| | ᠰᠠᠯᠬᠢᠨ ᠤ ᠠᠶᠠᠰ ᠢᠶᠠᠷ ᠡᠨᠡᠳᠬᠡᠭ ᠭᠤᠨᠢᠳ ︵ᠠᠮᠲᠠ ᠤᠷᠤᠭᠤᠯᠬᠤ ᠡᠳ᠋᠂ ᠠᠩᠭ᠍ᠯᠢ ᠪᠠᠷ ᠽᠢᠷᠠ᠂ | ᠰᠠᠨᠰᠺᠷᠢᠲ ᠬᠡᠯᠡᠨ ᠳᠤ ᠵᠢᠷᠠ᠂ ᠬᠢᠲᠠᠳ ᠢᠶᠠᠷ ᠽᠢ ᠷᠠᠨ ᠬᠡᠮᠡᠨ ᠳᠠᠭᠤᠳᠠᠵᠤ ᠪᠠᠶᠢᠳᠠᠭ᠂ ᠲᠡᠭᠦᠨ ᠢ ᠪᠠᠰᠠ ᠡᠨᠡᠳᠬᠡᠭ | ᠭᠤᠨᠢᠳ ᠭᠡᠵᠦ ᠨᠡᠷᠡᠯᠡᠵᠦ ᠪᠤᠢ︶ ᠪ᠊ ᠠᠩᠬᠢᠯᠤᠮ᠎ᠠ ᠦᠨᠦᠷ ᠬᠠᠩᠬᠤᠯᠵᠤ᠂ ᠲᠠᠷᠢᠶᠠᠴᠢᠳ ᠬᠤᠷᠢᠶᠠᠯᠲᠠ ᠠᠪᠤᠭᠠᠳ | ᠶᠠᠭᠠᠷᠠᠨ᠎ᠠ᠃ ᠣᠶᠢᠷ᠎ᠠ ᠶᠢᠨ ᠡᠳᠦᠷ ᠤᠳ ᠲᠤ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠳᠤ | ᠳᠠᠷᠢᠭᠰᠠᠨ 6376 ᠮᠦ ᠡᠨᠡᠳᠬᠡᠭ ᠭᠤᠨᠢᠳ ᠬᠠᠳᠤᠵᠤ ᠬᠤᠷᠢᠶᠠᠬᠤ ᠬᠤᠭᠤᠴᠠᠭᠠᠨ ᠳᠠᠭᠠᠨ ᠣᠷᠣᠵᠤ᠂ ᠲᠠᠷᠢᠶᠠᠴᠢᠳ | ᠴᠠᠭ ᠢ ᠠᠮᠵᠢᠨ᠂ ᠬᠤᠷᠢᠶᠠᠵᠤ ᠠᠪᠬᠤ᠂ ᠬᠠᠲᠠᠭᠠᠬᠤ ᠪᠠ ᠮᠥᠯᠢᠬᠦ ᠵᠡᠷᠭᠡ ᠠᠵᠢᠯ ᠢ ᠶᠠᠭᠠᠷᠠᠯᠲᠠᠢ ᠬᠢᠵᠦ ᠪᠠᠶᠢᠨ᠎ᠠ᠃ | | ᠪᠠᠷᠠᠭᠤᠨᠭᠦ᠋ᠳᠡᠭᠡ ᠭᠠᠴᠠᠭ᠎ᠠ ᠶᠢᠨ ᠲᠠᠷᠢᠶᠠᠴᠢᠨ ᠴᠣᠭᠳᠡᠯᠭᠡᠷ᠄ ︽ᠡᠨᠡ ᠵᠢᠯ 80 ᠮᠦ ᠲᠠᠷᠢᠶᠠᠨ | ᠭᠠᠵᠠᠷ ᠲᠤ ᠡᠨᠡᠳᠬᠡᠭ ᠭᠤᠨᠢᠳ ᠪᠣᠯᠣᠨ ᠡᠷᠳᠡᠨᠢ ᠰᠢᠰᠢ ᠶᠢ ᠠᠯᠠᠭᠯᠠᠨ ᠳᠠᠷᠢᠵᠠᠢ᠃ ᠡᠨᠡᠳᠬᠡᠭ ᠭᠤᠨᠢᠳ ᠤ | ᠤᠷᠭᠤᠴᠠ ᠰᠠᠶᠢᠨ᠂ ᠮᠦ ᠪᠦᠷᠢ ᠶᠢᠨ ᠤᠨᠠᠯᠲᠠ ᠨᠢ 60 ᠺᠢᠯᠣᠭ᠍ᠷᠠᠮ ᠳᠤ ᠭᠦᠷᠪᠡ᠃ ᠵᠠᠬ᠎ᠠ ᠳᠡᠯᠭᠡᠭᠦᠷ ᠤᠨ | ᠦᠨ᠎ᠡ ᠪᠠᠷ ᠪᠤᠳᠤᠪᠠᠯ᠂ ᠺᠢᠯᠣᠭ᠍ᠷᠠᠮ ᠪᠦᠷᠢ ᠳᠡᠭᠡᠨ 23 ᠲᠥᠭᠦᠷᠢᠭ ᠲᠤ ᠬᠦᠷᠴᠦ ᠪᠠᠶᠢᠨ᠎ᠠ᠃ ᠵᠢᠱᠢᠯᠲᠡ ᠪᠠᠷ 11 | ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠨ᠎ᠡ᠃ ᠡᠨᠡᠳᠬᠡᠭ ᠭᠤᠨᠢᠳ ᠢ ᠬᠠᠳᠤᠵᠤ ᠪᠠᠷᠠᠪᠠᠯ ᠡᠷᠳᠡᠨᠢ ᠰᠢᠰᠢ ᠲᠠᠢ | ᠪᠣᠷᠳᠣᠭᠤᠷ ᠪᠤᠯᠢᠶᠠᠯᠳᠤᠬᠤ ᠦᠭᠡᠢ ᠪᠣᠯᠴᠢᠬᠠᠨ᠎ᠠ᠃ ᠡᠨᠡᠳᠬᠡᠭ ᠭᠤᠨᠢᠳ ᠳᠠᠷᠢᠭᠰᠠᠨ ᠭᠠᠵᠠᠷ ᠲᠤ ᠵᠢᠯ ᠳᠤ ᠬᠤᠶᠠᠷ | ᠵᠦᠢᠯ ᠤᠨ ᠲᠠᠷᠢᠮᠠᠯ ᠲᠠᠷᠢᠵᠦ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠪᠠᠯ ᠪᠠᠰᠠ ᠨᠢᠭᠡ ᠬᠡᠮᠵᠢᠶᠡᠨ ᠤ | ᠣᠷᠣᠯᠭ᠎ᠠ ᠲᠠᠢ ᠪᠣᠯᠣᠨ᠎ᠠ᠃ ᠢᠩᠭᠢᠭᠡᠳ ᠨᠢᠭᠡ ᠭᠠᠵᠠᠷ ᠠᠴᠠ ᠭᠤᠷᠪᠠᠨ ᠤᠳᠠᠭ᠎ᠠ ᠶᠢᠨ ᠬᠤᠷᠢᠶᠠᠯᠲᠠ ᠣᠯᠵᠤ᠂ ᠪᠦᠭᠦ | ᠵᠢᠯ ᠤᠨ ᠦᠷ᠎ᠡ ᠠᠰᠢᠭ ᠨᠡᠯᠢᠶᠡᠳ ᠰᠠᠶᠢᠨ ᠪᠤᠯᠬᠤ ᠶᠤᠮ︾ ᠭᠡᠵᠦ ᠶᠠᠷᠢᠨ᠎ᠠ᠃ | ᠡᠨᠡᠳᠬᠡᠭ ᠭᠤᠨᠢᠳ ᠭᠡᠬᠦ ᠲᠠᠷᠢᠮᠠᠯ ᠨᠢ ︽ᠨᠢᠭᠡ ᠤᠳᠠᠭ᠎ᠠ ᠤᠰᠤᠯᠠᠪᠠᠯ ᠤᠷᠭᠤᠯᠲᠠ ᠭᠦᠢᠴᠡᠵᠦ | ᠳᠡᠶᠢᠯᠭᠦ ᠮᠥᠷᠲᠡᠭᠡᠨ ᠭᠦᠳᠡᠯᠮᠦᠷᠢ ᠬᠦᠴᠦᠨ ᠳᠤ ᠠᠷᠪᠢᠲᠠᠢ᠂ ᠬᠠᠮᠢᠶᠠᠷᠬᠤ ᠳᠤ ᠭᠢᠯᠪᠠᠷ᠂ ᠥᠪᠡᠷ ᠤᠨ ᠥᠷᠲᠡᠭ | ᠳᠣᠣᠷ᠎ᠠ᠂ ᠵᠠᠬ᠎ᠠ ᠳᠡᠯᠭᠡᠭᠦᠷ ᠥᠷᠭᠡᠨ᠂ ᠣᠷᠣᠯᠭ᠎ᠠ ᠰᠠᠶᠢᠲᠠᠢ︾ ᠵᠡᠷᠭᠡ ᠣᠨᠴᠠᠯᠢᠭ ᠲᠠᠢ ᠠᠴᠠ ᠭᠠᠳᠠᠨ᠎ᠠ ᠪᠠᠰᠠ | ᠪᠤᠰᠤᠳ ᠲᠠᠷᠢᠮᠠᠯ ᠤᠨ ᠵᠦᠢᠯ ᠲᠠᠢ ᠠᠯᠠᠭᠯᠠᠨ ᠳᠠᠷᠢᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ | ᠣᠨᠳᠣᠷᠣᠯᠲᠤ ᠪᠠᠯᠭᠠᠰᠤ ᠲᠠᠷᠢᠶᠠᠴᠢᠨ ᠢ ᠬᠥᠲᠥᠯᠥᠨ ᠵᠢᠯᠤᠭᠤᠳᠴᠤ᠂ ᠭᠠᠵᠠᠷ ᠰᠢᠷᠣᠢ ᠶᠢᠨ ᠣᠷᠣᠨ ᠵᠠᠢ ᠶᠢ | ᠵᠣᠬᠢᠰᠲᠠᠢ ᠠᠰᠢᠭᠯᠠᠭᠤᠯᠤᠨ᠂ ᠣᠬᠤᠷ ᠬᠤᠭᠤᠴᠠᠭᠠᠨ ᠳᠤ ᠪᠣᠯᠪᠠᠰᠤᠷᠠᠬᠤ ᠲᠠᠷᠢᠮᠠᠯ ᠤᠨ ᠦᠢᠯᠡᠰ ᠢ ᠬᠠᠶᠢᠨ | ᠰᠦᠪᠡᠭᠴᠢᠯᠡᠵᠦ᠂ ︽ᠨᠢᠭᠡ ᠤᠳᠠᠭ᠎ᠠ ᠳᠠᠷᠢᠵᠤ᠂ ᠬᠤᠶᠠᠷ ᠤᠳᠠᠭ᠎ᠠ ᠠᠰᠢᠭ ᠣᠯᠬᠤ︾ ᠶᠢ ᠪᠡᠶᠡᠯᠡᠭᠦᠯᠦᠨ᠂ | ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠳᠤ ᠨᠠᠩ ᠣᠯᠠᠨ ᠲᠣᠭᠢᠶᠠᠯ ᠣᠯᠭᠤᠵᠠᠢ᠃ | ︽ᠡᠨᠡ ᠵᠢᠯ ᠤᠨ ᠬᠤᠷ᠎ᠠ ᠪᠣᠷᠣᠭᠠᠨ ᠳᠤᠮᠳᠠ ᠵᠡᠷᠭᠡ᠂ ᠥᠨᠳᠥᠷ ᠬᠠᠯᠠᠭᠤᠨ ᠠᠭᠤᠷ ᠠᠮᠢᠰᠬᠤᠯ ᠡᠷᠲᠡ | ᠢᠷᠡᠭᠰᠡᠨ ᠪᠣᠯᠬᠤᠷ ᠭᠠᠩ ᠬᠠᠭᠰᠠᠷᠠᠭᠠᠨ ᠳᠤ ᠲᠡᠰᠪᠦᠷᠢᠲᠡᠢ ᠡᠨᠡᠳᠬᠡᠭ ᠭᠤᠨᠢᠳ ᠤ ᠤᠷᠭᠤᠯᠲᠠ ᠳᠤ ᠮᠠᠰᠢ | ᠲᠣᠬᠢᠷᠠᠮᠵᠢᠲᠠᠢ ᠪᠣᠯᠤᠭᠰᠠᠨ ᠶᠤᠮ᠂ ᠤᠷᠭᠤᠴᠠ ᠶᠢᠨ ᠪᠠᠶᠢᠳᠠᠯ ᠠᠴᠠ ᠦᠵᠡᠪᠡᠯ᠂ ᠮᠦ ᠪᠦᠷᠢ ᠶᠢᠨ ᠣᠷᠣᠯᠭ᠎ᠠ 2400 | ᠲᠥᠭᠦᠷᠢᠭ ᠣᠷᠴᠢᠮ ᠬᠦᠷᠴᠦ ᠴᠢᠳᠠᠨ᠎ᠠ︾ ᠭᠡᠵᠦ ᠳᠡᠯ ᠤᠯᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦᠵᠢ ᠯᠢᠦ | ᠫᠧᠢ ᠢᠦᠢ ᠲᠠᠨᠢᠯᠴᠠᠭᠤᠯᠤᠨ᠎ᠠ᠃ ᠲᠡᠷᠡ᠂ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠶᠢᠨ ᠬᠡᠯᠪᠡᠯᠵᠡᠯ ᠤᠨ | ᠲᠠᠷᠢᠶᠠᠯᠠᠬᠤ ᠡᠷᠦᠭᠡ ᠳᠤ ᠦᠵᠡᠭᠦᠯᠭᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ | 2024 ᠣᠨ ᠤ ᠡᠬᠢ ᠪᠠᠷ ᠭᠠᠨᠰᠤ ᠶᠢᠨ ᠲᠢᠶᠠᠨ ᠰᠢᠶᠠᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠲᠠᠢ 5000 ᠮᠦ ᠡᠨᠡᠳᠬᠡᠭ ᠭᠤᠨᠢᠳ ᠤ ᠵᠠᠬᠢᠶᠠᠯᠠᠭ᠎ᠠ ᠲᠣᠭᠲᠠᠭᠠᠳ᠂ | ᠡᠷᠭᠢᠨ ᠲᠣᠭᠤᠷᠢᠨ ᠤ 3 ᠭᠠᠴᠠᠭ᠎ᠠ ᠶᠢᠨ ᠲᠠᠷᠢᠶᠠᠴᠢᠨ ᠢ ᠲᠠᠶᠢᠴᠢᠯᠠᠨ ᠳᠠᠷᠢᠵᠠᠢ᠃ ᠲᠤᠬᠠᠢ ᠶᠢᠨ ᠭᠠᠵᠠᠷ ᠤᠨ | ᠲᠠᠷᠢᠮᠠᠯ ᠤᠨ ᠴᠢᠨᠠᠷ ᠰᠠᠶᠢᠨ᠂ ᠭᠠᠷᠤᠯᠲᠠ ᠥᠨᠳᠥᠷ᠂ ᠵᠠᠬ᠎ᠠ ᠳᠡᠯᠭᠡᠭᠦᠷ ᠤᠨ ᠦᠨᠡᠯᠡᠯᠲᠡ ᠰᠠᠶᠢᠨ ᠲᠤᠯᠠ | ᠠᠷᠠᠯᠵᠢᠶᠠᠴᠢᠨ ᠰᠢᠭᠤᠳ ᠲᠠᠷᠢᠶᠠᠨ ᠭᠠᠵᠠᠷ ᠲᠤ ᠢᠷᠡᠵᠦ᠂ ᠡᠨᠡᠳᠬᠡᠭ ᠭᠤᠨᠢᠳ ᠢ ᠬᠤᠷᠢᠶᠠᠭᠠᠳ ᠪᠠᠷᠠᠬᠤ ᠳᠤ | ᠪᠤᠯᠢᠶᠠᠯᠳᠤᠨ ᠬᠤᠳᠠᠯᠳᠤᠨ ᠠᠪᠴᠤ ᠪᠠᠷᠠᠭᠠᠭᠰᠠᠨ ᠪᠠᠶᠢᠨ᠎ᠠ ᠭᠡᠵᠦ ᠪᠠᠶᠢᠯ᠎ᠠ᠃ | 7 ᠰᠠᠷ᠎ᠠ ᠶᠢᠨ ᠡᠬᠢ ᠪᠠᠷ ᠡᠨᠡᠳᠬᠡᠭ ᠭᠤᠨᠢᠳ ᠬᠤᠷᠢᠶᠠᠵᠤ ᠪᠠᠷᠠᠭᠰᠠᠨ ᠤ ᠳᠠᠷᠠᠭ᠎ᠠ᠂ ᠪᠠᠰᠠ ᠲᠣᠰᠣᠨ | ᠴᠡᠴᠡᠭ᠂ ᠨᠣᠬᠠᠢ ᠶᠢᠨ ᠬᠤᠰᠢᠭᠤ ᠶᠢᠨ ᠡᠪᠡᠰᠦ ᠵᠡᠷᠭᠡ ᠲᠠᠷᠢᠮᠠᠯ ᠢ ᠳᠠᠭᠢᠨ ᠳᠠᠷᠢᠵᠤ᠂ ᠨᠢᠭᠡ ᠭᠠᠵᠠᠷ ᠲᠤ ᠣᠯᠠᠨ | ᠳᠠᠷᠢᠵᠤ᠂ ᠨᠢᠭᠡ ᠭᠠᠵᠠᠷ ᠲᠤ ᠣᠯᠠᠨ ᠬᠤᠷᠢᠶᠠᠬᠤ ᠶᠢ ᠪᠡᠶᠡᠯᠡᠭᠦᠯᠬᠦ ᠪᠣᠯᠣᠨ᠎ᠠ᠃ ᠣᠨᠳᠣᠷᠣᠯᠲᠤ ᠪᠠᠯᠭᠠᠰᠤᠨ ᠤ ︽ | ᠡᠨᠡᠳᠬᠡᠭ ᠭᠤᠨᠢᠳ +︾ ᠲᠠᠷᠢᠮᠠᠯ ᠤᠨ ᠵᠠᠭᠪᠤᠷ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠭᠰᠡᠨ ᠢᠶᠠᠷ ᠪᠠᠷᠠᠬᠤ | ᠦᠭᠡᠢ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠦᠭᠦ ᠪᠠᠯᠭᠠᠰᠤᠨ ᠤ ᠲᠠᠷᠢᠶᠠᠯᠠᠩ ᠤᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ︵ᠰᠢᠦᠢ ᠷᠦᠡᠭ | | |