ᠠᠯᠠᠱᠠ ᠵᠡᠭᠦᠨ ᠬᠤᠰᠢᠭᠤ᠄ ︽  ᠨᠠᠮ ᠵᠢᠮ ᠠᠵᠢᠯᠯᠠᠭ᠎ᠠ︾᠎ ᠪᠠᠷ ᠳᠤᠮᠳᠠᠳᠤ ᠳᠡᠭᠡᠳᠦ ᠰᠤᠷᠭᠠᠭᠤᠯᠢ ᠶᠢᠨ ᠰᠣᠷᠣᠭᠴᠢᠳ ᠤᠨ ᠨᠢᠭᠡᠳᠦᠯᠲᠡᠶ ᠡᠯᠰᠡᠯᠳᠠ ᠶᠢᠨ  ᠰᠢᠯᠭᠠᠯᠲᠠ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2024/6/4
      2024 ᠣᠨ ᠳᠤ ᠳᠤᠮᠳᠠᠳᠤ ᠳᠡᠭᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠤᠳᠠᠯ ᠥᠬᠡᠶ ᠬᠦᠷᠴᠦ ᠢᠷᠡᠬᠦ ᠳᠤ᠂ ᠨᠠᠮ ᠵᠢᠮ᠂ ᠲᠠᠭᠠᠯᠠᠮᠵᠢᠲᠠᠶ ᠰᠤᠷᠤᠯᠴᠠᠬᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠥᠷᠭᠡᠨ ᠣᠯᠠᠨ ᠪᠠᠭᠰᠢ ᠰᠤᠷᠤᠭᠴᠢᠳ ᠤᠨ ᠨᠢᠭᠡᠨ ᠰᠡᠳᠬᠢᠯ ᠢᠶᠠᠷ ᠰᠢᠯᠭᠠᠯᠲᠠ ᠳᠤ ᠪᠡᠯᠡᠳᠬᠡᠬᠦ ᠳᠤ ᠬᠦᠴᠦᠨ ᠨᠡᠮᠡᠷᠢᠯᠡᠵᠦ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ ᠬᠤᠲᠠ ᠶᠢᠨ ᠲᠣᠭᠤᠷᠢᠭ ᠲᠤ ᠲᠠᠭᠤ ᠱᠤᠤᠭᠢᠶᠠᠨ ᠤ ᠪᠣᠬᠢᠷᠲᠤᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠦ ᠬᠦᠴᠦᠨ ᠢᠶᠠᠷ ᠢᠶᠠᠨ ᠥᠷᠭᠡᠨ ᠣᠯᠠᠨ ᠰᠤᠷᠤᠭᠴᠢᠳ ᠢ ᠬᠠᠮᠠᠭᠠᠯᠠᠪᠡ᠃       ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠳᠠᠭᠠᠨ ᠭᠦᠨᠵᠡᠭᠡᠶᠢᠷᠡᠨ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠪᠠᠷᠢᠯᠭ᠎ᠠ ᠶᠢᠨ ᠨᠢᠭᠡᠴᠡ ᠵᠡᠷᠭᠡ ᠳᠤ ᠬᠦᠷᠴᠦ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠬᠠᠶ ᠶᠢᠨ ᠲᠠᠯᠠᠪᠤᠷ ᠲᠤ ᠤᠬᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠨᠢᠭᠤᠷᠲᠠᠨ ᠤᠬᠠᠭᠤᠯᠵᠤ ᠰᠠᠶᠢᠲᠤᠷ ᠬᠢᠬᠦ ᠶᠢᠨ ᠬᠠᠮᠲᠤ ᠪᠠᠷᠢᠯᠭ᠎ᠠ ᠶᠢᠨ ᠨᠢᠭᠡᠴᠡ ᠶᠢ ᠪᠠᠷᠢᠯᠭ᠎ᠠ ᠶᠢᠨ ᠴᠠᠭ ᠢᠶᠠᠨ ᠵᠦᠶ ᠵᠣᠬᠢᠰᠲᠠᠶ ᠲᠣᠬᠢᠷᠠᠭᠤᠯᠵᠤ᠂ ᠱᠤᠤᠭᠢᠶᠠᠨ ᠤ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠠᠭᠤ ᠱᠤᠤᠭᠢᠶᠠᠨ ᠢᠶᠠᠷ ᠠᠷᠠᠳ ᠢ ᠦᠢᠮᠡᠭᠦᠯᠬᠦ ᠦᠵᠡᠭᠳᠡᠯ ᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠲᠣᠰ ᠤᠳᠠᠭᠠᠨ ᠤ ᠠᠵᠢᠯᠯᠠᠭ᠎ᠠ ᠶᠢᠨ ᠳᠤᠮᠳᠠ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠤᠳᠠᠯᠳᠤᠭᠠᠴᠢᠳ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠪᠠ᠃ ᠡᠭᠦᠨ ᠤ ᠬᠠᠮᠲᠤ᠂ ᠣᠯᠠᠨ ᠢᠶᠠᠷ ᠢᠶᠠᠨ ᠰᠢᠯᠭᠠᠯᠲᠠ ᠶᠢᠨ ᠣᠷᠴᠢᠨ ᠎ ᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠬᠤ ᠶᠢ ᠢᠳᠡᠪᠬᠢᠲᠡᠶ ᠤᠷᠢᠶᠠᠯᠠᠵᠤ᠂ ︽ᠪᠣᠯᠪᠠᠰᠣᠨ ᠢᠶᠠᠷ ᠰᠢᠯᠭᠠᠯᠲᠠ ᠶᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠰᠢᠯᠭᠠᠭᠤᠯᠤᠭᠴᠢ ᠲᠤ  ᠨᠠᠮ ᠵᠢᠮ ᠣᠷᠴᠢᠨ ᠲᠣᠭᠤᠷᠢᠨ ᠢ ᠪᠦᠷᠢᠯᠳᠦᠭᠦᠯᠬᠦ ᠶᠢ ᠤᠷᠢᠶᠠᠯᠠᠪᠠ᠃       ︽ ᠨᠠᠮ ᠵᠢᠮ ᠠᠵᠢᠯᠯᠠᠭ᠎ᠠ︾᠎ ᠶᠢᠨ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠰᠤᠷᠭᠠᠭᠤᠯᠢ ᠶᠢᠨ ᠡᠷᠬᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ ᠲᠤ ᠲᠠᠭᠤ ᠱᠤᠤᠭᠢᠶᠠᠨ ᠢ ᠪᠠᠭᠤᠷᠠᠭᠤᠯᠬᠤ ᠮᠡᠳᠡᠯᠭᠡ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠡᠷᠦᠬᠡ ᠳᠠᠷᠠᠭᠠᠯᠠᠨ ᠤᠬᠠᠭᠤᠯᠵᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠨᠡᠭᠦᠳᠡᠯ ᠳᠡᠯᠭᠡᠭᠦᠷᠴᠢᠨ᠂ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢᠨ ᠪᠠᠶᠢᠳᠠᠯ ᠢ ᠴᠢᠩᠭ᠎ᠠ ᠬᠢᠵᠠᠭᠠᠷᠯᠠᠨ᠂ ᠲᠣᠮᠣ ᠬᠡᠯᠪᠡᠷᠢ ᠶᠢᠨ ᠬᠤᠳᠠᠯᠳᠤᠭᠠᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭᠠᠨ ᠤ ᠫᠦᠰᠡ ᠶᠢ ᠰᠢᠮᠳᠠᠭᠤᠯᠵᠤ ᠪᠠᠶᠢᠭᠠᠳ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾᠎ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠭᠡᠭᠦᠯᠵᠦ᠂ ᠡᠯᠧᠺᠲᠷᠣᠨ ᠳᠡᠯᠭᠡᠴᠡ᠂ ︽ᠪᠢᠴᠢᠬᠠᠨ ᠯᠠᠪᠠᠷ︾ ᠠᠶᠠᠨᠴᠢᠳ ᠢ ᠲᠠᠲᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠡᠮᠬᠢ ᠳᠢᠭᠯᠢᠮ ᠢ ᠪᠥᠬᠦ ᠲᠠᠯ᠎ᠠ ᠪᠠᠷ ᠬᠠᠮᠠᠭᠠᠯᠠᠪᠠ᠃                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号