| ᠭᠠᠷᠴᠠᠭ | | ᠨᠢᠭᠡᠳᠦᠭᠡᠷ ᠪᠦᠯᠦᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠳ᠋ᠦᠩᠨᠡᠯᠲᠡ ᠪᠠ ᠬᠥᠭᠵᠢᠯᠲᠡ ᠶᠢᠨ ᠪᠠᠶᠢᠳᠠᠯ | ᠨᠢᠭᠡᠳᠦᠭᠡᠷ ᠬᠡᠰᠡᠭ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳ᠋ᠦᠩᠨᠡᠯᠲᠡ | ᠬᠤᠶᠠᠳᠤᠭᠠᠷ ᠬᠡᠰᠡᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠯᠡᠭᠡᠨ ᠤ ᠪᠠᠶᠢᠳᠠᠯ | ᠬᠤᠶᠠᠳᠤᠭᠠᠷ ᠪᠦᠯᠦᠭ ᠶᠡᠷᠦᠩᠬᠡᠶ ᠱᠠᠭᠠᠷᠳᠠᠯᠭ᠎ᠠ ᠬᠢᠭᠡᠳ ᠬᠥᠭᠵᠢᠯᠲᠡ ᠶᠢᠨ ᠬᠠᠷᠠᠯᠲᠠ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠬᠤᠶᠠᠳᠤᠭᠠᠷ ᠬᠡᠰᠡᠭ ᠦᠨᠳᠦᠰᠦᠨ ᠵᠠᠷᠴᠢᠮ | ᠭᠤᠷᠪᠠᠳᠤᠭᠠᠷ ᠬᠡᠰᠡᠭ ᠭᠤᠣᠯ ᠬᠠᠷᠠᠯᠲᠠ | ᠭᠤᠷᠪᠠᠳᠣᠭᠠᠷ ᠪᠦᠯᠦᠭ ᠣᠨᠴᠠᠯᠢᠠᠠᠳᠣ ᠰᠢᠨ᠎ᠡ ᠶᠢ ᠡᠬᠦᠳᠣᠨ ᠬᠦᠭᠵᠢᠬᠦᠯᠬᠦ ᠲᠤᠬᠠᠢ | ᠨᠢᠭᠡᠳᠦᠭᠡᠷ ᠬᠡᠰᠡᠭ ᠰᠢᠨ᠎ᠡ ᠶᠢ ᠡᠭᠦᠳᠬᠦ ᠮᠡᠷᠭᠡᠵᠢᠯ ᠤᠨ ᠡᠬᠢ ᠡᠭᠦᠰᠪᠦᠷᠢ ᠶᠢ ᠰᠠᠭᠠᠳ ᠦᠭᠡᠢ ᠨᠡᠪᠲᠡᠷᠡᠭᠦᠯᠬᠦ | ᠲᠤᠬᠠᠢ | ᠬᠤᠶᠠᠳᠤᠭᠠᠷ ᠬᠡᠰᠡᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠲᠤᠬᠠᠢ | ᠭᠤᠷᠪᠠᠳᠤᠭᠠᠷ ᠬᠡᠰᠡᠭ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠤᠭᠤᠯᠬᠤ ᠶᠢ | ᠴᠢᠩᠭᠠᠳᠬᠠᠬᠤ ᠲᠤᠬᠠᠢ | ᠳᠥᠷᠪᠡᠳᠦᠭᠡᠷ ᠬᠡᠰᠡᠭ ᠰᠢᠨ᠎ᠡ ᠶᠢ ᠡᠭᠦᠳᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠬᠦ ᠲᠤᠬᠠᠢ | ᠳᠥᠷᠪᠡᠳᠦᠭᠡᠷ ᠪᠦᠯᠦᠭ ᠣᠳᠣᠬᠢᠴᠢᠯᠠᠭᠰᠠᠨ ᠠᠵᠤ ᠦᠢᠯᠡᠰ ᠤᠨ ᠲᠤᠬᠠᠢ | ᠨᠢᠭᠡᠳᠦᠭᠡᠷ ᠬᠡᠰᠡᠭ ᠳᠠᠪᠠᠭᠤᠯᠢᠭ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ | ᠳᠡᠪᠰᠢᠭᠦᠯᠬᠦ ᠠᠵᠢᠯ ᠢ ᠲᠦᠷᠭᠡᠳᠬᠡᠬᠦ ᠲᠤᠬᠠᠢ | ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠠᠵᠤ ᠦᠢᠯᠡᠰ ᠤᠨ ᠲᠥᠪᠯᠡᠷᠡᠯ ᠢ ᠬᠥᠭᠵᠢᠭᠦᠯᠬᠦ | ᠲᠤᠬᠠᠢ | ᠭᠤᠷᠪᠠᠳᠤᠭᠠᠷ ᠬᠡᠰᠡᠭ ᠰᠣᠶᠣᠯ ᠵᠢᠭᠤᠯᠴᠢᠯᠠᠯ ᠤᠨ ᠥᠪᠡᠷᠮᠢᠴᠡ ᠣᠨᠴᠠᠯᠢᠭ ᠪᠦᠬᠦᠢ ᠬᠥᠭᠵᠢᠯᠲᠡ ᠶᠢ | ᠠᠬᠢᠭᠤᠯᠬᠤ ᠲᠤᠬᠠᠢ | ᠳᠥᠷᠪᠡᠳᠦᠭᠡᠷ ᠬᠡᠰᠡᠭ ᠰᠢᠨ᠎ᠡ ᠠᠵᠤ ᠦᠢᠯᠡᠰ ᠢ ᠪᠤᠶᠢᠵᠢᠭᠤᠯᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ | ᠴᠡᠭ ᠢ ᠪᠦᠷᠢᠯᠳᠦᠭᠦᠯᠬᠦ ᠲᠤᠬᠠᠢ | ᠲᠠᠪᠤᠳᠤᠭᠠᠷ ᠬᠡᠰᠡᠭ ᠠᠵᠤ ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠬᠤ ᠲᠤᠬᠠᠢ | ᠲᠠᠪᠤᠳᠤᠭᠠᠷ ᠪᠦᠯᠦᠭ ᠰᠠᠭᠤᠷᠢ ᠲᠥᠬᠦᠭᠡᠷᠥᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ | ᠨᠢᠭᠡᠳᠦᠭᠡᠷ ᠬᠡᠰᠡᠭ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ | ᠲᠤᠬᠠᠢ | ᠬᠤᠶᠠᠳᠤᠭᠠᠷ ᠬᠡᠰᠡᠭ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠤᠰᠤ ᠬᠠᠩᠭᠠᠬᠤ ᠰᠢᠰᠲ᠋ᠧᠮ ᠢ | ᠪᠠᠶᠢᠭᠤᠯᠬᠤ ᠲᠤᠬᠠᠢ | ᠭᠤᠷᠪᠠᠳᠤᠭᠠᠷ ᠬᠡᠰᠡᠭ ᠰᠠᠭᠤᠷᠢᠰᠢᠬᠤ ᠳᠤ ᠲᠣᠬᠢᠷᠠᠮᠵᠢᠲᠠᠢ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ | ᠪᠦᠲᠦᠭᠡᠨ ᠪᠠᠶᠢᠭᠤᠯᠬᠤ ᠲᠤᠬᠠᠢ | ᠳᠥᠷᠪᠡᠳᠦᠭᠡᠷ ᠬᠡᠰᠡᠭ ᠤᠬᠠᠭᠠᠯᠢᠭ ᠬᠡᠯᠪᠡᠷᠢ ᠶᠢᠨ ᠠᠯᠠᠱᠠ ᠵᠡᠭᠦᠨ ᠬᠤᠰᠢᠭᠤ ᠶᠢ ᠪᠠᠶᠢᠭᠤᠯᠬᠤ ᠲᠤᠬᠠᠢ | ᠲᠠᠪᠤᠳᠤᠭᠠᠷ ᠬᠡᠰᠡᠭ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠭᠠᠲᠠᠢ | ᠡᠨᠧᠷᠭᠢ ᠶᠢᠨ ᠰᠢᠰᠲ᠋ᠧᠮ ᠢ ᠪᠠᠶᠢᠭᠤᠯᠬᠤ ᠲᠤᠬᠠᠢ | ᠵᠢᠷᠭᠤᠳᠤᠭᠠᠷ ᠪᠦᠯᠦᠭ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠷᠢᠯᠳᠦᠭᠦᠯᠬᠦ ᠲᠤᠬᠠᠢ | ᠨᠢᠭᠡᠳᠦᠭᠡᠷ ᠬᠡᠰᠡᠭ ᠠᠮᠢ ᠠᠬᠤᠢ ᠶᠢᠨ ᠵᠠᠰᠠᠯᠲᠠ ᠶᠢ ᠢᠳᠡᠪᠬᠢᠲᠡᠢ ᠪᠠᠷ ᠠᠬᠢᠭᠤᠯᠬᠤ ᠲᠤᠬᠠᠢ | ᠬᠤᠶᠠᠳᠤᠭᠠᠷ ᠬᠡᠰᠡᠭ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ | ᠭᠤᠷᠪᠠᠳᠤᠭᠠᠷ ᠬᠡᠰᠡᠭ ᠪᠣᠬᠢᠷᠲᠤᠯ ᠦᠭᠡᠢ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠲᠤᠬᠠᠢ | ᠳᠥᠷᠪᠡᠳᠦᠭᠡᠷ ᠬᠡᠰᠡᠭ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ | ᠲᠤᠬᠠᠢ | ᠳᠣᠯᠣᠳᠤᠭᠠᠷ ᠪᠦᠯᠦᠭ ᠴᠢᠨᠠᠷ ᠰᠠᠶᠢᠲᠠᠶ ᠠᠮᠢᠳᠤᠷᠠᠯ ᠢ ᠪᠦᠷᠢᠯᠳᠦᠭᠦᠯᠬᠦ ᠲᠤᠬᠠᠢ | ᠨᠢᠭᠡᠳᠦᠭᠡᠷ ᠬᠡᠰᠡᠭ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠲᠤᠬᠠᠢ | ᠬᠤᠶᠠᠳᠤᠭᠠᠷ ᠬᠡᠰᠡᠭ ᠴᠢᠨᠠᠷ ᠰᠠᠶᠢᠲᠠᠢ ᠰᠤᠷᠭᠠᠨ ᠬᠥᠮᠥᠵᠢᠯ ᠤᠨ ᠰᠢᠰᠲ᠋ᠧᠮ ᠢ ᠪᠠᠶᠢᠭᠤᠯᠬᠤ ᠲᠤᠬᠠᠢ | ᠭᠤᠷᠪᠠᠳᠤᠭᠠᠷ ᠬᠡᠰᠡᠭ ᠡᠷᠡᠭᠦᠯ ᠴᠢᠬᠢᠷᠠᠭ ᠠᠯᠠᠱᠠ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠬᠤ ᠲᠤᠬᠠᠢ | ᠳᠥᠷᠪᠡᠳᠦᠭᠡᠷ ᠬᠡᠰᠡᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ | ᠲᠠᠪᠤᠳᠤᠭᠠᠷ ᠬᠡᠰᠡᠭ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ ᠲᠤᠬᠠᠢ | ᠵᠢᠷᠭᠤᠳᠤᠭᠠᠷ ᠬᠡᠰᠡᠭ ᠬᠥᠮᠥᠨ ᠠᠮᠠ ᠶᠢᠨ ᠨᠠᠰᠤᠵᠢᠯ ᠲᠠᠢ ᠬᠤᠯᠪᠣᠭᠳᠠᠬᠤ ᠢ ᠢᠳᠡᠪᠬᠢᠲᠡᠢ ᠪᠠᠷ ᠠᠷᠭᠠᠴᠠᠭᠠᠬᠤ | ᠲᠤᠬᠠᠢ | ᠳᠣᠯᠤᠳᠤᠭᠠᠷ ᠬᠡᠰᠡᠭ ᠬᠤᠲᠠ ᠬᠦᠳᠡᠭᠡ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ | ᠲᠤᠬᠠᠢ | ᠨᠠᠢᠮᠠᠳᠤᠭᠠᠷ ᠪᠦᠯᠦᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ | ᠨᠢᠭᠡᠳᠦᠭᠡᠷ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ | ᠲᠤᠬᠠᠢ | ᠬᠤᠶᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ | ᠥᠷᠨᠢᠭᠦᠯᠬᠦ ᠲᠤᠬᠠᠢ | ᠭᠤᠷᠪᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ | ᠵᠠᠰᠠᠯᠲᠠ ᠶᠢ ᠠᠬᠢᠭᠤᠯᠬᠤ ᠲᠤᠬᠠᠢ | ᠳᠥᠷᠪᠡᠳᠦᠭᠡᠷ ᠬᠡᠰᠡᠭ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ | ᠦᠷ᠎ᠡ ᠪᠦᠲᠦᠭᠡᠯ ᠢ ᠤᠯᠠᠮ ᠪᠠᠬᠢᠵᠢᠭᠦᠯᠬᠦ ᠲᠤᠬᠠᠢ | ᠶᠢᠰᠦᠳᠦᠭᠡᠷ ᠪᠦᠯᠦᠭ ᠤᠷᠤᠨ ᠵᠠᠢ ᠶᠢᠨ ᠰᠢᠨ᠎ᠡ ᠪᠠᠶᠢᠷᠢᠰᠢᠯ ᠤᠨ ᠲᠤᠬᠠᠢ | ᠨᠢᠭᠡᠳᠦᠭᠡᠷ ᠬᠡᠰᠡᠭ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠳᠡᠭᠡᠳᠦ ᠳᠠᠪᠬᠤᠷᠭ᠎ᠠ ᠶᠢᠨ | ᠲᠥᠯᠥᠪᠵᠢᠭᠦᠯᠭᠡ ᠶᠢ ᠲᠣᠳᠣᠷᠬᠠᠶᠢᠯᠠᠬᠤ ᠲᠤᠬᠠᠢ | ᠬᠤᠶᠠᠳᠤᠭᠠᠷ ᠬᠡᠰᠡᠭ ᠬᠤᠲᠠ ᠬᠥᠳᠡᠭᠡ ᠣᠷᠤᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠲᠤᠬᠠᠢ | ᠠᠷᠪᠠᠳᠤᠭᠠᠷ ᠪᠦᠯᠦᠭ ᠥᠨᠳᠥᠷ ᠬᠢᠷᠢ ᠬᠡᠮᠵᠢᠶ᠎ᠡ ᠲᠠᠢ ᠥᠭᠡᠷᠡᠴᠢᠯᠡᠯᠲᠡ ᠨᠡᠭᠡᠭᠡᠯᠲᠡ ᠶᠢᠨ ᠲᠤᠬᠠᠢ | ᠨᠢᠭᠡᠳᠦᠭᠡᠷ ᠬᠡᠰᠡᠭ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ | ᠬᠤᠶᠠᠳᠤᠭᠠᠷ ᠬᠡᠰᠡᠭ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠬᠠᠢ | ᠭᠤᠷᠪᠠᠳᠤᠭᠠᠷ ᠬᠡᠰᠡᠭ ᠣᠷᠤᠨ ᠪᠦᠰᠡ ᠶᠢᠨ ᠪᠠᠶᠢᠯᠳᠤᠬᠤ ᠪᠣᠳᠤᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ | ᠲᠤᠬᠠᠢ | ᠠᠷᠪᠠᠨ ᠨᠢᠭᠡᠳᠦᠭᠡᠷ ᠪᠦᠯᠦᠭ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠤᠬᠠᠢ | ᠨᠢᠭᠡᠳᠦᠭᠡᠷ ᠬᠡᠰᠡᠭ ᠠᠶᠤᠯᠭᠦᠢ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ | ᠬᠤᠶᠠᠳᠤᠭᠠᠷ ᠬᠡᠰᠡᠭ ᠠᠵᠤ ᠠᠬᠤᠢ ᠶᠢᠨ ᠠᠮᠤᠷ ᠲᠥᠪᠰᠢᠨ ᠢ ᠬᠠᠮᠠᠭᠠᠯᠠᠬᠤ ᠲᠤᠬᠠᠢ | ᠭᠤᠷᠪᠠᠳᠤᠭᠠᠷ ᠬᠡᠰᠡᠭ ᠠᠷᠠᠳ ᠲᠦᠮᠡᠨ ᠤ ᠠᠮᠢ ᠨᠠᠰᠤᠨ ᠤ ᠠᠮᠤᠷ ᠲᠥᠪᠰᠢᠨ ᠢ ᠪᠠᠲᠤᠯᠠᠬᠤ ᠲᠤᠬᠠᠢ | ᠳᠥᠷᠪᠡᠳᠦᠭᠡᠷ ᠬᠡᠰᠡᠭ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠥᠪᠰᠢᠨ ᠢ ᠬᠠᠮᠠᠭᠠᠯᠠᠬᠤ ᠲᠤᠬᠠᠢ | ᠲᠠᠪᠤᠳᠤᠭᠠᠷ ᠬᠡᠰᠡᠭ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠲᠤᠬᠠᠢ | ᠠᠷᠪᠠᠨ ᠬᠤᠶᠠᠳᠤᠭᠠᠷ ᠪᠦᠯᠦᠭ ᠬᠦᠴᠦᠨ ᠲᠡᠭᠦᠯᠳᠡᠷ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠲᠤᠬᠠᠢ | ᠬᠤᠶᠠᠳᠤᠭᠠᠷ ᠬᠡᠰᠡᠭ ᠬᠢᠨᠠᠯᠲᠠ ᠲᠠᠯᠪᠢᠵᠤ ᠦᠨᠡᠯᠡᠨ ᠵᠢᠱᠢᠬᠦ ᠲᠤᠬᠠᠢ | | | | | | | | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ︵ 2021 — 2025 ᠣᠨ︶ ᠪᠣᠯ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭᠠᠬᠢ ᠬᠤᠭᠤᠴᠠᠭ᠎ᠠ ᠮᠥᠨ᠂ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠪᠣᠯ | ᠮᠥᠨᠴᠦ ᠠᠯᠠᠱᠠ ᠵᠡᠭᠦᠨ ᠬᠤᠰᠢᠭᠤᠨ ᠤ ᠣᠳᠣᠬᠢᠴᠢᠯᠠᠯᠲᠠ ᠳᠤ ᠬᠠᠨᠳᠤᠭᠤᠯᠤᠭᠰᠠᠨ᠂ ᠠᠵᠤ ᠠᠬᠤᠢ ᠨᠡᠶᠢᠭᠡᠮ ᠤᠨ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠭᠰᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠭᠰᠡᠨ | ᠲᠠᠪᠤᠨ ᠵᠢᠯ ᠪᠣᠯᠤᠨ᠎ᠠ᠃ ︽ᠠᠯᠠᠱᠠ ᠵᠡᠭᠦᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠠ 2035 | ᠣᠨ ᠤ ᠠᠯᠤᠰ ᠤᠨ ᠬᠠᠷᠠᠯᠲᠠ︾ ᠨᠢ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠠᠮᠵᠢᠯᠲᠠ ᠪᠠ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠠᠯᠠᠱᠠ ᠵᠡᠭᠦᠨ ᠬᠤᠰᠢᠭᠤᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠣᠷᠴᠢᠨ | ᠲᠣᠭᠤᠷᠢᠨ ᠢ ᠭᠦᠨᠵᠡᠭᠡᠶ ᠵᠠᠳᠠᠯᠵᠤ᠂ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠵᠢᠯᠣᠭᠤᠳᠬᠤ ᠦᠵᠡᠯ | ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠪᠡᠶᠡᠯᠡᠭᠦᠯᠬᠦ ᠠᠷᠭ᠎ᠠ ᠵᠠᠮ ᠵᠢᠴᠢ ᠭᠤᠤᠯ ᠡᠭᠦᠷᠭᠡ ᠶᠢ ᠰᠤᠳᠤᠯᠤᠨ | ᠳᠤᠷᠠᠳᠴᠤ᠂ 2035 ᠣᠨ ᠤ ᠠᠯᠤᠰ ᠤᠨ ᠬᠠᠷᠠᠯᠲᠠ ᠶᠢ ᠪᠠᠷᠠᠯᠠᠨ᠎ᠠ᠃ ᠲᠤᠰ ᠬᠥᠲᠥᠯᠪᠦᠷᠢ ᠪᠣᠯ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠠᠷᠪᠠᠨ ᠳᠥᠷᠪᠡᠳᠦᠭᠡᠷ ᠲᠠᠪᠤᠨ ᠵᠢᠯ︾ ᠵᠢᠴᠢ | ᠬᠤᠶᠢᠰᠢᠳᠠ ᠶᠢᠨ ᠨᠢᠭᠡ ᠬᠤᠭᠤᠴᠠᠭᠠᠨ ᠤ ᠬᠠᠮᠲᠤ ᠶᠢᠨ ᠠᠵᠢᠯᠯᠠᠭᠠᠨ ᠤ ᠬᠥᠲᠥᠯᠪᠦᠷᠢ ᠪᠣᠯᠤᠨ᠎ᠠ᠃ | | ᠨᠢᠭᠡᠳᠦᠭᠡᠷ ᠪᠦᠯᠦᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠳ᠋ᠦᠩᠨᠡᠯᠲᠡ ᠪᠠ | ᠬᠥᠭᠵᠢᠯᠲᠡ ᠶᠢᠨ ᠪᠠᠶᠢᠳᠠᠯ | | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠱᠠᠳᠤ ᠦᠶ᠎ᠡ ᠪᠣᠯᠤᠨ᠎ᠠ᠂ ᠨᠠᠷᠢᠨ ᠪᠤᠳᠤᠯᠢᠶᠠᠨᠲᠠᠢ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ᠂ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ | ᠡᠭᠦᠷᠭᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠡᠷᠴᠢᠮᠲᠡᠢ ᠠᠬᠢᠭᠤᠯᠵᠤ᠂ ᠡᠯ᠎ᠡ ᠵᠦᠢᠯ ᠤᠨ ᠦᠢᠯᠡᠰ ᠱᠠᠳᠤᠴᠢ ᠴᠢᠨᠠᠷᠲᠠᠢ ᠦᠷ᠎ᠡ ᠪᠦᠲᠦᠮᠵᠢ | ᠣᠯᠵᠠᠢ᠃ | ᠨᠢᠭᠡᠳᠦᠭᠡᠷ ᠬᠡᠰᠡᠭ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠳ᠋ᠦᠩᠨᠡᠯᠲᠡ | -- ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ᠃ ︽13 · 5︾ ᠶᠢᠨ ᠬᠤᠭᠤᠴᠠᠭᠠᠨ ᠳᠤ᠂ | ᠠᠯᠠᠱᠠ ᠵᠡᠭᠦᠨ ᠬᠤᠰᠢᠭᠤᠨ ᠤ ᠠᠵᠤ ᠠᠬᠤᠶ ᠶᠢᠨ ᠪᠦᠲᠦᠴᠡ ᠰᠢᠯᠢᠳᠡᠭᠵᠢᠵᠦ᠂ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5.4% ᠨᠡᠮᠡᠭᠳᠡᠵᠦ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 2. | 3% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 2.5% | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠵᠢᠯ ᠪᠦᠷᠢ | ᠳᠤᠮᠳᠠᠴᠢ ᠪᠠᠷ 0.6% ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43694 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 6. | 4% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22191 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8. | 4% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ | ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ 2010 ᠣᠨ ᠳᠤ ᠬᠤᠶᠠᠷ ᠳᠠᠬᠢᠨ ᠨᠡᠮᠡᠭᠳᠡᠭᠦᠯᠬᠦ ᠡᠭᠦᠷᠭᠡ ᠶᠢ ᠤᠷᠢᠳᠴᠢᠯᠠᠨ ᠪᠡᠶᠡᠯᠡᠭᠦᠯᠪᠡ | ᠃ | | -- ᠠᠵᠤ ᠦᠢᠯᠡᠰ ᠤᠨ ᠪᠦᠲᠦᠴᠡ ᠶᠢ ᠤᠯᠠᠮ ᠰᠢᠯᠢᠳᠡᠭᠵᠢᠭᠦᠯᠪᠡ᠃ ᠭᠤᠷᠪᠠᠨ ᠠᠵᠤ ᠦᠢᠯᠡᠰ ᠤᠨ | ᠪᠦᠲᠦᠴᠡ ᠶᠢᠨ ᠬᠠᠷᠢᠴᠠᠯ ᠢ 8.5᠄ 44.5᠄ 47 ᠪᠣᠯᠭᠠᠨ ᠲᠣᠬᠢᠷᠠᠭᠤᠯᠵᠤ᠂ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠪᠦᠲᠦᠮᠵᠢᠲᠡᠶ ᠪᠠᠷ ᠨᠡᠶᠢᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠵᠡᠷᠭᠡ ᠪᠠᠷ ᠨᠡᠮᠡᠭᠳᠡᠪᠡ᠃ ︽ᠣᠷᠭᠠᠨᠢᠭ᠂ ᠤᠰᠤ ᠠᠷᠪᠢᠯᠠᠬᠤ᠂ | ᠥᠨᠳᠥᠷ ᠦᠷ᠎ᠡ ᠠᠰᠢᠭ ᠲᠠᠢ︾ ᠲᠠᠷᠢᠶᠠᠯᠠᠩ ᠢ ᠲᠣᠭᠲᠠᠭᠤᠨ ᠢᠶᠠᠷ ᠬᠥᠭᠵᠢᠭᠦᠯᠵᠦ᠂ ᠲᠠᠷᠢᠮᠠᠯ ᠤᠨ ᠶᠡᠷᠦᠩᠬᠡᠶ | ᠳᠠᠷᠢᠬᠤ ᠲᠠᠯᠠᠪᠠᠶ ᠶᠢ 29 ᠲᠦᠮᠡᠨ ᠮᠥ ᠶᠢᠨ ᠳᠣᠲᠣᠷ᠎ᠠ ᠬᠢᠵᠠᠭᠠᠷᠯᠠᠵᠤ᠂ ᠰᠢᠷ᠎ᠠ ᠬᠥᠳᠡᠭᠡ ᠶᠢᠨ ᠣᠷᠭᠠᠨᠢᠭ ᠪᠤᠭᠤᠳᠠᠶ᠂ | ᠤᠨᠳᠤᠷᠤᠯᠲᠤ ᠵᠢᠩᠬᠢᠨᠢ ᠡᠮ ᠤᠨ ᠮᠠᠲ᠋ᠧᠷᠢᠶᠠᠯ᠂ ᠴᠠᠬᠠᠷ ᠤᠨ ᠬᠥᠳᠡᠭᠡ ᠶᠢᠨ ᠪᠣᠬᠢᠷᠲᠤᠯ ᠥᠬᠡᠶ ᠭᠦᠦᠠ ᠵᠢᠮᠢᠰ᠂ | ᠦᠵᠦᠮ ᠤᠨ ᠬᠥᠳᠡᠭᠡ ᠶᠢᠨ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠵᠡᠷᠭᠡ 4 ᠶᠡᠭᠡ ᠤᠨᠴᠠᠯᠢᠬᠳᠤ | ᠲᠠᠷᠢᠶᠠᠯᠠᠩ ᠤᠨ ᠪᠦᠲᠦᠭᠡᠭᠳᠡᠬᠦᠨ ᠤ ᠳᠠᠷᠢᠬᠤ ᠰᠠᠭᠤᠷᠢᠨ ᠭᠠᠵᠠᠷ ᠢ ᠪᠠᠶᠢᠭᠤᠯᠪᠠ᠃ ᠮᠠᠯ ᠠᠵᠤ ᠠᠬᠤᠶ ᠶᠢᠨ ᠦᠷ᠎ᠡ | ᠠᠰᠢᠭ ᠦᠷᠭᠦᠯᠵᠢᠯᠡᠨ ᠨᠡᠮᠡᠭᠳᠡᠵᠦ᠂ ︽ᠠᠳᠦ᠋︾ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 4᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 10᠂ ᠲᠡᠮᠡᠭᠡ ᠰᠠᠭᠠᠯᠢ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ 4᠂ ᠠᠮᠢ ᠠᠬᠤᠶ ᠶᠢᠨ ᠡᠭᠦᠯᠳᠡᠷ ᠤᠨ ᠲᠠᠬᠢᠶ᠎ᠠ ᠲᠡᠵᠢᠭᠡᠬᠦ ᠭᠠᠵᠠᠷ 40 ᠶᠢ ᠪᠠᠶᠢᠭᠤᠯᠪᠠ᠃ ᠴᠠᠭᠠᠨ | ᠨᠣᠯᠦᠦᠷ ᠤᠨ ᠢᠮᠠᠭᠠᠨ ᠤ ᠭᠤᠤᠯ ᠡᠭᠦᠯᠳᠡᠷ ᠤᠨ ᠰᠦᠷᠦᠭ ᠢ 80 ᠰᠦᠷᠦᠭ᠂ ᠬᠤᠤᠰ ᠪᠥᠬᠦᠲᠦ ᠲᠡᠮᠡᠭᠡᠨ ᠤ ᠭᠤᠤᠯ | ᠰᠦᠷᠦᠭ ᠢ 40 ᠰᠦᠷᠦᠭ ᠢᠶᠠᠷ ᠪᠦᠷᠢᠯᠳᠦᠭᠦᠯᠪᠡ᠃ ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠤᠨ | ᠬᠡᠪᠴᠢᠶ᠎ᠡ ᠶᠢ ᠥᠷᠭᠡᠳᠬᠡᠵᠦ᠂ ᠬᠥᠮᠦᠨ ᠤ ᠬᠦᠴᠦ ᠪᠠᠷ ᠳᠠᠷᠢᠭᠰᠠᠨ ᠵᠠᠭ 276 ᠲᠦᠮᠡᠨ ᠮᠥ ᠳᠤ ᠬᠦᠷᠴᠦ᠂ 49.8 | ᠲᠦᠮᠡᠨ ᠮᠥ ᠳᠤ ᠴᠠᠭᠠᠨ ᠭᠤᠶᠣᠣ ᠳᠠᠷᠢᠵᠤ᠂ 97.5 ᠲᠦᠮᠡᠨ ᠮᠥ ᠳᠤ ᠪᠥᠭᠡᠷᠦᠭ ᠢ ᠬᠦᠷᠢᠶᠡᠯᠡᠨ ᠪᠢᠲᠡᠭᠦᠮᠵᠢᠯᠡᠵᠦ᠂ | 19 ᠲᠦᠮᠡᠨ ᠮᠥ ᠳᠤ ᠤᠯᠠᠭᠠᠨ ᠭᠤᠶᠣᠣ ᠶᠢᠨ ᠲᠠᠷᠢᠯᠭ᠎ᠠ ᠬᠢᠪᠠ᠃ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ | ᠴᠢᠩᠭᠠᠳᠬᠠᠵᠤ᠂ ᠮᠣᠩᠭᠤᠯ ᠦᠬᠡᠷ᠂ ᠮᠣᠩᠭᠤᠯ ᠬᠤᠨᠢ᠂ ᠡᠯᠡᠰᠦᠨ ᠰᠣᠩᠭᠢᠨ᠎ᠠ ᠤᠯᠤᠰ ᠤᠨ ᠭᠠᠵᠠᠷ ᠵᠦᠶ ᠶᠢᠨ | ᠲᠡᠮᠳᠡᠭ ᠲᠠᠢ ᠪᠦᠲᠦᠭᠡᠭᠳᠡᠬᠦᠨ ᠤ ᠭᠡᠷᠡᠴᠢᠯᠡᠯ ᠢ ᠭᠥᠷᠳᠡᠪᠡ᠃ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ ᠳᠤᠮᠳᠠᠳᠤ | ᠧᠦ᠋ᠷᠣᠫᠠ ᠶᠢᠨ ᠭᠠᠵᠠᠷ ᠵᠦᠢ ᠶᠢᠨ ᠪᠡᠯᠭᠡ ᠳᠡᠮᠳᠡᠭ ᠤᠨ ᠬᠡᠯᠡᠯᠴᠡᠭᠡᠷ ᠤᠨ ᠬᠤᠶᠠᠳᠤᠭᠠᠷ ᠪᠦᠯᠦᠭ ᠤᠨ | ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠣᠷᠣᠨ | ᠪᠦᠰᠡ ᠶᠢᠨ ᠴᠠᠭᠠᠨ ᠨᠣᠯᠤᠤᠷ ᠢᠮᠠᠭᠠᠨ ᠨᠣᠯᠤᠤᠷ ᠵᠡᠷᠭᠡ 7 ᠪᠦᠲᠦᠭᠡᠭᠳᠡᠬᠦᠨ ᠢ ᠪᠦᠬᠦ ᠤᠯᠤᠰ ᠤᠨ ︽ᠨᠡᠷᠡᠳᠦ | ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠨᠤᠲᠠᠯᠠᠨ | ᠲᠣᠭᠲᠠᠭᠠᠪᠠ᠃ ᠮᠢᠩ ᠱᠧᠩ ᠤᠮᠳᠠᠭᠠᠨ ᠤ ᠮᠧᠩ ᠹᠦ᠋ ᠯᠤ᠋ ᠵᠡᠷᠭᠡ ᠲᠠᠸᠠᠷ ᠤᠨ ᠲᠡᠮᠳᠡᠭ ᠢ ᠥᠪᠡᠷᠲᠡᠭᠡᠨ ᠵᠠᠰᠠᠬᠤ | ᠣᠷᠣᠨ ᠤ ᠨᠠᠷᠠᠲᠤ ᠲᠠᠸᠠᠷ ᠤᠨ ᠲᠡᠮᠳᠡᠭ ᠤᠨ ᠨᠠᠷᠠᠲᠤ ᠲᠡᠮᠳᠡᠭᠲᠦ ᠪᠠᠷ ᠮᠠᠭᠠᠳᠯᠠᠨ ᠲᠣᠭᠲᠠᠭᠠᠵᠤ᠂ 11 ᠠᠵᠤ | ᠠᠬᠤᠶᠢᠯᠠᠯ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠨᠠᠷᠠᠲᠤ ᠲᠡᠮᠳᠡᠭᠲᠦ | ᠪᠠ ᠦᠶᠯᠡᠳᠬᠦᠨ ᠤ ᠨᠠᠷᠠᠲᠤ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ᠪᠥᠬᠦ ᠬᠤᠰᠢᠭᠤᠨ ᠤ | ᠵᠢᠯ ᠤᠨ ᠪᠣᠷᠣᠯᠠᠭᠤᠯᠭ᠎ᠠ ᠶᠢᠨ ᠨᠣᠷᠮ᠎ᠠ 500 ᠲᠦᠮᠡᠨ ᠲᠥᠭᠦᠷᠢᠭ ᠠᠴᠠ ᠳᠡᠭᠡᠭᠰᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠬᠥᠲᠥᠴᠢ ᠠᠵᠤ ᠠᠬᠤᠶᠢᠯᠠᠯ ᠨᠡᠮᠡᠭᠳᠡᠭᠡᠳ 38 ᠪᠣᠯᠵᠣ᠂ 421 ᠮᠠᠯᠴᠢᠨ | ᠲᠠᠷᠢᠶᠠᠴᠢᠨ ᠤ ᠲᠤᠰᠬᠠᠶ ᠬᠤᠷᠰᠢᠶ᠎ᠠ ᠶᠢ ᠳᠠᠩᠰᠠᠯᠠᠭᠤᠯᠪᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ | ᠠᠬᠢᠴᠠ ᠲᠦᠷᠭᠡᠳᠪᠡ᠃ ᠵᠢᠷᠠᠲᠠᠢ ᠶᠢᠨ ᠴᠢᠯᠠᠭᠤᠨ ᠲᠣᠰᠣᠨ ᠤ ᠠᠭᠤᠷᠬᠠᠶ ᠶᠢ ᠬᠠᠶᠢᠨ ᠰᠢᠨᠵᠢᠵᠦ ᠨᠡᠭᠡᠭᠡᠨ | ᠠᠰᠢᠭᠯᠠᠬᠤ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠬᠤ᠂ ᠶᠢᠨ ᠪᠤᠯᠠᠭ ᠲᠠᠯᠠᠰᠲᠤ ᠪᠠᠯ | ᠴᠢᠯᠠᠭᠤᠨ ᠤ ᠠᠭᠤᠷᠬᠠᠶ ᠶᠢ ᠮᠠᠯᠲᠠᠵᠤ ᠰᠣᠩᠭᠤᠬᠤ ᠵᠢᠴᠢ ᠨᠠᠷᠢᠯᠢᠭ ᠡᠳ᠋ᠰᠢᠭᠦᠯᠬᠦ ᠵᠡᠷᠭᠡ ᠰᠢᠨ᠎ᠡ ᠪᠠᠷ ᠪᠣᠶ ᠪᠣᠯᠤᠭᠰᠠᠨ | ᠠᠵᠤ ᠦᠶᠯᠡᠰ ᠤᠨ ᠲᠥᠷᠥᠯ ᠵᠦᠶᠯ ᠢ ᠤᠷᠤᠭᠰᠢᠲᠠᠶ ᠠᠬᠢᠭᠤᠯᠪᠠ᠃ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 235.5 ᠲᠦᠮᠡᠨ ᠺᠢᠯᠣᠸᠠᠲ ᠲᠤ ᠬᠦᠷᠴᠦ᠂ ᠪᠦᠬᠦ ᠠᠶᠢᠮᠠᠭ ᠤᠨ | ᠨᠢᠭᠡᠳᠦᠭᠡᠷ ᠲᠤ ᠣᠷᠣᠪᠠ᠃ 195 ᠲᠦᠮᠡᠨ ᠲᠣᠨ ᠨᠡᠭᠦᠷᠡᠰᠦ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ | ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ ᠤᠬᠤᠷᠢᠭᠤᠯᠤᠨ ᠭᠠᠷᠭᠠᠵᠤ᠂ ᠪᠣᠷᠵᠢᠨ ᠴᠢᠯᠠᠭᠤᠨ ᠬᠠᠪᠲᠠᠰᠤ | ᠰᠤᠷᠭᠠᠯᠲᠠ ᠳᠤ ᠬᠠᠮᠤᠷᠤᠭᠤᠯᠬᠤ ᠴᠢᠳᠠᠪᠤᠷᠢ ᠶᠢ 2600 ᠲᠦᠮᠡᠨ ᠺᠦᠸᠠᠳ᠋ ᠮᠧᠲᠷ ᠲᠤ ᠬᠦᠷᠭᠡᠨ᠎ᠡ᠃ ᠠᠯᠠᠱᠠ ᠶᠢᠨ | ᠠᠮᠢ ᠠᠬᠤᠶ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠶᠯᠡᠰ ᠴᠣᠭᠴᠠᠯᠠᠬᠤ | ᠬᠦᠷᠢᠶᠡᠯᠡᠩ ᠢ ᠪᠠᠶᠢᠭᠤᠯᠵᠤ᠂ ᠮᠠᠨᠳᠤᠯ᠂ ᠡᠯᠡᠰᠦᠨ ᠴᠥᠯ ᠤᠨ ᠰᠦᠯᠳᠡ ᠵᠡᠷᠭᠡ ᠤᠨᠴᠠᠯᠢᠬᠳᠤ ᠠᠮᠢ ᠠᠬᠤᠶ ᠶᠢᠨ | ᠠᠵᠤ ᠦᠶᠯᠡᠰ ᠤᠨ ᠡᠳ᠋ᠰᠢᠭᠦᠯᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠠᠵᠤ ᠠᠬᠤᠶᠢᠯᠠᠯ ᠢ ᠠᠯᠬᠤᠮ | ᠠᠯᠬᠤᠮ ᠢᠶᠠᠷ ᠬᠥᠭᠵᠢᠭᠦᠯᠦᠨ ᠪᠤᠵᠠᠭᠠᠶᠢᠷᠠᠭᠤᠯᠵᠤ᠂ ᠭᠤᠷᠪᠠᠨ ᠬᠤᠭᠤᠴᠠᠭᠠᠨ ᠤ ᠡᠯᠡᠰᠦᠨ ᠤ ᠠᠵᠤ ᠦᠶᠯᠡᠰ ᠤᠨ | ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠤᠷᠤᠯᠳᠤᠭᠠᠨ ᠢ ᠠᠮᠵᠢᠯᠲᠠ ᠲᠠᠢ ᠡᠷᠭᠢᠯᠡᠬᠦ ᠶᠢᠨ ᠬᠠᠮᠲᠤ | ᠤᠯᠤᠰ ᠤᠨ ᠤᠷᠤᠯᠳᠤᠭᠠᠨ ᠤ ᠲᠠᠰ ᠳᠠᠷᠠᠭᠠᠯᠠᠯ ᠳᠤ ᠣᠷᠣᠭᠤᠯᠪᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ | ᠦᠶᠯᠡᠴᠢᠯᠡᠭᠡᠨ ᠤ ᠦᠶᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠲᠤ | ᠡᠵᠡᠯᠡᠬᠦ ᠬᠤᠪᠢ ᠶᠢᠨ ᠵᠢᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠤᠨ A ᠲᠠᠰ ᠤᠨ ᠦᠵᠡᠮᠵᠢ ᠶᠢᠨ | ᠣᠷᠣᠨ ᠢ 11 ᠪᠠᠶᠢᠭᠤᠯᠪᠠ᠃ ᠠᠯᠠᠱᠠ ᠶᠢᠨ ᠬᠦᠰᠡᠯ ᠵᠡᠭᠦᠳᠦ ᠡᠯᠡᠰᠦᠨ ᠴᠥᠯ ᠤᠨ ᠮᠠᠰᠢᠨ ᠲᠡᠷᠭᠡᠨ ᠤ ᠠᠭᠠᠷ ᠤᠨ | ᠠᠶᠠᠯᠠᠯ ᠤᠨ ᠰᠣᠶᠣᠯ ᠤᠨ ᠭᠤᠤᠯ ᠰᠡᠳᠦᠪᠲᠦ ᠴᠡᠩᠭᠡᠯ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ | ᠴᠣᠷ ᠤᠨ ᠭᠠᠭᠴᠠ ᠤᠯᠤᠰ ᠤᠨ ᠵᠢᠭᠤᠯᠴᠢᠯᠠᠯ ᠤᠨ ᠲᠣᠪᠴᠢᠶ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠬᠠᠮᠲᠤᠷᠠᠨ ᠨᠡᠶᠢᠲᠡᠯᠡᠵᠦ ᠮᠠᠭᠠᠳᠯᠠᠨ ᠲᠣᠭᠲᠠᠭᠠᠭᠰᠠᠨ ︽ᠤᠯᠤᠰ ᠤᠨ ᠪᠡᠶ᠎ᠡ ᠶᠢᠨ ᠲᠠᠮᠢᠷ ᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠲᠥᠷᠥᠯ ᠵᠦᠶᠯ ᠪᠣᠯᠵᠣ᠂ ᠠᠯᠠᠱᠠ ᠶᠢᠨ | ᠪᠠᠭᠠᠲᠤᠷᠴᠤᠳ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ | ᠪᠣᠯᠬᠤ ᠪᠣᠯᠤᠨ᠎ᠠ᠃ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ | ᠲᠡᠮᠡᠭᠡᠨ ᠤ ᠨᠠᠭᠠᠳᠤᠮ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠤᠷᠤᠭᠰᠢᠲᠠᠶ ᠶᠠᠪᠤᠭᠳᠠᠵᠤ᠂ ︽13 · 5︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠶᠢᠲᠡ 3053 ᠲᠦᠮᠡᠨ ᠬᠥᠮᠦᠨ ᠤᠳᠠᠭ᠎ᠠ ᠵᠢᠭᠤᠯᠴᠢᠳ ᠢ | ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 282.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ︽ᠬᠠᠨ ᠲᠡᠭᠷᠢ ᠠᠯᠠᠱᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ | ᠳᠡᠭᠡᠭᠰᠢᠯᠡᠭᠦᠯᠪᠡ᠃ ᠬᠤᠳᠠᠯᠳᠤᠭ᠎ᠠ ᠠᠷᠠᠯᠵᠢᠶ᠎ᠠ ᠶᠢᠨ ᠭᠦᠶᠯᠭᠡᠭᠡ ᠶᠢ ᠨᠠᠩ ᠳᠥᠭᠦᠮ ᠳᠥᠲᠡ ᠪᠣᠯᠭᠠᠵᠤ᠂ ᠬᠤᠣ | ᠶᠤᠸᠠᠢ ᠮᠧᠶ ᠰᠦᠯᠵᠢᠶᠡᠨ ᠤ ᠠᠷᠠᠯᠵᠢᠶ᠎ᠠ᠂ ᠲᠦᠸᠧ ᠵᠦᠩ ᠸᠠᠩ ᠣᠯᠠᠨ ᠤᠯᠤᠰ ᠤᠨ ᠴᠠᠬᠢᠮ ᠬᠤᠳᠠᠯᠳᠤᠭᠠᠨ ᠤ | ᠶᠠᠪᠤᠳᠠᠯ ᠤᠨ ᠲᠠᠪᠴᠠᠩ ᠵᠢᠴᠢ ᠠᠯᠠᠱᠠ ᠶᠢᠨ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠷᠳᠣᠨ ᠢ ᠪᠠᠶᠢᠭᠤᠯᠵᠤ᠂ ᠲᠦᠷᠭᠡᠨ ᠢᠯᠡᠭᠡᠮᠵᠢ ᠡᠳ᠋ ᠪᠠᠷᠠᠭᠠᠨ ᠤ ᠭᠦᠶᠯᠭᠡᠭᠡ ᠶᠢ 11 ᠰᠤᠮᠤ | ᠪᠠᠯᠭᠠᠰᠤ ᠳᠤ ᠪᠦᠷᠬᠦᠭᠦᠯᠪᠡ᠃ | -- ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠱᠠᠳᠤ ᠦᠶ᠎ᠡ ᠶᠢᠨ ᠴᠢᠨᠠᠷᠲᠠᠶ ᠢᠯᠠᠯᠲᠠ ᠣᠯᠵᠤ᠂ 165 | ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠤ ᠡᠭᠦᠷᠭᠡ ᠶᠢ ᠨᠢᠭᠡᠨᠲᠡ | ᠪᠦᠬᠦᠨ ᠢ ᠪᠡᠶᠡᠯᠡᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠳᠡᠭᠡᠳᠦ | ᠱᠠᠲᠤᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠪᠠ᠃ ᠣᠷᠴᠢᠨ ᠲᠣᠭᠤᠷᠢᠨ ᠤ ᠠᠭᠠᠷ ᠤᠨ | ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠶᠠᠨᠬᠤᠲᠠ ᠪᠠᠯᠭᠠᠰᠤ ᠶᠢᠨ ᠣᠷᠴᠢᠨ ᠲᠣᠭᠤᠷᠢᠨ ᠤ | ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠨᠢ ᠵᠢᠯ ᠳᠤᠮᠳᠠᠴᠢ ᠪᠠᠷ 89.4% ᠳᠤ | ᠬᠥᠷᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠲᠣᠭᠲᠠᠭᠤᠨ | ᠪᠠᠶᠢᠯᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠠᠪᠬᠤ ᠪᠠ ᠨᠥᠬᠦᠪᠥᠷᠢᠯᠡᠬᠦ ᠶᠢ | ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯ ᠤᠨ ᠵᠠᠮ ᠤᠨ ︽ᠳᠦᠷᠪᠡᠨ ᠳᠤᠷ᠎ᠠ ᠪᠠᠷ ᠢᠶᠠᠨ | ᠰᠠᠮᠠᠭᠤᠷᠠᠭᠰᠠᠨ︾ ᠠᠰᠠᠭᠤᠳᠠᠯ ᠢ ᠴᠡᠪᠡᠷᠯᠡᠨ ᠪᠠᠷᠢᠮᠵᠢᠶ᠎ᠠ ᠳᠤ ᠬᠦᠷᠭᠡᠨ᠎ᠡ᠃ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠲᠣᠭᠲᠠᠭᠤᠨ ᠪᠠᠶᠢᠯᠭᠠᠵᠤ᠂ ᠠᠶᠤᠯᠲᠠᠶ ᠬᠠᠶᠠᠭᠳᠠᠮᠠᠯ ᠪᠣᠳᠠᠰ ᠥᠬᠡᠶ ᠵᠢᠴᠢ | ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠡᠭᠦᠰᠦᠭᠰᠡᠨ ᠦᠭᠡᠢ᠃ ᠨᠤᠲᠤᠭ ᠪᠡᠯᠴᠢᠭᠡᠷ ᠤᠨ ᠱᠠᠩᠨᠠᠯ | ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠣᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ | ᠠᠯᠠᠱᠠ ᠶᠢᠨ SEE ᠠᠮᠢ ᠠᠬᠤᠶ ᠶᠢᠨ ᠨᠡᠶᠢᠭᠡᠮᠯᠢᠭ᠂ ᠳᠤᠮᠳᠠᠳᠤ ᠤᠯᠤᠰ ᠤᠨ ᠴᠡᠴᠡᠷᠯᠢᠭᠵᠢᠭᠦᠯᠦᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠬᠥᠷᠥᠩᠭᠡ ᠪᠣᠯᠤᠨ ᠨᠡᠶᠢᠲᠡ ᠶᠢᠨ ᠠᠰᠠᠷᠠᠮᠵᠢ ᠶᠢᠨ ᠬᠦᠴᠦᠨ ᠢ | ᠬᠥᠲᠥᠯᠥᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ 317 ᠲᠦᠮᠡᠨ ᠮᠥ | ᠣᠶᠢᠵᠢᠭᠤᠯᠤᠯᠲᠠ ᠶᠢ ᠪᠡᠶᠡᠯᠡᠭᠦᠯᠵᠦ᠂ 248 ᠲᠦᠮᠡᠨ ᠮᠥ ᠥᠨᠵᠢᠭᠦᠯᠦᠨ ᠰᠡᠯᠭᠦᠨ ᠮᠠᠯᠵᠢᠵᠤ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠰ ᠲᠣᠰ ︽ | 12 · 5︾ ᠶᠢᠨ ᠲᠥᠯᠥᠪᠵᠢᠭᠦᠯᠭᠡ ᠶᠢᠨ ᠰᠡᠭᠦᠯᠴᠢ ᠶᠢᠨ 12.5% ᠪᠠ 18% ᠪᠠᠶᠢᠭᠰᠠᠨ ᠠᠴᠠ ᠪᠠᠨ 14. | 5% ᠪᠠ 19% ᠪᠣᠯᠤᠨ ᠳᠡᠭᠡᠭᠰᠢᠯᠡᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ ᠦᠷ᠎ᠡ | ᠪᠦᠲᠦᠮᠵᠢ ᠢᠯᠡᠳᠲᠡ ᠪᠣᠯᠵᠣ᠂ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠡᠮᠬᠢ ᠵᠢᠷᠤᠮ ᠲᠠᠢ ᠪᠠᠷ ᠰᠡᠷᠭᠦᠵᠦ᠂ ᠠᠯᠠᠱᠠ ᠠᠭᠤᠯᠠ ᠶᠢᠨ ᠬᠡᠭᠡᠷ᠎ᠡ ᠶᠢᠨ ᠠᠮᠢᠲᠠᠨ ᠤ | ᠲᠤᠭ᠎ᠠ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠭᠤᠤᠯᠳᠠᠯᠭ᠎ᠠ ᠲᠠᠢ | ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠨᠠᠷᠢᠯᠢᠭ ᠣᠨᠣᠴᠠᠲᠠᠶ ᠪᠠᠷ ᠵᠠᠰᠠᠵᠤ᠂ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ | | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠡᠭᠡᠭᠰᠢᠯᠡᠭᠦᠯᠪᠡ᠃ ︽ᠥᠪᠥᠷ ᠮᠣᠩᠭᠤᠯ ᠤᠨ | ᠭᠠᠩ ᠬᠠᠭᠤᠷᠠᠶ ᠡᠯᠡᠰᠦᠨ ᠴᠥᠯ ᠤᠨ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠪᠠ ᠡᠯᠡᠰᠦᠨ ᠤ | ᠠᠵᠤ ᠦᠶᠯᠡᠰ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾ ᠪᠠ ︽ᠴᠠᠭᠠᠨ ᠭᠤᠶᠣᠣ ᠬᠢᠲᠠᠳ | ᠡᠮ ᠤᠨ ᠲᠣᠮᠣ ᠡᠭᠦᠯᠳᠡᠷ ᠢ ᠨᠡᠭᠡᠭᠡᠨ ᠬᠥᠭᠵᠢᠭᠦᠯᠬᠦ ᠪᠠ ᠠᠵᠤ ᠦᠶᠯᠡᠰᠵᠢᠭᠦᠯᠬᠦ︾ 2 ᠲᠥᠷᠥᠯ ᠵᠦᠶᠯ ᠢ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠳᠤ | ᠣᠷᠣᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠦᠷᠳᠡᠭᠡ ᠶᠢ 6 | ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠢ ᠰᠢᠭᠤᠶ ᠶᠢᠨ ᠭᠠᠵᠠᠷ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ 99 ᠲᠤᠰᠬᠠᠶ ᠮᠡᠷᠭᠡᠵᠢᠯᠲᠡᠨ ᠢ ᠰᠣᠩᠭᠤᠨ | ᠲᠣᠮᠢᠯᠠᠵᠤ ᠮᠡᠷᠭᠡᠵᠢᠯ ᠤᠨ ᠵᠢᠯᠤᠭᠤᠳᠤᠯᠭ᠎ᠠ ᠬᠢᠯᠭᠡᠪᠡ᠃ ︽13 · 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠣᠷᠣᠨ ᠨᠤᠲᠤᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠰᠬᠠᠶ ᠪᠠᠯᠠ ᠮᠥᠩᠭᠦ ᠶᠢ 8132 ᠲᠦᠮᠡᠨ ᠲᠥᠭᠦᠷᠢᠭ ᠴᠢᠷᠮᠠᠶᠢᠨ ᠣᠯᠵᠤ᠂ 78 ᠲᠥᠷᠥᠯ | ᠵᠦᠶᠯ ᠢ ᠬᠡᠷᠡᠭᠵᠢᠭᠦᠯᠪᠡ᠃ ᠤᠨᠴᠠᠯᠢᠭᠳᠤ ᠠᠮᠢ ᠠᠬᠤᠶ᠂ ᠪᠣᠬᠢᠷᠲᠤᠯ ᠥᠬᠡᠶ ᠡᠨᠧᠷᠭᠢ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠂ ᠰᠢᠨ᠎ᠡ ᠮᠠᠲ᠋ᠧᠷᠢᠶᠠᠯ ᠵᠡᠷᠭᠡ ᠠᠵᠤ ᠦᠶᠯᠡᠰ ᠤᠨ ᠲᠣᠭᠤᠷᠢᠨ ᠳᠤ᠂ ᠦᠶᠯᠡᠳᠬᠦᠨ ᠢ | ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠵᠦ᠂ | ᠨᠡᠶᠢᠲᠡ 89 ᠵᠦᠶᠯ ᠤᠨ ᠥᠨᠳᠥᠷ ᠨᠡᠮᠡᠯᠲᠡ ᠥᠷᠲᠡᠭ ᠪᠥᠬᠦᠶ ᠦᠶᠯᠡᠳᠬᠦᠨ ᠢ ᠤᠯᠠᠷᠢᠭᠤᠯᠤᠨ ᠬᠤᠪᠢᠷᠠᠭᠤᠯᠵᠤ᠂ | ᠬᠦᠷᠢᠶᠡᠯᠡᠩ ᠠᠵᠤ ᠠᠬᠤᠶᠢᠯᠠᠯ ᠤᠨ ᠬᠠᠮᠲᠤᠷᠠᠯᠴᠠᠭ᠎ᠠ ᠨᠢ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ | ᠬᠦᠴᠦᠨ ᠪᠣᠯᠪᠠ᠃ | -- ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠳᠡᠭᠡᠭᠰᠢᠯᠡᠭᠦᠯᠪᠡ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠪᠦᠬᠦ ᠲᠠᠯ᠎ᠠ ᠪᠠᠷ ᠢᠯᠠᠯᠲᠠ ᠣᠯᠵᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ | ᠲᠦᠷᠦᠯ ᠢᠶᠠᠷ ᠶᠠᠳᠠᠭᠤ ᠶᠢ ᠲᠡᠳᠬᠦᠬᠦ ᠵᠡᠷᠭᠡ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ | ᠠᠮᠤᠷ ᠲᠦᠪᠰᠢᠨ ᠤ ᠠᠰᠠᠭᠤᠳᠠᠯ ᠢ ᠶᠡᠷᠦᠩᠬᠡᠶ ᠳᠤᠨᠢ ᠰᠢᠶᠳᠪᠦᠷᠢᠯᠡᠪᠡ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠷᠪᠠᠨ ᠵᠦᠶᠯ ᠤᠨ ︽ᠪᠦᠬᠦᠨ ᠢ ᠳᠠᠭᠤᠰᠬᠠᠵᠤ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ | ᠪᠡᠶᠡᠯᠡᠭᠦᠯᠵᠦ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 5.4 ᠳ᠋ᠦᠩᠰᠢᠭᠤᠷ ᠲᠥᠭᠦᠷᠢᠭ | ᠣᠷᠣᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠢᠴᠢ | ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠪᠥᠲᠥᠭᠡᠨ ᠪᠠᠶᠢᠭᠤᠯᠤᠯᠲᠠ ᠵᠡᠷᠭᠡ 161 ᠲᠥᠷᠥᠯ ᠵᠦᠶᠯ ᠢ | ᠬᠡᠷᠡᠭᠵᠢᠭᠦᠯᠵᠦ᠂ ᠪᠥᠬᠦ ᠬᠤᠰᠢᠭᠤᠨ ᠤ 6672 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠪᠠ ︵ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠨᠡᠶᠢᠲᠡ 3997 ᠬᠥᠮᠦᠨ ᠢ ᠶᠠᠳᠠᠭᠤ ᠠᠴᠠ ᠠᠩᠭᠢᠵᠢᠷᠠᠭᠤᠯᠪᠠ︶ ᠃ ᠠᠷᠠᠳ ᠤᠨ | ᠠᠮᠢᠳᠤᠷᠠᠯ ᠤᠨ ᠪᠠᠯᠠ ᠮᠥᠩᠭᠦ ᠶᠢ ᠨᠡᠶᠢᠲᠡ 133.21 ᠳ᠋ᠦᠩᠰᠢᠭᠤᠷ ᠲᠥᠭᠦᠷᠢᠭ ᠣᠷᠣᠭᠤᠯᠵᠤ᠂ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 83.5% ᠶᠢ ᠡᠵᠡᠯᠡᠪᠡ᠃ ᠨᠡᠶᠢᠭᠡᠮ ᠤᠨ ᠦᠶᠯᠡᠰ ᠪᠥᠬᠦ ᠲᠠᠯ᠎ᠠ ᠪᠠᠷ | ᠬᠥᠭᠵᠢᠵᠦ᠂ 16.06 ᠳ᠋ᠦᠩᠰᠢᠭᠤᠷ ᠲᠥᠭᠦᠷᠢᠭ ᠣᠷᠣᠭᠤᠯᠤᠨ ᠰᠤᠷᠭᠠᠭᠤᠯᠢ ᠡᠷᠭᠢᠯᠡᠬᠦ ᠨᠥᠬᠦᠴᠡᠯ ᠢ | ᠰᠠᠶᠢᠵᠢᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠣᠭᠤᠶ ᠰᠤᠷᠭᠠᠨ ᠬᠥᠮᠦᠵᠢᠯ ᠵᠡᠷᠭᠡ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠬᠡᠤᠬᠡᠳ ᠤᠨ | ᠴᠡᠴᠡᠷᠯᠢᠭ ᠲᠤ ᠣᠷᠣᠬᠤ ᠨᠣᠷᠮ᠎ᠠ 96% ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ᠂ ᠪᠠᠬᠢᠵᠢᠭᠦᠯᠦᠭᠰᠡᠨ | ᠨᠣᠷᠮ᠎ᠠ ᠴᠥᠮ 100% ᠳᠤ ᠬᠥᠷᠪᠡ᠃ 566 ᠪᠡᠶ᠎ᠡ ᠶᠢᠨ ᠲᠠᠮᠢᠷ ᠤᠨ ᠲᠠᠯᠠᠪᠠᠶ ᠲᠠᠢ ᠪᠠᠶᠢᠵᠤ᠂ ᠬᠥᠮᠦᠨ | ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠨᠢ 3.51 ᠺᠦᠸᠠᠳ᠋ ᠮᠧᠲᠷ ᠲᠤ ᠬᠦᠷᠴᠡᠶ᠃ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ ᠶᠢ ᠶᠡᠬᠡᠪᠡᠷ ᠲᠡᠳᠬᠦᠨ ᠲᠡᠮᠵᠢᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.5% ᠶᠢᠨ ᠳᠣᠲᠣᠷ᠎ᠠ ᠬᠢᠵᠠᠭᠠᠷᠯᠠᠨ᠎ᠠ᠃ 7 | ᠳ᠋ᠦᠩᠰᠢᠭᠤᠷ ᠲᠥᠭᠦᠷᠢᠭ ᠣᠷᠣᠭᠤᠯᠵᠤ ᠪᠠᠶᠢᠭᠠᠳ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ 146 ᠪᠣᠯᠭᠠᠨ ᠨᠡᠮᠡᠭᠳᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ ᠬᠢᠲᠠᠳ ᠡᠮᠨᠡᠯᠭᠡ ︵ ᠮᠣᠩᠭᠤᠯ ᠡᠮᠨᠡᠯᠭᠡ︶ ᠶᠢᠨ ᠤᠨᠴᠠᠯᠢᠬᠳᠤ | ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠵᠢᠯ | ᠳᠠᠷᠠᠭᠠᠯᠠᠨ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠢ ᠬᠤᠲᠠ ᠬᠥᠳᠡᠭᠡ ᠳᠤ | ᠪᠦᠬᠦᠨ ᠢ ᠬᠠᠮᠤᠷᠬᠤ ᠶᠢ ᠪᠡᠶᠡᠯᠡᠭᠦᠯᠦᠨ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ᠶᠢᠨ | ᠢᠷᠠᠭᠤ ᠠᠯᠳᠠᠷ ᠢ ᠭᠥᠷᠳᠡᠪᠡ᠃ 5 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ | ᠲᠣᠭᠤᠷᠢᠭ ᠤᠨ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ 12 ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠢ 38 ᠪᠠᠶᠢᠭᠤᠯᠪᠠ᠃ | ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠪᠠᠲᠤᠯᠠᠭ᠎ᠠ᠂ ᠬᠢᠯᠢ ᠶᠢᠨ ᠠᠷᠠᠳ ᠤᠨ ᠨᠥᠬᠦᠪᠥᠷᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ᠂ ᠴᠡᠷᠢᠭ ᠠᠴᠠ ᠬᠠᠯᠠᠭᠳᠠᠭᠰᠠᠳ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ | ᠤᠯᠠᠮ ᠳᠡᠭᠡᠭᠰᠢᠯᠡᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ | ᠤᠯᠠᠭᠠᠨᠮᠥ᠋ᠴᠢᠷ ᠤᠨ ᠦᠶᠯᠡᠰ ᠡᠷᠡᠭᠦᠯ ᠢᠶᠠᠷ ᠬᠥᠭᠵᠢᠵᠦ᠂ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ | ᠪᠦᠲᠦᠭᠡᠯᠭᠡ ᠴᠡᠴᠡᠭᠯᠡᠨ ᠬᠥᠭᠵᠢᠵᠦ᠂ ︽ᠣᠶᠢᠷᠠᠳ ᠤᠨ ᠨᠤᠲᠤᠭ ᠤᠨ ᠮᠡᠨᠳᠦᠴᠢᠯᠡᠯ︾ ᠵᠡᠷᠭᠡ ᠤᠳᠬ᠎ᠠ | ᠤᠷᠠᠯᠢᠭ ᠤᠨ ᠰᠣᠳᠣᠨ ᠪᠦᠲᠦᠭᠡᠯ 11 ᠵᠦᠶᠯ ᠤᠨ ᠤᠯᠤᠰ ᠤᠨ ᠲᠠᠰ ᠤᠨ ᠱᠠᠩᠨᠠᠯ ᠢ ᠭᠥᠷᠳᠡᠵᠦ᠂ ᠪᠣᠳᠠᠰ ᠤᠨ | ᠪᠤᠰᠤ ᠰᠣᠶᠣᠯ ᠤᠨ ᠥᠪ ᠤᠨ ᠪᠠ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢ ᠪᠦᠲᠦᠮᠵᠢᠲᠡᠶ | ᠴᠢᠩᠭᠠᠳᠬᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠷ᠎ᠡ ᠪᠦᠲᠦᠮᠵᠢ ᠢᠯᠡᠳᠲᠡ | ᠪᠣᠯᠪᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠸᠠᠩ ᠤᠨ ᠣᠷᠳᠣᠨ ᠤ ᠵᠠᠩ ᠦᠢᠯᠡ ᠶᠢᠨ ᠰᠣᠶᠣᠯ ᠤᠨ ᠵᠡᠭᠡᠯᠢ᠂ | ᠤᠨᠴᠠᠯᠢᠬᠳᠤ ᠠᠷᠠᠳ ᠤᠨ ᠣᠷᠣᠨ ᠰᠠᠭᠤᠴᠠ ᠶᠢᠨ ᠵᠡᠭᠡᠯᠢ ᠶᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠦᠬᠡ | ᠰᠣᠶᠣᠯ ᠤᠨ ᠵᠡᠭᠡᠯᠢ ᠲᠣᠭᠤᠷᠢᠭ ᠢᠶᠠᠷ ᠦᠨᠡᠯᠡᠨ ᠲᠣᠭᠲᠠᠭᠠᠵᠠᠢ᠃ | -- ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ G7 | ᠪᠡᠭᠡᠵᠢᠩ ᠠᠴᠠ ᠰᠢᠨᠵᠢᠶᠠᠩ ᠤᠨ ᠬᠤᠷᠳᠤᠨ ᠤ ᠵᠠᠰᠠᠮᠠᠯ ᠵᠠᠮ ᠤᠨ ᠯᠢᠨ ᠡᠾᠧ ᠠᠴᠠ ᠴᠠᠭᠠᠨ ᠲᠣᠯᠣᠭᠠᠢ ᠬᠦᠷᠬᠦ | ᠬᠡᠰᠡᠭ ᠵᠡᠷᠭᠡ 4 ᠵᠠᠰᠠᠮᠠᠯ ᠵᠠᠮ ᠤᠨ ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠪᠥᠬᠦ | ᠬᠤᠰᠢᠭᠤᠨ ᠤ ᠲᠡᠷᠭᠡ ᠨᠡᠪᠲᠡᠷᠡᠭᠰᠡᠨ ᠵᠠᠮ ᠤᠨ ᠣᠷᠳᠣ 5118.8 ᠺᠢᠯᠣᠮᠧᠲᠷ ᠲᠤ ᠬᠦᠷᠴᠦ᠂ ︽12 · 5︾ | ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 1249.3 ᠺᠢᠯᠣᠮᠧᠲᠷ ᠨᠡᠮᠡᠭᠳᠡᠪᠡ᠃ | ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠲᠡᠷᠭᠡ ᠪᠠ ᠲᠦᠷᠢᠶᠡᠰᠦᠨ ᠮᠠᠰᠢᠨ ᠲᠡᠷᠭᠡ 100% ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ ᠠᠯᠠᠱᠠ | ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠤᠨ ᠥᠭᠡᠷᠡᠴᠢᠯᠡᠯᠲᠡ᠂ ᠦᠬᠠᠢ ᠠᠴᠠ | ᠵᠢᠷᠡᠲᠡᠢ ᠬᠦᠷᠬᠦ ᠲᠡᠮᠦᠷ ᠵᠠᠮ ᠤᠨ 128 ᠵᠠᠮ ᠤᠨ ᠠᠭᠤᠯᠵᠠᠷ ᠢ ᠲᠡᠭᠰᠢᠳᠬᠡᠨ ᠪᠠᠶᠢᠭᠤᠯᠬᠤ ᠵᠡᠷᠭᠡ ᠢᠨᠵᠧᠨᠧᠷᠢᠩ ᠢ | ᠪᠡᠶᠡᠯᠡᠭᠦᠯᠪᠡ᠃ ᠤᠤᠭᠤᠬᠤ ᠤᠰᠤᠨ ᠤ ᠬᠡᠯᠪᠡᠷᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠣᠷᠣᠨ | ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ᠂ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠪᠡ᠃ ᠴᠠᠬᠢᠯᠭᠠᠨ ᠤ | ᠲᠣᠤᠷ ᠤᠨ ᠪᠦᠲᠦᠴᠡ ᠶᠢ ᠤᠯᠠᠮ ᠲᠡᠭᠦᠯᠳᠡᠷᠵᠢᠭᠦᠯᠵᠦ᠂ ᠠᠯᠳᠠᠨ ᠣᠪᠣᠭᠠᠨ ᠥᠷᠲᠡᠭᠡ ᠠᠴᠠ ᠳ᠋ᠧᠩᠺᠸᠤ ᠳᠤ ᠬᠥᠷᠬᠦ | 500 ᠺᠢᠯᠣᠸᠠᠲ᠂ ᠠᠶᠢᠮᠠᠭ ᠠᠴᠠ ᠪᠠᠨ 220 ᠺᠢᠯᠣᠸᠠᠲ᠂ ᠥᠯᠵᠡᠢ 110 ᠺᠢᠯᠣᠸᠠᠲ ᠵᠡᠷᠭᠡ 16 | ᠢᠨᠵᠧᠨᠧᠷᠢᠩ ᠤᠨ ᠴᠠᠬᠢᠯᠭᠠᠨ ᠬᠠᠩᠭᠠᠬᠤ ᠱᠤᠭᠤᠮ ᠢ ᠪᠠᠷᠤᠭ 1126 ᠺᠢᠯᠣᠮᠧᠲᠷ ᠪᠡᠶᠡᠯᠡᠭᠦᠯᠪᠡ᠃ ᠪᠣᠶ ᠪᠥᠬᠦᠶ | ᠭᠠᠴᠠᠭ᠎ᠠ ᠲᠣᠰᠬᠤᠨ ᠳᠤ ᠴᠢᠮᠡᠭᠡ ᠨᠡᠪᠲᠡᠷᠡᠯᠭᠡ ᠶᠢᠨ ᠪᠦᠷᠬᠦᠴᠡ ᠶᠢ ᠪᠡᠶᠡᠯᠡᠭᠦᠯᠵᠦ᠂ 101 ᠭᠠᠴᠠᠭ᠎ᠠ ᠲᠣᠰᠬᠤᠨ ᠳᠤ | ᠴᠠᠬᠢᠮ ᠰᠦᠯᠵᠢᠶ᠎ᠡ ᠶᠢ ᠨᠡᠪᠲᠡᠷᠡᠭᠦᠯᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠪᠠᠶᠠᠨᠬᠤᠲᠠ ᠶᠢᠨ ᠬᠤᠲᠠ ᠶᠢᠨ ᠴᠢᠳᠠᠮᠵᠢ ᠪᠠ ᠴᠢᠨᠠᠷ ᠲᠠᠰ ᠢ ᠤᠯᠠᠮ ᠳᠡᠭᠡᠭᠰᠢᠯᠡᠭᠦᠯᠦᠨ᠂ | ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠯᠠᠨ ᠤ | ᠲᠠᠯ᠎ᠠ ᠨᠤᠲᠤᠭ᠂ ᠣᠪᠣᠭᠠᠲᠤ ᠠᠮᠢ ᠠᠬᠤᠶ ᠶᠢᠨ ᠴᠡᠴᠡᠷᠯᠢᠭ᠂ ᠠᠭᠢᠷ ᠴᠡᠴᠡᠭ ᠤᠨ ᠬᠦᠷᠢᠶᠡᠯᠡᠩ ᠵᠡᠷᠭᠡ | ᠢᠨᠵᠧᠨᠧᠷᠢᠩ ᠢ ᠬᠡᠷᠡᠭᠵᠢᠭᠦᠯᠦᠨ᠂ ᠪᠠᠶᠢᠭᠤᠯᠤᠭᠰᠠᠨ ᠲᠣᠭᠤᠷᠢᠭ ᠤᠨ ᠴᠡᠴᠡᠷᠯᠢᠭᠵᠢᠭᠦᠯᠦᠯᠲᠡ ᠶᠢᠨ ᠪᠦᠷᠬᠦᠴᠡ ᠶᠢᠨ | ᠨᠣᠷᠮ᠎ᠠ ᠶᠢ 40% ᠳᠤ ᠬᠦᠷᠦᠭᠦᠯᠪᠡ᠃ 40 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ | ᠬᠤᠳᠠ ᠶᠢᠨ 1.15 ᠲᠦᠮᠡᠨ ᠢᠵᠢ ᠭᠡᠷ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ 16.6 ᠲᠦᠮᠡᠨ ᠺᠦᠸᠠᠳ᠋ ᠮᠧᠲᠷ᠂ ᠬᠤᠳᠠ ᠶᠢᠨ | ᠶᠠᠪᠤᠳᠠᠯ ᠤᠨ ᠵᠠᠮ ᠤᠨ ᠥᠭᠡᠷᠡᠴᠢᠯᠡᠯᠲᠡ ᠶᠢᠨ 13 ᠵᠤᠷᠪᠤᠰ ᠢ ᠪᠡᠶᠡᠯᠡᠭᠦᠯᠵᠦ᠂ ᠳᠤᠮᠳᠠ ᠵᠡᠷᠭᠡ ᠶᠢᠨ ᠤᠰᠤᠨ ᠤ | ᠠᠰᠢᠭᠯᠠᠯᠲᠠ ᠶᠢᠨ ᠨᠤᠷᠮ᠎ᠠ ᠶᠢ 100% ᠳᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ | ᠨᠤᠷᠮ᠎ᠠ ᠶᠢ 98% ᠳᠤ ᠬᠦᠷᠭᠡᠵᠦ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠲᠦᠭᠡᠮᠡᠯᠵᠢᠭᠦᠯᠬᠦ ᠨᠤᠷᠮ᠎ᠠ ᠶᠢ | 90% ᠳᠤ ᠬᠦᠷᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ | ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠬᠤᠭ ᠨᠣᠪᠰᠢ ᠶᠢ ᠰᠢᠶᠳᠪᠦᠷᠢᠯᠡᠬᠦ ᠵᠡᠷᠭᠡ ᠮᠠᠯᠵᠢᠬᠤ | ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠢ ᠵᠠᠰᠠᠨ ᠴᠡᠭᠴᠡᠯᠡᠬᠦ ᠠᠵᠢᠯᠯᠠᠭ᠎ᠠ ᠶᠢ ᠬᠡᠷᠡᠭᠵᠢᠭᠦᠯᠵᠦ | ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠦᠷᠭᠦᠯᠵᠢᠯᠡᠨ ᠰᠠᠶᠢᠵᠢᠷᠠᠵᠤ᠂ | ᠰᠢᠨᠢᠳᠤᠬᠠᠢ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠲᠠᠷᠪᠠᠭᠠᠲᠠᠢ ᠶᠢᠨ ᠤᠰᠤᠨ ᠤ ᠤᠨᠴᠠᠯᠢᠭᠳᠤ ᠲᠠᠷᠢᠮᠠᠯ ᠵᠡᠷᠭᠡ | 7 ᠳᠡᠯᠭᠡᠷᠡᠭᠦᠯᠵᠦ ᠪᠣᠯᠬᠤ᠂ ᠲᠤᠯᠢ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠢᠬ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ | ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠪᠠᠷ | ᠦᠨᠡᠯᠡᠭᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠨᠡᠩ ᠰᠢᠯᠢᠳᠡᠭᠵᠢᠪᠡ᠃ | -- ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠭᠤᠯᠭᠠᠬᠤ ᠬᠠᠮᠢᠶᠠᠷᠬᠤ | ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡ | ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠴᠠᠬᠢᠮ ᠰᠦᠯᠵᠢᠶ᠎ᠡ +ᠭᠦᠶᠴᠡᠳᠬᠡᠬᠦ ᠨᠣᠷᠮ᠎ᠠ ᠶᠢ 99. | 6% ᠳᠤ ᠬᠦᠷᠦᠭᠦᠯᠪᠡ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯᠲᠦ ᠡᠷᠬᠡ ᠶᠢᠨ ᠲᠦᠷᠢᠮ ᠵᠡᠷᠭᠡ ᠥᠭᠡᠷᠡᠴᠢᠯᠡᠯᠲᠡ ᠶᠢᠨ | ᠡᠭᠦᠷᠭᠡ ᠢᠯᠡᠳᠲᠡ ᠦᠷ᠎ᠡ ᠪᠦᠲᠦᠮᠵᠢ ᠤᠯᠪᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ 12.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠥᠯᠵᠡᠶ ᠪᠣᠭᠤᠮᠲᠠ ᠶᠢᠨ 20 | ᠰᠠᠭᠤᠷᠢ ᠪᠡᠯᠡᠳᠬᠡᠮᠵᠢ ᠶᠢᠨ ᠲᠥᠷᠥᠯ ᠵᠦᠶᠯ ᠢ ᠬᠡᠷᠡᠭᠵᠢᠭᠦᠯᠵᠦ᠂ ᠥᠯᠵᠡᠶ ᠪᠣᠭᠤᠮᠲᠠ ᠳᠤ ᠲᠦᠷ ᠴᠠᠭ ᠤᠨ ᠨᠡᠭᠡᠭᠡᠯᠲᠡ | ᠬᠢᠬᠦ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠶᠢᠯᠢ ᠰᠦᠢᠳᠬᠡᠯ᠂ | ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ ᠥᠪᠡᠷ ᠤᠨ ᠦᠷᠳᠡᠭ ᠢ ᠲᠠᠰᠤᠷᠠᠯᠳᠠ ᠦᠭᠡᠢ ᠪᠠᠭᠤᠷᠠᠭᠤᠯᠵᠤ᠂ | ᠭᠠᠶᠢᠯᠢ ᠶᠢᠨ ᠰᠦᠢᠳᠬᠡᠯ ᠢ 4.5 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠭᠠᠨᠰᠦ᠂ ᠨᠢᠩᠰᠢᠶᠠ | ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠰᠠᠭᠤᠷᠢ | ᠲᠥᠬᠦᠭᠡᠷᠦᠮᠵᠢ ᠶᠢᠨ ᠬᠠᠷᠢᠯᠴᠠᠨ ᠬᠤᠯᠪᠣᠭᠠᠯᠠᠬᠤ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠠᠯ᠎ᠠ ᠪᠠᠷ ᠰᠢᠨ᠎ᠡ | ᠠᠬᠢᠴᠠ ᠲᠠᠢ ᠪᠣᠯᠪᠠ᠃ | — ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠠᠤᠯᠢ ᠶᠣᠰᠣᠭᠠᠷ ᠵᠠᠰᠠᠭ | ᠶᠠᠪᠤᠭᠤᠯᠬᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠠᠤᠯᠢ ᠪᠠᠷ | ᠵᠠᠰᠠᠬᠤ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠬᠤ ᠶᠢ | ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ︾ ᠲᠤᠰᠬᠠᠶ ᠲᠡᠮᠡᠴᠡᠯ᠂ ᠠᠶᠤᠯᠭᠦᠶ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ | ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠲᠠᠯ᠎ᠠ ᠦᠷᠭᠦᠯᠵᠢᠯᠡᠨ ᠰᠠᠶᠢᠵᠢᠷᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ | ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠲᠣᠭᠲᠠᠭᠤᠨ ᠢᠶᠠᠷ ᠠᠬᠢᠵᠤ᠂ ᠡᠷᠬᠡ ᠲᠡᠭᠰᠢ ᠪᠦᠯᠬᠦᠮᠳᠡᠯ ᠲᠠᠢ | ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ | ᠲᠠᠰᠤᠷᠠᠯᠳᠡ ᠦᠭᠡᠢ ᠪᠠᠬᠢᠵᠢᠨ ᠬᠥᠭᠵᠢᠵᠦ᠂ ᠪᠦᠬᠦ ᠣᠷᠣᠨ ᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢ ᠬᠦᠷᠳᠡᠵᠠᠢ᠃ | ᠬᠤᠶᠠᠳᠤᠭᠠᠷ ᠬᠡᠰᠡᠭ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡᠨ ᠤ ᠪᠠᠶᠢᠳᠠᠯ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠡᠦᠬᠡ ᠶᠢᠨ ᠰᠢᠨ᠎ᠡ | ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠵᠡᠷᠭᠡ ᠠᠯᠢ ᠣᠯᠠᠨ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠳᠤᠷᠠᠳᠤᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ ᠠᠯᠠᠱᠠ ᠠᠶᠢᠮᠠᠭ ᠤᠨ ᠠᠮᠢ | ᠠᠬᠤᠶ ᠶᠢᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠤ ᠰᠢᠨ᠎ᠡ ᠥᠨᠳᠦᠷᠯᠢᠭ ᠭᠠᠵᠠᠷ᠂ | ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ᠂ ᠭᠠᠳᠠᠭᠠᠳᠤ | ᠨᠡᠭᠡᠭᠡᠯᠲᠡ ᠶᠢᠨ ᠰᠢᠨ᠎ᠡ ᠲᠠᠪᠴᠠᠩ ᠤᠨ ᠲᠣᠭᠤᠷᠢᠨ ᠳᠤ᠂ ᠠᠯᠠᠱᠠ ᠵᠡᠭᠦᠨ ᠬᠤᠰᠢᠭᠤᠨ ᠳᠤ ᠰᠢᠨ᠎ᠡ ᠠᠵᠠ ᠲᠣᠬᠢᠶᠠᠯ | ᠪᠠ ᠥᠷᠢᠰᠥᠯᠳᠦᠭᠡᠨ ᠲᠤᠯᠭᠠᠷᠠᠵᠤ᠂ ᠦᠯᠵᠡᠢ ᠪᠣᠭᠤᠮᠲᠠ ᠶᠢᠨ ᠨᠡᠬᠡᠬᠡᠯᠳᠡ ᠶᠢᠨ ᠳᠠᠪᠠᠭᠤᠯᠢᠭ ᠠᠯᠬᠤᠮ ᠠᠯᠬᠤᠮ ᠢᠶᠠᠷ | ᠢᠯᠡᠷᠡᠵᠦ᠂ ᠲᠡᠮᠤᠷ ᠵᠠᠮ᠂ ᠠᠭᠠᠷ ᠤᠨ ᠠᠶᠠᠯᠠᠯ ᠵᠡᠷᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠰᠠᠶᠢᠵᠢᠷᠠᠯᠲᠠ ᠨᠢ ᠬᠤᠳᠠ ᠶᠢᠨ ᠴᠢᠬᠤᠯᠠ ᠡᠯᠧᠮᠧᠨ᠋ᠲ ᠤᠨ ᠲᠠᠲᠠᠬᠤ ᠬᠦᠴᠦᠨ ᠢ ᠳᠡᠭᠡᠭᠰᠢᠯᠡᠭᠦᠯᠵᠦ᠂ ᠰᠢᠨ᠎ᠡ ᠠᠵᠤ | ᠠᠬᠤᠢ ᠶᠢᠨ ᠪᠠᠶᠢᠷᠢᠰᠢᠯ ᠳᠤ ᠠᠭᠤᠰᠤᠯᠴᠠᠬᠤ ᠳᠤ ᠨᠡᠩ ᠶᠡᠭᠡ ᠬᠥᠭᠵᠢᠯᠲᠡ ᠶᠢᠨ ᠣᠷᠣᠨ ᠵᠠᠢ ᠶᠢ ᠠᠪᠴᠢᠷᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠳᠤᠮᠳᠠ ᠵᠡᠷᠭᠡ ᠶᠢᠨ ᠲᠦᠷᠦ ᠶᠢᠨ ᠪᠤᠳᠤᠯᠭ᠎ᠠ ᠨᠢ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠠᠰᠢᠭᠲᠠᠢ ᠶᠤᠮ᠃ ᠡᠭᠦᠨ ᠤ ᠵᠡᠷᠭᠡᠪᠡᠷ᠂ ᠵᠠᠭᠤᠨ ᠵᠢᠯ ᠳᠤ | ᠭᠠᠷᠤᠭ᠎ᠠ ᠦᠭᠡᠢ ᠶᠡᠭᠡ ᠬᠤᠪᠢᠷᠠᠯᠲᠠ ᠵᠢᠴᠢ ᠰᠢᠨ᠎ᠡ ᠪᠠᠷ ᠭᠠᠷᠤᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠨᠥᠯᠥᠭᠡ ᠲᠣᠭᠲᠠᠪᠤᠷᠢ ᠦᠭᠡᠢ ᠴᠢᠨᠠᠷ ᠢ ᠪᠤᠢ ᠪᠣᠯᠭᠠᠵᠤ᠂ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ | ᠶᠠᠪᠤᠴᠠ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠭᠰᠡᠨ ᠠᠴᠠ ᠪᠦᠲᠦᠮᠵᠢᠲᠡᠢ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠤᠳᠠᠭᠠᠰᠢᠷᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ | ᠪᠣᠯᠤᠨ ᠬᠦᠴᠦᠯᠡᠴᠡ ᠶᠢᠨ ᠬᠤᠣᠰ ᠡᠵᠡᠮᠳᠡᠯ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠨᠡᠩ | ᠥᠨᠳᠥᠷ ᠱᠠᠭᠠᠷᠳᠠᠯᠭ᠎ᠠ ᠳᠤᠷᠠᠳᠴᠤ᠂ ᠡᠷᠬᠢᠨ ᠲᠣᠭᠤᠷᠢᠨ ᠤ ᠣᠷᠣᠨ ᠪᠦᠰᠡ ᠶᠢᠨ ᠥᠷᠢᠰᠥᠯᠳᠦᠭᠡᠨ ᠡᠳᠦᠷ ᠢᠷᠡᠬᠦᠶ᠎ᠡ | ᠰᠢᠷᠦᠭᠦᠰᠴᠦ᠂ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ ᠨᠢ ᠲᠦᠷᠦ ᠪᠠᠷᠢᠬᠤ ᠴᠢᠳᠠᠪᠤᠷᠢ ᠶᠢ | ᠰᠢᠯᠭᠠᠵᠤ ᠪᠠᠶᠢᠨ᠎ᠠ᠃ | ᠰᠢᠨ᠎ᠡ ᠴᠠᠭ ᠦᠶ᠎ᠡ᠂ ᠰᠢᠨ᠎ᠡ ᠪᠠᠶᠢᠳᠠᠯ ᠪᠣᠯᠤᠨ ᠰᠢᠨ᠎ᠡ ᠡᠭᠦᠷᠭᠡ ᠳᠤ ᠬᠠᠨᠳᠤᠭᠤᠯᠤᠨ᠂ ᠠᠯᠠᠱᠠ ᠵᠡᠭᠦᠨ | ᠬᠤᠰᠢᠭᠤ ᠤᠨᠴᠠᠯᠢᠬᠳᠤ ᠠᠮᠢ ᠠᠬᠤᠶ᠂ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ᠂ ᠪᠣᠬᠢᠷᠲᠤᠯ ᠦᠭᠡᠶ ᠡᠨᠧᠷᠭᠢ | ᠵᠡᠷᠭᠡ ᠪᠠᠷ ᠲᠥᠯᠥᠭᠡᠯᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠡᠮᠦᠨ᠎ᠡ ᠤᠮᠠᠷ᠎ᠠ ᠶᠢ ᠬᠤᠯᠪᠣᠭᠰᠠᠨ᠂ ᠵᠡᠭᠦᠨ ᠪᠠᠷᠠᠭᠤᠨ ᠢ ᠬᠤᠯᠪᠣᠭᠰᠠᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ | ᠳᠠᠪᠠᠭᠤᠯᠢᠭ ᠢᠶᠠᠷ ᠡᠷᠲᠡᠨ ᠡᠳᠦᠭᠡᠬᠢ᠂ ᠲᠥᠷᠥᠯ ᠬᠡᠯᠪᠡᠷᠢ ᠣᠯᠠᠨ ᠶᠠᠩᠵᠤ ᠶᠢᠨ ᠦᠨᠳᠦᠰᠦᠲᠡᠨ ᠤ ᠰᠣᠶᠣᠯ ᠤᠨ ᠡᠬᠢ | ᠪᠠᠶᠠᠯᠢᠭ ᠤᠨ ᠳᠠᠪᠠᠭᠤᠯᠢᠭ ᠢᠶᠠᠷ ᠪᠣᠬᠢᠷᠲᠤᠯ ᠥᠬᠡᠶ ᠠᠵᠤ ᠦᠶᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠂ ᠡᠯ᠎ᠡ ᠲᠥᠷᠥᠯ ᠤᠨ | ᠴᠢᠳᠠᠪᠤᠷᠢᠲᠠᠨ ᠢ ᠥᠷᠭᠡᠨ ᠢᠶᠠᠷ ᠲᠡᠳᠡᠨ ᠠᠪᠴᠢᠷᠠᠵᠤ᠂ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ | ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ | ᠬᠦᠴᠦᠨ ᠢᠶᠠᠨ ᠲᠥᠪᠯᠡᠷᠡᠭᠦᠯᠦᠨ ᠪᠣᠯᠪᠠᠰᠤᠷᠠᠩᠭᠤᠶ ᠠᠵᠤ ᠦᠶᠯᠡᠰ ᠤᠨ ᠠᠴᠢᠶᠠᠯᠠᠪᠤᠷᠢ ᠶᠢ ᠪᠣᠶ ᠪᠣᠯᠭᠠᠵᠤ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | | ᠬᠤᠶᠠᠳᠤᠭᠠᠷ ᠪᠦᠯᠦᠭ ᠶᠡᠷᠦᠩᠬᠡᠢ ᠱᠠᠭᠠᠷᠳᠠᠯᠭ᠎ᠠ ᠬᠢᠭᠡᠳ ᠬᠥᠭᠵᠢᠯᠲᠡ ᠶᠢᠨ ᠬᠠᠷᠠᠯᠲᠠ | | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠣᠳᠣᠬᠢᠴᠢᠯᠠᠭᠰᠠᠨ ᠠᠵᠤ ᠠᠬᠤᠶ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ︽ᠵᠢᠷᠭᠤᠭᠠᠨ ᠭᠤᠷᠪᠠ︾ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠠᠮᠢ | ᠠᠬᠤᠶ ᠭᠤᠶᠢᠳᠠ ᠰᠠᠶᠢᠬᠠᠨ᠂ ᠠᠵᠤ ᠦᠶᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ | ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃ | — ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠭᠤᠷᠪᠠᠨ ᠶᠡᠭᠡ ᠶᠠᠪᠤᠳᠠᠯ ᠢ ᠡᠷᠡᠰ ᠰᠠᠶᠢᠲᠤᠷ | ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠦᠴᠦᠯᠡᠨ | ᠪᠠᠬᠢᠵᠢᠭᠦᠯᠦᠨ᠎ᠡ︔ | — ᠭᠤᠷᠪᠠᠨ ᠠᠵᠤ ᠦᠶᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠂ ᠠᠵᠤ | ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠦᠶᠯᠡᠰ ᠪᠠ ᠦᠶᠯᠡᠴᠢᠯᠡᠭᠡᠨ ᠤ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠦᠴᠦᠨ ᠢᠶᠠᠷ ᠢᠶᠠᠨ ᠪᠠᠲᠤᠳᠬᠠᠨ᠎ᠠ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ︔ | — ᠤᠯᠠᠨᠪᠤᠯᠠᠭ ᠠᠵᠤ ᠦᠢᠯᠡᠰ ᠤᠨ ᠬᠦᠷᠢᠶᠡᠯᠡᠩ᠂ ᠦᠯᠵᠡᠢ ᠪᠣᠭᠤᠮᠲᠠ᠂ ᠪᠠᠶᠠᠨᠬᠤᠲᠠ ᠶᠢᠨ ᠠᠮᠢ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠤᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠤᠷᠪᠠᠨ | ᠠᠵᠤ ᠦᠢᠯᠡᠰ ᠤᠨ ᠰᠠᠭᠤᠷᠢᠨ ᠢ ᠭᠤᠣᠯᠳᠠᠯᠭ᠎ᠠ ᠲᠠᠢ ᠪᠠᠶᠢᠭᠤᠯᠵᠤ᠂ ᠠᠵᠤ ᠦᠢᠯᠡᠰ ᠤᠨ ᠲᠥᠪᠯᠡᠷᠡᠩᠭᠦᠢ ᠲᠥᠪᠯᠡᠷᠡᠨ | ᠡᠷᠴᠢᠮᠵᠢᠬᠦ ᠬᠥᠭᠵᠢᠯᠲᠡ ᠶᠢ ᠠᠬᠢᠭᠤᠯᠤᠨ᠎ᠠ︔ | — ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠤᠳᠠ ᠬᠥᠳᠡᠭᠡ ᠶᠢᠨ ᠰᠠᠭᠤᠷᠢᠰᠢᠬᠤ ᠳᠤ | ᠲᠣᠬᠢᠷᠠᠮᠵᠢᠲᠠᠢ ᠠᠵᠤ ᠦᠢᠯᠡᠰ ᠪᠤᠰᠬᠠᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠵᠡᠷᠭᠡ ᠭᠤᠷᠪᠠᠨ ᠵᠦᠢᠯ ᠤᠨ | ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢ ᠲᠦᠷᠭᠡᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠦᠨᠡᠨᠬᠦ ᠬᠦᠴᠦᠲᠡᠢ ᠲᠤᠯᠭᠠᠭᠤᠷᠢᠯᠠᠯ ᠬᠠᠩᠭᠠᠨ᠎ᠠ︔ | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠨᠡᠬᠡᠬᠡᠯᠳᠡ ᠬᠢᠵᠦ ᠬᠠᠮᠲᠤᠷᠠᠯᠴᠠᠬᠤ᠂ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠭᠤᠷᠪᠠᠨ ᠶᠡᠭᠡ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠢᠳᠡᠪᠬᠢᠲᠡᠢ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠬᠦ ᠪᠠᠷ ᠴᠢᠷᠮᠠᠶᠢᠨ᠎ᠠ︔ | — ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠢᠳᠠᠪᠤᠷᠢᠲᠠᠨ ᠤ ᠬᠥᠮᠦᠵᠢᠯ᠂ ᠠᠵᠢᠯ ᠣᠯᠭᠤᠯᠲᠠ ᠦᠢᠯᠡᠰ | ᠪᠤᠰᠬᠠᠬᠤ ᠭᠤᠷᠪᠠᠨ ᠬᠡᠰᠡᠭ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠠᠰᠤᠷᠠᠯᠳᠠ ᠦᠬᠡᠢ ᠨᠡᠮᠡᠭᠳᠡᠭᠦᠯᠦᠨ᠎ᠡ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | — ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | — ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠤᠯᠤᠰ ᠤᠨ ᠭᠤᠣᠯᠳᠠᠯᠭ᠎ᠠ ᠲᠠᠢ ᠠᠮᠢ | ᠠᠬᠤᠶ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠭᠠᠯᠢ ᠶᠢ | ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠭᠠᠯᠢ ᠶᠢᠨ | ᠰᠡᠷᠭᠦᠭᠡᠯᠲᠡ ᠪᠠᠷ ᠭᠤᠣᠯ ᠪᠣᠯᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠪᠠᠶᠢᠭᠠᠯᠢ ᠶᠢᠨ | ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠰᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠠᠯᠠᠱᠠ ᠵᠡᠭᠦᠨ ᠬᠤᠰᠢᠭᠤ ᠶᠢ ᠪᠦᠳᠦᠭᠡᠨ ᠪᠠᠶᠢᠭᠤᠯᠤᠨ᠎ᠠ᠃ | | — ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠭᠤᠣᠯ | ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ | ᠬᠥᠭᠵᠢᠯᠲᠡ ᠨᠢ ᠠᠷᠠᠳ ᠲᠦᠮᠡᠨ ᠤ ᠲᠥᠯᠥᠭᠡ᠂ ᠬᠥᠭᠵᠢᠯᠲᠡ ᠨᠢ ᠠᠷᠠᠳ ᠲᠦᠮᠡᠨ ᠳᠤ ᠲᠦᠰᠢᠭᠯᠡᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤᠪᠠᠷ ᠡᠳ᠋ᠯᠡᠭᠦᠯᠬᠦ ᠶᠢ ᠢᠮᠠᠭᠲᠠ ᠪᠡᠶᠡᠯᠡᠭᠦᠯᠵᠦ᠂ | ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠪᠦᠬᠦ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠵᠦ᠂ ᠨᠡᠶᠢᠭᠡᠮ ᠤᠨ ᠡᠷᠬᠡ ᠲᠡᠭᠰᠢ ᠶᠢ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠵᠤ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ᠃ | — ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ | ᠤᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠦᠨᠡᠨᠬᠦ ᠬᠤᠪᠢᠷᠠᠭᠤᠯᠵᠤ᠂ | ᠴᠢᠨᠠᠷ ᠴᠢᠨᠰᠠᠭ᠎ᠠ ᠶᠢᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ | ᠬᠤᠪᠢᠰᠤᠯᠲᠠ ᠶᠢ ᠠᠬᠢᠭᠤᠯᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ | ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃ | — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠶᠢ ᠡᠷᠡᠰ | ᠭᠤᠶᠢᠪᠢᠰᠢ ᠦᠭᠡᠢ ᠪᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ | ᠰᠠᠶᠢᠲᠠᠢ ᠠᠮᠢᠳᠤᠷᠠᠯ ᠢ ᠬᠢᠵᠠᠭᠠᠷᠯᠠᠵᠤ ᠪᠠᠶᠢᠭ᠎ᠠ ᠴᠣᠭᠴᠠ ᠶᠢ ᠡᠪᠳᠡᠨ᠎ᠡ | ᠲᠦᠷᠢᠮ ᠤᠨ ᠲᠣᠭᠲᠠᠴᠠ ᠶᠢᠨ ᠬᠠᠷᠰᠢ ᠰᠠᠭᠠᠳ ᠢ ᠪᠤᠢ ᠪᠣᠯᠭᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠰᠢ ᠨᠡᠭᠡᠭᠡᠯᠳᠡ ᠬᠢᠬᠦ ᠪᠠ ᠣᠷᠣᠨ ᠪᠦᠰᠡ ᠶᠢᠨ | ᠬᠠᠮᠲᠤᠷᠠᠯᠴᠠᠭᠠᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | -- ᠰᠢᠰᠲ᠋ᠧᠮᠳᠤ ᠦᠵᠡᠯᠲᠡ ᠶᠢ ᠪᠠᠷᠢᠮᠲᠠᠯᠠᠨ᠎ᠠ᠃ ᠪᠠᠷᠠᠭᠠᠯᠬᠢᠯᠠᠯ ᠤᠨ ᠴᠢᠨᠠᠷᠲᠠᠶ ᠪᠣᠳᠣᠯᠬᠢᠯᠠᠯ᠂ ᠪᠥᠬᠦ | ᠲᠠᠯ᠎ᠠ ᠶᠢᠨ ᠴᠢᠨᠠᠷᠲᠠᠶ ᠠᠷᠭ᠎ᠠ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠲᠠ᠂ ᠪᠦᠬᠦᠯᠢ | ᠴᠣᠭᠴᠠ ᠶᠢᠨ ᠴᠢᠨᠠᠷᠲᠠᠶ ᠠᠬᠢᠭᠤᠯᠤᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠲᠠᠯ᠎ᠠ ᠶᠢᠨ ᠢᠳᠡᠪᠬᠢᠵᠢᠯ ᠢ | ᠨᠠᠩ ᠰᠠᠶᠢᠲᠤᠷ ᠪᠠᠳᠠᠷᠠᠭᠤᠯᠤᠨ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠬᠦᠴᠦᠷᠬᠡᠭ ᠪᠠᠭᠤᠷᠠᠶ ᠲᠠᠯ᠎ᠠ ᠪᠠᠨ ᠴᠢᠩᠭᠠᠳᠬᠠᠨ᠂ ᠬᠦᠨᠳᠦ ᠶᠡᠭᠡ ᠠᠶᠤᠯ | ᠲᠦᠭᠰᠢᠭᠦᠷᠢ ᠶᠢᠨ ᠥᠷᠢᠰᠥᠯᠳᠦᠭᠡᠨ ᠢ ᠰᠡᠷᠭᠡᠶᠢᠯᠡᠨ ᠰᠢᠶᠳᠪᠦᠷᠢᠯᠡᠬᠦ ᠶᠢ ᠴᠢᠬᠤᠯᠠᠴᠢᠯᠠᠵᠤ᠂ ᠬᠥᠭᠵᠢᠯᠲᠡ ᠶᠢᠨ ᠴᠢᠨᠠᠷ | ᠴᠢᠨᠰᠠᠭ᠎ᠠ᠂ ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠪᠣᠬᠢᠷᠲᠤᠯ ᠥᠬᠡᠶ᠂ ᠠᠮᠤᠷ ᠲᠦᠪᠰᠢᠨ ᠤ | ᠨᠢᠭᠡᠳᠦᠯ ᠢ ᠪᠡᠶᠡᠯᠡᠭᠦᠯᠦᠨ᠎ᠡ᠃ | | ᠭᠤᠷᠪᠠᠳᠤᠭᠠᠷ ᠬᠡᠰᠡᠭ ᠭᠤᠣᠯ ᠬᠠᠷᠠᠯᠲᠠ | 2035 ᠣᠨ ᠤ ᠠᠯᠤᠰ ᠤᠨ ᠬᠠᠷᠠᠯᠲᠠ᠃ 2035 ᠣᠨ ᠪᠣᠯᠬᠤ ᠳᠤ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ | ᠬᠦᠴᠦᠨ ᠪᠠ ᠪᠣᠬᠢᠷᠲᠤᠯ ᠦᠭᠡᠢ ᠬᠥᠭᠵᠢᠯᠲᠡ ᠶᠢᠨ ᠴᠢᠳᠠᠪᠤᠷᠢ ᠶᠡᠭᠡ ᠪᠠᠷ ᠳᠡᠭᠡᠭᠰᠢᠯᠡᠵᠦ᠂ ᠠᠵᠤ ᠠᠬᠤᠶ ᠶᠢᠨ | ᠶᠡᠷᠦᠩᠬᠡᠶ ᠬᠡᠮᠵᠢᠶ᠎ᠡ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠰᠢᠨ᠎ᠡ | ᠳᠡᠭᠲᠡᠷ ᠲᠤ ᠭᠠᠷᠪᠠ︔ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ | ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ | ᠲᠣᠰ ᠪᠡᠶ᠎ᠡ ᠶᠢᠨ ᠣᠨᠴᠠᠯᠢᠭ ᠪᠥᠬᠦᠶ ᠣᠳᠣᠬᠢᠴᠢᠯᠠᠭᠰᠠᠨ ᠠᠮᠢ ᠠᠬᠤᠶ ᠶᠢᠨ ᠠᠵᠤ ᠠᠬᠤᠶ ᠶᠢᠨ ᠰᠢᠰᠲ᠋ᠧᠮ᠂ ᠣᠷᠣᠨ | ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ᠂ ᠰᠢᠨ᠎ᠡ ᠬᠡᠯᠪᠡᠷᠢ ᠶᠢᠨ ᠬᠤᠲᠠ | ᠪᠠᠯᠭᠠᠰᠤ ᠶᠢᠨ ᠰᠢᠰᠲ᠋ᠧᠮ᠂ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ︔ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠲᠡᠮᠡᠴᠡᠬᠦ᠂ ᠬᠠᠮᠲᠤᠪᠠᠷ ᠬᠥᠭᠵᠢᠬᠦ ᠶᠡᠭᠡ ᠪᠦᠯᠬᠦᠮᠳᠡᠯ ᠶᠡᠭᠡ | ᠠᠭᠤᠰᠤᠯᠴᠠᠯ ᠤᠨ ᠪᠠᠶᠢᠳᠠᠯ ᠢ ᠨᠡᠩ ᠪᠠᠲᠤᠳᠬᠠᠵᠤ᠂ ᠬᠠᠤᠯᠢᠵᠢᠯ ᠤᠨ ᠠᠯᠠᠱᠠ ᠵᠡᠭᠦᠨ ᠬᠤᠰᠢᠭᠤ᠂ ᠠᠮᠤᠷ | ᠠᠮᠤᠭᠤᠯᠠᠩ ᠠᠯᠠᠱᠠ ᠵᠡᠭᠦᠨ ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠳᠤ ᠬᠦᠷᠭᠡᠵᠦ | ᠂ ᠪᠦᠬᠦ ᠠᠶᠢᠮᠠᠭ ᠤᠨ ᠨᠡᠶᠢᠭᠡᠮ ᠤᠨ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠲᠠᠯ᠎ᠠ ᠪᠠᠷ ᠬᠢ ᠭᠤᠣᠯᠯᠠᠭᠴᠢ ᠶᠢᠨ | ᠪᠠᠶᠢᠷᠢ ᠰᠠᠭᠤᠷᠢ ᠶᠢ ᠢᠯᠡᠳᠲᠡ ᠨᠡᠮᠡᠭᠳᠡᠭᠦᠯᠦᠨ᠎ᠡ︔ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ | ᠳᠡᠭᠡᠭᠰᠢᠯᠡᠭᠦᠯᠵᠦ᠂ ᠠᠷᠠᠳ ᠲᠦᠮᠡᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠳᠦ | ᠬᠡᠮᠵᠢᠶᠡᠨ ᠳᠤ ᠬᠦᠷᠭᠡᠵᠦ᠂ ᠤᠨᠴᠠᠯᠢᠭᠳᠤ ᠦᠨᠳᠦᠰᠦᠲᠡᠨ ᠤ ᠰᠣᠶᠣᠯ ᠢ ᠭᠦᠢᠴᠡᠳ ᠠᠭᠤᠳᠠᠯᠵᠤ᠂ ᠤᠯᠠᠮᠵᠢᠯᠠᠨ | ᠵᠠᠯᠭᠠᠮᠵᠢᠯᠠᠬᠤ ᠪᠠ ᠬᠥᠭᠵᠢᠭᠦᠯᠦᠨ᠎ᠡ︔ ᠪᠣᠬᠢᠷᠲᠤᠯ ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ | ᠥᠷᠭᠡᠨ ᠢᠶᠠᠷ ᠪᠣᠶ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠥᠬᠦ ᠶᠠᠪᠤᠴᠠ ᠳᠤ | ᠲᠤᠤᠱᠯᠠᠭᠤᠯᠤᠨ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠣ ᠣᠷᠣᠨ ᠤ ᠭᠤᠤᠯ ᠴᠣᠭᠴᠠ ᠶᠢᠨ ᠴᠢᠳᠠᠮᠵᠢ ᠶᠢ | ᠭᠦᠶᠴᠡᠳ ᠢᠯᠡᠷᠡᠭᠦᠯᠵᠦ᠂ ᠦᠵᠡᠰᠬᠦᠯᠡᠩᠲᠦ ᠰᠠᠶᠢᠬᠠᠨ ᠠᠯᠠᠱᠠ ᠵᠡᠭᠦᠨ ᠬᠤᠰᠢᠭᠤᠨ ᠤ ᠪᠥᠲᠥᠭᠡᠨ | ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠳᠤᠮᠳᠠᠳᠤ ᠮᠣᠩᠭᠤᠯ ᠤᠷᠤᠰ ᠤᠨ ᠠᠵᠤ | ᠠᠬᠤᠢ ᠶᠢᠨ ᠬᠤᠩᠬᠢᠯ ᠪᠣᠯᠤᠨ ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠲᠠ ᠳᠤ ᠠᠭᠤᠰᠤᠯᠴᠠᠵᠤ᠂ | ᠣᠷᠣᠨ ᠪᠦᠰᠡ ᠶᠢᠨ ᠬᠠᠮᠲᠤᠷᠠᠯᠴᠠᠭ᠎ᠠ ᠰᠢᠨ᠎ᠡ ᠰᠢᠪᠲᠤᠯᠤᠯᠲᠠ ᠲᠠᠢ ᠪᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠡᠷᠭᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠡ ᠲᠤᠯᠬᠤ ᠴᠡᠭ ᠪᠣᠯᠪᠠ︔ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠬᠤᠳᠠ ᠬᠥᠳᠡᠭᠡ ᠣᠷᠣᠨ ᠪᠦᠰᠡ ᠶᠢᠨ | ᠬᠥᠭᠵᠢᠯᠲᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠵᠤ᠂ | ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠠᠪᠤᠳᠠᠯ ᠢ ᠦᠨᠡᠨ ᠪᠣᠳᠠᠲᠠᠶ ᠠᠬᠢᠯᠳᠠ ᠲᠠᠢ ᠪᠣᠯᠭᠠᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ᠃ 2035 ᠣᠨ ᠤ ᠠᠯᠤᠰ ᠤᠨ ᠬᠠᠷᠠᠯᠲᠠ ᠶᠢ ᠲᠣᠭᠲᠠᠭᠠᠵᠤ᠂ | ᠲᠠᠪᠤᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠦᠨᠡᠨ ᠪᠣᠳᠠᠲᠠᠶ ᠠᠬᠢᠯᠲᠠ ᠲᠠᠢ | ᠪᠣᠯᠭᠠᠵᠤ᠂ ᠠᠯᠠᠱᠠ ᠵᠡᠭᠦᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ | ᠡᠬᠢᠯᠡᠭᠦᠯᠬᠦ ᠪᠠᠷ ᠴᠢᠷᠮᠠᠶᠢᠨ᠎ᠠ᠃ | — ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠢᠯᠡᠳᠲᠡ ᠪᠠᠬᠢᠵᠢᠭᠦᠯᠦᠨ᠎ᠡ᠃ | ᠠᠮᠢ ᠠᠬᠤᠶ ᠶᠢᠨ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠤᠯᠠᠮ | ᠰᠢᠯᠢᠳᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠤᠯᠵᠤ᠂ ᠠᠮᠢ ᠠᠬᠤᠶ ᠬᠡᠪᠡᠷᠡᠭ ᠣᠷᠣᠨ ᠢ ᠪᠦᠲᠦᠮᠵᠢᠲᠡᠶ ᠪᠠᠷ ᠵᠠᠰᠠᠵᠤ | ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠨ ᠠᠰᠢᠭᠯᠠᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ | ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ | ᠬᠤᠳᠠ ᠬᠥᠳᠡᠭᠡ ᠶᠢᠨ ᠬᠥᠮᠦᠰ ᠤᠨ ᠰᠠᠭᠤᠷᠢᠰᠢᠯ ᠤᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠃ | -- ᠣᠳᠣᠬᠢᠴᠢᠯᠠᠭᠰᠠᠨ ᠠᠮᠢ ᠠᠬᠤᠶ ᠶᠢᠨ ᠠᠵᠤ ᠠᠬᠤᠶ ᠶᠢᠨ ᠰᠢᠰᠲ᠋ᠧᠮ ᠢ ᠠᠩᠬ᠎ᠠ ᠠᠯᠬᠤᠮ | ᠪᠦᠷᠢᠯᠳᠦᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ | ᠦᠭᠡᠢ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂ ᠠᠵᠤ | ᠠᠬᠤᠶ ᠶᠢᠨ ᠪᠦᠲᠦᠴᠡ ᠶᠢ ᠨᠡᠩ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠶᠠᠪᠤᠳᠠᠯ ᠢ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠬᠤ ᠭᠤᠣᠯᠯᠠᠬᠤ ᠬᠥᠳᠡᠯᠭᠡᠭᠴᠢ ᠬᠦᠴᠦᠨ | ᠪᠣᠯᠭᠠᠵᠤ᠂ ᠠᠵᠤ ᠦᠢᠯᠡᠰ ᠤᠨ ᠠᠭᠤᠰᠤᠯᠴᠠᠯ᠂ ᠬᠤᠳᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ | ᠵᠣᠬᠢᠴᠠᠩᠭᠤᠶ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | -- ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ | ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ | ᠵᠣᠷᠢᠯᠲᠠ ᠪᠠ ᠦᠷ᠎ᠡ ᠳ᠋ᠦᠩ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ | ᠬᠢᠵᠦ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ | ᠦᠨᠳᠦᠰᠦᠨ ᠳᠡᠭᠡᠨ ᠠᠳᠠᠯᠢ ᠣᠷᠣᠯᠭ᠎ᠠ ᠶᠢᠨ ᠬᠤᠪᠢᠶᠠᠷᠢᠯᠠᠯᠲᠠ ᠶᠢ ᠨᠡᠩ ᠲᠡᠩᠴᠡᠭᠦᠷᠢᠲᠡᠶ ᠪᠣᠯᠭᠠᠵᠤ᠂ ᠣᠯᠠᠨ | ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠡᠮᠴᠢᠯᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠮ ᠬᠠᠷᠢᠯᠴᠠᠭ᠎ᠠ᠂ | ᠣᠷᠣᠨ ᠰᠠᠭᠤᠴᠠ ᠶᠢᠨ ᠨᠥᠬᠦᠴᠡᠯ ᠵᠡᠷᠭᠡ ᠶᠢ ᠦᠷᠭᠦᠯᠵᠢᠯᠡᠨ ᠰᠠᠶᠢᠵᠢᠷᠠᠭᠤᠯᠵᠤ᠂ ᠣᠯᠠᠨ ᠲᠠᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠬᠦᠯᠦᠨ᠂ ᠡᠷᠡᠭᠦᠯ ᠡᠩᠬᠡ ᠠᠯᠠᠱᠠ ᠵᠡᠭᠦᠨ | ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠵᠤ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠦᠷᠭᠦᠯᠵᠢᠯᠡᠬᠦ᠋ᠢᠴᠡ᠂ ᠨᠠᠩ ᠪᠠᠲᠤᠯᠠᠭ᠎ᠠ ᠲᠠᠢ ᠪᠣᠯᠭᠠᠨ᠎ᠠ᠃ | -- ᠥᠭᠡᠷᠡᠴᠢᠯᠡᠯᠲᠡ ᠨᠡᠭᠡᠭᠡᠯᠳᠡ ᠶᠢ ᠨᠡᠩ ᠥᠨᠳᠥᠷ ᠲᠦᠪᠰᠢᠨ ᠳᠤ ᠬᠦᠷᠭᠡᠨ᠎ᠡ᠃ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠪᠠ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠠᠮᠢᠳᠤᠯᠢᠭ ᠬᠦᠴᠦᠨ ᠢ ᠢᠯᠡᠳᠲᠡ ᠴᠢᠩᠭᠠᠷᠠᠭᠤᠯᠵᠤ᠂ ᠨᠡᠭᠡᠭᠡᠯᠲᠡᠲᠡᠶ᠂ ᠢᠯᠡ ᠲᠣᠳᠣ᠂ ᠲᠥᠪ ᠭᠤᠣᠯᠴᠢ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠰᠢᠨ᠎ᠡ ᠠᠬᠢᠴᠠ ᠲᠠᠢ ᠪᠣᠯᠭᠠᠵᠤ᠂ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠢᠯᠡᠳᠲᠡ ᠰᠢᠪᠲᠤᠯᠤᠯᠲᠠ ᠲᠠᠢ ᠪᠣᠯᠭᠠᠨ᠎ᠠ︔ ᠦᠯᠵᠡᠢ ᠬᠢᠯᠢ ᠶᠢᠨ ᠪᠣᠭᠤᠮᠲᠠ ᠶᠢᠨ ᠴᠢᠳᠠᠪᠬᠢ ᠶᠢ ᠭᠦᠢᠴᠡᠳ | ᠪᠠᠳᠠᠷᠠᠭᠤᠯᠵᠤ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠳᠤᠮᠳᠠᠬᠢ ᠪᠠᠶᠢᠷᠢ ᠰᠠᠭᠤᠷᠢ ᠶᠢ ᠢᠯᠡᠷᠡᠭᠦᠯᠦᠨ᠎ᠡ︔ ᠡᠷᠬᠢᠨ | ᠲᠣᠭᠤᠷᠢᠨ ᠤ ᠣᠷᠣᠨ ᠪᠦᠰᠡ ᠶᠢᠨ ᠵᠠᠮ ᠬᠠᠷᠢᠯᠴᠠᠭ᠎ᠠ᠂ ᠵᠠᠬ᠎ᠠ ᠳᠡᠯᠭᠡᠭᠦᠷ᠂ ᠠᠵᠤ ᠦᠶᠯᠡᠰ᠂ ᠰᠢᠨ᠎ᠡ ᠶᠢ ᠡᠭᠦᠳᠬᠦ᠂ | ᠠᠮᠢ ᠠᠬᠤᠶ᠂ ᠣᠯᠠᠨ ᠨᠡᠶᠢᠲᠡ ᠶᠢᠨ ᠦᠶᠯᠡᠴᠢᠯᠡᠭᠡ ᠵᠢᠴᠢ ᠲᠥᠷᠥ ᠶᠢᠨ ᠪᠣᠳᠣᠯᠭ᠎ᠠ ᠲᠠᠢ ᠬᠠᠮᠵᠢᠯᠴᠠᠨ | ᠬᠥᠳᠡᠯᠦᠯᠴᠡᠭᠡᠳ ᠰᠢᠨ᠎ᠡ ᠦᠷ᠎ᠡ ᠪᠦᠲᠦᠭᠡᠯ ᠣᠯᠵᠤ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ | ᠪᠣᠳᠣᠯᠭ᠎ᠠ ᠳᠤ ᠠᠭᠤᠰᠤᠯᠴᠠᠬᠤ ᠬᠡᠮᠵᠢᠶ᠎ᠡ ᠤᠯᠠᠮ ᠳᠡᠭᠡᠭᠰᠢᠯᠡᠨ᠎ᠡ᠃ | -- ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠴᠢᠬᠤᠯᠠ ᠰᠢᠪᠲᠤᠯᠤᠯᠲᠠ ᠲᠠᠢ ᠪᠣᠯᠪᠠ᠃ ᠰᠣᠶᠣᠯ ᠤᠨ | ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ | ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠤ ᠶᠢᠨ ᠬᠡᠪ ᠴᠢᠨᠠᠷ ᠢ ᠢᠯᠡᠳᠲᠡ | ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ | ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ | ᠡᠳᠦᠷ ᠢᠷᠡᠬᠦᠶ᠎ᠡ ᠪᠠᠶᠠᠯᠢᠭᠵᠢᠭᠤᠯᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠰᠣᠶᠣᠯ ᠤᠨ ᠵᠥᠭᠡᠯᠡᠨ | ᠪᠣᠳᠠᠲᠤ ᠬᠦᠴᠦᠨ ᠢ ᠤᠯᠠᠮ ᠴᠢᠩᠭᠠᠷᠠᠭᠤᠯᠤᠨ᠎ᠠ᠃ | -- ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠯᠬᠤᠴᠠ ᠢᠯᠡᠳᠲᠡ ᠲᠦᠷᠭᠡᠳᠪᠡ᠃ ᠠᠷᠠᠳ ᠤᠨ | ᠠᠷᠠᠳᠴᠢᠯᠠᠯ᠂ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ ᠪᠦᠷᠢᠨᠰᠢᠬᠦᠯᠬᠦ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠤᠯᠠᠮ ᠢᠯᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ | ᠲᠠᠯ᠎ᠠ ᠪᠠᠷ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠢᠯᠡᠳᠲᠡ ᠳᠡᠭᠡᠭᠰᠢᠯᠡᠭᠦᠯᠬᠦ᠂ ᠤᠯᠠᠨ ᠡᠰᠢᠴᠢᠯᠡᠨ ᠣᠷᠣᠯᠴᠠᠬᠤ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠬᠤᠳᠠ ᠬᠥᠳᠡᠭᠡ ᠶᠢᠨ ᠵᠠᠰᠠᠯᠲᠠ ᠶᠢᠨ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠬᠦ ᠶᠢ ᠪᠠᠷᠢᠮᠲᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠲᠦᠷᠭᠡᠨ | ᠠᠷᠭᠠᠴᠠᠨ ᠰᠢᠶᠳᠪᠦᠷᠢᠯᠡᠬᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠲᠠᠰᠤᠷᠠᠯᠲᠠ | ᠦᠭᠡᠢ ᠴᠢᠩᠭᠠᠷᠠᠭᠤᠯᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ ᠬᠦᠴᠦᠲᠡᠶ ᠪᠣᠯᠭᠠᠨ᠎ᠠ᠃ | ᠲᠤᠰᠬᠠᠶ ᠪᠤᠯᠤᠩ 2᠄ ᠠᠯᠠᠱᠠ ᠵᠡᠭᠦᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠦᠶᠴᠡᠳᠬᠡᠯ ᠲᠤᠭ᠎ᠠ | | ᠭᠤᠷᠪᠠᠳᠣᠭᠠᠷ ᠪᠦᠯᠦᠭ ᠣᠨᠴᠠᠯᠢᠠᠠᠳᠣ ᠰᠢᠨ᠎ᠡ ᠶᠢ ᠡᠬᠦᠳᠣᠨ ᠬᠦᠭᠵᠢᠬᠦᠯᠬᠦ ᠲᠤᠬᠠᠢ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠥᠪᠡᠷᠮᠢᠴᠡ ᠡᠬᠢ ᠪᠠᠶᠠᠯᠢᠭ ᠲᠤ | ᠲᠦᠰᠢᠭᠯᠡᠨ ᠰᠢᠨ᠎ᠡ ᠶᠢ ᠡᠭᠦᠳᠬᠦ ᠡᠯᠧᠮᠧᠨ᠋ᠲ ᠢ ᠬᠤᠷᠠᠮᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠯᠳᠠ | ᠬᠦᠴᠦᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠡᠯ᠎ᠡ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠶᠯᠡᠳᠪᠦᠷᠢᠯᠡᠯ ᠤᠨ ᠬᠦᠴᠦᠨ ᠳᠠᠰᠢ | ᠬᠤᠪᠢᠷᠠᠭᠤᠯᠬᠤ ᠶᠢ ᠲᠦᠷᠭᠡᠳᠬᠡᠨ᠂ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ | ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠠᠭᠠᠲᠠᠢ ᠣᠷᠴᠢᠨ ᠨᠥᠬᠦᠴᠡᠯ ᠢ ᠪᠣᠶ ᠪᠣᠯᠭᠠᠵᠤ | ᠂ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ | ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠤᠨ᠎ᠠ᠃ | | ᠨᠢᠭᠡᠳᠦᠭᠡᠷ ᠬᠡᠰᠡᠭ ᠰᠢᠨ᠎ᠡ ᠶᠢ ᠡᠭᠦᠳᠬᠦ ᠮᠡᠷᠭᠡᠵᠢᠯ ᠤᠨ ᠡᠬᠢ ᠡᠭᠦᠰᠪᠦᠷᠢ ᠶᠢ ᠰᠠᠭᠠᠳ ᠦᠭᠡᠢ ᠨᠡᠪᠲᠡᠷᠡᠭᠦᠯᠬᠦ | ᠲᠤᠬᠠᠢ | ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩ ᠤᠨ ᠲᠤᠷᠰᠢᠯᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ᠂ ᠤᠶᠤᠨᠲᠤ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠠᠮᠢᠳᠤ | ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠡᠨᠧᠷᠭᠢ᠂ ᠲᠣᠨᠤᠭ ᠲᠥᠬᠦᠭᠡᠷᠦᠮᠵᠢ ᠦᠶᠯᠡᠳᠬᠦ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠴᠡᠷᠢᠭ ᠤᠨ ᠠᠵᠤ ᠦᠶᠯᠡᠳᠪᠦᠷᠢ ᠶᠢᠨ ᠰᠤᠳᠤᠯᠭᠠᠨ ᠤ ᠬᠦᠷᠢᠶᠡᠯᠡᠩ᠂ ᠳᠡᠭᠡᠳᠦ | ᠰᠤᠷᠭᠠᠭᠤᠯᠢ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ ᠠᠵᠤ ᠦᠶᠯᠡᠰ ᠤᠨ ᠮᠡᠷᠭᠡᠵᠢᠯ ᠤᠨ ᠬᠡᠷᠡᠭᠯᠡᠭᠡᠨ ᠤ | ᠢᠨᠵᠧᠨᠧᠷᠢᠩ ᠤᠨ ᠲᠤᠷᠰᠢᠯᠲᠠ ᠶᠢᠨ ᠲᠠᠰᠤᠭ ᠢ ᠬᠠᠮᠲᠤᠪᠠᠷ ᠪᠠᠶᠢᠭᠤᠯᠤᠨ᠎ᠠ᠃ | ᠣᠷᠣᠨ ᠪᠦᠰᠡ ᠠᠯᠤᠰᠯᠠᠭᠰᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠣᠭᠲᠠᠴᠠ ᠶᠢ ᠴᠢᠩᠭᠠᠳᠬᠠᠨ᠎ᠠ᠃ | ᠪᠡᠭᠡᠵᠢᠩ᠂ ᠴᠦᠩᠴᠢᠩ᠂ ᠵᠧᠵᠢᠶᠠᠩ᠂ ᠱᠠᠨᠰᠢ ᠭᠠᠨᠰᠦ ᠨᠢᠩᠰᠢᠶᠠ ᠵᠡᠷᠭᠡ ᠭᠠᠵᠠᠷ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠠᠰᠢᠭᠯᠠᠨ᠂ ᠠᠮᠢ ᠠᠬᠤᠶ ᠶᠢ | ᠰᠡᠷᠭᠦᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ᠂ | ᠲᠣᠭᠠᠴᠢᠯᠠᠭᠰᠠᠨ ᠠᠵᠤ ᠠᠬᠤᠶ ᠵᠡᠷᠭᠡ ᠬᠦᠷᠢᠶ᠎ᠡ ᠴᠠᠷᠠᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ | ᠰᠦᠪᠡᠭᠴᠢᠯᠡᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠠᠰᠢᠭᠯᠠᠨ᠂ ᠣᠷᠣᠨ ᠪᠦᠰᠡ ᠠᠯᠤᠰᠯᠠᠭᠰᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠣᠤᠷ ᠰᠦᠯᠵᠢᠶ᠎ᠡ ᠶᠢ | ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ | ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠥᠪ ᠢ ᠪᠠᠶᠢᠭᠤᠯᠤᠨ᠎ᠠ᠃ ᠤᠯᠤᠰ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠠᠮᠲᠤᠷᠠᠯᠴᠠᠭᠠᠨ ᠤ ᠰᠢᠨ᠎ᠡ | ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠪᠥᠭᠡᠮᠨᠡᠷᠡᠯ ᠢ ᠪᠦᠳᠦᠭᠡᠨ ᠪᠠᠶᠢᠭᠤᠯᠤᠨ᠎ᠠ᠃ | ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠦᠷᠢᠯᠳᠦᠬᠦ ᠶᠢ ᠲᠦᠯᠬᠢᠨ ᠠᠬᠢᠭᠤᠯᠤᠨ᠎ᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠷᠭᠡᠵᠢᠯ ᠰᠢᠯᠵᠢᠭᠦᠯᠬᠦ | ᠦᠶᠯᠡᠴᠢᠯᠡᠭᠡᠨ ᠤ ᠪᠠᠶᠢᠭᠤᠯᠤᠮᠵᠢ ᠨᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠯᠤᠭ᠎ᠠ ᠶᠢᠨ ᠮᠡᠷᠭᠡᠵᠢᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠡᠮ ᠪᠠ ᠢᠳᠡᠭᠡᠨ ᠤ ᠵᠦᠶᠯ ᠤᠨ ᠠᠳᠠᠯᠢ ᠢᠷᠡᠯᠲᠡ ᠲᠠᠢ ᠰᠢᠨ᠎ᠡ ᠶᠢ ᠡᠭᠦᠳᠬᠦ | ᠠᠵᠤ ᠦᠶᠯᠡᠰ ᠤᠨ ᠨᠡᠪᠴᠢᠭᠦᠯᠬᠦ ᠲᠠᠪᠴᠠᠩ᠂ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠲᠥᠪ ᠪᠠ ᠲᠤᠰᠬᠠᠶ | ᠮᠡᠷᠭᠡᠵᠢᠯᠲᠡᠨ ᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠯᠪᠠᠰᠤᠷᠠᠩᠭᠤᠶ᠂ ᠬᠡᠷᠡᠭᠯᠡᠭᠡᠨ ᠤ ᠮᠡᠷᠭᠡᠵᠢᠯ ᠢ | ᠠᠯᠠᠱᠠ ᠵᠡᠭᠦᠨ ᠬᠤᠰᠢᠭᠤᠨ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠶᠯᠡᠳᠬᠦᠨ ᠤ ᠣᠯᠠᠨ | ᠶᠠᠩᠵᠤᠲᠤ ᠴᠢᠨᠠᠷ ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠳᠡᠭᠡᠭᠰᠢᠯᠡᠭᠦᠯᠦᠨ᠎ᠡ᠃ | | ᠬᠤᠶᠠᠳᠤᠭᠠᠷ ᠬᠡᠰᠡᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠲᠤᠬᠠᠢ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠎ᠠ᠃ | ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠶᠯ ᠢ ᠠᠵᠤ ᠠᠬᠤᠶᠢᠯᠠᠯ ᠳᠠᠰᠢ ᠲᠥᠪᠯᠡᠷᠡᠭᠦᠯᠬᠦ ᠶᠢ | ᠠᠬᠢᠭᠤᠯᠵᠤ᠂ ᠡᠯ᠎ᠡ ᠲᠥᠷᠥᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠪᠣᠭᠤᠮᠲᠠ ᠰᠢᠪᠲᠤᠯᠬᠤ ᠲᠥᠷᠥᠯ ᠵᠦᠶᠯ ᠳᠤ ᠣᠷᠣᠯᠴᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠣᠷᠣᠭᠤᠯᠤᠯᠲᠠ ᠪᠠ ᠤᠯᠠᠮᠵᠢᠯᠠᠯᠲᠤ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ ᠪᠠᠨ | ᠨᠡᠮᠡᠭᠳᠡᠭᠦᠯᠬᠦ ᠶᠢ ᠵᠣᠷᠢᠭᠵᠢᠭᠤᠯᠵᠤ᠂ ︽ᠲᠤᠰᠬᠠᠶ ᠨᠠᠷᠢᠯᠢᠭ ᠣᠨᠴᠠ ᠰᠢᠨ᠎ᠡ︾ ᠦᠢᠯᠡᠳᠬᠦᠨ ᠪᠠ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠤ ᠲᠡᠮᠳᠡᠭᠲᠦ ᠶᠢ ᠪᠤᠶᠢᠵᠢᠭᠤᠯᠤᠨ᠎ᠠ᠃ | ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ | ᠪᠠᠶᠢᠭᠤᠯᠬᠤ ᠶᠢ ᠳᠡᠮᠵᠢᠨ᠎ᠡ᠃ ᠤᠯᠠᠨ ᠬᠦᠷᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠦᠷᠢᠯᠳᠦᠭᠦᠯᠦᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠬᠢᠷᠲᠤᠯ ᠥᠬᠡᠶ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ | ᠢᠳᠡᠭᠡᠨ᠂ ᠠᠮᠢ ᠠᠬᠤᠶ ᠶᠢ ᠰᠡᠷᠭᠦᠭᠡᠬᠦ ᠵᠡᠷᠭᠡ ᠲᠠᠯ᠎ᠠ ᠶᠢᠨ ᠲᠣᠭᠤᠷᠢᠨ ᠳᠤ᠂ ᠴᠢᠳᠠᠪᠤᠷᠢᠲᠠᠨ᠂ ᠲᠥᠷᠥᠯ ᠵᠦᠶᠯ᠂ | ᠪᠠᠯᠠ ᠮᠥᠩᠭᠦ ᠶᠢ ᠨᠢᠭᠡ ᠴᠤᠭᠴᠠᠵᠢᠭᠤᠯᠤᠨ ᠳᠣᠭᠢᠷᠠᠭᠤᠯᠬᠤ ᠶᠢ ᠠᠬᠢᠭᠤᠯᠵᠤ᠂ ︽ᠵᠠᠰᠠᠭ ᠤᠨ ᠣᠷᠳᠣᠨ + ᠠᠵᠤ | ᠠᠬᠤᠶᠢᠯᠠᠯ + ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ︵ ᠳᠡᠭᠡᠳᠦ ᠰᠤᠷᠭᠠᠭᠤᠯᠢ︶ + ᠡᠵᠡᠩᠨᠡᠨ | ᠪᠣᠷᠣᠯᠠᠭᠤᠯᠬᠤ ᠪᠦᠯᠬᠦᠮ ᠨᠡᠶᠢᠲᠡ︾ ᠶᠢᠨ ᠬᠠᠮᠲᠤᠷᠠᠯᠴᠠᠬᠤ ᠵᠠᠭᠪᠤᠷ ᠢ ᠬᠠᠶᠢᠨ ᠰᠦᠪᠡᠭᠴᠢᠯᠡᠵᠦ᠂ ᠨᠢᠭᠡ ᠪᠦᠯᠦᠭ | ᠬᠥᠲᠥᠴᠢ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠪᠣᠶ ᠪᠣᠯᠭᠠᠵᠤ᠂ ᠵᠣᠬᠢᠶᠠᠨ ᠪᠠᠶᠢᠭᠤᠯᠤᠯᠴᠠᠭᠰᠠᠨ᠂ ᠳᠦᠷᠢᠮᠵᠢᠭᠰᠡᠨ᠂ ᠵᠢᠷᠤᠮᠵᠢᠭᠰᠠᠨ ᠪᠠ ᠵᠠᠬ᠎ᠠ ᠳᠡᠯᠭᠡᠭᠦᠷᠴᠢᠯᠡᠭᠰᠡᠨ | ᠠᠵᠢᠯᠯᠠᠭᠠᠨ ᠢ ᠠᠬᠢᠭᠤᠯᠬᠤ ᠶᠢᠨ ᠬᠠᠮᠲᠤ ᠪᠡᠶᠡᠯᠡᠭᠦᠯᠦᠨ᠎ᠡ᠃ | ᠲᠤᠰᠬᠠᠢ ᠮᠡᠷᠭᠡᠵᠢᠯ ᠤᠨ ᠪᠦᠯᠬᠦᠮ ᠤᠨ ᠰᠢᠨ᠎ᠡ ᠶᠢ ᠡᠭᠦᠳᠬᠦ ᠶᠢ ᠪᠦᠲᠦᠮᠵᠢᠲᠡᠢ ᠤᠷᠮᠠᠰᠢᠭᠤᠯᠤᠨ᠎ᠠ᠃ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠠᠵᠤ ᠠᠬᠤᠶᠢᠯᠠᠯᠲᠠᠳ ᠤᠨ ᠠᠵᠤ ᠠᠬᠤᠶᠢᠯᠠᠯᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠵᠣᠷᠢᠭᠵᠢᠭᠤᠯᠵᠤ᠂ ᠨᠡᠩ ᠤᠯᠠᠨ ᠨᠡᠶᠢᠭᠡᠮ ᠤᠨ ᠭᠤᠣᠯ ᠴᠣᠭᠴᠠ ᠶᠢ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠣᠷᠣᠯᠴᠠᠭᠤᠯᠤᠨ᠎ᠠ᠃ ᠠᠵᠤ ᠠᠬᠤᠶᠢᠯᠠᠯᠲᠠᠨ ᠵᠢᠴᠢ ᠳᠡᠭᠡᠳᠦ | ᠮᠡᠷᠭᠡᠵᠢᠯ ᠤᠨ ᠴᠢᠳᠠᠪᠤᠷᠢᠲᠠᠨ ᠵᠡᠷᠭᠡ ᠲᠤᠰᠬᠠᠢ ᠮᠡᠷᠭᠡᠵᠢᠯ ᠤᠨ ᠠᠵᠢᠯᠲᠠᠳ ᠤᠨ ᠮᠡᠷᠭᠡᠵᠢᠯ ᠤᠨ ᠰᠢᠨ᠎ᠡ ᠶᠢ ᠡᠭᠦᠳᠬᠦ | ᠳᠤᠮᠳᠠᠬᠢ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠵᠢᠴᠢ ᠮᠡᠷᠭᠡᠵᠢᠯ ᠤᠨ ᠪᠦᠯᠬᠦᠮ | ᠨᠡᠶᠢᠲᠡ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠬᠵᠢᠭᠤᠯᠵᠤ᠂ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠳᠤ ᠪᠡᠯᠡ | ᠣᠷᠣᠭᠤᠯᠬᠤ ᠳᠤ ᠭᠠᠶᠢᠯᠢ ᠲᠠᠲᠠᠪᠤᠷᠢ᠂ ᠭᠠᠵᠠᠷ ᠬᠡᠷᠡᠭᠯᠡᠬᠦ᠂ ᠪᠡᠯᠡ ᠮᠥᠩᠭᠦ ᠵᠡᠷᠭᠡ ᠬᠦᠴᠦᠨ ᠵᠦᠢᠯ ᠤᠨ | ᠲᠠᠯ᠎ᠠ ᠪᠠᠷ ᠬᠢ ᠬᠠᠷᠠᠭᠠᠯᠵᠠᠯ ᠦᠵᠡᠭᠦᠯᠦᠨ᠎ᠡ᠃ | ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ | ᠲᠦᠷᠭᠡᠳᠬᠡᠨ᠎ᠡ᠃ ᠲᠣᠮᠣ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠰᠦᠨ | ᠪᠤᠶᠢᠵᠢᠬᠤ ᠶᠢ ᠳᠡᠮᠵᠢᠵᠦ᠂ ᠨᠢᠭᠡ ᠪᠦᠯᠦᠭ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠪᠠᠷ ᠲᠡᠰ ᠳᠡᠪᠰᠢᠭᠦᠯᠬᠦ ᠶᠢ ᠳᠠᠶᠢᠴᠢᠯᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠡᠯᠡᠳᠬᠡᠯ ᠬᠥᠷᠥᠩᠭᠡ ᠶᠢᠨ | ᠢᠷᠡᠯᠲᠡ ᠶᠢ ᠪᠤᠶᠢᠵᠢᠭᠤᠯᠤᠨ᠂ ᠴᠢᠨᠠᠷ ᠰᠠᠶᠢᠲᠠᠶ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ | ᠫᠠᠶᠢᠰᠠ ᠡᠯᠭᠦᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ᠂ ᠬᠥᠷᠥᠩᠭᠡ ᠶᠢᠨ ᠭᠦᠢᠯᠭᠡᠭᠡᠨ ᠤ ᠰᠢᠨ᠎ᠡ ᠶᠢ | ᠡᠭᠦᠳᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠠᠵᠤ ᠠᠬᠤᠶᠢᠯᠠᠯ ᠤᠨ | ᠨᠡᠪᠴᠢᠬᠦᠯᠦᠬᠦᠷ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠣᠳᠣᠬᠢᠴᠢᠯᠠᠭᠰᠠᠨ ᠠᠵᠤ ᠦᠶᠯᠡᠰ ᠢᠶᠠᠷ ᠭᠤᠤᠯᠳᠠᠯᠭ᠎ᠠ | ᠪᠣᠯᠭᠠᠵᠤ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ 3 — 5 ᠰᠢᠨ᠎ᠡ ᠶᠢ ᠡᠭᠦᠳᠬᠦ ᠲᠠᠪᠴᠠᠩ᠂ 2 | — 3 ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ ᠶᠢ ᠰᠢᠨ᠎ᠡ ᠪᠠᠷ | ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠠᠯᠠ ᠮᠥᠩᠭᠦ ᠶᠢᠨ ᠨᠥᠬᠦᠪᠥᠷᠢ ᠶᠢ ᠤᠯᠬᠤ ᠪᠠᠷ | ᠴᠢᠷᠮᠠᠶᠢᠨ᠎ᠠ᠃ | | ᠭᠤᠷᠪᠠᠳᠤᠭᠠᠷ ᠬᠡᠰᠡᠭ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠤᠭᠤᠯᠬᠤ ᠶᠢ | ᠴᠢᠩᠭᠠᠳᠬᠠᠬᠤ ᠲᠤᠬᠠᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠴᠢᠩᠭᠠᠳᠬᠠᠨ᠎ᠠ᠃ ︽ | ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ | ᠪᠦᠲᠦᠭᠡᠯᠲᠡ ᠶᠢ ᠬᠦᠨᠳᠦᠳᠬᠡᠬᠦ︾ ᠴᠢᠭᠯᠡᠯᠲᠡ ᠶᠢ ᠲᠤᠤᠱᠯᠠᠭᠤᠯᠵᠤ᠂ ᠴᠢᠳᠠᠪᠤᠷᠢᠲᠠᠨ ᠢ ᠪᠦᠬᠦ ᠲᠠᠯ᠎ᠠ ᠪᠠᠷ | ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠨ᠎ᠡ᠃ ᠳᠡᠭᠡᠳᠦ ᠳᠡᠰ ᠤᠨ ᠴᠢᠳᠠᠪᠤᠷᠢᠲᠠᠨ ᠤ | ᠪᠠᠷᠢᠮᠵᠢᠶ᠎ᠠ ᠶᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ ᠵᠦᠢᠯ ᠤᠨ ᠪᠡᠯᠡ ᠮᠥᠩᠭᠦ ᠶᠢ | ᠪᠠᠶᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠬᠢᠲᠠᠳ ᠡᠮ ᠡᠮᠨᠡᠯᠭᠡ | ︵ ᠮᠣᠩᠭᠤᠯ ᠡᠮ ᠡᠮᠨᠡᠯᠭᠡ︶ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠠᠵᠤ ᠠᠬᠤᠶᠢᠯᠠᠯ ᠤᠨ | ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ | ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠪᠠ | ᠤᠷᠮᠠᠰᠢᠭᠤᠯᠵᠤ ᠳᠡᠮᠵᠢᠬᠦ ᠶᠢ ᠬᠡᠷᠡᠭᠵᠢᠭᠦᠯᠦᠨ᠂ ᠲᠥᠷᠥᠯ ᠵᠦᠶᠯ ᠢᠶᠠᠷ ᠬᠠᠮᠲᠤᠷᠠᠯᠴᠠᠬᠤ᠂ ᠲᠤᠰᠢᠶᠠᠯ ᠬᠠᠪᠰᠤᠷᠭᠠᠬᠤ | ᠵᠡᠷᠭᠡ ᠠᠷᠭ᠎ᠠ ᠮᠠᠶ᠋ᠢᠭ ᠢᠶᠠᠷ ᠨᠢᠭᠡ ᠪᠦᠯᠦᠭ ᠠᠺᠠᠳᠧᠮᠢᠴᠢ ᠲᠤᠰᠬᠠᠶ ᠮᠡᠷᠭᠡᠵᠢᠯᠲᠡᠨ᠂ ᠳᠡᠭᠡᠳᠦ ᠲᠠᠰ ᠤᠨ ᠴᠢᠳᠠᠪᠤᠷᠢᠲᠠᠨ | ᠂ ᠰᠢᠨ᠎ᠡ ᠶᠢ ᠡᠭᠦᠳᠬᠦ ᠴᠢᠳᠠᠪᠤᠷᠢᠲᠠᠨ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠲᠡᠳᠡᠨ ᠠᠪᠴᠢᠷᠠᠵᠤ᠂ ᠠᠯᠠᠱᠠ | ᠵᠡᠭᠦᠨ ᠬᠤᠰᠢᠭᠤᠨ ᠳᠤ ᠰᠤᠳᠤᠯᠤᠨ ᠨᠡᠭᠡᠭᠡᠬᠦ ᠳᠡᠮᠵᠢᠯᠭᠡ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ᠃ | ᠲᠤᠬᠠᠶ ᠶᠢᠨ ᠭᠠᠵᠠᠷ ᠤᠨ ᠴᠢᠳᠠᠪᠤᠷᠢᠲᠠᠨ ᠤ ︽ᠬᠤᠨ ᠭᠠᠯᠠᠭᠤ ᠡᠭᠦᠷ ᠲᠡᠭᠡᠨ ᠪᠤᠴᠠᠬᠤ︾ ᠠᠵᠢᠯ ᠢ ᠦᠷᠭᠦᠯᠵᠢᠯᠡᠨ | ᠠᠬᠢᠭᠤᠯᠵᠤ᠂ ᠲᠤᠬᠠᠶ ᠶᠢᠨ ᠭᠠᠵᠠᠷ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠨ | ᠠᠵᠢᠯ ᠤᠯᠬᠤ ᠶᠢ ᠶᠡᠬᠡᠪᠡᠷ ᠳᠡᠮᠵᠢᠨ᠎ᠡ᠃ | ᠰᠢᠯᠭᠠᠷᠠᠭᠰᠠᠨ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠦᠨ᠎ᠡ᠃ | ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ | ᠬᠠᠶᠢᠷᠠᠯᠠᠬᠤ ᠵᠣᠷᠢᠭᠵᠢᠭᠤᠯᠤᠯ ᠤᠨ ᠲᠣᠭᠲᠠᠴᠠ ᠶᠢ ᠪᠦᠷᠢᠨᠰᠢᠬᠦᠯᠵᠦ᠂ ᠠᠯᠠᠱᠠ ᠵᠡᠭᠦᠨ ᠬᠤᠰᠢᠭᠤᠨ ᠤ ᠰᠢᠯᠢᠳᠡᠭ | ᠴᠢᠳᠠᠪᠤᠷᠢᠲᠠᠨ ᠢ ᠰᠣᠩᠭᠤᠨ ︽ᠪᠥᠬᠦ ᠤᠯᠤᠰ ᠤᠨ ᠭᠠᠷᠮᠠᠭᠠᠶ ᠲᠤᠰᠬᠠᠶ ᠮᠡᠷᠭᠡᠵᠢᠯ ᠤᠨ ᠴᠢᠳᠠᠪᠤᠷᠢᠲᠠᠨ︾ ︽ | ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠡᠮᠡᠭᠦᠷᠢ ᠶᠢᠨ ᠲᠤᠰᠬᠠᠶ ᠮᠡᠷᠭᠡᠵᠢᠯᠲᠡᠨ︾ ︽ᠤᠯᠤᠰ ᠤᠨ ᠵᠠᠭᠤ | ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ︾ ᠢ ᠰᠢᠯᠭᠠᠷᠠᠭᠤᠯᠬᠤ ᠳᠤ ᠣᠷᠣᠯᠴᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠰᠢᠯᠭᠠᠷᠠᠭᠰᠠᠨ ᠴᠢᠳᠠᠪᠤᠷᠢᠲᠠᠨ ᠤ ᠱᠠᠩᠨᠠᠯ︾ ︽ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠱᠠᠩᠨᠠᠯ︾ ︽ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠤ ᠱᠠᠩᠨᠠᠯ︾ ᠢ ᠵᠣᠬᠢᠶᠠᠨ | ᠪᠠᠶᠢᠭᠤᠯᠤᠨ ᠰᠣᠩᠭᠤᠨ ᠰᠢᠯᠭᠠᠷᠠᠭᠤᠯᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ | ᠴᠢᠳᠠᠪᠤᠷᠢᠲᠠᠨ︾ ᠤ ᠢᠨᠵᠧᠨᠧᠷᠢᠩ᠂ ︽511 ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ︾ ᠤᠨ | ᠰᠣᠩᠭᠤᠯᠲᠠ ᠳᠤ ᠪᠡᠯᠡᠳᠬᠡᠬᠦ ᠴᠢᠳᠠᠪᠤᠷᠢᠲᠠᠨ ᠢ ᠬᠥᠮᠦᠵᠢᠭᠦᠯᠬᠦ ᠶᠢᠨ ᠬᠠᠮᠲᠤ ᠰᠣᠩᠭᠤᠨ ᠰᠢᠯᠭᠠᠷᠠᠭᠤᠯᠤᠨ᠎ᠠ᠃ | ᠭᠤᠣᠯᠳᠠᠯᠭ᠎ᠠ ᠲᠠᠢ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶᠡᠨ ᠳᠠᠬᠢ ᠰᠠᠭᠤᠷᠢ ᠰᠤᠳᠤᠯᠭᠠᠨ᠂ ᠠᠵᠤ | ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ | ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠢ ᠤᠶᠠᠨ ᠴᠢᠨᠠᠷᠲᠠᠶ ᠪᠠᠷ ᠲᠠᠳᠠᠨ ᠣᠷᠣᠭᠤᠯᠵᠤ᠂ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠴᠢᠳᠠᠪᠤᠷᠢᠲᠠᠨ ᠤ ᠬᠥᠮᠦᠵᠢᠯ ᠰᠤᠷᠭᠠᠯᠲᠠ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠠᠯᠠᠱᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠪᠠᠭᠤᠯᠢᠭ ᠢ ᠭᠦᠶᠴᠡᠳ ᠠᠰᠢᠭᠯᠠᠨ᠂ ᠲᠣᠰ ᠭᠠᠵᠠᠷ ᠣᠷᠣᠨ ᠤ | ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠡᠷᠢᠭᠦᠨ ᠤ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠴᠢᠳᠠᠪᠤᠷᠢᠲᠠᠨ ᠢ ᠬᠥᠮᠦᠵᠢᠭᠦᠯᠬᠦ ᠶᠢ ᠢᠳᠡᠪᠬᠢᠲᠡᠶ | ᠬᠠᠮᠲᠤᠷᠠᠨ ᠥᠷᠨᠢᠭᠦᠯᠵᠦ᠂ ᠬᠥᠭᠵᠢᠭᠰᠡᠨ ᠭᠠᠵᠠᠷ ᠣᠷᠣᠨ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠰᠣᠯᠢᠯᠴᠠᠬᠤ᠂ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠲᠣᠰ ᠭᠠᠵᠠᠷ ᠣᠷᠣᠨ ᠤ ᠪᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠦᠴᠦᠨ ᠢ ᠲᠦᠷᠭᠡᠳᠬᠡᠨ ᠪᠦᠷᠢᠯᠳᠦᠭᠦᠯᠦᠨ᠎ᠡ᠃ | ᠴᠢᠳᠠᠪᠤᠷᠢᠲᠠᠨ ᠢ ᠦᠨᠡᠯᠡᠬᠦ ᠪᠠ ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠲᠦᠷᠢᠮ ᠢ | ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ᠂ ᠴᠢᠨᠠᠷ ᠴᠢᠨᠰᠠᠭ᠎ᠠ᠂ ᠪᠣᠳᠠᠲᠤ ᠦᠷ᠎ᠡ ᠪᠦᠲᠦᠮᠵᠢ᠂ ᠬᠤᠪᠢ | ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ | ᠪᠦᠷᠢᠨᠰᠢᠬᠦᠯᠦᠨ᠎ᠠ᠃ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠮᠡᠷᠭᠡᠵᠢᠯ ᠤᠨ ᠴᠣᠯᠠ ᠶᠢᠨ ᠲᠦᠷᠢᠮ ᠪᠠ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠪᠦᠲᠦᠮᠵᠢᠲᠡᠶ | ᠵᠣᠯᠭᠠᠯᠳᠤᠯ ᠢ ᠪᠡᠶᠡᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠴᠣᠯᠠ | ᠭᠤᠶᠤᠴᠢᠯᠠᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠪᠦᠷᠢᠨᠰᠢᠬᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ | ᠠᠵᠢᠯ ᠢ ᠰᠠᠶᠢᠲᠦᠷ ᠭᠦᠢᠴᠡᠳᠬᠡᠨ᠎ᠡ᠃ | ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠪᠠᠲᠤᠯᠠᠬᠤ ᠲᠣᠭᠲᠠᠴᠠ ᠶᠢ ᠪᠦᠷᠢᠨᠰᠢᠬᠦᠯᠦᠨ᠎ᠠ᠃ ᠮᠡᠳᠡᠯᠭᠡ᠂ | ᠮᠡᠷᠭᠡᠵᠢᠯ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠦᠷᠳᠡᠭ ᠢ ᠭᠦᠢᠴᠡᠳ ᠬᠠᠷᠠᠭᠤᠯᠤᠭᠰᠠᠨ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠳᠠᠨ ᠤ ᠡᠭᠦᠷᠭᠡ ᠲᠤᠰᠢᠶᠠᠯ ᠤᠨ ᠡᠭᠦᠳᠦᠯᠲᠡ ᠶᠢᠨ ᠦᠷ᠎ᠡ ᠪᠦᠲᠦᠭᠡᠯ ᠤᠨ ᠡᠷᠬᠡ ᠠᠰᠢᠭ ᠢ ᠬᠤᠪᠢᠶᠠᠨ ᠡᠳ᠋ᠯᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠵᠣᠬᠢᠶᠠᠨ | ᠪᠠᠶᠢᠭᠤᠯᠤᠨ ᠬᠠᠮᠢᠶᠠᠷᠬᠤ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠵᠤ᠂ ︽ᠵᠠᠷᠯᠠᠨ ᠮᠠᠩᠯᠠᠶᠢᠯᠠᠭᠤᠯᠬᠤ︾ ᠲᠦᠷᠢᠮ ᠢ | ᠪᠠᠶᠢᠭᠤᠯᠤᠨ᠂ ᠲᠥᠷᠥᠯ ᠵᠦᠶᠯ ᠢ ᠰᠢᠯᠢᠨ ᠰᠣᠩᠭᠤᠬᠤ᠂ ᠴᠢᠳᠠᠪᠤᠷᠢᠲᠠᠨ ᠢ ᠢᠯᠭᠠᠨ ᠳᠣᠲᠣᠯᠠᠬᠤ᠂ ᠦᠷ᠎ᠡ | ᠪᠦᠲᠦᠭᠡᠯ ᠢ ᠦᠨᠡᠯᠡᠨ ᠬᠢᠨᠠᠬᠤ᠂ ᠵᠠᠬ᠎ᠠ ᠳᠡᠯᠭᠡᠭᠦᠷ ᠢ ᠬᠤᠪᠢᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ | ᠨᠢᠭᠡᠳᠦᠯᠲᠡᠶ ᠲᠥᠯᠥᠪᠯᠡᠨ᠎ᠡ᠃ | ᠳᠥᠷᠪᠡᠳᠦᠭᠡᠷ ᠬᠡᠰᠡᠭ ᠰᠢᠨ᠎ᠡ ᠶᠢ ᠡᠭᠦᠳᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠬᠦ ᠲᠤᠬᠠᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠰᠤᠳᠤᠯᠤᠨ ᠨᠡᠭᠡᠭᠡᠬᠦ ᠲᠠᠯ᠎ᠠ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ | ᠬᠠᠨᠳᠤᠰᠢ ᠶᠢ ᠪᠠᠲᠤᠯᠠᠵᠤ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ ᠪᠣᠯᠭᠠᠬᠤ᠂ ᠨᠡᠶᠢᠭᠡᠮ ᠤᠨ ᠤᠯᠠᠨ | ᠠᠷᠭ᠎ᠠ ᠵᠠᠮ ᠢᠶᠠᠷ ᠪᠡᠯᠡ ᠣᠷᠣᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠬᠤᠰᠢᠭᠤᠷᠠᠯ ᠰᠤᠳᠤᠯᠭᠠᠨ ᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ | ᠮᠥᠩᠭᠦᠨ ᠭᠦᠢᠯᠭᠡᠭᠡ ᠪᠠᠷ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠶᠢ | ᠡᠭᠦᠳᠬᠦ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠠᠪᠴᠠᠩ ᠤᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠪᠴᠢᠶᠡᠵᠢᠭᠦᠯᠦᠨ ᠬᠡᠷᠡᠭᠯᠡᠬᠦ ᠲᠥᠷᠥᠯ | ᠵᠦᠢᠯ ᠤᠨ ᠵᠢᠭᠡᠯᠡᠯᠭᠡ ᠶᠢ ᠣᠯᠬᠤ ᠪᠠᠷ ᠴᠢᠷᠮᠠᠶᠢᠨ᠎ᠠ᠃ ᠲᠦᠭᠰᠢᠭᠦᠷᠢᠲᠦ ᠪᠡᠯᠡ ᠣᠷᠣᠭᠤᠯᠤᠯᠲᠠ ᠶᠢᠨ | ᠪᠠᠶᠢᠭᠤᠯᠤᠮᠵᠢ ᠯᠤᠭ᠎ᠠ ᠬᠠᠮᠲᠤᠷᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ | ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ᠂ ᠠᠵᠤ ᠦᠢᠯᠡᠰ ᠤᠨ ᠮᠡᠷᠭᠡᠵᠢᠯ ᠬᠢᠭᠡᠳ ᠬᠥᠷᠥᠩᠭᠡ ᠶᠢᠨ ᠵᠠᠬ᠎ᠠ | ᠳᠡᠯᠭᠡᠭᠦᠷ ᠤᠨ ᠨᠢᠭᠲᠠ ᠬᠤᠯᠪᠣᠯᠳᠤᠬᠤ ᠶᠢ ᠠᠬᠢᠭᠤᠯᠤᠨ᠎ᠠ᠃ | ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ | ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠢᠳᠠᠪᠤᠷᠢ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ | ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠶᠢ ᠡᠷᠬᠢᠮᠯᠡᠬᠦ | ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ | | | ᠳᠥᠷᠪᠡᠳᠦᠭᠡᠷ ᠪᠦᠯᠦᠭ ᠣᠳᠣᠬᠢᠴᠢᠯᠠᠭᠰᠠᠨ ᠠᠵᠤ ᠦᠢᠯᠡᠰ ᠤᠨ ᠲᠤᠬᠠᠢ | | ᠪᠣᠳᠠᠲᠤ ᠴᠣᠭᠴᠠ ᠶᠢᠨ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠣᠳᠣᠬᠢᠴᠢᠯᠠᠭᠰᠠᠨ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠬᠠᠮᠵᠢᠯᠴᠠᠨ ᠬᠥᠭᠵᠢᠭᠰᠡᠨ ᠠᠵᠤ | ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠪᠠ ᠠᠵᠤ | ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠠᠵᠤ | ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠣᠷᠴᠢᠯ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠴᠢᠭᠯᠡᠯ ᠲᠡᠰᠢ ᠬᠥᠭᠵᠢᠬᠦ ᠶᠢ ᠠᠬᠢᠭᠤᠯᠵᠤ᠂ ᠮᠡᠳᠡᠭᠡ ᠵᠠᠩᠭᠢᠵᠢᠯᠲᠠ ᠪᠣᠯᠤᠨ ᠠᠵᠤ | ᠦᠢᠯᠡᠳᠪᠦᠷᠢᠵᠢᠯᠲᠡ ᠶᠢᠨ ᠡᠷᠴᠢᠮᠲᠡᠢ ᠠᠭᠤᠰᠤᠯᠴᠠᠯ ᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ᠂ ᠪᠣᠬᠢᠷᠲᠤᠯ ᠦᠭᠡᠢ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠤᠨᠴᠠᠯᠢᠬᠳᠤ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠠᠵᠤ ᠦᠢᠯᠡᠰ ᠢ ᠬᠦᠴᠦᠯᠡᠨ | ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠤᠨ ᠰᠢᠨ᠎ᠡ | ᠬᠤᠳᠠᠯᠳᠤᠭᠠᠨ ᠤ ᠵᠠᠭᠪᠤᠷ ᠢ ᠬᠥᠭᠵᠢᠭᠦᠯᠦᠨ᠎ᠡ︔ ᠨᠡᠩ ᠤᠯᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ | ᠠᠭᠤᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠦᠷᠭᠡᠨ ᠪᠦᠷᠢᠯᠳᠦᠭᠦᠯᠬᠦ | ᠬᠡᠷᠡᠭᠲᠡᠢ︔ ᠦᠯᠡᠳᠡᠭᠡᠯ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠶ ᠨᠡᠮᠡᠭᠳᠡᠯ | ᠬᠠᠩᠭᠠᠯᠭ᠎ᠠ ᠶᠢ ᠥᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠬᠥᠳᠡᠯᠦᠩᠭᠦᠶ ᠲᠡᠩᠴᠡᠭᠦᠷᠢ ᠶᠢ ᠪᠡᠶᠡᠯᠡᠭᠦᠯᠦᠨ᠎ᠡ᠃ | | ᠨᠢᠭᠡᠳᠦᠭᠡᠷ ᠬᠡᠰᠡᠭ ᠳᠠᠪᠠᠭᠤᠯᠢᠭ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ | ᠳᠡᠪᠰᠢᠭᠦᠯᠬᠦ ᠠᠵᠢᠯ ᠢ ᠲᠦᠷᠭᠡᠳᠬᠡᠬᠦ ᠲᠤᠬᠠᠢ | ᠰᠢᠨ᠎ᠡ ᠨᠢᠭᠡ ᠡᠭᠡᠯᠵᠢ ᠶᠢᠨ ᠬᠡᠷᠡᠭᠴᠡᠭᠡ ᠶᠢᠨ ᠳᠡᠰ ᠳᠠᠪᠰᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ ᠢ ᠡᠵᠡᠮᠳᠡᠵᠦ᠂ ᠡᠨᠧᠷᠭᠢ ᠡᠬᠢ | ᠪᠠᠶᠠᠯᠢᠭ ᠢ ᠪᠠᠶᠢᠴᠠᠭᠠᠨ ᠦᠨᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠨ᠂ ᠪᠣᠬᠢᠷᠲᠤᠯ ᠦᠭᠡᠶ ᠪᠣᠯᠭᠠᠬᠤ᠂ ᠳᠡᠭᠡᠳᠦ ᠳᠡᠰ ᠤᠨ ᠪᠣᠯᠭᠠᠬᠤ᠂ ᠤᠶᠤᠨᠴᠢᠯᠠᠬᠤ ᠤᠳᠤᠷᠢᠳᠤᠮᠵᠢ ᠶᠢ | ᠪᠠᠷᠢᠮᠲᠠᠯᠠᠵᠤ᠂ ᠪᠣᠬᠢᠷᠲᠤᠯ ᠦᠭᠡᠶ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠨᠢᠭᠡ ᠪᠦᠯᠦᠭ ᠲᠥᠷᠥᠯ ᠵᠦᠶᠯ ᠢ ᠬᠡᠷᠡᠭᠵᠢᠭᠦᠯᠵᠦ᠂ ᠮᠢᠩᠭᠠᠨ | ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠠᠵᠤ | ᠦᠶᠯᠡᠰ ᠤᠨ ᠠᠵᠤ ᠦᠶᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠳᠠᠰᠢ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠡᠷᠴᠢᠮ ᠢ | ᠴᠢᠩᠭᠠᠷᠠᠭᠤᠯᠵᠤ᠂ ᠪᠠᠶᠢᠷᠢᠰᠢᠯ ᠨᠢ ᠵᠦᠶ ᠵᠣᠬᠢᠰᠲᠠᠶ᠂ ᠣᠨᠴᠠᠯᠢᠭ ᠨᠢ ᠢᠯᠡ ᠲᠣᠳᠣ᠂ ᠠᠭᠤᠰᠤᠯᠴᠠᠯ ᠨᠢ ᠡᠮᠬᠢ | ᠵᠢᠷᠤᠮ ᠲᠠᠢ ᠪᠣᠬᠢᠷᠲᠤᠯ ᠥᠬᠡᠶ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ | ᠃ | — ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ᠃ ᠥᠩᠭᠡ ᠦᠵᠡᠮᠵᠢ ᠶᠢᠨ ᠳᠠᠪᠠᠭᠤᠯᠢᠭ ᠡᠬᠢ | ᠪᠠᠶᠠᠯᠢᠭ ᠢ ᠭᠦᠢᠴᠡᠳ ᠠᠰᠢᠭᠯᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠦᠢᠯᠡᠰ ᠤᠨ ᠬᠥᠭᠵᠢᠯᠲᠡ ᠶᠢ | ᠬᠠᠷᠢᠯᠴᠠᠨ ᠵᠣᠬᠢᠴᠠᠭᠤᠯᠬᠤ᠂ ᠭᠠᠳᠠᠭᠰᠢ ᠬᠦᠷᠭᠡᠬᠦ ᠪᠠ ᠲᠤᠬᠠᠢ ᠶᠢᠨ ᠭᠠᠵᠠᠷ ᠲᠤᠨᠢ ᠤᠰᠠᠳᠬᠠᠵᠤ ᠨᠥᠭᠡᠴᠡᠯᠡᠬᠦ ᠶᠢ | ᠵᠡᠷᠭᠡᠪᠡᠷ ᠴᠢᠬᠤᠯᠠᠴᠢᠯᠠᠬᠤ᠂ ᠥᠩᠭᠡ ᠦᠵᠡᠮᠵᠢ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠬᠥᠭᠵᠢᠯᠲᠡ ᠶᠢᠨ | ᠰᠡᠳᠬᠢᠬᠦᠢ ᠶᠢ ᠪᠠᠷᠢᠮᠲᠠᠯᠠᠵᠤ᠂ ᠥᠯᠵᠡᠢ ᠪᠣᠭᠤᠮᠲᠠ᠂ ᠣᠯᠠᠨᠪᠤᠯᠠᠭ ᠠᠵᠤ ᠦᠢᠯᠡᠰ ᠤᠨ ᠬᠦᠷᠢᠶᠡᠯᠡᠩ᠂ | ᠪᠠᠶᠠᠨᠬᠤᠲᠠ ᠶᠢᠨ ᠠᠮᠢ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ | ᠬᠦᠷᠢᠶᠡᠯᠡᠩ ᠢᠶᠠᠷ ᠭᠤᠣᠯ ᠠᠴᠢᠶᠠᠯᠠᠪᠤᠷᠢ ᠪᠣᠯᠭᠠᠵᠤ᠂ ᠬᠠᠶᠠᠭᠳᠠᠮᠠᠯ ᠠᠭᠤᠷᠬᠠᠢ᠂ ᠡᠯᠡᠰᠦᠨ ᠴᠥᠯ ᠭᠤᠪᠢ᠂ ᠬᠢᠯᠢ | ᠳᠠᠭᠠᠤ ᠵᠡᠷᠭᠡ ᠭᠠᠵᠠᠷ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠬᠡᠷᠡᠯ ᠢᠯᠴᠢ᠂ | ᠤᠰᠤᠲᠥ᠋ᠷᠥᠭᠴᠢ ᠦᠶᠯᠡᠳᠬᠦ ᠰᠠᠭᠤᠷᠢᠨ ᠭᠠᠵᠠᠷ ᠢ ᠣᠷᠣᠨ ᠪᠦᠰᠡ ᠪᠠᠷ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ | ᠦᠶᠯᠡᠳᠪᠦᠷᠢᠯᠡᠯ᠂ ᠲᠣᠨᠤᠭ ᠲᠥᠬᠦᠭᠡᠷᠦᠮᠵᠢ ᠦᠶᠯᠡᠳᠬᠦ᠂ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ | ᠴᠤᠭᠴᠠᠵᠢᠭᠤᠯᠤᠭᠰᠠᠨ ᠥᠩᠭᠡ ᠦᠵᠡᠮᠵᠢ ᠤᠰᠤᠲᠥ᠋ᠷᠥᠭᠴᠢ ᠢᠯᠴᠢ ᠬᠠᠳᠠᠭᠠᠯᠠᠬᠤ ᠠᠵᠤ ᠦᠶᠯᠡᠰ ᠤᠨ | ᠰᠦᠷᠦᠭᠵᠢᠯ ᠢ ᠪᠠᠶᠢᠭᠤᠯᠵᠤ᠂ ᠱᠠᠩᠬᠤ ᠶᠢᠨ ᠰᠦᠮ᠎ᠡ ᠠᠴᠠ ᠱᠠᠨᠳᠦ᠋ᠩ ᠬᠥᠷᠬᠦ ᠲᠣᠭᠲᠠᠮᠠᠯ ᠭᠥᠶᠥᠳᠡᠯᠳᠦ ᠣᠨᠴᠠ | ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠲᠡᠷᠡᠬᠦ ᠵᠠᠮ ᠤᠨ ᠠᠯᠠᠱᠠ ᠶᠢᠨ ᠳᠠᠬᠢᠨ ᠡᠭᠦᠰᠴᠦ ᠪᠣᠯᠬᠤ | ᠡᠨᠧᠷᠭᠢ ᠶᠢᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠢ | ᠴᠢᠨᠠᠷ ᠰᠠᠶᠢᠲᠠᠶ ᠰᠠᠶᠢᠲᠤᠷ ᠬᠢᠵᠦ᠂ ᠮᠠᠨᠳᠤᠯ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ | ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠰᠠᠭᠠᠷᠮᠠᠭᠵᠢᠯ ᠢ ᠠᠬᠢᠭᠤᠯᠤᠨ᠎ᠠ᠃ ︽ᠬᠠᠲᠤᠨ | ᠭᠤᠣᠯ ᠤᠨ ᠤᠭᠠᠯᠵᠠᠨ ᠲᠣᠬᠤᠢ ᠶᠢᠨ ᠮᠤᠷᠤᠢ ᠶᠢᠨ ᠬᠡᠰᠡᠭ︾ ︽ᠬᠠᠲᠤᠨ ᠭᠤᠤᠯ ᠤᠨ ᠪᠠᠷᠠᠭᠤᠨ ᠬᠤᠩᠭᠢᠯ ᠤᠨ︾ | ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠲᠤ ᠢᠳᠡᠪᠬᠢᠲᠡᠶ ᠪᠠᠷ ᠠᠭᠤᠰᠤᠯᠴᠠᠨ᠂ ᠥᠩᠭᠡ ᠦᠵᠡᠮᠵᠢ | ᠨᠥᠭᠡᠴᠡᠯᠡᠬᠦ ᠶᠢ ᠨᠢᠭᠡ ᠴᠣᠠᠠᠴᠠᠵᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠬᠠᠮᠲᠤᠪᠠᠷ | ᠠᠬᠢᠭᠤᠯᠵᠤ᠂ ᠰᠢᠨ᠎ᠡ ᠡᠨᠧᠷᠭᠢ ᠶᠢᠨ ᠰᠠᠭᠤᠷᠢᠨᠵᠢᠭᠤᠯᠤᠨ ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠭᠠᠳᠠᠭᠰᠢ | ᠬᠦᠷᠭᠡᠬᠦ ᠶᠢ ᠪᠡᠶᠡᠯᠡᠭᠦᠯᠦᠨ᠎ᠡ᠃ ᠡᠬᠢ ᠰᠤᠷᠪᠤᠯᠵᠢ ᠶᠢ ᠰᠦᠯᠵᠢᠶ᠎ᠡ ᠪᠠᠷ ᠨᠥᠭᠡᠴᠡᠯᠡᠨ ᠬᠠᠳᠠᠭᠠᠯᠠᠬᠤ᠂ ᠣᠯᠠᠨ | ᠡᠨᠧᠷᠭᠢ ᠶᠢ ᠬᠠᠷᠢᠯᠴᠠᠨ ᠨᠥᠬᠦᠪᠥᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠮᠤᠵᠢ ᠣᠷᠣᠨ | ᠵᠢᠴᠢ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠬᠠᠩᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠪᠣᠬᠢᠷᠲᠤᠯ ᠥᠬᠡᠶ ᠡᠨᠧᠷᠭᠢ ᠶᠢᠨ | ᠵᠢᠱᠢᠶ᠎ᠡ ᠦᠵᠡᠭᠦᠯᠬᠦ ᠤᠷᠢᠳᠠᠪᠠᠷ ᠬᠡᠷᠡᠭᠵᠢᠭᠦᠯᠬᠦ ᠣᠷᠣᠨ ᠢ ᠪᠦᠷᠢᠯᠳᠦᠭᠦᠯᠦᠨ᠎ᠡ᠃ ᠠᠮᠢ ᠠᠬᠤᠶ ᠶᠢᠨ ᠵᠠᠰᠠᠯᠲᠠ + | ᠬᠡᠷᠡᠯ ᠸᠣᠯᠲ᠂ ᠥᠩᠭᠡ ᠦᠵᠡᠮᠵᠢ ᠤᠰᠤᠲᠥ᠋ᠷᠥᠭᠴᠢ ᠶᠢᠨ ᠨᠥᠭᠡᠴᠡᠯᠡᠯᠲᠡ᠂ ᠲᠠᠷᠢᠶᠠᠯᠠᠩ ᠬᠡᠷᠡᠯ ᠤᠨ ᠬᠠᠷᠢᠯᠴᠠᠨ | ᠨᠥᠬᠦᠪᠥᠷᠢᠯᠡᠬᠦ᠂ ᠮᠠᠯ ᠠᠵᠤ ᠠᠬᠤᠶ ᠬᠡᠷᠡᠯ ᠤᠨ ᠬᠠᠷᠢᠯᠴᠠᠨ ᠨᠥᠬᠦᠪᠥᠷᠢᠯᠡᠬᠦ᠂ ᠬᠡᠷᠡᠯ ᠴᠡᠨᠡᠭ ᠤᠨ ᠡᠯᠡᠰᠦ ᠶᠢ ᠵᠠᠰᠠᠬᠤ | ᠵᠡᠷᠭᠡ ᠲᠥᠷᠥᠯ ᠵᠦᠶᠯ ᠢ ᠡᠬᠢᠯᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠴᠢᠯᠠᠭᠤᠵᠢᠮᠠᠯ ᠤᠨ | ᠡᠨᠧᠷᠭᠢ ᠶᠢ ᠣᠷᠣᠯᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ | — ᠲᠣᠰᠣ ᠬᠡᠢ ᠶᠢᠨ ᠠᠵᠤ ᠦᠢᠯᠡᠰ᠃ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠵᠢᠴᠢ | ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ | ᠰᠢᠨᠵᠢᠯᠡᠵᠦ ᠨᠡᠭᠡᠭᠡᠨ ᠠᠰᠢᠭᠯᠠᠬᠤ ᠶᠢ ᠲᠦᠷᠭᠡᠳᠬᠡᠨ᠂ ᠪᠣᠬᠢᠷᠳᠣᠯ ᠦᠭᠡᠢ ᠥᠨᠳᠥᠷ ᠪᠦᠲᠦᠮᠵᠢᠲᠡᠢ ᠲᠦᠯᠡᠰᠢ᠂ | ᠳᠡᠭᠡᠳᠦ ᠲᠡᠰ ᠤᠨ ᠨᠠᠷᠢᠯᠢᠭ ᠬᠢᠮᠢ ᠶᠢᠨ ᠪᠣᠳᠠᠰ ᠪᠠ ᠲᠤᠮᠤ ᠮᠤᠯᠤᠺᠦᠶᠢᠯᠲᠤ ᠪᠥᠭᠡᠭᠡᠨᠡᠷᠡᠯ ᠤᠨ ᠮᠠᠲ᠋ᠧᠷᠢᠶᠠᠯ ᠢ | ᠬᠥᠭᠵᠢᠭᠦᠯᠵᠦ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠰᠢᠲᠠᠮᠠᠬᠠᠶ ᠬᠡᠶ ᠶᠢᠨ | ᠨᠥᠭᠡᠴᠡ ᠶᠢ ᠨᠡᠮᠡᠭᠳᠡᠭᠦᠯᠦᠨ ᠡᠨᠧᠷᠭᠢ ᠶᠢ ᠥᠷᠭᠡᠳᠬᠡᠬᠦ ᠶᠢ ᠴᠢᠩᠭᠠᠳᠬᠠᠵᠤ᠂ ᠮᠣᠩᠭᠤᠯ ᠤᠯᠤᠰ᠂ ᠰᠢᠨᠵᠢᠶᠠᠩ᠂ | ᠭᠠᠨᠰᠦ᠂ ᠨᠢᠩᠰᠢᠶᠠ ᠯᠤᠭ᠎ᠠ ᠶᠢᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠦᠷᠢᠶᠡᠨ ᠳᠠᠬᠢ | ᠬᠠᠮᠲᠤᠷᠠᠯᠴᠠᠨ ᠨᠡᠭᠡᠭᠡᠨ ᠬᠥᠭᠵᠢᠭᠦᠯᠬᠦ ᠶᠢ ᠴᠢᠩᠭᠠᠷᠠᠭᠤᠯᠤᠨ᠂ ᠨᠢᠭᠡ ᠪᠦᠯᠦᠭ ᠠᠵᠤ ᠦᠶᠯᠡᠳᠪᠦᠷᠢ᠂ ᠠᠷᠠᠳ ᠤᠨ | ᠬᠡᠷᠡᠭᠯᠡᠭᠡᠨ᠂ ᠮᠠᠰᠢᠨ ᠲᠡᠷᠭᠡ ᠵᠡᠷᠭᠡ ᠬᠡᠷᠡᠭᠯᠡᠭᠡᠨ ᠤ ᠲᠥᠷᠥᠯ ᠵᠦᠶᠯ ᠢ ᠭᠤᠤᠯᠳᠠᠯᠭ᠎ᠠ ᠲᠠᠢ ᠪᠠᠶᠢᠷᠢᠰᠢᠭᠤᠯᠵᠤ᠂ | ᠪᠠᠷᠠᠭᠤᠨ ᠣᠷᠣᠨ ᠤ ᠰᠢᠲᠠᠮᠠᠬᠠᠶ ᠬᠡᠶ ᠶᠢ ᠵᠡᠭᠦᠨᠰᠢ ᠳᠠᠮᠵᠢᠭᠤᠯᠬᠤ ᠬᠤᠭᠤᠯᠠᠶ ᠱᠤᠭᠤᠮ ᠯᠤᠭ᠎ᠠ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠲᠥᠪ ᠬᠤᠲᠠ ᠪᠠᠯᠭᠠᠰᠤ ᠶᠢᠨ ᠪᠠᠶᠢᠭᠠᠯᠢ ᠶᠢᠨ | ᠰᠢᠲᠠᠮᠠᠬᠠᠶ ᠬᠡᠶ ᠶᠢᠨ ᠬᠤᠭᠤᠯᠠᠶ ᠲᠣᠤᠷ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | - ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ᠃ ᠰᠢᠲᠠᠮᠠᠬᠠᠶ ᠬᠡᠶ ᠶᠢᠨ ᠥᠩᠭᠡ ᠦᠵᠡᠮᠵᠢ ᠶᠢᠨ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠯᠠᠨ ᠪᠤᠯᠠᠭ ᠢᠶᠠᠷ ᠲᠥᠪ ᠪᠣᠯᠭᠠᠵᠤ᠂ ᠤᠰᠤᠲᠥ᠋ᠷᠥᠭᠴᠢ ᠬᠡᠶ ᠶᠢ | ᠦᠶᠯᠡᠳᠬᠦ᠂ ᠵᠠᠩᠭᠢᠯᠠᠭ᠎ᠠ ᠶᠢᠨ ᠮᠠᠲ᠋ᠧᠷᠢᠶᠠᠯ ᠬᠠᠩᠭᠠᠬᠤ ᠵᠢᠴᠢ ᠰᠡᠯᠪᠢᠭ ᠲᠣᠨᠤᠭ ᠦᠶᠯᠡᠳᠬᠦ ᠪᠠᠷ ᠭᠤᠤᠯᠳᠠᠯᠭ᠎ᠠ ᠲᠠᠢ | ᠬᠥᠭᠵᠢᠯᠲᠡ ᠶᠢᠨ ᠴᠢᠭᠯᠡᠯ ᠢᠶᠠᠨ ᠪᠣᠯᠭᠠᠵᠤ᠂ ᠥᠩᠭᠡ ᠦᠵᠡᠮᠵᠢ ᠶᠢᠨ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ᠂ | ᠥᠩᠭᠡ ᠦᠵᠡᠮᠵᠢ ᠶᠢᠨ ᠨᠥᠭᠡᠴᠡ ᠶᠢᠨ ᠬᠠᠷᠢᠯᠴᠠᠨ ᠨᠥᠬᠦᠪᠥᠷᠢᠯᠡᠵᠦ ᠤᠰᠤᠲᠥ᠋ᠷᠥᠭᠴᠢ ᠦᠶᠯᠡᠳᠬᠦ ᠲᠥᠷᠥᠯ ᠵᠦᠶᠯ ᠢ | ᠲᠦᠷᠭᠡᠳᠬᠡᠨ ᠬᠡᠷᠡᠭᠵᠢᠭᠦᠯᠦᠨ᠎ᠡ᠃ ᠪᠣᠬᠢᠷᠳᠣᠯ ᠦᠭᠡᠢ ᠤᠰᠤᠲᠥ᠋ᠷᠥᠭᠴᠢ ᠶᠢ ᠦᠶᠯᠡᠳᠬᠦ ᠮᠡᠷᠭᠡᠵᠢᠯ ᠤᠨ ᠰᠤᠳᠤᠯᠤᠯ ᠢ | ᠢᠳᠡᠪᠬᠢᠲᠡᠶ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ | ᠦᠶᠯᠡᠳᠬᠦ᠂ ᠬᠡᠷᠡᠯ ᠴᠠᠬᠢᠯᠭᠠᠨ ᠤ ᠰᠢᠭᠤᠳ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ ᠦᠶᠯᠡᠳᠬᠦ᠂ ᠬᠡᠷᠡᠯ ᠤᠨ | ᠲᠦᠷᠭᠡᠳᠬᠡᠯᠲᠡ ᠶᠢᠨ ᠤᠰᠤ ᠶᠢ ᠵᠠᠳᠠᠷᠠᠭᠤᠯᠤᠨ ᠤᠰᠤᠲᠥ᠋ᠷᠥᠭᠴᠢ ᠶᠢ ᠦᠶᠯᠡᠳᠬᠦ ᠪᠠ ᠰᠠᠯᠬᠢ ᠪᠠ ᠭᠡᠷᠡᠯ ᠤᠨ | ᠡᠨᠧᠷᠭᠢ ᠶᠢ ᠬᠤᠯᠪᠣᠭᠰᠠᠨ ᠤᠰᠤᠲᠥ᠋ᠷᠥᠭᠴᠢ ᠶᠢ ᠦᠶᠯᠡᠳᠬᠦ ᠵᠡᠷᠭᠡ ᠪᠣᠬᠢᠷᠲᠤᠯ ᠥᠬᠡᠶ ᠤᠰᠤᠲᠥ᠋ᠷᠥᠭᠴᠢ ᠶᠢ | ᠦᠶᠯᠡᠳᠬᠦ ᠮᠡᠷᠭᠡᠵᠢᠯ ᠢ ᠬᠡᠷᠡᠭᠯᠡᠨ ᠵᠢᠱᠢᠶ᠎ᠡ ᠦᠵᠡᠭᠦᠯᠬᠦ᠂ ᠬᠠᠶᠢᠨ ᠰᠦᠪᠡᠭᠴᠢᠯᠡᠬᠦ ᠪᠠ ᠲᠤᠷᠰᠢᠨ᠎ᠠ᠃ | — ᠣᠶᠤᠨᠯᠢᠭ ᠲᠣᠨᠣᠭᠯᠠᠯ ᠦᠢᠯᠡᠳᠬᠦ ᠠᠵᠤ ᠦᠢᠯᠡᠰ᠃ ᠰᠠᠯᠬᠢᠨ ᠬᠦᠴᠦᠨ ᠤ ᠮᠠᠰᠢᠨ ᠤ ᠲᠥᠬᠦᠭᠡᠷᠦᠮᠵᠢ | ᠂ ᠬᠡᠷᠡᠯ ᠴᠡᠨᠡᠭ ᠤᠨ ᠰᠡᠯᠪᠢᠭ ᠲᠣᠨᠤᠭ᠂ ᠤᠰᠤᠲᠥ᠋ᠷᠥᠭᠴᠢ ᠦᠢᠯᠡᠳᠬᠦ᠂ ᠡᠨᠧᠷᠭᠢ ᠬᠠᠳᠠᠭᠠᠯᠠᠬᠤ ᠵᠡᠷᠭᠡ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ | ᠡᠨᠧᠷᠭᠢ ᠶᠢᠨ ᠠᠵᠢᠯᠯᠠᠭᠠᠨ ᠤ ᠬᠠᠮᠠᠭᠠᠯᠠᠯᠲᠠ᠂ ᠢᠨᠵᠧᠨᠧᠷᠢᠩ ᠤᠨ ᠶᠡᠷᠦᠩᠬᠡᠢ ᠳᠠᠭᠠᠭᠠᠴᠢᠯᠠᠯᠲᠠ ᠵᠡᠷᠭᠡ | ᠦᠢᠯᠡᠴᠢᠯᠡᠭᠡᠨ ᠢ ᠥᠷᠨᠢᠭᠦᠯᠦᠨ᠂ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠰᠢᠨ᠎ᠡ ᠡᠨᠧᠷᠭᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠠᠬᠢᠭᠤᠯᠤᠨ᠎ᠠ᠃ ᠠᠭᠠᠷ ᠤᠨ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ | ᠵᠢᠯᠣᠭᠤᠴᠢ ᠦᠭᠡᠢ ᠨᠢᠰᠬᠡᠯ ᠤᠨ ᠲᠤᠷᠰᠢᠨ ᠨᠢᠰᠬᠦ᠂ ᠲᠤᠷᠰᠢᠨ ᠪᠣᠯᠪᠠᠰᠤᠷᠠᠭᠤᠯᠬᠤ᠂ ᠵᠢᠯᠣᠭᠤᠴᠢ ᠦᠭᠡᠢ ᠨᠢᠰᠬᠡᠯ ᠤᠨ | ᠢᠵᠢ ᠪᠦᠷᠢᠳᠦᠭᠦᠯᠬᠦ ᠠᠵᠤ ᠦᠢᠯᠡᠰ ᠢ ᠬᠥᠭᠵᠢᠭᠦᠯᠵᠦ᠂ ᠠᠯᠠᠱᠠ ᠶᠢᠨ ᠨᠡᠶᠢᠳᠡᠮ ᠬᠡᠷᠡᠭᠯᠡᠭᠡᠨ ᠤ ᠠᠭᠠᠷ ᠤᠨ | ᠲᠡᠭᠡᠭᠡᠪᠦᠷᠢ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠮᠠᠰᠢᠨ ᠲᠡᠷᠭᠡ ᠶᠢ ᠥᠭᠡᠷᠡᠴᠢᠯᠡᠨ | ᠤᠭᠰᠠᠷᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ | ᠠᠵᠤ ᠦᠢᠯᠡᠰ ᠢ ᠣᠷᠣᠭᠤᠯᠤᠨ ᠠᠪᠴᠢᠷᠠᠨ᠎ᠠ᠃ | — ᠪᠠᠯ ᠴᠢᠯᠠᠭᠤᠨ ᠤ ᠠᠵᠤ ᠦᠢᠯᠡᠰ᠃ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠢᠶᠠᠷ | ᠠᠴᠢᠶᠠᠯᠠᠪᠤᠷᠢ ᠪᠣᠯᠭᠠᠵᠤ᠂ ᠪᠠᠯ ᠴᠢᠯᠠᠭᠤ ᠶᠢᠨ ᠡᠬᠢ ᠪᠠᠶᠠᠯᠢᠭ ᠢ ᠪᠣᠬᠢᠷᠲᠤᠯ ᠦᠭᠡᠢ ᠨᠡᠭᠡᠭᠡᠨ ᠬᠥᠭᠵᠢᠭᠦᠯᠬᠦ ᠶᠢ | ᠠᠬᠢᠭᠤᠯᠵᠤ᠂ ᠪᠠᠯ ᠴᠢᠯᠠᠭᠤ ᠶᠢᠨ ᠬᠦᠳᠡᠷ ᠣᠯᠪᠤᠷᠢᠯᠠᠬᠤ᠂ ᠨᠠᠷᠢᠯᠢᠭ ᠬᠦᠳᠡᠷ ᠢ ᠴᠡᠪᠡᠷᠰᠢᠭᠦᠯᠬᠦ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠨᠳᠥᠷ ᠨᠡᠭᠦᠷᠡᠰᠦᠲᠥ᠋ᠷᠥᠭᠴᠢᠲᠦ ᠪᠠᠯ ᠴᠢᠯᠠᠭᠤ᠂ ᠥᠨᠳᠥᠷ ᠴᠡᠪᠡᠷ | ᠪᠠᠯ ᠴᠢᠯᠠᠭᠤ ᠵᠡᠷᠭᠡ ᠪᠠᠯ ᠴᠢᠯᠠᠭᠤ ᠶᠢᠨ ᠲᠦᠭᠦᠬᠡᠢ ᠮᠠᠲ᠋ᠧᠷᠢᠶᠠᠯ ᠢ ᠬᠥᠭᠵᠢᠭᠦᠯᠦᠨ᠎ᠡ︔ ᠤᠯᠤᠰ ᠤᠨ ᠳᠣᠲᠣᠭᠠᠳᠤ | ᠭᠠᠳᠠᠭᠠᠳᠤ ᠶᠢᠨ ᠨᠠᠷᠠᠲᠠᠶ ᠡᠨᠧᠷᠭᠢ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠯ | ᠴᠢᠯᠠᠭᠤ ᠶᠢᠨ ᠡᠨᠧᠷᠭᠢ ᠬᠠᠳᠠᠭᠠᠯᠠᠬᠤ ᠮᠠᠲ᠋ᠧᠷᠢᠶᠠᠯ᠂ ᠪᠠᠯ ᠴᠢᠯᠠᠭᠤ ᠶᠢᠨ ᠰᠤᠯᠠ ︵ ᠳᠠᠮᠵᠢᠭᠤᠯᠬᠤ︶ ᠢᠯᠴᠢ ᠶᠢᠨ | ᠮᠠᠲ᠋ᠧᠷᠢᠶᠠᠯ᠂ ᠪᠠᠯ ᠴᠢᠯᠠᠭᠤ ᠶᠢᠨ ᠪᠢᠲᠡᠭᠦᠮᠵᠢᠯᠡᠬᠦ ᠮᠠᠲ᠋ᠧᠷᠢᠶᠠᠯ ᠪᠠ ᠣᠨᠴᠠ ᠲᠥᠷᠥᠯ ᠤᠨ ᠪᠠᠯ ᠴᠢᠯᠠᠭᠤ ᠶᠢᠨ | ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠵᠥᠭᠡᠯᠡᠨ ᠪᠠᠯ ᠴᠢᠯᠠᠭᠤ᠂ ᠨᠡᠭᠦᠷᠡᠰᠦᠨ | ᠰᠢᠷᠬᠡᠭᠯᠢᠭ᠂ ᠨᠡᠭᠦᠷᠡᠰᠦᠨ ᠴᠠᠭᠠᠰᠤ ᠵᠡᠷᠭᠡ ᠨᠠᠷᠢᠯᠢᠭ ᠡᠳ᠋ᠰᠢᠭᠦᠯᠦᠭᠰᠡᠨ ᠦᠶᠯᠡᠳᠬᠦᠨ ᠢ ᠰᠤᠳᠤᠯᠤᠨ ᠨᠡᠭᠡᠭᠡᠨ᠎ᠡ︔ ᠪᠠᠯ | ᠴᠢᠯᠠᠭᠤᠨ ᠠᠯᠺᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ | ᠪᠠᠯ ᠴᠢᠯᠠᠭᠤᠨ ᠠᠯᠺᠤᠨ ᠦᠶᠯᠡᠳᠬᠦ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠰᠢᠪᠲᠤᠯᠵᠤ᠂ ᠪᠠᠯ | ᠴᠢᠯᠠᠭᠤᠨ ᠠᠯᠺᠤᠨ᠂ ᠨᠠᠨᠤᠮᠤᠲᠷ ᠤᠨ ᠨᠡᠭᠦᠷᠡᠰᠦᠨ ᠬᠤᠭᠤᠯᠠᠶ ᠵᠡᠷᠭᠡ ᠬᠤᠰᠢᠭᠤᠷᠠᠯ ᠮᠠᠲ᠋ᠧᠷᠢᠶᠠᠯ ᠢ ᠰᠦᠪᠡᠭᠴᠢᠯᠡᠨ | ᠨᠡᠭᠡᠭᠡᠨ ᠬᠥᠭᠵᠢᠭᠦᠯᠵᠦ᠂ ᠪᠠᠯ ᠴᠢᠯᠠᠭᠤᠨ ᠲᠦᠭᠦᠬᠡᠶ ᠮᠠᠲ᠋ᠧᠷᠢᠶᠠᠯ᠂ ᠨᠠᠷᠢᠯᠢᠭ ᠡᠳ᠋ᠰᠢᠭᠦᠯᠭᠡ ᠪᠠ ᠪᠠᠯ ᠴᠢᠯᠠᠭᠤᠨ | ᠠᠯᠺᠤᠨ ᠰᠤᠳᠤᠯᠤᠨ ᠨᠡᠭᠡᠭᠡᠬᠦ ᠲᠥᠪ ᠢ ᠪᠥᠲᠥᠭᠡᠨ ᠪᠠᠶᠢᠭᠤᠯᠤᠨ᠎ᠠ᠃ | — ᠴᠢᠯᠠᠭᠤᠨ ᠮᠠᠲ᠋ᠧᠷᠢᠶᠠᠯ ᠤᠨ ᠠᠵᠤ ᠦᠢᠯᠡᠰ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠨᠡᠷᠡᠲᠦ ᠲᠡᠮᠳᠡᠭᠵᠢᠭᠦᠯᠬᠦ᠂ ᠬᠡᠪᠴᠢᠶᠡᠵᠢᠭᠦᠯᠬᠦ᠂ ᠳᠡᠭᠡᠳᠦ ᠳᠡᠰ ᠤᠨ ᠬᠥᠭᠵᠢᠯᠲᠡ ᠶᠢ | ᠪᠠᠷᠢᠮᠲᠠᠯᠠᠵᠤ᠂ ᠪᠠᠶᠠᠠᠨᠢᠷᠤᠭᠤᠨ ᠤ ᠪᠣᠷᠵᠢᠨ ᠴᠢᠯᠠᠭᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠢ | ᠪᠠᠳᠠᠷᠠᠭᠤᠯᠵᠤ᠂ ︽ᠬᠠᠶᠢᠯᠤᠭᠤᠯᠬᠤ᠂ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ︾ ᠳᠡᠯᠡᠬᠡᠢ ᠳ᠋ᠠᠬᠢᠨ ᠤ | ᠬᠠᠪᠲᠠᠰᠤᠨ ᠬᠥᠮᠥᠷᠭᠡ ᠶᠢᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠲᠠᠪᠴᠠᠩ ᠳᠤ ᠲᠦᠰᠢᠭᠯᠡᠨ᠂ | ᠵᠢᠷᠠᠲᠠᠢ ᠶᠢᠨ ᠪᠣᠷᠵᠢᠨ ᠴᠢᠯᠠᠭᠤᠯᠢᠭ ᠤᠨ ᠠᠭᠤᠷᠬᠠᠢ ᠮᠠᠯᠲᠠᠵᠤ ᠡᠳ᠋ᠰᠢᠭᠦᠯᠬᠦ ᠠᠵᠤ ᠠᠬᠤᠶᠢᠯᠠᠯ ᠢ ᠰᠢᠯᠢᠳᠡᠭᠵᠢᠭᠦᠯᠦᠨ | ᠨᠢᠭᠡᠳᠬᠡᠵᠦ᠂ ᠲᠡᠷᠢᠭᠦᠨ ᠤ ᠤᠷᠠᠯᠠᠯ ᠪᠠ ᠲᠥᠬᠦᠭᠡᠷᠦᠮᠵᠢ ᠶᠢ ᠬᠡᠷᠡᠭᠯᠡᠨ ᠪᠣᠬᠢᠷᠳᠣᠯ ᠦᠭᠡᠢ ᠦᠢᠯᠡᠳᠪᠦᠷᠢᠯᠡᠯ ᠬᠢᠵᠦ᠂ | ᠴᠡᠴᠡᠷᠯᠢᠭ ᠤᠨ ᠦᠵᠡᠮᠵᠢ ᠶᠢᠨ ᠴᠢᠯᠠᠭᠤᠨ ᠮᠠᠲ᠋ᠧᠷᠢᠶᠠᠯ᠂ ᠴᠢᠮᠡᠭᠯᠡᠯ ᠤᠨ ᠴᠣᠭᠴᠠ ᠵᠡᠷᠭᠡ ᠣᠯᠠᠨ ᠶᠠᠩᠵᠤᠲᠤ | ᠴᠢᠨᠠᠷᠲᠠᠢ ᠦᠢᠯᠡᠳᠬᠦᠨ ᠢ ᠰᠤᠳᠤᠯᠤᠨ ᠨᠡᠭᠡᠭᠡᠵᠦ᠂ ᠠᠵᠤ ᠠᠬᠤᠶᠢᠯᠠᠯ ᠤᠨ ᠬᠠᠶᠠᠭᠳᠠᠮᠠᠯ ᠮᠠᠲ᠋ᠧᠷᠢᠶᠠᠯ᠂ ᠴᠢᠯᠠᠭᠤᠨ | ᠨᠤᠨᠳᠠᠭ ᠢ ᠠᠰᠢᠭᠯᠠᠨ ᠵᠠᠮ ᠤᠨ ᠢᠷᠮᠡᠭ ᠴᠢᠯᠠᠭᠤ᠂ ᠬᠡᠶᠢᠲᠦ ᠬᠤᠯᠢᠮᠠᠭ ᠲᠣᠭᠤᠰᠬ᠎ᠠ ᠵᠡᠷᠭᠡ ᠦᠢᠯᠡᠳᠬᠦᠨ | ᠦᠢᠯᠡᠳᠪᠦᠷᠢᠯᠡᠬᠦ ᠶᠢ ᠵᠣᠷᠢᠭᠵᠢᠭᠤᠯᠵᠤ᠂ ᠴᠢᠯᠠᠭᠤᠨ ᠮᠠᠲ᠋ᠧᠷᠢᠶᠠᠯ ᠢ ᠬᠤᠷᠠᠮᠳᠤᠭᠤᠯᠤᠨ ᠬᠠᠳᠠᠭᠠᠯᠠᠬᠤ᠂ ᠴᠢᠯᠠᠭᠤᠨ | ᠮᠠᠲ᠋ᠧᠷᠢᠶᠠᠯ ᠤᠨ ᠡᠯᠧᠺᠲᠷᠣᠨ ᠬᠤᠳᠠᠯᠳᠤᠭ᠎ᠠ᠂ ᠢᠨᠵᠧᠨᠧᠷᠢᠩ ᠤᠨ ᠡᠵᠡᠩᠨᠡᠯᠲᠡ ᠵᠡᠷᠭᠡ ᠶᠢ ᠨᠢᠭᠡ | ᠴᠣᠭᠴᠠᠵᠢᠭᠤᠯᠤᠭᠰᠠᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃ | -- ᠰᠢᠵᠢᠷ ᠠᠯᠲᠠᠨ ᠤ ᠠᠵᠤ ᠦᠢᠯᠡᠰ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠰᠢᠵᠢᠷ ᠠᠯᠲᠠᠨ ᠤ ᠠᠭᠤᠷᠬᠠᠶ ᠶᠢ ᠪᠥᠲᠥᠭᠡᠨ | ᠪᠠᠶᠢᠭᠤᠯᠵᠤ᠂ ᠵᠤᠯᠵᠠᠭ᠎ᠠ ᠰᠢᠵᠢᠷ ᠠᠯᠲᠠ ᠵᠢᠴᠢ ᠳᠠᠭᠠᠯᠲᠠ ᠠᠭᠤᠷᠬᠠᠶ ᠶᠢᠨ ᠡᠬᠢ ᠪᠠᠶᠠᠯᠢᠭ ᠲᠤ ᠲᠦᠰᠢᠭᠯᠡᠨ᠂ | ᠰᠢᠵᠢᠷ ᠠᠯᠲᠠᠨ ᠤ ᠠᠭᠤᠷᠬᠠᠶ ᠶᠢ ᠣᠯᠪᠤᠷᠢᠯᠠᠬᠤ ᠰᠣᠩᠭᠤᠬᠤ ᠬᠠᠶᠢᠯᠤᠭᠤᠯᠬᠤ ᠡᠳ᠋ᠰᠢᠭᠦᠯᠬᠦ ᠶᠢ ᠨᠢᠭᠡ | ᠴᠣᠭᠴᠠᠵᠢᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠨᠡᠭᠡᠭᠡᠨ ᠣᠯᠪᠤᠷᠢᠯᠠᠬᠤ᠂ ᠲᠡᠷᠢᠭᠦᠨ ᠤ ᠮᠡᠷᠭᠡᠵᠢᠯ ᠤᠨ | ᠬᠥᠭᠵᠢᠯᠲᠡ ᠶᠢ ᠪᠡᠶᠡᠯᠡᠭᠦᠯᠦᠨ᠎ᠡ᠃ ᠠᠯᠲᠠ ᠪᠠᠷ ᠭᠠᠷᠤᠯᠲᠠ ᠶᠢ ᠬᠥᠭᠵᠢᠭᠦᠯᠬᠦ᠂ ᠠᠭᠤᠷᠬᠠᠶ ᠶᠢᠨ ᠬᠤᠲᠠ ᠬᠠᠮᠵᠢᠯᠴᠠᠨ | ᠠᠵᠢᠯᠯᠠᠵᠤ᠂ ᠰᠢᠵᠢᠷ ᠠᠯᠲᠠᠨ ᠤ ᠡᠳ᠋ᠰᠢᠭᠦᠯᠭᠡ᠂ ᠰᠢᠵᠢᠷ ᠠᠯᠲᠠᠨ ᠤ ᠪᠦᠲᠦᠭᠡᠯᠴᠢ ᠲᠥᠰᠦᠪᠯᠡᠯ ᠢ ᠣᠷᠣᠭᠤᠯᠤᠨ | ᠠᠪᠴᠢᠷᠠᠵᠤ᠂ ᠰᠢᠵᠢᠷ ᠠᠯᠲᠠᠨ ᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠲᠣᠭᠠᠴᠢᠭᠤᠯᠬᠤ᠂ ᠮᠡᠳᠡᠭᠡ | ᠵᠠᠩᠭᠢᠵᠢᠭᠤᠯᠬᠤ ᠪᠠ ᠡᠳ᠋ ᠪᠠᠷᠠᠭᠠᠨ ᠤ ᠮᠡᠳᠡᠭᠡ ᠵᠠᠩᠭᠢᠵᠢᠭᠤᠯᠬᠤ ᠰᠦᠯᠵᠢᠶ᠎ᠡ ᠵᠡᠷᠭᠡ ᠬᠤᠰᠢᠭᠤᠷᠠᠯ ᠰᠢᠨᠵᠢᠯᠡᠬᠦ | ᠤᠬᠠᠭᠠᠨ ᠮᠡᠷᠭᠡᠵᠢᠯ ᠢ ᠠᠭᠤᠷᠬᠠᠶ ᠶᠢᠨ ᠣᠷᠣᠨ ᠤ ᠦᠶᠯᠡᠳᠪᠦᠷᠢᠯᠡᠯ ᠪᠠ ᠬᠠᠮᠢᠶᠠᠷᠤᠯᠲᠠ ᠳᠤ ᠬᠡᠷᠡᠭᠯᠡᠵᠦ᠂ ᠰᠢᠨ᠎ᠡ | ᠬᠡᠯᠪᠡᠷᠢ ᠶᠢᠨ ᠤᠶᠤᠨᠲᠤ ᠠᠭᠤᠷᠬᠠᠶ ᠶᠢ ᠴᠣᠭᠴᠠᠯᠠᠨ ᠪᠠᠶᠢᠭᠤᠯᠤᠨ᠎ᠠ᠃ | | ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠠᠵᠤ ᠦᠢᠯᠡᠰ ᠤᠨ ᠲᠥᠪᠯᠡᠷᠡᠯ ᠢ ᠬᠥᠭᠵᠢᠭᠦᠯᠬᠦ | ᠲᠤᠬᠠᠢ | ᠠᠯᠠᠱᠠ ᠵᠡᠭᠦᠨ ᠬᠤᠰᠢᠭᠤᠨ ᠤ ᠥᠪᠡᠷᠮᠢᠴᠡ ᠪᠠᠶᠢᠭᠠᠯᠢ ᠶᠢᠨ ᠠᠮᠢ ᠠᠬᠤᠶ ᠶᠢᠨ ᠳᠠᠪᠠᠭᠤᠯᠢᠭ ᠢ ᠭᠦᠶᠴᠡᠳ | ᠪᠠᠳᠠᠷᠠᠭᠤᠯᠵᠤ᠂ ᠤᠨᠴᠠᠯᠢᠬᠳᠤ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ᠂ ᠡᠯᠡᠰᠦᠨ ᠴᠥᠯ ᠤᠨ ᠵᠢᠮᠢᠰ | ᠨᠣᠭᠤᠭ᠎ᠠ ᠳᠠᠷᠢᠬᠤ᠂ ᠵᠢᠩᠬᠢᠨᠢ ᠡᠮ ᠤᠨ ᠮᠠᠲ᠋ᠧᠷᠢᠶᠠᠯ ᠢ ᠵᠢᠷᠤᠮᠵᠢᠭᠤᠯᠤᠨ ᠳᠠᠷᠢᠬᠤ᠂ ᠤᠨᠴᠠᠯᠢᠬᠳᠤ ᠳᠠᠪᠤᠰᠤᠨ | ᠨᠠᠭᠤᠷ ᠤᠨ ᠲᠡᠵᠢᠭᠡᠨ ᠦᠷᠡᠵᠢᠭᠦᠯᠬᠦ ᠵᠡᠷᠭᠡ ᠠᠮᠢ ᠠᠬᠤᠶ ᠶᠢᠨ ᠠᠵᠤ ᠦᠶᠯᠡᠰ ᠢ ᠭᠤᠤᠯᠳᠠᠯᠭ᠎ᠠ ᠲᠠᠢ | ᠪᠦᠷᠢᠯᠳᠦᠭᠦᠯᠦᠨ᠎ᠡ᠃ ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠠᠮᠢ ᠨᠠᠰᠤᠨ ᠤ | ᠰᠢᠨᠵᠢᠯᠡᠬᠦ ᠤᠬᠠᠭᠠᠨ ᠵᠢᠴᠢ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ ᠶᠢᠨ ᠦᠷ᠎ᠡ | ᠪᠦᠲᠦᠭᠡᠯ ᠢ ᠠᠰᠢᠭᠯᠠᠨ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ | ᠴᠢᠩᠭ᠎ᠠ ᠵᠢᠷᠤᠮᠵᠢᠭᠰᠠᠨ ᠰᠢᠰᠲ᠋ᠧᠮᠵᠢ ᠬᠢᠭᠡᠳ ᠪᠠᠷᠠᠭᠠᠨ ᠤ ᠭᠦᠶᠯᠭᠡᠭᠡᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ | ᠪᠠᠶᠢᠭᠤᠯᠤᠨ᠂ ᠤᠯᠤᠰ ᠤᠨ ᠲᠥᠷᠥ ᠶᠢᠨ ᠪᠣᠳᠣᠯᠭ᠎ᠠ᠂ ᠠᠵᠤ ᠦᠶᠯᠡᠰ ᠤᠨ ᠡᠬᠢ ᠪᠠᠶᠠᠯᠢᠭ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠪᠠᠷ ᠤᠶᠠᠯᠳᠤᠭᠤᠯᠵᠤ᠂ ᠠᠵᠤ ᠦᠶᠯᠡᠰ ᠤᠨ ᠠᠮᠢ ᠠᠬᠤᠶᠢᠵᠢᠯᠲᠠ᠂ | ᠳᠡᠭᠡᠳᠦ ᠦᠵᠦᠭᠦᠷᠵᠢᠯᠲᠡ᠂ ᠨᠠᠷᠠᠲᠤ ᠲᠡᠮᠳᠡᠭᠵᠢᠯᠲᠡ᠂ ᠲᠣᠭᠠᠴᠢᠯᠠᠯᠲᠠ ᠶᠢᠨ ᠬᠥᠭᠵᠢᠯᠲᠡ ᠶᠢ ᠠᠬᠢᠭᠤᠯᠤᠨ᠎ᠠ᠃ | ᠤᠨᠴᠠᠯᠢᠬᠳᠤ ᠡᠭᠦᠯᠳᠡᠷ ᠤᠨ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ ᠶᠢ | ᠤᠷᠲᠤᠳᠬᠠᠵᠤ᠂ ᠠᠵᠤ ᠦᠶᠯᠡᠰ ᠤᠨ ᠬᠦᠴᠦᠨ ᠵᠦᠶᠯ ᠤᠨ ᠪᠦᠯᠦᠭᠵᠢᠬᠦ᠂ ᠦᠶᠯᠡᠳᠬᠦᠨ ᠤ ᠤᠨᠴᠠᠯᠢᠬᠵᠢᠬᠤ᠂ | ᠦᠶᠯᠡᠴᠢᠯᠡᠭᠡᠨ ᠤ ᠥᠪᠡᠷᠮᠢᠴᠡᠵᠢᠬᠦ᠂ ᠣᠷᠴᠢᠨ ᠲᠣᠭᠤᠷᠢᠨ ᠤ ᠴᠢᠨᠠᠷᠵᠢᠨ ᠬᠥᠭᠵᠢᠬᠦ ᠶᠢ ᠠᠬᠢᠭᠤᠯᠤᠨ᠎ᠠ᠃ | ᠡᠯᠡᠰᠦ ᠮᠠᠩᠬ᠎ᠠ ᠶᠢᠨ ᠠᠮᠢᠲᠠᠨ ᠤᠷᠭᠤᠮᠠᠯ ᠤᠨ ᠪᠦᠲᠦᠭᠡᠭᠳᠡᠬᠦᠨ ᠤ ᠣᠨᠴᠠᠯᠢᠭᠲᠤ ᠳᠤᠮᠳᠠ ᠳᠡᠭᠡᠳᠦ ᠲᠠᠰ ᠤᠨ | ᠵᠠᠬ᠎ᠠ ᠳᠡᠯᠭᠡᠭᠦᠷ ᠲᠤ ᠰᠠᠭᠤᠷᠢᠯᠠᠨ᠂ ᠣᠷᠣᠨ ᠪᠦᠰᠡ ᠶᠢᠨ ᠣᠨᠴᠠᠯᠢᠭ ᠢ ᠳᠣᠪᠤᠶᠢᠯᠭᠠᠵᠤ᠂ ᠣᠨᠴᠠᠯᠢᠭᠲᠤ ᠳᠠᠪᠠᠭᠤᠯᠢᠭ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠲᠠᠰ ᠢ ᠳᠡᠭᠡᠭᠰᠢᠯᠡᠭᠦᠯᠦᠨ᠎ᠡ᠃ | ᠪᠥᠬᠦ ᠤᠯᠤᠰ ᠲᠤ ᠨᠠᠷᠠᠲᠠᠢ 2 ︱ 3 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠪᠠ 3 ︱ 5 ᠨᠥᠯᠥᠭᠡᠯᠡᠬᠦ ᠬᠦᠴᠦᠨ ᠲᠠᠢ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ | ᠪᠣᠶᠢᠵᠢᠭᠤᠯᠵᠤ᠂ ︽ᠬᠠᠨ ᠲᠡᠭᠷᠢ ᠠᠯᠠᠱᠠ︾ ᠶᠢᠨ ᠠᠮᠢ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠨᠡᠭᠡᠭᠡᠨ | ᠬᠥᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠬᠢᠷᠲᠤᠯ ᠦᠭᠡᠢ᠂ ᠴᠢᠨᠠᠷᠯᠢᠭ | ᠪᠦᠲᠦᠭᠡᠭᠳᠡᠬᠦᠨ ᠭᠠᠷᠭᠠᠬᠤ᠂ ᠨᠠᠷᠠᠲᠤ ᠲᠥᠷᠥᠯ ᠲᠡᠮᠳᠡᠭᠵᠢᠬᠦ᠂ ᠲᠣᠭᠠᠴᠢᠯᠠᠬᠤ᠂ ᠪᠦᠯᠦᠭᠵᠢᠬᠦ ᠳᠠᠰᠢ ᠬᠥᠭᠵᠢᠬᠦ ᠶᠢ | ᠠᠬᠢᠭᠤᠯᠤᠨ᠎ᠠ᠃ ᠣᠷᠭᠠᠨᠢᠭ ᠪᠤᠭᠤᠳᠠᠢ᠂ ᠣᠷᠭᠠᠨᠢᠭ ᠬᠤᠯᠢᠮᠠᠭ ᠠᠮᠤ᠂ ᠣᠷᠭᠠᠨᠢᠭ ᠢᠳᠡᠰᠢᠨ ᠨᠣᠭᠤᠭ᠎ᠠ ᠵᠡᠷᠭᠡ ᠶᠢᠨ | ᠣᠨᠴᠠᠯᠢᠭᠲᠤ ᠪᠦᠲᠦᠭᠡᠭᠳᠡᠬᠦᠨ ᠪᠠ ᠲᠠᠷᠢᠮᠠᠯ ᠤᠨ ᠬᠡᠪᠴᠢᠶ᠎ᠡ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ | ᠲᠦᠷᠦᠯ ᠲᠡᠮᠳᠡᠭᠵᠢᠭᠦᠯᠬᠦ ᠪᠠ ᠵᠠᠬᠢᠶᠠᠯᠠᠨ ᠦᠢᠯᠡᠳᠬᠦ ᠬᠥᠭᠵᠢᠯᠲᠡ ᠶᠢ ᠪᠡᠶᠡᠯᠡᠭᠦᠯᠦᠨ᠎ᠡ᠃ ᠠᠯᠠᠱᠠ ᠶᠢᠨ ᠴᠠᠭᠠᠨ | ᠨᠣᠯᠤᠥᠷ ᠤᠨ ᠢᠮᠠᠭ᠎ᠠ᠂ ᠠᠳᠦ᠋ ᠠᠯᠠᠰᠢᠨ ᠬᠤᠨᠢ᠂ ᠬᠤᠣᠰ ᠪᠥᠬᠦᠲᠦ ᠲᠡᠮᠡᠭᠡ᠂ ᠮᠣᠩᠭᠤᠯ ᠦᠬᠡᠷ᠂ ᠮᠣᠩᠭᠤᠯ ᠮᠣᠷᠢ | ᠵᠡᠷᠭᠡ ᠳᠠᠪᠠᠭᠤᠯᠢᠭ ᠣᠨᠴᠠᠯᠢᠭᠲᠤ ᠮᠠᠯ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ᠂ ᠰᠦ | ᠮᠢᠬ᠎ᠠ ᠨᠣᠯᠤᠥᠷ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠣᠩᠭᠤᠯ ᠠᠳᠤᠭᠤᠨ ᠤ ᠤᠳᠤᠮᠰᠢᠯ ᠤᠨ ᠭᠧᠨ ᠪᠠ | ᠠᠯᠠᠱᠠ ᠶᠢᠨ ᠠᠳᠤᠭᠤᠨ ᠤ ᠳᠦᠷᠰᠦ ᠶᠢᠨ ᠰᠦᠷᠦᠭ ᠤᠨ ᠦᠷᠡᠵᠢᠯᠲᠡ ᠶᠢ ᠬᠠᠮᠠᠭᠠᠯᠠᠵᠤ᠂ ᠪᠠᠷᠰ ᠤᠨ ᠡᠷᠢᠶ᠎ᠡ ᠲᠠᠢ | ᠮᠣᠷᠢ ᠪᠠ ᠣᠳᠣᠯᠢᠭ ᠠᠳᠤᠭᠤᠨ ᠤ ᠣᠷᠣᠨ ᠨᠤᠲᠤᠭ ᠤᠨ ᠣᠨᠴᠠᠯᠢᠭᠲᠤ ᠡᠭᠦᠯᠳᠡᠷ ᠢ ᠭᠤᠣᠯᠳᠠᠯᠭ᠎ᠠ ᠲᠠᠢ ᠠᠪᠤᠷᠠᠬᠤ | ᠪᠠ ᠦᠷᠡᠵᠢᠭᠦᠯᠦᠨ ᠪᠣᠶᠢᠵᠢᠭᠤᠯᠤᠨ᠎ᠠ᠃ ᠲᠡᠮᠡᠭᠡᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠡᠮᠬᠢ | ᠵᠢᠷᠤᠮ ᠲᠠᠢ ᠪᠠᠷ ᠬᠥᠲᠥᠯᠥᠨ ᠵᠢᠯᠤᠭᠤᠳᠴᠤ᠂ ᠲᠡᠮᠡᠭᠡᠨ ᠤ ᠲᠡᠵᠢᠭᠡᠨ ᠦᠷᠡᠵᠢᠭᠦᠯᠬᠦ ᠶᠢ ᠵᠢᠷᠤᠮᠵᠢᠭᠤᠯᠤᠨ᠂ ᠲᠡᠮᠡᠭᠡᠨ ᠤ | ᠨᠣᠯᠤᠥᠷ᠂ ᠲᠡᠮᠡᠭᠡᠨ ᠰᠦ᠂ ᠲᠡᠮᠡᠭᠡᠨ ᠮᠢᠬ᠎ᠠ ᠵᠡᠷᠭᠡ ᠰᠢᠷᠢᠰ ᠪᠦᠲᠦᠭᠡᠭᠳᠡᠬᠦᠨ ᠢ ᠡᠳ᠋ᠰᠢᠭᠦᠯᠬᠦ ᠠᠵᠢᠯ ᠢ ᠰᠠᠶᠢᠲᠤᠷ | ᠬᠢᠵᠦ᠂ ᠲᠡᠮᠡᠭᠡᠨ ᠰᠢᠶᠠᠩ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠦᠷᠢᠯᠳᠦᠭᠦᠯᠦᠨ᠎ᠡ᠃ | ᠡᠯᠡᠰᠦ ᠮᠠᠩᠬ᠎ᠠ ᠶᠢᠨ ᠣᠬᠢ ᠵᠢᠮᠢᠰ ᠢᠳᠡᠰᠢᠨ ᠨᠣᠭᠤᠭᠠᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠠᠷᠠᠭᠤᠨ | ᠪᠡᠯ᠂ ᠤᠨᠳᠤᠷᠤᠯᠲᠤ᠂ ᠵᠢᠷᠠᠲᠠᠢ ᠵᠡᠷᠭᠡ ᠰᠤᠮᠤ ᠪᠠᠯᠭᠠᠰᠤᠨ ᠳᠤ ᠴᠢᠨᠠᠷ ᠰᠠᠶᠢᠲᠠᠢ ᠣᠶ ᠵᠢᠮᠢᠰ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ᠃ ᠬᠦᠮᠡᠯᠢ᠂ ᠡᠯᠡᠰᠦᠨ ᠯᠤᠤᠪᠠᠩ ᠵᠡᠷᠭᠡ ᠡᠯᠡᠰᠦᠨ ᠳᠤ ᠤᠷᠭᠤᠬᠤ ᠤᠷᠭᠤᠮᠠᠯ ᠢ ᠬᠥᠮᠥᠨ ᠤ | ᠬᠦᠴᠦ ᠪᠠᠷ ᠲᠠᠷᠢᠵᠤ᠂ ᠢᠳᠡᠰᠢᠨ ᠨᠣᠭᠤᠭ᠎ᠠ ᠶᠢᠨ ᠬᠦᠯᠡᠮᠵᠢ᠂ ᠨᠡᠷᠡᠨ ᠭᠡᠷᠡᠯ ᠤᠨ ᠬᠦᠯᠡᠮᠵᠢ ᠵᠡᠷᠭᠡ ᠤᠰᠤ ᠠᠷᠪᠢᠯᠠᠬᠤ | ᠥᠨᠳᠥᠷ ᠦᠷ᠎ᠡ ᠠᠰᠢᠭᠲᠤ ᠲᠠᠷᠢᠶᠠᠯᠠᠩ ᠤᠨ ᠲᠥᠬᠦᠭᠡᠷᠦᠮᠵᠢ ᠶᠢ ᠨᠡᠮᠡᠭᠳᠡᠭᠦᠯᠦᠨ᠂ ᠭᠡᠷᠡᠯ ᠸᠣᠯᠲ ᠤᠨ ᠲᠠᠷᠢᠶᠠᠯᠠᠩ ᠢ | ᠨᠢᠭᠡ ᠴᠣᠭᠴᠠᠵᠢᠭᠤᠯᠬᠤ᠂ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ ᠥᠨᠳᠥᠷ ᠳᠠᠯᠠᠩ ᠢ ᠵᠡᠷᠭᠡᠪᠡᠷ | ᠶᠠᠪᠤᠭᠤᠯᠬᠤ ᠵᠡᠷᠭᠡ ᠮᠡᠷᠭᠡᠵᠢᠯ ᠢ ᠳᠡᠯᠭᠡᠷᠡᠭᠦᠯᠵᠦ᠂ ᠡᠯᠡᠰᠦᠨ ᠳᠤ ᠤᠷᠭᠤᠬᠤ ᠤᠷᠭᠤᠮᠠᠯ ᠢ ᠠᠵᠤ ᠦᠢᠯᠡᠰᠵᠢᠭᠦᠯᠦᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ | ᠥᠪᠡᠷᠮᠢᠴᠡ ᠣᠨᠴᠠᠯᠢᠭ ᠲᠠᠢ ᠵᠢᠩᠬᠢᠨᠢ ᠡᠮ ᠤᠨ ᠮᠠᠲ᠋ᠧᠷᠢᠶᠠᠯ ᠢ ᠦᠢᠯᠡᠳᠪᠦᠷᠢᠯᠡᠵᠦ ᠡᠳ᠋ᠰᠢᠭᠦᠯᠬᠦ ᠠᠵᠤ | ᠦᠢᠯᠡᠰ ᠢ ᠪᠦᠷᠢᠯᠳᠦᠭᠦᠯᠦᠨ᠎ᠡ᠃ ᠠᠯᠠᠱᠠ ᠵᠡᠭᠦᠨ ᠬᠤᠰᠢᠭᠤᠨ ᠤ ᠣᠨᠴᠠᠯᠢᠭᠲᠤ ᠬᠢᠲᠠᠳ ᠡᠮ ᠤᠨ ᠮᠠᠲ᠋ᠧᠷᠢᠶᠠᠯ ᠤᠨ | ᠡᠬᠢ ᠪᠠᠶᠠᠯᠢᠭ ᠤᠨ ᠲᠣᠭᠤᠷᠢᠨ ᠳᠤ᠂ ᠬᠡᠭᠡᠷ᠎ᠡ ᠶᠢᠨ ᠴᠠᠭᠠᠨ ᠭᠤᠶᠣᠣ᠂ ᠡᠭᠡᠮ ᠠᠷᠭ᠎ᠠ ᠶᠢᠨ ᠬᠠᠮᠠᠭᠠᠯᠠᠯᠲᠠ ᠶᠢ | ᠴᠢᠩᠭᠠᠳᠬᠠᠵᠤ᠂ ᠵᠢᠩᠬᠢᠨᠢ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠭᠤᠣᠯ ᠪᠣᠯᠬᠤ ᠬᠢᠲᠠᠳ ᠡᠮ ᠤᠨ ᠮᠠᠲ᠋ᠧᠷᠢᠶᠠᠯ ᠤᠨ ᠲᠥᠷᠥᠯ | ᠵᠦᠢᠯ ᠤᠨ ᠵᠢᠩᠬᠢᠨᠢ ᠴᠢᠨᠠᠷ ᠢ ᠪᠠᠲᠤᠯᠠᠨ᠂ ᠡᠮ ᠤᠨ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠰᠢᠬᠢᠷ ᠡᠪᠡᠰᠦ᠂ ᠰᠢᠬᠢᠷ ᠪᠤᠶᠠ᠂ ᠰᠣᠭᠲᠣᠭᠤ ᠡᠪᠡᠰᠦ ᠵᠡᠷᠭᠡ ᠤᠯᠠᠮᠵᠢᠯᠠᠯᠲᠤ ᠳᠠᠪᠠᠭᠤᠯᠢᠭ ᠬᠢᠲᠠᠳ ᠡᠮ ᠤᠨ | ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠥᠷᠭᠡᠳᠬᠡᠵᠦ᠂ ᠵᠢᠩᠬᠢᠨᠢ ᠡᠮ ᠤᠨ ᠮᠠᠲ᠋ᠧᠷᠢᠶᠠᠯ ᠤᠨ GAP | ᠦᠢᠯᠡᠳᠪᠦᠷᠢᠯᠡᠯ ᠢ ᠬᠡᠷᠡᠭᠵᠢᠭᠦᠯᠦᠨ᠂ ᠵᠢᠷᠤᠮᠵᠢᠭᠰᠠᠨ ᠳᠠᠷᠢᠬᠤ ᠰᠠᠭᠤᠷᠢᠨ ᠭᠠᠵᠠᠷ ᠤᠨ ᠣᠷᠴᠢᠨ ᠲᠣᠭᠤᠷᠢᠨ᠂ ᠦᠷ᠎ᠡ | ᠡᠳ᠋ ᠤᠨ ᠴᠢᠨᠠᠷ ᠴᠢᠨᠰᠠᠭ᠎ᠠ ᠶᠢ ᠡᠵᠡᠮᠳᠡᠬᠦ᠂ ᠳᠠᠷᠢᠬᠤ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ᠂ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ᠂ ᠲᠡᠭᠦᠵᠦ ᠪᠣᠯᠪᠠᠰᠤᠷᠠᠭᠤᠯᠬᠤ ᠪᠠᠷ ᠳᠡᠮᠵᠢᠨ᠂ ᠪᠠᠷᠢᠮᠵᠢᠶᠠᠲᠤ | ᠠᠵᠢᠯᠯᠠᠬᠤ ᠳᠦᠷᠢᠮ ︵ SOP︶ ᠢ ᠪᠡᠶᠡᠯᠡᠭᠦᠯᠵᠦ᠂ ᠠᠵᠤ ᠠᠬᠤᠶᠢᠯᠠᠯ ᠬᠢᠭᠡᠳ ᠡᠮ ᠤᠨ ᠲᠠᠷᠢᠶᠠᠴᠢᠳ ᠤᠨ | GAP ᠭᠡᠷᠡᠴᠢᠯᠡᠭᠡ ᠬᠢᠬᠦ ᠪᠠ ᠪᠣᠬᠢᠷᠲᠤᠯ ᠦᠭᠡᠢ ᠣᠷᠭᠠᠨᠢᠭ ᠭᠡᠷᠡᠴᠢᠯᠡᠭᠡ ᠬᠢᠬᠦ ᠶᠢ ᠳᠡᠮᠵᠢᠨ᠎ᠡ᠃ ᠤᠯᠤᠰ ᠤᠨ | ᠳᠣᠲᠣᠭᠠᠳᠤ ᠭᠠᠳᠠᠭᠠᠳᠤ ᠶᠢᠨ ᠡᠮ ᠡᠮᠨᠡᠯᠭᠡ ᠶᠢᠨ ᠠᠵᠤ ᠠᠬᠤᠶᠢᠯᠠᠯ ᠢ ᠲᠡᠳᠡᠨ ᠣᠷᠣᠭᠤᠯᠵᠤ ᠪᠠᠶᠢᠭᠠᠳ ᠡᠮ | ᠡᠮᠨᠡᠯᠭᠡ ᠶᠢᠨ ᠠᠵᠤ ᠦᠢᠯᠡᠰ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠥᠪᠯᠡᠷᠡᠭᠦᠯᠦᠨ ᠡᠮ ᠤᠨ | ᠮᠠᠲ᠋ᠧᠷᠢᠶᠠᠯ ᠳᠠᠷᠢᠬᠤ᠂ ᠡᠳ᠋ᠰᠢᠭᠦᠯᠬᠦ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ | ᠣᠳᠣᠬᠢᠴᠢᠯᠠᠭᠰᠠᠨ ᠬᠢᠲᠠᠳ ᠡᠮ ᠤᠨ ᠠᠵᠤ ᠦᠢᠯᠡᠰ ᠢ ᠬᠥᠭᠵᠢᠭᠦᠯᠵᠦ᠂ ᠬᠢᠲᠠᠳ ᠡᠮ ᠡᠮᠨᠡᠯᠭᠡ ︵ ᠮᠣᠩᠭᠤᠯ ᠡᠮ | ᠡᠮᠨᠡᠯᠭᠡ︶ ᠂ ᠠᠮᠢᠳᠤ ᠪᠣᠳᠠᠰ ᠤᠨ ᠡᠮ ᠦᠢᠯᠡᠳᠬᠦ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ | ᠪᠤᠵᠠᠭᠠᠶᠢᠷᠠᠭᠤᠯᠵᠤ᠂ ᠪᠠᠷᠠᠭᠤᠨ ᠬᠤᠶᠢᠲᠤ ᠣᠷᠣᠨ ᠤ ᠣᠨᠴᠠᠯᠢᠭᠲᠤ ᠵᠢᠩᠬᠢᠨᠢ ᠡᠮ ᠤᠨ ᠮᠠᠲ᠋ᠧᠷᠢᠶᠠᠯ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ ᠢ ᠴᠢᠷᠮᠠᠶᠢᠨ ᠪᠦᠷᠢᠯᠳᠦᠭᠦᠯᠦᠨ᠎ᠡ᠃ ᠡᠮᠲᠦ ᠢᠳᠡᠭᠡᠨ ᠤ ᠠᠳᠠᠯᠢ ᠢᠷᠡᠯᠲᠡ ᠲᠠᠢ | ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠵᠠᠭᠤᠨ ᠲᠦᠮᠡᠨ ᠮᠤ᠋ ᠴᠠᠭᠠᠨ ᠭᠤᠶᠣᠣ ᠪᠠ | ᠤᠯᠠᠭᠠᠨ ᠭᠤᠶᠣᠣ ᠲᠠᠷᠢᠮᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠪᠠᠨ ᠨᠡᠮᠡᠭᠳᠡᠭᠦᠯᠦᠨ᠂ ᠥᠨᠳᠥᠷ ᠨᠡᠮᠡᠯᠲᠡ ᠥᠷᠳᠡᠭ ᠪᠦᠬᠦᠢ ᠦᠢᠯᠡᠳᠬᠦᠨ ᠪᠠ ᠴᠠᠭᠠᠨ ᠭᠤᠶᠣᠣ | ᠤᠯᠠᠭᠠᠨ ᠭᠤᠶᠣᠣ ᠺᠣᠹᠧ᠂ ᠴᠠᠭᠠᠨ ᠭᠤᠶᠣᠣ ᠤᠯᠠᠭᠠᠨ ᠭᠤᠶᠣᠣ ᠵᠢᠮᠢᠰ ᠤᠨ ᠪᠣᠭᠤᠷᠰᠤᠭ ᠵᠡᠷᠭᠡ ᠠᠷᠠᠳ ᠤᠯᠠᠨ ᠤ | ᠬᠡᠷᠡᠭᠯᠡᠭᠡᠨ ᠳᠤ ᠲᠣᠬᠢᠷᠠᠬᠤ ᠤᠯᠠᠮᠵᠢᠯᠠᠯᠲᠤ ᠡᠷᠡᠭᠦᠯᠵᠢᠯ᠂ ᠰᠡᠯᠡᠭᠦᠴᠡᠯ ᠤᠨ ᠢᠳᠡᠭᠡᠨ ᠢ ᠰᠤᠳᠤᠯᠤᠨ ᠨᠡᠭᠡᠭᠡᠵᠦ᠂ | ᠴᠠᠭᠠᠨ ᠭᠤᠶᠣᠣ ᠪᠠ ᠤᠯᠠᠭᠠᠨ ᠭᠤᠶᠣᠣ ᠢᠶᠠᠷ ᠭᠤᠣᠯ ᠪᠣᠯᠭᠠᠭᠰᠠᠨ ᠬᠢᠲᠠᠳ ᠡᠮ ᠤᠨ ᠴᠢᠨᠠᠬᠤ ᠡᠮ᠂ | ᠡᠷᠡᠭᠦᠯᠵᠢᠯ ᠤᠨ ᠢᠳᠡᠭᠡᠨ᠂ ᠴᠠᠭᠠᠨ ᠭᠤᠶᠣᠣ ᠠᠷᠢᠬᠢ ᠵᠡᠷᠭᠡ ᠦᠢᠯᠡᠳᠬᠦᠨ ᠤ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠯᠳᠦᠭᠦᠯᠦᠨ᠎ᠡ᠃ | ᠳᠠᠪᠤᠰᠤᠨ ᠨᠠᠭᠤᠷ ᠤᠨ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠵᠢᠷᠠᠲᠠᠢ | ᠬᠢᠭᠡᠳ ᠬᠤᠲᠣᠢ ᠶᠢᠨ ᠨᠠᠭᠤᠷ ᠤᠨ ᠳᠠᠪᠤᠰᠤᠨ ᠨᠠᠭᠤᠷ ᠤᠨ ᠡᠬᠢ ᠪᠠᠶᠠᠯᠢᠭ ᠲᠤ ᠲᠦᠰᠢᠭᠯᠡᠨ᠂ ᠪᠠᠷᠢᠮᠵᠢᠶᠠᠵᠢᠭᠰᠠᠨ᠂ | ᠬᠡᠪᠴᠢᠶᠡᠵᠢᠭᠰᠡᠨ ᠵᠠᠮᠠᠭ ᠤᠨ ᠲᠥᠷᠥᠯ ᠤᠨ ᠲᠡᠵᠢᠭᠡᠨ ᠦᠷᠡᠵᠢᠭᠦᠯᠬᠦ ᠦᠶᠯᠡᠳᠪᠦᠷᠢᠯᠡᠯ ᠡᠳ᠋ᠰᠢᠭᠦᠯᠦᠯᠲᠡ ᠶᠢ | ᠥᠷᠨᠢᠭᠦᠯᠦᠨ᠎ᠡ᠃ ᠥᠪᠥᠷ ᠮᠣᠩᠭᠤᠯ ᠤᠨ ᠪᠢᠴᠢᠯ ᠵᠠᠮᠠᠭ ᠤᠨ ᠰᠠᠶᠢᠨ ᠡᠭᠦᠯᠳᠡᠷ ᠤᠨ ᠲᠥᠪ ᠢ ᠪᠥᠲᠥᠭᠡᠨ ᠪᠠᠶᠢᠭᠤᠯᠵᠤ | ᠂ ᠵᠠᠮᠠᠭ ᠤᠨ ᠲᠥᠷᠥᠯ ᠤᠨ ᠪᠦᠲᠦᠭᠡᠭᠳᠡᠬᠦᠨ ᠤ ᠣᠯᠠᠨ ᠶᠠᠩᠵᠤ ᠶᠢᠨ ᠬᠥᠭᠵᠢᠯᠲᠡ ᠶᠢ ᠬᠥᠲᠥᠯᠦᠨ ᠵᠢᠯᠣᠭᠤᠳᠴᠤ᠂ | ᠳᠠᠪᠤᠰᠤᠲᠤ ᠵᠠᠮᠠᠭ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠱᠤᠷᠠᠭᠯᠢᠭ ᠵᠠᠮᠠᠭ᠂ ᠵᠢᠵᠢᠭ | ᠪᠥᠮᠪᠥᠭᠡᠨ ᠵᠠᠮᠠᠭ᠂ ᠤᠯᠠᠭᠠᠨ ᠪᠥᠮᠪᠥᠭᠡᠨ ᠵᠠᠮᠠᠭ ᠵᠡᠷᠭᠡ ᠠᠵᠤ ᠠᠬᠤᠶ ᠶᠢᠨ ᠵᠠᠮᠠᠭ ᠤᠨ ᠲᠥᠷᠥᠯ ᠤᠨ ᠰᠤᠳᠤᠯᠭᠠᠨ ᠪᠠ | ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ | ᠦᠢᠯᠡᠳᠪᠦᠷᠢᠯᠡᠯ ᠪᠠ ᠭᠦᠢᠯᠭᠡᠭᠡᠨ ᠤ ᠵᠠᠭᠪᠤᠷ ᠤᠨ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ᠣᠶᠤᠨᠴᠢ ᠬᠦᠯᠡᠮᠵᠢ ᠶᠢᠨ ᠠᠵᠤ | ᠦᠶᠯᠡᠳᠪᠦᠷᠢᠵᠢᠭᠦᠯᠦᠨ ᠪᠤᠶᠢᠵᠢᠭᠤᠯᠬᠤ ᠵᠡᠷᠭᠡ ᠮᠡᠷᠭᠡᠵᠢᠯ ᠤᠨ ᠲᠥᠷᠥᠯ ᠵᠦᠶᠯ ᠢ ᠣᠷᠣᠭᠤᠯᠤᠨ ᠠᠪᠴᠢᠷᠠᠨ᠎ᠠ᠃ ︽ | ᠬᠥᠲᠥᠴᠢ ᠠᠵᠤ ᠠᠬᠤᠶᠢᠯᠠᠯ + ᠬᠤᠷᠰᠢᠶ᠎ᠠ + ᠬᠡᠷ ᠪᠦᠯᠢ ᠶᠢᠨ ᠮᠠᠯᠵᠢᠯ ᠤᠨ ᠲᠠᠯᠠᠪᠠᠶ︾ ᠶᠢᠨ ᠦᠶᠯᠡᠳᠪᠦᠷᠢᠯᠡᠯ ᠤᠨ | ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ︽ᠵᠢᠷᠭᠤᠭ᠎ᠠ ᠶᠢ ᠨᠢᠭᠡᠳᠬᠡᠵᠦ ᠭᠤᠷᠪᠠ ᠶᠢ | ᠭᠡᠯᠳᠦᠷᠢᠭᠦᠯᠬᠦ︾ ︵ ᠨᠢᠭᠡᠳᠦᠯᠲᠡᠶ ᠳᠠᠭᠠᠭᠠᠯᠲᠠ ᠬᠢᠬᠦ᠂ ᠨᠢᠭᠡᠳᠦᠯᠲᠡᠶ ᠡᠭᠦᠯᠳᠡᠷ ᠬᠤᠳᠠᠯᠳᠤᠨ ᠠᠪᠬᠤ᠂ ᠨᠢᠭᠡᠳᠦᠯᠲᠡᠶ | ᠬᠡᠷᠡᠰᠬᠡ ᠪᠠᠶᠢᠭᠤᠯᠬᠤ᠂ ᠨᠢᠭᠡᠳᠦᠯᠲᠡᠶ ᠳᠠᠭᠠᠳᠬᠠᠯ ᠬᠢᠬᠦ᠂ ᠨᠢᠭᠡᠳᠦᠯᠲᠡᠶ ᠪᠠᠷᠢᠮᠵᠢᠶ᠎ᠠ ᠲᠣᠭᠲᠠᠭᠠᠬᠤ᠂ ᠨᠢᠭᠡᠳᠦᠯᠲᠡᠶ | ᠡᠭᠡᠭᠦᠯᠦᠨ ᠬᠤᠳᠠᠯᠳᠤᠨ ᠠᠪᠬᠤ ᠪᠠ ᠰᠦᠶᠳᠬᠡᠯ ᠬᠤᠷᠢᠶᠠᠬᠤ ᠥᠬᠡᠶ ᠪᠠᠷ ᠰᠣᠩᠭᠤᠨ ᠪᠤᠶᠢᠵᠢᠭᠤᠯᠵᠤ ᠬᠡᠭᠡᠯᠲᠦᠭᠦᠯᠬᠦ᠂ | ᠰᠦᠶᠳᠬᠡᠯ ᠬᠤᠷᠢᠶᠠᠬᠤ ᠥᠬᠡᠶ ᠪᠠᠷ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠰᠦᠶᠳᠬᠡᠯ ᠬᠤᠷᠢᠶᠠᠬᠤ | ᠥᠬᠡᠶ ᠪᠠᠷ ᠮᠡᠷᠭᠡᠵᠢᠯ ᠤᠨ ᠰᠤᠷᠭᠠᠯᠲᠠ ᠬᠢᠬᠦ︶ ᠶᠢ ᠬᠡᠷᠡᠭᠵᠢᠭᠦᠯᠦᠨ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠬᠢᠭᠡᠳ ᠵᠠᠬ᠎ᠠ ᠳᠡᠯᠭᠡᠭᠦᠷ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠨᠢᠭᠡ ᠪᠦᠯᠦᠭ | ᠪᠠᠶᠠᠵᠢᠯ ᠤᠨ ᠲᠠᠭᠠᠭᠤᠯᠤᠬᠴᠢ᠂ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠴᠠᠬᠢᠮ ᠬᠤᠳᠠᠯᠳᠤᠭᠠᠨ ᠤ | ᠲᠠᠪᠴᠠᠩ᠂ ᠰᠦᠯᠵᠢᠶᠡᠨ ᠳᠤ ᠮᠡᠷᠭᠡᠰᠢᠭᠰᠡᠨ ᠬᠥᠮᠦᠰ ᠢ ᠲᠦᠷᠭᠡᠳᠬᠡᠨ ᠪᠤᠶᠢᠵᠢᠭᠤᠯᠵᠤ᠂ ᠣᠷᠣᠨ ᠪᠦᠰᠡ | ᠠᠯᠤᠰᠯᠠᠭᠰᠠᠨ᠂ ᠴᠠᠬᠢᠮ ᠬᠤᠳᠠᠯᠳᠤᠭ᠎ᠠ ᠵᠡᠷᠭᠡ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠵᠤ᠂ ᠠᠮᠢ ᠠᠬᠤᠶ ᠶᠢᠨ | ᠡᠷᠡᠭᠦᠯ ᠮᠡᠨᠳᠦ ᠶᠢᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢ ᠴᠠᠬᠢᠮ ᠰᠦᠯᠵᠢᠶ᠎ᠡ +ᠪᠠ ᠰᠦᠯᠵᠢᠶᠡᠨ ᠠᠴᠠ | ᠭᠠᠳᠠᠨ᠎ᠠ ᠳᠡᠯᠭᠡᠷᠡᠭᠦᠯᠵᠦ᠂ ᠡᠯᠡᠰᠦᠨ ᠴᠥᠯ ᠤᠨ ᠡᠷᠡᠭᠦᠯ ᠮᠡᠨᠳᠦ ᠶᠢᠨ ᠢᠳᠡᠭᠡᠨ᠂ ᠡᠮ ᠤᠨ ᠵᠦᠶᠯ ᠢ | ᠦᠶᠯᠡᠳᠪᠦᠷᠢᠯᠡᠵᠦ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠷᠢᠯᠳᠦᠭᠦᠯᠦᠨ᠎ᠡ᠃ | | ᠭᠤᠷᠪᠠᠳᠤᠭᠠᠷ ᠬᠡᠰᠡᠭ ᠰᠣᠶᠣᠯ ᠵᠢᠭᠤᠯᠴᠢᠯᠠᠯ ᠤᠨ ᠥᠪᠡᠷᠮᠢᠴᠡ ᠣᠨᠴᠠᠯᠢᠭ ᠪᠦᠬᠦᠢ ᠬᠥᠭᠵᠢᠯᠲᠡ ᠶᠢ | ᠠᠬᠢᠭᠤᠯᠬᠤ ᠲᠤᠬᠠᠢ | ᠪᠠᠶᠢᠭᠠᠯᠢ ᠶᠢᠨ ᠠᠮᠢ ᠠᠬᠤᠶ ᠪᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠣᠨᠴᠠᠯᠢᠭ ᠢᠶᠠᠨ ᠳᠣᠪᠤᠶᠢᠯᠭᠠᠵᠤ᠂ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ︽ᠳᠤᠮᠳᠠᠳᠤ ᠤᠯᠤᠰ ᠤᠨ | ᠦᠵᠡᠮᠦᠷᠢ ᠶᠢᠨ ᠴᠢᠯᠠᠭᠤᠨ ᠤ ᠬᠤᠲᠠ︾ ︽ᠳᠤᠮᠳᠠᠳᠤ ᠤᠯᠤᠰ ᠤᠨ ᠲᠡᠮᠡᠭᠡᠲᠦ ᠨᠤᠲᠤᠭ︾ ᠵᠡᠷᠭᠡ ᠨᠠᠷᠠᠲᠤ | ᠲᠡᠮᠳᠡᠭᠲᠦ ᠳᠤ ᠲᠦᠰᠢᠭᠯᠡᠨ᠂ ᠤᠯᠤᠰ ᠤᠨ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ᠂ ᠬᠠᠲᠤᠨ | ᠭᠤᠤᠯ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠠ ᠲᠣᠬᠢᠶᠠᠯ ᠢ ᠠᠳᠬᠤᠵᠤ᠂ | ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠭᠦᠢᠴᠡᠳᠬᠡᠬᠦ ᠶᠢᠨ ᠲᠣᠭᠤᠷᠢᠨ ᠳᠤ᠂ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ | ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠵᠦ᠂ ᠵᠢᠭᠤᠯᠴᠢᠯᠠᠯ ᠤᠨ ︽ᠲᠣᠮᠣ ᠳ᠋ᠠᠶᠢᠲ᠋ᠠ︾ ᠶᠢᠨ | ᠣᠶᠤᠨᠴᠢ ᠦᠶᠯᠡᠴᠢᠯᠡᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ | ᠴᠢᠩᠭᠠᠷᠠᠭᠤᠯᠤᠨ᠎ᠠ᠃ ︽ᠵᠢᠭᠤᠯᠴᠢᠯᠠᠯ +︾ ᠠᠵᠢᠯᠯᠠᠭ᠎ᠠ ᠶᠢ ᠬᠡᠷᠡᠭᠵᠢᠭᠦᠯᠵᠦ᠂ ᠥᠪᠡᠷ ᠢᠶᠠᠨ ᠵᠢᠯᠣᠭᠤᠴᠢ ᠪᠠᠷ | ᠵᠢᠭᠤᠯᠴᠢᠯᠠᠬᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠡᠯᠡᠰᠦᠨ ᠴᠥᠯ ᠤᠨ ᠵᠢᠭᠤᠯᠴᠢᠯᠠᠯ᠂ ᠪᠠᠷᠲᠠᠭ᠎ᠠ | ᠬᠠᠶᠢᠬᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ ᠳᠥᠷᠪᠡᠨ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ | ᠱᠤᠭᠤᠮ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠬᠡᠷᠡᠭᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ | ᠂ ᠵᠢᠭᠤᠯᠴᠢᠯᠠᠯ ᠬᠢᠭᠡᠳ ᠠᠮᠢ ᠠᠬᠤᠶ᠂ ᠰᠣᠶᠣᠯ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ ᠤᠨ | ᠭᠦᠨᠵᠡᠭᠡᠶ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ | ᠪᠠ ᠭᠠᠵᠠᠷ ᠣᠷᠣᠨ ᠯᠤᠭ᠎ᠠ ᠶᠢᠨ ᠵᠢᠭᠤᠯᠴᠢᠯᠠᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠪᠠᠷᠠᠭᠤᠨ | ᠬᠤᠶᠢᠲᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ︾ ᠶᠢ ᠪᠠᠶᠢᠭᠤᠯᠵᠤ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠲᠠᠪᠴᠠᠩ ᠢ ᠢᠳᠡᠪᠬᠢᠲᠡᠶ ᠪᠠᠷ ᠪᠤᠶᠢᠵᠢᠭᠤᠯᠤᠨ᠂ | ᠤᠯᠠᠨ ᠤᠯᠤᠰ ᠤᠨ ᠡᠯᠡᠰᠦᠨ ᠴᠦᠯ ᠤᠨ ᠵᠢᠭᠤᠯᠴᠢᠯᠠᠯ ᠤᠨ ᠤᠨᠴᠠᠯᠢᠭᠳᠤ ᠵᠣᠷᠢᠭᠰᠠᠨ ᠭᠠᠵᠠᠷ᠂ ᠪᠠᠷᠠᠭᠤᠨ ᠣᠷᠣᠨ ᠤ | ᠵᠠᠩ ᠦᠢᠯᠡ ᠶᠢᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ | ᠮᠠᠰᠢᠨ ᠲᠡᠷᠭᠡᠨ ᠤ ᠬᠥᠳᠡᠯᠭᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠤᠯᠤᠰ ᠤᠨ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ | ᠬᠤᠳᠠᠯᠳᠤᠭᠠᠴᠢᠯᠠᠭᠰᠠᠨ ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ ᠰᠢᠨ᠎ᠡ ᠶᠢ ᠡᠭᠦᠳᠴᠦ᠂ ︽ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ᠤ ᠨᠠᠷᠠᠲᠤ ᠲᠡᠮᠳᠡᠭᠲᠦ ᠪᠠ ᠲᠠᠪᠴᠠᠩ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠵᠢᠭᠤᠯᠴᠢᠯᠠᠯ ᠰᠡᠯᠡᠭᠦᠴᠡᠯ ᠤᠨ ᠬᠦᠷᠢᠶᠡᠨ ᠳᠠᠬᠢ | ᠡᠵᠡᠩᠨᠡᠯᠲᠡ ᠶᠢᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠦᠯᠡᠳᠡᠭᠡᠯ ᠡᠳ᠋ ᠬᠥᠷᠥᠩᠭᠡ ᠪᠠ ᠳᠠᠯᠳᠠ ᠡᠳ᠋ | ᠬᠥᠷᠥᠩᠭᠡ ᠶᠢ ᠠᠮᠢᠳᠤᠯᠢᠭ ᠪᠣᠯᠭᠠᠵᠤ᠂ ᠪᠦᠷᠢᠨ ᠲᠡᠭᠦᠯᠳᠡᠷ ᠬᠠᠮᠢᠶᠠᠷᠤᠯᠲᠠ ᠶᠢᠨ ᠵᠠᠭᠪᠤᠷ ᠪᠠ ᠥᠨᠳᠥᠷ ᠪᠦᠲᠦᠮᠵᠢᠲᠡᠶ | ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ᠂ ᠳᠥᠷᠪᠡᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠢ | ᠪᠦᠷᠢᠯᠳᠦᠭᠦᠯᠦᠨ᠎ᠡ᠃ ᠠᠵᠤ ᠦᠶᠯᠡᠰ ᠤᠨ ᠦᠶᠯᠡᠴᠢᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠮᠠᠰᠢᠨ ᠲᠡᠷᠭᠡ | ᠪᠣᠯᠤᠨ ᠣᠨᠴᠠ ᠲᠥᠷᠥᠯ ᠤᠨ ᠲᠡᠷᠭᠡ ᠬᠥᠰᠬᠡ ᠶᠢᠨ ᠬᠥᠳᠡᠯᠭᠡᠭᠡᠨ᠂ ᠲᠤᠷᠰᠢᠨ ᠰᠤᠷᠭᠠᠯᠲᠠ ᠳᠤ ᠬᠠᠮᠤᠷᠤᠭᠤᠯᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠣᠯᠠᠨ ᠤᠯᠤᠰ ᠤᠨ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠦᠭᠰᠡᠨ ᠲᠤᠷᠰᠢᠯᠭ᠎ᠠ ᠪᠠᠷ ᠲᠣᠯᠢ ᠪᠣᠯᠭᠠᠵᠤ᠂ | ᠰᠢᠷᠢᠰ ᠪᠡᠶ᠎ᠡ ᠶᠢᠨ ᠲᠠᠮᠢᠷ ᠤᠨ ᠦᠶᠯᠡᠳᠬᠦᠨ᠂ ᠲᠥᠷᠥᠯ ᠵᠦᠶᠯ ᠢ ᠨᠡᠭᠡᠭᠡᠨ ᠬᠥᠭᠵᠢᠭᠦᠯᠵᠦ᠂ ︽ᠠᠯᠠᠱᠠ ᠶᠢᠨ | ᠪᠠᠭᠠᠲᠤᠷᠴᠤᠳ ᠤᠨ ᠴᠤᠭᠯᠠᠭᠠᠨ︾ ᠤ ᠨᠠᠷᠠᠲᠤ ᠲᠥᠷᠥᠯ ᠲᠡᠮᠳᠡᠭᠲᠦ ᠶᠢ ᠭᠠᠳᠠᠭᠰᠢ ᠭᠠᠷᠭᠠᠬᠤ ᠶᠢ ᠠᠬᠢᠭᠤᠯᠤᠨ᠂ | ᠪᠠᠭᠠᠲᠤᠷᠴᠤᠳ ᠤᠨ ᠴᠤᠭᠯᠠᠭᠠᠨ ᠬᠢᠭᠡᠳ ᠰᠣᠶᠣᠯ᠂ ᠠᠵᠢᠯ ᠣᠯᠭᠤᠯᠲᠠ᠂ ᠵᠠᠮ ᠬᠠᠷᠢᠯᠴᠠᠭ᠎ᠠ ᠵᠡᠷᠭᠡ ᠬᠦᠷᠢᠶ᠎ᠡ | ᠴᠠᠷᠠᠭ᠎ᠠ ᠶᠢᠨ ᠭᠦᠨᠵᠡᠭᠡᠶ ᠠᠭᠤᠰᠤᠯᠴᠠᠬᠤ ᠶᠢ ᠲᠦᠷᠭᠡᠳᠬᠡᠨ᠎ᠡ᠃ | ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠣᠷᠣᠨ ᠢ ᠪᠦᠳᠦᠭᠡᠨ ᠪᠠᠶᠢᠭᠤᠯᠤᠨ᠎ᠠ᠃ ᠣᠨᠴᠠᠯᠢᠬᠵᠢᠭᠤᠯᠬᠤ᠂ | ᠳᠡᠭᠡᠳᠦ ᠳᠡᠰ ᠤᠨ ᠪᠣᠯᠭᠠᠬᠤ᠂ ᠨᠡᠶᠢᠭᠡᠮ ᠤᠨ ᠰᠦᠷᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ | ᠰᠡᠯᠡᠭᠦᠴᠡᠨ ᠠᠮᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠡᠯᠡᠰᠦ ᠮᠠᠩᠬ᠎ᠠ ᠶᠢᠨ | ᠰᠡᠯᠡᠭᠦᠴᠡᠨ ᠠᠮᠠᠷᠠᠬᠤ ᠪᠠᠷ ᠭᠤᠤᠯ ᠪᠣᠯᠭᠠᠨ᠂ ᠨᠡᠶᠢᠭᠡᠮ ᠤᠨ ᠴᠢᠨᠠᠷ ᠰᠠᠶᠢᠲᠠᠶ ᠬᠥᠷᠥᠩᠭᠡ ᠮᠥᠩᠭᠦ᠂ ᠡᠵᠡᠩᠨᠡᠯᠲᠡ | ᠬᠠᠮᠢᠶᠠᠷᠤᠯᠲᠠ ᠶᠢᠨ ᠰᠢᠯᠢᠳᠡᠭ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠪᠠᠶᠠᠨᠬᠤᠲᠠ ᠶᠢᠨ | ᠵᠢᠭᠤᠯᠴᠢᠯᠠᠯ ᠤᠨ ᠬᠤᠲᠠ ᠶᠢᠨ ᠠᠮᠠᠷᠠᠯᠲᠠ ᠶᠢᠨ ᠴᠢᠳᠠᠮᠵᠢᠳᠤ ᠣᠷᠣᠨ ᠢ ᠪᠥᠲᠥᠭᠡᠨ ᠪᠠᠶᠢᠭᠤᠯᠵᠤ᠂ ᠮᠠᠰᠢᠨ ᠲᠡᠷᠭᠡᠨ ᠤ | ᠬᠥᠳᠡᠯᠭᠡᠭᠡᠨ᠂ ᠬᠡᠷ ᠤᠨ ᠭᠠᠳᠠᠨᠠᠬᠢ ᠬᠥᠳᠡᠯᠭᠡᠭᠡᠨ᠂ ᠴᠡᠷᠢᠭ ᠤᠨ ᠵᠢᠭᠤᠯᠴᠢᠯᠠᠯ ᠤᠨ ᠣᠨᠴᠠᠯᠢᠭ᠂ ᠳᠣᠤᠷ᠎ᠠ ᠠᠭᠠᠷ ᠤᠨ | ᠨᠢᠰᠦᠯᠲᠡ᠂ ᠡᠷᠡᠭᠦᠯ ᠢᠶᠠᠷ ᠪᠡᠶ᠎ᠡ ᠰᠤᠪᠢᠯᠠᠬᠤ᠂ ᠰᠣᠶᠣᠯ ᠤᠷᠠᠯᠢᠭ ᠰᠡᠯᠡᠭᠦᠴᠡᠯ ᠵᠡᠷᠭᠡ ᠶᠢᠨ ᠪᠦᠯᠦᠭᠵᠢᠬᠦ᠂ | ᠠᠭᠤᠰᠤᠯᠴᠠᠬᠤ᠂ ᠥᠷᠲᠡᠭᠵᠢᠬᠦ ᠬᠥᠭᠵᠢᠯᠲᠡ ᠶᠢ ᠠᠬᠢᠭᠤᠯᠤᠨ᠎ᠠ᠃ | ᠳᠠᠪᠤᠰᠤᠨ ᠤᠬᠢᠶᠠᠯᠭ᠎ᠠ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ | ᠵᠢᠷᠠᠲᠠᠢ ᠶᠢᠨ ᠳᠠᠪᠤᠰᠤᠨ ᠨᠠᠭᠤᠷ ᠤᠨ ᠡᠬᠢ ᠪᠠᠶᠠᠯᠢᠭ ᠪᠠ ᠨᠠᠭᠤᠷ ᠤᠨ ᠳᠠᠪᠤᠰᠤ ᠶᠢ ᠨᠡᠭᠡᠭᠡᠨ ᠬᠥᠭᠵᠢᠭᠦᠯᠦᠭᠰᠡᠨ ᠥᠨᠢ | ᠤᠳᠠᠭᠠᠨ ᠲᠡᠤᠬᠡ ᠳᠤ ᠲᠦᠰᠢᠭᠯᠡᠨ᠂ ᠳᠠᠪᠤᠰᠤᠨ ᠨᠠᠭᠤᠷ ᠤᠨ ᠮᠦᠽᠧᠶ ᠪᠠ ᠰᠣᠶᠣᠯ ᠤᠨ ᠣᠷᠳᠣᠨ᠂ ᠳᠠᠪᠤᠰᠤᠨ | ᠨᠠᠭᠤᠷ ᠤᠨ ᠤᠨᠴᠠᠯᠢᠭᠳᠤ ᠰᠣᠶᠣᠯ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠳᠠᠪᠤᠰᠤᠨ ᠨᠠᠭᠤᠷ ᠤᠨ | ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠲᠣᠭᠤᠷᠢᠭ᠂ ᠳᠠᠪᠤᠰᠤᠨ ᠨᠠᠭᠤᠷ ᠤᠨ ᠪᠡᠶ᠎ᠡ ᠰᠤᠪᠢᠯᠠᠯᠲᠠ ᠶᠢᠨ | ᠪᠡᠶᠡᠴᠢᠯᠡᠨ ᠣᠶᠢᠯᠠᠭᠠᠬᠤ ᠣᠷᠳᠣᠨ᠂ ᠰᠣᠶᠣᠯ ᠤᠨ ᠭᠤᠤᠯ ᠰᠡᠳᠦᠪᠲᠦ ᠪᠠᠭᠤᠳᠠᠯ ᠢ ᠭᠤᠤᠯᠳᠠᠯᠭ᠎ᠠ ᠲᠠᠢ ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠵᠤ᠂ ᠳᠠᠪᠤᠰᠤᠨ ᠵᠠᠮᠠᠭ ᠲᠡᠭᠦᠬᠦ᠂ ᠳᠠᠪᠤᠰᠤᠨ ᠤᠬᠢᠶᠠᠯᠭ᠎ᠠ᠂ ᠳᠠᠪᠤᠰᠤᠨ ᠵᠠᠰᠠᠯ | ᠵᠡᠷᠭᠡ ᠪᠡᠶᠡᠴᠢᠯᠡᠨ ᠣᠶᠢᠯᠠᠭᠠᠬᠤ ᠲᠠᠪᠴᠠᠩ ᠢ ᠥᠷᠭᠡᠳᠬᠡᠨ᠎ᠡ᠃ | ᠬᠠᠴᠢᠨ ᠴᠢᠯᠠᠭᠤ ᠶᠢ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠤᠨ᠎ᠠ᠃ ︽ᠳᠤᠮᠳᠠᠳᠤ ᠤᠯᠤᠰ ᠤᠨ | ᠦᠵᠡᠮᠦᠷᠢ ᠶᠢᠨ ᠴᠢᠯᠠᠭᠤᠨ ᠤ ᠬᠤᠲᠠ︾ ᠶᠢᠨ ᠨᠠᠷᠠᠲᠤ ᠲᠥᠷᠥᠯ ᠲᠡᠮᠳᠡᠭᠲᠦ ᠳᠤ ᠲᠦᠰᠢᠭᠯᠡᠨ᠂ ᠲᠦᠭᠦᠬᠡᠶ | ᠮᠠᠲ᠋ᠧᠷᠢᠶᠠᠯ ᠰᠤᠷᠭᠠᠯᠲᠠ ᠳᠤ ᠬᠠᠮᠤᠷᠤᠭᠤᠯᠬᠤ᠂ ᠵᠢᠷᠤᠵᠤ ᠲᠥᠯᠥᠪᠯᠡᠨ ᠰᠡᠶᠢᠯᠬᠦ᠂ ᠰᠣᠶᠣᠯ ᠤᠨ ᠡᠭᠦᠳᠦᠯᠲᠡ ᠶᠢᠨ | ᠦᠶᠯᠡᠳᠬᠦᠨ᠂ ᠡᠵᠡᠩᠨᠡᠨ ᠪᠣᠷᠣᠯᠠᠭᠤᠯᠬᠤ ᠳᠡᠯᠭᠡᠨ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠠᠵᠤ | ᠦᠶᠯᠡᠰ ᠤᠨ ᠬᠡᠯᠬᠢᠶ᠎ᠡ ᠶᠢ ᠪᠠᠶᠢᠭᠤᠯᠵᠤ᠂ ᠪᠠᠷᠠᠭᠤᠨ ᠬᠤᠶᠢᠲᠤ ᠣᠷᠣᠨ ᠢ ᠪᠦᠷᠬᠦᠭᠰᠡᠨ᠂ ᠪᠥᠬᠦ ᠤᠯᠤᠰ ᠢ | ᠨᠥᠯᠥᠭᠡᠯᠡᠭᠰᠡᠨ ᠬᠠᠴᠢᠨ ᠴᠢᠯᠠᠭᠤ ᠶᠢ ᠲᠥᠪᠯᠡᠷᠡᠭᠦᠯᠦᠨ ᠲᠠᠷᠬᠠᠭᠠᠬᠤ ᠠᠷᠠᠯᠵᠢᠶᠠᠨ ᠤ ᠲᠥᠪ ᠢ ᠪᠦᠷᠢᠯᠳᠦᠭᠦᠯᠦᠨ᠎ᠡ᠃ | ᠠᠷᠠᠯᠵᠢᠶᠠᠨ ᠤ ᠲᠣᠭᠲᠠᠴᠠ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠷᠳᠡᠨᠢ ᠶᠢᠨ ᠬᠠᠰ ᠴᠢᠯᠠᠭᠤ ᠶᠢ ᠰᠢᠯᠭᠠᠨ | ᠪᠠᠶᠢᠴᠠᠭᠠᠵᠤ ᠬᠢᠨᠠᠨ ᠲᠣᠭᠲᠠᠭᠠᠬᠤ ᠲᠥᠪ ᠢ ᠪᠠᠶᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠢ ᠵᠢᠯᠣᠭᠤᠳᠤᠨ | ᠦᠢᠯᠡᠴᠢᠯᠡᠭᠡᠨ ᠤ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠤᠨ | ᠨᠥᠯᠥᠭᠡᠯᠡᠬᠦ ᠬᠦᠴᠦᠨ ᠢ ᠭᠦᠶᠴᠡᠳ ᠪᠠᠳᠠᠷᠠᠭᠤᠯᠵᠤ᠂ ᠲᠣᠣ ᠪᠦᠦ᠂ ᠱᠠᠩᠨᠠᠯ ᠤᠨ ᠬᠠᠰ ᠢᠶᠠᠷ ᠭᠤᠤᠯ ᠰᠡᠳᠦᠪ | ᠪᠣᠯᠭᠠᠭᠰᠠᠨ ᠰᠣᠶᠣᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠡᠷᠭᠢᠯᠡᠵᠦ᠂ ︽ᠬᠤᠪᠢᠯᠭᠠᠨ ᠲᠡᠮᠡᠭᠡ ᠱᠠᠩᠨᠠᠯ︾ | ᠤᠨ ᠰᠢᠯᠭᠠᠷᠠᠭᠤᠯᠤᠯᠲᠠ ᠵᠢᠴᠢ ︽ᠪᠠᠶᠢᠭᠠᠯᠢ ᠶᠢᠨ ᠬᠦᠴᠦᠨ ᠤ ᠱᠠᠩᠨᠠᠯ︾ ᠤᠨ ᠰᠣᠩᠭᠤᠯᠲᠠ ᠵᠡᠷᠭᠡ ᠨᠠᠷᠠᠲᠤ | ᠲᠥᠷᠥᠯ ᠲᠡᠮᠳᠡᠭᠲᠦ ᠶᠢᠨ ᠤᠷᠤᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠲᠥᠷᠥᠯ ᠤᠨ ᠠᠵᠢᠯᠲᠠᠳ ᠲᠤ | ᠤᠷᠤᠯᠳᠤᠭᠠᠨ ᠤ ᠦᠵᠡᠭᠦᠯᠦᠯᠭᠡ ᠶᠢᠨ ᠦᠶᠯᠡᠴᠢᠯᠡᠭᠡᠨ ᠤ ᠲᠠᠪᠴᠠᠩ ᠬᠠᠩᠭᠠᠵᠤ᠂ ᠠᠯᠠᠱᠠ ᠶᠢᠨ ᠬᠠᠰ ᠴᠢᠯᠠᠭᠤᠨ ᠤ | ᠪᠦᠲᠦᠭᠡᠭᠳᠡᠬᠦᠨ ᠤ ᠪᠦᠲᠦᠭᠡᠯᠴᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠵᠡᠩᠨᠡᠨ ᠪᠣᠷᠣᠯᠠᠭᠤᠯᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠤᠯᠤᠰ ᠤᠨ ᠡᠯ᠎ᠡ ᠭᠠᠵᠠᠷ ᠤᠨ ᠦᠵᠡᠮᠦᠷᠢ ᠶᠢᠨ ᠴᠢᠯᠠᠭᠤ᠂ ᠡᠷᠳᠡᠨᠢ ᠶᠢᠨ | ᠬᠠᠰ ᠤᠨ ᠨᠡᠶᠢᠭᠡᠮᠯᠢᠭ ᠯᠦᠭᠡ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ︾ ᠬᠤᠯᠪᠣᠭ᠎ᠠ | ᠠᠪᠴᠤ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠶᠡᠭᠡ ᠪᠠᠭᠰᠢ ᠶᠢ ᠣᠷᠣᠭᠤᠯᠤᠨ ᠠᠪᠴᠢᠷᠠᠵᠤ᠂ ᠴᠠᠬᠢᠮ ᠬᠤᠳᠠᠯᠳᠤᠭᠠᠨ ᠤ ᠳᠠᠳᠤᠯᠭ᠎ᠠ ᠰᠤᠷᠭᠠᠯᠲᠠ ᠶᠢᠨ | ᠰᠠᠭᠤᠷᠢᠨ ᠭᠠᠵᠠᠷ ᠤᠨ ᠳᠠᠪᠠᠭᠤᠯᠢᠭ ᠢ ᠪᠠᠳᠠᠷᠠᠭᠤᠯᠤᠨ᠂ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠡᠷᠳᠡᠨᠢ ᠶᠢᠨ ᠬᠠᠰ ᠤᠨ ᠤᠷᠠᠯᠢᠭᠵᠢᠭᠤᠯᠬᠤ᠂ ᠥᠪᠡᠷᠮᠢᠴᠡᠵᠢᠭᠦᠯᠦᠨ ᠡᠳ᠋ᠰᠢᠭᠦᠯᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠤᠯᠠᠮᠵᠢᠯᠠᠯᠲᠤ ᠭᠠᠷ ᠤᠷᠠᠯᠠᠯ ᠬᠢᠭᠡᠳ ᠣᠳᠣᠬᠢᠴᠢᠯᠠᠭᠰᠠᠨ ᠵᠢᠷᠤᠭ ᠲᠥᠯᠥᠪᠯᠡᠭᠡ ᠶᠢᠨ | ᠠᠭᠤᠰᠤᠯᠴᠠᠯ ᠢ ᠠᠬᠢᠭᠤᠯᠵᠤ᠂ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ᠂ ᠪᠦᠲᠦᠭᠡᠭᠳᠡᠬᠦᠨ ᠤ ᠲᠥᠷᠥᠯ | ᠬᠡᠯᠪᠡᠷᠢ ᠶᠢ ᠪᠠᠶᠠᠯᠢᠭᠵᠢᠭᠤᠯᠤᠨ᠎ᠠ᠃ | ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠥᠪ ᠢ ᠪᠠᠶᠢᠭᠤᠯᠤᠨ᠎ᠠ᠃ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠣᠶᠣᠯ ᠤᠷᠠᠯᠢᠭ ᠤᠨ | ᠪᠦᠲᠦᠭᠡᠯᠴᠢ ᠲᠥᠰᠥᠪᠯᠡᠯ ᠤᠨ ᠴᠢᠳᠠᠪᠤᠷᠢᠲᠠᠨ ᠢ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠥᠪ᠂ | ᠠᠮᠢ ᠠᠬᠤᠢ ᠶᠢᠨ ᠤᠷᠠᠯᠢᠭ ᠤᠨ ᠰᠠᠭᠤᠷᠢᠰᠢᠯ᠂ ᠰᠣᠶᠣᠯ ᠤᠷᠠᠯᠢᠭ ᠤᠨ ᠵᠡᠭᠡᠯᠢ ᠲᠣᠭᠤᠷᠢᠭ ᠢ ᠴᠣᠭᠴᠠᠯᠠᠨ | ᠪᠠᠶᠢᠭᠤᠯᠵᠤ᠂ ᠡᠯ᠎ᠡ ᠲᠥᠷᠥᠯ ᠤᠨ ᠰᠣᠶᠣᠯ ᠤᠨ ᠡᠭᠦᠳᠦᠯᠲᠡ ᠶᠢᠨ ᠪᠠ ᠤᠷᠠᠯᠢᠭ ᠤᠨ ᠵᠢᠷᠤᠭ ᠲᠥᠯᠥᠪᠯᠡᠭᠡ ᠶᠢᠨ | ᠤᠷᠤᠯᠳᠤᠭᠠᠨ ᠢ ᠡᠷᠭᠢᠯᠡᠨ᠂ ᠲᠣᠭᠯᠠᠯᠲᠠ ᠶᠢᠨ ᠤᠷᠠᠯᠢᠭ᠂ ᠥᠪ ᠤᠨ ᠪᠤᠰᠤ ᠪᠦᠲᠦᠭᠡᠭᠳᠡᠬᠦᠨ᠂ ᠦᠨᠳᠦᠰᠦᠲᠡᠨ ᠤ | ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ ᠪᠦᠲᠦᠭᠡᠯᠴᠢ ᠲᠥᠰᠥᠪᠯᠡᠯ ᠤᠨ ᠵᠢᠭᠤᠯᠴᠢᠯᠠᠯ ᠤᠨ ᠲᠠᠸᠠᠷ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠰᠣᠶᠣᠯ ᠤᠨ ᠡᠭᠦᠳᠦᠯᠲᠡ ᠶᠢᠨ ᠵᠢᠷᠤᠭ ᠲᠥᠯᠥᠪᠯᠡᠭᠡ ᠶᠢᠨ | ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠦᠢᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ | ᠰᠣᠶᠣᠯ ᠤᠨ ᠡᠭᠦᠳᠦᠯᠲᠡ ᠶᠢᠨ ᠠᠵᠤ ᠦᠢᠯᠡᠰ ᠢᠶᠠᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ | | ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠪ ᠢ ᠪᠠᠶᠢᠭᠤᠯᠤᠨ᠎ᠠ᠃ ᠤᠯᠠᠮᠵᠢᠯᠠᠯᠲᠤ | ᠰᠣᠶᠣᠯ ᠤᠨ ᠡᠬᠢ ᠪᠠᠶᠠᠯᠢᠭ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠵᠤ᠂ ᠡᠯᠡᠰᠦᠨ ᠴᠥᠯ ᠤᠨ ᠥᠩᠭᠡ | ᠦᠵᠡᠮᠵᠢ᠂ ᠦᠨᠳᠦᠰᠦᠲᠡᠨ ᠤ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ᠂ ᠴᠡᠷᠢᠭ ᠤᠨ ᠶᠠᠪᠤᠳᠠᠯ ᠤᠨ | ᠰᠣᠶᠣᠯ᠂ ᠤᠨᠴᠠᠯᠢᠭᠳᠤ ᠦᠵᠡᠮᠵᠢ ᠶᠢᠨ ᠣᠷᠣᠨ᠂ ᠮᠠᠰᠢᠨ ᠲᠡᠷᠭᠡᠨ ᠤ ᠬᠥᠳᠡᠯᠭᠡᠭᠡᠨ᠂ ᠤᠷᠤᠯᠳᠤᠭᠠᠨ ᠤ ᠠᠵᠢᠯᠯᠠᠭ᠎ᠠ | ᠵᠡᠷᠭᠡ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠢᠳᠡᠪᠬᠢᠲᠡᠶ ᠪᠥᠭᠡᠳ ᠡᠷᠡᠭᠦᠯ ᠲᠣᠭᠠᠴᠢᠯᠠᠭᠰᠠᠨ | ᠪᠡᠶᠡᠴᠢᠯᠡᠨ ᠣᠶᠢᠯᠠᠭᠠᠬᠤ ᠲᠥᠷᠥᠯ ᠵᠦᠶᠯ ᠢ ᠪᠣᠶ ᠪᠣᠯᠭᠠᠵᠤ᠂ 1 — 2 ᠵᠢᠪᠦᠮᠡᠯ ᠮᠠᠶ᠋ᠢᠭ ᠤᠨ ᠪᠡᠶᠡᠴᠢᠯᠡᠨ | ᠣᠶᠢᠯᠠᠭᠠᠬᠤ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠠᠷᠠᠲᠤ ᠲᠥᠷᠥᠯ ᠲᠡᠮᠳᠡᠭᠲᠦ ᠶᠢ | ᠭᠤᠤᠯᠳᠠᠯᠭ᠎ᠠ ᠲᠠᠢ ᠪᠤᠶᠢᠵᠢᠭᠤᠯᠵᠤ᠂ ᠲᠣᠭᠠᠴᠢᠯᠠᠭᠰᠠᠨ ᠮᠡᠷᠭᠡᠵᠢᠯ ᠢ ᠠᠮᠲᠠᠲᠤ ᠢᠳᠡᠭᠡᠨ᠂ ᠣᠨᠴᠠ ᠭᠠᠷᠤᠯᠲᠠ᠂ | ᠭᠤᠶᠣ ᠦᠵᠡᠮᠵᠢ᠂ ᠰᠣᠶᠣᠯ ᠤᠨ ᠡᠭᠦᠳᠦᠯᠲᠡ᠂ ᠴᠠᠬᠢᠯᠭᠠᠨ ᠤ ᠥᠷᠢᠰᠥᠯᠳᠦᠭᠡᠨ ᠵᠡᠷᠭᠡ ᠲᠠᠢ ᠨᠢᠭᠲᠠ ᠬᠤᠯᠪᠣᠬᠤ ᠶᠢ | ᠠᠬᠢᠭᠤᠯᠵᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ᠎ᠠ᠃ | | ᠳᠥᠷᠪᠡᠳᠦᠭᠡᠷ ᠬᠡᠰᠡᠭ ᠰᠢᠨ᠎ᠡ ᠠᠵᠤ ᠦᠢᠯᠡᠰ ᠢ ᠪᠤᠶᠢᠵᠢᠭᠤᠯᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ | ᠴᠡᠭ ᠢ ᠪᠦᠷᠢᠯᠳᠦᠭᠦᠯᠬᠦ ᠲᠤᠬᠠᠢ | ᠥᠪᠡᠷᠮᠢᠴᠡ ᠣᠷᠣᠨ ᠪᠠᠶᠢᠷᠢ ᠶᠢᠨ ᠨᠥᠬᠦᠴᠡᠯ᠂ ᠠᠶᠢᠮᠠᠭ ᠤᠨ ᠵᠠᠰᠠᠭ ᠤᠨ ᠣᠷᠳᠣᠨ ᠤ ᠲᠥᠪ ᠬᠤᠲᠠ ᠪᠠ | ᠨᠢᠭᠡᠨᠲᠡ ᠪᠠᠶᠢᠭ᠎ᠠ ᠠᠵᠤ ᠦᠶᠯᠡᠰ ᠤᠨ ᠰᠠᠭᠤᠷᠢ ᠳᠤ ᠲᠦᠰᠢᠭᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠯᠠᠱᠠ ᠵᠡᠭᠦᠨ | ᠬᠤᠰᠢᠭᠤᠨ ᠤ ᠠᠵᠤ ᠦᠶᠯᠡᠰ ᠤᠨ ᠱᠠᠲᠤᠯᠢᠭ ᠬᠥᠭᠵᠢᠯᠲᠡ ᠶᠢ ᠠᠬᠢᠭᠤᠯᠤᠨ᠎ᠠ᠃ | ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠵᠠᠮ ᠬᠠᠷᠢᠯᠴᠠᠭ᠎ᠠ ᠬᠢᠭᠡᠳ ᠪᠠᠷᠠᠭᠠᠨ ᠤ ᠭᠦᠢᠯᠭᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠣᠳᠣᠬᠢᠴᠢᠯᠠᠭᠰᠠᠨ ᠲᠤᠰᠬᠠᠶ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ᠂ ᠠᠵᠤ ᠠᠬᠤᠶᠢᠯᠠᠯ + ᠵᠠᠬ᠎ᠠ ᠳᠡᠯᠭᠡᠭᠦᠷ | + ᠠᠵᠤ ᠦᠶᠯᠡᠰ ᠤᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠶᠯᠭᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠠᠷᠠᠭᠠᠨ ᠤ ᠭᠦᠶᠯᠭᠡᠭᠡᠨ ᠤ ᠪᠣᠳᠠᠲᠤ ᠴᠣᠭᠴᠠ ᠶᠢᠨ | ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ | ᠲᠥᠪ ᠪᠠᠶᠢᠭᠤᠯᠵᠤ᠂ ᠪᠠᠷᠠᠭᠠᠨ ᠤ ᠭᠦᠶᠯᠭᠡᠭᠡᠨ ᠤ ᠲᠤᠰᠬᠠᠶ ᠺᠣᠮᠫᠠᠨᠢ ᠶᠢ ᠪᠠᠶᠢᠭᠤᠯᠤᠨ᠂ ᠳᠣᠭᠢᠷᠠᠭᠤᠯᠤᠨ ᠬᠦᠷᠭᠡᠬᠦ | ᠲᠥᠪ᠂ ᠰᠢᠭᠤᠳ ᠬᠦᠷᠭᠡᠬᠦ ᠪᠠᠷᠠᠭ᠎ᠠ ᠬᠠᠩᠭᠠᠬᠤ᠂ ᠬᠡᠯᠬᠢᠶᠡᠵᠢᠭᠦᠯᠦᠨ ᠡᠵᠡᠩᠨᠡᠬᠦ ᠵᠡᠷᠭᠡ ᠣᠳᠣᠬᠢᠴᠢᠯᠠᠭᠰᠠᠨ | ᠭᠦᠶᠯᠭᠡᠭᠡᠨ ᠤ ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ᠂ | ᠪᠠᠷᠠᠭᠠᠨ ᠤ ᠲᠡᠭᠡᠭᠡᠪᠦᠷᠢ ᠶᠢᠨ ᠳᠠᠮᠵᠢᠭᠤᠯᠬᠤ ᠥᠷᠲᠡᠭᠡ᠂ ᠰᠤᠯᠠ ᠪᠠᠷᠠᠭ᠎ᠠ ᠶᠢ ᠲᠥᠪᠯᠡᠷᠡᠭᠦᠯᠦᠨ ᠳᠣᠭᠢᠷᠠᠭᠤᠯᠤᠨ | ᠬᠦᠷᠭᠡᠬᠦ᠂ ᠲᠦᠷᠭᠡᠨ ᠬᠦᠷᠭᠡᠬᠦ ᠵᠡᠷᠭᠡ ᠰᠢᠨ᠎ᠡ ᠬᠡᠯᠪᠡᠷᠢ ᠶᠢᠨ ᠪᠠᠷᠠᠭᠠᠨ ᠤ ᠭᠦᠶᠯᠭᠡᠭᠡᠨ ᠤ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠤᠶᠢᠵᠢᠭᠤᠯᠤᠨ᠂ ᠦᠶᠯᠡᠳᠪᠦᠷᠢᠯᠡᠬᠦ᠂ ᠠᠷᠠᠯᠵᠢᠶᠠᠯᠠᠬᠤ᠂ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ | ᠬᠦᠷᠭᠡᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠠᠵᠤ | ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠰᠤᠮᠤ ᠪᠠᠯᠭᠠᠰᠤ ᠶᠢᠨ ᠰᠣᠷᠭᠤᠭ ᠢᠶᠠᠷ ᠨᠢ | ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠠᠶᠠᠨᠬᠤᠲᠠ ᠪᠠᠯᠭᠠᠰᠤ ᠦᠢᠯᠡᠴᠢᠯᠡᠭᠡᠨ ᠤ ᠦᠢᠯᠡᠰ ᠤᠨ ᠲᠠᠸᠠᠷ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠪᠠᠷ ᠭᠤᠣᠯ ᠪᠣᠯᠭᠠᠵᠤ᠂ ᠦᠯᠵᠡᠢ ᠪᠣᠭᠤᠮᠲᠠ ᠨᠢ ᠮᠣᠩᠭᠤᠯ ᠤᠨ ᠲᠠᠯ᠎ᠠ ᠶᠢᠨ ᠭᠠᠳᠠᠭᠠᠳᠤ ᠠᠴᠠ | ᠣᠷᠣᠭᠤᠯᠤᠭᠰᠠᠨ ᠠᠭᠤᠷᠬᠠᠶ ᠶᠢᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠪᠠᠷ ᠭᠤᠣᠯ ᠪᠣᠯᠭᠠᠵᠤ᠂ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠨᠢ ᠬᠢᠮᠢ ᠶᠢᠨ | ᠠᠵᠤ ᠦᠢᠯᠡᠳᠪᠦᠷᠢ᠂ ᠥᠩᠭᠡᠲᠦ ᠲᠡᠮᠦᠷᠯᠢᠭ ᠢ ᠨᠠᠷᠢᠯᠢᠭ ᠰᠤᠷᠭᠠᠯᠲᠠ ᠳᠤ ᠬᠠᠮᠤᠷᠤᠭᠤᠯᠬᠤ᠂ ᠰᠢᠨ᠎ᠡ ᠮᠠᠲ᠋ᠧᠷᠢᠶᠠᠯ | ᠵᠡᠷᠭᠡ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠪᠠᠷᠠᠭᠠᠨ ᠤ ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠪᠠᠷ | ᠭᠤᠣᠯ ᠪᠣᠯᠭᠠᠵᠤ᠂ ᠪᠠᠷᠠᠭᠤᠨ ᠪᠡᠯ ᠪᠠᠯᠭᠠᠰᠤ᠂ ᠵᠢᠷᠠᠲᠠᠢ ᠪᠠᠯᠭᠠᠰᠤ᠂ ᠤᠨᠳᠤᠷᠤᠯᠲᠤ ᠪᠠᠯᠭᠠᠰᠤ᠂ ᠥᠯᠵᠡᠢ ᠰᠤᠮᠤ᠂ | ᠴᠣᠭᠲᠤᠬᠦ᠋ᠷᠢᠶ᠎ᠡ ᠰᠤᠮᠤ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭᠠᠨ ᠤ ᠭᠦᠶᠯᠭᠡᠭᠡᠨ ᠤ | ᠳᠣᠭᠢᠷᠠᠭᠤᠯᠤᠨ ᠬᠦᠷᠭᠡᠬᠦ ᠪᠠᠷ ᠭᠤᠤᠯ ᠪᠣᠯᠭᠠᠵᠤ᠂ ᠪᠠᠷᠠᠭᠠᠨ ᠤ ᠭᠦᠶᠯᠭᠡᠭᠡᠨ ᠤ ᠮᠡᠳᠡᠭᠡ ᠵᠠᠩᠭᠢ᠂ ᠲᠡᠭᠡᠭᠡᠪᠦᠷᠢ ᠶᠢᠨ | ᠰᠢᠰᠲ᠋ᠧᠮ ᠢ ᠪᠠᠶᠢᠭᠤᠯᠤᠨ᠂ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ᠂ ᠭᠦᠶᠯᠭᠡᠭᠡᠨ ᠳᠤ ᠡᠳ᠋ᠰᠢᠭᠦᠯᠬᠦ᠂ | ᠮᠡᠳᠡᠭᠡ ᠵᠠᠩᠭᠢ ᠶᠢᠨ ᠦᠶᠯᠡᠴᠢᠯᠡᠭᠡᠨ ᠵᠡᠷᠭᠡ ᠣᠯᠠᠨ ᠵᠦᠶᠯ ᠤᠨ ᠴᠢᠳᠠᠮᠵᠢ ᠶᠢ ᠴᠢᠩᠭᠠᠷᠠᠭᠤᠯᠵᠤ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠦᠶᠯᠡᠰ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠢᠳᠡᠭᠡᠨ ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ | ᠬᠥᠮᠥᠷᠭᠡᠯᠡᠨ ᠬᠠᠳᠠᠭᠠᠯᠠᠬᠤ ᠭᠦᠶᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | ᠡᠷᠡᠭᠦᠯ ᠮᠡᠨᠳᠦ ᠶᠢᠨ ᠲᠣᠮᠣ ᠠᠵᠤ ᠦᠶᠯᠡᠰ ᠢ ᠬᠥᠭᠵᠢᠭᠦᠯᠦᠨ᠎ᠡ᠃ ᠳᠡᠯᠡᠬᠡᠶ ᠶᠢᠨ ᠪᠠ ᠤᠯᠤᠰ ᠤᠨ | ᠳᠣᠲᠣᠭᠠᠳᠤ ᠶᠢᠨ ᠨᠠᠷᠠᠲᠠᠶ ᠡᠷᠡᠭᠦᠯ ᠮᠡᠨᠳᠦ ᠶᠢᠨ ᠠᠵᠤ ᠦᠶᠯᠡᠰ ᠤᠨ ᠠᠵᠤ ᠠᠬᠤᠶᠢᠯᠠᠯ᠂ ᠦᠶᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠪᠴᠢᠭᠦᠯᠬᠦ ᠲᠥᠪ᠂ | ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠵᠦ ᠭᠡᠷᠡᠴᠢᠯᠡᠬᠦ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠡᠯᠡᠰᠦᠨ ᠴᠥᠯ ᠤᠨ ᠠᠮᠢᠳᠤ ᠪᠣᠳᠠᠰ᠂ ᠡᠷᠡᠭᠦᠯ ᠮᠡᠨᠳᠦ ᠶᠢᠨ ᠢᠳᠡᠭᠡᠨ᠂ ᠡᠮ ᠡᠮᠨᠡᠯᠭᠡ ᠡᠷᠡᠭᠦᠯᠵᠢᠯ᠂ | ᠡᠯᠡᠰᠦᠨ ᠴᠥᠯ ᠤᠨ ᠬᠥᠳᠡᠯᠭᠡᠭᠡᠨ᠂ ᠡᠷᠡᠭᠦᠯ ᠮᠡᠨᠳᠦ ᠶᠢᠨ ᠵᠢᠭᠤᠯᠴᠢᠯᠠᠯ ᠪᠠ ᠡᠷᠡᠭᠦᠯ ᠮᠡᠨᠳᠦ ᠶᠢᠨ ᠦᠶᠯᠡᠴᠢᠯᠡᠭᠡ | ᠵᠡᠷᠭᠡ ᠠᠵᠤ ᠦᠶᠯᠡᠰ ᠢ ᠬᠥᠭᠵᠢᠭᠦᠯᠦᠨ᠂ ᠴᠢᠨᠠᠷ ᠰᠠᠶᠢᠲᠠᠶ ᠡᠷᠡᠭᠦᠯ ᠮᠡᠨᠳᠦ ᠶᠢᠨ ᠦᠶᠯᠡᠳᠬᠦᠨ ᠪᠠ ᠦᠶᠯᠡᠴᠢᠯᠡᠭᠡᠨ ᠤ | ᠬᠠᠩᠭᠠᠯᠭ᠎ᠠ ᠶᠢ ᠪᠣᠶ ᠪᠣᠯᠭᠠᠵᠤ᠂ ᠡᠷᠡᠭᠦᠯ ᠮᠡᠨᠳᠦ ᠶᠢᠨ ᠠᠵᠤ ᠦᠶᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ | ᠴᠢᠩᠭᠠᠷᠠᠭᠤᠯᠤᠨ᠎ᠠ᠃ | ᠡᠷᠡᠭᠦᠯ ᠮᠡᠨᠳᠦ ᠶᠢᠨ ᠠᠵᠤ ᠦᠶᠯᠡᠰ ᠤᠨ ᠲᠣᠰ ᠭᠠᠵᠠᠷ ᠣᠷᠣᠨ ᠤ ᠨᠠᠷᠠᠲᠤ ᠲᠥᠷᠥᠯ ᠲᠡᠮᠳᠡᠭᠲᠦ ᠶᠢ | ᠪᠤᠶᠢᠵᠢᠭᠤᠯᠵᠤ᠂ ᠲᠣᠰ ᠭᠠᠵᠠᠷ ᠣᠷᠣᠨ ᠤ ᠡᠷᠡᠭᠦᠯ ᠮᠡᠨᠳᠦ ᠶᠢᠨ ᠠᠵᠤ ᠦᠶᠯᠡᠰ ᠤᠨ ᠠᠵᠤ ᠠᠬᠤᠶᠢᠯᠠᠯ ᠪᠠ | ᠦᠶᠯᠡᠴᠢᠯᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠴᠢᠨᠠᠭᠰᠢᠯᠠᠪᠠᠯ | ᠣᠯᠠᠨ ᠤᠯᠤᠰ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠤᠯᠤᠰ ᠤᠨ ᠲᠠᠰ ᠤᠨ ᠡᠷᠡᠭᠦᠯ ᠮᠡᠨᠳᠦ ᠶᠢᠨ ᠠᠵᠤ | ᠦᠶᠯᠡᠰ ᠤᠨ ᠬᠤᠷᠠᠯ ᠦᠵᠡᠰᠬᠦᠯᠡᠩ᠂ ᠲᠠᠸᠠᠷ ᠤᠨ ᠠᠷᠠᠯᠵᠢᠶ᠎ᠠ ᠵᠡᠷᠭᠡ ᠴᠢᠳᠠᠮᠵᠢᠲᠦ ᠣᠷᠣᠨ ᠤ ᠪᠥᠲᠥᠭᠡᠨ | ᠪᠠᠶᠢᠭᠤᠯᠤᠯᠲᠠ ᠶᠢ ᠳᠠᠭᠠᠭᠠᠨ ᠠᠪᠴᠤ᠂ ᠠᠯᠠᠱᠠ ᠵᠡᠭᠦᠨ ᠬᠤᠰᠢᠭᠤᠨ ᠤ ᠡᠷᠡᠭᠦᠯ ᠮᠡᠨᠳᠦ ᠶᠢᠨ ᠠᠵᠤ ᠦᠶᠯᠡᠰ ᠤᠨ | ᠠᠯᠳᠠᠷᠰᠢᠯ ᠢ ᠳᠡᠭᠡᠭᠰᠢᠯᠡᠭᠦᠯᠦᠨ᠎ᠡ᠃ | ᠬᠤᠳᠠ ᠬᠥᠳᠡᠭᠡ ᠶᠢᠨ ᠦᠢᠯᠡᠴᠢᠯᠡᠭᠡᠨ ᠤ ᠲᠥᠪ ᠬᠤᠲᠠ ᠪᠠᠯᠭᠠᠰᠤ ᠬᠢᠭᠡᠳ ᠵᠠᠬ᠎ᠠ ᠬᠢᠵᠠᠭᠠᠷ ᠤᠨ ᠰᠤᠮᠤ | ᠪᠠᠯᠭᠠᠰᠤ ᠶᠢᠨ ᠦᠶᠯᠡᠴᠢᠯᠡᠭᠡᠨ ᠤ ᠦᠶᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠪᠠᠶᠠᠨᠬᠤᠲᠠ ᠶᠢᠨ | ᠦᠶᠯᠡᠴᠢᠯᠡᠭᠡᠨ ᠤ ᠦᠶᠯᠡᠰ ᠤᠨ ᠣᠯᠠᠨ ᠶᠠᠩᠵᠤᠯᠠᠬᠤ᠂ ᠲᠡᠷᠢᠭᠦᠨ ᠤ ᠮᠡᠷᠭᠡᠵᠢᠯ ᠢ ᠠᠰᠢᠭᠯᠠᠬᠤ ᠶᠢ ᠠᠬᠢᠭᠤᠯᠤᠨ᠂ | ᠦᠶᠯᠡᠴᠢᠯᠡᠭᠡᠨ ᠤ ᠰᠤᠮᠤ ᠪᠠᠯᠭᠠᠰᠤ᠂ ᠭᠠᠴᠠᠭ᠎ᠠ ᠲᠣᠰᠬᠤᠨ ᠤ ᠰᠠᠴᠤᠷᠠᠭᠯᠠᠨ ᠨᠥᠯᠥᠭᠡᠯᠡᠬᠦ ᠴᠢᠳᠠᠮᠵᠢ ᠶᠢ ᠤᠯᠠᠮ | ᠴᠢᠩᠭᠠᠷᠠᠭᠤᠯᠵᠤ᠂ ᠲᠡᠭᠦᠨ ᠢ ᠲᠠᠸᠠᠷ ᠪᠠ ᠦᠶᠯᠡᠳᠪᠦᠷᠢᠯᠡᠯ᠂ ᠠᠮᠢᠳᠤᠷᠠᠯ ᠤᠨ ᠴᠢᠬᠤᠯᠠ ᠬᠦᠴᠦᠨ ᠵᠦᠶᠯ ᠤᠨ | ᠲᠣᠬᠢᠷᠠᠭᠤᠯᠤᠯᠲᠠ ᠶᠢᠨ ᠲᠥᠪ ᠪᠣᠯᠭᠠᠨ᠎ᠠ︔ ᠰᠤᠮᠤ ᠪᠠᠯᠭᠠᠰᠤ ᠨᠢ ᠦᠶᠯᠡᠳᠪᠦᠷᠢᠯᠡᠯ᠂ ᠠᠮᠢᠳᠤᠷᠠᠯ ᠤᠨ | ᠦᠶᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠢᠵᠢ ᠪᠥᠷᠢᠳᠦᠭᠦᠯᠬᠦ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠥᠪ ᠪᠠᠯᠭᠠᠰᠤ ᠲᠣᠭᠤᠷᠢᠭ᠂ ᠰᠤᠮᠤ ᠪᠠᠯᠭᠠᠰᠤ᠂ | ᠭᠠᠴᠠᠭ᠎ᠠ ᠲᠣᠰᠬᠤᠨ ᠭᠤᠷᠪᠠᠨ ᠱᠠᠲᠤᠨ ᠤ ᠬᠠᠷᠢᠯᠴᠠᠨ ᠬᠤᠯᠪᠣᠯᠳᠤᠭᠰᠠᠨ᠂ ᠬᠠᠷᠢᠯᠴᠠᠨ ᠲᠤᠯᠭᠠᠭᠤᠷᠢᠯᠠᠭᠰᠠᠨ | ᠣᠳᠣᠬᠢᠴᠢᠯᠠᠭᠰᠠᠨ ᠦᠶᠯᠡᠴᠢᠯᠡᠭᠡᠨ ᠤ ᠦᠶᠯᠡᠰ ᠤᠨ ᠠᠵᠤ ᠦᠶᠯᠡᠰ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ | ᠨᠡᠶᠢᠲᠡ ᠶᠢᠨ ᠥᠮᠴᠢᠯᠡᠯ ᠤᠨ ᠦᠶᠯᠡᠴᠢᠯᠡᠭᠡᠨ ᠤ ᠭᠤᠤᠯ ᠴᠣᠭᠴᠠ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠶᠢᠨ ᠦᠶᠯᠡᠴᠢᠯᠡᠭᠡᠨ ᠤ ᠭᠤᠤᠯ ᠴᠣᠭᠴᠠ ᠶᠢᠨ ᠬᠠᠮᠲᠤᠪᠠᠷ ᠬᠥᠭᠵᠢᠬᠦ ᠶᠢ ᠠᠬᠢᠭᠤᠯᠵᠤ᠂ ᠨᠡᠶᠢᠭᠡᠮ ᠤᠨ | ᠬᠥᠷᠥᠩᠭᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠶᠯᠡᠴᠢᠯᠡᠭᠡᠨ ᠤ ᠦᠶᠯᠡᠰ ᠲᠤ ᠪᠠᠯᠠ ᠣᠯᠠᠨ | ᠶᠠᠩᠵᠤᠴᠢᠯᠠᠭᠰᠠᠨ ᠦᠶᠯᠡᠴᠢᠯᠡᠭᠡᠨ ᠤ ᠭᠤᠤᠯ ᠴᠣᠭᠴᠠ ᠶᠢ ᠪᠤᠶᠢᠵᠢᠭᠤᠯᠤᠨ᠂ ᠭᠠᠶᠢᠯᠢ ᠲᠠᠲᠠᠪᠤᠷᠢ᠂ ᠢᠲᠡᠭᠡᠮᠵᠢᠲᠦ | ᠵᠢᠭᠡᠯᠡᠯᠭᠡ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠠᠵᠢᠯ ᠲᠥᠷᠥᠯ ᠤᠨ | ᠬᠥᠭᠵᠢᠯᠲᠡ ᠶᠢᠨ ᠣᠨᠴᠠᠯᠢᠭ ᠲᠤ ᠳᠣᠭᠢᠷᠠᠬᠤ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ | ᠬᠥᠲᠥᠯᠦᠨ ᠵᠢᠯᠣᠭᠤᠳᠴᠤ᠂ ᠣᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ | ᠦᠶᠯᠡᠴᠢᠯᠡᠭᠡᠨ ᠤ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠰᠢᠨ᠎ᠡ | ᠬᠥᠳᠡᠯᠭᠡᠬᠦ ᠬᠦᠴᠦᠨ ᠢ ᠬᠠᠩᠭᠠᠨ᠎ᠠ᠃ | ᠵᠦᠶ ᠶᠣᠰᠣᠨ ᠤ ᠮᠥᠩᠭᠦᠨ ᠭᠦᠶᠯᠭᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠠᠯᠠᠱᠠ ᠶᠢᠨ ᠠᠮᠢ | ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠴᠢᠩᠭᠠᠷᠠᠭᠤᠯᠵᠤ᠂ ᠠᠮᠢ ᠠᠬᠤᠶ᠂ ᠠᠵᠤ ᠠᠬᠤᠶ᠂ | ᠨᠡᠶᠢᠭᠡᠮ ᠤᠨ ᠬᠠᠷᠢᠴᠠᠭ᠎ᠠ ᠶᠢ ᠵᠦᠶ ᠶᠣᠰᠣᠨ ᠤ ᠮᠥᠩᠭᠦᠨ ᠭᠦᠶᠯᠭᠡᠭᠡᠨ ᠤ ᠦᠨᠳᠦᠰᠦᠨ ᠴᠢᠳᠠᠮᠵᠢ ᠳᠤ ᠣᠷᠣᠭᠤᠯᠤᠨ᠂ | ᠠᠮᠢ ᠠᠬᠤᠶ ᠶᠢ ᠰᠡᠷᠭᠦᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠪᠠᠷ ᠭᠠᠷᠳᠠᠴᠠ ᠪᠣᠯᠭᠠᠵᠤ᠂ ᠠᠯᠠᠱᠠ ᠶᠢᠨ SEE ᠵᠡᠷᠭᠡ ᠨᠡᠶᠢᠲᠡ ᠶᠢᠨ | ᠠᠰᠠᠷᠠᠮᠵᠢ ᠶᠢᠨ ᠲᠠᠪᠴᠠᠩ ᠤᠨ ᠪᠣᠬᠢᠷᠲᠤᠯ ᠥᠬᠡᠶ ᠬᠥᠷᠥᠩᠭᠡ ᠶᠢ ᠬᠤᠷᠠᠮᠳᠤᠭᠤᠯᠬᠤ ᠴᠢᠳᠠᠪᠤᠷᠢ ᠶᠢ ᠭᠦᠶᠴᠡᠳ | ᠪᠠᠳᠠᠷᠠᠭᠤᠯᠵᠤ᠂ ᠵᠦᠶ ᠶᠣᠰᠣᠨ ᠤ ᠮᠥᠩᠭᠦᠨ ᠭᠦᠶᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠡᠯ᠎ᠡ ᠲᠥᠷᠥᠯ ᠤᠨ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠣᠷᠣᠵᠤ ᠰᠠᠭᠤᠬᠤ ᠶᠢ ᠳᠡᠮᠵᠢᠵᠦ᠂ ᠵᠦᠶ ᠶᠣᠰᠣᠨ ᠤ ᠢᠲᠡᠭᠡᠮᠵᠢᠲᠦ | ᠵᠢᠭᠡᠯᠡᠯᠭᠡ᠂ ᠵᠦᠶ ᠶᠣᠰᠣᠨ ᠤ ᠳᠠᠭᠠᠭᠠᠯᠲᠠ᠂ ᠵᠦᠶ ᠶᠣᠰᠣᠨ ᠤ ᠵᠢᠭᠡᠯᠡᠯᠭᠡ ᠶᠢᠨ ᠲᠡᠮᠳᠡᠭᠲᠦ᠂ ᠵᠦᠶ ᠶᠣᠰᠣᠨ ᠤ | ᠳᠠᠭᠠᠳᠬᠠᠯ᠂ ᠵᠦᠶ ᠶᠣᠰᠣᠨ ᠤ ᠰᠠᠭᠤᠷᠢ ᠮᠥᠩᠭᠦ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠬᠦ ᠶᠢ | ᠵᠣᠷᠢᠭᠵᠢᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠪᠡᠭᠡᠵᠢᠩ᠂ ᠱᠠᠩᠬᠠᠶ᠂ | ᠱᠧᠨᠵᠧᠨ ᠵᠢᠴᠢ ᠭᠠᠳᠠᠭᠠᠳᠤ ᠳᠠᠬᠢ ᠮᠥᠩᠭᠦᠨ ᠭᠦᠶᠯᠭᠡᠭᠡᠨ ᠤ ᠲᠥᠪ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ | ᠵᠦᠶ ᠶᠣᠰᠣᠨ ᠤ ᠮᠥᠩᠭᠦᠨ ᠭᠦᠶᠯᠭᠡᠭᠡᠨ ᠤ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠵᠦᠶ ᠶᠣᠰᠣᠨ ᠤ | ᠲᠠᠰ ᠲᠣᠭᠲᠠᠭᠠᠬᠤ ᠰᠢᠰᠲ᠋ᠧᠮᠵᠢ ᠪᠠ ᠵᠦᠶ ᠶᠣᠰᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ | ᠪᠠᠶᠢᠭᠤᠯᠤᠨ᠂ ᠨᠢᠭᠡ ᠯᠡ ᠥᠷᠲᠡᠭᠡᠨ ᠤ ᠮᠠᠶ᠋ᠢᠭ ᠤᠨ ᠵᠦᠶ ᠶᠣᠰᠣᠨ ᠤ ᠮᠥᠩᠭᠦᠨ ᠭᠦᠶᠯᠭᠡᠭᠡᠨ ᠤ ᠦᠶᠯᠡᠴᠢᠯᠡᠭᠡᠨ ᠤ | ᠲᠣᠭᠤᠷᠢᠭ ᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠪᠣᠬᠢᠷᠲᠤᠯ ᠦᠭᠡᠢ ᠮᠥᠩᠭᠦᠨ | ᠭᠦᠢᠯᠭᠡᠭᠡᠨ ᠤ ᠤᠶᠤᠨ ᠤ ᠬᠥᠮᠥᠷᠭᠡ ᠶᠢᠨ ᠪᠠᠶᠢᠭᠤᠯᠤᠮᠵᠢ ᠲᠠᠢ ᠬᠤᠯᠪᠣᠭᠠᠯᠠᠨ ᠪᠣᠬᠢᠷᠲᠤᠯ ᠦᠭᠡᠢ ᠮᠥᠩᠭᠦᠨ | ᠭᠦᠢᠯᠭᠡᠭᠡᠨ ᠤ ᠵᠢᠭᠠᠯᠲᠠ ᠲᠤᠭ᠎ᠠ ᠶᠢ ᠨᠡᠶᠢᠲᠡᠯᠡᠵᠦ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠨᠡᠷ᠎ᠡ ᠲᠡᠮᠳᠡᠭᠲᠦ ᠶᠢ | ᠪᠦᠷᠢᠯᠳᠦᠭᠦᠯᠦᠨ᠎ᠡ᠃ | | ᠲᠠᠪᠤᠳᠤᠭᠠᠷ ᠬᠡᠰᠡᠭ ᠠᠵᠤ ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠬᠤ ᠲᠤᠬᠠᠢ | ᠲᠤᠮᠤ ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠦᠨ᠎ᠡ᠃ ︽ᠠᠭᠤᠰᠤᠯᠴᠠᠬᠤ + ᠰᠢᠨ᠎ᠡ ᠶᠢ ᠡᠭᠦᠳᠬᠦ︾ | ᠬᠥᠭᠵᠢᠯᠲᠡ ᠶᠢᠨ ᠵᠠᠭᠪᠤᠷ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯᠵᠢᠭᠰᠡᠨ ᠲᠣᠭᠠᠴᠢᠯᠠᠭᠰᠠᠨ ᠲᠠᠪᠴᠠᠩ ᠢ | ᠢᠳᠡᠪᠬᠢᠲᠡᠶ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠳᠤ ᠲᠦᠰᠢᠭᠯᠡᠨ ᠳᠡᠭᠡᠳᠦ ᠳᠣᠤᠷᠠᠳᠤ | ᠤᠷᠤᠰᠬᠠᠯ ᠤᠨ ᠠᠵᠤ ᠦᠶᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠠᠮᠲᠤᠪᠠᠷ ᠡᠳ᠋ᠯᠡᠬᠦ ᠲᠣᠭᠠᠴᠢᠯᠠᠭᠰᠠᠨ ᠡᠬᠢ ᠪᠠᠶᠠᠯᠢᠭ ᠢ ᠰᠢᠯᠵᠢᠭᠦᠯᠦᠨ ᠬᠡᠷᠡᠭᠯᠡᠬᠦ ᠳᠤ ᠨᠠᠩ ᠣᠯᠠᠨ | ᠰᠣᠩᠭᠤᠯᠲᠠ ᠬᠠᠩᠭᠠᠵᠤ᠂ ᠲᠠᠪᠴᠠᠩ ᠢᠶᠠᠷ ᠨᠠᠶᠢᠳᠠᠨ ᠬᠠᠮᠢᠶᠠᠷᠤᠭᠤᠯᠬᠤ᠂ ᠬᠡᠷᠡᠭᠴᠡᠭᠡ ᠶᠣᠰᠣᠭᠠᠷ ᠰᠢᠯᠵᠢᠭᠦᠯᠦᠨ | ᠬᠡᠷᠡᠭᠯᠡᠬᠦ᠂ ᠮᠡᠷᠭᠡᠵᠢᠯ ᠢᠶᠠᠷ ᠬᠤᠯᠪᠣᠭᠠᠯᠠᠬᠤ ᠵᠡᠷᠭᠡ ᠰᠢᠨ᠎ᠡ ᠬᠤᠳᠠᠯᠳᠤᠭᠠᠨ ᠤ ᠵᠠᠭᠪᠤᠷ ᠢ ᠠᠬᠢᠭᠤᠯᠤᠨ᠎ᠠ᠃ ᠠᠯᠠᠱᠠ | ᠵᠡᠭᠦᠨ ᠬᠤᠰᠢᠭᠤᠨ ᠤ ᠣᠷᠣᠨ ᠵᠠᠶ᠂ ᠣᠷᠴᠢᠨ ᠨᠥᠬᠦᠴᠡᠯ ᠪᠠ ᠪᠣᠬᠢᠷᠲᠤᠯ ᠥᠬᠡᠶ ᠡᠨᠧᠷᠭᠢ ᠶᠢᠨ ᠳᠠᠪᠠᠭᠤᠯᠢᠭ ᠢ | ᠭᠦᠶᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠳ᠋ᠠᠶᠢᠲ᠋ᠠ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠤᠨ᠂ ᠲᠤᠭ᠎ᠠ ᠪᠠᠷᠢᠮᠲᠠ ᠶᠢᠨ ᠮᠡᠷᠭᠡᠵᠢᠯ ᠤᠨ | ᠦᠶᠯᠡᠳᠬᠦᠨ ᠢ ᠰᠤᠳᠤᠯᠤᠨ ᠨᠡᠭᠡᠭᠡᠬᠦ᠂ ᠲᠤᠭ᠎ᠠ ᠪᠠᠷᠢᠮᠲᠠ ᠶᠢ ᠬᠠᠳᠠᠭᠠᠯᠠᠵᠤ ᠡᠳ᠋ᠰᠢᠭᠦᠯᠬᠦ᠂ ᠲᠤᠭ᠎ᠠ ᠪᠠᠷᠢᠮᠲᠠ ᠶᠢᠨ | ᠠᠮᠤᠷ ᠲᠦᠪᠰᠢᠨ ᠢ ᠪᠠᠲᠤᠯᠠᠬᠤ᠂ ᠲᠤᠭ᠎ᠠ ᠪᠠᠷᠢᠮᠲᠠ ᠶᠢᠨ ᠠᠵᠤ ᠦᠶᠯᠡᠰ ᠤᠨ ᠦᠶᠯᠡᠴᠢᠯᠡᠭᠡ ᠵᠡᠷᠭᠡ ᠶᠢ | ᠪᠠᠭᠲᠠᠭᠠᠭᠰᠠᠨ ᠣᠨᠴᠠᠯᠢᠭ ᠲᠠᠢ ᠲᠣᠮᠣ ᠳ᠋ᠠᠶᠢᠲ᠋ᠠ ᠶᠢᠨ ᠠᠵᠤ ᠦᠶᠯᠡᠰ ᠤᠨ ᠰᠦᠷᠦᠭᠵᠢᠯ ᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ | ᠪᠡᠭᠡᠵᠢᠩ᠂ ᠱᠠᠩᠬᠠᠶ᠂ ᠭᠤᠸᠠᠩᠳᠦ᠋ᠩ᠂ ᠵᠢᠶᠠᠩᠰᠦ ᠵᠡᠷᠭᠡ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠠᠭᠪᠤᠷ ᠢᠶᠠᠷ ᠲᠣᠯᠢ ᠪᠣᠯᠭᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠲᠠᠪᠴᠠᠩ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ᠢ ︽ᠨᠢᠭᠡ ᠴᠤᠭᠴᠠᠵᠢᠭᠤᠯᠬᠤ︾ ᠶᠢ ᠵᠠᠪᠰᠠᠷ ᠥᠬᠡᠶ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ᠠᠳᠠᠯᠢ ᠲᠡᠭᠰᠢ ᠪᠣᠯᠭᠠᠬᠤ᠂ ᠳᠥᠭᠦᠮ ᠳᠥᠲᠡ ᠪᠣᠯᠭᠠᠬᠤ ᠶᠢ | ᠠᠬᠢᠭᠤᠯᠤᠨ᠎ᠠ᠃ | ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠵᠤ ᠠᠬᠤᠶᠢᠯᠠᠯ ᠤᠨ | ᠲᠣᠭᠠᠴᠢᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠷᠠᠭᠤᠯᠤᠨ᠂ ᠡᠳ᠋ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ᠂ ᠡᠭᠦᠯᠡᠨ ᠪᠤᠳᠤᠯᠲᠠ ᠪᠠ ᠠᠦ᠋ᠲ᠋ᠣᠴᠢᠯᠠᠭᠰᠠᠨ ᠡᠵᠡᠮᠰᠢᠯ ᠵᠡᠷᠭᠡ ᠮᠡᠷᠭᠡᠵᠢᠯ ᠢ ᠬᠡᠷᠡᠭᠯᠡᠨ᠂ ᠮᠠᠰᠢᠨ | ᠲᠥᠬᠦᠭᠡᠷᠦᠮᠵᠢ ᠪᠠ ᠦᠶᠯᠡᠳᠪᠦᠷᠢᠯᠡᠯ ᠤᠨ ᠶᠠᠪᠤᠴᠠ ᠵᠡᠷᠭᠡ ᠶᠢ ᠰᠢᠯᠢᠳᠡᠭᠵᠢᠭᠦᠯᠦᠨ ᠰᠢᠨᠡᠳᠬᠡᠵᠦ᠂ ᠠᠵᠤ ᠠᠬᠤᠶᠢᠯᠠᠯ ᠢ | ᠲᠠᠩ ᠮᠠᠰᠢᠨ ᠤ ᠦᠶᠯᠡᠳᠪᠦᠷᠢᠯᠡᠯ ᠠᠴᠠ ᠰᠦᠯᠵᠢᠶᠡᠵᠢᠭᠰᠡᠨ᠂ ᠦᠷᠭᠦᠯᠵᠢᠯᠡᠭᠰᠡᠨ ᠦᠶᠯᠡᠳᠪᠦᠷᠢᠯᠡᠯ ᠳᠠᠰᠢ | ᠬᠤᠪᠢᠷᠠᠭᠤᠯᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠪᠠ ᠦᠶᠯᠡᠳᠬᠦᠨ ᠤ ᠴᠢᠨᠠᠷ | ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠦᠨ᠎ᠡ ᠥᠷᠲᠡᠭ ᠢ | ᠭᠦᠨᠵᠡᠭᠡᠶ ᠰᠤᠳᠤᠯᠤᠨ ᠰᠢᠨᠵᠢᠯᠡᠬᠦ ᠶᠢ ᠵᠣᠷᠢᠭᠵᠢᠭᠤᠯᠵᠤ᠂ ᠵᠢᠷᠤᠭ ᠲᠥᠯᠥᠪᠯᠡᠭᠡ᠂ ᠦᠶᠯᠡᠳᠪᠦᠷᠢᠯᠡᠯ᠂ ᠪᠠᠷᠠᠭᠠᠨ ᠤ | ᠭᠦᠶᠯᠭᠡᠭᠡᠨ᠂ ᠬᠥᠮᠥᠷᠭᠡᠯᠡᠨ ᠬᠠᠳᠠᠭᠠᠯᠠᠬᠤ ᠵᠡᠷᠭᠡ ᠭᠤᠭᠴᠤᠭ᠎ᠠ ᠶᠢᠨ ᠥᠨᠳᠥᠷ ᠦᠷ᠎ᠡ ᠪᠦᠲᠦᠮᠵᠢᠲᠡᠶ ᠬᠠᠮᠵᠢᠯᠴᠠᠬᠤ ᠶᠢ | ᠠᠬᠢᠭᠤᠯᠤᠨ᠎ᠠ᠃ 5G ᠶᠢ ᠲᠦᠭᠡᠮᠡᠯᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠨᠴᠠᠯᠢᠬᠳᠤ ᠠᠵᠤ ᠦᠶᠯᠡᠰ ᠵᠢᠴᠢ | ᠣᠷᠣᠨ ᠵᠠᠶ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠡᠨᠧᠷᠭᠢ ᠶᠢᠨ ᠢᠨᠲ᠋ᠧᠷ ᠰᠦᠯᠵᠢᠶ᠎ᠡ᠂ ᠤᠶᠤᠨᠲᠤ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠶᠯᠭᠡᠭᠡ᠂ ᠤᠶᠤᠨᠲᠤ ᠰᠣᠶᠣᠯ ᠵᠢᠭᠤᠯᠴᠢᠯᠠᠯ᠂ ︽ᠢᠨᠲ᠋ᠧᠷ ᠰᠦᠯᠵᠢᠶ᠎ᠡ | + ᠡᠮᠴᠢᠯᠡᠭᠡ︾ ᠂ ᠤᠶᠤᠨᠲᠤ ᠡᠷᠡᠭᠦᠯᠵᠢᠯ ᠰᠤᠪᠢᠯᠠᠯᠲᠠ᠂ ᠤᠶᠤᠨᠲᠤ ᠲᠠᠷᠢᠶᠠᠯᠠᠩ ᠮᠠᠯ ᠠᠵᠤ ᠠᠬᠤᠶ ᠵᠡᠷᠭᠡ | ᠬᠦᠷᠢᠶᠡᠨ ᠳᠤ ᠠᠩᠬᠠᠷᠤᠯ ᠢᠶᠠᠨ ᠬᠠᠨᠳᠤᠭᠤᠯᠵᠤ᠂ ︽ᠲᠣᠮᠣ ᠳ᠋ᠠᠶᠢᠲ᠋ᠠ ᠶᠢᠨ ᠲᠥᠪ + ᠢᠨᠲ᠋ᠧᠷ ᠰᠦᠯᠵᠢᠶ᠎ᠡ + | ᠤᠶᠤᠨᠴᠢᠯᠠᠭᠰᠠᠨ ᠬᠡᠷᠡᠭᠯᠡᠭᠡ + ᠠᠵᠤ ᠦᠶᠯᠡᠰ ᠤᠨ ᠰᠠᠭᠤᠷᠢᠨ ᠭᠠᠵᠠᠷ︾ ᠤᠨ ᠲᠣᠭᠠᠴᠢᠯᠠᠭᠰᠠᠨ ᠠᠵᠤ ᠠᠬᠤᠶ ᠶᠢᠨ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ | | ᠲᠠᠪᠤᠳᠤᠭᠠᠷ ᠪᠦᠯᠦᠭ ᠰᠠᠭᠤᠷᠢ ᠲᠥᠬᠦᠭᠡᠷᠥᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ | ᠠᠵᠤ ᠠᠬᠤᠶ ᠶᠢᠨ ᠬᠥᠭᠵᠢᠯᠲᠡ᠂ ᠬᠢᠯᠢ ᠬᠢᠵᠠᠭᠠᠷ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠲᠠᠢ ᠤᠶᠠᠯᠳᠤᠭᠤᠯᠤᠨ᠂ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠶᠤᠯᠭᠦᠶ ᠤᠤᠭᠤᠬᠤ ᠤᠰᠤ᠂ ᠮᠡᠳᠡᠭᠡ ᠬᠤᠯᠪᠣᠭ᠎ᠠ᠂ | ᠴᠠᠬᠢᠯᠭᠠᠨ ᠬᠦᠴᠦᠨ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ | ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ | ᠣᠷᠴᠢᠨ ᠨᠥᠬᠦᠴᠡᠯ ᠢ ᠰᠠᠶᠢᠵᠢᠷᠠᠭᠤᠯᠵᠤ᠂ ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ | ᠬᠡᠷᠡᠭᠯᠡᠭᠡᠨ ᠲᠠᠢ᠂ ᠤᠶᠤᠯᠢᠭ ᠪᠥᠭᠡᠳ ᠪᠣᠬᠢᠷᠲᠤᠯ ᠦᠭᠡᠢ᠂ ᠠᠶᠤᠯᠭᠦᠶ ᠪᠥᠭᠡᠳ ᠨᠠᠶᠢᠳᠠᠪᠤᠷᠢᠲᠠᠶ ᠣᠳᠣᠬᠢᠴᠢᠯᠠᠭᠰᠠᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠨᠢᠭᠡᠳᠦᠭᠡᠷ ᠬᠡᠰᠡᠭ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ | ᠲᠤᠬᠠᠢ | ᠤᠯᠤᠰ ᠤᠨ ᠬᠤᠷᠳᠤᠨ ᠤ ᠲᠡᠮᠦᠷ ᠵᠠᠮ ᠤᠨ ᠲᠣᠣᠷ᠂ ᠳᠡᠭᠡᠳᠦ ᠳᠡᠰ ᠤᠨ ᠵᠠᠰᠠᠮᠠᠯ ᠵᠠᠮ ᠤᠨ ᠲᠣᠣᠷ ᠪᠠ | ᠠᠭᠠᠷ ᠤᠨ ᠠᠶᠠᠯᠠᠯ ᠤᠨ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢᠨ ︽ᠡᠮᠦᠨ᠎ᠡ ᠬᠤᠶᠢᠨ᠎ᠠ ᠨᠢᠭᠡ ᠺᠢᠯᠣᠮᠧᠲᠷ︾ ᠪᠣᠯᠤᠨ ᠵᠠᠩᠭᠢᠯᠠᠭ᠎ᠠ ᠶᠢᠨ ᠴᠡᠭ ᠤᠨ ᠳᠤᠲᠠᠭᠤᠳᠠᠯ ᠢ | ᠲᠦᠷᠭᠡᠨ ᠨᠥᠬᠦᠪᠥᠷᠢᠯᠡᠵᠦ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠮᠦᠨᠡᠰᠢ ᠬᠤᠯᠪᠣᠭᠠᠯᠠᠵᠤ ᠤᠮᠠᠷᠠᠰᠢ ᠨᠡᠭᠡᠭᠡᠬᠦ᠂ ᠵᠡᠭᠦᠨᠰᠢ ᠪᠠᠷᠠᠭᠤᠨᠰᠢ ᠨᠡᠪᠲᠡᠷᠡᠭᠰᠡᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠬᠦᠴᠦᠯᠡᠨ ᠪᠠᠶᠢᠭᠤᠯᠵᠤ᠂ ᠪᠠᠶᠠᠨᠬᠤᠲᠠ᠂ ᠣᠯᠠᠨᠪᠤᠯᠠᠭ᠂ ᠥᠯᠵᠡᠢ | ᠪᠣᠭᠤᠮᠲᠠ ᠵᠡᠷᠭᠡ ᠭᠤᠷᠪᠠᠨ ᠶᠡᠭᠡ ᠵᠠᠮ ᠬᠠᠷᠢᠯᠴᠠᠭᠠᠨ ᠤ ᠬᠦᠶᠰᠦ ᠶᠢ ᠢᠳᠡᠪᠬᠢᠲᠡᠶ ᠪᠠᠷ ᠪᠣᠶ ᠪᠣᠯᠭᠠᠵᠤ᠂ ︽321︾ | ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠦᠷᠭᠡᠳᠬᠡᠨ | ᠪᠦᠷᠢᠯᠳᠦᠭᠦᠯᠦᠨ᠎ᠡ ︵ ︽3︾ ᠲᠣᠮᠣ ᠵᠠᠮ ᠬᠠᠷᠢᠯᠴᠠᠭᠠᠨ ᠤ ᠬᠦᠶᠰᠦ᠄ ᠪᠠᠶᠠᠨᠬᠤᠲᠠ ᠶᠢᠨ ᠠᠭᠠᠷ ᠲᠡᠮᠦᠷ ᠵᠠᠮ ᠤᠨ | ᠨᠢᠭᠡ ᠴᠤᠭᠴᠠᠵᠢᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠶᠰᠦ᠂ ᠥᠯᠵᠡᠢ ᠪᠣᠭᠤᠮᠲᠠ ᠶᠢᠨ ᠳᠤᠮᠳᠠᠳᠤ | ᠮᠣᠩᠭᠤᠯ ᠣᠷᠣᠰ ᠤᠨ ᠣᠯᠠᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠶᠰᠦ ᠶᠢᠨ ᠲᠥᠪ᠂ ᠣᠯᠠᠨᠪᠤᠯᠠᠭ ᠣᠷᠣᠨ | ᠪᠦᠰᠡ ᠶᠢᠨ ᠪᠠᠷᠠᠭᠠᠨ ᠤ ᠭᠦᠶᠯᠭᠡᠭᠡᠨ ᠤ ᠬᠦᠶᠰᠦ ᠶᠢᠨ ᠲᠥᠪ ᠢ ᠪᠠᠶᠢᠭᠤᠯᠤᠨ᠎ᠠ︔ ︽2︾ ᠶᠡᠭᠡ ᠵᠠᠮ | ᠬᠠᠷᠢᠯᠴᠠᠭᠠᠨ ᠤ ᠵᠠᠮ᠄ ᠥᠯᠵᠡᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠳᠤᠮᠳᠠᠳᠤ | ᠮᠣᠩᠭᠤᠯ ᠣᠷᠣᠰ ᠬᠤᠶᠠᠷ ᠶᠡᠭᠡ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠡᠮᠦᠨ᠎ᠡ ᠤᠮᠠᠷ᠎ᠠ ᠶᠢᠨ | ᠶᠡᠭᠡ ᠵᠠᠮ ᠢ ᠨᠡᠪᠲᠡᠷᠡᠭᠦᠯᠵᠦ᠂ ᠣᠯᠠᠨᠪᠤᠯᠠᠭ ᠪᠠᠷᠠᠭᠠᠨ ᠤ ᠭᠦᠶᠯᠭᠡᠭᠡᠨ ᠤ ᠬᠦᠶᠰᠦ ᠶᠢᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ ᠰᠢᠨᠵᠢᠶᠠᠩ ᠤᠨ ᠬᠤᠶᠢᠲᠤ ᠬᠡᠰᠡᠭ ᠠᠴᠠ ᠭᠠᠷᠬᠤ ᠵᠠᠮ ᠪᠠ ᠪᠡᠭᠡᠵᠢᠩ ᠲᠢᠶᠠᠨᠵᠢᠨ ᠡᠾᠧᠪᠸᠢ | ᠣᠷᠣᠨ ᠤ ᠵᠡᠭᠦᠨ ᠪᠠᠷᠠᠭᠤᠨ ᠶᠡᠭᠡ ᠵᠠᠮ ᠢ ᠨᠡᠪᠲᠡᠷᠡᠭᠦᠯᠦᠨ᠎ᠡ︔ ︽1︾ ᠣᠷᠣᠨ ᠪᠦᠰᠡ ᠶᠢᠨ ᠵᠠᠮ ᠬᠠᠷᠢᠯᠴᠠᠭᠠᠨ ᠤ | ᠰᠦᠯᠵᠢᠶ᠎ᠡ᠄ ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ᠂ ᠲᠦᠷᠭᠡᠨ ᠪᠥᠭᠡᠳ ᠰᠢᠭᠤᠳ ᠨᠡᠪᠲᠡᠷᠡᠬᠦ ᠣᠷᠣᠨ | ᠪᠦᠰᠡ ᠶᠢᠨ ᠵᠠᠮ ᠬᠠᠷᠢᠯᠴᠠᠭᠠᠨ ᠤ ᠰᠦᠯᠵᠢᠶ᠎ᠡ︶ ᠃ | ᠡᠮᠦᠨ᠎ᠡ ᠤᠮᠠᠷ᠎ᠠ᠂ ᠵᠡᠭᠦᠨ ᠪᠠᠷᠠᠭᠤᠨ ᠬᠤᠶᠠᠷ ᠶᠡᠭᠡ ᠵᠠᠮ ᠬᠠᠷᠢᠯᠴᠠᠭ᠎ᠠ ᠶᠢ ᠨᠡᠪᠲᠡᠷᠡᠭᠦᠯᠦᠨ᠎ᠡ᠃ ᠤᠮᠠᠷᠠᠰᠢ | ᠣᠷᠣᠰ ᠤᠨ ᠠᠯᠤᠰ ᠳᠣᠷᠣᠨᠠᠲᠤ᠂ ᠮᠣᠩᠭᠤᠯ ᠤᠯᠤᠰ᠂ ᠡᠮᠦᠨᠡᠰᠢ ᠴᠧᠩᠳᠦ᠋ ᠴᠦᠩᠴᠢᠩ ᠣᠷᠣᠨ ᠬᠥᠷᠬᠦ ᠣᠯᠠᠨ | ᠤᠯᠤᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠭᠤᠯᠳᠤ ᠪᠠᠷ ᠪᠠᠶᠢᠭᠤᠯᠵᠤ᠂ ᠦᠯᠵᠡᠢ ᠪᠣᠭᠤᠮᠲᠠ ᠠᠴᠠ ᠪᠠᠶᠠᠨᠬᠤᠲᠠ | ᠬᠥᠷᠬᠦ ᠳᠡᠷᠡᠰᠦᠨ ᠬᠤᠲᠠ ᠬᠥᠷᠬᠦ ᠲᠡᠮᠦᠷ ᠵᠠᠮ᠂ ᠦᠯᠵᠡᠢ ᠠᠴᠠ ᠭᠠᠨᠰᠦ ᠶᠢᠨ ᠵᠢᠨᠴᠠᠩ ᠬᠥᠷᠬᠦ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠨᠵᠢᠶᠠᠩ ᠤᠨ ᠬᠤᠶᠢᠲᠤ ᠬᠡᠰᠡᠭ ᠢᠶᠠᠷ ᠨᠡᠪᠲᠡᠷᠡᠬᠦ | ᠵᠠᠮ ᠢ ᠬᠤᠯᠪᠣᠨ ᠪᠡᠭᠡᠵᠢᠩ ᠲᠢᠶᠠᠨᠵᠢᠨ ᠡᠾᠧᠪᠸᠢ ᠣᠷᠣᠨ ᠤ ᠵᠡᠭᠦᠨ ᠪᠠᠷᠠᠭᠤᠨ ᠬᠤᠶᠠᠷ ᠶᠡᠭᠡ ᠣᠷᠣᠨ ᠪᠦᠰᠡ ᠳᠤ | ᠬᠦᠷᠭᠡᠬᠦ ᠳᠥᠭᠦᠮ ᠳᠥᠲᠡ ᠲᠡᠭᠡᠭᠡᠪᠦᠷᠢ ᠶᠢᠨ ᠵᠠᠮ ᠢ ᠬᠥᠨᠳᠡᠯᠡᠨ ᠢᠶᠠᠷ ᠨᠡᠪᠲᠡᠷᠡᠭᠦᠯᠦᠨ᠎ᠡ᠃ ᠯᠢᠨ — ᠬᠠᠷᠪᠢᠨ ᠳᠡᠮᠤᠷ | ᠵᠠᠮ᠂ ᠪᠡᠭᠡᠵᠢᠩ ᠠᠴᠠ ᠰᠢᠨᠵᠢᠶᠠᠩ ᠬᠦᠷᠬᠦ ᠬᠤᠷᠳᠤᠨ ᠤ ᠵᠠᠮ ᠳᠤ ᠲᠦᠰᠢᠭᠯᠡᠨ ᠪᠠᠷᠠᠭᠤᠨᠰᠢ ᠰᠢᠨᠵᠢᠶᠠᠩ ᠤᠨ | ᠬᠤᠷᠭᠤᠰ᠂ ᠠᠯᠠᠭ ᠠᠭᠤᠯᠠ ᠶᠢᠨ ᠬᠤᠲᠠ ᠶᠢᠨ ᠪᠣᠭᠤᠮᠲᠠ ᠳᠤ ᠰᠢᠭᠤᠳ ᠬᠦᠷᠴᠦ᠂ ᠦᠯᠵᠡᠢ ᠪᠣᠭᠤᠮᠲᠠ᠂ | ᠰᠤᠬᠤᠩᠲᠦ᠂ ᠢᠩᠭᠡᠨ᠂ ᠵᠢᠷᠠᠲᠠᠢ᠂ ᠣᠯᠠᠨᠪᠤᠯᠠᠭ ᠯᠤᠭ᠎ᠠ ᠬᠤᠯᠪᠣᠭᠰᠠᠨ ᠵᠠᠮ ᠬᠠᠷᠢᠯᠴᠠᠭᠠᠨ ᠤ ᠭᠤᠣᠯ ᠱᠤᠭᠤᠮ ᠳᠤ | ᠲᠦᠰᠢᠭᠯᠡᠨ᠂ ᠬᠥᠬᠡᠬᠤᠲᠠ ᠪᠤᠭᠤᠲᠤ ᠤᠷᠳᠤᠰ ᠤᠯᠠᠭᠠᠨᠬᠠᠳᠠ ᠬᠢᠭᠡᠳ ᠪᠡᠭᠡᠵᠢᠩ ᠲᠢᠶᠠᠨᠵᠢᠨ ᠡᠾᠧᠪᠸᠢ ᠶᠢᠨ ᠬᠤᠳᠠ | ᠶᠢᠨ ᠪᠥᠭᠡᠮᠨᠡᠷᠡᠯ ᠳᠤ ᠰᠢᠭᠤᠳ ᠨᠡᠪᠲᠡᠷᠡᠭᠦᠯᠦᠨ᠎ᠡ᠃ ᠥᠪᠥᠷ ᠮᠣᠩᠭᠤᠯ ᠤᠨ ᠪᠠᠷᠠᠭᠤᠨ ᠬᠡᠰᠡᠭ ᠢ ᠰᠠᠭᠠᠳ ᠥᠬᠡᠶ | ᠨᠡᠪᠲᠡᠷᠡᠭᠦᠯᠬᠦ᠂ ᠰᠢᠨᠵᠢᠶᠠᠩ ᠤᠨ ᠤᠮᠠᠷᠠᠲᠤ ᠭᠠᠷᠬᠤ ᠠᠮᠠᠰᠠᠷ ᠬᠢᠭᠡᠳ ᠥᠪᠥᠷ ᠮᠣᠩᠭᠤᠯ ᠤᠨ ᠵᠡᠭᠦᠨ ᠬᠡᠰᠡᠭ᠂ | ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢ ᠬᠤᠯᠪᠣᠭᠰᠠᠨ ᠡᠳ᠋ ᠪᠣᠳᠠᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ | ᠪᠠᠶᠢᠭᠤᠯᠤᠨ᠎ᠠ᠃ | ᠵᠠᠩᠭᠢᠯᠠᠭ᠎ᠠ ᠶᠢᠨ ᠬᠠᠮᠵᠢᠯᠴᠠᠬᠤ ᠰᠢᠰᠲ᠋ᠧᠮ ᠢ ᠪᠦᠷᠢᠯᠳᠦᠭᠦᠯᠦᠨ᠎ᠡ᠃ ᠪᠠᠶᠠᠨᠬᠤᠲᠠ ᠠᠴᠠ ᠢᠷᠭᠠᠢ ᠬᠦᠷᠬᠦ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ | ᠬᠤᠷᠳᠤᠨ ᠤ ᠲᠡᠮᠦᠷ ᠵᠠᠮ ᠤᠨ ᠲᠣᠣᠷ ᠲᠤ ᠡᠷᠲᠡᠬᠡᠨ ᠠᠭᠤᠰᠤᠯᠴᠠᠭᠤᠯᠤᠨ᠎ᠠ᠃ ᠠᠯᠠᠱᠠ ᠵᠡᠭᠦᠨ ᠬᠤᠰᠢᠭᠤ ᠬᠢᠭᠡᠳ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ ᠪᠥᠭᠡᠮᠨᠡᠷᠡᠯ᠂ ᠢᠷᠭᠠᠢ ᠪᠠᠷ ᠲᠥᠪ ᠪᠣᠯᠭᠠᠭᠰᠠᠨ ᠬᠠᠳᠤᠨ | ᠭᠤᠣᠯ ᠳᠠᠭᠠᠤ ᠶᠢᠨ ᠬᠤᠳᠠ ᠶᠢᠨ ᠪᠥᠭᠡᠮᠨᠡᠷᠡᠯ᠂ ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ | ᠬᠤᠲᠠ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ ᠶᠢᠨ ᠵᠠᠮ ᠬᠠᠷᠢᠯᠴᠠᠭ᠎ᠠ ᠶᠢ ᠵᠠᠯᠭᠠᠯᠳᠤᠭᠤᠯᠬᠤ ᠶᠢ | ᠦᠷᠭᠦᠯᠵᠢᠯᠡᠨ ᠠᠬᠢᠭᠤᠯᠤᠨ᠎ᠠ᠃ 2025 ᠣᠨ ᠪᠣᠯᠬᠤ ᠳᠤ᠂ ᠪᠠᠶᠠᠨᠬᠤᠲᠠ ᠶᠢ ᠪᠡᠭᠡᠵᠢᠩ ᠱᠠᠩᠬᠠᠢ | ᠭᠤᠸᠠᠩᠵᠧᠦ ᠶᠢᠨ 4 ᠴᠠᠭ ᠤᠨ ᠵᠠᠮ ᠬᠠᠷᠢᠯᠴᠠᠭᠠᠨ ᠤ ᠬᠦᠷᠢᠶ᠎ᠡ᠂ ᠬᠥᠬᠡᠬᠤᠲᠠ ᠪᠤᠭᠤᠲᠤ ᠣᠷᠳᠣᠰ ᠪᠣᠯᠣᠨ | ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ ᠬᠤᠲᠠ ᠠᠴᠠ ᠰᠢᠨᠵᠢᠶᠠᠩ ᠬᠦᠷᠬᠦ ᠠᠵᠤ | ᠠᠬᠤᠢ ᠶᠢᠨ ᠪᠦᠰᠡ ᠶᠢᠨ 2 ᠴᠠᠭ ᠤᠨ ᠵᠠᠮ ᠬᠠᠷᠢᠯᠴᠠᠭᠠᠨ ᠤ ᠬᠦᠷᠢᠶ᠎ᠡ᠂ ᠢᠷᠭᠠᠢ ᠵᠡᠷᠭᠡ ᠨᠢᠩᠰᠢᠶᠠ ᠶᠢᠨ ᠬᠠᠲᠤᠨ | ᠭᠤᠣᠯ ᠳᠠᠭᠠᠤ ᠶᠢᠨ ᠬᠤᠲᠠ ᠶᠢᠨ ᠪᠥᠭᠡᠮᠨᠡᠷᠡᠯ ᠤᠨ 1 ᠴᠠᠭ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠳᠤ | ᠣᠷᠣᠭᠤᠯᠬᠤ ᠪᠠᠷ ᠴᠢᠷᠮᠠᠶᠢᠨ᠎ᠠ᠃ ᠣᠯᠠᠨᠪᠤᠯᠠᠭ ᠢ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠵᠠᠩᠭᠢᠯᠠᠭ᠎ᠠ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠵᠠᠩᠭᠢᠯᠠᠭ᠎ᠠ ᠶᠢᠨ ᠴᠡᠭ ᠪᠣᠯᠭᠠᠬᠤ ᠶᠢ ᠠᠬᠢᠭᠤᠯᠵᠤ᠂ | ᠥᠯᠵᠡᠢ ᠪᠣᠭᠤᠮᠲᠠ ᠶᠢ ᠳᠤᠮᠳᠠᠳᠤ ᠮᠣᠩᠭᠤᠯ ᠤᠷᠤᠰ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠴᠡᠭ ᠪᠣᠯᠭᠠᠵᠤ᠂ ᠤᠯᠠᠨ ᠵᠦᠢᠯ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠵᠣᠬᠢᠴᠠᠯᠳᠤᠨ | ᠬᠠᠮᠵᠢᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠤᠨ᠎ᠠ᠃ | ᠣᠷᠣᠨ ᠪᠦᠰᠡ ᠶᠢᠨ ᠳᠣᠲᠣᠷᠠᠬᠢ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠳᠡᠮ | ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠤᠶᠢᠷ᠎ᠠ ᠵᠠᠮ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠵᠤ | ᠂ ᠠᠯᠠᠱᠠ ᠵᠡᠭᠦᠨ ᠬᠤᠰᠢᠭᠤᠨ ᠤ ᠠᠵᠢᠯ ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠤᠨ ᠲᠡᠰ ᠳᠡᠪᠰᠢᠬᠦ | ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠦᠯᠵᠡᠢ ᠪᠣᠭᠤᠮᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠭᠤᠣᠯ | ᠪᠣᠯᠬᠤ ᠬᠤᠳᠠ ᠯᠤᠭ᠎ᠠ ᠶᠢᠨ ᠠᠶᠠᠯᠠᠯ ᠤᠨ ᠱᠤᠭᠤᠮ ᠢ ᠨᠡᠪᠲᠡᠷᠡᠭᠦᠯᠦᠨ᠂ ᠥᠨᠳᠥᠷ ᠦᠷ᠎ᠡ ᠪᠦᠲᠦᠮᠵᠢᠲᠡᠶ | ᠵᠣᠯᠭᠠᠭᠤᠯᠤᠭᠰᠠᠨ ᠤᠶᠢᠷ᠎ᠠ ᠵᠠᠮ ᠤᠨ ᠠᠭᠠᠷ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ᠃ ᠦᠶᠯᠡᠴᠢᠯᠡᠭᠡᠨ ᠢ ᠳᠥᠭᠦᠮ ᠳᠥᠲᠡ ᠪᠣᠯᠭᠠᠬᠤ ᠶᠢ ᠠᠬᠢᠭᠤᠯᠵᠤ᠂ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠬᠢᠭᠡᠳ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ︽ᠪᠥᠬᠦ ᠰᠦᠯᠵᠢᠶ᠎ᠡ ᠶᠢ ᠨᠡᠪᠲᠡᠷᠡᠭᠦᠯᠬᠦ︾ | ᠳᠠᠮᠵᠢᠭᠤᠯᠭ᠎ᠠ ᠶᠢ ᠪᠡᠶᠡᠯᠡᠭᠦᠯᠵᠦ᠂ ᠠᠭᠠᠷ ᠤᠨ ᠵᠢᠭᠤᠯᠴᠢᠯᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ᠂ ᠠᠭᠠᠷ ᠤᠨ ᠠᠶᠠᠯᠠᠯ ᠤᠨ ᠰᠤᠷᠭᠠᠭᠤᠯᠢ ᠶᠢᠨ ᠰᠤᠷᠭᠠᠯᠲᠠ᠂ ᠠᠭᠠᠷ ᠤᠨ ᠠᠶᠠᠯᠠᠯ ᠤᠨ ᠺᠯᠦ᠋ᠪ ᠵᠡᠷᠭᠡ | ᠦᠶᠯᠡᠴᠢᠯᠡᠭᠡᠨ ᠢ ᠥᠷᠨᠢᠭᠦᠯᠦᠨ᠎ᠡ᠃ ᠥᠨᠳᠥᠷ ᠴᠢᠨᠠᠷ ᠴᠢᠨᠰᠠᠭ᠎ᠠ ᠲᠠᠢ ᠵᠠᠮ ᠬᠠᠷᠢᠯᠴᠠᠭᠠᠨ ᠤ ᠲᠦᠷᠭᠡᠨ ᠵᠠᠮ ᠤᠨ | ᠲᠣᠣᠷ ᠢ ᠪᠠᠶᠢᠭᠤᠯᠵᠤ᠂ ᠵᠠᠰᠠᠮᠠᠯ ᠵᠠᠮ ᠤᠨ ᠲᠠᠰ ᠪᠣᠯᠤᠨ ᠨᠡᠪᠲᠡᠷᠡᠬᠦ ᠭᠦᠨᠴᠡ ᠶᠢ ᠳᠡᠭᠡᠭᠰᠢᠯᠡᠭᠦᠯᠵᠦ᠂ ᠪᠣᠭᠤᠮᠲᠠ᠂ | ᠨᠢᠰᠬᠡᠯ ᠤᠨ ᠪᠠᠭᠤᠳᠠᠯ᠂ ᠴᠢᠬᠤᠯᠠ ᠡᠬᠢ ᠪᠠᠶᠠᠯᠢᠭ ᠤᠨ ᠭᠠᠵᠠᠷ᠂ ᠮᠠᠯᠵᠢᠬᠤ ᠲᠠᠷᠢᠶᠠᠯᠠᠬᠤ ᠣᠷᠣᠨ ᠪᠣᠯᠤᠨ ᠠᠵᠤ | ᠦᠶᠯᠡᠰ ᠤᠨ ᠬᠦᠷᠢᠶᠡᠯᠡᠩ ᠲᠣᠭᠤᠷᠢᠭ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠷᠠᠭᠤᠯᠤᠨ᠂ ᠠᠯᠠᠱᠠ ᠵᠡᠭᠦᠨ | ᠬᠤᠰᠢᠭᠤᠨ ᠤ ᠬᠢᠯᠢ ᠳᠣᠲᠣᠷᠠᠬᠢ ᠤᠯᠤᠰ ᠮᠤᠵᠢ ᠶᠢᠨ ᠭᠤᠤᠯ ᠱᠤᠭᠤᠮ ᠤᠨ ᠪᠥᠲᠥᠭᠡᠨ ᠪᠠᠶᠢᠭᠤᠯᠤᠯᠲᠠ ᠶᠢᠨ | ᠳᠤᠲᠠᠭᠤᠳᠠᠯ ᠢ ᠨᠥᠬᠦᠪᠥᠷᠢᠯᠡᠵᠦ᠂ ᠪᠠᠶᠠᠨᠬᠤᠳᠳᠤᠭ ᠠᠴᠠ ᠪᠠᠶᠠᠨᠬᠤᠲᠠ ᠬᠥᠷᠬᠦ᠂ ᠣᠯᠠᠨᠪᠤᠯᠠᠭ ᠠᠴᠠ ᠪᠠᠶᠠᠨᠮᠥ᠋ᠷᠡᠨ | ᠬᠥᠷᠬᠦ ᠵᠡᠷᠭᠡ ᠳᠡᠭᠡᠳᠦ ᠬᠤᠷᠳᠤᠨ ᠤ ᠵᠠᠰᠠᠮᠠᠯ ᠵᠠᠮ ᠤᠨ ᠭᠠᠷᠬᠤ ᠵᠠᠮ ᠢ ᠪᠥᠲᠥᠭᠡᠨ ᠪᠠᠶᠢᠭᠤᠯᠵᠤ᠂ ᠡᠩ ᠤᠨ | ᠤᠯᠤᠰ ᠤᠨ ᠵᠠᠮ ᠤᠨ ᠦᠶᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ ᠲᠡᠭᠦᠯᠳᠡᠷᠵᠢᠭᠦᠯᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ | ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠤᠬᠤᠷ ᠵᠠᠮ᠂ ᠪᠣᠭᠤᠮᠢ ᠵᠠᠮ ᠢ ᠬᠦᠴᠦᠯᠡᠨ | ᠨᠡᠪᠲᠡᠷᠡᠭᠦᠯᠵᠦ᠂ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ | ᠂ ᠵᠠᠮ ᠤᠨ ᠳ᠋ᠧᠩ᠂ ᠴᠡᠴᠡᠷᠯᠢᠭᠵᠢᠭᠦᠯᠦᠯᠲᠡ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠢᠴᠢᠯ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠂ ︽ᠲᠣᠭᠲᠠᠭᠰᠠᠨ ᠦᠶᠯᠡᠴᠢᠯᠡᠭᠡ + ᠤᠷᠢᠳᠴᠢᠯᠠᠨ ᠪᠣᠯᠵᠣᠵᠤ ᠳᠠᠭᠠᠬᠤ︾ ᠡᠵᠡᠩᠨᠡᠯᠲᠡ ᠶᠢᠨ | ᠵᠠᠭᠪᠤᠷ ᠢ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ | ᠠᠬᠢᠭᠤᠯᠤᠨ᠎ᠠ᠃ | ᠵᠠᠮ ᠬᠠᠷᠢᠯᠴᠠᠭ᠎ᠠ ᠬᠢᠭᠡᠳ ᠠᠵᠤ ᠠᠬᠤᠶ ᠨᠡᠶᠢᠭᠡᠮ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠠᠮ | ᠬᠠᠷᠢᠯᠴᠠᠭ᠎ᠠ ᠲᠡᠭᠡᠭᠡᠪᠦᠷᠢ ᠬᠢᠭᠡᠳ ᠠᠵᠤ ᠦᠶᠯᠡᠰ ᠤᠨ ᠬᠥᠭᠵᠢᠯᠲᠡ ᠶᠢᠨ ᠬᠠᠮᠵᠢᠯᠴᠠᠭ᠎ᠠ ᠶᠢ ᠠᠬᠢᠭᠤᠯᠵᠤ᠂ ᠠᠵᠤ | ᠦᠶᠯᠡᠰ ᠤᠨ ᠬᠦᠷᠢᠶᠡᠯᠡᠩ ᠲᠣᠭᠤᠷᠢᠭ ᠪᠠ ᠦᠶᠯᠡᠳᠪᠦᠷᠢᠯᠡᠯ ᠲᠥᠪᠯᠡᠷᠡᠭᠰᠡᠨ ᠣᠷᠣᠨ ᠤ ᠲᠡᠮᠦᠷ ᠵᠠᠮ ᠤᠨ ᠲᠤᠰᠬᠠᠶ | ᠱᠤᠭᠤᠮ ᠤᠨ ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠦᠯᠵᠡᠢ ᠪᠣᠭᠤᠮᠲᠠ᠂ | ᠣᠯᠠᠨᠪᠤᠯᠠᠭ᠂ ᠵᠢᠷᠠᠲᠠᠢ᠂ ᠪᠠᠶᠠᠨᠬᠤᠲᠠ ᠵᠡᠷᠭᠡ ᠲᠡᠮᠦᠷ ᠵᠠᠮ ᠤᠨ ᠪᠠᠷᠠᠭᠠᠨ ᠤ ᠭᠦᠶᠯᠭᠡᠭᠡᠨ ᠤ ᠬᠦᠷᠢᠶᠡᠯᠡᠩ᠂ ᠵᠠᠰᠠᠮᠠᠯ | ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ | ᠵᠡᠷᠭᠡ ᠶᠢᠨ ᠪᠥᠲᠥᠭᠡᠨ ᠪᠠᠶᠢᠭᠤᠯᠤᠯᠲᠠ ᠪᠠ ᠪᠡᠯᠡᠳᠬᠡᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠪᠠᠷᠠᠭᠠᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠤᠨ᠎ᠠ᠃ ᠵᠠᠮ | ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠦᠷᠭᠡᠨ ᠬᠤᠷᠳᠤᠨ ᠤ ᠵᠠᠰᠠᠮᠠᠯ | ᠵᠠᠮ ᠢᠶᠠᠷ ᠭᠤᠤᠯ ᠪᠣᠯᠭᠠᠭᠰᠠᠨ᠂ ᠠᠭᠠᠷ ᠤᠨ ᠠᠶᠠᠯᠠᠯ ᠤᠨ ᠲᠡᠮᠦᠷ ᠵᠠᠮ ᠢᠶᠠᠷ ᠬᠠᠪᠰᠤᠷᠤᠮᠵᠢ ᠪᠣᠯᠭᠠᠭᠰᠠᠨ | ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠵᠠᠮ ᠬᠠᠷᠢᠯᠴᠠᠭ᠎ᠠ | ᠬᠢᠭᠡᠳ ᠮᠡᠳᠡᠭᠡ ᠵᠠᠩᠭᠢ ᠶᠢᠨ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠳᠣᠬᠢᠴᠢᠯᠠᠭᠰᠠᠨ | ᠲᠣᠭᠠᠴᠢᠯᠠᠭᠰᠠᠨ ᠣᠶᠤᠨᠴᠢ ᠮᠡᠷᠭᠡᠵᠢᠯ ᠢᠶᠠᠷ ᠵᠢᠭᠤᠯᠴᠢᠯᠠᠯ ᠤᠨ ᠵᠠᠮ ᠬᠠᠷᠢᠯᠴᠠᠭ᠎ᠠ᠂ ᠲᠡᠭᠡᠭᠡᠪᠦᠷᠢ ᠶᠢᠨ ᠵᠠᠮ | ᠬᠠᠷᠢᠯᠴᠠᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠤᠨᠴᠢᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | | ᠬᠤᠶᠠᠳᠤᠭᠠᠷ ᠬᠡᠰᠡᠭ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠤᠰᠤ ᠬᠠᠩᠭᠠᠬᠤ ᠰᠢᠰᠲ᠋ᠧᠮ ᠢ | ᠪᠠᠶᠢᠭᠤᠯᠬᠤ ᠲᠤᠬᠠᠢ | ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ | ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠪᠠ | ᠤᠰᠤᠨ ᠤ ᠠᠮᠢ ᠠᠬᠤᠶ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠤᠰᠤᠨ ᠤ ᠡᠬᠢ ᠪᠠᠶᠠᠯᠢᠭ ᠳᠤᠲᠠᠭᠳᠠᠵᠤ | ᠪᠠᠶᠢᠬᠤ ᠪᠠ ᠭᠦᠢᠴᠡᠳᠬᠡᠬᠦ ᠲᠤᠭ᠎ᠠ ᠶᠢᠨ ᠬᠤᠪᠢᠶᠠᠷᠢᠯᠠᠯᠲᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ | ᠰᠢᠶᠳᠪᠦᠷᠢᠯᠡᠨ᠎ᠡ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠ ᠵᠢᠵᠢᠭ ᠭᠤᠤᠯ ᠮᠥᠷᠡᠨ ᠢ ᠵᠠᠰᠠᠬᠤ᠂ ᠪᠠᠶᠠᠨᠬᠤᠲᠠ ᠵᠡᠷᠭᠡ ᠭᠤᠤᠯᠳᠠᠯᠭ᠎ᠠ ᠲᠠᠢ ᠭᠠᠵᠠᠷ | ᠣᠷᠣᠨ ᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠳᠬᠠᠨ᠂ | ᠳᠠᠬᠢᠯᠲᠠ ᠤᠰᠤᠨ ᠤ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠤᠰᠤ ᠬᠠᠩᠭᠠᠬᠤ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢᠨ ᠬᠠᠩᠭᠠᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠦᠨᠡᠨᠬᠦ | ᠤᠰᠤᠨ ᠤ ᠡᠬᠢ ᠪᠠᠶᠠᠯᠢᠭ ᠤᠨ ᠲᠠᠯᠳᠠ ᠬᠦᠴᠦᠨ ᠢ ᠠᠭᠤᠳᠠᠯᠯᠠᠨ᠎ᠠ᠃ ᠤᠰᠤᠨ ᠤ ᠡᠬᠢ ᠪᠠᠶᠠᠯᠢᠭ ᠢ ᠬᠠᠶᠢᠨ | ᠰᠢᠨᠵᠢᠵᠦ ᠪᠠᠶᠢᠴᠠᠭᠠᠬᠤ ᠪᠠᠨ ᠴᠢᠩᠭᠠᠳᠬᠠᠵᠤ᠂ ᠣᠶᠢᠷ᠎ᠠ ᠶᠢᠨ ᠵᠢᠯ ᠤᠨ ᠲᠤᠷᠰᠢᠬᠢ ᠣᠷᠣᠨ ᠪᠦᠰᠡ ᠶᠢᠨ ᠤᠰᠤᠨ ᠤ | ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠨᠡᠭᠡᠭᠡᠨ ᠠᠰᠢᠭᠯᠠᠯᠲᠠ᠂ ᠤᠰᠤᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠤᠪᠢᠷᠠᠯᠲᠠ ᠶᠢᠨ ᠪᠠᠶᠢᠳᠠᠯ ᠵᠢᠴᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠭᠰᠡᠨ᠂ | ᠤᠰᠤᠨ ᠤ ᠡᠬᠢ ᠪᠠᠶᠠᠯᠢᠭ ᠢ ᠬᠤᠷᠣᠭᠳᠠᠭᠤᠯᠤᠭᠰᠠᠨ᠂ ᠤᠰᠤᠨ ᠤ ᠣᠷᠴᠢᠨ ᠲᠣᠭᠤᠷᠢᠨ ᠢ ᠬᠤᠬᠢᠷᠠᠭᠤᠯᠤᠭᠰᠠᠨ᠂ | ᠤᠰᠤᠨ ᠤ ᠠᠮᠢ ᠠᠬᠤᠶ ᠶᠢ ᠮᠠᠭᠤᠳᠠᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠤᠰᠤᠨ ᠤ ᠡᠬᠢ | ᠪᠠᠶᠠᠯᠢᠭ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ ᠤᠰᠤ ᠬᠡᠷᠡᠭᠯᠡᠬᠦ | ᠭᠦᠢᠴᠡᠳᠬᠡᠬᠦ ᠲᠤᠭ᠎ᠠ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠬᠠᠶᠢᠨ | ᠰᠦᠪᠡᠭᠴᠢᠯᠡᠨ᠎ᠡ᠃ ᠦᠯᠵᠡᠢ ᠬᠢᠯᠢ ᠶᠢᠨ ᠪᠣᠭᠤᠮᠲᠠ ᠶᠢᠨ ᠬᠠᠳᠤᠨ ᠭᠤᠣᠯ ᠤᠨ ᠤᠰᠤ ᠶᠢ ᠲᠠᠲᠠᠬᠤ᠂ ᠤᠰᠤᠨ ᠤ | ᠴᠢᠨᠠᠷ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠶᠢ ᠬᠡᠷᠡᠭᠵᠢᠭᠦᠯᠵᠦ᠂ ᠪᠣᠷᠣᠭᠠᠨ ᠪᠠ ᠪᠣᠬᠢᠷᠲᠤᠯ ᠢ ᠰᠠᠯᠭᠠᠬᠤ᠂ | ᠲᠠᠬᠢᠯᠳᠠ ᠤᠰᠤ ᠵᠡᠷᠭᠡ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠎ᠠ᠃ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠳᠦᠭᠡᠨ ᠪᠠᠶᠢᠭᠤᠯᠤᠨ᠎ᠠ᠃ ᠤᠰᠤᠨ ᠤ ᠬᠤᠷᠣᠭᠳᠠᠯ ᠶᠡᠬᠡᠲᠡᠶ | ᠲᠥᠷᠥᠯ ᠵᠦᠶᠯ ᠢ ᠴᠢᠩᠭ᠎ᠠ ᠡᠵᠡᠮᠳᠡᠵᠦ᠂ ᠣᠶᠤᠨᠴᠢ ᠬᠡᠮᠵᠢᠯᠲᠡ ᠶᠢᠨ ᠬᠢᠨᠠᠨ ᠡᠵᠡᠮᠳᠡᠬᠦ ᠪᠡᠯᠡᠳᠬᠡᠮᠵᠢ ᠶᠢ | ᠲᠦᠭᠡᠮᠡᠯᠵᠢᠭᠦᠯᠦᠨ ᠤᠭᠰᠠᠷᠠᠵᠤ᠂ ᠤᠰᠤᠨ ᠤ ᠡᠬᠢ ᠪᠠᠶᠠᠯᠢᠭ ᠤᠨ ᠬᠢᠨᠠᠨ ᠡᠵᠡᠮᠳᠡᠯ ᠢ ᠨᠡᠶᠢᠳᠡᠮ ᠪᠦᠷᠬᠦᠭᠦᠯᠬᠦ ᠶᠢ | ᠠᠬᠢᠭᠤᠯᠤᠨ᠂ ᠠᠵᠤ ᠠᠬᠤᠶᠢᠯᠠᠯ ᠤᠨ ᠳᠠᠬᠢᠯᠲᠠ ᠤᠰᠤ᠂ ᠰᠡᠶᠢᠷᠡᠭ ᠬᠠᠭᠤᠷᠠᠶ ᠤᠰᠤ ᠬᠡᠷᠡᠭᠯᠡᠬᠦ ᠶᠢ ᠵᠣᠷᠢᠭᠵᠢᠭᠤᠯᠤᠨ᠎ᠠ | ᠃ | ᠪᠣᠷᠣᠭᠠᠨ ᠤ ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ᠃ ᠤᠰᠤᠨ ᠤ ᠬᠡᠮᠵᠢᠶ᠎ᠡ ᠶᠢ ᠦᠵᠡᠵᠦ | ᠶᠠᠪᠤᠬᠤ᠂ ᠤᠰᠤ ᠠᠷᠪᠢᠯᠠᠬᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠤᠰᠤ ᠠᠷᠪᠢᠯᠠᠬᠤ | ᠮᠡᠷᠭᠡᠵᠢᠯ ᠢ ᠲᠦᠷᠭᠡᠪᠴᠢᠯᠡᠨ ᠬᠡᠷᠡᠭᠯᠡᠵᠦ᠂ ᠤᠰᠤ ᠠᠷᠪᠢᠯᠠᠬᠤ ᠥᠨᠳᠥᠷ ᠦᠷ᠎ᠡ ᠠᠰᠢᠭ ᠲᠠᠢ ᠠᠵᠤ ᠠᠬᠤᠶ ᠶᠢᠨ | ᠲᠠᠷᠢᠮᠠᠯ ᠢ ᠶᠡᠭᠡ ᠪᠠᠷ ᠳᠡᠯᠭᠡᠷᠡᠭᠦᠯᠦᠨ᠎ᠡ᠃ ᠤᠰᠤ ᠠᠷᠪᠢᠯᠠᠬᠤ ᠬᠠᠭᠤᠴᠢᠷᠬᠠᠰᠠᠨ ᠪᠡᠯᠡᠳᠬᠡᠮᠵᠢ ᠶᠢ ᠥᠭᠡᠷᠡᠴᠢᠯᠡᠨ | ᠰᠠᠶᠢᠵᠢᠷᠠᠭᠤᠯᠬᠤ ᠶᠢ ᠳᠡᠭᠡᠭᠰᠢᠯᠡᠭᠦᠯᠦᠨ᠂ ᠤᠰᠤᠯᠠᠯᠲᠠ ᠶᠢᠨ ᠬᠡᠮᠵᠢᠯᠲᠡ ᠶᠢᠨ ᠠᠷᠭ᠎ᠠ ᠪᠠᠷᠢᠯ ᠢ ᠬᠠᠯᠠᠨ | ᠰᠠᠶᠢᠵᠢᠷᠠᠭᠤᠯᠤᠨ᠎ᠠ᠃ ᠳᠤᠰᠤᠯᠭᠠᠨ ᠤᠰᠤᠯᠠᠬᠤ ᠪᠦᠰᠡ ᠶᠢᠨ ᠤᠰᠤ ᠠᠷᠪᠢᠯᠠᠬᠤ ᠪᠡᠯᠡᠳᠬᠡᠮᠵᠢ ᠶᠢ ᠭᠤᠤᠯᠳᠠᠯᠭ᠎ᠠ ᠲᠠᠢ | ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠳᠤᠰᠤᠯᠭᠠᠨ ᠤᠰᠤᠯᠠᠬᠤ ᠪᠡᠯᠡᠳᠬᠡᠮᠵᠢ ᠶᠢ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠤᠰᠤ ᠬᠠᠩᠭᠠᠬᠤ ᠬᠤᠭᠤᠯᠠᠶ ᠶᠢᠨ ᠲᠣᠣᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠰᠤ | ᠠᠷᠪᠢᠯᠠᠬᠤ ᠬᠡᠯᠪᠡᠷᠢ ᠶᠢᠨ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠳᠡᠯᠭᠡᠷᠡᠭᠦᠯᠵᠦ᠂ | ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠰᠤᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ︽ᠭᠤᠣᠯ ᠮᠥᠷᠡᠨ | ᠨᠠᠭᠤᠷ ᠪᠦᠷᠢᠳᠦ ᠶᠢᠨ ᠳᠠᠷᠤᠭ᠎ᠠ︾ ᠶᠢᠨ ᠲᠦᠷᠢᠮ ᠢ ᠦᠷᠭᠦᠯᠵᠢᠯᠡᠨ ᠲᠦᠯᠬᠢᠨ ᠠᠬᠢᠭᠤᠯᠵᠤ᠂ ︽ᠵᠠᠮᠪᠠᠷᠠᠭ᠎ᠠ ᠦᠭᠡᠢ | ᠳᠥᠷᠪᠡᠨ ᠠᠵᠢᠯᠯᠠᠭ᠎ᠠ ᠶᠢ ᠴᠡᠭᠴᠡᠯᠡᠬᠦ︾ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ᠤᠰᠤᠨ ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠷᠠᠭᠤᠯᠤᠨ᠂ | ᠭᠤᠣᠯᠳᠠᠯᠭ᠎ᠠ ᠲᠠᠢ ᠬᠤᠲᠠ ᠪᠠᠯᠭᠠᠰᠤ᠂ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠠᠰᠢᠭᠯᠠᠯᠲᠠ ᠶᠢᠨ | ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠰᠤᠨ ᠤ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠪᠴᠠᠩ ᠢ | ᠡᠮᠬᠢᠯᠡᠨ ᠨᠡᠶᠢᠯᠡᠭᠦᠯᠬᠦ ᠪᠠ ᠲᠤᠭ᠎ᠠ ᠪᠠᠷᠢᠮᠲᠠ ᠶᠢᠨ ᠡᠮᠬᠢᠳᠬᠡᠯ ᠢ ᠠᠬᠢᠭᠤᠯᠤᠨ᠎ᠠ᠃ | ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠠᠲᠤᠨ ᠭᠤᠤᠯ ᠠᠯᠠᠱᠠ ᠶᠢᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠥᠩ ︵ ᠦᠶᠡᠷ︶ | ᠤᠨ ᠬᠤᠪᠢᠶᠠᠷᠢ ᠢᠨᠵᠧᠨᠧᠷᠢᠩ ᠢ ᠵᠣᠬᠢᠴᠠᠭᠤᠯᠤᠨ ᠠᠬᠢᠭᠤᠯᠵᠤ᠂ ᠪᠠᠶᠠᠨᠬᠤᠲᠠ ᠶᠢᠨ ᠣᠪᠣᠭᠠᠨ ᠰᠤᠳᠠᠭ᠂ | ᠪᠣᠩᠬᠤᠨᠬᠠᠷᠠ ᠠᠭᠤᠯᠠ ᠶᠢᠨ ᠬᠤᠶᠢᠲᠤ ᠰᠤᠳᠠᠭ ᠵᠡᠷᠭᠡ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ | ᠢᠨᠵᠧᠨᠧᠷᠢᠩ ᠢ ᠪᠥᠲᠥᠭᠡᠨ ᠪᠠᠶᠢᠭᠤᠯᠵᠤ᠂ ᠰᠥᠩ ᠬᠠᠯᠢᠶ᠎ᠠ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ | ᠴᠢᠳᠠᠪᠤᠷᠢ ᠶᠢ ᠨᠡᠮᠡᠭᠳᠡᠭᠦᠯᠦᠨ᠎ᠡ᠃ ᠰᠤᠮᠤ ᠪᠠᠯᠭᠠᠰᠤ ᠶᠢᠨ ᠰᠠᠭᠤᠭ᠎ᠠ ᠭᠠᠵᠠᠷ᠂ ᠤᠰᠤᠯᠠᠯᠲᠠ ᠶᠢᠨ ᠣᠷᠣᠨ ᠵᠢᠴᠢ ᠠᠵᠤ | ᠦᠶᠯᠡᠰ ᠤᠨ ᠬᠦᠷᠢᠶᠡᠯᠡᠩ ᠲᠣᠭᠤᠷᠢᠭ ᠵᠡᠷᠭᠡ ᠬᠢᠨᠠᠨ ᠬᠡᠮᠵᠢᠵᠦ ᠰᠡᠷᠡᠮᠵᠢᠯᠡᠭᠦᠯᠬᠦ ᠲᠣᠤᠷ ᠴᠢᠬ ᠢ ᠨᠢᠭᠲᠠ | ᠪᠠᠶᠢᠷᠢᠯᠠᠭᠤᠯᠵᠤ᠂ ᠤᠰᠤᠨ ᠤ ᠪᠠᠶᠢᠳᠠᠯ ᠭᠠᠩ ᠤᠨ ᠪᠠᠶᠢᠳᠠᠯ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠨᠡᠶᠢᠲᠡᠯᠡᠵᠦ | ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ | ᠲᠡᠮᠡᠴᠡᠬᠦ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ᠃ | ᠪᠥᠬᠦ ᠣᠷᠣᠨ ᠪᠦᠰᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠬᠦᠷᠢᠶᠡᠯᠡᠨ ᠪᠢᠲᠡᠭᠦᠮᠵᠢᠯᠡᠵᠦ ᠲᠤᠰᠠᠭᠠᠷᠯᠠᠨ ᠬᠠᠮᠠᠭᠠᠯᠠᠬᠤ᠂ ᠴᠠᠭ ᠲᠤᠬᠠᠶ ᠳᠤᠨᠢ ᠬᠢᠨᠠᠨ ᠡᠵᠡᠮᠳᠡᠬᠦ ᠵᠡᠷᠭᠡ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠡᠬᠢ | ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠤᠭᠤᠬᠤ ᠤᠰᠤᠨ ᠤ | ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠪᠡᠯᠡᠳᠬᠡᠯ ᠤᠰᠤᠨ ᠤ ᠡᠬᠢ ᠰᠤᠷᠪᠤᠯᠵᠢ ᠪᠠ ᠭᠠᠩ | ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠲᠦᠷᠭᠡᠨ ᠠᠷᠭᠠᠴᠠᠬᠤ ᠤᠰᠤᠨ ᠤ ᠡᠬᠢ ᠰᠤᠷᠪᠤᠯᠵᠢ ᠶᠢᠨ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ | | | ᠭᠤᠷᠪᠠᠳᠤᠭᠠᠷ ᠬᠡᠰᠡᠭ ᠰᠠᠭᠤᠷᠢᠰᠢᠬᠤ ᠳᠤ ᠲᠣᠬᠢᠷᠠᠮᠵᠢᠲᠠᠢ ᠲᠠᠭᠠᠯᠠᠮᠵᠢᠲᠠᠢ ᠠᠮᠢᠳᠤᠷᠠᠯ ᠤᠨ ᠣᠷᠣᠨ ᠵᠠᠢ ᠶᠢ | ᠪᠦᠲᠦᠭᠡᠨ ᠪᠠᠶᠢᠭᠤᠯᠬᠤ ᠲᠤᠬᠠᠢ | ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ | ᠠᠬᠢᠭᠤᠯᠵᠤ᠂ ᠠᠮᠢ ᠠᠬᠤᠶ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠢᠳᠡᠪᠬᠢᠲᠡᠶ | ᠬᠡᠷᠡᠭᠵᠢᠭᠦᠯᠦᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠤᠲᠠ ᠶᠢᠨ | ᠶᠠᠪᠤᠳᠠᠯ ᠤᠨ ᠵᠠᠮ᠂ ᠬᠠᠭᠤᠴᠢᠨ ᠬᠤᠷᠢᠶᠠᠯᠠᠯ ᠪᠠ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠶ ᠬᠠᠩᠭᠠᠬᠤ | ᠵᠡᠷᠭᠡ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ | ᠲᠣᠭᠤᠷᠢᠭ ᠤᠨ ᠪᠢᠴᠢᠯ ᠦᠨᠳᠦᠰᠦᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠬᠤᠳᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠣᠷᠣᠨ ᠵᠠᠶ ᠶᠢ ᠥᠭᠡᠷᠡᠴᠢᠯᠡᠨ | ᠪᠠᠶᠢᠭᠤᠯᠵᠤ᠂ ᠨᠡᠶᠢᠭᠡᠮ ᠲᠣᠭᠤᠷᠢᠭ ᠤᠨ ᠪᠢᠴᠢᠯ ᠦᠨᠳᠦᠰᠦᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠭᠦᠢᠴᠡᠳ ᠨᠥᠬᠦᠪᠥᠷᠢᠯᠡᠨ᠎ᠡ᠃ ᠪᠠᠶᠠᠨᠬᠤᠲᠠ | ᠂ ᠣᠯᠠᠨᠪᠤᠯᠠᠭ᠂ ᠵᠢᠷᠠᠲᠠᠢ ᠵᠡᠷᠭᠡ ᠲᠥᠪ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠬᠦ | ᠪᠠ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠬᠠᠭᠤᠴᠢᠨ ᠪᠠ ᠬᠠᠭᠤᠴᠢᠷᠬᠠᠰᠠᠨ ᠬᠤᠷᠢᠶᠠᠯᠠᠯ ᠵᠢᠴᠢ | ᠢᠵᠢ ᠪᠦᠷᠢᠨ ᠪᠤᠰᠤ ᠣᠷᠣᠨ ᠰᠠᠭᠤᠴᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠲᠡᠷᠭᠡᠨ ᠵᠣᠭᠰᠣᠭᠠᠯ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠡᠮᠡᠭᠳᠡᠭᠦᠯᠦᠨ᠂ ᠬᠥᠮᠦᠨ | ᠬᠠᠷ᠎ᠠ ᠨᠢᠭᠲᠠᠷᠠᠭᠰᠠᠨ ᠲᠣᠭᠤᠷᠢᠭ᠂ ᠬᠤᠳᠠᠯᠳᠤᠭ᠎ᠠ ᠲᠥᠪᠯᠡᠷᠡᠭᠰᠡᠨ ᠲᠣᠭᠤᠷᠢᠭ᠂ ᠠᠯᠪᠠᠨ ᠠᠴᠠ ᠪᠠᠶᠢᠭᠤᠯᠤᠭᠰᠠᠨ ᠪᠠ | ᠲᠥᠪᠯᠡᠷᠡᠭᠰᠡᠨ ᠲᠣᠭᠤᠷᠢᠭ ᠤᠨ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ | ᠂ ᠪᠠᠶᠠᠨᠬᠤᠲᠠ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ᠂ ᠬᠠᠭᠤᠴᠢᠨ ᠪᠠ | ᠬᠠᠭᠤᠴᠢᠷᠬᠠᠰᠠᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠢ ᠰᠢᠯᠢᠳᠡᠭᠵᠢᠭᠦᠯᠦᠨ ᠥᠭᠡᠷᠡᠴᠢᠯᠡᠨ᠎ᠡ᠃ | ᠪᠠᠶᠠᠨᠬᠤᠲᠠ ᠶᠢᠨ ᠤᠰᠤᠨ ᠤ ᠡᠬᠢ ᠰᠤᠷᠪᠤᠯᠵᠢ ᠶᠢ ᠴᠡᠪᠡᠷᠰᠢᠭᠦᠯᠬᠦ ᠤᠰᠤᠨ ᠤ ᠦᠶᠯᠡᠳᠪᠦᠷᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠪᠠᠶᠠᠨᠬᠤᠲᠠ ᠶᠢᠨ ᠭᠠᠵᠠᠷ ᠳᠣᠤᠷᠠᠬᠢ ᠬᠤᠭᠤᠯᠠᠶ ᠲᠣᠤᠷ ᠤᠨ ᠪᠡᠯᠡᠳᠬᠡᠮᠵᠢ ᠶᠢ ᠰᠠᠶᠢᠵᠢᠷᠠᠭᠤᠯᠵᠤ᠂ | ᠪᠣᠷᠣᠭᠠᠨ ᠤ ᠪᠣᠬᠢᠷ ᠤᠰᠤ ᠶᠢ ᠰᠠᠯᠭᠠᠬᠤ ᠬᠤᠭᠤᠯᠠᠶ ᠱᠤᠭᠤᠮ ᠤᠨ ᠳᠤᠲᠠᠭᠤᠳᠠᠯ ᠢ ᠭᠦᠶᠴᠡᠳ ᠨᠥᠬᠦᠪᠥᠷᠢᠯᠡᠵᠦ᠂ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠲᠠᠰ ᠳᠡᠪᠰᠢᠭᠦᠯᠦᠨ ᠥᠭᠡᠷᠡᠴᠢᠯᠡᠨ᠎ᠡ᠃ ᠤᠯᠤᠰ ᠤᠨ ᠴᠡᠴᠡᠷᠯᠢᠭ ᠤᠨ | ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠴᠡᠷᠯᠢᠭ ᠤᠨ | ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠢᠭᠤᠯᠤᠭᠰᠠᠨ | ᠲᠣᠭᠤᠷᠢᠭ ᠤᠨ ᠴᠡᠴᠡᠷᠯᠢᠭᠵᠢᠭᠦᠯᠦᠯᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠳᠤ ᠵᠣᠬᠢᠴᠠᠭᠰᠠᠨ ᠣᠯᠠᠨ ᠡᠰᠢᠵᠢᠭᠰᠡᠨ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠠᠯᠠ | ᠣᠷᠣᠭᠤᠯᠤᠯᠲᠠ ᠶᠢᠨ ᠵᠢᠭᠤᠯᠴᠢᠯᠠᠯ ᠤᠨ ᠣᠷᠴᠢᠨ ᠲᠣᠭᠤᠷᠢᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠂ ᠵᠢᠭᠤᠯᠴᠢᠯᠠᠯ ᠤᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ | ᠪᠠᠶᠢᠭᠤᠯᠵᠤ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ︽ | ᠲᠣᠭᠠᠴᠢᠯᠠᠭᠰᠠᠨ ᠠᠯᠠᠱᠠ ᠵᠡᠭᠦᠨ ᠬᠤᠰᠢᠭᠤ︾ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ ᠢ | ᠪᠠᠶᠢᠭᠤᠯᠵᠤ᠂ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ | ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠵᠠᠮ ᠤᠨ ᠳ᠋ᠧᠩ᠂ ᠵᠠᠮ ᠬᠠᠷᠢᠯᠴᠠᠭ᠎ᠠ ᠵᠢᠴᠢ ᠬᠥᠮᠥᠨ ᠤ ᠤᠷᠤᠰᠬᠠᠯ ᠤᠨ | ᠪᠦᠷᠢᠳᠬᠡᠯ᠂ ᠬᠤᠭ ᠨᠣᠪᠰᠢ ᠶᠢᠨ ᠬᠠᠮᠢᠶᠠᠷᠤᠯᠲᠠ᠂ ᠲᠡᠷᠭᠡ ᠵᠣᠭᠰᠣᠭᠠᠵᠤ ᠤᠰᠤ ᠵᠠᠯᠠᠬᠤ ᠵᠡᠷᠭᠡ ᠣᠶᠤᠨᠴᠢ | ᠬᠠᠮᠢᠶᠠᠷᠤᠯᠲᠠ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠵᠤ᠂ ᠬᠠᠮᠢᠶᠠᠷᠤᠯᠲᠠ ᠶᠢᠨ ᠰᠢᠰᠲ᠋ᠧᠮ ᠤᠨ ᠰᠢᠰᠲ᠋ᠧᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ | ᠨᠠᠷᠢᠯᠢᠭᠵᠢᠭᠤᠯᠬᠤ ᠪᠠ ᠵᠢᠷᠤᠮᠵᠢᠭᠤᠯᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠳᠥᠷᠪᠡᠳᠦᠭᠡᠷ ᠬᠡᠰᠡᠭ ᠤᠬᠠᠭᠠᠯᠢᠭ ᠬᠡᠯᠪᠡᠷᠢ ᠶᠢᠨ ᠠᠯᠠᠱᠠ ᠵᠡᠭᠦᠨ ᠬᠤᠰᠢᠭᠤ ᠶᠢ ᠪᠠᠶᠢᠭᠤᠯᠬᠤ ᠲᠤᠬᠠᠢ | 5G᠂ ᠲᠤᠭ᠎ᠠ ᠪᠠᠷᠢᠮᠲᠠ ᠶᠢᠨ ᠲᠥᠪ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠬᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠲᠤᠭ᠎ᠠ +︾ ᠠᠵᠢᠯᠯᠠᠭ᠎ᠠ ᠶᠢ ᠡᠷᠴᠢᠮᠲᠡᠢ | ᠲᠦᠯᠬᠢᠨ ᠠᠬᠢᠭᠤᠯᠵᠤ᠂ ᠣᠨᠴᠠᠯᠢᠭᠲᠤ ᠣᠶᠤᠨᠴᠢ ᠬᠡᠷᠡᠭᠯᠡᠭᠡᠨ ᠤ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ | ᠮᠡᠳᠡᠭᠡ ᠬᠤᠯᠪᠣᠭᠠᠨ ᠤ ᠲᠣᠣᠷ ᠰᠦᠯᠵᠢᠶᠡᠨ ᠤ ᠦᠢᠯᠡᠴᠢᠯᠡᠭᠡ ᠶᠢ ᠲᠦᠭᠡᠮᠡᠯᠵᠢᠭᠦᠯᠬᠦ ᠶᠢ ᠲᠦᠯᠬᠢᠨ | ᠠᠬᠢᠭᠤᠯᠤᠨ᠎ᠠ᠃ ᠳᠠᠭᠠᠭᠤᠯᠢ ᠣᠳᠣᠨ ᠤ ᠢᠨᠲ᠋ᠧᠷ ᠰᠦᠯᠵᠢᠶ᠎ᠡ ᠶᠢᠨ ᠬᠠᠮᠤᠷᠬᠤ ᠵᠠᠭᠪᠤᠷ ᠢ ᠬᠠᠶᠢᠨ ᠰᠦᠪᠡᠭᠴᠢᠯᠡᠵᠦ᠂ | 5G ᠶᠢᠨ ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠢᠯᠢ ᠬᠢᠵᠠᠭᠠᠷ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠤ | ᠰᠦᠯᠵᠢᠶ᠎ᠡ ᠶᠢᠨ ᠬᠠᠮᠤᠷᠬᠤ ᠬᠡᠪᠴᠢᠶ᠎ᠡ ᠪᠠ ᠮᠡᠳᠡᠭᠡ ᠬᠤᠯᠪᠣᠭᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢᠯᠠᠯ ᠬᠠᠩᠭᠠᠵᠤ᠂ 2025 ᠣᠨ ᠪᠣᠯᠬᠤ ᠳᠤ 5G ᠶᠢᠨ | ᠰᠦᠯᠵᠢᠶ᠎ᠡ ᠶᠢᠨ ᠪᠦᠷᠬᠦᠴᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠡᠨᠧᠷᠭᠢ ᠣᠯᠭᠤᠬᠤ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠢ ᠪᠠᠷ ᠠᠬᠢᠭᠤᠯᠤᠨ᠎ᠠ᠃ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠢ | ᠡᠳ᠋ ᠪᠠᠷᠠᠭᠠᠨ ᠤ ᠭᠦᠢᠯᠭᠡᠭᠡ ᠲᠡᠭᠡᠭᠡᠪᠦᠷᠢ᠂ ᠠᠵᠤ ᠦᠢᠯᠡᠳᠪᠦᠷᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ IPV6 ᠶᠢ ᠲᠡᠰ ᠳᠡᠪᠰᠢᠭᠦᠯᠦᠨ | ᠥᠭᠡᠷᠡᠴᠢᠯᠡᠬᠦ ᠶᠢ ᠲᠦᠷᠭᠡᠳᠬᠡᠵᠦ᠂ ᠲᠣᠭᠠᠴᠢᠯᠠᠭᠰᠠᠨ ᠠᠭᠤᠷᠬᠠᠢ᠂ ᠲᠣᠭᠠᠴᠢᠯᠠᠭᠰᠠᠨ ᠲᠣᠰᠣ ᠬᠡᠢ᠂ ᠲᠣᠭᠠᠴᠢᠯᠠᠭᠰᠠᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠢᠴᠢ ᠢᠵᠢ ᠪᠦᠷᠢᠳᠦᠭᠦᠯᠬᠦ ᠳ᠋ᠠᠶᠢᠲ᠋ᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠶᠤᠨᠲᠤ ᠬᠦᠷᠢᠶᠡᠯᠡᠩ ᠲᠣᠭᠤᠷᠢᠭ᠂ ᠣᠶᠤᠨᠲᠤ ᠦᠢᠯᠡᠳᠬᠦ᠂ | ᠣᠶᠤᠨᠲᠤ ᠠᠭᠤᠷᠬᠠᠢ ᠶᠢᠨ ᠲᠤᠷᠰᠢᠯᠲᠠ ᠶᠢᠨ ᠴᠡᠭ ᠢ ᠪᠠᠶᠢᠭᠤᠯᠵᠤ᠂ ᠪᠦᠬᠦ ᠣᠷᠣᠨ ᠪᠦᠰᠡ ᠶᠢᠨ ᠣᠶᠤᠨᠲᠤ | ᠵᠢᠭᠤᠯᠴᠢᠯᠠᠯ ᠤᠨ ᠲᠠᠪᠴᠠᠩ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠢᠨᠲ᠋ᠧᠷ ᠰᠦᠯᠵᠢᠶ᠎ᠡ | +︾ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ | ᠬᠤᠳᠠᠯᠳᠤᠭᠠᠨ ᠤ ᠪᠣᠷᠤᠯᠠᠭᠤᠯᠭ᠎ᠠ ᠶᠢ ᠲᠦᠷᠭᠡᠳᠬᠡᠨ ᠬᠥᠭᠵᠢᠭᠦᠯᠦᠨ᠎ᠡ᠃ | ᠬᠤᠳᠠ ᠶᠢᠨ ᠲᠣᠭᠠᠨ ᠤ ᠵᠠᠰᠠᠯᠲᠠ ᠶᠢ ᠲᠦᠯᠬᠢᠨ ᠠᠬᠢᠭᠤᠯᠤᠨ᠎ᠠ᠃ ᠲᠥᠬᠦᠭᠡᠷᠦᠮᠵᠢ ᠨᠢ ᠨᠢᠭᠡᠳᠦᠯᠲᠡᠢ᠂ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ | ᠂ ᠪᠥᠬᠦ ᠠᠶᠢᠮᠠᠭ ᠤᠨ ︽ᠲᠣᠮᠣ ᠳ᠋ᠠᠶᠢᠲ᠋ᠠ︾ ᠶᠢᠨ ᠲᠠᠪᠴᠠᠩ ᠯᠤᠭ᠎ᠠ ᠵᠠᠯᠭᠠᠨ ᠵᠣᠯᠭᠠᠭᠤᠯᠬᠤ ᠶᠢ ᠪᠡᠶᠡᠯᠡᠭᠦᠯᠦᠨ᠎ᠡ᠃ | ᠣᠶᠤᠨᠲᠤ ᠬᠤᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠲᠣᠭᠠᠴᠢᠯᠠᠭᠰᠠᠨ | ᠵᠠᠰᠠᠭ ᠤᠨ ᠣᠷᠳᠣᠨ ᠢ ᠪᠠᠶᠢᠭᠤᠯᠤᠨ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠠᠮᠤᠷ ᠲᠦᠪᠰᠢᠨ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠦᠷᠢᠶᠡᠨ ᠳᠠᠬᠢ ᠲᠣᠭᠠᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠲᠠᠪᠤᠳᠤᠭᠠᠷ ᠬᠡᠰᠡᠭ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠭᠠᠲᠠᠢ | ᠡᠨᠧᠷᠭᠢ ᠶᠢᠨ ᠰᠢᠰᠲ᠋ᠧᠮ ᠢ ᠪᠠᠶᠢᠭᠤᠯᠬᠤ ᠲᠤᠬᠠᠢ | ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠷᠢᠭᠤᠨ ᠴᠡᠪᠡᠷ ᠥᠨᠳᠥᠷ | ᠪᠦᠲᠦᠮᠵᠢᠲᠡᠶ᠂ ᠤᠬᠠᠭᠠᠯᠢᠭ ᠳᠥᠭᠦᠮ ᠳᠥᠲᠡ ᠡᠨᠧᠷᠭᠢ ᠶᠢᠨ ᠠᠵᠤ ᠠᠬᠤᠶ ᠶᠢ ᠬᠥᠭᠵᠢᠭᠦᠯᠵᠦ᠂ ᠵᠠᠬ᠎ᠠ ᠬᠢᠵᠠᠭᠠᠷ | ᠣᠷᠣᠨ ᠤ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠨᠧᠷᠭᠢ ᠶᠢᠨ ᠲᠥᠬᠦᠭᠡᠷᠦᠮᠵᠢ ᠶᠢᠨ ᠨᠡᠪᠲᠡᠷᠡᠬᠦ | ᠴᠢᠳᠠᠪᠤᠷᠢ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ᠂ ᠡᠨᠧᠷᠭᠢ ᠬᠠᠳᠠᠭᠠᠯᠠᠬᠤ ᠪᠡᠯᠡᠳᠬᠡᠮᠵᠢ | ᠂ ᠢᠯᠴᠢ ᠴᠠᠬᠢᠯᠭᠠᠨ ᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠨᠧᠷᠭᠢ ᠶᠢᠨ ᠰᠠᠭᠤᠷᠢ | ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠠᠮᠲᠤᠷᠠᠯᠴᠠᠭ᠎ᠠ ᠶᠢ ᠴᠢᠩᠭᠠᠳᠬᠠᠨ᠂ ᠬᠢᠯᠢ | ᠠᠯᠤᠰᠯᠠᠭᠰᠠᠨ ᠴᠠᠬᠢᠯᠭᠠᠨ ᠬᠦᠴᠦᠨ ᠬᠢᠭᠡᠳ ᠴᠠᠬᠢᠯᠭᠠᠨ ᠬᠦᠷᠭᠡᠬᠦ ᠨᠡᠪᠲᠡᠷᠡᠯ ᠵᠠᠮ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠪᠣᠬᠢᠷᠲᠤᠯ ᠥᠬᠡᠶ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠣᠷᠣᠨ ᠪᠦᠰᠡ ᠶᠢᠨ | ᠴᠠᠬᠢᠯᠭᠠᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠵᠦ᠂ ᠣᠶᠤᠨᠴᠢ ᠡᠨᠧᠷᠭᠢ ᠶᠢᠨ ᠬᠡᠷᠡᠭᠯᠡᠭᠡ ᠶᠢ ᠠᠬᠢᠭᠤᠯᠤᠨ᠎ᠠ᠃ | | ᠡᠨᠧᠷᠭᠢ ᠶᠢᠨ ᠰᠤᠷᠪᠤᠯᠵᠢ ᠶᠢᠨ ᠲᠦᠭᠡᠮᠡᠯ ᠦᠢᠯᠡᠴᠢᠯᠡᠭᠡᠨ ᠤ ᠬᠢᠷᠢ ᠴᠠᠬᠢᠯᠭᠠᠨ ᠤ ᠲᠣᠣᠷ ᠢ ᠤᠷᠲᠤᠳᠬᠠᠬᠤ᠂ | ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠪᠥᠳᠥᠭᠡᠨ ᠪᠠᠶᠢᠭᠤᠯᠬᠤ᠂ ᠪᠢᠴᠢᠯ ᠴᠠᠬᠢᠯᠭᠠᠨ ᠥᠷᠳᠡᠭᠡ᠂ ᠰᠢᠨ᠎ᠡ | ᠡᠨᠧᠷᠭᠢ ᠶᠢᠨ ᠲᠠᠷᠬᠠᠯᠲᠠ ᠶᠢᠨ ᠬᠡᠯᠪᠡᠷᠢ ᠶᠢᠨ ᠴᠠᠬᠢᠯᠭᠠᠨ ᠭᠠᠷᠭᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ | ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠤᠯᠠᠨ ᠴᠠᠬᠢᠯᠭᠠᠨ ᠬᠦᠴᠦᠳᠡᠯ ᠤᠨ ᠲᠡᠰ ᠤᠨ ᠴᠠᠬᠢᠯᠭᠠᠨ ᠬᠠᠩᠭᠠᠬᠤ ᠪᠠ | ᠤᠯᠠᠨ ᠵᠦᠢᠯ ᠤᠨ ᠴᠠᠬᠢᠯᠭᠠᠨ ᠡᠭᠦᠰᠭᠡᠭᠴᠢ ᠶᠢ ᠴᠤᠭᠯᠠᠭᠤᠯᠤᠨ ᠬᠡᠷᠡᠭᠯᠡᠬᠦ ᠴᠠᠬᠢᠯᠭᠠᠨ ᠤ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠨ᠎ᠠ᠃ ᠵᠠᠬ᠎ᠠ ᠬᠢᠵᠠᠭᠠᠷ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠡᠨᠧᠷᠭᠢ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠴᠠᠬᠢᠯᠭᠠᠨ | ᠨᠡᠪᠲᠡᠷᠡᠭᠦᠯᠬᠦ ᠠᠰᠠᠭᠤᠳᠠᠯ ᠢ ᠦᠨᠡᠨᠬᠦ ᠰᠢᠶᠳᠪᠦᠷᠢᠯᠡᠬᠦ ᠬᠡᠷᠡᠭᠲᠡᠶ᠃ ᠪᠠᠶᠠᠨᠬᠤᠲᠠ᠂ ᠣᠯᠠᠨᠪᠤᠯᠠᠭ ᠠᠵᠤ ᠦᠶᠯᠡᠰ ᠤᠨ | ᠬᠦᠷᠢᠶᠡᠯᠡᠩ ᠳᠤ ᠡᠬᠢ ᠰᠤᠷᠪᠤᠯᠵᠢ ᠶᠢᠨ ᠲᠣᠤᠷ ᠰᠦᠯᠵᠢᠶ᠎ᠡ ᠶᠢᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ | ᠪᠠ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠬᠥᠭᠵᠢᠯᠲᠡ ᠶᠢ ᠠᠬᠢᠭᠤᠯᠤᠨ᠎ᠠ᠃ | ᠪᠣᠬᠢᠷᠲᠤᠯ ᠦᠭᠡᠢ ᠡᠨᠧᠷᠭᠢ ᠶᠢᠨ ᠠᠰᠢᠭᠯᠠᠯᠲᠠ ᠶᠢ ᠳᠡᠯᠭᠡᠷᠡᠭᠦᠯᠦᠨ᠎ᠡ᠃ ᠴᠢᠯᠠᠭᠤᠵᠢᠮᠠᠯ ᠤᠨ ᠪᠤᠰᠤ | ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ | ᠳᠡᠭᠡᠭᠰᠢᠯᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠲᠤᠰ ᠭᠠᠵᠠᠷ ᠤᠨ ᠰᠢᠩᠭᠡᠭᠡᠨ ᠠᠪᠬᠤ | ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ | ᠬᠡᠷᠡᠭᠯᠡᠯᠲᠡ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠰᠢᠲᠠᠮᠠᠬᠠᠶ ᠬᠡᠶ ᠪᠠᠷ ᠨᠡᠭᠦᠷᠡᠰᠦ ᠶᠢ ᠣᠷᠣᠯᠠᠭᠤᠯᠬᠤ ᠶᠢ | ᠠᠬᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ | ᠬᠤᠲᠠ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ ᠲᠡᠭᠦᠯᠳᠡᠷᠵᠢᠭᠦᠯᠵᠦ᠂ | ᠬᠠᠭᠤᠴᠢᠨ ᠬᠠᠭᠤᠴᠢᠨ ᠬᠤᠷᠢᠶᠠᠯᠠᠯ ᠤᠨ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ ᠶᠢ ᠲᠦᠯᠬᠢᠨ ᠠᠬᠢᠭᠤᠯᠵᠤ᠂ ᠴᠠᠬᠢᠯᠭᠠᠨ ᠤ ᠲᠣᠣᠷ ᠤᠨ ᠠᠵᠤ | ᠠᠬᠤᠶᠢᠯᠠᠯ ᠤᠨ ᠴᠠᠬᠢᠯᠭᠠᠨ ᠲᠦᠭᠡᠭᠡᠬᠦ ᠲᠣᠣᠷ ᠢ ᠥᠭᠡᠷᠡᠴᠢᠯᠡᠬᠦ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ | ᠡᠬᠢ ᠪᠠᠶᠠᠯᠢᠭ ᠢ ᠭᠦᠢᠴᠡᠳ ᠠᠰᠢᠭᠯᠠᠨ᠂ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠶᠢ ᠳᠡᠯᠭᠡᠷᠡᠭᠦᠯᠵᠦ᠂ ᠠᠷᠢᠭᠤᠨ | ᠴᠡᠪᠡᠷ ᠢᠶᠠᠷ ᠳᠤᠯᠠᠭᠠᠯᠠᠭ᠎ᠠ ᠬᠠᠩᠭᠠᠬᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢᠨ | ᠴᠠᠬᠢᠯᠭᠠᠨ ᠴᠡᠨᠡᠭᠯᠡᠬᠦ ᠱᠣᠩ ᠵᠡᠷᠭᠡ ᠲᠥᠬᠦᠷ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠡᠨᠧᠷᠭᠢ ᠶᠢᠨ ᠰᠤᠷᠪᠤᠯᠵᠢ ᠶᠢᠨ ᠤᠶᠤᠨᠴᠢᠯᠠᠯᠲᠠ ᠶᠢ ᠠᠬᠢᠭᠤᠯᠤᠨ᠎ᠠ᠃ ᠥᠩᠭᠡ ᠦᠵᠡᠮᠵᠢ ᠶᠢᠨ ᠰᠠᠭᠤᠷᠢᠨ | ᠭᠠᠵᠠᠷ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠵᠡᠷᠭᠡ ᠮᠡᠷᠭᠡᠵᠢᠯ ᠢ ᠬᠡᠷᠡᠭᠯᠡᠨ᠂ ᠡᠨᠧᠷᠭᠢ ᠶᠢᠨ ᠲᠣᠭᠠᠴᠢᠯᠠᠭᠰᠠᠨ | ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠭᠠᠵᠠᠷ ᠰᠢᠷᠣᠶ᠂ ᠡᠬᠢ ᠪᠠᠶᠠᠯᠢᠭ᠂ ᠲᠥᠯᠥᠪᠵᠢᠭᠦᠯᠭᠡ᠂ ᠲᠣᠤᠷ ᠲᠤ | ᠨᠡᠶᠢᠯᠡᠭᠦᠯᠦᠨ ᠠᠵᠢᠯᠯᠠᠭᠤᠯᠬᠤ᠂ ᠪᠠᠭᠲᠠᠭᠠᠨ ᠰᠢᠩᠭᠡᠭᠡᠬᠦ ᠵᠡᠷᠭᠡ ᠬᠡᠮᠵᠢᠯ ᠤᠨ ᠮᠡᠳᠡᠭᠡ ᠵᠠᠩᠭᠢ ᠶᠢᠨ ᠭᠦᠨᠵᠡᠭᠡᠶ | ᠠᠭᠤᠰᠤᠯᠴᠠᠯ ᠢ ᠪᠡᠶᠡᠯᠡᠭᠦᠯᠵᠦ᠂ ᠡᠨᠧᠷᠭᠢ ᠶᠢᠨ ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | ᠵᠢᠷᠭᠤᠳᠤᠭᠠᠷ ᠪᠦᠯᠦᠭ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠷᠢᠯᠳᠦᠭᠦᠯᠬᠦ ᠲᠤᠬᠠᠢ | ᠠᠮᠢ ᠠᠬᠤᠶ ᠪᠠᠷ ᠬᠤᠰᠢᠭᠤ ᠪᠠᠶᠢᠭᠤᠯᠬᠤ ᠶᠢ ᠪᠠᠷᠢᠮᠲᠠᠯᠠᠵᠤ᠂ ᠶᠡᠭᠡ ᠬᠠᠮᠠᠭᠠᠯᠠᠯᠲᠠ ᠶᠢ ᠬᠠᠮᠲᠤᠪᠠᠷ ᠠᠳᠬᠤᠵᠤ᠂ | ᠶᠡᠭᠡ ᠨᠡᠭᠡᠭᠡᠨ ᠬᠥᠭᠵᠢᠭᠦᠯᠦᠯᠲᠡ ᠶᠢ ᠬᠢᠬᠦ ᠥᠬᠡᠶ ᠪᠠᠶᠢᠵᠤ᠂ ᠠᠮᠢ ᠠᠬᠤᠶ ᠲᠦᠢᠯ ᠤᠨ ᠬᠡᠪᠡᠷᠡᠭ ᠣᠷᠣᠨ ᠤ ᠨᠡᠭᠡᠭᠡᠨ | ᠬᠥᠭᠵᠢᠭᠦᠯᠦᠯᠲᠡ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠦᠨ᠎ᠡ᠃ | ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠰᠢᠰᠲ᠋ᠧᠮᠵᠢᠭᠦᠯᠦᠨ ᠵᠠᠰᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠠᠯᠠᠱᠠ ᠠᠭᠤᠯᠠ ᠶᠢᠨ ᠠᠮᠢ | ᠠᠬᠤᠶ ᠶᠢᠨ ᠬᠤᠩᠭᠢᠯ ᠵᠠᠮ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ | ᠡᠮᠬᠢ ᠵᠢᠷᠤᠮ ᠲᠠᠢ ᠠᠬᠢᠭᠤᠯᠤᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠵᠠᠰᠠᠨ ᠴᠡᠭᠴᠡᠯᠡᠬᠦ ᠶᠢ ᠥᠷᠨᠢᠭᠦᠯᠦᠨ᠎ᠡ᠃ ᠡᠨᠧᠷᠭᠢ ᠶᠢᠨ | ᠰᠤᠷᠪᠤᠯᠵᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ | ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠵᠦ᠂ | ᠠᠭᠠᠷ ᠤᠨ ᠣᠷᠴᠢᠨ ᠠᠬᠤᠶ ᠪᠠ ᠤᠰᠤᠨ ᠤ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ | ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ᠃ ᠪᠣᠬᠢᠷᠲᠤᠯ | ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠠᠶᠢᠭᠤᠯᠵᠤ᠂ ᠪᠥᠬᠦ ᠨᠡᠶᠢᠭᠡᠮ ᠤᠨ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | | ᠨᠢᠭᠡᠳᠦᠭᠡᠷ ᠬᠡᠰᠡᠭ ᠠᠮᠢ ᠠᠬᠤᠢ ᠶᠢᠨ ᠵᠠᠰᠠᠯᠲᠠ ᠶᠢ ᠢᠳᠡᠪᠬᠢᠲᠡᠢ ᠪᠠᠷ ᠠᠬᠢᠭᠤᠯᠬᠤ ᠲᠤᠬᠠᠢ | ᠠᠮᠢ ᠠᠬᠤᠶ ᠶᠢᠨ ᠣᠷᠣᠨ ᠵᠠᠶ ᠶᠢᠨ ᠵᠠᠭᠠᠭ ᠬᠢᠵᠠᠭᠠᠷ ᠢ ᠴᠢᠩᠭ᠎ᠠ ᠰᠠᠬᠢᠨ᠎ᠠ᠃ ᠪᠡᠶᠡᠴᠢ ᠴᠣᠭᠴᠠ ᠶᠢᠨ | ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠠᠮᠢ ᠠᠬᠤᠢ ᠶᠢ ᠰᠡᠷᠭᠦᠭᠡᠬᠦ ᠠᠵᠢᠯ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠬᠡᠷᠡᠭᠵᠢᠭᠦᠯᠬᠦ ᠵᠠᠷᠴᠢᠮ᠂ ᠣᠷᠣᠨ | ᠵᠠᠢ ᠶᠢᠨ ᠪᠠᠶᠢᠷᠢᠰᠢᠯ᠂ ᠴᠢᠬᠤᠯᠠ ᠶᠡᠭᠡ ᠢᠨᠵᠧᠨᠧᠷᠢᠩ ᠵᠢᠴᠢ ᠭᠤᠣᠯᠳᠠᠯᠭ᠎ᠠ ᠲᠠᠢ ᠲᠦᠷᠦᠯ ᠵᠦᠢᠯ ᠵᠡᠷᠭᠡ ᠠᠭᠤᠯᠭ᠎ᠠ ᠶᠢ | ᠲᠣᠭᠲᠠᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠣᠷᠣᠨ ᠪᠦᠰᠡ ᠶᠢᠨ | ᠪᠠᠶᠢᠴᠠᠭᠠᠯᠲᠠ ᠶᠢ ᠥᠷᠨᠢᠭᠦᠯᠵᠦ᠂ ᠤᠯᠠᠨ ᠲᠡᠰ ᠳᠠᠪᠬᠤᠷᠭ᠎ᠠ ᠶᠢᠨ ᠠᠮᠢ ᠠᠬᠤᠢ ᠶᠢᠨ ᠠᠮᠤᠷ ᠲᠦᠪᠰᠢᠨ ᠤ | ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ | ᠨᠢᠭᠡ ᠵᠢᠷᠤᠭ︾ ᠢ ᠲᠦᠷᠭᠡᠪᠴᠢᠯᠡᠨ ᠵᠢᠷᠤᠵᠤ᠂ ᠵᠠᠭᠠᠭ ᠬᠢᠵᠠᠭᠠᠷ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠲᠣᠳᠣᠷᠬᠠᠶ ᠪᠣᠯᠭᠠᠵᠤ᠂ ︽ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ ᠦᠨᠡᠨ ᠬᠦ | ᠪᠠᠲᠤᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠢ ᠠᠬᠤᠶ ᠶᠢᠨ | ᠣᠷᠣᠨ ᠵᠠᠶ ᠳᠤ ᠬᠡᠷᠡᠭᠯᠡᠬᠦ ᠭᠠᠵᠠᠷ ᠢ ᠵᠠᠰᠠᠬᠤ ᠪᠠ ᠭᠠᠵᠠᠷ ᠰᠢᠷᠣᠶ ᠶᠢ ᠰᠤᠯᠠᠯᠠᠨ ᠭᠠᠷᠭᠠᠬᠤ ᠶᠢ ᠵᠠᠰᠠᠨ ᠴᠡᠭᠴᠡᠯᠡᠬᠦ | ᠡᠷᠴᠢᠮ ᠢ ᠴᠢᠩᠭᠠᠷᠠᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ᠂ ᠴᠢᠭᠢᠭᠯᠢᠭ ᠨᠤᠭᠤ ᠭᠠᠵᠠᠷ᠂ ᠬᠡᠭᠡᠷ᠎ᠡ ᠶᠢᠨ | ᠠᠮᠢᠲᠠᠨ ᠤᠷᠭᠤᠮᠠᠯ ᠤᠨ ᠡᠬᠢ ᠪᠠᠶᠠᠯᠢᠭ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠪᠳᠡᠬᠦ ᠵᠡᠷᠭᠡ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠮᠥᠨ ᠤ | ᠤᠬᠤᠷᠢᠯᠲᠠ ᠪᠠᠷ ᠡᠯᠡᠰᠦᠨ ᠤ ᠤᠬᠤᠷᠢᠯᠲᠠ ᠶᠢ ᠳᠠᠶᠢᠴᠢᠯᠠᠬᠤ᠂ ᠠᠶᠠᠨᠳᠠᠭᠠᠨ ᠰᠡᠷᠭᠦᠬᠦ ᠪᠠ ᠢᠨᠵᠧᠨᠧᠷᠢᠩ ᠤᠨ | ᠵᠠᠰᠠᠯᠲᠠ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ | ᠤᠯᠤᠰ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠤᠷᠰᠢᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠪᠠᠶᠢᠭᠠᠯᠢ ᠶᠢᠨ ᠤᠢ ᠶᠢ | ᠬᠠᠮᠠᠭᠠᠯᠠᠬᠤ ᠪᠠ ᠣᠶᠢᠵᠢᠭᠤᠯᠬᠤ᠂ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ | ᠬᠠᠮᠠᠭᠠᠯᠠᠯᠲᠠ ᠶᠢᠨ ᠣᠷᠣᠨ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ | ᠤᠢ ᠶᠢᠨ ᠠᠮᠢ ᠠᠬᠤᠢ ᠶᠢᠨ ᠨᠥᠬᠦᠪᠦᠷᠢ ᠶᠢ ᠳᠡᠭᠡᠭᠰᠢᠯᠡᠭᠦᠯᠦᠨ᠎ᠡ᠃ ᠡᠯᠡᠰᠦ ᠮᠠᠩᠬ᠎ᠠ ᠶᠢ ᠵᠠᠰᠠᠬᠤ ᠲᠣᠭᠲᠠᠴᠠ ᠶᠢᠨ | ᠰᠢᠨ᠎ᠡ ᠶᠢ ᠡᠭᠦᠳᠴᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠴᠢᠨᠠᠷ ᠴᠢᠨᠰᠠᠭ᠎ᠠ ᠶᠢ ᠨᠠᠷᠢᠯᠢᠭ ᠣᠨᠣᠴᠠᠲᠠᠢ ᠪᠠᠷ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠦᠯᠡᠷᠭᠡᠭᠵᠢᠭᠰᠡᠨ ᠤᠷᠭᠤᠮᠠᠯ ᠤᠨ ᠲᠦᠷᠦᠯ ᠵᠦᠢᠯ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠨ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠵᠤ | ᠂ ᠤᠷᠭᠤᠮᠠᠯ ᠤᠨ ᠬᠤᠴᠢᠯᠭ᠎ᠠ ᠶᠢᠨ ᠡᠳᠡᠭᠡᠷᠡᠯᠲᠡ ᠶᠢᠨ ᠨᠤᠷᠮ᠎ᠠ ᠪᠠ ᠬᠠᠳᠠᠭᠠᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠦᠨ᠎ᠡ᠃ ᠲᠡᠭᠷᠢ ᠡᠯᠡᠰᠦᠨ ᠴᠥᠯ᠂ ᠤᠯᠠᠭᠠᠨᠪᠤᠬ᠎ᠠ ᠶᠢᠨ ᠡᠯᠡᠰᠦᠨ ᠴᠥᠯ ᠵᠢᠴᠢ ᠲᠡᠭᠦᠨ ᠤ ᠡᠷᠬᠢᠨ | ᠲᠣᠭᠤᠷᠢᠨ ᠤ ᠡᠯᠡᠰᠦ ᠶᠢ ᠰᠡᠷᠭᠡᠶᠢᠯᠡᠨ ᠡᠯᠡᠰᠦ ᠶᠢ ᠬᠤᠷᠢᠭᠯᠠᠬᠤ ︽ᠡᠯᠡᠰᠦᠨ ᠨᠡᠭᠦᠳᠡᠯ ᠢ ᠵᠠᠭᠠᠭᠯᠠᠨ ᠵᠣᠭᠰᠣᠭᠠᠬᠤ | ᠣᠢ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠶᠠᠷ ᠶᠡᠭᠡ ᠡᠯᠡᠰᠦᠨ | ᠴᠥᠯ ᠤᠨ ︽ᠠᠭᠤᠯᠵᠠᠨ ᠨᠡᠶᠢᠯᠡᠬᠦ︾ ᠶᠢ ᠡᠷᠡᠰ ᠬᠤᠷᠢᠭᠯᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠠᠲᠤᠨ ᠭᠤᠣᠯ ᠤᠨ | ᠠᠯᠠᠱᠠ ᠶᠢᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠰᠥᠩ ︵ ᠬᠤᠩ︶ ᠣᠷᠣᠨ ᠤ ᠬᠥᠭᠡᠪᠦᠷᠢ ᠶᠢᠨ ᠬᠥᠳᠡᠭᠡ | ᠡᠷᠬᠢᠨ ᠲᠣᠭᠤᠷᠢᠨ ᠤ ᠣᠷᠣᠨ ᠪᠦᠰᠡ ᠶᠢᠨ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠵᠤ᠂ ︽ᠤᠯᠠᠭᠠᠨᠪᠤᠬ᠎ᠠ᠂ | ᠠᠯᠠᠱᠠ ᠠᠭᠤᠯᠠ᠂ ᠣᠷᠳᠣᠰ ᠤᠨ ᠥᠨᠳᠦᠷᠯᠢᠭ ᠤᠨ ᠣᠷᠣᠨ︾ ᠤ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠢᠨᠵᠧᠨᠧᠷᠢᠩ ᠪᠠ ︽ᠬᠠᠲᠤᠨ ᠭᠤᠣᠯ ᠢ ᠲᠠᠲᠠᠵᠤ ᠦ᠋ ᠭᠤᠣᠯ ᠢ ᠭᠡᠲᠦᠯᠬᠦ︾ ᠠᠮᠢ ᠠᠬᠤᠢ ᠶᠢᠨ | ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠰᠢᠰᠲ᠋ᠧᠮᠵᠢ ᠶᠢᠨ ᠢᠨᠵᠧᠨᠧᠷᠢᠩ ᠳᠤ ᠢᠳᠡᠪᠬᠢᠲᠡᠢ ᠣᠷᠣᠯᠴᠠᠨ᠎ᠠ᠃ | ᠠᠯᠠᠱᠠ ᠶᠢᠨ SEE ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠡᠯ᠎ᠡ ᠲᠦᠷᠦᠯ ᠤᠨ ᠭᠤᠣᠯ ᠴᠣᠭᠴᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠣᠷᠣᠯᠴᠠᠬᠤ ᠶᠢ | ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠡᠯᠡᠰᠦ ᠶᠢ ᠵᠠᠰᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ | ᠠᠬᠢᠭᠤᠯᠤᠨ᠎ᠠ᠃ | ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠨᠤᠲᠤᠭ ᠪᠡᠯᠴᠢᠭᠡᠷ ᠤᠨ | ᠦᠨᠳᠦᠰᠦᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ᠂ ᠠᠮᠢ ᠠᠬᠤᠢ ᠶᠢᠨ ᠬᠢᠨᠠᠨ ᠬᠡᠮᠵᠢᠵᠦ ᠦᠨᠡᠯᠡᠨ ᠵᠢᠱᠢᠬᠦ | ᠳᠦᠷᠢᠮ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ | ᠭᠤᠣᠯᠯᠠᠭᠤᠯᠤᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ᠂ ᠣᠯᠠᠨ ᠡᠰᠢᠴᠢᠯᠡᠨ ᠣᠷᠣᠭᠤᠯᠤᠭᠰᠠᠨ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠰᠢᠨ᠎ᠡ ᠵᠠᠭᠪᠤᠷ ᠢ ᠪᠠᠶᠢᠭᠤᠯᠵᠤ᠂ ᠣᠶ ᠰᠢᠭᠤᠢ ᠶᠢᠨ ᠳᠠᠷᠤᠭ᠎ᠠ ᠶᠢᠨ | ᠳᠦᠷᠢᠮ ᠢ ᠬᠡᠷᠡᠭᠵᠢᠭᠦᠯᠦᠨ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ | ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠶ ᠰᠢᠭᠤᠢ ᠨᠤᠲᠤᠭ | ᠪᠡᠯᠴᠢᠭᠡᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠢ ᠤᠯᠠᠮ ᠵᠢᠷᠤᠮᠵᠢᠭᠤᠯᠵᠤ᠂ ᠣᠶ | ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠨᠤᠲᠤᠭ | ᠪᠡᠯᠴᠢᠭᠡᠷ ᠤᠨ ᠭᠠᠯ ᠤᠨ ᠭᠠᠮᠰᠢᠭ ᠪᠠ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠬᠤᠯᠤᠭᠠᠨ᠎ᠠ ᠶᠢᠨ ᠬᠥᠨᠥᠭᠡᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠭᠦᠢᠴᠡᠳᠬᠡᠨ᠎ᠡ᠃ | | ᠠᠯᠠᠱᠠ ᠠᠭᠤᠯᠠ ᠶᠢᠨ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ | ᠴᠢᠩᠭᠠᠷᠠᠭᠤᠯᠤᠨ᠎ᠠ᠃ ᠬᠠᠮᠠᠭᠠᠯᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠯᠠᠱᠠ ᠠᠭᠤᠯᠠ ᠶᠢᠨ | ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠡᠬᠢ ᠪᠠᠶᠠᠯᠢᠭ ᠤᠨ ᠬᠠᠮᠠᠭᠠᠯᠠᠯᠲᠠ | ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠬᠡᠮᠵᠢᠯᠲᠡ᠂ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠠᠭᠤᠰᠤᠯᠴᠠᠯ ᠢ ᠠᠬᠢᠭᠤᠯᠤᠨ᠎ᠠ᠃ | ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠤᠶᠠᠳᠤᠭᠠᠷ ᠤᠳᠠᠭᠠᠨ ᠤ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠶᠢ ᠥᠷᠨᠢᠭᠦᠯᠵᠦ᠂ | ᠬᠥᠬᠡᠨᠠᠭᠤᠷ ᠤᠨ ᠭᠠᠴᠤᠷ᠎ᠠ ᠪᠠᠷ ᠭᠤᠤᠯ ᠪᠣᠯᠭᠠᠭᠰᠠᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠶ ᠵᠢᠴᠢ | ᠠᠳᠠᠯᠢ ᠪᠤᠰᠤ ᠪᠠᠶᠢᠭᠠᠯᠢ ᠶᠢᠨ ᠣᠷᠣᠨ ᠪᠦᠰᠡ ᠶᠢᠨ ᠨᠡᠶᠢᠲᠡᠯᠢᠭ ᠪᠠᠶᠢᠭᠠᠯᠢ ᠶᠢᠨ ᠦᠵᠡᠮᠵᠢ ᠶᠢ ᠬᠠᠮᠠᠭᠠᠯᠠᠵᠤ᠂ ᠬᠤᠪᠣᠷ | ᠴᠤᠬᠠᠭ ᠮᠣᠳᠣᠨ ᠤ ᠲᠥᠷᠥᠯ ᠪᠠ ᠪᠤᠭᠤ᠂ ᠬᠠᠲᠠᠨ ᠬᠤᠨᠢ᠂ ᠮᠣᠷᠢᠨ ᠵᠡᠯ᠎ᠡ ᠵᠡᠷᠭᠡ ᠬᠤᠪᠣᠷ ᠴᠤᠬᠠᠭ ᠮᠥᠬᠦᠬᠦ | ᠰᠢᠬᠠᠭᠰᠠᠨ ᠠᠮᠢᠲᠠᠨ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠨ᠎ᠠ᠃ ᠨᠡᠶᠢᠭᠡᠮ ᠤᠨ ᠬᠢᠨ ᠤ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠠᠰᠢᠭᠯᠠᠬᠤ ᠳᠤ ᠣᠷᠣᠯᠴᠠᠬᠤ ᠶᠢ ᠳᠡᠮᠵᠢᠵᠦ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠰᠠᠭᠤᠷᠢ ᠮᠥᠩᠭᠦ ᠶᠢ ᠴᠢᠷᠮᠠᠶᠢᠨ ᠣᠯᠵᠤ᠂ ᠠᠯᠠᠱᠠ | ᠠᠭᠤᠯᠠ ᠶᠢᠨ ᠠᠮᠢ ᠠᠬᠤᠶ ᠶᠢᠨ ᠰᠢᠰᠲ᠋ᠧᠮ ᠵᠢᠴᠢ ᠲᠡᠭᠦᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠨ᠂ ᠭᠠᠳᠠᠨ᠎ᠠ ᠠᠴᠠ ᠢᠷᠡᠭᠰᠡᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠵᠦ | ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠣᠶ | ᠰᠢᠭᠤᠶ ᠶᠢᠨ ᠭᠠᠯ ᠰᠡᠷᠭᠡᠶᠢᠯᠡᠬᠦ᠂ ᠡᠬᠢ ᠪᠠᠶᠠᠯᠢᠭ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ | ᠰᠢᠨᠵᠢᠯᠡᠬᠦ ᠤᠬᠠᠭᠠᠨ ᠤ ᠰᠤᠳᠤᠯᠤᠯ ᠤᠬᠠᠭᠤᠯᠭ᠎ᠠ ᠬᠥᠮᠦᠵᠢᠯ ᠵᠡᠷᠭᠡ ᠠᠵᠢᠯ ᠢ ᠴᠢᠩᠭᠠᠳᠬᠠᠵᠤ᠂ ᠠᠯᠠᠱᠠ | ᠠᠭᠤᠯᠠ ᠶᠢᠨ ᠠᠮᠢ ᠠᠬᠤᠶ ᠶᠢᠨ ᠬᠤᠩᠭᠢᠯ ᠢ ᠪᠥᠲᠥᠭᠡᠨ ᠪᠠᠶᠢᠭᠤᠯᠵᠤ᠂ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ | ᠪᠠᠶᠢᠴᠠᠭᠠᠬᠤ ᠪᠠ ᠬᠢᠨᠠᠨ ᠬᠡᠮᠵᠢᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢ ᠳᠣᠪᠤᠶᠢᠯᠭᠠᠵᠤ᠂ ᠣᠶ | ᠰᠢᠭᠤᠶ ᠶᠢᠨ ᠠᠮᠢ ᠠᠬᠤᠶ ᠶᠢᠨ ᠵᠢᠭᠤᠯᠴᠢᠯᠠᠯ ᠪᠠ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠷᠤᠭᠰᠢ ᠠᠬᠢᠭᠤᠯᠵᠤ᠂ ᠬᠠᠮᠠᠭᠠᠯᠠᠯᠲᠠ᠂ ᠰᠢᠨᠵᠢᠯᠡᠬᠦ | ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠭᠰᠠᠨ ᠲᠥᠬᠦᠭᠡᠷᠦᠮᠵᠢ ᠪᠦᠷᠢᠨ᠂ | ᠲᠥᠬᠦᠭᠡᠷᠦᠮᠵᠢ ᠲᠡᠷᠢᠭᠦᠨ ᠤ᠂ ᠬᠠᠮᠢᠶᠠᠷᠤᠯᠲᠠ ᠥᠨᠳᠥᠷ ᠪᠦᠲᠦᠮᠵᠢᠲᠡᠶ᠂ ᠴᠢᠳᠠᠮᠵᠢ ᠪᠦᠷᠢᠨ᠂ ᠦᠷᠭᠦᠯᠵᠢᠯᠡᠨ | ᠬᠥᠭᠵᠢᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠤᠨ᠎ᠠ᠃ | | ᠬᠤᠶᠠᠳᠤᠭᠠᠷ ᠬᠡᠰᠡᠭ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠵᠠᠷ ᠢ | ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠲᠥᠷᠢᠮ ᠢ ᠪᠠᠷᠢᠮᠲᠠᠯᠠᠨ᠂ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠶᠡᠷᠦᠩᠬᠡᠶ ᠬᠡᠮᠵᠢᠶ᠎ᠡ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠪᠥᠳᠥᠭᠡᠨ ᠪᠠᠶᠢᠭᠤᠯᠤᠯᠲᠠ ᠳᠤ | ᠬᠡᠷᠡᠭᠯᠡᠬᠦ ᠪᠤᠰᠤ ᠡᠯ᠎ᠡ ᠲᠥᠷᠥᠯ ᠤᠨ ᠭᠠᠵᠠᠷ ᠢ ᠡᠮᠬᠢᠯᠡᠨ ᠨᠡᠶᠢᠯᠡᠭᠦᠯᠵᠦ᠂ ᠦᠯᠡᠳᠡᠭᠡᠯ ᠬᠡᠷᠡᠭᠯᠡᠬᠦ ᠭᠠᠵᠠᠷ ᠢ ᠭᠦᠨ | ᠮᠠᠯᠲᠠᠵᠤ᠂ ᠬᠤᠳᠠ ᠬᠥᠳᠡᠭᠡ ᠶᠢᠨ ᠳᠣᠣᠷ᠎ᠠ ᠠᠰᠢᠭᠯᠠᠮᠵᠢᠳᠤ ᠭᠠᠵᠠᠷ ᠢ ᠲᠠᠬᠢᠨ ᠨᠡᠭᠡᠭᠡᠬᠦ ᠪᠠ ᠦᠢᠯᠡᠳᠪᠦᠷᠢ | ᠠᠭᠤᠷᠬᠠᠶ ᠶᠢᠨ ᠬᠠᠶᠠᠭᠳᠠᠮᠠᠯ ᠭᠠᠵᠠᠷ ᠢ ᠲᠠᠬᠢᠨ ᠬᠠᠭᠠᠯᠪᠤᠷᠢᠯᠠᠨ ᠠᠰᠢᠭᠯᠠᠬᠤ ᠶᠢ ᠲᠥᠯᠬᠢᠨ ᠠᠬᠢᠭᠤᠯᠵᠤ᠂ ᠭᠠᠵᠠᠷ | ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠶᠢ ᠬᠡᠷᠡᠭᠵᠢᠭᠦᠯᠦᠨ᠂ ᠪᠥᠳᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠡᠮᠬᠢ ᠵᠢᠷᠤᠮ ᠲᠠᠢ ᠨᠡᠮᠡᠭᠳᠡᠭᠦᠯᠵᠦ᠂ ᠤᠯᠤᠰ ᠤᠨ ᠭᠠᠵᠠᠷ ᠰᠢᠷᠣᠶ ᠶᠢ ᠠᠷᠪᠢᠲᠠᠶ ᠡᠷᠴᠢᠮᠯᠢᠭ | ᠠᠰᠢᠭᠯᠠᠬᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠡᠭᠦᠳᠬᠦ ᠬᠡᠷᠡᠭᠲᠡᠶ᠃ | ᠪᠡᠶᠡᠲᠦ ᠬᠠᠶᠠᠭᠳᠠᠮᠠᠯ ᠪᠣᠳᠠᠰ ᠤᠨ ᠡᠬᠢ ᠰᠤᠷᠪᠤᠯᠵᠢ ᠶᠢᠨ ᠬᠡᠮᠵᠢᠶ᠎ᠡ ᠶᠢ ᠪᠠᠭᠠᠰᠬᠠᠬᠤ ᠵᠢᠴᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠪᠡᠶᠡᠲᠦ ᠬᠠᠶᠠᠭᠳᠠᠮᠠᠯ | ᠪᠣᠳᠠᠰ᠂ ᠲᠠᠷᠢᠶᠠᠯᠠᠩ ᠤᠨ ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠪᠣᠯᠤᠨ ᠪᠠᠷᠢᠯᠭ᠎ᠠ ᠶᠢᠨ ᠬᠤᠭ | ᠨᠣᠪᠰᠢ᠂ ᠠᠶᠤᠯᠲᠠᠶ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠤᠭ ᠨᠣᠪᠰᠢ ᠪᠠᠷ ᠭᠤᠣᠯᠳᠠᠯᠭ᠎ᠠ ᠪᠣᠯᠭᠠᠵᠤ᠂ | ᠡᠩ ᠤᠨ ᠠᠵᠤ ᠦᠶᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ᠂ ᠪᠠᠶᠠᠨᠬᠤᠲᠠ ᠶᠢᠨ ᠳᠠᠬᠢᠯᠲᠠ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠦᠷᠢᠶᠡᠯᠡᠩ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠬᠦ᠂ | ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠬᠤᠭ ᠨᠣᠪᠰᠢ ᠶᠢ ᠡᠷᠭᠢᠯᠳᠦᠭᠦᠯᠦᠨ ᠳᠠᠬᠢᠨ ᠠᠰᠢᠭᠯᠠᠬᠤ᠂ ᠪᠠᠷᠢᠯᠭ᠎ᠠ ᠶᠢᠨ | ᠬᠤᠭ ᠨᠣᠪᠰᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠪᠡᠶᠡᠲᠦ | ᠬᠠᠶᠠᠭᠳᠠᠮᠠᠯ ᠪᠣᠳᠠᠰ ᠤᠨ ᠡᠬᠢ ᠰᠤᠷᠪᠤᠯᠵᠢ ᠶᠢᠨ ᠬᠡᠮᠵᠢᠶ᠎ᠡ ᠶᠢ ᠶᠡᠭᠡ ᠬᠡᠮᠵᠢᠶ᠎ᠡ ᠪᠠᠷ ᠪᠠᠭᠠᠰᠬᠠᠬᠤ᠂ ᠭᠦᠶᠴᠡᠳ ᠡᠬᠢ | ᠪᠠᠶᠠᠯᠢᠭᠵᠢᠭᠤᠯᠤᠨ ᠠᠰᠢᠭᠯᠠᠬᠤ ᠪᠠ ᠠᠮᠤᠷ ᠲᠦᠪᠰᠢᠨ ᠢᠶᠠᠷ ᠰᠢᠶᠳᠪᠦᠷᠢᠯᠡᠬᠦ ᠶᠢ ᠪᠡᠶᠡᠯᠡᠭᠦᠯᠦᠨ᠎ᠡ᠃ | | ᠭᠤᠷᠪᠠᠳᠤᠭᠠᠷ ᠬᠡᠰᠡᠭ ᠪᠣᠬᠢᠷᠲᠤᠯ ᠦᠭᠡᠢ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠲᠤᠬᠠᠢ | ᠠᠮᠢ ᠠᠬᠤᠶ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠵᠠᠬ᠎ᠠ | ᠳᠡᠯᠭᠡᠭᠦᠷᠴᠢᠯᠡᠭᠰᠡᠨ ᠡᠬᠢ ᠪᠠᠶᠠᠯᠢᠭ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠡᠪᠡᠰᠦ ᠰᠢᠭᠤᠶ ᠡᠯᠡᠰᠦ ᠵᠡᠷᠭᠡ | ᠠᠮᠢ ᠠᠬᠤᠶ ᠶᠢᠨ ᠡᠬᠢ ᠪᠠᠶᠠᠯᠢᠭ ᠢ ᠠᠮᠢ ᠠᠬᠤᠶ ᠶᠢᠨ ᠡᠳ᠋ ᠬᠥᠷᠥᠩᠭᠡ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠵᠦ᠂ | ᠠᠮᠢ ᠠᠬᠤᠶ ᠶᠢᠨ ᠰᠢᠰᠲ᠋ᠧᠮ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ︵ GEP︶ ᠢ ᠦᠨᠡᠯᠡᠨ ᠵᠢᠱᠢᠬᠦ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ | ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠪᠦᠲᠦᠭᠡᠭᠳᠡᠬᠦᠨ ᠢ | ᠬᠠᠶᠢᠨ ᠰᠦᠪᠡᠭᠴᠢᠯᠡᠵᠦ ᠨᠡᠭᠡᠭᠡᠨ ᠬᠥᠭᠵᠢᠭᠦᠯᠵᠦ᠂ ᠣᠶ ᠮᠣᠳᠣᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠲᠠᠢ | ᠤᠶᠠᠯᠳᠤᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤᠨᠢ ᠬᠦᠷᠭᠡᠬᠦ ᠠᠵᠢᠯᠯᠠᠭᠠᠨ ᠤ | ᠲᠥᠰᠦᠯ ᠢ ᠲᠣᠭᠲᠠᠭᠠᠵᠤ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ | ᠳᠡᠯᠭᠡᠭᠦᠷᠴᠢᠯᠡᠭᠰᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠰᠠᠭᠠᠷᠮᠠᠭᠵᠢᠭᠤᠯᠬᠤ ᠲᠣᠭᠲᠠᠴᠠ ᠶᠢ | ᠬᠠᠮᠲᠤᠪᠠᠷ ᠬᠠᠶᠢᠨ ᠰᠦᠪᠡᠭᠴᠢᠯᠡᠵᠦ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠵᠠᠬ᠎ᠠ | ᠳᠡᠯᠭᠡᠭᠦᠷ ᠲᠤ ᠠᠯᠬᠤᠮ ᠠᠯᠬᠤᠮ ᠢᠶᠠᠷ ᠵᠠᠯᠭᠠᠨ ᠣᠷᠣᠭᠤᠯᠤᠨ᠎ᠠ ᠡᠯᠡᠰᠦ ᠶᠢ ᠵᠠᠰᠠᠵᠤ ᠡᠯᠡᠰᠦ ᠶᠢ | ᠲᠣᠭᠲᠠᠪᠤᠷᠢᠵᠢᠭᠤᠯᠬᠤ᠂ ᠠᠮᠢ ᠠᠬᠤᠶ ᠶᠢ ᠰᠡᠷᠭᠦᠭᠡᠬᠦ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠪᠦᠬᠦ | ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠲᠦᠯᠬᠢᠨ ᠠᠬᠢᠭᠤᠯᠵᠤ᠂ ᠠᠮᠢ ᠠᠬᠤᠶ ᠶᠢ | ᠰᠡᠷᠭᠦᠭᠡᠬᠦ ᠠᠵᠢᠯ ᠢ ᠠᠵᠤ ᠦᠢᠯᠡᠰᠵᠢᠭᠦᠯᠬᠦ᠂ ᠲᠥᠪᠯᠡᠷᠡᠭᠦᠯᠬᠦ ᠶᠢ ᠪᠦᠷᠢᠯᠳᠦᠭᠦᠯᠦᠨ᠎ᠡ᠃ | ᠠᠵᠤ ᠦᠢᠯᠡᠳᠪᠦᠷᠢ ᠶᠢᠨ ᠠᠮᠢ ᠠᠬᠤᠶᠢᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ | ᠣᠷᠴᠢᠨ ᠨᠥᠬᠦᠴᠡᠯ ᠤᠨ ᠬᠤᠪᠢᠷᠠᠯᠲᠠ ᠶᠢ ᠠᠷᠭᠠᠴᠠᠬᠤ ᠳᠤᠮᠳᠠ ᠣᠷᠳᠣ ᠬᠤᠭᠤᠴᠠᠭᠠᠨ ᠤ ᠬᠠᠷᠠᠯᠲᠠ ᠶᠢᠨ | ᠲᠣᠭᠤᠷᠢᠨ ᠳᠤ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠢ ᠴᠢᠩᠭᠠᠷᠠᠭᠤᠯᠵᠤ᠂ ᠡᠨᠧᠷᠭᠢ ᠶᠢᠨ | ᠬᠤᠷᠣᠭᠳᠠᠭᠤᠯᠤᠯ ᠢᠶᠠᠷ ᠶᠡᠭᠡ᠂ ᠭᠠᠳᠠᠭᠰᠢᠯᠠᠭᠤᠯᠤᠯᠲᠠ ᠪᠠᠷ ᠶᠡᠭᠡ ᠲᠥᠷᠥᠯ ᠵᠦᠶᠯ ᠤᠨ ᠬᠥᠭᠵᠢᠯᠲᠡ ᠶᠢ ᠡᠷᠡᠰ | ᠬᠤᠷᠢᠭᠯᠠᠨ᠂ ᠠᠵᠤ ᠦᠶᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠵᠦ᠂ ᠦᠯᠵᠡᠢ ᠪᠣᠭᠤᠮᠲᠠ᠂ ᠵᠢᠷᠠᠲᠠᠢ᠂ ᠣᠯᠠᠨᠪᠤᠯᠠᠭ᠂ ᠪᠠᠶᠠᠨᠬᠤᠲᠠ ᠳᠤ ᠪᠣᠬᠢᠷᠲᠤᠯ ᠥᠬᠡᠶ | ᠬᠠᠩᠭᠠᠯᠭ᠎ᠠ ᠶᠢᠨ ᠬᠡᠯᠬᠢᠶ᠎ᠡ ᠶᠢ ᠡᠭᠦᠳᠦᠨ ᠪᠠᠶᠢᠭᠤᠯᠵᠤ᠂ ᠠᠵᠤ ᠦᠶᠯᠡᠰ ᠢ ᠬᠥᠲᠥᠯᠦᠨ ᠵᠢᠯᠣᠭᠤᠳᠴᠤ ᠪᠠᠶᠢᠭᠠᠳ | ᠡᠷᠴᠢᠮᠵᠢᠭᠦᠯᠦᠨ ᠠᠮᠢ ᠠᠬᠤᠶᠢᠵᠢᠭᠤᠯᠤᠨ ᠬᠥᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠪᠣᠬᠢᠷᠲᠤᠯ ᠲᠠᠷᠢᠶᠠᠯᠠᠩ ᠤᠨ | ᠤᠰᠤ ᠠᠷᠪᠢᠯᠠᠬᠤ ᠵᠠᠭᠪᠤᠷ ᠢ ᠬᠠᠶᠢᠨ ᠰᠦᠪᠡᠭᠴᠢᠯᠡᠵᠦ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠵᠡᠷᠭᠡ | ᠪᠣᠬᠢᠷᠲᠤᠯ ᠦᠭᠡᠢ ᠲᠠᠷᠢᠮᠠᠯ ᠤᠨ ᠮᠡᠷᠭᠡᠵᠢᠯ ᠢ ᠬᠡᠷᠡᠭᠵᠢᠭᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ᠂ | ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠪᠣᠭᠤᠳᠠᠯᠯᠠᠬᠤ ᠬᠠᠶᠠᠭᠳᠠᠮᠠᠯ | ᠪᠣᠳᠠᠰ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠳᠤᠰᠤᠯᠭᠠᠨ ᠬᠤᠭᠤᠯᠠᠶ ᠶᠢ | ᠬᠤᠷᠢᠶᠠᠨ ᠠᠪᠴᠤ ᠰᠢᠶᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠮᠠᠯ ᠵᠢᠭᠦᠷᠲᠡᠨ ᠤ | ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠮᠠᠯ ᠤᠨ ᠡᠰᠢ | ᠰᠦᠷᠡᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ︽ᠮᠠᠯ ᠠᠵᠤ ᠠᠬᠤᠶ ᠪᠠᠷ ᠪᠣᠷᠲᠣᠭᠤᠷ | ᠴᠤᠭᠯᠠᠭᠤᠯᠬᠤ᠂ ᠪᠣᠷᠲᠣᠭᠤᠷ ᠢᠶᠠᠷ ᠲᠠᠷᠢᠶᠠᠨ ᠭᠠᠵᠠᠷ ᠲᠤ ᠪᠤᠴᠠᠭᠠᠬᠤ︾ ᠲᠠᠷᠢᠶᠠᠯᠠᠩ ᠮᠠᠯ ᠠᠵᠤ ᠠᠬᠤᠶ ᠶᠢᠨ | ᠬᠤᠤᠰ ᠡᠷᠬᠢᠯᠳᠡᠳᠤ ᠵᠠᠭᠪᠤᠷ ᠢ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ | ᠨᠣᠪᠰᠢ ᠶᠢ ᠰᠢᠶᠳᠪᠦᠷᠢᠯᠡᠬᠦ ᠪᠠ ᠪᠣᠬᠢᠷ ᠤᠰᠤ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ | ᠲᠣᠭᠤᠷᠢᠨ ᠢ ᠰᠠᠶᠢᠵᠢᠷᠠᠭᠤᠯᠤᠨ᠎ᠠ᠃ | ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠦᠭᠡᠢ ᠤᠬᠠᠭᠤᠯᠭ᠎ᠠ ᠬᠥᠮᠦᠵᠢᠯ ᠤᠨ ᠲᠣᠭᠲᠠᠴᠠ ᠶᠢ | ᠪᠠᠶᠢᠭᠤᠯᠵᠤ᠂ ᠲᠣᠭᠠᠴᠢᠯᠠᠭᠰᠠᠨ ᠰᠡᠳᠬᠦᠯ ᠢ ᠠᠰᠢᠭᠯᠠᠵᠤ᠂ ᠲᠣᠭᠠᠴᠢᠯᠠᠭᠰᠠᠨ ᠷᠠᠳᠢᠣ᠋ ᠨᠡᠪᠲᠡᠷᠡᠭᠦᠯᠭᠡ ᠵᠡᠷᠭᠡ ᠰᠢᠨ᠎ᠡ | ᠵᠠᠭᠤᠴᠢᠯᠠᠭᠤᠷ ᠨᠢ ᠣᠯᠠᠨ ᠨᠡᠶᠢᠲᠡ ᠶᠢᠨ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ᠂ ᠪᠣᠬᠢᠷᠲᠤᠯ ᠥᠬᠡᠶ | ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠤᠬᠠᠭᠤᠯᠤᠨ ᠳᠡᠯᠭᠡᠷᠡᠭᠦᠯᠵᠦ᠂ ᠠᠮᠢᠳᠤᠷᠠᠯ ᠤᠨ ᠠᠷᠭ᠎ᠠ | ᠮᠠᠶ᠋ᠢᠭ ᠢ ᠪᠣᠬᠢᠷᠲᠤᠯ ᠥᠬᠡᠶ ᠪᠣᠯᠭᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠨᠢᠭᠡ ᠪᠦᠯᠦᠭ ᠪᠣᠬᠢᠷᠲᠤᠯ ᠦᠭᠡᠶ | ᠰᠤᠷᠭᠠᠭᠤᠯᠢ ᠶᠢ ᠪᠦᠲᠦᠭᠡᠨ ᠪᠠᠶᠢᠭᠤᠯᠵᠤ᠂ | ᠪᠣᠬᠢᠷᠲᠤᠯ ᠥᠬᠡᠶ ᠪᠠᠶᠢᠭᠤᠯᠤᠯᠭ᠎ᠠ᠂ ᠪᠣᠬᠢᠷᠲᠤᠯ ᠥᠬᠡᠶ ᠨᠡᠶᠢᠭᠡᠮ ᠲᠣᠭᠤᠷᠢᠭ ᠨᠢ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ | ᠨᠣᠪᠰᠢ ᠶᠢ ᠰᠢᠶᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠂ ᠱᠤᠭᠤᠬᠤ ᠶᠢ ᠪᠠᠭᠠᠰᠬᠠᠵᠤ ᠱᠤᠭᠤᠬᠤ ᠶᠢ ᠬᠢᠵᠠᠭᠠᠷᠯᠠᠬᠤ | ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ ᠵᠣᠷᠢᠭᠵᠢᠭᠤᠯᠤᠨ | ᠬᠥᠲᠥᠯᠦᠨ ᠵᠢᠯᠣᠭᠤᠳᠤᠨ᠎ᠠ᠃ | | ᠳᠥᠷᠪᠡᠳᠦᠭᠡᠷ ᠬᠡᠰᠡᠭ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ | ᠲᠤᠬᠠᠢ | ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠪᠠᠯᠭᠠᠰᠤ ᠶᠢᠨ | ᠪᠠᠶᠢᠭᠤᠯᠤᠭᠰᠠᠨ ᠲᠣᠭᠤᠷᠢᠭ ᠤᠨ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠳᠤ ᠪᠥᠬᠦ | ᠲᠠᠯ᠎ᠠ ᠪᠠᠷ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠥᠷᠨᠢᠭᠦᠯᠵᠦ᠂ ᠪᠠᠶᠠᠨᠬᠤᠲᠠ ᠪᠠᠯᠭᠠᠰᠤ ᠶᠢᠨ | ᠨᠡᠭᠦᠷᠡᠰᠦ ᠰᠢᠲᠠᠭᠠᠬᠤ ᠭᠦᠸᠧᠯᠦ ᠶᠢ ᠵᠠᠰᠠᠨ ᠴᠡᠭᠴᠡᠯᠡᠬᠦ ᠪᠠ ᠲᠠᠷᠠᠬᠠᠶ ᠨᠡᠭᠦᠷᠡᠰᠦ ᠪᠠᠷ ᠣᠷᠣᠯᠠᠭᠤᠯᠬᠤ ᠶᠢ | ᠲᠦᠷᠭᠡᠳᠬᠡᠨ᠂ ᠰᠤᠮᠤ ᠪᠠᠯᠭᠠᠰᠤ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠠᠬᠢᠭᠤᠯᠤᠨ᠎ᠠ᠃ ᠡᠨᠧᠷᠭᠢ | ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠢᠳᠡᠪᠬᠢᠲᠡᠶ ᠪᠠᠷ ᠭᠤᠶᠤᠴᠢᠯᠠᠵᠤ᠂ ᠡᠨᠧᠷᠭᠢ ᠶᠢᠨ | ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠤᠯᠠᠨ ᠪᠣᠬᠢᠷᠲᠤᠯ ᠪᠣᠳᠠᠰ ᠢ ᠬᠠᠮᠵᠢᠯᠴᠠᠨ | ᠡᠵᠡᠮᠳᠡᠬᠦ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ | ᠬᠢᠨᠠᠨ ᠬᠡᠮᠵᠢᠬᠦ ᠪᠠ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠪᠣᠬᠢᠷᠲᠤᠯ ᠢ ᠵᠠᠰᠠᠬᠤ ᠲᠠᠯ᠎ᠠ ᠪᠠᠷ | ᠪᠠᠷᠢᠮᠵᠢᠶ᠎ᠠ ᠳᠤ ᠬᠦᠷᠬᠦ ᠦᠭᠡᠢ ᠠᠵᠤ ᠠᠬᠤᠶᠢᠯᠠᠯ ᠤᠨ ᠤᠬᠤᠷᠢᠨ ᠭᠠᠷᠬᠤ ᠶᠢ ᠲᠦᠯᠬᠢᠨ ᠠᠬᠢᠭᠤᠯᠵᠤ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠪᠠ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ | ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ ᠣᠷᠴᠢᠨ ᠠᠬᠤᠶ ᠶᠢᠨ | ᠬᠠᠮᠠᠭᠠᠯᠠᠯᠲᠠ ᠶᠢᠨ ᠬᠢᠨᠠᠨ ᠬᠡᠮᠵᠢᠬᠦ ᠦᠷᠳᠡᠭᠡ ᠴᠡᠭ ᠤᠨ ᠦᠢᠯᠡᠳᠦᠯ ᠢ ᠪᠠᠳᠠᠷᠠᠭᠤᠯᠵᠤ᠂ ᠠᠭᠠᠷ ᠮᠠᠨᠳᠠᠯ ᠤᠨ ᠣᠷᠴᠢᠨ | ᠠᠬᠤᠶ ᠶᠢᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ | ᠤᠰᠤᠨ ᠤ ᠠᠮᠢ ᠠᠬᠤᠶ ᠶᠢᠨ ᠰᠢᠰᠲ᠋ᠧᠮ ᠢ ᠰᠢᠯᠢᠳᠡᠭᠵᠢᠭᠦᠯᠦᠨ᠎ᠡ᠃ ᠭᠤᠣᠯ ᠨᠠᠭᠤᠷ ᠤᠨ ᠳᠠᠷᠤᠭ᠎ᠠ ᠶᠢᠨ | ᠲᠥᠷᠢᠮ ᠢᠶᠠᠷ ᠭᠠᠷᠳᠠᠴᠠ ᠪᠣᠯᠭᠠᠨ᠂ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠪᠥᠳᠥᠭᠡᠨ ᠪᠠᠶᠢᠭᠤᠯᠤᠯᠲᠠ | ᠪᠣᠯᠤᠨ ᠤᠰᠤᠨ ᠤ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠤᠰᠤᠨ ᠵᠦᠢ ᠤᠰᠤᠨ ᠤ ᠡᠬᠢ | ᠪᠠᠶᠠᠯᠢᠭ ᠢ ᠬᠢᠨᠠᠨ ᠬᠡᠮᠵᠢᠬᠦ ᠶᠢ ᠥᠷᠨᠢᠭᠦᠯᠦᠨ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠬᠡᠲᠦᠷᠡᠲᠡᠯ᠎ᠡ ᠣᠯᠪᠤᠷᠢᠯᠠᠬᠤ ᠦᠵᠡᠭᠳᠡᠯ ᠢ ᠪᠠᠭᠠᠰᠬᠠᠨ᠎ᠠ᠃ ᠤᠰᠤᠨ ᠤ ᠵᠠᠰᠠᠭ | ᠵᠠᠬᠢᠷᠭᠠᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠶᠯᠡᠳᠪᠦᠷᠢ ᠶᠢᠨ | ᠦᠶᠯᠡᠳᠪᠦᠷᠢᠯᠡᠯ ᠤᠨ ᠤᠰᠤ ᠬᠡᠷᠡᠭᠯᠡᠬᠦ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ ᠭᠤᠣᠯ ᠮᠥᠷᠡᠨ᠂ ᠤᠰᠤᠨ | ᠴᠥᠭᠦᠷᠥᠮ ᠤᠨ ᠠᠮᠢ ᠠᠬᠤᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ | ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠭᠡᠭᠰᠢᠯᠡᠭᠦᠯᠦᠨ᠎ᠡ᠃ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠬᠥᠷᠥᠰᠥ ᠰᠢᠷᠣᠶ ᠶᠢᠨ ᠪᠣᠬᠢᠷᠲᠤᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠦᠭᠰᠢᠭᠦᠷᠢ ᠶᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠢᠨᠠᠨ | ᠬᠡᠮᠵᠢᠬᠦ ᠰᠦᠯᠵᠢᠶ᠎ᠡ ᠶᠢ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠲᠠᠷᠢᠶᠠᠯᠠᠩ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠮᠠᠯᠵᠢᠬᠤ | ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠥᠷᠨᠢᠭᠦᠯᠵᠦ᠂ ᠭᠠᠴᠠᠭ᠎ᠠ | ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠶᠳᠪᠦᠷᠢᠯᠡᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠬᠥᠷᠥᠰᠥ ᠰᠢᠷᠣᠶ ᠶᠢᠨ ᠣᠯᠠᠨ ᠡᠬᠢᠳᠤ ᠪᠣᠬᠢᠷᠲᠤᠯ ᠢ | ᠵᠠᠰᠠᠬᠤ ᠶᠢ ᠠᠬᠢᠭᠤᠯᠤᠨ᠎ᠠ᠃ ᠰᠤᠮᠤ ᠪᠠᠯᠭᠠᠰᠤ ᠶᠢᠨ ᠬᠤᠭ ᠨᠣᠪᠰᠢ ᠰᠢᠶᠳᠪᠦᠷᠢᠯᠡᠬᠦ ᠲᠠᠯᠠᠪᠠᠶ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠴᠠᠭᠠᠨ ᠤ ᠪᠣᠬᠢᠷᠲᠤᠯ ᠤᠨ ᠣᠷᠴᠢᠨ ᠲᠣᠭᠤᠷᠢᠨ ᠢ ᠵᠠᠰᠠᠬᠤ ᠪᠠ ᠬᠦᠨᠳᠦ | ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ | ᠠᠮᠢ ᠠᠬᠤᠶ ᠶᠢᠨ ᠬᠠᠮᠠᠭᠠᠯᠠᠯᠲᠠ ᠶᠢᠨ ᠲᠣᠭᠠᠴᠢᠯᠠᠭᠰᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦᠨ ᠤ ᠠᠮᠢ ᠠᠬᠤᠶ ᠶᠢᠨ | ᠣᠷᠴᠢᠨ ᠲᠣᠭᠤᠷᠢᠨ ᠤ ᠣᠶᠤᠨᠴᠢ ᠬᠢᠨᠠᠨ ᠬᠡᠮᠵᠢᠯᠲᠡ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠴᠠᠭ ᠲᠤᠬᠠᠶ ᠳᠤᠨᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ ᠠᠬᠤᠶ ᠶᠢᠨ ᠣᠷᠴᠢᠨ ᠨᠥᠬᠦᠴᠡᠯ ᠤᠨ ᠡᠯᠧᠮᠧᠨ᠋ᠲ ᠤᠨ ᠲᠤᠭ᠎ᠠ | ᠪᠠᠷᠢᠮᠲᠠ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ︽ᠠᠭᠠᠷ ᠪᠠ ᠭᠠᠵᠠᠷ︾ ᠢ ᠨᠢᠭᠡ | ᠴᠤᠭᠴᠠᠵᠢᠭᠤᠯᠤᠭᠰᠠᠨ ᠠᠮᠢ ᠠᠬᠤᠶ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠠᠯᠬᠤᠮ | ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ | ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢ | ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠭᠡᠨᠡᠳᠲᠡ ᠶᠢᠨ ᠬᠡᠷᠡᠭ ᠢ ᠦᠨᠡᠨ ᠬᠦ ᠰᠡᠷᠭᠡᠶᠢᠯᠡᠨ ᠠᠷᠢᠯᠭᠠᠵᠤ᠂ | ᠪᠦᠬᠦ ᠶᠠᠪᠤᠴᠠ ᠶᠢᠨ ᠣᠷᠴᠢᠨ ᠠᠬᠤᠶ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠵᠢᠴᠢ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ᠂ ᠣᠷᠴᠢᠨ ᠠᠬᠤᠶ ᠶᠢᠨ ᠮᠡᠳᠡᠭᠡ ᠵᠠᠩᠭᠢ ᠶᠢ | ᠢᠯᠡ ᠪᠣᠯᠭᠠᠬᠤ ᠲᠦᠷᠢᠮ ᠢ ᠰᠢᠰᠲ᠋ᠧᠮ ᠲᠠᠢ ᠪᠠᠷ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ | ᠬᠠᠮᠵᠢᠯᠴᠠᠬᠤ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ᠂ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠳᠣᠯᠣᠳᠤᠭᠠᠷ ᠪᠦᠯᠦᠭ ᠴᠢᠨᠠᠷ ᠰᠠᠶᠢᠲᠠᠶ ᠠᠮᠢᠳᠤᠷᠠᠯ ᠢ ᠪᠦᠷᠢᠯᠳᠦᠭᠦᠯᠬᠦ ᠲᠤᠬᠠᠢ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠲᠦᠯᠬᠢᠨ ᠠᠬᠢᠭᠤᠯᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ | ᠨᠢᠯᠬ᠎ᠠ ᠬᠡᠦᠬᠡᠳ ᠠᠴᠠ ᠰᠤᠷᠭᠠᠨ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠳᠡᠬᠦ ᠠᠰᠠᠷᠠᠮᠵᠢ ᠲᠠᠢ | ᠂ ᠪᠠᠭᠤᠷᠠᠶ ᠠᠴᠠ ᠲᠡᠳᠬᠦᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ | | | ᠨᠢᠭᠡᠳᠦᠭᠡᠷ ᠬᠡᠰᠡᠭ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠲᠤᠬᠠᠢ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠥᠬᠦᠳᠡ ᠤᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠷᠭ᠎ᠠ | ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ | ᠲᠤᠰᠠᠯᠠᠮᠵᠢ᠂ ᠬᠤᠳᠠᠯᠳᠤᠨ ᠠᠪᠬᠤ ᠦᠢᠯᠡᠴᠢᠯᠡᠭᠡ ᠬᠢᠭᠡᠳ ᠰᠤᠷᠭᠠᠯᠲᠠ᠂ ᠣᠷᠣᠯᠠᠬᠤ ᠦᠢᠯᠡᠴᠢᠯᠡᠭᠡ ᠬᠢᠭᠡᠳ ᠠᠳᠠᠯ | ᠦᠢᠯᠡᠰ ᠴᠣᠭᠴᠠᠯᠠᠬᠤ ᠦᠢᠯᠡᠴᠢᠯᠡᠭᠡ ᠵᠡᠷᠭᠡ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠵᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠤᠨ᠂ | ᠬᠥᠳᠡᠯᠮᠦᠷᠢᠴᠢᠳ ᠤᠨ ᠤᠷ᠎ᠠ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠳᠡᠮᠵᠢᠬᠦ | ᠰᠢᠰᠲ᠋ᠧᠮ᠂ ᠬᠤᠳᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠰᠤᠷᠭᠠᠯᠲᠠ ᠶᠢᠨ ᠲᠦᠷᠢᠮ ᠢ ᠪᠠᠶᠢᠭᠤᠯᠤᠨ᠂ ᠤᠷ᠎ᠠ ᠴᠢᠳᠠᠪᠤᠷᠢ ᠶᠢᠨ ᠰᠤᠷᠭᠠᠯᠲᠠ ᠶᠢ ᠦᠷᠭᠦᠯᠵᠢᠯᠡᠨ ᠴᠢᠩᠭᠠᠳᠬᠠᠬᠤ᠂ | ᠭᠤᠤᠯᠳᠠᠯᠭ᠎ᠠ ᠲᠠᠢ ᠠᠵᠤ ᠦᠶᠯᠡᠰ ᠢᠶᠠᠷ ᠳᠠᠶᠢᠴᠢᠯᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠬᠦ᠂ ᠵᠠᠰᠠᠭ ᠤᠨ ᠣᠷᠳᠣᠨ ᠤ ᠦᠶᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠬᠤ ᠵᠡᠷᠭᠡ ᠪᠦᠲᠦᠮᠵᠢᠲᠡᠶ ᠠᠷᠭ᠎ᠠ ᠵᠠᠮ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ | ᠬᠤᠲᠠ ᠳᠤ ᠤᠷᠤᠭᠰᠠᠨ ᠮᠠᠯᠴᠢᠨ ᠲᠠᠷᠢᠶᠠᠴᠢᠨ᠂ ᠠᠵᠢᠯ ᠤᠯᠬᠤ ᠳᠤ ᠬᠦᠴᠢᠷᠲᠡᠶ ᠬᠥᠮᠦᠰ᠂ ᠨᠢᠭᠡ ᠴᠦ ᠬᠥᠮᠦᠨ | ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠵᠡᠷᠭᠡ ᠭᠤᠤᠯᠳᠠᠯᠭ᠎ᠠ ᠲᠠᠢ ᠬᠠᠮᠲᠤᠯᠢᠭ ᠢ ᠬᠠᠪᠰᠤᠷᠤᠨ | ᠠᠵᠢᠯ ᠣᠯᠭᠤᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠡᠯ᠎ᠡ ᠵᠦᠢᠯ ᠤᠨ ᠲᠡᠳᠬᠦᠨ ᠳᠡᠮᠵᠢᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠪᠠ | ᠠᠮᠢᠳᠤᠯᠢᠭ ᠠᠵᠢᠯ ᠣᠯᠭᠤᠯᠲᠠ ᠶᠢ ᠲᠡᠮᠵᠢᠨ ᠵᠢᠷᠤᠮᠵᠢᠭᠤᠯᠤᠨ᠎ᠠ᠃ | ᠬᠤᠳᠠ ᠬᠥᠳᠡᠭᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠪᠠ ᠠᠳᠠᠯ ᠦᠶᠯᠡᠰ ᠴᠣᠭᠴᠠᠯᠠᠬᠤ ᠶᠢ ᠯᠠᠪᠳᠠᠭᠤᠨ ᠢᠶᠠᠷ ᠠᠬᠢᠭᠤᠯᠵᠤ᠂ | ᠠᠳᠠᠯ ᠦᠶᠯᠡᠰ ᠴᠣᠭᠴᠠᠯᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠠᠳᠠᠯ | ᠦᠶᠯᠡᠰ ᠴᠣᠭᠴᠠᠯᠠᠬᠤ ᠬᠦᠷᠢᠶᠡᠯᠡᠩ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠳᠠᠯ ᠦᠶᠯᠡᠰ | ᠴᠣᠭᠴᠠᠯᠠᠬᠤ ᠲᠠᠪᠴᠠᠩ ᠵᠡᠷᠭᠡ ᠠᠳᠠᠯ ᠦᠶᠯᠡᠰ ᠴᠣᠭᠴᠠᠯᠠᠬᠤ ᠠᠴᠢᠶᠠᠯᠠᠪᠤᠷᠢ ᠶᠢ ᠲᠠᠰ ᠳᠡᠪᠰᠢᠭᠦᠯᠦᠨ ᠲᠠᠰ | ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠳᠠᠯ ᠦᠶᠯᠡᠰ ᠴᠣᠭᠴᠠᠯᠠᠬᠤ ᠶᠢᠨ ᠵᠢᠯᠣᠭᠤᠳᠣᠯᠭ᠎ᠠ᠂ ᠮᠥᠩᠭᠦᠨ | ᠭᠦᠶᠯᠭᠡᠭᠡᠨ ᠤ ᠳᠡᠮᠵᠢᠯᠭᠡ ᠵᠡᠷᠭᠡ ᠠᠳᠠᠯ ᠦᠶᠯᠡᠰ ᠴᠣᠭᠴᠠᠯᠠᠬᠤ ᠦᠶᠯᠡᠴᠢᠯᠡᠭᠡ ᠶᠢ ᠴᠢᠩᠭᠠᠳᠬᠠᠵᠤ᠂ ᠬᠠᠷᠢᠯᠴᠠᠨ | ᠬᠤᠯᠪᠣᠭᠠᠯᠠᠬᠤ ᠶᠢ ᠵᠣᠷᠢᠭᠵᠢᠭᠤᠯᠤᠨ᠎ᠠ᠃ | ᠰᠦᠯᠵᠢᠶ᠎ᠡ ᠪᠠᠷ ᠠᠳᠠᠯ ᠦᠶᠯᠡᠰ ᠴᠣᠭᠴᠠᠯᠠᠵᠤ᠂ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ | ᠠᠮᠢᠵᠢᠷᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠴᠢᠩᠭᠠᠳᠬᠠᠵᠤ᠂ ᠪᠥᠬᠦ ᠬᠤᠰᠢᠭᠤᠨ ᠤ | ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠲᠣᠭᠤᠷᠢᠨ ᠳᠤ᠂ ᠠᠯᠠᠱᠠ | ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠨᠠᠶᠢᠳᠠᠵᠤ ᠠᠵᠢᠯ ᠣᠯᠭᠤᠯᠲᠠ ᠶᠢᠨ ᠤᠷ᠎ᠠ ᠴᠢᠳᠠᠪᠤᠷᠢ | ᠪᠠ ᠵᠠᠬᠢᠶᠠᠯᠠᠭ᠎ᠠ ᠶᠢᠨ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ ᠰᠤᠷᠭᠠᠯᠲᠠ ᠶᠢ ᠥᠷᠨᠢᠭᠦᠯᠵᠦ᠂ ᠨᠠᠷᠢᠯᠢᠭ | ᠣᠨᠣᠴᠠᠲᠠᠶ ᠪᠠᠷ ᠠᠵᠢᠯ ᠤᠯᠬᠤ ᠶᠢ ᠬᠥᠲᠥᠯᠦᠨ ᠬᠥᠳᠡᠯᠮᠦᠷᠢ ᠬᠦᠴᠦᠨ ᠤ ᠡᠬᠢ ᠪᠠᠶᠠᠯᠢᠭ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠵᠢᠴᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠵᠦ ᠪᠠᠶᠢᠭ᠎ᠠ ᠣᠳᠣᠬᠢ ᠪᠠᠶᠢᠳᠠᠯ ᠢ | ᠪᠠᠶᠢᠴᠠᠭᠠᠵᠤ᠂ ᠣᠨᠣᠯ ᠪᠠ ᠪᠣᠳᠠᠲᠤ ᠲᠠᠮᠢᠷ ᠢ ᠬᠠᠷᠢᠯᠴᠠᠨ ᠤᠶᠠᠯᠳᠤᠭᠤᠯᠤᠭᠰᠠᠨ ᠢᠳᠡᠭᠡᠨ ᠤᠮᠳᠠᠭᠠᠨ ᠤ | ᠦᠶᠯᠡᠴᠢᠯᠡᠭᠡ᠂ ᠬᠡᠷ ᠤᠨ ᠶᠠᠪᠤᠳᠠᠯ ᠤᠨ ᠦᠶᠯᠡᠴᠢᠯᠡᠭᠡ᠂ ᠨᠠᠰᠤᠵᠢᠯ ᠤᠨ ᠠᠰᠠᠷᠠᠭᠴᠢ ᠵᠡᠷᠭᠡ ᠬᠡᠷᠡᠭᠴᠡᠭᠡ | ᠱᠠᠭᠠᠷᠳᠠᠯᠭ᠎ᠠ ᠪᠠᠷ ᠨᠡᠯᠢᠶᠡᠳ ᠶᠡᠭᠡ ᠭᠤᠤᠯᠳᠠᠯᠭ᠎ᠠ ᠲᠠᠢ ᠠᠵᠢᠯ ᠤᠨ ᠲᠥᠷᠥᠯ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ ᠶᠢ ᠥᠷᠨᠢᠭᠦᠯᠦᠨ᠎ᠡ᠃ ︽ᠰᠢᠮᠳᠠᠭᠤᠯᠤᠨ ᠪᠠᠶᠢᠴᠠᠭᠠᠬᠤ + ᠬᠠᠷᠢᠭᠤ ᠰᠤᠷᠪᠤᠯᠵᠢᠯᠠᠬᠤ︾ | ᠠᠷᠭ᠎ᠠ ᠮᠠᠶ᠋ᠢᠭ ᠢ ᠠᠪᠴᠤ᠂ ᠰᠤᠷᠤᠭᠴᠢᠳ ᠤᠨ ᠠᠵᠢᠯ ᠣᠯᠤᠭᠰᠠᠨ ᠪᠠᠶᠢᠳᠠᠯ ᠢ ᠪᠠᠶᠢᠳᠠᠯ ᠢ ᠤᠶᠢᠯᠠᠭᠠᠨ | ᠰᠤᠷᠪᠤᠯᠵᠢᠯᠠᠵᠤ᠂ ᠰᠤᠷᠭᠠᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ | ᠣᠷᠣᠯᠭ᠎ᠠ ᠶᠢᠨ ᠨᠡᠮᠡᠭᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠬᠥᠳᠡᠭᠡ᠂ ᠠᠵᠢᠯ ᠲᠦᠷᠦᠯ | ᠪᠣᠯᠤᠨ ᠨᠡᠶᠢᠭᠡᠮ ᠤᠨ ᠪᠦᠷᠢᠯᠳᠦᠬᠦᠨ ᠤ ᠬᠤᠭᠤᠷᠣᠨᠳᠣᠬᠢ ᠣᠷᠣᠯᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ | ᠪᠠᠭᠠᠰᠬᠠᠨ᠎ᠠ᠃ ᠢᠨᠲ᠋ᠧᠷ ᠰᠦᠯᠵᠢᠶ᠎ᠡ ᠪᠠᠷ ᠠᠳᠠᠯ ᠦᠶᠯᠡᠰ ᠴᠣᠭᠴᠠᠯᠠᠨ ᠠᠵᠢᠯ ᠣᠯᠭᠤᠬᠤ ᠵᠠᠭᠪᠤᠷ ᠢ ᠢᠳᠡᠪᠬᠢᠲᠡᠶ | ᠬᠥᠭᠵᠢᠭᠦᠯᠵᠦ᠂ ᠰᠢᠨ᠎ᠡ ᠨᠢᠭᠡ ᠦᠶ᠎ᠡ ᠶᠢᠨ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠤᠨᠴᠠᠯᠢᠭᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠴᠠᠬᠢᠮ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠠᠳᠠᠯ ᠦᠶᠯᠡᠰ ᠴᠣᠭᠴᠠᠯᠠᠨ ᠠᠵᠢᠯ ᠣᠯᠭᠤᠬᠤ ᠶᠢ ᠠᠬᠢᠭᠤᠯᠤᠨ᠂ ᠮᠠᠯᠴᠢᠨ | ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠦᠨ᠎ᠡ᠃ | ᠬᠤᠶᠠᠳᠤᠭᠠᠷ ᠬᠡᠰᠡᠭ ᠴᠢᠨᠠᠷ ᠰᠠᠶᠢᠲᠠᠢ ᠰᠤᠷᠭᠠᠨ ᠬᠥᠮᠥᠵᠢᠯ ᠤᠨ ᠰᠢᠰᠲ᠋ᠧᠮ ᠢ ᠪᠠᠶᠢᠭᠤᠯᠬᠤ ᠲᠤᠬᠠᠢ | ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠦ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠢ 2 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠵᠢᠭᠦᠯᠵᠦ᠂ ᠰᠤᠷᠬᠤ ᠨᠠᠰᠤᠨ ᠤ ᠬᠡᠦᠬᠡᠳ ᠤᠨ | ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ | ᠣᠷᠣᠬᠤ ᠨᠤᠷᠮ᠎ᠠ ᠶᠢ 97% ᠠᠴᠠ ᠳᠡᠭᠡᠭᠰᠢ ᠪᠠᠶᠢᠯᠭᠠᠵᠤ᠂ ᠬᠡᠦᠬᠡᠳ ᠤᠨ ᠴᠡᠴᠡᠷᠯᠢᠭ ᠲᠤ ᠣᠷᠣᠬᠤ ᠪᠦᠬᠦ | ᠨᠤᠷᠮ᠎ᠠ ᠶᠢ 99% ᠠᠴᠠ ᠳᠡᠭᠡᠭᠰᠢ ᠪᠠᠶᠢᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠪᠥᠭᠡᠳ ᠴᠢᠨᠠᠷ ᠰᠠᠶᠢᠲᠠᠶ ᠪᠠᠶᠢᠬᠤ ᠶᠢ ᠠᠬᠢᠭᠤᠯᠵᠤ᠂ ᠰᠤᠷᠭᠠᠭᠤᠯᠢ ᠶᠢᠨ ᠪᠠᠶᠢᠷᠢᠰᠢᠯ ᠢ ᠵᠦᠢ ᠵᠣᠬᠢᠰᠲᠠᠶ | ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ ᠲᠣᠬᠢᠷᠠᠭᠤᠯᠵᠤ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠨᠤᠷᠮ᠎ᠠ ᠶᠢ | 100% ᠳᠤ ᠬᠦᠷᠭᠡᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ | ᠨᠤᠷᠮ᠎ᠠ ᠶᠢ 100% ᠳᠤ ᠬᠦᠷᠭᠡᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ | ᠣᠨᠴᠠᠯᠢᠬᠵᠢᠭᠤᠯᠤᠨ ᠣᠯᠠᠨ ᠶᠠᠩᠵᠤ ᠪᠠᠷ ᠬᠥᠭᠵᠢᠭᠦᠯᠬᠦ ᠶᠢ ᠵᠣᠷᠢᠭᠵᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠣᠨᠴᠣᠭᠤᠶ ᠰᠤᠷᠭᠠᠨ | ᠬᠥᠮᠦᠵᠢᠯ ᠢ ᠬᠠᠯᠠᠮᠵᠢᠯᠠᠨ ᠳᠡᠮᠵᠢᠵᠦ᠂ ᠵᠡᠮᠳᠡᠭ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠪᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ | ᠴᠢᠬᠤᠯᠠᠴᠢᠯᠠᠵᠤ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ | ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ | ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠠ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠢ ᠴᠢᠬᠤᠯᠠᠴᠢᠯᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠦᠨ᠎ᠡ᠃ ᠦᠨᠳᠦᠰᠦᠲᠡᠨ ᠤ ᠰᠤᠷᠭᠠᠨ | ᠬᠥᠮᠦᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ | ᠲᠤᠰᠬᠠᠶ ᠵᠦᠶᠯ ᠤᠨ ᠲᠤᠰᠠᠯᠠᠮᠵᠢ ᠶᠢᠨ ᠪᠠᠯᠠ ᠮᠥᠩᠭᠦ ᠶᠢ ᠪᠠᠶᠢᠭᠤᠯᠤᠨ᠂ ᠣᠲᠣ ᠶᠢᠨ ᠪᠠᠶᠢᠭ᠎ᠠ ᠰᠤᠷᠭᠠᠭᠤᠯᠢ ᠡᠷᠭᠢᠯᠡᠬᠦ | ᠨᠥᠬᠦᠴᠡᠯ ᠢ ᠰᠠᠶᠢᠵᠢᠷᠠᠭᠤᠯᠵᠤ᠂ ᠬᠢᠴᠢᠶᠡᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠤ | ᠣᠨᠴᠠᠯᠢᠭ ᠲᠠᠢ ᠰᠤᠷᠭᠠᠨ ᠬᠥᠮᠦᠵᠢᠯ ᠪᠠ ︽ᠬᠤᠤᠰ ᠬᠡᠯᠡ︾ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ | ᠠᠷᠭ᠎ᠠ ᠵᠠᠮ ᠢ ᠥᠷᠭᠡᠳᠬᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠵᠦ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠵᠦ᠂ ᠤᠬᠠᠭᠤᠯᠭ᠎ᠠ ᠪᠠ | ᠰᠤᠷᠭᠠᠯᠲᠠ ᠶᠢ ᠰᠠᠶᠢᠲᠤᠷ ᠬᠢᠨ᠎ᠡ᠃ | ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠯᠳᠤᠬᠤ | ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠪᠡᠶ᠎ᠡ ᠶᠢᠨ | ᠲᠠᠮᠢᠷ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠤᠯᠠᠨ | ᠲᠦᠮᠡᠨᠴᠢ ᠪᠡᠶ᠎ᠡ ᠶᠢᠨ ᠪᠡᠶ᠎ᠡ ᠶᠢᠨ ᠲᠠᠮᠢᠷ ᠤᠨ ᠲᠥᠪ᠂ ᠪᠡᠶ᠎ᠡ ᠴᠢᠭᠢᠷᠠᠭᠵᠢᠭᠤᠯᠬᠤ ᠴᠡᠴᠡᠷᠯᠢᠭ ᠪᠣᠯᠤᠨ ᠪᠡᠶ᠎ᠡ ᠶᠢᠨ | ᠲᠠᠮᠢᠷ ᠤᠨ ᠠᠭᠤᠳᠠᠮ ᠲᠠᠯᠠᠪᠠᠢ ᠵᠡᠷᠭᠡ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠥᠯᠬᠢᠨ | ᠠᠬᠢᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠺᠯᠦ᠋ᠪ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠺᠯᠦ᠋ᠪ ᠪᠣᠯᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠥᠷᠳᠡᠭᠡ ︵ᠴᠢᠬ︶ ᠵᠡᠷᠭᠡ | ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠥᠬᠦᠷᠵᠢᠭᠦᠯᠦᠯᠲᠡ ᠶᠢ ᠲᠦᠷᠭᠡᠳᠬᠡᠨ᠎ᠡ᠃ ᠪᠡᠶ᠎ᠡ | ᠮᠠᠬᠠᠪᠣᠳ ᠢ ᠬᠡᠮᠵᠢᠨ ᠲᠣᠭᠲᠠᠭᠠᠬᠤ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢ | ᠵᠢᠯᠣᠭᠤᠳᠬᠤ ᠥᠷᠲᠡᠭᠡ ᠪᠠᠶᠢᠭᠤᠯᠵᠤ᠂ ᠪᠡᠶ᠎ᠡ ᠮᠠᠬᠠᠪᠣᠳ ᠢ ᠬᠢᠨᠠᠨ ᠬᠡᠮᠵᠢᠬᠦ ᠠᠵᠢᠯ ᠢ ᠨᠡᠮᠡᠭᠳᠡᠭᠦᠯᠦᠨ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠎ᠡ᠃ | ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ | ᠦᠨᠡᠯᠡᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ᠪᠠ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢᠨ ᠦᠨᠡᠨ ᠪᠣᠳᠠᠲᠠᠢ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠵᠠᠷᠤᠳᠠᠯ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ | ᠬᠦᠷᠢᠶᠡᠨ ᠳᠤ ᠣᠷᠣᠰᠢᠵᠤ ᠪᠠᠶᠢᠭ᠎ᠠ ᠪᠠᠭᠰᠢ ᠵᠡᠷᠭᠡ ᠵᠥᠭᠡᠯᠡᠨ ᠣᠷᠴᠢᠨ ᠨᠥᠬᠦᠴᠡᠯ ᠤᠨ ᠠᠰᠠᠭᠤᠳᠠᠯ ᠳᠤ ᠴᠢᠭᠯᠡᠭᠦᠯᠦᠨ | ᠂ ᠲᠤᠰᠬᠠᠶ ᠬᠡᠷᠡᠭ ᠵᠥᠪᠯᠡᠬᠦ ᠲᠣᠭᠲᠠᠴᠠ ᠶᠢ ᠪᠤᠢ ᠪᠣᠯᠭᠠᠵᠤ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ | ᠴᠢᠩᠭᠠᠳᠬᠠᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠪᠠ ᠡᠩ ᠤᠨ ᠪᠠ ᠡᠩ ᠤᠨ ᠪᠠ ᠨᠡᠶᠢᠳᠡᠮ ᠤᠨ ᠬᠡᠷᠡᠭᠯᠡᠭᠡᠨ ᠤ᠂ | ᠦᠶᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠪᠠ ᠠᠵᠤ ᠰᠤᠷᠭᠠᠨ ᠬᠥᠮᠦᠵᠢᠯ ᠤᠨ | ᠮᠡᠳᠡᠭᠡ ᠵᠠᠩᠭᠢᠵᠢᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ | ᠲᠣᠭᠠᠴᠢᠯᠠᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠠᠬᠢ ᠰᠤᠷᠭᠠᠨ | ᠬᠥᠮᠦᠵᠢᠯ ᠤᠨ ᠳᠠᠪᠠᠭᠤᠯᠢᠭ ᠢ ᠪᠠᠳᠠᠷᠠᠭᠤᠯᠤᠨ᠂ ᠲᠣᠭᠠᠴᠢᠯᠠᠭᠰᠠᠨ ᠰᠤᠷᠭᠠᠭᠤᠯᠢ ᠶᠢᠨ ᠬᠦᠷᠢᠶ᠎ᠡ᠂ ᠤᠶᠤᠨᠲᠤ | ᠰᠤᠷᠭᠠᠭᠤᠯᠢ ᠶᠢᠨ ᠬᠦᠷᠢᠶ᠎ᠡ ᠪᠠᠶᠢᠭᠤᠯᠬᠤ ᠪᠠᠷ ᠴᠢᠷᠮᠠᠶᠢᠨ᠎ᠠ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ | ᠳᠡᠮᠵᠢᠨ ᠬᠥᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢ ᠵᠢᠷᠤᠮᠵᠢᠭᠤᠯᠤᠨ᠎ᠠ᠃ | | ᠭᠤᠷᠪᠠᠳᠤᠭᠠᠷ ᠬᠡᠰᠡᠭ ᠡᠷᠡᠭᠦᠯ ᠴᠢᠬᠢᠷᠠᠭ ᠠᠯᠠᠱᠠ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠬᠤ ᠲᠤᠬᠠᠢ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ᠂ ᠡᠬᠡ | ᠨᠢᠯᠬᠠᠰ ᠤᠨ ᠡᠷᠡᠭᠦᠯᠵᠢᠯ᠂ ᠣᠶᠣᠨ ᠤ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠵᠠᠰᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠤᠰᠬᠠᠶ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ | ᠲᠦᠷᠭᠡᠨ ᠠᠷᠭᠠᠴᠠᠵᠤ ᠠᠪᠤᠷᠠᠬᠤ ᠶᠢ ᠲᠦᠭᠡᠮᠡᠯᠵᠢᠭᠦᠯᠬᠦ ᠴᠢᠨᠠᠷᠲᠠᠶ ᠮᠡᠳᠡᠯᠭᠡ ᠶᠢᠨ ᠰᠤᠷᠭᠠᠯᠲᠠ᠂ ᠬᠢᠵᠢᠭ ᠤᠨ | ᠬᠠᠯᠳᠠᠪᠤᠷᠢ ᠠᠴᠠ ᠰᠡᠷᠭᠡᠶᠢᠯᠡᠨ ᠡᠵᠡᠮᠳᠡᠬᠦ ᠵᠢᠴᠢ ᠬᠢᠨᠠᠨ ᠬᠡᠮᠵᠢᠵᠦ ᠰᠢᠶᠳᠪᠦᠷᠢᠯᠡᠬᠦ ᠶᠢ ᠴᠢᠩᠭᠠᠷᠠᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠪᠠ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠡᠳ᠋ᠯᠡᠬᠦ ᠶᠢ ᠠᠬᠢᠭᠤᠯᠤᠨ᠎ᠠ᠃ ᠬᠦᠨᠳᠦ ᠶᠡᠭᠡ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠣᠭᠤᠮᠲᠠ ᠶᠢ ᠠᠯᠬᠤᠮ ᠠᠯᠬᠤᠮ ᠢᠶᠠᠷ | ᠤᠷᠤᠭᠰᠢ ᠰᠢᠯᠵᠢᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠰᠢᠰᠲ᠋ᠧᠮ ᠤᠨ | ᠪᠠᠶᠢᠭᠤᠯᠤᠯᠲᠠ ᠪᠠ ᠴᠢᠳᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ ᠲᠣᠣᠷ ᠰᠦᠯᠵᠢᠶ᠎ᠡ ᠶᠢ ᠪᠦᠷᠢᠨᠰᠢᠬᠦᠯᠦᠨ | ᠲᠡᠭᠦᠯᠳᠡᠷᠵᠢᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠤᠶᠠᠯᠳᠤᠭᠤᠯᠵᠤ ᠬᠠᠷᠢᠯᠴᠠᠨ ᠨᠥᠬᠦᠪᠥᠷᠢᠯᠡᠬᠦ ᠡᠮᠴᠢᠯᠡᠭᠡᠨ ᠤ | ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 100% ᠳᠤ | ᠬᠦᠷᠦᠭᠦᠯᠬᠦ ᠶᠢ ᠠᠬᠢᠭᠤᠯᠤᠨ᠎ᠠ᠃ ᠢᠨᠲ᠋ᠧᠷ ᠰᠦᠯᠵᠢᠶᠡᠨ ᠤ ᠡᠮᠴᠢᠯᠡᠭᠡ ᠶᠢ ᠭᠦᠨᠵᠡᠭᠡᠶᠢᠷᠡᠭᠦᠯᠵᠦ᠂ ᠠᠯᠤᠰ ᠵᠠᠶ ᠶᠢᠨ | ᠡᠮᠴᠢᠯᠡᠭᠡᠨ ᠤ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠥᠷᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ | ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠵᠢᠯ ᠡᠷᠭᠢᠯᠡᠬᠦ ᠶᠡᠭᠡ | ᠡᠮᠴᠢ ᠶᠢᠨ ᠰᠤᠷᠭᠠᠯᠲᠠ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢ | ᠰᠤᠪᠢᠯᠠᠭᠴᠢᠳ ᠲᠤ ᠠᠯᠤᠰ ᠡᠵᠡᠮᠰᠢᠯᠲᠦ ᠰᠤᠷᠭᠠᠯᠲᠠ᠂ ᠠᠯᠤᠰ ᠡᠵᠡᠮᠰᠢᠯᠲᠦ ᠮᠡᠰᠡ ᠵᠠᠰᠠᠯ ᠤᠨ ᠦᠵᠡᠭᠦᠯᠦᠨ | ᠵᠢᠭᠠᠬᠤ ᠵᠡᠷᠭᠡ ᠦᠶᠯᠡᠴᠢᠯᠡᠭᠡ ᠬᠠᠩᠭᠠᠨ᠎ᠠ᠃ ᠶᠡᠷᠦᠩᠬᠡᠶ ᠰᠠᠯᠠᠭᠠᠨ ᠤ ᠡᠮᠴᠢ᠂ ᠲᠠᠷᠢᠶᠠᠯᠠᠬᠤ ᠮᠠᠯᠵᠢᠬᠤ ᠣᠷᠣᠨ ᠤ | ᠡᠮᠨᠡᠯᠭᠡ ᠶᠢᠨ ᠠᠵᠢᠯᠲᠠᠳ ᠢ ᠬᠥᠮᠦᠵᠢᠭᠦᠯᠬᠦ ᠶᠢ ᠴᠢᠩᠭᠠᠳᠬᠠᠨ᠂ ᠦᠨᠳᠦᠰᠦᠨ ᠱᠠᠲᠤᠨ ᠤ ᠡᠮᠨᠡᠯᠭᠡ ᠡᠷᠡᠭᠦᠯ | ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠵᠤ ᠢᠷᠡᠨ᠎ᠡ᠃ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ | ᠶᠢᠨ ᠦᠶᠯᠡᠰ ᠤᠨ ᠬᠥᠭᠵᠢᠯᠲᠡ ᠶᠢ ᠠᠬᠢᠭᠤᠯᠵᠤ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ︽ᠰᠠᠭᠠᠳ ᠥᠬᠡᠶ | ᠨᠡᠪᠲᠡᠷᠡᠬᠦ ᠵᠠᠮ︾ ᠢ ᠬᠡᠷᠡᠭᠯᠡᠨ ᠴᠢᠳᠠᠪᠤᠷᠢᠲᠠᠨ ᠡᠯᠰᠡᠵᠦ᠂ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠲᠤᠰᠬᠠᠶ | ᠡᠪᠡᠳᠴᠢᠨ ᠤ ᠲᠤᠰᠬᠠᠶ ᠰᠠᠯᠠᠭ᠎ᠠ ᠶᠢᠨ ᠪᠠᠶᠢᠭᠤᠯᠤᠯᠲᠠ ᠪᠠ ᠳᠣᠭᠢᠷᠠᠬᠤ ᠮᠡᠷᠭᠡᠵᠢᠯ ᠤᠨ ᠳᠡᠯᠭᠡᠷᠡᠭᠦᠯᠦᠯᠲᠡ ᠶᠢ | ᠴᠢᠩᠭᠠᠳᠬᠠᠵᠤ᠂ ᠵᠢᠷᠤᠮᠵᠢᠭᠰᠠᠨ᠂ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤᠨ ᠤ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠡᠷᠡᠭᠦᠯ ᠡᠩᠬᠡ ᠶᠢ ᠪᠣᠶ ᠪᠥᠬᠦᠶ ᠲᠥᠷᠥ ᠶᠢᠨ ᠪᠣᠳᠣᠯᠭ᠎ᠠ ᠳᠤ | ᠤᠶᠠᠯᠳᠤᠭᠤᠯᠬᠤ︾ ᠶᠢ ᠪᠦᠲᠦᠮᠵᠢᠲᠡᠶ ᠬᠡᠷᠡᠭᠵᠢᠭᠦᠯᠵᠦ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠦᠶᠯᠡᠰ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ | ᠲᠦᠷᠭᠡᠳᠬᠡᠵᠦ᠂ ᠲᠠᠰ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ | ᠡᠮᠴᠢᠯᠡᠭᠡ ᠶᠢ ᠴᠢᠩᠭᠠᠳᠬᠠᠨ᠎ᠠ᠃ | ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ | ᠡᠮᠴᠢᠯᠡᠭᠡᠨ ᠤ ᠦᠶᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠬᠡᠷᠡᠭᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠬᠦᠴᠦᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠵᠢᠷᠤᠮᠵᠢᠭᠤᠯᠤᠨ ᠬᠥᠲᠥᠯᠥᠨ ᠵᠢᠯᠣᠭᠤᠳᠬᠤ ᠪᠠ | ᠵᠣᠷᠢᠭᠵᠢᠭᠤᠯᠤᠨ ᠳᠡᠮᠵᠢᠨ᠎ᠡ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠴᠢᠨᠠᠷ ᠰᠠᠶᠢᠲᠠᠶ ᠡᠮᠴᠢᠯᠡᠭᠡᠨ ᠤ | ᠡᠬᠢ ᠪᠠᠶᠠᠯᠢᠭ ᠢ ᠢᠳᠡᠪᠬᠢᠲᠡᠶ ᠪᠠᠷ ᠵᠣᠯᠭᠠᠭᠤᠯᠤᠨ᠎ᠠ᠃ | | ᠳᠥᠷᠪᠡᠳᠦᠭᠡᠷ ᠬᠡᠰᠡᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ | ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠲᠠᠰ ᠳᠠᠪᠬᠤᠷᠭ᠎ᠠ ᠲᠥᠷᠥᠯ ᠬᠤᠪᠢᠶᠠᠬᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠴᠢᠨᠠᠷ ᠴᠢᠨᠰᠠᠭ᠎ᠠ | ᠪᠠ ᠦᠷ᠎ᠡ ᠪᠦᠲᠦᠮᠵᠢ ᠶᠢ ᠲᠦᠢᠯ ᠤᠨ ᠣᠨᠣᠪᠴᠢᠲᠠᠶ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ | ᠭᠤᠶᠤᠴᠢᠯᠠᠯ ᠢ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ︾ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠤᠨ ᠮᠡᠳᠡᠭᠡ ᠵᠠᠩᠭᠢ ᠶᠢ ᠬᠥᠳᠡᠯᠦᠩᠭᠦᠢ ᠪᠠᠷ ᠬᠠᠮᠢᠶᠠᠷᠴᠤ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠠᠰᠤᠲᠠᠶᠢᠴᠤᠤᠯ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠰᠢᠰᠲ᠋ᠧᠮᠵᠢ ᠪᠠ ᠡᠷᠡᠭᠦᠯᠵᠢᠭᠦᠯᠬᠦ ᠨᠠᠶᠢᠳᠠᠨ ᠠᠰᠠᠷᠠᠭᠤᠯᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠢ ᠬᠠᠪᠰᠤᠷᠤᠨ ᠲᠡᠳᠬᠦᠬᠦ ᠵᠡᠷᠭᠡ | ᠨᠡᠶᠢᠭᠡᠮ ᠤᠨ ᠠᠰᠠᠷᠠᠮᠵᠢ ᠶᠢᠨ ᠳᠦᠷᠢᠮ ᠢ ᠲᠡᠭᠦᠯᠳᠡᠷᠵᠢᠭᠦᠯᠦᠨ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ | ᠲᠦᠷᠭᠡᠳᠬᠡᠨ᠂ ᠣᠷᠣᠰᠢᠭᠤᠯᠭ᠎ᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠢᠭᠦᠯᠡᠰᠦᠩᠭᠦᠶ ᠦᠢᠯᠡᠰ ᠢ | ᠬᠥᠭᠵᠢᠭᠦᠯᠦᠨ᠂ ᠡᠨᠡᠷᠢᠩᠭᠦᠶ ᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠨᠡᠶᠢᠲᠡ ᠶᠢᠨ ᠠᠰᠠᠷᠠᠮᠵᠢ ᠶᠢᠨ ᠡᠨᠡᠷᠢᠩᠭᠦᠶ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ | ᠃ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠬᠤ ᠭᠦᠨ ᠵᠤᠵᠠᠭᠠᠨ ᠣᠷᠴᠢᠨ ᠨᠥᠬᠦᠴᠡᠯ ᠢ ᠪᠤᠢ ᠪᠣᠯᠭᠠᠵᠤ᠂ ᠴᠡᠷᠢᠭ ᠢ | ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠯ ᠤᠨ ᠪᠠ ᠰᠠᠶᠢᠰᠢᠶᠠᠬᠤ᠂ ᠡᠷᠬᠡ ᠠᠰᠢᠭ ᠢ ᠬᠠᠮᠠᠭᠠᠯᠠᠬᠤ᠂ | ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | ᠡᠮᠡᠭᠲᠡᠶᠢᠴᠦᠳ ᠬᠡᠦᠬᠡᠳ ᠤᠨ ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠡᠷᠡᠭᠲᠡᠶ | ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠲᠣᠪᠴᠢ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠡᠮᠡᠭᠲᠡᠶᠢᠴᠦᠳ ᠤᠨ ᠠᠵᠤ ᠠᠬᠤᠶ ᠨᠡᠶᠢᠭᠡᠮ ᠤᠨ ᠪᠠᠶᠢᠭᠤᠯᠤᠯᠲᠠ ᠳᠤ ᠡᠷᠬᠡ | ᠲᠡᠭᠰᠢ ᠪᠠᠷ ᠣᠷᠣᠯᠴᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠬᠦ ᠶᠢ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠮᠡᠭᠲᠡᠶᠢᠴᠦᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠡᠮᠡᠭᠲᠡᠶᠢᠴᠦᠳ ᠤᠨ ᠬᠥᠳᠡᠯᠮᠦᠷᠢ ᠶᠢᠨ | ᠬᠠᠮᠠᠭᠠᠯᠠᠯᠲᠠ᠂ ᠨᠡᠶᠢᠭᠡᠮ ᠤᠨ ᠠᠰᠠᠷᠠᠮᠵᠢ᠂ ᠡᠷᠡᠭᠦᠯ ᠬᠠᠮᠠᠭᠠᠯᠠᠯ ᠡᠷᠡᠭᠦᠯᠵᠢᠯ᠂ ᠬᠥᠩᠭᠡᠵᠢᠯ ᠤᠨ ᠬᠠᠯᠠᠮᠵᠢᠯᠠᠯ᠂ ᠬᠠᠤᠯᠢ | ᠴᠠᠭᠠᠵᠠ ᠶᠢᠨ ᠲᠤᠰᠠᠯᠠᠮᠵᠢ ᠶᠢ ᠴᠢᠩᠭᠠᠳᠬᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠪᠠ ᠠᠪᠤᠷᠠᠨ | ᠲᠤᠰᠠᠯᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠬᠡᠤᠬᠡᠳ ᠤᠨ ᠠᠵᠢᠯᠯᠠᠭ᠎ᠠ ᠶᠢᠨ | ᠲᠥᠪ ᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠥᠲᠥᠯᠦᠨ ᠵᠢᠯᠣᠭᠤᠳᠴᠤ | ᠪᠠᠶᠢᠭᠠᠳ ᠡᠮᠡᠭᠲᠡᠶᠢᠴᠦᠳ ᠬᠡᠤᠬᠡᠳ ᠢ ᠵᠣᠬᠢᠶᠠᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠬᠡᠷ ᠲᠡᠭᠡᠨ | ᠬᠤᠴᠣᠷᠤᠭᠰᠠᠨ ᠡᠮᠡᠭᠲᠡᠶᠢᠴᠦᠳ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠡᠦᠬᠡᠳ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠬᠥᠭᠵᠢᠯᠲᠡ ᠶᠢᠨ | ᠬᠥᠲᠥᠯᠪᠦᠷᠢ ᠶᠢ ᠬᠡᠷᠡᠭᠵᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠬᠠᠯᠠᠮᠵᠢᠯᠠᠨ ᠬᠠᠶᠢᠷᠠᠯᠠᠵᠤ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ | ᠪᠦᠬᠦ ᠨᠡᠶᠢᠭᠡᠮ ᠤᠨ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ | ᠬᠡᠦᠬᠡᠳ ᠤᠨ ᠠᠩᠬᠠᠨ ᠤ ᠰᠤᠷᠭᠠᠨ ᠬᠥᠮᠦᠵᠢᠯ ᠪᠠ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠡᠦᠬᠡᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠨ᠎ᠠ᠃ | ᠪᠣᠯᠪᠠᠰᠤᠨ ᠭᠡᠷ ᠪᠦᠯᠢ ᠶᠢ ᠪᠠᠶᠢᠭᠤᠯᠤᠨ᠎ᠠ᠃ ᠬᠦᠴᠢᠷᠳᠡᠯ ᠲᠠᠢ᠂ ᠭᠠᠭᠴᠠ ᠬᠡᠤᠬᠡᠳ ᠢᠶᠠᠨ ᠠᠯᠳᠠᠭᠰᠠᠨ᠂ | ᠥᠷᠥᠭᠡᠰᠦᠨ ᠲᠥᠷᠥᠯ ᠤᠨ ᠣᠨᠴᠠ ᠬᠦᠴᠢᠷᠳᠡᠯ ᠲᠠᠢ᠂ ᠵᠡᠮᠳᠡᠭᠴᠦᠳ ᠵᠡᠷᠭᠡ ᠣᠨᠴᠣᠭᠤᠶ ᠬᠡᠷ ᠪᠦᠯᠢ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠠᠪᠤᠷᠠᠨ ᠲᠤᠰᠠᠯᠠᠬᠤ ᠦᠶᠯᠡᠴᠢᠯᠡᠭᠡ ᠶᠢ ᠴᠢᠩᠭᠠᠳᠬᠠᠵᠤ᠂ ᠬᠡᠷ ᠪᠦᠯᠢ ᠶᠢᠨ | ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠵᠤ᠂ ᠬᠤᠲᠠ ᠬᠥᠳᠡᠭᠡ ᠶᠢ ᠬᠠᠮᠤᠷᠤᠭᠰᠠᠨ ᠬᠡᠷ ᠪᠦᠯᠢ ᠶᠢᠨ ᠬᠥᠮᠦᠵᠢᠯ ᠤᠨ | ᠵᠢᠭᠠᠨ ᠵᠢᠯᠣᠭᠤᠳᠬᠤ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠡᠷ ᠪᠦᠯᠢ ᠶᠢᠨ | ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠬᠡᠷ ᠪᠦᠯᠢ ᠶᠢᠨ | ᠦᠶᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠬᠡᠷ ᠪᠦᠯᠢ ᠶᠢᠨ ᠰᠤᠷᠭᠠᠨ ᠬᠥᠮᠦᠵᠢᠯ ᠬᠡᠷ ᠤᠨ | ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ | ᠲᠠᠪᠤᠳᠤᠭᠠᠷ ᠬᠡᠰᠡᠭ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ ᠲᠤᠬᠠᠢ | ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ | ᠠᠬᠢᠭᠤᠯᠤᠯ ᠪᠣᠯᠭᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠦᠵᠡᠯ ᠰᠠᠨᠠᠭ᠎ᠠ | ᠣᠶᠢᠯᠠᠭᠠᠭᠳᠠᠬᠤᠨ᠂ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠯᠪᠠᠰᠤᠨ ᠬᠡᠪ ᠰᠤᠷᠲᠠᠯ᠂ ᠦᠢᠯᠡ ᠠᠵᠢᠯᠯᠠᠭ᠎ᠠ ᠶᠢᠨ | ᠵᠢᠷᠤᠮᠵᠢᠯ ᠢ ᠪᠦᠷᠢᠯᠳᠦᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ ᠪᠠ | ᠳᠦᠷᠢᠮᠵᠢᠭᠦᠯᠬᠦ ᠶᠢ ᠠᠬᠢᠭᠤᠯᠤᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ | ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ | ᠭᠠᠮᠨᠠᠬᠤ ᠶᠢ ᠰᠠᠨᠠᠭᠠᠴᠢᠯᠠᠵᠤ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠢᠳᠡᠪᠬᠢᠲᠡᠢ ᠪᠥᠭᠡᠳ ᠡᠷᠡᠭᠦᠯ ᠰᠦᠯᠵᠢᠶᠡᠨ ᠤ ᠰᠣᠶᠣᠯ ᠢ ᠬᠥᠭᠵᠢᠭᠦᠯᠦᠨ᠎ᠡ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠢᠨ᠎ᠡ ᠪᠣᠯᠪᠠᠰᠤᠨ ᠤ | ᠦᠢᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠢ ᠪᠠᠶᠢᠭᠤᠯᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠪᠠᠷ ᠦᠨᠳᠦᠰᠦᠨ ᠬᠡᠯᠪᠡᠷᠢ ᠪᠣᠯᠭᠠᠵᠤ᠂ ᠬᠤᠲᠠ ᠬᠥᠳᠡᠭᠡ ᠶᠢᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠠᠵᠢᠯᠯᠠᠭᠠᠨ ᠤ ᠲᠣᠭᠲᠠᠴᠠ᠂ ᠰᠣᠶᠣᠯ | ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯ ᠤᠨ | ᠲᠣᠭᠲᠠᠴᠠ᠂ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ | ᠬᠥᠲᠥᠯᠥᠨ ᠵᠢᠯᠤᠭᠤᠳᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠠᠵᠢᠯᠲᠠᠨ ᠤ ᠡᠩᠨᠡᠭᠡ᠂ | ᠲᠠᠪᠴᠠᠩ ᠤᠨ ᠠᠴᠢᠶᠠᠯᠠᠪᠤᠷᠢ᠂ ᠲᠥᠷᠥᠯ ᠵᠦᠢᠯ ᠤᠨ ᠠᠵᠢᠯᠯᠠᠭ᠎ᠠ ᠶᠢ ᠡᠮᠬᠢᠯᠡᠨ ᠨᠡᠶᠢᠯᠡᠭᠦᠯᠵᠦ᠂ ᠤᠯᠤᠰ ᠲᠥᠷᠥ ᠪᠠᠷ | ᠬᠥᠲᠥᠯᠥᠨ ᠳᠠᠭᠠᠭᠤᠯᠬᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠰᠣᠶᠣᠯ ᠢᠶᠠᠷ ᠬᠥᠲᠥᠯᠥᠨ | ᠳᠠᠭᠠᠭᠤᠯᠬᠤ᠂ ᠦᠢᠯᠡᠳᠦᠯᠭᠡ ᠪᠠᠷ ᠬᠥᠲᠥᠯᠥᠨ ᠳᠠᠭᠠᠭᠤᠯᠬᠤ ᠵᠡᠷᠭᠡ ᠣᠯᠠᠨ ᠵᠦᠢᠯ ᠤᠨ ᠬᠦᠴᠦᠨ ᠴᠢᠳᠠᠪᠤᠷᠢ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠳᠦᠯᠭᠡ ᠶᠢᠨ ᠲᠠᠪᠴᠠᠩ ᠢ ᠴᠢᠷᠮᠠᠶᠢᠨ ᠪᠣᠶ ᠪᠣᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠠ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠨᠠᠩ | ᠠᠮᠢᠵᠢᠷᠠᠯ ᠤᠨ ᠬᠦᠴᠦᠨ ᠲᠠᠢ᠂ ᠨᠠᠩ ᠦᠷ᠎ᠡ ᠪᠦᠲᠦᠮᠵᠢ ᠲᠠᠢ᠂ ᠨᠠᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ | ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠤᠰ ᠤᠨ ᠣᠯᠠᠨ ᠨᠡᠶᠢᠲᠡ ᠶᠢᠨ | ᠰᠣᠶᠣᠯ ᠤᠨ ᠲᠣᠭᠠᠴᠢᠯᠠᠭᠰᠠᠨ ᠲᠤᠯᠭᠠᠭᠤᠷᠢᠯᠠᠬᠤ ᠲᠠᠪᠴᠠᠩ ᠢᠶᠠᠷ ᠲᠦᠰᠢᠭ ᠪᠣᠯᠭᠠᠵᠤ᠂ ᠣᠯᠠᠨ ᠲᠦᠮᠡᠨ ᠤ ᠤᠳᠬ᠎ᠠ | ᠤᠷᠠᠯᠢᠭ ᠤᠨ ᠲᠣᠤᠷ ᠰᠦᠯᠵᠢᠶ᠎ᠡ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠂ | ᠲᠣᠭᠠᠴᠢᠯᠠᠭᠰᠠᠨ ᠰᠣᠶᠣᠯ ᠤᠨ ᠣᠷᠳᠣᠨ᠂ ᠣᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ᠂ ᠠᠵᠢᠯᠯᠠᠭᠠᠨ ᠤ | ᠲᠥᠷᠥᠯ ᠵᠦᠶᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠣᠯᠠᠨ ᠲᠦᠮᠡᠨ ᠤ | ᠤᠳᠬ᠎ᠠ ᠤᠷᠠᠯᠢᠭ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠤᠯᠠᠨ | ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ ᠵᠡᠷᠭᠡ ᠲᠠᠢ ᠤᠶᠠᠯᠳᠤᠭᠤᠯᠬᠤ ᠶᠢ ᠵᠣᠷᠢᠭᠵᠢᠭᠤᠯᠤᠨ ᠲᠡᠮᠵᠢᠵᠤ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ | ᠰᠣᠶᠣᠯ ᠤᠨ ᠲᠥᠬᠦᠭᠡᠷᠦᠮᠵᠢ ᠶᠢᠨ ᠪᠦᠷᠬᠦᠴᠡ ᠶᠢᠨ ᠵᠠᠭᠪᠤᠷ ᠢ ᠪᠠᠶᠢᠭᠤᠯᠤᠨ᠎ᠠ᠃ ᠤᠯᠠᠨ ᠨᠡᠶᠢᠲᠡ ᠶᠢᠨ ᠨᠣᠮ ᠤᠨ | ᠰᠠᠩ᠂ ᠰᠣᠶᠣᠯ ᠤᠨ ᠣᠷᠳᠣᠨ᠂ ᠸᠠᠩ ᠤᠨ ᠣᠷᠳᠣᠨ ᠤ ᠮᠦᠽᠧᠶ ᠵᠡᠷᠭᠡ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠷᠲᠡᠨ ᠤ ᠨᠣᠮ | ᠪᠢᠴᠢᠭ ᠤᠨ ᠬᠠᠮᠠᠭᠠᠯᠠᠯᠲᠠ ᠶᠢᠨ ᠲᠥᠪ ᠢ ᠰᠦᠪᠡᠭᠴᠢᠯᠡᠨ ᠪᠠᠶᠢᠭᠤᠯᠵᠤ᠂ ᠡᠷᠲᠡᠨ ᠤ ᠨᠣᠮ ᠪᠢᠴᠢᠭ ᠢ ᠬᠠᠮᠠᠭᠠᠯᠠᠬᠤ ᠪᠠ | ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠂ ᠣᠷᠣᠨ ᠨᠤᠲᠤᠭ ᠤᠨ ᠲᠤᠯᠭᠤᠷ ᠪᠢᠴᠢᠭ ᠲᠤ ᠲᠣᠭᠠᠴᠢᠯᠠᠭᠰᠠᠨ | ᠬᠠᠮᠢᠶᠠᠷᠤᠯᠲᠠ ᠶᠠᠪᠤᠭᠤᠯᠤᠨ᠎ᠠ᠃ ᠸᠠᠩ ᠤᠨ ᠣᠷᠳᠣᠨ ᠤ ᠮᠦᠽᠧᠶ᠂ ᠳᠠᠪᠤᠰᠤᠨ ᠤ ᠰᠣᠶᠣᠯ ᠤᠨ ᠮᠦᠽᠧᠶ᠂ ᠡᠯᠡᠰᠦᠨ | ᠴᠥᠯ ᠤᠨ ᠬᠠᠴᠢᠨ ᠴᠢᠯᠠᠭᠤᠨ ᠤ ᠰᠣᠶᠣᠯ ᠤᠨ ᠠᠵᠤ ᠦᠶᠯᠡᠰ ᠤᠨ ᠬᠦᠷᠢᠶᠡᠯᠡᠩ ᠵᠡᠷᠭᠡ ᠡᠯ᠎ᠡ ᠲᠥᠷᠥᠯ ᠤᠨ ᠲᠠᠯᠠᠪᠠᠶ | ᠣᠷᠳᠣᠨ᠂ ᠰᠣᠶᠣᠯ ᠤᠨ ᠡᠭᠦᠳᠦᠯᠲᠡ ᠶᠢᠨ ᠬᠦᠷᠢᠶᠡᠯᠡᠩ ᠲᠣᠭᠤᠷᠢᠭ ᠤᠨ ︽ᠡᠭᠦᠯᠡᠨ ᠦᠵᠡᠭᠦᠯᠦᠯᠭᠡ︾ ︽ᠡᠭᠦᠯᠡᠨ | ᠰᠣᠨᠢᠷᠬᠠᠯ ᠤᠨ ᠤᠷᠠᠯᠢᠭ︾ ︽ᠡᠭᠦᠯᠡᠨ ᠰᠣᠶᠣᠯ ᠤᠨ ᠡᠭᠦᠳᠦᠯᠲᠡ︾ ᠵᠡᠷᠭᠡ ᠠᠵᠢᠯ ᠲᠥᠷᠥᠯ ᠤᠨ ᠣᠨᠴᠠᠯᠢᠭ ᠲᠠᠢ | ᠂ ᠲᠠᠯᠠᠪᠠᠶ ᠣᠷᠳᠣᠨ ᠤ ᠣᠨᠴᠠᠯᠢᠭ ᠲᠠᠢ ᠪᠥᠬᠦ ᠦᠵᠡᠮᠵᠢ ᠶᠢᠨ ᠰᠦᠯᠵᠢᠶᠡᠨ ᠳᠠᠬᠢ ᠦᠶᠯᠡᠳᠬᠦᠨ ᠢ ᠰᠤᠳᠤᠯᠤᠨ | ᠨᠡᠭᠡᠭᠡᠬᠦ ᠶᠢ ᠵᠣᠷᠢᠭᠵᠢᠭᠤᠯᠵᠤ᠂ ᠡᠯᠪᠡᠭ ᠪᠠᠶᠠᠯᠢᠭ᠂ ᠲᠥᠪᠯᠡᠷᠡᠩᠭᠦᠶ᠂ ᠳᠥᠭᠦᠮ ᠳᠥᠲᠡ᠂ ᠥᠨᠳᠥᠷ ᠦᠷ᠎ᠡ | ᠪᠦᠲᠦᠮᠵᠢ ᠲᠠᠢ ᠰᠣᠶᠣᠯ ᠤᠨ ᠵᠢᠭᠤᠯᠴᠢᠯᠠᠯ ᠤᠨ ᠦᠶᠯᠡᠴᠢᠯᠡᠭᠡᠨ ᠤ ᠬᠠᠷᠢᠯᠴᠠᠨ ᠣᠶᠢᠯᠠᠭᠠᠯᠴᠠᠬᠤ ᠶᠢ ᠬᠠᠩᠭᠠᠨ᠎ᠠ᠃ | ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠬ᠎ᠠ ᠤᠷᠠᠯᠢᠭ ᠤᠨ | ᠤᠯᠠᠮᠵᠢᠯᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠ ᠥᠷᠭᠡᠳᠬᠡᠵᠦ᠂ ᠤᠯᠠᠭᠠᠨᠮᠥ᠋ᠴᠢᠷ ᠤᠨ ᠤᠳᠬ᠎ᠠ | ᠤᠷᠠᠯᠢᠭ ᠤᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠵᠡᠷᠭᠡᠪᠡᠷ ᠴᠡᠴᠡᠭᠯᠡᠭᠦᠯᠦᠨ | ᠬᠥᠭᠵᠢᠭᠦᠯᠬᠦ ᠶᠢ ᠪᠡᠶᠡᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠠᠷᠠᠳ ᠲᠤ ᠠᠰᠢᠭ | ᠬᠦᠷᠲᠡᠭᠡᠬᠦ ᠰᠤᠷᠭᠠᠯᠲᠠ ᠶᠢᠨ ᠲᠢᠩᠬᠢᠮ ᠢ ᠪᠠᠶᠢᠭᠤᠯᠵᠤ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢ | ᠶᠡᠬᠡᠪᠡᠷ ᠬᠡᠷᠡᠭᠵᠢᠭᠦᠯᠦᠨ᠂ ᠨᠢᠭᠡ ᠪᠦᠯᠦᠭ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠴᠢᠷᠮᠠᠶᠢᠨ ᠭᠠᠷᠭᠠᠨ᠎ᠠ᠃ | ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ | ᠰᠡᠯᠪᠢᠨ ᠵᠠᠰᠠᠬᠤ ᠪᠠ ᠤᠨᠴᠠᠯᠢᠭᠳᠤ ᠦᠵᠡᠭᠦᠯᠦᠯᠭᠡ ᠵᠡᠷᠭᠡ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠪᠣᠳᠠᠰ ᠤᠨ ᠰᠣᠶᠣᠯ ᠤᠨ ᠥᠪ᠂ ᠪᠣᠳᠠᠰ ᠤᠨ ᠪᠤᠰᠤ ᠰᠣᠶᠣᠯ ᠤᠨ ᠥᠪ ᠤᠨ | ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠨ᠎ᠠ᠃ | | | ᠵᠢᠷᠭᠤᠳᠤᠭᠠᠷ ᠬᠡᠰᠡᠭ ᠬᠥᠮᠥᠨ ᠠᠮᠠ ᠶᠢᠨ ᠨᠠᠰᠤᠵᠢᠯ ᠲᠠᠢ ᠬᠤᠯᠪᠣᠭᠳᠠᠬᠤ ᠢ ᠢᠳᠡᠪᠬᠢᠲᠡᠢ ᠪᠠᠷ ᠠᠷᠭᠠᠴᠠᠭᠠᠬᠤ | ᠲᠤᠬᠠᠢ | ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠪᠠᠲᠤᠯᠠᠨ᠎ᠠ᠃ ᠬᠥᠮᠦᠨ | ᠠᠮᠠ ᠶᠢᠨ ᠬᠥᠭᠵᠢᠯᠲᠡ ᠶᠢᠨ ᠪᠠᠶᠢᠷᠢ ᠰᠠᠭᠤᠷᠢ ᠶᠢ ᠲᠤᠪᠤᠶᠢᠯᠭᠠᠵᠤ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ᠂ | ᠶᠠᠳᠠᠭᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠬᠠᠮᠲᠤᠪᠠᠷ ᠡᠳ᠋ᠯᠡᠬᠦ ᠬᠥᠭᠵᠢᠯᠲᠡ ᠶᠢ | ᠪᠠᠲᠤᠯᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ | ᠬᠥᠮᠦᠨ ᠠᠮᠠ ᠶᠢ ᠣᠷᠳᠣ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠭᠦᠯᠬᠦ ᠠᠷᠭ᠎ᠠ ᠪᠣᠳᠣᠯᠭ᠎ᠠ ᠶᠢ ᠲᠣᠭᠲᠠᠭᠠᠵᠤ᠂ | ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠬᠥᠩᠭᠡᠵᠢᠯ ᠤᠨ ᠲᠥᠷᠥ ᠶᠢᠨ ᠪᠣᠳᠣᠯᠭ᠎ᠠ ᠶᠢᠨ | ᠪᠠᠭᠲᠠᠭᠠᠮᠵᠢᠲᠤ ᠴᠢᠨᠠᠷ ᠢ ᠴᠢᠩᠭᠠᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠪᠠ ᠬᠥᠩᠭᠡᠵᠢᠯ ᠤᠨ ᠬᠥᠩᠭᠡᠵᠢᠯ ᠤᠨ | ᠡᠷᠡᠭᠦᠯ ᠮᠡᠨᠳᠦ ᠶᠢᠨ ᠦᠶᠯᠡᠴᠢᠯᠡᠭᠡ ᠶᠢ ᠰᠠᠶᠢᠲᠤᠷ ᠬᠢᠵᠦ᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠶᠢ ᠴᠢᠩᠭᠠᠳᠬᠠᠨ᠂ ᠣᠷᠤᠭ ᠤᠨ ᠪᠠᠶᠢᠴᠠᠭᠠᠯᠲᠠ᠂ ᠵᠢᠷᠮᠦᠰᠦᠨ ᠤ ᠪᠠᠶᠢᠴᠠᠭᠠᠯᠲᠠ᠂ ᠬᠥᠩᠭᠡᠵᠢᠬᠦ ᠠᠴᠠ | ᠡᠮᠦᠨᠡᠬᠢ ᠰᠢᠭᠰᠢᠨ ᠪᠠᠶᠢᠴᠠᠭᠠᠯᠲᠠ ᠪᠠ ᠨᠢᠷᠠᠶ ᠬᠡᠤᠬᠡᠳ ᠢ ᠰᠢᠭᠰᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ | ᠲᠦᠷᠦᠭᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠦᠵᠢᠭᠦᠯᠬᠦ | ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠯᠪᠠᠨ ᠠᠴᠠ ᠡᠷᠭᠢᠯᠡᠭᠰᠡᠨ ᠨᠠᠶᠢᠳᠠᠨ | ᠬᠥᠮᠦᠵᠢᠭᠦᠯᠬᠦ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠶᠢ ᠰᠦᠪᠡᠭᠴᠢᠯᠡᠵᠦ᠂ ᠨᠡᠶᠢᠭᠡᠮ ᠤᠨ ᠬᠦᠴᠦᠨ ᠤ ᠨᠡᠶᠢᠳᠡᠮ | ᠠᠰᠢᠭ ᠬᠦᠷᠲᠡᠭᠡᠬᠦ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ᠎ᠠ᠃ ᠵᠠᠯᠠᠭᠤᠴᠤᠳ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠡᠷᠴᠢᠮᠲᠡᠢ ᠬᠡᠷᠡᠭᠵᠢᠭᠦᠯᠵᠦ᠂ ᠵᠠᠯᠠᠭᠤᠴᠤᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠲᠠᠪᠴᠠᠩ ᠢ | ᠪᠠᠶᠢᠭᠤᠯᠵᠤ᠂ ᠵᠠᠯᠠᠭᠤᠴᠤᠳ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ | ᠵᠠᠯᠠᠭᠤᠴᠤᠳ ᠤᠨ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠢᠨᠵᠧᠨᠧᠷᠢᠩ ᠪᠣᠯᠤᠨ ᠵᠠᠯᠠᠭᠤᠴᠤᠳ ᠤᠨ | ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠠᠬᠢᠭᠤᠯᠤᠨ᠎ᠠ᠃ ᠬᠥᠮᠦᠨ ᠠᠮᠠ ᠶᠢᠨ ᠰᠠᠭᠤᠷᠢ ᠳ᠋ᠠᠶᠢᠲ᠋ᠠ ᠶᠢᠨ | ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ | ᠠᠰᠢᠭᠯᠠᠨ᠂ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ | ᠦᠨᠡᠯᠡᠨ ᠵᠢᠱᠢᠵᠦ᠂ ᠬᠥᠮᠦᠨ ᠠᠮᠠ ᠶᠢᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠬᠥᠮᠦᠨ | ᠠᠮᠠ ᠬᠢᠭᠡᠳ ᠬᠥᠭᠵᠢᠯᠲᠡ ᠶᠢᠨ ᠶᠡᠷᠦᠩᠬᠡᠶᠢᠯᠡᠭᠰᠡᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠤᠯᠠᠮ | ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ | ᠵᠣᠬᠢᠴᠠᠯᠳᠤᠨ ᠬᠥᠭᠵᠢᠬᠦ ᠶᠢ ᠠᠬᠢᠭᠤᠯᠵᠤ᠂ ᠰᠤᠮᠤ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠬᠡᠷ ᠲᠡᠭᠡᠨ ᠰᠠᠭᠤᠬᠤ ᠪᠠᠷ ᠰᠠᠭᠤᠷᠢ | ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠭᠦᠢᠴᠡᠳ ᠬᠥᠭᠵᠢᠭᠰᠡᠨ᠂ | ᠡᠮᠴᠢᠯᠡᠭᠡ ᠰᠤᠪᠢᠯᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠪᠦᠲᠦᠨ᠂ ᠣᠷᠣᠵᠤ | ᠰᠠᠭᠤᠬᠤ ᠬᠦᠰᠡᠯ ᠲᠠᠢ ᠣᠨᠴᠠ ᠬᠦᠴᠢᠷᠳᠡᠯᠲᠡᠶ ᠬᠥᠮᠦᠰ ᠢ ᠪᠦᠬᠦᠨ ᠢ ᠲᠥᠪᠯᠡᠷᠡᠭᠦᠯᠦᠨ ᠠᠰᠠᠷᠠᠨ ᠲᠡᠵᠢᠭᠡᠬᠦ ᠶᠢ | ᠦᠨᠡᠨᠬᠦ ᠪᠠᠲᠤᠯᠠᠨ᠎ᠠ᠃ ᠨᠠᠰᠣᠵᠢᠯ ᠤᠨ ᠦᠢᠯᠡᠴᠢᠯᠡᠬᠡᠨ ᠤ ᠳᠡᠪᠴᠠᠩ ᠤᠨ ᠦᠢᠯᠡᠳᠣᠯ ᠢ ᠪᠠᠳᠡᠷᠡᠭᠤᠯᠵᠦ᠂ | ᠨᠠᠰᠣᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠶᠢ ᠴᠢᠩᠭᠠᠳᠬᠠᠨ᠂ ᠳᠦᠭᠡᠮᠡᠯ ᠨᠠᠰᠣᠵᠢᠯ ᠤᠨ ᠬᠤᠳᠡ ᠠᠵᠦ | ᠠᠬᠤᠶᠢᠯᠠᠯ ᠬᠠᠮᠳᠣᠷᠡᠨ ᠬᠦᠳᠡᠯᠥᠯᠴᠡᠬᠦ᠂ ᠳᠥᠭᠡᠮᠡᠯ ᠬᠠᠷᠡᠭᠠᠯᠵᠠᠯ ᠦᠵᠡᠬᠦᠯᠵᠦ ᠬᠦᠮᠦᠵᠢᠯ ᠬᠦᠷᠲᠡᠭᠡᠬᠦ ᠲᠣᠰᠬᠠᠢ | ᠠᠵᠢᠯᠯᠠᠭ᠎ᠠ ᠶᠢ ᠦᠷᠨᠢᠬᠦᠯᠵᠦ᠂ ᠠᠯᠪᠠᠨ ᠠᠴᠠ ᠡᠷᠬᠢᠯᠡᠭᠰᠡᠨ ᠨᠠᠰᠣᠵᠢᠯ ᠤᠨ ᠪᠠᠶᠢᠭᠤᠯᠥᠮᠵᠢ ᠶᠢᠨ ᠦᠢᠯᠡᠴᠢᠯᠡᠬᠡᠨ ᠤ | ᠴᠢᠳᠡᠪᠦᠷᠢ ᠶᠢ ᠳᠡᠭᠡᠭᠰᠢᠯᠡᠬᠦᠯᠵᠦ᠂ ᠨᠡᠶᠢᠭᠡᠮ ᠤᠨ ᠬᠦᠴᠣᠨ ᠢ ᠳᠡᠳᠡᠵᠦ ᠪᠠᠶᠢᠭᠠᠳ ᠨᠡᠶᠢᠲᠡ ᠶᠢᠨ ᠠᠰᠠᠷᠡᠮᠵᠢ ᠶᠢᠨ | ᠴᠢᠨᠡᠷᠳᠡᠢ ᠪᠦᠳᠦᠭᠡᠨ ᠪᠠᠶᠢᠭᠤᠯᠥᠯᠳᠡ ᠳᠤ ᠣᠷᠣᠯᠴᠠᠭᠤᠯᠥᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠲᠥᠪ ᠢ ᠪᠠᠶᠢᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠪᠦᠲᠦᠮᠵᠢᠲᠡᠶ ᠤᠶᠠᠯᠳᠤᠭᠤᠯᠵᠤ᠂ | ᠬᠡᠷ ᠲᠡᠭᠡᠨ ᠰᠠᠭᠤᠵᠤ ᠪᠠᠶᠢᠭ᠎ᠠ ︽ᠬᠡᠶᠢᠰᠪᠦᠷᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ︾ ᠂ ︽ᠢᠨᠲ᠋ᠧᠷ | ᠰᠦᠯᠵᠢᠶᠡᠨ ᠤ ᠨᠠᠰᠤᠵᠢᠯ ᠤᠨ ᠠᠰᠠᠷᠠᠮᠵᠢ︾ ᠶᠢᠨ ᠬᠤᠳᠠᠯᠳᠤᠭᠠᠨ ᠤ ᠳᠠᠭᠠᠳᠬᠠᠯ ᠵᠡᠷᠭᠡ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠠᠵᠢᠯ ᠳᠤ ᠤᠷᠤᠭᠰᠠᠨ ᠤ ᠱᠠᠩᠨᠠᠯ᠂ ᠣᠨᠴᠠ ᠠᠵᠢᠯ ᠤᠨ ᠪᠠᠶᠢᠷᠢ ᠶᠢᠨ ᠨᠦᠬᠦᠪᠦᠷᠢ ᠵᠡᠷᠭᠡ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠡᠩᠨᠡᠭᠡ ᠶᠢᠨ ᠠᠵᠢᠯ ᠮᠡᠷᠭᠡᠵᠢᠯ ᠲᠠᠢ ᠳᠠᠪᠰᠢᠬᠤ ᠶᠢ ᠶᠡᠬᠡᠪᠡᠷ ᠠᠬᠢᠭᠤᠯᠤᠨ᠎ᠠ᠃ | ᠲᠤᠰᠬᠠᠢ ᠪᠤᠯᠤᠩ 10᠄ ᠨᠡᠶᠢᠬᠡᠮ ᠤᠨ ᠪᠠᠳᠤᠯᠠᠭ᠎ᠠ ᠶᠢᠨ ᠭᠤᠤᠯᠳᠠᠯᠭ᠎ᠠ ᠲᠠᠢ ᠢᠨᠵᠧᠨᠧᠷᠢᠩ | ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠄ ᠨᠢᠯᠬ᠎ᠠ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠪᠠᠲᠤᠯᠠᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ | ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠣᠯᠠᠨ ᠡᠰᠢᠵᠢᠭᠦᠯᠦᠨ ᠠᠬᠢᠭᠤᠯᠵᠤ᠂ ᠬᠡᠤᠬᠡᠳ | ᠰᠠᠭᠠᠲᠠᠭᠤᠯᠬᠤ ᠦᠶᠯᠡᠴᠢᠯᠡᠭᠡᠨ ᠤ ᠲᠥᠷᠥᠯ ᠵᠦᠶᠯ ᠢ ᠬᠡᠷᠡᠭᠵᠢᠭᠦᠯᠦᠨ᠎ᠡ᠃ | ᠰᠠᠭᠤᠷᠢ ᠰᠤᠷᠭᠠᠨ ᠬᠥᠮᠦᠵᠢᠯ᠄ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ | ᠶᠡᠬᠡᠪᠡᠷ ᠤᠷᠤᠭᠰᠢ ᠠᠬᠢᠭᠤᠯᠵᠤ᠂ ᠣᠷᠣᠨ ᠰᠠᠭᠤᠴᠠ ᠶᠢᠨ ᠬᠤᠷᠢᠶᠠᠯᠠᠯ ᠤᠨ ᠢᠵᠢ ᠪᠥᠷᠢᠳᠦᠭᠰᠡᠨ ᠬᠡᠤᠬᠡᠳ ᠤᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠷᠤᠭᠰᠢ ᠠᠬᠢᠭᠤᠯᠵᠤ᠂ 3 ᠬᠡᠤᠬᠡᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠰᠠᠶᠢᠵᠢᠷᠠᠭᠤᠯᠤᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ | ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 1 ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠤᠯᠠᠨ ᠪᠤᠯᠠᠭ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ | ᠪᠠᠶᠢᠭᠤᠯᠤᠨ᠎ᠠ᠃ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠣᠮ | ᠪᠢᠴᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠰᠤᠭ᠂ ᠬᠦᠨᠳᠦ ᠬᠥᠩᠭᠡᠨ ᠲᠠᠮᠢᠷ ᠤᠨ ᠲᠠᠯᠠᠪᠤᠷ ᠵᠡᠷᠭᠡ ᠶᠢ ᠥᠭᠡᠷᠡᠴᠢᠯᠡᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ | ᠡᠮᠴᠢᠯᠡᠭᠡ ᠡᠷᠡᠭᠦᠯ ᠬᠠᠮᠠᠭᠠᠯᠠᠯ᠄ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠮᠡᠭᠲᠡᠶᠢᠴᠦᠳ ᠪᠠ ᠬᠡᠤᠬᠡᠳ ᠤᠨ ᠰᠠᠯᠠᠭᠠᠨ ᠤ ᠡᠪᠡᠳᠴᠢᠲᠡᠨ ᠤ | ᠲᠣᠭᠤᠷᠢᠭ ᠢᠶᠠᠷ ᠭᠤᠤᠯᠳᠠᠯᠭ᠎ᠠ ᠪᠣᠯᠭᠠᠨ᠂ ᠡᠮᠡᠭᠲᠡᠶᠢᠴᠦᠳ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠥᠭᠡᠷᠡᠴᠢᠯᠡᠨ | ᠪᠠᠶᠢᠭᠤᠯᠬᠤ ᠶᠢ ᠳᠡᠮᠵᠢᠵᠦ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠪᠤᠷᠠᠨ ᠵᠠᠰᠠᠬᠤ | ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ | ᠦᠯᠵᠡᠶ ᠶᠢᠨ ᠬᠤᠪᠢᠶᠠᠷᠢ ᠬᠤᠷᠢᠶ᠎ᠠ᠂ ᠵᠢᠷᠠᠲᠠᠢ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ | ᠲᠣᠭᠤᠷᠢᠭ ᠢ ᠥᠭᠡᠷᠡᠴᠢᠯᠡᠨ ᠪᠠᠶᠢᠭᠤᠯᠬᠤ᠂ ᠵᠢᠷᠠᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ | ᠵᠡᠷᠭᠡ ᠲᠥᠷᠥᠯ ᠵᠦᠶᠯ ᠢ ᠳᠡᠮᠵᠢᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ | ᠵᠦᠢᠯᠡᠰ ᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠵᠡᠭᠦᠨ ᠬᠤᠲᠠ ᠶᠢᠨ ᠪᠦᠰᠡ ᠲᠣᠭᠤᠷᠢᠭ ᠤᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠡᠷᠲᠡᠶ ᠪᠠᠷᠠᠭᠤᠨ ᠵᠠᠮ ᠤᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠵᠢᠷᠠᠲᠠᠢ ᠶᠢᠨ ᠮᠣᠩᠭᠤᠯ ᠡᠮᠨᠡᠯᠭᠡ ᠶᠢᠨ | ᠲᠥᠪ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠥᠯᠵᠡᠢ ᠪᠣᠭᠤᠮᠲᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ | ᠲᠥᠷᠥᠯ ᠵᠦᠶᠯ ᠢ ᠬᠡᠷᠡᠭᠵᠢᠭᠦᠯᠵᠦ᠂ ᠡᠯ᠎ᠡ ᠰᠤᠮᠤ ᠪᠠᠯᠭᠠᠰᠤ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠯᠪᠠᠨ ᠬᠡᠷ︶ ᠳᠤ 1 ᠰᠠᠭᠤᠷᠢ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠬᠤᠷᠢᠶ᠎ᠠ ︵ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ︶ ᠪᠠᠶᠢᠭᠤᠯᠬᠤ ᠪᠠᠷ ᠴᠢᠷᠮᠠᠶᠢᠨ᠎ᠠ᠃ | ᠨᠠᠰᠤᠵᠢᠯ ᠤᠨ ᠦᠶᠯᠡᠴᠢᠯᠡᠭᠡ᠄ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠰᠤᠵᠢᠯ ᠤᠨ ᠠᠰᠠᠷᠠᠮᠵᠢ ᠪᠠ | ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠰᠢᠨᠬᠤᠸᠠ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ᠂ ᠡᠮᠦᠨ᠎ᠡ | ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ | ᠦᠶᠯᠡᠴᠢᠯᠡᠭᠡᠨ ᠤ ᠲᠥᠪ᠂ ᠤᠨᠳᠤᠷᠤᠯᠲᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ | ᠵᠡᠷᠭᠡ ᠲᠥᠷᠥᠯ ᠵᠦᠶᠯ ᠢ ᠪᠠᠶᠢᠭᠤᠯᠤᠨ᠎ᠠ | | ᠳᠣᠯᠤᠳᠤᠭᠠᠷ ᠬᠡᠰᠡᠭ ᠬᠤᠲᠠ ᠬᠦᠳᠡᠭᠡ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ | ᠲᠤᠬᠠᠢ | ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠠᠩᠭᠠᠯᠭ᠎ᠠ ᠶᠢ ᠭᠡᠷ ᠪᠠᠶᠢᠰᠢᠩ ᠭᠠᠵᠠᠷ ᠰᠢᠷᠣᠶ ᠶᠢᠨ | ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠳᠦᠭᠡᠨ ᠬᠤᠳᠠ ᠶᠢᠨ | ᠰᠢᠨᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠶᠢᠨ ᠭᠡᠷ ᠬᠤᠷᠢᠶᠠᠯᠠᠯ ᠪᠠ ᠬᠠᠭᠤᠴᠢᠨ | ᠬᠤᠷᠢᠶᠠᠯᠠᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠣᠷᠣᠨ ᠰᠠᠭᠤᠴᠠ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠰᠢᠭ ᠬᠤᠨᠵᠢᠪᠣᠷᠢ ᠶᠢᠨ ᠪᠤᠰᠤ ᠪᠠᠶᠢᠭᠤᠯᠤᠮᠵᠢ᠂ ᠠᠵᠤ | ᠠᠬᠤᠶᠢᠯᠠᠯ ᠪᠠ ᠪᠤᠰᠤᠳ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠡᠵᠡᠩᠨᠡᠯᠲᠡ | ᠬᠠᠮᠢᠶᠠᠷᠤᠯᠲᠠ ᠳᠤ ᠣᠷᠣᠯᠴᠠᠬᠤ ᠪᠠᠶᠢᠭᠤᠯᠤᠯ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠦᠢᠯᠡᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠦᠭᠡᠢ ᠠᠵᠢᠯᠳᠠᠨ | ᠠᠵᠢᠯᠴᠢᠨ᠂ ᠬᠤᠳᠠ ᠪᠠᠯᠭᠠᠰᠤᠨ ᠤ ᠲᠣᠭᠲᠠᠪᠤᠷᠢᠲᠠᠶ ᠠᠵᠢᠯ ᠣᠯᠭᠤᠯᠲᠠ ᠶᠢᠨ ᠭᠠᠳᠠᠨ᠎ᠠ ᠠᠴᠠ ᠢᠷᠡᠵᠦ ᠠᠵᠢᠯ ᠬᠢᠵᠦ | ᠪᠠᠶᠢᠭ᠎ᠠ ᠬᠥᠮᠦᠰ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ᠂ | ᠰᠠᠭᠤᠬᠤ ᠠᠴᠠ ᠠᠮᠤᠷ ᠲᠦᠪᠰᠢᠨ ᠪᠠᠶᠢᠬᠤ ᠶᠢ ᠪᠡᠶᠡᠯᠡᠭᠦᠯᠦᠨ᠎ᠡ᠃ | ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠬᠢᠭᠡᠳ ᠢᠵᠢ ᠪᠦᠷᠢᠳᠦᠭᠦᠯᠬᠦ ᠪᠡᠯᠡᠳᠬᠡᠮᠵᠢ ᠶᠢᠨ | ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢ ᠤᠶᠠᠯᠳᠤᠭᠤᠯᠬᠤ ᠪᠠᠷ ᠬᠠᠷᠠᠯᠲᠠ ᠪᠣᠯᠭᠠᠵᠤ᠂ | ᠭᠤᠣᠯᠳᠠᠯᠭ᠎ᠠ ᠲᠠᠢ ᠵᠠᠮ ᠱᠤᠭᠤᠮ ᠤᠨ ᠪᠠᠶᠢᠷᠢᠰᠢᠭᠤᠯᠤᠯ ᠢ ᠲᠦᠷᠭᠡᠳᠬᠡᠨ᠂ ᠵᠠᠮ ᠳᠠᠭᠠᠤ ᠶᠢᠨ ᠭᠠᠴᠠᠭ᠎ᠠ ᠲᠣᠰᠬᠤᠨ | ᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ | ᠠᠮᠤᠷ ᠲᠦᠪᠰᠢᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ | ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠲᠡᠭᠡᠳ ᠤᠨ ᠣᠷᠣᠨ ᠪᠠᠶᠢᠷᠢ ᠶᠢ ᠣᠨᠣᠪᠴᠢᠲᠠᠶ | ᠲᠣᠭᠲᠠᠭᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ᠃ | ᠨᠠᠢᠮᠠᠳᠤᠭᠠᠷ ᠪᠦᠯᠦᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ | ︽ᠮᠠᠯ ᠠᠵᠤ ᠠᠬᠤᠢ ᠲᠠᠷᠢᠶᠠᠯᠠᠩ᠂ ᠮᠠᠯ ᠠᠵᠤ ᠠᠬᠤᠢ᠂ ᠮᠠᠯᠴᠢᠨ ᠲᠠᠷᠢᠶᠠᠴᠢᠨ︾ ᠤ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠶᠢ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠣᠷᠭᠠᠨᠢᠭ ᠢᠶᠠᠷ | ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠪᠠ ᠰᠡᠯᠡᠭᠦᠴᠡᠯ ᠤᠨ ᠮᠠᠯ | ᠠᠵᠤ ᠠᠬᠤᠢ ᠲᠠᠷᠢᠶᠠᠯᠠᠩ ᠢ ᠬᠥᠭᠵᠢᠭᠦᠯᠦᠨ᠎ᠡ᠃ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ | ᠬᠥᠳᠡᠭᠡ ᠶᠢᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠬᠥᠭᠵᠢᠯᠲᠡ ᠶᠢ ᠴᠢᠩᠭᠠᠳᠬᠠᠵᠤ᠂ ᠪᠠᠶᠠᠨ ᠪᠦᠷᠢᠳᠦ ᠶᠢᠨ | ᠠᠮᠢ ᠠᠬᠤᠶ ᠪᠠᠷ ᠲᠦᠰᠢᠭ ᠪᠣᠯᠭᠠᠵᠤ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠣᠬᠢᠷᠲᠤᠯ ᠦᠭᠡᠶ ᠡᠷᠬᠢᠯᠳᠡᠳᠦ | ᠲᠠᠷᠢᠶᠠᠯᠠᠩ ᠢᠶᠠᠷ ᠰᠠᠭᠤᠷᠢ ᠪᠣᠯᠭᠠᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠭᠤᠯᠴᠢᠯᠠᠯ ᠢᠶᠠᠷ | ᠬᠥᠳᠡᠯᠭᠡᠭᠦᠷ ᠪᠣᠯᠭᠠᠵᠤ᠂ ᠳᠡᠭᠡᠳᠦ ᠳᠡᠰ ᠤᠨ ᠪᠣᠬᠢᠷᠲᠤᠯ ᠦᠭᠡᠶ᠂ ᠣᠷᠭᠠᠨᠢᠭ ᠲᠠᠷᠢᠶᠠᠯᠠᠩ ᠢᠶᠠᠷ ᠣᠨᠴᠠᠯᠢᠭ ᠪᠣᠯᠭᠠᠵᠤ᠂ | ᠰᠤᠮᠤ ᠪᠠᠯᠭᠠᠰᠤ ᠶᠢᠨ ᠣᠯᠠᠨ ᠡᠰᠢᠲᠦ ᠭᠠᠵᠠᠷ ᠣᠷᠣᠨ ᠤ ᠰᠣᠶᠣᠯ ᠢ ᠭᠦᠨᠵᠡᠭᠡᠶ ᠠᠭᠤᠳᠠᠯᠵᠤ᠂ ᠣᠳᠣᠬᠢᠴᠢᠯᠠᠭᠰᠠᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠡᠯᠡᠭᠦᠴᠡᠨ ᠲᠣᠭᠤᠷᠢᠵᠤ ᠲᠡᠭᠦᠬᠦ᠂ ᠲᠠᠷᠢᠶᠠᠨ ᠭᠠᠵᠠᠷ | ᠮᠠᠯᠵᠢᠯ ᠤᠨ ᠲᠠᠯᠠᠪᠠᠶ ᠵᠡᠷᠭᠡ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ | ᠦᠶᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ | ᠣᠨᠴᠠᠯᠢᠬᠵᠢᠭᠰᠠᠨ᠂ ᠠᠵᠤ ᠦᠶᠯᠡᠰᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ | ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠦᠨ᠎ᠡ᠃ | ᠨᠢᠭᠡᠳᠦᠭᠡᠷ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ | ᠲᠤᠬᠠᠢ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠰᠢᠰᠲ᠋ᠧᠮᠵᠢ ᠳᠤ ᠲᠣᠬᠢᠷᠠᠭᠤᠯᠤᠯᠲᠠ | ᠬᠢᠵᠦ᠂ ᠠᠮᠢ ᠠᠬᠤᠶ ᠳᠤ ᠨᠥᠬᠦᠷᠰᠡᠭ᠂ ᠪᠦᠲᠦᠴᠡ ᠶᠢ ᠰᠢᠯᠢᠳᠡᠭᠵᠢᠭᠦᠯᠬᠦ᠂ ᠦᠷ᠎ᠡ ᠠᠰᠢᠭ ᠢᠶᠠᠷ ᠲᠣᠪᠤᠶᠢᠮ᠎ᠠ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠳᠡᠭᠡᠭᠰᠢᠯᠡᠭᠦᠯᠦᠨ᠎ᠡ᠃ ᠪᠠᠷᠠᠭᠤᠨ ᠪᠡᠯ᠂ ᠵᠢᠷᠠᠲᠠᠢ᠂ ᠤᠨᠳᠤᠷᠤᠯᠲᠤ᠂ ᠤᠯᠠᠨᠪᠤᠯᠠᠭ ᠵᠡᠷᠭᠡ ᠰᠤᠮᠤ ᠪᠠᠯᠭᠠᠰᠤ ᠳᠤ | ᠤᠨᠴᠠᠯᠢᠬᠳᠤ ᠡᠭᠦᠯᠳᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠪᠣᠯᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠤ᠂ | ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠰᠤᠮᠤ | ᠪᠠᠯᠭᠠᠰᠤ ᠪᠠᠷ ᠭᠤᠤᠯ ᠪᠣᠯᠭᠠᠵᠤ᠂ ᠭᠠᠴᠠᠭ᠎ᠠ ᠲᠣᠰᠬᠤᠨ ᠤ ᠠᠵᠤ ᠠᠬᠤᠶ ᠶᠢᠨ ᠰᠠᠭᠤᠷᠢ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠬᠤᠷᠰᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ᠂ ᠠᠵᠤ | ᠦᠶᠯᠡᠰ ᠤᠨ ᠲᠥᠷᠥᠯ ᠵᠦᠶᠯ ᠢ ᠨᠢᠭᠡᠳᠦᠯᠲᠡᠶ ᠲᠥᠯᠥᠪᠵᠢᠭᠦᠯᠵᠦ᠂ ᠬᠥᠳᠡᠭᠡ ᠲᠣᠰᠬᠤᠨ ᠤ ᠠᠵᠤ ᠦᠶᠯᠡᠰ ᠤᠨ ᠡᠮᠬᠢ | ᠵᠢᠷᠤᠮ ᠲᠠᠢ ᠪᠠᠷ ᠲᠥᠪᠯᠡᠷᠡᠨ ᠬᠥᠭᠵᠢᠬᠦ ᠶᠢ ᠵᠦᠶ ᠵᠣᠬᠢᠰᠲᠠᠶ ᠬᠥᠲᠥᠯᠦᠨ ᠵᠢᠯᠣᠭᠤᠳᠤᠨ᠎ᠠ᠃ | ᠠᠮᠤ ᠪᠤᠳᠠᠭ᠎ᠠ ᠶᠢ ᠭᠠᠵᠠᠷ ᠰᠢᠷᠣᠶ ᠳᠤ ᠲᠦᠰᠢᠭᠯᠡᠬᠦ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ | ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠪᠠᠷᠢᠮᠲᠠᠯᠠᠵᠤ᠂ ᠦᠨᠳᠦᠰᠦᠨ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠵᠡᠷᠭᠡ ᠳᠡᠰ ᠪᠠ ᠲᠠᠷᠢᠶᠠᠨ ᠭᠠᠵᠠᠷ ᠤᠨ | ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠲᠠᠷᠢᠶᠠᠨ ᠭᠠᠵᠠᠷ ᠢ ᠥᠨᠵᠢᠭᠦᠯᠦᠨ ᠲᠠᠷᠢᠬᠤ ᠡᠭᠡᠯᠵᠢᠯᠡᠨ ᠲᠠᠷᠢᠬᠤ ᠳᠦᠷᠢᠮ ᠢ ᠲᠡᠭᠦᠯᠳᠡᠷᠵᠢᠭᠦᠯᠦᠨ᠎ᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠤᠶᠤᠨᠲᠤ | ᠲᠠᠷᠢᠶᠠᠯᠠᠩ ᠤᠨ ᠢᠨᠵᠧᠨᠧᠷᠢᠩ ᠢ ᠬᠡᠷᠡᠭᠵᠢᠭᠦᠯᠵᠦ᠂ ᠤᠶᠤᠨᠲᠤ ᠬᠦᠯᠡᠮᠵᠢ ᠶᠢᠨ ᠠᠵᠤ ᠦᠢᠯᠡᠳᠪᠦᠷᠢᠵᠢᠭᠦᠯᠦᠨ | ᠪᠤᠶᠢᠵᠢᠭᠤᠯᠬᠤ ᠵᠡᠷᠭᠡ ᠵᠦᠢᠯᠡᠰ ᠢ ᠣᠷᠣᠭᠤᠯᠤᠨ ᠠᠪᠴᠢᠷᠠᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠣᠷᠴᠢᠯ ᠬᠥᠭᠵᠢᠯᠲᠡ ᠶᠢ ᠠᠬᠢᠭᠤᠯᠤᠨ᠎ᠠ᠃ | ᠪᠣᠬᠢᠷᠲᠤᠯ ᠦᠭᠡᠢ ᠪᠠᠷ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠪᠠᠷᠢᠮᠲᠠᠯᠠᠵᠤ᠂ ᠤᠰᠤ ᠠᠷᠪᠢᠯᠠᠬᠤ | ᠥᠨᠳᠥᠷ ᠦᠷ᠎ᠡ ᠠᠰᠢᠭ ᠲᠠᠢ ᠲᠠᠷᠢᠶᠠᠯᠠᠩ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠮᠠᠯ | ᠠᠵᠤ ᠠᠬᠤᠶ ᠶᠢ ᠵᠣᠬᠢᠰᠲᠠᠶ ᠬᠥᠭᠵᠢᠭᠦᠯᠵᠦ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ | ᠦᠢᠯᠡᠰ ᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠢ | ᠬᠦᠴᠦᠷᠬᠡᠭᠵᠢᠭᠦᠯᠵᠦ᠂ ᠡᠯᠡᠰᠦᠨ ᠤ ᠤᠷᠭᠤᠮᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠬᠡᠲᠦ ᠭᠠᠩ | ᠬᠠᠭᠤᠷᠠᠶ ᠭᠠᠵᠠᠷ ᠣᠷᠣᠨ ᠤ ᠠᠮᠢ ᠠᠬᠤᠶ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ | ᠪᠣᠯᠭᠠᠵᠤ᠂ ᠡᠯᠡᠰᠦᠨ ᠤ ᠠᠮᠢ ᠠᠬᠤᠶ ᠶᠢᠨ ᠠᠵᠤ ᠦᠶᠯᠡᠰ ᠢᠶᠠᠷ ᠰᠠᠭᠤᠷᠢ ᠪᠣᠯᠭᠠᠨ ᠤᠯᠤᠰ ᠤᠨ ᠣᠳᠣᠬᠢᠴᠢᠯᠠᠭᠰᠠᠨ | ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠢ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ | ᠠᠳᠤᠭᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠡᠮᠡᠭᠡᠯ ᠤᠨ ᠮᠦᠽᠧᠶ᠂ ᠮᠣᠷᠢᠨ ᠤ | ᠵᠣᠭᠳᠣᠷ ᠤᠨ ᠣᠷᠢᠶᠠᠮᠠᠭ ᠢᠶᠠᠷ ᠲᠠᠩᠺᠠ ᠮᠦᠽᠧᠶ ᠶᠢ ᠡᠮᠬᠢᠯᠡᠨ ᠨᠡᠶᠢᠯᠡᠭᠦᠯᠵᠦ᠂ ᠮᠣᠷᠢᠨ ᠤ ᠰᠣᠶᠣᠯ ᠤᠨ ᠮᠦᠽᠧᠶ ᠶᠢ | ᠪᠠᠶᠢᠭᠤᠯᠤᠨ᠂ ᠮᠣᠷᠢᠨ ᠤ ᠰᠣᠶᠣᠯ ᠢ ᠤᠯᠠᠮᠵᠢᠯᠠᠨ ᠪᠠᠳᠠᠷᠠᠭᠤᠯᠤᠨ᠎ᠠ᠃ ᠠᠳᠤᠭᠤᠨ ᠤ ᠰᠣᠶᠣᠯ ᠤᠨ ᠰᠤᠳᠤᠯᠤᠨ | ᠶᠠᠷᠢᠯᠴᠠᠬᠤ ᠬᠤᠷᠠᠯ ᠢ ᠥᠷᠨᠢᠭᠦᠯᠵᠦ᠂ ᠠᠳᠤᠭᠤᠨ ᠤ ᠰᠣᠶᠣᠯ ᠤᠨ ᠣᠷᠳᠣ ᠬᠤᠩᠭᠢᠯ ᠢ ᠴᠣᠭᠴᠠᠯᠠᠨ᠂ ᠠᠳᠤᠭᠤᠨ ᠤ | ᠰᠣᠶᠣᠯ ᠤᠨ ᠨᠠᠭᠠᠳᠤᠮ ᠪᠠ ᠰᠣᠳᠣᠨ ᠠᠳᠤᠭᠤᠨ ᠤ ᠰᠣᠶᠣᠯ ᠤᠨ ᠨᠠᠶᠢᠷ ᠢ ᠡᠷᠭᠢᠯᠡᠵᠦ᠂ ᠮᠣᠩᠭᠤᠯ ᠠᠳᠤᠭᠤᠨ ᠤ | ᠰᠢᠷᠢᠰ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ | ᠰᠤᠳᠤᠯᠤᠨ ᠨᠡᠭᠡᠭᠡᠵᠦ᠂ ᠠᠳᠤᠭᠤᠨ ᠤ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ | ᠃ | ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠪᠤᠵᠠᠭᠠᠶᠢᠷᠠᠭᠤᠯᠤᠨ᠎ᠠ᠃ ᠠᠯᠠᠱᠠ ᠶᠢᠨ ᠬᠤᠣᠰ ᠪᠥᠬᠦᠲᠦ | ᠲᠡᠮᠡᠭᠡᠨ ᠤ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠡᠮᠡᠭᠡᠨ ᠤ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠲᠡᠮᠡᠭᠡᠨ ᠤ ᠪᠦᠲᠦᠭᠡᠭᠳᠡᠬᠦᠨ ᠤ ᠡᠮ ᠳᠤ ᠬᠡᠷᠡᠭᠯᠡᠬᠦ ᠴᠢᠳᠠᠮᠵᠢ ᠶᠢᠨ | ᠰᠤᠳᠤᠯᠭᠠᠨ ᠢ ᠴᠢᠩᠭᠠᠳᠬᠠᠵᠤ᠂ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ ᠨᠠᠷᠢᠯᠢᠭ ᠣᠨᠣᠴᠠᠲᠠᠶ ᠪᠠᠷ | ᠤᠶᠠᠯᠳᠤᠭᠤᠯᠵᠤ᠂ ᠲᠡᠮᠡᠭᠡᠨ ᠤ ᠰᠢᠨ᠎ᠡ ᠰᠦ᠂ ᠲᠡᠮᠡᠭᠡᠨ ᠮᠢᠬᠠᠨ ᠤ ᠭᠦᠦᠠᠨᠲ᠋ᠧᠦ᠂ ᠡᠷᠡᠭᠦᠯᠵᠢᠯ ᠤᠨ ᠡᠳ᠋᠂ | ᠭᠤᠶᠣᠯᠠᠯ ᠤᠨ ᠡᠳ᠋᠂ ᠨᠡᠬᠡᠮᠡᠯ ᠤᠨ ᠵᠦᠶᠯ ᠵᠡᠷᠭᠡ ᠰᠦ ᠮᠢᠬ᠎ᠠ ᠨᠣᠯᠦᠦᠷ ᠤᠨ ᠰᠢᠷᠢᠰ ᠦᠶᠯᠡᠳᠬᠦᠨ ᠢ ᠨᠠᠷᠢᠯᠢᠭ | ᠭᠦᠨᠵᠡᠭᠡᠶ ᠡᠳ᠋ᠰᠢᠭᠦᠯᠦᠨ ᠪᠣᠯᠪᠠᠰᠤᠷᠠᠭᠤᠯᠵᠤ᠂ ᠦᠶᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠢᠳᠤᠷᠭᠠᠨ | ᠪᠦᠲᠦᠭᠡᠭᠳᠡᠬᠦᠨ᠂ ᠬᠥᠲᠥᠴᠢ ᠠᠵᠤ ᠠᠬᠤᠶᠢᠯᠠᠯ᠂ ᠳᠠᠭᠠᠭᠤᠯᠤᠭᠴᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ | ᠮᠣᠩᠭᠤᠯ ᠤᠯᠤᠰ ᠪᠠ ᠨᠢᠩᠰᠢᠶᠠ᠂ ᠭᠠᠨᠰᠦ ᠵᠡᠷᠭᠡ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠵᠠᠷ | ᠣᠷᠣᠨ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠭᠠᠳᠠᠭᠰᠢ ᠪᠣᠷᠣᠯᠠᠭᠤᠯᠬᠤ ᠠᠷᠭ᠎ᠠ | ᠵᠠᠮ ᠢ ᠰᠠᠭᠠᠳ ᠥᠬᠡᠶ ᠨᠡᠪᠲᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠲᠦᠢᠯ ᠢ | ᠪᠣᠶ ᠪᠣᠯᠭᠠᠬᠤ ᠶᠢ ᠠᠬᠢᠭᠤᠯᠤᠨ᠎ᠠ᠃ ᠠᠯᠠᠱᠠ ᠶᠢᠨ ᠲᠡᠮᠡᠭᠡᠨ ᠤ ᠰᠣᠶᠣᠯ ᠢ ᠠᠭᠤᠳᠠᠯᠵᠤ᠂ ᠰᠣᠶᠣᠯ ᠵᠢᠭᠤᠯᠴᠢᠯᠠᠯ ᠤᠨ | ᠠᠵᠤ ᠦᠶᠯᠡᠰ᠂ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠯᠦᠭᠡ ᠭᠦᠨᠵᠡᠭᠡᠶ ᠠᠭᠤᠰᠤᠯᠴᠠᠨ ᠬᠥᠭᠵᠢᠬᠦ ᠶᠢ | ᠬᠦᠴᠦᠯᠡᠨ ᠠᠬᠢᠭᠤᠯᠵᠤ᠂ ᠲᠡᠮᠡᠭᠡᠨ ᠤ ᠠᠵᠤ ᠦᠶᠯᠡᠰ ᠢ ᠪᠤᠵᠠᠭᠠᠶᠢᠷᠠᠭᠤᠯᠤᠨ ᠨᠠᠷᠢᠯᠢᠬᠵᠢᠭᠤᠯᠵᠤ | ᠬᠦᠴᠦᠷᠬᠡᠭᠵᠢᠭᠦᠯᠦᠨ᠎ᠡ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ | ᠠᠬᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠵᠢᠭᠤᠯᠴᠢᠯᠠᠯ᠂ ᠠᠮᠢ ᠠᠬᠤᠶ ᠶᠢᠨ ᠳᠠᠷᠢᠵᠤ ᠲᠡᠵᠢᠭᠡᠨ ᠦᠷᠡᠵᠢᠭᠦᠯᠬᠦ᠂ | ᠠᠷᠠᠳ ᠤᠨ ᠵᠠᠩ ᠳᠠᠳᠬᠠᠯ ᠢ ᠣᠶᠢᠯᠠᠭᠠᠬᠤ ᠵᠡᠷᠭᠡ ᠠᠷᠠᠳ ᠢ ᠴᠢᠨᠡᠭᠡᠯᠢᠭᠵᠢᠭᠦᠯᠬᠦ ᠠᠵᠤ ᠦᠶᠯᠡᠰ ᠢ ᠬᠥᠭᠵᠢᠭᠦᠯᠵᠦ᠂ | ᠠᠮᠢ ᠠᠬᠤᠶ ᠶᠢᠨ ᠪᠠᠶᠢᠭᠠᠯᠢ ᠶᠢᠨ ᠰᠤᠷᠭᠠᠨ ᠬᠥᠮᠦᠵᠢᠯ᠂ ᠠᠮᠢ ᠠᠬᠤᠶ ᠶᠢᠨ ᠵᠢᠭᠤᠯᠴᠢᠯᠠᠯ ᠣᠷᠣᠨ ᠰᠠᠭᠤᠴᠠ ᠶᠢᠨ | ᠡᠷᠡᠭᠦᠯᠵᠢᠯ ᠰᠤᠪᠢᠯᠠᠯᠲᠠ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠶ᠂ ᠰᠣᠳᠣᠨ ᠠᠷᠠᠳ ᠤᠨ ᠣᠷᠣᠨ | ᠰᠠᠭᠤᠴᠠ ᠶᠢ ᠠᠭᠤᠰᠤᠯᠳᠤᠭᠤᠯᠤᠭᠰᠠᠨ ᠬᠠᠮ ᠴᠢᠳᠠᠮᠵᠢᠳᠤ ᠣᠷᠣᠨ ᠢ ᠪᠥᠲᠥᠭᠡᠨ ᠪᠠᠶᠢᠭᠤᠯᠵᠤ᠂ ᠳᠠᠷᠢᠵᠤ | ᠲᠡᠵᠢᠭᠡᠬᠦ ᠶᠢ ᠤᠶᠠᠯᠳᠤᠭᠤᠯᠤᠭᠰᠠᠨ᠂ ᠡᠷᠭᠢᠯᠳᠦᠭᠦᠯᠦᠨ ᠬᠥᠭᠵᠢᠭᠦᠯᠦᠭᠰᠡᠨ ᠤᠯᠤᠰ ᠤᠨ ᠬᠥᠳᠡᠭᠡ ᠲᠣᠰᠬᠤᠨ ᠤ ᠠᠵᠤ | ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠵᠤ᠂ ᠠᠵᠤ | ᠠᠬᠤᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠪᠠᠶᠠᠯᠢᠭᠵᠢᠭᠤᠯᠤᠨ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃ | ᠨᠡᠷᠡᠲᠦ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠶ ᠶᠢ ᠬᠦᠴᠦᠷᠬᠡᠭᠵᠢᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠪᠠ ᠥᠷᠢᠰᠥᠯᠳᠦᠬᠦ | ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ᠂ ᠣᠨᠴᠠᠯᠢᠭᠲᠤ ᠠᠵᠤ ᠦᠢᠯᠡᠰ ᠤᠨ ᠭᠠᠵᠠᠷ ᠵᠦᠶ ᠶᠢᠨ | ᠲᠡᠮᠳᠡᠭ ᠢᠶᠠᠷ ᠭᠡᠷᠡᠴᠢᠯᠡᠬᠦ ᠶᠢ ᠴᠢᠩᠭᠠᠳᠬᠠᠨ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠠᠷᠠᠲᠤ ᠲᠡᠮᠳᠡᠭ ᠪᠠ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭ ᠢ | ᠢᠳᠡᠪᠬᠢᠲᠡᠶ ᠪᠠᠷ ᠪᠤᠶᠢᠵᠢᠭᠤᠯᠵᠤ᠂ ᠠᠯᠠᠱᠠ ᠵᠡᠭᠦᠨ ᠬᠤᠰᠢᠭᠤᠨ ᠤ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ | ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠢ ᠪᠦᠷᠢᠯᠳᠦᠭᠦᠯᠦᠨ᠎ᠡ᠃ | ︽ᠢᠨᠲ᠋ᠧᠷ ᠰᠦᠯᠵᠢᠶ᠎ᠡ + ᠲᠠᠷᠢᠶᠠᠯᠠᠩ ᠮᠠᠯ ᠠᠵᠤ ᠠᠬᠤᠶ︾ ᠶᠢᠨ ᠢᠨᠵᠧᠨᠧᠷᠢᠩ ᠢ ᠭᠦᠨᠵᠡᠭᠡᠶ | ᠠᠬᠢᠭᠤᠯᠤᠨ᠎ᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ︾ ᠶᠢ ᠠᠭᠤᠰᠤᠯᠴᠠᠭᠤᠯᠤᠭᠰᠠᠨ | ᠡᠵᠡᠩᠨᠡᠨ ᠪᠣᠷᠣᠯᠠᠭᠤᠯᠬᠤ ᠵᠠᠭᠪᠤᠷ ᠢ ᠭᠦᠶᠴᠡᠳ ᠠᠰᠢᠭᠯᠠᠨ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ᠂ | ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠴᠠᠬᠢᠮ ᠬᠤᠳᠠᠯᠳᠤᠭᠠᠨ ᠤ ᠲᠠᠪᠴᠠᠩ᠂ ᠰᠦᠯᠵᠢᠶᠡᠨ ᠳᠤ | ᠤᠯᠠᠶᠢᠵᠤ ᠮᠡᠷᠭᠡᠰᠢᠭᠰᠡᠨ ᠬᠥᠮᠦᠰ ᠢ ᠲᠦᠷᠭᠡᠳᠬᠡᠨ ᠪᠤᠶᠢᠵᠢᠭᠤᠯᠵᠤ᠂ ᠴᠠᠬᠢᠮ ᠬᠤᠳᠠᠯᠳᠤᠭᠠᠨ ᠤ ᠶᠠᠪᠤᠳᠠᠯ ᠢ ᠮᠠᠯᠵᠢᠬᠤ | ᠲᠠᠷᠢᠶᠠᠯᠠᠬᠤ ᠣᠷᠣᠨ ᠳᠤ ᠣᠷᠣᠭᠤᠯᠬᠤ ᠶᠢ ᠠᠬᠢᠭᠤᠯᠤᠨ᠎ᠠ᠃ | | ᠬᠤᠶᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ | ᠥᠷᠨᠢᠭᠦᠯᠬᠦ ᠲᠤᠬᠠᠢ | ᠬᠤᠳᠠ ᠬᠥᠳᠡᠭᠡ ᠶᠢᠨ ᠣᠷᠣᠨ ᠵᠠᠶ ᠶᠢᠨ ᠠᠭᠤᠰᠤᠯᠴᠠᠨ ᠨᠥᠬᠦᠴᠡᠯᠳᠦᠬᠦ ᠶᠢ ᠲᠦᠯᠬᠢᠨ ᠬᠤᠲᠠ ᠬᠥᠳᠡᠭᠡ ᠶᠢᠨ | ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠪᠠᠶᠠᠨᠬᠤᠲᠠ᠂ ᠣᠯᠠᠨᠪᠤᠯᠠᠭ᠂ ᠪᠠᠷᠠᠭᠤᠨ ᠪᠡᠯ᠂ ᠵᠢᠷᠠᠲᠠᠢ ᠵᠡᠷᠭᠡ | ᠭᠤᠤᠯ ᠪᠣᠯᠬᠤ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠮᠠᠯᠴᠢᠨ ᠲᠠᠷᠢᠶᠠᠴᠢᠨ ᠳᠤ ᠦᠶᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠥᠲᠥᠭᠡᠨ ᠪᠠᠶᠢᠭᠤᠯᠤᠨ᠎ᠠ᠃ | ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠪᠠ ᠵᠢᠷᠤᠭ ᠲᠥᠯᠥᠪᠯᠡᠭᠡ ᠪᠠᠷ ᠳᠡᠭᠡᠭᠰᠢᠯᠡᠭᠦᠯᠬᠦ ᠶᠢ | ᠴᠢᠩᠭᠠᠳᠬᠠᠨ᠎ᠠ᠃ ᠲᠥᠯᠥᠪᠵᠢᠭᠦᠯᠦᠨ ᠵᠢᠷᠤᠭᠯᠠᠨ ᠲᠥᠯᠥᠪᠯᠡᠬᠦ ᠶᠢ ᠴᠢᠩᠭᠠᠳᠬᠠᠨ᠂ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠪᠥᠳᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠬᠤ ᠮᠠᠯᠵᠢᠬᠤ ᠣᠷᠣᠨ | ᠤ ᠤᠯᠠᠮᠵᠢᠯᠠᠯᠲᠤ ᠠᠶᠢᠯ ᠲᠣᠰᠬᠤᠨ ᠪᠣᠯᠤᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠰᠠᠶᠢᠲᠤᠷ ᠬᠠᠮᠠᠭᠠᠯᠠᠵᠤ᠂ | ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠢ ᠲᠦᠷᠭᠡᠳᠬᠡᠨ᠂ ︽ᠨᠢᠭᠡ ᠭᠠᠴᠠᠭ᠎ᠠ ᠲᠣᠰᠬᠤᠨ ᠳᠤ ᠨᠢᠭᠡ | ᠲᠥᠯᠥᠪᠵᠢᠭᠦᠯᠭᠡ᠂ ᠨᠢᠭᠡ ᠭᠠᠴᠠᠭ᠎ᠠ ᠲᠣᠰᠬᠤᠨ ᠳᠤ ᠨᠢᠭᠡ ᠲᠥᠷᠥ ᠶᠢᠨ ᠪᠤᠳᠤᠯᠭ᠎ᠠ︾ ᠶᠢᠨ ᠵᠦᠷᠢᠶᠡᠴᠢᠯᠡᠭᠰᠡᠨ | ᠬᠥᠭᠵᠢᠯᠲᠡ ᠶᠢ ᠲᠥᠯᠬᠢᠨ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠤᠰᠤ᠂ ᠴᠠᠬᠢᠯᠭᠠᠨ᠂ | ᠵᠠᠮ᠂ ᠬᠡᠶ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠶᠯᠭᠡᠭᠡᠨ ᠵᠡᠷᠭᠡ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ᠂ ᠵᠣᠯ ᠵᠢᠷᠭᠠᠯᠲᠤ ᠬᠡᠷ ᠣᠷᠣᠨ ᠢ ᠪᠥᠲᠥᠭᠡᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ | ᠃ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠠᠮᠢᠳᠤᠷᠠᠯ ᠤᠨ ᠬᠤᠭ | ᠨᠣᠪᠰᠢ ᠪᠠ ᠪᠣᠬᠢᠷ ᠤᠰᠤ ᠶᠢ ᠵᠠᠰᠠᠬᠤ ᠶᠢ ᠠᠬᠢᠭᠤᠯᠵᠤ᠂ ︽ᠵᠣᠷᠯᠣᠩ ᠤᠨ ᠰᠢᠨᠡᠴᠢᠯᠡᠯᠲᠡ︾ ᠶᠢ ᠭᠦᠨᠵᠡᠭᠡᠶ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ︽ᠭᠤᠷᠪᠠᠨ | ᠲᠥᠷᠥᠯ ᠤᠨ ᠨᠡᠶᠢᠯᠡᠯ︾ ᠢ ᠠᠬᠢᠭᠤᠯᠤᠨ᠎ᠠ᠃ | ᠰᠣᠶᠣᠯ ᠪᠠ ᠴᠢᠳᠠᠪᠤᠷᠢᠲᠠᠨ ᠤ ᠬᠥᠭᠵᠢᠯ ᠮᠠᠨᠳᠤᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠯᠠᠨ ᠵᠦᠶᠯ ᠤᠨ ᠬᠡᠯᠪᠡᠷᠢ ᠶᠢᠨ | ᠰᠣᠶᠣᠯ ᠤᠨ ᠠᠵᠢᠯᠯᠠᠭ᠎ᠠ ᠶᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠤᠲᠤᠭ ᠲᠠᠭᠠᠨ ᠪᠤᠴᠠᠭᠰᠠᠨ᠂ ᠨᠤᠲᠤᠭ ᠲᠠᠭᠠᠨ ᠪᠤᠴᠠᠭᠰᠠᠨ᠂ ᠨᠤᠲᠤᠭ ᠲᠠᠭᠠᠨ ᠣᠴᠢᠭᠰᠠᠨ | ᠴᠢᠳᠠᠪᠤᠷᠢᠲᠠᠨ ᠢ ᠴᠤᠭᠯᠠᠷᠠᠭᠤᠯᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠪᠠ | ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ︽ᠲᠠᠷᠢᠶᠠᠯᠠᠩ ᠳᠤ ᠳᠤᠷᠠᠲᠠᠶ᠂ ᠰᠢᠨᠵᠢᠯᠡᠬᠦ | ᠤᠬᠠᠭᠠᠨ ᠮᠡᠷᠭᠡᠵᠢᠯ ᠢ ᠣᠶᠢᠯᠠᠭᠠᠬᠤ᠂ ᠡᠵᠡᠩᠨᠡᠬᠦ ᠳᠡᠭᠡᠨ ᠴᠢᠳᠠᠮᠠᠭᠠᠶ︾ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | | ᠭᠤᠷᠪᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ | ᠵᠠᠰᠠᠯᠲᠠ ᠶᠢ ᠠᠬᠢᠭᠤᠯᠬᠤ ᠲᠤᠬᠠᠢ | | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠦᠨ᠎ᠠ᠃ ᠮᠠᠯᠵᠢᠬᠤ | ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠲᠦᠷᠢᠮ ᠢ ᠪᠠᠬᠢᠵᠢᠭᠦᠯᠵᠦ᠂ ᠬᠤᠲᠠ ᠬᠥᠳᠡᠭᠡ ᠶᠢᠨ ᠴᠢᠬᠤᠯᠠ ᠬᠦᠴᠦᠨ ᠵᠦᠶᠯ ᠢ ᠡᠷᠬᠡ ᠲᠡᠭᠰᠢ ᠪᠠᠷ ᠰᠣᠯᠢᠯᠴᠠᠬᠤ᠂ | ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠬᠦᠴᠦᠯᠡᠨ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠳᠠᠬᠢᠭᠠᠳ ᠭᠤᠴᠢᠨ ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠵᠢᠷᠤᠮᠵᠢᠭᠤᠯᠤᠨ | ᠡᠷᠭᠢᠯᠳᠦᠭᠦᠯᠬᠦ ᠶᠢ ᠬᠥᠲᠥᠯᠦᠨ ᠵᠢᠯᠣᠭᠤᠳᠴᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠵᠢᠯ ᠲᠥᠷᠥᠯ ᠤᠨ | ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠬᠥᠲᠥᠴᠢ ᠠᠵᠤ | ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ︽ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ︾ ᠲᠣᠭᠲᠠᠴᠠ ᠶᠢᠨ | ᠰᠢᠨ᠎ᠡ ᠶᠢ ᠡᠭᠦᠳᠴᠦ᠂ ︽ᠺᠣᠮᠫᠠᠨᠢ + ᠰᠠᠭᠤᠷᠢᠨ ᠭᠠᠵᠠᠷ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ | ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠎ᠡ᠃ | ᠬᠤᠳᠠ ᠬᠥᠳᠡᠭᠡ ᠶᠢᠨ ᠨᠢᠭᠡᠳᠦᠯᠲᠡᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ | ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠦᠷᠢᠮ ᠢ ᠰᠦᠪᠡᠭᠴᠢᠯᠡᠨ | ᠬᠡᠷᠡᠭᠵᠢᠭᠦᠯᠦᠨ᠎ᠡ᠃ ᠭᠠᠵᠠᠷ ᠰᠢᠷᠣᠶ ᠶᠢ ᠲᠠᠲᠠᠪᠤᠷᠢᠯᠠᠬᠤ ᠳᠤ ᠣᠯᠠᠨ ᠨᠡᠶᠢᠲᠡ ᠶᠢᠨ ᠠᠰᠢᠭ ᠲᠤᠰᠠ ᠶᠢᠨ ᠭᠠᠵᠠᠷ | ᠬᠡᠷᠡᠭᠯᠡᠬᠦ ᠶᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢ ᠲᠠᠲᠠᠪᠤᠷᠢᠯᠠᠬᠤ | ᠬᠡᠪᠴᠢᠶ᠎ᠡ ᠶᠢ ᠪᠠᠭᠠᠰᠬᠠᠨ᠎ᠠ᠃ ᠣᠷᠣᠨ ᠰᠠᠭᠤᠴᠠ ᠶᠢᠨ ᠭᠠᠵᠠᠷ ᠤᠨ ᠥᠮᠴᠢᠯᠡᠬᠦ ᠡᠷᠬᠡ᠂ ᠬᠢᠷᠢ ᠬᠡᠮ ᠤᠨ ᠡᠷᠬᠡ᠂ | ᠬᠡᠷᠡᠭᠯᠡᠬᠦ ᠡᠷᠬᠡ ᠶᠢ ᠰᠠᠯᠭᠠᠨ ᠳᠣᠭᠢᠷᠠᠭᠤᠯᠬᠤ ᠶᠢ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠤᠲᠠ ᠣᠷᠣᠵᠤ | ᠡᠷᠦᠬᠡ ᠠᠮᠠ ᠪᠠᠨ ᠣᠷᠣᠭᠤᠯᠤᠭᠰᠠᠨ ᠮᠠᠯᠴᠢᠨ ᠲᠠᠷᠢᠶᠠᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ | ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠮᠠᠭᠠᠯᠠᠵᠤ᠂ ᠬᠤᠲᠠ ᠤᠷᠤᠭᠰᠠᠨ ᠮᠠᠯᠴᠢᠨ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠪᠣᠳᠠᠲᠤ ᠬᠦᠴᠦᠨ ᠢ ᠪᠠᠬᠢᠵᠢᠭᠦᠯᠦᠨ ᠪᠤᠵᠠᠭᠠᠶᠢᠷᠠᠭᠤᠯᠵᠤ᠂ ᠨᠠᠩ ᠣᠯᠠᠨ ᠨᠠᠩ ᠰᠠᠶᠢᠨ ᠣᠯᠠᠨ | ᠨᠡᠶᠢᠲᠡ ᠶᠢᠨ ᠦᠶᠯᠡᠴᠢᠯᠡᠭᠡ ᠪᠠ ᠠᠵᠤ ᠦᠶᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠢ ᠬᠠᠩᠭᠠᠨ᠎ᠠ᠃ | ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠳᠠᠷᠢᠵᠤ ᠲᠡᠵᠢᠭᠡᠬᠦ ᠦᠶᠯᠡᠰ ᠤᠨ ᠬᠡᠪᠴᠢᠶ᠎ᠡ ᠶᠢ ᠥᠷᠭᠡᠳᠬᠡᠨ | ᠂ ᠨᠥᠬᠦᠴᠡᠯ ᠤᠨ ᠳᠠᠪᠠᠭᠤᠯᠢᠭ ᠢᠶᠠᠷ ᠢᠯᠡᠷᠬᠡᠶ ᠭᠠᠴᠠᠭ᠎ᠠ ᠲᠣᠰᠬᠤᠨ ᠤ ᠬᠠᠮᠵᠢᠯᠴᠠᠨ ᠠᠵᠢᠯᠯᠠᠵᠤ ᠳᠠᠶᠢᠴᠢᠯᠠᠬᠤ | ᠦᠶᠯᠡᠳᠦᠯ ᠢ ᠪᠠᠳᠠᠷᠠᠭᠤᠯᠵᠤ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ᠃ | ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ | ᠪᠥᠷᠢᠨᠰᠢᠬᠦᠯᠥᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠶᠯᠭᠡᠭᠡᠨ ᠤ ᠳᠡᠮᠵᠢᠯᠭᠡ ᠶᠢ ᠤᠯᠬᠤ ᠪᠠᠷ | ᠢᠳᠡᠪᠬᠢᠲᠡᠶ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠲᠦᠭᠰᠢᠭᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠬᠤᠤᠰ ᠪᠥᠬᠦᠲᠦ ᠲᠡᠮᠡᠭᠡ᠂ ᠴᠠᠭᠠᠨ ᠨᠣᠯᠦᠦᠷ ᠤᠨ ᠢᠮᠠᠭ᠎ᠠ ᠵᠡᠷᠭᠡ ᠳᠠᠪᠠᠭᠤᠯᠢᠭ ᠮᠠᠯ ᠤᠨ | ᠡᠭᠦᠯᠳᠡᠷ ᠤᠨ ᠳᠠᠭᠠᠳᠬᠠᠯ ᠢ ᠠᠬᠢᠭᠤᠯᠵᠤ᠂ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠠᠭᠠᠭᠤᠯᠤᠭᠴᠢ ᠶᠢᠨ ᠡᠩᠨᠡᠭᠡ ᠶᠢ ᠪᠦᠬᠦᠯᠢ ᠴᠣᠭᠴᠠ ᠪᠠᠷ | ᠨᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠤ ᠥᠪᠡᠷᠲᠡᠭᠡᠨ | ᠵᠠᠰᠠᠬᠤ ᠪᠠ ᠬᠠᠤᠯᠢ ᠪᠠᠷ ᠵᠠᠰᠠᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠠᠷᠠᠳᠴᠢᠯᠠᠯ ᠢ | ᠲᠡᠭᠦᠯᠳᠡᠷᠵᠢᠭᠦᠯᠦᠨ᠂ ᠪᠥᠬᠦ ᠲᠠᠯ᠎ᠠ ᠪᠠᠷ ᠠᠬᠢᠭᠤᠯᠤᠨ᠎ᠠ | ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠶᠠᠪᠤᠳᠠᠯ ᠢ ᠢᠯᠡ ᠪᠣᠯᠭᠠᠵᠤ︾ ᠂ ᠨᠡᠶᠢᠭᠡᠮ ᠤᠨ ᠬᠢᠨᠠᠯᠲᠠ | ᠲᠠᠯᠪᠢᠯᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ | ᠶᠡᠬᠡᠪᠡᠷ ᠥᠷᠨᠢᠭᠦᠯᠵᠦ᠂ ᠬᠠᠤᠯᠢ ᠪᠠᠷ ᠵᠠᠰᠠᠬᠤ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ | ᠣᠷᠣᠨ ᠳᠤ ᠣᠷᠣᠭᠤᠯᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | | ᠳᠥᠷᠪᠡᠳᠦᠭᠡᠷ ᠬᠡᠰᠡᠭ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ | ᠦᠷ᠎ᠡ ᠪᠦᠲᠦᠭᠡᠯ ᠢ ᠤᠯᠠᠮ ᠪᠠᠬᠢᠵᠢᠭᠦᠯᠬᠦ ᠲᠤᠬᠠᠢ | ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ ᠲᠦᠷᠭᠡᠨ ᠴᠤᠤᠷᠢᠶᠠᠲᠤᠨ ᠳᠠᠭᠠᠬᠤ | ᠲᠣᠭᠲᠠᠴᠠ ᠶᠢ ᠪᠦᠷᠢᠨᠰᠢᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ᠂ | ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠳᠤ ᠪᠠᠶᠢᠩᠭᠤ ᠶᠢᠨ ᠬᠢᠨᠠᠨ ᠬᠡᠮᠵᠢᠯᠲᠡ ᠬᠢᠵᠦ᠂ ᠲᠠᠬᠢᠨ | ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠤᠯᠠᠨ | ᠲᠠᠯ᠎ᠠ ᠶᠢᠨ ᠬᠢᠨ ᠣᠷᠣᠯᠴᠠᠬᠤ᠂ ᠬᠠᠮᠵᠢᠯᠴᠠᠨ ᠵᠠᠰᠠᠬᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠵᠦ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢ ᠨᠢᠭᠡ | ᠴᠤᠬᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠵᠤ᠂ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ︽ᠬᠠᠮᠠᠭᠠᠯᠠᠯᠲᠠ ᠶᠢᠨ ᠲᠣᠣᠷ︾ ᠢ ᠪᠠᠶᠢᠭᠤᠯᠤᠨ᠎ᠠ᠃ | ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ | ᠮᠠᠯᠠᠭᠠᠶ ᠠᠴᠠ ᠨᠢ ᠠᠪᠴᠤ ᠬᠠᠶᠠᠬᠤ ᠥᠬᠡᠶ ᠬᠠᠷᠢᠭᠤᠴᠠᠯᠭ᠎ᠠ ᠠᠴᠠ ᠨᠢ ᠠᠪᠴᠤ ᠬᠠᠶᠠᠬᠤ ᠥᠬᠡᠶ᠂ | ᠮᠠᠯᠠᠭᠠᠶ ᠠᠴᠠ ᠨᠢ ᠠᠪᠴᠤ ᠬᠠᠶᠠᠬᠤ ᠥᠬᠡᠶ ᠲᠥᠷᠥ ᠶᠢᠨ ᠪᠣᠳᠣᠯᠭ᠎ᠠ᠂ ᠮᠠᠯᠠᠭᠠᠶ ᠠᠴᠠ ᠨᠢ ᠠᠪᠴᠤ ᠬᠠᠶᠠᠬᠤ ᠥᠬᠡᠶ | ᠪᠣᠯ ᠬᠠᠪᠰᠤᠷᠤᠨ ᠲᠡᠳᠬᠦᠬᠦ᠂ ᠮᠠᠯᠠᠭᠠᠶ ᠠᠴᠠ ᠨᠢ ᠠᠪᠴᠤ ᠬᠠᠶᠠᠬᠤ ᠥᠬᠡᠶ ᠪᠣᠯ ᠬᠢᠨᠠᠨ ᠬᠠᠮᠢᠶᠠᠷᠬᠤ ︽ᠳᠥᠷᠪᠡ ᠶᠢ | ᠠᠪᠴᠤ ᠬᠠᠶᠠᠬᠤ ᠥᠬᠡᠶ︾ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ | ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ | ᠵᠦᠢᠯᠡᠰ ᠤᠨ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠨ᠎ᠠ᠃ | ᠠᠵᠤ ᠦᠢᠯᠡᠰ ᠢᠶᠠᠷ ᠠᠵᠢᠯ ᠣᠯᠭᠤᠵᠤ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠬᠡᠷᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ᠂ ᠵᠢᠭᠤᠯᠴᠢᠯᠠᠯ᠂ ᠠᠮᠢ ᠠᠬᠤᠶ᠂ ᠣᠷᠣᠨ ᠪᠠᠶᠢᠷᠢ ᠵᠡᠷᠭᠡ ᠳᠠᠪᠠᠭᠤᠯᠢᠭ ᠡᠬᠢ | ᠪᠠᠶᠠᠯᠢᠭ ᠲᠤ ᠰᠠᠭᠤᠷᠢᠯᠠᠨ᠂ ᠠᠵᠤ ᠠᠬᠤᠶᠢᠯᠠᠯ᠂ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ᠂ ᠪᠠᠶᠠᠵᠢᠯ ᠤᠨ | ᠳᠠᠭᠠᠭᠤᠯᠤᠭᠴᠢ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠠᠵᠤ ᠦᠶᠯᠡᠰ ᠤᠨ ᠲᠠᠰ ᠳᠡᠪᠰᠢᠬᠦ ᠶᠢ | ᠲᠦᠷᠭᠡᠳᠬᠡᠬᠦ ᠶᠢ ᠳᠡᠮᠵᠢᠵᠦ᠂ ᠦᠷᠭᠦᠯᠵᠢᠯᠡᠬᠦ ᠴᠢᠨᠠᠷ ᠢᠶᠠᠷ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ | ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠᠷ ᠥᠨᠳᠥᠷ ᠤᠨᠴᠠᠯᠢᠭᠳᠤ ᠠᠵᠤ ᠦᠶᠯᠡᠰ ᠤᠨ ᠬᠥᠭᠵᠢᠯᠲᠡ ᠶᠢ | ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡᠨ ᠤ ᠤᠷ᠎ᠠ ᠴᠢᠳᠠᠪᠤᠷᠢ᠂ ᠵᠠᠬ᠎ᠠ ᠳᠡᠯᠭᠡᠭᠦᠷ ᠤᠨ ᠡᠵᠡᠩᠨᠡᠯᠲᠡ᠂ ᠠᠵᠢᠯ | ᠣᠯᠵᠤ ᠠᠳᠠᠯ ᠦᠢᠯᠡᠰ ᠴᠣᠭᠴᠠᠯᠠᠬᠤ ᠰᠤᠷᠭᠠᠯᠲᠠ ᠶᠢ ᠥᠷᠨᠢᠭᠦᠯᠵᠦ᠂ ᠶᠠᠳᠠᠭᠤ ᠬᠦᠴᠢᠷᠳᠡᠯ ᠲᠠᠢ ᠬᠥᠳᠡᠯᠮᠦᠷᠢ ᠶᠢᠨ | ᠬᠦᠴᠦᠨ ᠤ ᠭᠠᠳᠠᠭᠰᠢ ᠭᠠᠷᠴᠤ ᠠᠵᠢᠯ ᠬᠢᠬᠦ ᠤᠷ᠎ᠠ ᠴᠢᠳᠠᠪᠤᠷᠢ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠲᠣᠰ ᠭᠠᠵᠠᠷ ᠣᠷᠣᠨ ᠤ ᠴᠢᠳᠠᠪᠤᠷᠢᠲᠠᠨ ᠢ ᠲᠦᠷᠭᠡᠳᠬᠡᠨ | ᠬᠥᠮᠦᠵᠢᠭᠦᠯᠵᠦ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠴᠠᠭ᠎ᠠ ᠲᠣᠰᠬᠤᠨ ᠤ | ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠠᠪᠴᠠᠩ ᠢ ᠠᠰᠢᠭᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠶᠠᠳᠠᠭᠤ ᠶᠢ ᠲᠡᠳᠬᠦᠬᠦ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠣᠬᠢᠷᠠᠭᠤᠯᠵᠤ᠂ ᠣᠷᠣᠯᠭ᠎ᠠ ᠪᠠᠭᠠᠲᠠᠶ ᠬᠥᠳᠡᠯᠮᠦᠷᠢ ᠶᠢᠨ | ᠬᠦᠴᠦᠨ ᠢ ᠤᠯᠠᠨ ᠠᠷᠭ᠎ᠠ ᠵᠠᠮ ᠢᠶᠠᠷ ᠬᠠᠪᠰᠤᠷᠴᠤ ᠠᠵᠢᠯ ᠤᠯᠬᠤ ᠠᠷᠭ᠎ᠠ ᠵᠠᠮ ᠢ ᠨᠢ ᠥᠷᠭᠡᠳᠬᠡᠨ᠎ᠡ᠃ | ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠪᠣᠯᠤᠨ ᠲᠡᠩᠬᠡᠷᠡᠭᠦᠯᠦᠨ ᠲᠤᠰᠠᠯᠠᠬᠤ ᠲᠥᠷᠢᠮ | ᠢ ᠪᠥᠷᠢᠨᠰᠢᠬᠦᠯᠥᠨ᠎ᠡ᠃ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠶᠯ ᠢ ᠪᠠᠲᠤᠯᠠᠬᠤ ᠪᠠ ︽ᠴᠢᠨᠡᠭᠡᠯᠢᠭᠵᠢᠭᠦᠯᠬᠦ | ᠬᠦᠰᠡᠯ ᠪᠣᠯᠣᠨ ᠣᠶᠣᠨ ᠢ ᠨᠢ ᠵᠡᠷᠭᠡᠪᠡᠷ ᠲᠡᠳᠬᠦᠬᠦ︾ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ | ᠴᠢᠩᠭᠠᠳᠬᠠᠨ᠂ ᠭᠠᠮᠰᠢᠭ ᠠᠴᠠ ᠪᠣᠯᠵᠣ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ | ᠬᠠᠮᠲᠤᠯᠢᠭ ᠲᠤ ᠲᠤᠰᠬᠠᠶ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ︽ᠮᠠᠯᠴᠢᠨ ᠲᠠᠷᠢᠶᠠᠴᠢᠨ ᠤ | ᠰᠥᠨᠢ ᠶᠢᠨ ᠰᠤᠷᠭᠠᠭᠤᠯᠢ︾ ︽ᠰᠤᠷᠭᠠᠯᠲᠠ ᠶᠢᠨ ᠭᠠᠵᠠᠷ︾ ᠵᠡᠷᠭᠡ ᠰᠤᠷᠭᠠᠨ ᠬᠥᠮᠦᠵᠢᠯ ᠤᠨ ᠬᠡᠯᠪᠡᠷᠢ ᠶᠢ | ᠳᠡᠯᠭᠡᠷᠡᠭᠦᠯᠦᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠬᠥᠲᠥᠯᠦᠨ | ᠵᠢᠯᠣᠭᠤᠳᠴᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠠᠷᠠᠳ ᠤᠨ ᠰᠤᠷᠲᠠᠯ ᠢ ᠪᠦᠷᠢᠯᠳᠦᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ᠂ | ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠂ ᠣᠨᠳᠣᠤ ᠭᠠᠵᠠᠷ ᠨᠡᠭᠦᠯᠭᠡᠵᠦ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠮᠵᠢ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠨᠠᠯᠲᠠ | ᠬᠠᠮᠢᠶᠠᠷᠤᠯᠲᠠ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠦᠴᠦ ᠪᠠᠨ ᠲᠥᠪᠯᠡᠷᠡᠭᠦᠯᠦᠨ ᠤᠨᠴᠠᠯᠢᠭᠳᠤ ᠠᠵᠤ ᠦᠢᠯᠡᠰ ᠢ ᠬᠥᠭᠵᠢᠭᠦᠯᠬᠦ᠂ ᠲᠣᠭᠲᠠᠭᠤᠨ ᠠᠵᠢᠯ ᠣᠯᠭᠤᠯᠲᠠ ᠶᠢ | ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ | ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠶᠢᠨ | ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠵᠡᠷᠭᠡ | ᠪᠠᠶᠢᠩᠭᠤ ᠶᠢᠨ ᠴᠢᠨᠠᠷᠲᠠᠶ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ᠂ ᠨᠡᠶᠢᠭᠡᠮ ᠤᠨ ᠬᠦᠴᠦᠨ ᠤ | ᠬᠠᠪᠰᠤᠷᠤᠨ ᠲᠡᠳᠬᠦᠬᠦ ᠳᠤ ᠣᠷᠣᠯᠴᠠᠬᠤ ᠪᠦᠬᠦᠯᠢ ᠴᠣᠭᠴᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠡᠳ᠋ ᠤᠨ ᠵᠠᠰᠠᠭ ᠤᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠴᠢᠳᠠᠪᠤᠷᠢᠲᠠᠨ ᠤ ᠤᠶᠤᠨ ᠤ | ᠳᠡᠮᠵᠢᠯᠭᠡ ᠵᠡᠷᠭᠡ ᠲᠦᠷᠦ ᠶᠢᠨ ᠪᠤᠳᠤᠯᠭ᠎ᠠ ᠶᠢᠨ ᠪᠦᠲᠦᠮᠵᠢᠲᠡᠶ ᠵᠣᠯᠭᠠᠯᠳᠤᠯ ᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠ ᠤᠯᠠᠨ ᠲᠦᠮᠡᠨ ᠤ ᠠᠮᠢᠳᠤᠷᠠᠯ ᠤᠨ ᠰᠠᠶᠢᠵᠢᠷᠠᠯᠲᠠ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ | | ᠶᠢᠰᠦᠳᠦᠭᠡᠷ ᠪᠦᠯᠦᠭ ᠤᠷᠤᠨ ᠵᠠᠢ ᠶᠢᠨ ᠰᠢᠨ᠎ᠡ ᠪᠠᠶᠢᠷᠢᠰᠢᠯ ᠤᠨ ᠲᠤᠬᠠᠢ | ᠤᠯᠤᠰ ᠤᠨ ᠭᠠᠳᠠᠭᠠᠳᠤ ᠨᠡᠬᠡᠬᠡᠯᠳᠡ ᠪᠠ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠪᠠᠶᠢᠯᠳᠤᠬᠤ | ᠪᠤᠳᠤᠯᠭ᠎ᠠ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠢ ᠶᠢᠨ | ᠬᠠᠮᠠᠭᠠᠯᠠᠯᠲᠠ ᠪᠠᠷ ᠭᠤᠣᠯ ᠪᠣᠯᠭᠠᠭᠰᠠᠨ ᠭᠤᠣᠯ ᠴᠣᠭᠴᠠ ᠶᠢᠨ ᠴᠢᠳᠠᠮᠵᠢᠳᠤ ᠣᠷᠣᠨ ᠤ ᠱᠠᠭᠠᠷᠳᠠᠯᠭ᠎ᠠ ᠶᠢ ᠡᠷᠡᠰ | ᠲᠤᠤᠱᠯᠠᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ | ᠪᠦᠷᠢᠨᠰᠢᠬᠦᠯᠵᠤ᠂ ᠬᠤᠳᠠ ᠬᠥᠳᠡᠭᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠯ ᠪᠠ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃ | | | ᠨᠢᠭᠡᠳᠦᠭᠡᠷ ᠬᠡᠰᠡᠭ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠳᠡᠭᠡᠳᠦ ᠳᠠᠪᠬᠤᠷᠭ᠎ᠠ ᠶᠢᠨ | ᠲᠥᠯᠥᠪᠵᠢᠭᠦᠯᠭᠡ ᠶᠢ ᠲᠣᠳᠣᠷᠬᠠᠶᠢᠯᠠᠬᠤ ᠲᠤᠬᠠᠢ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ | ᠮᠡᠷᠭᠡᠵᠢᠯ ᠤᠨ ᠪᠠᠷᠢᠮᠵᠢᠶ᠎ᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ | ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠵᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠶᠡᠷᠦᠩᠬᠡᠶ ᠬᠡᠪᠴᠢᠶ᠎ᠡ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠤᠨ | ᠬᠡᠪᠴᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠬᠢᠵᠠᠭᠠᠷᠯᠠᠬᠤ ᠴᠢᠨᠠᠷᠲᠠᠶ | ᠭᠦᠢᠴᠡᠳᠬᠡᠬᠦ ᠲᠤᠭ᠎ᠠ ᠶᠢ ᠲᠣᠳᠣᠷᠬᠠᠶᠢᠯᠠᠵᠤ᠂ ᠠᠮᠢ ᠠᠬᠤᠶ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ | ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠶ ᠶᠢᠨ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ | ᠨᠠᠶᠢᠳᠠᠪᠤᠷᠢᠵᠢᠭᠤᠯᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢ ᠬᠡᠷᠡᠭᠵᠢᠭᠦᠯᠬᠦ᠂ | ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠨᠢᠭᠡ ᠯᠡ ᠵᠢᠷᠤᠭ︾ ᠢ ᠪᠠᠶᠢᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠪᠠᠲᠤᠯᠠᠬᠤ | ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃ | | ᠬᠤᠶᠠᠳᠤᠭᠠᠷ ᠬᠡᠰᠡᠭ ᠬᠤᠲᠠ ᠬᠥᠳᠡᠭᠡ ᠣᠷᠤᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠲᠤᠬᠠᠢ | ︽ᠴᠢᠳᠠᠮᠵᠢ ᠶᠢ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠪᠥᠭᠡᠮᠨᠡᠷᠡᠭᠦᠯᠬᠦ᠂ ᠣᠷᠣᠨ ᠵᠠᠶ ᠶᠢ | ᠤᠶᠠᠯᠳᠤᠭᠤᠯᠬᠤ︾ ᠵᠠᠷᠴᠢᠮ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ | ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠠᠮᠢ | ᠠᠬᠤᠶ ᠶᠢᠨ ᠣᠷᠣᠨ ᠵᠠᠶ ᠶᠢ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠪᠠ ᠪᠠᠶᠢᠷᠢᠯᠠᠭᠤᠯᠬᠤ ᠶᠢ ᠴᠢᠩᠭᠠᠳᠬᠠᠵᠤ᠂ | ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠪᠦᠳᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠠᠵᠤ ᠦᠢᠯᠡᠰ᠂ ᠬᠥᠮᠦᠨ ᠠᠮᠠ᠂ ᠦᠢᠯᠡᠴᠢᠯᠡᠭᠡᠨ ᠤ ᠴᠢᠳᠠᠮᠵᠢ ᠵᠡᠷᠭᠡ ᠶᠢᠨ ᠲᠥᠪᠯᠡᠷᠡᠨ | ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | | ᠪᠠᠶᠠᠨᠬᠤᠲᠠ ᠶᠢᠨ ᠭᠤᠤᠯ ᠬᠤᠲᠠ ᠶᠢᠨ ᠭᠤᠤᠯᠯᠠᠬᠤ ᠴᠢᠳᠠᠮᠵᠢ ᠶᠢ ᠬᠦᠴᠦᠷᠬᠡᠭᠵᠢᠭᠦᠯᠦᠨ᠎ᠡ᠃ | ᠪᠠᠶᠠᠨᠬᠤᠲᠠ ᠶᠢᠨ ᠣᠷᠣᠨ ᠵᠠᠶ ᠪᠠ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠶᠤᠨᠲᠤ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠤ ᠣᠨᠴᠠᠯᠢᠭ ᠲᠠᠢ᠂ ᠠᠮᠢ ᠠᠬᠤᠶ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠶ ᠵᠣᠯ ᠵᠢᠷᠭᠠᠯᠲᠤ ᠬᠤᠲᠠ ᠶᠢ ᠴᠣᠭᠴᠠᠯᠠᠨ ᠪᠠᠶᠢᠭᠤᠯᠤᠨ᠎ᠠ᠃ ᠪᠠᠶᠠᠨᠬᠤᠲᠠ ᠶᠢᠨ | ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠯᠠᠳᠠᠬᠢᠨ ᠢ | ᠲᠣᠭᠲᠠᠭᠠᠭᠴᠢ ᠬᠤᠷᠢᠶ᠎ᠠ ᠶᠢᠨ ᠵᠢᠭᠤᠯᠴᠢᠯᠠᠯ ᠰᠡᠯᠡᠭᠦᠴᠡᠯ ᠤᠨ ᠴᠤᠭᠯᠠᠷᠠᠯ ᠤᠨ ᠲᠣᠭᠤᠷᠢᠭ ᠢ ᠬᠦᠴᠦᠯᠡᠨ ᠪᠠᠶᠢᠭᠤᠯᠵᠤ᠂ | ᠣᠪᠣᠭᠠᠨ ᠴᠡᠴᠡᠷᠯᠢᠭ᠂ ᠠᠭᠢᠷ ᠴᠡᠴᠡᠭ ᠤᠨ ᠴᠡᠴᠡᠷᠯᠢᠭ᠂ ᠬᠤᠯᠠᠨ ᠤ ᠲᠠᠯ᠎ᠠ ᠨᠤᠲᠤᠭ ᠤᠨ ᠦᠶᠯᠡᠴᠢᠯᠡᠭᠡᠨ ᠤ | ᠪᠡᠯᠡᠳᠬᠡᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠠᠯᠠᠱᠠ ᠠᠭᠤᠯᠠ ᠶᠢᠨ ᠪᠠᠷᠠᠭᠤᠨ ᠬᠤᠷᠮᠣᠶ ᠶᠢᠨ ᠣᠶ | ᠰᠢᠭᠤᠶ ᠶᠢᠨ ᠡᠷᠡᠭᠦᠯᠵᠢᠯ ᠰᠤᠪᠢᠯᠠᠯᠲᠠ ᠪᠠ ᠲᠠᠯ᠎ᠠ ᠨᠤᠲᠤᠭ ᠤᠨ ᠰᠡᠯᠡᠭᠦᠴᠡᠯ ᠠᠮᠢ ᠠᠬᠤᠶ ᠶᠢᠨ ᠵᠢᠭᠤᠯᠴᠢᠯᠠᠯ ᠤᠨ | ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠶᠠᠨᠬᠤᠲᠠ ᠶᠢᠨ ᠠᠮᠢ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠠᠳᠠᠯ ᠦᠶᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠡᠵᠡᠩᠨᠡᠯᠲᠡ ᠶᠢᠨ ᠪᠠᠶᠢᠭᠤᠯᠤᠯ | ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠦᠷᠢᠶᠡᠯᠡᠩ ᠳᠤ ᠣᠷᠣᠬᠤ ᠠᠵᠤ ᠠᠬᠤᠶᠢᠯᠠᠯ ᠤᠨ | ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ | ᠮᠡᠷᠭᠡᠵᠢᠯ ᠢ ᠰᠤᠳᠤᠯᠤᠨ ᠨᠡᠭᠡᠭᠡᠬᠦ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ | ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠤᠨᠴᠠᠯᠢᠬᠳᠤ ᠠᠮᠢ ᠠᠬᠤᠶ ᠶᠢᠨ ᠠᠵᠤ ᠦᠶᠯᠡᠰ ᠪᠠ | ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠦᠶᠯᠡᠰ ᠢ ᠬᠥᠭᠵᠢᠭᠦᠯᠵᠦ᠂ ᠠᠮᠢ ᠠᠬᠤᠶ ᠶᠢᠨ ᠠᠵᠤ ᠦᠶᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠪᠣᠳᠠᠲᠠᠶᠢᠵᠢᠭᠤᠯᠤᠭᠰᠠᠨ ᠴᠢᠨᠠᠷ ᠴᠢᠨᠰᠠᠭ᠎ᠠ | ᠪᠠᠷ ᠥᠨᠳᠥᠷ᠂ ᠦᠷ᠎ᠡ ᠠᠰᠢᠭ ᠢᠶᠠᠷ ᠰᠠᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠶᠤᠨᠴᠢ ᠲᠣᠨᠤᠭ ᠲᠥᠬᠦᠭᠡᠷᠦᠮᠵᠢ ᠦᠶᠯᠡᠳᠬᠦ᠂ ᠠᠭᠠᠷ | ᠰᠠᠨᠰᠠᠷ ᠤᠨ ᠠᠵᠤ ᠦᠶᠯᠡᠰ᠂ ᠨᠠᠷᠢᠨ ᠬᠤᠪᠢᠶᠠᠭᠰᠠᠨ ᠬᠦᠷᠢᠶ᠎ᠡ ᠴᠠᠷᠠᠭ᠎ᠠ ᠶᠢᠨ ᠲᠣᠮᠣ ᠳ᠋ᠠᠶᠢᠲ᠋ᠠ ᠵᠡᠷᠭᠡ ᠠᠵᠤ | ᠦᠶᠯᠡᠰ ᠢ ᠬᠥᠭᠵᠢᠭᠦᠯᠵᠦ᠂ ᠣᠶᠤᠨᠴᠢ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ | ᠤᠯᠠᠨᠪᠤᠯᠠᠭ ᠤᠨ ᠦᠢᠯᠡᠳᠪᠦᠷᠢᠯᠡᠯ ᠬᠤᠳᠠ ᠶᠢᠨ ᠠᠭᠤᠰᠤᠯᠳᠤᠨ ᠬᠥᠭᠵᠢᠬᠦ ᠶᠢ ᠲᠥᠯᠬᠢᠨ ᠠᠬᠢᠭᠤᠯᠤᠨ᠎ᠠ᠃ | ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠤᠰᠤᠨ ᠤ ᠡᠬᠢ ᠰᠤᠷᠪᠤᠯᠵᠢ ᠶᠢᠨ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠤᠨ ᠱᠠᠭᠠᠷᠳᠠᠯᠭ᠎ᠠ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠨᠡᠮᠡᠯᠲᠡ ᠥᠷᠲᠡᠭ ᠢᠶᠠᠷ ᠥᠨᠳᠥᠷ ᠲᠣᠮᠣ | ᠲᠥᠷᠥᠯ ᠵᠦᠶᠯ᠂ ᠰᠠᠶᠢᠨ ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠠᠯ ᠴᠢᠯᠠᠭᠤ᠂ ᠲᠣᠰᠣ | ᠬᠡᠶ᠂ ᠲᠣᠨᠤᠭ ᠲᠥᠬᠦᠭᠡᠷᠦᠮᠵᠢ ᠦᠶᠯᠡᠳᠬᠦ᠂ ᠭᠠᠳᠠᠭᠠᠳᠤ ᠠᠴᠠ ᠣᠷᠣᠭᠤᠯᠬᠤ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠵᠡᠷᠭᠡ ᠠᠵᠤ ᠦᠶᠯᠡᠰ ᠢ | ᠡᠷᠴᠢᠮᠵᠢᠭᠦᠯᠦᠨ᠂ ᠬᠡᠪᠴᠢᠶᠡᠵᠢᠭᠦᠯᠦᠨ ᠬᠥᠭᠵᠢᠭᠦᠯᠬᠦ ᠶᠢ ᠶᠡᠬᠡᠪᠡᠷ ᠤᠷᠤᠭᠰᠢ ᠠᠬᠢᠭᠤᠯᠬᠤ ᠶᠢᠨ ᠬᠠᠮᠲᠤ᠂ ᠰᠢᠨ᠎ᠡ | ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠢᠵᠢ ᠪᠥᠷᠢᠳᠦᠭᠦᠯᠦᠨ᠂ ᠡᠬᠢ ᠰᠤᠷᠪᠤᠯᠵᠢ ᠶᠢᠨ ᠲᠣᠤᠷ ᠰᠦᠯᠵᠢᠶ᠎ᠡ | ᠨᠥᠭᠡᠴᠡᠯᠡᠨ ᠬᠠᠳᠠᠭᠠᠯᠠᠬᠤ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠣᠯᠠᠨᠪᠤᠯᠠᠭ ᠠᠵᠤ ᠦᠶᠯᠡᠰ ᠤᠨ | ᠬᠦᠷᠢᠶᠡᠯᠡᠩ ᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠥᠬᠡᠶ ᠬᠦᠷᠢᠶᠡᠯᠡᠩ ᠲᠣᠭᠤᠷᠢᠭ ᠪᠣᠯᠭᠠᠨ | ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ᠦᠯᠵᠡᠢ ᠬᠢᠯᠢ ᠶᠢᠨ ᠪᠣᠭᠤᠮᠲᠠ ᠶᠢ ᠲᠦᠷᠭᠡᠳᠬᠡᠨ ᠪᠠᠶᠢᠭᠤᠯᠤᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠢᠯᠢ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ᠂ | ᠪᠠᠷᠠᠭᠠᠨ ᠤ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ ᠵᠡᠷᠭᠡ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠪᠣᠭᠤᠮᠲᠠ ᠳᠠᠬᠢ ᠳᠤᠮᠳᠠᠳᠤ ᠮᠣᠩᠭᠤᠯ ᠤᠨ ᠬᠤᠶᠠᠷ ᠲᠠᠯᠠᠲᠤ ᠴᠢᠨᠠᠷᠲᠠᠶ ᠪᠠᠷ ᠵᠢᠯ ᠲᠤᠷᠰᠢ ᠪᠣᠭᠤᠮᠲᠠ ᠥᠩᠭᠡᠷᠡᠬᠦ ᠶᠢ | ᠪᠡᠶᠡᠯᠡᠭᠦᠯᠦᠨ᠎ᠡ᠃ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠂ ︽ᠪᠣᠭᠤᠮᠲᠠ + ᠨᠡᠪᠲᠡᠷᠡᠬᠦ ᠵᠠᠮ︾ | ᠤᠨ ᠠᠷᠠᠯᠵᠢᠶ᠎ᠠ ᠬᠤᠳᠠᠯᠳᠤᠭᠠᠨ ᠤ ᠲᠣᠤᠷ ᠰᠦᠯᠵᠢᠶ᠎ᠡ ᠶᠢ ᠨᠢᠭᠡ ᠴᠤᠭᠴᠠᠵᠢᠭᠤᠯᠬᠤ ᠲᠠᠪᠴᠠᠩ ᠢ ᠪᠠᠶᠢᠭᠤᠯᠵᠤ᠂ | ᠡᠯᠧᠺᠲᠷᠣᠨ ᠪᠣᠭᠤᠮᠲᠠ᠂ ᠳᠣᠲᠣᠭᠠᠳᠤ ᠬᠠᠭᠤᠷᠠᠶ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ | ᠃ ᠦᠯᠵᠡᠢ ᠪᠣᠭᠤᠮᠲᠠ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠭᠠᠵᠠᠷ ᠣᠷᠣᠨ᠂ ᠪᠡᠭᠡᠵᠢᠩ ᠲᠢᠶᠠᠨᠵᠢᠨ | ᠾᠧᠪᠸᠢ ᠶᠢᠨ ᠭᠠᠵᠠᠷ ᠣᠷᠣᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠳᠠᠭᠠᠤ ᠶᠢᠨ ᠭᠠᠵᠠᠷ ᠣᠷᠣᠨ᠂ | ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠣᠷᠣᠨ ᠪᠣᠯᠤᠨ ᠦᠬᠠᠢ ᠶᠢᠨ ︽ᠵᠢᠵᠢᠭ | ᠭᠤᠷᠪᠠᠯᠵᠢᠨ ᠬᠤᠶᠢᠭ︾ ᠤᠨ ᠣᠷᠣᠨ ᠪᠦᠰᠡ ᠶᠢᠨ ᠬᠠᠮᠵᠢᠯᠴᠠᠨ ᠠᠵᠢᠯᠯᠠᠵᠤ ᠨᠢᠭᠡ ᠴᠤᠭᠴᠠᠵᠢᠨ ᠬᠥᠭᠵᠢᠬᠦ ᠶᠢ | ᠠᠬᠢᠭᠤᠯᠵᠤ᠂ ᠪᠣᠭᠤᠮᠲᠠ ᠶᠢᠨ ︽ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠶᠯᠭᠡᠭᠡᠨ᠂ ᠪᠣᠳᠠᠲᠠᠶᠢᠵᠢᠭᠤᠯᠤᠨ ᠡᠳ᠋ᠰᠢᠭᠦᠯᠬᠦ︾ ᠭᠤᠷᠪᠠᠨ ᠶᠡᠭᠡ ᠴᠢᠳᠠᠮᠵᠢ ᠶᠢ ᠪᠠᠳᠠᠷᠠᠭᠤᠯᠵᠤ᠂ ᠪᠣᠭᠤᠮᠲᠠ᠂ | ᠬᠤᠲᠠ ᠪᠠᠯᠭᠠᠰᠤ᠂ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ︽ᠭᠤᠷᠪᠠ ᠶᠢ ᠨᠢᠭᠡ ᠴᠤᠭᠴᠠᠵᠢᠭᠤᠯᠬᠤ︾ | ᠬᠥᠭᠵᠢᠯᠲᠡ ᠶᠢ ᠠᠬᠢᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ | ᠠᠯᠠᠱᠠ ᠶᠢᠨ ᠨᠡᠪᠲᠡᠷᠡᠬᠦ ᠵᠠᠮ ᠤᠨ ᠰᠢᠨ᠎ᠡ ᠴᠣᠩᠬᠤᠪᠴᠢ᠂ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ | ᠬᠢᠬᠦ ᠬᠥᠭᠦᠷᠭᠡᠨ ᠪᠠᠬᠢᠯᠡᠯᠲᠡ ᠶᠢᠨ ᠴᠢᠬᠤᠯᠠ ᠪᠦᠷᠢᠯᠳᠦᠬᠦᠨ ᠬᠡᠰᠡᠭ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠤᠰ ᠡᠷᠬᠢᠯᠳᠡᠳᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠭᠠᠨ ᠪᠥᠲᠥᠭᠡᠨ ᠪᠠᠶᠢᠭᠤᠯᠤᠨ᠎ᠠ᠃ | | ᠠᠷᠪᠠᠳᠤᠭᠠᠷ ᠪᠦᠯᠦᠭ ᠥᠨᠳᠥᠷ ᠬᠢᠷᠢ ᠬᠡᠮᠵᠢᠶ᠎ᠡ ᠲᠠᠢ ᠥᠭᠡᠷᠡᠴᠢᠯᠡᠯᠲᠡ ᠨᠡᠭᠡᠭᠡᠯᠲᠡ ᠶᠢᠨ ᠲᠤᠬᠠᠢ | ᠨᠢᠭᠡᠳᠦᠭᠡᠷ ᠬᠡᠰᠡᠭ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ | ᠥᠮᠴᠢᠯᠡᠯ ᠤᠨ ᠡᠷᠬᠡ ᠶᠢᠨ ᠲᠦᠷᠢᠮ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠯ᠂ ᠭᠠᠵᠠᠷ ᠰᠢᠷᠣᠢ ᠶᠢᠨ ᠲᠦᠷᠢᠮ᠂ ᠠᠮᠢ ᠠᠬᠤᠢ ᠶᠢᠨ ᠪᠣᠯᠪᠠᠰᠤᠨ᠂ ᠰᠤᠷᠭᠠᠨ ᠬᠥᠮᠦᠵᠢᠯ ᠡᠮ ᠡᠮᠨᠡᠯᠭᠡ | ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠪᠦᠷᠢᠯᠳᠦᠭᠦᠯᠦᠨ᠎ᠡ᠃ | ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠡᠯᠡ ᠮᠥᠩᠭᠦ᠂ ᠮᠡᠷᠭᠡᠵᠢᠯ | ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠠᠤᠯᠢ | ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠨ᠎ᠠ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ | ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ | ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ | ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠠᠴᠠ ᠶᠢ | ᠰᠢᠯᠢᠳᠡᠭᠵᠢᠭᠦᠯᠦᠨ᠂ ᠥᠷᠢᠰᠥᠯᠳᠦᠨ ᠲᠥᠷᠥᠯ ᠵᠦᠢᠯ ᠲᠣᠭᠲᠠᠭᠠᠬᠤ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ | ᠳᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ | ᠪᠠᠶᠢᠭᠤᠯᠤᠯ ᠢ ᠪᠦᠷᠢᠨᠰᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠲᠥᠷᠥᠯ ᠵᠦᠢᠯ᠂ ᠴᠢᠳᠠᠪᠤᠷᠢᠲᠠᠨ᠂ ᠪᠡᠯᠡ | ᠮᠥᠩᠭᠦ ᠶᠢ ᠨᠢᠭᠡ ᠴᠣᠭᠴᠠᠵᠢᠭᠤᠯᠤᠨ ᠲᠣᠬᠢᠷᠠᠭᠤᠯᠬᠤ ᠶᠢ ᠠᠬᠢᠭᠤᠯᠤᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠥᠭᠵᠢᠯᠲᠡ ᠶᠢᠨ ᠴᠢᠭᠯᠡᠯ ᠢ ᠤᠯᠠᠮ ᠲᠣᠳᠣᠷᠬᠠᠶ ᠪᠣᠯᠭᠠᠵᠤ᠂ ︽ᠨᠢᠭᠡ ᠪᠦᠯᠦᠭ ᠢ ᠢᠯᠭᠠᠷᠠᠭᠤᠯᠤᠨ ᠭᠠᠷᠭᠠᠵᠤ᠂ ᠨᠢᠭᠡ | ᠪᠦᠯᠦᠭ ᠢ ᠲᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠵᠦ᠂ ᠨᠢᠭᠡ ᠪᠦᠯᠦᠭ ᠢ ᠪᠠᠬᠢᠵᠢᠭᠦᠯᠦᠨ | ᠪᠤᠵᠠᠭᠠᠶᠢᠷᠠᠭᠤᠯᠬᠤ︾ ᠪᠠᠷ ᠭᠤᠣᠯᠯᠠᠭᠤᠯᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ᠂ ᠤᠯᠤᠰ ᠤᠨ | ᠥᠮᠴᠢᠯᠡᠯ ᠤᠨ ᠬᠦᠷᠦᠩᠭᠡ ᠶᠢ ᠲᠣᠬᠢᠷᠠᠭᠤᠯᠬᠤ ᠪᠠ ᠲᠠᠬᠢᠨ ᠵᠣᠬᠢᠶᠠᠨ ᠪᠠᠶᠢᠭᠤᠯᠬᠤ ᠶᠢ ᠰᠢᠯᠢᠳᠡᠭᠵᠢᠭᠦᠯᠵᠦ᠂ | ᠤᠯᠤᠰ ᠤᠨ ᠥᠮᠴᠢᠯᠡᠯ ᠤᠨ ᠬᠦᠷᠦᠩᠭᠡ ᠶᠢᠨ ᠦᠷᠳᠡᠭ ᠢ ᠪᠠᠲᠤᠯᠠᠵᠤ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ | ᠬᠠᠷᠢᠶᠠᠯᠠᠯ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠠᠮᠠᠭᠠᠯᠠᠯᠲᠠ ᠨᠢ ᠴᠢᠩᠭ᠎ᠠ᠂ ᠡᠷᠭᠢᠯᠲᠡ ᠨᠢ | ᠢᠯᠭᠤᠮ ᠰᠢᠯᠤᠭᠤᠨ ᠣᠳᠣᠬᠢᠴᠢᠯᠠᠭᠰᠠᠨ ᠥᠮᠴᠢᠯᠡᠯ ᠤᠨ ᠡᠷᠬᠡ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠲᠣᠭᠲᠠᠴᠠ ᠶᠢ ᠭᠦᠨᠵᠡᠭᠡᠶ ᠬᠤᠪᠢᠷᠠᠭᠤᠯᠵᠤ᠂ ᠪᠡᠯᠡ ᠣᠷᠣᠭᠤᠯᠤᠯᠲᠠ ᠶᠢᠨ | ᠰᠢᠶᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ ᠪᠥᠭᠡᠳ | ᠶᠠᠪᠤᠭᠳᠠᠭᠤᠰᠢᠲᠠᠶ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠢ ᠲᠣᠭᠲᠠᠭᠠᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠴᠢᠬᠤᠯᠠ ᠶᠡᠭᠡ ᠨᠡᠬᠡᠮᠵᠢᠯᠡᠬᠦ ᠲᠣᠭᠲᠠᠴᠠ᠂ ᠤᠯᠤᠰ ᠤᠨ ᠥᠮᠴᠢᠯᠡᠯ ᠤᠨ ᠡᠳ᠋ | ᠬᠦᠷᠦᠩᠭᠡ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠴᠠᠯᠢᠩ | ᠬᠥᠯᠥᠰᠥ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠬᠥᠮᠦᠨ ᠬᠡᠷᠡᠭᠯᠡᠬᠦ | ᠲᠣᠭᠲᠠᠴᠠ ᠶᠢ ᠬᠡᠷᠡᠭᠵᠢᠭᠦᠯᠦᠨ᠎ᠡ᠃ | ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ᠃ ᠤᠯᠤᠰ ᠤᠨ ᠲᠥᠷᠥ ᠶᠢᠨ | ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠲᠦᠭᠰᠢᠭᠦᠷᠢ ᠶᠢ ᠴᠢᠩᠭ᠎ᠠ ᠬᠢᠵᠠᠭᠠᠷᠯᠠᠨ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠡᠳ᠋ ᠤᠨ | ᠵᠠᠰᠠᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠬᠢᠨ᠎ᠠ ᠡᠳ᠋ ᠤᠨ ᠵᠠᠰᠠᠭ ᠤᠨ | ᠵᠠᠷᠤᠯᠭ᠎ᠠ ᠶᠢ ᠴᠢᠩᠭ᠎ᠠ ᠪᠥᠭᠡᠳ ᠪᠣᠳᠠᠲᠠᠶ ᠪᠠᠷ ᠬᠠᠮᠢᠶᠠᠷᠴᠤ᠂ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ | ᠪᠠ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ ᠲᠤᠰᠬᠠᠶ ᠵᠦᠶᠯ ᠤᠨ ᠪᠠᠯᠠ ᠮᠥᠩᠭᠦ | ᠪᠠ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ | ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠢᠳᠡᠪᠬᠢᠲᠡᠶ ᠪᠠᠷ ᠳᠠᠶᠢᠴᠢᠯᠠᠵᠤ᠂ ᠰᠠᠭᠤᠷᠢ ᠪᠡᠯᠡᠳᠬᠡᠮᠵᠢ᠂ | ᠠᠷᠠᠳ ᠤᠨ ᠠᠮᠢᠳᠤᠷᠠᠯ ᠤᠨ ᠦᠶᠯᠡᠴᠢᠯᠡᠭᠡᠨ᠂ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ | ᠴᠠᠷᠠᠭ᠎ᠠ ᠳᠤ ᠠᠷᠠᠳ ᠤᠨ ᠳᠤᠮᠳᠠᠬᠢ ᠬᠥᠷᠥᠩᠭᠡ ᠶᠢᠨ ᠬᠤᠪᠢ ᠡᠵᠡᠮᠳᠡᠬᠦ ᠪᠤᠶᠤ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠣᠷᠣᠯᠴᠠᠬᠤ ᠶᠢ ᠳᠡᠮᠵᠢᠵᠦ᠂ ᠰᠠᠭᠤᠷᠢ | ᠪᠡᠯᠡᠳᠬᠡᠮᠵᠢ ᠶᠢᠨ ᠥᠯᠥ ᠬᠥᠳᠡᠯᠬᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ | ᠰᠠᠭᠤᠷᠢ ᠮᠥᠩᠭᠦ ᠶᠢᠨ ᠪᠠᠯᠠ ᠲᠣᠬᠢᠷᠠᠭᠤᠯᠭ᠎ᠠ ᠶᠢ ᠰᠦᠪᠡᠭᠴᠢᠯᠡᠨ ᠠᠬᠢᠭᠤᠯᠵᠤ᠂ ᠦᠯᠡᠳᠡᠭᠡᠯ ᠡᠳ᠋ ᠬᠥᠷᠥᠩᠭᠡ ᠶᠢ | ᠠᠮᠢᠳᠤᠯᠢᠭ ᠪᠣᠯᠭᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠶᠢ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ ᠤᠨ | ᠣᠷᠳᠣᠨ ᠢᠶᠠᠷ ᠭᠤᠣᠯᠯᠠᠭᠤᠯᠤᠭᠰᠠᠨ᠂ ᠵᠠᠬ᠎ᠠ ᠳᠡᠯᠭᠡᠭᠦᠷ ᠢᠶᠠᠷ ᠨᠥᠬᠦᠪᠥᠷᠢᠯᠡᠭᠰᠡᠨ᠂ ᠤᠯᠠᠨ ᠡᠰᠢᠴᠢᠯᠡᠭᠰᠡᠨ | ᠬᠠᠩᠭᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠰᠦᠢᠳᠬᠡᠯ ᠲᠤᠰᠢᠶᠠᠪᠠᠯ ᠣᠯᠵᠤ | ᠪᠣᠯᠬᠤ᠂ ᠦᠨ᠎ᠡ ᠬᠠᠩᠰᠢ ᠨᠢ ᠵᠦᠢ ᠵᠣᠬᠢᠰᠲᠠᠶ᠂ ᠴᠢᠨᠠᠷ ᠰᠠᠶᠢᠲᠠᠶ ᠪᠥᠭᠡᠳ ᠠᠮᠤᠷ ᠲᠦᠪᠰᠢᠨ ᠪᠠᠶᠢᠬᠤ ᠤᠯᠠᠨ | ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠠ ᠨᠡᠶᠢᠭᠡᠮ ᠤᠨ ᠬᠥᠷᠥᠩᠭᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ | ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠪᠠᠶᠢᠭᠤᠯᠤᠯᠲᠠ᠂ | ᠵᠢᠭᠤᠯᠴᠢᠯᠠᠯ ᠰᠡᠯᠡᠭᠦᠴᠡᠯ᠂ ᠬᠡᠷ ᠤᠨ ᠶᠠᠪᠤᠳᠠᠯ ᠤᠨ ᠦᠶᠯᠡᠴᠢᠯᠡᠭᠡ ᠵᠡᠷᠭᠡ ᠬᠡᠷᠡᠭᠯᠡᠭᠡᠨ ᠤ ᠬᠠᠯᠠᠮᠰᠢᠯ ᠴᠡᠭ ᠪᠠ | ᠬᠠᠩᠭᠠᠯᠭ᠎ᠠ ᠶᠢᠨ ᠳᠤᠲᠠᠭᠤᠳᠠᠯ ᠤᠨ ᠬᠦᠷᠢᠶᠡᠨ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠦᠨ | ᠵᠢᠯᠣᠭᠤᠳᠤᠨ᠎ᠠ᠃ ᠵᠠᠰᠠᠭ ᠤᠨ ᠣᠷᠳᠣᠨ ᠤ ᠳᠤᠮᠳᠠ ᠵᠢᠵᠢᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ | ᠣᠯᠠᠨ ᠨᠡᠶᠢᠲᠡ ᠶᠢᠨ ᠦᠶᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ | ᠣᠯᠠᠨ ᠨᠡᠶᠢᠲᠡ ᠶᠢᠨ ᠦᠶᠯᠡᠴᠢᠯᠡᠭᠡᠨ ᠤ ᠪᠡᠯᠡᠳᠬᠡᠮᠵᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢᠨ ᠵᠠᠭᠪᠤᠷ ᠢ | ᠰᠦᠪᠡᠭᠴᠢᠯᠡᠨ ᠬᠥᠭᠵᠢᠭᠦᠯᠦᠨ᠎ᠡ᠃ | ᠡᠷᠦᠬᠡ ᠠᠮᠠ ᠶᠢᠨ ᠲᠠᠩᠰᠠ ᠥᠬᠡᠶ ᠪᠠᠶᠢᠩᠭᠤ ᠰᠠᠭᠤᠭ᠎ᠠ ᠬᠥᠮᠦᠨ ᠠᠮᠠ ᠳᠤ ᠬᠠᠨᠳᠤᠭᠤᠯᠤᠭᠰᠠᠨ | ᠦᠶᠯᠡᠴᠢᠯᠡᠭᠡᠨ ᠤ ᠬᠢᠷᠢ ᠬᠡᠮᠵᠢᠶ᠎ᠡ ᠶᠢ ᠰᠠᠶᠢᠵᠢᠷᠠᠭᠤᠯᠤᠨ᠎ᠠ᠃ ᠡᠷᠦᠬᠡ ᠠᠮᠠ ᠶᠢᠨ ᠳᠠᠩᠰᠠᠨ ᠤ ᠳᠦᠷᠢᠮ ᠤᠨ | ᠥᠭᠡᠷᠡᠴᠢᠯᠡᠯᠲᠡ ᠶᠢ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠠᠷᠢᠶᠠᠯᠠᠩ ᠮᠠᠯ ᠠᠵᠤ | ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠲᠠᠢ ᠬᠤᠯᠪᠣᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ᠂ ᠣᠷᠣᠨ ᠪᠦᠰᠡ | ᠠᠯᠤᠰᠯᠠᠭᠰᠠᠨ ᠬᠤᠲᠠ ᠪᠠᠯᠭᠠᠰᠤ ᠠᠯᠤᠰᠯᠠᠭᠰᠠᠨ ᠨᠡᠭᠦᠳᠡᠯ ᠤᠨ ᠬᠥᠮᠦᠨ ᠠᠮᠠ ᠵᠡᠷᠭᠡ ᠭᠤᠤᠯᠳᠠᠯᠭ᠎ᠠ ᠲᠠᠢ ᠬᠥᠮᠦᠰ ᠢ | ᠲᠡᠳᠡᠨ ᠡᠷᠦᠬᠡ ᠠᠮᠠ ᠣᠷᠣᠭᠤᠯᠵᠤ᠂ ᠬᠦᠰᠡᠯ ᠲᠠᠢ᠂ ᠴᠢᠳᠠᠪᠤᠷᠢ ᠲᠠᠢ ᠮᠠᠯᠴᠢᠨ ᠲᠠᠷᠢᠶᠠᠴᠢᠨ ᠤ ᠰᠢᠯᠵᠢᠨ ᠠᠵᠢᠯ | ᠤᠯᠬᠤ ᠶᠢ ᠬᠥᠲᠥᠯᠦᠨ ᠵᠢᠯᠣᠭᠤᠳᠴᠤ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠦᠨ ᠠᠮᠠ ᠳᠤ ᠰᠤᠷᠭᠠᠨ | ᠬᠥᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠶᠢ ᠠᠳᠠᠯᠢ ᠲᠡᠭᠰᠢ ᠪᠣᠯᠭᠠᠭᠰᠠᠨ ᠣᠯᠠᠨ ᠨᠡᠶᠢᠲᠡ ᠶᠢᠨ | ᠦᠨᠳᠦᠰᠦᠨ ᠦᠶᠯᠡᠴᠢᠯᠡᠭᠡ ᠬᠦᠷᠲᠡᠭᠡᠬᠦ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠡᠯᠭᠡᠭᠦᠷ ᠤᠨ | ᠦᠢᠯᠡᠴᠢᠯᠡᠭᠡ︾ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠦᠶᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠠᠷᠠᠳ ᠲᠤ | ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ | ᠰᠠᠯᠠᠭ᠎ᠠ ᠮᠥᠴᠢᠷ ᠤᠳ ᠳᠠᠭᠠᠭᠤᠯᠤᠨ ᠭᠦᠶᠴᠡᠳᠬᠡᠬᠦ᠂ ᠣᠷᠣᠯᠠᠨ ᠭᠦᠶᠴᠡᠳᠬᠡᠬᠦ ᠪᠠᠷ ᠭᠤᠤᠯ ᠪᠣᠯᠭᠠᠭᠰᠠᠨ ᠤᠷᠢᠳᠠᠪᠠᠷ | ᠠᠰᠠᠭᠤᠬᠤ ᠬᠠᠷᠢᠭᠤᠴᠠᠯᠭ᠎ᠠ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠦᠨ᠂ ᠭᠠᠶᠢᠯᠢ ᠬᠥᠩᠭᠡᠯᠡᠵᠦ ᠰᠦᠶᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠴᠢᠩ ᠤᠯᠤᠰ ᠢ | ᠳᠣᠲᠣᠨᠣᠴᠢᠯᠠᠬᠤ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ | ᠵᠠᠰᠠᠭ ᠠᠵᠤ ᠠᠬᠤᠶᠢᠯᠠᠯ ᠤᠨ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ | ᠵᠦᠶᠯ᠂ ᠪᠠᠯᠠ ᠮᠥᠩᠭᠦ᠂ ᠮᠡᠳᠡᠭᠡ ᠵᠠᠩᠭᠢ ᠶᠢᠨ ᠲᠠᠯ᠎ᠠ ᠪᠠᠷ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠡᠯ᠎ᠡ | ᠲᠥᠷᠥᠯ ᠤᠨ ᠠᠵᠤ ᠠᠬᠤᠶᠢᠯᠠᠯ ᠳᠤ ᠲᠥᠪ ᠭᠤᠤᠯᠴᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ | ᠲᠣᠭᠲᠠᠴᠠ ᠶᠢ ᠪᠦᠷᠢᠨᠰᠢᠬᠦᠯᠦᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠢᠨᠲ᠋ᠧᠷ | ᠰᠦᠯᠵᠢᠶ᠎ᠡ +︾ ᠂ ᠲᠤᠮᠤ ᠳ᠋ᠠᠶᠢᠲ᠋ᠠ᠂ ᠣᠷᠣᠨ ᠬᠡᠰᠡᠭ ᠤᠨ ᠬᠡᠯᠬᠢᠶ᠎ᠡ ᠵᠡᠷᠭᠡ ᠣᠳᠣᠬᠢᠴᠢᠯᠠᠭᠰᠠᠨ ᠮᠡᠳᠡᠭᠡ | ᠵᠠᠩᠭᠢ ᠶᠢᠨ ᠮᠡᠷᠭᠡᠵᠢᠯ ᠢ ᠬᠡᠷᠡᠭᠯᠡᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠦᠨᠡᠯᠡᠬᠦ ᠪᠠᠷ | ᠥᠭᠡᠷᠡᠴᠢᠯᠡᠬᠦ ᠶᠢ ᠠᠬᠢᠭᠤᠯᠵᠤ᠂ ᠦᠨᠡᠯᠡᠬᠦ ᠪᠠᠷ ᠰᠢᠯᠢᠳᠡᠭ ᠢ ᠠᠬᠢᠭᠤᠯᠤᠨ᠎ᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠪᠠ ᠵᠢᠷᠤᠮᠵᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠡᠯ᠎ᠡ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ᠂ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠨᠠᠷᠢᠯᠢᠭ ᠣᠨᠣᠴᠠᠲᠠᠶ ᠪᠥᠭᠡᠳ | ᠪᠦᠲᠦᠮᠵᠢᠲᠡᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠭᠠᠶᠢᠯᠢ ᠲᠤᠰᠢᠶᠠᠬᠤ | ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ | ᠵᠠᠩᠭᠢᠯᠠᠭ᠎ᠠ ᠶᠢᠨ ᠲᠠᠯ᠎ᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ | ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ | ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ ᠪᠠ | ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾ ᠶᠢᠨ ᠲᠦᠷᠢᠮ ᠢ ᠬᠡᠷᠡᠭᠵᠢᠭᠦᠯᠦᠨ᠂ ᠢᠲᠡᠭᠡᠮᠵᠢ ᠲᠠᠢ ᠪᠠᠶᠢᠬᠤ ᠶᠢ | ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠦᠷᠢᠨᠰᠢᠬᠦᠯᠵᠦ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ᠎ᠠ᠃ | | ᠬᠤᠶᠠᠳᠤᠭᠠᠷ ᠬᠡᠰᠡᠭ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠬᠠᠢ | | ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ | ᠳᠡᠭᠡᠭᠰᠢᠯᠡᠭᠦᠯᠬᠦ ᠵᠡᠷᠭᠡ ᠴᠢᠬᠤᠯᠠ ᠠᠵᠠ ᠲᠣᠬᠢᠶᠠᠯ ᠢ ᠠᠮᠵᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ︽ | ᠬᠤᠶᠠᠷ ᠵᠦᠶᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ︾ ᠢ ᠭᠦᠶᠴᠡᠳ ᠠᠰᠢᠭᠯᠠᠨ᠂ ᠵᠠᠮ ᠳᠠᠭᠠᠤ ᠶᠢᠨ | ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠳᠠᠨ᠎ᠠ ᠠᠴᠠ ᠮᠣᠩᠭᠤᠯ ᠤᠯᠠᠭᠠᠨᠪᠠᠭᠠᠲᠤᠷ ᠲᠤ ᠬᠥᠷᠬᠦ | ᠣᠯᠠᠨ ᠤᠯᠤᠰ ᠤᠨ ᠲᠣᠮᠣ ᠲᠡᠮᠦᠷ ᠵᠠᠮ᠂ ᠳᠣᠲᠣᠭᠠᠳᠤ ᠳᠠᠭᠠᠨ ᠱᠠᠨᠰᠢ ᠭᠠᠨᠰᠦ ᠨᠢᠩᠰᠢᠶᠠ ᠰᠧᠴᠤᠸᠠᠨ ᠴᠦᠩᠴᠢᠩ᠂ | ᠬᠥᠬᠡᠮᠥ᠋ᠷᠡᠨ ᠤ ᠠᠵᠤ ᠠᠬᠤᠶ ᠶᠢᠨ ᠪᠦᠰᠡ ᠪᠠ ᠪᠠᠷᠠᠭᠤᠨ ᠬᠡᠰᠡᠭ ᠤᠨ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ | ᠵᠠᠮ ᠲᠠᠢ ᠬᠤᠯᠪᠣᠭᠰᠠᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠦᠯᠵᠡᠢ ᠪᠣᠭᠤᠮᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠥᠨᠳᠥᠷ ᠭᠠᠷᠤᠭ᠎ᠠ ᠲᠠᠢ ᠪᠠᠷ | ᠲᠥᠯᠥᠪᠵᠢᠭᠦᠯᠦᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠠᠵᠤ ᠠᠬᠤᠢ ᠶᠢᠨ ᠪᠠᠶᠢᠷᠢᠰᠢᠯ ᠳᠤ | ᠠᠭᠤᠰᠤᠯᠴᠠᠵᠤ᠂ ᠵᠦᠷᠢᠶᠡᠴᠢᠯᠡᠭᠰᠡᠨ ᠬᠥᠭᠵᠢᠯᠲᠡ ᠶᠢ ᠲᠤᠪᠤᠶᠢᠯᠭᠠᠵᠦ᠂ ᠦᠯᠵᠡᠢ ᠪᠣᠭᠤᠮᠲᠠ ᠶᠢ ᠬᠤᠣᠰ ᠡᠷᠬᠢᠯᠳᠡᠳᠦ | ᠪᠠᠶᠢᠯᠳᠤᠬᠤ ᠪᠤᠳᠤᠯᠭ᠎ᠠ ᠶᠢᠨ ᠤᠮᠠᠷᠠᠲᠤ ᠬᠢᠯᠢ ᠶᠢᠨ ᠨᠡᠭᠡᠭᠡᠯᠳᠡ ᠶᠢᠨ ᠵᠠᠩᠭᠢᠯᠠᠭ᠎ᠠ ᠶᠢᠨ ᠴᠡᠭ ᠪᠣᠯᠭᠠᠨ ᠪᠦᠳᠦᠭᠡᠨ | ᠪᠠᠶᠢᠭᠤᠯᠵᠤ᠂ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠤᠨ ᠳᠤᠮᠳᠠᠳᠤ ᠮᠣᠩᠭᠤᠯ ᠤᠷᠤᠰ ᠤᠨ ᠠᠵᠤ | ᠠᠬᠤᠢ ᠶᠢᠨ ᠬᠤᠩᠭᠢᠯ ᠤᠨ ᠨᠡᠭᠡᠭᠡᠯᠳᠡ ᠶᠢᠨ ᠬᠦᠢᠰᠦ ᠶᠢ ᠬᠦᠴᠦᠯᠡᠨ ᠪᠠᠶᠢᠭᠤᠯᠵᠤ᠂ ᠪᠠᠷᠠᠭᠤᠨ ᠬᠤᠶᠢᠲᠤ ᠣᠷᠣᠨ᠂ | ᠤᠮᠠᠷᠠᠲᠤ ᠣᠷᠣᠨ᠂ ᠳᠤᠮᠳᠠᠳᠤ ᠣᠷᠣᠨ ᠤ ᠤᠮᠠᠷᠠᠰᠢ ᠨᠡᠭᠡᠭᠡᠯᠳᠡ ᠶᠢᠨ ᠴᠢᠬᠤᠯᠠ ᠴᠣᠩᠬᠤᠪᠴᠢ ᠶᠢ ᠨᠡᠪᠲᠡᠷᠡᠭᠦᠯᠵᠦ᠂ | ᠱᠠᠨᠰᠢ ᠶᠢ ᠪᠦᠳᠦᠭᠡᠨ ᠪᠠᠶᠢᠭᠤᠯᠤᠨ᠎ᠠ | ᠭᠠᠨᠰᠤ ᠨᠢᠩᠰᠢᠶᠠ ᠥᠪᠥᠷ ᠮᠣᠩᠭᠤᠯ ᠬᠥᠬᠡᠨᠠᠭᠤᠷ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠪᠠ | ᠤᠮᠠᠷᠠᠰᠢ ᠨᠡᠭᠡᠭᠡᠯᠲᠡ ᠬᠢᠬᠦ ᠴᠢᠬᠤᠯᠠ ᠠᠴᠢᠶᠠᠯᠠᠪᠤᠷᠢ ᠪᠠ ᠲᠠᠪᠴᠠᠩ᠂ ᠤᠯᠤᠰ ᠤᠨ ᠴᠢᠬᠤᠯᠠ ᠶᠡᠭᠡ ᠬᠡᠮᠵᠢᠶᠡᠨ ᠤ | ᠲᠠᠸᠠᠷ ᠪᠠ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠭᠠᠳᠠᠭᠠᠳᠤ ᠠᠷᠠᠯᠵᠢᠶᠠᠨ ᠤ ᠰᠠᠭᠤᠷᠢᠨ ᠭᠠᠵᠠᠷ᠂ ᠥᠪᠥᠷ | ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ | ᠨᠥᠭᠡᠴᠡ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠠᠭᠤᠷᠢᠨ ᠭᠠᠵᠠᠷ᠃ | ᠦᠯᠵᠡᠢ ᠬᠢᠯᠢ ᠶᠢᠨ ᠪᠣᠭᠤᠮᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ | ᠠᠷᠠᠯᠵᠢᠶ᠎ᠠ ᠶᠢᠨ ᠲᠣᠭᠤᠷᠢᠭ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠳᠤᠮᠳᠠᠳᠤ | ᠮᠣᠩᠭᠤᠯ ᠤᠨ ᠬᠢᠯᠢ ᠶᠢᠨ ᠠᠷᠠᠳ ᠤᠨ ᠠᠵᠤ ᠠᠬᠤᠶ ᠠᠷᠠᠯᠵᠢᠶ᠎ᠠ᠂ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠎ᠠ᠃ | ᠪᠣᠭᠤᠮᠲᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ᠂ ᠬᠢᠯᠢ ᠳᠠᠭᠠᠤ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠵᠡᠷᠭᠡ ᠲᠥᠷᠥᠯ | ᠵᠦᠶᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ | ᠪᠣᠭᠤᠮᠲᠠ ᠶᠢᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠶᠡᠭᠡ ᠪᠠᠶᠢᠷᠢᠰᠢᠯ ᠢᠶᠠᠷ ᠲᠦᠯᠬᠢᠨ | ᠠᠬᠢᠭᠤᠯᠤᠨ᠎ᠠ᠃ ᠴᠠᠭᠠᠨ ᠳᠡᠯ ᠠᠭᠤᠯᠠ ᠪᠣᠭᠤᠮᠲᠠ ᠶᠢ ᠲᠤᠰᠠᠯᠠᠨ ᠪᠠᠶᠢᠭᠤᠯᠬᠤ ᠲᠥᠷᠥᠯ ᠵᠦᠶᠯ ᠢ ᠲᠦᠷᠭᠡᠳᠬᠡᠨ | ᠠᠬᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠥᠯᠥᠪᠯᠡᠨ᠂ | ᠪᠣᠭᠤᠮᠲᠠ ᠶᠢᠨ ᠬᠠᠮᠲᠤᠷᠠᠯᠴᠠᠭᠠᠨ ᠤ ᠭᠤᠤᠯ ᠬᠦᠷᠢᠶ᠎ᠡ ᠳᠠᠪᠬᠤᠷᠭ᠎ᠠ ᠶᠢ ᠴᠢᠩᠭᠠᠷᠠᠭᠤᠯᠤᠨ᠂ ︽ᠪᠣᠭᠤᠮᠲᠠ + ᠡᠷᠬᠢᠨ | ᠲᠣᠭᠤᠷᠢᠨ ᠤ ᠬᠦᠷᠢᠶᠡᠯᠡᠩ ᠲᠣᠭᠤᠷᠢᠭ︾ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠠᠯᠠᠱᠠ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ᠂ ᠲᠩᠷᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠠᠮᠰᠤᠭᠪᠤᠯᠠᠭ ᠤᠨ | ᠪᠣᠬᠢᠷᠲᠤᠯ ᠥᠬᠡᠶ ᠬᠤᠵᠢᠷ ᠤᠨ ᠦᠶᠯᠡᠰ ᠤᠨ ᠰᠠᠭᠤᠷᠢᠨ ᠭᠠᠵᠠᠷ ᠵᠡᠷᠭᠡ ᠯᠦᠭᠡ ᠨᠢᠭᠲᠠ ᠬᠠᠮᠲᠤᠷᠠᠯᠴᠠᠬᠤ ᠶᠢ | ᠴᠢᠩᠭᠠᠳᠬᠠᠨ᠎ᠠ᠃ ᠬᠢᠯᠢ ᠶᠢᠨ ᠪᠣᠭᠤᠮᠲᠠ ᠬᠢᠭᠡᠳ ᠦᠬᠠᠶ᠂ ᠭᠠᠨᠰᠦ᠂ ᠨᠢᠩᠰᠢᠶᠠ ᠵᠡᠷᠭᠡ ᠡᠷᠬᠢᠨ ᠲᠣᠭᠤᠷᠢᠨ ᠤ | ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ︽ᠬᠢᠯᠢ ᠶᠢᠨ ᠪᠣᠭᠤᠮᠲᠠ + ᠠᠵᠤ | ᠦᠢᠯᠡᠰ ᠤᠨ ᠨᠢᠰᠬᠦ ᠭᠠᠵᠠᠷ︾ ᠤᠨ ᠬᠠᠮᠲᠤᠷᠠᠨ ᠬᠥᠳᠡᠯᠦᠯᠴᠡᠬᠦ ᠵᠠᠭᠪᠤᠷ ᠢ ᠬᠠᠶᠢᠨ ᠰᠦᠪᠡᠭᠴᠢᠯᠡᠵᠦ᠂ ᠡᠷᠬᠢᠨ | ᠲᠣᠭᠤᠷᠢᠨ ᠤ ᠭᠠᠵᠠᠷ ᠣᠷᠣᠨ ᠢ ᠲᠠᠲᠠᠵᠤ ᠪᠠᠶᠢᠭᠠᠳ ᠬᠢᠯᠢ ᠶᠢᠨ ᠪᠣᠭᠤᠮᠲᠠ ᠳᠤ ᠨᠢᠰᠬᠦ ᠭᠠᠵᠠᠷ ᠪᠠᠶᠢᠭᠤᠯᠵᠤ᠂ | ᠨᠡᠭᠡᠭᠡᠯᠳᠡ ᠶᠢᠨ ᠲᠠᠪᠴᠠᠩ ᠪᠠᠶᠢᠭᠤᠯᠵᠤ᠂ ᠬᠠᠮᠵᠢᠯᠴᠠᠨ ᠬᠥᠭᠵᠢᠬᠦ ᠬᠦᠴᠦᠯᠡᠬᠦ ᠴᠡᠭ ᠢ ᠪᠦᠷᠢᠯᠳᠦᠭᠦᠯᠦᠨ᠎ᠡ᠃ | ᠥᠯᠵᠡᠢ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ | ᠥᠯᠵᠡᠢ ᠪᠣᠭᠤᠮᠲᠠ ᠠᠴᠠ ᠪᠠᠶᠠᠨᠬᠤᠲᠠ ᠬᠥᠷᠬᠦ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠠᠬᠢᠭᠤᠯᠵᠤ᠂ ᠥᠯᠵᠡᠢ ᠪᠣᠭᠤᠮᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠠᠬᠢᠭᠤᠯᠤᠨ᠂ ᠥᠯᠵᠡᠢ ᠪᠣᠭᠤᠮᠲᠠ ᠶᠢᠨ ᠨᠢᠰᠬᠡᠯ ᠤᠨ ᠪᠠᠭᠤᠳᠠᠯ᠂ ᠲᠡᠮᠦᠷ | ᠵᠠᠮ᠂ ᠵᠠᠰᠠᠮᠠᠯ ᠵᠠᠮ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠤᠷ ᠰᠦᠯᠵᠢᠶ᠎ᠡ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠪᠣᠭᠤᠮᠲᠠ ᠪᠠᠷ ᠥᠩᠭᠡᠷᠡᠭᠦᠯᠬᠦ ᠢᠵᠢ ᠪᠦᠷᠢᠳᠦᠭᠦᠯᠬᠦ | ᠦᠢᠯᠡᠴᠢᠯᠡᠭᠡ᠂ ᠪᠣᠭᠤᠮᠲᠠ ᠶᠢᠨ ᠲᠡᠭᠡᠭᠡᠪᠦᠷᠢ ᠶᠢᠨ ᠨᠡᠪᠲᠡᠷᠡᠬᠦ ᠵᠠᠮ᠂ ᠬᠥᠮᠥᠷᠭᠡᠯᠡᠨ ᠬᠠᠳᠠᠭᠠᠯᠠᠬᠤ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠲᠦᠯᠬᠢᠨ ᠠᠬᠢᠭᠤᠯᠤᠨ᠎ᠠ᠃ | ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠪᠣᠭᠤᠮᠲᠠ ᠪᠠᠷ ᠥᠩᠭᠡᠷᠡᠬᠦ ᠳᠤ ᠭᠠᠭᠴᠠ ᠴᠣᠩᠬᠤᠪᠴᠢ ᠪᠠᠷ ᠦᠶᠯᠡᠴᠢᠯᠡᠬᠦ ᠶᠢ ᠬᠡᠷᠡᠭᠵᠢᠭᠦᠯᠵᠦ᠂ ᠬᠢᠯᠢ ᠶᠢᠨ | ᠠᠷᠠᠳ ᠤᠨ ᠬᠢᠯᠢ ᠪᠠᠷ ᠣᠷᠣᠵᠤ ᠭᠠᠷᠬᠤ᠂ ᠪᠠᠷᠠᠭᠠᠨ ᠤ ᠠᠷᠠᠯᠵᠢᠶ᠎ᠠ ᠶᠢᠨ ᠲᠡᠭᠡᠭᠡᠪᠦᠷᠢ ᠵᠡᠷᠭᠡ ᠣᠨᠴᠣᠭᠤᠶ ᠳᠥᠭᠦᠮ | ᠳᠥᠲᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠣᠭᠤᠮᠲᠠ ᠶᠢᠨ ᠨᠡᠪᠲᠡᠷᠡᠬᠦ ᠵᠠᠮ ᠤᠨ | ᠴᠢᠳᠠᠮᠵᠢ ᠶᠢ ᠴᠢᠨᠠᠷ ᠰᠠᠶᠢᠲᠠᠶ ᠪᠠᠳᠠᠷᠠᠭᠤᠯᠤᠨ᠎ᠠ᠃ ᠱᠠᠨᠰᠢ᠂ ᠭᠠᠨᠰᠦ᠂ ᠨᠢᠩᠰᠢᠶᠠ᠂ ᠬᠥᠬᠡᠨᠠᠭᠤᠷ ᠵᠡᠷᠭᠡ ᠣᠷᠣᠨ | ᠪᠦᠰᠡ ᠯᠦᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ︽ᠬᠥᠬᠡᠬᠤᠲᠠ ᠪᠤᠭᠤᠲᠤ ᠢᠷᠭᠠᠶ ᠲᠡᠮᠡᠭᠡᠲᠦ ᠶᠢᠨ | ᠠᠵᠤ ᠠᠬᠤᠶ ᠶᠢᠨ ᠣᠷᠣᠨ︾ ᠂ ︽ᠪᠡᠭᠡᠵᠢᠩ ᠲᠢᠶᠠᠨᠵᠢᠨ ᠡᠾᠧᠪᠸᠢ︾ ᠂ ︽ᠬᠥᠬᠡᠮᠥ᠋ᠷᠡᠨ ᠤ ᠠᠵᠤ ᠠᠬᠤᠶ ᠶᠢᠨ | ᠪᠦᠰᠡ︾ ᠂ ︽ᠪᠠᠷᠠᠭᠤᠨ ᠬᠡᠰᠡᠭ ᠤᠨ ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ︾ ᠵᠡᠷᠭᠡ ᠯᠦᠭᠡ | ᠪᠠᠶᠢᠩᠭᠤᠵᠢᠭᠤᠯᠤᠭᠰᠠᠨ ᠴᠥᠷᠬᠡᠯᠡᠭᠡ ᠶᠢ ᠪᠣᠶ ᠪᠣᠯᠭᠠᠵᠤ᠂ ᠥᠯᠵᠡᠢ ᠪᠣᠭᠤᠮᠲᠠ — ᠣᠯᠠᠨᠪᠤᠯᠠᠭ ᠠᠵᠤ | ᠦᠶᠯᠡᠰ ᠤᠨ ᠬᠦᠷᠢᠶᠡᠯᠡᠩ ᠤᠨ ᠠᠵᠤ ᠦᠶᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ | ᠪᠣᠭᠤᠮᠲᠠ ᠶᠢᠨ ᠦᠢᠯᠡᠳᠪᠦᠷᠢᠯᠡᠯ ᠬᠤᠳᠠ ᠶᠢᠨ ᠠᠭᠤᠰᠤᠯᠴᠠᠯ ᠢ ᠥᠨᠳᠥᠷ ᠲᠦᠪᠰᠢᠨ ᠢᠶᠠᠷ ᠠᠬᠢᠭᠤᠯᠤᠨ᠎ᠠ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠳᠤ ᠲᠦᠰᠢᠭᠯᠡᠨ ᠡᠬᠢ ᠪᠠᠶᠠᠯᠢᠭ ᠢ ᠨᠡᠭᠡᠭᠡᠨ | ᠠᠰᠢᠭᠯᠠᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠵᠢᠴᠢ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ | ᠂ ᠠᠷᠠᠯᠵᠢᠶ᠎ᠠ᠂ ᠰᠤᠷᠭᠠᠨ ᠬᠥᠮᠦᠵᠢᠯ᠂ ᠡᠮᠴᠢᠯᠡᠭᠡ᠂ ᠪᠡᠶ᠎ᠡ ᠶᠢᠨ ᠲᠠᠮᠢᠷ᠂ ᠰᠣᠶᠣᠯ ᠤᠨ ᠵᠢᠭᠤᠯᠴᠢᠯᠠᠯ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠢᠵᠢ ᠪᠦᠷᠢᠳᠦᠭᠦᠯᠬᠦ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠣᠳᠣᠬᠢᠴᠢᠯᠠᠭᠰᠠᠨ ᠮᠣᠩᠭᠤᠯ | ᠶᠤᠸᠠᠨ ᠤ ᠣᠨᠴᠠᠯᠢᠭ ᠲᠠᠢ ᠬᠢᠯᠢ ᠶᠢᠨ ᠵᠢᠭᠤᠯᠴᠢᠯᠠᠯ ᠤᠨ ᠣᠷᠣᠨ ᠢ ᠪᠦᠲᠦᠭᠡᠨ ᠪᠠᠶᠢᠭᠤᠯᠵᠤ᠂ ᠦᠢᠯᠡᠳᠪᠦᠷᠢᠯᠡᠯ | ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠭᠤᠶᠣᠵᠢᠭᠤᠯᠤᠨ᠎ᠠ᠃ | ᠪᠣᠭᠤᠮᠲᠠ ᠶᠢᠨ ᠨᠡᠪᠲᠡᠷᠡᠬᠦ ᠵᠠᠮ ᠤᠨ ᠠᠵᠤ ᠠᠬᠤᠢ ᠪᠠ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠬᠡᠪᠡᠷ | ᠬᠥᠭᠵᠢᠭᠦᠯᠵᠦ᠂ ᠡᠯᠧᠺᠲᠷᠣᠨ ᠪᠣᠭᠤᠮᠲᠠ᠂ ᠳᠣᠲᠣᠭᠠᠳᠤ ᠬᠠᠭᠤᠷᠠᠢ ᠶᠢᠨ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 5G᠂ ᠲᠣᠮᠣ ᠳ᠋ᠠᠶᠢᠲ᠋ᠠ ᠵᠡᠷᠭᠡ ᠰᠢᠨ᠎ᠡ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶᠤᠨᠲᠤ ᠪᠣᠭᠤᠮᠲᠠ ᠶᠢ | ᠪᠠᠶᠢᠭᠤᠯᠤᠨ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ᠂ ᠠᠷᠠᠯᠵᠢᠶ᠎ᠠ᠂ ᠦᠢᠯᠡᠴᠢᠯᠡᠭᠡᠨ ᠤ ᠣᠶᠤᠨᠴᠢᠯᠠᠭᠰᠠᠨ | ᠬᠥᠭᠵᠢᠯᠲᠡ ᠶᠢ ᠪᠡᠶᠡᠯᠡᠭᠦᠯᠦᠨ᠎ᠡ᠃ | | ᠭᠤᠷᠪᠠᠳᠤᠭᠠᠷ ᠬᠡᠰᠡᠭ ᠣᠷᠤᠨ ᠪᠦᠰᠡ ᠶᠢᠨ ᠪᠠᠶᠢᠯᠳᠤᠬᠤ ᠪᠣᠳᠤᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ | ᠲᠤᠬᠠᠢ | | ᠪᠡᠭᠡᠵᠢᠩ ᠲᠢᠶᠠᠨᠵᠢᠨ ᠡᠾᠧᠪᠸᠢ ᠯᠤᠭ᠎ᠠ ᠶᠢᠨ ᠬᠠᠮᠵᠢᠯᠴᠠᠭᠰᠠᠨ ᠬᠥᠭᠵᠢᠯᠲᠡ᠂ ᠪᠠᠷᠠᠭᠤᠨ ᠬᠡᠰᠡᠭ ᠤᠨ ᠭᠠᠵᠠᠷ | ᠣᠷᠣᠨ ᠤ ᠬᠠᠭᠤᠷᠠᠶ ᠪᠠ ᠲᠠᠯᠠᠢ ᠶᠢᠨ ᠰᠢᠨ᠎ᠡ ᠵᠠᠮ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠤᠭᠴᠠᠵᠢᠯᠲᠠ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ | ᠣᠷᠣᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠵᠡᠷᠭᠡ ᠤᠯᠤᠰ ᠤᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠨᠢᠭᠲᠠ ᠬᠤᠯᠪᠣᠯᠳᠤᠯ ᠢ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠡᠬᠢ | ᠪᠠᠶᠠᠯᠢᠭ ᠤᠨ ᠬᠠᠷᠢᠯᠴᠠᠨ ᠨᠥᠬᠦᠪᠥᠷᠢᠯᠡᠯᠲᠡ᠂ ᠴᠢᠳᠠᠪᠤᠷᠢᠲᠠᠨ ᠤ ᠰᠣᠯᠢᠯᠴᠠᠭ᠎ᠠ ᠶᠢ ᠲᠦᠯᠬᠢᠨ ᠠᠬᠢᠭᠤᠯᠤᠨ᠎ᠠ᠃ | ᠨᠢᠩᠰᠢᠶᠠ᠂ ᠭᠠᠨᠰᠦ᠂ ᠣᠷᠳᠣᠰ᠂ ᠦᠬᠠᠶ ᠵᠡᠷᠭᠡ ᠡᠷᠬᠢᠨ ᠲᠣᠭᠤᠷᠢᠨ ᠤ ᠣᠷᠣᠨ ᠪᠦᠰᠡ ᠶᠢᠨ ᠨᠣᠭᠤᠭᠠᠨ | ᠡᠨᠧᠷᠭᠢ ᠶᠢᠨ ᠬᠠᠮᠲᠤᠷᠠᠯᠴᠠᠭ᠎ᠠ᠂ ᠠᠵᠤ ᠦᠶᠯᠡᠰ ᠤᠨ ᠬᠠᠮᠵᠢᠯᠴᠠᠨ ᠬᠥᠭᠵᠢᠬᠦ᠂ ᠰᠠᠭᠤᠷᠢ ᠪᠡᠯᠡᠳᠬᠡᠮᠵᠢ ᠶᠢᠨ | ᠬᠠᠷᠢᠯᠴᠠᠨ ᠬᠤᠯᠪᠣᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ᠂ ᠨᠡᠶᠢᠭᠡᠮ ᠤᠨ | ᠵᠠᠰᠠᠯᠲᠠ ᠶᠢ ᠬᠠᠮᠲᠤᠪᠠᠷ ᠵᠠᠰᠠᠬᠤ᠂ ᠨᠡᠶᠢᠭᠡᠮ ᠤᠨ ᠦᠶᠯᠡᠰ ᠢ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ | ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠠᠮ ᠬᠠᠷᠢᠯᠴᠠᠭ᠎ᠠ ᠬᠤᠯᠪᠣᠭᠠᠯᠠᠨ ᠬᠥᠳᠡᠯᠦᠯᠴᠡᠬᠦ᠃ ᠠᠭᠠᠷ ᠤᠨ ᠠᠶᠠᠯᠠᠯ᠂ ᠲᠡᠮᠦᠷ ᠵᠠᠮ᠂ ᠵᠠᠰᠠᠮᠠᠯ ᠵᠠᠮ ᠵᠡᠷᠭᠡ | ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ | ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠢᠷᠭᠠᠢ ᠶᠢᠨ ᠨᠢᠰᠬᠡᠯ ᠤᠨ | ᠪᠠᠭᠤᠳᠠᠯ ᠪᠠ ᠬᠤᠷᠳᠤᠨ ᠤ ᠲᠡᠮᠦᠷ ᠵᠠᠮ ᠤᠨ ᠥᠷᠲᠡᠭᠡ ᠵᠡᠷᠭᠡ ᠭᠤᠤᠯᠳᠠᠯᠭ᠎ᠠ ᠲᠠᠢ ᠵᠠᠩᠭᠢᠯᠠᠭ᠎ᠠ ᠯᠤᠭ᠎ᠠ ᠵᠠᠪᠰᠠᠷ ᠥᠬᠡᠶ | ᠵᠣᠯᠭᠠᠭᠤᠯᠬᠤ ᠶᠢ ᠠᠬᠢᠭᠤᠯᠤᠨ᠂ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠬᠠᠮ ᠬᠡᠯᠪᠡᠷᠢ ᠶᠢᠨ ᠵᠠᠮ | ᠬᠠᠷᠢᠯᠴᠠᠭᠠᠨ ᠤ ᠲᠣᠤᠷ ᠰᠦᠯᠵᠢᠶ᠎ᠡ ᠶᠢ ᠬᠠᠮᠲᠤᠪᠠᠷ ᠪᠠᠶᠢᠭᠤᠯᠵᠤ᠂ ᠴᠢᠨᠠᠷ ᠰᠠᠶᠢᠲᠠᠶ᠂ ︽ᠨᠢᠭᠡ ᠥᠷᠲᠡᠭᠡ ᠮᠠᠶ᠋ᠢᠭ︾ | ᠤᠨ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠦᠨ᠎ᠡ᠃ ᠦᠯᠵᠡᠢ ᠬᠢᠯᠢ ᠶᠢᠨ ᠪᠣᠭᠤᠮᠲᠠ ᠶᠢᠨ ᠪᠦᠳᠦᠬᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠠᠷᠠᠭᠤᠨ ᠯᠢᠶᠠᠨ ᠶᠦᠨ ᠭᠠᠩ ᠠᠴᠠ ᠯᠠᠨᠵᠧᠦ ᠬᠤᠲᠠ᠂ ᠯᠠᠨᠵᠧᠦ | ᠬᠤᠲᠠ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠵᠡᠷᠭᠡ | ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠤᠯᠪᠣᠯᠲᠠ ᠶᠢ ᠴᠢᠩᠭᠠᠳᠬᠠᠵᠤ᠂ ᠠᠵᠢᠯ ᠬᠤᠪᠢᠶᠠᠷᠢᠯᠠᠨ | ᠬᠠᠮᠵᠢᠯᠴᠠᠭᠰᠠᠨ᠂ ᠪᠠᠶᠢᠷᠢᠰᠢᠯ ᠵᠣᠬᠢᠰᠲᠠᠢ ᠣᠷᠣᠨ ᠪᠦᠰᠡ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠰᠢᠰᠲ᠋ᠧᠮ ᠢ ᠪᠦᠷᠢᠯᠳᠦᠭᠦᠯᠦᠨ᠎ᠡ᠃ | ᠵᠠᠬ᠎ᠠ ᠳᠡᠯᠭᠡᠭᠦᠷ ᠤᠨ ᠬᠤᠯᠪᠣᠯᠳᠤᠯ᠃ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠤᠨ | ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠵᠤ᠂ ᠲᠠᠸᠠᠷ᠂ ᠪᠡᠯᠡ ᠮᠥᠩᠭᠦ᠂ ᠴᠢᠳᠠᠪᠤᠷᠢᠲᠠᠨ᠂ ᠡᠬᠢ | ᠪᠠᠶᠠᠯᠢᠭ᠂ ᠮᠡᠳᠡᠭᠡ ᠵᠠᠩᠭᠢ ᠵᠡᠷᠭᠡ ᠡᠯᠧᠮᠧᠨ᠋ᠲ ᠢ ᠬᠠᠮᠲᠤ ᠪᠠᠷ ᠡᠳ᠋ᠯᠡᠵᠦ ᠬᠠᠮᠲᠤ ᠪᠠᠷ ᠨᠡᠪᠲᠡᠷᠡᠬᠦ᠂ ᠢᠯᠭᠤᠮ | ᠰᠢᠯᠤᠭᠤᠨ ᠢᠶᠠᠷ ᠰᠢᠯᠵᠢᠬᠦ ᠶᠢ ᠲᠦᠯᠬᠢᠨ ᠠᠬᠢᠭᠤᠯᠤᠨ᠎ᠠ᠃ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ᠂ | ᠬᠦᠷᠦᠩᠭᠡ ᠶᠢᠨ ᠵᠠᠬ᠎ᠠ ᠳᠡᠯᠭᠡᠭᠦᠷ᠂ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ᠂ ᠮᠡᠷᠭᠡᠵᠢᠯ ᠤᠨ ᠵᠠᠬ᠎ᠠ | ᠳᠡᠯᠭᠡᠭᠦᠷ ᠢ ᠪᠡᠭᠡᠵᠢᠩ᠂ ᠰᠢ ᠠᠨ᠂ ᠢᠷᠭᠠᠶ ᠵᠡᠷᠭᠡ ᠭᠤᠣᠯ ᠬᠤᠳᠠ ᠯᠤᠭ᠎ᠠ ᠬᠤᠯᠪᠣᠯᠳᠤᠭᠤᠯᠬᠤ ᠶᠢ ᠠᠬᠢᠭᠤᠯᠤᠨ᠎ᠠ᠃ | ᠭᠤᠣᠯ ᠪᠣᠯᠬᠤ ᠬᠤᠳᠠ ᠶᠢᠨ ᠤᠯᠠᠨ ᠤᠯᠤᠰ ᠤᠨ ᠦᠵᠡᠭᠦᠯᠦᠯᠭᠡ ᠶᠢᠨ ᠴᠤᠭᠯᠠᠭᠠᠨ᠂ ᠴᠢᠬᠤᠯᠠ ᠶᠡᠭᠡ ᠠᠵᠢᠯᠯᠠᠭ᠎ᠠ | ᠵᠡᠷᠭᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠯᠠᠱᠠ ᠵᠡᠭᠦᠨ ᠬᠤᠰᠢᠭᠤᠨ ᠳᠤ ᠬᠤᠪᠢᠶᠠᠷᠢ ᠬᠤᠷᠠᠯ ᠤᠨ | ᠲᠠᠯᠠᠪᠠᠢ ᠭᠠᠷᠭᠠᠨ᠎ᠠ᠃ | ᠠᠵᠤ ᠦᠶᠯᠡᠰ ᠤᠨ ᠬᠤᠯᠪᠣᠭᠠᠯᠠᠨ ᠬᠥᠳᠡᠯᠦᠯᠴᠡᠨ᠎ᠡ᠃ ᠭᠤᠤᠯᠯᠠᠭᠴᠢ ᠬᠤᠲᠠ ᠯᠤᠭ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠶᠡᠷᠦᠩᠬᠡᠶ ᠬᠡᠯᠲᠡᠰ + ᠰᠤᠳᠤᠯᠤᠨ ᠨᠡᠭᠡᠭᠡᠬᠦ ᠰᠠᠭᠤᠷᠢᠨ | ᠭᠠᠵᠠᠷ + ᠦᠶᠯᠡᠳᠪᠦᠷᠢᠯᠡᠯ ᠤᠨ ᠰᠠᠭᠤᠷᠢᠨ ᠭᠠᠵᠠᠷ + ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ︾ ᠠᠷᠭ᠎ᠠ | ᠮᠠᠶ᠋ᠢᠭ ᠢ ᠰᠦᠪᠡᠭᠴᠢᠯᠡᠵᠦ᠂ ᠴᠢᠨᠠᠷ ᠰᠠᠶᠢᠲᠠᠶ ᠠᠵᠤ ᠠᠬᠤᠶᠢᠯᠠᠯ ᠢ ᠲᠠᠲᠠᠵᠤ ᠠᠯᠠᠱᠠ ᠵᠡᠭᠦᠨ ᠬᠤᠰᠢᠭᠤᠨ ᠳᠤ | ᠨᠠᠶᠢᠳᠠᠪᠤᠷᠢᠵᠢᠭᠤᠯᠤᠨ᠎ᠠ᠃ ᠭᠤᠤᠯ ᠬᠤᠲᠠ ᠶᠢᠨ ᠮᠥᠩᠭᠦᠨ ᠭᠦᠶᠯᠭᠡᠭᠡᠨ ᠬᠤᠳᠠᠯᠳᠤᠭᠠᠨ ᠤ ᠶᠠᠪᠤᠳᠠᠯ᠂ ᠰᠢᠨᠵᠢᠯᠡᠬᠦ | ᠤᠬᠠᠭᠠᠨ ᠮᠡᠷᠭᠡᠵᠢᠯ ᠤᠨ ᠦᠶᠯᠡᠴᠢᠯᠡᠭᠡᠨ᠂ ᠡᠳ᠋ ᠤᠨ ᠵᠠᠰᠠᠭ ᠭᠠᠶᠢᠯᠢ ᠶᠢᠨ ᠬᠠᠤᠯᠢ ᠶᠠᠪᠤᠳᠠᠯ᠂ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠯᠠᠪᠯᠠᠭ᠎ᠠ ᠵᠡᠷᠭᠡ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠠᠵᠤ ᠠᠬᠤᠶᠢᠯᠠᠯ ᠢ ᠠᠯᠠᠱᠠ | ᠵᠡᠭᠦᠨ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠴᠢᠷᠮᠠᠶᠢᠨ᠎ᠠ᠃ ᠬᠠᠲᠤᠨ ᠭᠤᠣᠯ ᠤᠨ ᠣᠷᠣᠨ | ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠴᠢᠨᠠᠷ ᠰᠠᠶᠢᠲᠠᠶ | ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠬᠠᠮᠲᠤ ᠪᠠᠷ ᠪᠠᠶᠢᠭᠤᠯᠤᠨ᠎ᠠ᠃ ᠦᠬᠠᠶ᠂ ᠣᠷᠳᠣᠰ ᠵᠡᠷᠭᠡ | ᠡᠷᠬᠢᠨ ᠲᠣᠭᠤᠷᠢᠨ ᠤ ᠬᠤᠲᠠ ᠯᠤᠭ᠎ᠠ ᠨᠢᠭᠲᠠ ᠬᠠᠮᠲᠤᠷᠠᠯᠴᠠᠵᠤ᠂ ︽ᠴᠡᠴᠡᠷᠯᠢᠭ ᠲᠠᠬᠢ ᠴᠡᠴᠡᠷᠯᠢᠭ︾ ︽ | ᠴᠡᠴᠡᠷᠯᠢᠭ ᠢ ᠬᠠᠮᠲᠤᠪᠠᠷ ᠪᠠᠶᠢᠭᠤᠯᠬᠤ︾ ᠶᠢ ᠪᠠᠶᠢᠭᠤᠯᠵᠤ᠂ ᠬᠠᠮᠲᠤᠪᠠᠷ ᠰᠦᠪᠡᠭᠴᠢᠯᠡᠬᠦ᠂ ᠬᠠᠮᠲᠤᠪᠠᠷ ᠪᠠᠶᠢᠭᠤᠯᠬᠤ᠂ | ᠬᠠᠮᠲᠤᠪᠠᠷ ᠡᠳ᠋ᠯᠡᠬᠦ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠦᠨ᠎ᠡ᠃ | ᠰᠢᠨ᠎ᠡ ᠶᠢ ᠡᠭᠦᠳᠦᠨ ᠬᠤᠯᠪᠣᠭᠠᠯᠠᠨ ᠬᠥᠳᠡᠯᠦᠯᠴᠡᠨ᠎ᠡ᠃ ᠯᠠᠨᠵᠧᠦ ᠶᠡᠭᠡ ᠰᠤᠷᠭᠠᠭᠤᠯᠢ᠂ ᠨᠢᠩᠰᠢᠶᠠ ᠶᠡᠭᠡ | ᠰᠤᠷᠭᠠᠭᠤᠯᠢ᠂ ᠰᠢ ᠠᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠵᠡᠷᠭᠡ ᠶᠢ ᠭᠦᠢᠴᠡᠳ ᠠᠰᠢᠭᠯᠠᠵᠤ᠂ ᠰᠢᠨ᠎ᠡ ᠶᠢ ᠡᠭᠦᠳᠬᠦ ᠡᠯᠧᠮᠧᠨ᠋ᠲ ᠢ ᠲᠣᠬᠢᠷᠠᠭᠤᠯᠬᠤ ᠠᠷᠭ᠎ᠠ ᠮᠠᠶ᠋ᠢᠭ ᠢ | ᠰᠢᠯᠢᠳᠡᠭᠵᠢᠭᠦᠯᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠨᠢᠭᠡ ᠪᠦᠯᠦᠭ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠶᠯᠡᠰ ᠤᠨ ᠬᠥᠭᠵᠢᠯᠲᠡ ᠶᠢᠨ | ᠰᠢᠨ᠎ᠡ ᠶᠢ ᠡᠭᠦᠳᠬᠦ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠤᠶᠠᠨ ᠬᠠᠳᠠᠨ ᠢᠶᠠᠷ | ᠴᠢᠳᠠᠪᠤᠷᠢᠲᠠᠨ ᠣᠷᠣᠭᠤᠯᠬᠤ︾ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠭᠤᠤᠯᠯᠠᠬᠤ ᠬᠤᠲᠠ ᠳᠤ | ᠬᠠᠨᠳᠤᠭᠤᠯᠤᠨ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠶᠯᠡᠳᠪᠦᠷᠢ ᠪᠠ ᠰᠤᠷᠭᠠᠭᠤᠯᠢ | ᠤᠶᠠᠯᠳᠤᠬᠤ ᠪᠠᠷ ᠭᠤᠤᠯᠯᠠᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃ | ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠ ᠠᠵᠢᠯ ᠲᠦᠷᠦᠯ ᠤᠨ | ᠰᠢᠰᠲ᠋ᠧᠮ ᠢᠶᠠᠷ ᠢᠶᠠᠨ ᠲᠤᠰᠠᠯᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ | ᠠᠮᠢ ᠠᠬᠤᠶ ᠶᠢᠨ ᠬᠤᠯᠪᠣᠯᠳᠤᠯ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠦᠬᠠᠶ᠂ | ᠪᠠᠶᠠᠨᠨᠠᠭᠤᠷ᠂ ᠣᠷᠳᠣᠰ ᠵᠡᠷᠭᠡ ᠣᠷᠣᠨ ᠪᠦᠰᠡ ᠲᠠᠢ ᠬᠠᠮᠲᠤᠪᠠᠷ ︽ᠤᠯᠠᠭᠠᠨᠪᠤᠬ᠎ᠠ᠂ ᠠᠯᠠᠱᠠ ᠠᠭᠤᠯᠠ᠂ | ᠣᠷᠳᠣᠰ ᠤᠨ ᠥᠨᠳᠦᠷᠯᠢᠭ ᠤᠨ ᠣᠷᠣᠨ︾ ᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ | ᠢᠨᠵᠧᠨᠧᠷᠢᠩ ᠬᠢᠭᠡᠳ ︽ᠬᠠᠲᠤᠨ ᠭᠤᠤᠯ ᠤᠨ ᠤᠰᠤ ᠶᠢ ᠤᠯᠠᠭᠠᠨᠪᠤᠬ᠎ᠠ ᠶᠢᠨ ᠡᠯᠡᠰᠦᠨ ᠴᠥᠯ ᠢᠶᠠᠷ ᠳᠠᠮᠵᠢᠨ | ᠦᠵᠦᠭᠦᠷ ᠭᠤᠣᠯ ᠳᠤ ᠣᠷᠣᠭᠤᠯᠬᠤ︾ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠰᠢᠰᠲ᠋ᠧᠮᠵᠢ ᠶᠢᠨ | ᠢᠨᠵᠧᠨᠧᠷᠢᠩ ᠢ ᠠᠬᠢᠭᠤᠯᠬᠤ ᠶᠢᠨ ᠬᠠᠮᠲᠤ ᠨᠢᠩᠰᠢᠶᠠ ᠲᠠᠢ ᠬᠠᠮᠲᠤᠪᠠᠷ ᠠᠯᠠᠱᠠ ᠠᠭᠤᠯᠠ ᠶᠢ ᠶᠡᠷᠦᠩᠬᠡᠶᠢᠯᠡᠨ | ᠵᠠᠰᠠᠬᠤ ᠶᠢ ᠠᠬᠢᠭᠤᠯᠵᠤ᠂ ᠬᠠᠲᠤᠨ ᠭᠤᠤᠯ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ | ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ᠂ ᠡᠯᠡᠰᠦ | ᠮᠠᠩᠬ᠎ᠠ ᠶᠢ ᠶᠡᠷᠦᠩᠬᠡᠶᠢᠯᠡᠨ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠶᠢ ᠨᠢᠭᠡᠳᠦᠯᠲᠡᠶ ᠲᠥᠯᠥᠪᠯᠡᠵᠦ᠂ | ᠣᠷᠣᠨ ᠪᠦᠰᠡ ᠶᠢᠨ ᠴᠢᠨᠠᠷ ᠰᠠᠶᠢᠲᠠᠶ ᠬᠠᠮᠵᠢᠯᠴᠠᠭᠰᠠᠨ ᠬᠥᠭᠵᠢᠯᠲᠡ ᠶᠢ ᠠᠬᠢᠭᠤᠯᠤᠨ᠎ᠠ᠃ | ᠠᠷᠪᠠᠨ ᠨᠢᠭᠡᠳᠦᠭᠡᠷ ᠪᠦᠯᠦᠭ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠤᠬᠠᠢ | | ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠤᠯᠤᠰ ᠤᠨ ᠠᠮᠤᠷ | ᠲᠦᠪᠰᠢᠨ ᠢ ᠬᠠᠮᠠᠭᠠᠯᠠᠵᠤ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠨ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠠᠯᠠᠱᠠ ᠵᠡᠭᠦᠨ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠪᠥᠬᠦ ᠶᠠᠪᠤᠴᠠ ᠳᠤ ᠲᠤᠤᠱᠯᠠᠭᠤᠯᠵᠤ᠂ | ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠡᠯ᠎ᠡ ᠵᠦᠶᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ᠨᠢᠭᠡᠳᠦᠭᠡᠷ ᠬᠡᠰᠡᠭ ᠠᠶᠤᠯᠭᠦᠢ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ | ᠠᠶᠤᠯᠭᠦᠶ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠤᠷ ᠲᠦᠪᠰᠢᠨ ᠤ ᠰᠢᠰᠲ᠋ᠧᠮ᠂ ᠲᠦᠷᠦ ᠶᠢᠨ | ᠪᠤᠳᠤᠯᠭ᠎ᠠ ᠶᠢᠨ ᠰᠢᠰᠲ᠋ᠧᠮ᠂ ᠴᠢᠳᠠᠪᠤᠷᠢᠲᠠᠨ ᠤ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠲᠦᠷᠢᠮ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠪᠣᠳᠠᠲᠠᠶ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ᠎ᠠ᠃ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ | ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠤᠨ ᠰᠤᠷᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠵᠤ᠂ ᠰᠦᠯᠵᠢᠶᠡᠨ ᠳᠠᠬᠢ ᠬᠥᠮᠦᠵᠢᠯ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ | ᠳᠣᠲᠣᠭᠠᠳᠤ ᠶᠢ ᠬᠠᠮᠠᠭᠠᠯᠠᠬᠤ ᠡᠩᠨᠡᠭᠡᠨ ᠤ ︽ᠳᠥᠷᠪᠡᠨ ᠣᠳᠣᠬᠢᠴᠢᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ | ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠤᠪᠢᠰᠬᠠᠯᠵᠢᠯᠲᠠ᠂ ᠵᠢᠩᠬᠢᠨᠢᠴᠢᠯᠡᠯᠲᠡ᠂ ᠲᠤᠰᠬᠠᠶᠢᠵᠢᠯᠲᠠ᠂ ᠠᠵᠢᠯ | ᠮᠡᠷᠭᠡᠵᠢᠯᠲᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠢᠶᠠᠷ ᠴᠠᠭᠳᠠᠭ᠎ᠠ ᠶᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠡᠩᠨᠡᠭᠡᠨ ᠤ ᠤᠯᠤᠰ ᠲᠥᠷᠥ ᠶᠢᠨ | ᠡᠭᠡᠯᠵᠢᠯᠡᠯᠲᠡ ᠶᠢ ᠴᠢᠩᠭᠠᠳᠬᠠᠨ᠂ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠰᠤᠷᠭᠠᠯᠲᠠ ᠶᠢ | ᠴᠢᠩᠭᠠᠳᠬᠠᠵᠤ᠂ ᠴᠢᠷᠮᠠᠶᠢᠨ ᠲᠡᠮᠡᠴᠡᠵᠦ ᠴᠢᠳᠠᠮᠠᠭᠠᠶ ᠪᠠᠷ ᠠᠰᠢᠭ ᠭᠥᠷᠳᠡᠵᠦ ᠴᠢᠳᠠᠬᠤ ᠥᠨᠳᠥᠷ ᠬᠡᠪ | ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ | ᠰᠦᠯᠵᠢᠶᠡᠨ ᠤ ᠠᠮᠤᠷ ᠲᠦᠪᠰᠢᠨ ᠢ ᠪᠠᠲᠤᠯᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ | ᠳᠡᠭᠡᠭᠰᠢᠯᠡᠭᠦᠯᠦᠨ᠎ᠡ᠃ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠢᠶᠠᠷ ᠬᠠᠮᠠᠭᠠᠯᠠᠵᠤ᠂ ᠳᠠᠶᠢᠰᠤᠩᠨᠠᠭᠴᠢ ᠬᠦᠴᠦᠨ ᠤ | ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ | ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃ | ︽ᠠᠮᠤᠷ ᠠᠮᠤᠭᠤᠯᠠᠩ ᠠᠯᠠᠱᠠ ᠵᠡᠭᠦᠨ ᠬᠤᠰᠢᠭᠤ︾ ᠶᠢᠨ ᠣᠶᠤᠨᠴᠢ ᠰᠢᠰᠲ᠋ᠧᠮ ᠢ ᠪᠠᠶᠢᠭᠤᠯᠤᠨ᠎ᠠ᠃ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠪᠠᠴᠢᠮ ᠪᠠᠶᠢᠳᠠᠯ ᠢ ᠠᠷᠭᠠᠴᠠᠬᠤ ᠠᠮᠤᠷ | ᠲᠦᠪᠰᠢᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠨᠢᠭᠡᠳᠦᠯᠲᠡᠢ ᠲᠠᠪᠴᠠᠩ ᠢ ᠪᠣᠶ ᠪᠣᠯᠭᠠᠵᠤ᠂ ᠴᠢᠬᠤᠯᠠ | ᠪᠣᠭᠤᠮᠲᠠ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠠᠵᠢᠯ ᠲᠥᠷᠥᠯ ᠤᠨ ᠬᠢᠨᠠᠨ ᠡᠵᠡᠮᠳᠡᠬᠦ ᠶᠢ ᠪᠦᠬᠦᠨ ᠢ | ᠬᠠᠮᠤᠷᠬᠤ ᠶᠢ ᠪᠡᠶᠡᠯᠡᠭᠦᠯᠵᠦ᠂ ᠪᠥᠬᠦ ᠬᠡᠮᠵᠢᠯ ᠤᠨ ᠬᠥᠳᠡᠯᠦᠩᠭᠦᠢ ᠪᠠᠶᠢᠳᠠᠯ ᠢ ᠰᠡᠷᠡᠵᠦ ᠮᠡᠳᠡᠬᠦ ᠣᠶᠤᠨᠴᠢ ᠰᠡᠷᠭᠡᠶᠢᠯᠡᠨ | ᠡᠵᠡᠮᠳᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | | ᠬᠤᠶᠠᠳᠤᠭᠠᠷ ᠬᠡᠰᠡᠭ ᠠᠵᠤ ᠠᠬᠤᠢ ᠶᠢᠨ ᠠᠮᠤᠷ ᠲᠥᠪᠰᠢᠨ ᠢ ᠬᠠᠮᠠᠭᠠᠯᠠᠬᠤ ᠲᠤᠬᠠᠢ | ᠠᠵᠤ ᠠᠬᠤᠶ ᠶᠢᠨ ᠠᠶᠤᠯᠭᠦᠶ ᠶᠢᠨ ᠴᠢᠳᠠᠪᠤᠷᠢ ᠶᠢᠨ ᠪᠠᠶᠢᠭᠤᠯᠤᠯᠲᠠ ᠶᠢ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ | ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠲᠣᠬᠢᠷᠠᠭᠤᠯᠤᠨ ᠡᠵᠡᠮᠳᠡᠬᠦ᠂ | ᠦᠬᠦᠰᠢᠷᠡᠮᠡᠯ ᠠᠵᠤ ᠠᠬᠤᠶᠢᠯᠠᠯ ᠢ ᠰᠢᠶᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠢᠳᠡᠪᠬᠢᠲᠡᠶ ᠯᠠᠪᠳᠠᠭᠤᠨ ᠢᠶᠠᠷ | ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ | ᠰᠠᠬᠢᠨ᠎ᠠ᠃ ᠤᠰᠤᠨ ᠠᠰᠢᠭᠯᠠᠯᠲᠠ᠂ ᠴᠠᠬᠢᠯᠭᠠᠨ ᠬᠦᠴᠦ᠂ ᠲᠤᠰᠤ ᠭᠡᠢ᠂ ᠵᠠᠮ ᠬᠠᠷᠢᠯᠴᠠᠭ᠎ᠠ ᠵᠡᠷᠭᠡ ᠴᠢᠬᠤᠯᠠ | ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠤᠷ ᠲᠦᠪᠰᠢᠨ ᠢᠶᠠᠷ ᠬᠥᠭᠵᠢᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠠᠮᠤ ᠪᠤᠳᠠᠭᠠᠨ ᠤ ᠪᠠᠲᠤᠯᠠᠭ᠎ᠠ ᠶᠢᠨ ᠴᠢᠳᠠᠪᠤᠷᠢ ᠶᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ᠂ ᠨᠥᠭᠡᠴᠡᠯᠡᠯ᠂ ᠭᠦᠢᠯᠭᠡᠭᠡᠨ ᠤ ᠪᠦᠬᠦ ᠶᠠᠪᠤᠴᠠ ᠶᠢᠨ ᠲᠣᠭᠤᠷᠢᠨ ᠳᠤ ᠠᠮᠤ ᠪᠤᠳᠠᠭᠠᠨ ᠤ | ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠲᠦᠷᠭᠡᠨ ᠠᠷᠭᠠᠴᠠᠨ | ᠰᠢᠶᠳᠪᠦᠷᠢᠯᠡᠬᠦ ᠴᠢᠳᠠᠪᠤᠷᠢ ᠶᠢ ᠴᠢᠩᠭᠠᠳᠬᠠᠨ᠎ᠠ᠃ | ᠭᠤᠷᠪᠠᠳᠤᠭᠠᠷ ᠬᠡᠰᠡᠭ ᠠᠷᠠᠳ ᠲᠦᠮᠡᠨ ᠤ ᠠᠮᠢ ᠨᠠᠰᠤᠨ ᠤ ᠠᠮᠤᠷ ᠲᠥᠪᠰᠢᠨ ᠢ ᠪᠠᠲᠤᠯᠠᠬᠤ ᠲᠤᠬᠠᠢ | | ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠷᠢ ︽ᠳᠥᠷᠪᠡᠨ ᠬᠠᠮᠤᠭ ᠤᠨ ᠴᠢᠩᠭ᠎ᠠ︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠢᠨᠲ᠋ᠧᠷ | ᠰᠦᠯᠵᠢᠶᠡᠨ ᠤ ᠲᠣᠭᠠᠴᠢᠯᠠᠭᠰᠠᠨ ᠮᠡᠳᠡᠭᠡ ᠵᠠᠩᠭᠢᠵᠢᠯᠲᠠ ᠶᠢᠨ ᠢᠳᠡᠭᠡᠨ ᠤ ᠵᠦᠢᠯ ᠡᠮ ᠤᠨ ᠵᠦᠢᠯ ᠢ ᠲᠤᠰᠬᠠᠶᠢᠯᠠᠨ | ᠵᠠᠰᠠᠬᠤ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠬᠦ᠂ ᠭᠦᠢᠯᠭᠡᠭᠡᠬᠦ᠂ | ᠪᠣᠷᠣᠯᠠᠭᠤᠯᠬᠤ ᠪᠦᠬᠦ ᠶᠠᠪᠤᠴᠠ ᠶᠢ ᠬᠠᠮᠤᠷᠤᠭᠰᠠᠨ ᠴᠢᠨᠠᠷ ᠴᠢᠨᠰᠠᠭ᠎ᠠ ᠶᠢᠨ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠭᠡᠨ ᠤ ᠵᠦᠢᠯ ᠡᠮ ᠤᠨ ᠵᠦᠢᠯ ᠢ | ᠦᠢᠯᠡᠳᠪᠦᠷᠢᠯᠡᠬᠦ᠂ ᠰᠤᠷᠭᠠᠯᠲᠠ ᠳᠤ ᠬᠠᠮᠤᠷᠤᠭᠤᠯᠬᠤ᠂ ᠪᠣᠷᠣᠯᠠᠭᠤᠯᠬᠤ ᠪᠦᠬᠦ ᠶᠠᠪᠤᠴᠠ ᠶᠢ ᠲᠣᠭᠠᠴᠢᠯᠠᠨ ᠮᠥᠷᠳᠡᠵᠦ | ᠪᠣᠯᠬᠤ ᠶᠢ ᠪᠡᠶᠡᠯᠡᠭᠦᠯᠵᠦ᠂ ᠢᠳᠡᠭᠡᠨ ᠤ ᠵᠦᠢᠯ ᠡᠮ ᠤᠨ ᠵᠦᠢᠯ ᠵᠡᠷᠭᠡ ᠠᠷᠠᠳ ᠲᠦᠮᠡᠨ ᠤ ᠡᠷᠡᠭᠦᠯ ᠮᠡᠨᠳᠦ ᠳᠤ | ᠬᠤᠯᠪᠣᠭᠳᠠᠬᠤ ᠦᠢᠯᠡᠳᠬᠦᠨ ᠪᠠ ᠦᠢᠯᠡᠴᠢᠯᠡᠭᠡᠨ ᠤ ᠠᠶᠤᠯᠭᠦᠶ ᠶᠢᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠰᠢᠶᠳᠪᠦᠷᠢᠯᠡᠨ᠎ᠡ᠃ ᠪᠠᠶᠢᠭᠠᠯᠢ ᠶᠢᠨ ᠭᠠᠶ ᠭᠠᠮᠰᠢᠭ ᠢ | ᠪᠠᠶᠢᠴᠠᠭᠠᠨ ᠦᠨᠡᠯᠡᠬᠦ ᠠᠵᠢᠯ ᠢ ᠭᠦᠨᠵᠡᠭᠡᠶ ᠥᠷᠨᠢᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠤᠢ ᠰᠢᠭᠤᠶ | ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠶ ᠭᠠᠮᠰᠢᠭ ᠢ | ᠰᠡᠷᠭᠡᠶᠢᠯᠡᠬᠦ ᠢᠨᠵᠧᠨᠧᠷᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠰᠢᠯᠭ᠎ᠠ ᠳᠠᠯᠠᠩ ᠪᠠ ᠦᠶᠡᠷ ᠢ ᠲᠣᠭᠲᠠᠭᠠᠨ | ᠬᠤᠷᠠᠭᠤᠯᠬᠤ ᠣᠷᠣᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠠᠯ ᠤᠨ ᠠᠶᠤᠯ ᠢ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠢ | ᠴᠢᠩᠭᠠᠳᠬᠠᠨ᠎ᠠ | ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠴᠠᠭ ᠠᠭᠤᠷ ᠤᠨ ᠭᠠᠶ ᠭᠠᠮᠰᠢᠭ ᠤᠨ | ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠰᠢᠰᠲ᠋ᠧᠮ ᠤᠨ ᠬᠠᠤᠯᠢᠵᠢᠭᠤᠯᠬᠤ᠂ ᠵᠢᠷᠤᠮᠵᠢᠭᠤᠯᠬᠤ ᠪᠠ ᠣᠳᠣᠬᠢᠴᠢᠯᠠᠬᠤ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ | ᠠᠶᠤᠯ ᠲᠦᠭᠰᠢᠭᠦᠷᠢ ᠶᠢᠨ ᠮᠡᠳᠡᠭᠡ ᠵᠠᠩᠭᠢ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠷᠢᠭᠤᠴᠠᠯᠭᠠᠲᠠᠨ ᠤ ᠮᠡᠳᠡᠭᠡ | ᠵᠠᠩᠭᠢ ᠪᠠ ᠰᠠᠭᠤᠷᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠡᠵᠡᠮᠳᠡᠵᠦ | ᠰᠡᠷᠭᠡᠶᠢᠯᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠨᠢᠭᠡᠳᠦᠯᠲᠡᠶ ᠵᠢᠯᠣᠭᠤᠳᠬᠤ᠂ | ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠡᠩ ᠤᠨ ᠦᠶ᠎ᠡ ᠪᠠ | ᠲᠡᠶᠢᠨ ᠤ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ | ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠲᠦᠢᠮᠡᠷ ᠢ ᠤᠨᠲᠠᠷᠠᠭᠠᠬᠤ᠂ ᠭᠠᠮᠰᠢᠭ ᠢ ᠪᠠᠭᠠᠰᠬᠠᠨ ᠭᠠᠮᠰᠢᠭ ᠠᠴᠠ | ᠠᠪᠤᠷᠬᠠᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠵᠢᠯᠣᠭᠤᠳᠣᠯᠭ᠎ᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠤᠯᠪᠣᠭᠠᠯᠠᠨ ᠬᠥᠳᠡᠯᠦᠯᠴᠡᠬᠦ ᠪᠠᠲᠤᠯᠠᠭ᠎ᠠ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ | ᠠᠶᠤᠯᠲᠠᠶ ᠬᠢᠮᠢ ᠶᠢᠨ ᠪᠣᠳᠠᠰ᠂ ᠠᠭᠤᠷᠬᠠᠶ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠭᠠᠯ ᠲᠦᠢᠮᠡᠷ ᠢ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠡᠩᠨᠡᠭᠡ | ᠪᠠ ᠪᠠᠴᠢᠮ ᠪᠠᠶᠢᠳᠠᠯ ᠢ ᠲᠦᠷᠭᠡᠨ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ | ᠬᠥᠮᠥᠷᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠶᠢᠵᠢᠯᠲᠠ ᠪᠠ ᠮᠡᠳᠡᠭᠡ ᠵᠠᠩᠭᠢᠵᠢᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ ᠡᠰᠡᠷᠭᠦᠴᠡᠬᠦ᠂ | ᠭᠠᠮᠰᠢᠭ ᠠᠴᠠ ᠠᠪᠤᠷᠠᠬᠤ᠂ ᠭᠠᠮᠰᠢᠭ ᠢ ᠬᠢᠵᠠᠭᠠᠷᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠳᠥᠷᠪᠡᠳᠦᠭᠡᠷ ᠬᠡᠰᠡᠭ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠥᠪᠰᠢᠨ ᠢ ᠬᠠᠮᠠᠭᠠᠯᠠᠬᠤ ᠲᠤᠬᠠᠢ | ᠵᠥᠷᠢᠴᠡᠯ ᠢ ᠡᠶᠡᠳᠡᠭᠦᠯᠦᠨ ᠰᠢᠶᠳᠪᠦᠷᠢᠯᠡᠬᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ | ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ | ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ | ᠲᠦᠷᠦᠯ ᠤᠨ ᠡᠶᠡᠳᠡᠭᠦᠯᠵᠦ ᠬᠠᠮᠲᠤᠷᠠᠨ ᠪᠠᠶᠢᠭᠤᠯᠬᠤ ᠬᠠᠮᠲᠤᠷᠠᠨ ᠬᠥᠳᠡᠯᠦᠯᠴᠡᠵᠦ ᠬᠠᠮᠲᠤᠷᠠᠨ ᠵᠠᠰᠠᠬᠤ ᠠᠵᠢᠯ ᠤᠨ | ᠰᠢᠰᠲ᠋ᠧᠮ ᠢ ᠪᠦᠷᠢᠨᠰᠢᠬᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ | ᠂ ᠵᠠᠭᠤᠷᠠᠯᠳᠤᠭᠠᠨ ᠢ ᠨᠠᠮᠳᠠᠭᠤᠯᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠨᠡᠶᠢᠭᠡᠮ ᠤᠨ | ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ᠎ᠠ᠃ ᠦᠨᠡᠨ ᠪᠣᠳᠠᠲᠠᠶ ᠪᠤᠰᠤ ᠵᠠᠬᠢᠳᠠᠯ | ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠴᠠᠭᠠᠵᠠ ᠳᠤ ᠬᠤᠯᠪᠣᠭᠳᠠᠭᠰᠠᠨ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠬᠦ ᠠᠵᠢᠯ ᠢ ᠴᠢᠩᠭᠠᠳᠬᠠᠵᠤ᠂ ᠤᠯᠠᠨ ᠲᠦᠮᠡᠨ ᠤ ᠵᠦᠢ ᠶᠣᠰᠣᠨ ᠤ | ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠶᠳᠪᠦᠷᠢᠯᠡᠨ᠎ᠡ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ | ᠃ ᠲᠤᠰᠬᠠᠢ ᠮᠡᠷᠭᠡᠵᠢᠯᠲᠡᠨ ᠪᠠ ᠤᠯᠠᠨ ᠲᠦᠮᠡᠨ ᠢ ᠤᠶᠠᠯᠳᠤᠭᠤᠯᠬᠤ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠬᠦᠴᠦᠷᠬᠡᠭᠯᠡᠯ ᠰᠦᠷᠳᠡᠭᠦᠯᠦᠯ᠂ ᠬᠠᠷ᠎ᠠ ᠪᠦᠯᠦᠭᠲᠡᠨ ᠬᠠᠷᠭᠢᠰ | ᠬᠦᠴᠦᠨ᠂ ᠰᠢᠨ᠎ᠡ ᠮᠠᠶ᠋ᠢᠭ ᠤᠨ ᠰᠦᠯᠵᠢᠶᠡᠨ ᠤ ᠶᠠᠯᠠᠲᠤ ᠠᠵᠢᠯᠯᠠᠭ᠎ᠠ ᠪᠠ ᠤᠯᠤᠰ ᠠᠯᠤᠰᠯᠠᠭᠰᠠᠨ ᠶᠠᠯᠠᠲᠤ | ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠪᠠᠲᠤᠯᠠᠨ᠎ᠠ᠃ | ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠬᠢᠮᠤᠷᠠᠯ ᠢ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠥᠪᠡᠷ ᠢ ᠪᠠᠨ ᠬᠦᠨᠳᠦᠳᠬᠡᠬᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ | ᠪᠠᠶᠢᠬᠤ᠂ ᠢᠳᠡᠪᠬᠢᠲᠡᠶ ᠪᠠᠷ ᠥᠭᠡᠳᠡᠯᠡᠨ ᠲᠠᠪᠰᠢᠬᠤ ᠨᠡᠶᠢᠭᠡᠮ ᠤᠨ ᠰᠡᠳᠬᠢᠴᠡ ᠶᠢᠨ ᠪᠠᠶᠢᠳᠠᠯ ᠢ ᠪᠤᠶᠢᠵᠢᠭᠤᠯᠤᠨ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ | ᠰᠢᠶᠳᠪᠦᠷᠢᠯᠡᠬᠦ ᠪᠠ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠢ ᠴᠤᠬᠤᠶᠢᠵᠤ | ᠪᠠᠶᠢᠭ᠎ᠠ ᠪᠠᠶᠢᠳᠠᠯ ᠳᠤᠨᠢ ᠦᠨᠡᠨ ᠬᠦ ᠰᠢᠶᠳᠪᠦᠷᠢᠯᠡᠵᠦ᠂ ᠦᠨᠳᠦᠰᠦᠨ ᠱᠠᠲᠤᠨ ᠳᠤ ᠰᠢᠶᠳᠪᠦᠷᠢᠯᠡᠨ᠎ᠡ᠃ | ᠨᠢᠭᠡᠳᠦᠮᠡᠯ ᠹᠷᠣᠨᠲ ᠤᠨ ᠠᠵᠢᠯ ᠪᠠ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ᠃ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠰᠢᠶᠠᠩᠭᠠᠩ | ᠣᠣᠮᠧᠨ ᠲᠠᠶᠢᠸᠠᠨ ᠤ ᠠᠬ᠎ᠠ ᠳᠡᠭᠦᠦ ᠨᠡᠷ ᠬᠠᠷᠢᠶᠠᠲᠤ ᠠᠬ᠎ᠠ ᠳᠡᠭᠦᠦ ᠨᠡᠷ᠂ ᠭᠠᠳᠠᠭᠠᠳᠤ ᠳᠤ ᠭᠠᠷᠴᠤ ᠰᠤᠷᠤᠯᠴᠠᠭᠰᠠᠳ | ᠵᠡᠷᠭᠡ ᠡᠯ᠎ᠡ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ | ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠲᠦᠷᠦ ᠶᠢᠨ ᠨᠠᠮ ᠤᠨ ᠬᠠᠷᠢᠴᠠᠭ᠎ᠠ᠂ | ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ | ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠵᠤ᠂ ᠶᠡᠭᠡ | ᠪᠦᠯᠬᠦᠮᠳᠡᠯ ᠶᠡᠭᠡ ᠬᠤᠯᠪᠣᠭᠠᠯᠠᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠤ ᠵᠣᠷᠢᠭ ᠰᠠᠨᠠᠭ᠎ᠠ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ | ᠪᠠ ᠱᠠᠰᠢᠨ ᠰᠢᠲᠦᠯᠭᠡ ᠶᠢ ᠬᠦᠨᠳᠦᠳᠬᠡᠨ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠴᠢᠨᠡᠭᠡᠯᠢᠭᠵᠢᠭᠦᠯᠬᠦ | ᠠᠵᠢᠯᠯᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ ᠪᠠᠷ ᠬᠥᠭᠵᠢᠬᠦ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠤᠯᠤᠰ ᠲᠥᠷᠥ ᠶᠢᠨ | ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠲᠠᠪᠤᠳᠤᠭᠠᠷ ᠬᠡᠰᠡᠭ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠲᠤᠬᠠᠢ | ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ | ᠰᠠᠭᠤᠬᠤ ᠪᠠ ᠬᠠᠤᠯᠢ ᠪᠠᠷ ᠬᠤᠰᠢᠭᠤ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠨ᠂ ᠬᠠᠤᠯᠢ ᠪᠠᠷ | ᠵᠠᠰᠠᠬᠤ ᠠᠯᠠᠱᠠ ᠵᠡᠭᠦᠨ ᠬᠤᠰᠢᠭᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ | ᠲᠣᠭᠲᠠᠭᠠᠬᠤ ᠵᠢᠷᠤᠮ ᠤᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠵᠠᠰᠠᠭ ᠵᠠᠬᠢᠷᠭᠠᠨ ᠤ ᠡᠷᠬᠡ ᠶᠢ | ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠪᠠᠷᠢᠬᠤ | ᠬᠢᠨᠠᠯᠲᠠ᠂ ᠨᠡᠶᠢᠭᠡᠮ ᠤᠨ ᠬᠢᠨᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠬᠡᠷᠡᠭᠵᠢᠭᠦᠯᠵᠦ᠂ ︽ᠳᠣᠯᠣᠭᠠᠨ ᠭᠠᠵᠠᠷ ᠲᠤ ᠬᠠᠤᠯᠢ | ᠴᠠᠭᠠᠵᠠ ᠵᠢᠰᠤᠷᠲᠠᠯᠴᠢᠯᠠᠬᠤ︾ ᠶᠢ ᠭᠦᠨᠵᠡᠭᠡᠶᠢᠷᠡᠭᠦᠯᠦᠨ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠬᠠᠤᠯᠢ | ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠴᠢᠩᠭᠠᠷᠠᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠬᠦᠰᠡᠯ | ᠵᠣᠷᠢᠭ ᠢ ᠢᠯᠡᠷᠡᠭᠦᠯᠦᠭᠰᠡᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠭᠰᠠᠨ᠂ ᠠᠷᠠᠳ ᠲᠦᠮᠡᠨ ᠤ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠭᠰᠡᠨ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠢ | ᠬᠥᠭᠵᠢᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠤ ᠵᠠᠰᠠᠯᠲᠠ ᠬᠢᠭᠡᠳ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ | ᠰᠠᠶᠢᠨ ᠦᠢᠯᠡᠳᠦᠯᠴᠡᠯ ᠢ ᠲᠦᠷᠭᠡᠪᠴᠢᠯᠡᠨ ᠠᠬᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠲᠠᠪᠴᠠᠩ ᠪᠠ ᠠᠴᠢᠶᠠᠯᠠᠪᠤᠷᠢ ᠶᠢ ᠪᠠᠶᠢᠭᠤᠯᠤᠨ᠎ᠠ᠃ ᠨᠠᠮ ᠪᠠ ᠣᠯᠠᠨ ᠲᠦᠮᠡᠨ ᠤ | ᠦᠶᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ᠂ | ᠨᠠᠷᠢᠯᠢᠬᠵᠢᠭᠤᠯᠤᠭᠰᠠᠨ ᠦᠶᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠨᠡᠭᠡᠭᠡᠯᠲᠡ ᠲᠠᠢ ᠬᠠᠮᠲᠤ ᠪᠠᠷ | ᠡᠳ᠋ᠯᠡᠬᠦ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠪᠠᠷ ᠲᠥᠯᠥᠭᠡᠯᠡᠭᠦᠯᠦᠭᠰᠡᠨ ᠤᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠪᠠᠳᠠᠷᠠᠭᠤᠯᠵᠤ᠂ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ | ᠵᠠᠰᠠᠯᠲᠠ ᠳᠤ ᠣᠷᠣᠯᠴᠠᠬᠤ ᠲᠦᠷᠢᠮ ᠢ ᠪᠠᠶᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠲᠦᠯᠬᠢᠨ | ᠠᠬᠢᠭᠤᠯᠤᠨ᠎ᠠ᠃ ᠨᠡᠩ ᠤᠯᠠᠨ ᠡᠬᠢ ᠪᠠᠶᠠᠯᠢᠭ᠂ ᠦᠢᠯᠡᠴᠢᠯᠡᠭᠡ ᠪᠠ ᠬᠠᠮᠢᠶᠠᠷᠤᠯᠲᠠ ᠶᠢ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠳᠤ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠡᠨᠧᠷᠭᠢ ᠣᠯᠭᠤᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠣᠶᠤᠨᠴᠢ ᠲᠠᠪᠴᠠᠩ ᠤᠨ ᠠᠴᠢᠶᠠᠯᠠᠪᠤᠷᠢ ᠶᠢ | ᠢᠳᠡᠪᠬᠢᠲᠡᠶ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠵᠠᠭᠪᠤᠷ ᠢ | ᠬᠠᠶᠢᠨ ᠰᠦᠪᠡᠭᠴᠢᠯᠡᠨ᠎ᠡ᠃ | ᠠᠷᠪᠠᠨ ᠬᠤᠶᠠᠳᠤᠭᠠᠷ ᠪᠦᠯᠦᠭ ᠬᠦᠴᠦᠨ ᠲᠡᠭᠦᠯᠳᠡᠷ ᠪᠠᠲᠤᠯᠠᠭ᠎ᠠ ᠶᠢᠨ ᠠᠷᠭ᠎ᠠ ᠬᠡᠮᠵᠢᠶ᠎ᠡ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ | ᠪᠠᠲᠤᠯᠠᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ ᠲᠦᠷᠦᠯ ᠤᠨ ᠪᠡᠶᠡᠴᠢ ᠴᠣᠭᠴᠠ ᠶᠢᠨ ᠠᠮᠢᠵᠢᠷᠠᠯ ᠤᠨ | ᠬᠦᠴᠦᠨ ᠪᠠ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠵᠡᠭᠦᠯᠬᠦ ᠲᠥᠯᠥᠪᠵᠢᠭᠦᠯᠭᠡ ᠶᠢᠨ ᠶᠡᠷᠦᠩᠬᠡᠶᠢᠯᠡᠨ ᠵᠢᠯᠣᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠬᠡᠷᠡᠭᠲᠡᠶ᠃ | ᠨᠢᠭᠡᠳᠦᠭᠡᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠲᠤᠬᠠᠢ | ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠠᠴᠠ ᠠᠵᠤ | ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠤᠳᠤᠷᠢᠳᠬᠤ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠪᠠᠳᠠᠷᠠᠭᠤᠯᠵᠤ᠂ ᠴᠢᠬᠤᠯᠠ ᠶᠡᠭᠡ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠳᠤᠯᠬᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠬᠤ᠂ ᠠᠵᠤ ᠠᠬᠤᠶ ᠶᠢᠨ ᠪᠠᠶᠢᠳᠠᠯ ᠢ ᠵᠠᠳᠠᠯᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠲᠥᠯᠥᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠨ᠎ᠠ᠃ ᠲᠣᠰ ᠲᠥᠯᠥᠪᠵᠢᠭᠦᠯᠭᠡ ᠪᠠᠷ ᠶᠡᠷᠦᠩᠬᠡᠶᠢᠯᠡᠨ | ᠵᠢᠯᠣᠭᠤᠳᠣᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠲᠤᠰᠬᠠᠶ ᠵᠦᠶᠯ ᠤᠨ | ᠲᠥᠯᠥᠪᠵᠢᠭᠦᠯᠭᠡ᠂ ᠣᠨ ᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠣᠨᠴᠠ | ᠲᠣᠭᠲᠠᠭᠰᠠᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠨ᠂ ᠡᠯ᠎ᠡ ᠲᠥᠷᠥᠯ ᠤᠨ | ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠨᠢ ᠲᠣᠳᠣᠷᠬᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ | ᠨᠢᠭᠡᠳᠦᠯᠲᠡᠶ ᠵᠣᠯᠭᠠᠯᠳᠤᠭᠰᠠᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠲᠥᠷᠥ ᠶᠢᠨ | ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠷᠥᠯ ᠵᠦᠶᠯ ᠢᠶᠠᠷ ᠲᠤᠯᠭᠠᠭᠤᠷᠢᠯᠠᠭᠤᠯᠬᠤ ᠪᠠ ᠪᠠᠯᠠ ᠮᠥᠩᠭᠦ ᠶᠢ | ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠪᠣᠶ ᠪᠣᠯᠤᠭᠰᠠᠨ ᠠᠵᠤ ᠦᠶᠯᠡᠰ᠂ ᠰᠣᠶᠣᠯ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠨᠡᠶᠢᠭᠡᠮ ᠠᠷᠠᠳ ᠤᠨ ᠠᠮᠢᠳᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ | ᠬᠥᠳᠡᠭᠡ ᠶᠢ ᠤᠶᠠᠯᠳᠤᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠬᠠᠨᠳᠤᠭᠤᠯᠵᠤ᠂ | ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠰᠠᠭᠠᠳ ᠥᠬᠡᠶ ᠨᠡᠪᠲᠡᠷᠡᠬᠦ ᠵᠠᠮ︾ ᠢ | ᠨᠡᠭᠡᠭᠡᠵᠦ᠂ ᠭᠠᠵᠠᠷ ᠰᠢᠷᠣᠶ ᠪᠠ ᠪᠠᠯᠠ ᠮᠥᠩᠭᠦ ᠶᠢᠨ ᠪᠠᠲᠤᠯᠠᠭ᠎ᠠ ᠶᠢ ᠤᠷᠢᠳᠠᠪᠠᠷ ᠣᠯᠭᠤᠨ᠎ᠠ᠃ | ᠬᠤᠶᠠᠳᠤᠭᠠᠷ ᠬᠡᠰᠡᠭ ᠬᠢᠨᠠᠯᠲᠠ ᠲᠠᠯᠪᠢᠵᠤ ᠦᠨᠡᠯᠡᠨ ᠵᠢᠱᠢᠬᠦ ᠲᠤᠬᠠᠢ | ᠲᠥᠯᠥᠪᠵᠢᠭᠦᠯᠭᠡ ᠶᠢᠨ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠲᠥᠯᠥᠪᠵᠢᠭᠦᠯᠭᠡ ᠶᠢᠨ ᠭᠦᠶᠴᠡᠳᠬᠡᠯ | ᠲᠤᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠴᠢᠬᠤᠯᠠ ᠶᠡᠭᠡ ᠲᠥᠷᠥᠯ ᠵᠦᠶᠯ ᠳᠤ ᠬᠠᠤᠯᠢ ᠶᠣᠰᠣᠭᠠᠷ | ᠬᠢᠨᠠᠯᠲᠠ ᠲᠠᠯᠪᠢᠬᠤ ᠪᠠ ᠦᠨᠡᠯᠡᠨ ᠵᠢᠱᠢᠯᠲᠡ ᠬᠢᠵᠦ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠦᠷᠢᠮ ᠢ | ᠲᠡᠭᠦᠯᠳᠡᠷᠵᠢᠭᠦᠯᠦᠨ᠂ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠲᠥᠯᠥᠪᠵᠢᠭᠦᠯᠭᠡ ᠳᠤ | ᠵᠠᠰᠠᠪᠤᠷᠢ ᠣᠷᠣᠭᠤᠯᠤᠨ᠎ᠠ᠃ ᠲᠥᠯᠥᠪᠵᠢᠭᠦᠯᠭᠡ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠲᠥᠯᠥᠪᠵᠢᠭᠦᠯᠭᠡ ᠳᠤ ᠲᠣᠭᠲᠠᠭᠠᠭᠰᠠᠨ ᠬᠥᠭᠵᠢᠯᠲᠡ ᠶᠢᠨ | ᠬᠠᠷᠠᠯᠲᠠ᠂ ᠭᠤᠤᠯ ᠡᠭᠦᠷᠭᠡ ᠶᠢ ᠵᠠᠳᠠᠯᠵᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠦᠨᠡᠯᠡᠯᠲᠡ ᠬᠢᠬᠦ ᠶᠢ ᠵᠣᠷᠢᠭᠵᠢᠭᠤᠯᠤᠨ᠎ᠠ᠃ ᠤᠬᠠᠭᠤᠯᠭ᠎ᠠ ᠶᠢ ᠰᠠᠶᠢᠲᠤᠷ ᠬᠢᠵᠦ᠂ | ᠲᠥᠯᠥᠪᠵᠢᠭᠦᠯᠭᠡ ᠶᠢᠨ ᠲᠤᠬᠠᠶ ᠤᠯᠠᠨ ᠨᠡᠶᠢᠲᠡ ᠶᠢᠨ ᠲᠠᠨᠢᠯᠲᠠ ᠶᠢ ᠨᠡᠮᠡᠭᠳᠡᠭᠦᠯᠦᠨ᠎ᠡ᠃ ᠲᠥᠯᠥᠪᠵᠢᠭᠦᠯᠭᠡ ᠶᠢ | ᠦᠨᠡᠯᠡᠨ ᠵᠢᠱᠢᠬᠦ ᠳᠤ ᠤᠯᠠᠨ ᠨᠡᠶᠢᠲᠡ ᠶᠢᠨ ᠦᠨᠡᠯᠡᠬᠦ ᠲᠣᠭᠲᠠᠴᠠ ᠶᠢ ᠣᠷᠣᠭᠤᠯᠤᠨ ᠠᠪᠴᠢᠷᠠᠵᠤ᠂ ᠪᠦᠬᠦ | ᠨᠡᠶᠢᠭᠡᠮ ᠢᠶᠠᠷ ᠢᠶᠠᠨ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠬᠠᠮᠲᠤ ᠪᠠᠷ ᠣᠷᠣᠯᠴᠠᠬᠤ ᠪᠠ ᠳᠡᠮᠵᠢᠬᠦ ᠲᠠᠭᠠᠲᠠᠢ | ᠣᠷᠴᠢᠨ ᠨᠥᠬᠦᠴᠡᠯ ᠢ ᠪᠦᠷᠢᠯᠳᠦᠭᠦᠯᠦᠨ᠎ᠡ᠃ | |