2024 ᠣᠨ ᠤ ᠠᠯᠠᠱᠠ ᠵᠡᠭᠦᠨ ᠬᠤᠰᠢᠭᠤᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠥᠨᠥᠳᠥᠷ ᠡᠬᠢᠯᠡᠪᠡ
ᠨᠡᠶᠢᠲᠡᠯᠡᠭᠰᠡᠨ ᠴᠠᠭ᠄
2024/6/7
       5 ᠳ᠋ᠤᠭᠠᠷ ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2024 ᠣᠨ ᠤ ᠠᠯᠠᠱᠠ ᠵᠡᠭᠦᠨ ᠬᠤᠰᠢᠭᠤᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠡᠬᠢᠯᠡᠪᠡ      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ 5 ᠰᠠᠷ᠎ᠠ ᠶᠢᠨ 31᠎ ᠤ ᠡᠳᠦᠷ ᠠᠴᠠ ᠡᠬᠢᠯᠡᠵᠦ᠂ 9 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ ᠃ ᠳᠤᠷ᠎ᠠ ᠰᠣᠨᠢᠷᠬᠠᠯ ᠤᠨ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠥᠲᠥᠨ ᠪᠥᠮᠪᠦᠭᠡ ᠵᠡᠷᠭᠡ 11 ᠵᠦᠢᠯ ᠤᠨ ᠤᠷᠤᠯᠳᠤᠭᠠᠨ ᠤ ᠲᠥᠷᠥᠯ ᠵᠦᠢᠯ ᠢ ᠵᠠᠯᠭᠠᠭ᠎ᠠ ᠪᠠᠷ ᠥᠷᠨᠢᠭᠦᠯᠵᠦ᠂ ᠪᠥᠬᠦ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮᠯᠢᠭ ᠵᠡᠷᠭᠡ 52 ᠲᠥᠯᠥᠭᠡᠯᠡᠭᠴᠢᠳ ᠤᠨ ᠠᠩᠭᠢ ᠶᠢᠨ 690 ᠭᠠᠷᠤᠶ ᠺᠠᠳ᠋ᠷ ᠠᠵᠢᠯᠲᠠᠨ ᠲᠠᠷᠠᠭᠠᠴᠢ ᠶᠢᠨ ᠤᠷᠤᠯᠳᠤᠭᠠᠨ ᠳᠤ ᠥᠷᠢᠰᠦᠯᠳᠦᠵᠦ᠂ ᠣᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠤᠷᠤᠯᠳᠤᠭᠠᠨ ᠳᠤ ᠣᠷᠣᠯᠴᠠᠵᠤ᠂ ᠪᠥᠬᠦ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠥᠭᠡᠳᠡᠷᠬᠡᠭ᠂ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠪᠣᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号