ᠠᠯᠠᠱᠠ ᠵᠡᠭᠦᠨ ᠬᠤᠰᠢᠭᠤᠨ ᠤ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     5 ᠳ᠋ᠤᠭᠠᠷ ᠰᠠᠷ᠎ᠠ ᠶᠢᠨ 30᠎ ᠤ ᠡᠳᠦᠷ᠂ ᠠᠯᠠᠱᠠ ᠵᠡᠭᠦᠨ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠪᠠ᠂ ᠭᠤᠤᠯ ᠡᠭᠦᠷᠭᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠪᠣᠯᠬᠤ ᠪᠠᠷ ᠴᠢᠷᠮᠠᠶᠢᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠦᠷ᠎ᠡ ᠪᠦᠲᠦᠮᠵᠢ ᠤᠯᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠬᠤᠲᠠ ᠶᠢᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       ᠬᠤᠷᠠᠯ ᠠᠴᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠪᠣᠯ ᠬᠤᠳᠠ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠰᠠᠶᠢᠵᠢᠷᠠᠭᠤᠯᠬᠤ᠂ ᠬᠤᠳᠠ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠮᠥᠨ᠂ ᠪᠠᠰᠠ ᠴᠤ ᠠᠷᠠᠳ ᠤᠯᠠᠨ ᠤ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠠᠯᠠᠱᠠ ᠵᠡᠭᠦᠨ ᠬᠤᠰᠢᠭᠤ ᠨᠢ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠤᠭᠰᠠᠨ ᠤ ᠬᠤᠪᠢ ᠳᠤ᠂ ᠪᠥᠬᠦ ᠠᠶᠢᠮᠠᠭ ᠤᠨ ︽ᠰᠢᠨ᠎ᠡ ᠶᠢ ᠡᠭᠦᠳᠬᠦ︾ ᠠᠵᠢᠯ ᠤᠨ ᠭᠤᠤᠯ ᠲᠠᠯᠠᠪᠤᠷ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠤᠯ ᠬᠤᠲᠠ ᠪᠠᠯᠭᠠᠰᠤ ᠶᠢ ᠴᠡᠪᠡᠷᠰᠢᠭᠦᠯᠬᠦ ᠂ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠢ ᠵᠢᠷᠤᠮᠵᠢᠭᠤᠯᠬᠤ᠂ ᠰᠠᠭᠤᠭᠠᠯᠢ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ︽ᠪᠤᠵᠠᠷ᠂ ᠡᠷᠦᠶ ᠬᠤᠷᠤᠶ ᠥᠬᠡᠶ᠂ ᠪᠠᠷᠤᠭᠲᠠᠶ︾ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠣᠷᠣᠰᠢᠨ ᠰᠠᠭᠤᠬᠤ ᠵᠥᠭᠡᠯᠡᠨ ᠬᠠᠲᠠᠭᠤ ᠣᠷᠴᠢᠨ ᠲᠣᠭᠤᠷᠢᠨ ᠢ ᠲᠠᠰ ᠳᠡᠪᠰᠢᠭᠦᠯᠬᠦ᠂ ᠪᠥᠬᠦ ᠠᠷᠠᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠨᠢᠭᠡᠴᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠭᠠᠨ ᠦᠨᠡᠯᠡᠬᠦ ᠰᠢᠰᠲ᠋ᠧᠮ ᠪᠠ ᠠᠵᠢᠯ ᠤᠨ ᠲᠥᠰᠦᠯ ᠢ ᠴᠢᠩᠭ᠎ᠠ ᠬᠠᠷᠢᠴᠠᠭᠤᠯᠤᠨ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠪᠠᠲᠤᠯᠠᠬᠤ ᠬᠡᠷᠡᠭᠲᠡᠶ᠃ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ︔ ᠵᠠᠬ᠎ᠠ ᠳᠡᠯᠭᠡᠭᠦᠷ ᠢ ᠲᠡᠰ ᠳᠡᠪᠰᠢᠭᠦᠯᠦᠨ ᠥᠭᠡᠷᠡᠴᠢᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠴᠡᠪᠡᠷ ᠲᠡᠭᠰᠢ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ︔ ᠬᠤᠳᠠ ᠬᠥᠳᠡᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠶ᠎ᠡ ᠵᠣᠬᠢᠴᠠᠩᠭᠤᠢ ᠪᠣᠯᠪᠠᠰᠤᠨ ᠡᠮᠬᠢ ᠳᠢᠭᠯᠢᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠴᠠ ᠶᠢᠨ ᠪᠠᠲᠤᠯᠠᠭ᠎ᠠ ᠶᠢ ᠰᠠᠶᠢᠲᠤᠷ ᠠᠳᠬᠤᠵᠤ᠂ ᠰᠤᠷᠲᠠᠯ ᠤᠨ ᠪᠠᠲᠤᠯᠠᠭ᠎ᠠ ᠶᠢ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠵᠦ᠂ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠲᠦᠷᠦᠭᠦᠯᠡᠨ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠡᠮᠦᠨ᠎ᠡ ᠨᠢ ᠵᠢᠯᠣᠭᠤᠳᠴᠤ᠂ ᠡᠭᠦᠳᠦᠨ ᠪᠠᠶᠢᠭᠤᠯᠬᠤ ᠠᠵᠢᠯ ᠢ ᠬᠦᠴᠦᠯᠡᠨ ᠱᠠᠯᠠᠪᠳᠠᠭᠤᠯᠬᠤ ᠬᠡᠷᠡᠭᠲᠡᠶ︔ ᠡᠯ᠎ᠡ ᠬᠠᠷᠢᠭᠤᠴᠠᠯᠭᠠᠲᠤ ᠨᠢᠭᠡᠴᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠯᠴᠠᠭ᠎ᠠ ᠪᠠᠨ ᠴᠢᠩᠭᠠᠳᠬᠠᠨ᠂ ᠬᠠᠮᠵᠢᠯᠴᠠᠨ ᠬᠠᠮᠲᠤᠷᠠᠯᠴᠠᠵᠤ ᠡᠭᠦᠳᠦᠨ ᠪᠠᠶᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠰᠠᠭᠤᠷᠢ ᠲᠥᠬᠦᠭᠡᠷᠦᠮᠵᠢ ᠶᠢ ᠳᠠᠬᠢᠨ ᠳᠡᠭᠡᠭᠰᠢᠯᠡᠭᠦᠯᠬᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠳᠠᠬᠢᠨ ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠠᠬᠢᠨ ᠰᠢᠯᠢᠳᠡᠭᠵᠢᠭᠦᠯᠬᠦ ᠶᠢ ᠦᠨᠡᠨ ᠬᠦ ᠠᠬᠢᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠰᠠᠭᠤᠷᠢ︾ ᠪᠠ ︽ᠳᠣᠲᠣᠷ︾᠎ ᠢ ᠲᠠᠰᠤᠷᠠᠯᠲᠠ ᠥᠬᠡᠶ ᠪᠠᠬᠢᠵᠢᠭᠦᠯᠵᠦ᠂ ᠡᠴᠦᠰ ᠲᠡᠭᠡᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ︽ᠵᠣᠪᠠᠭᠤᠷᠢ ᠵᠦᠳᠡᠭᠦᠷᠢ︾᠎ ᠪᠠᠷ ᠠᠷᠠᠳ ᠣᠯᠠᠨ ᠤ ︽ᠵᠣᠯ ᠵᠢᠷᠭᠠᠯ ᠲᠠᠢ ᠲᠦᠷᠦᠭᠳᠡᠯ︾᠎ ᠢ ᠰᠣᠯᠢᠵᠤ ᠠᠪᠬᠤ ᠬᠡᠷᠡᠭᠲᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号