︽ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠤᠭᠤᠳᠬᠤ ᠭᠠᠷᠴᠠᠭ ︵2023 ᠣᠨ ᠤ ᠬᠡᠪᠯᠡᠯ︾᠎ ᠤᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/7
            ︽ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠎ ᠤᠨ ᠱᠠᠭᠠᠷᠳᠠᠯᠭ᠎ᠠ ᠶᠣᠰᠣᠭᠠᠷ᠂ 2023 ᠣᠨ ᠤ 7 ᠳ᠋ᠤᠭᠠᠷ ᠰᠠᠷ᠎ᠠ ᠶᠢᠨ 17᠎ ᠤ ᠡᠳᠦᠷ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ︽ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠤᠭᠤᠳᠬᠤ ᠭᠠᠷᠴᠠᠭ ︵2023 ᠣᠨ ᠤ ᠬᠡᠪᠯᠡᠯ︶︾ ︵ᠳᠣᠷᠣᠭᠰᠢ ︽ᠵᠢᠯᠤᠭᠤᠳᠬᠤ ᠭᠠᠷᠴᠠᠭ︾ ᠭᠡᠵᠦ ᠲᠣᠪᠴᠢᠯᠠᠨ᠎ᠠ︶᠎ ᠎ ᠢ ᠬᠡᠪᠯᠡᠨ ᠲᠠᠷᠬᠠᠭᠠᠪᠠ᠃ ᠲᠤᠤᠱᠯᠠᠭᠤᠯᠤᠨ ᠬᠡᠷᠡᠭᠵᠢᠭᠦᠯᠬᠦ ᠳᠤ ᠲᠦᠬᠦᠮ ᠪᠣᠯᠭᠠᠬᠤ ᠵᠣᠷᠢᠯᠭ᠎ᠠ ᠪᠠᠷ᠂ ᠤᠳᠤ ᠳᠣᠣᠷᠠᠬᠢ ᠮᠡᠲᠦ ᠲᠠᠶᠢᠯᠤᠮᠵᠢ ᠬᠢᠶ᠎ᠠ᠃            ᠨᠢᠭᠡ᠂ ︽ᠵᠢᠯᠤᠭᠤᠳᠬᠤ ᠭᠠᠷᠴᠠᠭ︾᠎ ᠎ ᠢ ᠨᠡᠶᠢᠲᠡᠯᠡᠭᠰᠡᠨ ᠠᠬᠤᠢ ᠪᠠᠶᠢᠳᠠᠯ            2020 ᠣᠨ ᠤ 9ᠳ᠋ᠦ᠋ᠭᠡᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠢ ᠬᠡᠪᠯᠡᠨ ᠲᠠᠷᠬᠠᠭᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠠᠩᠬ᠎ᠠ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠢ ᠤᠯᠠᠮ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ︽ᠵᠢᠯᠤᠭᠤᠳᠬᠤ ᠭᠠᠷᠴᠠᠭ︾᠎ ᠎ ᠢ ᠲᠤᠭᠤᠷᠪᠢᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠪᠠ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠠᠤᠯᠢ ᠪᠠᠷᠢᠬᠤ ᠶᠠᠮᠤᠨ ᠢᠶᠠᠷ ᠬᠢᠨᠠᠨ ᠬᠠᠷᠭᠤᠭᠤᠯᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠪᠯᠡᠨ ᠲᠠᠷᠬᠠᠭᠠᠪᠠ᠃ 2023 ᠣᠨ ᠤ 7 ᠳ᠋ᠤᠭᠠᠷ ᠰᠠᠷ᠎ᠠ ᠶᠢᠨ 5᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠮᠡᠳᠡᠭᠳᠡᠯ︾ ᠬᠡᠪᠯᠡᠨ ᠲᠠᠷᠬᠠᠭᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ︽ᠵᠢᠯᠤᠭᠤᠳᠬᠤ ᠭᠠᠷᠴᠠᠭ︾᠎ ᠎ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠬᠤ ᠶᠢᠨ ᠬᠠᠮᠲᠤ ︽ᠵᠢᠯᠤᠭᠤᠳᠬᠤ ᠭᠠᠷᠴᠠᠭ︾᠎ ᠎ ᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ ᠬᠡᠪᠯᠡᠨ ᠲᠠᠷᠬᠠᠭᠠᠨ᠎ᠠ ᠭᠡᠵᠦ ᠲᠣᠳᠣᠷᠬᠠᠢ ᠲᠣᠭᠲᠠᠭᠠᠵᠠᠢ᠃             ︽ᠮᠡᠳᠡᠭᠳᠡᠯ︾ ᠪᠣᠯᠣᠨ ︽ᠵᠢᠯᠤᠭᠤᠳᠬᠤ ᠭᠠᠷᠴᠠᠭ︾᠎ ᠨᠢ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠥᠨ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠴᠢᠩᠭᠠᠳᠬᠠᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃            ᠬᠤᠶᠠᠷ᠂ ︽ᠵᠢᠯᠤᠭᠤᠳᠬᠤ ᠭᠠᠷᠴᠠᠭ︾᠎ ᠎ ᠤᠨ ᠭᠤᠣᠯ ᠠᠭᠤᠯᠭ᠎ᠠ             ︽ᠵᠢᠯᠤᠭᠤᠳᠬᠤ ᠭᠠᠷᠴᠠᠭ︾᠎ ᠎ ᠳᠤ ᠭᠤᠣᠯᠳᠠᠭᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠵᠦᠢᠯᠡᠰ ᠵᠢᠴᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠲᠣᠭᠲᠠᠭᠠᠭᠰᠠᠨ ᠰᠡᠷᠡᠮᠵᠢ ᠥᠭᠬᠦ᠂ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠦᠢᠯᠡᠰ ᠨᠡᠶᠢᠲᠡ 368 ᠵᠦᠢᠯ ᠢ ᠡᠮᠬᠢᠯᠡᠨ ᠵᠢᠷᠤᠮᠵᠢᠭᠤᠯᠪᠠ᠂ ᠡᠭᠦᠨ ᠳᠤ ᠵᠠᠰᠠᠭ ᠵᠠᠬᠢᠷᠭᠠᠨ ᠤ ᠰᠢᠢᠳᠬᠡᠯ 366 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ 2 ᠵᠦᠢᠯ ᠪᠠᠭᠲᠠᠨ᠎ᠠ᠃ ᠲᠣᠰ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠨ ᠨᠡᠶᠢᠲᠡᠯᠡᠭᠰᠡᠨ ︽ᠵᠢᠯᠤᠭᠤᠳᠬᠤ ᠭᠠᠷᠴᠠᠭ︾᠎ ᠎ ᠲᠠᠬᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠬᠤᠯᠪᠣᠭᠳᠠᠯ ᠪᠦᠬᠦᠢ ᠵᠦᠢᠯᠡᠰ ᠢ 2023 ᠣᠨ ᠤ 5 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠰᠢᠨᠡᠳᠬᠡᠪᠡ᠃            ᠨᠢᠭᠡ ᠳᠤ ᠬᠠᠤᠯᠢ ᠬᠡᠷᠡᠭᠵᠢᠭᠦᠯᠬᠦ ᠵᠦᠢᠯᠡᠰ ᠤᠨ ᠨᠡᠷᠡᠶᠢᠳᠦᠯ ᠪᠠ ᠬᠡᠷᠡᠭᠵᠢᠭᠦᠯᠬᠦ ᠦᠨᠳᠦᠰᠦ ᠪᠠᠷᠢᠮᠲᠠ ᠶᠢ ᠲᠣᠳᠣᠷᠬᠠᠶᠢᠯᠠᠨ᠎ᠠ᠃ ᠬᠠᠤᠯᠢ ᠬᠡᠷᠡᠭᠵᠢᠭᠦᠯᠬᠦ ᠵᠦᠢᠯᠡᠰ ᠤᠨ ᠨᠡᠷᠡᠶᠢᠳᠦᠯ ᠢ ᠵᠠᠷᠴᠢᠮ ᠳᠡᠭᠡᠷ᠎ᠡ ᠪᠠᠨ ᠲᠣᠰ ᠵᠦᠢᠯᠡᠰ ᠢ ᠲᠣᠭᠲᠠᠭᠠᠭᠰᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠵᠦᠢᠯ ᠵᠤᠷᠪᠤᠰ ᠤᠨ ᠠᠭᠤᠯᠭ᠎ᠠ ᠶᠢ ᠦᠨᠳᠦᠰᠦᠯᠡᠨ ᠬᠤᠷᠢᠶᠠᠩᠭᠤᠶᠢᠯᠠᠨ ᠪᠣᠯᠪᠠᠰᠤᠷᠠᠭᠤᠯᠤᠨ᠎ᠠ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠵᠦᠢᠯᠡᠰ ᠢ ᠪᠠᠭᠲᠠᠭᠠᠬᠤ ᠦᠭᠡᠢ᠃ ᠬᠡᠷᠡᠭᠵᠢᠭᠦᠯᠬᠦ ᠦᠨᠳᠦᠰᠦ ᠪᠠᠷᠢᠮᠲᠠ ᠨᠢ ᠪᠦᠷᠢᠨ ᠪᠦᠲᠦᠨ᠂ ᠲᠣᠳᠣᠷᠬᠠᠢ᠂ ᠣᠨᠣᠪᠴᠢᠲᠠᠶ ᠪᠠᠶᠢᠬᠤ ᠵᠠᠷᠴᠢᠮ ᠤᠨ ᠶᠣᠰᠣᠭᠠᠷ᠂ ᠲᠤᠰ ᠬᠡᠷᠡᠭ ᠶᠠᠪᠤᠳᠠᠯ ᠢ ᠲᠣᠭᠲᠠᠭᠠᠭᠰᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠪᠣᠳᠠᠲᠠᠢ ᠵᠦᠢᠯ ᠵᠤᠷᠪᠤᠰ ᠤᠨ ᠠᠭᠤᠯᠭ᠎ᠠ ᠶᠢ ᠵᠢᠭᠰᠠᠭᠠᠵᠠᠢ᠃            ᠬᠤᠶᠠᠷ ᠲᠤ ᠬᠠᠤᠯᠢ ᠪᠠᠷ ᠲᠣᠭᠲᠠᠭᠠᠭᠰᠠᠨ ᠬᠡᠷᠡᠭᠵᠢᠭᠦᠯᠬᠦ ᠪᠡᠶᠡᠴᠢ ᠴᠣᠭᠴᠠ ᠶᠢ ᠲᠣᠳᠣᠷᠬᠠᠢ ᠪᠣᠯᠭᠠᠨ᠎ᠠ᠃ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠥᠯ︾ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠵᠢᠯᠤᠭᠤᠳᠬᠤ ᠭᠠᠷᠴᠠᠭ︾᠎ ᠎ ᠲᠤ ᠵᠢᠭᠰᠠᠭᠠᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠬᠦ ᠭᠤᠣᠯ ᠴᠣᠭᠴᠠ ᠶᠢ ︽ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠪᠣᠯᠭᠠᠨ ᠨᠢᠭᠡᠳᠦᠯᠲᠡᠢ ᠵᠢᠷᠤᠮᠵᠢᠭᠤᠯᠪᠠ᠂ ᠲᠤᠬᠠᠶᠢᠯᠠᠪᠠᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠷ᠎ᠡ ᠪᠠᠷ ᠨᠢᠭᠡᠳᠦᠯᠲᠡᠢ ᠬᠠᠤᠯᠢ ᠬᠡᠷᠡᠭᠵᠢᠭᠦᠯᠦᠨ᠎ᠡ᠃ ︽ᠵᠢᠯᠤᠭᠤᠳᠬᠤ ᠭᠠᠷᠴᠠᠭ︾᠎ ᠎ ᠲᠠᠬᠢ ᠬᠤᠯᠪᠣᠭᠳᠠᠯ ᠪᠦᠬᠦᠢ ᠵᠦᠢᠯᠡᠰ ᠨᠢ ᠪᠤᠰᠤᠳ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠬᠡᠷᠡᠭᠵᠢᠭᠦᠯᠦᠨ᠎ᠡ᠃            ᠭᠤᠷᠪᠠ ᠳᠤ᠂ ᠨᠢᠭᠡᠳᠦᠭᠡᠷ ᠬᠠᠷᠢᠭᠤᠴᠠᠯᠭ᠎ᠠ ᠶᠢᠨ ᠲᠡᠰ ᠳᠠᠪᠬᠤᠷᠭ᠎ᠠ ᠶᠢ ᠲᠣᠳᠣᠷᠬᠠᠶᠢᠯᠠᠪᠠ᠃ ᠡᠷᠬᠡ ᠲᠠᠢ ᠪᠠᠶᠢᠪᠠᠯ ᠵᠠᠪᠠᠯ ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠲᠠᠢ ᠪᠠᠶᠢᠪᠠᠯ ᠵᠠᠪᠠᠯ ᠡᠭᠦᠷᠭᠡᠯᠡᠬᠦ᠂ ᠬᠠᠷᠢᠭᠤᠴᠠᠯᠭ᠎ᠠ ᠪᠠᠨ ᠠᠯᠳᠠᠪᠠᠯ ᠵᠠᠪᠠᠯ ᠨᠡᠬᠡᠮᠵᠢᠯᠡᠬᠦ ᠵᠠᠷᠴᠢᠮ ᠶᠣᠰᠣᠭᠠᠷ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢᠨ ᠨᠢᠭᠡᠳᠦᠭᠡᠷ ᠬᠠᠷᠢᠶᠠᠯᠠᠯ ᠪᠠ ᠨᠢᠭᠡᠳᠦᠭᠡᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠂ ᠭᠡᠪᠡᠴᠦ ᠳᠡᠭᠡᠳᠦ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠠᠷᠢᠶᠠᠯᠠᠯ ᠤᠨ ᠡᠷᠬᠡ ᠪᠠ ᠰᠢᠢᠳᠬᠡᠬᠦ ᠡᠷᠬᠡ ᠶᠢ ᠭᠠᠳᠠᠭᠤᠷᠴᠢᠯᠠᠬᠤ ᠦᠭᠡᠢ᠃            ᠭᠤᠷᠪᠠ᠂ ᠲᠤᠤᠱᠯᠠᠭᠤᠯᠤᠨ ᠬᠡᠷᠡᠭᠵᠢᠭᠦᠯᠬᠦ ᠱᠠᠭᠠᠷᠳᠠᠯᠭ᠎ᠠ             ︽ᠮᠡᠳᠡᠭᠳᠡᠯ︾ ᠪᠠ ︽ᠵᠢᠯᠤᠭᠤᠳᠬᠤ ᠭᠠᠷᠴᠠᠭ︾ ᠪᠣᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠲᠥᠬᠦᠷ ᠠᠷᠭ᠎ᠠ ᠬᠡᠮᠵᠢᠶ᠎ᠡ ᠪᠣᠯᠣᠨ᠎ᠠ᠂ ᠡᠯ᠎ᠡ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠮᠡᠳᠡᠭᠳᠡᠯ︾ ᠪᠠ ︽ᠵᠢᠯᠤᠭᠤᠳᠬᠤ ᠭᠠᠷᠴᠠᠭ︾᠎ ᠎ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃            ᠨᠢᠭᠡ ᠳᠤ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠮᠡᠳᠡᠭᠳᠡᠯ︾᠎ ᠎ ᠤᠨ ᠱᠠᠭᠠᠷᠳᠠᠯᠭ᠎ᠠ ᠪᠠ ᠣᠷᠣᠨ ᠨᠤᠲᠤᠭ ᠤᠨ ᠬᠠᠤᠯᠢ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ︽ᠵᠢᠯᠤᠭᠤᠳᠬᠤ ᠭᠠᠷᠴᠠᠭ︾᠎ ᠎ ᠤᠨ ᠰᠠᠭᠤᠷᠢᠨ ᠳᠡᠭᠡᠷ᠎ᠡ᠂ ᠤᠯᠠᠮ ᠨᠥᠬᠦᠪᠦᠷᠢᠯᠡᠵᠦ᠂ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠣᠰ ᠭᠠᠵᠠᠷ ᠣᠷᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠤᠭᠤᠳᠬᠤ ᠭᠠᠷᠴᠠᠭ ᠢ ᠲᠦᠷᠭᠡᠬᠡᠨ ᠪᠣᠶ ᠪᠣᠯᠭᠠᠵᠤ᠂ ᠲᠠᠰ ᠳᠠᠷᠠᠭᠠᠯᠠᠯ ᠤᠨ ᠶᠣᠰᠣᠭᠠᠷ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠵᠣᠬᠢᠰᠲᠠᠢ ᠠᠷᠭ᠎ᠠ ᠮᠠᠶ᠋ᠢᠭ ᠢᠶᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃            ᠬᠤᠶᠠᠷ ᠲᠤ᠂ ᠡᠯ᠎ᠡ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠵᠢᠯᠤᠭᠤᠳᠬᠤ ᠭᠠᠷᠴᠠᠭ︾᠎ ᠎ ᠲᠠᠢ ᠬᠠᠷᠢᠴᠠᠭᠤᠯᠤᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠤᠯᠠᠮ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠯᠦᠭᠡ ᠵᠣᠬᠢᠴᠠᠯᠳᠤᠭᠰᠠᠨ ᠬᠠᠤᠯᠢ ᠬᠡᠷᠡᠭᠵᠢᠭᠦᠯᠬᠦ ᠵᠦᠢᠯᠡᠰ ᠢ ᠢᠯᠭᠠᠷᠠᠭᠤᠯᠤᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠳᠠᠯᠢ ᠨᠢᠭᠡᠨ ᠵᠦᠢᠯᠡᠰ ᠤᠨ ᠠᠳᠠᠯᠢ ᠪᠠᠶᠢᠳᠠᠯ ᠳᠤ ᠠᠳᠠᠯᠢ ᠪᠠᠷᠢᠮᠵᠢᠶ᠎ᠠ ᠪᠠᠷ ᠰᠢᠢᠳᠬᠡᠨ ᠲᠣᠷᠭᠠᠵᠤ᠂ ᠢᠯᠭᠠᠭ᠎ᠠ ᠦᠭᠡᠢ ᠪᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃            ᠭᠤᠷᠪᠠ ᠳᠤ ᠡᠯ᠎ᠡ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠷᠭ᠎ᠠ ᠮᠠᠶ᠋ᠢᠭ ᠠᠷᠭ᠎ᠠ ᠪᠠᠷᠢᠯ ᠢ ᠭᠦᠢᠴᠡᠳ ᠠᠰᠢᠭᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠤᠯᠢ ᠬᠡᠷᠡᠭᠵᠢᠭᠦᠯᠬᠦ ᠠᠵᠢᠯ ᠤᠨ ᠨᠠᠩ ᠵᠢᠷᠤᠮᠵᠢᠯ ᠲᠠᠢ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号