ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ
ᠨᠡᠶᠢᠲᠡᠯᠡᠭᠰᠡᠨ ᠴᠠᠭ᠄
2024/6/4
  ᠸᠠᠩ ᠪᠢᠩ ᠯᠢᠨ ᠸᠠᠩ ᠹᠦ᠋ ᠵᠢᠶᠦ᠋ᠨ      ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠬᠢᠵᠦ᠂ ︽ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ︾  ᠶᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠷᠢᠮᠲᠠᠯᠠᠬᠤ ᠴᠢᠬᠤᠯᠠ ᠶᠡᠭᠡ ᠵᠠᠷᠴᠢᠮ ᠪᠤᠯᠭᠠᠬᠤ ᠶᠢ ᠲᠣᠳᠣᠷᠬᠠᠶᠢᠯᠠᠨ ᠥᠭᠦᠯᠡᠵᠦ᠂ ︽ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ︾  ᠭᠡᠵᠦ ᠴᠢᠬᠤᠯᠠᠴᠢᠯᠠᠪᠠ᠃ ᠪᠦᠭᠦ ᠨᠠᠮ ᠢᠶᠠᠷ ᠢᠶᠠᠨ ᠡᠷᠬᠡᠪᠰᠢ ︽ᠬᠤᠶᠠᠷ ᠢ ᠲᠣᠬᠲᠠᠭᠠᠬᠰᠠ︾  ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾  ᠢ ᠴᠢᠩᠭᠠᠳᠬᠠᠨ ︽ᠳᠥᠷᠪᠡᠨ ᠢᠲᠡᠭᠡᠯ︾   ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠡᠦᠬᠡ ᠶᠢᠨ ᠰᠢᠨ᠎ᠡ ᠡᠭᠢᠯᠡᠯᠲᠡ ᠶᠢᠨ ᠴᠡᠭ ᠠᠴᠠ᠂ ᠪᠢᠳᠡ ᠡᠷᠬᠡᠪᠰᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠪᠣᠯ ᠴᠢᠭᠯᠡᠯ᠂ ᠵᠣᠭᠰᠣᠯᠲᠠ᠂ ᠵᠠᠷᠴᠢᠮ ᠲᠠᠢ ᠪᠠᠶᠢᠳᠠᠭ᠂ ᠶᠠᠮᠠᠷ ᠥᠭᠡᠷᠡᠴᠢᠯᠡᠯᠲᠡ ᠬᠢᠭᠰᠡᠨ ᠴᠦ᠂ ᠶᠠᠭᠠᠬᠢᠵᠤ ᠥᠭᠡᠷᠡᠴᠢᠯᠡᠯᠲᠡ ᠬᠢᠭᠰᠡᠨ ᠴᠦ᠂ ᠴᠥᠮ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠂ ᠢᠩᠭᠢᠪᠡᠯ ᠰᠠᠶ᠋ᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠭᠤᠤ ᠶᠡᠭᠡ ᠦᠷᠭᠦᠯᠵᠢᠯᠡᠯ ᠢ ᠰᠠᠶᠢᠲᠤᠷ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠡᠷᠡᠯ ᠰᠠᠴᠤᠷᠠᠩᠭᠤᠢ ᠢᠷᠡᠭᠡᠳᠦᠢ ᠶᠢ ᠴᠣᠭᠴᠠᠯᠠᠵᠤ ᠴᠢᠳᠠᠨ᠎ᠠ᠃                        ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ            ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠳᠤ᠂ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠪᠠᠷᠢᠮᠲᠠᠯᠠᠬᠤ ᠬᠡᠷᠡᠭᠲᠡᠢ᠃ ᠨᠠᠮ ᠤᠨ ᠡᠷᠬᠡ ᠰᠦᠷ ᠢ ᠬᠠᠮᠠᠭᠠᠯᠠᠬᠤ ᠳᠤ᠂ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠲᠥᠯᠦᠪᠵᠢᠭᠦᠯᠭᠡ᠂ ᠰᠢᠨ᠎ᠡ ᠶᠢ ᠡᠭᠦᠳᠬᠦ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃            ᠶᠡᠷᠦᠩᠬᠡᠢ ᠱᠦᠵᠢ ᠰᠢ ᠶᠢᠨ ᠫᠢᠩ᠄  ︽ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ᠂ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠪᠠᠷᠢᠮᠲᠠᠯᠠᠬᠤ ᠬᠡᠷᠡᠭᠲᠡᠢ᠂ ᠡᠨᠡ ᠪᠣᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠳᠡᠭᠡᠳᠦ ᠵᠠᠷᠴᠢᠮ ᠪᠣᠯᠣᠨ᠎ᠠ᠂ ᠶᠠᠮᠠᠷᠪᠠ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠬᠠᠭᠤᠮᠠᠭᠠᠢ ᠪᠠᠶᠢᠵᠤ᠂ ᠭᠤᠶᠢᠪᠢᠯᠵᠠᠵᠤ ᠪᠤᠯᠬᠤ ᠦᠭᠡᠢ︾  ᠭᠡᠵᠦ ᠵᠢᠭᠠᠵᠤ ᠭᠠᠷᠭᠠᠪᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠬᠤᠪᠢᠰᠬᠠᠯ ᠬᠢᠬᠦ ᠶᠠᠪᠤᠴᠠ ᠪᠣᠯᠣᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠳᠦᠯᠭᠡ ᠳᠤᠮᠳᠠ ᠬᠤᠷᠠᠮᠳᠤᠭᠤᠯᠤᠭᠰᠠᠨ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠠᠰᠤᠷᠠᠯᠳᠡ ᠦᠭᠡᠢ ᠲᠡᠮᠡᠴᠡᠨ ᠣᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠭᠡ ᠲᠠᠯ᠎ᠠ ᠳᠤ ᠬᠤᠯᠪᠣᠭᠳᠠᠵᠤ᠂ ᠨᠠᠮ᠂ ᠦᠨᠳᠦᠰᠦᠲᠡᠨ᠂ ᠤᠯᠤᠰ ᠤᠨ ᠢᠷᠡᠭᠡᠳᠦᠢ ᠪᠣᠯᠣᠨ ᠬᠤᠪᠢ ᠵᠠᠶᠠᠭ᠎ᠠ ᠳᠤ ᠬᠤᠯᠪᠣᠭᠳᠠᠨ᠎ᠠ᠃ ᠲᠡᠦᠬᠡ ᠠᠴᠠ ᠦᠵᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠠᠭᠤᠤ ᠶᠡᠭᠡ ᠦᠷ᠎ᠡ ᠪᠦᠳᠦᠮᠵᠢ ᠣᠯᠣᠭᠰᠠᠨ ᠤ ᠦᠨᠳᠦᠰᠦᠨ ᠰᠢᠯᠲᠠᠭᠠᠨ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠶᠠᠯᠠᠯ ᠢ ᠵᠠᠮᠴᠢᠯᠠᠵᠤ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢ ᠪᠠᠷᠢᠮᠲᠠᠯᠠᠭᠰᠠᠨ ᠳᠤ ᠣᠷᠣᠰᠢᠨ᠎ᠠ᠃ ᠶᠡᠷᠦᠩᠬᠡᠢ ᠱᠦᠵᠢ ᠰᠢ ᠶᠢᠨ ᠫᠢᠩ᠄  ︽ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠪᠦᠯᠬᠦᠮᠳᠡᠯ ᠪᠠ ᠲᠥᠪᠯᠡᠷᠡᠯ ᠨᠢᠭᠡᠳᠦᠯ ᠢ ᠪᠠᠲᠤᠯᠠᠬᠤ ᠪᠣᠯ ᠨᠠᠮ ᠤᠨ ᠠᠮᠢ ᠨᠠᠰᠤ ᠮᠥᠨ᠂ ᠮᠥᠨ ᠴᠤ ᠮᠠᠨ ᠤ ᠨᠠᠮ ᠤᠨ ᠵᠠᠭᠤᠨ ᠵᠢᠯ ᠤᠨ ᠲᠣᠮᠣ ᠨᠠᠮ ᠪᠣᠯᠤᠭᠰᠠᠨ᠂ ᠡᠷᠡᠨ ᠵᠠᠭᠤᠨ ᠤ ᠠᠭᠤᠤ ᠦᠢᠯᠡᠰ ᠢ ᠡᠭᠦᠳᠦᠨ ᠪᠦᠲᠦᠭᠡᠭᠰᠡᠨ ᠤ ᠵᠠᠩᠭᠢᠯᠠᠭ᠎ᠠ ᠮᠥᠨ︾  ᠭᠡᠵᠦ ᠵᠢᠭᠠᠵᠤ ᠭᠠᠷᠭᠠᠪᠠ᠂ ᠭᠠᠭᠴᠠ ᠬᠦ ᠨᠠᠮ ᠤᠨ ᠲᠥᠪ ᠬᠤᠷᠢᠶᠠᠨ ᠤ ᠡᠷᠬᠡ ᠰᠦᠷ ᠪᠠ ᠨᠠᠮ ᠤᠨ ᠡᠷᠬᠡ ᠰᠦᠷᠲᠦ ᠤᠳᠤᠷᠢᠳᠤᠯᠭ᠎ᠠ ᠶᠢ ᠦᠨᠡᠨ ᠬᠦ ᠰᠠᠶᠢᠲᠤᠷ ᠬᠠᠮᠠᠭᠠᠯᠠᠪᠠᠯ ᠰᠠᠶ᠋ᠢ ᠪᠦᠭᠦ ᠨᠠᠮ ᠤᠨ 9918.5 ᠲᠦᠮᠡᠨ ᠨᠠᠮ ᠤᠨ ᠭᠡᠰᠢᠭᠦᠨ ᠪᠠ 517.6 ᠲᠦᠮᠡᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠨᠢᠭᠲᠠᠷᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠵᠦ᠂ ᠪᠠᠲᠤ ᠪᠠᠬᠢ ᠲᠡᠮᠦᠷ ᠬᠡᠷᠡᠮ ᠮᠡᠲᠦ᠂ ᠢᠯᠠᠭᠳᠠᠰᠢ ᠦᠭᠡᠢ ᠬᠦᠴᠦᠨ ᠢ ᠪᠦᠷᠢᠯᠳᠦᠭᠦᠯᠵᠦ᠂ ᠦᠨᠡᠨ ᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠵᠥᠪ ᠵᠠᠮ ᠢᠶᠠᠷ ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ᠂ ᠮᠠᠰᠢ ᠤᠯᠠᠨ ᠲᠡᠦᠬᠡ ᠶᠢᠨ ᠣᠨᠴᠠᠯᠢᠭ ᠲᠠᠢ ᠠᠭᠤᠤ ᠶᠡᠭᠡ ᠲᠡᠮᠡᠴᠡᠯ ᠤᠨ ᠢᠯᠠᠯᠲᠠ ᠶᠢ ᠣᠯᠵᠤ ᠴᠢᠳᠠᠬᠤ ᠪᠣᠯᠣᠨ᠎ᠠ᠃            ᠴᠢᠭᠯᠡᠯ ᠨᠢ ᠵᠠᠮ ᠢ ᠲᠣᠭᠲᠠᠭᠠᠵᠤ᠂ ᠵᠠᠮ ᠨᠢ ᠬᠤᠪᠢ ᠵᠠᠶᠠᠭ᠎ᠠ ᠶᠢ ᠲᠣᠭᠲᠠᠭᠠᠨ᠎ᠠ᠃ ᠠᠯᠢ ᠣᠯᠠᠨ ᠰᠢᠨ᠎ᠡ ᠠᠰᠠᠭᠤᠳᠠᠯ ᠰᠢᠨ᠎ᠡ ᠥᠷᠢᠰᠦᠯᠳᠦᠭᠡᠨ ᠤ ᠡᠮᠦᠨ᠎ᠡ᠂ ᠡᠷᠬᠡᠪᠰᠢ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠬᠤᠶᠠᠷ ᠢ ᠲᠣᠭᠲᠠᠭᠠᠭᠰᠠᠨ︾  ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠴᠢᠩᠭ᠎ᠠ ᠦᠵᠡᠯ ᠰᠠᠨᠠᠭ᠎ᠠ ᠪᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠠᠨᠠᠯ︾ ᠳᠤ ︽ᠬᠤᠶᠠᠷ ᠢ ᠬᠠᠮᠠᠭᠠᠯᠠᠭᠰᠠᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠪᠤᠶᠢᠯᠭᠠᠨ ᠴᠢᠬᠤᠯᠠᠴᠢᠯᠠᠵᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ ᠭᠡᠵᠦ ᠳᠤᠷᠠᠳᠴᠠᠢ᠃ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠣᠨ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾  ᠳᠤ ︽ᠬᠤᠶᠠᠷ ᠢ ᠲᠣᠭᠲᠠᠭᠠᠭᠰᠠᠨ︾  ᠤ ᠲᠡᠦᠬᠡᠲᠦ ᠴᠢᠨᠠᠷᠲᠠᠢ ᠠᠴᠢ ᠬᠤᠯᠪᠣᠭᠳᠠᠯ ᠢ ᠭᠦᠢᠴᠡᠳ ᠨᠤᠲᠠᠯᠠᠪᠠ᠃ ︽ᠬᠤᠶᠠᠷ ᠢ ᠲᠣᠭᠲᠠᠭᠠᠭᠰᠠᠨ︾  ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠬᠦ ᠪᠣᠯ ᠮᠠᠨ ᠤ ᠨᠠᠮ ᠤᠨ ᠲᠡᠦᠬᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠤᠨᠤᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠤᠭᠰᠠᠨ ᠡᠷᠬᠢᠮ ᠨᠠᠨᠳᠢᠨ ᠦᠷ᠎ᠡ ᠪᠦᠲᠦᠭᠡᠯ ᠪᠣᠯᠣᠨ᠎ᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠪᠣᠳᠠᠲᠠᠢ ᠪᠠᠶᠢᠳᠠᠭ ᠠᠴᠠ ᠪᠢᠰᠢ ᠬᠡᠶᠢᠰᠪᠦᠷᠢ ᠪᠢᠰᠢ ᠶᠤᠮ᠂ ᠨᠠᠮ ᠤᠨ ᠲᠥᠪ ᠬᠤᠷᠢᠶᠠᠨ ᠤ ᠡᠷᠬᠡ ᠰᠦᠷ ᠢ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠭᠤᠣᠯᠯᠠᠭᠴᠢ ᠡᠷᠬᠡ ᠰᠦᠷ ᠢ ᠬᠠᠮᠠᠭᠠᠯᠠᠬᠤ ᠪᠣᠯᠣᠨ ᠲᠥᠪ ᠤᠨ ᠡᠷᠬᠡ ᠰᠦᠷ ᠢ ᠬᠠᠮᠠᠭᠠᠯᠠᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠭᠤᠣᠯᠯᠠᠭᠴᠢ ᠡᠷᠬᠡ ᠰᠦᠷ ᠢ ᠲᠥᠪ ᠤᠨ ᠡᠷᠬᠡ ᠰᠦᠷ ᠲᠤ ᠲᠤᠭᠤᠰᠢᠯᠠᠭᠤᠯᠵᠤ᠂ ᠲᠥᠪ ᠤᠨ ᠡᠷᠬᠡ ᠰᠦᠷ ᠢ ᠭᠤᠣᠯᠯᠠᠭᠴᠢ ᠡᠷᠬᠡ ᠰᠦᠷ ᠲᠤ ᠢᠯᠡᠷᠡᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠠᠤᠭ᠎ᠠ ᠬᠦᠴᠦᠨ ᠢ ᠨᠢᠭᠲᠠᠷᠠᠭᠤᠯᠬᠤ ᠶᠠᠪᠤᠳᠠᠯ ᠪᠣᠯᠣᠨ᠎ᠠ ᠭᠡᠳᠡᠭ ᠢ ᠪᠦᠭᠦ ᠨᠠᠮ ᠢᠶᠠᠷ ᠢᠶᠠᠨ ᠡᠷᠬᠡᠪᠰᠢ ᠲᠣᠳᠣᠷᠬᠠᠢ ᠲᠠᠨᠢᠬᠤ ᠬᠡᠷᠡᠭᠲᠡᠢ᠃                        ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠵᠤ ᠨᠠᠮ ᠤᠨ ᠤᠳᠤᠷᠢᠳᠬᠤ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ            ᠳᠦᠷᠢᠮ ᠲᠣᠭᠲᠠᠭᠤᠨ ᠪᠣᠯ ᠤᠯᠤᠰ ᠣᠷᠣᠨ ᠲᠣᠭᠲᠠᠭᠤᠨ᠂ ᠳᠦᠷᠢᠮ ᠬᠦᠴᠦᠷᠬᠡᠭ ᠪᠣᠯ ᠤᠯᠤᠰ ᠣᠷᠣᠨ ᠬᠦᠴᠦᠷᠬᠡᠭ᠃ ᠳᠦᠷᠢᠮ ᠪᠣᠯ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠴᠢᠨᠠᠷ᠂ ᠪᠦᠭᠦ ᠲᠠᠯ᠎ᠠ ᠶᠢᠨ ᠴᠢᠨᠠᠷ᠂ ᠲᠣᠭᠲᠠᠪᠤᠷᠢᠲᠤ ᠴᠢᠨᠠᠷ᠂ ᠤᠷᠳᠤ ᠬᠤᠭᠤᠴᠠᠭᠠᠲᠤ ᠴᠢᠨᠠᠷ ᠲᠠᠢ ᠠᠰᠠᠭᠤᠳᠠᠯ ᠪᠣᠯᠣᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠳᠤ ᠳᠦᠷᠢᠮ ᠳᠤ ᠲᠦᠰᠢᠭᠯᠡᠬᠦ ᠶᠤᠮ᠂ ᠭᠠᠭᠴᠠ ᠬᠦ ᠴᠢᠩᠭ᠎ᠠ ᠬᠦᠴᠦᠲᠡᠢ ᠳᠦᠷᠢᠮ ᠤᠨ ᠪᠠᠲᠤᠯᠠᠭ᠎ᠠ ᠪᠠᠷ ᠳᠠᠮᠵᠢᠪᠠᠯ ᠰᠠᠶ᠋ᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢᠨ ᠦᠨᠳᠦᠰᠦ ᠪᠠᠲᠤᠵᠢᠵᠤ᠂ ᠴᠠᠭ ᠢᠮᠠᠭᠲᠠ ᠰᠦᠷ ᠵᠢᠪᠬᠤᠭ᠎ᠠ ᠲᠠᠢ᠂ ᠭᠠᠵᠠᠷ ᠪᠣᠯᠭᠠᠨ ᠳᠤ ᠪᠦᠲᠦᠮᠵᠢᠲᠡᠢ ᠪᠠᠶᠢᠬᠤ ᠶᠢ ᠪᠠᠲᠤᠯᠠᠵᠤ ᠴᠢᠳᠠᠨ᠎ᠠ᠃            ᠠᠬᠤᠶᠢᠴᠢ ᠴᠢᠨᠠᠷ ᠠᠴᠠ ᠠᠪᠴᠤ ᠦᠵᠡᠪᠡᠯ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢᠨ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢᠨ ᠵᠠᠩᠭᠢᠯᠠᠭ᠎ᠠ ᠪᠣᠯᠣᠨ᠎ᠠ᠂ ᠪᠦᠭᠦ ᠨᠠᠮ ᠢ ᠦᠵᠡᠯ ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠢ᠂ ᠤᠯᠤᠰ ᠲᠦᠷᠦ ᠶᠢᠨ ᠲᠠᠯ᠎ᠠ ᠪᠠᠷ ᠨᠡᠩ ᠪᠦᠯᠬᠦᠮᠳᠡᠯ ᠲᠠᠢ᠂ ᠠᠵᠢᠯᠯᠠᠭ᠎ᠠ ᠶᠢᠨ ᠲᠠᠯ᠎ᠠ ᠪᠠᠷ ᠨᠡᠩ ᠵᠢᠭᠳᠡ ᠪᠤᠯᠭᠠᠵᠤ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠤᠳᠤᠷᠢᠳᠬᠤ ᠳᠦᠷᠢᠮ ᠤᠨ ᠲᠣᠭᠲᠠᠯᠴᠠᠭ᠎ᠠ ᠶᠢᠨ ᠳᠠᠪᠠᠭᠤᠯᠢᠭ ᠢ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠠᠬᠢᠭᠤᠯᠵᠤ ᠴᠢᠳᠠᠨ᠎ᠠ᠃ ᠪᠣᠳᠠᠲᠠᠢ ᠪᠠᠷ ᠬᠡᠯᠡᠪᠡᠯ ᠂ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠦᠷᠢᠮ ᠢ ᠪᠠᠶᠢᠭᠤᠯᠬᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠡᠯ᠎ᠡ ᠵᠦᠢᠯ ᠤᠨ ᠳᠦᠷᠢᠮ ᠢ ᠲᠡᠭᠦᠯᠳᠡᠷᠵᠢᠭᠦᠯᠬᠦ᠂ ᠨᠠᠮ ᠤᠨ ᠪᠦᠭᠦ ᠲᠠᠯ᠎ᠠ ᠶᠢᠨ ᠤᠳᠤᠷᠢᠳᠬᠤ ᠳᠦᠷᠢᠮ ᠢ ᠪᠦᠷᠢᠨᠰᠢᠭᠦᠯᠬᠦ᠂ ᠠᠷᠠᠳ ᠲᠦᠮᠡᠨ ᠤ ᠲᠥᠯᠥᠭᠡ ᠲᠥᠷᠥ ᠪᠠᠷᠢᠬᠤ᠂ ᠠᠷᠠᠳ ᠲᠦᠮᠡᠨ ᠳᠤ ᠲᠦᠰᠢᠭᠯᠡᠨ ᠲᠥᠷᠥ ᠪᠠᠷᠢᠬᠤ ᠡᠯ᠎ᠡ ᠵᠦᠢᠯ ᠤᠨ ᠳᠦᠷᠢᠮ ᠢ ᠪᠦᠷᠢᠨᠰᠢᠭᠦᠯᠬᠦ᠂ ᠨᠠᠮ ᠤᠨ ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠳᠡᠭᠡᠭᠰᠢᠯᠡᠭᠦᠯᠭᠦ ᠳᠦᠷᠢᠮ ᠢ ᠪᠦᠷᠢᠨᠰᠢᠭᠦᠯᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠦᠷᠢᠮ ᠢ ᠲᠡᠭᠦᠯᠳᠡᠷᠵᠢᠭᠦᠯᠬᠦ ᠵᠡᠷᠭᠡ ᠶᠢ ᠪᠠᠭᠲᠠᠭᠠᠭᠰᠠᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢᠨ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠨᠡ ᠵᠢᠷᠭᠤᠭᠠᠨ ᠶᠡᠭᠡ ᠳᠦᠷᠢᠮ ᠬᠤᠪᠢᠰᠤᠩᠭᠤᠢ ᠨᠢᠭᠡᠳᠦᠯ ᠲᠠᠢ ᠪᠠᠶᠢᠵᠤ ᠂ ᠲᠤᠰ ᠲᠤᠰ ᠤᠨ ᠡᠭᠦᠷᠭᠡ ᠪᠠ ᠲᠣᠳᠣᠷᠬᠠᠢ ᠱᠠᠭᠠᠷᠳᠠᠯᠭ᠎ᠠ ᠲᠠᠢ ᠪᠠᠶᠢᠬᠤ ᠮᠥᠷᠲᠡᠭᠡᠨ ᠪᠠᠰᠠ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠦᠢᠯᠡᠳᠦᠯᠴᠡᠵᠦ᠂ ᠬᠠᠮᠲᠤ ᠶᠢᠨ ᠬᠠᠷᠠᠯᠲᠠ ᠴᠢᠭᠯᠡᠯ ᠲᠠᠢ ᠪᠠᠶᠢᠵᠤ᠂ ᠰᠢᠰᠲ᠋ᠧᠮ ᠲᠠᠢ ᠪᠥᠭᠡᠳ ᠪᠦᠷᠢᠨ ᠪᠦᠲᠦᠨ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠣᠷᠭᠠᠨᠢᠭ ᠪᠦᠬᠦᠯᠢ ᠴᠣᠭᠴᠠ ᠶᠢ ᠪᠦᠷᠢᠯᠳᠦᠭᠦᠯᠦᠭᠰᠡᠨ ᠪᠠᠶᠢᠨ᠎ᠠ᠃ ᠰᠢᠨ᠎ᠡ ᠠᠶᠠᠨ ᠳᠤ᠂ ᠨᠠᠮ ᠤᠨ ᠤᠳᠤᠷᠢᠳᠬᠤ ᠳᠦᠷᠢᠮ ᠤᠨ ᠲᠣᠭᠲᠠᠯᠴᠠᠭ᠎ᠠ ᠶᠢᠨ ᠬᠠᠷᠠᠯᠲᠠ ᠪᠠ ᠱᠠᠭᠠᠷᠳᠠᠯᠭ᠎ᠠ ᠪᠠᠷ ᠭᠤᠣᠯᠳᠠᠭᠤᠯᠵᠤ᠂ ᠡᠯ᠎ᠡ ᠲᠠᠯ᠎ᠠ ᠶᠢᠨ ᠳᠦᠷᠢᠮ ᠢ ᠪᠠᠷᠢᠮᠲᠠᠯᠠᠨ ᠪᠠᠬᠢᠵᠢᠭᠦᠯᠬᠦ᠂ ᠲᠡᠭᠦᠯᠳᠡᠷᠵᠢᠭᠦᠯᠬᠦ ᠪᠠ ᠬᠥᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠨᠠᠮ ᠤᠨ ᠤᠳᠤᠷᠢᠳᠬᠤ ᠳᠦᠷᠢᠮ ᠤᠨ ᠲᠣᠭᠲᠠᠯᠴᠠᠭ᠎ᠠ ᠶᠢ ᠵᠣᠯᠭᠠᠭᠤᠯᠬᠤ ᠪᠠ ᠰᠢᠰᠲ᠋ᠧᠮ ᠲᠠᠢ ᠬᠤᠷᠠᠮᠳᠤᠭᠤᠯᠬᠤ ᠶᠢ ᠴᠢᠩᠭᠠᠳᠬᠠᠵᠤ᠂ ᠨᠠᠮ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠳᠠᠪᠲᠠᠨ ᠪᠤᠯᠪᠠᠰᠤᠷᠠᠭᠤᠯᠵᠤ᠂ ᠨᠠᠮ ᠤᠨ ᠤᠳᠤᠷᠢᠳᠬᠤ ᠲᠦᠪᠰᠢᠨ ᠪᠠ ᠲᠦᠷᠦ ᠪᠠᠷᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠠᠶᠠᠨ ᠯᠠᠪᠳᠠᠭᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃                        ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ            ᠰᠦᠷ ᠳᠠᠯᠠᠶᠢᠴᠠᠲᠠᠢ ᠠᠶᠠᠨ ᠪᠤᠯᠬᠤ ᠲᠤᠳᠤᠮ᠂ ᠠᠶᠠᠯᠠᠯ ᠤᠨ ᠳᠠᠭᠠᠭᠤᠯᠤᠭᠴᠢ ᠬᠦᠴᠦᠨ ᠤᠯᠠᠮ ᠱᠠᠭᠠᠷᠳᠠᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠨᠠᠮ ᠤᠨ ᠳᠣᠲᠣᠭᠠᠳᠤ ᠳᠤ ᠪᠠ ᠨᠡᠶᠢᠭᠡᠮ ᠤᠨ ᠣᠷᠣᠰᠢᠵᠤ ᠪᠠᠶᠢᠭ᠎ᠠ ᠲᠣᠪᠣᠶᠢᠮ᠎ᠠ ᠵᠥᠷᠢᠴᠡᠯ ᠪᠣᠯᠣᠨ ᠪᠣᠳᠠᠲᠠᠢ ᠠᠰᠠᠭᠤᠳᠠᠯ ᠳᠤ ᠰᠢᠭᠤᠳ ᠬᠠᠨᠳᠤᠵᠤ᠂ ᠬᠢᠲᠤᠭᠠᠨ ᠢᠷ ᠢ ᠳᠣᠲᠣᠭᠰᠢ ᠬᠠᠨᠳᠤᠭᠤᠯᠵᠤ᠂ ᠬᠤᠣᠷ ᠢ ᠨᠢ ᠦᠨᠳᠦᠰᠦ ᠠᠴᠠ ᠨᠢ ᠠᠷᠢᠯᠭᠠᠵᠤ᠂ ᠢᠲᠡ ᠲᠠᠢ ᠡᠮ ᠬᠡᠷᠡᠭᠯᠡᠵᠦ᠂ ᠴᠢᠩᠭ᠎ᠠ ᠬᠠᠤᠯᠢ  ᠪᠠᠷ ᠨᠡᠶᠢᠭᠡᠮ ᠢ ᠵᠦᠭᠰᠢᠷᠡᠭᠦᠯᠬᠦ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠷ ᠳᠠᠮᠵᠢᠭᠤᠯᠵᠤ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠲᠠᠰᠤᠷᠠᠯᠳᠡ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠠᠷᠠᠳ ᠤᠯᠠᠨ ᠢ ᠳᠠᠭᠠᠭᠤᠯᠤᠨ ᠠᠵᠤ ᠠᠬᠤᠢ ᠲᠦᠷᠭᠡᠨ ᠬᠥᠭᠵᠢᠬᠦ ᠪᠣᠯᠣᠨ ᠨᠡᠶᠢᠭᠡᠮ ᠤᠷᠳᠤ ᠬᠤᠭᠤᠴᠠᠭ᠎ᠠ ᠲᠣᠭᠲᠠᠭᠤᠨ ᠪᠠᠶᠢᠬᠤ ︽ᠬᠤᠶᠠᠷ ᠶᠡᠭᠡ ᠭᠠᠶᠢᠬᠠᠮᠰᠢᠭ︾  ᠢ ᠡᠭᠦᠳᠴᠡᠢ᠃ ᠣᠳᠣᠬᠠᠨ ᠤ ᠳᠡᠯᠡᠬᠡᠢ ᠶᠢᠷᠲᠢᠨᠴᠦ ᠶᠢ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠰᠢᠭ᠋᠂ ᠡᠶᠢᠮᠦ ᠣᠬᠤᠷᠬᠠᠨ ᠬᠤᠭᠤᠴᠠᠭᠠᠨ ᠳᠤ ᠨᠤᠲᠤᠭ ᠳᠡᠪᠢᠰᠬᠡᠷ ᠥᠷᠭᠡᠨ ᠠᠭᠤᠳᠠᠮ᠂ ᠬᠥᠮᠥᠨ ᠠᠮᠠ ᠤᠯᠠᠨ᠂ ᠤᠯᠤᠰ ᠤᠨ ᠪᠠᠶᠢᠳᠠᠯ ᠨᠠᠷᠢᠨ ᠪᠤᠳᠤᠯᠢᠶᠠᠨᠲᠠᠢ ᠤᠯᠤᠰ ᠤᠳ ᠤᠨ ᠳᠣᠲᠣᠷ᠎ᠠ᠂ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠠᠬᠢᠭᠤᠯᠤᠭᠰᠠᠨ ᠲᠦᠷᠦ ᠶᠢᠨ ᠨᠠᠮ ᠭᠡᠵᠦ ᠪᠠᠶᠢᠬᠤ ᠦᠭᠡᠢ ᠶᠤᠮ᠃ ᠡᠨᠡ ᠨᠢ ᠨᠠᠮ ᠤᠨ ᠤᠳᠤᠷᠢᠳᠤᠯᠭ᠎ᠠ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ ᠭᠡᠳᠡᠭ ᠢ ᠭᠦᠢᠴᠡᠳ ᠭᠡᠷᠡᠴᠢᠯᠡᠪᠡ᠃            ᠶᠡᠷᠦᠩᠬᠡᠢ ᠱᠦᠵᠢ ᠰᠢ ᠶᠢᠨ ᠫᠢᠩ᠄  ︽ᠥᠭᠡᠷᠡᠴᠢᠯᠡᠯᠲᠡ ᠨᠡᠭᠡᠭᠡᠯᠲᠡ ᠶᠢᠨ ᠡᠭᠦᠷᠭᠡ ᠬᠡᠳᠦᠢ ᠬᠦᠨᠳᠦ ᠪᠤᠯᠬᠤ ᠳᠤᠳᠤᠮ᠂ ᠨᠠᠮ ᠤᠨ ᠤᠳᠤᠷᠢᠳᠤᠯᠭ᠎ᠠ ᠶᠢ ᠲᠡᠳᠦᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠲᠡᠳᠦᠢ ᠪᠠᠲᠤᠯᠠᠬᠤ ᠬᠡᠷᠡᠭᠲᠡᠢ︾  ᠭᠡᠵᠦ ᠵᠢᠭᠠᠵᠤ ᠭᠠᠷᠭᠠᠪᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠪᠣᠯᠣᠨ᠎ᠠ︾  ᠭᠡᠵᠦ ᠲᠣᠳᠣᠷᠬᠠᠢ ᠵᠢᠭᠠᠵᠤ ᠭᠠᠷᠭᠠᠪᠠ᠃            ᠦᠢᠯᠡᠳᠦᠯᠭᠡ ᠶᠢᠨ ᠳᠤᠮᠳᠠ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠬᠦ ᠳᠤ᠂ ᠨᠢᠭᠡ ᠳᠤ᠂ ᠥᠭᠡᠷᠡᠴᠢᠯᠡᠯᠲᠡ ᠶᠢᠨ ᠦᠢᠯᠡᠰ ᠲᠠᠬᠢ ᠨᠠᠮ ᠤᠨ ᠤᠳᠤᠷᠢᠳᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠭᠯᠡᠯ ᠢ ᠡᠵᠡᠮᠳᠡᠵᠦ᠂ ᠲᠣᠮᠣ ᠶᠠᠪᠤᠳᠠᠯ ᠢ ᠠᠳᠬᠤᠨ᠂ ᠠᠷᠭ᠎ᠠ ᠭᠠᠷᠭᠠᠨ᠂ ᠺᠠᠳ᠋ᠷ ᠢ ᠬᠠᠮᠢᠶᠠᠷᠴᠤ᠂ ᠶᠡᠷᠦᠩᠬᠡᠶᠢᠯᠡᠨ ᠡᠵᠡᠮᠳᠡᠬᠦ ᠠᠴᠠ ᠪᠢᠰᠢ ᠬᠠᠮᠤᠷᠤᠨ ᠡᠵᠡᠮᠳᠡᠬᠦ ᠦᠭᠡᠢ᠂ ᠵᠣᠬᠢᠴᠠᠭᠤᠯᠬᠤ ᠠᠴᠠ ᠪᠢᠰᠢ ᠣᠷᠣᠯᠠᠬᠤ ᠦᠭᠡᠢ ᠪᠠᠶᠢᠵᠤ᠂ ᠪᠦᠭᠦ ᠲᠠᠯ᠎ᠠ ᠶᠢᠨ ᠠᠵᠢᠯ ᠢ ᠪᠦᠭᠦ ᠲᠠᠯ᠎ᠠ ᠪᠠᠷ ᠪᠣᠳᠣᠯᠬᠢᠯᠠᠵᠤ᠂ ᠪᠦᠬᠦᠯᠢ ᠴᠣᠭᠴᠠ ᠪᠠᠷ ᠨᠢ ᠲᠥᠯᠥᠪᠵᠢᠭᠦᠯᠬᠦ ᠰᠠᠭᠤᠷᠢᠨ ᠳᠡᠭᠡᠷ᠎ᠡ ᠵᠣᠬᠢᠴᠠᠩᠭᠤᠢ ᠥᠨᠳᠥᠷ ᠪᠦᠲᠦᠮᠵᠢᠲᠡᠢ ᠠᠵᠢᠯ ᠤᠨ ᠲᠣᠭᠲᠠᠴᠠ ᠶᠢ ᠪᠤᠢ ᠪᠤᠯᠭᠠᠬᠤ ᠬᠡᠷᠡᠭᠲᠡᠢ᠃ ᠬᠤᠶᠠᠷ ᠲᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠬᠤ ᠪᠠ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ ᠂ ᠴᠠᠭ ᠤᠨ ᠬᠦᠰᠦᠨᠦᠭᠲᠦ᠂ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠰᠲ᠋ᠧᠮ ᠤᠨ ᠦᠵᠡᠯᠲᠡ ᠪᠠᠷ ᠥᠭᠡᠷᠡᠴᠢᠯᠡᠯᠲᠡ ᠶᠢᠨ ᠪᠦᠭᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠥᠨᠳᠥᠷ ᠳᠡᠭᠡᠷ᠎ᠡ ᠠᠴᠠ ᠪᠣᠳᠣᠯᠬᠢᠯᠠᠨ᠂ ᠨᠠᠷᠢᠨ ᠵᠦᠢᠯ ᠠᠴᠠ ᠭᠠᠷᠳᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠡᠨ ᠠᠴᠠ ᠵᠥᠪ ᠢ ᠡᠷᠢᠬᠦ ᠣᠪᠣᠷ ᠢᠶᠠᠷ ᠲᠥᠯᠥᠪᠯᠡᠭᠡ ᠲᠣᠭᠲᠠᠭᠠᠬᠤ ᠬᠡᠷᠡᠭᠲᠡᠢ᠃ ᠭᠤᠷᠪᠠ ᠳᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠵᠣᠬᠢᠰᠲᠠᠢ ᠲᠣᠭᠲᠠᠭᠠᠵᠤ᠂ ᠰᠠᠯᠠᠭ᠎ᠠ ᠮᠥᠴᠢᠷ ᠤᠨ ᠵᠥᠷᠢᠯᠳᠦᠭᠡᠨ ᠢ ᠨᠠᠮᠳᠠᠭᠤᠯᠵᠤ᠂ ᠵᠦᠢᠯ ᠵᠤᠷᠪᠤᠰ ᠤᠨ ᠲᠦᠭᠵᠢᠷᠡᠯ ᠢ ᠠᠷᠢᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠣᠯᠣᠨ ︽ᠨᠢᠭᠡ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠡᠷᠡᠰ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠡᠮᠦᠷ ᠢ ᠠᠳᠬᠤᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠰᠥᠰᠥ ᠵᠣᠷᠢᠭ ᠢᠶᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠡᠯ᠎ᠡ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠭᠤᠣᠯ ᠴᠣᠭᠴᠠ ᠪᠣᠯᠣᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠭᠤᠯᠭ᠎ᠠ ᠳᠤ ᠣᠷᠣᠭᠤᠯᠵᠤ ᠶᠠᠩᠵᠤ ᠶᠢ  ᠨᠢ ᠭᠠᠷᠭᠠᠬᠤ᠂ ᠰᠣᠩᠭᠤᠯᠲᠠ ᠬᠢᠬᠦ᠂ ᠬᠤᠪᠢᠷᠠᠭᠤᠯᠤᠨ ᠥᠭᠡᠷᠡᠲᠦᠭᠦᠯᠬᠦ᠂ ᠬᠡᠢ ᠬᠤᠭᠤᠰᠤᠨ ᠣᠪᠣᠷ ᠢᠶᠠᠨ ᠢᠯᠡᠳᠬᠡᠬᠦ ᠂ ᠠᠯᠪᠠ ᠬᠠᠰᠢᠵᠤ ᠠᠮᠠ ᠪᠥᠭᠯᠡᠬᠦ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠬᠰᠣᠬᠤ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠢᠯᠠ ᠪᠠᠷ ᠲᠠᠭᠠᠵᠤ ᠳᠠᠯᠳᠠᠭᠤᠷ ᠵᠥᠷᠢᠴᠡᠬᠦ ᠵᠡᠷᠭᠡ ᠠᠵᠢᠯᠯᠠᠭ᠎ᠠ ᠶᠢ ᠴᠢᠩᠭ᠎ᠠ ᠰᠢᠢᠳᠬᠡᠵᠦ᠂ ᠪᠣᠳᠠᠲᠤ ᠦᠷ᠎ᠡ ᠪᠦᠲᠦᠮᠵᠢ ᠪᠣᠯᠣᠨ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠨ ᠪᠠᠶᠢᠴᠠᠭᠠᠵᠤ᠂ ᠨᠠᠮ ᠤᠨ ᠤᠨᠤᠯ ᠪᠣᠯᠣᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃            ( ᠸᠠᠩ ᠪᠢᠩ ᠯᠢᠨ᠄  ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠫᠷᠤᠹᠧᠰᠰᠤᠷ᠂ ᠰᠤᠷᠭᠠᠨ ᠬᠥᠮᠦᠵᠢᠯ ᠤᠨ ᠶᠠᠮᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠪ ᠤᠨ ᠤᠤᠯ ᠤᠨ ᠡᠷᠭᠢᠯᠡᠭᠴᠢ; ᠸᠠᠩ ᠹᠦ᠋ ᠵᠢᠶᠦ᠋ᠨ᠄  ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳ᠋ᠣᠺᠲ᠋ᠣᠷ )                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号