠩᠨᠠᠯ ᠤᠨ ᠬᠠᠰ ᠢᠶᠠᠷ ᠭᠤᠤᠯ ᠰᠡᠳᠦᠪ ᠪᠣᠯᠭᠠᠭᠰᠠᠨ ᠰᠣᠶᠣᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠡᠷᠭᠢᠯᠡᠵᠦ᠂ ︽ᠬᠤᠪᠢᠯᠭᠠᠨ ᠲᠡᠮᠡᠭᠡ ᠱᠠᠩᠨᠠᠯ︾᠎ ᠎ ᠤᠨ ᠰᠢᠯᠭᠠᠷᠠᠭᠤᠯᠤᠯᠲᠠ ᠵᠢᠴᠢ ︽ᠪᠠᠶᠢᠭᠠᠯᠢ ᠶᠢᠨ ᠬᠦᠴᠦᠨ ᠤ ᠱᠠᠩᠨᠠᠯ︾᠎ ᠎ ᠤᠨ ᠰᠣᠩᠭᠤᠯᠲᠠ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠲᠥᠷᠥᠯ ᠤᠨ ᠠᠵᠢᠯᠲᠠᠳ ᠲᠤ ᠤᠷᠤᠯᠳᠤᠭᠠᠨ ᠤ ᠦᠵᠡᠭᠦᠯᠦᠯᠭᠡ ᠶᠢᠨ ᠦᠶᠯᠡᠴᠢᠯᠡᠭᠡᠨ ᠤ ᠲᠠᠪᠴᠠᠩ ᠬᠠᠩᠭᠠᠵᠤ᠂ ᠠᠯᠠᠱᠠ ᠶᠢᠨ ᠬᠠᠰ ᠴᠢᠯᠠᠭᠤᠨ ᠤ ᠪᠦᠲᠦᠭᠡᠭᠳᠡᠬᠦᠨ ᠤ ᠪᠦᠲᠦᠭᠡᠯᠴᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠤᠯᠤᠰ ᠤᠨ ᠡᠯ᠎ᠡ ᠭᠠᠵᠠᠷ ᠤᠨ ᠦᠵᠡᠮᠦᠷᠢ ᠶᠢᠨ ᠴᠢᠯᠠᠭᠤ᠂ ᠡᠷᠳᠡᠨᠢ ᠶᠢᠨ ᠬᠠᠰ ᠤᠨ ᠨᠡᠶᠢᠭᠡᠮᠯᠢᠭ ᠯᠦᠭᠡ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ︾᠎  ᠬᠤᠯᠪᠣᠭ᠎ᠠ ᠠᠪᠴᠤ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠡᠭᠡ ᠪᠠᠭᠰᠢ ᠶᠢ ᠣᠷᠣᠭᠤᠯᠤᠨ ᠠᠪᠴᠢᠷᠠᠵᠤ᠂ ᠴᠠᠬᠢᠮ ᠬᠤᠳᠠᠯᠳᠤᠭᠠᠨ ᠤ ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠤᠨ ᠳᠠᠪᠠᠭᠤᠯᠢᠭ ᠢ ᠪᠠᠳᠠᠷᠠᠭᠤᠯᠤᠨ᠂ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠷᠳᠡᠨᠢ ᠶᠢᠨ ᠬᠠᠰ ᠤᠨ ᠤᠷᠠᠯᠢᠭᠵᠢᠭᠤᠯᠬᠤ᠂ ᠥᠪᠡᠷᠮᠢᠴᠡᠵᠢᠭᠦᠯᠦᠨ ᠡᠳ᠋ᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠯᠠᠮᠵᠢᠯᠠᠯᠲᠤ ᠭᠠᠷ ᠤᠷᠠᠯᠠᠯ ᠬᠢᠭᠡᠳ ᠣᠳᠣᠬᠢᠴᠢᠯᠠᠭᠰᠠᠨ ᠵᠢᠷᠤᠭ ᠲᠥᠯᠥᠪᠯᠡᠭᠡ ᠶᠢᠨ ᠠᠭᠤᠰᠤᠯᠴᠠᠯ ᠢ ᠠᠬᠢᠭᠤᠯᠵᠤ᠂ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ᠂ ᠪᠦᠲᠦᠭᠡᠭᠳᠡᠬᠦᠨ ᠤ ᠲᠥᠷᠥᠯ ᠬᠡᠯᠪᠡᠷᠢ ᠶᠢ ᠪᠠᠶᠠᠯᠢᠭᠵᠢᠭᠤᠯᠤᠨ᠎ᠠ᠃      ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠥᠪ ᠢ ᠪᠠᠶᠢᠭᠤᠯᠤᠨ᠎ᠠ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠣᠶᠣᠯ ᠤᠷᠠᠯᠢᠭ ᠤᠨ ᠪᠦᠲᠦᠭᠡᠯᠴᠢ ᠲᠥᠰᠥᠪᠯᠡᠯ ᠤᠨ ᠴᠢᠳᠠᠪᠤᠷᠢᠲᠠᠨ ᠢ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠥᠪ᠂ ᠠᠮᠢ ᠠᠬᠤᠢ ᠶᠢᠨ ᠤᠷᠠᠯᠢᠭ ᠤᠨ ᠰᠠᠭᠤᠷᠢᠰᠢᠯ᠂ ᠰᠣᠶᠣᠯ ᠤᠷᠠᠯᠢᠭ ᠤᠨ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠵᠤ᠂ ᠡᠯ᠎ᠡ ᠲᠥᠷᠥᠯ ᠤᠨ ᠰᠣᠶᠣᠯ ᠤᠨ ᠡᠭᠦᠳᠦᠯᠲᠡ ᠶᠢᠨ ᠪᠠ ᠤᠷᠠᠯᠢᠭ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠢ ᠡᠷᠭᠢᠯᠡᠨ᠂ ᠲᠣᠭᠯᠠᠯᠲᠠ ᠶᠢᠨ ᠤᠷᠠᠯᠢᠭ᠂ ᠥᠪ ᠤᠨ ᠪᠤᠰᠤ ᠪᠦᠲᠦᠭᠡᠭᠳᠡᠬᠦᠨ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ ᠪᠦᠲᠦᠭᠡᠯᠴᠢ ᠲᠥᠰᠥᠪᠯᠡᠯ ᠤᠨ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠰᠣᠶᠣᠯ ᠤᠨ ᠡᠭᠦᠳᠦᠯᠲᠡ ᠶᠢᠨ ᠵᠢᠷᠤᠭ ᠲᠥᠯᠥᠪᠯᠡᠭᠡ ᠶᠢᠨ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠦᠢᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠰᠣᠶᠣᠯ ᠤᠨ ᠡᠭᠦᠳᠦᠯᠲᠡ ᠶᠢᠨ ᠠᠵᠤ ᠦᠢᠯᠡᠰ ᠢᠶᠠᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃      ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠪ ᠢ ᠪᠠᠶᠢᠭᠤᠯᠤᠨ᠎ᠠ᠃ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠤᠨ ᠲᠣᠭᠠᠴᠢᠯᠠᠭᠰᠠᠨ ᠬᠥᠭᠵᠢᠯᠲᠡ  ᠶᠢ ᠠᠬᠢᠭᠤᠯᠵᠤ᠂ ᠡᠯᠡᠰᠦᠨ ᠴᠥᠯ ᠤᠨ ᠥᠩᠭᠡ ᠦᠵᠡᠮᠵᠢ᠂ ᠦᠨᠳᠦᠰᠦᠲᠡᠨ ᠤ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ᠂ ᠴᠡᠷᠢᠭ ᠤᠨ ᠶᠠᠪᠤᠳᠠᠯ ᠤᠨ ᠰᠣᠶᠣᠯ᠂ ᠤᠨᠴᠠᠯᠢᠭᠳᠤ ᠦᠵᠡᠮᠵᠢ ᠶᠢᠨ ᠣᠷᠣᠨ᠂ ᠮᠠᠰᠢᠨ ᠲᠡᠷᠭᠡᠨ ᠤ ᠬᠥᠳᠡᠯᠭᠡᠭᠡᠨ᠂ ᠤᠷᠤᠯᠳᠤᠭᠠᠨ ᠤ ᠠᠵᠢᠯᠯᠠᠭ᠎ᠠ ᠵᠡᠷᠭᠡ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠢᠳᠡᠪᠬᠢᠲᠡᠶ ᠪᠥᠭᠡᠳ ᠡᠷᠡᠭᠦᠯ ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ ᠲᠥᠷᠥᠯ ᠵᠦᠶᠯ ᠢ ᠪᠣᠶ ᠪᠣᠯᠭᠠᠵᠤ᠂ 1 — 2 ᠵᠢᠪᠦᠮᠡᠯ ᠮᠠᠶ᠋ᠢᠭ ᠤᠨ ᠪᠡᠶᠡᠴᠢᠯᠡᠨ ᠣᠶᠢᠯᠠᠭᠠᠬᠤ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠠᠷᠠᠲᠤ ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠲᠣᠭᠠᠴᠢᠯᠠᠭᠰᠠᠨ ᠮᠡᠷᠭᠡᠵᠢᠯ ᠢ ᠠᠮᠲᠠᠲᠤ ᠢᠳᠡᠭᠡᠨ᠂ ᠣᠨᠴᠠ ᠭᠠᠷᠤᠯᠲᠠ᠂ ᠭᠤᠶᠣ ᠦᠵᠡᠮᠵᠢ᠂ ᠰᠣᠶᠣᠯ ᠤᠨ ᠡᠭᠦᠳᠦᠯᠲᠡ᠂ ᠴᠠᠬᠢᠯᠭᠠᠨ ᠤ ᠥᠷᠢᠰᠥᠯᠳᠦᠭᠡᠨ ᠵᠡᠷᠭᠡ ᠲᠠᠢ ᠨᠢᠭᠲᠠ ᠬᠤᠯᠪᠣᠬᠤ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ᠎ᠠ᠃             ᠳᠥᠷᠪᠡᠳᠦᠭᠡᠷ ᠬᠡᠰᠡᠭ ᠰᠢᠨ᠎ᠡ ᠠᠵᠤ ᠦᠢᠯᠡᠰ ᠢ ᠪᠤᠶᠢᠵᠢᠭᠤᠯᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠪᠦᠷᠢᠯᠳᠦᠭᠦᠯᠬᠦ ᠲᠤᠬᠠᠢ      ᠥᠪᠡᠷᠮᠢᠴᠡ ᠣᠷᠣᠨ ᠪᠠᠶᠢᠷᠢ ᠶᠢᠨ ᠨᠥᠬᠦᠴᠡᠯ᠂ ᠠᠶᠢᠮᠠᠭ ᠤᠨ ᠵᠠᠰᠠᠭ ᠤᠨ ᠣᠷᠳᠣᠨ ᠤ ᠲᠥᠪ ᠬᠤᠲᠠ ᠪᠠ ᠨᠢᠭᠡᠨᠲᠡ ᠪᠠᠶᠢᠭ᠎ᠠ ᠠᠵᠤ ᠦᠶᠯᠡᠰ ᠤᠨ ᠰᠠᠭᠤᠷᠢ ᠳᠤ ᠲᠦᠰᠢᠭᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠯᠠᠱᠠ ᠵᠡᠭᠦᠨ ᠬᠤᠰᠢᠭᠤᠨ ᠤ ᠠᠵᠤ ᠦᠶᠯᠡᠰ ᠤᠨ ᠱᠠᠲᠤᠯᠢᠭ ᠬᠥᠭᠵᠢᠯᠲᠡ ᠶᠢ ᠠᠬᠢᠭᠤᠯᠤᠨ᠎ᠠ᠃      ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠵᠠᠮ ᠬᠠᠷᠢᠯᠴᠠᠭ᠎ᠠ ᠬᠢᠭᠡᠳ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠣᠳᠣᠬᠢᠴᠢᠯᠠᠭᠰᠠᠨ ᠲᠤᠰᠬᠠᠶ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ᠂ ᠠᠵᠤ ᠠᠬᠤᠶᠢᠯᠠᠯ + ᠵᠠᠬ᠎ᠠ ᠳᠡᠯᠭᠡᠭᠦᠷ + ᠠᠵᠤ ᠦᠶᠯᠡᠰ ᠤᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠠᠷᠠᠭᠠᠨ ᠤ ᠭᠦᠶᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠪᠠᠶᠢᠭᠤᠯᠵᠤ᠂ ᠪᠠᠷᠠᠭᠠᠨ ᠤ ᠭᠦᠶᠯᠭᠡᠭᠡᠨ ᠤ ᠲᠤᠰᠬᠠᠶ ᠺᠣᠮᠫᠠᠨᠢ ᠶᠢ ᠪᠠᠶᠢᠭᠤᠯᠤᠨ᠂ ᠳᠣᠭᠢᠷᠠᠭᠤᠯᠤᠨ ᠬᠦᠷᠭᠡᠬᠦ ᠲᠥᠪ᠂ ᠰᠢᠭᠤᠳ ᠬᠦᠷᠭᠡᠬᠦ ᠪᠠᠷᠠᠭ᠎ᠠ ᠬᠠᠩᠭᠠᠬᠤ᠂ ᠬᠡᠯᠬᠢᠶᠡᠵᠢᠭᠦᠯᠦᠨ ᠡᠵᠡᠩᠨᠡᠬᠦ ᠵᠡᠷᠭᠡ ᠣᠳᠣᠬᠢᠴᠢᠯᠠᠭᠰᠠᠨ ᠭᠦᠶᠯᠭᠡᠭᠡᠨ ᠤ ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ᠂ ᠪᠠᠷᠠᠭᠠᠨ ᠤ ᠲᠡᠭᠡᠭᠡᠪᠦᠷᠢ ᠶᠢᠨ ᠳᠠᠮᠵᠢᠭᠤᠯᠬᠤ ᠥᠷᠲᠡᠭᠡ᠂ ᠰᠤᠯᠠ ᠪᠠᠷᠠᠭ᠎ᠠ ᠶᠢ ᠲᠥᠪᠯᠡᠷᠡᠭᠦᠯᠦᠨ ᠳᠣᠭᠢᠷᠠᠭᠤᠯᠤᠨ ᠬᠦᠷᠭᠡᠬᠦ᠂ ᠲᠦᠷᠭᠡᠨ ᠬᠦᠷᠭᠡᠬᠦ ᠵᠡᠷᠭᠡ ᠰᠢᠨ᠎ᠡ ᠬᠡᠯᠪᠡᠷᠢ ᠶᠢᠨ ᠪᠠᠷᠠᠭᠠᠨ ᠤ ᠭᠦᠶᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠂ ᠦᠶᠯᠡᠳᠪᠦᠷᠢᠯᠡᠬᠦ᠂ ᠠᠷᠠᠯᠵᠢᠶᠠᠯᠠᠬᠤ᠂ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠰᠤᠮᠤ ᠪᠠᠯᠭᠠᠰᠤ ᠶᠢᠨ ᠰᠣᠷᠭᠤᠭ ᠢᠶᠠᠷ ᠨᠢ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨᠬᠤᠲᠠ ᠪᠠᠯᠭᠠᠰᠤ ᠦᠢᠯᠡᠴᠢᠯᠡᠭᠡᠨ ᠤ ᠦᠢᠯᠡᠰ ᠤᠨ ᠲᠠᠸᠠᠷ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠪᠠᠷ ᠭᠤᠣᠯ ᠪᠣᠯᠭᠠᠵᠤ᠂ ᠦᠯᠵᠡᠢ ᠪᠣᠭᠤᠮᠲᠠ ᠨᠢ ᠮᠣᠩᠭᠤᠯ ᠤᠨ ᠲᠠᠯ᠎ᠠ ᠶᠢᠨ ᠭᠠᠳᠠᠭᠠᠳᠤ ᠠᠴᠠ ᠣᠷᠣᠭᠤᠯᠤᠭᠰᠠᠨ ᠠᠭᠤᠷᠬᠠᠶ ᠶᠢᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠪᠠᠷ ᠭᠤᠣᠯ ᠪᠣᠯᠭᠠᠵᠤ᠂ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠨᠢ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠢ ᠨᠠᠷᠢᠯᠢᠭ ᠰᠤᠷᠭᠠᠯᠲᠠ ᠳᠤ ᠬᠠᠮᠤᠷᠤᠭᠤᠯᠬᠤ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠪᠠᠷᠠᠭᠠᠨ ᠤ ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠪᠠᠷ ᠭᠤᠣᠯ ᠪᠣᠯᠭᠠᠵᠤ᠂ ᠪᠠᠷᠠᠭᠤᠨ ᠪᠡᠯ ᠪᠠᠯᠭᠠᠰᠤ᠂ ᠵᠢᠷᠠᠲᠠᠢ ᠪᠠᠯᠭᠠᠰᠤ᠂ ᠤᠨᠳᠤᠷᠤᠯᠲᠤ ᠪᠠᠯᠭᠠᠰᠤ᠂ ᠥᠯᠵᠡᠢ ᠰᠤᠮᠤ᠂ ᠴᠣᠭᠲᠤᠬᠦ᠋ᠷᠢᠶ᠎ᠡ ᠰᠤᠮᠤ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠪᠠᠷ ᠭᠤᠤᠯ ᠪᠣᠯᠭᠠᠵᠤ᠂ ᠪᠠᠷᠠᠭᠠᠨ ᠤ ᠭᠦᠶᠯᠭᠡᠭᠡᠨ ᠤ ᠮᠡᠳᠡᠭᠡ ᠵᠠᠩᠭᠢ᠂ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠂ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ᠂ ᠭᠦᠶᠯᠭᠡᠭᠡᠨ ᠳᠤ ᠡᠳ᠋ᠰᠢᠭᠦᠯᠬᠦ᠂ ᠮᠡᠳᠡᠭᠡ ᠵᠠᠩᠭᠢ ᠶᠢᠨ ᠦᠶᠯᠡᠴᠢᠯᠡᠭᠡᠨ ᠵᠡᠷᠭᠡ ᠣᠯᠠᠨ ᠵᠦᠶᠯ ᠤᠨ ᠴᠢᠳᠠᠮᠵᠢ ᠶᠢ ᠴᠢᠩᠭᠠᠷᠠᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠦᠶᠯᠡᠰ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠢᠳᠡᠭᠡᠨ ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ ᠬᠥᠮᠥᠷᠭᠡᠯᠡᠨ ᠬᠠᠳᠠᠭᠠᠯᠠᠬᠤ ᠭᠦᠶᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃      ᠡᠷᠡᠭᠦᠯ ᠮᠡᠨᠳᠦ ᠶᠢᠨ ᠲᠣᠮᠣ ᠠᠵᠤ ᠦᠶᠯᠡᠰ ᠢ ᠬᠥᠭᠵᠢᠭᠦᠯᠦᠨ᠎ᠡ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠠᠷᠠᠲᠠᠶ ᠡᠷᠡᠭᠦᠯ ᠮᠡᠨᠳᠦ ᠶᠢᠨ ᠠᠵᠤ ᠦᠶᠯᠡᠰ ᠤᠨ ᠠᠵᠤ ᠠᠬᠤᠶᠢᠯᠠᠯ᠂ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠪᠴᠢᠭᠦᠯᠬᠦ ᠲᠥᠪ᠂ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠵᠦ ᠭᠡᠷᠡᠴᠢᠯᠡᠬᠦ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠯᠡᠰᠦᠨ ᠴᠥᠯ ᠤᠨ ᠠᠮᠢᠳᠤ ᠪᠣᠳᠠᠰ᠂ ᠡᠷᠡᠭᠦᠯ ᠮᠡᠨᠳᠦ ᠶᠢᠨ ᠢᠳᠡᠭᠡᠨ᠂ ᠡᠮ ᠡᠮᠨᠡᠯᠭᠡ ᠡᠷᠡᠭᠦᠯᠵᠢᠯ᠂ ᠡᠯᠡᠰᠦᠨ ᠴᠥᠯ ᠤᠨ ᠬᠥᠳᠡᠯᠭᠡᠭᠡᠨ᠂ ᠡᠷᠡᠭᠦᠯ ᠮᠡᠨᠳᠦ ᠶᠢᠨ ᠵᠢᠭᠤᠯᠴᠢᠯᠠᠯ ᠪᠠ ᠡᠷᠡᠭᠦᠯ ᠮᠡᠨᠳᠦ ᠶᠢᠨ ᠦᠶᠯᠡᠴᠢᠯᠡᠭᠡ ᠵᠡᠷᠭᠡ ᠠᠵᠤ ᠦᠶᠯᠡᠰ ᠢ ᠬᠥᠭᠵᠢᠭᠦᠯᠦᠨ᠂ ᠴᠢᠨᠠᠷ ᠰᠠᠶᠢᠲᠠᠶ ᠡᠷᠡᠭᠦᠯ ᠮᠡᠨᠳᠦ ᠶᠢᠨ ᠦᠶᠯᠡᠳᠬᠦᠨ ᠪᠠ ᠦᠶᠯᠡᠴᠢᠯᠡᠭᠡᠨ ᠤ ᠬᠠᠩᠭᠠᠯᠭ᠎ᠠ ᠶᠢ ᠪᠣᠶ ᠪᠣᠯᠭᠠᠵᠤ᠂ ᠡᠷᠡᠭᠦᠯ ᠮᠡᠨᠳᠦ ᠶᠢᠨ ᠠᠵᠤ ᠦᠶᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃      ᠡᠷᠡᠭᠦᠯ ᠮᠡᠨᠳᠦ ᠶᠢᠨ ᠠᠵᠤ ᠦᠶᠯᠡᠰ ᠤᠨ ᠲᠣᠰ ᠭᠠᠵᠠᠷ ᠣᠷᠣᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠲᠣᠰ ᠭᠠᠵᠠᠷ ᠣᠷᠣᠨ ᠤ ᠡᠷᠡᠭᠦᠯ ᠮᠡᠨᠳᠦ ᠶᠢᠨ ᠠᠵᠤ ᠦᠶᠯᠡᠰ ᠤᠨ ᠠᠵᠤ ᠠᠬᠤᠶᠢᠯᠠᠯ ᠪᠠ ᠦᠶᠯᠡᠴᠢᠯᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠴᠢᠨᠠᠭᠰᠢᠯᠠᠪᠠᠯ ᠣᠯᠠᠨ ᠤᠯᠤᠰ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠤᠯᠤᠰ ᠤᠨ ᠲᠠᠰ ᠤᠨ ᠡᠷᠡᠭᠦᠯ ᠮᠡᠨᠳᠦ ᠶᠢᠨ ᠠᠵᠤ ᠦᠶᠯᠡᠰ ᠤᠨ ᠬᠤᠷᠠᠯ ᠦᠵᠡᠰᠬᠦᠯᠡᠩ᠂ ᠲᠠᠸᠠᠷ ᠤᠨ ᠠᠷᠠᠯᠵᠢᠶ᠎ᠠ ᠵᠡᠷᠭᠡ ᠴᠢᠳᠠᠮᠵᠢᠲᠦ ᠣᠷᠣᠨ ᠤ ᠪᠥᠲᠥᠭᠡᠨ ᠪᠠᠶᠢᠭᠤᠯᠤᠯᠲᠠ ᠶᠢ ᠳᠠᠭᠠᠭᠠᠨ ᠠᠪᠴᠤ᠂ ᠠᠯᠠᠱᠠ ᠵᠡᠭᠦᠨ ᠬᠤᠰᠢᠭᠤᠨ ᠤ ᠡᠷᠡᠭᠦᠯ ᠮᠡᠨᠳᠦ ᠶᠢᠨ ᠠᠵᠤ ᠦᠶᠯᠡᠰ ᠤᠨ ᠠᠯᠳᠠᠷᠰᠢᠯ ᠢ ᠳᠡᠭᠡᠭᠰᠢᠯᠡᠭᠦᠯᠦᠨ᠎ᠡ᠃      ᠬᠤᠳᠠ ᠬᠥᠳᠡᠭᠡ ᠶᠢᠨ ᠦᠢᠯᠡᠴᠢᠯᠡᠭᠡᠨ ᠤ ᠲᠥᠪ ᠬᠤᠲᠠ ᠪᠠᠯᠭᠠᠰᠤ ᠬᠢᠭᠡᠳ ᠵᠠᠬ᠎ᠠ ᠬᠢᠵᠠᠭᠠᠷ ᠤᠨ ᠰᠤᠮᠤ ᠪᠠᠯᠭᠠᠰᠤ ᠶᠢᠨ ᠦᠶᠯᠡᠴᠢᠯᠡᠭᠡᠨ ᠤ ᠦᠶᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠪᠠᠶᠠᠨᠬᠤᠲᠠ ᠶᠢᠨ ᠦᠶᠯᠡᠴᠢᠯᠡᠭᠡᠨ ᠤ ᠦᠶᠯᠡᠰ ᠤᠨ ᠣᠯᠠᠨ ᠶᠠᠩᠵᠤᠯᠠᠬᠤ᠂ ᠲᠡᠷᠢᠭᠦᠨ ᠤ ᠮᠡᠷᠭᠡᠵᠢᠯ ᠢ ᠠᠰᠢᠭᠯᠠᠬᠤ ᠶᠢ ᠠᠬᠢᠭᠤᠯᠤᠨ᠂ ᠦᠶᠯᠡᠴᠢᠯᠡᠭᠡᠨ ᠤ ᠰᠤᠮᠤ ᠪᠠᠯᠭᠠᠰᠤ᠂ ᠭᠠᠴᠠᠭ᠎ᠠ ᠲᠣᠰᠬᠤᠨ ᠤ ᠰᠠᠴᠤᠷᠠᠭᠯᠠᠨ ᠨᠥᠯᠥᠭᠡᠯᠡᠬᠦ ᠴᠢᠳᠠᠮᠵᠢ ᠶᠢ ᠤᠯᠠᠮ ᠴᠢᠩᠭᠠᠷᠠᠭᠤᠯᠵᠤ᠂ ᠲᠡᠭᠦᠨ ᠢ ᠲᠠᠸᠠᠷ ᠪᠠ ᠦᠶᠯᠡᠳᠪᠦᠷᠢᠯᠡᠯ᠂ ᠠᠮᠢᠳᠤᠷᠠᠯ ᠤᠨ ᠴᠢᠬᠤᠯᠠ ᠬᠦᠴᠦᠨ ᠵᠦᠶᠯ ᠤᠨ ᠲᠣᠬᠢᠷᠠᠭᠤᠯᠤᠯᠲᠠ ᠶᠢᠨ ᠲᠥᠪ ᠪᠣᠯᠭᠠᠨ᠎ᠠ︔ ᠰᠤᠮᠤ ᠪᠠᠯᠭᠠᠰᠤ ᠨᠢ ᠦᠶᠯᠡᠳᠪᠦᠷᠢᠯᠡᠯ᠂ ᠠᠮᠢᠳᠤᠷᠠᠯ ᠤᠨ ᠦᠶᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠥᠪ ᠪᠠᠯᠭᠠᠰᠤ ᠲᠣᠭᠤᠷᠢᠭ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠠᠷᠢᠯᠴᠠᠨ ᠬᠤᠯᠪᠣᠯᠳᠤᠭᠰᠠᠨ᠂ ᠬᠠᠷᠢᠯᠴᠠᠨ ᠲᠤᠯᠭᠠᠭᠤᠷᠢᠯᠠᠭᠰᠠᠨ ᠣᠳᠣᠬᠢᠴᠢᠯᠠᠭᠰᠠᠨ ᠦᠶᠯᠡᠴᠢᠯᠡᠭᠡᠨ ᠤ ᠦᠶᠯᠡᠰ ᠤᠨ ᠠᠵᠤ ᠦᠶᠯᠡᠰ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠨᠡᠶᠢᠲᠡ ᠶᠢᠨ ᠥᠮᠴᠢᠯᠡᠯ ᠤᠨ ᠦᠶᠯᠡᠴᠢᠯᠡᠭᠡᠨ ᠤ ᠭᠤᠤᠯ ᠴᠣᠭᠴᠠ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠦᠶᠯᠡᠴᠢᠯᠡᠭᠡᠨ ᠤ ᠭᠤᠤᠯ ᠴᠣᠭᠴᠠ ᠶᠢᠨ ᠬᠠᠮᠲᠤᠪᠠᠷ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠬᠥᠷᠥᠩᠭᠡ᠂ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠦᠶᠯᠡᠴᠢᠯᠡᠭᠡᠨ ᠤ ᠦᠶᠯᠡᠰ ᠲᠤ ᠪᠠᠯᠠ ᠣᠯᠠᠨ ᠶᠠᠩᠵᠤᠴᠢᠯᠠᠭᠰᠠᠨ ᠦᠶᠯᠡᠴᠢᠯᠡᠭᠡᠨ ᠤ ᠭᠤᠤᠯ ᠴᠣᠭᠴᠠ ᠶᠢ ᠪᠤᠶᠢᠵᠢᠭᠤᠯᠤᠨ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠠᠵᠢᠯ ᠲᠥᠷᠥᠯ ᠤᠨ ᠬᠥᠭᠵᠢᠯᠲᠡ ᠶᠢᠨ ᠣᠨᠴᠠᠯᠢᠭ ᠲᠤ ᠳᠣᠭᠢᠷᠠᠬᠤ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠣᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠦᠶᠯᠡᠴᠢᠯᠡᠭᠡᠨ ᠤ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠰᠢᠨ᠎ᠡ ᠬᠥᠳᠡᠯᠭᠡᠬᠦ ᠬᠦᠴᠦᠨ ᠢ ᠬᠠᠩᠭᠠᠨ᠎ᠠ᠃      ᠵᠦᠶ ᠶᠣᠰᠣᠨ ᠤ ᠮᠥᠩᠭᠦᠨ ᠭᠦᠶᠯᠭᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠠᠯᠠᠱᠠ ᠶᠢᠨ ᠠᠮᠢ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠴᠢᠩᠭᠠᠷᠠᠭᠤᠯᠵᠤ᠂ ᠠᠮᠢ ᠠᠬᠤᠶ᠂ ᠠᠵᠤ ᠠᠬᠤᠶ᠂ ᠨᠡᠶᠢᠭᠡᠮ ᠤᠨ ᠬᠠᠷᠢᠴᠠᠭ᠎ᠠ ᠶᠢ ᠵᠦᠶ ᠶᠣᠰᠣᠨ ᠤ ᠮᠥᠩᠭᠦᠨ ᠭᠦᠶᠯᠭᠡᠭᠡᠨ ᠤ ᠦᠨᠳᠦᠰᠦᠨ ᠴᠢᠳᠠᠮᠵᠢ ᠳᠤ ᠣᠷᠣᠭᠤᠯᠤᠨ᠂ ᠠᠮᠢ ᠠᠬᠤᠶ ᠶᠢ ᠰᠡᠷᠭᠦᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠪᠠᠷ ᠭᠠᠷᠳᠠᠴᠠ ᠪᠣᠯᠭᠠᠵᠤ᠂ ᠠᠯᠠᠱᠠ ᠶᠢᠨ SEE ᠵᠡᠷᠭᠡ ᠨᠡᠶᠢᠲᠡ ᠶᠢᠨ ᠠᠰᠠᠷᠠᠮᠵᠢ ᠶᠢᠨ ᠲᠠᠪᠴᠠᠩ ᠤᠨ ᠪᠣᠬᠢᠷᠲᠤᠯ ᠥᠬᠡᠶ ᠬᠥᠷᠥᠩᠭᠡ ᠶᠢ ᠬᠤᠷᠠᠮᠳᠤᠭᠤᠯᠬᠤ ᠴᠢᠳᠠᠪᠤᠷᠢ ᠶᠢ ᠭᠦᠶᠴᠡᠳ ᠪᠠᠳᠠᠷᠠᠭᠤᠯᠵᠤ᠂ ᠵᠦᠶ ᠶᠣᠰᠣᠨ ᠤ ᠮᠥᠩᠭᠦᠨ ᠭᠦᠶᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠡᠯ᠎ᠡ ᠲᠥᠷᠥᠯ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠣᠷᠣᠵᠤ ᠰᠠᠭᠤᠬᠤ ᠶᠢ ᠳᠡᠮᠵᠢᠵᠦ᠂ ᠵᠦᠶ ᠶᠣᠰᠣᠨ ᠤ ᠢᠲᠡᠭᠡᠮᠵᠢᠲᠦ ᠵᠢᠭᠡᠯᠡᠯᠭᠡ᠂ ᠵᠦᠶ ᠶᠣᠰᠣᠨ ᠤ ᠳᠠᠭᠠᠭᠠᠯᠲᠠ᠂ ᠵᠦᠶ ᠶᠣᠰᠣᠨ ᠤ ᠵᠢᠭᠡᠯᠡᠯᠭᠡ ᠶᠢᠨ ᠲᠡᠮᠳᠡᠭᠲᠦ᠂ ᠵᠦᠶ ᠶᠣᠰᠣᠨ ᠤ ᠳᠠᠭᠠᠳᠬᠠᠯ᠂ ᠵᠦᠶ ᠶᠣᠰᠣᠨ ᠤ ᠰᠠᠭᠤᠷᠢ ᠮᠥᠩᠭᠦ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠪᠡᠭᠡᠵᠢᠩ᠂ ᠱᠠᠩᠬᠠᠶ᠂ ᠱᠧᠨᠵᠧᠨ ᠵᠢᠴᠢ ᠭᠠᠳᠠᠭᠠᠳᠤ ᠳᠠᠬᠢ ᠮᠥᠩᠭᠦᠨ ᠭᠦᠶᠯᠭᠡᠭᠡᠨ ᠤ ᠲᠥᠪ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠦᠶ ᠶᠣᠰᠣᠨ ᠤ ᠮᠥᠩᠭᠦᠨ ᠭᠦᠶᠯᠭᠡᠭᠡᠨ ᠤ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠵᠦᠶ ᠶᠣᠰᠣᠨ ᠤ ᠲᠠᠰ ᠲᠣᠭᠲᠠᠭᠠᠬᠤ ᠰᠢᠰᠲ᠋ᠧᠮᠵᠢ ᠪᠠ ᠵᠦᠶ ᠶᠣᠰᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠨᠢᠭᠡ ᠯᠡ ᠥᠷᠲᠡᠭᠡᠨ ᠤ ᠮᠠᠶ᠋ᠢᠭ ᠤᠨ ᠵᠦᠶ ᠶᠣᠰᠣᠨ ᠤ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠤᠶᠤᠨ ᠤ ᠬᠥᠮᠥᠷᠭᠡ ᠶᠢᠨ ᠪᠠᠶᠢᠭᠤᠯᠤᠮᠵᠢ ᠲᠠᠢ ᠬᠤᠯᠪᠣᠭᠠᠯᠠᠨ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠵᠢᠭᠠᠯᠲᠠ ᠲᠤᠭ᠎ᠠ ᠶᠢ ᠨᠡᠶᠢᠲᠡᠯᠡᠵᠦ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠨᠡᠷ᠎ᠡ ᠲᠡᠮᠳᠡᠭᠲᠦ ᠶᠢ ᠪᠦᠷᠢᠯᠳᠦᠭᠦᠯᠦᠨ᠎ᠡ᠃           ᠲᠠᠪᠤᠳᠤᠭᠠᠷ ᠬᠡᠰᠡᠭ ᠠᠵᠤ ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠲᠤᠬᠠᠢ      ᠲᠤᠮᠤ ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠦᠨ᠎ᠡ᠃ ︽ᠠᠭᠤᠰᠤᠯᠴᠠᠬᠤ + ᠰᠢᠨ᠎ᠡ ᠶᠢ ᠡᠭᠦᠳᠬᠦ︾᠎  ᠬᠥᠭᠵᠢᠯᠲᠡ ᠶᠢᠨ ᠵᠠᠭᠪᠤᠷ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯᠵᠢᠭᠰᠡᠨ ᠲᠣᠭᠠᠴᠢᠯᠠᠭᠰᠠᠨ ᠲᠠᠪᠴᠠᠩ ᠢ ᠢᠳᠡᠪᠬᠢᠲᠡᠶ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠳᠤ ᠲᠦᠰᠢᠭᠯᠡᠨ ᠳᠡᠭᠡᠳᠦ ᠳᠣᠤᠷᠠᠳᠤ ᠤᠷᠤᠰᠬᠠᠯ ᠤᠨ ᠠᠵᠤ ᠦᠶᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠲᠤᠪᠠᠷ ᠡᠳ᠋ᠯᠡᠬᠦ ᠲᠣᠭᠠᠴᠢᠯᠠᠭᠰᠠᠨ ᠡᠬᠢ ᠪᠠᠶᠠᠯᠢᠭ ᠢ ᠰᠢᠯᠵᠢᠭᠦᠯᠦᠨ ᠬᠡᠷᠡᠭᠯᠡᠬᠦ ᠳᠤ ᠨᠠᠩ ᠣᠯᠠᠨ ᠰᠣᠩᠭᠤᠯᠲᠠ ᠬᠠᠩᠭᠠᠵᠤ᠂ ᠲᠠᠪᠴᠠᠩ ᠢᠶᠠᠷ ᠨᠠᠶᠢᠳᠠᠨ ᠬᠠᠮᠢᠶᠠᠷᠤᠭᠤᠯᠬᠤ᠂ ᠬᠡᠷᠡᠭᠴᠡᠭᠡ ᠶᠣᠰᠣᠭᠠᠷ ᠰᠢᠯᠵᠢᠭᠦᠯᠦᠨ ᠬᠡᠷᠡᠭᠯᠡᠬᠦ᠂ ᠮᠡᠷᠭᠡᠵᠢᠯ ᠢᠶᠠᠷ ᠬᠤᠯᠪᠣᠭᠠᠯᠠᠬᠤ ᠵᠡᠷᠭᠡ ᠰᠢᠨ᠎ᠡ ᠬᠤᠳᠠᠯᠳᠤᠭᠠᠨ ᠤ ᠵᠠᠭᠪᠤᠷ ᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠣᠷᠣᠨ ᠵᠠᠶ᠂ ᠣᠷᠴᠢᠨ ᠨᠥᠬᠦᠴᠡᠯ ᠪᠠ ᠪᠣᠬᠢᠷᠲᠤᠯ ᠥᠬᠡᠶ ᠡᠨᠧᠷᠭᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠳ᠋ᠠᠶᠢᠲ᠋ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠤᠨ᠂ ᠲᠤᠭ᠎ᠠ ᠪᠠᠷᠢᠮᠲᠠ ᠶᠢᠨ ᠮᠡᠷᠭᠡᠵᠢᠯ ᠤᠨ ᠦᠶᠯᠡᠳᠬᠦᠨ ᠢ ᠰᠤᠳᠤᠯᠤᠨ ᠨᠡᠭᠡᠭᠡᠬᠦ᠂ ᠲᠤᠭ᠎ᠠ ᠪᠠᠷᠢᠮᠲᠠ ᠶᠢ ᠬᠠᠳᠠᠭᠠᠯᠠᠵᠤ ᠡᠳ᠋ᠰᠢᠭᠦᠯᠬᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ᠂ ᠲᠤᠭ᠎ᠠ ᠪᠠᠷᠢᠮᠲᠠ ᠶᠢᠨ ᠠᠵᠤ ᠦᠶᠯᠡᠰ ᠤᠨ ᠦᠶᠯᠡᠴᠢᠯᠡᠭᠡ ᠵᠡᠷᠭᠡ ᠶᠢ ᠪᠠᠭᠲᠠᠭᠠᠭᠰᠠᠨ ᠣᠨᠴᠠᠯᠢᠭ ᠲᠠᠢ ᠲᠣᠮᠣ ᠳ᠋ᠠᠶᠢᠲ᠋ᠠ ᠶᠢᠨ ᠠᠵᠤ ᠦᠶᠯᠡᠰ ᠤᠨ ᠰᠦᠷᠦᠭᠵᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ᠂ ᠱᠠᠩᠬᠠᠶ᠂ ᠭᠤᠸᠠᠩᠳᠦ᠋ᠩ᠂ ᠵᠢᠶᠠᠩᠰᠦ ᠵᠡᠷᠭᠡ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠠᠭᠪᠤᠷ ᠢᠶᠠᠷ ᠲᠣᠯᠢ ᠪᠣᠯᠭᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠲᠠᠪᠴᠠᠩ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠢ ︽ᠨᠢᠭᠡ ᠴᠤᠭᠴᠠᠵᠢᠭᠤᠯᠬᠤ︾᠎ ᠎ ᠶᠢ ᠵᠠᠪᠰᠠᠷ ᠥᠬᠡᠶ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ᠠᠳᠠᠯᠢ ᠲᠡᠭᠰᠢ ᠪᠣᠯᠭᠠᠬᠤ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃      ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠵᠤ ᠠᠬᠤᠶᠢᠯᠠᠯ ᠤᠨ ᠲᠣᠭᠠᠴᠢᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠷᠠᠭᠤᠯᠤᠨ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠪᠠ ᠠᠦ᠋ᠲ᠋ᠣᠴᠢᠯᠠᠭᠰᠠᠨ ᠡᠵᠡᠮᠰᠢᠯ ᠵᠡᠷᠭᠡ ᠮᠡᠷᠭᠡᠵᠢᠯ ᠢ ᠬᠡᠷᠡᠭᠯᠡᠨ᠂ ᠮᠠᠰᠢᠨ ᠲᠥᠬᠦᠭᠡᠷᠦᠮᠵᠢ ᠪᠠ ᠦᠶᠯᠡᠳᠪᠦᠷᠢᠯᠡᠯ ᠤᠨ ᠶᠠᠪᠤᠴᠠ ᠵᠡᠷᠭᠡ ᠶᠢ ᠰᠢᠯᠢᠳᠡᠭᠵᠢᠭᠦᠯᠦᠨ ᠰᠢᠨᠡᠳᠬᠡᠵᠦ᠂ ᠠᠵᠤ ᠠᠬᠤᠶᠢᠯᠠᠯ ᠢ ᠲᠠᠩ ᠮᠠᠰᠢᠨ ᠤ ᠦᠶᠯᠡᠳᠪᠦᠷᠢᠯᠡᠯ ᠠᠴᠠ ᠰᠦᠯᠵᠢᠶᠡᠵᠢᠭᠰᠡᠨ᠂ ᠦᠷᠭᠦᠯᠵᠢᠯᠡᠭᠰᠡᠨ ᠦᠶᠯᠡᠳᠪᠦᠷᠢᠯᠡᠯ ᠳᠠᠰᠢ ᠬᠤᠪᠢᠷᠠᠭᠤᠯᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠪᠠ ᠦᠶᠯᠡᠳᠬᠦᠨ ᠤ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠶ ᠰᠤᠳᠤᠯᠤᠨ ᠰᠢᠨᠵᠢᠯᠡᠬᠦ ᠶᠢ ᠵᠣᠷᠢᠭᠵᠢᠭᠤᠯᠵᠤ᠂ ᠵᠢᠷᠤᠭ ᠲᠥᠯᠥᠪᠯᠡᠭᠡ᠂ ᠦᠶᠯᠡᠳᠪᠦᠷᠢᠯᠡᠯ᠂ ᠪᠠᠷᠠᠭᠠᠨ ᠤ ᠭᠦᠶᠯᠭᠡᠭᠡᠨ᠂ ᠬᠥᠮᠥᠷᠭᠡᠯᠡᠨ ᠬᠠᠳᠠᠭᠠᠯᠠᠬᠤ ᠵᠡᠷᠭᠡ ᠭᠤᠭᠴᠤᠭ᠎ᠠ ᠶᠢᠨ ᠥᠨᠳᠥᠷ ᠦᠷ᠎ᠡ ᠪᠦᠲᠦᠮᠵᠢᠲᠡᠶ ᠬᠠᠮᠵᠢᠯᠴᠠᠬᠤ ᠶᠢ ᠠᠬᠢᠭᠤᠯᠤᠨ᠎ᠠ᠃ 5G᠎ ᠶᠢ ᠲᠦᠭᠡᠮᠡᠯᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠨᠴᠠᠯᠢᠬᠳᠤ ᠠᠵᠤ ᠦᠶᠯᠡᠰ ᠵᠢᠴᠢ ᠣᠷᠣᠨ ᠵᠠᠶ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠡᠨᠧᠷᠭᠢ ᠶᠢᠨ ᠢᠨᠲ᠋ᠧᠷ ᠰᠦᠯᠵᠢᠶ᠎ᠡ᠂ ᠤᠶᠤᠨᠲᠤ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠶᠯᠭᠡᠭᠡ᠂ ᠤᠶᠤᠨᠲᠤ ᠰᠣᠶᠣᠯ ᠵᠢᠭᠤᠯᠴᠢᠯᠠᠯ᠂ ︽ᠢᠨᠲ᠋ᠧᠷ ᠰᠦᠯᠵᠢᠶ᠎ᠡ + ᠡᠮᠴᠢᠯᠡᠭᠡ︾᠎ ᠂ ᠤᠶᠤᠨᠲᠤ ᠡᠷᠡᠭᠦᠯᠵᠢᠯ ᠰᠤᠪᠢᠯᠠᠯᠲᠠ᠂ ᠤᠶᠤᠨᠲᠤ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶᠡᠨ ᠳᠤ ᠠᠩᠬᠠᠷᠤᠯ ᠢᠶᠠᠨ ᠬᠠᠨᠳᠤᠭᠤᠯᠵᠤ᠂ ︽ᠲᠣᠮᠣ ᠳ᠋ᠠᠶᠢᠲ᠋ᠠ ᠶᠢᠨ ᠲᠥᠪ + ᠢᠨᠲ᠋ᠧᠷ ᠰᠦᠯᠵᠢᠶ᠎ᠡ + ᠤᠶᠤᠨᠴᠢᠯᠠᠭᠰᠠᠨ ᠬᠡᠷᠡᠭᠯᠡᠭᠡ + ᠠᠵᠤ ᠦᠶᠯᠡᠰ ᠤᠨ ᠰᠠᠭᠤᠷᠢᠨ ᠭᠠᠵᠠᠷ︾᠎ ᠎ ᠤᠨ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃             ᠲᠠᠪᠤᠳᠤᠭᠠᠷ ᠪᠦᠯᠦᠭ ᠰᠠᠭᠤᠷᠢ ᠲᠥᠬᠦᠭᠡᠷᠥᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ      ᠠᠵᠤ ᠠᠬᠤᠶ ᠶᠢᠨ ᠬᠥᠭᠵᠢᠯᠲᠡ᠂ ᠬᠢᠯᠢ ᠬᠢᠵᠠᠭᠠᠷ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠤᠶᠠᠯᠳᠤᠭᠤᠯᠤᠨ᠂ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠶᠤᠯᠭᠦᠶ ᠤᠤᠭᠤᠬᠤ ᠤᠰᠤ᠂ ᠮᠡᠳᠡᠭᠡ ᠬᠤᠯᠪᠣᠭ᠎ᠠ᠂ ᠴᠠᠬᠢᠯᠭᠠᠨ ᠬᠦᠴᠦᠨ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠣᠷᠴᠢᠨ ᠨᠥᠬᠦᠴᠡᠯ ᠢ ᠰᠠᠶᠢᠵᠢᠷᠠᠭᠤᠯᠵᠤ᠂ ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠬᠡᠷᠡᠭᠯᠡᠭᠡᠨ ᠲᠠᠢ᠂ ᠤᠶᠤᠯᠢᠭ ᠪᠥᠭᠡᠳ ᠪᠣᠬᠢᠷᠲᠤᠯ ᠦᠭᠡᠢ᠂ ᠠᠶᠤᠯᠭᠦᠶ ᠪᠥᠭᠡᠳ ᠨᠠᠶᠢᠳᠠᠪᠤᠷᠢᠲᠠᠶ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃       ᠨᠢᠭᠡᠳᠦᠭᠡᠷ ᠬᠡᠰᠡᠭ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠲᠤᠬᠠᠢ      ᠤᠯᠤᠰ ᠤᠨ ᠬᠤᠷᠳᠤᠨ ᠤ ᠲᠡᠮᠦᠷ ᠵᠠᠮ ᠤᠨ ᠲᠣᠣᠷ᠂ ᠳᠡᠭᠡᠳᠦ ᠳᠡᠰ ᠤᠨ ᠵᠠᠰᠠᠮᠠᠯ ᠵᠠᠮ ᠤᠨ ᠲᠣᠣᠷ ᠪᠠ ᠠᠭᠠᠷ ᠤᠨ ᠠᠶᠠᠯᠠᠯ ᠤᠨ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢᠨ ︽ᠡᠮᠦᠨ᠎ᠡ ᠬᠤᠶᠢᠨ᠎ᠠ ᠨᠢᠭᠡ ᠺᠢᠯᠣᠮᠧᠲᠷ︾᠎  ᠪᠣᠯᠤᠨ ᠵᠠᠩᠭᠢᠯᠠᠭ᠎ᠠ ᠶᠢᠨ ᠴᠡᠭ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠡᠮᠦᠨᠡᠰᠢ ᠬᠤᠯᠪᠣᠭᠠᠯᠠᠵᠤ ᠤᠮᠠᠷᠠᠰᠢ ᠨᠡᠭᠡᠭᠡᠬᠦ᠂ ᠵᠡᠭᠦᠨᠰᠢ ᠪᠠᠷᠠᠭᠤᠨᠰᠢ ᠨᠡᠪᠲᠡᠷᠡᠭᠰᠡᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠬᠦᠴᠦᠯᠡᠨ ᠪᠠᠶᠢᠭᠤᠯᠵᠤ᠂ ᠪᠠᠶᠠᠨᠬᠤᠲᠠ᠂ ᠣᠯᠠᠨᠪᠤᠯᠠᠭ᠂ ᠥᠯᠵᠡᠢ ᠪᠣᠭᠤᠮᠲᠠ ᠵᠡᠷᠭᠡ ᠭᠤᠷᠪᠠᠨ ᠶᠡᠭᠡ ᠵᠠᠮ ᠬᠠᠷᠢᠯᠴᠠᠭᠠᠨ ᠤ ᠬᠦᠶᠰᠦ ᠶᠢ ᠢᠳᠡᠪᠬᠢᠲᠡᠶ ᠪᠠᠷ ᠪᠣᠶ ᠪᠣᠯᠭᠠᠵᠤ᠂ ︽321︾᠎  ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠦᠷᠭᠡᠳᠬᠡᠨ ᠪᠦᠷᠢᠯᠳᠦᠭᠦᠯᠦᠨ᠎ᠡ ︵᠎  ︽3︾᠎  ᠲᠣᠮᠣ ᠵᠠᠮ ᠬᠠᠷᠢᠯᠴᠠᠭᠠᠨ ᠤ ᠬᠦᠶᠰᠦ᠄  ᠪᠠᠶᠠᠨᠬᠤᠲᠠ ᠶᠢᠨ ᠠᠭᠠᠷ ᠲᠡᠮᠦᠷ ᠵᠠᠮ ᠤᠨ ᠨᠢᠭᠡ ᠴᠤᠭᠴᠠᠵᠢᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠶᠰᠦ᠂ ᠥᠯᠵᠡᠢ ᠪᠣᠭᠤᠮᠲᠠ ᠶᠢᠨ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠶᠰᠦ ᠶᠢᠨ ᠲᠥᠪ᠂ ᠣᠯᠠᠨᠪᠤᠯᠠᠭ ᠣᠷᠣᠨ ᠪᠦᠰᠡ ᠶᠢᠨ ᠪᠠᠷᠠᠭᠠᠨ ᠤ ᠭᠦᠶᠯᠭᠡᠭᠡᠨ ᠤ ᠬᠦᠶᠰᠦ ᠶᠢᠨ ᠲᠥᠪ ᠢ ᠪᠠᠶᠢᠭᠤᠯᠤᠨ᠎ᠠ︔ ︽2︾᠎  ᠶᠡᠭᠡ ᠵᠠᠮ ᠬᠠᠷᠢᠯᠴᠠᠭᠠᠨ ᠤ ᠵᠠᠮ᠄  ᠥᠯᠵᠡᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠳᠤᠮᠳᠠᠳᠤ ᠮᠣᠩᠭᠤᠯ ᠣᠷᠣᠰ ᠬᠤᠶᠠᠷ ᠶᠡᠭᠡ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠡᠮᠦᠨ᠎ᠡ ᠤᠮᠠᠷ᠎ᠠ ᠶᠢᠨ ᠶᠡᠭᠡ ᠵᠠᠮ ᠢ ᠨᠡᠪᠲᠡᠷᠡᠭᠦᠯᠵᠦ᠂ ᠣᠯᠠᠨᠪᠤᠯᠠᠭ ᠪᠠᠷᠠᠭᠠᠨ ᠤ ᠭᠦᠶᠯᠭᠡᠭᠡᠨ ᠤ ᠬᠦᠶᠰᠦ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠢᠨᠵᠢᠶᠠᠩ ᠤᠨ ᠬᠤᠶᠢᠲᠤ ᠬᠡᠰᠡᠭ ᠠᠴᠠ ᠭᠠᠷᠬᠤ ᠵᠠᠮ ᠪᠠ ᠪᠡᠭᠡᠵᠢᠩ ᠲᠢᠶᠠᠨᠵᠢᠨ ᠡᠾᠧᠪᠸᠢ ᠣᠷᠣᠨ ᠤ ᠵᠡᠭᠦᠨ ᠪᠠᠷᠠᠭᠤᠨ ᠶᠡᠭᠡ ᠵᠠᠮ ᠢ ᠨᠡᠪᠲᠡᠷᠡᠭᠦᠯᠦᠨ᠎ᠡ︔ ︽1︾᠎  ᠣᠷᠣᠨ ᠪᠦᠰᠡ ᠶᠢᠨ ᠵᠠᠮ ᠬᠠᠷᠢᠯᠴᠠᠭᠠᠨ ᠤ ᠰᠦᠯᠵᠢᠶ᠎ᠡ᠄  ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ᠂ ᠲᠦᠷᠭᠡᠨ ᠪᠥᠭᠡᠳ ᠰᠢᠭᠤᠳ ᠨᠡᠪᠲᠡᠷᠡᠬᠦ ᠣᠷᠣᠨ ᠪᠦᠰᠡ ᠶᠢᠨ ᠵᠠᠮ ᠬᠠᠷᠢᠯᠴᠠᠭᠠᠨ ᠤ ᠰᠦᠯᠵᠢᠶ᠎ᠡ︶᠎ ᠃      ᠡᠮᠦᠨ᠎ᠡ ᠤᠮᠠᠷ᠎ᠠ᠂ ᠵᠡᠭᠦᠨ ᠪᠠᠷᠠᠭᠤᠨ ᠬᠤᠶᠠᠷ ᠶᠡᠭᠡ ᠵᠠᠮ ᠬᠠᠷᠢᠯᠴᠠᠭ᠎ᠠ ᠶᠢ ᠨᠡᠪᠲᠡᠷᠡᠭᠦᠯᠦᠨ᠎ᠡ᠃ ᠤᠮᠠᠷᠠᠰᠢ ᠣᠷᠣᠰ ᠤᠨ ᠠᠯᠤᠰ ᠳᠣᠷᠣᠨᠠᠲᠤ᠂ ᠮᠣᠩᠭᠤᠯ ᠤᠯᠤᠰ᠂ ᠡᠮᠦᠨᠡᠰᠢ ᠴᠧᠩᠳᠦ᠋ ᠴᠦᠩᠴᠢᠩ ᠣᠷᠣᠨ ᠬᠥᠷᠬᠦ ᠣᠯᠠᠨ ᠤᠯᠤᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠭᠤᠯᠳᠤ ᠪᠠᠷ ᠪᠠᠶᠢᠭᠤᠯᠵᠤ᠂ ᠦᠯᠵᠡᠢ ᠪᠣᠭᠤᠮᠲᠠ ᠠᠴᠠ ᠪᠠᠶᠠᠨᠬᠤᠲᠠ ᠬᠥᠷᠬᠦ ᠳᠡᠷᠡᠰᠦᠨ ᠬᠤᠲᠠ ᠬᠥᠷᠬᠦ ᠲᠡᠮᠦᠷ ᠵᠠᠮ᠂ ᠦᠯᠵᠡᠢ ᠠᠴᠠ ᠭᠠᠨᠰᠦ ᠶᠢᠨ ᠵᠢᠨᠴᠠᠩ ᠬᠥᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠨᠵᠢᠶᠠᠩ ᠤᠨ ᠬᠤᠶᠢᠲᠤ ᠬᠡᠰᠡᠭ ᠢᠶᠠᠷ ᠨᠡᠪᠲᠡᠷᠡᠬᠦ ᠵᠠᠮ ᠢ ᠬᠤᠯᠪᠣᠨ ᠪᠡᠭᠡᠵᠢᠩ ᠲᠢᠶᠠᠨᠵᠢᠨ ᠡᠾᠧᠪᠸᠢ ᠣᠷᠣᠨ ᠤ ᠵᠡᠭᠦᠨ ᠪᠠᠷᠠᠭᠤᠨ ᠬᠤᠶᠠᠷ ᠶᠡᠭᠡ ᠣᠷᠣᠨ ᠪᠦᠰᠡ ᠳᠤ ᠬᠦᠷᠭᠡᠬᠦ ᠳᠥᠭᠦᠮ ᠳᠥᠲᠡ ᠲᠡᠭᠡᠭᠡᠪᠦᠷᠢ ᠶᠢᠨ ᠵᠠᠮ ᠢ ᠬᠥᠨᠳᠡᠯᠡᠨ ᠢᠶᠠᠷ ᠨᠡᠪᠲᠡᠷᠡᠭᠦᠯᠦᠨ᠎ᠡ᠃ ᠯᠢᠨ — ᠬᠠᠷᠪᠢᠨ ᠳᠡᠮᠤᠷ ᠵᠠᠮ᠂ ᠪᠡᠭᠡᠵᠢᠩ ᠠᠴᠠ ᠰᠢᠨᠵᠢᠶᠠᠩ ᠬᠦᠷᠬᠦ ᠬᠤᠷᠳᠤᠨ ᠤ ᠵᠠᠮ ᠳᠤ ᠲᠦᠰᠢᠭᠯᠡᠨ ᠪᠠᠷᠠᠭᠤᠨᠰᠢ ᠰᠢᠨᠵᠢᠶᠠᠩ ᠤᠨ ᠬᠤᠷᠭᠤᠰ᠂ ᠠᠯᠠᠭ ᠠᠭᠤᠯᠠ ᠶᠢᠨ ᠬᠤᠲᠠ ᠶᠢᠨ ᠪᠣᠭᠤᠮᠲᠠ ᠳᠤ ᠰᠢᠭᠤᠳ ᠬᠦᠷᠴᠦ᠂ ᠦᠯᠵᠡᠢ ᠪᠣᠭᠤᠮᠲᠠ᠂ ᠰᠤᠬᠤᠩᠲᠦ᠂ ᠢᠩᠭᠡᠨ᠂ ᠵᠢᠷᠠᠲᠠᠢ᠂ ᠣᠯᠠᠨᠪᠤᠯᠠᠭ ᠯᠤᠭ᠎ᠠ ᠬᠤᠯᠪᠣᠭᠰᠠᠨ ᠵᠠᠮ ᠬᠠᠷᠢᠯᠴᠠᠭᠠᠨ  ᠤ ᠭᠤᠣᠯ ᠱᠤᠭᠤᠮ ᠳᠤ ᠲᠦᠰᠢᠭᠯᠡᠨ᠂ ᠬᠥᠬᠡᠬᠤᠲᠠ ᠪᠤᠭᠤᠲᠤ ᠤᠷᠳᠤᠰ ᠤᠯᠠᠭᠠᠨᠬᠠᠳᠠ ᠬᠢᠭᠡᠳ ᠪᠡᠭᠡᠵᠢᠩ ᠲᠢᠶᠠᠨᠵᠢᠨ ᠡᠾᠧᠪᠸᠢ ᠶᠢᠨ ᠬᠤᠳᠠ ᠎ ᠶᠢᠨ ᠪᠥᠭᠡᠮᠨᠡᠷᠡᠯ ᠳᠤ ᠰᠢᠭᠤᠳ ᠨᠡᠪᠲᠡᠷᠡᠭᠦᠯᠦᠨ᠎ᠡ᠃ ᠥᠪᠥᠷ ᠮᠣᠩᠭᠤᠯ ᠤᠨ ᠪᠠᠷᠠᠭᠤᠨ ᠬᠡᠰᠡᠭ ᠢ ᠰᠠᠭᠠᠳ ᠥᠬᠡᠶ ᠨᠡᠪᠲᠡᠷᠡᠭᠦᠯᠬᠦ᠂ ᠰᠢᠨᠵᠢᠶᠠᠩ ᠤᠨ ᠤᠮᠠᠷᠠᠲᠤ ᠭᠠᠷᠬᠤ ᠠᠮᠠᠰᠠᠷ ᠬᠢᠭᠡᠳ ᠥᠪᠥᠷ ᠮᠣᠩᠭᠤᠯ ᠤᠨ ᠵᠡᠭᠦᠨ ᠬᠡᠰᠡᠭ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢ ᠬᠤᠯᠪᠣᠭᠰᠠᠨ ᠡᠳ᠋ ᠪᠣᠳᠠᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠪᠠᠶᠢᠭᠤᠯᠤᠨ᠎ᠠ᠃      ᠵᠠᠩᠭᠢᠯᠠᠭ᠎ᠠ ᠶᠢᠨ ᠬᠠᠮᠵᠢᠯᠴᠠᠬᠤ ᠰᠢᠰᠲ᠋ᠧᠮ ᠢ ᠪᠦᠷᠢᠯᠳᠦᠭᠦᠯᠦᠨ᠎ᠡ᠃ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠬᠤᠷᠳᠤᠨ ᠤ ᠲᠡᠮᠦᠷ ᠵᠠᠮ ᠤᠨ ᠲᠣᠣᠷ ᠲᠤ ᠡᠷᠲᠡᠬᠡᠨ ᠠᠭᠤᠰᠤᠯᠴᠠᠭᠤᠯᠤᠨ᠎ᠠ᠃ ᠠᠯᠠᠱᠠ ᠵᠡᠭᠦᠨ ᠬᠤᠰᠢᠭᠤ ᠬᠢᠭᠡᠳ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ ᠪᠥᠭᠡᠮᠨᠡᠷᠡᠯ᠂ ᠢᠷᠭᠠᠢ ᠪᠠᠷ ᠲᠥᠪ ᠪᠣᠯᠭᠠᠭᠰᠠᠨ ᠬᠠᠳᠤᠨ ᠭᠤᠣᠯ ᠳᠠᠭᠠᠤ ᠶᠢᠨ ᠬᠤᠳᠠ ᠶᠢᠨ ᠪᠥᠭᠡᠮᠨᠡᠷᠡᠯ᠂ ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ ᠬᠤᠲᠠ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ ᠶᠢᠨ ᠵᠠᠮ ᠬᠠᠷᠢᠯᠴᠠᠭ᠎ᠠ ᠶᠢ ᠵᠠᠯᠭᠠᠯᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃ 2025 ᠣᠨ ᠪᠣᠯᠬᠤ ᠳᠤ᠂ ᠪᠠᠶᠠᠨᠬᠤᠲᠠ ᠶᠢ ᠪᠡᠭᠡᠵᠢᠩ ᠱᠠᠩᠬᠠᠢ ᠭᠤᠸᠠᠩᠵᠧᠦ ᠶᠢᠨ 4 ᠴᠠᠭ ᠤᠨ ᠵᠠᠮ ᠬᠠᠷᠢᠯᠴᠠᠭᠠᠨ ᠤ ᠬᠦᠷᠢᠶ᠎ᠡ᠂ ᠬᠥᠬᠡᠬᠤᠲᠠ ᠪᠤᠭᠤᠲᠤ ᠣᠷᠳᠣᠰ ᠪᠣᠯᠣᠨ ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ ᠬᠤᠲᠠ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ ᠶᠢᠨ 2 ᠴᠠᠭ ᠤᠨ ᠵᠠᠮ ᠬᠠᠷᠢᠯᠴᠠᠭᠠᠨ ᠤ ᠬᠦᠷᠢᠶ᠎ᠡ᠂ ᠢᠷᠭᠠᠢ ᠵᠡᠷᠭᠡ ᠨᠢᠩᠰᠢᠶᠠ ᠶᠢᠨ ᠬᠠᠲᠤᠨ ᠭᠤᠣᠯ ᠳᠠᠭᠠᠤ ᠶᠢᠨ ᠬᠤᠲᠠ ᠶᠢᠨ ᠪᠥᠭᠡᠮᠨᠡᠷᠡᠯ ᠤᠨ 1 ᠴᠠᠭ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠳᠤ ᠣᠷᠣᠭᠤᠯᠬᠤ ᠪᠠᠷ ᠴᠢᠷᠮᠠᠶᠢᠨ᠎ᠠ᠃ ᠣᠯᠠᠨᠪᠤᠯᠠᠭ  ᠢ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠵᠠᠩᠭᠢᠯᠠᠭ᠎ᠠ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠵᠠᠩᠭᠢᠯᠠᠭ᠎ᠠ ᠶᠢᠨ ᠴᠡᠭ ᠪᠣᠯᠭᠠᠬᠤ ᠶᠢ ᠠᠬᠢᠭᠤᠯᠵᠤ᠂ ᠥᠯᠵᠡᠢ ᠪᠣᠭᠤᠮᠲᠠ ᠶᠢ ᠳᠤᠮᠳᠠᠳᠤ ᠮᠣᠩᠭᠤᠯ ᠤᠷᠤᠰ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠪᠣᠯᠭᠠᠵᠤ᠂ ᠤᠯᠠᠨ ᠵᠦᠢᠯ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠵᠣᠬᠢᠴᠠᠯᠳᠤᠨ ᠬᠠᠮᠵᠢᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠤᠨ᠎ᠠ᠃      ᠣᠷᠣᠨ ᠪᠦᠰᠡ ᠶᠢᠨ ᠳᠣᠲᠣᠷᠠᠬᠢ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠳᠡᠮ ᠬᠡᠷᠡᠭᠯᠡᠭᠡᠨ  ᠤ ᠠᠭᠠᠷ ᠤᠨ ᠲᠡᠭᠡᠭᠡᠪᠦᠷᠢ ᠶᠢᠨ ᠤᠶᠢᠷ᠎ᠠ ᠵᠠᠮ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠵᠤ ᠂ ᠠᠯᠠᠱᠠ ᠵᠡᠭᠦᠨ ᠬᠤᠰᠢᠭᠤᠨ  ᠤ ᠠᠵᠢᠯ ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠤᠨ ᠲᠡᠰ ᠳᠡᠪᠰᠢᠬᠦ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠦᠯᠵᠡᠢ ᠪᠣᠭᠤᠮᠲᠠ ᠶᠢᠨ ᠨᠡᠶᠢᠳᠡᠮ ᠬᠡᠷᠡᠭᠯᠡᠭᠡᠨ  ᠤ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠭᠤᠣᠯ ᠪᠣᠯᠬᠤ ᠬᠤᠳᠠ ᠯᠤᠭ᠎ᠠ ᠶᠢᠨ ᠠᠶᠠᠯᠠᠯ ᠤᠨ ᠱᠤᠭᠤᠮ ᠢ ᠨᠡᠪᠲᠡᠷᠡᠭᠦᠯᠦᠨ᠂ ᠥᠨᠳᠥᠷ ᠦᠷ᠎ᠡ ᠪᠦᠲᠦᠮᠵᠢᠲᠡᠶ ᠵᠣᠯᠭᠠᠭᠤᠯᠤᠭᠰᠠᠨ ᠤᠶᠢᠷ᠎ᠠ ᠵᠠᠮ ᠤᠨ ᠠᠭᠠᠷ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠦᠶᠯᠡᠴᠢᠯᠡᠭᠡᠨ ᠢ ᠳᠥᠭᠦᠮ ᠳᠥᠲᠡ ᠪᠣᠯᠭᠠᠬᠤ ᠶᠢ ᠠᠬᠢᠭᠤᠯᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠬᠢᠭᠡᠳ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ︽ᠪᠥᠬᠦ ᠰᠦᠯᠵᠢᠶ᠎ᠡ ᠶᠢ ᠨᠡᠪᠲᠡᠷᠡᠭᠦᠯᠬᠦ︾᠎  ᠳᠠᠮᠵᠢᠭᠤᠯᠭ᠎ᠠ ᠶᠢ ᠪᠡᠶᠡᠯᠡᠭᠦᠯᠵᠦ᠂ ᠠᠭᠠᠷ ᠤᠨ ᠵᠢᠭᠤᠯᠴᠢᠯᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ᠂ ᠠᠭᠠᠷ ᠤᠨ ᠠᠶᠠᠯᠠᠯ ᠤᠨ ᠰᠤᠷᠭᠠᠭᠤᠯᠢ ᠶᠢᠨ ᠰᠤᠷᠭᠠᠯᠲᠠ᠂ ᠠᠭᠠᠷ ᠤᠨ ᠠᠶᠠᠯᠠᠯ ᠤᠨ ᠺᠯᠦ᠋ᠪ ᠵᠡᠷᠭᠡ ᠦᠶᠯᠡᠴᠢᠯᠡᠭᠡᠨ ᠢ ᠥᠷᠨᠢᠭᠦᠯᠦᠨ᠎ᠡ᠃ ᠥᠨᠳᠥᠷ ᠴᠢᠨᠠᠷ ᠴᠢᠨᠰᠠᠭ᠎ᠠ  ᠲᠠᠢ ᠵᠠᠮ ᠬᠠᠷᠢᠯᠴᠠᠭᠠᠨ ᠤ ᠲᠦᠷᠭᠡᠨ ᠵᠠᠮ ᠤᠨ ᠲᠣᠣᠷ ᠢ ᠪᠠᠶᠢᠭᠤᠯᠵᠤ᠂ ᠵᠠᠰᠠᠮᠠᠯ ᠵᠠᠮ ᠤᠨ ᠲᠠᠰ ᠪᠣᠯᠤᠨ ᠨᠡᠪᠲᠡᠷᠡᠬᠦ ᠭᠦᠨᠴᠡ ᠶᠢ ᠳᠡᠭᠡᠭᠰᠢᠯᠡᠭᠦᠯᠵᠦ᠂ ᠪᠣᠭᠤᠮᠲᠠ᠂ ᠨᠢᠰᠬᠡᠯ ᠤᠨ ᠪᠠᠭᠤᠳᠠᠯ᠂ ᠴᠢᠬᠤᠯᠠ ᠡᠬᠢ ᠪᠠᠶᠠᠯᠢᠭ ᠤᠨ ᠭᠠᠵᠠᠷ᠂ ᠮᠠᠯᠵᠢᠬᠤ ᠲᠠᠷᠢᠶᠠᠯᠠᠬᠤ ᠣᠷᠣᠨ ᠪᠣᠯᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠷᠠᠭᠤᠯᠤᠨ᠂ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠤᠯᠤᠰ ᠮᠤᠵᠢ ᠶᠢᠨ ᠭᠤᠤᠯ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠪᠠᠶᠠᠨᠬᠤᠳᠳᠤᠭ ᠎ ᠠᠴᠠ ᠪᠠᠶᠠᠨᠬᠤᠲᠠ ᠬᠥᠷᠬᠦ᠂ ᠣᠯᠠᠨᠪᠤᠯᠠᠭ  ᠎ ᠠᠴᠠ ᠪᠠᠶᠠᠨᠮᠥ᠋ᠷᠡᠨ ᠬᠥᠷᠬᠦ ᠵᠡᠷᠭᠡ ᠳᠡᠭᠡᠳᠦ ᠬᠤᠷᠳᠤᠨ ᠤ ᠵᠠᠰᠠᠮᠠᠯ ᠵᠠᠮ ᠤᠨ ᠭᠠᠷᠬᠤ ᠵᠠᠮ ᠢ ᠪᠥᠲᠥᠭᠡᠨ ᠪᠠᠶᠢᠭᠤᠯᠵᠤ᠂ ᠡᠩ ᠤᠨ ᠤᠯᠤᠰ ᠤᠨ ᠵᠠᠮ ᠤᠨ ᠦᠶᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠲᠡᠭᠦᠯᠳᠡᠷᠵᠢᠭᠦᠯᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠎ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠤᠬᠤᠷ ᠵᠠᠮ᠂ ᠪᠣᠭᠤᠮᠢ ᠵᠠᠮ ᠢ ᠬᠦᠴᠦᠯᠡᠨ ᠨᠡᠪᠲᠡᠷᠡᠭᠦᠯᠵᠦ᠂ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ ᠂ ᠵᠠᠮ ᠤᠨ ᠳ᠋ᠧᠩ᠂ ᠴᠡᠴᠡᠷᠯᠢᠭᠵᠢᠭᠦᠯᠦᠯᠲᠡ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠢᠴᠢᠯ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ︽ᠲᠣᠭᠲᠠᠭᠰᠠᠨ ᠦᠶᠯᠡᠴᠢᠯᠡᠭᠡ + ᠤᠷᠢᠳᠴᠢᠯᠠᠨ ᠪᠣᠯᠵᠣᠵᠤ ᠳᠠᠭᠠᠬᠤ︾᠎  ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠤᠨ᠎ᠠ᠃      ᠵᠠᠮ ᠬᠠᠷᠢᠯᠴᠠᠭ᠎ᠠ ᠬᠢᠭᠡᠳ ᠠᠵᠤ ᠠᠬᠤᠶ ᠨᠡᠶᠢᠭᠡᠮ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠠᠵᠤ ᠦᠶᠯᠡᠰ ᠤᠨ ᠬᠥᠭᠵᠢᠯᠲᠡ ᠶᠢᠨ ᠬᠠᠮᠵᠢᠯᠴᠠᠭ᠎ᠠ ᠶᠢ ᠠᠬᠢᠭᠤᠯᠵᠤ᠂ ᠠᠵᠤ ᠦᠶᠯᠡᠰ ᠤᠨ ᠬᠦᠷᠢᠶᠡᠯᠡᠩ ᠲᠣᠭᠤᠷᠢᠭ ᠪᠠ ᠦᠶᠯᠡᠳᠪᠦᠷᠢᠯᠡᠯ ᠲᠥᠪᠯᠡᠷᠡᠭᠰᠡᠨ ᠣᠷᠣᠨ ᠤ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠦᠯᠵᠡᠢ ᠪᠣᠭᠤᠮᠲᠠ᠂ ᠣᠯᠠᠨᠪᠤᠯᠠᠭ᠂ ᠵᠢᠷᠠᠲᠠᠢ᠂ ᠪᠠᠶᠠᠨᠬᠤᠲᠠ ᠵᠡᠷᠭᠡ ᠲᠡᠮᠦᠷ ᠵᠠᠮ ᠤᠨ ᠪᠠᠷᠠᠭᠠᠨ ᠤ ᠭᠦᠶᠯᠭᠡᠭᠡᠨ ᠤ ᠬᠦᠷᠢᠶᠡᠯᠡᠩ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠶᠢᠨ ᠪᠥᠲᠥᠭᠡᠨ ᠪᠠᠶᠢᠭᠤᠯᠤᠯᠲᠠ ᠪᠠ ᠪᠡᠯᠡᠳᠬᠡᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠤᠨ᠎ᠠ᠃ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠦᠷᠭᠡᠨ ᠬᠤᠷᠳᠤᠨ ᠤ ᠵᠠᠰᠠᠮᠠᠯ ᠵᠠᠮ ᠢᠶᠠᠷ ᠭᠤᠤᠯ ᠪᠣᠯᠭᠠᠭᠰᠠᠨ᠂ ᠠᠭᠠᠷ ᠤᠨ ᠠᠶᠠᠯᠠᠯ ᠤᠨ ᠲᠡᠮᠦᠷ ᠵᠠᠮ ᠢᠶᠠᠷ ᠬᠠᠪᠰᠤᠷᠤᠮᠵᠢ ᠪᠣᠯᠭᠠᠭᠰᠠᠨ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠵᠠᠮ ᠬᠠᠷᠢᠯᠴᠠᠭ᠎ᠠ ᠬᠢᠭᠡᠳ ᠮᠡᠳᠡᠭᠡ ᠵᠠᠩᠭᠢ ᠶᠢᠨ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠳᠣᠬᠢᠴᠢᠯᠠᠭᠰᠠᠨ ᠲᠣᠭᠠᠴᠢᠯᠠᠭᠰᠠᠨ ᠣᠶᠤᠨᠴᠢ ᠮᠡᠷᠭᠡᠵᠢᠯ ᠢᠶᠠᠷ ᠵᠢᠭᠤᠯᠴᠢᠯᠠᠯ ᠤᠨ ᠵᠠᠮ ᠬᠠᠷᠢᠯᠴᠠᠭ᠎ᠠ᠂ ᠲᠡᠭᠡᠭᠡᠪᠦᠷᠢ ᠶᠢᠨ ᠵᠠᠮ ᠬᠠᠷᠢᠯᠴᠠᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠤᠨᠴᠢᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃       ᠬᠤᠶᠠᠳᠤᠭᠠᠷ ᠬᠡᠰᠡᠭ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠤᠰᠤ ᠬᠠᠩᠭᠠᠬᠤ ᠰᠢᠰᠲ᠋ᠧᠮ ᠢ ᠪᠠᠶᠢᠭᠤᠯᠬᠤ ᠲᠤᠬᠠᠢ      ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠪᠠ ᠤᠰᠤᠨ ᠤ ᠠᠮᠢ ᠠᠬᠤᠶ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠬᠤ ᠪᠠ ᠭᠦᠢᠴᠡᠳᠬᠡᠬᠦ ᠲᠤᠭ᠎ᠠ ᠶᠢᠨ ᠬᠤᠪᠢᠶᠠᠷᠢᠯᠠᠯᠲᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠵᠢᠵᠢᠭ ᠭᠤᠤᠯ ᠮᠥᠷᠡᠨ ᠢ ᠵᠠᠰᠠᠬᠤ᠂ ᠪᠠᠶᠠᠨᠬᠤᠲᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠳᠬᠠᠨ᠂ ᠳᠠᠬᠢᠯᠲᠠ ᠤᠰᠤᠨ ᠤ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠦᠨᠡᠨᠬᠦ      ᠤᠰᠤᠨ  ᠤ ᠡᠬᠢ ᠪᠠᠶᠠᠯᠢᠭ ᠤᠨ ᠲᠠᠯᠳᠠ ᠬᠦᠴᠦᠨ ᠢ ᠠᠭᠤᠳᠠᠯᠯᠠᠨ᠎ᠠ᠃ ᠤᠰᠤᠨ ᠤ ᠡᠬᠢ ᠪᠠᠶᠠᠯᠢᠭ ᠢ ᠬᠠᠶᠢᠨ ᠰᠢᠨᠵᠢᠵᠦ ᠪᠠᠶᠢᠴᠠᠭᠠᠬᠤ ᠪᠠᠨ ᠴᠢᠩᠭᠠᠳᠬᠠᠵᠤ᠂ ᠣᠶᠢᠷ᠎ᠠ ᠶᠢᠨ ᠵᠢᠯ ᠤᠨ ᠲᠤᠷᠰᠢᠬᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠨᠡᠭᠡᠭᠡᠨ ᠠᠰᠢᠭᠯᠠᠯᠲᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠷᠠᠯᠲᠠ ᠶᠢᠨ ᠪᠠᠶᠢᠳᠠᠯ ᠵᠢᠴᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠭᠰᠡᠨ᠂ ᠤᠰᠤᠨ ᠤ ᠡᠬᠢ ᠪᠠᠶᠠᠯᠢᠭ ᠢ ᠬᠤᠷᠣᠭᠳᠠᠭᠤᠯᠤᠭᠰᠠᠨ᠂ ᠤᠰᠤᠨ ᠤ ᠣᠷᠴᠢᠨ ᠲᠣᠭᠤᠷᠢᠨ ᠢ ᠬᠤᠬᠢᠷᠠᠭᠤᠯᠤᠭᠰᠠᠨ᠂ ᠤᠰᠤᠨ ᠤ ᠠᠮᠢ ᠠᠬᠤᠶ ᠶᠢ ᠮᠠᠭᠤᠳᠠᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠤᠰᠤᠨ ᠤ ᠡᠬᠢ ᠪᠠᠶᠠᠯᠢᠭ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠬᠠᠶᠢᠨ ᠰᠦᠪᠡᠭᠴᠢᠯᠡᠨ᠎ᠡ᠃ ᠦᠯᠵᠡᠢ ᠬᠢᠯᠢ ᠶᠢᠨ ᠪᠣᠭᠤᠮᠲᠠ ᠶᠢᠨ ᠬᠠᠳᠤᠨ ᠭᠤᠣᠯ ᠤᠨ ᠤᠰᠤ ᠶᠢ ᠲᠠᠲᠠᠬᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠶᠢ ᠬᠡᠷᠡᠭᠵᠢᠭᠦᠯᠵᠦ᠂ ᠪᠣᠷᠣᠭᠠᠨ ᠪᠠ ᠪᠣᠬᠢᠷᠲᠤᠯ ᠢ ᠰᠠᠯᠭᠠᠬᠤ᠂ ᠲᠠᠬᠢᠯᠳᠠ ᠤᠰᠤ ᠵᠡᠷᠭᠡ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠎ᠠ᠃      ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠳᠦᠭᠡᠨ ᠪᠠᠶᠢᠭᠤᠯᠤᠨ᠎ᠠ᠃ ᠤᠰᠤᠨ ᠤ ᠬᠤᠷᠣᠭᠳᠠᠯ ᠶᠡᠬᠡᠲᠡᠶ ᠲᠥᠷᠥᠯ ᠵᠦᠶᠯ ᠢ ᠴᠢᠩᠭ᠎ᠠ ᠡᠵᠡᠮᠳᠡᠵᠦ᠂ ᠣᠶᠤᠨᠴᠢ ᠬᠡᠮᠵᠢᠯᠲᠡ ᠶᠢᠨ ᠬᠢᠨᠠᠨ ᠡᠵᠡᠮᠳᠡᠬᠦ ᠪᠡᠯᠡᠳᠬᠡᠮᠵᠢ ᠶᠢ ᠲᠦᠭᠡᠮᠡᠯᠵᠢᠭᠦᠯᠦᠨ ᠤᠭᠰᠠᠷᠠᠵᠤ᠂ ᠤᠰᠤᠨ ᠤ ᠡᠬᠢ ᠪᠠᠶᠠᠯᠢᠭ ᠤᠨ ᠬᠢᠨᠠᠨ ᠡᠵᠡᠮᠳᠡᠯ ᠢ ᠨᠡᠶᠢᠳᠡᠮ ᠪᠦᠷᠬᠦᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠳᠠᠬᠢᠯᠲᠠ ᠤᠰᠤ᠂ ᠰᠡᠶᠢᠷᠡᠭ ᠬᠠᠭᠤᠷᠠᠶ ᠤᠰᠤ ᠬᠡᠷᠡᠭᠯᠡᠬᠦ ᠶᠢ ᠵᠣᠷᠢᠭᠵᠢᠭᠤᠯᠤᠨ᠎ᠠ      ᠪᠣᠷᠣᠭᠠᠨ ᠤ ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ᠃ ᠤᠰᠤᠨ ᠤ ᠬᠡᠮᠵᠢᠶ᠎ᠡ ᠶᠢ ᠦᠵᠡᠵᠦ ᠶᠠᠪᠤᠬᠤ᠂ ᠤᠰᠤ ᠠᠷᠪᠢᠯᠠᠬᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠤᠰᠤ ᠠᠷᠪᠢᠯᠠᠬᠤ ᠮᠡᠷᠭᠡᠵᠢᠯ ᠢ ᠲᠦᠷᠭᠡᠪᠴᠢᠯᠡᠨ ᠬᠡᠷᠡᠭᠯᠡᠵᠦ᠂ ᠤᠰᠤ ᠠᠷᠪᠢᠯᠠᠬᠤ ᠥᠨᠳᠥᠷ ᠦᠷ᠎ᠡ ᠠᠰᠢᠭ ᠲᠠᠢ ᠠᠵᠤ ᠠᠬᠤᠶ ᠶᠢᠨ ᠲᠠᠷᠢᠮᠠᠯ ᠢ ᠶᠡᠭᠡ ᠪᠠᠷ ᠳᠡᠯᠭᠡᠷᠡᠭᠦᠯᠦᠨ᠎ᠡ᠃ ᠤᠰᠤ ᠠᠷᠪᠢᠯᠠᠬᠤ ᠬᠠᠭᠤᠴᠢᠷᠬᠠᠰᠠᠨ ᠪᠡᠯᠡᠳᠬᠡᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠡᠭᠡᠭᠰᠢᠯᠡᠭᠦᠯᠦᠨ᠂ ᠤᠰᠤᠯᠠᠯᠲᠠ ᠶᠢᠨ ᠬᠡᠮᠵᠢᠯᠲᠡ ᠶᠢᠨ ᠠᠷᠭ᠎ᠠ ᠪᠠᠷᠢᠯ ᠢ ᠬᠠᠯᠠᠨ ᠰᠠᠶᠢᠵᠢᠷᠠᠭᠤᠯᠤᠨ᠎ᠠ᠃ ᠳᠤᠰᠤᠯᠭᠠᠨ ᠤᠰᠤᠯᠠᠬᠤ ᠪᠦᠰᠡ ᠶᠢᠨ ᠤᠰᠤ ᠠᠷᠪᠢᠯᠠᠬᠤ ᠪᠡᠯᠡᠳᠬᠡᠮᠵᠢ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠳᠤᠰᠤᠯᠭᠠᠨ ᠤᠰᠤᠯᠠᠬᠤ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠤᠰᠤ ᠬᠠᠩᠭᠠᠬᠤ ᠬᠤᠭᠤᠯᠠᠶ ᠶᠢᠨ ᠲᠣᠣᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠰᠤ ᠠᠷᠪᠢᠯᠠᠬᠤ ᠬᠡᠯᠪᠡᠷᠢ ᠶᠢᠨ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠳᠡᠯᠭᠡᠷᠡᠭᠦᠯᠵᠦ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃      ᠠᠷᠠᠳ ᠤᠨ ᠠᠮᠢᠳᠤᠷᠠᠯ ᠤᠰᠤᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ︽ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ︾᠎ ᠎ ᠶᠢᠨ ᠲᠦᠷᠢᠮ ᠢ ᠦᠷᠭᠦᠯᠵᠢᠯᠡᠨ ᠲᠦᠯᠬᠢᠨ ᠠᠬᠢᠭᠤᠯᠵᠤ᠂ ︽ᠵᠠᠮᠪᠠᠷᠠᠭ᠎ᠠ ᠦᠭᠡᠢ ᠳᠥᠷᠪᠡᠨ ᠠᠵᠢᠯᠯᠠᠭ᠎ᠠ ᠶᠢ ᠴᠡᠭᠴᠡᠯᠡᠬᠦ︾᠎  ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠤᠰᠤᠨ ᠰᠤᠷᠪᠤᠯᠵᠢ ᠶᠢᠨ ᠣᠷᠣᠨ  ᠤ ᠣᠷᠴᠢᠨ ᠲᠣᠭᠤᠷᠢᠨ  ᠤ ᠬᠠᠮᠠᠭᠠᠯᠠᠯᠲᠠ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠬᠤᠲᠠ ᠪᠠᠯᠭᠠᠰᠤ᠂ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠰᠤᠨ ᠤ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠪᠴᠠᠩ ᠢ ᠡᠮᠬᠢᠯᠡᠨ ᠨᠡᠶᠢᠯᠡᠭᠦᠯᠬᠦ ᠪᠠ ᠲᠤᠭ᠎ᠠ ᠪᠠᠷᠢᠮᠲᠠ ᠶᠢᠨ ᠡᠮᠬᠢᠳᠬᠡᠯ ᠢ ᠠᠬᠢᠭᠤᠯᠤᠨ᠎ᠠ᠃              ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠲᠤᠨ ᠭᠤᠤᠯ ᠠᠯᠠᠱᠠ ᠶᠢᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠥᠩ ︵᠎  ᠦᠶᠡᠷ︶᠎ ᠎ ᠤᠨ ᠬᠤᠪᠢᠶᠠᠷᠢ ᠢᠨᠵᠧᠨᠧᠷᠢᠩ ᠢ ᠵᠣᠬᠢᠴᠠᠭᠤᠯᠤᠨ ᠠᠬᠢᠭᠤᠯᠵᠤ᠂ ᠪᠠᠶᠠᠨᠬᠤᠲᠠ ᠶᠢᠨ ᠣᠪᠣᠭᠠᠨ ᠰᠤᠳᠠᠭ᠂ ᠪᠣᠩᠬᠤᠨ‌ᠬᠠᠷ᠎ᠠ ᠠᠭᠤᠯᠠ ᠶᠢᠨ ᠬᠤᠶᠢᠲᠤ ᠰᠤᠳᠠᠭ ᠵᠡᠷᠭᠡ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠢᠨᠵᠧᠨᠧᠷᠢᠩ ᠢ ᠪᠥᠲᠥᠭᠡᠨ ᠪᠠᠶᠢᠭᠤᠯᠵᠤ᠂ ᠰᠥᠩ ᠬᠠᠯᠢᠶ᠎ᠠ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠰᠤᠮᠤ ᠪᠠᠯᠭᠠᠰᠤ ᠶᠢᠨ ᠰᠠᠭᠤᠭ᠎ᠠ ᠭᠠᠵᠠᠷ᠂ ᠤᠰᠤᠯᠠᠯᠲᠠ ᠶᠢᠨ ᠣᠷᠣᠨ ᠵᠢᠴᠢ ᠠᠵᠤ ᠦᠶᠯᠡᠰ ᠤᠨ ᠬᠦᠷᠢᠶᠡᠯᠡᠩ ᠲᠣᠭᠤᠷᠢᠭ ᠵᠡᠷᠭᠡ ᠬᠢᠨᠠᠨ ᠬᠡᠮᠵᠢᠵᠦ ᠰᠡᠷᠡᠮᠵᠢᠯᠡᠭᠦᠯᠬᠦ ᠲᠣᠤᠷ ᠴᠢᠬ ᠢ ᠨᠢᠭᠲᠠ ᠪᠠᠶᠢᠷᠢᠯᠠᠭᠤᠯᠵᠤ᠂ ᠤᠰᠤᠨ ᠤ ᠪᠠᠶᠢᠳᠠᠯ ᠭᠠᠩ ᠤᠨ ᠪᠠᠶᠢᠳᠠᠯ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠨᠡᠶᠢᠲᠡᠯᠡᠵᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ᠃      ᠪᠥᠬᠦ ᠣᠷᠣᠨ ᠪᠦᠰᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠦᠷᠢᠶᠡᠯᠡᠨ ᠪᠢᠲᠡᠭᠦᠮᠵᠢᠯᠡᠵᠦ ᠲᠤᠰᠠᠭᠠᠷᠯᠠᠨ ᠬᠠᠮᠠᠭᠠᠯᠠᠬᠤ᠂ ᠴᠠᠭ ᠲᠤᠬᠠᠶ ᠳᠤᠨᠢ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠤᠭᠤᠬᠤ ᠤᠰᠤᠨ ᠤ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠪᠡᠯᠡᠳᠬᠡᠯ ᠤᠰᠤᠨ ᠤ ᠡᠬᠢ ᠰᠤᠷᠪᠤᠯᠵᠢ ᠪᠠ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠲᠦᠷᠭᠡᠨ ᠠᠷᠭᠠᠴᠠᠬᠤ ᠤᠰᠤᠨ ᠤ ᠡᠬᠢ ᠰᠤᠷᠪᠤᠯᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃         ᠭᠤᠷᠪᠠᠳᠤᠭᠠᠷ ᠬᠡᠰᠡᠭ ᠰᠠᠭᠤᠷᠢᠰᠢᠬᠤ ᠳᠤ ᠲᠣᠬᠢᠷᠠᠮᠵᠢᠲᠠᠢ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ ᠪᠦᠲᠦᠭᠡᠨ ᠪᠠᠶᠢᠭᠤᠯᠬᠤ ᠲᠤᠬᠠᠢ      ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠢᠳᠡᠪᠬᠢᠲᠡᠶ ᠬᠡᠷᠡᠭᠵᠢᠭᠦᠯᠦᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠤᠲᠠ ᠶᠢᠨ ᠶᠠᠪᠤᠳᠠᠯ ᠤᠨ ᠵᠠᠮ᠂ ᠬᠠᠭᠤᠴᠢᠨ ᠬᠤᠷᠢᠶᠠᠯᠠᠯ ᠪᠠ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠶ ᠬᠠᠩᠭᠠᠬᠤ ᠵᠡᠷᠭᠡ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠪᠢᠴᠢᠯ ᠦᠨᠳᠦᠰᠦᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠣᠷᠣᠨ ᠵᠠᠶ ᠶᠢ ᠥᠭᠡᠷᠡᠴᠢᠯᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠪᠢᠴᠢᠯ ᠦᠨᠳᠦᠰᠦᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠭᠦᠢᠴᠡᠳ ᠨᠥᠬᠦᠪᠥᠷᠢᠯᠡᠨ᠎ᠡ᠃ ᠪᠠᠶᠠᠨᠬᠤᠲᠠ ᠂ ᠣᠯᠠᠨᠪᠤᠯᠠᠭ᠂ ᠵᠢᠷᠠᠲᠠᠢ ᠵᠡᠷᠭᠡ ᠲᠥᠪ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠬᠦ ᠪᠠ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠬᠠᠭᠤᠴᠢᠨ ᠪᠠ ᠬᠠᠭᠤᠴᠢᠷᠬᠠᠰᠠᠨ ᠬᠤᠷᠢᠶᠠᠯᠠᠯ ᠵᠢᠴᠢ ᠢᠵᠢ ᠪᠦᠷᠢᠨ ᠪᠤᠰᠤ ᠣᠷᠣᠨ ᠰᠠᠭᠤᠴᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠲᠡᠷᠭᠡᠨ ᠵᠣᠭᠰᠣᠭᠠᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠡᠮᠡᠭᠳᠡᠭᠦᠯᠦᠨ᠂ ᠬᠥᠮᠦᠨ ᠬᠠᠷ᠎ᠠ ᠨᠢᠭᠲᠠᠷᠠᠭᠰᠠᠨ ᠲᠣᠭᠤᠷᠢᠭ᠂ ᠬᠤᠳᠠᠯᠳᠤᠭ᠎ᠠ ᠲᠥᠪᠯᠡᠷᠡᠭᠰᠡᠨ ᠲᠣᠭᠤᠷᠢᠭ᠂ ᠠᠯᠪᠠᠨ ᠎ ᠠᠴᠠ ᠪᠠᠶᠢᠭᠤᠯᠤᠭᠰᠠᠨ ᠪᠠ ᠲᠥᠪᠯᠡᠷᠡᠭᠰᠡᠨ ᠲᠣᠭᠤᠷᠢᠭ ᠤᠨ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠪᠠᠶᠠᠨᠬᠤᠲᠠ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ᠂ ᠬᠠᠭᠤᠴᠢᠨ ᠪᠠ ᠬᠠᠭᠤᠴᠢᠷᠬᠠᠰᠠᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠢ ᠰᠢᠯᠢᠳᠡᠭᠵᠢᠭᠦᠯᠦᠨ ᠥᠭᠡᠷᠡᠴᠢᠯᠡᠨ᠎ᠡ᠃ ᠪᠠᠶᠠᠨᠬᠤᠲᠠ ᠶᠢᠨ ᠤᠰᠤᠨ ᠤ ᠡᠬᠢ ᠰᠤᠷᠪᠤᠯᠵᠢ ᠶᠢ ᠴᠡᠪᠡᠷᠰᠢᠭᠦᠯᠬᠦ ᠤᠰᠤᠨ ᠤ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠪᠠᠶᠠᠨᠬᠤᠲᠠ ᠶᠢᠨ ᠭᠠᠵᠠᠷ ᠳᠣᠤᠷᠠᠬᠢ ᠬᠤᠭᠤᠯᠠᠶ ᠲᠣᠤᠷ ᠤᠨ ᠪᠡᠯᠡᠳᠬᠡᠮᠵᠢ ᠶᠢ ᠰᠠᠶᠢᠵᠢᠷᠠᠭᠤᠯᠵᠤ᠂ ᠪᠣᠷᠣᠭᠠᠨ ᠤ ᠪᠣᠬᠢᠷ ᠤᠰᠤ ᠶᠢ ᠰᠠᠯᠭᠠᠬᠤ ᠬᠤᠭᠤᠯᠠᠶ ᠱᠤᠭᠤᠮ ᠤᠨ ᠳᠤᠲᠠᠭᠤᠳᠠᠯ ᠢ ᠭᠦᠶᠴᠡᠳ ᠨᠥᠬᠦᠪᠥᠷᠢᠯᠡᠵᠦ᠂ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠲᠠᠰ ᠳᠡᠪᠰᠢᠭᠦᠯᠦᠨ ᠥᠭᠡᠷᠡᠴᠢᠯᠡᠨ᠎ᠡ᠃ ᠤᠯᠤᠰ ᠤᠨ ᠴᠡᠴᠡᠷᠯᠢᠭ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠢᠭᠤᠯᠤᠭᠰᠠᠨ ᠲᠣᠭᠤᠷᠢᠭ ᠤᠨ ᠴᠡᠴᠡᠷᠯᠢᠭᠵᠢᠭᠦᠯᠦᠯᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠳᠤ ᠵᠣᠬᠢᠴᠠᠭᠰᠠᠨ ᠣᠯᠠᠨ ᠡᠰᠢᠵᠢᠭᠰᠡᠨ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠵᠢᠭᠤᠯᠴᠢᠯᠠᠯ ᠤᠨ ᠣᠷᠴᠢᠨ ᠲᠣᠭᠤᠷᠢᠨ  ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠵᠢᠭᠤᠯᠴᠢᠯᠠᠯ ᠤᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠣᠷᠴᠢᠨ ᠲᠣᠭᠤᠷᠢᠨ  ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ︽ᠲᠣᠭᠠᠴᠢᠯᠠᠭᠰᠠᠨ ᠠᠯᠠᠱᠠ ᠵᠡᠭᠦᠨ ᠬᠤᠰᠢᠭᠤ︾᠎ ᠎ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠵᠠᠮ ᠤᠨ ᠳ᠋ᠧᠩ᠂ ᠵᠠᠮ ᠬᠠᠷᠢᠯᠴᠠᠭ᠎ᠠ ᠵᠢᠴᠢ ᠬᠥᠮᠥᠨ ᠤ ᠤᠷᠤᠰᠬᠠᠯ ᠤᠨ ᠪᠦᠷᠢᠳᠬᠡᠯ᠂ ᠬᠤᠭ ᠨᠣᠪᠰᠢ ᠶᠢᠨ ᠬᠠᠮᠢᠶᠠᠷᠤᠯᠲᠠ᠂ ᠲᠡᠷᠭᠡ ᠵᠣᠭᠰᠣᠭᠠᠵᠤ ᠤᠰᠤ ᠵᠠᠯᠠᠬᠤ ᠵᠡᠷᠭᠡ ᠣᠶᠤᠨᠴᠢ ᠬᠠᠮᠢᠶᠠᠷᠤᠯᠲᠠ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠠᠮᠢᠶᠠᠷᠤᠯᠲᠠ ᠶᠢᠨ ᠰᠢᠰᠲ᠋ᠧᠮ ᠤᠨ ᠰᠢᠰᠲ᠋ᠧᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ ᠪᠠ ᠵᠢᠷᠤᠮᠵᠢᠭᠤᠯᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃           ᠳᠥᠷᠪᠡᠳᠦᠭᠡᠷ ᠬᠡᠰᠡᠭ ᠤᠬᠠᠭᠠᠯᠢᠭ ᠬᠡᠯᠪᠡᠷᠢ ᠶᠢᠨ ᠠᠯᠠᠱᠠ ᠵᠡᠭᠦᠨ ᠬᠤᠰᠢᠭᠤ ᠶᠢ ᠪᠠᠶᠢᠭᠤᠯᠬᠤ ᠲᠤᠬᠠᠢ      5G᠂ ᠲᠤᠭ᠎ᠠ ᠪᠠᠷᠢᠮᠲᠠ ᠶᠢᠨ ᠲᠥᠪ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠲᠤᠭ᠎ᠠ +︾᠎  ᠠᠵᠢᠯᠯᠠᠭ᠎ᠠ ᠶᠢ ᠡᠷᠴᠢᠮᠲᠡᠢ ᠲᠦᠯᠬᠢᠨ ᠠᠬᠢᠭᠤᠯᠵᠤ᠂ ᠣᠨᠴᠠᠯᠢᠭᠲᠤ ᠣᠶᠤᠨᠴᠢ ᠬᠡᠷᠡᠭᠯᠡᠭᠡᠨ ᠤ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃      ᠮᠡᠳᠡᠭᠡ ᠬᠤᠯᠪᠣᠭᠠᠨ ᠤ ᠲᠣᠣᠷ ᠰᠦᠯᠵᠢᠶᠡᠨ ᠤ ᠦᠢᠯᠡᠴᠢᠯᠡᠭᠡ ᠶᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠤᠨ᠎ᠠ᠃ ᠳᠠᠭᠠᠭᠤᠯᠢ ᠣᠳᠣᠨ ᠤ ᠢᠨᠲ᠋ᠧᠷ ᠰᠦᠯᠵᠢᠶ᠎ᠡ ᠶᠢᠨ ᠬᠠᠮᠤᠷᠬᠤ ᠵᠠᠭᠪᠤᠷ ᠢ ᠬᠠᠶᠢᠨ ᠰᠦᠪᠡᠭᠴᠢᠯᠡᠵᠦ᠂ 5G᠎ ᠶᠢᠨ ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠢᠯᠢ ᠬᠢᠵᠠᠭᠠᠷ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠰᠦᠯᠵᠢᠶ᠎ᠡ ᠶᠢᠨ ᠬᠠᠮᠤᠷᠬᠤ ᠬᠡᠪᠴᠢᠶ᠎ᠡ ᠪᠠ ᠮᠡᠳᠡᠭᠡ ᠬᠤᠯᠪᠣᠭᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢᠯᠠᠯ ᠬᠠᠩᠭᠠᠵᠤ᠂ 2025 ᠣᠨ ᠪᠣᠯᠬᠤ ᠳᠤ 5G᠎ ᠶᠢᠨ ᠰᠦᠯᠵᠢᠶ᠎ᠡ ᠶᠢᠨ ᠪᠦᠷᠬᠦᠴᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃      ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠡᠨᠧᠷᠭᠢ ᠣᠯᠭᠤᠬᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠪᠠᠷ ᠠᠬᠢᠭᠤᠯᠤᠨ᠎ᠠ᠃ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠢ ᠡᠳ᠋ ᠪᠠᠷᠠᠭᠠᠨ ᠤ ᠭᠦᠢᠯᠭᠡᠭᠡ ᠲᠡᠭᠡᠭᠡᠪᠦᠷᠢ᠂ ᠠᠵᠤ ᠦᠢᠯᠡᠳᠪᠦᠷᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ IPV6᠎ ᠶᠢ ᠲᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠲᠣᠭᠠᠴᠢᠯᠠᠭᠰᠠᠨ ᠠᠭᠤᠷᠬᠠᠢ᠂ ᠲᠣᠭᠠᠴᠢᠯᠠᠭᠰᠠᠨ ᠲᠣᠰᠣ ᠬᠡᠢ᠂ ᠲᠣᠭᠠᠴᠢᠯᠠᠭᠰᠠᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠢᠴᠢ ᠢᠵᠢ ᠪᠦᠷᠢᠳᠦᠭᠦᠯᠬᠦ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠶᠤᠨᠲᠤ ᠬᠦᠷᠢᠶᠡᠯᠡᠩ ᠲᠣᠭᠤᠷᠢᠭ᠂ ᠣᠶᠤᠨᠲᠤ ᠦᠢᠯᠡᠳᠬᠦ᠂ ᠣᠶᠤᠨᠲᠤ ᠠᠭᠤᠷᠬᠠᠢ ᠶᠢᠨ ᠲᠤᠷᠰᠢᠯᠲᠠ ᠶᠢᠨ ᠴᠡᠭ ᠢ ᠪᠠᠶᠢᠭᠤᠯᠵᠤ᠂ ᠪᠦᠬᠦ ᠣᠷᠣᠨ ᠪᠦᠰᠡ ᠶᠢᠨ ᠣᠶᠤᠨᠲᠤ ᠵᠢᠭᠤᠯᠴᠢᠯᠠᠯ ᠤᠨ ᠲᠠᠪᠴᠠᠩ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠢᠨᠲ᠋ᠧᠷ ᠰᠦᠯᠵᠢᠶ᠎ᠡ +︾᠎  ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢ ᠲᠦᠷᠭᠡᠳᠬᠡᠨ ᠬᠥᠭᠵᠢᠭᠦᠯᠦᠨ᠎ᠡ᠃      ᠬᠤᠳᠠ ᠶᠢᠨ ᠲᠣᠭᠠᠨ ᠤ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠥᠬᠦᠭᠡᠷᠦᠮᠵᠢ ᠨᠢ ᠨᠢᠭᠡᠳᠦᠯᠲᠡᠢ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠂ ᠪᠥᠬᠦ ᠠᠶᠢᠮᠠᠭ ᠤᠨ ︽ᠲᠣᠮᠣ ᠳ᠋ᠠᠶᠢᠲ᠋ᠠ︾᠎ ᠎ ᠶᠢᠨ ᠲᠠᠪᠴᠠᠩ ᠯᠤᠭ᠎ᠠ ᠵᠠᠯᠭᠠᠨ ᠵᠣᠯᠭᠠᠭᠤᠯᠬᠤ ᠶᠢ ᠪᠡᠶᠡᠯᠡᠭᠦᠯᠦᠨ᠎ᠡ᠃ ᠣᠶᠤᠨᠲᠤ ᠬᠤᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠤᠨ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠦᠷᠢᠶᠡᠨ ᠳᠠᠬᠢ ᠲᠣᠭᠠᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃             ᠲᠠᠪᠤᠳᠤᠭᠠᠷ ᠬᠡᠰᠡᠭ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠭᠠᠲᠠᠢ ᠡᠨᠧᠷᠭᠢ ᠶᠢᠨ ᠰᠢᠰᠲ᠋ᠧᠮ ᠢ ᠪᠠᠶᠢᠭᠤᠯᠬᠤ ᠲᠤᠬᠠᠢ      ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠷᠢᠭᠤᠨ ᠴᠡᠪᠡᠷ ᠥᠨᠳᠥᠷ ᠪᠦᠲᠦᠮᠵᠢᠲᠡᠶ᠂ ᠤᠬᠠᠭᠠᠯᠢᠭ ᠳᠥᠭᠦᠮ ᠳᠥᠲᠡ ᠡᠨᠧᠷᠭᠢ ᠶᠢᠨ ᠠᠵᠤ ᠠᠬᠤᠶ ᠶᠢ ᠬᠥᠭᠵᠢᠭᠦᠯᠵᠦ᠂ ᠵᠠᠬ᠎ᠠ ᠬᠢᠵᠠᠭᠠᠷ ᠣᠷᠣᠨ ᠤ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠨᠧᠷᠭᠢ ᠶᠢᠨ ᠲᠥᠬᠦᠭᠡᠷᠦᠮᠵᠢ ᠶᠢᠨ ᠨᠡᠪᠲᠡᠷᠡᠬᠦ ᠴᠢᠳᠠᠪᠤᠷᠢ  ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ᠂ ᠡᠨᠧᠷᠭᠢ ᠬᠠᠳᠠᠭᠠᠯᠠᠬᠤ ᠪᠡᠯᠡᠳᠬᠡᠮᠵᠢ ᠂ ᠢᠯᠴᠢ ᠴᠠᠬᠢᠯᠭᠠᠨ ᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠠᠮᠲᠤᠷᠠᠯᠴᠠᠭ᠎ᠠ ᠶᠢ ᠴᠢᠩᠭᠠᠳᠬᠠᠨ᠂ ᠬᠢᠯᠢ ᠠᠯᠤᠰᠯᠠᠭᠰᠠᠨ ᠴᠠᠬᠢᠯᠭᠠᠨ ᠬᠦᠴᠦᠨ ᠬᠢᠭᠡᠳ ᠴᠠᠬᠢᠯᠭᠠᠨ ᠬᠦᠷᠭᠡᠬᠦ ᠨᠡᠪᠲᠡᠷᠡᠯ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠰᠠᠨᠠᠭᠠᠴᠢᠯᠠᠭ᠎ᠠ ᠎ ᠠᠴᠠ ᠪᠠᠨ ᠠᠭᠤᠰᠤᠯᠴᠠᠨ᠂ ᠣᠷᠣᠨ ᠪᠦᠰᠡ ᠶᠢᠨ ᠴᠠᠬᠢᠯᠭᠠᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠵᠦ᠂ ᠣᠶᠤᠨᠴᠢ ᠡᠨᠧᠷᠭᠢ ᠶᠢᠨ ᠬᠡᠷᠡᠭᠯᠡᠭᠡ ᠶᠢ ᠠᠬᠢᠭᠤᠯᠤᠨ᠎ᠠ᠃      ᠡᠨᠧᠷᠭᠢ ᠶᠢᠨ ᠰᠤᠷᠪᠤᠯᠵᠢ ᠶᠢᠨ ᠲᠦᠭᠡᠮᠡᠯ ᠦᠢᠯᠡᠴᠢᠯᠡᠭᠡᠨ ᠤ ᠬᠢᠷᠢ ᠴᠠᠬᠢᠯᠭᠠᠨ  ᠤ ᠲᠣᠣᠷ ᠢ ᠤᠷᠲᠤᠳᠬᠠᠬᠤ᠂ ᠬᠥᠳᠡᠭᠡ ᠲᠣᠰᠬᠤᠨ  ᠤ ᠴᠠᠬᠢᠯᠭᠠᠨ  ᠤ ᠲᠣᠣᠷ ᠢ ᠪᠥᠳᠥᠭᠡᠨ ᠪᠠᠶᠢᠭᠤᠯᠬᠤ᠂ ᠪᠢᠴᠢᠯ ᠴᠠᠬᠢᠯᠭᠠᠨ ᠥᠷᠳᠡᠭᠡ᠂ ᠰᠢᠨ᠎ᠡ ᠡᠨᠧᠷᠭᠢ ᠶᠢᠨ ᠲᠠᠷᠬᠠᠯᠲᠠ ᠶᠢᠨ ᠬᠡᠯᠪᠡᠷᠢ ᠶᠢᠨ ᠴᠠᠬᠢᠯᠭᠠᠨ ᠭᠠᠷᠭᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠤᠯᠠᠨ ᠴᠠᠬᠢᠯᠭᠠᠨ ᠬᠦᠴᠦᠳᠡᠯ ᠤᠨ ᠲᠡᠰ ᠤᠨ ᠴᠠᠬᠢᠯᠭᠠᠨ ᠬᠠᠩᠭᠠᠬᠤ ᠪᠠ ᠤᠯᠠᠨ ᠵᠦᠢᠯ ᠤᠨ ᠴᠠᠬᠢᠯᠭᠠᠨ ᠡᠭᠦᠰᠭᠡᠭᠴᠢ ᠶᠢ ᠴᠤᠭᠯᠠᠭᠤᠯᠤᠨ ᠬᠡᠷᠡᠭᠯᠡᠬᠦ ᠴᠠᠬᠢᠯᠭᠠᠨ  ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠵᠠᠬ᠎ᠠ ᠬᠢᠵᠠᠭᠠᠷ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠦᠨᠡᠨᠬᠦ ᠰᠢᠶᠳᠪᠦᠷᠢᠯᠡᠬᠦ ᠬᠡᠷᠡᠭᠲᠡᠶ᠃ ᠪᠠᠶᠠᠨᠬᠤᠲᠠ᠂ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠳᠤ ᠡᠬᠢ ᠰᠤᠷᠪᠤᠯᠵᠢ ᠶᠢᠨ ᠲᠣᠤᠷ ᠰᠦᠯᠵᠢᠶ᠎ᠡ ᠶᠢᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ ᠪᠠ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠬᠥᠭᠵᠢᠯᠲᠡ ᠶᠢ ᠠᠬᠢᠭᠤᠯᠤᠨ᠎ᠠ᠃      ᠪᠣᠬᠢᠷᠲᠤᠯ ᠦᠭᠡᠢ ᠡᠨᠧᠷᠭᠢ ᠶᠢᠨ ᠠᠰᠢᠭᠯᠠᠯᠲᠠ ᠶᠢ ᠳᠡᠯᠭᠡᠷᠡᠭᠦᠯᠦᠨ᠎ᠡ᠃ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠲᠤᠰ ᠭᠠᠵᠠᠷ ᠤᠨ ᠰᠢᠩᠭᠡᠭᠡᠨ ᠠᠪᠬᠤ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠬᠡᠷᠡᠭᠯᠡᠯᠲᠡ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠰᠢᠲᠠᠮᠠᠬᠠᠶ ᠬᠡᠶ ᠪᠠᠷ ᠨᠡᠭᠦᠷᠡᠰᠦ ᠶᠢ ᠣᠷᠣᠯᠠᠭᠤᠯᠬᠤ ᠶᠢ ᠠᠬᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ ᠲᠡᠭᠦᠯᠳᠡᠷᠵᠢᠭᠦᠯᠵᠦ᠂ ᠬᠠᠭᠤᠴᠢᠨ ᠬᠠᠭᠤᠴᠢᠨ ᠬᠤᠷᠢᠶᠠᠯᠠᠯ ᠤᠨ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ ᠶᠢ ᠲᠦᠯᠬᠢᠨ ᠠᠬᠢᠭᠤᠯᠵᠤ᠂ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠴᠠᠬᠢᠯᠭᠠᠨ ᠲᠦᠭᠡᠭᠡᠬᠦ ᠲᠣᠣᠷ ᠢ ᠥᠭᠡᠷᠡᠴᠢᠯᠡᠬᠦ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠶᠢ ᠳᠡᠯᠭᠡᠷᠡᠭᠦᠯᠵᠦ᠂ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢᠨ ᠴᠠᠬᠢᠯᠭᠠᠨ ᠴᠡᠨᠡᠭᠯᠡᠬᠦ ᠱᠣᠩ ᠵᠡᠷᠭᠡ ᠲᠥᠬᠦᠷ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃      ᠡᠨᠧᠷᠭᠢ ᠶᠢᠨ ᠰᠤᠷᠪᠤᠯᠵᠢ ᠶᠢᠨ ᠤᠶᠤᠨᠴᠢᠯᠠᠯᠲᠠ ᠶᠢ ᠠᠬᠢᠭᠤᠯᠤᠨ᠎ᠠ᠃ ᠥᠩᠭᠡ ᠦᠵᠡᠮᠵᠢ ᠶᠢᠨ ᠰᠠᠭᠤᠷᠢᠨ ᠭᠠᠵᠠᠷ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠵᠡᠷᠭᠡ ᠮᠡᠷᠭᠡᠵᠢᠯ ᠢ ᠬᠡᠷᠡᠭᠯᠡᠨ᠂ ᠡᠨᠧᠷᠭᠢ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠭᠠᠵᠠᠷ ᠰᠢᠷᠣᠶ᠂ ᠡᠬᠢ ᠪᠠᠶᠠᠯᠢᠭ᠂ ᠲᠥᠯᠥᠪᠵᠢᠭᠦᠯᠭᠡ᠂ ᠲᠣᠤᠷ ᠲᠤ ᠨᠡᠶᠢᠯᠡᠭᠦᠯᠦᠨ ᠠᠵᠢᠯᠯᠠᠭᠤᠯᠬᠤ᠂ ᠪᠠᠭᠲᠠᠭᠠᠨ ᠰᠢᠩᠭᠡᠭᠡᠬᠦ ᠵᠡᠷᠭᠡ ᠬᠡᠮᠵᠢᠯ ᠤᠨ ᠮᠡᠳᠡᠭᠡ ᠵᠠᠩᠭᠢ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠡᠨᠧᠷᠭᠢ ᠶᠢᠨ ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃             ᠵᠢᠷᠭᠤᠳᠤᠭᠠᠷ ᠪᠦᠯᠦᠭ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠷᠢᠯᠳᠦᠭᠦᠯᠬᠦ ᠲᠤᠬᠠᠢ      ᠠᠮᠢ ᠠᠬᠤᠶ ᠪᠠᠷ ᠬᠤᠰᠢᠭᠤ ᠪᠠᠶᠢᠭᠤᠯᠬᠤ ᠶᠢ ᠪᠠᠷᠢᠮᠲᠠᠯᠠᠵᠤ᠂ ᠶᠡᠭᠡ ᠬᠠᠮᠠᠭᠠᠯᠠᠯᠲᠠ ᠶᠢ ᠬᠠᠮᠲᠤᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠶᠢ ᠬᠢᠬᠦ ᠥᠬᠡᠶ ᠪᠠᠶᠢᠵᠤ᠂ ᠠᠮᠢ ᠠᠬᠤᠶ ᠲᠦᠢᠯ ᠤᠨ ᠬᠡᠪᠡᠷᠡᠭ ᠣᠷᠣᠨ ᠤ ᠨᠡᠭᠡᠭᠡᠨ ᠬᠥᠭᠵᠢᠭᠦᠯᠦᠯᠲᠡ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠦᠨ᠎ᠡ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ ᠵᠠᠮ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠵᠠᠰᠠᠨ ᠴᠡᠭᠴᠡᠯᠡᠬᠦ ᠶᠢ ᠥᠷᠨᠢᠭᠦᠯᠦᠨ᠎ᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠵᠦ᠂ ᠠᠭᠠᠷ ᠤᠨ ᠣᠷᠴᠢᠨ ᠠᠬᠤᠶ ᠪᠠ ᠤᠰᠤᠨ ᠤ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ᠃ ᠪᠣᠬᠢᠷᠲᠤᠯ ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠠᠶᠢᠭᠤᠯᠵᠤ᠂ ᠪᠥᠬᠦ ᠨᠡᠶᠢᠭᠡᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃           ᠨᠢᠭᠡᠳᠦᠭᠡᠷ ᠬᠡᠰᠡᠭ ᠠᠮᠢ ᠠᠬᠤᠢ ᠶᠢᠨ ᠵᠠᠰᠠᠯᠲᠠ ᠶᠢ ᠢᠳᠡᠪᠬᠢᠲᠡᠢ ᠪᠠᠷ ᠠᠬᠢᠭᠤᠯᠬᠤ ᠲᠤᠬᠠᠢ      ᠠᠮᠢ ᠠᠬᠤᠶ ᠶᠢᠨ ᠣᠷᠣᠨ ᠵᠠᠶ ᠶᠢᠨ ᠵᠠᠭᠠᠭ ᠬᠢᠵᠠᠭᠠᠷ ᠢ ᠴᠢᠩᠭ᠎ᠠ ᠰᠠᠬᠢᠨ᠎ᠠ᠃ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢ ᠠᠬᠤᠢ ᠶᠢ ᠰᠡᠷᠭᠦᠭᠡᠬᠦ ᠠᠵᠢᠯ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠬᠡᠷᠡᠭᠵᠢᠭᠦᠯᠬᠦ ᠵᠠᠷᠴᠢᠮ᠂ ᠣᠷᠣᠨ ᠵᠠᠢ ᠶᠢᠨ ᠪᠠᠶᠢᠷᠢᠰᠢᠯ᠂ ᠴᠢᠬᠤᠯᠠ ᠶᠡᠭᠡ ᠢᠨᠵᠧᠨᠧᠷᠢᠩ ᠵᠢᠴᠢ ᠭᠤᠣᠯᠳᠠᠯᠭ᠎ᠠ ᠲᠠᠢ ᠲᠦᠷᠦᠯ ᠵᠦᠢᠯ ᠵᠡᠷᠭᠡ ᠠᠭᠤᠯᠭ᠎ᠠ ᠶᠢ ᠲᠣᠭᠲᠠᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠣᠷᠣᠨ ᠪᠦᠰᠡ ᠶᠢᠨ ᠪᠠᠶᠢᠴᠠᠭᠠᠯᠲᠠ ᠶᠢ ᠥᠷᠨᠢᠭᠦᠯᠵᠦ᠂ ᠤᠯᠠᠨ ᠲᠡᠰ ᠳᠠᠪᠬᠤᠷᠭ᠎ᠠ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾᠎ ᠎ ᠢ ᠲᠦᠷᠭᠡᠪᠴᠢᠯᠡᠨ ᠵᠢᠷᠤᠵᠤ᠂ ᠵᠠᠭᠠᠭ ᠬᠢᠵᠠᠭᠠᠷ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶ ᠪᠣᠯᠭᠠᠵᠤ᠂ ︽ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾᠎ ᠎ ᠶᠢ ᠦᠨᠡᠨ ᠬᠦ ᠪᠠᠲᠤᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠢ ᠠᠬᠤᠶ ᠶᠢᠨ ᠣᠷᠣᠨ ᠵᠠᠶ ᠳᠤ ᠬᠡᠷᠡᠭᠯᠡᠬᠦ ᠭᠠᠵᠠᠷ ᠢ ᠵᠠᠰᠠᠬᠤ ᠪᠠ ᠭᠠᠵᠠᠷ ᠰᠢᠷᠣᠶ ᠶᠢ ᠰᠤᠯᠠᠯᠠᠨ ᠭᠠᠷᠭᠠᠬᠤ ᠶᠢ ᠵᠠᠰᠠᠨ ᠴᠡᠭᠴᠡᠯᠡᠬᠦ ᠡᠷᠴᠢᠮ ᠢ ᠴᠢᠩᠭᠠᠷᠠᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ᠂ ᠴᠢᠭᠢᠭᠯᠢᠭ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠪᠳᠡᠬᠦ ᠵᠡᠷᠭᠡ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠮᠥᠨ ᠤ ᠤᠬᠤᠷᠢᠯᠲᠠ ᠪᠠᠷ ᠡᠯᠡᠰᠦᠨ ᠤ ᠤᠬᠤᠷᠢᠯᠲᠠ ᠶᠢ ᠳᠠᠶᠢᠴᠢᠯᠠᠬᠤ᠂ ᠠᠶᠠᠨᠳᠠᠭᠠᠨ ᠰᠡᠷᠭᠦᠬᠦ ᠪᠠ ᠢᠨᠵᠧᠨᠧᠷᠢᠩ ᠤᠨ ᠵᠠᠰᠠᠯᠲᠠ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠤᠷᠰᠢᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠪᠠᠶᠢᠭᠠᠯᠢ ᠶᠢᠨ ᠤᠢ ᠶᠢ ᠬᠠᠮᠠᠭᠠᠯᠠᠬᠤ ᠪᠠ ᠣᠶᠢᠵᠢᠭᠤᠯᠬᠤ᠂ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠨᠥᠬᠦᠪᠦᠷᠢ ᠶᠢ ᠳᠡᠭᠡᠭᠰᠢᠯᠡᠭᠦᠯᠦᠨ᠎ᠡ᠃ ᠡᠯᠡᠰᠦ ᠮᠠᠩᠬ᠎ᠠ ᠶᠢ ᠵᠠᠰᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠴᠢᠨᠠᠷ ᠴᠢᠨᠰᠠᠭ᠎ᠠ ᠶᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠦᠯᠡᠷᠭᠡᠭᠵᠢᠭᠰᠡᠨ ᠤᠷᠭᠤᠮᠠᠯ ᠤᠨ ᠲᠦᠷᠦᠯ ᠵᠦᠢᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠨ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠵᠤ ᠂ ᠤᠷᠭᠤᠮᠠᠯ ᠤᠨ ᠬᠤᠴᠢᠯᠭ᠎ᠠ ᠶᠢᠨ ᠡᠳᠡᠭᠡᠷᠡᠯᠲᠡ ᠶᠢᠨ ᠨᠤᠷᠮ᠎ᠠ ᠪᠠ ᠬᠠᠳᠠᠭᠠᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠲᠡᠭᠷᠢ ᠡᠯᠡᠰᠦᠨ ᠴᠥᠯ᠂ ᠤᠯᠠᠭᠠᠨᠪᠤᠬ᠎ᠠ ᠶᠢᠨ ᠡᠯᠡᠰᠦᠨ ᠴᠥᠯ ᠵᠢᠴᠢ ᠲᠡᠭᠦᠨ ᠤ ᠡᠷᠬᠢᠨ ᠲᠣᠭᠤᠷᠢᠨ ᠤ ᠡᠯᠡᠰᠦ ᠶᠢ ᠰᠡᠷᠭᠡᠶᠢᠯᠡᠨ ᠡᠯᠡᠰᠦ ᠶᠢ ᠬᠤᠷᠢᠭᠯᠠᠬᠤ ︽ᠡᠯᠡᠰᠦᠨ ᠨᠡᠭᠦᠳᠡᠯ ᠢ ᠵᠠᠭᠠᠭᠯᠠᠨ ᠵᠣᠭᠰᠣᠭᠠᠬᠤ ᠣᠢ︾᠎ ᠎ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠶᠠᠷ ᠶᠡᠭᠡ ᠡᠯᠡᠰᠦᠨ ᠴᠥᠯ ᠤᠨ ︽ᠠᠭᠤᠯᠵᠠᠨ ᠨᠡᠶᠢᠯᠡᠬᠦ︾᠎ ᠎ ᠶᠢ ᠡᠷᠡᠰ ᠬᠤᠷᠢᠭᠯᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠠᠲᠤᠨ ᠭᠤᠣᠯ ᠤᠨ ᠠᠯᠠᠱᠠ ᠶᠢᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠰᠥᠩ ︵᠎  ᠬᠤᠩ︶᠎  ᠣᠷᠣᠨ ᠤ ᠬᠥᠭᠡᠪᠦᠷᠢ ᠶᠢᠨ ᠬᠥᠳᠡᠭᠡ ᠡᠷᠬᠢᠨ ᠲᠣᠭᠤᠷᠢᠨ ᠤ ᠣᠷᠣᠨ ᠪᠦᠰᠡ ᠶᠢᠨ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠵᠤ᠂ ︽ᠤᠯᠠᠭᠠᠨᠪᠤᠬ᠎ᠠ᠂ ᠠᠯᠠᠱᠠ ᠠᠭᠤᠯᠠ᠂ ᠣᠷᠳᠣᠰ ᠤᠨ ᠥᠨᠳᠦᠷᠯᠢᠭ ᠤᠨ ᠣᠷᠣᠨ︾᠎ ᠎ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠢᠨᠵᠧᠨᠧᠷᠢᠩ ᠪᠠ ︽ᠬᠠᠲᠤᠨ ᠭᠤᠣᠯ ᠢ ᠲᠠᠲᠠᠵᠤ ᠦ᠋ ᠭᠤᠣᠯ ᠢ ᠭᠡᠲᠦᠯᠬᠦ︾᠎  ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠰᠢᠰᠲ᠋ᠧᠮᠵᠢ ᠶᠢᠨ ᠢᠨᠵᠧᠨᠧᠷᠢᠩ ᠳᠤ ᠢᠳᠡᠪᠬᠢᠲᠡᠢ ᠣᠷᠣᠯᠴᠠᠨ᠎ᠠ᠃ ᠠᠯᠠᠱᠠ ᠶᠢᠨ SEE ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠭᠤᠣᠯ ᠴᠣᠭᠴᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠣᠷᠣᠯᠴᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠡᠯᠡᠰᠦ ᠶᠢ ᠵᠠᠰᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃      ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠨᠤᠲᠤᠭ ᠪᠡᠯᠴᠢᠭᠡᠷ ᠤᠨ ᠦᠨᠳᠦᠰᠦᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ᠂ ᠠᠮᠢ ᠠᠬᠤᠢ ᠶᠢᠨ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ᠂ ᠣᠯᠠᠨ ᠡᠰᠢᠴᠢᠯᠡᠨ ᠣᠷᠣᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠰᠢᠨ᠎ᠡ ᠵᠠᠭᠪᠤᠷ ᠢ ᠪᠠᠶᠢᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠶ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠢ ᠤᠯᠠᠮ ᠵᠢᠷᠤᠮᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠪᠠ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠯᠤᠭᠠᠨ᠎ᠠ ᠶᠢᠨ ᠬᠥᠨᠥᠭᠡᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠭᠦᠢᠴᠡᠳᠬᠡᠨ᠎ᠡ᠃      ᠠᠯᠠᠱᠠ ᠠᠭᠤᠯᠠ ᠶᠢᠨ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠬᠠᠮᠠᠭᠠᠯᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠬᠡᠮᠵᠢᠯᠲᠡ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠠᠭᠤᠰᠤᠯᠴᠠᠯ ᠢ ᠠᠬᠢᠭᠤᠯᠤᠨ᠎ᠠ᠃ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠶᠠᠳᠤᠭᠠᠷ ᠤᠳᠠᠭᠠᠨ ᠤ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠶᠢ ᠥᠷᠨᠢᠭᠦᠯᠵᠦ᠂ ᠬᠥᠬᠡᠨᠠᠭᠤᠷ ᠤᠨ ᠭᠠᠴᠤᠷ᠎ᠠ ᠪᠠᠷ ᠭᠤᠤᠯ ᠪᠣᠯᠭᠠᠭᠰᠠᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠶ ᠵᠢᠴᠢ ᠠᠳᠠᠯᠢ ᠪᠤᠰᠤ ᠪᠠᠶᠢᠭᠠᠯᠢ ᠶᠢᠨ ᠣᠷᠣᠨ ᠪᠦᠰᠡ ᠶᠢᠨ ᠨᠡᠶᠢᠲᠡᠯᠢᠭ ᠪᠠᠶᠢᠭᠠᠯᠢ ᠶᠢᠨ ᠦᠵᠡᠮᠵᠢ ᠶᠢ ᠬᠠᠮᠠᠭᠠᠯᠠᠵᠤ᠂ ᠬᠤᠪᠣᠷ ᠴᠤᠬᠠᠭ ᠮᠣᠳᠣᠨ ᠤ ᠲᠥᠷᠥᠯ ᠪᠠ ᠪᠤᠭᠤ᠂ ᠬᠠᠲᠠᠨ ᠬᠤᠨᠢ᠂ ᠮᠣᠷᠢᠨ ᠵᠡᠯᠡ ᠵᠡᠷᠭᠡ ᠬᠤᠪᠣᠷ ᠴᠤᠬᠠᠭ ᠮᠥᠬᠦᠬᠦ ᠰᠢᠬᠠᠭᠰᠠᠨ ᠠᠮᠢᠲᠠᠨ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠨ᠎ᠠ᠃ ᠨᠡᠶᠢᠭᠡᠮ ᠤᠨ ᠬᠢᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠠᠰᠢᠭᠯᠠᠬᠤ ᠳᠤ ᠣᠷᠣᠯᠴᠠᠬᠤ ᠶᠢ ᠳᠡᠮᠵᠢᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠰᠠᠭᠤᠷᠢ ᠮᠥᠩᠭᠦ ᠶᠢ ᠴᠢᠷᠮᠠᠶᠢᠨ ᠣᠯᠵᠤ᠂ ᠠᠯᠠᠱᠠ ᠠᠭᠤᠯᠠ ᠶᠢᠨ ᠠᠮᠢ ᠠᠬᠤᠶ ᠶᠢᠨ ᠰᠢᠰᠲ᠋ᠧᠮ ᠵᠢᠴᠢ ᠲᠡᠭᠦᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠭᠠᠳᠠᠨ᠎ᠠ ᠠᠴᠠ ᠢᠷᠡᠭᠰᠡᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠵᠦ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠣᠶ ᠰᠢᠭᠤᠶ ᠶᠢᠨ ᠭᠠᠯ ᠰᠡᠷᠭᠡᠶᠢᠯᠡᠬᠦ᠂ ᠡᠬᠢ ᠪᠠᠶᠠᠯᠢᠭ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠤ ᠰᠤᠳᠤᠯᠤᠯ ᠤᠬᠠᠭᠤᠯᠭ᠎ᠠ ᠬᠥᠮᠦᠵᠢᠯ ᠵᠡᠷᠭᠡ ᠠᠵᠢᠯ ᠢ ᠴᠢᠩᠭᠠᠳᠬᠠᠵᠤ᠂ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ ᠢ ᠪᠥᠲᠥᠭᠡᠨ ᠪᠠᠶᠢᠭᠤᠯᠵᠤ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠪᠠᠶᠢᠴᠠᠭᠠᠬᠤ ᠪᠠ ᠬᠢᠨᠠᠨ ᠬᠡᠮᠵᠢᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢ ᠳᠣᠪᠤᠶᠢᠯᠭᠠᠵᠤ᠂ ᠣᠶ ᠰᠢᠭᠤᠶ ᠶᠢᠨ ᠠᠮᠢ ᠠᠬᠤᠶ ᠶᠢᠨ ᠵᠢᠭᠤᠯᠴᠢᠯᠠᠯ ᠪᠠ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠷᠤᠭᠰᠢ ᠠᠬᠢᠭᠤᠯᠵᠤ᠂ ᠬᠠᠮᠠᠭᠠᠯᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠭᠰᠠᠨ ᠲᠥᠬᠦᠭᠡᠷᠦᠮᠵᠢ ᠪᠦᠷᠢᠨ᠂ ᠲᠥᠬᠦᠭᠡᠷᠦᠮᠵᠢ ᠲᠡᠷᠢᠭᠦᠨ ᠤ᠂ ᠬᠠᠮᠢᠶᠠᠷᠤᠯᠲᠠ ᠥᠨᠳᠥᠷ ᠪᠦᠲᠦᠮᠵᠢᠲᠡᠶ᠂ ᠴᠢᠳᠠᠮᠵᠢ ᠪᠦᠷᠢᠨ᠂ ᠦᠷᠭᠦᠯᠵᠢᠯᠡᠨ ᠬᠥᠭᠵᠢᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠤᠨ᠎ᠠ᠃             ᠬᠤᠶᠠᠳᠤᠭᠠᠷ ᠬᠡᠰᠡᠭ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ      ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠵᠠᠷ ᠢ ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠲᠥᠷᠢᠮ ᠢ ᠪᠠᠷᠢᠮᠲᠠᠯᠠᠨ᠂ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠪᠤᠰᠤ ᠡᠯ᠎ᠡ ᠲᠥᠷᠥᠯ ᠤᠨ ᠭᠠᠵᠠᠷ ᠢ ᠡᠮᠬᠢᠯᠡᠨ ᠨᠡᠶᠢᠯᠡᠭᠦᠯᠵᠦ᠂ ᠦᠯᠡᠳᠡᠭᠡᠯ ᠬᠡᠷᠡᠭᠯᠡᠬᠦ ᠭᠠᠵᠠᠷ ᠢ ᠭᠦᠨ ᠮᠠᠯᠲᠠᠵᠤ᠂ ᠬᠤᠳᠠ ᠬᠥᠳᠡᠭᠡ ᠶᠢᠨ ᠳᠣᠣᠷ᠎ᠠ ᠠᠰᠢᠭᠯᠠᠮᠵᠢᠳᠤ ᠭᠠᠵᠠᠷ ᠢ ᠲᠠᠬᠢᠨ ᠨᠡᠭᠡᠭᠡᠬᠦ ᠪᠠ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠲᠠᠬᠢᠨ ᠬᠠᠭᠠᠯᠪᠤᠷᠢᠯᠠᠨ ᠠᠰᠢᠭᠯᠠᠬᠤ ᠶᠢ ᠲᠥᠯᠬᠢᠨ ᠠᠬᠢᠭᠤᠯᠵᠤ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠶᠢ ᠬᠡᠷᠡᠭᠵᠢᠭᠦᠯᠦᠨ᠂ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢ ᠵᠢᠷᠤᠮ ᠲᠠᠢ ᠨᠡᠮᠡᠭᠳᠡᠭᠦᠯᠵᠦ᠂ ᠤᠯᠤᠰ ᠤᠨ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠡᠭᠦᠳᠬᠦ ᠬᠡᠷᠡᠭᠲᠡᠶ᠃      ᠪᠡᠶᠡᠲᠦ ᠬᠠᠶᠠᠭᠳᠠᠮᠠᠯ ᠪᠣᠳᠠᠰ ᠤᠨ ᠡᠬᠢ ᠰᠤᠷᠪᠤᠯᠵᠢ ᠶᠢᠨ ᠬᠡᠮᠵᠢᠶ᠎ᠡ ᠶᠢ ᠪᠠᠭᠠᠰᠬᠠᠬᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ᠂ ᠲᠠᠷᠢᠶᠠᠯᠠᠩ ᠤᠨ ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠪᠣᠯᠤᠨ ᠪᠠᠷᠢᠯᠭ᠎ᠠ ᠶᠢᠨ ᠬᠤᠭ ᠨᠣᠪᠰᠢ᠂ ᠠᠶᠤᠯᠲᠠᠶ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠤᠭ ᠨᠣᠪᠰᠢ ᠪᠠᠷ ᠭᠤᠣᠯᠳᠠᠯᠭ᠎ᠠ ᠪᠣᠯᠭᠠᠵᠤ᠂ ᠡᠩ ᠤᠨ ᠠᠵᠤ ᠦᠶᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ᠂ ᠪᠠᠶᠠᠨᠬᠤᠲᠠ ᠶᠢᠨ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠦᠷᠢᠶᠡᠯᠡᠩ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠬᠦ᠂ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠬᠤᠭ ᠨᠣᠪᠰᠢ ᠶᠢ ᠡᠷᠭᠢᠯᠳᠦᠭᠦᠯᠦᠨ ᠳᠠᠬᠢᠨ ᠠᠰᠢᠭᠯᠠᠬᠤ᠂ ᠪᠠᠷᠢᠯᠭ᠎ᠠ ᠶᠢᠨ ᠬᠤᠭ ᠨᠣᠪᠰᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠪᠡᠶᠡᠲᠦ ᠬᠠᠶᠠᠭᠳᠠᠮᠠᠯ ᠪᠣᠳᠠᠰ ᠤᠨ ᠡᠬᠢ ᠰᠤᠷᠪᠤᠯᠵᠢ ᠶᠢᠨ ᠬᠡᠮᠵᠢᠶ᠎ᠡ ᠶᠢ ᠶᠡᠭᠡ ᠬᠡᠮᠵᠢᠶ᠎ᠡ ᠪᠠᠷ ᠪᠠᠭᠠᠰᠬᠠᠬᠤ᠂ ᠭᠦᠶᠴᠡᠳ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠮᠤᠷ ᠲᠦᠪᠰᠢᠨ ᠢᠶᠠᠷ ᠰᠢᠶᠳᠪᠦᠷᠢᠯᠡᠬᠦ ᠶᠢ ᠪᠡᠶᠡᠯᠡᠭᠦᠯᠦᠨ᠎ᠡ᠃           ᠭᠤᠷᠪᠠᠳᠤᠭᠠᠷ ᠬᠡᠰᠡᠭ ᠪᠣᠬᠢᠷᠲᠤᠯ ᠦᠭᠡᠢ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠲᠤᠬᠠᠢ      ᠠᠮᠢ ᠠᠬᠤᠶ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠡᠬᠢ ᠪᠠᠶᠠᠯᠢᠭ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠡᠪᠡᠰᠦ ᠰᠢᠭᠤᠶ ᠡᠯᠡᠰᠦ ᠵᠡᠷᠭᠡ ᠠᠮᠢ ᠠᠬᠤᠶ ᠶᠢᠨ ᠡᠬᠢ ᠪᠠᠶᠠᠯᠢᠭ ᠢ ᠠᠮᠢ ᠠᠬᠤᠶ ᠶᠢᠨ ᠡᠳ᠋ ᠬᠥᠷᠥᠩᠭᠡ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠰᠢᠰᠲ᠋ᠧᠮ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ︵᠎  GEP︶᠎ ᠎ ᠢ ᠦᠨᠡᠯᠡᠨ ᠵᠢᠱᠢᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠪᠦᠲᠦᠭᠡᠭᠳᠡᠬᠦᠨ ᠢ ᠬᠠᠶᠢᠨ ᠰᠦᠪᠡᠭᠴᠢᠯᠡᠵᠦ ᠨᠡᠭᠡᠭᠡᠨ ᠬᠥᠭᠵᠢᠭᠦᠯᠵᠦ᠂ ᠣᠶ ᠮᠣᠳᠣᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤᠨᠢ ᠬᠦᠷᠭᠡᠬᠦ ᠠᠵᠢᠯᠯᠠᠭᠠᠨ ᠤ ᠲᠥᠰᠦᠯ ᠢ ᠲᠣᠭᠲᠠᠭᠠᠵᠤ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠭᠰᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠰᠠᠭᠠᠷᠮᠠᠭᠵᠢᠭᠤᠯᠬᠤ ᠲᠣᠭᠲᠠᠴᠠ ᠶᠢ ᠬᠠᠮᠲᠤᠪᠠᠷ ᠬᠠᠶᠢᠨ ᠰᠦᠪᠡᠭᠴᠢᠯᠡᠵᠦ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠠᠯᠬᠤᠮ ᠠᠯᠬᠤᠮ ᠢᠶᠠᠷ ᠵᠠᠯᠭᠠᠨ ᠣᠷᠣᠭᠤᠯᠤᠨ᠎ᠠ ᠡᠯᠡᠰᠦ ᠶᠢ ᠵᠠᠰᠠᠵᠤ ᠡᠯᠡᠰᠦ ᠶᠢ ᠲᠣᠭᠲᠠᠪᠤᠷᠢᠵᠢᠭᠤᠯᠬᠤ᠂ ᠠᠮᠢ ᠠᠬᠤᠶ ᠶᠢ ᠰᠡᠷᠭᠦᠭᠡᠬᠦ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠲᠦᠯᠬᠢᠨ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠠᠵᠢᠯ ᠢ ᠠᠵᠤ ᠦᠢᠯᠡᠰᠵᠢᠭᠦᠯᠬᠦ᠂ ᠲᠥᠪᠯᠡᠷᠡᠭᠦᠯᠬᠦ ᠶᠢ ᠪᠦᠷᠢᠯᠳᠦᠭᠦᠯᠦᠨ᠎ᠡ᠃      ᠠᠵᠤ ᠦᠢᠯᠡᠳᠪᠦᠷᠢ ᠶᠢᠨ ᠠᠮᠢ ᠠᠬᠤᠶᠢᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠣᠷᠴᠢᠨ ᠨᠥᠬᠦᠴᠡᠯ ᠤᠨ ᠬᠤᠪᠢᠷᠠᠯᠲᠠ ᠶᠢ ᠠᠷᠭᠠᠴᠠᠬᠤ ᠳᠤᠮᠳᠠ ᠣᠷᠳᠣ ᠬᠤᠭᠤᠴᠠᠭᠠᠨ ᠤ ᠬᠠᠷᠠᠯᠲᠠ ᠶᠢᠨ ᠲᠣᠭᠤᠷᠢᠨ ᠳᠤ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠢ ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠭᠤᠯᠤᠯ ᠢᠶᠠᠷ ᠶᠡᠭᠡ᠂ ᠭᠠᠳᠠᠭᠰᠢᠯᠠᠭᠤᠯᠤᠯᠲᠠ ᠪᠠᠷ ᠶᠡᠭᠡ ᠲᠥᠷᠥᠯ ᠵᠦᠶᠯ ᠤᠨ ᠬᠥᠭᠵᠢᠯᠲᠡ ᠶᠢ ᠡᠷᠡᠰ ᠬᠤᠷᠢᠭᠯᠠᠨ᠂ ᠠᠵᠤ ᠦᠶᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠦᠯᠵᠡᠢ ᠪᠣᠭᠤᠮᠲᠠ᠂ ᠵᠢᠷᠠᠲᠠᠢ᠂ ᠣᠯᠠᠨᠪᠤᠯᠠᠭ᠂ ᠪᠠᠶᠠᠨᠬᠤᠲᠠ ᠳᠤ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ ᠡᠭᠦᠳᠦᠨ ᠪᠠᠶᠢᠭᠤᠯᠵᠤ᠂ ᠠᠵᠤ ᠦᠶᠯᠡᠰ ᠢ ᠬᠥᠲᠥᠯᠦᠨ ᠵᠢᠯᠣᠭᠤᠳᠴᠤ ᠪᠠᠶᠢᠭᠠᠳ ᠡᠷᠴᠢᠮᠵᠢᠭᠦᠯᠦᠨ ᠠᠮᠢ ᠠᠬᠤᠶᠢᠵᠢᠭᠤᠯᠤᠨ ᠬᠥᠭᠵᠢᠭᠦᠯᠦᠨ᠎ᠡ᠃      ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠪᠣᠬᠢᠷᠲᠤᠯ ᠲᠠᠷᠢᠶᠠᠯᠠᠩ ᠤᠨ ᠤᠰᠤ ᠠᠷᠪᠢᠯᠠᠬᠤ ᠵᠠᠭᠪᠤᠷ ᠢ ᠬᠠᠶᠢᠨ ᠰᠦᠪᠡᠭᠴᠢᠯᠡᠵᠦ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠵᠡᠷᠭᠡ ᠪᠣᠬᠢᠷᠲᠤᠯ ᠦᠭᠡᠢ ᠲᠠᠷᠢᠮᠠᠯ ᠤᠨ ᠮᠡᠷᠭᠡᠵᠢᠯ ᠢ ᠬᠡᠷᠡᠭᠵᠢᠭᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠪᠣᠭᠤᠳᠠᠯᠯᠠᠬᠤ ᠬᠠᠶᠠᠭᠳᠠᠮᠠᠯ ᠪᠣᠳᠠᠰ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠳᠤᠰᠤᠯᠭᠠᠨ ᠬᠤᠭᠤᠯᠠᠶ ᠶᠢ ᠬᠤᠷᠢᠶᠠᠨ ᠠᠪᠴᠤ ᠰᠢᠶᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠮᠠᠯ ᠵᠢᠭᠦᠷᠲᠡᠨ ᠤ ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠮᠠᠯ ᠤᠨ ᠡᠰᠢ ᠰᠦᠷᠡᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ︽ᠮᠠᠯ ᠠᠵᠤ ᠠᠬᠤᠶ ᠪᠠᠷ ᠪᠣᠷᠲᠣᠭᠤᠷ ᠴᠤᠭᠯᠠᠭᠤᠯᠬᠤ᠂ ᠪᠣᠷᠲᠣᠭᠤᠷ ᠢᠶᠠᠷ ᠲᠠᠷᠢᠶᠠᠨ ᠭᠠᠵᠠᠷ ᠲᠤ ᠪᠤᠴᠠᠭᠠᠬᠤ︾᠎  ᠲᠠᠷᠢᠶᠠᠯᠠᠩ ᠮᠠᠯ ᠠᠵᠤ ᠠᠬᠤᠶ ᠶᠢᠨ ᠬᠤᠤᠰ ᠡᠷᠬᠢᠯᠳᠡᠳᠤ ᠵᠠᠭᠪᠤᠷ ᠢ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠪᠠ ᠪᠣᠬᠢᠷ ᠤᠰᠤ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃      ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠦᠭᠡᠢ ᠤᠬᠠᠭᠤᠯᠭ᠎ᠠ ᠬᠥᠮᠦᠵᠢᠯ ᠤᠨ ᠲᠣᠭᠲᠠᠴᠠ  ᠶᠢ ᠪᠠᠶᠢᠭᠤᠯᠵᠤ᠂ ᠲᠣᠭᠠᠴᠢᠯᠠᠭᠰᠠᠨ ᠰᠡᠳᠬᠦᠯ ᠢ ᠠᠰᠢᠭᠯᠠᠵᠤ᠂ ᠲᠣᠭᠠᠴᠢᠯᠠᠭᠰᠠᠨ ᠷᠠᠳᠢᠣ᠋ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠨᠢ ᠣᠯᠠᠨ ᠨᠡᠶᠢᠲᠡ ᠶᠢᠨ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ᠂ ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠤᠬᠠᠭᠤᠯᠤᠨ ᠳᠡᠯᠭᠡᠷᠡᠭᠦᠯᠵᠦ᠂ ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠥᠬᠡᠶ ᠪᠣᠯᠭᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠨᠢᠭᠡ ᠪᠦᠯᠦᠭ ᠪᠣᠬᠢᠷᠲᠤᠯ ᠦᠭᠡᠶ ᠰᠤᠷᠭᠠᠭᠤᠯᠢ ᠶᠢ ᠪᠦᠲᠦᠭᠡᠨ ᠪᠠᠶᠢᠭᠤᠯᠵᠤ᠂      ᠪᠣᠬᠢᠷᠲᠤᠯ ᠥᠬᠡᠶ ᠪᠠᠶᠢᠭᠤᠯᠤᠯᠭ᠎ᠠ᠂ ᠪᠣᠬᠢᠷᠲᠤᠯ ᠥᠬᠡᠶ ᠨᠡᠶᠢᠭᠡᠮ ᠲᠣᠭᠤᠷᠢᠭ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠂ ᠱᠤᠭᠤᠬᠤ ᠶᠢ ᠪᠠᠭᠠᠰᠬᠠᠵᠤ ᠱᠤᠭᠤᠬᠤ ᠶᠢ ᠬᠢᠵᠠᠭᠠᠷᠯᠠᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃       ᠳᠥᠷᠪᠡᠳᠦᠭᠡᠷ ᠬᠡᠰᠡᠭ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ ᠲᠤᠬᠠᠢ      ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠳᠤ ᠪᠥᠬᠦ ᠲᠠᠯ᠎ᠠ ᠪᠠᠷ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠥᠷᠨᠢᠭᠦᠯᠵᠦ᠂ ᠪᠠᠶᠠᠨᠬᠤᠲᠠ ᠪᠠᠯᠭᠠᠰᠤ ᠶᠢᠨ ᠨᠡᠭᠦᠷᠡᠰᠦ ᠰᠢᠲᠠᠭᠠᠬᠤ ᠭᠦᠸᠧᠯᠦ ᠶᠢ ᠵᠠᠰᠠᠨ ᠴᠡᠭᠴᠡᠯᠡᠬᠦ ᠪᠠ ᠲᠠᠷᠠᠬᠠᠶ ᠨᠡᠭᠦᠷᠡᠰᠦ ᠪᠠᠷ ᠣᠷᠣᠯᠠᠭᠤᠯᠬᠤ ᠶᠢ ᠲᠦᠷᠭᠡᠳᠬᠡᠨ᠂ ᠰᠤᠮᠤ ᠪᠠᠯᠭᠠᠰᠤ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠠᠬᠢᠭᠤᠯᠤᠨ᠎ᠠ᠃ ᠡᠨᠧᠷᠭᠢ ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠢᠳᠡᠪᠬᠢᠲᠡᠶ ᠪᠠᠷ ᠭᠤᠶᠤᠴᠢᠯᠠᠵᠤ᠂ ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠤᠯᠠᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠪᠠ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠪᠣᠬᠢᠷᠲᠤᠯ ᠢ ᠵᠠᠰᠠᠬᠤ ᠲᠠᠯ᠎ᠠ ᠪᠠᠷ ᠪᠠᠷᠢᠮᠵᠢᠶ᠎ᠠ ᠳᠤ ᠬᠦᠷᠬᠦ ᠦᠭᠡᠢ ᠠᠵᠤ ᠠᠬᠤᠶᠢᠯᠠᠯ ᠤᠨ ᠤᠬᠤᠷᠢᠨ ᠭᠠᠷᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠪᠠ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠬᠡᠮᠵᠢᠬᠦ ᠦᠷᠳᠡᠭᠡ ᠴᠡᠭ ᠤᠨ ᠦᠢᠯᠡᠳᠦᠯ ᠢ ᠪᠠᠳᠠᠷᠠᠭᠤᠯᠵᠤ᠂ ᠠᠭᠠᠷ ᠮᠠᠨᠳᠠᠯ ᠤᠨ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ      ᠤᠰᠤᠨ ᠤ ᠠᠮᠢ ᠠᠬᠤᠶ ᠶᠢᠨ ᠰᠢᠰᠲ᠋ᠧᠮ ᠢ ᠰᠢᠯᠢᠳᠡᠭᠵᠢᠭᠦᠯᠦᠨ᠎ᠡ᠃ ᠭᠤᠣᠯ ᠨᠠᠭᠤᠷ ᠤᠨ ᠳᠠᠷᠤᠭ᠎ᠠ ᠶᠢᠨ ᠲᠥᠷᠢᠮ ᠢᠶᠠᠷ ᠭᠠᠷᠳᠠᠴᠠ ᠪᠣᠯᠭᠠᠨ᠂ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠪᠣᠯᠤᠨ ᠤᠰᠤᠨ  ᠤ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠤᠰᠤᠨ ᠵᠦᠢ ᠤᠰᠤᠨ  ᠤ ᠡᠬᠢ ᠪᠠᠶᠠᠯᠢᠭ ᠢ ᠬᠢᠨᠠᠨ ᠬᠡᠮᠵᠢᠬᠦ ᠶᠢ ᠥᠷᠨᠢᠭᠦᠯᠦᠨ᠂ ᠤᠰᠤᠨ  ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠲᠦᠷᠡᠲᠡᠯ᠎ᠡ ᠣᠯᠪᠤᠷᠢᠯᠠᠬᠤ ᠦᠵᠡᠭᠳᠡᠯ ᠢ ᠪᠠᠭᠠᠰᠬᠠᠨ᠎ᠠ᠃ ᠤᠰᠤᠨ ᠤ ᠵᠠᠰᠠᠭ ᠵᠠᠬᠢᠷᠭᠠᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠶᠯᠡᠳᠪᠦᠷᠢ ᠶᠢᠨ ᠦᠶᠯᠡᠳᠪᠦᠷᠢᠯᠡᠯ ᠤᠨ ᠤᠰᠤ ᠬᠡᠷᠡᠭᠯᠡᠬᠦ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ ᠭᠤᠣᠯ ᠮᠥᠷᠡᠨ᠂ ᠤᠰᠤᠨ ᠴᠥᠭᠦᠷᠥᠮ ᠤᠨ ᠠᠮᠢ ᠠᠬᠤᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠭᠡᠭᠰᠢᠯᠡᠭᠦᠯᠦᠨ᠎ᠡ᠃      ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠦᠭᠰᠢᠭᠦᠷᠢ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠰᠦᠯᠵᠢᠶ᠎ᠡ ᠶᠢ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠥᠷᠨᠢᠭᠦᠯᠵᠦ᠂ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠶᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠬᠥᠷᠥᠰᠥ ᠰᠢᠷᠣᠶ ᠶᠢᠨ ᠣᠯᠠᠨ ᠡᠬᠢᠳᠤ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠰᠤᠮᠤ ᠪᠠᠯᠭᠠᠰᠤ ᠶᠢᠨ ᠬᠤᠭ ᠨᠣᠪᠰᠢ ᠰᠢᠶᠳᠪᠦᠷᠢᠯᠡᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠭᠠᠨ ᠤ ᠪᠣᠬᠢᠷᠲᠤᠯ ᠤᠨ ᠣᠷᠴᠢᠨ ᠲᠣᠭᠤᠷᠢᠨ ᠢ ᠵᠠᠰᠠᠬᠤ ᠪᠠ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃      ᠠᠮᠢ ᠠᠬᠤᠶ ᠶᠢᠨ ᠬᠠᠮᠠᠭᠠᠯᠠᠯᠲᠠ ᠶᠢᠨ ᠲᠣᠭᠠᠴᠢᠯᠠᠭᠰᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦᠨ ᠤ ᠠᠮᠢ ᠠᠬᠤᠶ ᠶᠢᠨ ᠣᠷᠴᠢᠨ ᠲᠣᠭᠤᠷᠢᠨ ᠤ ᠣᠶᠤᠨᠴᠢ ᠬᠢᠨᠠᠨ ᠬᠡᠮᠵᠢᠯᠲᠡ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠠᠭ ᠲᠤᠬᠠᠶ ᠳᠤᠨᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ ᠠᠬᠤᠶ ᠶᠢᠨ ᠣᠷᠴᠢᠨ ᠨᠥᠬᠦᠴᠡᠯ ᠤᠨ ᠡᠯᠧᠮᠧᠨ᠋ᠲ ᠤᠨ ᠲᠤᠭ᠎ᠠ ᠪᠠᠷᠢᠮᠲᠠ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ︽ᠠᠭᠠᠷ ᠪᠠ ᠭᠠᠵᠠᠷ︾᠎ ᠎ ᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃      ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠭᠡᠨᠡᠳᠲᠡ ᠶᠢᠨ ᠬᠡᠷᠡᠭ ᠢ ᠦᠨᠡᠨ ᠬᠦ ᠰᠡᠷᠭᠡᠶᠢᠯᠡᠨ ᠠᠷᠢᠯᠭᠠᠵᠤ᠂ ᠪᠦᠬᠦ ᠶᠠᠪᠤᠴᠠ ᠶᠢᠨ ᠣᠷᠴᠢᠨ ᠠᠬᠤᠶ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠵᠢᠴᠢ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ᠂ ᠣᠷᠴᠢᠨ ᠠᠬᠤᠶ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠰᠢᠰᠲ᠋ᠧᠮ ᠲᠠᠢ ᠪᠠᠷ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃           ᠳᠣᠯᠣᠳᠤᠭᠠᠷ ᠪᠦᠯᠦᠭ ᠴᠢᠨᠠᠷ ᠰᠠᠶᠢᠲᠠᠶ ᠠᠮᠢᠳᠤᠷᠠᠯ ᠢ ᠪᠦᠷᠢᠯᠳᠦᠭᠦᠯᠬᠦ ᠲᠤᠬᠠᠢ      ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠨᠢᠯᠬ᠎ᠠ ᠬᠡᠦᠬᠡᠳ ᠠᠴᠠ ᠰᠤᠷᠭᠠᠨ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠳᠡᠬᠦ ᠠᠰᠠᠷᠠᠮᠵᠢ ᠲᠠᠢ ᠂ ᠪᠠᠭᠤᠷᠠᠶ ᠠᠴᠠ ᠲᠡᠳᠬᠦᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃             ᠨᠢᠭᠡᠳᠦᠭᠡᠷ ᠬᠡᠰᠡᠭ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠲᠤᠰᠠᠯᠠᠮᠵᠢ᠂ ᠬᠤᠳᠠᠯᠳᠤᠨ ᠠᠪᠬᠤ ᠦᠢᠯᠡᠴᠢᠯᠡᠭᠡ ᠬᠢᠭᠡᠳ ᠰᠤᠷᠭᠠᠯᠲᠠ᠂ ᠣᠷᠣᠯᠠᠬᠤ ᠦᠢᠯᠡᠴᠢᠯᠡᠭᠡ ᠬᠢᠭᠡᠳ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠵᠡᠷᠭᠡ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠤᠨ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ᠂ ᠬᠤᠳᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠲᠦᠷᠢᠮ ᠢ ᠪᠠᠶᠢᠭᠤᠯᠤᠨ᠂ ᠤᠷ᠎ᠠ ᠴᠢᠳᠠᠪᠤᠷᠢ ᠶᠢᠨ ᠰᠤᠷᠭᠠᠯᠲᠠ ᠶᠢ ᠦᠷᠭᠦᠯᠵᠢᠯᠡᠨ ᠴᠢᠩᠭᠠᠳᠬᠠᠬᠤ᠂ ᠭᠤᠤᠯᠳᠠᠯᠭ᠎ᠠ ᠲᠠᠢ ᠠᠵᠤ ᠦᠶᠯᠡᠰ ᠢᠶᠠᠷ ᠳᠠᠶᠢᠴᠢᠯᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠵᠠᠰᠠᠭ ᠤᠨ ᠣᠷᠳᠣᠨ ᠤ ᠦᠶᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠬᠤ ᠵᠡᠷᠭᠡ ᠪᠦᠲᠦᠮᠵᠢᠲᠡᠶ ᠠᠷᠭ᠎ᠠ ᠵᠠᠮ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠳᠤ ᠤᠷᠤᠭᠰᠠᠨ ᠮᠠᠯᠴᠢᠨ ᠲᠠᠷᠢᠶᠠᠴᠢᠨ᠂ ᠠᠵᠢᠯ ᠤᠯᠬᠤ ᠳᠤ ᠬᠦᠴᠢᠷᠲᠡᠶ ᠬᠥᠮᠦᠰ᠂ ᠨᠢᠭᠡ ᠴᠦ ᠬᠥᠮᠦᠨ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠵᠡᠷᠭᠡ ᠭᠤᠤᠯᠳᠠᠯᠭ᠎ᠠ ᠲᠠᠢ ᠬᠠᠮᠲᠤᠯᠢᠭ ᠢ ᠬᠠᠪᠰᠤᠷᠤᠨ ᠠᠵᠢᠯ ᠣᠯᠭᠤᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠪᠠ ᠠᠮᠢᠳᠤᠯᠢᠭ ᠠᠵᠢᠯ ᠣᠯᠭᠤᠯᠲᠠ ᠶᠢ ᠲᠡᠮᠵᠢᠨ ᠵᠢᠷᠤᠮᠵᠢᠭᠤᠯᠤᠨ᠎ᠠ᠃      ᠬᠤᠳᠠ ᠬᠥᠳᠡᠭᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠪᠠ ᠠᠳᠠᠯ ᠦᠶᠯᠡᠰ ᠴᠣᠭᠴᠠᠯᠠᠬᠤ ᠶᠢ ᠯᠠᠪᠳᠠᠭᠤᠨ ᠢᠶᠠᠷ ᠠᠬᠢᠭᠤᠯᠵᠤ᠂ ᠠᠳᠠᠯ ᠦᠶᠯᠡᠰ ᠴᠣᠭᠴᠠᠯᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠳᠠᠯ ᠦᠶᠯᠡᠰ ᠴᠣᠭᠴᠠᠯᠠᠬᠤ ᠲᠠᠪᠴᠠᠩ ᠵᠡᠷᠭᠡ ᠠᠳᠠᠯ ᠦᠶᠯᠡᠰ ᠴᠣᠭᠴᠠᠯᠠᠬᠤ ᠠᠴᠢᠶᠠᠯᠠᠪᠤᠷᠢ ᠶᠢ ᠲᠠᠰ ᠳᠡᠪᠰᠢᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠳᠠᠯ ᠦᠶᠯᠡᠰ ᠴᠣᠭᠴᠠᠯᠠᠬᠤ ᠶᠢᠨ ᠵᠢᠯᠣᠭᠤᠳᠣᠯᠭ᠎ᠠ᠂ ᠮᠥᠩᠭᠦᠨ ᠭᠦᠶᠯᠭᠡᠭᠡᠨ ᠤ ᠳᠡᠮᠵᠢᠯᠭᠡ ᠵᠡᠷᠭᠡ ᠠᠳᠠᠯ ᠦᠶᠯᠡᠰ ᠴᠣᠭᠴᠠᠯᠠᠬᠤ ᠦᠶᠯᠡᠴᠢᠯᠡᠭᠡ ᠶᠢ ᠴᠢᠩᠭᠠᠳᠬᠠᠵᠤ᠂ ᠬᠠᠷᠢᠯᠴᠠᠨ ᠬᠤᠯᠪᠣᠭᠠᠯᠠᠬᠤ ᠶᠢ ᠵᠣᠷᠢᠭᠵᠢᠭᠤᠯᠤᠨ᠎ᠠ᠃      ᠰᠦᠯᠵᠢᠶ᠎ᠡ ᠪᠠᠷ ᠠᠳᠠᠯ ᠦᠶᠯᠡᠰ ᠴᠣᠭᠴᠠᠯᠠᠵᠤ᠂ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠠᠮᠢᠵᠢᠷᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠲᠣᠭᠤᠷᠢᠨ ᠳᠤ᠂ ᠠᠯᠠᠱᠠ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠨᠠᠶᠢᠳᠠᠵᠤ ᠠᠵᠢᠯ ᠣᠯᠭᠤᠯᠲᠠ ᠶᠢᠨ ᠤᠷ᠎ᠠ ᠴᠢᠳᠠᠪᠤᠷᠢ ᠪᠠ ᠵᠠᠬᠢᠶᠠᠯᠠᠭ᠎ᠠ ᠶᠢᠨ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ ᠰᠤᠷᠭᠠᠯᠲᠠ ᠶᠢ ᠥᠷᠨᠢᠭᠦᠯᠵᠦ᠂ ᠨᠠᠷᠢᠯᠢᠭ ᠣᠨᠣᠴᠠᠲᠠᠶ ᠪᠠᠷ ᠠᠵᠢᠯ ᠤᠯᠬᠤ ᠶᠢ ᠬᠥᠲᠥᠯᠦᠨ ᠬᠥᠳᠡᠯᠮᠦᠷᠢ ᠬᠦᠴᠦᠨ ᠤ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠵᠦ ᠪᠠᠶᠢᠭ᠎ᠠ ᠣᠳᠣᠬᠢ ᠪᠠᠶᠢᠳᠠᠯ ᠢ ᠪᠠᠶᠢᠴᠠᠭᠠᠵᠤ᠂ ᠣᠨᠣᠯ ᠪᠠ ᠪᠣᠳᠠᠲᠤ ᠲᠠᠮᠢᠷ ᠢ ᠬᠠᠷᠢᠯᠴᠠᠨ ᠤᠶᠠᠯᠳᠤᠭᠤᠯᠤᠭᠰᠠᠨ ᠢᠳᠡᠭᠡᠨ ᠤᠮᠳᠠᠭᠠᠨ ᠤ ᠦᠶᠯᠡᠴᠢᠯᠡᠭᠡ᠂ ᠬᠡᠷ ᠤᠨ ᠶᠠᠪᠤᠳᠠᠯ ᠤᠨ ᠦᠶᠯᠡᠴᠢᠯᠡᠭᠡ᠂ ᠨᠠᠰᠤᠵᠢᠯ ᠤᠨ ᠠᠰᠠᠷᠠᠭᠴᠢ ᠵᠡᠷᠭᠡ ᠬᠡᠷᠡᠭᠴᠡᠭᠡ ᠱᠠᠭᠠᠷᠳᠠᠯᠭ᠎ᠠ ᠪᠠᠷ ᠨᠡᠯᠢᠶᠡᠳ ᠶᠡᠭᠡ ᠭᠤᠤᠯᠳᠠᠯᠭ᠎ᠠ ᠲᠠᠢ ᠠᠵᠢᠯ ᠤᠨ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠥᠷᠨᠢᠭᠦᠯᠦᠨ᠎ᠡ᠃ ︽ᠰᠢᠮᠳᠠᠭᠤᠯᠤᠨ ᠪᠠᠶᠢᠴᠠᠭᠠᠬᠤ + ᠬᠠᠷᠢᠭᠤ ᠰᠤᠷᠪᠤᠯᠵᠢᠯᠠᠬᠤ︾᠎  ᠠᠷᠭ᠎ᠠ ᠮᠠᠶ᠋ᠢᠭ ᠢ ᠠᠪᠴᠤ᠂ ᠰᠤᠷᠤᠭᠴᠢᠳ ᠤᠨ ᠠᠵᠢᠯ ᠣᠯᠤᠭᠰᠠᠨ ᠪᠠᠶᠢᠳᠠᠯ ᠢ ᠪᠠᠶᠢᠳᠠᠯ ᠢ ᠤᠶᠢᠯᠠᠭᠠᠨ ᠰᠤᠷᠪᠤᠯᠵᠢᠯᠠᠵᠤ᠂ ᠰᠤᠷᠭᠠᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠣᠷᠣᠯᠭ᠎ᠠ ᠶᠢᠨ ᠨᠡᠮᠡᠭᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠬᠥᠳᠡᠭᠡ᠂ ᠠᠵᠢᠯ ᠲᠦᠷᠦᠯ ᠪᠣᠯᠤᠨ ᠨᠡᠶᠢᠭᠡᠮ ᠤᠨ ᠪᠦᠷᠢᠯᠳᠦᠬᠦᠨ ᠤ ᠬᠤᠭᠤᠷᠣᠨᠳᠣᠬᠢ ᠣᠷᠣᠯᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠢᠨᠲ᠋ᠧᠷ ᠰᠦᠯᠵᠢᠶ᠎ᠡ ᠪᠠᠷ ᠠᠳᠠᠯ ᠦᠶᠯᠡᠰ ᠴᠣᠭᠴᠠᠯᠠᠨ ᠠᠵᠢᠯ ᠣᠯᠭᠤᠬᠤ ᠵᠠᠭᠪᠤᠷ ᠢ ᠢᠳᠡᠪᠬᠢᠲᠡᠶ ᠬᠥᠭᠵᠢᠭᠦᠯᠵᠦ᠂ ᠰᠢᠨ᠎ᠡ ᠨᠢᠭᠡ ᠦᠶ᠎ᠡ ᠶᠢᠨ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠤᠨᠴᠠᠯᠢᠭᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠴᠠᠬᠢᠮ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠳᠠᠯ ᠦᠶᠯᠡᠰ ᠴᠣᠭᠴᠠᠯᠠᠨ ᠠᠵᠢᠯ ᠣᠯᠭᠤᠬᠤ ᠶᠢ ᠠᠬᠢᠭᠤᠯᠤᠨ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠦᠨ᠎ᠡ᠃       ᠬᠤᠶᠠᠳᠤᠭᠠᠷ ᠬᠡᠰᠡᠭ ᠴᠢᠨᠠᠷ ᠰᠠᠶᠢᠲᠠᠢ ᠰᠤᠷᠭᠠᠨ ᠬᠥᠮᠥᠵᠢᠯ ᠤᠨ ᠰᠢᠰᠲ᠋ᠧᠮ ᠢ ᠪᠠᠶᠢᠭᠤᠯᠬᠤ ᠲᠤᠬᠠᠢ      ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 2 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠵᠢᠭᠦᠯᠵᠦ᠂ ᠰᠤᠷᠬᠤ ᠨᠠᠰᠤᠨ ᠤ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ ᠣᠷᠣᠬᠤ ᠨᠤᠷᠮ᠎ᠠ ᠶᠢ 97%᠎ ᠠᠴᠠ ᠳᠡᠭᠡᠭᠰᠢ ᠪᠠᠶᠢᠯᠭᠠᠵᠤ᠂ ᠬᠡᠦᠬᠡᠳ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ ᠶᠢ 99%᠎ ᠠᠴᠠ ᠳᠡᠭᠡᠭᠰᠢ ᠪᠠᠶᠢᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠪᠥᠭᠡᠳ ᠴᠢᠨᠠᠷ ᠰᠠᠶᠢᠲᠠᠶ ᠪᠠᠶᠢᠬᠤ ᠶᠢ ᠠᠬᠢᠭᠤᠯᠵᠤ᠂ ᠰᠤᠷᠭᠠᠭᠤᠯᠢ ᠶᠢᠨ ᠪᠠᠶᠢᠷᠢᠰᠢᠯ ᠢ ᠵᠦᠢ ᠵᠣᠬᠢᠰᠲᠠᠶ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ ᠲᠣᠬᠢᠷᠠᠭᠤᠯᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠨᠤᠷᠮ᠎ᠠ ᠶᠢ 100%᠎ ᠳᠤ ᠬᠦᠷᠭᠡᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 100%᠎ ᠳᠤ ᠬᠦᠷᠭᠡᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠣᠨᠴᠠᠯᠢᠬᠵᠢᠭᠤᠯᠤᠨ ᠣᠯᠠᠨ ᠶᠠᠩᠵᠤ ᠪᠠᠷ ᠬᠥᠭᠵᠢᠭᠦᠯᠬᠦ ᠶᠢ ᠵᠣᠷᠢᠭᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠣᠨᠴᠣᠭᠤᠶ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠵᠦ᠂ ᠵᠡᠮᠳᠡᠭ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠪᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠬᠤᠯᠠᠴᠢᠯᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃       ᠦᠨᠳᠦᠰᠦᠲᠡᠨ ᠤ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠵᠦᠶᠯ ᠤᠨ ᠲᠤᠰᠠᠯᠠᠮᠵᠢ ᠶᠢᠨ ᠪᠠᠯᠠ ᠮᠥᠩᠭᠦ ᠶᠢ ᠪᠠᠶᠢᠭᠤᠯᠤᠨ᠂ ᠣᠲᠣ ᠶᠢᠨ ᠪᠠᠶᠢᠭ᠎ᠠ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠬᠢᠴᠢᠶᠡᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠤ ᠣᠨᠴᠠᠯᠢᠭ ᠲᠠᠢ ᠰᠤᠷᠭᠠᠨ ᠬᠥᠮᠦᠵᠢᠯ ᠪᠠ ︽ᠬᠤᠤᠰ ᠬᠡᠯᠡ︾᠎ ᠎ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠠᠷᠭ᠎ᠠ ᠵᠠᠮ ᠢ ᠥᠷᠭᠡᠳᠬᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠵᠦ᠂ ᠤᠬᠠᠭᠤᠯᠭ᠎ᠠ ᠪᠠ ᠰᠤᠷᠭᠠᠯᠲᠠ ᠶᠢ ᠰᠠᠶᠢᠲᠤᠷ ᠬᠢᠨ᠎ᠡ᠃      ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠤᠯᠠᠨ ᠲᠦᠮᠡᠨᠴᠢ ᠪᠡᠶ᠎ᠡ ᠶᠢᠨ ᠪᠡᠶ᠎ᠡ ᠶᠢᠨ ᠲᠠᠮᠢᠷ ᠤᠨ ᠲᠥᠪ᠂ ᠪᠡᠶ᠎ᠡ ᠴᠢᠭᠢᠷᠠᠭᠵᠢᠭᠤᠯᠬᠤ ᠴᠡᠴᠡᠷᠯᠢᠭ ᠪᠣᠯᠤᠨ ᠪᠡᠶ᠎ᠡ ᠶᠢᠨ ᠲᠠᠮᠢᠷ ᠤᠨ ᠠᠭᠤᠳᠠᠮ ᠲᠠᠯᠠᠪᠠᠢ ᠵᠡᠷᠭᠡ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠺᠯᠦ᠋ᠪ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠪᠣᠯᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠥᠷᠳᠡᠭᠡ ︵ᠴᠢᠬ︶᠎  ᠵᠡᠷᠭᠡ ᠦᠨᠳᠦᠰᠦᠨ ᠱᠠᠲᠤᠨ  ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠥᠬᠦᠷᠵᠢᠭᠦᠯᠦᠯᠲᠡ ᠶᠢ ᠲᠦᠷᠭᠡᠳᠬᠡᠨ᠎ᠡ᠃ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠥᠷᠲᠡᠭᠡ ᠪᠠᠶᠢᠭᠤᠯᠵᠤ᠂ ᠪᠡᠶ᠎ᠡ ᠮᠠᠬᠠᠪᠣᠳ ᠢ ᠬᠢᠨᠠᠨ ᠬᠡᠮᠵᠢᠬᠦ ᠠᠵᠢᠯ ᠢ ᠨᠡᠮᠡᠭᠳᠡᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠎ᠡ᠃      ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ᠪᠠ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢᠨ ᠦᠨᠡᠨ ᠪᠣᠳᠠᠲᠠᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠵᠠᠷᠤᠳᠠᠯ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠬᠦᠷᠢᠶᠡᠨ ᠳᠤ ᠣᠷᠣᠰᠢᠵᠤ ᠪᠠᠶᠢᠭ᠎ᠠ ᠪᠠᠭᠰᠢ ᠵᠡᠷᠭᠡ ᠵᠥᠭᠡᠯᠡᠨ ᠣᠷᠴᠢᠨ ᠨᠥᠬᠦᠴᠡᠯ ᠤᠨ ᠠᠰᠠᠭᠤᠳᠠᠯ ᠳᠤ ᠴᠢᠭᠯᠡᠭᠦᠯᠦᠨ ᠂ ᠲᠤᠰᠬᠠᠶ ᠬᠡᠷᠡᠭ ᠵᠥᠪᠯᠡᠬᠦ ᠲᠣᠭᠲᠠᠴᠠ ᠶᠢ ᠪᠤᠢ ᠪᠣᠯᠭᠠᠵᠤ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠪᠠ ᠡᠩ ᠤᠨ ᠪᠠ ᠡᠩ ᠤᠨ ᠪᠠ ᠨᠡᠶᠢᠳᠡᠮ ᠤᠨ ᠬᠡᠷᠡᠭᠯᠡᠭᠡᠨ ᠤ᠂ ᠦᠶᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠪᠠ ᠠᠵᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ ᠲᠣᠭᠠᠴᠢᠯᠠᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠠᠬᠢ ᠰᠤᠷᠭᠠᠨ ᠬᠥᠮᠦᠵᠢᠯ ᠤᠨ ᠳᠠᠪᠠᠭᠤᠯᠢᠭ ᠢ ᠪᠠᠳᠠᠷᠠᠭᠤᠯᠤᠨ᠂ ᠲᠣᠭᠠᠴᠢᠯᠠᠭᠰᠠᠨ ᠰᠤᠷᠭᠠᠭᠤᠯᠢ ᠶᠢᠨ ᠬᠦᠷᠢᠶ᠎ᠡ᠂ ᠤᠶᠤᠨᠲᠤ ᠰᠤᠷᠭᠠᠭᠤᠯᠢ ᠶᠢᠨ ᠬᠦᠷᠢᠶ᠎ᠡ ᠪᠠᠶᠢᠭᠤᠯᠬᠤ ᠪᠠᠷ ᠴᠢᠷᠮᠠᠶᠢᠨ᠎ᠠ᠃ ᠠᠷᠠᠳ ᠎ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠨ ᠬᠥᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢ ᠵᠢᠷᠤᠮᠵᠢᠭᠤᠯᠤᠨ᠎ᠠ᠃       ᠭᠤᠷᠪᠠᠳᠤᠭᠠᠷ ᠬᠡᠰᠡᠭ ᠡᠷᠡᠭᠦᠯ ᠴᠢᠬᠢᠷᠠᠭ ᠠᠯᠠᠱᠠ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ      ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ᠂ ᠡᠬᠡ ᠨᠢᠯᠬᠠᠰ ᠤᠨ ᠡᠷᠡᠭᠦᠯᠵᠢᠯ᠂ ᠣᠶᠣᠨ ᠤ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠵᠠᠰᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠰᠬᠠᠶ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠬᠤ ᠶᠢ ᠲᠦᠭᠡᠮᠡᠯᠵᠢᠭᠦᠯᠬᠦ ᠴᠢᠨᠠᠷᠲᠠᠶ ᠮᠡᠳᠡᠯᠭᠡ ᠶᠢᠨ ᠰᠤᠷᠭᠠᠯᠲᠠ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ ᠵᠢᠴᠢ ᠬᠢᠨᠠᠨ ᠬᠡᠮᠵᠢᠵᠦ ᠰᠢᠶᠳᠪᠦᠷᠢᠯᠡᠬᠦ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠪᠠ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠡᠳ᠋ᠯᠡᠬᠦ ᠶᠢ ᠠᠬᠢᠭᠤᠯᠤᠨ᠎ᠠ᠃ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠣᠭᠤᠮᠲᠠ ᠶᠢ ᠠᠯᠬᠤᠮ ᠠᠯᠬᠤᠮ ᠢᠶᠠᠷ ᠤᠷᠤᠭᠰᠢ ᠰᠢᠯᠵᠢᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠪᠠ ᠴᠢᠳᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ ᠲᠣᠣᠷ ᠰᠦᠯᠵᠢᠶ᠎ᠡ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃      ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠤᠶᠠᠯᠳᠤᠭᠤᠯᠵᠤ ᠬᠠᠷᠢᠯᠴᠠᠨ ᠨᠥᠬᠦᠪᠥᠷᠢᠯᠡᠬᠦ ᠡᠮᠴᠢᠯᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 100%᠎ ᠳᠤ ᠬᠦᠷᠦᠭᠦᠯᠬᠦ ᠶᠢ ᠠᠬᠢᠭᠤᠯᠤᠨ᠎ᠠ᠃ ᠢᠨᠲ᠋ᠧᠷ ᠰᠦᠯᠵᠢᠶᠡᠨ ᠤ ᠡᠮᠴᠢᠯᠡᠭᠡ ᠶᠢ ᠭᠦᠨᠵᠡᠭᠡᠶᠢᠷᠡᠭᠦᠯᠵᠦ᠂ ᠠᠯᠤᠰ ᠵᠠᠶ ᠶᠢᠨ ᠡᠮᠴᠢᠯᠡᠭᠡᠨ ᠤ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠥᠷᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠵᠢᠯ ᠡᠷᠭᠢᠯᠡᠬᠦ ᠶᠡᠭᠡ ᠡᠮᠴᠢ ᠶᠢᠨ ᠰᠤᠷᠭᠠᠯᠲᠠ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢ ᠰᠤᠪᠢᠯᠠᠭᠴᠢᠳ ᠲᠤ ᠠᠯᠤᠰ ᠡᠵᠡᠮᠰᠢᠯᠲᠦ ᠰᠤᠷᠭᠠᠯᠲᠠ᠂ ᠠᠯᠤᠰ ᠡᠵᠡᠮᠰᠢᠯᠲᠦ ᠮᠡᠰᠡ ᠵᠠᠰᠠᠯ ᠤᠨ ᠦᠵᠡᠭᠦᠯᠦᠨ ᠵᠢᠭᠠᠬᠤ ᠵᠡᠷᠭᠡ ᠦᠶᠯᠡᠴᠢᠯᠡᠭᠡ ᠬᠠᠩᠭᠠᠨ᠎ᠠ᠃ ᠶᠡᠷᠦᠩᠬᠡᠶ ᠰᠠᠯᠠᠭᠠᠨ  ᠤ ᠡᠮᠴᠢ᠂ ᠲᠠᠷᠢᠶᠠᠯᠠᠬᠤ ᠮᠠᠯᠵᠢᠬᠤ ᠣᠷᠣᠨ  ᠤ ᠡᠮᠨᠡᠯᠭᠡ ᠶᠢᠨ ᠠᠵᠢᠯᠲᠠᠳ ᠢ ᠬᠥᠮᠦᠵᠢᠭᠦᠯᠬᠦ ᠶᠢ ᠴᠢᠩᠭᠠᠳᠬᠠᠨ᠂ ᠦᠨᠳᠦᠰᠦᠨ ᠱᠠᠲᠤᠨ  ᠤ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠵᠤ ᠢᠷᠡᠨ᠎ᠡ᠃ ᠬᠢᠲᠠᠳ ᠡᠮ ᠡᠮᠨᠡᠯᠭᠡ ︵᠎  ᠮᠣᠩᠭᠤᠯ ᠡᠮ ᠡᠮᠨᠡᠯᠭᠡ︶᠎ ᠎ ᠶᠢᠨ ᠦᠶᠯᠡᠰ ᠤᠨ ᠬᠥᠭᠵᠢᠯᠲᠡ ᠶᠢ ᠠᠬᠢᠭᠤᠯᠵᠤ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ︽ᠰᠠᠭᠠᠳ ᠥᠬᠡᠶ ᠨᠡᠪᠲᠡᠷᠡᠬᠦ ᠵᠠᠮ︾᠎ ᠎ ᠢ ᠬᠡᠷᠡᠭᠯᠡᠨ ᠴᠢᠳᠠᠪᠤᠷᠢᠲᠠᠨ ᠡᠯᠰᠡᠵᠦ᠂ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠲᠤᠰᠬᠠᠶ ᠡᠪᠡᠳᠴᠢᠨ ᠤ ᠲᠤᠰᠬᠠᠶ ᠰᠠᠯᠠᠭ᠎ᠠ ᠶᠢᠨ ᠪᠠᠶᠢᠭᠤᠯᠤᠯᠲᠠ ᠪᠠ ᠳᠣᠭᠢᠷᠠᠬᠤ ᠮᠡᠷᠭᠡᠵᠢᠯ ᠤᠨ ᠳᠡᠯᠭᠡᠷᠡᠭᠦᠯᠦᠯᠲᠡ ᠶᠢ ᠴᠢᠩᠭᠠᠳᠬᠠᠵᠤ᠂ ᠵᠢᠷᠤᠮᠵᠢᠭᠰᠠᠨ᠂ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠡᠷᠡᠭᠦᠯ ᠡᠩᠬᠡ ᠶᠢ ᠪᠣᠶ ᠪᠥᠬᠦᠶ ᠲᠥᠷᠥ ᠶᠢᠨ ᠪᠣᠳᠣᠯᠭ᠎ᠠ ᠳᠤ ᠤᠶᠠᠯᠳᠤᠭᠤᠯᠬᠤ︾᠎ ᠎ ᠶᠢ ᠪᠦᠲᠦᠮᠵᠢᠲᠡᠶ ᠬᠡᠷᠡᠭᠵᠢᠭᠦᠯᠵᠦ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠰ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠲᠦᠷᠭᠡᠳᠬᠡᠵᠦ᠂ ᠲᠠᠰ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ ᠡᠮᠴᠢᠯᠡᠭᠡ ᠶᠢ ᠴᠢᠩᠭᠠᠳᠬᠠᠨ᠎ᠠ᠃      ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠡᠮᠴᠢᠯᠡᠭᠡᠨ ᠤ ᠦᠶᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠬᠡᠷᠡᠭᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠴᠦᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠵᠢᠷᠤᠮᠵᠢᠭᠤᠯᠤᠨ ᠬᠥᠲᠥᠯᠥᠨ ᠵᠢᠯᠣᠭᠤᠳᠬᠤ ᠪᠠ ᠵᠣᠷᠢᠭᠵᠢᠭᠤᠯᠤᠨ ᠳᠡᠮᠵᠢᠨ᠎ᠡ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠪᠠᠷ ᠵᠣᠯᠭᠠᠭᠤᠯᠤᠨ᠎ᠠ᠃           ᠳᠥᠷᠪᠡᠳᠦᠭᠡᠷ ᠬᠡᠰᠡᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ       ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠠᠰ ᠳᠠᠪᠬᠤᠷᠭ᠎ᠠ ᠲᠥᠷᠥᠯ ᠬᠤᠪᠢᠶᠠᠬᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠦᠢᠯ ᠤᠨ ᠣᠨᠣᠪᠴᠢᠲᠠᠶ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ︾᠎  ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠥᠳᠡᠯᠦᠩᠭᠦᠢ ᠪᠠᠷ ᠬᠠᠮᠢᠶᠠᠷᠴᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠠᠰᠤᠲᠠᠶᠢᠴᠤᠤᠯ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠡᠷᠡᠭᠦᠯᠵᠢᠭᠦᠯᠬᠦ ᠨᠠᠶᠢᠳᠠᠨ ᠠᠰᠠᠷᠠᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠢ ᠬᠠᠪᠰᠤᠷᠤᠨ ᠲᠡᠳᠬᠦᠬᠦ ᠵᠡᠷᠭᠡ ᠨᠡᠶᠢᠭᠡᠮ ᠤᠨ ᠠᠰᠠᠷᠠᠮᠵᠢ ᠶᠢᠨ ᠳᠦᠷᠢᠮ ᠢ ᠲᠡᠭᠦᠯᠳᠡᠷᠵᠢᠭᠦᠯᠦᠨ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠲᠦᠷᠭᠡᠳᠬᠡᠨ᠂ ᠣᠷᠣᠰᠢᠭᠤᠯᠭ᠎ᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠢᠭᠦᠯᠡᠰᠦᠩᠭᠦᠶ ᠦᠢᠯᠡᠰ ᠢ ᠬᠥᠭᠵᠢᠭᠦᠯᠦᠨ᠂ ᠡᠨᠡᠷᠢᠩᠭᠦᠶ ᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠲᠡ ᠶᠢᠨ ᠠᠰᠠᠷᠠᠮᠵᠢ ᠶᠢᠨ ᠡᠨᠡᠷᠢᠩᠭᠦᠶ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ       ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠬᠤ ᠭᠦᠨ ᠵᠤᠵᠠᠭᠠᠨ ᠣᠷᠴᠢᠨ ᠨᠥᠬᠦᠴᠡᠯ ᠢ ᠪᠤᠢ ᠪᠣᠯᠭᠠᠵᠤ᠂ ᠴᠡᠷᠢᠭ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠯ ᠤᠨ ᠪᠠ ᠰᠠᠶᠢᠰᠢᠶᠠᠬᠤ᠂ ᠡᠷᠬᠡ ᠠᠰᠢᠭ ᠢ ᠬᠠᠮᠠᠭᠠᠯᠠᠬᠤ᠂ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃              ᠡᠮᠡᠭᠲᠡᠶᠢᠴᠦᠳ ᠬᠡᠦᠬᠡᠳ ᠤᠨ ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠲᠣᠪᠴᠢ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮᠡᠭᠲᠡᠶᠢᠴᠦᠳ ᠤᠨ ᠠᠵᠤ ᠠᠬᠤᠶ ᠨᠡᠶᠢᠭᠡᠮ ᠤᠨ ᠪᠠᠶᠢᠭᠤᠯᠤᠯᠲᠠ ᠳᠤ ᠡᠷᠬᠡ ᠲᠡᠭᠰᠢ ᠪᠠᠷ ᠣᠷᠣᠯᠴᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠡᠮᠡᠭᠲᠡᠶᠢᠴᠦᠳ ᠤᠨ ᠬᠥᠳᠡᠯᠮᠦᠷᠢ ᠶᠢᠨ ᠬᠠᠮᠠᠭᠠᠯᠠᠯᠲᠠ᠂ ᠨᠡᠶᠢᠭᠡᠮ ᠤᠨ ᠠᠰᠠᠷᠠᠮᠵᠢ᠂ ᠡᠷᠡᠭᠦᠯ ᠬᠠᠮᠠᠭᠠᠯᠠᠯ ᠡᠷᠡᠭᠦᠯᠵᠢᠯ᠂ ᠬᠥᠩᠭᠡᠵᠢᠯ ᠤᠨ ᠬᠠᠯᠠᠮᠵᠢᠯᠠᠯ᠂ ᠬᠠᠤᠯᠢ ᠴᠠᠭᠠᠵᠠ ᠶᠢᠨ ᠲᠤᠰᠠᠯᠠᠮᠵᠢ ᠶᠢ ᠴᠢᠩᠭᠠᠳᠬᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠪᠠ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠬᠡᠤᠬᠡᠳ ᠤᠨ ᠠᠵᠢᠯᠯᠠᠭ᠎ᠠ ᠶᠢᠨ ᠲᠥᠪ ᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠡᠮᠡᠭᠲᠡᠶᠢᠴᠦᠳ ᠬᠡᠤᠬᠡᠳ ᠢ ᠵᠣᠬᠢᠶᠠᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠬᠡᠷ ᠲᠡᠭᠡᠨ ᠬᠤᠴᠣᠷᠤᠭᠰᠠᠨ ᠡᠮᠡᠭᠲᠡᠶᠢᠴᠦᠳ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠡᠦᠬᠡᠳ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠵᠤ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠪᠦᠬᠦ ᠨᠡᠶᠢᠭᠡᠮ ᠤᠨ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ ᠠᠩᠬᠠᠨ ᠤ ᠰᠤᠷᠭᠠᠨ ᠬᠥᠮᠦᠵᠢᠯ ᠪᠠ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠦᠬᠡᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠨ᠎ᠠ᠃      ᠪᠣᠯᠪᠠᠰᠤᠨ ᠭᠡᠷ ᠪᠦᠯᠢ ᠶᠢ ᠪᠠᠶᠢᠭᠤᠯᠤᠨ᠎ᠠ᠃ ᠬᠦᠴᠢᠷᠳᠡᠯ ᠲᠠᠢ᠂ ᠭᠠᠭᠴᠠ ᠬᠡᠤᠬᠡᠳ ᠢᠶᠠᠨ ᠠᠯᠳᠠᠭᠰᠠᠨ᠂ ᠥᠷᠥᠭᠡᠰᠦᠨ ᠲᠥᠷᠥᠯ ᠤᠨ ᠣᠨᠴᠠ ᠬᠦᠴᠢᠷᠳᠡᠯ ᠲᠠᠢ᠂ ᠵᠡᠮᠳᠡᠭᠴᠦᠳ ᠵᠡᠷᠭᠡ ᠣᠨᠴᠣᠭᠤᠶ ᠬᠡᠷ ᠪᠦᠯᠢ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠠᠪᠤᠷᠠᠨ ᠲᠤᠰᠠᠯᠠᠬᠤ ᠦᠶᠯᠡᠴᠢᠯᠡᠭᠡ ᠶᠢ ᠴᠢᠩᠭᠠᠳᠬᠠᠵᠤ᠂ ᠬᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠵᠤ᠂ ᠬᠤᠲᠠ ᠬᠥᠳᠡᠭᠡ ᠶᠢ ᠬᠠᠮᠤᠷᠤᠭᠰᠠᠨ ᠬᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠡᠷ ᠪᠦᠯᠢ ᠶᠢᠨ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠬᠡᠷ ᠪᠦᠯᠢ ᠶᠢᠨ ᠦᠶᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠬᠡᠷ ᠪᠦᠯᠢ ᠶᠢᠨ ᠰᠤᠷᠭᠠᠨ ᠬᠥᠮᠦᠵᠢᠯ ᠬᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠶᠯᠡᠳᠦᠯ ᠢ ᠭᠦᠶᠴᠡᠳ ᠪᠠᠳᠠᠷᠠᠭᠤᠯᠤᠨ᠎ᠠ᠃       ᠲᠠᠪᠤᠳᠤᠭᠠᠷ ᠬᠡᠰᠡᠭ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ ᠲᠤᠬᠠᠢ      ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠬᠢᠭᠤᠯᠤᠯ ᠪᠣᠯᠭᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠯᠪᠠᠰᠤᠨ ᠬᠡᠪ ᠰᠤᠷᠲᠠᠯ᠂ ᠦᠢᠯᠡ ᠠᠵᠢᠯᠯᠠᠭ᠎ᠠ ᠶᠢᠨ ᠵᠢᠷᠤᠮᠵᠢᠯ ᠢ ᠪᠦᠷᠢᠯᠳᠦᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠠᠬᠢᠭᠤᠯᠤᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠳᠡᠪᠬᠢᠲᠡᠢ ᠪᠥᠭᠡᠳ ᠡᠷᠡᠭᠦᠯ ᠰᠦᠯᠵᠢᠶᠡᠨ ᠤ ᠰᠣᠶᠣᠯ ᠢ ᠬᠥᠭᠵᠢᠭᠦᠯᠦᠨ᠎ᠡ᠃      ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠢᠨ᠎ᠡ ᠪᠣᠯᠪᠠᠰᠤᠨ ᠤ ᠦᠢᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠢ ᠪᠠᠶᠢᠭᠤᠯᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠪᠠᠷ ᠦᠨᠳᠦᠰᠦᠨ ᠬᠡᠯᠪᠡᠷᠢ ᠪᠣᠯᠭᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠠᠵᠢᠯᠯᠠᠭᠠᠨ ᠤ ᠲᠣᠭᠲᠠᠴᠠ᠂ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾᠎  ᠠᠵᠢᠯ ᠤᠨ ᠲᠣᠭᠲᠠᠴᠠ᠂ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠥᠲᠥᠯᠥᠨ ᠵᠢᠯᠤᠭᠤᠳᠬᠤ ᠲᠣᠭᠲᠠᠴᠠ  ᠶᠢ ᠰᠠᠭᠠᠳ ᠦᠭᠡᠢ ᠨᠠᠪᠲᠠᠷᠡᠭᠦᠯᠵᠦ᠂ ᠠᠵᠢᠯᠲᠠᠨ ᠤ ᠡᠩᠨᠡᠭᠡ᠂ ᠲᠠᠪᠴᠠᠩ ᠤᠨ ᠠᠴᠢᠶᠠᠯᠠᠪᠤᠷᠢ᠂ ᠲᠥᠷᠥᠯ ᠵᠦᠢᠯ ᠤᠨ ᠠᠵᠢᠯᠯᠠᠭ᠎ᠠ ᠶᠢ ᠡᠮᠬᠢᠯᠡᠨ ᠨᠡᠶᠢᠯᠡᠭᠦᠯᠵᠦ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠰᠣᠶᠣᠯ ᠢᠶᠠᠷ ᠬᠥᠲᠥᠯᠥᠨ ᠳᠠᠭᠠᠭᠤᠯᠬᠤ᠂ ᠦᠢᠯᠡᠳᠦᠯᠭᠡ ᠪᠠᠷ ᠬᠥᠲᠥᠯᠥᠨ ᠳᠠᠭᠠᠭᠤᠯᠬᠤ ᠵᠡᠷᠭᠡ ᠣᠯᠠᠨ ᠵᠦᠢᠯ ᠤᠨ ᠬᠦᠴᠦᠨ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠳᠦᠯᠭᠡ ᠶᠢᠨ ᠲᠠᠪᠴᠠᠩ ᠢ ᠴᠢᠷᠮᠠᠶᠢᠨ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠦᠷ᠎ᠡ ᠪᠦᠲᠦᠮᠵᠢ ᠲᠠᠢ᠂ ᠨᠠᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ      ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠲᠣᠭᠠᠴᠢᠯᠠᠭᠰᠠᠨ ᠲᠤᠯᠭᠠᠭᠤᠷᠢᠯᠠᠬᠤ ᠲᠠᠪᠴᠠᠩ ᠢᠶᠠᠷ ᠲᠦᠰᠢᠭ ᠪᠣᠯᠭᠠᠵᠤ᠂ ᠣᠯᠠᠨ ᠲᠦᠮᠡᠨ ᠤ ᠤᠳᠬ᠎ᠠ ᠤᠷᠠᠯᠢᠭ ᠤᠨ ᠲᠣᠤᠷ ᠰᠦᠯᠵᠢᠶ᠎ᠡ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠣᠭᠠᠴᠢᠯᠠᠭᠰᠠᠨ ᠰᠣᠶᠣᠯ ᠤᠨ ᠣᠷᠳᠣᠨ᠂ ᠣᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ᠂ ᠠᠵᠢᠯᠯᠠᠭᠠᠨ ᠤ ᠲᠥᠷᠥᠯ ᠵᠦᠶᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠣᠯᠠᠨ ᠲᠦᠮᠡᠨ ᠤ ᠤᠳᠬ᠎ᠠ ᠤᠷᠠᠯᠢᠭ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠲᠠᠢ ᠤᠶᠠᠯᠳᠤᠭᠤᠯᠬᠤ ᠶᠢ ᠵᠣᠷᠢᠭᠵᠢᠭᠤᠯᠤᠨ ᠲᠡᠮᠵᠢᠵᠤ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠷᠬᠦᠴᠡ ᠶᠢᠨ ᠵᠠᠭᠪᠤᠷ ᠢ ᠪᠠᠶᠢᠭᠤᠯᠤᠨ᠎ᠠ᠃ ᠤᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠸᠠᠩ ᠤᠨ ᠣᠷᠳᠣᠨ ᠤ ᠮᠦᠽᠧᠶ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠷᠲᠡᠨ ᠤ ᠨᠣᠮ ᠪᠢᠴᠢᠭ ᠤᠨ ᠬᠠᠮᠠᠭᠠᠯᠠᠯᠲᠠ ᠶᠢᠨ ᠲᠥᠪ ᠢ ᠰᠦᠪᠡᠭᠴᠢᠯᠡᠨ ᠪᠠᠶᠢᠭᠤᠯᠵᠤ᠂ ᠡᠷᠲᠡᠨ ᠤ ᠨᠣᠮ ᠪᠢᠴᠢᠭ ᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠂ ᠣᠷᠣᠨ ᠨᠤᠲᠤᠭ ᠤᠨ ᠲᠤᠯᠭᠤᠷ ᠪᠢᠴᠢᠭ ᠲᠤ ᠲᠣᠭᠠᠴᠢᠯᠠᠭᠰᠠᠨ ᠬᠠᠮᠢᠶᠠᠷᠤᠯᠲᠠ ᠶᠠᠪᠤᠭᠤᠯᠤᠨ᠎ᠠ᠃ ᠸᠠᠩ ᠤᠨ ᠣᠷᠳᠣᠨ ᠤ ᠮᠦᠽᠧᠶ᠂ ᠳᠠᠪᠤᠰᠤᠨ ᠤ ᠰᠣᠶᠣᠯ ᠤᠨ ᠮᠦᠽᠧᠶ᠂ ᠡᠯᠡᠰᠦᠨ ᠴᠥᠯ ᠤᠨ ᠬᠠᠴᠢᠨ ᠴᠢᠯᠠᠭᠤᠨ ᠤ ᠰᠣᠶᠣᠯ ᠤᠨ ᠠᠵᠤ ᠦᠶᠯᠡᠰ ᠤᠨ ᠬᠦᠷᠢᠶᠡᠯᠡᠩ ᠵᠡᠷᠭᠡ ᠡᠯ᠎ᠡ ᠲᠥᠷᠥᠯ ᠤᠨ ᠲᠠᠯᠠᠪᠠᠶ ᠣᠷᠳᠣᠨ᠂ ᠰᠣᠶᠣᠯ ᠤᠨ ᠡᠭᠦᠳᠦᠯᠲᠡ ᠶᠢᠨ ᠬᠦᠷᠢᠶᠡᠯᠡᠩ ᠲᠣᠭᠤᠷᠢᠭ ᠤᠨ ︽ᠡᠭᠦᠯᠡᠨ ᠦᠵᠡᠭᠦᠯᠦᠯᠭᠡ︾᠎  ︽ᠡᠭᠦᠯᠡᠨ ᠰᠣᠨᠢᠷᠬᠠᠯ ᠤᠨ ᠤᠷᠠᠯᠢᠭ︾᠎  ︽ᠡᠭᠦᠯᠡᠨ ᠰᠣᠶᠣᠯ ᠤᠨ ᠡᠭᠦᠳᠦᠯᠲᠡ︾᠎  ᠵᠡᠷᠭᠡ ᠠᠵᠢᠯ ᠲᠥᠷᠥᠯ ᠤᠨ ᠣᠨᠴᠠᠯᠢᠭ ᠲᠠᠢ ᠂ ᠲᠠᠯᠠᠪᠠᠶ ᠣᠷᠳᠣᠨ ᠤ ᠣᠨᠴᠠᠯᠢᠭ ᠲᠠᠢ ᠪᠥᠬᠦ ᠦᠵᠡᠮᠵᠢ ᠶᠢᠨ ᠰᠦᠯᠵᠢᠶᠡᠨ ᠳᠠᠬᠢ ᠦᠶᠯᠡᠳᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠡᠯᠪᠡᠭ ᠪᠠᠶᠠᠯᠢᠭ᠂ ᠲᠥᠪᠯᠡᠷᠡᠩᠭᠦᠶ᠂ ᠳᠥᠭᠦᠮ ᠳᠥᠲᠡ᠂ ᠥᠨᠳᠥᠷ ᠦᠷ᠎ᠡ ᠪᠦᠲᠦᠮᠵᠢ ᠲᠠᠢ ᠰᠣᠶᠣᠯ ᠤᠨ ᠵᠢᠭᠤᠯᠴᠢᠯᠠᠯ ᠤᠨ ᠦᠶᠯᠡᠴᠢᠯᠡᠭᠡᠨ ᠤ ᠬᠠᠷᠢᠯᠴᠠᠨ ᠣᠶᠢᠯᠠᠭᠠᠯᠴᠠᠬᠤ ᠶᠢ ᠬᠠᠩᠭᠠᠨ᠎ᠠ᠃      ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠬ᠎ᠠ ᠤᠷᠠᠯᠢᠭ ᠤᠨ ᠤᠯᠠᠮᠵᠢᠯᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠ ᠥᠷᠭᠡᠳᠬᠡᠵᠦ᠂ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠎ ᠎ ᠶᠢ ᠵᠡᠷᠭᠡᠪᠡᠷ ᠴᠡᠴᠡᠭᠯᠡᠭᠦᠯᠦᠨ ᠬᠥᠭᠵᠢᠭᠦᠯᠬᠦ ᠶᠢ ᠪᠡᠶᠡᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠰᠤᠷᠭᠠᠯᠲᠠ ᠶᠢᠨ ᠲᠢᠩᠬᠢᠮ ᠢ ᠪᠠᠶᠢᠭᠤᠯᠵᠤ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠨᠢᠭᠡ ᠪᠦᠯᠦᠭ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠴᠢᠷᠮᠠᠶᠢᠨ ᠭᠠᠷᠭᠠᠨ᠎ᠠ᠃      ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ ᠰᠡᠯᠪᠢᠨ ᠵᠠᠰᠠᠬᠤ ᠪᠠ ᠤᠨᠴᠠᠯᠢᠭᠳᠤ ᠦᠵᠡᠭᠦᠯᠦᠯᠭᠡ ᠵᠡᠷᠭᠡ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠣᠳᠠᠰ ᠤᠨ ᠰᠣᠶᠣᠯ ᠤᠨ ᠥᠪ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠨ᠎ᠠ᠃               ᠵᠢᠷᠭᠤᠳᠤᠭᠠᠷ ᠬᠡᠰᠡᠭ ᠬᠥᠮᠥᠨ ᠠᠮᠠ ᠶᠢᠨ ᠨᠠᠰᠤᠵᠢᠯ ᠲᠠᠢ ᠬᠤᠯᠪᠣᠭᠳᠠᠬᠤ ᠢ ᠢᠳᠡᠪᠬᠢᠲᠡᠢ ᠪᠠᠷ ᠠᠷᠭᠠᠴᠠᠭᠠᠬᠤ ᠲᠤᠬᠠᠢ      ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠪᠠᠲᠤᠯᠠᠨ᠎ᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠷᠢ ᠰᠠᠭᠤᠷᠢ ᠶᠢ ᠲᠤᠪᠤᠶᠢᠯᠭᠠᠵᠤ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ᠂ ᠶᠠᠳᠠᠭᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠬᠠᠮᠲᠤᠪᠠᠷ ᠡᠳ᠋ᠯᠡᠬᠦ ᠬᠥᠭᠵᠢᠯᠲᠡ ᠶᠢ ᠪᠠᠲᠤᠯᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠬᠥᠮᠦᠨ ᠠᠮᠠ ᠶᠢ ᠣᠷᠳᠣ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠭᠦᠯᠬᠦ ᠠᠷᠭ᠎ᠠ ᠪᠣᠳᠣᠯᠭ᠎ᠠ ᠶᠢ ᠲᠣᠭᠲᠠᠭᠠᠵᠤ᠂ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠬᠥᠩᠭᠡᠵᠢᠯ ᠤᠨ ᠲᠥᠷᠥ ᠶᠢᠨ ᠪᠣᠳᠣᠯᠭ᠎ᠠ ᠶᠢᠨ ᠪᠠᠭᠲᠠᠭᠠᠮᠵᠢᠲᠤ ᠴᠢᠨᠠᠷ ᠢ ᠴᠢᠩᠭᠠᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠪᠠ ᠬᠥᠩᠭᠡᠵᠢᠯ ᠤᠨ ᠬᠥᠩᠭᠡᠵᠢᠯ ᠤᠨ ᠡᠷᠡᠭᠦᠯ ᠮᠡᠨᠳᠦ ᠶᠢᠨ ᠦᠶᠯᠡᠴᠢᠯᠡᠭᠡ ᠶᠢ ᠰᠠᠶᠢᠲᠤᠷ ᠬᠢᠵᠦ᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠣᠷᠤᠭ ᠤᠨ ᠪᠠᠶᠢᠴᠠᠭᠠᠯᠲᠠ᠂ ᠵᠢᠷᠮᠦᠰᠦᠨ ᠤ ᠪᠠᠶᠢᠴᠠᠭᠠᠯᠲᠠ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ ᠨᠢᠷᠠᠶ ᠬᠡᠤᠬᠡᠳ ᠢ ᠰᠢᠭᠰᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠦᠷᠦᠭᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠯᠪᠠᠨ ᠎ ᠠᠴᠠ ᠡᠷᠭᠢᠯᠡᠭᠰᠡᠨ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠶᠢ ᠰᠦᠪᠡᠭᠴᠢᠯᠡᠵᠦ᠂ ᠨᠡᠶᠢᠭᠡᠮ ᠤᠨ ᠬᠦᠴᠦᠨ ᠤ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ᠎ᠠ᠃ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠡᠷᠴᠢᠮᠲᠡᠢ ᠬᠡᠷᠡᠭᠵᠢᠭᠦᠯᠵᠦ᠂ ᠵᠠᠯᠠᠭᠤᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠲᠠᠪᠴᠠᠩ ᠢ ᠪᠠᠶᠢᠭᠤᠯᠵᠤ᠂ ᠵᠠᠯᠠᠭᠤᠴᠤᠳ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠯᠠᠭᠤᠴᠤᠳ ᠤᠨ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠢᠨᠵᠧᠨᠧᠷᠢᠩ ᠪᠣᠯᠤᠨ ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠠᠬᠢᠭᠤᠯᠤᠨ᠎ᠠ᠃ ᠬᠥᠮᠦᠨ ᠠᠮᠠ ᠶᠢᠨ ᠰᠠᠭᠤᠷᠢ ᠳ᠋ᠠᠶᠢᠲ᠋ᠠ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ ᠠᠰᠢᠭᠯᠠᠨ᠂ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠵᠦ᠂ ᠬᠥᠮᠦᠨ ᠠᠮᠠ ᠶᠢᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠬᠥᠮᠦᠨ ᠠᠮᠠ ᠬᠢᠭᠡᠳ ᠬᠥᠭᠵᠢᠯᠲᠡ ᠶᠢᠨ ᠶᠡᠷᠦᠩᠬᠡᠶᠢᠯᠡᠭᠰᠡᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃       ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠵᠣᠬᠢᠴᠠᠯᠳᠤᠨ ᠬᠥᠭᠵᠢᠬᠦ ᠶᠢ ᠠᠬᠢᠭᠤᠯᠵᠤ᠂ ᠰᠤᠮᠤ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠬᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠭᠦᠢᠴᠡᠳ ᠬᠥᠭᠵᠢᠭᠰᠡᠨ᠂ ᠡᠮᠴᠢᠯᠡᠭᠡ ᠰᠤᠪᠢᠯᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠪᠦᠲᠦᠨ᠂ ᠣᠷᠣᠵᠤ ᠰᠠᠭᠤᠬᠤ ᠬᠦᠰᠡᠯ ᠲᠠᠢ ᠣᠨᠴᠠ ᠬᠦᠴᠢᠷᠳᠡᠯᠲᠡᠶ ᠬᠥᠮᠦᠰ ᠢ ᠪᠦᠬᠦᠨ ᠢ ᠲᠥᠪᠯᠡᠷᠡᠭᠦᠯᠦᠨ ᠠᠰᠠᠷᠠᠨ ᠲᠡᠵᠢᠭᠡᠬᠦ ᠶᠢ ᠦᠨᠡᠨᠬᠦ ᠪᠠᠲᠤᠯᠠᠨ᠎ᠠ᠃ ᠨᠠᠰᠣᠵᠢᠯ ᠤᠨ ᠦᠢᠯᠡᠴᠢᠯᠡᠬᠡᠨ ᠤ ᠳᠡᠪᠴᠠᠩ ᠤᠨ ᠦᠢᠯᠡᠳᠣᠯ ᠢ ᠪᠠᠳᠡᠷᠡᠭᠤᠯᠵᠦ᠂ ᠨᠠᠰᠣᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠶᠢ ᠴᠢᠩᠭᠠᠳᠬᠠᠨ᠂ ᠳᠦᠭᠡᠮᠡᠯ ᠨᠠᠰᠣᠵᠢᠯ ᠤᠨ ᠬᠤᠳᠡ ᠠᠵᠦ ᠠᠬᠤᠶᠢᠯᠠᠯ ᠬᠠᠮᠳᠣᠷᠡᠨ ᠬᠦᠳᠡᠯᠥᠯᠴᠡᠬᠦ᠂ ᠳᠥᠭᠡᠮᠡᠯ ᠬᠠᠷᠡᠭᠠᠯᠵᠠᠯ ᠦᠵᠡᠬᠦᠯᠵᠦ ᠬᠦᠮᠦᠵᠢᠯ ᠬᠦᠷᠲᠡᠭᠡᠬᠦ ᠲᠣᠰᠬᠠᠢ ᠠᠵᠢᠯᠯᠠᠭ᠎ᠠ ᠶᠢ ᠦᠷᠨᠢᠬᠦᠯᠵᠦ᠂ ᠠᠯᠪᠠᠨ ᠠᠴᠠ ᠡᠷᠬᠢᠯᠡᠭᠰᠡᠨ ᠨᠠᠰᠣᠵᠢᠯ ᠤᠨ ᠪᠠᠶᠢᠭᠤᠯᠥᠮᠵᠢ ᠶᠢᠨ ᠦᠢᠯᠡᠴᠢᠯᠡᠬᠡᠨ ᠤ ᠴᠢᠳᠡᠪᠦᠷᠢ ᠶᠢ ᠳᠡᠭᠡᠭᠰᠢᠯᠡᠬᠦᠯᠵᠦ᠂ ᠨᠡᠶᠢᠭᠡᠮ ᠤᠨ ᠬᠦᠴᠣᠨ ᠢ ᠳᠡᠳᠡᠵᠦ ᠪᠠᠶᠢᠭᠠᠳ ᠨᠡᠶᠢᠲᠡ ᠶᠢᠨ ᠠᠰᠠᠷᠡᠮᠵᠢ ᠶᠢᠨ ᠴᠢᠨᠡᠷᠳᠡᠢ ᠪᠦᠳᠦᠭᠡᠨ ᠪᠠᠶᠢᠭᠤᠯᠥᠯᠳᠡ ᠳᠤ ᠣᠷᠣᠯᠴᠠᠭᠤᠯᠥᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠲᠥᠪ ᠢ ᠪᠠᠶᠢᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠪᠦᠲᠦᠮᠵᠢᠲᠡᠶ ᠤᠶᠠᠯᠳᠤᠭᠤᠯᠵᠤ᠂ ᠬᠡᠷ ᠲᠡᠭᠡᠨ ᠰᠠᠭᠤᠵᠤ ᠪᠠᠶᠢᠭ᠎ᠠ ︽ᠬᠡᠶᠢᠰᠪᠦᠷᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ︾᠎ ᠂ ︽ᠢᠨᠲ᠋ᠧᠷ ᠰᠦᠯᠵᠢᠶᠡᠨ ᠤ ᠨᠠᠰᠤᠵᠢᠯ ᠤᠨ ᠠᠰᠠᠷᠠᠮᠵᠢ︾᠎ ᠎ ᠶᠢᠨ ᠬᠤᠳᠠᠯᠳᠤᠭᠠᠨ ᠤ ᠳᠠᠭᠠᠳᠬᠠᠯ ᠵᠡᠷᠭᠡ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠳᠤ ᠤᠷᠤᠭᠰᠠᠨ ᠤ ᠱᠠᠩᠨᠠᠯ᠂ ᠣᠨᠴᠠ ᠠᠵᠢᠯ ᠤᠨ ᠪᠠᠶᠢᠷᠢ ᠶᠢᠨ ᠨᠦᠬᠦᠪᠦᠷᠢ ᠵᠡᠷᠭᠡ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢᠨ ᠠᠵᠢᠯ ᠮᠡᠷᠭᠡᠵᠢᠯ ᠲᠠᠢ ᠳᠠᠪᠰᠢᠬᠤ ᠶᠢ ᠶᠡᠬᠡᠪᠡᠷ ᠠᠬᠢᠭᠤᠯᠤᠨ᠎ᠠ᠃       ᠲᠤᠰᠬᠠᠢ ᠪᠤᠯᠤᠩ 10᠄  ᠨᠡᠶᠢᠬᠡᠮ ᠤᠨ ᠪᠠᠳᠤᠯᠠᠭ᠎ᠠ ᠶᠢᠨ ᠭᠤᠤᠯᠳᠠᠯᠭ᠎ᠠ ᠲᠠᠢ ᠢᠨᠵᠧᠨᠧᠷᠢᠩ       ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠄  ᠨᠢᠯᠬ᠎ᠠ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ 3 ᠨᠠᠰᠤᠨ ᠎ ᠠᠴᠠ ᠳᠣᠷᠣᠭᠰᠢᠬᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠣᠯᠠᠨ ᠡᠰᠢᠵᠢᠭᠦᠯᠦᠨ ᠠᠬᠢᠭᠤᠯᠵᠤ᠂ ᠬᠡᠤᠬᠡᠳ ᠰᠠᠭᠠᠲᠠᠭᠤᠯᠬᠤ ᠦᠶᠯᠡᠴᠢᠯᠡᠭᠡᠨ ᠤ ᠲᠥᠷᠥᠯ ᠵᠦᠶᠯ ᠢ ᠬᠡᠷᠡᠭᠵᠢᠭᠦᠯᠦᠨ᠎ᠡ᠃      ᠰᠠᠭᠤᠷᠢ ᠰᠤᠷᠭᠠᠨ ᠬᠥᠮᠦᠵᠢᠯ᠄  ᠠᠯᠪᠠᠨ ᠎ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠶᠡᠬᠡᠪᠡᠷ ᠤᠷᠤᠭᠰᠢ ᠠᠬᠢᠭᠤᠯᠵᠤ᠂ ᠣᠷᠣᠨ ᠰᠠᠭᠤᠴᠠ ᠶᠢᠨ ᠬᠤᠷᠢᠶᠠᠯᠠᠯ ᠤᠨ ᠢᠵᠢ ᠪᠥᠷᠢᠳᠦᠭᠰᠡᠨ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠷᠤᠭᠰᠢ ᠠᠬᠢᠭᠤᠯᠵᠤ᠂ 3 ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠰᠠᠶᠢᠵᠢᠷᠠᠭᠤᠯᠤᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 1 ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠤᠯᠠᠨ ᠪᠤᠯᠠᠭ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠣᠮ ᠪᠢᠴᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠬᠦᠨᠳᠦ ᠬᠥᠩᠭᠡᠨ ᠲᠠᠮᠢᠷ ᠤᠨ ᠲᠠᠯᠠᠪᠤᠷ ᠵᠡᠷᠭᠡ ᠶᠢ ᠥᠭᠡᠷᠡᠴᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃      ᠡᠮᠴᠢᠯᠡᠭᠡ ᠡᠷᠡᠭᠦᠯ ᠬᠠᠮᠠᠭᠠᠯᠠᠯ᠄  ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠮᠡᠭᠲᠡᠶᠢᠴᠦᠳ ᠪᠠ ᠬᠡᠤᠬᠡᠳ ᠤᠨ ᠰᠠᠯᠠᠭᠠᠨ ᠤ ᠡᠪᠡᠳᠴᠢᠲᠡᠨ ᠤ ᠲᠣᠭᠤᠷᠢᠭ ᠢᠶᠠᠷ ᠭᠤᠤᠯᠳᠠᠯᠭ᠎ᠠ ᠪᠣᠯᠭᠠᠨ᠂ ᠡᠮᠡᠭᠲᠡᠶᠢᠴᠦᠳ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠥᠭᠡᠷᠡᠴᠢᠯᠡᠨ ᠪᠠᠶᠢᠭᠤᠯᠬᠤ ᠶᠢ ᠳᠡᠮᠵᠢᠵᠦ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠪᠤᠷᠠᠨ ᠵᠠᠰᠠᠬᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠦᠯᠵᠡᠶ ᠶᠢᠨ ᠬᠤᠪᠢᠶᠠᠷᠢ ᠬᠤᠷᠢᠶ᠎ᠠ᠂ ᠵᠢᠷᠠᠲᠠᠢ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠥᠭᠡᠷᠡᠴᠢᠯᠡᠨ ᠪᠠᠶᠢᠭᠤᠯᠬᠤ᠂ ᠵᠢᠷᠠᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠵᠡᠷᠭᠡ ᠲᠥᠷᠥᠯ ᠵᠦᠶᠯ ᠢ ᠳᠡᠮᠵᠢᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠵᠦᠢᠯᠡᠰ ᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠵᠡᠭᠦᠨ ᠬᠤᠲᠠ ᠶᠢᠨ ᠪᠦᠰᠡ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠡᠷᠲᠡᠶ ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠵᠢᠷᠠᠲᠠᠢ ᠶᠢᠨ ᠮᠣᠩᠭᠤᠯ ᠡᠮᠨᠡᠯᠭᠡ ᠶᠢᠨ ᠲᠥᠪ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠥᠯᠵᠡᠢ ᠪᠣᠭᠤᠮᠲᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠡᠯ᠎ᠡ ᠰᠤᠮᠤ ᠪᠠᠯᠭᠠᠰᠤ ︵᠎  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ︶᠎ ᠎ ᠳᠤ 1 ᠰᠠᠭᠤᠷᠢ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠬᠤᠷᠢᠶ᠎ᠠ ︵᠎  ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ︶᠎  ᠪᠠᠶᠢᠭᠤᠯᠬᠤ ᠪᠠᠷ ᠴᠢᠷᠮᠠᠶᠢᠨ᠎ᠠ᠃      ᠨᠠᠰᠤᠵᠢᠯ ᠤᠨ ᠦᠶᠯᠡᠴᠢᠯᠡᠭᠡ᠄  ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠰᠤᠵᠢᠯ ᠤᠨ ᠠᠰᠠᠷᠠᠮᠵᠢ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ᠂ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ᠂ ᠤᠨᠳᠤᠷᠤᠯᠲᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠵᠡᠷᠭᠡ ᠲᠥᠷᠥᠯ ᠵᠦᠶᠯ ᠢ ᠪᠠᠶᠢᠭᠤᠯᠤᠨ᠎ᠠ             ᠳᠣᠯᠤᠳᠤᠭᠠᠷ ᠬᠡᠰᠡᠭ ᠬᠤᠲᠠ ᠬᠦᠳᠡᠭᠡ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ ᠲᠤᠬᠠᠢ      ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠳᠦᠭᠡᠨ ᠬᠤᠳᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠶᠢᠨ ᠭᠡᠷ ᠬᠤᠷᠢᠶᠠᠯᠠᠯ ᠪᠠ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠣᠷᠣᠨ ᠰᠠᠭᠤᠴᠠ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠰᠢᠭ ᠬᠤᠨᠵᠢᠪᠣᠷᠢ ᠶᠢᠨ ᠪᠤᠰᠤ ᠪᠠᠶᠢᠭᠤᠯᠤᠮᠵᠢ᠂ ᠠᠵᠤ ᠠᠬᠤᠶᠢᠯᠠᠯ ᠪᠠ ᠪᠤᠰᠤᠳ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠯᠴᠠᠬᠤ ᠪᠠᠶᠢᠭᠤᠯᠤᠯ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠦᠢᠯᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠦᠭᠡᠢ ᠠᠵᠢᠯᠳᠠᠨ ᠠᠵᠢᠯᠴᠢᠨ᠂ ᠬᠤᠳᠠ ᠪᠠᠯᠭᠠᠰᠤᠨ ᠤ ᠲᠣᠭᠲᠠᠪᠤᠷᠢᠲᠠᠶ ᠠᠵᠢᠯ ᠣᠯᠭᠤᠯᠲᠠ ᠶᠢᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ᠂ ᠰᠠᠭᠤᠬᠤ ᠠᠴᠠ ᠠᠮᠤᠷ ᠲᠦᠪᠰᠢᠨ ᠪᠠᠶᠢᠬᠤ ᠶᠢ ᠪᠡᠶᠡᠯᠡᠭᠦᠯᠦᠨ᠎ᠡ᠃      ᠲᠠᠷᠢᠶᠠᠯᠠᠬᠤ ᠮᠠᠯᠵᠢᠬᠤ ᠣᠷᠣᠨ  ᠤ ᠣᠷᠣᠨ ᠰᠠᠭᠤᠴᠠ ᠬᠢᠭᠡᠳ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢ ᠤᠶᠠᠯᠳᠤᠭᠤᠯᠬᠤ ᠪᠠᠷ ᠬᠠᠷᠠᠯᠲᠠ ᠪᠣᠯᠭᠠᠵᠤ᠂ ᠭᠤᠣᠯᠳᠠᠯᠭ᠎ᠠ ᠲᠠᠢ ᠵᠠᠮ ᠱᠤᠭᠤᠮ ᠤᠨ ᠪᠠᠶᠢᠷᠢᠰᠢᠭᠤᠯᠤᠯ ᠢ ᠲᠦᠷᠭᠡᠳᠬᠡᠨ᠂ ᠵᠠᠮ ᠳᠠᠭᠠᠤ ᠶᠢᠨ ᠭᠠᠴᠠᠭ᠎ᠠ ᠲᠣᠰᠬᠤᠨ ᠎ ᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠲᠡᠭᠡᠳ ᠤᠨ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ᠃       ᠨᠠᠢᠮᠠᠳᠤᠭᠠᠷ ᠪᠦᠯᠦᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ       ︽ᠮᠠᠯ ᠠᠵᠤ ᠠᠬᠤᠢ ᠲᠠᠷᠢᠶᠠᠯᠠᠩ᠂ ᠮᠠᠯ ᠠᠵᠤ ᠠᠬᠤᠢ᠂ ᠮᠠᠯᠴᠢᠨ ᠲᠠᠷᠢᠶᠠᠴᠢᠨ︾᠎ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠪᠠ ᠰᠡᠯᠡᠭᠦᠴᠡᠯ ᠤᠨ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠦᠨ᠎ᠡ᠃ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ ᠬᠥᠳᠡᠭᠡ ᠶᠢᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠬᠥᠭᠵᠢᠯᠲᠡ ᠶᠢ ᠴᠢᠩᠭᠠᠳᠬᠠᠵᠤ᠂ ᠪᠠᠶᠠᠨ ᠪᠦᠷᠢᠳᠦ ᠶᠢᠨ ᠠᠮᠢ ᠠᠬᠤᠶ ᠪᠠᠷ ᠲᠦᠰᠢᠭ ᠪᠣᠯᠭᠠᠵᠤ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠣᠬᠢᠷᠲᠤᠯ ᠦᠭᠡᠶ ᠡᠷᠬᠢᠯᠳᠡᠳᠦ ᠲᠠᠷᠢᠶᠠᠯᠠᠩ ᠢᠶᠠᠷ ᠰᠠᠭᠤᠷᠢ ᠪᠣᠯᠭᠠᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠭᠤᠯᠴᠢᠯᠠᠯ ᠢᠶᠠᠷ ᠬᠥᠳᠡᠯᠭᠡᠭᠦᠷ ᠪᠣᠯᠭᠠᠵᠤ᠂ ᠳᠡᠭᠡᠳᠦ ᠳᠡᠰ ᠤᠨ ᠪᠣᠬᠢᠷᠲᠤᠯ ᠦᠭᠡᠶ᠂ ᠣᠷᠭᠠᠨᠢᠭ ᠲᠠᠷᠢᠶᠠᠯᠠᠩ ᠢᠶᠠᠷ ᠣᠨᠴᠠᠯᠢᠭ ᠪᠣᠯᠭᠠᠵᠤ᠂ ᠰᠤᠮᠤ ᠪᠠᠯᠭᠠᠰᠤ ᠶᠢᠨ ᠣᠯᠠᠨ ᠡᠰᠢᠲᠦ ᠭᠠᠵᠠᠷ ᠣᠷᠣᠨ ᠤ ᠰᠣᠶᠣᠯ ᠢ ᠭᠦᠨᠵᠡᠭᠡᠶ ᠠᠭᠤᠳᠠᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠡᠯᠡᠭᠦᠴᠡᠨ ᠲᠣᠭᠤᠷᠢᠵᠤ ᠲᠡᠭᠦᠬᠦ᠂ ᠲᠠᠷᠢᠶᠠᠨ ᠭᠠᠵᠠᠷ ᠮᠠᠯᠵᠢᠯ ᠤᠨ ᠲᠠᠯᠠᠪᠠᠶ ᠵᠡᠷᠭᠡ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠦᠶᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠬᠵᠢᠭᠰᠠᠨ᠂ ᠠᠵᠤ ᠦᠶᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠦᠨ᠎ᠡ᠃       ᠨᠢᠭᠡᠳᠦᠭᠡᠷ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ      ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠰᠢᠰᠲ᠋ᠧᠮᠵᠢ ᠳᠤ ᠲᠣᠬᠢᠷᠠᠭᠤᠯᠤᠯᠲᠠ ᠬᠢᠵᠦ᠂ ᠠᠮᠢ ᠠᠬᠤᠶ ᠳᠤ ᠨᠥᠬᠦᠷᠰᠡᠭ᠂ ᠪᠦᠲᠦᠴᠡ ᠶᠢ ᠰᠢᠯᠢᠳᠡᠭᠵᠢᠭᠦᠯᠬᠦ᠂ ᠦᠷ᠎ᠡ ᠠᠰᠢᠭ ᠢᠶᠠᠷ ᠲᠣᠪᠤᠶᠢᠮ᠎ᠠ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠦᠨ᠎ᠡ᠃ ᠪᠠᠷᠠᠭᠤᠨ ᠪᠡᠯ᠂ ᠵᠢᠷᠠᠲᠠᠢ᠂ ᠤᠨᠳᠤᠷᠤᠯᠲᠤ᠂ ᠤᠯᠠᠨᠪᠤᠯᠠᠭ ᠵᠡᠷᠭᠡ ᠰᠤᠮᠤ ᠪᠠᠯᠭᠠᠰᠤ ᠳᠤ ᠤᠨᠴᠠᠯᠢᠬᠳᠤ ᠡᠭᠦᠯᠳᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠪᠣᠯᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠰᠤᠮᠤ ᠪᠠᠯᠭᠠᠰᠤ ᠪᠠᠷ ᠭᠤᠤᠯ ᠪᠣᠯᠭᠠᠵᠤ᠂ ᠭᠠᠴᠠᠭ᠎ᠠ ᠲᠣᠰᠬᠤᠨ ᠤ ᠠᠵᠤ ᠠᠬᠤᠶ ᠶᠢᠨ ᠰᠠᠭᠤᠷᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠷᠰᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ᠂ ᠠᠵᠤ ᠦᠶᠯᠡᠰ ᠤᠨ ᠲᠥᠷᠥᠯ ᠵᠦᠶᠯ ᠢ ᠨᠢᠭᠡᠳᠦᠯᠲᠡᠶ ᠲᠥᠯᠥᠪᠵᠢᠭᠦᠯᠵᠦ᠂ ᠬᠥᠳᠡᠭᠡ ᠲᠣᠰᠬᠤᠨ ᠤ ᠠᠵᠤ ᠦᠶᠯᠡᠰ ᠤᠨ ᠡᠮᠬᠢ ᠵᠢᠷᠤᠮ ᠲᠠᠢ ᠪᠠᠷ ᠲᠥᠪᠯᠡᠷᠡᠨ ᠬᠥᠭᠵᠢᠬᠦ ᠶᠢ ᠵᠦᠶ ᠵᠣᠬᠢᠰᠲᠠᠶ ᠬᠥᠲᠥᠯᠦᠨ ᠵᠢᠯᠣᠭᠤᠳᠤᠨ᠎ᠠ᠃      ᠠᠮᠤ ᠪᠤᠳᠠᠭ᠎ᠠ ᠶᠢ ᠭᠠᠵᠠᠷ ᠰᠢᠷᠣᠶ ᠳᠤ ᠲᠦᠰᠢᠭᠯᠡᠬᠦ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠠᠷᠢᠮᠲᠠᠯᠠᠵᠤ᠂ ᠦᠨᠳᠦᠰᠦᠨ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠵᠡᠷᠭᠡ ᠳᠡᠰ ᠪᠠ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃      ᠲᠠᠷᠢᠶᠠᠨ ᠭᠠᠵᠠᠷ ᠢ ᠥᠨᠵᠢᠭᠦᠯᠦᠨ ᠲᠠᠷᠢᠬᠤ ᠡᠭᠡᠯᠵᠢᠯᠡᠨ ᠲᠠᠷᠢᠬᠤ ᠳᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠤᠶᠤᠨᠲᠤ ᠲᠠᠷᠢᠶᠠᠯᠠᠩ ᠤᠨ ᠢᠨᠵᠧᠨᠧᠷᠢᠩ ᠢ ᠬᠡᠷᠡᠭᠵᠢᠭᠦᠯᠵᠦ᠂ ᠤᠶᠤᠨᠲᠤ ᠬᠦᠯᠡᠮᠵᠢ ᠶᠢᠨ ᠠᠵᠤ ᠦᠢᠯᠡᠳᠪᠦᠷᠢᠵᠢᠭᠦᠯᠦᠨ ᠪᠤᠶᠢᠵᠢᠭᠤᠯᠬᠤ ᠵᠡᠷᠭᠡ ᠵᠦᠢᠯᠡᠰ ᠢ ᠣᠷᠣᠭᠤᠯᠤᠨ ᠠᠪᠴᠢᠷᠠᠨ᠎ᠠ᠃      ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠣᠷᠴᠢᠯ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠦᠭᠡᠢ ᠪᠠᠷ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠪᠠᠷᠢᠮᠲᠠᠯᠠᠵᠤ᠂ ᠤᠰᠤ ᠠᠷᠪᠢᠯᠠᠬᠤ ᠥᠨᠳᠥᠷ ᠦᠷ᠎ᠡ ᠠᠰᠢᠭ ᠲᠠᠢ ᠲᠠᠷᠢᠶᠠᠯᠠᠩ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢ ᠵᠣᠬᠢᠰᠲᠠᠶ ᠬᠥᠭᠵᠢᠭᠦᠯᠵᠦ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠢ ᠬᠦᠴᠦᠷᠬᠡᠭᠵᠢᠭᠦᠯᠵᠦ᠂ ᠡᠯᠡᠰᠦᠨ ᠤ ᠤᠷᠭᠤᠮᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠬᠡᠲᠦ ᠭᠠᠩ ᠬᠠᠭᠤᠷᠠᠶ ᠭᠠᠵᠠᠷ ᠣᠷᠣᠨ ᠤ ᠠᠮᠢ ᠠᠬᠤᠶ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ ᠡᠯᠡᠰᠦᠨ ᠤ ᠠᠮᠢ ᠠᠬᠤᠶ ᠶᠢᠨ ᠠᠵᠤ ᠦᠶᠯᠡᠰ ᠢᠶᠠᠷ ᠰᠠᠭᠤᠷᠢ ᠪᠣᠯᠭᠠᠨ ᠤᠯᠤᠰ ᠤᠨ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠢ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃      ᠠᠳᠤᠭᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠡᠮᠡᠭᠡᠯ ᠤᠨ ᠮᠦᠽᠧᠶ᠂ ᠮᠣᠷᠢᠨ ᠤ ᠵᠣᠭᠳᠣᠷ ᠤᠨ ᠣᠷᠢᠶᠠᠮᠠᠭ ᠢᠶᠠᠷ ᠲᠠᠩᠺᠠ ᠮᠦᠽᠧᠶ ᠶᠢ ᠡᠮᠬᠢᠯᠡᠨ ᠨᠡᠶᠢᠯᠡᠭᠦᠯᠵᠦ᠂ ᠮᠣᠷᠢᠨ ᠤ ᠰᠣᠶᠣᠯ ᠤᠨ ᠮᠦᠽᠧᠶ ᠶᠢ ᠪᠠᠶᠢᠭᠤᠯᠤᠨ᠂ ᠮᠣᠷᠢᠨ ᠤ ᠰᠣᠶᠣᠯ ᠢ ᠤᠯᠠᠮᠵᠢᠯᠠᠨ ᠪᠠᠳᠠᠷᠠᠭᠤᠯᠤᠨ᠎ᠠ᠃ ᠠᠳᠤᠭᠤᠨ ᠤ ᠰᠣᠶᠣᠯ ᠤᠨ ᠰᠤᠳᠤᠯᠤᠨ ᠶᠠᠷᠢᠯᠴᠠᠬᠤ ᠬᠤᠷᠠᠯ ᠢ ᠥᠷᠨᠢᠭᠦᠯᠵᠦ᠂ ᠠᠳᠤᠭᠤᠨ ᠤ ᠰᠣᠶᠣᠯ ᠤᠨ ᠣᠷᠳᠣ ᠬᠤᠩᠭᠢᠯ ᠢ ᠴᠣᠭᠴᠠᠯᠠᠨ᠂ ᠠᠳᠤᠭᠤᠨ ᠤ ᠰᠣᠶᠣᠯ ᠤᠨ ᠨᠠᠭᠠᠳᠤᠮ ᠪᠠ ᠰᠣᠳᠣᠨ ᠠᠳᠤᠭᠤᠨ ᠤ ᠰᠣᠶᠣᠯ ᠤᠨ ᠨᠠᠶᠢᠷ ᠢ ᠡᠷᠭᠢᠯᠡᠵᠦ᠂ ᠮᠣᠩᠭᠤᠯ ᠠᠳᠤᠭᠤᠨ ᠤ ᠰᠢᠷᠢᠰ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠠᠳᠤᠭᠤᠨ ᠤ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ      ᠲᠡᠮᠡᠭᠡᠨ  ᠤ ᠠᠵᠤ ᠦᠢᠯᠡᠰ ᠤᠨ ᠬᠥᠭᠵᠢᠯᠲᠡ ᠶᠢ ᠪᠤᠵᠠᠭᠠᠶᠢᠷᠠᠭᠤᠯᠤᠨ᠎ᠠ᠃ ᠠᠯᠠᠱᠠ ᠶᠢᠨ ᠬᠤᠣᠰ ᠪᠥᠬᠦᠲᠦ ᠲᠡᠮᠡᠭᠡᠨ ᠤ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠡᠮᠡᠭᠡᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ  ᠶᠢ ᠠᠬᠢᠭᠤᠯᠵᠤ᠂ ᠲᠡᠮᠡᠭᠡᠨ ᠤ ᠪᠦᠲᠦᠭᠡᠭᠳᠡᠬᠦᠨ ᠤ ᠡᠮ ᠳᠤ ᠬᠡᠷᠡᠭᠯᠡᠬᠦ ᠴᠢᠳᠠᠮᠵᠢ ᠶᠢᠨ ᠰᠤᠳᠤᠯᠭᠠᠨ ᠢ ᠴᠢᠩᠭᠠᠳᠬᠠᠵᠤ᠂ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ ᠨᠠᠷᠢᠯᠢᠭ ᠣᠨᠣᠴᠠᠲᠠᠶ ᠪᠠᠷ ᠤᠶᠠᠯᠳᠤᠭᠤᠯᠵᠤ᠂ ᠲᠡᠮᠡᠭᠡᠨ ᠤ ᠰᠢᠨ᠎ᠡ ᠰᠦ᠂ ᠲᠡᠮᠡᠭᠡᠨ ᠮᠢᠬᠠᠨ ᠤ ᠭᠦᠦᠠᠨᠲ᠋ᠧᠦ᠂ ᠡᠷᠡᠭᠦᠯᠵᠢᠯ ᠤᠨ ᠡᠳ᠋᠂ ᠭᠤᠶᠣᠯᠠᠯ ᠤᠨ ᠡᠳ᠋᠂ ᠨᠡᠬᠡᠮᠡᠯ ᠤᠨ ᠵᠦᠶᠯ ᠵᠡᠷᠭᠡ ᠰᠦ ᠮᠢᠬ᠎ᠠ ᠨᠣᠯᠦᠦᠷ ᠤᠨ ᠰᠢᠷᠢᠰ ᠦᠶᠯᠡᠳᠬᠦᠨ ᠢ ᠨᠠᠷᠢᠯᠢᠭ ᠭᠦᠨᠵᠡᠭᠡᠶ ᠡᠳ᠋ᠰᠢᠭᠦᠯᠦᠨ ᠪᠣᠯᠪᠠᠰᠤᠷᠠᠭᠤᠯᠵᠤ᠂ ᠦᠶᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠢᠳᠤᠷᠭᠠᠨ ᠪᠦᠲᠦᠭᠡᠭᠳᠡᠬᠦᠨ᠂ ᠬᠥᠲᠥᠴᠢ ᠠᠵᠤ ᠠᠬᠤᠶᠢᠯᠠᠯ᠂ ᠳᠠᠭᠠᠭᠤᠯᠤᠭᠴᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠮᠣᠩᠭᠤᠯ ᠤᠯᠤᠰ ᠪᠠ ᠨᠢᠩᠰᠢᠶᠠ᠂ ᠭᠠᠨᠰᠦ ᠵᠡᠷᠭᠡ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠭᠠᠳᠠᠭᠰᠢ ᠪᠣᠷᠣᠯᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠲᠦᠢᠯ ᠢ ᠪᠣᠶ ᠪᠣᠯᠭᠠᠬᠤ ᠶᠢ ᠠᠬᠢᠭᠤᠯᠤᠨ᠎ᠠ᠃ ᠠᠯᠠᠱᠠ ᠶᠢᠨ ᠲᠡᠮᠡᠭᠡᠨ ᠤ ᠰᠣᠶᠣᠯ ᠢ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠶᠯᠡᠰ᠂ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠯᠦᠭᠡ ᠭᠦᠨᠵᠡᠭᠡᠶ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ ᠲᠡᠮᠡᠭᠡᠨ ᠤ ᠠᠵᠤ ᠦᠶᠯᠡᠰ ᠢ ᠪᠤᠵᠠᠭᠠᠶᠢᠷᠠᠭᠤᠯᠤᠨ ᠨᠠᠷᠢᠯᠢᠬᠵᠢᠭᠤᠯᠵᠤ ᠬᠦᠴᠦᠷᠬᠡᠭᠵᠢᠭᠦᠯᠦᠨ᠎ᠡ᠃      ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠵᠢᠭᠤᠯᠴᠢᠯᠠᠯ᠂ ᠠᠮᠢ ᠠᠬᠤᠶ ᠶᠢᠨ ᠳᠠᠷᠢᠵᠤ ᠲᠡᠵᠢᠭᠡᠨ ᠦᠷᠡᠵᠢᠭᠦᠯᠬᠦ᠂ ᠠᠷᠠᠳ ᠤᠨ ᠵᠠᠩ ᠳᠠᠳᠬᠠᠯ ᠢ ᠣᠶᠢᠯᠠᠭᠠᠬᠤ ᠵᠡᠷᠭᠡ ᠠᠷᠠᠳ ᠢ ᠴᠢᠨᠡᠭᠡᠯᠢᠭᠵᠢᠭᠦᠯᠬᠦ ᠠᠵᠤ ᠦᠶᠯᠡᠰ ᠢ ᠬᠥᠭᠵᠢᠭᠦᠯᠵᠦ᠂ ᠠᠮᠢ ᠠᠬᠤᠶ ᠶᠢᠨ ᠪᠠᠶᠢᠭᠠᠯᠢ ᠶᠢᠨ ᠰᠤᠷᠭᠠᠨ ᠬᠥᠮᠦᠵᠢᠯ᠂ ᠠᠮᠢ ᠠᠬᠤᠶ ᠶᠢᠨ ᠵᠢᠭᠤᠯᠴᠢᠯᠠᠯ ᠣᠷᠣᠨ ᠰᠠᠭᠤᠴᠠ ᠶᠢᠨ ᠡᠷᠡᠭᠦᠯᠵᠢᠯ ᠰᠤᠪᠢᠯᠠᠯᠲᠠ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠶ᠂ ᠰᠣᠳᠣᠨ ᠠᠷᠠᠳ ᠤᠨ ᠣᠷᠣᠨ ᠰᠠᠭᠤᠴᠠ ᠶᠢ ᠠᠭᠤᠰᠤᠯᠳᠤᠭᠤᠯᠤᠭᠰᠠᠨ ᠬᠠᠮ ᠴᠢᠳᠠᠮᠵᠢᠳᠤ ᠣᠷᠣᠨ ᠢ ᠪᠥᠲᠥᠭᠡᠨ ᠪᠠᠶᠢᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ᠂ ᠡᠷᠭᠢᠯᠳᠦᠭᠦᠯᠦᠨ ᠬᠥᠭᠵᠢᠭᠦᠯᠦᠭᠰᠡᠨ ᠤᠯᠤᠰ ᠤᠨ ᠬᠥᠳᠡᠭᠡ ᠲᠣᠰᠬᠤᠨ ᠤ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠵᠤ᠂ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠪᠠᠶᠠᠯᠢᠭᠵᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃       ᠨᠡᠷᠡᠲᠦ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠶ ᠶᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ᠂ ᠣᠨᠴᠠᠯᠢᠭᠲᠤ ᠠᠵᠤ ᠦᠢᠯᠡᠰ ᠤᠨ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠬᠦ ᠶᠢ ᠴᠢᠩᠭᠠᠳᠬᠠᠨ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠪᠠ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭ ᠢ ᠢᠳᠡᠪᠬᠢᠲᠡᠶ ᠪᠠᠷ ᠪᠤᠶᠢᠵᠢᠭᠤᠯᠵᠤ᠂ ᠠᠯᠠᠱᠠ ᠵᠡᠭᠦᠨ ᠬᠤᠰᠢᠭᠤᠨ ᠤ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠢ ᠪᠦᠷᠢᠯᠳᠦᠭᠦᠯᠦᠨ᠎ᠡ᠃       ︽ᠢᠨᠲ᠋ᠧᠷ ᠰᠦᠯᠵᠢᠶ᠎ᠡ + ᠲᠠᠷᠢᠶᠠᠯᠠᠩ ᠮᠠᠯ ᠠᠵᠤ ᠠᠬᠤᠶ︾᠎ ᠎ ᠶᠢᠨ ᠢᠨᠵᠧᠨᠧᠷᠢᠩ ᠢ ᠭᠦᠨᠵᠡᠭᠡᠶ ᠠᠬᠢᠭᠤᠯᠤᠨ᠎ᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ︾᠎ ᠎ ᠶᠢ ᠠᠭᠤᠰᠤᠯᠴᠠᠭᠤᠯᠤᠭᠰᠠᠨ ᠡᠵᠡᠩᠨᠡᠨ ᠪᠣᠷᠣᠯᠠᠭᠤᠯᠬᠤ ᠵᠠᠭᠪᠤᠷ ᠢ ᠭᠦᠶᠴᠡᠳ ᠠᠰᠢᠭᠯᠠᠨ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ᠂ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠴᠠᠬᠢᠮ ᠬᠤᠳᠠᠯᠳᠤᠭᠠᠨ ᠤ ᠲᠠᠪᠴᠠᠩ᠂ ᠰᠦᠯᠵᠢᠶᠡᠨ ᠳᠤ ᠤᠯᠠᠶᠢᠵᠤ ᠮᠡᠷᠭᠡᠰᠢᠭᠰᠡᠨ ᠬᠥᠮᠦᠰ ᠢ ᠲᠦᠷᠭᠡᠳᠬᠡᠨ ᠪᠤᠶᠢᠵᠢᠭᠤᠯᠵᠤ᠂ ᠴᠠᠬᠢᠮ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠠᠬᠢᠭᠤᠯᠤᠨ᠎ᠠ᠃             ᠬᠤᠶᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠢ      ᠬᠤᠳᠠ ᠬᠥᠳᠡᠭᠡ ᠶᠢᠨ ᠣᠷᠣᠨ ᠵᠠᠶ ᠶᠢᠨ ᠠᠭᠤᠰᠤᠯᠴᠠᠨ ᠨᠥᠬᠦᠴᠡᠯᠳᠦᠬᠦ ᠶᠢ ᠲᠦᠯᠬᠢᠨ ᠬᠤᠲᠠ ᠬᠥᠳᠡᠭᠡ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠪᠠᠶᠠᠨᠬᠤᠲᠠ᠂ ᠣᠯᠠᠨᠪᠤᠯᠠᠭ᠂ ᠪᠠᠷᠠᠭᠤᠨ ᠪᠡᠯ᠂ ᠵᠢᠷᠠᠲᠠᠢ ᠵᠡᠷᠭᠡ ᠭᠤᠤᠯ ᠪᠣᠯᠬᠤ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠳᠤ ᠦᠶᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠥᠲᠥᠭᠡᠨ ᠪᠠᠶᠢᠭᠤᠯᠤᠨ᠎ᠠ᠃      ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠪᠠ ᠵᠢᠷᠤᠭ ᠲᠥᠯᠥᠪᠯᠡᠭᠡ ᠪᠠᠷ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠲᠥᠯᠥᠪᠵᠢᠭᠦᠯᠦᠨ ᠵᠢᠷᠤᠭᠯᠠᠨ ᠲᠥᠯᠥᠪᠯᠡᠬᠦ ᠶᠢ ᠴᠢᠩᠭᠠᠳᠬᠠᠨ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠥᠳᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠬᠤ ᠮᠠᠯᠵᠢᠬᠤ ᠣᠷᠣᠨ ᠎ ᠤ ᠤᠯᠠᠮᠵᠢᠯᠠᠯᠲᠤ ᠠᠶᠢᠯ ᠲᠣᠰᠬᠤᠨ ᠪᠣᠯᠤᠨ ᠬᠥᠳᠡᠭᠡ ᠲᠣᠰᠬᠤᠨ  ᠤ ᠳᠦᠷᠰᠦ ᠪᠠᠶᠢᠳᠠᠯ ᠢ ᠰᠠᠶᠢᠲᠤᠷ ᠬᠠᠮᠠᠭᠠᠯᠠᠵᠤ᠂ ᠠᠶᠢᠯ ᠲᠣᠰᠬᠤᠨ  ᠤ ᠲᠥᠯᠥᠪᠵᠢᠭᠦᠯᠭᠡ ᠶᠢᠨ ᠠᠵᠢᠯ ᠢ ᠲᠦᠷᠭᠡᠳᠬᠡᠨ᠂ ︽ᠨᠢᠭᠡ ᠭᠠᠴᠠᠭ᠎ᠠ ᠲᠣᠰᠬᠤᠨ ᠳᠤ ᠨᠢᠭᠡ ᠲᠥᠯᠥᠪᠵᠢᠭᠦᠯᠭᠡ᠂ ᠨᠢᠭᠡ ᠭᠠᠴᠠᠭ᠎ᠠ ᠲᠣᠰᠬᠤᠨ ᠳᠤ ᠨᠢᠭᠡ ᠲᠥᠷᠥ ᠶᠢᠨ ᠪᠤᠳᠤᠯᠭ᠎ᠠ︾᠎ ᠎ ᠶᠢᠨ ᠵᠦᠷᠢᠶᠡᠴᠢᠯᠡᠭᠰᠡᠨ ᠬᠥᠭᠵᠢᠯᠲᠡ ᠶᠢ ᠲᠥᠯᠬᠢᠨ ᠠᠬᠢᠭᠤᠯᠤᠨ᠎ᠠ᠃      ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠤᠰᠤ᠂ ᠴᠠᠬᠢᠯᠭᠠᠨ᠂ ᠵᠠᠮ᠂ ᠬᠡᠶ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠶᠯᠭᠡᠭᠡᠨ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠵᠣᠯ ᠵᠢᠷᠭᠠᠯᠲᠤ ᠬᠡᠷ ᠣᠷᠣᠨ ᠢ ᠪᠥᠲᠥᠭᠡᠨ ᠪᠠᠶᠢᠭᠤᠯᠤᠨ᠎ᠠ᠃      ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ ᠃ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ᠶᠢ ᠠᠬᠢᠭᠤᠯᠵᠤ᠂ ︽ᠵᠣᠷᠯᠣᠩ ᠤᠨ ᠰᠢᠨᠡᠴᠢᠯᠡᠯᠲᠡ︾᠎ ᠎ ᠶᠢ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ︽ᠭᠤᠷᠪᠠᠨ ᠲᠥᠷᠥᠯ ᠤᠨ ᠨᠡᠶᠢᠯᠡᠯ︾᠎ ᠎ ᠢ ᠠᠬᠢᠭᠤᠯᠤᠨ᠎ᠠ᠃      ᠰᠣᠶᠣᠯ ᠪᠠ ᠴᠢᠳᠠᠪᠤᠷᠢᠲᠠᠨ ᠤ ᠬᠥᠭᠵᠢᠯ ᠮᠠᠨᠳᠤᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠯᠠᠨ ᠵᠦᠶᠯ ᠤᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠤᠲᠤᠭ ᠲᠠᠭᠠᠨ ᠪᠤᠴᠠᠭᠰᠠᠨ᠂ ᠨᠤᠲᠤᠭ ᠲᠠᠭᠠᠨ ᠪᠤᠴᠠᠭᠰᠠᠨ᠂ ᠨᠤᠲᠤᠭ ᠲᠠᠭᠠᠨ ᠣᠴᠢᠭᠰᠠᠨ ᠴᠢᠳᠠᠪᠤᠷᠢᠲᠠᠨ ᠢ ᠴᠤᠭᠯᠠᠷᠠᠭᠤᠯᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ︽ᠲᠠᠷᠢᠶᠠᠯᠠᠩ ᠳᠤ ᠳᠤᠷᠠᠲᠠᠶ᠂ ᠰᠢᠨᠵᠢᠯᠡᠬᠦ ᠤᠬᠠᠭᠠᠨ ᠮᠡᠷᠭᠡᠵᠢᠯ ᠢ ᠣᠶᠢᠯᠠᠭᠠᠬᠤ᠂ ᠡᠵᠡᠩᠨᠡᠬᠦ ᠳᠡᠭᠡᠨ ᠴᠢᠳᠠᠮᠠᠭᠠᠶ︾᠎  ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃           ᠭᠤᠷᠪᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠲᠤᠬᠠᠢ            ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠲᠦᠷᠢᠮ ᠢ ᠪᠠᠬᠢᠵᠢᠭᠦᠯᠵᠦ᠂ ᠬᠤᠲᠠ ᠬᠥᠳᠡᠭᠡ ᠶᠢᠨ ᠴᠢᠬᠤᠯᠠ ᠬᠦᠴᠦᠨ ᠵᠦᠶᠯ ᠢ ᠡᠷᠬᠡ ᠲᠡᠭᠰᠢ ᠪᠠᠷ ᠰᠣᠯᠢᠯᠴᠠᠬᠤ᠂ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃      ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠵᠢᠷᠤᠮᠵᠢᠭᠤᠯᠤᠨ ᠡᠷᠭᠢᠯᠳᠦᠭᠦᠯᠬᠦ ᠶᠢ ᠬᠥᠲᠥᠯᠦᠨ ᠵᠢᠯᠣᠭᠤᠳᠴᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ︾᠎  ᠲᠣᠭᠲᠠᠴᠠ ᠶᠢᠨ ᠰᠢᠨ᠎ᠡ ᠶᠢ ᠡᠭᠦᠳᠴᠦ᠂ ︽ᠺᠣᠮᠫᠠᠨᠢ + ᠰᠠᠭᠤᠷᠢᠨ ᠭᠠᠵᠠᠷ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾᠎ ᠎ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠎ᠡ᠃      ᠬᠤᠳᠠ ᠬᠥᠳᠡᠭᠡ ᠶᠢᠨ ᠨᠢᠭᠡᠳᠦᠯᠲᠡᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ᠃ ᠭᠠᠵᠠᠷ ᠰᠢᠷᠣᠶ ᠶᠢ ᠲᠠᠲᠠᠪᠤᠷᠢᠯᠠᠬᠤ ᠳᠤ ᠣᠯᠠᠨ ᠨᠡᠶᠢᠲᠡ ᠶᠢᠨ ᠠᠰᠢᠭ ᠲᠤᠰᠠ ᠶᠢᠨ ᠭᠠᠵᠠᠷ ᠬᠡᠷᠡᠭᠯᠡᠬᠦ ᠶᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢ ᠲᠠᠲᠠᠪᠤᠷᠢᠯᠠᠬᠤ ᠬᠡᠪᠴᠢᠶ᠎ᠡ ᠶᠢ ᠪᠠᠭᠠᠰᠬᠠᠨ᠎ᠠ᠃ ᠣᠷᠣᠨ ᠰᠠᠭᠤᠴᠠ ᠶᠢᠨ ᠭᠠᠵᠠᠷ ᠤᠨ ᠥᠮᠴᠢᠯᠡᠬᠦ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢ ᠰᠠᠯᠭᠠᠨ ᠳᠣᠭᠢᠷᠠᠭᠤᠯᠬᠤ ᠶᠢ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠤᠲᠠ ᠣᠷᠣᠵᠤ ᠡᠷᠦᠬᠡ ᠠᠮᠠ ᠪᠠᠨ ᠣᠷᠣᠭᠤᠯᠤᠭᠰᠠᠨ ᠮᠠᠯᠴᠢᠨ ᠲᠠᠷᠢᠶᠠᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠮᠠᠭᠠᠯᠠᠵᠤ᠂ ᠬᠤᠲᠠ ᠤᠷᠤᠭᠰᠠᠨ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃      ᠲᠠᠷᠢᠶᠠᠯᠠᠬᠤ ᠮᠠᠯᠵᠢᠬᠤ ᠣᠷᠣᠨ  ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠣᠳᠠᠲᠤ ᠬᠦᠴᠦᠨ ᠢ ᠪᠠᠬᠢᠵᠢᠭᠦᠯᠦᠨ ᠪᠤᠵᠠᠭᠠᠶᠢᠷᠠᠭᠤᠯᠵᠤ᠂ ᠨᠠᠩ ᠣᠯᠠᠨ ᠨᠠᠩ ᠰᠠᠶᠢᠨ ᠣᠯᠠᠨ ᠨᠡᠶᠢᠲᠡ ᠶᠢᠨ ᠦᠶᠯᠡᠴᠢᠯᠡᠭᠡ ᠪᠠ ᠠᠵᠤ ᠦᠶᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠢ ᠬᠠᠩᠭᠠᠨ᠎ᠠ᠃ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠳᠠᠷᠢᠵᠤ ᠲᠡᠵᠢᠭᠡᠬᠦ ᠦᠶᠯᠡᠰ ᠤᠨ ᠬᠡᠪᠴᠢᠶ᠎ᠡ ᠶᠢ ᠥᠷᠭᠡᠳᠬᠡᠨ ᠂ ᠨᠥᠬᠦᠴᠡᠯ ᠤᠨ ᠳᠠᠪᠠᠭᠤᠯᠢᠭ ᠢᠶᠠᠷ ᠢᠯᠡᠷᠬᠡᠶ ᠭᠠᠴᠠᠭ᠎ᠠ ᠲᠣᠰᠬᠤᠨ ᠤ ᠬᠠᠮᠵᠢᠯᠴᠠᠨ ᠠᠵᠢᠯᠯᠠᠵᠤ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ᠃      ᠲᠠᠷᠢᠶᠠᠯᠠᠬᠤ ᠮᠠᠯᠵᠢᠬᠤ ᠣᠷᠣᠨ  ᠤ ᠮᠥᠩᠭᠦᠨ ᠭᠦᠢᠯᠭᠡᠭᠡᠨ  ᠤ ᠦᠢᠯᠡᠴᠢᠯᠡᠭᠡᠨ  ᠤ ᠰᠢᠰᠲ᠋ᠧᠮᠵᠢ ᠶᠢ ᠪᠥᠷᠢᠨᠰᠢᠬᠦᠯᠥᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠶᠯᠭᠡᠭᠡᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠲᠦᠭᠰᠢᠭᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠤᠤᠰ ᠪᠥᠬᠦᠲᠦ ᠲᠡᠮᠡᠭᠡ᠂ ᠴᠠᠭᠠᠨ ᠨᠣᠯᠦᠦᠷ ᠤᠨ ᠢᠮᠠᠭ᠎ᠠ ᠵᠡᠷᠭᠡ ᠳᠠᠪᠠᠭᠤᠯᠢᠭ ᠮᠠᠯ ᠤᠨ ᠡᠭᠦᠯᠳᠡᠷ ᠤᠨ ᠳᠠᠭᠠᠳᠬᠠᠯ ᠢ ᠠᠬᠢᠭᠤᠯᠵᠤ᠂ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃      ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂      ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠠᠭᠠᠭᠤᠯᠤᠭᠴᠢ ᠶᠢᠨ ᠡᠩᠨᠡᠭᠡ ᠶᠢ ᠪᠦᠬᠦᠯᠢ ᠴᠣᠭᠴᠠ ᠪᠠᠷ ᠎ ᠨᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠤ ᠥᠪᠡᠷᠲᠡᠭᠡᠨ ᠵᠠᠰᠠᠬᠤ ᠪᠠ ᠬᠠᠤᠯᠢ ᠪᠠᠷ ᠵᠠᠰᠠᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠠᠷᠠᠳᠴᠢᠯᠠᠯ ᠢ ᠲᠡᠭᠦᠯᠳᠡᠷᠵᠢᠭᠦᠯᠦᠨ᠂ ᠪᠥᠬᠦ ᠲᠠᠯ᠎ᠠ ᠪᠠᠷ ᠠᠬᠢᠭᠤᠯᠤᠨ᠎ᠠ      ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠶᠠᠪᠤᠳᠠᠯ ᠢ ᠢᠯᠡ ᠪᠣᠯᠭᠠᠵᠤ︾᠎ ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠬᠠᠤᠯᠢ ᠪᠠᠷ ᠵᠠᠰᠠᠬᠤ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃             ᠳᠥᠷᠪᠡᠳᠦᠭᠡᠷ ᠬᠡᠰᠡᠭ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠦᠷ᠎ᠡ ᠪᠦᠲᠦᠭᠡᠯ ᠢ ᠤᠯᠠᠮ ᠪᠠᠬᠢᠵᠢᠭᠦᠯᠬᠦ ᠲᠤᠬᠠᠢ      ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠦᠷᠢᠨᠰᠢᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠳᠤ ᠪᠠᠶᠢᠩᠭᠤ ᠶᠢᠨ ᠬᠢᠨᠠᠨ ᠬᠡᠮᠵᠢᠯᠲᠡ ᠬᠢᠵᠦ᠂ ᠲᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠤᠯᠠᠨ ᠲᠠᠯ᠎ᠠ ᠶᠢᠨ ᠬᠢᠨ ᠣᠷᠣᠯᠴᠠᠬᠤ᠂ ᠬᠠᠮᠵᠢᠯᠴᠠᠨ ᠵᠠᠰᠠᠬᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢ ᠨᠢᠭᠡ ᠴᠤᠬᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ︽ᠬᠠᠮᠠᠭᠠᠯᠠᠯᠲᠠ ᠶᠢᠨ ᠲᠣᠣᠷ︾᠎ ᠢ ᠪᠠᠶᠢᠭᠤᠯᠤᠨ᠎ᠠ᠃      ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠮᠠᠯᠠᠭᠠᠶ ᠎ ᠠᠴᠠ ᠨᠢ ᠠᠪᠴᠤ ᠬᠠᠶᠠᠬᠤ ᠥᠬᠡᠶ ᠬᠠᠷᠢᠭᠤᠴᠠᠯᠭ᠎ᠠ ᠎ ᠠᠴᠠ ᠨᠢ ᠠᠪᠴᠤ ᠬᠠᠶᠠᠬᠤ ᠥᠬᠡᠶ᠂ ᠮᠠᠯᠠᠭᠠᠶ ᠎ ᠠᠴᠠ ᠨᠢ ᠠᠪᠴᠤ ᠬᠠᠶᠠᠬᠤ ᠥᠬᠡᠶ ᠲᠥᠷᠥ ᠶᠢᠨ ᠪᠣᠳᠣᠯᠭ᠎ᠠ᠂ ᠮᠠᠯᠠᠭᠠᠶ ᠎ ᠠᠴᠠ ᠨᠢ ᠠᠪᠴᠤ ᠬᠠᠶᠠᠬᠤ ᠥᠬᠡᠶ ᠪᠣᠯ ᠬᠠᠪᠰᠤᠷᠤᠨ ᠲᠡᠳᠬᠦᠬᠦ᠂ ᠮᠠᠯᠠᠭᠠᠶ ᠎ ᠠᠴᠠ ᠨᠢ ᠠᠪᠴᠤ ᠬᠠᠶᠠᠬᠤ ᠥᠬᠡᠶ ᠪᠣᠯ ᠬᠢᠨᠠᠨ ᠬᠠᠮᠢᠶᠠᠷᠬᠤ ︽ᠳᠥᠷᠪᠡ ᠶᠢ ᠠᠪᠴᠤ ᠬᠠᠶᠠᠬᠤ ᠥᠬᠡᠶ︾᠎  ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ ᠵᠦᠢᠯᠡᠰ ᠤᠨ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠨ᠎ᠠ᠃      ᠠᠵᠤ ᠦᠢᠯᠡᠰ ᠢᠶᠠᠷ ᠠᠵᠢᠯ ᠣᠯᠭᠤᠵᠤ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ᠂ ᠵᠢᠭᠤᠯᠴᠢᠯᠠᠯ᠂ ᠠᠮᠢ ᠠᠬᠤᠶ᠂ ᠣᠷᠣᠨ ᠪᠠᠶᠢᠷᠢ ᠵᠡᠷᠭᠡ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠨ᠂ ᠠᠵᠤ ᠠᠬᠤᠶᠢᠯᠠᠯ᠂ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ᠂ ᠪᠠᠶᠠᠵᠢᠯ ᠤᠨ ᠳᠠᠭᠠᠭᠤᠯᠤᠭᠴᠢ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠠᠵᠤ ᠦᠶᠯᠡᠰ ᠤᠨ ᠲᠠᠰ ᠳᠡᠪᠰᠢᠬᠦ ᠶᠢ ᠲᠦᠷᠭᠡᠳᠬᠡᠬᠦ ᠶᠢ ᠳᠡᠮᠵᠢᠵᠦ᠂ ᠦᠷᠭᠦᠯᠵᠢᠯᠡᠬᠦ ᠴᠢᠨᠠᠷ ᠢᠶᠠᠷ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠᠷ ᠥᠨᠳᠥᠷ ᠤᠨᠴᠠᠯᠢᠭᠳᠤ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡᠨ ᠤ ᠤᠷ᠎ᠠ ᠴᠢᠳᠠᠪᠤᠷᠢ᠂ ᠵᠠᠬ᠎ᠠ ᠳᠡᠯᠭᠡᠭᠦᠷ ᠤᠨ ᠡᠵᠡᠩᠨᠡᠯᠲᠡ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠰᠤᠷᠭᠠᠯᠲᠠ ᠶᠢ ᠥᠷᠨᠢᠭᠦᠯᠵᠦ᠂ ᠶᠠᠳᠠᠭᠤ ᠬᠦᠴᠢᠷᠳᠡᠯ ᠲᠠᠢ ᠬᠥᠳᠡᠯᠮᠦᠷᠢ ᠶᠢᠨ ᠬᠦᠴᠦᠨ ᠤ ᠭᠠᠳᠠᠭᠰᠢ ᠭᠠᠷᠴᠤ ᠠᠵᠢᠯ ᠬᠢᠬᠦ ᠤᠷ᠎ᠠ ᠴᠢᠳᠠᠪᠤᠷᠢ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠲᠣᠰ ᠭᠠᠵᠠᠷ ᠣᠷᠣᠨ ᠤ ᠴᠢᠳᠠᠪᠤᠷᠢᠲᠠᠨ ᠢ ᠲᠦᠷᠭᠡᠳᠬᠡᠨ ᠬᠥᠮᠦᠵᠢᠭᠦᠯᠵᠦ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠴᠠᠭ᠎ᠠ ᠲᠣᠰᠬᠤᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠣᠬᠢᠷᠠᠭᠤᠯᠵᠤ᠂ ᠣᠷᠣᠯᠭ᠎ᠠ ᠪᠠᠭᠠᠲᠠᠶ ᠬᠥᠳᠡᠯᠮᠦᠷᠢ ᠶᠢᠨ ᠬᠦᠴᠦᠨ ᠢ ᠤᠯᠠᠨ ᠠᠷᠭ᠎ᠠ ᠵᠠᠮ ᠢᠶᠠᠷ ᠬᠠᠪᠰᠤᠷᠴᠤ ᠠᠵᠢᠯ ᠤᠯᠬᠤ ᠠᠷᠭ᠎ᠠ ᠵᠠᠮ ᠢ ᠨᠢ ᠥᠷᠭᠡᠳᠬᠡᠨ᠎ᠡ᠃      ᠲᠠᠷᠢᠶᠠᠯᠠᠬᠤ ᠮᠠᠯᠵᠢᠬᠤ ᠣᠷᠣᠨ  ᠤ ᠨᠡᠶᠢᠭᠡᠮ ᠤᠨ ᠪᠠᠲᠤᠯᠠᠭ᠎ᠠ ᠪᠣᠯᠤᠨ ᠲᠡᠩᠬᠡᠷᠡᠭᠦᠯᠦᠨ ᠲᠤᠰᠠᠯᠠᠬᠤ ᠲᠥᠷᠢᠮ ᠎ ᠢ ᠪᠥᠷᠢᠨᠰᠢᠬᠦᠯᠥᠨ᠎ᠡ᠃ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠶᠯ ᠢ ᠪᠠᠲᠤᠯᠠᠬᠤ ᠪᠠ ︽ᠴᠢᠨᠡᠭᠡᠯᠢᠭᠵᠢᠭᠦᠯᠬᠦ ᠬᠦᠰᠡᠯ ᠪᠣᠯᠣᠨ ᠣᠶᠣᠨ ᠢ ᠨᠢ ᠵᠡᠷᠭᠡᠪᠡᠷ ᠲᠡᠳᠬᠦᠬᠦ︾᠎ ᠎ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠂ ᠭᠠᠮᠰᠢᠭ ᠎ ᠠᠴᠠ ᠪᠣᠯᠵᠣ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠬᠠᠮᠲᠤᠯᠢᠭ ᠲᠤ ᠲᠤᠰᠬᠠᠶ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ︽ᠮᠠᠯᠴᠢᠨ ᠲᠠᠷᠢᠶᠠᠴᠢᠨ ᠤ ᠰᠥᠨᠢ ᠶᠢᠨ ᠰᠤᠷᠭᠠᠭᠤᠯᠢ︾᠎  ︽ᠰᠤᠷᠭᠠᠯᠲᠠ ᠶᠢᠨ ᠭᠠᠵᠠᠷ︾᠎  ᠵᠡᠷᠭᠡ ᠰᠤᠷᠭᠠᠨ ᠬᠥᠮᠦᠵᠢᠯ ᠤᠨ ᠬᠡᠯᠪᠡᠷᠢ ᠶᠢ ᠳᠡᠯᠭᠡᠷᠡᠭᠦᠯᠦᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠬᠥᠲᠥᠯᠦᠨ ᠵᠢᠯᠣᠭᠤᠳᠴᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠠᠷᠠᠳ ᠤᠨ ᠰᠤᠷᠲᠠᠯ ᠢ ᠪᠦᠷᠢᠯᠳᠦᠭᠦᠯᠦᠨ᠎ᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠎ ᠂ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠴᠦ ᠪᠠᠨ ᠲᠥᠪᠯᠡᠷᠡᠭᠦᠯᠦᠨ ᠤᠨᠴᠠᠯᠢᠭᠳᠤ ᠠᠵᠤ ᠦᠢᠯᠡᠰ ᠢ ᠬᠥᠭᠵᠢᠭᠦᠯᠬᠦ᠂ ᠲᠣᠭᠲᠠᠭᠤᠨ ᠠᠵᠢᠯ ᠣᠯᠭᠤᠯᠲᠠ ᠶᠢ ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ  ᠲᠠᠢ ᠠᠵᠢᠯ ᠢ ᠰᠠᠶᠢᠲᠤᠷ ᠬᠢᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠵᠡᠷᠭᠡ ᠪᠠᠶᠢᠩᠭᠤ ᠶᠢᠨ ᠴᠢᠨᠠᠷᠲᠠᠶ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ᠂ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠬᠦ ᠳᠤ ᠣᠷᠣᠯᠴᠠᠬᠤ ᠪᠦᠬᠦᠯᠢ ᠴᠣᠭᠴᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠴᠢᠳᠠᠪᠤᠷᠢᠲᠠᠨ ᠤ ᠤᠶᠤᠨ ᠤ ᠳᠡᠮᠵᠢᠯᠭᠡ ᠵᠡᠷᠭᠡ ᠲᠦᠷᠦ ᠶᠢᠨ ᠪᠤᠳᠤᠯᠭ᠎ᠠ ᠶᠢᠨ ᠪᠦᠲᠦᠮᠵᠢᠲᠡᠶ ᠵᠣᠯᠭᠠᠯᠳᠤᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠ ᠤᠯᠠᠨ ᠲᠦᠮᠡᠨ ᠤ ᠠᠮᠢᠳᠤᠷᠠᠯ ᠤᠨ ᠰᠠᠶᠢᠵᠢᠷᠠᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃           ᠶᠢᠰᠦᠳᠦᠭᠡᠷ ᠪᠦᠯᠦᠭ ᠤᠷᠤᠨ ᠵᠠᠢ ᠶᠢᠨ ᠰᠢᠨ᠎ᠡ ᠪᠠᠶᠢᠷᠢᠰᠢᠯ ᠤᠨ ᠲᠤᠬᠠᠢ      ᠤᠯᠤᠰ ᠤᠨ ᠭᠠᠳᠠᠭᠠᠳᠤ ᠨᠡᠬᠡᠬᠡᠯᠳᠡ ᠪᠠ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠢ ᠶᠢᠨ ᠬᠠᠮᠠᠭᠠᠯᠠᠯᠲᠠ ᠪᠠᠷ ᠭᠤᠣᠯ ᠪᠣᠯᠭᠠᠭᠰᠠᠨ ᠭᠤᠣᠯ ᠴᠣᠭᠴᠠ ᠶᠢᠨ ᠴᠢᠳᠠᠮᠵᠢᠳᠤ ᠣᠷᠣᠨ ᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠬᠤᠳᠠ ᠬᠥᠳᠡᠭᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠯ ᠪᠠ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃           ᠨᠢᠭᠡᠳᠦᠭᠡᠷ ᠬᠡᠰᠡᠭ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠳᠡᠭᠡᠳᠦ ᠳᠠᠪᠬᠤᠷᠭ᠎ᠠ ᠶᠢᠨ ᠲᠥᠯᠥᠪᠵᠢᠭᠦᠯᠭᠡ ᠶᠢ ᠲᠣᠳᠣᠷᠬᠠᠶᠢᠯᠠᠬᠤ ᠲᠤᠬᠠᠢ      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠮᠡᠷᠭᠡᠵᠢᠯ ᠤᠨ ᠪᠠᠷᠢᠮᠵᠢᠶ᠎ᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ᠭᠤᠷᠪᠠᠨ ᠣᠷᠣᠨ ᠭᠤᠷᠪᠠᠨ ᠱᠤᠭᠤᠮ︾᠎ ᠎ ᠢ ᠵᠠᠭᠠᠭᠯᠠᠨ ᠲᠣᠭᠲᠠᠭᠠᠵᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠪᠴᠢᠶ᠎ᠡ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠤᠨ ᠬᠡᠪᠴᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠲᠣᠳᠣᠷᠬᠠᠶᠢᠯᠠᠵᠤ᠂ ᠠᠮᠢ ᠠᠬᠤᠶ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠶ ᠶᠢᠨ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠨᠠᠶᠢᠳᠠᠪᠤᠷᠢᠵᠢᠭᠤᠯᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎  ᠲᠥᠯᠥᠪᠵᠢᠭᠦᠯᠭᠡ ᠶᠢ ᠬᠡᠷᠡᠭᠵᠢᠭᠦᠯᠬᠦ᠂ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠨᠢᠭᠡ ᠯᠡ ᠵᠢᠷᠤᠭ︾᠎ ᠎ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠪᠠᠲᠤᠯᠠᠬᠤ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃           ᠬᠤᠶᠠᠳᠤᠭᠠᠷ ᠬᠡᠰᠡᠭ ᠬᠤᠲᠠ ᠬᠥᠳᠡᠭᠡ ᠣᠷᠤᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠲᠤᠬᠠᠢ       ︽ᠴᠢᠳᠠᠮᠵᠢ ᠶᠢ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠪᠥᠭᠡᠮᠨᠡᠷᠡᠭᠦᠯᠬᠦ᠂ ᠣᠷᠣᠨ ᠵᠠᠶ ᠶᠢ ᠤᠶᠠᠯᠳᠤᠭᠤᠯᠬᠤ︾᠎  ᠵᠠᠷᠴᠢᠮ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠠᠮᠢ ᠠᠬᠤᠶ ᠶᠢᠨ ᠣᠷᠣᠨ ᠵᠠᠶ ᠶᠢ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠪᠠ ᠪᠠᠶᠢᠷᠢᠯᠠᠭᠤᠯᠬᠤ ᠶᠢ ᠴᠢᠩᠭᠠᠳᠬᠠᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠰ᠂ ᠬᠥᠮᠦᠨ ᠠᠮᠠ᠂ ᠦᠢᠯᠡᠴᠢᠯᠡᠭᠡᠨ ᠤ ᠴᠢᠳᠠᠮᠵᠢ ᠵᠡᠷᠭᠡ ᠶᠢᠨ ᠲᠥᠪᠯᠡᠷᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃            ᠪᠠᠶᠠᠨᠬᠤᠲᠠ ᠶᠢᠨ ᠭᠤᠤᠯ ᠬᠤᠲᠠ ᠶᠢᠨ ᠭᠤᠤᠯᠯᠠᠬᠤ ᠴᠢᠳᠠᠮᠵᠢ ᠶᠢ ᠬᠦᠴᠦᠷᠬᠡᠭᠵᠢᠭᠦᠯᠦᠨ᠎ᠡ᠃ ᠪᠠᠶᠠᠨᠬᠤᠲᠠ ᠶᠢᠨ ᠣᠷᠣᠨ ᠵᠠᠶ ᠪᠠ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠤ ᠣᠨᠴᠠᠯᠢᠭ ᠲᠠᠢ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠵᠣᠯ ᠵᠢᠷᠭᠠᠯᠲᠤ ᠬᠤᠲᠠ ᠶᠢ ᠴᠣᠭᠴᠠᠯᠠᠨ ᠪᠠᠶᠢᠭᠤᠯᠤᠨ᠎ᠠ᠃ ᠪᠠᠶᠠᠨᠬᠤᠲᠠ ᠶᠢᠨ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠵᠢᠭᠤᠯᠴᠢᠯᠠᠯ ᠰᠡᠯᠡᠭᠦᠴᠡᠯ ᠤᠨ ᠴᠤᠭᠯᠠᠷᠠᠯ ᠤᠨ ᠲᠣᠭᠤᠷᠢᠭ ᠢ ᠬᠦᠴᠦᠯᠡᠨ ᠪᠠᠶᠢᠭᠤᠯᠵᠤ᠂ ᠣᠪᠣᠭᠠᠨ ᠴᠡᠴᠡᠷᠯᠢᠭ᠂ ᠠᠭᠢᠷ ᠴᠡᠴᠡᠭ ᠤᠨ ᠴᠡᠴᠡᠷᠯᠢᠭ᠂ ᠬᠤᠯᠠᠨ ᠤ ᠲᠠᠯ᠎ᠠ ᠨᠤᠲᠤᠭ ᠤᠨ ᠦᠶᠯᠡᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠠᠯᠠᠱᠠ ᠠᠭᠤᠯᠠ ᠶᠢᠨ ᠪᠠᠷᠠᠭᠤᠨ ᠬᠤᠷᠮᠣᠶ ᠶᠢᠨ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠪᠠ ᠲᠠᠯ᠎ᠠ ᠨᠤᠲᠤᠭ ᠤᠨ ᠰᠡᠯᠡᠭᠦᠴᠡᠯ ᠠᠮᠢ ᠠᠬᠤᠶ ᠶᠢᠨ ᠵᠢᠭᠤᠯᠴᠢᠯᠠᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠶᠠᠨᠬᠤᠲᠠ ᠶᠢᠨ ᠠᠮᠢ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠶᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠡᠵᠡᠩᠨᠡᠯᠲᠡ ᠶᠢᠨ ᠪᠠᠶᠢᠭᠤᠯᠤᠯ ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠦᠷᠢᠶᠡᠯᠡᠩ ᠳᠤ ᠣᠷᠣᠬᠤ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠮᠡᠷᠭᠡᠵᠢᠯ ᠢ ᠰᠤᠳᠤᠯᠤᠨ ᠨᠡᠭᠡᠭᠡᠬᠦ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠤᠨᠴᠠᠯᠢᠬᠳᠤ ᠠᠮᠢ ᠠᠬᠤᠶ ᠶᠢᠨ ᠠᠵᠤ ᠦᠶᠯᠡᠰ ᠪᠠ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠦᠶᠯᠡᠰ ᠢ ᠬᠥᠭᠵᠢᠭᠦᠯᠵᠦ᠂ ᠠᠮᠢ ᠠᠬᠤᠶ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠪᠣᠳᠠᠲᠠᠶᠢᠵᠢᠭᠤᠯᠤᠭᠰᠠᠨ ᠴᠢᠨᠠᠷ ᠴᠢᠨᠰᠠᠭ᠎ᠠ ᠎ ᠪᠠᠷ ᠥᠨᠳᠥᠷ᠂ ᠦᠷ᠎ᠡ ᠠᠰᠢᠭ ᠢᠶᠠᠷ ᠰᠠᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠶᠤᠨᠴᠢ ᠲᠣᠨᠤᠭ ᠲᠥᠬᠦᠭᠡᠷᠦᠮᠵᠢ ᠦᠶᠯᠡᠳᠬᠦ᠂ ᠠᠭᠠᠷ ᠰᠠᠨᠰᠠᠷ ᠤᠨ ᠠᠵᠤ ᠦᠶᠯᠡᠰ᠂ ᠨᠠᠷᠢᠨ ᠬᠤᠪᠢᠶᠠᠭᠰᠠᠨ ᠬᠦᠷᠢᠶ᠎ᠡ ᠴᠠᠷᠠᠭ᠎ᠠ ᠶᠢᠨ ᠲᠣᠮᠣ ᠳ᠋ᠠᠶᠢᠲ᠋ᠠ ᠵᠡᠷᠭᠡ ᠠᠵᠤ ᠦᠶᠯᠡᠰ ᠢ ᠬᠥᠭᠵᠢᠭᠦᠯᠵᠦ᠂ ᠣᠶᠤᠨᠴᠢ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃      ᠤᠯᠠᠨᠪᠤᠯᠠᠭ ᠤᠨ ᠦᠢᠯᠡᠳᠪᠦᠷᠢᠯᠡᠯ ᠬᠤᠳᠠ ᠶᠢᠨ ᠠᠭᠤᠰᠤᠯᠳᠤᠨ ᠬᠥᠭᠵᠢᠬᠦ ᠶᠢ ᠲᠥᠯᠬᠢᠨ ᠠᠬᠢᠭᠤᠯᠤᠨ᠎ᠠ᠃ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠤᠰᠤᠨ ᠤ ᠡᠬᠢ ᠰᠤᠷᠪᠤᠯᠵᠢ ᠶᠢᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠤᠨ ᠱᠠᠭᠠᠷᠳᠠᠯᠭ᠎ᠠ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠨᠡᠮᠡᠯᠲᠡ ᠥᠷᠲᠡᠭ ᠢᠶᠠᠷ ᠥᠨᠳᠥᠷ ᠲᠣᠮᠣ ᠲᠥᠷᠥᠯ ᠵᠦᠶᠯ᠂ ᠰᠠᠶᠢᠨ ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠠᠯ ᠴᠢᠯᠠᠭᠤ᠂ ᠲᠣᠰᠣ ᠬᠡᠶ᠂ ᠲᠣᠨᠤᠭ ᠲᠥᠬᠦᠭᠡᠷᠦᠮᠵᠢ ᠦᠶᠯᠡᠳᠬᠦ᠂ ᠭᠠᠳᠠᠭᠠᠳᠤ ᠎ ᠠᠴᠠ ᠣᠷᠣᠭᠤᠯᠬᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠵᠡᠷᠭᠡ ᠠᠵᠤ ᠦᠶᠯᠡᠰ ᠢ ᠡᠷᠴᠢᠮᠵᠢᠭᠦᠯᠦᠨ᠂ ᠬᠡᠪᠴᠢᠶᠡᠵᠢᠭᠦᠯᠦᠨ ᠬᠥᠭᠵᠢᠭᠦᠯᠬᠦ ᠶᠢ ᠶᠡᠬᠡᠪᠡᠷ ᠤᠷᠤᠭᠰᠢ ᠠᠬᠢᠭᠤᠯᠬᠤ ᠶᠢᠨ ᠬᠠᠮᠲᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠢᠵᠢ ᠪᠥᠷᠢᠳᠦᠭᠦᠯᠦᠨ᠂ ᠡᠬᠢ ᠰᠤᠷᠪᠤᠯᠵᠢ ᠶᠢᠨ ᠲᠣᠤᠷ ᠰᠦᠯᠵᠢᠶ᠎ᠡ ᠨᠥᠭᠡᠴᠡᠯᠡᠨ ᠬᠠᠳᠠᠭᠠᠯᠠᠬᠤ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠥᠬᠡᠶ ᠬᠦᠷᠢᠶᠡᠯᠡᠩ ᠲᠣᠭᠤᠷᠢᠭ ᠪᠣᠯᠭᠠᠨ ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃      ᠦᠯᠵᠡᠢ ᠬᠢᠯᠢ ᠶᠢᠨ ᠪᠣᠭᠤᠮᠲᠠ ᠶᠢ ᠲᠦᠷᠭᠡᠳᠬᠡᠨ ᠪᠠᠶᠢᠭᠤᠯᠤᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠢᠯᠢ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ᠂ ᠪᠠᠷᠠᠭᠠᠨ ᠤ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ ᠵᠡᠷᠭᠡ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠳᠠᠬᠢ ᠳᠤᠮᠳᠠᠳᠤ ᠮᠣᠩᠭᠤᠯ ᠤᠨ ᠬᠤᠶᠠᠷ ᠲᠠᠯᠠᠲᠤ ᠴᠢᠨᠠᠷᠲᠠᠶ ᠪᠠᠷ ᠵᠢᠯ ᠲᠤᠷᠰᠢ ᠪᠣᠭᠤᠮᠲᠠ ᠥᠩᠭᠡᠷᠡᠬᠦ ᠶᠢ ᠪᠡᠶᠡᠯᠡᠭᠦᠯᠦᠨ᠎ᠡ᠃ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠂ ︽ᠪᠣᠭᠤᠮᠲᠠ + ᠨᠡᠪᠲᠡᠷᠡᠬᠦ ᠵᠠᠮ︾᠎ ᠎ ᠤᠨ ᠠᠷᠠᠯᠵᠢᠶ᠎ᠠ ᠬᠤᠳᠠᠯᠳᠤᠭᠠᠨ ᠤ ᠲᠣᠤᠷ ᠰᠦᠯᠵᠢᠶ᠎ᠡ ᠶᠢ ᠨᠢᠭᠡ ᠴᠤᠭᠴᠠᠵᠢᠭᠤᠯᠬᠤ ᠲᠠᠪᠴᠠᠩ ᠢ ᠪᠠᠶᠢᠭᠤᠯᠵᠤ᠂ ᠡᠯᠧᠺᠲᠷᠣᠨ ᠪᠣᠭᠤᠮᠲᠠ᠂ ᠳᠣᠲᠣᠭᠠᠳᠤ ᠬᠠᠭᠤᠷᠠᠶ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠃ ᠦᠯᠵᠡᠢ ᠪᠣᠭᠤᠮᠲᠠ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠸᠢ ᠶᠢᠨ ᠭᠠᠵᠠᠷ ᠣᠷᠣᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠳᠠᠭᠠᠤ ᠶᠢᠨ ᠭᠠᠵᠠᠷ ᠣᠷᠣᠨ᠂ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠣᠷᠣᠨ ᠪᠣᠯᠤᠨ ᠦᠬᠠᠢ ᠶᠢᠨ ︽ᠵᠢᠵᠢᠭ ᠭᠤᠷᠪᠠᠯᠵᠢᠨ ᠬᠤᠶᠢᠭ︾᠎ ᠎ ᠤᠨ ᠣᠷᠣᠨ ᠪᠦᠰᠡ ᠶᠢᠨ ᠬᠠᠮᠵᠢᠯᠴᠠᠨ ᠠᠵᠢᠯᠯᠠᠵᠤ ᠨᠢᠭᠡ ᠴᠤᠭᠴᠠᠵᠢᠨ ᠬᠥᠭᠵᠢᠬᠦ ᠶᠢ ᠠᠬᠢᠭᠤᠯᠵᠤ᠂ ᠪᠣᠭᠤᠮᠲᠠ ᠶᠢᠨ ︽ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡᠨ᠂ ᠪᠣᠳᠠᠲᠠᠶᠢᠵᠢᠭᠤᠯᠤᠨ ᠡᠳ᠋ᠰᠢᠭᠦᠯᠬᠦ︾᠎  ᠭᠤᠷᠪᠠᠨ ᠶᠡᠭᠡ ᠴᠢᠳᠠᠮᠵᠢ ᠶᠢ ᠪᠠᠳᠠᠷᠠᠭᠤᠯᠵᠤ᠂ ᠪᠣᠭᠤᠮᠲᠠ᠂ ᠬᠤᠲᠠ ᠪᠠᠯᠭᠠᠰᠤ᠂ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ︽ᠭᠤᠷᠪᠠ ᠶᠢ ᠨᠢᠭᠡ ᠴᠤᠭᠴᠠᠵᠢᠭᠤᠯᠬᠤ︾᠎  ᠬᠥᠭᠵᠢᠯᠲᠡ ᠶᠢ ᠠᠬᠢᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠠᠯᠠᠱᠠ ᠶᠢᠨ ᠨᠡᠪᠲᠡᠷᠡᠬᠦ ᠵᠠᠮ ᠤᠨ ᠰᠢᠨ᠎ᠡ ᠴᠣᠩᠬᠤᠪᠴᠢ᠂ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠴᠢᠬᠤᠯᠠ ᠪᠦᠷᠢᠯᠳᠦᠬᠦᠨ ᠬᠡᠰᠡᠭ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠬᠢᠯᠳᠡᠳᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠭᠠᠨ ᠪᠥᠲᠥᠭᠡᠨ ᠪᠠᠶᠢᠭᠤᠯᠤᠨ᠎ᠠ᠃           ᠠᠷᠪᠠᠳᠤᠭᠠᠷ ᠪᠦᠯᠦᠭ ᠥᠨᠳᠥᠷ ᠬᠢᠷᠢ ᠬᠡᠮᠵᠢᠶ᠎ᠡ ᠲᠠᠢ ᠥᠭᠡᠷᠡᠴᠢᠯᠡᠯᠲᠡ ᠨᠡᠭᠡᠭᠡᠯᠲᠡ ᠶᠢᠨ ᠲᠤᠬᠠᠢ       ᠨᠢᠭᠡᠳᠦᠭᠡᠷ ᠬᠡᠰᠡᠭ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ      ᠥᠮᠴᠢᠯᠡᠯ ᠤᠨ ᠡᠷᠬᠡ ᠶᠢᠨ ᠲᠦᠷᠢᠮ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ᠂ ᠭᠠᠵᠠᠷ ᠰᠢᠷᠣᠢ ᠶᠢᠨ ᠲᠦᠷᠢᠮ᠂ ᠠᠮᠢ ᠠᠬᠤᠢ ᠶᠢᠨ ᠪᠣᠯᠪᠠᠰᠤᠨ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠷᠢᠯᠳᠦᠭᠦᠯᠦᠨ᠎ᠡ᠃       ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠡᠯᠡ ᠮᠥᠩᠭᠦ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠨ᠎ᠠ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃       ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠠᠴᠠ ᠶᠢ ᠰᠢᠯᠢᠳᠡᠭᠵᠢᠭᠦᠯᠦᠨ᠂ ᠥᠷᠢᠰᠥᠯᠳᠦᠨ ᠲᠥᠷᠥᠯ ᠵᠦᠢᠯ ᠲᠣᠭᠲᠠᠭᠠᠬᠤ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ ᠳᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠲᠥᠷᠥᠯ ᠵᠦᠢᠯ᠂ ᠴᠢᠳᠠᠪᠤᠷᠢᠲᠠᠨ᠂ ᠪᠡᠯᠡ ᠮᠥᠩᠭᠦ ᠶᠢ ᠨᠢᠭᠡ ᠴᠣᠭᠴᠠᠵᠢᠭᠤᠯᠤᠨ ᠲᠣᠬᠢᠷᠠᠭᠤᠯᠬᠤ ᠶᠢ ᠠᠬᠢᠭᠤᠯᠤᠨ᠎ᠠ᠃      ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠢ ᠤᠯᠠᠮ ᠲᠣᠳᠣᠷᠬᠠᠶ ᠪᠣᠯᠭᠠᠵᠤ᠂ ︽ᠨᠢᠭᠡ ᠪᠦᠯᠦᠭ ᠢ ᠢᠯᠭᠠᠷᠠᠭᠤᠯᠤᠨ ᠭᠠᠷᠭᠠᠵᠤ᠂ ᠨᠢᠭᠡ ᠪᠦᠯᠦᠭ ᠢ ᠲᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠵᠦ᠂ ᠨᠢᠭᠡ ᠪᠦᠯᠦᠭ ᠢ ᠪᠠᠬᠢᠵᠢᠭᠦᠯᠦᠨ ᠪᠤᠵᠠᠭᠠᠶᠢᠷᠠᠭᠤᠯᠬᠤ︾᠎ ᠎ ᠪᠠᠷ ᠭᠤᠣᠯᠯᠠᠭᠤᠯᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢ ᠲᠣᠬᠢᠷᠠᠭᠤᠯᠬᠤ ᠪᠠ ᠲᠠᠬᠢᠨ ᠵᠣᠬᠢᠶᠠᠨ ᠪᠠᠶᠢᠭᠤᠯᠬᠤ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠦᠷᠳᠡᠭ ᠢ ᠪᠠᠲᠤᠯᠠᠵᠤ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠬᠠᠷᠢᠶᠠᠯᠠᠯ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠠᠮᠠᠭᠠᠯᠠᠯᠲᠠ ᠨᠢ ᠴᠢᠩᠭ᠎ᠠ᠂ ᠡᠷᠭᠢᠯᠲᠡ ᠨᠢ ᠢᠯᠭᠤᠮ ᠰᠢᠯᠤᠭᠤᠨ ᠣᠳᠣᠬᠢᠴᠢᠯᠠᠭᠰᠠᠨ ᠥᠮᠴᠢᠯᠡᠯ ᠤᠨ ᠡᠷᠬᠡ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠲᠣᠭᠲᠠᠴᠠ ᠶᠢ ᠭᠦᠨᠵᠡᠭᠡᠶ ᠬᠤᠪᠢᠷᠠᠭᠤᠯᠵᠤ᠂ ᠪᠡᠯᠡ ᠣᠷᠣᠭᠤᠯᠤᠯᠲᠠ ᠶᠢᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ ᠪᠥᠭᠡᠳ ᠶᠠᠪᠤᠭᠳᠠᠭᠤᠰᠢᠲᠠᠶ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠢ ᠲᠣᠭᠲᠠᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠬᠤᠯᠠ ᠶᠡᠭᠡ ᠨᠡᠬᠡᠮᠵᠢᠯᠡᠬᠦ ᠲᠣᠭᠲᠠᠴᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠬᠥᠮᠦᠨ ᠬᠡᠷᠡᠭᠯᠡᠬᠦ ᠲᠣᠭᠲᠠᠴᠠ ᠶᠢ ᠬᠡᠷᠡᠭᠵᠢᠭᠦᠯᠦᠨ᠎ᠡ᠃      ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ᠃ ᠤᠯᠤᠰ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠲᠦᠭᠰᠢᠭᠦᠷᠢ ᠶᠢ ᠴᠢᠩᠭ᠎ᠠ ᠬᠢᠵᠠᠭᠠᠷᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠬᠢᠨ᠎ᠠ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠪᠥᠭᠡᠳ ᠪᠣᠳᠠᠲᠠᠶ ᠪᠠᠷ ᠬᠠᠮᠢᠶᠠᠷᠴᠤ᠂ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ ᠪᠠ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ ᠲᠤᠰᠬᠠᠶ ᠵᠦᠶᠯ ᠤᠨ ᠪᠠᠯᠠ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠢᠳᠡᠪᠬᠢᠲᠡᠶ ᠪᠠᠷ ᠳᠠᠶᠢᠴᠢᠯᠠᠵᠤ᠂ ᠰᠠᠭᠤᠷᠢ ᠪᠡᠯᠡᠳᠬᠡᠮᠵᠢ᠂ ᠠᠷᠠᠳ ᠤᠨ ᠠᠮᠢᠳᠤᠷᠠᠯ ᠤᠨ ᠦᠶᠯᠡᠴᠢᠯᠡᠭᠡᠨ᠂ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠤ ᠠᠷᠠᠳ ᠤᠨ ᠳᠤᠮᠳᠠᠬᠢ ᠬᠥᠷᠥᠩᠭᠡ ᠶᠢᠨ ᠬᠤᠪᠢ ᠡᠵᠡᠮᠳᠡᠬᠦ ᠪᠤᠶᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠣᠷᠣᠯᠴᠠᠬᠤ ᠶᠢ ᠳᠡᠮᠵᠢᠵᠦ᠂ ᠰᠠᠭᠤᠷᠢ ᠪᠡᠯᠡᠳᠬᠡᠮᠵᠢ ᠶᠢᠨ ᠥᠯᠥ ᠬᠥᠳᠡᠯᠬᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠶᠢᠨ ᠪᠠᠯᠠ ᠲᠣᠬᠢᠷᠠᠭᠤᠯᠭ᠎ᠠ ᠶᠢ ᠰᠦᠪᠡᠭᠴᠢᠯᠡᠨ ᠠᠬᠢᠭᠤᠯᠵᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠨ᠎ᠠ᠃      ᠤᠯᠠᠨ ᠨᠡᠶᠢᠲᠡ ᠶᠢᠨ ᠦᠢᠯᠡᠴᠢᠯᠡᠭᠡ ᠶᠢ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠵᠠᠬ᠎ᠠ ᠳᠡᠯᠭᠡᠭᠦᠷ ᠢᠶᠠᠷ ᠨᠥᠬᠦᠪᠥᠷᠢᠯᠡᠭᠰᠡᠨ᠂ ᠤᠯᠠᠨ ᠡᠰᠢᠴᠢᠯᠡᠭᠰᠡᠨ ᠬᠠᠩᠭᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠰᠦᠢᠳᠬᠡᠯ ᠲᠤᠰᠢᠶᠠᠪᠠᠯ ᠣᠯᠵᠤ ᠪᠣᠯᠬᠤ᠂ ᠦᠨ᠎ᠡ ᠬᠠᠩᠰᠢ ᠨᠢ ᠵᠦᠢ ᠵᠣᠬᠢᠰᠲᠠᠶ᠂ ᠴᠢᠨᠠᠷ ᠰᠠᠶᠢᠲᠠᠶ ᠪᠥᠭᠡᠳ ᠠᠮᠤᠷ ᠲᠦᠪᠰᠢᠨ ᠪᠠᠶᠢᠬᠤ ᠤᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠪᠠ ᠨᠡᠶᠢᠭᠡᠮ ᠤᠨ ᠬᠥᠷᠥᠩᠭᠡ ᠶᠢᠨ ᠰᠤᠷᠬᠤ ᠨᠠᠰᠤᠨ ᠎ ᠠᠴᠠ ᠡᠮᠦᠨᠡᠬᠢ ᠰᠤᠷᠭᠠᠨ ᠬᠥᠮᠦᠵᠢᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠪᠠᠶᠢᠭᠤᠯᠤᠯᠲᠠ᠂ ᠵᠢᠭᠤᠯᠴᠢᠯᠠᠯ ᠰᠡᠯᠡᠭᠦᠴᠡᠯ᠂ ᠬᠡᠷ ᠤᠨ ᠶᠠᠪᠤᠳᠠᠯ ᠤᠨ ᠦᠶᠯᠡᠴᠢᠯᠡᠭᠡ ᠵᠡᠷᠭᠡ ᠬᠡᠷᠡᠭᠯᠡᠭᠡᠨ ᠤ ᠬᠠᠯᠠᠮᠰᠢᠯ ᠴᠡᠭ ᠪᠠ ᠬᠠᠩᠭᠠᠯᠭ᠎ᠠ ᠶᠢᠨ ᠳᠤᠲᠠᠭᠤᠳᠠᠯ ᠤᠨ ᠬᠦᠷᠢᠶᠡᠨ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃ ᠵᠠᠰᠠᠭ ᠤᠨ ᠣᠷᠳᠣᠨ ᠤ ᠳᠤᠮᠳᠠ ᠵᠢᠵᠢᠭ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠎ ᠠᠴᠠ ᠣᠯᠠᠨ ᠨᠡᠶᠢᠲᠡ ᠶᠢᠨ ᠦᠶᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠪᠡᠯᠡᠳᠬᠡᠮᠵᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠬᠥᠭᠵᠢᠭᠦᠯᠦᠨ᠎ᠡ᠃      ᠡᠷᠦᠬᠡ ᠠᠮᠠ ᠶᠢᠨ ᠲᠠᠩᠰᠠ ᠥᠬᠡᠶ ᠪᠠᠶᠢᠩᠭᠤ ᠰᠠᠭᠤᠭ᠎ᠠ ᠬᠥᠮᠦᠨ ᠠᠮᠠ ᠳᠤ ᠬᠠᠨᠳᠤᠭᠤᠯᠤᠭᠰᠠᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠰᠠᠶᠢᠵᠢᠷᠠᠭᠤᠯᠤᠨ᠎ᠠ᠃ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ  ᠶᠢ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ  ᠶᠢ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ  ᠶᠢ ᠬᠤᠲᠠ ᠶᠢᠨ ᠠᠷᠠᠳ ᠪᠣᠯᠭᠠᠬᠤ  ᠲᠠᠢ ᠬᠤᠯᠪᠣᠬᠤ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠵᠤ᠂ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ᠂ ᠣᠷᠣᠨ ᠪᠦᠰᠡ ᠠᠯᠤᠰᠯᠠᠭᠰᠠᠨ ᠬᠤᠲᠠ ᠪᠠᠯᠭᠠᠰᠤ ᠠᠯᠤᠰᠯᠠᠭᠰᠠᠨ ᠨᠡᠭᠦᠳᠡᠯ ᠤᠨ ᠬᠥᠮᠦᠨ ᠠᠮᠠ ᠵᠡᠷᠭᠡ ᠭᠤᠤᠯᠳᠠᠯᠭ᠎ᠠ ᠲᠠᠢ ᠬᠥᠮᠦᠰ ᠢ ᠲᠡᠳᠡᠨ ᠡᠷᠦᠬᠡ ᠠᠮᠠ ᠣᠷᠣᠭᠤᠯᠵᠤ᠂ ᠬᠦᠰᠡᠯ ᠲᠠᠢ᠂ ᠴᠢᠳᠠᠪᠤᠷᠢ ᠲᠠᠢ ᠮᠠᠯᠴᠢᠨ ᠲᠠᠷᠢᠶᠠᠴᠢᠨ ᠤ ᠰᠢᠯᠵᠢᠨ ᠠᠵᠢᠯ ᠤᠯᠬᠤ ᠶᠢ ᠬᠥᠲᠥᠯᠦᠨ ᠵᠢᠯᠣᠭᠤᠳᠴᠤ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠦᠨ ᠠᠮᠠ ᠳᠤ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠶᠢ ᠠᠳᠠᠯᠢ ᠲᠡᠭᠰᠢ ᠪᠣᠯᠭᠠᠭᠰᠠᠨ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠬᠦᠷᠲᠡᠭᠡᠬᠦ ᠶᠢ ᠠᠬᠢᠭᠤᠯᠤᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠡᠯᠭᠡᠭᠦᠷ ᠤᠨ ᠦᠢᠯᠡᠴᠢᠯᠡᠭᠡ︾᠎ ᠎ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠶᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠰᠠᠯᠠᠭ᠎ᠠ ᠮᠥᠴᠢᠷ ᠤᠳ ᠳᠠᠭᠠᠭᠤᠯᠤᠨ ᠭᠦᠶᠴᠡᠳᠬᠡᠬᠦ᠂ ᠣᠷᠣᠯᠠᠨ ᠭᠦᠶᠴᠡᠳᠬᠡᠬᠦ ᠪᠠᠷ ᠭᠤᠤᠯ ᠪᠣᠯᠭᠠᠭᠰᠠᠨ ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠦᠨ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠎ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠴᠢᠩ ᠤᠯᠤᠰ ᠢ ᠳᠣᠲᠣᠨᠣᠴᠢᠯᠠᠬᠤ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ  ᠶᠢ ᠪᠠᠶᠢᠭᠤᠯᠵᠤ᠂      ᠵᠠᠰᠠᠭ ᠠᠵᠤ ᠠᠬᠤᠶᠢᠯᠠᠯ ᠤᠨ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠶᠯ᠂ ᠪᠠᠯᠠ ᠮᠥᠩᠭᠦ᠂ ᠮᠡᠳᠡᠭᠡ ᠵᠠᠩᠭᠢ ᠶᠢᠨ ᠲᠠᠯ᠎ᠠ ᠪᠠᠷ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠳᠤ ᠲᠥᠪ ᠭᠤᠤᠯᠴᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠲᠣᠭᠲᠠᠴᠠ ᠶᠢ ᠪᠦᠷᠢᠨᠰᠢᠬᠦᠯᠦᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠢᠨᠲ᠋ᠧᠷ ᠰᠦᠯᠵᠢᠶ᠎ᠡ +︾᠎ ᠂ ᠲᠤᠮᠤ ᠳ᠋ᠠᠶᠢᠲ᠋ᠠ᠂ ᠣᠷᠣᠨ ᠬᠡᠰᠡᠭ ᠤᠨ ᠬᠡᠯᠬᠢᠶ᠎ᠡ ᠵᠡᠷᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠵᠤ᠂ ᠦᠨᠡᠯᠡᠬᠦ ᠪᠠᠷ ᠰᠢᠯᠢᠳᠡᠭ ᠢ ᠠᠬᠢᠭᠤᠯᠤᠨ᠎ᠠ᠃      ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠪᠠ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠭᠠᠶᠢᠯᠢ ᠲᠤᠰᠢᠶᠠᠬᠤ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠭᠤᠣᠯᠳᠠᠯᠭ᠎ᠠ  ᠲᠠᠢ ᠬᠦᠷᠢᠶ᠎ᠡ ᠪᠠ ᠵᠠᠩᠭᠢᠯᠠᠭ᠎ᠠ ᠶᠢᠨ ᠲᠠᠯ᠎ᠠ ᠶᠢᠨ ᠢᠲᠡᠭᠡᠮᠵᠢ ᠶᠢᠨ ᠪᠠᠶᠢᠭᠤᠯᠤᠯᠲᠠ  ᠶᠢ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠎  ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ ᠪᠠ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾᠎ ᠎ ᠶᠢᠨ ᠲᠦᠷᠢᠮ ᠢ ᠬᠡᠷᠡᠭᠵᠢᠭᠦᠯᠦᠨ᠂ ᠢᠲᠡᠭᠡᠮᠵᠢ ᠲᠠᠢ ᠪᠠᠶᠢᠬᠤ ᠶᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠬᠦᠯᠵᠦ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ᠎ᠠ᠃             ᠬᠤᠶᠠᠳᠤᠭᠠᠷ ᠬᠡᠰᠡᠭ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠬᠠᠢ      ᠤᠯᠤᠰ ᠤᠨ ︽ᠨᠢᠭᠡ ᠪᠦᠰᠡ ᠨᠢᠭᠡ ᠵᠠᠮ︾᠎ ᠎ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ ᠵᠡᠷᠭᠡ ᠴᠢᠬᠤᠯᠠ ᠠᠵᠠ ᠲᠣᠬᠢᠶᠠᠯ ᠢ ᠠᠮᠵᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠶᠠᠷ ᠵᠦᠶᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ︾᠎ ᠎ ᠢ ᠭᠦᠶᠴᠡᠳ ᠠᠰᠢᠭᠯᠠᠨ᠂ ᠵᠠᠮ ᠳᠠᠭᠠᠤ ᠶᠢᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠳᠠᠨ᠎ᠠ ᠠᠴᠠ ᠮᠣᠩᠭᠤᠯ ᠤᠯᠠᠭᠠᠨᠪᠠᠭᠠᠲᠤᠷ ᠲᠤ ᠬᠥᠷᠬᠦ ᠣᠯᠠᠨ ᠤᠯᠤᠰ ᠤᠨ ᠲᠣᠮᠣ ᠲᠡᠮᠦᠷ ᠵᠠᠮ᠂ ᠳᠣᠲᠣᠭᠠᠳᠤ ᠳᠠᠭᠠᠨ ᠱᠠᠨᠰᠢ ᠭᠠᠨᠰᠦ ᠨᠢᠩᠰᠢᠶᠠ ᠰᠧᠴᠤᠸᠠᠨ ᠴᠦᠩᠴᠢᠩ᠂ ᠬᠥᠬᠡᠮᠥ᠋ᠷᠡᠨ ᠤ ᠠᠵᠤ ᠠᠬᠤᠶ ᠶᠢᠨ ᠪᠦᠰᠡ ᠪᠠ ᠪᠠᠷᠠᠭᠤᠨ ᠬᠡᠰᠡᠭ ᠤᠨ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ ᠲᠠᠢ ᠬᠤᠯᠪᠣᠭᠰᠠᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃      ᠦᠯᠵᠡᠢ ᠪᠣᠭᠤᠮᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠦᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠠᠵᠤ ᠠᠬᠤᠢ ᠶᠢᠨ ᠪᠠᠶᠢᠷᠢᠰᠢᠯ ᠳᠤ ᠠᠭᠤᠰᠤᠯᠴᠠᠵᠤ᠂ ᠵᠦᠷᠢᠶᠡᠴᠢᠯᠡᠭᠰᠡᠨ ᠬᠥᠭᠵᠢᠯᠲᠡ ᠶᠢ ᠲᠤᠪᠤᠶᠢᠯᠭᠠᠵᠦ᠂ ᠦᠯᠵᠡᠢ ᠪᠣᠭᠤᠮᠲᠠ ᠶᠢ ᠬᠤᠣᠰ ᠡᠷᠬᠢᠯᠳᠡᠳᠦ ᠪᠠᠶᠢᠯᠳᠤᠬᠤ ᠪᠤᠳᠤᠯᠭ᠎ᠠ ᠶᠢᠨ ᠤᠮᠠᠷᠠᠲᠤ ᠬᠢᠯᠢ ᠶᠢᠨ ᠨᠡᠭᠡᠭᠡᠯᠳᠡ ᠶᠢᠨ ᠵᠠᠩᠭᠢᠯᠠᠭ᠎ᠠ ᠶᠢᠨ ᠴᠡᠭ ᠪᠣᠯᠭᠠᠨ ᠪᠦᠳᠦᠭᠡᠨ ᠪᠠᠶᠢᠭᠤᠯᠵᠤ᠂ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠨᠡᠭᠡᠭᠡᠯᠳᠡ ᠶᠢᠨ ᠬᠦᠢᠰᠦ ᠶᠢ ᠬᠦᠴᠦᠯᠡᠨ ᠪᠠᠶᠢᠭᠤᠯᠵᠤ᠂ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ᠂ ᠳᠤᠮᠳᠠᠳᠤ ᠣᠷᠣᠨ ᠤ ᠤᠮᠠᠷᠠᠰᠢ ᠨᠡᠭᠡᠭᠡᠯᠳᠡ ᠶᠢᠨ ᠴᠢᠬᠤᠯᠠ ᠴᠣᠩᠬᠤᠪᠴᠢ ᠶᠢ ᠨᠡᠪᠲᠡᠷᠡᠭᠦᠯᠵᠦ᠂ ᠱᠠᠨᠰᠢ ᠶᠢ ᠪᠦᠳᠦᠭᠡᠨ ᠪᠠᠶᠢᠭᠤᠯᠤᠨ᠎ᠠ      ᠭᠠᠨᠰᠤ ᠨᠢᠩᠰᠢᠶᠠ ᠥᠪᠥᠷ ᠮᠣᠩᠭᠤᠯ ᠬᠥᠬᠡᠨᠠᠭᠤᠷ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠪᠠ ᠤᠮᠠᠷᠠᠰᠢ ᠨᠡᠭᠡᠭᠡᠯᠲᠡ ᠬᠢᠬᠦ ᠴᠢᠬᠤᠯᠠ ᠠᠴᠢᠶᠠᠯᠠᠪᠤᠷᠢ ᠪᠠ ᠲᠠᠪᠴᠠᠩ᠂ ᠤᠯᠤᠰ ᠤᠨ ᠴᠢᠬᠤᠯᠠ ᠶᠡᠭᠡ ᠬᠡᠮᠵᠢᠶᠡᠨ ᠤ ᠲᠠᠸᠠᠷ ᠪᠠ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠭᠠᠳᠠᠭᠠᠳᠤ ᠠᠷᠠᠯᠵᠢᠶᠠᠨ ᠤ ᠰᠠᠭᠤᠷᠢᠨ ᠭᠠᠵᠠᠷ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠥᠭᠡᠴᠡ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠠᠭᠤᠷᠢᠨ ᠭᠠᠵᠠᠷ᠃ ᠦᠯᠵᠡᠢ ᠬᠢᠯᠢ ᠶᠢᠨ ᠪᠣᠭᠤᠮᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠠᠵᠤ ᠠᠬᠤᠶ ᠠᠷᠠᠯᠵᠢᠶ᠎ᠠ᠂ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠎ᠠ᠃ ᠪᠣᠭᠤᠮᠲᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠳᠠᠭᠠᠤ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠵᠡᠷᠭᠡ ᠲᠥᠷᠥᠯ ᠵᠦᠶᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃      ᠪᠣᠭᠤᠮᠲᠠ ᠶᠢᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠶᠡᠭᠡ ᠪᠠᠶᠢᠷᠢᠰᠢᠯ ᠢᠶᠠᠷ ᠲᠦᠯᠬᠢᠨ ᠠᠬᠢᠭᠤᠯᠤᠨ᠎ᠠ᠃ ᠴᠠᠭᠠᠨ ᠳᠡᠯ ᠠᠭᠤᠯᠠ ᠪᠣᠭᠤᠮᠲᠠ ᠶᠢ ᠲᠤᠰᠠᠯᠠᠨ ᠪᠠᠶᠢᠭᠤᠯᠬᠤ ᠲᠥᠷᠥᠯ ᠵᠦᠶᠯ ᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠥᠯᠥᠪᠯᠡᠨ᠂ ᠪᠣᠭᠤᠮᠲᠠ ᠶᠢᠨ ᠬᠠᠮᠲᠤᠷᠠᠯᠴᠠᠭᠠᠨ ᠤ ᠭᠤᠤᠯ ᠬᠦᠷᠢᠶ᠎ᠡ ᠳᠠᠪᠬᠤᠷᠭ᠎ᠠ ᠶᠢ ᠴᠢᠩᠭᠠᠷᠠᠭᠤᠯᠤᠨ᠂ ︽ᠪᠣᠭᠤᠮᠲᠠ + ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ︾᠎ ᠎ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠲᠩᠷᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠠᠮᠰᠤᠭᠪᠤᠯᠠᠭ ᠤᠨ ᠪᠣᠬᠢᠷᠲᠤᠯ ᠥᠬᠡᠶ ᠬᠤᠵᠢᠷ ᠤᠨ ᠦᠶᠯᠡᠰ ᠤᠨ ᠰᠠᠭᠤᠷᠢᠨ ᠭᠠᠵᠠᠷ ᠵᠡᠷᠭᠡ ᠯᠦᠭᠡ ᠨᠢᠭᠲᠠ ᠬᠠᠮᠲᠤᠷᠠᠯᠴᠠᠬᠤ ᠶᠢ ᠴᠢᠩᠭᠠᠳᠬᠠᠨ᠎ᠠ᠃ ᠬᠢᠯᠢ ᠶᠢᠨ ᠪᠣᠭᠤᠮᠲᠠ ᠬᠢᠭᠡᠳ ᠦᠬᠠᠶ᠂ ᠭᠠᠨᠰᠦ᠂ ᠨᠢᠩᠰᠢᠶᠠ ᠵᠡᠷᠭᠡ ᠡᠷᠬᠢᠨ ᠲᠣᠭᠤᠷᠢᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ︽ᠬᠢᠯᠢ ᠶᠢᠨ ᠪᠣᠭᠤᠮᠲᠠ + ᠠᠵᠤ ᠦᠢᠯᠡᠰ ᠤᠨ ᠨᠢᠰᠬᠦ ᠭᠠᠵᠠᠷ︾᠎ ᠎ ᠤᠨ ᠬᠠᠮᠲᠤᠷᠠᠨ ᠬᠥᠳᠡᠯᠦᠯᠴᠡᠬᠦ ᠵᠠᠭᠪᠤᠷ ᠢ ᠬᠠᠶᠢᠨ ᠰᠦᠪᠡᠭᠴᠢᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠢ ᠲᠠᠲᠠᠵᠤ ᠪᠠᠶᠢᠭᠠᠳ ᠬᠢᠯᠢ ᠶᠢᠨ ᠪᠣᠭᠤᠮᠲᠠ ᠳᠤ ᠨᠢᠰᠬᠦ ᠭᠠᠵᠠᠷ ᠪᠠᠶᠢᠭᠤᠯᠵᠤ᠂ ᠨᠡᠭᠡᠭᠡᠯᠳᠡ ᠶᠢᠨ ᠲᠠᠪᠴᠠᠩ ᠪᠠᠶᠢᠭᠤᠯᠵᠤ᠂ ᠬᠠᠮᠵᠢᠯᠴᠠᠨ ᠬᠥᠭᠵᠢᠬᠦ ᠬᠦᠴᠦᠯᠡᠬᠦ ᠴᠡᠭ ᠢ ᠪᠦᠷᠢᠯᠳᠦᠭᠦᠯᠦᠨ᠎ᠡ᠃      ᠥᠯᠵᠡᠢ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ ᠥᠯᠵᠡᠢ ᠪᠣᠭᠤᠮᠲᠠ ᠎ ᠠᠴᠠ ᠪᠠᠶᠠᠨᠬᠤᠲᠠ ᠬᠥᠷᠬᠦ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠯᠵᠡᠢ ᠪᠣᠭᠤᠮᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠠᠬᠢᠭᠤᠯᠤᠨ᠂ ᠥᠯᠵᠡᠢ ᠪᠣᠭᠤᠮᠲᠠ ᠶᠢᠨ ᠨᠢᠰᠬᠡᠯ ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ ︽ᠭᠤᠷᠪᠠ ᠶᠢ ᠨᠢᠭᠡ ᠴᠤᠭᠴᠠᠵᠢᠭᠤᠯᠤᠭᠰᠠᠨ︾᠎  ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠪᠣᠭᠤᠮᠲᠠ ᠪᠠᠷ ᠥᠩᠭᠡᠷᠡᠭᠦᠯᠬᠦ ᠢᠵᠢ ᠪᠦᠷᠢᠳᠦᠭᠦᠯᠬᠦ ᠦᠢᠯᠡᠴᠢᠯᠡᠭᠡ᠂ ᠪᠣᠭᠤᠮᠲᠠ ᠶᠢᠨ ᠲᠡᠭᠡᠭᠡᠪᠦᠷᠢ ᠶᠢᠨ ᠨᠡᠪᠲᠡᠷᠡᠬᠦ ᠵᠠᠮ᠂ ᠬᠥᠮᠥᠷᠭᠡᠯᠡᠨ ᠬᠠᠳᠠᠭᠠᠯᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠲᠦᠯᠬᠢᠨ ᠠᠬᠢᠭᠤᠯᠤᠨ᠎ᠠ᠃      ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠣᠭᠤᠮᠲᠠ ᠪᠠᠷ ᠥᠩᠭᠡᠷᠡᠬᠦ ᠳᠤ ᠭᠠᠭᠴᠠ ᠴᠣᠩᠬᠤᠪᠴᠢ ᠪᠠᠷ ᠦᠶᠯᠡᠴᠢᠯᠡᠬᠦ ᠶᠢ ᠬᠡᠷᠡᠭᠵᠢᠭᠦᠯᠵᠦ᠂ ᠬᠢᠯᠢ ᠶᠢᠨ ᠠᠷᠠᠳ ᠤᠨ ᠬᠢᠯᠢ ᠪᠠᠷ ᠣᠷᠣᠵᠤ ᠭᠠᠷᠬᠤ᠂ ᠪᠠᠷᠠᠭᠠᠨ ᠤ ᠠᠷᠠᠯᠵᠢᠶ᠎ᠠ ᠶᠢᠨ ᠲᠡᠭᠡᠭᠡᠪᠦᠷᠢ ᠵᠡᠷᠭᠡ ᠣᠨᠴᠣᠭᠤᠶ ᠳᠥᠭᠦᠮ ᠳᠥᠲᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠣᠭᠤᠮᠲᠠ ᠶᠢᠨ ᠨᠡᠪᠲᠡᠷᠡᠬᠦ ᠵᠠᠮ ᠤᠨ ᠴᠢᠳᠠᠮᠵᠢ ᠶᠢ ᠴᠢᠨᠠᠷ ᠰᠠᠶᠢᠲᠠᠶ ᠪᠠᠳᠠᠷᠠᠭᠤᠯᠤᠨ᠎ᠠ᠃ ᠱᠠᠨᠰᠢ᠂ ᠭᠠᠨᠰᠦ᠂ ᠨᠢᠩᠰᠢᠶᠠ᠂ ᠬᠥᠬᠡᠨᠠᠭᠤᠷ ᠵᠡᠷᠭᠡ ᠣᠷᠣᠨ ᠪᠦᠰᠡ ᠯᠦᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ︽ᠬᠥᠬᠡᠬᠤᠲᠠ ᠪᠤᠭᠤᠲᠤ ᠢᠷᠭᠠᠶ ᠲᠡᠮᠡᠭᠡᠲᠦ ᠶᠢᠨ ᠠᠵᠤ ᠠᠬᠤᠶ ᠶᠢᠨ ᠣᠷᠣᠨ︾᠎ ᠂ ︽ᠪᠡᠭᠡᠵᠢᠩ ᠲᠢᠶᠠᠨᠵᠢᠨ ᠡᠾᠧᠪᠸᠢ︾᠎ ᠂ ︽ᠬᠥᠬᠡᠮᠥ᠋ᠷᠡᠨ ᠤ ᠠᠵᠤ ᠠᠬᠤᠶ ᠶᠢᠨ ᠪᠦᠰᠡ︾᠎ ᠂ ︽ᠪᠠᠷᠠᠭᠤᠨ ᠬᠡᠰᠡᠭ ᠤᠨ ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ︾᠎  ᠵᠡᠷᠭᠡ ᠯᠦᠭᠡ ᠪᠠᠶᠢᠩᠭᠤᠵᠢᠭᠤᠯᠤᠭᠰᠠᠨ ᠴᠥᠷᠬᠡᠯᠡᠭᠡ ᠶᠢ ᠪᠣᠶ ᠪᠣᠯᠭᠠᠵᠤ᠂ ᠥᠯᠵᠡᠢ ᠪᠣᠭᠤᠮᠲᠠ — ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠠᠵᠤ ᠦᠶᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃      ᠪᠣᠭᠤᠮᠲᠠ ᠶᠢᠨ ᠦᠢᠯᠡᠳᠪᠦᠷᠢᠯᠡᠯ ᠬᠤᠳᠠ ᠶᠢᠨ ᠠᠭᠤᠰᠤᠯᠴᠠᠯ ᠢ ᠥᠨᠳᠥᠷ ᠲᠦᠪᠰᠢᠨ ᠢᠶᠠᠷ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠳᠤ ᠲᠦᠰᠢᠭᠯᠡᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠵᠢᠴᠢ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠂ ᠠᠷᠠᠯᠵᠢᠶ᠎ᠠ᠂ ᠰᠤᠷᠭᠠᠨ ᠬᠥᠮᠦᠵᠢᠯ᠂ ᠡᠮᠴᠢᠯᠡᠭᠡ᠂ ᠪᠡᠶ᠎ᠡ ᠶᠢᠨ ᠲᠠᠮᠢᠷ᠂ ᠰᠣᠶᠣᠯ ᠤᠨ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠢᠵᠢ ᠪᠦᠷᠢᠳᠦᠭᠦᠯᠬᠦ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠣᠳᠣᠬᠢᠴᠢᠯᠠᠭᠰᠠᠨ ᠮᠣᠩᠭᠤᠯ ᠶᠤᠸᠠᠨ ᠤ ᠣᠨᠴᠠᠯᠢᠭ ᠲᠠᠢ ᠬᠢᠯᠢ ᠶᠢᠨ ᠵᠢᠭᠤᠯᠴᠢᠯᠠᠯ ᠤᠨ ᠣᠷᠣᠨ ᠢ ᠪᠦᠲᠦᠭᠡᠨ ᠪᠠᠶᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠭᠤᠶᠣᠵᠢᠭᠤᠯᠤᠨ᠎ᠠ᠃ ᠪᠣᠭᠤᠮᠲᠠ ᠶᠢᠨ ᠨᠡᠪᠲᠡᠷᠡᠬᠦ ᠵᠠᠮ ᠤᠨ ᠠᠵᠤ ᠠᠬᠤᠢ ᠪᠠ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠯᠧᠺᠲᠷᠣᠨ ᠪᠣᠭᠤᠮᠲᠠ᠂ ᠳᠣᠲᠣᠭᠠᠳᠤ ᠬᠠᠭᠤᠷᠠᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 5G᠂ ᠲᠣᠮᠣ ᠳ᠋ᠠᠶᠢᠲ᠋ᠠ ᠵᠡᠷᠭᠡ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶᠤᠨᠲᠤ ᠪᠣᠭᠤᠮᠲᠠ ᠶᠢ ᠪᠠᠶᠢᠭᠤᠯᠤᠨ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ᠂ ᠠᠷᠠᠯᠵᠢᠶ᠎ᠠ᠂ ᠦᠢᠯᠡᠴᠢᠯᠡᠭᠡᠨ ᠤ ᠣᠶᠤᠨᠴᠢᠯᠠᠭᠰᠠᠨ ᠬᠥᠭᠵᠢᠯᠲᠡ ᠶᠢ ᠪᠡᠶᠡᠯᠡᠭᠦᠯᠦᠨ᠎ᠡ᠃             ᠭᠤᠷᠪᠠᠳᠤᠭᠠᠷ ᠬᠡᠰᠡᠭ ᠣᠷᠤᠨ ᠪᠦᠰᠡ ᠶᠢᠨ ᠪᠠᠶᠢᠯᠳᠤᠬᠤ ᠪᠣᠳᠤᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ      ᠪᠡᠭᠡᠵᠢᠩ ᠲᠢᠶᠠᠨᠵᠢᠨ ᠡᠾᠧᠪᠸᠢ ᠯᠤᠭ᠎ᠠ ᠶᠢᠨ ᠬᠠᠮᠵᠢᠯᠴᠠᠭᠰᠠᠨ ᠬᠥᠭᠵᠢᠯᠲᠡ᠂ ᠪᠠᠷᠠᠭᠤᠨ ᠬᠡᠰᠡᠭ ᠤᠨ ᠭᠠᠵᠠᠷ ᠣᠷᠣᠨ ᠤ ᠬᠠᠭᠤᠷᠠᠶ ᠪᠠ ᠲᠠᠯᠠᠢ ᠶᠢᠨ ᠰᠢᠨ᠎ᠡ ᠵᠠᠮ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠯᠲᠠ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠨᠢᠭᠲᠠ ᠬᠤᠯᠪᠣᠯᠳᠤᠯ ᠢ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠯᠲᠡ᠂ ᠴᠢᠳᠠᠪᠤᠷᠢᠲᠠᠨ ᠤ ᠰᠣᠯᠢᠯᠴᠠᠭ᠎ᠠ ᠶᠢ ᠲᠦᠯᠬᠢᠨ ᠠᠬᠢᠭᠤᠯᠤᠨ᠎ᠠ᠃ ᠨᠢᠩᠰᠢᠶᠠ᠂ ᠭᠠᠨᠰᠦ᠂ ᠣᠷᠳᠣᠰ᠂ ᠦᠬᠠᠶ ᠵᠡᠷᠭᠡ ᠡᠷᠬᠢᠨ ᠲᠣᠭᠤᠷᠢᠨ ᠤ ᠣᠷᠣᠨ ᠪᠦᠰᠡ ᠶᠢᠨ ᠨᠣᠭᠤᠭᠠᠨ ᠡᠨᠧᠷᠭᠢ ᠶᠢᠨ ᠬᠠᠮᠲᠤᠷᠠᠯᠴᠠᠭ᠎ᠠ᠂ ᠠᠵᠤ ᠦᠶᠯᠡᠰ ᠤᠨ ᠬᠠᠮᠵᠢᠯᠴᠠᠨ ᠬᠥᠭᠵᠢᠬᠦ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ᠂ ᠨᠡᠶᠢᠭᠡᠮ ᠤᠨ ᠵᠠᠰᠠᠯᠲᠠ ᠶᠢ ᠬᠠᠮᠲᠤᠪᠠᠷ ᠵᠠᠰᠠᠬᠤ᠂ ᠨᠡᠶᠢᠭᠡᠮ ᠤᠨ ᠦᠶᠯᠡᠰ ᠢ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠵᠠᠮ ᠬᠠᠷᠢᠯᠴᠠᠭ᠎ᠠ ᠬᠤᠯᠪᠣᠭᠠᠯᠠᠨ ᠬᠥᠳᠡᠯᠦᠯᠴᠡᠬᠦ᠃ ᠠᠭᠠᠷ ᠤᠨ ᠠᠶᠠᠯᠠᠯ᠂ ᠲᠡᠮᠦᠷ ᠵᠠᠮ᠂ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠢᠷᠭᠠᠢ ᠶᠢᠨ ᠨᠢᠰᠬᠡᠯ ᠤᠨ ᠪᠠᠭᠤᠳᠠᠯ ᠪᠠ ᠬᠤᠷᠳᠤᠨ ᠤ ᠲᠡᠮᠦᠷ ᠵᠠᠮ ᠤᠨ ᠥᠷᠲᠡᠭᠡ ᠵᠡᠷᠭᠡ ᠭᠤᠤᠯᠳᠠᠯᠭ᠎ᠠ ᠲᠠᠢ ᠵᠠᠩᠭᠢᠯᠠᠭ᠎ᠠ ᠯᠤᠭ᠎ᠠ ᠵᠠᠪᠰᠠᠷ ᠥᠬᠡᠶ ᠵᠣᠯᠭᠠᠭᠤᠯᠬᠤ ᠶᠢ ᠠᠬᠢᠭᠤᠯᠤᠨ᠂ ︽ᠭᠤᠷᠪᠠ ᠶᠢ ᠨᠢᠭᠡ ᠴᠤᠭᠴᠠᠵᠢᠭᠤᠯᠤᠭᠰᠠᠨ︾᠎  ᠬᠠᠮ ᠬᠡᠯᠪᠡᠷᠢ ᠶᠢᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠬᠠᠮᠲᠤᠪᠠᠷ ᠪᠠᠶᠢᠭᠤᠯᠵᠤ᠂ ᠴᠢᠨᠠᠷ ᠰᠠᠶᠢᠲᠠᠶ᠂ ︽ᠨᠢᠭᠡ ᠥᠷᠲᠡᠭᠡ ᠮᠠᠶ᠋ᠢᠭ︾᠎ ᠎ ᠤᠨ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠦᠨ᠎ᠡ᠃ ᠦᠯᠵᠡᠢ ᠬᠢᠯᠢ ᠶᠢᠨ ᠪᠣᠭᠤᠮᠲᠠ ᠶᠢᠨ ᠪᠦᠳᠦᠬᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ ᠬᠤᠲᠠ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠵᠡᠷᠭᠡ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠤᠯᠪᠣᠯᠲᠠ ᠶᠢ ᠴᠢᠩᠭᠠᠳᠬᠠᠵᠤ᠂ ᠠᠵᠢᠯ ᠬᠤᠪᠢᠶᠠᠷᠢᠯᠠᠨ ᠬᠠᠮᠵᠢᠯᠴᠠᠭᠰᠠᠨ᠂ ᠪᠠᠶᠢᠷᠢᠰᠢᠯ ᠵᠣᠬᠢᠰᠲᠠᠢ ᠣᠷᠣᠨ ᠪᠦᠰᠡ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠦᠷᠢᠯᠳᠦᠭᠦᠯᠦᠨ᠎ᠡ᠃      ᠵᠠᠬ᠎ᠠ ᠳᠡᠯᠭᠡᠭᠦᠷ ᠤᠨ ᠬᠤᠯᠪᠣᠯᠳᠤᠯ᠃ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠵᠤ᠂ ᠲᠠᠸᠠᠷ᠂ ᠪᠡᠯᠡ ᠮᠥᠩᠭᠦ᠂ ᠴᠢᠳᠠᠪᠤᠷᠢᠲᠠᠨ᠂ ᠡᠬᠢ ᠪᠠᠶᠠᠯᠢᠭ᠂ ᠮᠡᠳᠡᠭᠡ ᠵᠠᠩᠭᠢ ᠵᠡᠷᠭᠡ ᠡᠯᠧᠮᠧᠨ᠋ᠲ ᠢ ᠬᠠᠮᠲᠤ ᠪᠠᠷ ᠡᠳ᠋ᠯᠡᠵᠦ ᠬᠠᠮᠲᠤ ᠪᠠᠷ ᠨᠡᠪᠲᠡᠷᠡᠬᠦ᠂ ᠢᠯᠭᠤᠮ ᠰᠢᠯᠤᠭᠤᠨ ᠢᠶᠠᠷ ᠰᠢᠯᠵᠢᠬᠦ ᠶᠢ ᠲᠦᠯᠬᠢᠨ ᠠᠬᠢᠭᠤᠯᠤᠨ᠎ᠠ᠃ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ᠂ ᠬᠦᠷᠦᠩᠭᠡ ᠶᠢᠨ ᠵᠠᠬ᠎ᠠ ᠳᠡᠯᠭᠡᠭᠦᠷ᠂ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ᠂ ᠮᠡᠷᠭᠡᠵᠢᠯ ᠤᠨ ᠵᠠᠬ᠎ᠠ ᠳᠡᠯᠭᠡᠭᠦᠷ ᠢ ᠪᠡᠭᠡᠵᠢᠩ᠂ ᠰᠢ ᠠᠨ᠂ ᠢᠷᠭᠠᠶ ᠵᠡᠷᠭᠡ ᠭᠤᠣᠯ ᠬᠤᠳᠠ ᠯᠤᠭ᠎ᠠ ᠬᠤᠯᠪᠣᠯᠳᠤᠭᠤᠯᠬᠤ ᠶᠢ ᠠᠬᠢᠭᠤᠯᠤᠨ᠎ᠠ᠃ ᠭᠤᠣᠯ ᠪᠣᠯᠬᠤ ᠬᠤᠳᠠ ᠶᠢᠨ ᠤᠯᠠᠨ ᠤᠯᠤᠰ ᠤᠨ ᠦᠵᠡᠭᠦᠯᠦᠯᠭᠡ ᠶᠢᠨ ᠴᠤᠭᠯᠠᠭᠠᠨ᠂ ᠴᠢᠬᠤᠯᠠ ᠶᠡᠭᠡ ᠠᠵᠢᠯᠯᠠᠭ᠎ᠠ ᠵᠡᠷᠭᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠯᠠᠱᠠ ᠵᠡᠭᠦᠨ ᠬᠤᠰᠢᠭᠤᠨ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠨ᠎ᠠ᠃      ᠠᠵᠤ ᠦᠶᠯᠡᠰ ᠤᠨ ᠬᠤᠯᠪᠣᠭᠠᠯᠠᠨ ᠬᠥᠳᠡᠯᠦᠯᠴᠡᠨ᠎ᠡ᠃ ᠭᠤᠤᠯᠯᠠᠭᠴᠢ ᠬᠤᠲᠠ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠶᠡᠷᠦᠩᠬᠡᠶ ᠬᠡᠯᠲᠡᠰ + ᠰᠤᠳᠤᠯᠤᠨ ᠨᠡᠭᠡᠭᠡᠬᠦ ᠰᠠᠭᠤᠷᠢᠨ ᠭᠠᠵᠠᠷ + ᠦᠶᠯᠡᠳᠪᠦᠷᠢᠯᠡᠯ ᠤᠨ ᠰᠠᠭᠤᠷᠢᠨ ᠭᠠᠵᠠᠷ + ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ︾᠎  ᠠᠷᠭ᠎ᠠ ᠮᠠᠶ᠋ᠢᠭ ᠢ ᠰᠦᠪᠡᠭᠴᠢᠯᠡᠵᠦ᠂ ᠴᠢᠨᠠᠷ ᠰᠠᠶᠢᠲᠠᠶ ᠠᠵᠤ ᠠᠬᠤᠶᠢᠯᠠᠯ ᠢ ᠲᠠᠲᠠᠵᠤ ᠠᠯᠠᠱᠠ ᠵᠡᠭᠦᠨ ᠬᠤᠰᠢᠭᠤᠨ ᠳᠤ ᠨᠠᠶᠢᠳᠠᠪᠤᠷᠢᠵᠢᠭᠤᠯᠤᠨ᠎ᠠ᠃ ᠭᠤᠤᠯ ᠬᠤᠲᠠ ᠶᠢᠨ ᠮᠥᠩᠭᠦᠨ ᠭᠦᠶᠯᠭᠡᠭᠡᠨ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ᠂ ᠡᠳ᠋ ᠤᠨ ᠵᠠᠰᠠᠭ ᠭᠠᠶᠢᠯᠢ ᠶᠢᠨ ᠬᠠᠤᠯᠢ ᠶᠠᠪᠤᠳᠠᠯ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠯᠠᠪᠯᠠᠭ᠎ᠠ ᠵᠡᠷᠭᠡ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠠᠵᠤ ᠠᠬᠤᠶᠢᠯᠠᠯ ᠢ ᠠᠯᠠᠱᠠ ᠵᠡᠭᠦᠨ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠴᠢᠷᠮᠠᠶᠢᠨ᠎ᠠ᠃ ᠬᠠᠲᠤᠨ ᠭᠤᠣᠯ ᠤᠨ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠴᠢᠨᠠᠷ ᠰᠠᠶᠢᠲᠠᠶ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠬᠠᠮᠲᠤ ᠪᠠᠷ ᠪᠠᠶᠢᠭᠤᠯᠤᠨ᠎ᠠ᠃ ᠦᠬᠠᠶ᠂ ᠣᠷᠳᠣᠰ ᠵᠡᠷᠭᠡ ᠡᠷᠬᠢᠨ ᠲᠣᠭᠤᠷᠢᠨ ᠤ ᠬᠤᠲᠠ ᠯᠤᠭ᠎ᠠ ᠨᠢᠭᠲᠠ ᠬᠠᠮᠲᠤᠷᠠᠯᠴᠠᠵᠤ᠂ ︽ᠴᠡᠴᠡᠷᠯᠢᠭ ᠲᠠᠬᠢ ᠴᠡᠴᠡᠷᠯᠢᠭ︾᠎  ︽ᠴᠡᠴᠡᠷᠯᠢᠭ ᠢ ᠬᠠᠮᠲᠤᠪᠠᠷ ᠪᠠᠶᠢᠭᠤᠯᠬᠤ︾᠎ ᠎ ᠶᠢ ᠪᠠᠶᠢᠭᠤᠯᠵᠤ᠂ ᠬᠠᠮᠲᠤᠪᠠᠷ ᠰᠦᠪᠡᠭᠴᠢᠯᠡᠬᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠦᠨ᠎ᠡ᠃      ᠰᠢᠨ᠎ᠡ ᠶᠢ ᠡᠭᠦᠳᠦᠨ ᠬᠤᠯᠪᠣᠭᠠᠯᠠᠨ ᠬᠥᠳᠡᠯᠦᠯᠴᠡᠨ᠎ᠡ᠃ ᠯᠠᠨᠵᠧᠦ ᠶᠡᠭᠡ ᠰᠤᠷᠭᠠᠭᠤᠯᠢ᠂ ᠨᠢᠩᠰᠢᠶᠠ ᠶᠡᠭᠡ ᠰᠤᠷᠭᠠᠭᠤᠯᠢ᠂ ᠰᠢ ᠠᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠶᠢ ᠭᠦᠢᠴᠡᠳ ᠠᠰᠢᠭᠯᠠᠵᠤ᠂ ᠰᠢᠨ᠎ᠡ ᠶᠢ ᠡᠭᠦᠳᠬᠦ ᠡᠯᠧᠮᠧᠨ᠋ᠲ ᠢ ᠲᠣᠬᠢᠷᠠᠭᠤᠯᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠨᠢᠭᠡ ᠪᠦᠯᠦᠭ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠤᠶᠠᠨ ᠬᠠᠳᠠᠨ ᠢᠶᠠᠷ ᠴᠢᠳᠠᠪᠤᠷᠢᠲᠠᠨ ᠣᠷᠣᠭᠤᠯᠬᠤ︾᠎  ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠭᠤᠤᠯᠯᠠᠬᠤ ᠬᠤᠲᠠ ᠳᠤ ᠬᠠᠨᠳᠤᠭᠤᠯᠤᠨ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠶᠯᠡᠳᠪᠦᠷᠢ ᠪᠠ ᠰᠤᠷᠭᠠᠭᠤᠯᠢ ᠤᠶᠠᠯᠳᠤᠬᠤ ᠪᠠᠷ ᠭᠤᠤᠯᠯᠠᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃      ᠠᠮᠢ ᠠᠬᠤᠶ ᠶᠢᠨ ᠬᠤᠯᠪᠣᠯᠳᠤᠯ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠦᠬᠠᠶ᠂ ᠪᠠᠶᠠᠨᠨᠠᠭᠤᠷ᠂ ᠣᠷᠳᠣᠰ ᠵᠡᠷᠭᠡ ᠣᠷᠣᠨ ᠪᠦᠰᠡ ᠲᠠᠢ ᠬᠠᠮᠲᠤᠪᠠᠷ ︽ᠤᠯᠠᠭᠠᠨᠪᠤᠬ᠎ᠠ᠂ ᠠᠯᠠᠱᠠ ᠠᠭᠤᠯᠠ᠂ ᠣᠷᠳᠣᠰ ᠤᠨ ᠥᠨᠳᠦᠷᠯᠢᠭ ᠤᠨ ᠣᠷᠣᠨ︾᠎ ᠎ ᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠢᠨᠵᠧᠨᠧᠷᠢᠩ ᠬᠢᠭᠡᠳ ︽ᠬᠠᠲᠤᠨ ᠭᠤᠤᠯ ᠤᠨ ᠤᠰᠤ ᠶᠢ ᠤᠯᠠᠭᠠᠨᠪᠤᠬ᠎ᠠ ᠶᠢᠨ ᠡᠯᠡᠰᠦᠨ ᠴᠥᠯ ᠢᠶᠠᠷ ᠳᠠᠮᠵᠢᠨ ᠦᠵᠦᠭᠦᠷ ᠭᠤᠣᠯ ᠳᠤ ᠣᠷᠣᠭᠤᠯᠬᠤ︾᠎  ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠰᠢᠰᠲ᠋ᠧᠮᠵᠢ ᠶᠢᠨ ᠢᠨᠵᠧᠨᠧᠷᠢᠩ ᠢ ᠠᠬᠢᠭᠤᠯᠬᠤ ᠶᠢᠨ ᠬᠠᠮᠲᠤ ᠨᠢᠩᠰᠢᠶᠠ ᠲᠠᠢ ᠬᠠᠮᠲᠤᠪᠠᠷ ᠠᠯᠠᠱᠠ ᠠᠭᠤᠯᠠ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠠᠲᠤᠨ ᠭᠤᠤᠯ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠶᠢ ᠨᠢᠭᠡᠳᠦᠯᠲᠡᠶ ᠲᠥᠯᠥᠪᠯᠡᠵᠦ᠂ ᠣᠷᠣᠨ ᠪᠦᠰᠡ ᠶᠢᠨ ᠴᠢᠨᠠᠷ ᠰᠠᠶᠢᠲᠠᠶ ᠬᠠᠮᠵᠢᠯᠴᠠᠭᠰᠠᠨ ᠬᠥᠭᠵᠢᠯᠲᠡ ᠶᠢ ᠠᠬᠢᠭᠤᠯᠤᠨ᠎ᠠ᠃       ᠠᠷᠪᠠᠨ ᠨᠢᠭᠡᠳᠦᠭᠡᠷ ᠪᠦᠯᠦᠭ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠤᠬᠠᠢ            ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠪᠥᠬᠦ ᠶᠠᠪᠤᠴᠠ ᠳᠤ ᠲᠤᠤᠱᠯᠠᠭᠤᠯᠵᠤ᠂ ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠡᠯ᠎ᠡ ᠵᠦᠶᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃       ᠨᠢᠭᠡᠳᠦᠭᠡᠷ ᠬᠡᠰᠡᠭ ᠠᠶᠤᠯᠭᠦᠢ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ      ᠠᠶᠤᠯᠭᠦᠶ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠤᠷ ᠲᠦᠪᠰᠢᠨ ᠤ ᠰᠢᠰᠲ᠋ᠧᠮ᠂ ᠲᠦᠷᠦ ᠶᠢᠨ ᠪᠤᠳᠤᠯᠭ᠎ᠠ ᠶᠢᠨ ᠰᠢᠰᠲ᠋ᠧᠮ᠂ ᠴᠢᠳᠠᠪᠤᠷᠢᠲᠠᠨ ᠤ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ᠎ᠠ᠃ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃      ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠤᠨ ᠰᠤᠷᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠦᠯᠵᠢᠶᠡᠨ ᠳᠠᠬᠢ ᠬᠥᠮᠦᠵᠢᠯ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ︽ᠳᠥᠷᠪᠡᠨ ᠣᠳᠣᠬᠢᠴᠢᠯᠠᠯᠲᠠ︾᠎ ᠎ ᠶᠢᠨ ᠪᠠᠶᠢᠭᠤᠯᠤᠯᠲᠠ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠤᠪᠢᠰᠬᠠᠯᠵᠢᠯᠲᠠ᠂ ᠵᠢᠩᠬᠢᠨᠢᠴᠢᠯᠡᠯᠲᠡ᠂ ᠲᠤᠰᠬᠠᠶᠢᠵᠢᠯᠲᠠ᠂ ᠠᠵᠢᠯ ᠮᠡᠷᠭᠡᠵᠢᠯᠲᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠡᠩᠨᠡᠭᠡᠨ ᠤ ᠤᠯᠤᠰ ᠲᠥᠷᠥ ᠶᠢᠨ ᠡᠭᠡᠯᠵᠢᠯᠡᠯᠲᠡ ᠶᠢ ᠴᠢᠩᠭᠠᠳᠬᠠᠨ᠂ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠰᠤᠷᠭᠠᠯᠲᠠ ᠶᠢ ᠴᠢᠩᠭᠠᠳᠬᠠᠵᠤ᠂ ᠴᠢᠷᠮᠠᠶᠢᠨ ᠲᠡᠮᠡᠴᠡᠵᠦ ᠴᠢᠳᠠᠮᠠᠭᠠᠶ ᠪᠠᠷ ᠠᠰᠢᠭ ᠭᠥᠷᠳᠡᠵᠦ ᠴᠢᠳᠠᠬᠤ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃      ᠰᠦᠯᠵᠢᠶᠡᠨ ᠤ ᠠᠮᠤᠷ ᠲᠦᠪᠰᠢᠨ ᠢ ᠪᠠᠲᠤᠯᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠢᠶᠠᠷ ᠬᠠᠮᠠᠭᠠᠯᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃       ︽ᠠᠮᠤᠷ ᠠᠮᠤᠭᠤᠯᠠᠩ ᠠᠯᠠᠱᠠ ᠵᠡᠭᠦᠨ ᠬᠤᠰᠢᠭᠤ︾᠎ ᠎ ᠶᠢᠨ ᠣᠶᠤᠨᠴᠢ ᠰᠢᠰᠲ᠋ᠧᠮ ᠢ ᠪᠠᠶᠢᠭᠤᠯᠤᠨ᠎ᠠ᠃ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠨᠢᠭᠡᠳᠦᠯᠲᠡᠢ ᠲᠠᠪᠴᠠᠩ ᠢ ᠪᠣᠶ ᠪᠣᠯᠭᠠᠵᠤ᠂ ᠴᠢᠬᠤᠯᠠ ᠪᠣᠭᠤᠮᠲᠠ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠠᠵᠢᠯ ᠲᠥᠷᠥᠯ ᠤᠨ ᠬᠢᠨᠠᠨ ᠡᠵᠡᠮᠳᠡᠬᠦ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠥᠬᠦ ᠬᠡᠮᠵᠢᠯ ᠤᠨ ᠬᠥᠳᠡᠯᠦᠩᠭᠦᠢ ᠪᠠᠶᠢᠳᠠᠯ ᠢ ᠰᠡᠷᠡᠵᠦ ᠮᠡᠳᠡᠬᠦ ᠣᠶᠤᠨᠴᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃             ᠬᠤᠶᠠᠳᠤᠭᠠᠷ ᠬᠡᠰᠡᠭ ᠠᠵᠤ ᠠᠬᠤᠢ ᠶᠢᠨ ᠠᠮᠤᠷ ᠲᠥᠪᠰᠢᠨ ᠢ ᠬᠠᠮᠠᠭᠠᠯᠠᠬᠤ ᠲᠤᠬᠠᠢ      ᠠᠵᠤ ᠠᠬᠤᠶ ᠶᠢᠨ ᠠᠶᠤᠯᠭᠦᠶ ᠶᠢᠨ ᠴᠢᠳᠠᠪᠤᠷᠢ ᠶᠢᠨ ᠪᠠᠶᠢᠭᠤᠯᠤᠯᠲᠠ ᠶᠢ ︽ᠵᠢᠷᠭᠤᠭ᠎ᠠ ᠶᠢ ᠲᠣᠭᠲᠠᠪᠤᠷᠢᠵᠢᠭᠤᠯᠬᠤ︾᠎  ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾᠎  ᠡᠭᠦᠷᠭᠡ ᠶᠢ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠲᠣᠬᠢᠷᠠᠭᠤᠯᠤᠨ ᠡᠵᠡᠮᠳᠡᠬᠦ᠂ ᠦᠬᠦᠰᠢᠷᠡᠮᠡᠯ ᠠᠵᠤ ᠠᠬᠤᠶᠢᠯᠠᠯ ᠢ ᠰᠢᠶᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠢᠳᠡᠪᠬᠢᠲᠡᠶ ᠯᠠᠪᠳᠠᠭᠤᠨ ᠢᠶᠠᠷ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠤᠰᠤᠨ ᠠᠰᠢᠭᠯᠠᠯᠲᠠ᠂ ᠴᠠᠬᠢᠯᠭᠠᠨ ᠬᠦᠴᠦ᠂ ᠲᠤᠰᠤ ᠭᠡᠢ᠂ ᠵᠠᠮ ᠬᠠᠷᠢᠯᠴᠠᠭ᠎ᠠ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠤᠷ ᠲᠦᠪᠰᠢᠨ ᠢᠶᠠᠷ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠠᠮᠤ ᠪᠤᠳᠠᠭᠠᠨ ᠤ ᠪᠠᠲᠤᠯᠠᠭ᠎ᠠ ᠶᠢᠨ ᠴᠢᠳᠠᠪᠤᠷᠢ ᠶᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ᠂ ᠨᠥᠭᠡᠴᠡᠯᠡᠯ᠂ ᠭᠦᠢᠯᠭᠡᠭᠡᠨ ᠤ ᠪᠦᠬᠦ ᠶᠠᠪᠤᠴᠠ ᠶᠢᠨ ᠲᠣᠭᠤᠷᠢᠨ ᠳᠤ ᠠᠮᠤ ᠪᠤᠳᠠᠭᠠᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠳᠬᠠᠨ᠎ᠠ᠃       ᠭᠤᠷᠪᠠᠳᠤᠭᠠᠷ ᠬᠡᠰᠡᠭ ᠠᠷᠠᠳ ᠲᠦᠮᠡᠨ ᠤ ᠠᠮᠢ ᠨᠠᠰᠤᠨ ᠤ ᠠᠮᠤᠷ ᠲᠥᠪᠰᠢᠨ ᠢ ᠪᠠᠲᠤᠯᠠᠬᠤ ᠲᠤᠬᠠᠢ      ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠷᠢ ︽ᠳᠥᠷᠪᠡᠨ ᠬᠠᠮᠤᠭ ᠤᠨ ᠴᠢᠩᠭ᠎ᠠ︾᠎ ᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠢᠨᠲ᠋ᠧᠷ ᠰᠦᠯᠵᠢᠶᠡᠨ ᠤ ᠲᠣᠭᠠᠴᠢᠯᠠᠭᠰᠠᠨ ᠮᠡᠳᠡᠭᠡ ᠵᠠᠩᠭᠢᠵᠢᠯᠲᠠ ᠶᠢᠨ ᠢᠳᠡᠭᠡᠨ ᠤ ᠵᠦᠢᠯ ᠡᠮ ᠤᠨ ᠵᠦᠢᠯ ᠢ ᠲᠤᠰᠬᠠᠶᠢᠯᠠᠨ ᠵᠠᠰᠠᠬᠤ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠬᠦ᠂ ᠭᠦᠢᠯᠭᠡᠭᠡᠬᠦ᠂ ᠪᠣᠷᠣᠯᠠᠭᠤᠯᠬᠤ ᠪᠦᠬᠦ ᠶᠠᠪᠤᠴᠠ ᠶᠢ ᠬᠠᠮᠤᠷᠤᠭᠰᠠᠨ ᠴᠢᠨᠠᠷ ᠴᠢᠨᠰᠠᠭ᠎ᠠ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠭᠡᠨ ᠤ ᠵᠦᠢᠯ ᠡᠮ ᠤᠨ ᠵᠦᠢᠯ ᠢ ᠦᠢᠯᠡᠳᠪᠦᠷᠢᠯᠡᠬᠦ᠂ ᠰᠤᠷᠭᠠᠯᠲᠠ ᠳᠤ ᠬᠠᠮᠤᠷᠤᠭᠤᠯᠬᠤ᠂ ᠪᠣᠷᠣᠯᠠᠭᠤᠯᠬᠤ ᠪᠦᠬᠦ ᠶᠠᠪᠤᠴᠠ ᠶᠢ ᠲᠣᠭᠠᠴᠢᠯᠠᠨ ᠮᠥᠷᠳᠡᠵᠦ ᠪᠣᠯᠬᠤ ᠶᠢ ᠪᠡᠶᠡᠯᠡᠭᠦᠯᠵᠦ᠂ ᠢᠳᠡᠭᠡᠨ ᠤ ᠵᠦᠢᠯ ᠡᠮ ᠤᠨ ᠵᠦᠢᠯ ᠵᠡᠷᠭᠡ ᠠᠷᠠᠳ ᠲᠦᠮᠡᠨ ᠤ ᠡᠷᠡᠭᠦᠯ ᠮᠡᠨᠳᠦ ᠳᠤ ᠬᠤᠯᠪᠣᠭᠳᠠᠬᠤ ᠦᠢᠯᠡᠳᠬᠦᠨ ᠪᠠ ᠦᠢᠯᠡᠴᠢᠯᠡᠭᠡᠨ ᠤ ᠠᠶᠤᠯᠭᠦᠶ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠰᠢᠶᠳᠪᠦᠷᠢᠯᠡᠨ᠎ᠡ᠃ ᠪᠠᠶᠢᠭᠠᠯᠢ ᠶᠢᠨ ᠭᠠᠶ ᠭᠠᠮᠰᠢᠭ ᠢ ᠪᠠᠶᠢᠴᠠᠭᠠᠨ ᠦᠨᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠶ ᠭᠠᠮᠰᠢᠭ ᠢ ᠰᠡᠷᠭᠡᠶᠢᠯᠡᠬᠦ ᠢᠨᠵᠧᠨᠧᠷᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠰᠢᠯᠭ᠎ᠠ ᠳᠠᠯᠠᠩ ᠪᠠ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠢ ᠴᠢᠩᠭᠠᠳᠬᠠᠨ᠎ᠠ      ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠴᠠᠭ ᠠᠭᠤᠷ ᠤᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠬᠠᠤᠯᠢᠵᠢᠭᠤᠯᠬᠤ᠂ ᠵᠢᠷᠤᠮᠵᠢᠭᠤᠯᠬᠤ ᠪᠠ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ ᠠᠶᠤᠯ ᠲᠦᠭᠰᠢᠭᠦᠷᠢ ᠶᠢᠨ ᠮᠡᠳᠡᠭᠡ ᠵᠠᠩᠭᠢ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠷᠢᠭᠤᠴᠠᠯᠭᠠᠲᠠᠨ ᠤ ᠮᠡᠳᠡᠭᠡ ᠵᠠᠩᠭᠢ ᠪᠠ ᠰᠠᠭᠤᠷᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠡᠵᠡᠮᠳᠡᠵᠦ ᠰᠡᠷᠭᠡᠶᠢᠯᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃      ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠨᠢᠭᠡᠳᠦᠯᠲᠡᠶ ᠵᠢᠯᠣᠭᠤᠳᠬᠤ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠲᠦᠢᠮᠡᠷ ᠢ ᠤᠨᠲᠠᠷᠠᠭᠠᠬᠤ᠂ ᠭᠠᠮᠰᠢᠭ ᠢ ᠪᠠᠭᠠᠰᠬᠠᠨ ᠭᠠᠮᠰᠢᠭ ᠎ ᠠᠴᠠ ᠠᠪᠤᠷᠬᠠᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠵᠢᠯᠣᠭᠤᠳᠣᠯᠭ᠎ᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠤᠯᠪᠣᠭᠠᠯᠠᠨ ᠬᠥᠳᠡᠯᠦᠯᠴᠡᠬᠦ ᠪᠠᠲᠤᠯᠠᠭ᠎ᠠ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠶᠤᠯᠲᠠᠶ ᠬᠢᠮᠢ ᠶᠢᠨ ᠪᠣᠳᠠᠰ᠂ ᠠᠭᠤᠷᠬᠠᠶ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠯ ᠲᠦᠢᠮᠡᠷ ᠢ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠡᠩᠨᠡᠭᠡ ᠪᠠ ᠪᠠᠴᠢᠮ ᠪᠠᠶᠢᠳᠠᠯ ᠢ ᠲᠦᠷᠭᠡᠨ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠥᠮᠥᠷᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠶᠢᠵᠢᠯᠲᠠ ᠪᠠ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ ᠡᠰᠡᠷᠭᠦᠴᠡᠬᠦ᠂ ᠭᠠᠮᠰᠢᠭ ᠠᠴᠠ ᠠᠪᠤᠷᠠᠬᠤ᠂ ᠭᠠᠮᠰᠢᠭ ᠢ ᠬᠢᠵᠠᠭᠠᠷᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃           ᠳᠥᠷᠪᠡᠳᠦᠭᠡᠷ ᠬᠡᠰᠡᠭ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠥᠪᠰᠢᠨ ᠢ ᠬᠠᠮᠠᠭᠠᠯᠠᠬᠤ ᠲᠤᠬᠠᠢ      ᠵᠥᠷᠢᠴᠡᠯ ᠢ ᠡᠶᠡᠳᠡᠭᠦᠯᠦᠨ ᠰᠢᠶᠳᠪᠦᠷᠢᠯᠡᠬᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠶᠡᠳᠡᠭᠦᠯᠵᠦ ᠬᠠᠮᠲᠤᠷᠠᠨ ᠪᠠᠶᠢᠭᠤᠯᠬᠤ ᠬᠠᠮᠲᠤᠷᠠᠨ ᠬᠥᠳᠡᠯᠦᠯᠴᠡᠵᠦ ᠬᠠᠮᠲᠤᠷᠠᠨ ᠵᠠᠰᠠᠬᠤ ᠠᠵᠢᠯ ᠤᠨ ᠰᠢᠰᠲ᠋ᠧᠮ ᠢ ᠪᠦᠷᠢᠨᠰᠢᠬᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ ᠂ ᠵᠠᠭᠤᠷᠠᠯᠳᠤᠭᠠᠨ ᠢ ᠨᠠᠮᠳᠠᠭᠤᠯᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ᠎ᠠ᠃ ᠦᠨᠡᠨ ᠪᠣᠳᠠᠲᠠᠶ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠬᠦ ᠠᠵᠢᠯ ᠢ ᠴᠢᠩᠭᠠᠳᠬᠠᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠶᠳᠪᠦᠷᠢᠯᠡᠨ᠎ᠡ᠃      ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠲᠤᠰᠬᠠᠢ ᠮᠡᠷᠭᠡᠵᠢᠯᠲᠡᠨ ᠪᠠ ᠤᠯᠠᠨ ᠲᠦᠮᠡᠨ ᠢ ᠤᠶᠠᠯᠳᠤᠭᠤᠯᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠬᠦᠴᠦᠷᠬᠡᠭᠯᠡᠯ ᠰᠦᠷᠳᠡᠭᠦᠯᠦᠯ᠂ ᠬᠠᠷ᠎ᠠ ᠪᠦᠯᠦᠭᠲᠡᠨ ᠬᠠᠷᠭᠢᠰ ᠬᠦᠴᠦᠨ᠂ ᠰᠢᠨ᠎ᠡ ᠮᠠᠶ᠋ᠢᠭ ᠤᠨ ᠰᠦᠯᠵᠢᠶᠡᠨ ᠤ ᠶᠠᠯᠠᠲᠤ ᠠᠵᠢᠯᠯᠠᠭ᠎ᠠ ᠪᠠ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃      ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠬᠢᠮᠤᠷᠠᠯ ᠢ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠥᠪᠡᠷ ᠢ ᠪᠠᠨ ᠬᠦᠨᠳᠦᠳᠬᠡᠬᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ ᠪᠠᠶᠢᠬᠤ᠂ ᠢᠳᠡᠪᠬᠢᠲᠡᠶ ᠪᠠᠷ ᠥᠭᠡᠳᠡᠯᠡᠨ ᠲᠠᠪᠰᠢᠬᠤ ᠨᠡᠶᠢᠭᠡᠮ ᠤᠨ ᠰᠡᠳᠬᠢᠴᠡ ᠶᠢᠨ ᠪᠠᠶᠢᠳᠠᠯ ᠢ ᠪᠤᠶᠢᠵᠢᠭᠤᠯᠤᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠶᠳᠪᠦᠷᠢᠯᠡᠬᠦ ᠪᠠ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠰᠢᠶᠳᠪᠦᠷᠢᠯᠡᠵᠦ᠂ ᠦᠨᠳᠦᠰᠦᠨ ᠱᠠᠲᠤᠨ ᠳᠤ ᠰᠢᠶᠳᠪᠦᠷᠢᠯᠡᠨ᠎ᠡ᠃      ᠨᠢᠭᠡᠳᠦᠮᠡᠯ ᠹᠷᠣᠨᠲ ᠤᠨ ᠠᠵᠢᠯ ᠪᠠ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠡᠷ ᠬᠠᠷᠢᠶᠠᠲᠤ ᠠᠬ᠎ᠠ ᠳᠡᠭᠦᠦ ᠨᠡᠷ᠂ ᠭᠠᠳᠠᠭᠠᠳᠤ ᠳᠤ ᠭᠠᠷᠴᠤ ᠰᠤᠷᠤᠯᠴᠠᠭᠰᠠᠳ ᠵᠡᠷᠭᠡ ᠡᠯ᠎ᠡ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠲᠦᠷᠦ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠵᠣᠷᠢᠭ ᠰᠠᠨᠠᠭ᠎ᠠ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠪᠠ ᠱᠠᠰᠢᠨ ᠰᠢᠲᠦᠯᠭᠡ ᠶᠢ ᠬᠦᠨᠳᠦᠳᠬᠡᠨ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠴᠢᠨᠡᠭᠡᠯᠢᠭᠵᠢᠭᠦᠯᠬᠦ ᠠᠵᠢᠯᠯᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ ᠪᠠᠷ ᠬᠥᠭᠵᠢᠬᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠤᠯᠤᠰ ᠲᠥᠷᠥ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃       ᠲᠠᠪᠤᠳᠤᠭᠠᠷ ᠬᠡᠰᠡᠭ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠲᠤᠬᠠᠢ      ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠪᠠ ᠬᠠᠤᠯᠢ ᠪᠠᠷ ᠬᠤᠰᠢᠭᠤ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠠᠯᠠᠱᠠ ᠵᠡᠭᠦᠨ ᠬᠤᠰᠢᠭᠤᠨ  ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠪᠠᠷᠢᠬᠤ ᠬᠢᠨᠠᠯᠲᠠ᠂ ᠨᠡᠶᠢᠭᠡᠮ ᠤᠨ ᠬᠢᠨᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾᠎ ᠎ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠬᠡᠷᠡᠭᠵᠢᠭᠦᠯᠵᠦ᠂ ︽ᠳᠣᠯᠣᠭᠠᠨ ᠭᠠᠵᠠᠷ ᠲᠤ ᠬᠠᠤᠯᠢ ᠴᠠᠭᠠᠵᠠ ᠵᠢ‌‍ᠰᠤᠷᠲᠠᠯᠴᠢᠯᠠᠬᠤ︾᠎ ᠎ ᠶᠢ ᠭᠦᠨᠵᠡᠭᠡᠶᠢᠷᠡᠭᠦᠯᠦᠨ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾᠎ ᠎ ᠤᠨ ᠬᠠᠤᠯᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠴᠢᠩᠭᠠᠷᠠᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠎ ᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠬᠦᠰᠡᠯ ᠵᠣᠷᠢᠭ ᠢ ᠢᠯᠡᠷᠡᠭᠦᠯᠦᠭᠰᠡᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠭᠰᠠᠨ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠭᠰᠡᠨ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠢ ᠬᠥᠭᠵᠢᠭᠦᠯᠦᠨ᠎ᠡ᠃      ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠬᠢᠭᠡᠳ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠲᠦᠷᠭᠡᠪᠴᠢᠯᠡᠨ ᠠᠬᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃      ᠨᠡᠶᠢᠭᠡᠮ ᠤᠨ ᠵᠠᠰᠠᠯᠲᠠ ᠶᠢᠨ ᠲᠠᠪᠴᠠᠩ ᠪᠠ ᠠᠴᠢᠶᠠᠯᠠᠪᠤᠷᠢ ᠶᠢ ᠪᠠᠶᠢᠭᠤᠯᠤᠨ᠎ᠠ᠃ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠶᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠪᠠᠷ ᠲᠥᠯᠥᠭᠡᠯᠡᠭᠦᠯᠦᠭᠰᠡᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠤ ᠣᠷᠣᠯᠴᠠᠬᠤ ᠲᠦᠷᠢᠮ ᠢ ᠪᠠᠶᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠲᠦᠯᠬᠢᠨ ᠠᠬᠢᠭᠤᠯᠤᠨ᠎ᠠ᠃ ᠨᠡᠩ ᠤᠯᠠᠨ ᠡᠬᠢ ᠪᠠᠶᠠᠯᠢᠭ᠂ ᠦᠢᠯᠡᠴᠢᠯᠡᠭᠡ ᠪᠠ ᠬᠠᠮᠢᠶᠠᠷᠤᠯᠲᠠ ᠶᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠣᠶᠤᠨᠴᠢ ᠲᠠᠪᠴᠠᠩ ᠤᠨ ᠠᠴᠢᠶᠠᠯᠠᠪᠤᠷᠢ ᠶᠢ ᠢᠳᠡᠪᠬᠢᠲᠡᠶ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃       ᠠᠷᠪᠠᠨ ᠬᠤᠶᠠᠳᠤᠭᠠᠷ ᠪᠦᠯᠦᠭ ᠬᠦᠴᠦᠨ ᠲᠡᠭᠦᠯᠳᠡᠷ ᠪᠠᠲᠤᠯᠠᠭ᠎ᠠ ᠶᠢᠨ ᠠᠷᠭ᠎ᠠ ᠬᠡᠮᠵᠢᠶ᠎ᠡ      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ ᠲᠦᠷᠦᠯ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠥᠯᠥᠪᠵᠢᠭᠦᠯᠭᠡ ᠶᠢᠨ ᠶᠡᠷᠦᠩᠬᠡᠶᠢᠯᠡᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃       ᠨᠢᠭᠡᠳᠦᠭᠡᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠲᠤᠬᠠᠢ      ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠠᠴᠠ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠤᠳᠤᠷᠢᠳᠬᠤ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠳᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠬᠤ᠂ ᠠᠵᠤ ᠠᠬᠤᠶ ᠶᠢᠨ ᠪᠠᠶᠢᠳᠠᠯ ᠢ ᠵᠠᠳᠠᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠨ᠎ᠠ᠃ ᠲᠣᠰ ᠲᠥᠯᠥᠪᠵᠢᠭᠦᠯᠭᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠲᠤᠰᠬᠠᠶ ᠵᠦᠶᠯ ᠤᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠣᠨᠴᠠ ᠲᠣᠭᠲᠠᠭᠰᠠᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠨ᠂ ᠡᠯ᠎ᠡ ᠲᠥᠷᠥᠯ ᠤᠨ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠨᠢ ᠲᠣᠳᠣᠷᠬᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠨᠢᠭᠡᠳᠦᠯᠲᠡᠶ ᠵᠣᠯᠭᠠᠯᠳᠤᠭᠰᠠᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠷᠥᠯ ᠵᠦᠶᠯ ᠢᠶᠠᠷ ᠲᠤᠯᠭᠠᠭᠤᠷᠢᠯᠠᠭᠤᠯᠬᠤ ᠪᠠ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ᠂ ᠰᠣᠶᠣᠯ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ ᠠᠮᠢᠳᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢ ᠤᠶᠠᠯᠳᠤᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠰᠠᠭᠠᠳ ᠥᠬᠡᠶ ᠨᠡᠪᠲᠡᠷᠡᠬᠦ ᠵᠠᠮ︾᠎ ᠎ ᠢ ᠨᠡᠭᠡᠭᠡᠵᠦ᠂ ᠭᠠᠵᠠᠷ ᠰᠢᠷᠣᠶ ᠪᠠ ᠪᠠᠯᠠ ᠮᠥᠩᠭᠦ ᠶᠢᠨ ᠪᠠᠲᠤᠯᠠᠭ᠎ᠠ ᠶᠢ ᠤᠷᠢᠳᠠᠪᠠᠷ ᠣᠯᠭᠤᠨ᠎ᠠ᠃       ᠬᠤᠶᠠᠳᠤᠭᠠᠷ ᠬᠡᠰᠡᠭ ᠬᠢᠨᠠᠯᠲᠠ ᠲᠠᠯᠪᠢᠵᠤ ᠦᠨᠡᠯᠡᠨ ᠵᠢᠱᠢᠬᠦ ᠲᠤᠬᠠᠢ      ᠲᠥᠯᠥᠪᠵᠢᠭᠦᠯᠭᠡ ᠶᠢᠨ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠲᠥᠯᠥᠪᠵᠢᠭᠦᠯᠭᠡ ᠶᠢᠨ ᠭᠦᠶᠴᠡᠳᠬᠡᠯ ᠲᠤᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠴᠢᠬᠤᠯᠠ ᠶᠡᠭᠡ ᠲᠥᠷᠥᠯ ᠵᠦᠶᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠦᠨᠡᠯᠡᠨ ᠵᠢᠱᠢᠯᠲᠡ ᠬᠢᠵᠦ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ᠎ᠠ᠃ ᠲᠥᠯᠥᠪᠵᠢᠭᠦᠯᠭᠡ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠲᠥᠯᠥᠪᠵᠢᠭᠦᠯᠭᠡ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ᠂ ᠭᠤᠤᠯ ᠡᠭᠦᠷᠭᠡ ᠶᠢ ᠵᠠᠳᠠᠯᠵᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠤᠯᠠᠨ ᠨᠡᠶᠢᠲᠡ ᠶᠢᠨ ᠦᠨᠡᠯᠡᠯᠲᠡ ᠬᠢᠬᠦ ᠶᠢ ᠵᠣᠷᠢᠭᠵᠢᠭᠤᠯᠤᠨ᠎ᠠ᠃ ᠤᠬᠠᠭᠤᠯᠭ᠎ᠠ ᠶᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠲᠤᠬᠠᠶ ᠤᠯᠠᠨ ᠨᠡᠶᠢᠲᠡ ᠶᠢᠨ ᠲᠠᠨᠢᠯᠲᠠ ᠶᠢ ᠨᠡᠮᠡᠭᠳᠡᠭᠦᠯᠦᠨ᠎ᠡ᠃ ᠲᠥᠯᠥᠪᠵᠢᠭᠦᠯᠭᠡ ᠶᠢ ᠦᠨᠡᠯᠡᠨ ᠵᠢᠱᠢᠬᠦ ᠳᠤ ᠤᠯᠠᠨ ᠨᠡᠶᠢᠲᠡ ᠶᠢᠨ ᠦᠨᠡᠯᠡᠬᠦ ᠲᠣᠭᠲᠠᠴᠠ ᠶᠢ ᠣᠷᠣᠭᠤᠯᠤᠨ ᠠᠪᠴᠢᠷᠠᠵᠤ᠂ ᠪᠦᠬᠦ ᠨᠡᠶᠢᠭᠡᠮ ᠢᠶᠠᠷ ᠢᠶᠠᠨ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠬᠠᠮᠲᠤ ᠪᠠᠷ ᠣᠷᠣᠯᠴᠠᠬᠤ ᠪᠠ ᠳᠡᠮᠵᠢᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠦᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号