ᠵᠢᠭᠡᠯᠡᠯᠭᠡ ᠶᠢᠨ ᠮᠥᠩᠭᠦ 2580 ᠲᠦᠮᠡᠨ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2024/6/7
                   5 ᠳ᠋ᠤᠭᠠᠷ ᠰᠠᠷ᠎ᠠ ᠶᠢᠨ 31᠎ ᠤ ᠡᠳᠦᠷ᠂ ᠠᠯᠠᠱᠠ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠯᠠᠱᠠ ᠵᠡᠭᠦᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠮᠲᠤᠪᠠᠷ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ 20 ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ 7 ᠮᠥᠩᠭᠦᠨ ᠭᠦᠢᠯᠭᠡᠭᠡᠨ ᠤ ᠪᠠᠶᠢᠭᠤᠯᠤᠮᠵᠢ ᠣᠷᠣᠯᠴᠠᠪᠠ᠃      ᠲᠤᠬᠠᠶ ᠶᠢᠨ ᠲᠠᠯᠠᠪᠠᠶ ᠳᠤ᠂ ᠳᠤᠮᠳᠠᠳᠤ ᠤᠯᠤᠰ ᠤᠨ ᠪᠠᠩᠬᠢ ᠶᠢᠨ ᠪᠠᠶᠠᠨᠬᠤᠲᠠ ᠶᠢᠨ ᠬᠤᠪᠢᠶᠠᠷᠢ ᠪᠠᠩᠬᠢ ᠪᠣᠯᠤᠨ ᠠᠯᠠᠱᠠ ᠠᠶᠢᠮᠠᠭ ᠤᠨ ᠠ ᠸᠠᠩ ᠹᠦ᠋ ᠶᠤᠸᠠᠨ ᠢᠳᠡᠭᠡᠨ ᠤ ᠬᠢᠵᠠᠭᠠᠷᠲᠤ ᠺᠣᠮᠫᠠᠨᠢ᠂ ᠲᠠᠷᠢᠶᠠᠯᠠᠩ ᠤᠨ ᠪᠠᠩᠬᠢ ᠶᠢᠨ ᠠᠯᠠᠱᠠ ᠵᠡᠭᠦᠨ ᠬᠤᠰᠢᠭᠤᠨ ᠤ ᠰᠠᠯᠪᠤᠷᠢ ᠪᠠᠩᠬᠢ ᠪᠣᠯᠤᠨ ᠠᠯᠠᠱᠠ ᠠᠶᠢᠮᠠᠭ ᠤᠨ ᠲᠦᠩ ᠵᠧᠦ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ ᠪᠣᠯᠤᠨ ᠥᠪᠥᠷ ᠮᠣᠩᠭᠤᠯ ᠤᠨ ᠬᠠᠯᠠᠭᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠣᠯᠤᠨ ᠠᠯᠠᠱᠠ ᠵᠡᠭᠦᠨ ᠬᠤᠰᠢᠭᠤᠨ ᠤ ᠯᠠᠶ ᠹᠦ᠋ ᠡᠯ ᠨᠣᠯᠤᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠭᠡᠷ᠎ᠡ ᠲᠣᠭᠲᠠᠵᠤ᠂ ᠵᠢᠭᠡᠯᠡᠯᠭᠡ ᠶᠢᠨ ᠵᠣᠭᠤᠰ ᠤᠨ ᠲᠤᠭ᠎ᠠ ᠨᠢ 2580 ᠲᠦᠮᠡᠨ ᠲᠥᠭᠦᠷᠢᠭ ᠲᠤ ᠬᠦᠷᠴᠡᠶ᠃      ᠲᠣᠰ ᠤᠳᠠᠭᠠᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠨᠢ ᠠᠵᠤ ᠠᠬᠤᠶᠢᠯᠠᠯ ᠤᠨ ᠬᠥᠭᠵᠢᠯᠲᠡ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠦᠢᠯᠡᠴᠢᠯᠡᠭᠡ ᠬᠠᠩᠭᠠᠵᠤ᠂ ᠣᠷᠳᠣ ᠬᠤᠭᠤᠴᠠᠭ᠎ᠠ ᠪᠠᠷ ᠪᠠᠩᠬᠢ ᠠᠵᠤ ᠠᠬᠤᠶᠢᠯᠠᠯ ᠤᠨ ᠲᠣᠭᠲᠠᠭᠤᠨ ᠬᠠᠷᠢᠴᠠᠭ᠎ᠠ ᠶᠢ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠪᠠ ᠮᠥᠩᠭᠦᠨ ᠭᠦᠢᠯᠭᠡᠭᠡᠨ ᠤ ᠦᠢᠯᠡᠰ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠬᠢᠭᠡᠳ ᠠᠵᠤ ᠠᠬᠤᠶᠢᠯᠠᠯ ᠤᠨ ᠶᠠᠷᠢᠯᠴᠠᠭᠠᠨ ᠤ ᠲᠠᠪᠴᠠᠩ ᠢ ᠪᠠᠶᠢᠭᠤᠯᠵᠤ᠂ ᠪᠠᠩᠬᠢ ᠪᠠ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠬᠢᠴᠠᠭᠤᠯᠵᠤ᠂ ᠰᠠᠶᠢᠨ ᠨᠥᠬᠦᠴᠡᠯᠳᠦᠯ ᠢ ᠠᠬᠢᠭᠤᠯᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠲᠦᠭᠡᠮᠡᠯ ᠬᠠᠷᠠᠭᠠᠯᠵᠠᠯᠲᠤ ᠵᠢᠭᠡᠯᠡᠯᠭᠡ ᠲᠠᠯᠪᠢᠬᠤ ᠬᠡᠪᠴᠢᠶ᠎ᠡ ᠶᠢ ᠥᠷᠭᠡᠳᠬᠡᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠮᠥᠩᠭᠦᠨ ᠭᠦᠢᠯᠭᠡᠭᠡᠨ ᠤ ᠲᠡᠮᠵᠢᠯᠴᠡᠭᠡ ᠨᠡᠮᠡᠷᠢᠯᠡᠵᠦ᠂ ᠣᠷᠣᠨ ᠨᠤᠲᠤᠭ ᠤᠨ ᠠᠵᠤ ᠠᠬᠤᠶ᠂ ᠮᠥᠩᠭᠦᠨ ᠭᠦᠢᠯᠭᠡᠭᠡᠨ ᠤ ᠲᠦᠭᠡᠮᠡᠯ ᠬᠠᠷᠠᠭᠠᠯᠵᠠᠯ᠂ ᠠᠵᠤ ᠠᠬᠤᠶᠢᠯᠠᠯ ᠤᠨ ᠬᠥᠭᠵᠢᠯᠲᠡ ᠶᠢᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠪᠠᠩᠬᠢ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠠᠰᠠ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠢᠶᠠᠷ ᠬᠤᠯᠪᠣᠭᠠᠰᠤ ᠪᠣᠯᠭᠠᠵᠤ᠂ ᠦᠨᠡᠨᠴᠢ ᠢᠲᠡᠭᠡᠮᠵᠢ ᠪᠠᠷ ᠰᠠᠭᠤᠷᠢ ᠪᠣᠯᠭᠠᠵᠤ᠂ ᠬᠠᠮᠲᠤ ᠪᠠᠷ ᠠᠰᠢᠭ ᠬᠦᠷᠲᠡᠬᠦ ᠪᠠᠷ ᠬᠠᠷᠠᠯᠲᠠ ᠪᠣᠯᠭᠠᠵᠤ᠂ ᠬᠠᠷᠢᠯᠴᠠᠨ ᠲᠡᠮᠵᠢᠵᠤ᠂ ᠨᠢᠭᠲᠠ ᠬᠠᠮᠲᠤᠷᠠᠯᠴᠠᠵᠤ᠂ ᠰᠢᠨ᠎ᠡ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠎ᠡ᠃        
     
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号