2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠦᠭᠯᠡᠭᠦᠷ 
ᠨᠡᠶᠢᠲᠡᠯᠡᠭᠰᠡᠨ ᠴᠠᠭ᠄
2024/6/7
    ᠥᠪᠥᠷ ᠮᠣᠩᠭᠤᠯ ᠤᠨ 2024 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢ 6 ᠳ᠋ᠤᠭᠠᠷ ᠰᠠᠷ᠎ᠠ ᠶᠢᠨ 7᠎ ᠤ ᠡᠳᠦᠷ᠂ 8᠎ ᠤ ᠡᠳᠦᠷ ᠶᠠᠪᠤᠭᠳᠠᠭᠤᠯᠵᠤ᠂ ᠵᠠᠮ ᠬᠠᠷᠢᠯᠴᠠᠭᠠᠨ ᠤ ᠠᠮᠤᠷ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠰᠢᠯᠭᠠᠯᠲᠠ ᠶᠢᠨ ᠲᠣᠭᠤᠷᠢᠭ ᠤᠨ ᠥᠷᠭᠡᠨ ᠣᠯᠠᠨ ᠰᠢᠯᠭᠠᠭᠤᠯᠤᠭᠴᠢ ᠵᠢᠴᠢ ᠬᠡᠷ ᠤᠨ ᠠᠬᠠᠮᠠᠳ ᠲᠤ ᠠᠮᠤᠷ ᠲᠦᠪᠰᠢᠨ᠂ ᠳᠥᠭᠦᠮ ᠳᠥᠲᠡ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠵᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ ᠬᠡᠰᠡᠭ ᠵᠠᠮ ᠢᠶᠠᠷ ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠨᠴᠠᠭᠠᠶᠢᠯᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠮ ᠬᠠᠷᠢᠯᠴᠠᠭᠠᠨ ᠤ ᠪᠠᠶᠢᠳᠠᠯ ᠤᠨ ᠰᠠᠨᠠᠭᠤᠯᠤᠮᠵᠢ ᠶᠢ ᠨᠡᠶᠢᠲᠡᠯᠡᠪᠡ᠃    ᠰᠢᠯᠭᠠᠯᠲᠠ ᠶᠢᠨ ᠴᠡᠭ ᠤᠨ ᠵᠠᠮ ᠬᠠᠷᠢᠯᠴᠠᠭᠠᠨ ᠤ ᠵᠦᠭᠯᠡᠭᠦᠷ    ᠰᠢᠯᠭᠠᠯᠲᠠ ᠶᠢᠨ ᠭᠠᠵᠠᠷ    ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ    ︵ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ︶ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ     6 ᠰᠠᠷ᠎ᠠ ᠶᠢᠨ 7᠎ ᠤ ᠡᠳᠦᠷ ᠤᠨ 09᠄ 00-11᠄ 3015᠄ 00-17᠄ 00     6 ᠰᠠᠷ᠎ᠠ ᠶᠢᠨ 8᠎ ᠤ ᠡᠳᠦᠷ ᠤᠨ 09᠄ 00-11᠄ 3015᠄ 00-17᠄ 00     ᠲᠦᠷ ᠴᠠᠭ ᠤᠨ ᠬᠢᠵᠠᠭᠠᠷᠯᠠᠬᠤ ᠵᠠᠮ     1. ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ︵ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ︶᠎ ᠶᠢᠨ ᠡᠭᠦᠳᠡᠨ ᠡᠮᠦᠨᠡᠬᠢ ᠵᠠᠮ ᠤᠨ ᠬᠡᠰᠡᠭ ᠤᠨ ᠵᠡᠭᠦᠨ ᠲᠣᠭᠤᠷᠢᠯ ᠵᠠᠮ ᠠᠴᠠ ᠳᠡᠭᠦᠯᠢᠯᠲᠡ ᠶᠡᠭᠡ ᠵᠠᠮ ᠤᠨ ᠠᠭᠤᠯᠵᠠᠷ ᠬᠦᠷᠲᠡᠯ᠎ᠡ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃ ᠵᠢᠷᠤᠭ ᠲᠤ ᠵᠢᠭᠠᠭᠰᠠᠨ ᠤᠯᠠᠭᠠᠨ ᠱᠤᠭᠤᠮ ᠨᠢ ᠵᠠᠬᠢᠷᠤᠨ ᠬᠠᠮᠢᠶᠠᠷᠬᠤ ᠵᠠᠮ ᠤᠨ ᠬᠡᠰᠡᠭ ᠪᠤᠯᠤᠨ᠎ᠠ᠃
    2. ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ︵ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ︶᠎ ᠶᠢᠨ ᠪᠠᠷᠠᠭᠤᠨ ᠲᠠᠯ᠎ᠠ ᠶᠢᠨ ᠦᠵᠡᠮᠵᠢ ᠶᠢᠨ ᠵᠠᠮ ᠳᠤ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠪᠠ᠃ ᠵᠢᠷᠤᠭ ᠲᠤ ᠵᠢᠭᠠᠭᠰᠠᠨ ᠤᠯᠠᠭᠠᠨ ᠱᠤᠭᠤᠮ ᠨᠢ ᠵᠠᠬᠢᠷᠤᠨ ᠬᠠᠮᠢᠶᠠᠷᠬᠤ ᠵᠠᠮ ᠤᠨ ᠬᠡᠰᠡᠭ ᠪᠤᠯᠤᠨ᠎ᠠ᠃ᠠᠩᠬᠠᠷᠬᠤ ᠨᠢ᠄ ᠵᠠᠬᠢᠷᠤᠨ ᠬᠠᠮᠢᠶᠠᠷᠬᠤ ᠴᠠᠭ ᠨᠢ 7᠎ ᠤ ᠡᠳᠦᠷ᠂ 8᠎ ᠤ ᠡᠳᠦᠷ ᠤᠨ 7᠄ 20᠎ ᠠᠴᠠ ᠦᠳᠡ ᠶᠢᠨ ᠬᠤᠶᠢᠨ᠎ᠠ 17᠄ 50᠃     ᠲᠡᠷᠭᠡ ᠵᠣᠭᠰᠣᠭᠠᠬᠤ ᠣᠷᠣᠨ ᠪᠦᠰᠡ     ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠲᠡᠷᠭᠡᠨ ᠵᠣᠭᠰᠣᠭᠠᠯ ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ︵ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ︶᠎ ᠶᠢᠨ ᠡᠷᠬᠢᠨ ᠲᠣᠭᠤᠷᠢᠨ ᠤ ᠵᠡᠭᠦᠨ ᠲᠣᠭᠤᠷᠢᠯ ᠵᠠᠮ᠂ ᠳᠡᠭᠦᠯᠢᠯᠲᠡ ᠶᠡᠭᠡ ᠵᠠᠮ᠂ ᠡᠮᠦᠨ᠎ᠡ ᠲᠣᠭᠤᠷᠢᠯ ᠵᠠᠮ ᠤᠨ ᠬᠤᠶᠠᠷ ᠬᠠᠵᠠᠭᠤ ᠪᠠᠷ ᠡᠮᠬᠢ ᠵᠢᠷᠤᠮ ᠲᠠᠢ ᠵᠣᠭᠰᠣᠭᠠᠵᠤ ᠪᠣᠯᠤᠨ᠎ᠠ᠂ ᠲᠡᠷᠭᠡ ᠬᠥᠰᠬᠡ ᠶᠢ ᠰᠥᠷᠭᠡᠦ ᠵᠣᠭᠰᠣᠭᠠᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠴᠢᠩᠭ᠎ᠠ ᠴᠠᠭᠠᠵᠠᠯᠠᠨ᠎ᠠ᠃ ᠠᠩᠬᠠᠷᠬᠤ ᠨᠢ᠄ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ ᠣᠷᠣᠨ ᠳᠤ ᠲᠡᠷᠭᠡᠨ ᠵᠣᠭᠰᠣᠭᠠᠯ ᠭᠠᠷᠭᠠᠬᠤ ᠥᠬᠡᠶ᠃      ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠦᠢᠯᠡᠴᠢᠯᠡᠭᠡᠨ ᠤ ᠴᠡᠭ     ᠦᠨᠳᠦᠰᠦᠲᠡᠨ ᠤ ᠵᠡᠭᠦᠨ ᠵᠠᠮ ᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ︵ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ︶᠎ ᠶᠢᠨ ᠡᠭᠦᠳᠡᠨ ᠡᠮᠦᠨᠡᠬᠢ ᠵᠡᠭᠦᠨ᠂ ᠪᠠᠷᠠᠭᠤᠨ ᠵᠠᠮ ᠤᠨ ᠠᠭᠤᠯᠵᠠᠷ ᠤᠨ ᠵᠢᠵᠢᠭᠦᠷᠯᠡᠬᠦ ᠴᠡᠭ ᠨᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠦᠢᠯᠡᠴᠢᠯᠡᠭᠡᠨ ᠤ ᠴᠡᠭ ᠲᠤ ᠪᠠᠶᠢᠵᠤ᠂ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠴᠠᠭ ᠲᠤᠬᠠᠶ ᠳᠤᠨᠢ ᠰᠢᠯᠭᠠᠭᠤᠯᠤᠭᠴᠢ᠂ ᠬᠡᠷ ᠤᠨ ᠠᠬᠠᠮᠠᠳ ᠲᠤ ᠬᠠᠪᠰᠤᠷᠤᠯᠭ᠎ᠠ ᠦᠵᠡᠭᠦᠯᠦᠨ᠎ᠡ᠃ ︵ᠵᠢᠷᠤᠭ ᠲᠤ ᠵᠢᠭᠠᠭᠰᠠᠨ ᠬᠥᠬᠡ ᠥᠩᠭᠡ ᠪᠠᠷ ᠲᠣᠳᠣᠷᠬᠠᠶᠢᠯᠠᠭᠰᠠᠨ ᠴᠡᠭ︶
     ᠬᠠᠯᠠᠭᠤᠨ ᠳᠣᠲᠣᠨᠣ ᠰᠠᠨᠠᠭᠤᠯᠤᠮᠵᠢ᠄ ᠬᠡᠷᠪᠡ ᠲᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠬᠦᠴᠢᠷᠳᠡᠯ ᠲᠤᠯᠭᠠᠷᠠᠪᠠᠯ᠂ ᠡᠭᠦᠷᠭᠡ ᠭᠦᠢᠴᠡᠳᠬᠡᠬᠦ ᠠᠷᠠᠳ ᠤᠨ ᠴᠠᠭᠳᠠᠭ᠎ᠠ ᠠᠴᠠ ᠲᠤᠰᠠᠯᠠᠮᠵᠢ ᠭᠤᠶᠤᠴᠢᠯᠠᠬᠤ ᠪᠤᠶᠤ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭ᠎ᠠ ᠳᠤ ᠮᠡᠳᠡᠭᠦᠯᠬᠦ ᠤᠲᠠᠰᠤ ᠪᠠᠷ ᠬᠤᠯᠪᠣᠭᠳᠠᠵᠤ ᠪᠣᠯᠤᠨ᠎ᠠ᠃ᠠᠮᠤᠷ ᠲᠦᠪᠰᠢᠨ ᠶᠠᠪᠤᠵᠤ ᠰᠠᠭᠤᠬᠤ ᠬᠠᠯᠠᠭᠤᠨ ᠳᠣᠲᠣᠨᠣ ᠰᠠᠨᠠᠭᠤᠯᠤᠮᠵᠢ      ︵ᠨᠢᠭᠡ︶ ᠰᠢᠯᠭᠠᠭᠤᠯᠤᠭᠴᠢ᠂ ᠭᠡᠷ ᠤᠨ ᠠᠬᠠᠮᠠᠳ ᠤᠨ ᠶᠠᠪᠤᠵᠤ ᠰᠠᠭᠤᠬᠤ ᠠᠮᠤᠷ ᠲᠦᠪᠰᠢᠨ ᠤ ᠠᠩᠬᠠᠷᠬᠤ ᠵᠦᠢᠯ     1. ᠪᠣᠯᠪᠠᠰᠤᠨ ᠢᠶᠠᠷ ᠭᠠᠳᠠᠭᠰᠢ ᠭᠠᠷᠴᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ᠂ ᠵᠠᠮ ᠪᠤᠯᠢᠶᠠᠯᠳᠤᠬᠤ ᠦᠭᠡᠢ᠂ ᠬᠤᠷᠳᠤᠴᠠ ᠠᠴᠠ ᠬᠡᠲᠦᠷᠡᠭᠦᠯᠬᠦ ᠦᠭᠡᠢ ᠪᠠᠶᠢᠵᠤ᠂ ᠰᠠᠨᠠᠭᠠᠨ ᠳᠤ ᠦᠭᠡᠢ ᠪᠠᠷ ᠠᠳᠡᠯ ᠭᠠᠷᠴᠦ ᠰᠢᠯᠭᠠᠯᠲᠠ ᠶᠢᠨ ᠴᠠᠭ ᠢ ᠰᠠᠭᠠᠲᠠᠭᠠᠬᠤ ᠠᠴᠠ ᠵᠠᠶᠢᠯᠠᠰᠬᠢᠬᠦ ᠬᠡᠷᠡᠭᠲᠡᠶ᠃     2. ᠵᠠᠮ ᠬᠠᠷᠢᠯᠴᠠᠭᠠᠨ ᠤ ᠪᠠᠭᠠᠵᠢ ᠶᠢ ᠵᠣᠬᠢᠰᠲᠠᠶ ᠰᠣᠩᠭᠤᠬᠤ ᠶᠢ ᠠᠩᠬᠠᠷᠴᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠵᠣᠬᠢᠰᠲᠠᠶ ᠰᠣᠩᠭᠤᠵᠤ᠂ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠬᠦ ᠶᠢ ᠰᠠᠨᠠᠭᠤᠯᠵᠤ ᠪᠠᠶᠢᠨ᠎ᠠ᠃     3. ᠰᠢᠯᠭᠠᠭᠤᠯᠤᠭᠴᠢ ᠶᠢᠨ ᠬᠡᠷ ᠤᠨ ᠠᠬᠠᠮᠠᠳ ᠲᠤ ᠲᠡᠷᠭᠡ ᠵᠢᠯᠣᠭᠤᠳᠴᠤ ᠲᠤᠰᠴᠤ ᠬᠦᠷᠭᠡᠬᠦ ᠶᠢ ᠰᠠᠨᠠᠭᠤᠯᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ᠂ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠬᠤ ᠶᠢ ᠰᠠᠨᠠᠭᠤᠯᠵᠤ ᠪᠠᠶᠢᠨ᠎ᠠ᠃      ︵ᠬᠤᠶᠠᠷ︶ ᠣᠯᠠᠨ ᠲᠦᠮᠡᠨ᠂ ᠵᠢᠯᠣᠭᠤᠴᠢ ᠨᠠᠷ ᠪᠣᠯᠪᠠᠰᠤᠨ ᠢᠶᠠᠷ ᠶᠠᠪᠤᠵᠤ ᠰᠠᠭᠤᠬᠤ ᠳᠤ ᠠᠩᠬᠠᠷᠬᠤ ᠵᠦᠢᠯᠡᠰ     1. ᠥᠷᠭᠡᠨ ᠣᠯᠠᠨ ᠲᠦᠮᠡᠨ᠂ ᠵᠢᠯᠣᠭᠤᠴᠢ ᠨᠠᠷ ᠠᠯᠢ ᠴᠢᠳᠠᠬᠤ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠴᠤ᠂ ᠰᠢᠯᠭᠠᠭᠤᠯᠤᠭᠴᠢ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃     2. ᠥᠷᠭᠡᠨ ᠣᠯᠠᠨ ᠵᠢᠯᠣᠭᠤᠴᠢ ᠨᠠᠷ ᠶᠠᠪᠠᠭᠠᠨ ᠬᠥᠮᠦᠨ ᠪᠣᠯᠤᠨ ᠰᠤᠷᠤᠭᠴᠢᠳ ᠤᠨ ᠵᠠᠮ ᠭᠡᠲᠦᠯᠬᠦ ᠳᠤ ᠰᠠᠨᠠᠭᠠᠴᠢᠯᠠᠭ᠎ᠠ ᠠᠴᠠ ᠪᠠᠨ ᠵᠣᠭᠰᠣᠵᠤ ᠰᠢᠯᠭᠠᠭᠤᠯᠤᠭᠴᠢ ᠳᠤ ᠰᠠᠭᠠᠳ ᠪᠣᠯᠬᠤ ᠦᠭᠡᠢ ᠪᠠᠶᠢᠬᠤ ᠬᠡᠷᠡᠭᠲᠡᠶ᠂ ᠰᠢᠯᠭᠠᠯᠲᠠ ᠶᠢᠨ ᠭᠠᠵᠠᠷ ᠤᠨ ᠣᠶᠢᠷ᠎ᠠ ᠬᠠᠪᠢ ᠶᠢᠨ ᠵᠠᠮ ᠤᠨ ᠬᠡᠰᠡᠭ ᠲᠤ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠵᠤ᠂ ᠪᠦᠷᠢᠶ᠎ᠡ ᠳᠤᠤᠭᠠᠷᠭᠠᠵᠤ ᠪᠣᠯᠬᠤ ᠦᠭᠡᠢ᠂ ᠬᠤᠷᠳᠤᠴᠠ ᠠᠴᠠ ᠬᠡᠲᠦᠷᠡᠭᠦᠯᠦᠨ ᠶᠠᠪᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃     3. ᠥᠷᠭᠡᠨ ᠣᠯᠠᠨ ᠵᠢᠯᠣᠭᠤᠴᠢ ᠨᠠᠷ ᠰᠢᠯᠭᠠᠯᠲᠠ ᠶᠢᠨ ᠭᠠᠵᠠᠷ ᠤᠨ ᠡᠷᠬᠢᠨ ᠲᠣᠭᠤᠷᠢᠨ ᠤ ᠵᠠᠮ ᠢ ᠲᠦᠷ ᠴᠠᠭ ᠬᠠᠮᠢᠶᠠᠷᠤᠨ ᠡᠵᠡᠮᠳᠡᠵᠦ ᠪᠠᠶᠢᠬᠤ ᠳᠤ ᠲᠣᠬᠢᠶᠠᠯᠳᠣᠪᠠᠯ᠂ ᠣᠶᠢᠯᠠᠭᠠᠵᠤ ᠬᠠᠮᠵᠢᠯᠴᠠᠬᠤ ᠶᠢᠨ ᠬᠠᠮᠲᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠤ᠂ ᠲᠡᠷᠭᠡ ᠬᠥᠰᠬᠡ ᠶᠢ ᠵᠢᠷᠤᠮᠵᠢᠭᠤᠯᠤᠨ ᠵᠣᠭᠰᠣᠭᠠᠵᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠴᠢᠩᠭ᠎ᠠ ᠴᠠᠭᠠᠵᠠᠯᠠᠵᠤ᠂ ᠵᠠᠮ ᠬᠠᠷᠢᠯᠴᠠᠭ᠎ᠠ ᠶᠢ ᠲᠦᠭᠵᠢᠷᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃     4. ᠬᠡᠷᠪᠡ ᠰᠢᠯᠭᠠᠭᠤᠯᠤᠭᠴᠢ ᠪᠠᠴᠢᠮ ᠲᠤᠰᠠᠯᠠᠮᠵᠢ ᠬᠡᠷᠡᠭᠲᠡᠢ ᠪᠠᠶᠢᠪᠠᠯ᠂ ᠲᠠ ᠪᠦᠬᠦᠨ ᠰᠢᠯᠭᠠᠭᠤᠯᠤᠭᠴᠢ ᠶᠢ ᠬᠠᠪᠰᠤᠷᠤᠨ ᠰᠢᠯᠭᠠᠯᠲᠠ ᠶᠢᠨ ᠭᠠᠵᠠᠷ ᠲᠤ ᠠᠯᠢ ᠲᠦᠷᠭᠡᠨ ᠢᠶᠠᠷ ᠬᠦᠷᠭᠡᠵᠦ ᠦᠭᠭᠦᠭᠡᠷᠡᠢ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠵᠢᠴᠢ ᠡᠷᠬᠢᠨ ᠲᠣᠭᠤᠷᠢᠨ ᠤ ᠵᠠᠮ ᠤᠨ ᠬᠡᠰᠡᠭ᠂ ᠵᠠᠮ ᠤᠨ ᠠᠭᠤᠯᠵᠠᠷ ᠲᠤ ᠵᠢᠵᠢᠭᠦᠷᠯᠡᠬᠦ ᠴᠡᠭ ᠳᠣᠭᠢᠷᠠᠭᠤᠯᠵᠤ᠂ ᠡᠯ᠎ᠡ ᠵᠢᠵᠢᠭᠦᠷᠯᠡᠬᠦ ᠴᠡᠭ ᠲᠤ ᠲᠡᠷᠭᠡ ᠲᠣᠬᠢᠷᠠᠭᠤᠯᠵᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢ ᠰᠠᠶᠢᠲᠤᠷ ᠬᠢᠨ᠎ᠡ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠵᠡᠷᠭᠡ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠬᠠᠶᠢᠷ᠎ᠠ ᠬᠠᠯᠠᠮᠵᠢ ᠶᠢᠨ ᠮᠠᠰᠢᠨ ᠲᠡᠷᠭᠡᠨ ᠤ ᠠᠩᠭᠢ ᠶᠢ ᠵᠣᠬᠢᠶᠠᠨ ᠪᠠᠶᠢᠭᠤᠯᠵᠤ ᠶᠡᠭᠡ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠰᠢᠯᠭᠠᠭᠤᠯᠤᠭᠴᠢᠳ ᠢ ᠦᠨ᠎ᠡ ᠲᠦᠯᠪᠦᠷᠢ ᠥᠬᠡᠶ ᠪᠠᠷ ᠲᠤᠰᠴᠤ ᠬᠦᠷᠭᠡᠬᠦ ᠬᠡᠷᠡᠭᠲᠡᠶ᠃ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠪᠤᠰᠤᠳ ᠨᠡᠶᠢᠭᠡᠮ ᠤᠨ ᠮᠠᠰᠢᠨ ᠲᠡᠷᠭᠡᠨ ᠤ ᠵᠢᠯᠣᠭᠤᠴᠢ ᠳᠤ ᠰᠠᠨᠠᠭᠤᠯᠬᠤ ᠨᠢ᠄ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠰᠢᠨ ᠲᠡᠷᠭᠡᠨ ᠤ ᠬᠠᠤᠯᠢ ᠠᠴᠠ ᠵᠥᠷᠢᠴᠡᠨ ᠪᠦᠷᠢᠶ᠎ᠡ ᠳᠤᠤᠭᠠᠷᠭᠠᠬᠤ ᠬᠠᠮᠢᠶᠠᠷᠤᠯᠲᠠ ᠪᠠᠨ ᠴᠢᠩᠭᠠᠳᠬᠠᠵᠤ᠂ ᠮᠠᠰᠢᠨ ᠲᠡᠷᠭᠡᠨ ᠤ ᠵᠢᠯᠣᠭᠤᠴᠢ ᠨᠠᠷ ᠡᠷᠬᠡᠪᠰᠢ ᠮᠠᠰᠢᠨ ᠲᠡᠷᠭᠡᠨ ᠤ ︽ᠪᠦᠷᠢᠶ᠎ᠡ ᠳᠣᠣᠭᠠᠷᠬᠤ ᠶᠢ ᠴᠠᠭᠠᠵᠠᠯᠠᠬᠤ︾ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号