| | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵ 2021 — 2025 | ᠣᠨ︶ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ | ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠠᠰᠢ ᠤᠷᠤᠭᠰᠢᠯᠠᠭᠰᠠᠨ ᠠᠩᠬᠠᠳᠠᠭᠴᠢ ᠲᠠᠪᠤᠨ | ᠵᠢᠯ ᠮᠥᠨ᠂ ᠪᠠᠰᠠ ᠴᠤ ᠠᠯᠠᠱᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠪᠴᠢᠯᠡᠨ ᠬᠤᠪᠢᠷᠠᠭᠤᠯᠬᠤ | ᠵᠠᠩᠭᠢᠯᠠᠭ᠎ᠠ ᠶᠢᠨ ᠲᠠᠪᠤᠨ ᠵᠢᠯ ᠮᠥᠨ᠃ ︽ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠪᠦᠲᠦᠮᠵᠢᠲᠡᠶ | ᠬᠡᠷᠡᠭᠵᠢᠭᠦᠯᠬᠦ ᠨᠢ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠴᠢᠨᠠᠷ ᠰᠠᠶᠢᠲᠠᠶ | ᠬᠥᠭᠵᠢᠬᠦ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | | ᠨᠢᠭᠡᠳᠦᠭᠡᠷ ᠪᠦᠯᠦᠭ ᠬᠥᠭᠵᠢᠯᠲᠡ ᠶᠢᠨ ᠰᠠᠭᠤᠷᠢ ᠬᠢᠭᠡᠳ ᠬᠥᠭᠵᠢᠯᠲᠡ ᠶᠢᠨ ᠣᠷᠴᠢᠨ ᠨᠥᠬᠦᠴᠡᠯ | | ᠨᠢᠭᠡᠳᠦᠭᠡᠷ ᠬᠡᠰᠡᠭ ᠬᠥᠭᠵᠢᠯᠲᠡ ᠶᠢᠨ ᠰᠠᠭᠤᠷᠢ | | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠠᠴᠠ ᠨᠠᠰᠢ᠂ ᠨᠠᠷᠢᠨ | ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠣᠷᠴᠢᠨ ᠲᠣᠭᠤᠷᠢᠨ ᠳᠤ ᠬᠠᠨᠳᠤᠵᠤ᠂ ᠢᠯᠠᠩᠭᠤᠶ᠎ᠠ ᠰᠢᠨ᠎ᠡ | ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠪᠠᠶᠢᠳᠠᠯ ᠤᠨ ᠳᠣᠤᠷ᠎ᠠ᠂ ᠮᠠᠨ ᠤ ᠠᠶᠢᠮᠠᠭ ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠵᠤ ᠠᠬᠤᠶ ᠪᠠᠭᠤᠷᠠᠬᠤ | ᠳᠠᠷᠤᠯᠲᠠ ᠶᠢ ᠢᠳᠡᠪᠬᠢᠲᠡᠶ ᠠᠷᠭᠠᠴᠠᠵᠤ᠂ ᠡᠷᠡᠰ ᠭᠤᠶᠢᠪᠢᠰᠢ ᠥᠬᠡᠶ ᠪᠠᠷ ᠲᠣᠭᠲᠠᠭᠤᠨ ᠢᠶᠠᠷ ᠨᠡᠮᠡᠭᠳᠡᠭᠦᠯᠦᠨ᠂ | ᠥᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠳᠣᠭᠢᠷᠠᠭᠤᠯᠤᠨ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠡᠶ᠃ | | ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ 2020 | ᠣᠨ ᠳᠤ᠂ ᠪᠥᠬᠦ ᠠᠶᠢᠮᠠᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 304.8 ᠳ᠋ᠦᠩᠰᠢᠭᠤᠷ | ᠲᠥᠭᠦᠷᠢᠭ ᠲᠤ ᠬᠦᠷᠦᠭᠦᠯᠵᠦ᠂ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ | ᠳᠤᠮᠳᠠᠴᠢ ᠪᠠᠷ 5.8% ᠪᠠᠷ ᠨᠡᠮᠡᠭᠳᠡᠭᠦᠯᠪᠡ᠃ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ | ᠳᠤᠮᠳᠠᠴᠢ ᠪᠠᠷ 3.7% ᠪᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 31.1 ᠳ᠋ᠦᠩᠰᠢᠭᠤᠷ | ᠲᠥᠭᠦᠷᠢᠭ ᠲᠤ ᠬᠦᠷᠴᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ | ᠪᠦᠷᠢ ᠳᠤᠮᠳᠠᠴᠢ ᠪᠠᠷ 8.8% ᠪᠠᠷ ᠨᠡᠮᠡᠭᠳᠡᠪᠡ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ | ᠠᠯᠢ ᠤᠯᠠᠨ ᠶᠠᠳᠠᠭᠤ ᠶᠢ ᠲᠡᠳᠬᠦᠬᠦ ᠵᠦᠢᠯᠡᠰ ᠢ ᠬᠡᠷᠡᠭᠵᠢᠭᠦᠯᠵᠦ᠂ ᠨᠡᠶᠢᠳᠡ 5996 ᠬᠥᠮᠦᠨ ᠢ ᠶᠠᠳᠠᠭᠤ ᠠᠴᠠ | ᠠᠩᠭᠢᠵᠢᠷᠠᠭᠤᠯᠪᠠ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 0.6% | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠲᠤᠰ ᠲᠤᠰ 44009 ᠲᠥᠭᠦᠷᠢᠭ᠂ 23144 ᠲᠥᠭᠦᠷᠢᠭ ᠲᠤ ᠬᠦᠷᠴᠦ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 6.4%᠂ 8.2% ᠢᠶᠠᠷ | ᠨᠡᠮᠡᠭᠳᠡᠵᠦ᠂ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠨᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠨᠡᠮᠡᠭᠳᠡᠯ ᠤᠨ ᠬᠤᠷᠳᠤᠴᠠ ᠠᠴᠠ | ᠥᠨᠳᠥᠷ ᠪᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ 2010 ᠣᠨ ᠤ ᠬᠢ ᠠᠴᠠ ᠨᠢᠭᠡ ᠳᠠᠬᠢᠨ ᠨᠡᠮᠡᠭᠳᠡᠭᠦᠯᠬᠦ | ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠰᠢᠨ᠎ᠡ ᠠᠯᠬᠤᠮ ᠢ ᠠᠯᠬᠤᠪᠠ᠃ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠳᠣᠬᠢᠴᠢᠯᠠᠭᠰᠠᠨ | ᠥᠨᠳᠥᠷ ᠦᠷ᠎ᠡ ᠠᠰᠢᠭᠲᠤ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠲᠠᠷᠢᠮᠠᠯ ᠤᠨ ᠳᠠᠷᠢᠬᠤ | ᠲᠠᠯᠠᠪᠠᠶ ᠶᠢ 48 ᠲᠦᠮᠡᠨ ᠮᠥ ᠳᠤ ᠲᠣᠭᠲᠠᠪᠤᠷᠢᠵᠢᠭᠤᠯᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠪᠡ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠵᠤ᠂ ᠮᠠᠯ ᠤᠨ ᠲᠤᠭ᠎ᠠ ᠲᠣᠯᠣᠭᠠᠶ ᠶᠢ | 115 ᠲᠦᠮᠡᠨ ᠲᠣᠯᠣᠭᠠᠶ ︵ ᠲᠣᠯᠣᠭᠠᠶ︶ ᠳᠤ ᠬᠢᠵᠠᠭᠠᠷᠯᠠᠨ᠎ᠠ᠃ ᠤᠨᠴᠠᠯᠢᠭᠳᠤ ᠠᠮᠢ ᠠᠬᠤᠶ ᠶᠢᠨ ᠠᠵᠤ | ᠦᠶᠯᠡᠰ ᠢ ᠬᠡᠪᠴᠢᠶᠡᠵᠢᠭᠦᠯᠦᠨ ᠬᠥᠭᠵᠢᠭᠦᠯᠬᠦ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠦ᠂ ᠠᠯᠠᠱᠠ ᠶᠢᠨ ᠠᠮᠢ | ᠠᠬᠤᠶ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ᠂ | ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠠᠵᠤ | ᠦᠶᠯᠡᠰ ᠤᠨ ᠬᠦᠷᠢᠶᠡᠯᠡᠩ ᠡᠮᠬᠢ ᠵᠢᠷᠤᠮ ᠲᠠᠢ ᠡᠷᠡᠭᠦᠯ ᠢᠶᠠᠷ ᠬᠥᠭᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ | ᠦᠶᠯᠡᠰᠵᠢᠭᠦᠯᠦᠨ ᠡᠵᠡᠩᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠲᠥᠴᠢ ᠠᠵᠤ ᠠᠬᠤᠶᠢᠯᠠᠯ ᠢ 52 ᠪᠣᠯᠭᠠᠵᠤ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠦᠯᠦᠨ ᠡᠳ᠋ᠰᠢᠭᠦᠯᠬᠦ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠪᠡ᠃ ᠠᠵᠤ | ᠦᠶᠯᠡᠳᠪᠦᠷᠢ ᠶᠢᠨ ︽ᠲᠥᠪᠯᠡᠷᠡᠭᠦᠯᠦᠨ ᠲᠥᠪᠯᠡᠷᠡᠭᠦᠯᠵᠦ ᠡᠷᠴᠢᠮᠵᠢᠭᠦᠯᠬᠦ︾ ᠬᠥᠭᠵᠢᠯᠲᠡ ᠶᠢ ᠠᠬᠢᠭᠤᠯᠵᠤ᠂ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ | 1562 ᠠᠵᠤ ᠠᠬᠤᠶᠢᠯᠠᠯ ᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠤᠯᠤᠨ ᠰᠠᠭᠤᠯᠭᠠᠵᠤ᠂ | ᠠᠵᠤ ᠦᠶᠯᠡᠳᠪᠦᠷᠢ ᠶᠢᠨ ᠠᠵᠤ ᠠᠬᠤᠶᠢᠯᠠᠯ ᠢ 2015 ᠣᠨ ᠳᠤ 116 ᠪᠠᠶᠢᠭᠰᠠᠨ ᠠᠴᠠ 2020 ᠣᠨ | ᠪᠣᠯᠬᠤ ᠳᠤ 144 ᠪᠣᠯᠭᠠᠨ ᠨᠡᠮᠡᠭᠳᠡᠭᠦᠯᠪᠡ᠃ ᠣᠳᠣᠬᠢᠴᠢᠯᠠᠭᠰᠠᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ | ᠳᠠᠪᠤᠰᠤᠨ ᠤ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠨᠴᠠᠯᠢᠬᠳᠤ | ᠳᠠᠪᠠᠭᠤᠯᠢᠭ ᠠᠵᠤ ᠦᠢᠯᠡᠰ ᠦᠷᠭᠦᠯᠵᠢᠯᠡᠨ ᠬᠥᠭᠵᠢᠨ ᠪᠤᠵᠠᠭᠠᠶᠢᠷᠠᠵᠤ᠂ 20 ᠭᠠᠷᠤᠢ ᠲᠦᠷᠦᠯ ᠤᠨ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ | 50% ᠠᠴᠠ ᠳᠡᠭᠡᠭᠰᠢᠬᠢ ᠶᠢ ᠡᠵᠡᠯᠡᠵᠦ᠂ ᠡᠭᠦᠨ ᠳᠤ ᠢᠨᠳᠢᠭᠤ ᠬᠦᠬᠡ᠂ ᠲᠡᠮᠦᠷᠯᠢᠭ ᠨᠠᠲᠷᠢ᠂ ᠭᠡᠷᠡᠯ ᠠᠰᠠᠭᠠᠭᠴᠢ | ᠡᠳ᠋ ᠤᠨ ᠦᠢᠯᠡᠳᠪᠦᠷᠢᠯᠡᠯ ᠤᠨ ᠴᠢᠳᠠᠪᠤᠷᠢ ᠪᠦᠬᠦ ᠪᠥᠮᠪᠥᠷᠴᠡᠭ ᠤᠨ ᠨᠢᠭᠡᠳᠦᠭᠡᠷ ᠲᠤ ᠣᠷᠣᠪᠠ᠃ ᠣᠳᠣᠬᠢᠴᠢᠯᠠᠭᠰᠠᠨ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠯᠠᠱᠠ - ᠱᠠᠩᠬᠤ ᠶᠢᠨ | ᠰᠦᠮ᠎ᠡ ᠶᠢᠨ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠢ ᠡᠬᠢᠯᠡᠨ | ᠬᠡᠷᠡᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 342 | ᠲᠦᠮᠡᠨ ᠺᠢᠯᠣᠸᠠᠲ ᠲᠤ ᠬᠦᠷᠴᠦ᠂ ᠴᠢᠯᠠᠭᠤᠨ ᠲᠤᠰᠤᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠶᠢ 1.6 | ᠳ᠋ᠦᠩᠰᠢᠭᠤᠷ ᠲᠣᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠶᠢ 131 | ᠳ᠋ᠦᠩᠰᠢᠭᠤᠷ ᠺᠥᠪ ᠬᠠᠶᠢᠨ ᠰᠢᠨᠵᠢᠯᠡᠪᠡ᠃ ᠵᠢᠭᠤᠯᠴᠢᠯᠠᠯ᠂ ᠪᠣᠭᠤᠮᠲᠠ᠂ ᠪᠠᠷᠠᠭᠠᠨ ᠤ ᠭᠦᠢᠯᠭᠡᠭᠡ᠂ ᠴᠠᠬᠢᠮ | ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠲᠦᠷᠭᠡᠨ ᠬᠥᠭᠵᠢᠵᠦ᠂ ᠦᠢᠯᠡᠴᠢᠯᠡᠭᠡᠨ ᠤ ᠦᠢᠯᠡᠰ ᠤᠨ | ᠳᠣᠲᠣᠭᠠᠳᠤ ᠪᠦᠲᠦᠴᠡ ᠤᠯᠠᠮ ᠰᠢᠯᠢᠳᠡᠭᠵᠢᠪᠡ᠃ ᠵᠢᠭᠤᠯᠴᠢᠯᠠᠯ ᠤᠨ ᠠᠵᠤ ᠦᠶᠯᠡᠰ ᠤᠨ ᠬᠡᠪᠴᠢᠶ᠎ᠡ ᠦᠳᠲᠡᠷ | ᠲᠦᠷᠭᠡᠨ ᠬᠥᠭᠵᠢᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ | ᠠᠶᠢᠮᠠᠭ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ ᠨᠡᠶᠢᠲᠡ 2489.1 ᠲᠦᠮᠡᠨ | ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠪᠥᠬᠦ ᠣᠷᠣᠯᠭ᠎ᠠ ᠶᠢ 515.2 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 65.2% ᠪᠠ 261.8% ᠪᠠᠷ ᠨᠡᠮᠡᠭᠳᠡᠪᠡ᠃ | ᠦᠶᠯᠡᠴᠢᠯᠡᠭᠡᠨ ᠤ ᠦᠶᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠲᠤ | ᠡᠵᠡᠯᠡᠬᠦ ᠬᠤᠪᠢ ᠶᠢᠨ ᠵᠢᠩ 37.2% ᠲᠤ ᠬᠦᠷᠭᠡᠪᠡ᠃ | | ᠠᠮᠢ ᠠᠬᠤᠶ ᠶᠢᠨ ᠣᠷᠴᠢᠨ ᠨᠥᠬᠦᠴᠡᠯ ᠢ ᠨᠡᠩ ᠰᠢᠯᠢᠳᠡᠭᠵᠢᠭᠦᠯᠪᠡ᠃ ᠪᠡᠶᠡᠴᠢ ᠴᠣᠭᠴᠠ ᠶᠢᠨ ᠴᠢᠳᠠᠮᠵᠢᠳᠤ | ᠣᠷᠣᠨ ᠤ ᠪᠠᠶᠢᠯᠳᠤᠬᠤ ᠪᠤᠳᠤᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ︽ᠭᠤᠷᠪᠠᠨ ᠣᠷᠣᠨ ᠭᠤᠷᠪᠠᠨ ᠹᠷᠣᠨᠲ︾ | ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ ᠡᠨᠧᠷᠭᠢ | ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠯᠠᠪᠳᠠᠭᠤᠨ ᠪᠠᠲᠤᠲᠠᠶ ᠠᠬᠢᠭᠤᠯᠤᠨ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠠᠪᠠᠭᠤᠯᠤᠨ ᠪᠡᠶᠡᠯᠡᠭᠦᠯᠵᠦ᠂ ᠪᠥᠬᠦ | ᠠᠶᠢᠮᠠᠭ ᠤᠨ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ | 2015 ᠣᠨ ᠤ ᠬᠢ ᠠᠴᠠ ᠲᠣᠰ ᠲᠣᠰ 19.2%᠂ 14.6% ᠪᠠᠷ ᠪᠠᠭᠤᠷᠠᠭᠤᠯᠵᠤ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠭᠦᠷᠭᠡ ᠶᠢᠨ 222%᠂ 111% ᠶᠢ ᠲᠣᠰ ᠲᠣᠰ ᠪᠡᠶᠡᠯᠡᠭᠦᠯᠪᠡ᠃ ᠲᠤᠰᠬᠠᠶ ᠣᠷᠣᠨ ᠤ | ᠲᠠᠰ ᠠᠴᠠ ᠳᠡᠭᠡᠭᠰᠢᠬᠢ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ | 346 ᠡᠳᠦᠷ ᠲᠤ ᠬᠦᠷᠦᠭᠦᠯᠪᠡ︔ ᠨᠢᠭᠡᠴᠢ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ | ᠤᠰᠤ ᠬᠡᠷᠡᠭᠯᠡᠬᠦ ᠬᠡᠮᠵᠢᠶ᠎ᠡ ᠨᠡᠶᠢᠲᠡ 26.6% ᠪᠠᠷ ᠪᠠᠭᠤᠷᠠᠵᠤ᠂ ᠭᠠᠵᠠᠷ ᠳᠡᠭᠡᠷᠡᠬᠢ ᠤᠰᠤᠨ ᠤ ᠴᠢᠨᠠᠷ | ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠦ᠂ ᠮᠠᠭᠤ V ᠲᠥᠷᠥᠯ ᠤᠨ ᠤᠰᠤᠨ | ᠴᠣᠭᠴᠠ ᠥᠬᠡᠶ ᠪᠣᠯᠵᠠᠶ᠃ ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ᠭᠤᠷᠪᠠᠨ ᠤᠮᠠᠷᠠᠲᠤ ᠶᠢᠨ ᠬᠠᠯᠬᠠᠪᠴᠢ ᠣᠶ᠂ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢ | ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ | ᠪᠦᠷᠬᠦᠴᠡ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 2015 ᠣᠨ ᠳᠤ 20.62%᠂ 7.65% | ᠪᠠᠶᠢᠭᠰᠠᠨ ᠠᠴᠠ 23.18%᠂ 8.01% ᠪᠣᠯᠭᠠᠨ ᠳᠡᠭᠡᠭᠰᠢᠯᠡᠭᠦᠯᠵᠦ᠂ ︽ᠬᠤᠤᠰ ᠨᠡᠮᠡᠭᠳᠡᠯ︾ ᠢ ᠪᠡᠶᠡᠯᠡᠭᠦᠯᠪᠡ᠃ | ᠠᠮᠢ ᠠᠬᠤᠶ ᠶᠢᠨ ᠣᠷᠴᠢᠨ ᠨᠥᠬᠦᠴᠡᠯ ᠤᠨ ᠮᠠᠭᠤᠳᠠᠬᠤ ᠬᠠᠨᠳᠤᠰᠢ ᠶᠢ ᠪᠦᠬᠦᠯᠢ ᠴᠣᠭᠴᠠ ᠪᠠᠷ ᠨᠢ ᠬᠤᠷᠢᠭᠯᠠᠵᠤ᠂ | ᠭᠤᠣᠯᠳᠠᠯᠭ᠎ᠠ ᠲᠠᠢ ᠵᠠᠰᠠᠬᠤ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠤᠯᠠᠮ ᠴᠢᠩᠭᠠᠷᠠᠪᠠ᠃ 2019 | ᠣᠨ ᠳᠤ ᠪᠥᠬᠦ ᠨᠡᠶᠢᠭᠡᠮ ᠤᠨ ᠰᠤᠳᠤᠯᠭᠠᠨ ᠪᠠ ᠨᠡᠭᠡᠭᠡᠨ ᠬᠥᠭᠵᠢᠭᠦᠯᠦᠯᠲᠡ ᠶᠢᠨ ᠵᠠᠷᠤᠳᠠᠯ ᠤᠨ ᠣᠷᠣᠭᠤᠯᠤᠯᠲᠠ ᠶᠢᠨ | ᠬᠦᠴᠦᠯᠡᠴᠡ ︵ R&D︶ ᠨᠢ 0.44% ᠪᠣᠯᠤᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠡᠯ᠎ᠡ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠨᠡᠶᠢᠲᠡ 234 ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠡᠶᠢᠲᠡ 1.91 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠷᠪᠠᠨ | ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 27.3% ᠪᠠᠷ ᠨᠡᠮᠡᠭᠳᠡᠪᠡ᠃ | ᠡᠯ᠎ᠡ ᠲᠥᠷᠥᠯ ᠤᠨ ᠤᠨᠴᠠᠯᠢᠭᠳᠤ ᠠᠵᠤ ᠦᠶᠯᠡᠰᠵᠢᠯᠲᠡ ᠶᠢᠨ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠤᠨ 121 ᠠᠴᠢᠶᠠᠯᠠᠪᠤᠷᠢ ᠶᠢ ᠪᠤᠶᠢᠵᠢᠭᠤᠯᠤᠨ ᠪᠠᠶᠢᠭᠤᠯᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ 656 ᠴᠢᠳᠠᠪᠤᠷᠢᠲᠠᠨ ᠢ ᠤᠶᠠᠨ ᠬᠠᠳᠠᠨ ᠴᠢᠨᠠᠷᠲᠠᠶ ᠪᠠᠷ | ᠣᠷᠣᠭᠤᠯᠤᠨ ᠠᠪᠴᠢᠷᠠᠵᠤ᠂ ᠣᠷᠣᠨ ᠨᠤᠲᠤᠭ ᠤᠨ 365 ᠴᠢᠳᠠᠪᠤᠷᠢᠲᠠᠨ ᠢ ᠬᠥᠮᠦᠵᠢᠭᠦᠯᠪᠡ᠃ ᠪᠥᠬᠦ ᠠᠶᠢᠮᠠᠭ ᠤᠨ | ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ 19 ᠵᠦᠶᠯ᠂ ᠥᠪᠡᠷᠲᠡᠭᠡᠨ ᠵᠠᠰᠠᠬᠤ | ᠣᠷᠣᠨ ᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ 85 ᠵᠦᠶᠯ ᠪᠣᠶ᠃ ᠲᠤᠰᠬᠠᠶ | ᠠᠰᠢᠭ ᠭᠤᠶᠤᠴᠢᠯᠠᠭᠰᠠᠨ ᠬᠡᠮᠵᠢᠶ᠎ᠡ ᠪᠠ ᠡᠷᠬᠡ ᠣᠯᠭᠤᠭᠰᠠᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠲᠦᠮᠡᠨ | ᠬᠥᠮᠦᠨ ᠨᠢᠭᠡᠪᠦᠷᠢ ᠶᠢᠨ ᠬᠦᠴᠦᠨ ᠪᠦᠬᠦᠢ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ ᠶᠢ 3.63 | ᠬᠤᠪᠢ ᠪᠣᠯᠭᠠᠪᠠ᠃ ᠲᠠᠷᠢᠶᠠᠯᠠᠩ ᠮᠠᠯ ᠠᠵᠤ ᠠᠬᠤᠶ᠂ ᠤᠨᠴᠠᠯᠢᠬᠳᠤ ᠠᠮᠢ ᠠᠬᠤᠶ ᠶᠢᠨ ᠠᠵᠤ ᠦᠶᠯᠡᠰ᠂ ᠠᠵᠤ | ᠦᠶᠯᠡᠳᠪᠦᠷᠢ᠂ ᠮᠣᠩᠭᠤᠯ ᠡᠮ ᠡᠮᠨᠡᠯᠭᠡ᠂ ᠮᠡᠳᠡᠭᠡ ᠵᠠᠩᠭᠢᠵᠢᠯᠲᠠ ᠵᠡᠷᠭᠡ ᠣᠯᠠᠨ ᠬᠦᠷᠢᠶ᠎ᠡ ᠪᠠ ᠠᠵᠢᠯ ᠲᠥᠷᠥᠯ ᠳᠤ | 328 ᠵᠦᠶᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠶ ᠪᠣᠯᠭᠠᠭᠰᠠᠨ ᠪᠠ ᠣᠷᠣᠭᠤᠯᠤᠨ | ᠠᠪᠴᠢᠷᠠᠵᠤ᠂ 239 ᠵᠦᠶᠯ ᠢ ᠰᠢᠯᠵᠢᠭᠦᠯᠦᠨ ᠬᠤᠪᠢᠷᠠᠭᠤᠯᠪᠠ᠃ | | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠠᠬᠢᠨ ᠰᠢᠨ᠎ᠡ ᠲᠦᠪᠰᠢᠨ ᠳᠤ ᠬᠦᠷᠭᠡᠨ᠎ᠡ᠃ | ᠪᠥᠬᠦ ᠠᠶᠢᠮᠠᠭ ᠤᠨ ᠲᠡᠮᠦᠷ ᠵᠠᠮ ᠤᠨ ᠪᠥᠬᠦ ᠣᠷᠳᠣ 1691 ᠺᠢᠯᠣᠮᠧᠲᠷ ᠲᠤ ᠬᠦᠷᠴᠦ᠂ ᠪᠥᠬᠦ ᠠᠶᠢᠮᠠᠭ ᠤᠨ ᠵᠠᠰᠠᠮᠠᠯ | ᠵᠠᠮ ᠤᠨ ᠪᠥᠬᠦ ᠣᠷᠳᠣ 11000 ᠺᠢᠯᠣᠮᠧᠲᠷ ᠲᠤ ᠬᠦᠷᠴᠦ᠂ ᠭᠤᠷᠪᠠᠨ ᠬᠤᠰᠢᠭᠤᠨ ᠤ ᠠᠵᠢᠯ ᠳᠤ ᠭᠠᠷᠬᠤ | ᠨᠢᠰᠬᠡᠯ ᠤᠨ ᠪᠠᠭᠤᠳᠠᠯ ᠡᠮᠬᠢ ᠵᠢᠷᠤᠮ ᠲᠠᠢ ᠠᠵᠢᠯᠯᠠᠪᠠ᠃ ᠬᠤᠲᠠ ᠬᠥᠳᠡᠭᠡ ᠶᠢᠨ ᠬᠥᠭᠵᠢᠯᠲᠡ ᠶᠢᠨ ᠨᠢᠭᠡ | ᠴᠤᠭᠴᠠᠵᠢᠯᠲᠠ ᠶᠢ ᠠᠬᠢᠭᠤᠯᠵᠤ᠂ ᠬᠤᠲᠠ ᠪᠠᠯᠭᠠᠰᠤ ᠵᠢᠴᠢ ᠬᠦᠷᠢᠶᠡᠯᠡᠩ ᠲᠣᠭᠤᠷᠢᠭ ᠤᠨ ᠴᠢᠳᠠᠮᠵᠢ ᠶᠢ | ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠰᠠᠭᠤᠷᠢᠰᠢᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 2015 | ᠣᠨ ᠳᠤ 76.84% ᠪᠠᠶᠢᠭᠰᠠᠨ ᠠᠴᠠ 2020 ᠣᠨ ᠪᠣᠯᠬᠤ ᠳᠤ 79.32% ᠪᠣᠯᠭᠠᠨ ᠳᠡᠭᠡᠭᠰᠢᠯᠡᠭᠦᠯᠵᠦ᠂ | ᠠᠯᠠᠱᠠ ᠵᠡᠭᠦᠨ ᠬᠤᠰᠢᠭᠤ ︽ᠤᠯᠤᠰ ᠤᠨ ᠴᠡᠴᠡᠷᠯᠢᠭ ᠤᠨ ᠰᠢᠶᠠᠨ ᠤ ᠬᠤᠲᠠ︾ ᠶᠢᠨ ᠢᠷᠠᠭᠤ ᠠᠯᠳᠠᠷ ᠤᠨ ᠴᠣᠯᠠ | ᠭᠥᠷᠳᠡᠵᠦ᠂ ᠠᠯᠠᠱᠠ ᠪᠠᠷᠠᠭᠤᠨ ᠬᠤᠰᠢᠭᠤ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ︾ | ᠶᠢᠨ ᠢᠷᠠᠭᠤ ᠠᠯᠳᠠᠷ ᠤᠨ ᠴᠣᠯᠠ ᠭᠥᠷᠳᠡᠪᠡ᠃ | | ᠥᠭᠡᠷᠡᠴᠢᠯᠡᠯᠲᠡ ᠨᠡᠭᠡᠭᠡᠯᠲᠡ ᠶᠢᠨ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠭᠦᠨᠵᠡᠭᠡᠶ ᠬᠡᠷᠡᠭᠵᠢᠭᠦᠯᠦᠨ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ | ᠵᠥᠪᠰᠢᠶᠡᠷᠡᠬᠦ ᠴᠠᠭ ᠢ 1/3 ᠪᠠᠷ ᠪᠣᠭᠤᠨᠢᠰᠬᠠᠪᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠢᠳᠡᠪᠬᠢᠲᠡᠶ ᠠᠭᠤᠰᠤᠯᠴᠠᠵᠤ᠂ ᠴᠡᠭᠡ ᠪᠣᠭᠤᠮᠲᠠ ᠶᠢᠨ ᠪᠠᠷᠠᠭ᠎ᠠ ᠥᠩᠭᠡᠷᠡᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠵᠦ᠂ ᠦᠯᠵᠡᠢ ᠪᠣᠭᠤᠮᠲᠠ ᠶᠢ ᠲᠦᠷ ᠴᠠᠭ ᠪᠣᠭᠤᠮᠲᠠ ᠪᠠᠷ ᠥᠩᠭᠡᠷᠡᠭᠦᠯᠬᠦ ᠵᠥᠪᠰᠢᠶᠡᠷᠡᠯ | ᠣᠯᠵᠤ᠂ ᠠᠯᠠᠱᠠ ᠪᠣᠭᠤᠮᠲᠠ ᠶᠢ ᠨᠡᠭᠡᠭᠡᠯᠭᠡ ᠲᠠᠢ ᠪᠠᠷ ᠠᠵᠢᠯᠯᠠᠭᠤᠯᠪᠠ᠃ 2020 ᠣᠨ ᠳᠤ ᠪᠣᠭᠤᠮᠲᠠ ᠪᠠᠷ | ᠥᠩᠭᠡᠷᠡᠬᠦ ᠪᠠᠷᠠᠭᠠᠨ ᠤ ᠬᠡᠮᠵᠢᠶ᠎ᠡ ᠶᠢ 1068 ᠲᠦᠮᠡᠨ ᠲᠣᠨ ᠳᠤ ᠬᠦᠷᠭᠡᠵᠦ᠂ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠪᠡ︔ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠬᠡᠮᠵᠢᠶ᠎ᠡ 4.1 ᠳ᠋ᠦᠩᠰᠢᠭᠤᠷ ᠳ᠋ᠣᠯᠯᠠᠷ ᠲᠤ | ᠬᠦᠷᠴᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ | ᠳᠤᠮᠳᠠᠴᠢ ᠪᠠᠷ 9% ᠪᠠᠷ ᠨᠡᠮᠡᠭᠳᠡᠪᠡ᠃ ᠣᠷᠣᠨ ᠪᠦᠰᠡ ᠶᠢᠨ ᠬᠠᠮᠵᠢᠯᠴᠠᠭᠰᠠᠨ ᠬᠥᠭᠵᠢᠯᠲᠡ ᠰᠢᠨ᠎ᠡ ᠠᠬᠢᠴᠠ ᠲᠠᠢ | ᠪᠤᠯᠵᠤ᠂ ᠭᠠᠨᠰᠦ᠂ ᠨᠢᠩᠰᠢᠶᠠ ᠵᠡᠷᠭᠡ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠶᠢᠨ ᠡᠬᠢ ᠪᠠᠶᠠᠯᠢᠭ ᠤᠨ | ᠠᠰᠢᠭᠯᠠᠯᠲᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ᠂ ᠰᠣᠶᠣᠯ ᠵᠢᠭᠤᠯᠴᠢᠯᠠᠯ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ | | ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠳᠡᠭᠡᠭᠰᠢᠯᠡᠪᠡ᠃ ᠠᠵᠢᠯ ᠣᠯᠭᠤᠯᠲᠠ ᠶᠢᠨ | ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 3.29% ᠶᠢᠨ ᠳᠣᠲᠣᠷ᠎ᠠ ᠬᠢᠵᠠᠭᠠᠷᠯᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠪᠥᠬᠦ ᠠᠶᠢᠮᠠᠭ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ | ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 97% ᠠᠴᠠ ᠳᠡᠭᠡᠭᠰᠢ ᠪᠠᠶᠢᠯᠭᠠᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 99% ᠳᠤ ᠬᠦᠷᠦᠭᠦᠯᠵᠦ᠂ ᠠᠯᠠᠱᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠲᠣᠭᠤᠷᠢᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ | ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠶᠯᠡᠴᠢᠯᠡᠭᠡᠨ ᠤ ᠲᠥᠪ ᠤᠨ ᠪᠦᠷᠬᠦᠴᠡ ᠶᠢᠨ | ᠨᠣᠷᠮ᠎ᠠ ᠶᠢ 100% ᠳᠤ ᠬᠦᠷᠦᠭᠦᠯᠵᠦ᠂ ᠤᠯᠠᠭᠠᠨᠮᠥ᠋ᠴᠢᠷ ᠤᠨ ᠦᠶᠯᠡᠰ ᠥᠷᠨᠢᠩᠭᠦᠶ ᠬᠥᠭᠵᠢᠪᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠶᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠯᠧᠺᠲᠷᠣᠨ ᠡᠷᠡᠭᠦᠯ | ᠮᠡᠨᠳᠦ ᠶᠢᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ ᠶᠢ 86.47% ᠪᠣᠯᠭᠠᠵᠤ᠂ ᠮᠢᠩᠭᠠᠨ ᠬᠥᠮᠦᠨ ᠪᠦᠷᠢ ᠳᠤ | ᠨᠣᠭᠳᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ ᠶᠢ 6.44 ᠪᠣᠯᠭᠠᠵᠤ᠂ | ᠵᠢᠷᠮᠦᠰᠦᠨ ᠡᠮᠡᠭᠲᠡᠶ ᠪᠠ ᠬᠥᠩᠭᠡᠵᠢᠭᠰᠡᠨ ᠡᠮᠡᠭᠲᠡᠶ 12 ᠵᠢᠯ ᠳᠠᠷᠠᠭᠠᠯᠠᠨ ᠥᠭᠦᠭᠰᠡᠨ ᠥᠬᠡᠶ ᠪᠠᠶᠢᠬᠤ ᠶᠢ ᠪᠠᠲᠤᠯᠠᠪᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 9.58 ᠲᠦᠮᠡ ᠳᠤ ᠬᠦᠷᠴᠦ᠂ ᠪᠦᠷᠬᠦᠴᠡ ᠶᠢᠨ | ᠨᠤᠷᠮ᠎ᠠ 99% ᠳᠤ ᠬᠦᠷᠪᠡ᠃ ᠬᠤᠳᠠ ᠪᠠᠯᠭᠠᠰᠤᠨ ᠤ ᠭᠡᠷ ᠬᠤᠷᠢᠶᠠᠯᠠᠯ ᠤᠨ 2.3 ᠲᠦᠮᠡᠨ ᠢᠵᠢ ᠣᠷᠣᠨ | ᠰᠠᠭᠤᠴᠠ ᠶᠢ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ | | ᠨᠡᠶᠢᠭᠡᠮ ᠤᠨ ᠵᠠᠰᠠᠯᠲᠠ ᠶᠢᠨ ᠴᠢᠳᠠᠪᠤᠷᠢ ᠦᠨᠡᠨ ᠬᠦ ᠳᠡᠭᠡᠭᠰᠢᠯᠡᠪᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠭᠦᠷᠭᠡ ᠴᠢᠳᠠᠪᠤᠷᠢ ᠨᠢ ᠰᠢᠨᠵᠢᠯᠡᠬᠦ ᠤᠬᠠᠭᠠᠨᠴᠢ᠂ ᠡᠷᠬᠡ | ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠭᠰᠠᠨ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠲᠣᠳᠣᠷᠬᠠᠶ᠂ ᠢᠯᠡ | ᠲᠣᠳᠣ ᠲᠥᠪ ᠭᠤᠣᠯᠴᠢ᠂ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠬᠠᠤᠯᠢ ᠶᠢ ᠰᠠᠬᠢᠵᠤ ᠦᠨᠡᠨᠴᠢ | ᠢᠲᠡᠭᠡᠮᠵᠢᠲᠡᠶ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠢ ᠪᠠᠶᠢᠭᠤᠯᠪᠠ᠃ ᠨᠡᠶᠢᠭᠡᠮ ᠤᠨ ᠵᠠᠰᠠᠯᠲᠠ ᠶᠢᠨ ᠠᠷᠭ᠎ᠠ | ᠮᠠᠶ᠋ᠢᠭ ᠢ ᠰᠠᠶᠢᠵᠢᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ | ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ | ᠲᠡᠭᠦᠯᠳᠡᠷᠵᠢᠭᠦᠯᠪᠡ᠃ ᠠᠮᠤᠷ ᠲᠠᠶᠢᠪᠤᠩ ᠠᠯᠠᠱᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠦᠪᠰᠢᠨ ᠢ ᠳᠡᠭᠡᠭᠰᠢᠯᠡᠭᠦᠯᠵᠦ᠂ ᠢᠳᠡᠭᠡᠨ ᠤ ᠵᠦᠢᠯ | ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ | ᠵᠠᠰᠠᠯᠲᠠ ᠶᠢ ᠴᠢᠩᠭᠠᠳᠬᠠᠪᠠ᠃ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠴᠢᠨᠡᠭᠡᠯᠢᠭᠵᠢᠭᠦᠯᠬᠦ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠪᠠ᠃ ᠦᠨᠳᠦᠰᠦᠲᠡᠨ ᠨᠦᠭᠦᠳ ᠪᠦᠯᠬᠦᠮᠳᠡᠭᠰᠡᠨ᠂ | ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠤᠯᠤᠰ ᠲᠦᠷᠦ ᠶᠢᠨ ᠪᠠᠶᠢᠳᠠᠯ ᠲᠠᠰᠤᠷᠠᠯᠲᠠ | ᠦᠭᠡᠢ ᠪᠠᠬᠢᠵᠢᠨ ᠬᠥᠭᠵᠢᠪᠡ᠃ | | ᠬᠤᠶᠠᠳᠤᠭᠠᠷ ᠬᠡᠰᠡᠭ ᠬᠥᠭᠵᠢᠯᠲᠡ ᠶᠢᠨ ᠣᠷᠴᠢᠨ ᠨᠥᠬᠦᠴᠡᠯ | | ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠮᠠᠨ ᠤ ᠤᠯᠤᠰ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠰᠢᠯᠵᠢᠵᠦ᠂ | ᠥᠪᠡᠷᠲᠡᠭᠡᠨ ᠵᠠᠰᠠᠬᠤ ᠣᠷᠣᠨ ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠳᠤᠷᠠᠳᠴᠤ᠂ ᠮᠠᠨ ᠤ ᠠᠶᠢᠮᠠᠭ ᠤᠨ ᠬᠥᠭᠵᠢᠯᠲᠡ ᠳᠤ | ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠠᠶᠢᠮᠠᠭ ᠪᠠᠶᠢᠭᠤᠯᠤᠭᠳᠠᠭᠰᠠᠨ 40 | ᠵᠢᠯ ᠤᠨ ᠲᠤᠷᠰᠢᠬᠢ ᠪᠤᠤᠬᠢᠶ᠎ᠠ ᠬᠥᠭᠵᠢᠯᠲᠡ ᠪᠠᠷ ᠳᠠᠮᠵᠢᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ | ᠳᠠᠪᠤᠰᠤᠨ ᠤ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠨᠴᠠᠯᠢᠬᠳᠤ | ᠳᠠᠪᠠᠭᠤᠯᠢᠭ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡ᠂ | ᠰᠣᠶᠣᠯ ᠵᠢᠭᠤᠯᠴᠢᠯᠠᠯ ᠲᠦᠷᠭᠡᠨ ᠬᠥᠭᠵᠢᠵᠦ᠂ ᠣᠳᠣᠬᠢᠴᠢᠯᠠᠭᠰᠠᠨ ᠡᠨᠧᠷᠭᠢ᠂ ᠤᠨᠴᠠᠯᠢᠬᠳᠤ ᠠᠮᠢ ᠠᠬᠤᠢ ᠵᠡᠷᠭᠡ | ᠰᠢᠨ᠎ᠡ ᠪᠠᠷ ᠮᠠᠨᠳᠤᠭᠰᠠᠨ ᠠᠵᠤ ᠦᠢᠯᠡᠰ ᠶᠠᠭ ᠥᠷᠨᠢᠨ ᠬᠥᠭᠵᠢᠵᠦ᠂ ᠰᠢᠨ᠎ᠡ ᠠᠵᠤ ᠠᠬᠤᠢ ᠶᠢᠨ ᠨᠡᠮᠡᠭᠳᠡᠯ ᠤᠨ | ᠲᠦᠢᠯ᠂ ᠨᠡᠮᠡᠭᠳᠡᠯ ᠤᠨ ᠴᠡᠭ ᠲᠠᠰᠤᠷᠠᠯᠲᠠ ᠦᠭᠡᠢ ᠲᠤᠪᠤᠶᠢᠮ᠎ᠠ ᠪᠣᠯᠪᠠ᠃ ᠰᠢᠨ᠎ᠡ ᠨᠢᠭᠡ ᠡᠭᠡᠯᠵᠢ ᠶᠢᠨ ᠪᠠᠷᠠᠭᠤᠨ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ᠂ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ | ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠠᠬᠢᠭᠤᠯᠵᠤ ᠮᠠᠨ ᠤ ᠠᠶᠢᠮᠠᠭ ᠤᠨ ᠬᠥᠭᠵᠢᠯᠲᠡ ᠳᠤ | ᠠᠵᠠ ᠲᠣᠬᠢᠶᠠᠯ ᠬᠠᠩᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠤᠭᠰᠠᠨ ᠨᠢ ᠮᠠᠨ ᠤ | ᠠᠶᠢᠮᠠᠭ ᠲᠤ ᠯᠤᠲᠤ ᠶᠡᠭᠡ ᠬᠥᠭᠵᠢᠯᠲᠡ ᠶᠢᠨ ᠣᠷᠣᠨ ᠵᠠᠢ ᠶᠢ ᠡᠭᠦᠳᠴᠦ ᠥᠭᠴᠡᠢ᠃ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ | ᠪᠦᠳᠦᠬᠡᠨ ᠪᠠᠶᠢᠭᠤᠯᠤᠯᠲᠠ ᠶᠢ ᠳᠠᠰᠤᠷᠠᠯᠳᠠ ᠦᠬᠡᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ | ᠵᠠᠮᠨᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠠᠯᠠᠱᠠ ᠳᠤ ᠰᠢᠨ᠎ᠡ ᠬᠥᠭᠵᠢᠯᠲᠡ ᠶᠢᠨ ᠱᠠᠲᠤᠨ ᠳᠤ | ᠨᠡᠩ ᠶᠡᠭᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠢᠳᠡ ᠬᠦᠴᠦ ᠲᠠᠢ ᠪᠥᠭᠡᠳ ᠴᠢᠳᠠᠪᠤᠷᠢ ᠲᠠᠢ ᠪᠥᠭᠡᠳ | ᠢᠲᠡᠭᠡᠯ ᠲᠠᠢ ᠪᠠᠶᠢᠨ᠎ᠠ᠃ ᠡᠭᠦᠨ ᠤ ᠬᠠᠮᠲᠤ᠂ ᠮᠠᠨ ᠤ ᠠᠶᠢᠮᠠᠭ ᠤᠨ ᠬᠥᠭᠵᠢᠭᠡᠳᠦᠶ ᠦᠨᠳᠦᠰᠦᠨ ᠠᠶᠢᠮᠠᠭ ᠤᠨ | ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠬᠡᠮᠵᠢᠶ᠎ᠡ ᠨᠢ | ᠪᠠᠰᠠ ᠰᠢᠨ᠎ᠡ ᠬᠥᠭᠵᠢᠯᠲᠡ ᠶᠢᠨ ᠱᠠᠲᠤᠨ ᠤ ᠱᠠᠭᠠᠷᠳᠠᠯᠭ᠎ᠠ ᠳᠤ ᠵᠣᠬᠢᠴᠠᠬᠤ ᠥᠬᠡᠶ ᠪᠠᠶᠢᠵᠤ᠂ ᠮᠥᠨ ᠬᠦ ᠮᠠᠰᠢ ᠣᠯᠠᠨ | ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠨᠢᠭᠡ ᠳᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠲᠠᠭᠤ ᠪᠡᠷᠬᠡ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠦᠷᠭᠦᠯᠵᠢᠯᠡᠨ ᠵᠠᠮᠨᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ︔ ᠬᠤᠶᠠᠷ ᠲᠤ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠬᠤᠴᠣᠷᠤᠩᠭᠤᠢ ᠳᠤᠲᠠᠭᠤᠳᠠᠯ ᠪᠠ ᠪᠦᠬᠦ ᠲᠠᠯ᠎ᠠ ᠪᠠᠷ ᠭᠠᠳᠠᠭᠠᠳᠤ ᠳᠤ ᠨᠡᠭᠡᠭᠡᠨ | ᠬᠥᠭᠵᠢᠭᠦᠯᠵᠦ ᠨᠡᠬᠡᠬᠡᠯᠳᠡ ᠬᠢᠵᠦ ᠬᠠᠮᠲᠤᠷᠠᠯᠴᠠᠬᠤ ᠰᠢᠨ᠎ᠡ ᠪᠠᠶᠢᠷᠢᠰᠢᠯ ᠢ ᠪᠠᠶᠢᠭᠤᠯᠬᠤ ᠠᠴᠠ ᠪᠣᠯᠤᠭᠰᠠᠨ | ᠥᠷᠢᠰᠥᠯᠳᠦᠭᠡᠨ ᠳᠤ ᠲᠤᠯᠭᠠᠷᠠᠵᠤ᠂ ︽ᠠᠯᠠᠱᠠ ᠶᠢᠨ ᠨᠡᠪᠲᠡᠷᠡᠬᠦ ᠵᠠᠮ︾ ᠢ ᠲᠦᠷᠭᠡᠨ ᠪᠦᠳᠦᠭᠡᠨ ᠪᠠᠶᠢᠭᠤᠯᠬᠤ | ᠬᠠᠷᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠤᠷᠪᠠ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ | ᠪᠠᠭ᠎ᠠ᠂ ᠠᠵᠤ ᠦᠢᠯᠡᠰ ᠤᠨ ᠪᠦᠲᠦᠴᠡ ᠵᠤᠬᠢᠰ ᠦᠭᠡᠢ᠂ ᠦᠷᠢᠰᠦᠯᠳᠦᠬᠦ ᠬᠦᠴᠦᠨ ᠨᠡᠯᠢᠶᠡᠳ ᠪᠠᠭᠤᠷᠠᠢ᠂ ᠠᠵᠤ | ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ᠂ ᠭᠤᠣᠯ ᠰᠢᠪᠲᠤᠯᠤᠯᠲᠠ ᠶᠢᠨ ᠴᠢᠭᠯᠡᠯ᠂ | ᠪᠡᠶᠡᠯᠡᠭᠦᠯᠬᠦ ᠠᠷᠭ᠎ᠠ ᠵᠠᠮ ᠤᠨ ᠰᠢᠪᠲᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ︔ ᠲᠦᠷᠪᠡ ᠳᠤ | ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ | ᠪᠣᠯᠭᠠᠭᠰᠠᠨ ᠬᠡᠮᠵᠢᠶ᠎ᠡ ᠥᠨᠳᠥᠷ ᠪᠢᠰᠢ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | | ᠬᠤᠶᠠᠳᠤᠭᠠᠷ ᠪᠦᠯᠦᠭ ᠶᠡᠷᠦᠩᠬᠡᠢ ᠱᠠᠭᠠᠷᠳᠠᠯᠭ᠎ᠠ ᠬᠢᠭᠡᠳ ᠬᠥᠭᠵᠢᠯᠲᠡ ᠶᠢᠨ ᠬᠠᠷᠠᠯᠲᠠ | | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠠᠵᠢᠯ ᠤᠨ ᠪᠦᠬᠦ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠤᠨ᠎ᠠ᠃ | | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ | ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠮᠠᠷᠺᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠤᠨ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠶ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠨ ᠪᠠᠶᠢᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠤᠶᠠᠯᠳᠤᠭᠤᠯᠵᠤ᠂ | ᠠᠮᠢ ᠠᠬᠤᠢ ᠪᠠᠷ ᠠᠶᠢᠮᠠᠭ ᠪᠠᠶᠢᠭᠤᠯᠬᠤ᠂ ᠠᠵᠤ ᠦᠢᠯᠡᠰ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ᠂ | ᠵᠢᠭᠤᠯᠴᠢᠯᠠᠯ ᠢᠶᠠᠷ ᠠᠷᠠᠳ ᠢ ᠴᠢᠨᠡᠭᠡᠯᠢᠭᠵᠢᠭᠦᠯᠬᠦ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠠᠮᠤᠷ ᠲᠦᠪᠰᠢᠨ | ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠤ ᠰᠢᠨ᠎ᠡ ᠥᠨᠳᠦᠷᠯᠢᠭ᠂ ᠳᠠᠪᠠᠭᠤᠯᠢᠭ ᠤᠨᠴᠠᠯᠢᠭᠳᠤ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ᠂ ᠭᠠᠳᠠᠭᠠᠳᠤ ᠨᠡᠬᠡᠬᠡᠯᠳᠡ ᠶᠢᠨ ᠰᠢᠨ᠎ᠡ ᠲᠠᠪᠴᠠᠩ ᠢ ᠪᠦᠬᠦ | ᠬᠦᠴᠦᠨ ᠢᠶᠠᠷ ᠢᠶᠠᠨ ᠴᠣᠭᠴᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠠᠯᠠᠱᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ | ᠃ | | ᠬᠤᠶᠠᠳᠤᠭᠠᠷ ᠬᠡᠰᠡᠭ ᠬᠥᠭᠵᠢᠯᠲᠡ ᠶᠢᠨ ᠵᠠᠷᠴᠢᠮ | | — ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ | ᠬᠠᠩᠭᠠᠬᠤ ᠬᠡᠷᠡᠭᠲᠡᠢ᠃ | | — ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠤᠯᠠᠨ ᠲᠦᠮᠡᠨ ᠤ ᠠᠮᠢ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠠᠷᠠᠳ ᠤᠨ | ᠠᠮᠢᠳᠤᠷᠠᠯ ᠤᠨ ᠵᠦᠢᠯᠡᠰ ᠢ ᠤᠷᠢᠳ ᠢᠶᠠᠷ ᠬᠡᠷᠡᠭᠵᠢᠭᠦᠯᠵᠦ᠂ ᠪᠠᠭᠤᠷᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠨ᠎ᠠ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ | ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠣᠳᠣᠬᠢᠴᠢᠯᠠᠭᠰᠠᠨ ᠵᠠᠰᠠᠯᠲᠠ ᠶᠢᠨ | ᠴᠢᠳᠠᠪᠤᠷᠢ ᠶᠢ ᠴᠢᠩᠭᠠᠳᠬᠠᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠨ᠎ᠡ᠃ | | — ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠬᠥᠭᠵᠢᠭᠦᠯᠬᠦ ᠶᠢᠨ ᠲᠡᠷᠢᠭᠦᠨ | ᠴᠢᠬᠤᠯᠠ ᠡᠭᠦᠷᠭᠡ ᠶᠢ ᠪᠠᠷᠢᠮᠲᠠᠯᠠᠵᠤ᠂ ᠠᠵᠤ ᠠᠬᠤᠶ ᠶᠢᠨ ᠬᠠᠷᠠᠯᠲᠠ ᠪᠠ ᠴᠢᠳᠠᠮᠵᠢ ᠶᠢᠨ ᠬᠠᠷᠠᠯᠲᠠ ᠶᠢ ᠨᠢᠭᠡᠳᠦᠯᠲᠡᠶ | ᠲᠥᠯᠥᠪᠵᠢᠭᠦᠯᠦᠨ᠎ᠡ᠃ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠪᠠ ᠦᠷᠭᠦᠯᠵᠢᠯᠡᠬᠦ | ᠬᠥᠭᠵᠢᠯᠲᠡ ᠶᠢᠨ ᠴᠢᠳᠠᠪᠤᠷᠢ ᠶᠢ ᠴᠢᠩᠭᠠᠷᠠᠭᠤᠯᠵᠤ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠭᠴᠢ ᠡᠨᠧᠷᠭᠢ ᠪᠠ | ᠰᠢᠨ᠎ᠡ ᠠᠵᠤ ᠠᠬᠤᠶ ᠶᠢᠨ ᠨᠡᠮᠡᠭᠳᠡᠯ ᠤᠨ ᠴᠡᠭ ᠢ ᠲᠦᠷᠭᠡᠪᠴᠢᠯᠡᠨ ᠪᠤᠶᠢᠵᠢᠭᠤᠯᠵᠤ᠂ ᠴᠢᠨᠠᠷ ᠴᠢᠨᠰᠠᠭ᠎ᠠ ᠶᠢᠨ | ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠲᠦᠯᠬᠢᠨ | ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ | ᠬᠡᠷᠡᠭᠲᠡᠶ᠃ | | -- ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ᠂ ᠴᠢᠨᠠᠷ | ᠰᠠᠶᠢᠲᠠᠶ ᠠᠮᠢᠳᠤᠷᠠᠯ ᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠡᠬᠢ | ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ᠂ ᠪᠦᠬᠦ ᠨᠡᠶᠢᠭᠡᠮ ᠤᠨ | ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠴᠢᠬᠤᠯᠠ ᠶᠡᠭᠡ ᠥᠭᠡᠷᠡᠴᠢᠯᠡᠯᠲᠡ ᠨᠡᠭᠡᠭᠡᠯᠳᠡ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ | ᠴᠢᠩᠭᠠᠷᠠᠭᠤᠯᠤᠨ᠎ᠠ᠃ ᠭᠠᠳᠠᠭᠠᠳᠤ ᠨᠡᠭᠡᠭᠡᠯᠳᠡ ᠬᠢᠭᠡᠳ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ | ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠤᠯᠪᠣᠯᠳᠤᠭᠰᠠᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠳᠣᠲᠣᠭᠠᠳᠤ ᠭᠠᠳᠠᠭᠠᠳᠤ ᠨᠡᠭᠡᠭᠡᠯᠳᠡ ᠶᠢᠨ ᠬᠠᠷᠢᠯᠴᠠᠨ ᠠᠬᠢᠭᠤᠯᠬᠤ ᠶᠢ ᠲᠦᠯᠬᠢᠨ ᠠᠬᠢᠭᠤᠯᠤᠨ᠎ᠠ᠃ | | -- ᠰᠢᠰᠲ᠋ᠧᠮᠳᠤ ᠦᠵᠡᠯᠲᠡ ᠶᠢ ᠪᠠᠷᠢᠮᠲᠠᠯᠠᠨ᠎ᠠ᠃ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ | ᠠᠵᠤ ᠦᠢᠯᠡᠰ ᠬᠤᠳᠠ ᠶᠢ ᠤᠶᠠᠯᠳᠤᠭᠤᠯᠬᠤ᠂ ᠠᠵᠤ ᠦᠢᠯᠡᠰ ᠢ ᠬᠠᠮᠵᠢᠯᠴᠠᠭᠤᠯᠬᠤ᠂ ᠡᠬᠢ ᠪᠠᠶᠠᠯᠢᠭ ᠣᠷᠴᠢᠨ | ᠲᠣᠭᠤᠷᠢᠨ ᠪᠠ ᠠᠵᠤ ᠠᠬᠤᠢ ᠨᠡᠶᠢᠭᠡᠮ ᠢ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ | ᠴᠢᠩᠭᠠᠳᠬᠠᠵᠤ᠂ ᠪᠦᠬᠦ ᠠᠶᠢᠮᠠᠭ ᠢᠶᠠᠷ ᠢᠶᠠᠨ ᠨᠢᠭᠡ ᠬᠥᠯᠭᠡ ᠰᠢᠳᠠᠷ᠎ᠠ ᠲᠠᠯᠪᠢᠬᠤ ᠶᠢ ᠪᠠᠷᠢᠮᠲᠠᠯᠠᠵᠤ᠂ ᠦᠨᠳᠦᠰᠦ | ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠢ | ᠵᠦᠢᠯᠡᠰ ᠢ ᠨᠥᠬᠦᠪᠥᠷᠢᠯᠡᠬᠦ ᠪᠠᠷ ᠬᠦᠴᠦᠯᠡᠵᠦ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ | ᠠᠷᠢᠯᠭᠠᠬᠤ ᠶᠢ ᠴᠢᠬᠤᠯᠠᠴᠢᠯᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ᠂ ᠪᠦᠲᠦᠴᠡ᠂ ᠬᠡᠪᠴᠢᠶ᠎ᠡ᠂ ᠬᠤᠷᠳᠤᠴᠠ᠂ | ᠦᠷ᠎ᠡ ᠠᠰᠢᠭ ᠪᠠ ᠠᠮᠤᠷ ᠲᠦᠪᠰᠢᠨ ᠤ ᠨᠢᠭᠡᠳᠦᠯ ᠢ ᠪᠡᠶᠡᠯᠡᠭᠦᠯᠦᠨ᠎ᠡ᠃ | | ᠭᠤᠷᠪᠠᠳᠤᠭᠠᠷ ᠬᠡᠰᠡᠭ ᠬᠥᠭᠵᠢᠯᠲᠡ ᠶᠢᠨ ᠬᠠᠷᠠᠯᠲᠠ | | 2035 ᠣᠨ ᠤ ᠠᠯᠤᠰ ᠤᠨ ᠬᠠᠷᠠᠯᠲᠠ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠶᠣᠰᠣᠭᠠᠷ᠂ 2035 ᠣᠨ ᠪᠣᠯᠬᠤ ᠳᠤ ᠠᠯᠠᠱᠠ ᠶᠢᠨ ᠬᠢᠨ | ᠪᠦᠬᠦ ᠤᠯᠤᠰ᠂ ᠪᠦᠬᠦ ᠣᠷᠣᠨ ᠲᠠᠢ ᠬᠠᠮᠲᠤᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠪᠣᠯᠤᠨ᠎ᠠ᠃ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠪᠠ ᠪᠣᠬᠢᠷᠲᠤᠯ ᠦᠭᠡᠢ | ᠬᠥᠭᠵᠢᠯᠲᠡ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠰᠢᠨ᠎ᠡ ᠶᠡᠭᠡ ᠳᠡᠭᠲᠡᠷ ᠲᠤ ᠭᠠᠷᠪᠠ︔ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠲᠠᠷᠢᠶᠠᠯᠠᠩ | ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠳᠤ ᠨᠡᠶᠢᠴᠡᠭᠰᠡᠨ ᠰᠢᠨ᠎ᠡ ᠶᠢ ᠡᠭᠦᠳᠬᠦ ᠰᠢᠰᠲ᠋ᠧᠮ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠨ ᠤ ᠰᠢᠰᠲ᠋ᠧᠮ ᠪᠣᠯᠤᠨ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ︔ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ | ᠪᠠᠶᠢᠳᠠᠯ ᠢ ᠨᠡᠩ ᠪᠠᠬᠢᠵᠢᠭᠦᠯᠵᠦ᠂ ᠬᠠᠤᠯᠢᠵᠢᠯ ᠤᠨ ᠠᠯᠠᠱᠠ ᠶᠢ ᠦᠨᠳᠦᠰᠦᠨ ᠳᠡᠭᠡᠨ ᠪᠠᠶᠢᠭᠤᠯᠵᠤ᠂ ᠠᠮᠤᠷ | ᠠᠮᠤᠭᠤᠯᠠᠩ ᠠᠯᠠᠱᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ︔ ᠰᠣᠶᠣᠯ ᠤᠨ ᠵᠥᠭᠡᠯᠡᠨ | ᠪᠣᠳᠠᠲᠤ ᠬᠦᠴᠦᠨ ᠢ ᠢᠯᠡᠳᠲᠡ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠪ ᠴᠢᠨᠠᠷ᠂ | ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠳᠦ ᠬᠡᠮᠵᠢᠶᠡᠨ ᠳᠤ ᠬᠦᠷᠦᠭᠦᠯᠦᠨ᠎ᠡ︔ ᠪᠣᠬᠢᠷᠲᠤᠯ ᠥᠬᠡᠶ | ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠣᠶ ᠪᠣᠯᠭᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ᠂ ᠠᠮᠢ ᠠᠬᠤᠶ ᠶᠢᠨ | ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠠᠯᠠᠱᠠ ᠶᠢ ᠦᠨᠳᠦᠰᠦᠨ ᠳᠡᠭᠡᠨ | ᠪᠠᠶᠢᠭᠤᠯᠤᠨ ᠪᠦᠲᠦᠭᠡᠨ᠎ᠡ︔ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠ ᠤᠮᠠᠷᠠᠰᠢ | ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠤᠢ ᠪᠣᠯᠭᠠᠵᠤ᠂ ᠡᠬᠢ ᠪᠠᠶᠠᠯᠢᠭ ᠢ ᠲᠥᠪᠯᠡᠷᠡᠭᠦᠯᠦᠨ ᠲᠥᠪᠯᠡᠷᠡᠭᠦᠯᠵᠦ | ᠲᠠᠷᠬᠠᠭᠠᠬᠤ᠂ ᠡᠯᠧᠮᠧᠨ᠋ᠲ ᠢ ᠠᠭᠤᠰᠤᠯᠴᠠᠭᠤᠯᠤᠨ ᠭᠦᠢᠯᠭᠡᠭᠡᠬᠦ ᠪᠦᠬᠦ ᠣᠷᠣᠨ ᠪᠦᠰᠡ ᠶᠢᠨ ᠨᠡᠭᠡᠭᠡᠯᠳᠡ ᠶᠢᠨ | ᠲᠠᠪᠴᠠᠩ ᠢ ᠪᠠᠶᠢᠭᠤᠯᠤᠨ᠎ᠠ︔ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠳᠡᠭ ᠪᠦᠬᠦ ᠤᠯᠤᠰ ᠲᠤ ᠣᠷᠣᠵᠤ᠂ ᠪᠦᠬᠦ ᠣᠷᠣᠨ ᠤ ᠡᠮᠦᠨ᠎ᠡ ᠡᠩᠨᠡᠭᠡᠨ ᠳᠤ | ᠣᠷᠣᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠢᠯᠡᠳᠲᠡ ᠥᠷᠭᠡᠳᠬᠡᠵᠦ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ | ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠵᠤ᠂ ᠬᠥᠮᠦᠨ ᠤ ᠪᠦᠬᠦ | ᠲᠠᠯ᠎ᠠ ᠶᠢᠨ ᠬᠥᠭᠵᠢᠯᠲᠡ᠂ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠶ ᠮᠥᠨ ᠴᠢᠨᠠᠷ ᠤᠨ | ᠠᠬᠢᠯᠳᠠ ᠲᠠᠢ ᠪᠣᠯᠭᠠᠨ᠎ᠠ᠃ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ᠃ 2035 ᠣᠨ ᠤ ᠠᠯᠤᠰ ᠤᠨ ᠬᠠᠷᠠᠯᠲᠠ ᠶᠢ ᠲᠣᠭᠲᠠᠭᠠᠵᠤ᠂ | ᠲᠠᠪᠤᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠪᠣᠳᠠᠲᠤ | ᠠᠬᠢᠴᠠ ᠲᠠᠢ ᠪᠤᠯᠵᠤ᠂ ᠠᠯᠠᠱᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ | ᠦᠢᠯᠡᠰ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ᠃ | | -- ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠪᠠᠷ ᠳᠡᠭᠡᠭᠰᠢᠯᠡᠨ᠎ᠡ᠃ ᠠᠵᠤ ᠠᠬᠤᠶ | ᠦᠷᠭᠦᠯᠵᠢᠯᠡᠨ ᠲᠣᠭᠲᠠᠭᠤᠨ ᠪᠥᠭᠡᠳ ᠨᠡᠯᠢᠶᠡᠳ ᠲᠦᠷᠭᠡᠨ ᠢᠶᠠᠷ ᠨᠡᠮᠡᠭᠳᠡᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ | ᠦᠷᠭᠦᠯᠵᠢᠯᠡᠨ ᠳᠡᠭᠡᠭᠰᠢᠯᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ ᠰᠠᠶᠢᠨ ᠨᠥᠬᠦᠴᠡᠯᠳᠦᠵᠦ᠂ ᠠᠵᠤ | ᠦᠢᠯᠡᠰ ᠤᠨ ᠳᠡᠰ ᠳᠡᠪᠰᠢᠬᠦ ᠪᠠ ᠬᠡᠷᠡᠭᠯᠡᠭᠡᠨ ᠤ ᠳᠡᠰ ᠳᠡᠪᠰᠢᠬᠦ ᠶᠢ ᠵᠣᠬᠢᠴᠠᠯᠳᠤᠭᠤᠯᠤᠨ ᠬᠠᠮᠲᠤ ᠪᠠᠷ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠶᠢ | ᠪᠦᠲᠦᠮᠵᠢᠲᠡᠶ ᠪᠠᠷ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠪᠦᠲᠦᠴᠡ ᠶᠢ ᠲᠡᠷᠢᠭᠦᠨ ᠤ ᠮᠡᠷᠭᠡᠵᠢᠯ ᠢ ᠠᠰᠢᠭᠯᠠᠬᠤ᠂ ᠤᠶᠤᠨᠴᠢᠯᠠᠬᠤ᠂ | ᠪᠣᠬᠢᠷᠲᠤᠯ ᠦᠭᠡᠢ ᠪᠣᠯᠭᠠᠬᠤ ᠲᠡᠶᠢᠰᠢ ᠲᠦᠷᠭᠡᠪᠴᠢᠯᠡᠨ ᠬᠤᠪᠢᠷᠠᠭᠤᠯᠵᠤ᠂ ᠦᠢᠯᠡᠳᠬᠦᠨ ᠢ ᠳᠤᠮᠳᠠ ᠳᠡᠭᠡᠳᠦ | ᠦᠵᠦᠭᠦᠷ ᠲᠡᠶᠢᠰᠢ ᠳᠠᠪᠰᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ᠃ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢᠯᠡᠳᠲᠡ ᠳᠡᠭᠡᠭᠰᠢᠯᠡᠨ᠎ᠡ᠃ | | -- ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ ᠪᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠪᠦᠬᠦ ᠨᠡᠶᠢᠭᠡᠮ ᠤᠨ ᠨᠡᠩ ᠶᠡᠭᠡ | ᠪᠦᠲᠦᠭᠡᠯᠴᠢ ᠬᠦᠴᠦᠨ ᠲᠠᠢ᠂ ᠨᠡᠩ ᠢᠯᠡᠭᠦᠦ ᠠᠮᠢᠵᠢᠷᠠᠯ ᠤᠨ ᠬᠦᠴᠦᠨ ᠲᠠᠢ ᠪᠣᠯᠬᠤ ᠶᠢ ᠲᠦᠯᠬᠢᠨ ᠠᠬᠢᠭᠤᠯᠤᠨ᠎ᠠ᠃ | ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠵᠦ᠂ | ᠭᠠᠳᠠᠭᠠᠳᠤ ᠪᠡᠯᠡ ᠶᠢ ᠠᠰᠢᠭᠯᠠᠬᠤ ᠪᠠ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠪᠴᠢᠶᠡᠲᠦ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠨ᠎ᠡ᠃ | ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠬᠠᠮᠵᠢᠯᠴᠠᠭ᠎ᠠ ᠶᠢᠨ ᠦᠷ᠎ᠡ ᠠᠰᠢᠭ ᠢᠯᠡᠳᠲᠡ ᠪᠠᠶᠢᠵᠤ᠂ | ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠡ ᠶᠢ ᠲᠦᠷᠭᠡᠪᠴᠢᠯᠡᠨ ᠠᠬᠢᠭᠤᠯᠵᠤ᠂ ᠬᠤᠳᠠ ᠬᠥᠳᠡᠭᠡ ᠶᠢ ᠨᠢᠭᠡ | ᠴᠣᠭᠴᠠᠵᠢᠭᠤᠯᠣᠭᠰᠠᠨ ᠬᠥᠭᠵᠢᠯᠲᠡ ᠰᠢᠨ᠎ᠡ ᠳᠡᠭᠲᠡᠷ ᠲᠤ ᠭᠠᠷᠪᠠ᠃ | | -- ᠪᠣᠯᠪᠠᠰᠤᠨ ᠤ ᠡᠶ᠎ᠡ ᠵᠣᠬᠢᠴᠠᠯ ᠤᠨ ᠬᠡᠮᠵᠢᠶ᠎ᠡ ᠶᠢ ᠰᠢᠨ᠎ᠡ ᠪᠠᠷ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠥᠷᠭᠡᠨ ᠢᠶᠠᠷ ᠪᠠᠳᠠᠷᠠᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠪᠠ ᠰᠣᠶᠣᠯ ᠤᠨ ᠠᠵᠤ ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ | ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ | ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨ ᠦᠨᠳᠦᠰᠦᠯᠡᠭᠦᠯᠦᠨ᠎ᠡ᠃ | | -- ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ ᠪᠡᠶᠡᠯᠡᠭᠦᠯᠦᠨ᠎ᠡ᠃ ᠠᠮᠢ | ᠠᠬᠤᠶ ᠶᠢᠨ ᠣᠷᠴᠢᠨ ᠨᠥᠬᠦᠴᠡᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢᠨ ᠦᠶᠯᠡᠳᠦᠯ ᠢ ᠤᠯᠠᠮ ᠴᠢᠩᠭᠠᠷᠠᠭᠤᠯᠤᠨ᠂ ᠠᠮᠢ ᠠᠬᠤᠶ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠢᠯᠡᠳᠲᠡ ᠨᠡᠮᠡᠭᠳᠡᠭᠦᠯᠵᠦ᠂ ᠬᠤᠲᠠ ᠬᠥᠳᠡᠭᠡ ᠶᠢᠨ ᠬᠥᠮᠦᠰ ᠤᠨ ᠰᠠᠭᠤᠷᠢᠰᠢᠯ ᠤᠨ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠤᠨ᠂ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠥᠬᠡᠶ | ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠷᠭᠦᠯᠵᠢᠯᠡᠬᠦ | ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠭᠤᠣᠯ ᠪᠣᠯᠬᠤ ᠪᠣᠬᠢᠷ ᠪᠣᠳᠠᠰ | ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠭᠦᠢᠴᠡᠳᠬᠡᠬᠦ | ᠲᠤᠭ᠎ᠠ ᠶᠢᠨ ᠳᠣᠲᠣᠷ᠎ᠠ ᠬᠢᠵᠠᠭᠠᠷᠯᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠤᠯᠠᠮ | ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ᠂ ᠤᠢ | ᠰᠢᠭᠤᠶ ᠶᠢᠨ ᠪᠦᠷᠬᠦᠴᠡ ᠶᠢᠨ ᠨᠤᠷᠮ᠎ᠠ ᠶᠢ ᠵᠡᠷᠭᠡᠪᠡᠷ ᠨᠡᠮᠡᠭᠳᠡᠭᠦᠯᠦᠨ᠎ᠡ᠃ | | -- ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠨ᠎ᠡ ᠬᠢᠷᠢ ᠬᠡᠮᠵᠢᠶᠡᠨ ᠳᠤ ᠬᠦᠷᠭᠡᠨ᠎ᠡ᠃ ᠪᠥᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ | ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠠᠵᠢᠯ ᠣᠯᠭᠤᠯᠲᠠ᠂ ᠰᠤᠷᠭᠠᠨ | ᠬᠥᠮᠦᠵᠢᠯ᠂ ᠰᠣᠶᠣᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠨᠡᠩ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ | ᠪᠣᠯᠭᠠᠬᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ | | -- ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ | ᠬᠠᠤᠯᠢᠵᠢᠯ ᠤᠨ ᠠᠯᠠᠱᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠡᠷᠬᠡ | ᠠᠰᠢᠭ ᠢ ᠦᠨᠡᠨᠬᠦ ᠪᠠᠲᠤᠯᠠᠪᠠ᠃ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠠᠵᠢᠯ ᠢ ᠨᠡᠩ | ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠢᠯᠡᠷᠡᠭᠦᠯᠵᠦ᠂ ᠵᠠᠰᠠᠭ | ᠵᠠᠬᠢᠷᠭᠠᠨ ᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ | ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ ᠬᠦᠴᠦᠲᠡᠶ ᠪᠣᠯᠭᠠᠨ᠎ᠠ᠃ | | ᠭᠤᠷᠪᠠᠳᠤᠭᠠᠷ ᠪᠦᠯᠦᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠦᠯᠦᠨ᠎ᠡ | | ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠠᠪᠤᠳᠠᠯ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠪᠠᠶᠢᠷᠢᠨ ᠳᠤ ᠲᠠᠯᠪᠢᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠤᠯᠤᠰ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠣᠨᠣᠯ ᠤᠨ ᠰᠢᠨ᠎ᠡ | ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ | ᠰᠣᠶᠣᠯ ᠤᠨ ᠰᠢᠨ᠎ᠡ ᠡᠭᠦᠳᠦᠯᠲᠡ ᠵᠡᠷᠭᠡ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠶ ᠠᠬᠢᠭᠤᠯᠵᠤ᠂ | ᠰᠢᠨ᠎ᠡ ᠶᠢ ᠡᠭᠦᠳᠬᠦ ᠶᠢ ᠨᠡᠶᠢᠭᠡᠮ ᠳᠠᠶᠠᠭᠠᠷ ᠲᠤ ᠨᠡᠶᠢᠳᠡᠮ ᠳᠡᠯᠭᠡᠷᠡᠭᠦᠯᠵᠦ᠂ ᠰᠢᠨ᠎ᠡ ᠪᠦᠲᠦᠭᠡᠭᠳᠡᠬᠦᠨ ᠢ ᠡᠭᠦᠳᠬᠦ᠂ | ᠰᠢᠨ᠎ᠡ ᠣᠷᠣᠨ ᠵᠠᠢ ᠶᠢ ᠥᠷᠭᠡᠳᠬᠡᠬᠦ᠂ ᠰᠢᠨ᠎ᠡ ᠪᠣᠭᠤᠮᠲᠠ ᠶᠢ ᠤᠷᠲᠤᠳᠬᠠᠬᠤ᠂ ᠰᠢᠨ᠎ᠡ ᠡᠬᠢ ᠪᠠᠶᠠᠯᠢᠭ ᠢ ᠠᠰᠢᠭᠯᠠᠬᠤ | ᠂ ᠰᠢᠨ᠎ᠡ ᠡᠨᠧᠷᠭᠢ ᠶᠢ ᠨᠡᠭᠡᠭᠡᠬᠦ᠂ ᠰᠢᠨ᠎ᠡ ᠦᠨᠳᠦᠰᠦᠨ ᠪᠦᠳᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠬᠦ᠂ | ᠰᠢᠨ᠎ᠡ ᠮᠡᠷᠭᠡᠵᠢᠯ ᠢ ᠬᠡᠷᠡᠭᠯᠡᠬᠦ᠂ ᠰᠢᠨ᠎ᠡ ᠠᠭᠤᠰᠤᠯᠴᠠᠯ ᠢ ᠠᠬᠢᠭᠤᠯᠬᠤ᠂ ᠰᠢᠨ᠎ᠡ ᠦᠢᠯᠡᠴᠢᠯᠡᠭᠡ ᠶᠢ ᠡᠭᠦᠳᠬᠦ᠂ ᠰᠢᠨ᠎ᠡ | ᠬᠤᠳᠠ ᠬᠥᠳᠡᠭᠡ ᠶᠢ ᠪᠦᠳᠦᠭᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠢ ᠶᠢᠨ ᠨᠡᠮᠡᠭᠳᠡᠯ ᠤᠨ ᠴᠢᠨᠠᠷ | ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | | ᠨᠢᠭᠡᠳᠦᠭᠡᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ | | ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠠᠵᠤ ᠦᠢᠯᠡᠰ᠂ ᠰᠢᠨ᠎ᠡ ᠵᠠᠭᠪᠤᠷ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠰᠢᠨ᠎ᠡ ᠶᠢ ᠡᠭᠦᠳᠬᠦ ᠥᠪᠡᠷ ᠤᠨ ᠦᠷᠳᠡᠭ ᠢ | ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠠ ᠠᠮᠢᠵᠢᠷᠠᠯ ᠤᠨ | ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠡᠷᠴᠢᠮᠲᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠰᠢᠨ᠎ᠡ ᠦᠢᠯᠡᠳᠬᠦᠨ ᠰᠤᠳᠤᠯᠤᠨ ᠨᠡᠭᠡᠭᠡᠬᠦ᠂ ᠰᠢᠨ᠎ᠡ ᠮᠡᠷᠭᠡᠵᠢᠯ᠂ | ᠰᠢᠨ᠎ᠡ ᠭᠠᠷ ᠤᠷᠠᠯᠠᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠵᠠᠰᠠᠭ ᠤᠨ | ᠣᠷᠳᠣᠨ᠂ ᠨᠡᠶᠢᠭᠡᠮ᠂ ᠠᠵᠤ ᠠᠬᠤᠶᠢᠯᠠᠯ ᠢᠶᠠᠷ ᠳᠠᠮᠵᠢᠭᠤᠯᠤᠨ ᠲᠠᠪᠴᠠᠩ ᠤᠨ ᠠᠴᠢᠶᠠᠯᠠᠪᠤᠷᠢ ᠶᠢ ᠬᠠᠮᠲᠤᠪᠠᠷ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠤᠢ ᠪᠣᠯᠭᠠᠬᠤ᠂ | ᠬᠤᠪᠢᠷᠠᠭᠤᠯᠬᠤ᠂ ᠬᠡᠷᠡᠭᠯᠡᠬᠦ ᠶᠢ ᠠᠬᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ | ᠦᠢᠯᠡᠰᠵᠢᠭᠦᠯᠬᠦ ᠶᠢ ᠲᠦᠷᠭᠡᠳᠬᠡᠨ᠎ᠡ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠠᠤᠯᠢ ᠪᠠᠷ ᠵᠠᠰᠠᠬᠤ ᠣᠷᠴᠢᠨ | ᠠᠬᠤᠶ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠪᠠᠲᠤᠯᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ | | ᠦᠷ᠎ᠡ ᠪᠦᠲᠦᠭᠡᠯ ᠢ ᠬᠤᠪᠢᠷᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠯ᠎ᠡ ᠲᠥᠷᠥᠯ ᠤᠨ ᠦᠷ᠎ᠡ ᠪᠦᠲᠦᠭᠡᠯ ᠢ ᠬᠤᠪᠢᠷᠠᠭᠤᠯᠬᠤ ᠦᠶᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ | ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠶᠯᠡᠰ᠂ ᠠᠵᠤ ᠠᠬᠤᠶᠢᠯᠠᠯ ᠤᠨ | ᠬᠡᠷᠡᠭᠴᠡᠭᠡ ᠱᠠᠭᠠᠷᠳᠠᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠣᠷᠣᠨ ᠪᠦᠰᠡ ᠠᠯᠤᠰᠯᠠᠨ ᠦᠷ᠎ᠡ ᠪᠦᠲᠦᠭᠡᠯ᠂ | ᠴᠢᠳᠠᠪᠤᠷᠢᠲᠠᠨ᠂ ᠬᠥᠷᠥᠩᠭᠡ᠂ ᠲᠠᠪᠴᠠᠩ᠂ ᠦᠶᠯᠡᠴᠢᠯᠡᠭᠡᠨ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠷ | ᠢᠳᠡᠪᠬᠢᠲᠡᠶ ᠴᠢᠷᠮᠠᠶᠢᠨ᠎ᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠬᠤ ᠪᠠ ᠠᠵᠤ ᠦᠢᠯᠡᠰᠵᠢᠭᠦᠯᠬᠦ | ᠠᠴᠢᠶᠠᠯᠠᠪᠤᠷᠢ ᠶᠢ ᠪᠠᠶᠢᠭᠤᠯᠤᠨ᠎ᠠ᠃ ᠠᠵᠤ ᠠᠬᠤᠶᠢᠯᠠᠯ ᠲᠦᠷᠦᠭᠦᠯᠡᠨ᠂ ᠵᠠᠰᠠᠭ ᠤᠨ ᠣᠷᠳᠣᠨ ᠬᠥᠲᠥᠯᠦᠨ | ᠵᠢᠯᠣᠭᠤᠳᠴᠤ᠂ ᠠᠵᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠤᠮᠳᠠ | ᠨᠢ ᠲᠤᠷᠰᠢᠨ ᠪᠣᠯᠪᠠᠰᠤᠷᠠᠩᠭᠤᠶ ᠪᠣᠯᠭᠠᠬᠤ ᠪᠠ ᠠᠵᠤ ᠦᠶᠯᠡᠰᠵᠢᠭᠦᠯᠬᠦ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ᠂ ᠴᠡᠪᠡᠷ ᠡᠨᠧᠷᠭᠢ᠂ ᠰᠢᠨ᠎ᠡ ᠮᠠᠲ᠋ᠧᠷᠢᠶᠠᠯ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠶ᠂ ᠠᠮᠢ ᠠᠬᠤᠶ ᠬᠢᠭᠡᠳ ᠣᠷᠴᠢᠨ ᠲᠣᠭᠤᠷᠢᠨ᠂ ᠮᠣᠩᠭᠤᠯ ᠬᠢᠲᠠᠳ ᠡᠮ ᠡᠮᠨᠡᠯᠭᠡ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠤᠶᠢᠵᠢᠭᠤᠯᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ | ᠠᠶᠢᠮᠠᠭ ᠤᠨ ᠡᠯ᠎ᠡ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠶᠯᠡᠳᠪᠦᠷᠢᠯᠡᠬᠦ ᠵᠢᠭᠠᠬᠤ ᠰᠤᠳᠤᠯᠬᠤ | ᠬᠠᠮᠲᠤᠷᠠᠯᠴᠠᠬᠤ ᠬᠡᠯᠪᠡᠷᠢ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠯᠦᠭᠡ ᠰᠢᠨ᠎ᠡ ᠶᠢ ᠡᠭᠦᠳᠬᠦ ᠲᠠᠪᠴᠠᠩ ᠤᠨ | ᠠᠴᠢᠶᠠᠯᠠᠪᠤᠷᠢ ᠶᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃ | | ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠰᠢᠨ᠎ᠡ ᠶᠢ ᠡᠭᠦᠳᠬᠦ ᠳᠤ ᠲᠦᠰᠢᠭᠯᠡᠨ | ᠰᠢᠯᠢᠳᠡᠭ ᠦᠢᠯᠡᠳᠪᠦᠷᠢᠯᠡᠯ ᠤᠨ ᠡᠯᠧᠮᠧᠨ᠋ᠲ ᠢ ᠬᠤᠷᠠᠮᠳᠤᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠡᠯᠧᠮᠧᠨ᠋ᠲ ᠤᠨ ᠲᠤᠬᠢᠷᠠᠭᠤᠯᠤᠯᠳᠠ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ | ᠦᠶᠯᠡᠳᠬᠦᠨ ᠤ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ | ᠰᠢᠨ᠎ᠡ ᠶᠢ ᠡᠭᠦᠳᠬᠦ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠰᠥᠯᠲᠡ ᠶᠢᠨ ᠴᠢᠨᠠᠷ ᠢᠶᠠᠷ | ᠥᠨᠳᠥᠷ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ | ᠵᠣᠷᠢᠭᠵᠢᠭᠤᠯᠵᠤ᠂ ᠠᠵᠤ ᠦᠢᠯᠡᠰ ᠤᠨ ︽ᠲᠤᠰᠬᠠᠶ ᠨᠠᠷᠢᠯᠢᠭ ᠣᠨᠴᠠᠭᠠᠶ︾ ᠮᠡᠷᠭᠡᠵᠢᠯ ᠢ ᠡᠵᠡᠮᠰᠢᠭᠰᠡᠨ ᠰᠢᠨ᠎ᠡ ᠶᠢ | ᠡᠭᠦᠳᠬᠦ ᠬᠡᠯᠪᠡᠷᠢ ᠶᠢᠨ ᠨᠢᠭᠡ ᠪᠦᠯᠦᠭ ᠠᠵᠤ ᠠᠬᠤᠶᠢᠯᠠᠯ ᠢ ᠪᠤᠶᠢᠵᠢᠭᠤᠯᠤᠨ᠎ᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠵᠦᠢ ᠵᠣᠬᠢᠰᠲᠠᠶ ᠪᠠᠷ ᠰᠢᠯᠵᠢᠭᠦᠯᠬᠦ ᠪᠠᠶᠢᠭᠤᠯᠤᠯ ᠲᠣᠭᠲᠠᠴᠠ ᠶᠢ | ᠪᠠᠶᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠶᠢ ᠠᠬᠢᠭᠤᠯᠤᠨ᠎ᠠ᠃ | ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠢ ᠣᠷᠭᠠᠨᠢᠭ ᠢᠶᠠᠷ ᠤᠶᠠᠯᠳᠤᠭᠤᠯᠤᠭᠰᠠᠨ ᠰᠢᠨ᠎ᠡ ᠶᠢ ᠡᠭᠦᠳᠬᠦ | ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠰᠤᠳᠤᠯᠤᠨ ᠨᠡᠭᠡᠭᠡᠬᠦ | ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠢᠯᠡᠴᠢᠯᠡᠭᠡ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ | ᠵᠠᠬ᠎ᠠ ᠳᠡᠯᠭᠡᠭᠦᠷ ᠢᠶᠠᠷ ᠰᠠᠭᠤᠷᠢ ᠴᠢᠨᠠᠷᠲᠠᠶ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ | ᠣᠷᠳᠣᠨ ᠬᠥᠲᠥᠯᠥᠨ ᠵᠢᠯᠣᠭᠤᠳᠬᠤ᠂ ᠲᠣᠬᠢᠷᠠᠭᠤᠯᠤᠨ ᠡᠵᠡᠮᠳᠡᠬᠦ᠂ ᠳᠡᠮᠵᠢᠬᠦ ᠵᠡᠷᠭᠡ ᠦᠢᠯᠡᠳᠦᠯ ᠢ | ᠭᠤᠣᠯᠳᠠᠯᠭ᠎ᠠ ᠲᠠᠢ ᠪᠠᠷ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠵᠠᠰᠠᠭ | ᠵᠠᠬᠢᠷᠭᠠᠨᠴᠢᠯᠠᠬᠤ᠂ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠦᠷ᠎ᠡ ᠪᠦᠲᠦᠮᠵᠢ ᠥᠨᠳᠥᠷ ᠪᠢᠰᠢ | ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠤᠭ ᠤᠨ ᠴᠢᠩᠭ᠎ᠠ ᠬᠠᠮᠠᠭᠠᠯᠠᠯᠲᠠ ᠶᠢ ᠬᠡᠷᠡᠭᠵᠢᠭᠦᠯᠵᠦ᠂ ᠰᠢᠰᠲ᠋ᠧᠮ ᠤᠨ ᠬᠠᠮᠠᠭᠠᠯᠠᠯᠲᠠ ᠶᠢᠨ ᠴᠢᠳᠠᠪᠤᠷᠢ ᠶᠢ | ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠤᠯᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ᠂ ᠦᠶᠯᠡᠴᠢᠯᠡᠬᠦ ᠪᠥᠬᠦ ᠬᠡᠯᠬᠢᠶ᠎ᠡ ᠶᠢ ᠤᠯᠠᠮ ᠨᠡᠪᠲᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠳᠤ ᠦᠵᠡᠭᠦᠯᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠯᠭᠠᠭᠤᠷᠢᠯᠠᠨ ᠳᠠᠭᠠᠭᠤᠯᠬᠤ | ᠦᠶᠯᠡᠳᠦᠯ ᠢ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠨ ᠵᠦᠶᠯ ᠤᠨ | ᠪᠡᠶ᠎ᠡ ᠪᠠᠨ ᠳᠠᠭᠠᠭᠠᠵᠤ ᠡᠮᠬᠢ ᠵᠢᠷᠤᠮ ᠲᠠᠢ ᠪᠠᠷ ᠰᠢᠯᠵᠢᠬᠦ᠂ ᠥᠨᠳᠥᠷ ᠦᠷ᠎ᠡ ᠪᠦᠲᠦᠮᠵᠢᠲᠡᠶ ᠪᠠᠷ ᠳᠣᠭᠢᠷᠠᠭᠤᠯᠬᠤ ᠶᠢ | ᠠᠬᠢᠭᠤᠯᠵᠤ᠂ ᠪᠥᠬᠦ ᠨᠡᠶᠢᠭᠡᠮ ᠤᠨ ᠰᠢᠨ᠎ᠡ ᠶᠢ ᠡᠭᠦᠳᠦᠯᠲᠡ ᠶᠢᠨ ᠲᠤᠰᠬᠠᠶ ᠠᠰᠢᠭ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ ᠦᠷ᠎ᠡ | ᠲᠤᠰᠬᠠᠶ ᠠᠰᠢᠭ ᠤᠨ ᠨᠢᠭᠲᠠᠷᠬᠠᠰᠠᠨ ᠬᠡᠯᠪᠡᠷᠢ ᠶᠢᠨ ᠠᠵᠤ ᠦᠶᠯᠡᠰ᠂ ᠨᠠᠷᠠᠲᠤ ᠲᠥᠷᠥᠯ ᠲᠡᠮᠳᠡᠭᠲᠦ ᠶᠢᠨ ᠠᠵᠤ ᠠᠬᠤᠶ | ᠂ ᠭᠠᠵᠠᠷ ᠵᠦᠶ ᠶᠢᠨ ᠪᠡᠯᠭᠡ ᠲᠡᠮᠳᠡᠭ ᠤᠨ ᠠᠵᠤ ᠦᠶᠯᠡᠰ ᠢ ᠶᠡᠬᠡᠪᠡᠷ ᠪᠤᠶᠢᠵᠢᠭᠤᠯᠤᠨ ᠬᠥᠭᠵᠢᠭᠦᠯᠦᠨ᠎ᠡ᠃ | | ᠬᠤᠶᠠᠳᠤᠭᠠᠷ ᠬᠡᠰᠡᠭ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠨ᠎ᠠ | | ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠨᠡᠭᠡᠭᠡᠯᠲᠡᠲᠡᠶ ᠪᠠᠭᠲᠠᠭᠠᠮᠵᠢᠲᠠᠶ᠂ ᠠᠵᠢᠯᠯᠠᠭᠠᠨ ᠨᠢ ᠥᠨᠳᠥᠷ | ᠪᠦᠲᠦᠮᠵᠢᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠵᠠᠰᠠᠯᠲᠠ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠠᠮᠢᠳᠤᠯᠢᠭ ᠪᠥᠭᠡᠳ ᠨᠡᠭᠡᠭᠡᠯᠲᠡᠲᠡᠶ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠪᠠ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠬᠤᠪᠣᠷ ᠴᠤᠬᠠᠭ ᠴᠢᠳᠠᠪᠤᠷᠢᠲᠠᠨ ᠪᠠ ᠳᠡᠭᠡᠳᠦ ᠲᠡᠰ ᠤᠨ ᠴᠢᠳᠠᠪᠤᠷᠢᠲᠠᠨ ᠢ ᠲᠠᠳᠠᠨ ᠣᠷᠣᠭᠤᠯᠵᠤ ᠳᠡᠶᠢᠯᠬᠦ᠂ | ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | | ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠤ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ | ᠠᠬᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ᠂ ᠢᠨᠵᠧᠨᠧᠷᠢᠩ ᠤᠨ ᠮᠡᠷᠭᠡᠵᠢᠯ᠂ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠶᠯᠡᠰ ᠴᠣᠭᠴᠠᠯᠠᠬᠤ ᠪᠠ ᠤᠷ᠎ᠠ | ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠵᠣᠯᠭᠠᠭᠤᠯᠤᠨ ᠡᠮᠬᠢ ᠵᠢᠷᠤᠮ ᠲᠠᠢ᠂ ᠱᠠᠲᠤᠯᠠᠨ | ᠳᠣᠭᠢᠷᠠᠭᠤᠯᠤᠭᠰᠠᠨ᠂ ᠵᠦᠶ ᠵᠣᠬᠢᠰᠲᠠᠶ ᠲᠠᠷᠬᠠᠭᠰᠠᠨ ᠪᠠᠶᠢᠷᠢᠰᠢᠯ ᠢ ᠪᠦᠷᠢᠯᠳᠦᠭᠦᠯᠦᠨ᠎ᠡ᠃ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠲᠣᠪᠶᠤᠭ ᠤᠨ ᠮᠠᠶ᠋ᠢᠭ︾ ᠢᠶᠠᠷ ᠴᠢᠳᠠᠪᠤᠷᠢᠲᠠᠨ ᠣᠷᠣᠭᠤᠯᠬᠤ ᠶᠢ | ᠬᠡᠷᠡᠭᠵᠢᠭᠦᠯᠵᠦ᠂ ︽ᠨᠠᠷᠢᠯᠢᠭ ᠣᠨᠣᠴᠠᠲᠠᠶ ᠪᠠᠷ ᠴᠢᠳᠠᠪᠤᠷᠢᠲᠠᠨ ᠣᠷᠣᠭᠤᠯᠬᠤ︾ ᠣᠨᠣᠯᠵᠢᠬᠤᠨ ᠢ ᠴᠢᠩᠭᠠᠷᠠᠭᠤᠯᠤᠨ᠎ᠠ | ᠃ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠠᠨᠳᠤᠭᠤᠯᠤᠭᠰᠠᠨ ᠬᠡᠷᠡᠭᠯᠡᠭᠡᠨ ᠤ ᠢᠨᠵᠧᠨᠧᠷᠢᠩ ᠤᠨ | ᠴᠢᠳᠠᠪᠤᠷᠢᠲᠠᠨ᠂ ᠰᠢᠯᠭᠠᠷᠠᠭᠰᠠᠨ ᠢᠨᠵᠧᠨᠧᠷ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠲᠤᠰ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠶᠢ ᠳᠡᠮᠵᠢᠨ᠎ᠡ᠃ | | ᠴᠢᠳᠠᠪᠤᠷᠢᠲᠠᠨ ᠢ ᠬᠥᠮᠦᠵᠢᠭᠦᠯᠬᠦ ᠶᠢ ᠳᠡᠮᠵᠢᠬᠦ ᠲᠣᠭᠲᠠᠴᠠ ᠶᠢ ᠰᠠᠶᠢᠵᠢᠷᠠᠭᠤᠯᠤᠨ᠎ᠠ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠ ᠰᠠᠭᠤᠷᠢ ᠰᠤᠷᠭᠠᠨ ᠬᠥᠮᠦᠵᠢᠯ ᠤᠨ ᠬᠤᠣᠰ ᠱᠤᠭᠤᠮ ᠤᠨ ᠲᠦᠷᠢᠮ ᠢ ᠬᠡᠷᠡᠭᠵᠢᠭᠦᠯᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠲᠡᠰ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ | ᠶᠡᠭᠡ ᠬᠡᠮᠵᠢᠶᠡᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠤ ᠲᠤᠬᠠᠶ ᠵᠠᠬ᠎ᠠ | ᠳᠡᠯᠭᠡᠭᠦᠷ ᠤᠨ ᠬᠡᠷᠡᠭᠴᠡᠭᠡ ᠶᠢ ᠬᠠᠩᠭᠠᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠳᠡᠮᠵᠢᠬᠦ ᠠᠷᠭ᠎ᠠ ᠮᠠᠶ᠋ᠢᠭ ᠢ ᠰᠠᠶᠢᠵᠢᠷᠠᠭᠤᠯᠵᠤ᠂ ᠳᠡᠮᠵᠢᠬᠦ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ ᠲᠡᠭᠦᠯᠳᠡᠷᠵᠢᠭᠦᠯᠵᠦ᠂ ᠳᠡᠮᠵᠢᠬᠦ ᠠᠷᠭ᠎ᠠ ᠮᠠᠶ᠋ᠢᠭ ᠤᠨ ᠲᠠᠯ᠎ᠠ ᠪᠠᠷ | ᠰᠢᠨ᠎ᠡ ᠶᠢ ᠡᠭᠦᠳᠦᠨ᠎ᠡ᠃ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ | ᠰᠠᠯᠠᠭ᠎ᠠ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢ ᠤᠯᠠᠮ ᠰᠢᠯᠢᠳᠡᠭᠵᠢᠭᠦᠯᠵᠦ᠂ ᠠᠵᠤ ᠦᠶᠯᠡᠰ ᠪᠠ ᠰᠤᠷᠭᠠᠨ | ᠬᠥᠮᠦᠵᠢᠯ ᠤᠨ ᠨᠡᠶᠢᠯᠡᠯ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ | ᠂ ᠳᠡᠭᠡᠳᠦ ᠰᠤᠷᠭᠠᠭᠤᠯᠢ ᠶᠢᠨ ᠭᠠᠵᠠᠷ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢ ᠲᠤᠯᠭᠠᠭᠤᠷᠢᠯᠠᠬᠤ ᠣᠷᠣᠨ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ | ᠣᠷᠣᠨ ᠨᠤᠲᠤᠭ ᠤᠨ ᠴᠢᠳᠠᠪᠤᠷᠢᠲᠠᠨ ᠤ ᠦᠷᠭᠦᠯᠵᠢᠯᠡᠨ ᠭᠦᠨᠵᠡᠭᠡᠶᠢᠷᠡᠨ ᠰᠤᠷᠤᠯᠴᠠᠬᠤ ᠶᠢ ᠵᠣᠷᠢᠭᠵᠢᠭᠤᠯᠤᠨ᠎ᠠ᠃ | | ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠦᠢᠯᠡᠰ ᠤᠨ ᠨᠢᠭᠡᠴᠢ ᠶᠢᠨ ᠣᠷᠣᠯᠭ᠎ᠠ ᠶᠢᠨ ᠰᠢᠨ᠎ᠡ ᠶᠢ ᠡᠭᠦᠳᠦᠨ ᠠᠳᠠᠯ ᠦᠶᠯᠡᠰ | ᠴᠣᠭᠴᠠᠯᠠᠬᠤ ᠴᠢᠳᠠᠪᠤᠷᠢᠲᠠᠨ ᠤ ᠰᠲ᠋ᠣᠺ ᠤᠨ ᠡᠷᠬᠡ ᠪᠠ ᠠᠰᠢᠭ ᠬᠤᠪᠢᠶᠠᠷᠢᠯᠠᠬᠤ ᠶᠢ ᠤᠷᠮᠠᠰᠢᠭᠤᠯᠬᠤ ᠲᠤᠷᠰᠢᠯᠲᠠ ᠶᠢ | ᠥᠷᠨᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ᠂ ᠰᠢᠯᠢᠳᠡᠭ ᠰᠢᠨ᠎ᠡ ᠶᠢ ᠡᠭᠦᠳᠬᠦ | ᠪᠦᠯᠬᠦᠮ ᠨᠡᠶᠢᠲᠡ ᠶᠢ ᠤᠷᠮᠠᠰᠢᠭᠤᠯᠬᠤ ᠶᠢ ᠳᠣᠪᠤᠶᠢᠯᠭᠠᠨ᠎ᠠ᠃ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ᠂ ᠲᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠪᠠ ︽ᠠᠯᠠᠱᠠ ᠶᠢᠨ ᠭᠠᠷᠮᠠᠭᠠᠶ ᠴᠢᠳᠠᠪᠤᠷᠢᠲᠠᠨ︾ ︽ᠬᠤᠨ | ᠭᠠᠯᠠᠭᠤ︾ ᠵᠡᠷᠭᠡ ᠶᠢ ᠰᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠱᠠᠲᠤ ᠬᠤᠪᠢᠶᠠᠨ | ᠲᠥᠷᠥᠯ ᠬᠤᠪᠢᠶᠠᠬᠤ ︽ᠴᠢᠳᠠᠪᠤᠷᠢᠲᠠᠨ ᠤ ᠲᠥᠷᠥᠯ ᠵᠦᠶᠯ ᠢᠶᠠᠷ ᠬᠥᠲᠥᠯᠦᠨ ᠳᠠᠭᠠᠭᠤᠯᠵᠤ ᠳᠡᠮᠵᠢᠬᠦ ᠲᠥᠯᠥᠪᠯᠡᠭᠡ︾ | ᠶᠢ ᠬᠡᠷᠡᠭᠵᠢᠭᠦᠯᠦᠨ᠎ᠡ᠃ | | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯᠳᠠᠯᠭ᠎ᠠ ᠲᠠᠢ ᠲᠥᠷᠥᠯ ᠵᠦᠢᠯ | | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠶᠯ᠄ ᠲᠡᠮᠡᠭᠡᠨ ᠤ ᠡᠭᠡᠯᠢᠯᠡᠭᠡ ᠶᠢᠨ | ᠰᠦ ᠡᠷᠡᠭᠦᠯᠵᠢᠯ ᠤᠨ ᠢᠳᠡᠭᠡᠨ ᠢ ᠰᠤᠳᠤᠯᠤᠨ ᠦᠢᠯᠡᠳᠴᠦ ᠨᠡᠭᠡᠭᠡᠨ ᠬᠥᠭᠵᠢᠭᠦᠯᠬᠦ ᠲᠥᠷᠥᠯ ᠵᠦᠢᠯ᠂ | ᠤᠯᠠᠭᠠᠨᠪᠤᠬ᠎ᠠ ᠶᠢᠨ ᠡᠯᠡᠰᠦᠨ ᠴᠦᠯ ᠤᠨ ᠠᠮᠢ ᠠᠬᠤᠶ ᠶᠢᠨ ᠵᠠᠰᠠᠯᠲᠠ ᠶᠢᠨ ᠰᠠᠯᠬᠢᠨ ᠤ ᠬᠤᠷᠠᠳᠠᠰᠤ ᠡᠯᠡᠰᠦ ᠶᠢ | ᠶᠡᠷᠦᠩᠬᠡᠶᠢᠯᠡᠨ ᠠᠰᠢᠭᠯᠠᠬᠤ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠲᠥᠷᠥᠯ ᠵᠦᠶᠯ᠂ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠡᠪᠴᠢᠭᠦᠯᠬᠦ ᠬᠦᠷᠢᠶᠡᠯᠡᠩ ᠤᠨ | ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠵᠥᠩ ᠱᠧᠩ | ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠷᠢᠭᠦᠨ ᠤ ᠲᠡᠮᠦᠷᠯᠢᠭ ᠮᠠᠲ᠋ᠧᠷᠢᠶᠠᠯ ᠤᠨ | ᠲᠤᠷᠰᠢᠯᠲᠠ ᠶᠢᠨ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠪᠧᠨ ᠰᠢᠩ ᠰᠢᠨ᠎ᠡ ᠮᠠᠲ᠋ᠧᠷᠢᠶᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠤᠳᠤᠯᠤᠨ ᠨᠡᠭᠡᠭᠡᠬᠦ ᠲᠥᠪ ᠤᠨ ᠲᠥᠷᠥᠯ ᠵᠦᠶᠯ | | ᠭᠤᠤᠯᠳᠠᠯᠭ᠎ᠠ ᠲᠠᠢ ᠴᠢᠳᠠᠪᠤᠷᠢᠲᠠᠨ ᠤ ᠲᠥᠯᠥᠪᠯᠡᠭᠡ᠄ ︽ᠠᠯᠠᠱᠠ ᠶᠢᠨ ᠴᠢᠳᠠᠪᠤᠷᠢᠲᠠᠨ︾ ᠤ ᠢᠨᠵᠧᠨᠧᠷᠢᠩ᠂ | ︽ᠣᠶᠤᠲᠠᠳ ᠢ ᠪᠤᠴᠠᠭᠠᠬᠤ︾ ᠲᠥᠯᠥᠪᠯᠡᠭᠡ | | ᠳᠥᠷᠪᠡᠳᠦᠭᠡᠷ ᠪᠦᠯᠦᠭ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ ᠦᠵᠡᠰᠬᠦᠯᠡᠩᠲᠦ ᠰᠠᠶᠢᠬᠠᠨ | ᠠᠯᠠᠱᠠ ᠶᠢ ᠪᠦᠲᠦᠭᠡᠨ ᠪᠠᠶᠢᠭᠤᠯᠤᠨ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠴᠢᠮᠲᠡᠢ ᠲᠤᠤᠱᠯᠠᠭᠤᠯᠵᠤ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠪᠠᠷᠢᠮᠲᠠᠯᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ | ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠᠷ ᠬᠠᠲᠠᠭᠤ ᠬᠢᠵᠠᠭᠠᠷᠯᠠᠯ ᠪᠣᠯᠭᠠᠵᠤ᠂ | ᠬᠠᠮᠤᠭ ᠤᠨ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠶᠢ ᠪᠠᠷᠢᠮᠲᠠᠯᠠᠵᠤ᠂ ᠪᠠᠶᠢᠭᠠᠯᠢ ᠶᠢᠨ ᠠᠮᠢ | ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠨ᠎ᠠ᠃ ︽ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ | ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠨ᠎ᠠ᠃ | ᠠᠯᠠᠱᠠ ᠠᠶᠢᠮᠠᠭ ᠢ ᠤᠯᠤᠰ ᠤᠨ ᠴᠢᠬᠤᠯᠠ ᠠᠮᠢ ᠠᠬᠤᠶ ᠶᠢᠨ ᠴᠢᠳᠠᠮᠵᠢ ᠶᠢᠨ ᠵᠢᠱᠢᠶ᠎ᠡ ᠦᠵᠡᠭᠦᠯᠬᠦ ᠣᠷᠣᠨ ᠠᠴᠠ | ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠠᠶᠢᠮᠠᠭ ᠳᠠᠰᠢ ᠬᠤᠪᠢᠷᠠᠭᠤᠯᠬᠤ ᠶᠢ ᠠᠬᠢᠭᠤᠯᠤᠨ᠎ᠠ | ᠃ | | ᠨᠢᠭᠡᠳᠦᠭᠡᠷ ᠬᠡᠰᠡᠭ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ | | ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ | ᠪᠠᠶᠢᠭᠤᠯᠬᠤ ᠱᠠᠭᠠᠷᠳᠠᠯᠭ᠎ᠠ ᠶᠢ ᠵᠢᠷᠤᠮᠯᠠᠵᠤ᠂ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠯ ᠢ | ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ | ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | | ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ ᠶᠢᠨ ᠴᠢᠳᠠᠮᠵᠢᠳᠣ ᠣᠷᠣᠨ ᠤ | ᠲᠥᠯᠥᠪᠵᠢᠭᠦᠯᠭᠡ︾ ᠶᠣᠰᠣᠭᠠᠷ᠂ ᠠᠯᠠᠱᠠ ᠠᠶᠢᠮᠠᠭ ᠤᠨ ᠭᠤᠤᠯ ᠴᠣᠭᠴᠠ ᠶᠢᠨ ᠴᠢᠳᠠᠮᠵᠢ ᠨᠢ ᠭᠤᠤᠯᠳᠠᠭᠤ ᠠᠮᠢ | ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠵᠤ᠂ ᠭᠤᠤᠯᠳᠠᠯᠭ᠎ᠠ ᠲᠠᠢ ᠭᠠᠵᠠᠷ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠲᠤ ᠳᠤᠨᠢ ᠬᠠᠷᠠᠭᠠᠯᠵᠠᠨ᠎ᠠ᠃ ᠴᠢᠳᠠᠮᠵᠢ ᠶᠢᠨ ᠪᠠᠶᠢᠷᠢ ᠲᠣᠭᠲᠠᠭᠠᠯᠲᠠ | ᠶᠣᠰᠣᠭᠠᠷ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠬᠦ 10 ᠰᠤᠮᠤ ᠪᠠᠯᠭᠠᠰᠤ ᠶᠢᠨ ᠨᠡᠭᠡᠭᠡᠨ ᠬᠥᠭᠵᠢᠭᠦᠯᠬᠦ ᠣᠷᠣᠨ | ᠪᠦᠰᠡ ᠶᠢᠨ ᠬᠡᠪᠴᠢᠶ᠎ᠡ ᠵᠢᠴᠢ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠭᠤᠷᠪᠠᠨ | ᠬᠤᠰᠢᠭᠤᠨ ᠤ ᠬᠢᠵᠠᠭᠠᠷ ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠶᠢᠨ ᠴᠥᠯᠵᠢᠯᠲᠡ ᠶᠢ ᠰᠡᠷᠭᠡᠶᠢᠯᠡᠨ ᠵᠠᠰᠠᠬᠤ ᠪᠠ | ᠠᠮᠢ ᠠᠬᠤᠶ ᠶᠢᠨ ᠬᠠᠮᠠᠭᠠᠯᠠᠯᠲᠠ ᠶᠢᠨ ᠭᠤᠤᠯᠳᠠᠯᠭ᠎ᠠ ᠶᠢ ᠲᠣᠳᠣᠷᠬᠠᠶᠢᠯᠠᠵᠤ᠂ 8 ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠠᠯᠠᠱᠠ ᠶᠢᠨ ᠡᠯᠡᠰᠦᠨ ᠴᠥᠯ ᠤᠨ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ 6 ᠬᠤᠲᠠ | ᠪᠠᠯᠭᠠᠰᠤ᠂ 12 ᠰᠢᠶᠠᠩ ᠪᠠᠯᠭᠠᠰᠤ᠂ 2 ᠭᠠᠴᠠᠭ᠎ᠠ ᠲᠣᠰᠬᠤᠨ ᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠨᠡᠭᠡᠭᠡᠨ ᠬᠥᠭᠵᠢᠭᠦᠯᠬᠦ ᠶᠢ ᠬᠤᠷᠢᠭᠯᠠᠬᠤ ᠣᠷᠣᠨ ᠪᠦᠰᠡ ᠶᠢ | ᠲᠣᠳᠣᠷᠬᠠᠶᠢᠯᠠᠨ᠎ᠠ᠃ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠡᠯ᠎ᠡ | ᠳᠠᠪᠬᠤᠷᠭ᠎ᠠ ᠳᠤ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠤᠮᠠᠷᠠᠲᠤ ᠬᠢᠯᠢ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠡᠭᠦᠷᠭᠡ ᠪᠠ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ | | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠢᠳᠡᠪᠬᠢᠲᠡᠶ ᠪᠠᠷ ᠤᠶᠠᠯᠳᠤᠭᠤᠯᠵᠤ᠂ ᠪᠦᠬᠦ ᠠᠶᠢᠮᠠᠭ ᠤᠨ ︽ | ᠠᠮᠢ ᠠᠬᠤᠶ ᠶᠢ ᠬᠠᠮᠠᠭᠠᠯᠠᠬᠤ᠂ ᠵᠣᠬᠢᠰᠲᠠᠶ ᠨᠡᠭᠡᠭᠡᠨ ᠬᠥᠭᠵᠢᠭᠦᠯᠬᠦ᠂ ᠪᠠᠭᠠᠰᠬᠠᠨ ᠰᠢᠯᠵᠢᠭᠦᠯᠬᠦ᠂ ᠲᠥᠪᠯᠡᠷᠡᠭᠦᠯᠦᠨ | ᠲᠥᠪᠯᠡᠷᠡᠭᠦᠯᠬᠦ︾ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ | ᠮᠠᠨ ᠤ ᠠᠶᠢᠮᠠᠭ ᠤᠨ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠨ ᠪᠦᠬᠦ ᠠᠶᠢᠮᠠᠭ ᠤᠨ ᠡᠯ᠎ᠡ ᠲᠦᠷᠦᠯ ᠤᠨ ᠣᠷᠣᠨ ᠵᠠᠢ ᠶᠢᠨ | ᠴᠢᠨᠠᠷᠲᠠᠢ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ | ᠶᠢ ᠠᠬᠢᠭᠤᠯᠵᠤ᠂ ᠨᠢᠭᠡᠳᠦᠯᠲᠡᠢ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠤ᠂ ᠡᠬᠢ | ᠪᠠᠶᠠᠯᠢᠭ ᠣᠷᠴᠢᠨ ᠲᠣᠭᠤᠷᠢᠨ ᠤ ᠬᠤᠷᠢᠭ᠎ᠠ ᠱᠤᠭᠤᠮ ᠤᠨ ᠬᠢᠵᠠᠭᠠᠷᠯᠠᠯ ᠢ ᠴᠢᠩᠭᠠᠳᠬᠠᠵᠤ᠂ ᠭᠤᠣᠯ ᠴᠣᠭᠴᠠ ᠶᠢᠨ | ᠴᠢᠳᠠᠮᠵᠢᠳᠤ ᠣᠷᠣᠨ ᠢ ᠪᠠᠬᠢᠵᠢᠭᠦᠯᠦᠨ ᠰᠢᠯᠢᠳᠡᠭᠵᠢᠭᠦᠯᠵᠦ᠂ ᠠᠮᠤᠷ ᠲᠦᠪᠰᠢᠨ ᠤᠶᠠᠨ ᠬᠠᠳᠠᠨ ᠴᠢᠨᠠᠷᠲᠠᠢ ᠠᠮᠢ | ᠠᠬᠤᠢ ᠶᠢᠨ ᠣᠷᠣᠨ ᠵᠠᠢ ᠶᠢ ᠪᠠᠶᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠮᠠᠯ ᠠᠵᠤ | ᠠᠬᠤᠢ ᠲᠠᠷᠢᠶᠠᠯᠠᠩ ᠤᠨ ᠣᠷᠣᠨ ᠵᠠᠢ ᠶᠢ ᠪᠠᠶᠢᠭᠤᠯᠵᠤ᠂ ᠤᠯᠠᠨ ᠡᠰᠢᠲᠦ ᠰᠠᠭᠤᠷᠢᠰᠢᠬᠤ ᠳᠤ ᠲᠣᠬᠢᠷᠠᠮᠵᠢᠲᠠᠢ ᠬᠤᠳᠠ | ᠪᠠᠯᠭᠠᠰᠤᠨ ᠤ ᠣᠷᠣᠨ ᠵᠠᠢ ᠶᠢ ᠴᠣᠭᠴᠠᠯᠠᠨ ᠪᠠᠶᠢᠭᠤᠯᠤᠨ᠎ᠠ᠃ ᠲᠥᠯᠥᠪᠵᠢᠭᠦᠯᠭᠡ ᠶᠢ ᠬᠡᠷᠡᠭᠵᠢᠭᠦᠯᠬᠦ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠵᠢᠷᠤᠭ ᠲᠥᠰᠦᠪ ᠢᠶᠠᠷ ᠡᠴᠦᠰ ᠲᠤᠨᠢ | ᠲᠤᠯᠲᠠᠯ᠎ᠠ ᠬᠠᠮᠢᠶᠠᠷᠬᠤ︾ ᠶᠢ ᠦᠨᠡᠨ ᠬᠦ ᠪᠠᠲᠤᠯᠠᠨ᠎ᠠ᠃ | | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠡᠯ᠎ᠡ ᠲᠥᠷᠥᠯ ᠤᠨ ᠦᠶᠯᠡᠳᠪᠦᠷᠢᠯᠡᠯ ᠤᠨ ᠬᠦᠴᠦᠨ ᠵᠦᠶᠯ ᠢ | ᠬᠥᠲᠥᠯᠦᠨ ᠵᠢᠯᠣᠭᠤᠳᠴᠤ ᠪᠠᠶᠢᠭᠠᠳ ᠭᠤᠤᠯ ᠴᠣᠭᠴᠠ ᠶᠢᠨ ᠴᠢᠳᠠᠮᠵᠢ ᠪᠠᠷ ᠨᠢ ᠰᠢᠯᠢᠳᠡᠭᠵᠢᠭᠦᠯᠦᠨ ᠳᠣᠭᠢᠷᠠᠭᠤᠯᠵᠤ᠂ | ︽ᠭᠤᠷᠪᠠᠨ ᠣᠷᠣᠨ ᠭᠤᠷᠪᠠᠨ ᠱᠤᠭᠤᠮ︾ ᠢ ᠠᠵᠤ ᠠᠬᠤᠶ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ | ᠦᠶᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢ ᠤᠷᠤᠭᠰᠢ ᠠᠬᠢᠭᠤᠯᠬᠤ ᠳᠤ ᠳᠠᠪᠠᠵᠤ | ᠪᠣᠯᠤᠰᠢ ᠥᠬᠡᠶ ᠬᠤᠷᠢᠭ᠎ᠠ ᠱᠤᠭᠤᠮ ᠪᠣᠯᠭᠠᠨ᠎ᠠ᠃ ᠭᠤᠣᠯ ᠴᠣᠭᠴᠠ ᠶᠢᠨ ᠴᠢᠳᠠᠮᠵᠢ ᠯᠤᠭ᠎ᠠ ᠲᠤᠬᠢᠷᠠᠬᠤ ᠦᠬᠡᠢ ᠠᠵᠤ | ᠦᠢᠯᠡᠰ ᠢ ᠠᠯᠬᠤᠮ ᠠᠯᠬᠤᠮ ᠢᠶᠠᠷ ᠰᠢᠭᠰᠢᠭᠳᠡᠭᠦᠯᠵᠦ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ | ᠴᠢᠳᠠᠪᠤᠷᠢ ᠶᠢᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠪᠣᠯᠤᠨ ᠬᠢᠨᠠᠨ ᠬᠡᠮᠵᠢᠵᠦ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠤᠨ᠂ ᠬᠥᠷᠥᠰᠥ ᠰᠢᠷᠣᠶ ᠶᠢᠨ ᠡᠬᠢ ᠪᠠᠶᠠᠯᠢᠭ᠂ ᠣᠷᠴᠢᠨ ᠲᠣᠭᠤᠷᠢᠨ ᠤ ᠪᠠᠭᠲᠠᠭᠠᠮᠵᠢ ᠶᠢᠨ | ᠳᠠᠭᠠᠭᠠᠴᠠ ᠠᠴᠠ ᠬᠡᠲᠦᠷᠡᠭᠰᠡᠨ ᠣᠷᠣᠨ ᠳᠤ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢ ︽ᠨᠢᠭᠡ ᠰᠢᠶᠠᠩ ᠤᠨ ᠭᠤᠷᠪᠠᠨ ᠬᠦᠷᠢᠶᠡᠯᠡᠩ ᠵᠢᠷᠭᠤᠭᠠᠨ ᠲᠣᠭᠤᠷᠢᠭ︾ ᠤᠨ | ᠶᠣᠰᠣᠭᠠᠷ ᠪᠠᠶᠢᠷᠢᠰᠢᠭᠤᠯᠵᠤ᠂ ᠠᠵᠤ ᠦᠢᠯᠡᠳᠪᠦᠷᠢ ᠶᠢ ︽ᠬᠤᠶᠠᠷ ᠬᠦᠷᠢᠶᠡᠯᠡᠩ ᠬᠤᠶᠠᠷ ᠲᠣᠭᠤᠷᠢᠭ ᠬᠤᠶᠠᠷ | ᠪᠣᠭᠤᠮᠲᠠ︾ ᠶᠢᠨ ᠶᠣᠰᠣᠭᠠᠷ ᠪᠠᠶᠢᠷᠢᠰᠢᠭᠤᠯᠵᠤ᠂ ᠰᠣᠶᠣᠯ ᠤᠨ ᠵᠢᠭᠤᠯᠴᠢᠯᠠᠯ ᠤᠨ ᠦᠢᠯᠡᠰ ᠢ ︽ᠨᠢᠭᠡ ᠴᠥᠮ᠎ᠡ | ᠬᠤᠶᠠᠷ ᠪᠦᠰᠡ ᠭᠤᠷᠪᠠᠨ ᠬᠤᠩᠬᠢᠯ ᠭᠤᠷᠪᠠᠨ ᠲᠣᠭᠤᠷᠢᠭ ᠵᠢᠷᠭᠤᠭᠠᠨ ᠠᠵᠤ ᠦᠢᠯᠡᠰ ᠤᠨ ᠪᠦᠯᠦᠭᠯᠡᠯ︾ ᠤᠨ | ᠶᠣᠰᠣᠭᠠᠷ ᠪᠠᠶᠢᠷᠢᠰᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠪᠠᠶᠢᠷᠢᠯᠠᠭᠤᠯᠤᠯᠲᠠ | | ᠨᠢᠭᠡ ᠪᠦᠰᠡ ᠨᠤᠲᠤᠭ ︵ ᠳᠤᠮᠳᠠᠳᠤ ᠤᠯᠤᠰ ᠤᠨ ᠲᠡᠮᠡᠭᠡᠲᠦ ᠨᠤᠲᠤᠭ ᠤᠨ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠰᠡ | ᠨᠤᠲᠤᠭ︶ ᠭᠤᠷᠪᠠᠨ ᠬᠦᠷᠢᠶᠡᠯᠡᠩ ︵ ᠠᠯᠠᠱᠠ ᠵᠡᠭᠦᠨ ᠬᠤᠰᠢᠭᠤᠨ ᠤ ᠠᠯᠠᠱᠠ ᠶᠢᠨ ᠠᠮᠢ ᠠᠬᠤᠢ ᠶᠢᠨ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠴᠣᠭᠴᠠᠯᠠᠬᠤ ᠬᠦᠷᠢᠶᠡᠯᠡᠩ᠂ ᠠᠯᠠᠱᠠ ᠪᠠᠷᠠᠭᠤᠨ | ᠬᠤᠰᠢᠭᠤᠨ ᠤ ᠲᠡᠮᠡᠭᠡᠨ ᠤ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ | ᠂ ᠡᠵᠡᠨ᠎ᠡ ᠬᠤᠰᠢᠭᠤᠨ ᠤ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠬᠦᠷᠢᠶᠡᠯᠡᠩ︶ ᠵᠢᠷᠭᠤᠭᠠᠨ ᠲᠣᠭᠤᠷᠢᠭ ︵ ᠠᠯᠠᠱᠠ ᠵᠡᠭᠦᠨ ᠬᠤᠰᠢᠭᠤᠨ ᠤ ᠭᠠᠵᠠᠷ ᠵᠦᠢ ᠶᠢᠨ | ᠲᠥᠯᠥᠭᠡᠯᠡᠯ ᠤᠨ ᠬᠠᠮᠠᠭᠠᠯᠠᠯᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠭᠦᠯᠳᠡᠷ ᠤᠨ ᠦᠢᠯᠡᠰ ᠤᠨ ᠣᠷᠣᠨ᠂ | ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ | ᠣᠷᠣᠨ᠂ ᠡᠵᠡᠨ᠎ᠡ ᠶᠢᠨ ᠪᠠᠯᠲᠤ ᠬᠡᠮᠬᠡ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠣᠷᠣᠨ᠂ ᠲᠡᠭᠷᠢ | ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠣᠷᠣᠨ᠂ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠪᠠᠶ᠋ᠬᠠᠣᠪᠣᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠣᠷᠣᠭᠤᠯᠤᠯᠲᠠ ᠶᠢᠨ ᠠᠵᠤ | ᠦᠢᠯᠡᠰ ᠤᠨ ᠣᠷᠣᠨ᠂ ᠤᠯᠠᠭᠠᠨᠪᠤᠬ᠎ᠠ ᠪᠣᠯᠣᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ | ᠡᠯᠡᠰᠦᠨ ᠤ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠵᠡᠷᠭᠡ ᠵᠢᠷᠭᠤᠭᠠᠨ ᠣᠷᠣᠨ︶ | ᠲᠤᠰᠬᠠᠶ ᠪᠤᠯᠤᠩ 6᠄ ᠠᠵᠤ ᠦᠶᠯᠡᠳᠪᠦᠷᠢ ᠶᠢᠨ ᠪᠠᠶᠢᠷᠢᠯᠠᠭᠤᠯᠤᠯᠲᠠ | | ᠬᠤᠶᠠᠷ ᠬᠦᠷᠢᠶᠡᠯᠡᠩ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠨᠢ ᠲᠠᠰ ᠳᠡᠪᠰᠢᠭᠦᠯᠬᠦ ᠪᠠᠷ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠢᠶᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠮᠢᠩᠭᠠᠨ ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠳᠠᠪᠤᠰᠤᠨ ᠤ ᠬᠢᠮᠢ ᠶᠢᠨ | ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ | ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠳᠡᠭᠡᠳᠦ ᠮᠣᠯᠧᠺᠦ᠋ᠯ ᠤᠨ ᠮᠠᠲ᠋ᠧᠷᠢᠶᠠᠯ᠂ ᠪᠠᠯ ᠴᠢᠯᠠᠭᠤᠨ | ᠠᠯᠺᠧᠨ᠂ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠹᠯᠣᠷ ᠤᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ | ᠦᠢᠯᠡᠰ ᠢ ᠭᠤᠤᠯᠳᠠᠯᠭ᠎ᠠ ᠲᠠᠢ ᠬᠥᠭᠵᠢᠭᠦᠯᠪᠡ︔ ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠨᠡᠭᠡᠭᠡᠨ | ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠪᠤᠳᠤᠭ᠂ ᠡᠮ ᠡᠮᠨᠡᠯᠭᠡ᠂ | ᠮᠠᠯ ᠤᠨ ᠡᠮ᠂ ᠭᠤᠮ ᠲᠤᠰᠠᠯᠠᠬᠤ ᠡᠳ᠋ ᠵᠡᠷᠭᠡ ᠵᠠᠪᠰᠠᠷ ᠤᠨ ᠪᠡᠶᠡᠲᠦ ᠶᠢᠨ ᠲᠥᠷᠥᠯ ᠵᠦᠢᠯ ᠵᠢᠴᠢ ᠦᠵᠦᠭᠦᠷ ᠤᠨ | ᠦᠢᠯᠡᠳᠬᠦᠨ ᠤ ᠲᠥᠷᠥᠯ ᠵᠦᠢᠯ ᠢ ᠭᠤᠤᠯᠳᠠᠯᠭ᠎ᠠ ᠲᠠᠢ ᠬᠥᠭᠵᠢᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠨᠢ | ᠢᠨᠵᠧᠨᠧᠷᠢᠩ ᠤᠨ ᠰᠦᠯᠢᠶᠣᠣ᠂ ᠳᠡᠭᠡᠳᠦ ᠮᠣᠯᠧᠺᠦ᠋ᠯ ᠤᠨ ᠨᠡᠶᠢᠯᠡᠮᠡᠯ ᠮᠠᠲ᠋ᠧᠷᠢᠶᠠᠯ᠂ GMT ᠵᠢᠴᠢ ᠳᠡᠭᠡᠳᠦ | ᠲᠠᠰ ᠤᠨ ᠹᠯᠣᠷᠲᠤ ᠴᠠᠬᠢᠭᠤᠷ ᠤᠨ ᠮᠠᠲ᠋ᠧᠷᠢᠶᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ | ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ | | | ᠬᠤᠶᠠᠷ ᠣᠷᠣᠨ᠄ ᠣᠯᠠᠨᠪᠤᠯᠠᠭ ᠠᠵᠤ ᠦᠶᠯᠡᠰ ᠤᠨ ᠲᠥᠪᠯᠡᠷᠡᠭᠰᠡᠨ ᠣᠷᠣᠨ ᠳᠤ᠂ ᠬᠢᠯᠢ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠰᠠᠭᠤᠷᠢᠨ ᠭᠠᠵᠠᠷ ᠢ | ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠨᠠᠷᠢᠯᠢᠭ ᠬᠢᠮᠢ ᠶᠢᠨ ᠠᠵᠤ | ᠦᠶᠯᠡᠳᠪᠦᠷᠢ᠂ ᠴᠢᠯᠠᠭᠤᠨ ᠲᠣᠰᠣᠨ ᠤ ᠬᠢᠮᠢ ᠶᠢᠨ ᠠᠵᠤ ᠦᠶᠯᠡᠳᠪᠦᠷᠢ ᠶᠢ ᠭᠤᠤᠯᠳᠠᠯᠭ᠎ᠠ ᠲᠠᠢ ᠬᠥᠭᠵᠢᠭᠦᠯᠵᠦ᠂ | ᠰᠢᠨ᠎ᠡ ᠮᠠᠲ᠋ᠧᠷᠢᠶᠠᠯ ᠳᠤ ᠪᠠᠯ ᠴᠢᠯᠠᠭᠤ ᠶᠢ ᠨᠠᠷᠢᠯᠢᠭ ᠡᠳ᠋ᠰᠢᠭᠦᠯᠬᠦ ᠠᠵᠤ ᠦᠶᠯᠡᠰ ᠪᠠ ᠭᠠᠳᠠᠭᠠᠳᠤ ᠠᠴᠠ ᠣᠷᠣᠭᠤᠯᠬᠤ | ᠡᠬᠢ ᠪᠠᠶᠠᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ︔ ᠲᠠᠮᠰᠤᠭᠪᠤᠯᠠᠭ ᠤᠨ | ᠪᠠᠶᠢᠭᠠᠯᠢ ᠶᠢᠨ ᠬᠤᠵᠢᠷ ᠤᠨ ᠡᠷᠬᠢᠯᠳᠡᠳᠦ ᠠᠵᠤ ᠦᠶᠯᠡᠰ ᠤᠨ ᠲᠥᠪᠯᠡᠷᠡᠯ ᠤᠨ ᠣᠷᠣᠨ ᠳᠤ᠂ ᠲᠠᠮᠰᠤᠭᠪᠤᠯᠠᠭ ᠤᠨ | ᠪᠠᠶᠢᠭᠠᠯᠢ ᠶᠢᠨ ᠬᠤᠵᠢᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠠᠶᠢᠭᠠᠯᠢ ᠶᠢᠨ ᠬᠤᠵᠢᠷ ᠢ ᠨᠡᠭᠡᠭᠡᠨ | ᠬᠥᠭᠵᠢᠭᠦᠯᠬᠦ ᠪᠠ ᠳᠠᠪᠤᠰᠤᠨ ᠤ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠢ ᠬᠥᠭᠵᠢᠭᠦᠯᠵᠦ᠂ | ᠪᠠᠶᠢᠭᠠᠯᠢ ᠶᠢᠨ ᠬᠤᠵᠢᠷ ᠢᠶᠠᠷ ᠬᠥᠲᠥᠯᠦᠮᠵᠢ ᠪᠣᠯᠭᠠᠭᠰᠠᠨ ᠣᠷᠴᠢᠯ ᠠᠵᠤ ᠠᠬᠤᠶ ᠶᠢᠨ ᠠᠵᠤ ᠦᠶᠯᠡᠰ ᠤᠨ | ᠰᠦᠷᠦᠭᠵᠢᠯ ᠢ ᠪᠠᠶᠢᠭᠤᠯᠤᠨ᠎ᠠ᠃ | | ᠬᠤᠶᠠᠷ ᠪᠣᠭᠤᠮᠲᠠ᠄ ᠴᠡᠭᠡ ᠪᠣᠭᠤᠮᠲᠠ᠂ ᠣᠯᠠᠨ ᠤᠯᠤᠰ ᠤᠨ ᠪᠠᠷᠠᠭᠠᠨ ᠤ ᠭᠦᠶᠯᠭᠡᠭᠡ᠂ ᠬᠢᠯᠢ ᠶᠢᠨ | ᠠᠷᠠᠯᠵᠢᠶ᠎ᠠ ᠪᠠ ᠪᠣᠭᠤᠮᠲᠠ ᠶᠢᠨ ᠤᠯᠤᠰ ᠤᠨ ᠬᠢᠯᠢ ᠶᠢᠨ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ ᠦᠶᠯᠡᠰ ᠢ | ᠬᠥᠭᠵᠢᠭᠦᠯᠬᠦ ᠪᠠᠷ ᠭᠤᠤᠯ ᠪᠣᠯᠭᠠᠵᠤ᠂ ᠣᠯᠠᠨ ᠤᠯᠤᠰ ᠤᠨ ᠠᠷᠠᠯᠵᠢᠶ᠎ᠠ᠂ ᠪᠠᠷᠠᠭᠠᠨ ᠤ ᠭᠦᠶᠯᠭᠡᠭᠡ᠂ ᠵᠢᠭᠤᠯᠴᠢᠯᠠᠯ | ᠵᠡᠷᠭᠡ ᠶᠢ ᠨᠢᠭᠡ ᠴᠤᠭᠴᠠᠵᠢᠭᠤᠯᠤᠭᠰᠠᠨ ᠣᠳᠣᠬᠢᠴᠢᠯᠠᠭᠰᠠᠨ ᠣᠯᠠᠨ ᠤᠯᠤᠰ ᠤᠨ ᠪᠣᠭᠤᠮᠲᠠ ᠶᠢ ᠠᠯᠬᠤᠮ | ᠠᠯᠬᠤᠮ ᠢᠶᠠᠷ ᠪᠣᠶ ᠪᠣᠯᠭᠠᠵᠤ᠂ ᠣᠷᠣᠨ ᠨᠤᠲᠤᠭ ᠢᠶᠠᠷ ᠥᠩᠭᠡᠷᠡᠬᠦ ᠠᠵᠤ ᠠᠬᠤᠢ ᠶᠢ ᠣᠷᠣᠨ ᠨᠤᠲᠤᠭ ᠲᠤ | ᠰᠠᠭᠤᠷᠢᠰᠢᠭᠰᠠᠨ ᠠᠵᠤ ᠠᠬᠤᠢ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠲᠣᠷᠭᠠᠨ ᠵᠠᠮ ᠤᠨ ᠠᠵᠤ ᠠᠬᠤᠶ ᠶᠢᠨ | ᠪᠦᠰᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠬᠤᠯᠪᠣᠭᠰᠠᠨ ᠴᠢᠬᠤᠯᠠ ᠨᠡᠪᠲᠡᠷᠡᠬᠦ | ᠵᠠᠮ ᠢ ᠪᠦᠷᠢᠯᠳᠦᠭᠦᠯᠦᠨ᠎ᠡ︔ ᠦᠯᠵᠡᠢ ᠬᠢᠯᠢ ᠶᠢᠨ ᠪᠣᠭᠤᠮᠲᠠ ᠳᠤ᠂ ᠵᠢᠯ ᠲᠤᠷᠰᠢ ᠨᠡᠬᠡᠬᠡᠯᠳᠡ ᠬᠢᠬᠦ ᠶᠢ | ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠭᠤᠷᠬᠠᠢ ᠶᠢᠨ ᠭᠠᠷᠤᠯᠲᠠ ᠶᠢ ᠭᠠᠳᠠᠭᠠᠳᠤ ᠠᠴᠠ ᠣᠷᠣᠭᠤᠯᠬᠤ ᠠᠷᠠᠯᠵᠢᠶ᠎ᠠ᠂ | ᠵᠠᠬ᠎ᠠ ᠶᠢᠨ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠤᠯᠠᠨ | ᠴᠢᠳᠠᠮᠵᠢ ᠶᠢ ᠨᠢᠭᠡ ᠴᠤᠬᠴᠠᠵᠢᠭᠤᠯᠤᠬᠰᠠᠨ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠵᠤ | ᠂ ᠤᠯᠠᠨᠪᠤᠯᠠᠭ ᠠᠵᠤ ᠦᠢᠯᠡᠰ ᠤᠨ ᠬᠦᠷᠢᠶᠡᠯᠡᠩ ᠲᠣᠭᠤᠷᠢᠭ ︵ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ︶ ᠲᠠᠢ ᠨᠢᠭᠡ ᠴᠤᠬᠴᠠᠵᠢᠭᠤᠯᠤᠬᠰᠠᠨ ᠬᠤᠯᠪᠣᠭᠠᠯᠠᠨ ᠬᠥᠭᠵᠢᠬᠦ ᠶᠢ ᠪᠡᠶᠡᠯᠡᠭᠦᠯᠦᠨ᠎ᠡ | | ᠲᠤᠰᠬᠠᠶ ᠪᠤᠯᠤᠩ 7᠄ ᠰᠣᠶᠣᠯ ᠪᠠ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ | | ᠨᠢᠭᠡᠳᠦᠭᠡᠷ ᠴᠥᠮ᠎ᠡ᠄ ᠤᠯᠤᠰ ᠤᠨ ᠳᠣᠲᠣᠭᠠᠳᠤ ᠳᠤ ᠨᠠᠷᠠᠲᠠᠶ ᠪᠠᠷᠠᠭᠤᠨ ᠣᠷᠣᠨ ᠤ ᠵᠠᠩ ᠦᠶᠯᠡ ᠶᠢᠨ | ᠵᠢᠭᠤᠯᠴᠢᠯᠠᠯ ᠤᠨ ᠣᠷᠣᠨ | | ᠬᠤᠶᠠᠷ ᠪᠦᠰᠡ᠄ ᠤᠯᠤᠰ ᠤᠨ ᠬᠤᠷᠳᠤᠨ ᠤ ᠵᠠᠰᠠᠮᠠᠯ ᠵᠠᠮ ᠤᠨ ᠰᠦᠯᠵᠢᠶᠡᠨ ᠤ ᠪᠡᠭᠡᠵᠢᠩ ᠰᠢᠨᠵᠢᠶᠠᠩ ᠤᠨ | ᠬᠤᠷᠳᠤᠨ ᠤ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠪᠦᠰᠡ᠂ ᠳᠡᠯᠡᠬᠡᠶ ᠶᠢᠨ ᠡᠯᠡᠰᠦᠨ ᠴᠥᠯ ᠤᠨ | ᠠᠮᠠᠷᠠᠯᠲᠠ ᠪᠠ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠪᠦᠰᠡ | | ᠭᠤᠷᠪᠠᠨ ᠬᠤᠩᠭᠢᠯ᠄ ᠠᠯᠠᠱᠠ ᠠᠭᠤᠯᠠ ᠶᠢ ᠲᠣᠭᠤᠷᠢᠭᠰᠠᠨ ᠦᠵᠡᠮᠵᠢ ᠶᠢᠨ ᠬᠤᠩᠭᠢᠯ ᠵᠠᠮ᠂ ᠡᠵᠡᠨ᠎ᠡ ᠭᠤᠣᠯ | ᠭᠤᠤᠯ ᠤᠨ ᠰᠣᠶᠣᠯ ᠤᠨ ᠦᠵᠡᠮᠵᠢ ᠶᠢᠨ ᠬᠤᠩᠭᠢᠯ ᠵᠠᠮ᠂ ᠤᠮᠠᠷᠠᠲᠤ ᠬᠢᠯᠢ ᠶᠢᠨ ᠶᠡᠭᠡ ᠭᠤᠪᠢ ᠶᠢᠨ ᠲᠡᠤᠬᠡ | ᠰᠣᠶᠣᠯ ᠤᠨ ᠬᠤᠩᠭᠢᠯ ᠵᠠᠮ | | ᠭᠤᠷᠪᠠᠨ ᠣᠷᠣᠨ᠄ ᠪᠠᠶᠠᠨᠬᠤᠲᠠ ᠶᠢᠨ ᠵᠢᠭᠤᠯᠴᠢᠯᠠᠯ ᠤᠨ ᠬᠤᠲᠠ ᠶᠢᠨ ᠠᠮᠠᠷᠠᠯᠲᠠ ᠶᠢᠨ ᠴᠢᠳᠠᠮᠵᠢᠳᠤ ᠣᠷᠣᠨ | ᠂ ᠪᠠᠳᠠᠢ ᠶᠢᠨ ᠵᠢᠷᠠᠨ ᠤ ᠳᠡᠯᠡᠬᠡᠶ ᠶᠢᠨ ᠡᠯᠡᠰᠦᠨ ᠴᠥᠯ ᠤᠨ ᠭᠠᠵᠠᠷ ᠰᠢᠨᠵᠢᠯᠡᠭᠡᠨ ᠤ ᠠᠮᠢ ᠠᠬᠤᠶ ᠶᠢᠨ ᠰᠤᠳᠤᠯᠭᠠᠨ ᠤ | ᠴᠢᠳᠠᠮᠵᠢᠳᠤ ᠣᠷᠣᠨ᠂ ᠡᠵᠡᠨ᠎ᠡ ᠭᠤᠣᠯ ᠤᠨ ᠰᠤᠪᠨᠠᠭᠤᠷ ᠵᠢᠭᠤᠯᠴᠢᠯᠠᠯ ᠤᠨ ᠠᠮᠠᠷᠠᠯᠲᠠ ᠶᠢᠨ ᠴᠢᠳᠠᠮᠵᠢᠳᠤ ᠣᠷᠣᠨ | | ᠵᠢᠷᠭᠤᠭ᠎ᠠ ᠠᠵᠤ ᠦᠶᠯᠡᠰ ᠤᠨ ᠪᠦᠯᠦᠭᠯᠡᠯ᠄ ᠰᠣᠶᠣᠯ ᠤᠨ ᠰᠢᠨ᠎ᠡ ᠶᠢ ᠡᠭᠦᠳᠬᠦ ᠠᠵᠤ ᠦᠶᠯᠡᠰ ᠤᠨ | ᠪᠦᠯᠦᠭᠯᠡᠯ᠂ ᠰᠣᠶᠣᠯ ᠤᠨ ᠵᠢᠭᠤᠯᠴᠢᠯᠠᠯ ᠠᠷᠠᠳ ᠤᠨ ᠪᠠᠶᠢᠷᠢ ᠶᠢᠨ ᠦᠶᠯᠡᠴᠢᠯᠡᠭᠡᠨ ᠤ ᠠᠵᠤ ᠦᠶᠯᠡᠰ ᠤᠨ ᠪᠦᠯᠦᠭᠯᠡᠯ᠂ | ᠮᠣᠩᠭᠤᠯ ᠡᠮᠨᠡᠯᠭᠡ ᠮᠣᠩᠭᠤᠯ ᠡᠮ ᠡᠷᠡᠭᠦᠯᠵᠢᠯ ᠰᠤᠪᠢᠯᠠᠯᠲᠠ ᠡᠷᠡᠭᠦᠯᠵᠢᠯ ᠤᠨ ᠠᠵᠤ ᠦᠶᠯᠡᠰ ᠤᠨ ᠪᠦᠯᠦᠭᠯᠡᠯ᠂ ᠠᠮᠢ | ᠠᠬᠤᠶ ᠶᠢᠨ ᠲᠠᠷᠢᠶᠠᠯᠠᠩ ᠤᠨ ᠠᠵᠤ ᠦᠶᠯᠡᠰ ᠤᠨ ᠪᠦᠯᠦᠭᠯᠡᠯ᠂ ᠠᠮᠢ ᠠᠬᠤᠶ ᠶᠢᠨ ᠬᠡᠭᠡᠷ᠎ᠡ ᠪᠠᠭᠤᠳᠠᠯᠯᠠᠬᠤ ᠠᠵᠤ | ᠦᠶᠯᠡᠰ ᠤᠨ ᠪᠦᠯᠦᠭᠯᠡᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠠᠵᠤ ᠦᠶᠯᠡᠰ ᠤᠨ ᠪᠦᠯᠦᠭᠯᠡᠯ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ | ᠬᠤᠷᠢᠭ᠎ᠠ ᠱᠤᠭᠤᠮ᠂ ᠣᠷᠴᠢᠨ ᠠᠬᠤᠶ ᠶᠢᠨ ᠴᠢᠨᠠᠷ ᠴᠢᠨᠰᠠᠭ᠎ᠠ ᠶᠢᠨ ᠬᠢᠵᠠᠭᠠᠷ ᠱᠤᠭᠤᠮ᠂ ᠡᠬᠢ ᠪᠠᠶᠠᠯᠢᠭ ᠤᠨ | ᠠᠰᠢᠭᠯᠠᠯᠲᠠ ᠶᠢᠨ ᠳᠡᠭᠡᠳᠦ ᠱᠤᠭᠤᠮ᠂ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ | ᠲᠣᠳᠣᠷᠬᠠᠶ ᠬᠠᠭᠤᠳᠠᠰᠤ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢ ᠨᠠᠶᠢᠳᠠᠪᠤᠷᠢᠵᠢᠭᠤᠯᠵᠤ᠂ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢ ᠣᠷᠣᠨ ᠬᠤᠪᠢᠶᠠᠨ ᠵᠠᠬᠢᠷᠤᠨ ᠬᠠᠮᠢᠶᠠᠷᠬᠤ ᠲᠣᠭᠲᠠᠭᠠᠯ ᠢ ᠲᠣᠭᠲᠠᠭᠠᠵᠤ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ | ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ᠂ ᠰᠢᠨ᠎ᠡ ᠪᠠᠷ ᠪᠠᠶᠢᠭᠤᠯᠬᠤ | ᠵᠦᠢᠯᠡᠰ ᠲᠤ ᠬᠠᠮᠤᠭ ᠤᠨ ᠴᠢᠩᠭ᠎ᠠ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠠᠵᠤ | ᠦᠢᠯᠡᠳᠪᠦᠷᠢ᠂ ᠠᠮᠢᠳᠤᠷᠠᠯ᠂ ᠲᠠᠷᠢᠶᠠᠯᠠᠩ ᠮᠠᠯ ᠠᠵᠤ ᠠᠬᠤᠶ ᠶᠢᠨ ᠤᠯᠠᠨ ᠡᠬᠢᠳᠤ ᠵᠥᠷᠢᠶ᠎ᠡ ᠲᠠᠢ᠂ | ᠨᠠᠷᠢᠯᠢᠬᠵᠢᠭᠤᠯᠤᠭᠰᠠᠨ ᠭᠠᠳᠠᠭᠰᠢᠯᠠᠭᠤᠯᠤᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶ᠎ᠡ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠬᠢᠵᠠᠭᠠᠷᠯᠠᠬᠤ ᠲᠠᠯᠠᠪᠠᠶ ᠵᠡᠷᠭᠡ | ᠬᠢᠵᠠᠭᠠᠷᠯᠠᠬᠤ ᠴᠢᠨᠠᠷᠲᠠᠶ ᠭᠦᠶᠴᠡᠳᠬᠡᠯ ᠲᠤᠭ᠎ᠠ ᠶᠢ ᠲᠣᠳᠣᠷᠬᠠᠶᠢᠯᠠᠨ᠎ᠠ︔ ᠬᠤᠲᠠ ᠪᠠᠯᠭᠠᠰᠤᠨ ᠤ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠵᠡᠷᠭᠡ ᠶᠢᠨ ᠡᠵᠡᠮᠳᠡᠯ ᠤᠨ | ᠱᠤᠭᠤᠮ︔ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ᠂ ᠠᠮᠢ ᠠᠬᠤᠶ ᠶᠢᠨ ᠬᠤᠨᠭ᠍ᠬᠢᠯ ᠪᠠ ᠠᠮᠢ | ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠪᠠᠶᠢᠷᠢᠰᠢᠯ ᠵᠡᠷᠭᠡ ᠲᠥᠯᠥᠪᠵᠢᠭᠦᠯᠭᠡ ᠶᠢᠨ ᠠᠯᠪᠠᠳᠠᠯᠭ᠎ᠠ ᠶᠢᠨ | ᠴᠢᠨᠠᠷᠲᠠᠶ ᠠᠭᠤᠯᠭ᠎ᠠ ᠶᠢ ᠴᠢᠩᠭ᠎ᠠ ᠲᠥᠯᠥᠪᠵᠢᠭᠦᠯᠦᠨ ᠬᠠᠮᠢᠶᠠᠷᠤᠨ ᠡᠵᠡᠮᠳᠡᠨ᠎ᠡ᠃ | | ᠬᠤᠶᠠᠳᠤᠭᠠᠷ ᠬᠡᠰᠡᠭ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | | ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ ᠪᠠᠷ | ᠵᠠᠰᠠᠬᠤ ᠶᠢ ᠪᠠᠷᠢᠮᠲᠠᠯᠠᠵᠤ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠤᠨ᠎ᠠ᠃ ︽ᠪᠥᠬᠦ ᠤᠯᠤᠰ ᠤᠨ ᠴᠢᠬᠤᠯᠠ ᠠᠮᠢ ᠠᠬᠤᠶ ᠶᠢᠨ | ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶ ᠲᠥᠯᠥᠪᠵᠢᠭᠦᠯᠭᠡ ︵ | 2021 — 2035 ᠣᠨ︶ ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠠᠱᠠ ᠠᠭᠤᠯᠠ | ᠨᠢᠷᠤᠭᠤ ᠶᠢᠨ ᠠᠮᠢ ᠠᠬᠤᠶ ᠶᠢᠨ ᠬᠤᠩᠭᠢᠯ ᠵᠠᠮ ᠪᠠ ᠲᠠᠯ᠎ᠠ ᠨᠤᠲᠤᠭ ᠤᠨ ᠠᠮᠢ ᠠᠬᠤᠶ ᠶᠢᠨ ᠰᠢᠰᠲ᠋ᠧᠮ ᠤᠨ | ᠴᠢᠳᠠᠮᠵᠢ ᠶᠢ ᠴᠢᠩᠭᠠᠷᠠᠭᠤᠯᠤᠨ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠭᠤᠭᠠᠨ ᠣᠷᠳᠣ ᠴᠠᠭᠠᠨ | ᠬᠡᠷᠡᠮ ᠢ ᠪᠠᠶᠢᠭᠤᠯᠤᠨ᠎ᠠ᠃ | | ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠃ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠭᠯᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ | ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠂ ᠬᠦᠨᠳᠦ ᠨᠣᠴᠢᠲᠠᠶ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ ᠢᠨᠵᠧᠨᠧᠷᠢᠩ ᠢ | ᠭᠦᠨᠵᠡᠭᠡᠶ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠦᠢᠯᠡᠳᠪᠦᠷᠢᠯᠡᠯ ᠬᠢᠭᠡᠳ ᠠᠮᠢ ᠠᠬᠤᠶ ᠶᠢᠨ ᠴᠢᠳᠠᠮᠵᠢ ᠶᠢ | ᠨᠢᠭᠡᠳᠦᠯᠲᠡᠶ ᠲᠥᠯᠥᠪᠯᠡᠵᠦ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠡᠷᠴᠢᠮ ᠢᠶᠠᠨ | ᠨᠡᠮᠡᠭᠳᠡᠭᠦᠯᠦᠨ᠂ ᠴᠢᠨᠠᠷ ᠰᠠᠶᠢᠲᠠᠶ ᠲᠡᠵᠢᠭᠡᠯ ᠡᠪᠡᠰᠦ ᠲᠡᠷᠢᠬᠤ ᠲᠠᠯᠠᠪᠠᠢ ᠶᠢ ᠨᠡᠮᠡᠭᠳᠡᠭᠦᠯᠦᠨ᠂ ᠲᠠᠴᠢᠷ ᠴᠦᠯ ᠤᠨ | ᠡᠪᠡᠰᠦ ᠶᠢᠨ ᠵᠦᠢᠯ ᠵᠦᠢᠯ ᠤᠨ ᠴᠢᠨᠠᠷ ᠪᠥᠬᠦᠢ ᠡᠬᠢ ᠪᠠᠶᠠᠯᠢᠭ ᠤᠨ ᠬᠥᠮᠥᠷᠭᠡ ᠶᠢ ᠪᠥᠳᠥᠭᠡᠨ ᠪᠠᠶᠢᠭᠤᠯᠤᠨ᠎ᠠ᠃ | ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠬᠢᠨᠠᠨ ᠬᠡᠮᠵᠢᠵᠦ ᠦᠨᠡᠯᠡᠨ ᠵᠢᠱᠢᠬᠦ ᠲᠦᠷᠢᠮ ᠢ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠭᠠᠯ ᠤᠨ ᠭᠠᠮᠰᠢᠭ ᠪᠠ ᠠᠮᠢᠳᠤ ᠪᠣᠳᠠᠰ ᠤᠨ ᠭᠠᠶ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ | ᠴᠢᠩᠭᠠᠳᠬᠠᠨ᠎ᠠ᠃ ᠮᠠᠯ ᠪᠡᠯᠴᠢᠭᠡᠷ ᠤᠨ ᠳᠠᠪᠬᠤᠷ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠪᠡᠯᠴᠢᠭᠡᠷ ᠤᠨ ᠡᠬᠢ ᠪᠠᠶᠠᠯᠢᠭ ᠤᠨ ᠵᠦᠶ ᠵᠣᠬᠢᠰᠲᠠᠶ ᠲᠣᠬᠢᠷᠠᠭᠤᠯᠤᠯᠲᠠ ᠶᠢ ᠠᠬᠢᠭᠤᠯᠤᠨ᠎ᠠ᠃ | 2025 ᠣᠨ ᠪᠣᠯᠬᠤ ᠳᠤ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ | 22.5% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠳᠤᠮᠳᠠᠬᠢ ᠨᠤᠲᠤᠭ | ᠪᠡᠯᠴᠢᠭᠡᠷ ᠤᠨ ᠦᠶᠯᠡᠳᠦᠯ ᠢ ᠤᠯᠠᠮ ᠪᠠᠳᠠᠷᠠᠭᠤᠯᠤᠨ᠎ᠠ᠃ | | ᠤᠢ ᠰᠢᠭᠤᠶ ᠶᠢᠨ ᠠᠮᠢ ᠠᠬᠤᠶ ᠶᠢᠨ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ᠃ ᠤᠢ ᠰᠢᠭᠤᠶ ᠶᠢᠨ | ᠡᠬᠢ ᠪᠠᠶᠠᠯᠢᠭ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠴᠢᠩᠭᠠᠳᠬᠠᠵᠤ᠂ ︽ᠭᠤᠷᠪᠠᠨ ᠤᠮᠠᠷᠠᠲᠤ︾ ᠶᠢᠨ | ᠬᠠᠯᠬᠠᠪᠴᠢ ᠤᠢ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ᠂ ᠴᠢᠭᠢᠭᠯᠢᠭ ᠭᠠᠵᠠᠷ ᠢ ᠬᠠᠮᠠᠭᠠᠯᠠᠬᠤ᠂ ᠬᠡᠭᠡᠷ᠎ᠡ ᠶᠢᠨ ᠠᠮᠢᠳᠠᠨ ᠤᠷᠭᠤᠮᠠᠯ ᠢ ᠬᠠᠮᠠᠭᠠᠯᠠᠬᠤ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠵᠡᠷᠭᠡ | ᠤᠢ ᠰᠢᠭᠤᠶ ᠶᠢᠨ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠵᠤ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ | ᠂ ᠪᠠᠳᠠᠢ ᠶᠢᠨ ᠵᠢᠷᠠᠨ ᠤ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠢ | ᠰᠢᠭᠤᠶ ᠶᠢ ᠠᠷᠠᠴᠢᠯᠠᠨ ᠪᠤᠶᠢᠵᠢᠭᠤᠯᠬᠤ᠂ ᠮᠠᠭᠤᠳᠠᠭᠰᠠᠨ ᠤᠢ ᠰᠢᠭᠤᠶ ᠶᠢ ᠬᠡᠰᠡᠭᠯᠡᠨ ᠰᠡᠷᠭᠦᠭᠡᠬᠦ᠂ ᠪᠤᠳᠠ ᠮᠣᠳᠣᠨ ᠤ | ᠤᠢ ᠶᠢ ᠲᠡᠭᠰᠢ ᠭᠤᠤᠷᠰᠤ ᠪᠠᠷ ᠪᠤᠶᠢᠵᠢᠭᠤᠯᠬᠤ᠂ ᠤᠢ ᠰᠢᠭᠤᠶ ᠶᠢᠨ ᠭᠠᠯ ᠢ ᠰᠡᠷᠭᠡᠶᠢᠯᠡᠬᠦ ᠪᠠ ᠬᠥᠨᠥᠭᠡᠯᠲᠡᠶ ᠠᠮᠢᠳᠤ | ᠪᠣᠳᠠᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠤᠷᠮ᠎ᠠ ᠪᠠ ᠬᠠᠳᠠᠭᠠᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠢ | ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠣᠷᠴᠢᠨ ᠨᠥᠬᠦᠴᠡᠯ ᠤᠨ ᠬᠤᠪᠢᠷᠠᠯᠲᠠ ᠶᠢ ᠠᠷᠭᠠᠴᠠᠬᠤ ᠪᠠ ᠠᠮᠢ | ᠠᠬᠤᠶ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠣᠶᠢᠲᠤ ᠭᠠᠵᠠᠷ ᠤᠨ ᠡᠬᠢ ᠪᠠᠶᠠᠯᠢᠭ ᠢ | ᠲᠥᠯᠥᠪᠦᠷᠢ ᠲᠠᠢ ᠪᠠᠷ ᠬᠡᠷᠡᠭᠯᠡᠬᠦ ᠲᠤᠷᠰᠢᠯᠲᠠ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠤᠨ | ᠠᠷᠠᠯᠵᠢᠶᠠᠯᠠᠬᠤ ᠲᠤᠷᠰᠢᠯᠲᠠ ᠶᠢ ᠥᠷᠨᠢᠭᠦᠯᠵᠦ᠂ ᠣᠶ ᠰᠢᠭᠤᠶ ︵ ᠡᠪᠡᠰᠦ︶ ᠶᠢᠨ ᠣᠷᠳᠣ ᠬᠤᠭᠤᠴᠠᠭ᠎ᠠ ᠶᠢᠨ | ᠲᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠪᠦᠯᠬᠦᠮ᠂ ᠨᠡᠶᠢᠭᠡᠮ ᠤᠨ ᠬᠥᠷᠥᠩᠭᠡ ᠵᠡᠷᠭᠡ ᠨᠡᠶᠢᠭᠡᠮ ᠤᠨ ᠬᠦᠴᠦᠨ ᠢ | ᠲᠡᠳᠡᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠶᠢ ᠵᠣᠷᠢᠭᠵᠢᠭᠤᠯᠵᠤ᠂ | ᠣᠶᠢᠵᠢᠭᠤᠯᠵᠤ ᠨᠣᠭᠤᠭᠠᠷᠠᠭᠤᠯᠬᠤ ᠭᠤᠤᠯ ᠴᠣᠭᠴᠠ ᠶᠢᠨ ᠣᠯᠠᠨ ᠡᠰᠢᠵᠢᠭᠰᠡᠨ ᠤᠯᠤᠰ ᠤᠨ ᠭᠠᠵᠠᠷ ᠰᠢᠷᠣᠶ ᠶᠢᠨ | ᠴᠡᠴᠡᠷᠯᠢᠭᠵᠢᠭᠦᠯᠦᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ 2025 ᠣᠨ ᠪᠣᠯᠬᠤ ᠳᠤ ᠣᠶ ᠰᠢᠭᠤᠶ ᠶᠢᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ 500 ᠲᠦᠮᠡᠨ ᠮᠥ ᠪᠡᠶᠡᠯᠡᠭᠦᠯᠵᠦ᠂ ᠭᠤᠤᠯᠳᠠᠯᠭ᠎ᠠ ᠲᠠᠢ | ᠣᠷᠣᠨ ᠪᠦᠰᠡ ᠶᠢᠨ ᠴᠡᠴᠡᠷᠯᠢᠭᠵᠢᠭᠦᠯᠦᠯᠲᠡ ᠶᠢᠨ ᠲᠠᠯᠠᠪᠠᠶ ᠶᠢ 15 ᠲᠦᠮᠡᠨ ᠮᠥ ᠪᠡᠶᠡᠯᠡᠭᠦᠯᠵᠦ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ ᠶᠢ 1.2 ᠵᠠᠭᠤᠨ ᠤ ᠨᠢᠭᠡᠴᠢ ᠨᠡᠮᠡᠭᠳᠡᠭᠦᠯᠦᠨ᠂ ᠠᠮᠢ ᠠᠬᠤᠶ ᠶᠢᠨ ᠬᠠᠯᠬᠠᠪᠴᠢ ᠶᠢᠨ | ᠴᠢᠳᠠᠮᠵᠢ ᠶᠢ ᠦᠨᠡᠨᠬᠦ ᠴᠢᠩᠭᠠᠷᠠᠭᠤᠯᠤᠨ᠎ᠠ᠃ | | ᠭᠠᠵᠠᠷ ᠰᠢᠷᠣᠶ ᠶᠢᠨ ᠴᠥᠯᠡᠷᠬᠡᠭᠵᠢᠬᠦ ᠶᠢ ᠰᠡᠷᠭᠡᠶᠢᠯᠡᠨ ᠵᠠᠰᠠᠨ᠎ᠠ᠃ ᠴᠦᠯᠯᠡᠷᠬᠡᠭᠵᠢᠯ ᠢ ᠶᠡᠷᠦᠩᠬᠡᠶᠢᠯᠡᠨ ᠵᠠᠰᠠᠬᠤ | ᠠᠵᠢᠯ ᠢ ᠰᠢᠨᠵᠢᠯᠡᠬᠦ ᠬᠥᠮᠦᠨ ᠤ ᠤᠬᠤᠷᠢᠯᠲᠠ ᠪᠠᠷ ᠡᠯᠡᠰᠦᠨ ᠤ ᠤᠬᠤᠷᠢᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ | ᠤᠯᠤᠰ ᠤᠨ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ᠂ | ᠴᠥᠯᠡᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠷᠣᠨ᠂ ᠬᠡᠪᠴᠢᠶᠡᠵᠢᠭᠰᠡᠨ | ᠴᠥᠯᠡᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠴᠢᠷ ᠴᠦᠯ ᠤᠨ ᠤᠢ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢ | ᠠᠯᠬᠤᠮ ᠠᠯᠬᠤᠮ ᠢᠶᠠᠷ ᠰᠡᠷᠭᠦᠭᠡᠨ᠎ᠡ᠃ ᠲᠩᠷᠢ᠂ ᠪᠠᠳᠠᠢ ᠶᠢᠨ ᠵᠢᠷᠠᠨ᠂ ᠤᠯᠠᠭᠠᠨᠪᠤᠬ᠎ᠠ ᠪᠣᠯᠤᠨ ᠭᠤᠷᠪᠠᠨ ᠶᠡᠭᠡ | ᠡᠯᠡᠰᠦᠨ ᠴᠥᠯ ᠤᠨ ᠡᠷᠬᠢᠨ ᠲᠣᠭᠤᠷᠢᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠬᠤᠷᠢᠭᠯᠠᠬᠤ ︽ᠡᠯᠡᠰᠦᠨ | ᠨᠡᠭᠦᠳᠡᠯ ᠢ ᠵᠠᠭᠠᠭᠯᠠᠨ ᠵᠣᠭᠰᠣᠭᠠᠬᠤ ᠣᠢ︾ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠭᠤᠷᠪᠠᠨ ᠶᠡᠭᠡ ᠡᠯᠡᠰᠦᠨ ᠴᠥᠯ ᠤᠨ ︽ᠠᠭᠤᠯᠵᠠᠨ ᠨᠡᠶᠢᠯᠡᠬᠦ︾ ᠶᠢ ᠬᠤᠷᠢᠭᠯᠠᠨ ᠵᠣᠭᠰᠣᠭᠠᠨ᠎ᠠ᠃ | ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ︽ᠤᠯᠠᠭᠠᠨᠪᠤᠬ᠎ᠠ᠂ ᠠᠯᠠᠱᠠ ᠠᠭᠤᠯᠠ᠂ ᠣᠷᠳᠣᠰ ᠤᠨ ᠥᠨᠳᠦᠷᠯᠢᠭ ᠤᠨ ᠣᠷᠣᠨ︾ | ᠤ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠢᠨᠵᠧᠨᠧᠷᠢᠩ ᠢ ᠡᠬᠢᠯᠡᠭᠦᠯᠦᠨ | ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠬᠠᠲᠤᠨ ᠭᠤᠤᠯ᠂ ᠪᠣᠷᠣᠲᠣᠬᠤᠶ ᠶᠢᠨ ᠲᠠᠯ᠎ᠠ ᠭᠠᠵᠠᠷ ᠤᠨ | ᠲᠠᠷᠢᠶᠠᠯᠠᠩ ᠤᠨ ᠣᠷᠣᠨ ᠵᠢᠴᠢ ᠤᠮᠠᠷᠠᠲᠤ ᠶᠢᠨ ᠲᠠᠯ᠎ᠠ ᠭᠠᠵᠠᠷ ᠤᠨ ᠰᠠᠯᠬᠢ ᠡᠯᠡᠰᠦᠨ ᠤ ᠢᠳᠡᠭᠳᠡᠯ ᠢ ᠪᠠᠭᠠᠰᠬᠠᠨ᠎ᠠ᠃ | ᠴᠥᠯᠵᠢᠯᠲᠡ ᠶᠢ ᠰᠡᠷᠭᠡᠶᠢᠯᠡᠨ ᠴᠥᠯᠵᠢᠯᠲᠡ ᠶᠢ ᠵᠠᠰᠠᠬᠤ ᠤᠯᠤᠰ ᠤᠨ ᠳᠣᠲᠣᠭᠠᠳᠤ ᠭᠠᠳᠠᠭᠠᠳᠤ ᠶᠢᠨ | ᠭ᠋ᠤᠷᠰᠢᠯᠴᠠᠭ᠎ᠠ ᠶᠢ ᠴᠢᠩᠭᠠᠳᠭᠠᠵᠤ᠂ ᠣᠨᠴᠠᠯᠢᠭᠲᠤ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠪᠠᠷ ᠠᠮᠢ | ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠬᠡᠷᠡᠭᠲᠡᠶ᠃ | ᠤᠰᠤᠨ ᠤ ᠠᠮᠢ ᠠᠬᠤᠶ ᠶᠢ ᠬᠠᠮᠠᠭᠠᠯᠠᠬᠤ ᠪᠠ ᠬᠥᠷᠥᠰᠥ ᠰᠢᠷᠣᠶ ᠶᠢ ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠠᠲᠠᠭᠤ ᠬᠢᠵᠠᠭᠠᠷᠯᠠᠯ ᠪᠣᠯᠭᠠᠵᠤ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠤᠰᠤ | ᠲᠠᠲᠠᠬᠤ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠠᠵᠠᠷ ᠳᠣᠣᠷᠠᠬᠢ | ᠤᠰᠤᠨ ᠤ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠡᠷᠦᠩᠬᠡᠶ | ᠬᠡᠮᠵᠢᠶ᠎ᠡ᠂ ᠤᠰᠤᠨ ᠲᠦᠪᠰᠢᠨ᠂ ᠬᠡᠷᠡᠭᠴᠡᠭᠡ᠂ ᠤᠰᠤᠨ ᠤ ᠴᠢᠨᠠᠷ ᠬᠢᠭᠡᠳ ᠮᠠᠰᠢᠨ ᠴᠠᠬᠢᠯᠭᠠᠨ ᠬᠤᠳᠳᠤᠭ ᠤᠨ | ᠲᠤᠭ᠎ᠠ ᠬᠡᠮᠵᠢᠶ᠎ᠡ ᠶᠢᠨ ︽ᠲᠠᠪᠤ ᠶᠢ ᠬᠢᠵᠠᠭᠠᠷᠯᠠᠬᠤ︾ ᠲᠥᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠤᠷᠳᠤ ᠬᠤᠭᠤᠴᠠᠭᠠᠨ | ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠤᠰᠤᠨ ᠤ ᠠᠮᠢ ᠠᠬᠤᠶ ᠤᠰᠤᠨ ᠤ ᠣᠷᠴᠢᠨ ᠲᠣᠭᠤᠷᠢᠨ | ᠢ ᠬᠢᠨᠠᠨ ᠬᠡᠮᠵᠢᠵᠦ ᠦᠨᠡᠯᠡᠬᠦ ᠠᠵᠢᠯ ᠢ ᠰᠠᠶᠢᠲᠤᠷ ᠬᠢᠵᠦ᠂ ᠤᠰᠤ ᠠᠷᠪᠢᠯᠠᠬᠤ ᠠᠴᠢᠶᠠᠯᠠᠪᠤᠷᠢ ᠶᠢᠨ ᠪᠥᠳᠥᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ | ᠨᠠᠨᠳᠢᠩᠨᠠᠬᠤ᠂ ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ ᠰᠠᠶᠢᠨ ᠬᠡᠪ ᠰᠤᠷᠲᠠᠯ ᠢ ᠪᠦᠷᠢᠯᠳᠦᠭᠦᠯᠦᠨ᠎ᠡ᠃ | ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ 2025 ᠣᠨ ᠪᠣᠯᠬᠤ ᠳᠤ | ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.66 ᠳᠤ | ᠬᠦᠷᠭᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ | ᠴᠢᠩᠭᠠᠳᠬᠠᠵᠤ᠂ ᠭᠤᠣᠯ ᠮᠥᠷᠡᠨ ᠳᠤ ᠬᠤᠯᠪᠣᠭᠳᠠᠬᠤ ᠵᠦᠢᠯᠡᠰ ᠤᠨ ᠵᠥᠪᠰᠢᠶᠡᠷᠡᠯ ᠢ ᠳᠤᠮᠳᠠ ᠵᠢᠵᠢᠭ ᠭᠤᠣᠯ | ᠮᠥᠷᠡᠨ ᠪᠠ ᠠᠭᠤᠯᠠᠨ ᠦᠶᠡᠷ ᠤᠨ ᠭᠤᠤ ᠶᠢ ᠵᠠᠰᠠᠬᠤ ᠠᠵᠢᠯ ᠢ ᠰᠠᠶᠢᠲᠤᠷ ᠠᠳᠬᠤᠨ᠎ᠠ᠃ ᠬᠥᠷᠥᠰᠥ ᠰᠢᠷᠣᠶ ᠶᠢᠨ | ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠵᠤ᠂ ᠬᠥᠷᠥᠰᠥ ᠰᠢᠷᠣᠶ ᠶᠢᠨ | ᠢᠳᠡᠭᠳᠡᠯ ᠤᠨ ᠦᠵᠡᠭᠳᠡᠯ ᠢ ᠡᠷᠡᠰ ᠬᠤᠷᠢᠭᠯᠠᠨ᠂ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ | ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ | ᠲᠥᠷᠥᠯ ᠵᠦᠶᠯ ᠢ ᠴᠢᠷᠮᠠᠶᠢᠨ ᠣᠯᠵᠤ᠂ 2025 ᠣᠨ ᠪᠣᠯᠬᠤ ᠳᠤ ᠬᠥᠷᠥᠰᠥ ᠰᠢᠷᠣᠶ ᠶᠢᠨ ᠢᠳᠡᠭᠳᠡᠯ ᠢ | ᠶᠡᠷᠦᠩᠬᠡᠶᠢᠯᠡᠨ ᠵᠠᠰᠠᠬᠤ ᠲᠠᠯᠠᠪᠠᠶ ᠶᠢᠨ 387.83 ᠺᠦᠸᠠᠳ᠋ ᠺᠢᠯᠣᠮᠧᠲᠷ ᠤᠨ ᠡᠭᠦᠷᠭᠡ ᠶᠢ ᠪᠡᠶᠡᠯᠡᠭᠦᠯᠦᠨ᠎ᠡ᠃ | | ᠣᠷᠴᠢᠨ ᠨᠥᠬᠦᠴᠡᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠨ᠎ᠠ᠃ ᠴᠠᠭ ᠠᠭᠤᠷ ᠤᠨ ᠶᠡᠷᠦᠩᠬᠡᠶᠢᠯᠡᠭᠰᠡᠨ | ᠠᠵᠢᠭᠯᠠᠯᠲᠠ ᠶᠢᠨ ᠲᠣᠣᠷ ᠰᠦᠯᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠣᠷᠴᠢᠨ ᠨᠥᠬᠦᠴᠡᠯ ᠤᠨ ᠡᠬᠢ ᠪᠠᠶᠠᠯᠢᠭ ᠢ ᠶᠡᠷᠦᠩᠬᠡᠶᠢᠯᠡᠨ ᠦᠨᠡᠯᠡᠬᠦ | ᠰᠢᠰᠲ᠋ᠧᠮᠵᠢ ᠶᠢ ᠪᠠᠶᠢᠭᠤᠯᠵᠤ᠂ ᠣᠷᠴᠢᠨ ᠨᠥᠬᠦᠴᠡᠯ ᠤᠨ ᠬᠤᠪᠢᠷᠠᠯᠲᠠ ᠶᠢ ᠤᠷᠢᠳᠴᠢᠯᠠᠨ ᠮᠡᠳᠡᠭᠡᠯᠡᠬᠦ ᠵᠢᠴᠢ | ᠨᠥᠯᠥᠭᠡ ᠶᠢ ᠦᠨᠡᠯᠡᠨ ᠵᠢᠱᠢᠬᠦ ᠴᠢᠳᠠᠪᠤᠷᠢ ᠶᠢ ᠨᠡᠮᠡᠭᠳᠡᠭᠦᠯᠦᠨ᠂ ᠠᠯᠤᠰ ᠰᠡᠷᠡᠯ ᠤᠨ ᠮᠡᠷᠭᠡᠵᠢᠯ ᠵᠢᠴᠢ ᠲᠤᠭ᠎ᠠ | ᠬᠡᠮᠵᠢᠭᠳᠡᠯ ᠤᠨ ᠵᠠᠭᠪᠤᠷ ᠤᠨ ᠦᠶᠯᠡᠳᠬᠦᠨ ᠢ ᠠᠭᠤᠰᠣᠯᠴᠠᠭᠤᠯᠥᠨ ᠬᠡᠷᠡᠭᠯᠡᠵᠦ᠂ ᠰᠠᠯᠬᠢᠨ ᠤ ᠡᠨᠧᠷᠭᠢ᠂ ᠨᠡᠷᠡᠨ | ᠡᠨᠧᠷᠭᠢ ᠶᠢᠨ ᠴᠠᠭ ᠠᠭᠤᠷ ᠤᠨ ᠦᠶᠯᠡᠴᠢᠯᠡᠭᠡᠨ ᠤ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠴᠢᠬᠤᠯᠠ ᠶᠡᠭᠡ ᠲᠥᠷᠥᠯ ᠵᠦᠶᠯ ᠤᠨ ᠣᠷᠴᠢᠨ ᠨᠥᠬᠦᠴᠡᠯ ᠤᠨ ᠪᠣᠯᠤᠮᠵᠢᠲᠤ ᠴᠢᠨᠠᠷ ᠢ ᠨᠤᠲᠠᠯᠠᠨ ᠵᠠᠳᠠᠯᠵᠤ ᠦᠨᠡᠯᠡᠨ | ᠵᠢᠱᠢᠬᠦ ᠶᠢ ᠥᠷᠨᠢᠭᠦᠯᠵᠦ᠂ ᠣᠷᠴᠢᠨ ᠨᠥᠬᠦᠴᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠬᠦᠴᠦᠲᠡᠶ | ᠳᠡᠭᠡᠭᠰᠢᠯᠡᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠤᠷᠤᠭᠰᠢ ᠠᠬᠢᠭᠤᠯᠵᠤ᠂ ᠨᠢᠰᠬᠡᠯ᠂ ᠲᠡᠶᠢᠷᠦᠯᠲᠦ ᠰᠤᠮᠤ᠂ ᠣᠲᠤᠭ᠎ᠠ ᠵᠤᠤᠬ᠎ᠠ ᠶᠢᠨ ︽ᠠᠭᠠᠷ | ᠪᠣᠯᠣᠨ ᠭᠠᠵᠠᠷ ᠢᠶᠠᠷ ᠴᠣᠭᠴᠠ ᠪᠠᠷ ᠨᠢ ᠶᠠᠪᠤᠭᠳᠠᠭᠤᠯᠬᠤ︾ ᠪᠡᠶᠡᠲᠦ ᠴᠣᠭᠴᠠᠲᠤ ᠬᠥᠮᠦᠨ ᠤ ᠬᠦᠴᠦ ᠪᠠᠷ ᠪᠣᠷᠣᠭᠠᠨ | ᠨᠡᠮᠡᠭᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ | ᠬᠢᠨᠠᠨ ᠬᠡᠮᠵᠢᠬᠦ ᠵᠢᠴᠢ ᠦᠨᠡᠯᠡᠨ ᠵᠢᠱᠢᠵᠦ ᠠᠰᠢᠭᠯᠠᠬᠤ ᠶᠢ ᠴᠢᠩᠭᠠᠷᠠᠭᠤᠯᠤᠨ᠂ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠪᠠ ᠠᠮᠢ | ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢ ᠳᠡᠮᠵᠢᠬᠦ ᠳᠤᠮᠳᠠᠬᠢ ᠴᠢᠬᠤᠯᠠ ᠦᠶᠯᠡᠳᠦᠯ ᠢ ᠪᠦᠲᠦᠮᠵᠢᠲᠡᠶ | ᠪᠠᠳᠠᠷᠠᠭᠤᠯᠤᠨ᠎ᠠ᠃ | | ᠲᠤᠰᠬᠠᠶ ᠪᠤᠯᠤᠩ 8᠄ ᠠᠮᠢ ᠠᠬᠤᠶ ᠶᠢᠨ ᠭᠤᠤᠯᠳᠠᠯᠭ᠎ᠠ ᠲᠠᠢ ᠢᠨᠵᠧᠨᠧᠷᠢᠩ | | ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ᠄ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ | ᠲᠥᠷᠥᠯ ᠵᠦᠶᠯ | | ᠣᠶ ᠰᠢᠭᠤᠶ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ | ᠢᠨᠵᠧᠨᠧᠷᠢᠩ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ ᠶᠢᠨ ᠢᠨᠵᠧᠨᠧᠷᠢᠩ᠂ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ | ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠂ ᠪᠠᠳᠠᠶ ᠶᠢᠨ ᠵᠢᠷᠠᠨ ᠤ ᠡᠯᠡᠰᠦᠨ ᠤ ᠳᠡᠯᠡᠬᠡᠶ ᠶᠢᠨ ᠪᠠᠶᠢᠭᠠᠯᠢ ᠶᠢᠨ ᠥᠪ ᠤᠨ | ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠳᠤᠮᠳᠠᠳᠤ | ᠮᠣᠩᠭᠤᠯ ᠤᠨ ᠦᠯᠵᠡᠢ ᠪᠣᠭᠤᠮᠲᠠ ᠶᠢᠨ ᠬᠢᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ | ᠢᠨᠵᠧᠨᠧᠷᠢᠩ᠂ ᠴᠡᠭᠡ ᠪᠣᠭᠤᠮᠲᠠ ᠶᠢᠨ ᠤᠯᠤᠰ ᠤᠨ ᠭᠠᠵᠠᠷ ᠰᠢᠷᠣᠶ ᠶᠢᠨ ᠴᠡᠴᠡᠷᠯᠢᠭᠵᠢᠭᠦᠯᠦᠯᠲᠡ ᠶᠢᠨ ᠲᠥᠷᠥᠯ ᠵᠦᠶᠯ | | | ᠭᠠᠵᠠᠷ ᠰᠢᠷᠣᠶ ᠶᠢᠨ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠢᠨᠵᠧᠨᠧᠷᠢᠩ᠄ | ᠠᠯᠠᠱᠠ ᠶᠢᠨ ᠡᠯᠡᠰᠦᠨ ᠴᠥᠯ ᠤᠨ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠳᠡᠰ ᠳᠡᠪᠰᠢᠭᠦᠯᠦᠨ | ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ︽ᠤᠯᠠᠭᠠᠨᠪᠤᠬ᠎ᠠ᠂ ᠠᠯᠠᠱᠠ ᠠᠭᠤᠯᠠ᠂ ᠣᠷᠳᠣᠰ ᠤᠨ | ᠥᠨᠳᠦᠷᠯᠢᠭ ᠤᠨ ᠣᠷᠣᠨ︾ ᠤ ᠠᠮᠢ ᠠᠬᠤᠶ ᠶᠢᠨ ᠬᠠᠯᠬᠠᠪᠴᠢ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠂ ︽ᠬᠠᠲᠤᠨ ᠭᠤᠤᠯ ᠤᠨ ᠤᠰᠤ ᠶᠢ ᠤᠯᠠᠭᠠᠨᠪᠤᠬ᠎ᠠ ᠶᠢᠨ ᠡᠯᠡᠰᠦᠨ ᠴᠥᠯ ᠢᠶᠠᠷ | ᠳᠠᠮᠵᠢᠨ ᠦᠵᠦᠭᠦᠷ ᠭᠤᠣᠯ ᠳᠤ ᠣᠷᠣᠭᠤᠯᠬᠤ︾ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ | ᠰᠢᠰᠲ᠋ᠧᠮᠵᠢ ᠶᠢᠨ ᠢᠨᠵᠧᠨᠧᠷᠢᠩ᠂ ᠤᠯᠠᠭᠠᠨᠪᠤᠬ᠎ᠠ ᠶᠢᠨ ᠡᠯᠡᠰᠦᠨ ᠴᠥᠯ ᠬᠠᠲᠤᠨ ᠭᠤᠤᠯ ᠳᠠᠭᠠᠤ ᠶᠢᠨ ᠡᠯᠡᠰᠦᠨ | ᠴᠥᠯ ᠤᠨ ᠬᠥᠷᠥᠰᠥᠵᠢᠭᠰᠡᠨ ᠠᠮᠢ ᠠᠬᠤᠶ ᠶᠢ ᠰᠡᠷᠭᠦᠭᠡᠬᠦ ᠪᠠ ᠲᠠᠷᠢᠶᠠᠯᠠᠩ ᠮᠠᠯ ᠠᠵᠤ ᠠᠬᠤᠶ ᠶᠢ ᠶᠡᠷᠦᠩᠬᠡᠶᠢᠯᠡᠨ | ᠨᠡᠭᠡᠭᠡᠨ ᠬᠥᠭᠵᠢᠭᠦᠯᠬᠦ ᠲᠥᠷᠥᠯ ᠵᠦᠶᠯ᠂ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ | ᠬᠤᠷᠢᠭᠠᠲᠠᠶ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠬᠡᠪᠴᠢᠶᠡᠵᠢᠭᠰᠡᠨ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠷᠰᠢᠯᠲᠠ ᠶᠢᠨ ᠴᠢᠬ ᠤᠨ ᠢᠨᠵᠧᠨᠧᠷᠢᠩ | | ᠤᠰᠤᠨ ᠤ ᠠᠮᠢ ᠠᠬᠤᠶ ᠶᠢ ᠬᠠᠮᠠᠭᠠᠯᠠᠬᠤ ᠪᠠ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ | ᠢᠨᠵᠧᠨᠧᠷᠢᠩ᠄ ᠬᠠᠲᠤᠨ ᠭᠤᠤᠯ ᠤᠨ ᠭᠤᠷᠪᠠᠳᠤᠭᠠᠷ ᠬᠤᠭᠤᠴᠠᠭᠠᠨ ᠤ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠬᠦ ᠢᠨᠵᠧᠨᠧᠷᠢᠩ ︵ ᠠᠯᠠᠱᠠ ᠠᠶᠢᠮᠠᠭ ᠤᠨ ᠬᠡᠰᠡᠭ︶ ᠂ ᠠᠯᠠᠱᠠ ᠠᠶᠢᠮᠠᠭ ᠤᠨ ᠳᠤᠮᠳᠠ ᠵᠢᠵᠢᠭ ᠭᠤᠤᠯ | ᠮᠥᠷᠡᠨ ᠢ ᠵᠠᠰᠠᠬᠤ᠂ ᠬᠠᠲᠤᠨ ᠭᠤᠤᠯ ᠤᠨ ᠥᠪᠥᠷ ᠮᠣᠩᠭᠤᠯ ᠤᠨ ᠠᠯᠠᠱᠠ ᠠᠶᠢᠮᠠᠭ ᠤᠨ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠰᠥᠩ ︵ ᠦᠶᠡᠷ︶ ᠢ ᠰᠠᠯᠭᠠᠬᠤ ᠢᠨᠵᠧᠨᠧᠷᠢᠩ᠂ ᠬᠠᠷ᠎ᠠ ᠭᠤᠤᠯ ᠤᠨ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠶᠯ | | ᠣᠷᠴᠢᠨ ᠨᠥᠬᠦᠴᠡᠯ ᠤᠨ ᠬᠤᠪᠢᠷᠠᠯᠲᠠ ᠶᠢ ᠠᠷᠭᠠᠴᠠᠬᠤ ᠭᠤᠤᠯᠳᠠᠯᠭ᠎ᠠ ᠲᠠᠢ ᠢᠨᠵᠧᠨᠧᠷᠢᠩ᠄ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠳᠠᠭᠠᠭᠤᠯᠢ ᠣᠳᠣᠨ ᠤ ᠠᠯᠤᠰ ᠰᠡᠷᠡᠯ ᠤᠨ | ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠴᠢᠨᠠᠷ ᠰᠠᠶᠢᠲᠠᠶ ᠬᠥᠭᠵᠢᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | | ᠭᠤᠷᠪᠠᠳᠤᠭᠠᠷ ᠬᠡᠰᠡᠭ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠎ᠠ | | ᠪᠦᠬᠦ ᠨᠡᠶᠢᠭᠡᠮ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ | ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ | ᠡᠷᠴᠢᠮᠲᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ᠂ ᠣᠷᠣᠨ ᠪᠦᠰᠡ᠂ ᠰᠠᠪᠠ ᠭᠠᠵᠠᠷ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠴᠢᠮᠲᠡᠢ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠪᠦᠲᠦᠮᠵᠢᠲᠡᠢ ᠠᠬᠢᠭᠤᠯᠤᠨ᠎ᠠ᠃ | | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠭᠠᠷ ᠮᠠᠨᠳᠠᠯ ᠤᠨ ᠣᠷᠴᠢᠨ | ᠠᠬᠤᠶ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠭᠤᠣᠯ ᠪᠣᠯᠭᠠᠨ᠂ PM2.5᠂ O3 ᠵᠡᠷᠭᠡ | ᠪᠣᠬᠢᠷᠲᠤᠯ ᠤᠨ ᠡᠯᠧᠮᠧᠨ᠋ᠲ ᠢ ᠬᠠᠮᠵᠢᠯᠴᠠᠭᠤᠯᠤᠨ ᠬᠢᠵᠠᠭᠠᠷᠯᠠᠬᠤ ᠶᠢ ᠲᠤᠪᠤᠶᠢᠯᠭᠠᠵᠤ᠂ ᠤᠯᠠᠨ ᠪᠣᠬᠢᠷᠲᠤᠯ ᠪᠣᠳᠠᠰ ᠢ | ᠬᠠᠮᠵᠢᠯᠴᠠᠭᠤᠯᠤᠨ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠦᠴᠦᠯᠡᠨ ᠠᠬᠢᠭᠤᠯᠵᠤ᠂ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠴᠢᠨ ᠠᠬᠤᠶ ᠶᠢᠨ ᠠᠭᠠᠷ ᠤᠨ ᠴᠢᠨᠠᠷ ᠴᠢᠨᠰᠠᠭ᠎ᠠ ᠶᠢ ᠦᠨᠡᠨ ᠬᠦ | ᠰᠠᠶᠢᠵᠢᠷᠠᠭᠤᠯᠤᠨ᠎ᠠ᠃ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ᠂ | ᠡᠨᠧᠷᠭᠢ ᠶᠢᠨ ᠰᠤᠷᠪᠤᠯᠵᠢ ᠶᠢᠨ ᠪᠦᠲᠦᠴᠡ᠂ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠵᠤ᠂ ᠥᠩᠭᠡ ᠦᠵᠡᠮᠵᠢ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠴᠡᠪᠡᠷ ᠡᠨᠧᠷᠭᠢ ᠶᠢᠨ ᠰᠤᠷᠪᠤᠯᠵᠢ ᠶᠢᠨ | ᠬᠠᠩᠭᠠᠯᠭ᠎ᠠ ᠶᠢ ᠨᠡᠮᠡᠭᠳᠡᠭᠦᠯᠵᠦ᠂ ᠲᠦᠯᠡᠰᠢᠨ ᠨᠡᠭᠦᠷᠡᠰᠦ ᠶᠢ ᠶᠡᠷᠦᠩᠬᠡᠶᠢᠯᠡᠨ ᠵᠠᠰᠠᠬᠤ ᠠᠵᠢᠯ ᠢ ᠠᠵᠤ | ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ | ᠵᠤᠤᠬ᠎ᠠ ᠶᠢ ᠭᠦᠨᠵᠡᠭᠡᠶ ᠵᠠᠰᠠᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃ ᠣᠯᠠᠨ ᠡᠬᠢᠲᠦ ᠪᠣᠬᠢᠷᠲᠤᠯ ᠢ ᠵᠠᠰᠠᠬᠤ ᠶᠢ | ᠭᠦᠨᠵᠡᠭᠡᠶᠢᠷᠡᠭᠦᠯᠵᠦ᠂ ᠲᠣᠭᠤᠰᠣ ᠳᠡᠭᠳᠡᠬᠦ ᠶᠢ ᠨᠠᠷᠢᠯᠢᠬᠵᠢᠭᠤᠯᠬᠤ ᠬᠠᠮᠢᠶᠠᠷᠤᠯᠲᠠ ᠶᠢ ᠠᠬᠢᠭᠤᠯᠤᠨ᠂ ᠵᠠᠮ ᠤᠨ | ᠲᠣᠭᠤᠰᠣ ᠳᠡᠭᠳᠡᠬᠦ ᠶᠢ ᠡᠵᠡᠮᠳᠡᠬᠦ ᠶᠢ ᠴᠢᠩᠭᠠᠷᠠᠭᠤᠯᠵᠤ᠂ ᠰᠢᠯᠵᠢᠮᠡᠯ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠠᠬᠢᠭᠤᠯᠤᠨ᠂ ᠬᠡᠷᠡᠭᠯᠡᠵᠦ ᠪᠠᠶᠢᠭ᠎ᠠ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠮᠠᠰᠢᠨ ᠲᠡᠷᠭᠡ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ | ᠲᠡᠭᠡᠭᠡᠪᠦᠷᠢ ᠶᠢᠨ ᠲᠡᠷᠭᠡ ᠬᠥᠰᠬᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ ᠠᠭᠠᠷ ᠤᠨ ᠴᠢᠨᠠᠷ ᠴᠢᠨᠰᠠᠭ᠎ᠠ ᠶᠢ ᠬᠢᠨᠠᠨ | ᠬᠡᠮᠵᠢᠬᠦ ᠦᠷᠳᠡᠭᠡ ᠴᠡᠭ ᠤᠨ ᠦᠢᠯᠡᠳᠦᠯ ᠢ ᠪᠠᠳᠠᠷᠠᠭᠤᠯᠵᠤ᠂ ᠠᠭᠠᠷ ᠤᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ᠂ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ | ᠴᠢᠩᠭᠠᠳᠬᠠᠨ᠎ᠠ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠣᠷᠣᠨ ᠪᠦᠰᠡ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠶ | ᠲᠥᠯᠥᠪᠯᠡᠨ᠎ᠡ᠃ | | ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠭᠤᠤᠯᠳᠠᠯᠭ᠎ᠠ ᠲᠠᠢ | ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠬᠦᠴᠦᠯᠡᠨ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠠᠮᠢ ᠠᠬᠤᠶ ᠶᠢᠨ ᠣᠷᠣᠨ ᠵᠠᠶ ᠶᠢ ᠨᠢᠭᠡ ᠴᠤᠭᠴᠠᠵᠢᠭᠤᠯᠤᠨ | ᠬᠠᠮᠠᠭᠠᠯᠠᠬᠤ ᠪᠠ ᠣᠷᠴᠢᠨ ᠲᠣᠭᠤᠷᠢᠨ ᠤ ᠪᠣᠬᠢᠷᠲᠤᠯ ᠢ ᠬᠠᠮᠵᠢᠯᠴᠠᠨ ᠵᠠᠰᠠᠬᠤ ᠶᠢ ᠠᠬᠢᠭᠤᠯᠤᠨ᠎ᠠ︔ ᠬᠠᠷ᠎ᠠ | ᠭᠤᠤᠯ ᠤᠨ ᠳᠣᠣᠷᠠᠳᠤ ᠤᠷᠤᠰᠬᠠᠯ ᠤᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠨᠢᠭᠡᠳᠦᠯᠲᠡᠶ ᠲᠥᠯᠥᠪᠯᠡᠵᠦ᠂ | ᠵᠠᠮ ᠳᠠᠭᠠᠤ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ | ᠬᠠᠷ᠎ᠠ ᠭᠤᠤᠯ ᠤᠨ ᠳᠣᠣᠷᠠᠳᠤ ᠤᠷᠤᠰᠬᠠᠯ ᠤᠨ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ︔ | ᠵᠡᠭᠦᠨ ᠰᠤᠪᠨᠠᠭᠤᠷ ᠤᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠨᠠᠭᠤᠷ ᠤᠨ | ᠤᠰᠤᠨ ᠤ ᠴᠢᠨᠠᠷ ᠤᠨ ᠮᠠᠭᠤᠳᠠᠬᠤ ᠶᠢ ᠠᠯᠬᠤᠮ ᠠᠯᠬᠤᠮ ᠢᠶᠠᠷ ᠬᠤᠷᠢᠭᠯᠠᠨ᠎ᠠ᠃ ᠤᠤᠭᠤᠬᠤ ᠤᠰᠤᠨ ᠤ ᠤᠰᠤᠨ | ᠰᠤᠷᠪᠤᠯᠵᠢ ᠶᠢᠨ ᠭᠠᠵᠠᠷ ᠢ ᠴᠢᠩᠭ᠎ᠠ ᠬᠠᠮᠠᠭᠠᠯᠠᠵᠤ᠂ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠬᠢᠨᠠᠨ | ᠬᠡᠮᠵᠢᠯᠲᠡ ᠶᠢ ᠴᠢᠩᠭᠠᠷᠠᠭᠤᠯᠤᠨ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠯᠡᠳᠬᠡᠯ ᠤᠰᠤᠨ ᠤ ᠡᠬᠢ | ᠰᠤᠷᠪᠤᠯᠵᠢ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠤᠰᠤᠨ ᠤ ᠴᠢᠳᠠᠮᠵᠢᠲᠦ ᠣᠷᠣᠨ ᠤ ᠪᠣᠬᠢᠷᠲᠤᠯ ᠢ ᠬᠢᠵᠠᠭᠠᠷᠯᠠᠬᠤ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ | ᠪᠣᠬᠢᠷᠲᠤᠯ ᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠬᠤᠲᠠ ᠬᠥᠳᠡᠭᠡ ᠶᠢᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠠᠰ ᠳᠡᠪᠰᠢᠭᠦᠯᠦᠨ ᠥᠭᠡᠷᠡᠴᠢᠯᠡᠵᠦ ᠴᠤᠭᠯᠠᠭᠤᠯᠬᠤ ᠬᠤᠭᠤᠯᠠᠶ ᠶᠢᠨ | ᠲᠣᠤᠷ ᠢ ᠦᠷᠭᠦᠯᠵᠢᠯᠡᠨ ᠠᠬᠢᠭᠤᠯᠵᠤ᠂ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠢ ᠪᠦᠷᠢᠨ | ᠪᠦᠷᠬᠦᠭᠦᠯᠬᠦ ᠳᠤ ᠦᠨᠳᠦᠰᠦᠨ ᠳᠤ ᠪᠠᠨ ᠬᠦᠷᠭᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ | ᠤᠰᠤ ᠶᠢ ᠲᠥᠪᠯᠡᠷᠡᠭᠦᠯᠦᠨ ᠴᠤᠭᠯᠠᠭᠤᠯᠬᠤ ᠪᠠ ᠰᠢᠢᠳᠪᠦᠷᠢᠯᠡᠬᠦ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ | ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠡᠨᠧᠷᠭᠢ | ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ | ᠲᠦᠯᠬᠢᠨ ᠠᠬᠢᠭᠤᠯᠤᠨ᠎ᠠ᠃ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠵᠠᠭᠠᠷᠯᠠᠯ ᠤᠨ ᠴᠢᠨᠠᠷᠲᠠᠶ ᠭᠦᠢᠴᠡᠳᠬᠡᠬᠦ ᠲᠤᠭ᠎ᠠ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ | | ᠬᠥᠮᠦᠰ ᠤᠨ ᠰᠠᠭᠤᠷᠢᠰᠢᠯ ᠤᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠴᠢᠩᠭᠠᠳᠬᠠᠨ᠎ᠠ᠃ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠪᠣᠷᠲᠣᠭᠤᠷ ᠢ ᠬᠢᠵᠠᠭᠠᠷᠯᠠᠨ | ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ | ᠬᠤᠷᠣᠭᠳᠠᠯ ᠢ ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ︽ᠳᠥᠷᠪᠡ ᠶᠢ | ᠬᠢᠵᠠᠭᠠᠷᠯᠠᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠦᠶᠯᠡᠳᠪᠦᠷᠢᠯᠡᠯ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠠᠶᠢᠯ ᠲᠣᠰᠬᠤᠨ ᠤ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠪᠦᠳᠦᠭᠡᠨ ᠪᠠᠶᠢᠭᠤᠯᠬᠤ ᠪᠠ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠰ ᠤᠨ ᠰᠠᠭᠤᠷᠢᠰᠢᠯ ᠤᠨ ᠣᠷᠴᠢᠨ ᠨᠥᠬᠦᠴᠡᠯ ᠤᠨ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ | ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ | ᠂ ᠬᠤᠤᠷ ᠥᠬᠡᠶ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠂ ᠮᠠᠯᠴᠢᠨ | ᠲᠠᠷᠢᠶᠠᠴᠢᠳ ᠤᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠳᠤ ᠪᠡᠶ᠎ᠡ ᠪᠠᠨ ᠳᠠᠭᠠᠭᠠᠨ | ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠡᠭᠦᠳᠦᠨ ᠪᠠᠶᠢᠭᠤᠯᠵᠤ᠂ ᠬᠦᠷᠢᠶ᠎ᠡ ᠬᠠᠰᠢᠶ᠎ᠠ ᠶᠢᠨ | ᠠᠵᠤ ᠠᠬᠤᠶ ᠶᠢ ᠬᠥᠭᠵᠢᠭᠦᠯᠦᠨ᠎ᠡ᠃ | | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠷᠢᠳᠴᠢᠯᠠᠨ ᠰᠡᠷᠭᠡᠶᠢᠯᠡᠬᠦ ᠪᠠᠷ ᠭᠤᠤᠯ | ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠠᠷᠢᠮᠲᠠᠯᠠᠨ᠂ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠠᠬᠢᠭᠤᠯᠤᠨ᠎ᠠ᠃ ᠬᠥᠷᠥᠰᠥ ᠰᠢᠷᠣᠶ ᠶᠢᠨ ᠣᠷᠴᠢᠨ | ᠠᠬᠤᠶ ᠶᠢ ᠬᠢᠨᠠᠨ ᠬᠡᠮᠵᠢᠬᠦ ᠲᠣᠣᠷ ᠢ ᠲᠡᠭᠦᠯᠳᠡᠷᠵᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠬᠢᠨᠠᠨ ᠬᠡᠮᠵᠢᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠲᠠᠷᠢᠶᠠᠨ | ᠭᠠᠵᠠᠷ ᠤᠨ ᠬᠥᠷᠥᠰᠥ ᠰᠢᠷᠣᠶ ᠶᠢᠨ ᠣᠷᠴᠢᠨ ᠠᠬᠤᠶ ᠶᠢᠨ ᠴᠢᠨᠠᠷ ᠴᠢᠨᠰᠠᠭ᠎ᠠ ᠶᠢᠨ ᠠᠩᠭᠢᠯᠠᠯ ᠤᠨ ᠲᠣᠳᠣᠷᠬᠠᠶ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠠᠬᠤᠶ ᠶᠢ | ᠵᠠᠰᠠᠵᠤ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠲᠠᠷᠢᠶᠠᠯᠠᠩ ᠮᠠᠯ ᠠᠵᠤ ᠠᠬᠤᠶ ᠶᠢᠨ | ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠪᠠ ᠬᠥᠷᠥᠰᠥ ᠰᠢᠷᠣᠶ ᠶᠢᠨ ᠣᠯᠠᠨ ᠡᠬᠢᠳᠤ | ᠪᠣᠬᠢᠷᠲᠤᠯ ᠢ ᠵᠠᠰᠠᠬᠤ ᠶᠢ ᠠᠬᠢᠭᠤᠯᠵᠤ᠂ ᠴᠠᠭᠠᠨ ᠤ ᠪᠣᠬᠢᠷᠲᠤᠯ ᠤᠨ ᠣᠷᠴᠢᠨ ᠲᠣᠭᠤᠷᠢᠨ ᠢ ᠵᠠᠰᠠᠬᠤ ᠶᠢ | ᠴᠢᠩᠭᠠᠳᠬᠠᠨ᠎ᠠ᠃ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠬᠥᠷᠥᠰᠥ | ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠤᠨ | ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ᠃ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠪᠣᠬᠢᠷᠲᠤᠯ ᠤᠨ ᠡᠬᠢ ᠰᠤᠷᠪᠤᠯᠵᠢ ᠶᠢ ᠴᠢᠩᠭ᠎ᠠ ᠬᠢᠨᠠᠨ ᠬᠠᠮᠢᠶᠠᠷᠤᠨ᠎ᠠ᠃ ᠬᠤᠭ ᠨᠣᠪᠰᠢ ᠶᠢ ᠲᠦᠷᠦᠯ | ᠬᠤᠪᠢᠶᠠᠬᠤ᠂ ᠲᠡᠭᠡᠭᠡᠪᠦᠷᠢᠯᠡᠬᠦ᠂ ᠰᠢᠶᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ | ᠬᠥᠳᠡᠭᠡ ᠶᠢᠨ ᠬᠤᠭ ᠨᠣᠪᠰᠢ ᠶᠢ ᠲᠦᠷᠦᠯ ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠤᠨ᠎ᠠ᠃ ᠪᠡᠶᠡᠲᠦ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠶᠳᠪᠦᠷᠢᠯᠡᠬᠦ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠠᠶᠤᠯᠲᠠᠶ ᠬᠠᠶᠠᠭᠳᠠᠮᠠᠯ ᠪᠣᠳᠠᠰ ᠪᠠ ᠡᠮᠴᠢᠯᠡᠭᠡᠨ ᠤ | ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠠᠵᠢᠯ ᠢ ᠴᠢᠩᠭᠠᠳᠬᠠᠨ᠎ᠠ᠃ ᠬᠠᠶᠠᠭᠳᠠᠮᠠᠯ | ᠠᠶᠤᠯᠲᠠᠶ ᠬᠢᠮᠢ ᠶᠢᠨ ᠪᠣᠳᠠᠰ᠂ ᠤᠳᠠᠭᠠᠨ ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷᠲᠤᠯ ᠪᠣᠳᠠᠰ᠂ ᠠᠶᠤᠯᠲᠠᠶ | ᠬᠠᠶᠠᠭᠳᠠᠮᠠᠯ ᠪᠣᠳᠠᠰ ᠵᠡᠷᠭᠡ ᠣᠷᠴᠢᠨ ᠠᠬᠤᠶ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ | ᠲᠦᠷᠭᠡᠨ ᠠᠷᠭᠠᠴᠠᠨ ᠰᠢᠶᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠴᠤᠷᠠᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠂ ᠰᠠᠴᠤᠷᠠᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠰᠡᠷᠭᠡᠶᠢᠯᠡᠨ᠎ᠡ᠃ | | | ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ | ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠪᠥᠬᠦ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵ 2020 — 2025 ᠣᠨ︶ ᠶᠢ ᠬᠡᠷᠡᠭᠵᠢᠭᠦᠯᠬᠦ ᠶᠢ | ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠠᠭᠤᠷᠬᠠᠶ ᠳᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠵᠤ᠂ | ᠦᠶᠯᠡᠳᠪᠦᠷᠢᠯᠡᠯ ᠤᠨ ᠠᠭᠤᠷᠬᠠᠶ ᠶᠢᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | 2025 ᠣᠨ ᠪᠣᠯᠬᠤ ᠳᠤ ᠪᠥᠬᠦ ᠠᠶᠢᠮᠠᠭ ᠤᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠥᠯᠥ ᠨᠡᠶᠢᠴᠡᠬᠦ ᠠᠭᠤᠷᠬᠠᠶ ᠶᠢ | ᠬᠠᠤᠯᠢ ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠪᠤᠴᠠᠭᠠᠨ ᠭᠠᠷᠭᠠᠨ᠎ᠠ᠃ ︽ᠬᠡᠨ ᠡᠪᠳᠡᠪᠡᠯ ᠲᠡᠷᠡ ᠵᠠᠰᠠᠬᠤ︾ | ᠵᠠᠷᠴᠢᠮ ᠤᠨ ᠶᠣᠰᠣᠭᠠᠷ᠂ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠨ ᠤ ᠵᠠᠰᠠᠬᠤ | ᠲᠥᠯᠥᠪᠯᠡᠭᠡ ᠶᠢ ᠴᠢᠩᠭ᠎ᠠ ᠵᠢᠷᠤᠮᠯᠠᠨ᠂ ᠦᠢᠯᠡᠳᠪᠦᠷᠢᠯᠡᠬᠦ ᠶᠢᠨ ᠳᠠᠭᠠᠤ ᠵᠠᠰᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠠᠴᠠ ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ | ᠥᠬᠡᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠭᠤᠤᠯᠯᠠᠨ ᠵᠠᠰᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠵᠠᠳᠠᠭᠠᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠡᠷᠴᠢᠮ ᠢ | ᠴᠢᠩᠭᠠᠷᠠᠭᠤᠯᠵᠤ᠂ ᠵᠠᠳᠠᠭᠠᠶ ᠠᠭᠤᠷᠬᠠᠶ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ | ᠣᠷᠴᠢᠨ ᠲᠣᠭᠤᠷᠢᠨ ᠢ ᠵᠠᠰᠠᠨ ᠰᠡᠷᠭᠦᠭᠡᠬᠦ ᠠᠵᠢᠯ ᠢ ᠦᠨᠡᠨᠬᠦ ᠰᠠᠶᠢᠲᠤᠷ ᠬᠢᠨ᠎ᠠ᠃ ᠠᠭᠤᠷᠬᠠᠶ ᠶᠢᠨ ᠭᠠᠷᠤᠯᠲᠠ ᠶᠢ | ᠨᠡᠭᠡᠭᠡᠨ ᠣᠯᠪᠤᠷᠢᠯᠠᠬᠤ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ᠂ ᠲᠡᠭᠡᠭᠡᠪᠦᠷᠢᠯᠡᠬᠦ ᠶᠠᠪᠤᠴᠠ ᠳᠠᠬᠢ ᠪᠣᠬᠢᠷᠲᠤᠯ ᠢ | ᠰᠡᠷᠭᠡᠶᠢᠯᠡᠨ ᠵᠠᠰᠠᠬᠤ ᠪᠠ ᠲᠣᠭᠤᠰᠣ ᠶᠢ ᠪᠠᠭᠠᠰᠬᠠᠨ ᠲᠣᠭᠤᠰᠣ ᠶᠢ ᠬᠤᠷᠢᠭᠯᠠᠬᠤ ᠶᠢ ᠴᠢᠩᠭᠠᠷᠠᠭᠤᠯᠵᠤ᠂ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ ᠬᠢᠨᠠᠯᠲᠠ ᠬᠠᠮᠢᠶᠠᠷᠤᠯᠲᠠ ᠪᠠ ᠭᠠᠶ ᠭᠠᠮᠰᠢᠭ ᠢ ᠵᠠᠰᠠᠬᠤ ᠠᠵᠢᠯ ᠢ ᠴᠢᠩᠭᠠᠳᠬᠠᠨ᠎ᠠ᠃ | | | ᠳᠥᠷᠪᠡᠳᠦᠭᠡᠷ ᠬᠡᠰᠡᠭ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ | ᠠᠬᠤᠶ ᠶᠢ ᠬᠥᠭᠵᠢᠭᠦᠯᠦᠨ᠎ᠡ | | ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠨᠠᠶᠢᠳᠠᠪᠤᠷᠢᠵᠢᠭᠤᠯᠤᠨ᠂ ᠡᠬᠢ ᠪᠠᠶᠠᠯᠢᠭ | ᠡᠨᠧᠷᠭᠢ ᠶᠢᠨ ᠰᠤᠷᠪᠤᠯᠵᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠣᠷᠴᠢᠯ ᠬᠡᠯᠪᠡᠷᠢ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶᠢᠯᠠᠯ᠂ | ᠬᠦᠷᠢᠶᠡᠯᠡᠩ ᠲᠣᠭᠤᠷᠢᠭ᠂ ᠠᠵᠢᠯ ᠲᠦᠷᠦᠯ ᠤᠨ ᠬᠤᠭᠤᠷᠣᠨᠳᠣ ᠪᠠᠨ ᠬᠤᠯᠪᠣᠯᠳᠤᠨ ᠬᠠᠮᠲᠤ ᠪᠠᠷ ᠣᠷᠣᠰᠢᠬᠤ ᠪᠠ ᠡᠬᠢ | ᠪᠠᠶᠠᠯᠢᠭ ᠢ ᠬᠠᠮᠵᠢᠯᠴᠠᠨ ᠠᠰᠢᠭᠯᠠᠬᠤ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ | ᠬᠦᠷᠭᠡᠬᠦ᠂ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠠᠵᠢᠯ ᠢ ᠰᠠᠶᠢᠲᠤᠷ ᠬᠢᠵᠦ᠂ ᠠᠮᠢ ᠠᠬᠤᠶ ᠶᠢᠨ ᠣᠷᠴᠢᠨ | ᠨᠥᠬᠦᠴᠡᠯ ᠤᠨ ᠲᠤᠮᠤ ᠳ᠋ᠠᠶᠢᠲ᠋ᠠ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ | | ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠡᠨᠧᠷᠭᠢ ᠶᠢ ᠠᠷᠪᠢᠯᠠᠨ ᠠᠰᠢᠭᠯᠠᠬᠤ ᠶᠢ ᠲᠦᠯᠬᠢᠨ ᠠᠬᠢᠭᠤᠯᠵᠤ᠂ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠶᠢ ᠬᠡᠷᠡᠭᠵᠢᠭᠦᠯᠵᠦ᠂ | ᠭᠦᠢᠴᠡᠳᠬᠡᠬᠦ ᠲᠤᠭ᠎ᠠ ᠶᠢᠨ ᠡᠭᠦᠷᠭᠡ ᠶᠢ ᠱᠠᠳᠤ ᠳᠠᠷᠠᠭᠠᠯᠠᠨ ᠬᠤᠪᠢᠶᠠᠷᠢᠯᠠᠨ ᠪᠠᠭᠤᠯᠭᠠᠨ᠎ᠠ᠃ ᠡᠨᠧᠷᠭᠢ ᠠᠷᠪᠢᠯᠠᠬᠤ ᠶᠢ | ᠬᠢᠨᠠᠨ ᠡᠵᠡᠮᠳᠡᠬᠦ ᠶᠢ ᠴᠢᠩᠭᠠᠳᠬᠠᠵᠤ᠂ ᠡᠨᠧᠷᠭᠢ ᠠᠷᠪᠢᠯᠠᠬᠤ ᠶᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠲᠦᠷᠢᠮ ᠪᠠ | ᠭᠤᠣᠯᠳᠠᠯᠭ᠎ᠠ ᠲᠠᠢ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠠᠷᠢᠯᠭᠠᠬᠤ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠪᠠ ᠡᠨᠧᠷᠭᠢ | ᠠᠷᠪᠢᠯᠠᠬᠤ ᠦᠢᠯᠡᠳᠬᠦᠨ ᠢ ᠪᠦᠬᠦ ᠲᠠᠯ᠎ᠠ ᠪᠠᠷ ᠳᠡᠯᠭᠡᠷᠡᠭᠦᠯᠵᠦ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ | ᠂ ᠤᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠶᠠᠪᠤᠳᠠᠯ ᠢ | ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠬᠤᠶᠠᠷ ᠢ | ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠰᠤᠨ ᠤ ᠳᠠᠬᠢᠨ ᠳᠠᠪᠲᠠᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠵᠦ᠂ ᠳᠤᠮᠳᠠᠬᠢ ᠤᠰᠤᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠳᠠᠬᠢᠯᠲᠠ ᠤᠰᠤᠨ ᠤ | ᠬᠡᠷᠡᠭᠯᠡᠯᠲᠡ ᠶᠢᠨ ᠬᠡᠪᠴᠢᠶ᠎ᠡ ᠶᠢ ᠥᠷᠭᠡᠳᠬᠡᠵᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ | ᠳᠡᠭᠡᠭᠰᠢᠯᠡᠭᠦᠯᠦᠨ᠎ᠡ᠃ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ | ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ᠂ ᠤᠯᠤᠰ ᠤᠨ ᠤᠰᠤ ᠠᠷᠪᠢᠯᠠᠬᠤ | ᠠᠵᠢᠯᠯᠠᠭ᠎ᠠ ᠶᠢᠨ ᠲᠥᠰᠦᠯ ᠤᠨ ᠬᠡᠷᠡᠭᠵᠢᠭᠦᠯᠦᠯᠲᠡ ᠶᠢ ᠦᠨᠡᠨ ᠬᠦ ᠲᠦᠯᠬᠢᠨ ᠠᠬᠢᠭᠤᠯᠤᠨ᠎ᠠ᠃ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠬᠤᠶᠠᠷ ᠢ ᠬᠢᠵᠠᠭᠠᠷᠯᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠬᠡᠮᠵᠢᠶ᠎ᠡ ᠶᠢ ᠪᠠᠭᠠᠰᠬᠠᠬᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠶᠢᠷᠢᠰᠢᠯ ᠢ ᠰᠢᠯᠢᠳᠡᠭᠵᠢᠭᠦᠯᠦᠨ᠂ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠷᠢᠴᠠᠯ ᠤᠨ ᠪᠦᠲᠦᠴᠡ ᠶᠢ ᠲᠣᠬᠢᠷᠠᠭᠤᠯᠵᠤ᠂ ᠭᠠᠵᠠᠷ | ᠰᠢᠷᠣᠶ ᠶᠢ ᠠᠰᠢᠭᠯᠠᠬᠤ ᠬᠦᠴᠦᠯᠡᠴᠡ ᠶᠢ ᠬᠠᠮᠢᠶᠠᠷᠤᠨ ᠡᠵᠡᠮᠳᠡᠬᠦ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ | ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠦᠨᠡᠯᠡᠬᠦ ᠶᠢ ᠲᠦᠯᠬᠢᠨ ᠠᠬᠢᠭᠤᠯᠤᠨ᠎ᠠ᠃ ᠠᠭᠤᠷᠬᠠᠶ ᠶᠢᠨ | ᠦᠢᠯᠡᠰ ᠤᠨ ᠡᠷᠬᠡ ᠶᠢ ᠲᠣᠬᠢᠷᠠᠭᠤᠯᠬᠤ ᠠᠮᠢ ᠠᠬᠤᠶ ᠶᠢᠨ ᠣᠷᠴᠢᠨ ᠲᠣᠭᠤᠷᠢᠨ ᠢ ᠵᠥᠪᠰᠢᠶᠡᠷᠡᠨ ᠣᠷᠣᠭᠤᠯᠬᠤ | ᠪᠣᠭᠤᠮᠲᠠ ᠶᠢ ᠴᠢᠩᠭ᠎ᠠ ᠠᠳᠬᠤᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ | ᠨᠡᠭᠡᠭᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠣᠷᠴᠢᠯ ᠮᠠᠶ᠋ᠢᠭ ᠤᠨ ᠲᠠᠷᠢᠶᠠᠯᠠᠩ ᠮᠠᠯ ᠠᠵᠤ | ᠠᠬᠤᠶ ᠶᠢᠨ ᠰᠢᠰᠲ᠋ᠧᠮᠵᠢ ᠶᠢ ᠪᠠᠶᠢᠭᠤᠯᠵᠤ᠂ ᠣᠷᠴᠢᠯ ᠮᠠᠶ᠋ᠢᠭ ᠤᠨ ᠴᠡᠪᠡᠷᠵᠢᠭᠦᠯᠦᠭᠰᠡᠨ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠡᠷᠭᠡ ᠤᠯᠠᠨ ᠦᠢᠯᠡᠰ | ᠬᠠᠮᠲᠤᠪᠠᠷ ᠣᠷᠣᠰᠢᠭᠰᠠᠨ ᠣᠷᠴᠢᠯ ᠮᠠᠶ᠋ᠢᠭ ᠤᠨ ᠬᠥᠭᠵᠢᠯᠲᠡ ᠶᠢᠨ ᠠᠷᠭ᠎ᠠ ᠮᠠᠶ᠋ᠢᠭ ᠢ ᠪᠤᠢ ᠪᠣᠯᠭᠠᠨ᠂ ᠲᠠᠷᠢᠶᠠᠯᠠᠩ ᠢ | ᠪᠠᠭᠠᠰᠬᠠᠬᠤ᠂ ᠮᠠᠯ ᠠᠵᠤ ᠠᠬᠤᠶ ᠶᠢ ᠵᠣᠬᠢᠰᠲᠠᠶ ᠪᠠᠶᠢᠯᠭᠠᠬᠤ᠂ ᠲᠠᠷᠢᠶᠠᠯᠠᠬᠤ ᠮᠠᠯᠵᠢᠬᠤ ᠣᠷᠣᠨ ᠤ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠣᠯᠴᠠᠭᠤᠯᠥᠨ ᠬᠥᠭᠵᠢᠭᠦᠯᠬᠦ ᠶᠢ ᠤᠯᠠᠮ ᠲᠥᠯᠬᠢᠨ ᠠᠬᠢᠭᠤᠯᠵᠤ | ᠂ ᠤᠯᠤᠰ ᠤᠨ ᠱᠠᠲᠤᠨ ᠤ ᠬᠥᠳᠡᠭᠡ ᠲᠣᠰᠬᠤᠨ ᠤ ᠠᠵᠤ ᠦᠢᠯᠡᠰ ᠢ ᠠᠭᠤᠰᠣᠯᠴᠠᠭᠤᠯᠥᠨ ᠬᠥᠭᠵᠢᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ ᠣᠷᠴᠢᠯ ᠬᠡᠯᠪᠡᠷᠢ ᠶᠢᠨ ᠠᠵᠤ ᠦᠢᠯᠡᠳᠪᠦᠷᠢ ᠶᠢᠨ | ᠰᠢᠰᠲ᠋ᠧᠮ ᠢ ᠪᠠᠶᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠢ ᠡᠮᠬᠢᠯᠡᠨ ᠨᠡᠶᠢᠯᠡᠭᠦᠯᠵᠦ | ᠳᠡᠭᠡᠭᠰᠢᠯᠡᠭᠦᠯᠬᠦ ᠪᠠ ᠣᠷᠴᠢᠯᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠣᠷᠴᠢᠨ ᠠᠬᠤᠶ ᠶᠢᠨ ᠰᠠᠭᠤᠷᠢ | ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠪᠠ ᠡᠬᠢ ᠪᠠᠶᠠᠯᠢᠭ ᠢ ᠣᠷᠴᠢᠯᠳᠤᠭᠤᠯᠤᠨ | ᠠᠰᠢᠭᠯᠠᠬᠤ ᠶᠢ ᠰᠢᠰᠲ᠋ᠧᠮ ᠲᠠᠢ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠲᠥᠪᠯᠡᠷᠡᠨ ᠡᠷᠴᠢᠮᠵᠢᠵᠦ | ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠣᠷᠴᠢᠯ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠦᠢᠯᠡᠴᠢᠯᠡᠭᠡᠨ ᠤ ᠭᠤᠣᠯ ᠴᠣᠭᠴᠠ ᠶᠢ ᠪᠣᠬᠢᠷᠲᠤᠯ ᠦᠭᠡᠢ ᠪᠣᠯᠭᠠᠬᠤ᠂ ᠦᠢᠯᠡᠴᠢᠯᠡᠭᠡᠨ ᠤ ᠶᠠᠪᠤᠴᠠ ᠶᠢ | ᠴᠡᠪᠡᠷᠰᠢᠭᠦᠯᠬᠦ ᠶᠢ ᠠᠬᠢᠭᠤᠯᠵᠤ᠂ ᠪᠣᠬᠢᠷᠲᠤᠯ ᠦᠭᠡᠢ ᠠᠮᠢ ᠠᠬᠤᠶ ᠶᠢᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠪᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ ᠬᠤᠭ ᠨᠣᠪᠰᠢ ᠶᠢ | ᠲᠥᠷᠥᠯ ᠬᠤᠪᠢᠶᠠᠬᠤ ᠶᠢ ᠬᠡᠷᠡᠭᠵᠢᠭᠦᠯᠵᠦ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ | ᠂ ᠬᠤᠤᠷ ᠥᠬᠡᠶ ᠪᠣᠯᠭᠠᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃ ᠬᠠᠶᠠᠭᠳᠠᠮᠠᠯ ᠬᠠᠭᠤᠴᠢᠨ ᠡᠳ᠋ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠭᠦᠨᠵᠡᠭᠡᠶ ᠲᠦᠯᠬᠢᠨ | ᠠᠬᠢᠭᠤᠯᠤᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ | ᠪᠣᠬᠢᠷᠲᠤᠯ ᠥᠬᠡᠶ ᠮᠥᠩᠭᠦᠨ ᠭᠦᠶᠯᠭᠡᠭᠡᠨ ᠢ ᠬᠥᠭᠵᠢᠭᠦᠯᠦᠨ᠂ ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠵᠦ᠂ ᠠᠷᠢᠭᠤᠨ ᠴᠡᠪᠡᠷ ᠦᠶᠯᠡᠳᠪᠦᠷᠢᠯᠡᠯ ᠢ ᠠᠬᠢᠭᠤᠯᠤᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠤ ᠦᠶᠯᠡᠰ ᠢ ᠬᠥᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠪᠠ ᠴᠢᠬᠤᠯᠠ ᠬᠦᠷᠢᠶ᠎ᠡ | ᠴᠠᠷᠠᠭ᠎ᠠ ᠶᠢᠨ ᠪᠣᠬᠢᠷᠲᠤᠯ ᠥᠬᠡᠶ ᠥᠭᠡᠷᠡᠴᠢᠯᠡᠯᠲᠡ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢ ᠠᠷᠢᠭᠤᠨ | ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠤᠯᠭᠦᠶ ᠪᠠᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠲᠦᠯᠬᠢᠨ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠦᠨ᠂ ᠪᠣᠬᠢᠷᠲᠤᠯ ᠦᠭᠡᠢ ᠠᠮᠢᠳᠤᠷᠠᠯ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ ᠢ | ᠪᠠᠭᠤᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠪᠠ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠦᠶᠯᠡᠳᠬᠦᠨ ᠢ ᠶᠡᠬᠡᠪᠡᠷ ᠬᠥᠭᠵᠢᠭᠦᠯᠦᠨ᠂ ᠵᠠᠰᠠᠭ ᠤᠨ ᠣᠷᠳᠣᠨ ᠤ ᠪᠣᠬᠢᠷᠲᠤᠯ ᠥᠬᠡᠶ | ᠬᠤᠳᠠᠯᠳᠤᠨ ᠠᠪᠬᠤ ᠠᠷᠭ᠎ᠠ ᠶᠢ ᠲᠡᠭᠦᠯᠳᠡᠷᠵᠢᠭᠦᠯᠵᠦ᠂ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠡᠨᠧᠷᠭᠢ ᠠᠷᠪᠢᠯᠠᠬᠤ ᠬᠡᠯᠪᠡᠷᠢ ᠶᠢᠨ ᠦᠶᠯᠡᠳᠬᠦᠨ ᠬᠤᠳᠠᠯᠳᠤᠨ ᠠᠪᠬᠤ ᠬᠠᠷᠢᠴᠠᠯ ᠢ | ᠥᠷᠭᠡᠳᠬᠡᠨ᠂ ᠡᠷᠭᠢᠯᠳᠦᠭᠦᠯᠦᠨ ᠠᠰᠢᠭᠯᠠᠵᠤ ᠪᠣᠯᠬᠤ ᠦᠶᠯᠡᠳᠬᠦᠨ ᠪᠠ ᠳᠠᠬᠢᠨ ᠡᠭᠦᠰᠴᠦ ᠪᠣᠯᠬᠤ ᠦᠶᠯᠡᠳᠬᠦᠨ ᠤ | ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠠᠶᠢᠭᠠᠳ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠦᠨ᠎ᠡ᠃ ᠪᠣᠬᠢᠷᠲᠤᠯ ᠦᠭᠡᠢ ᠰᠣᠶᠣᠯ ᠢ | ᠪᠠᠳᠠᠷᠠᠭᠤᠯᠤᠨ᠂ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠵᠤ᠂ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ | ᠬᠥᠮᠦᠵᠢᠯ ᠢ ᠤᠯᠠᠨ ᠠᠷᠭ᠎ᠠ ᠵᠠᠮ ᠢᠶᠠᠷ ᠲᠦᠯᠬᠢᠨ ᠠᠬᠢᠭᠤᠯᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠵᠦ᠂ | ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠰᠤᠷᠭᠠᠭᠤᠯᠢ᠂ ᠪᠣᠬᠢᠷᠲᠤᠯ ᠦᠭᠡᠢ ᠨᠡᠶᠢᠭᠡᠮ | ᠲᠣᠭᠤᠷᠢᠭ᠂ ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠪᠣᠬᠢᠷᠲᠤᠯ ᠦᠭᠡᠢ | ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠤᠨ | ᠠᠷᠭ᠎ᠠ ᠮᠠᠶ᠋ᠢᠭ ᠢ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠷᠭ᠎ᠠ ᠮᠠᠶ᠋ᠢᠭ ᠲᠡᠶᠢᠰᠢ ᠲᠦᠷᠭᠡᠪᠴᠢᠯᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | | | ᠲᠠᠪᠤᠳᠤᠭᠠᠷ ᠬᠡᠰᠡᠭ ᠠᠮᠢ ᠠᠬᠤᠶ ᠶᠢᠨ ᠪᠣᠯᠪᠠᠰᠤᠨ ᠤ ᠳᠦᠷᠢᠮ ᠢ ᠲᠡᠭᠦᠯᠳᠡᠷᠵᠢᠭᠦᠯᠦᠨ᠎ᠡ | | ᠪᠠᠶᠢᠭᠠᠯᠢ ᠶᠢᠨ ᠬᠤᠷᠣᠭᠳᠠᠭᠤᠯᠤᠯ᠂ ᠣᠷᠴᠢᠨ ᠠᠬᠤᠶ ᠶᠢᠨ ᠬᠤᠬᠢᠷᠠᠭᠤᠯᠤᠯ᠂ ᠠᠮᠢ ᠠᠬᠤᠶ ᠶᠢᠨ ᠦᠷ᠎ᠡ | ᠠᠰᠢᠭ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠡᠯᠡᠯᠲᠡ ᠶᠢᠨ ᠰᠢᠰᠲ᠋ᠧᠮ ᠳᠤ ᠣᠷᠣᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠲᠦᠷᠢᠮ᠂ ᠵᠠᠬ᠎ᠠ ᠳᠡᠯᠭᠡᠭᠦᠷ ᠤᠨ | ᠠᠷᠠᠯᠵᠢᠶᠠᠨ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠬᠢᠨᠠᠯᠲᠠ | ᠬᠠᠮᠢᠶᠠᠷᠤᠯᠲᠠ᠂ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠥᠭᠬᠦ ᠲᠦᠷᠢᠮ ᠢ ᠨᠠᠶᠢᠳᠠᠪᠤᠷᠢᠵᠢᠭᠤᠯᠤᠨ᠎ᠠ᠃ | | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠪᠥᠬᠦ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠲᠦᠷᠭᠡᠳᠬᠡᠨ | ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ | ᠲᠦᠷᠢᠮ ᠢ ᠲᠡᠭᠦᠯᠳᠡᠷᠵᠢᠭᠦᠯᠦᠨ᠂ ᠲᠥᠷᠥᠯ ᠬᠤᠪᠢᠶᠠᠭᠰᠠᠨ ᠰᠢᠨᠵᠢᠯᠡᠬᠦ ᠤᠬᠠᠭᠠᠨᠴᠢ ᠪᠠᠶᠢᠭᠠᠯᠢ ᠶᠢᠨ ᠡᠬᠢ ᠪᠠᠶᠠᠯᠢᠭ ᠤᠨ | ᠥᠮᠴᠢᠯᠡᠬᠦ ᠡᠷᠬᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠲᠥᠯᠥᠪᠵᠢᠭᠦᠯᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠶ | ᠪᠥᠭᠡᠳ ᠡᠷᠬᠡ ᠰᠦᠷ ᠲᠠᠢ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠮᠡᠳᠡᠭᠡ | ᠵᠠᠩᠭᠢ ᠶᠢ ᠨᠡᠶᠢᠲᠡᠯᠡᠬᠦ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ | | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠣᠶ ᠰᠢᠭᠤᠶ | ᠡᠪᠡᠰᠦ ᠪᠡᠯᠴᠢᠭᠡᠷ ᠤᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠦᠷᠢᠮ ᠢ ᠨᠠᠶᠢᠳᠠᠪᠤᠷᠢᠵᠢᠭᠤᠯᠤᠨ᠂ | ᠬᠠᠲᠤᠨ ᠭᠤᠤᠯ᠂ ᠬᠠᠷ᠎ᠠ ᠭᠤᠤᠯ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤᠨ ᠣᠭᠲᠣᠯᠤᠭᠠᠰᠤ ᠶᠢᠨ ᠪᠣᠬᠢᠷᠲᠤᠯ ᠤᠨ | ᠨᠥᠬᠦᠪᠥᠷᠢ ᠶᠢ ᠥᠷᠨᠢᠭᠦᠯᠵᠦ᠂ ᠭᠠᠵᠠᠷ ᠣᠷᠣᠨ ᠠᠯᠤᠰᠯᠠᠭᠰᠠᠨ᠂ ᠭᠤᠤᠯᠳᠠᠯᠭ᠎ᠠ ᠲᠠᠢ ᠬᠦᠷᠢᠶ᠎ᠡ ᠪᠠ ᠭᠤᠤᠯᠳᠠᠯᠭ᠎ᠠ ᠲᠠᠢ | ᠣᠷᠣᠨ ᠪᠦᠰᠡ ᠶᠢ ᠬᠠᠮᠤᠷᠤᠭᠰᠠᠨ ᠵᠠᠬ᠎ᠠ ᠳᠡᠯᠭᠡᠭᠦᠷᠴᠢᠯᠡᠭᠰᠡᠨ ᠣᠯᠠᠨ ᠡᠰᠢᠵᠢᠭᠰᠡᠨ ᠠᠮᠢ ᠠᠬᠤᠶ ᠶᠢᠨ ᠨᠥᠬᠦᠪᠥᠷᠢ ᠶᠢᠨ | ᠲᠣᠭᠲᠠᠴᠠ ᠶᠢ ᠪᠠᠶᠢᠭᠤᠯᠤᠨ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ | ᠪᠠᠶᠢᠭᠤᠯᠵᠤ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ | ᠳᠣᠭᠢᠷᠠᠭᠤᠯᠬᠤ᠂ ᠪᠥᠬᠦ ᠲᠠᠯ᠎ᠠ ᠪᠠᠷ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠠᠴᠠ ᠮᠠᠨ ᠤ ᠠᠶᠢᠮᠠᠭ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ | ᠣᠷᠣᠨ ᠳᠤ ᠰᠢᠯᠵᠢᠭᠦᠯᠦᠨ ᠣᠯᠭᠤᠬᠤ ᠡᠷᠴᠢᠮ ᠢ ᠴᠢᠩᠭᠠᠷᠠᠭᠤᠯᠤᠨ᠎ᠠ᠃ | | ᠵᠠᠬ᠎ᠠ ᠳᠡᠯᠭᠡᠭᠦᠷ ᠤᠨ ᠠᠷᠠᠯᠵᠢᠶᠠᠨ ᠤ ᠲᠦᠷᠢᠮ ᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠠᠵᠤ ᠠᠬᠤᠶ ᠶᠢ | ᠬᠥᠭᠵᠢᠭᠦᠯᠵᠦ᠂ ᠠᠮᠢ ᠠᠬᠤᠶ ᠶᠢᠨ ᠬᠦᠷᠦᠩᠭᠡ ᠶᠢᠨ ᠬᠡᠮᠵᠢᠶ᠎ᠡ᠂ ᠠᠷᠠᠯᠵᠢᠶᠠᠯᠠᠵᠤ ᠪᠣᠯᠬᠤ᠂ ᠪᠡᠯᠡᠨ ᠵᠣᠭᠤᠰ ᠪᠣᠯᠭᠠᠵᠤ | ᠪᠣᠯᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠬᠡᠷᠡᠭᠯᠡᠬᠦ ᠡᠷᠬᠡ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠡᠷᠬᠡ ᠶᠢᠨ ᠠᠷᠠᠯᠵᠢᠶᠠᠨ ᠤ ᠲᠦᠷᠢᠮ ᠢ ᠬᠡᠷᠡᠭᠵᠢᠭᠦᠯᠵᠦ᠂ ᠤᠰᠤᠨ ᠤ ᠡᠷᠬᠡ ᠶᠢᠨ ᠠᠷᠠᠯᠵᠢᠶᠠᠨ ᠤ ᠲᠦᠷᠢᠮ ᠢ | ᠬᠡᠷᠡᠭᠵᠢᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠦᠷᠢᠮ ᠢ ᠬᠡᠷᠡᠭᠵᠢᠭᠦᠯᠦᠨ᠎ᠡ᠃ | ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠦᠯ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ | ᠬᠠᠲᠠᠭᠤ ᠬᠢᠵᠠᠭᠠᠷᠯᠠᠯ ᠤᠨ ᠲᠦᠷᠢᠮ ᠢ ᠪᠠᠶᠢᠭᠤᠯᠤᠨ᠎ᠠ᠃ | | ᠪᠣᠬᠢᠷᠲᠤᠯ ᠦᠭᠡᠢ ᠬᠥᠭᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠣᠷᠣᠨ ᠪᠦᠰᠡ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠢ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠢ | ᠠᠬᠤᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠪᠠᠶᠢᠩᠭᠤᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ︽ | ᠰᠠᠯᠠᠭ᠎ᠠ ᠮᠥᠴᠢᠷ ᠬᠤᠯᠪᠣᠭᠠᠯᠠᠨ᠂ ᠠᠶᠢᠮᠠᠭ ᠬᠤᠰᠢᠭᠤ ᠬᠤᠯᠪᠣᠭᠠᠯᠠᠨ ᠬᠥᠳᠡᠯᠦᠯᠴᠡᠬᠦ︾ ᠣᠷᠴᠢᠨ ᠲᠣᠭᠤᠷᠢᠨ ᠤ | ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠮᠠᠯᠴᠢᠨ ᠲᠠᠷᠢᠶᠠᠴᠢᠨ ᠵᠡᠷᠭᠡ ᠨᠡᠶᠢᠭᠡᠮ ᠤᠨ | ᠬᠦᠴᠦᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ | ᠰᠡᠷᠭᠦᠭᠡᠬᠦ ᠳᠤ ᠣᠷᠣᠯᠴᠠᠬᠤ ᠪᠠᠶᠢᠭᠤᠯᠤᠯ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠲᠠᠭᠯᠠᠨ ᠮᠡᠳᠡᠭᠦᠯᠬᠦ ᠲᠦᠷᠢᠮ ᠢ | ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ︵ ᠲᠤᠰᠢᠶᠠᠯ ᠳᠤ ᠪᠠᠶᠢᠬᠤ︶ | ᠬᠢᠨᠠᠨ ᠪᠤᠳᠤᠬᠤ ᠲᠦᠷᠢᠮ ᠢ ᠬᠡᠷᠡᠭᠵᠢᠭᠦᠯᠦᠨ᠂ ᠲᠤᠰᠢᠶᠠᠯ ᠠᠴᠠ ᠪᠠᠨ ᠰᠠᠯᠬᠤ ︵ ᠲᠤᠰᠢᠶᠠᠯ ᠳᠤ ᠪᠠᠶᠢᠬᠤ︶ ᠬᠢᠨᠠᠨ | ᠪᠤᠳᠤᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ | ᠬᠥᠭᠵᠢᠯᠲᠡ ᠶᠢᠨ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠪᠣᠯᠪᠠᠰᠤᠨ ᠤ | ᠬᠢᠨᠠᠨ ᠰᠢᠯᠭᠠᠬᠤ ᠠᠷᠭ᠎ᠠ ᠶᠢ ᠡᠬᠢ ᠪᠠᠶᠠᠯᠢᠭ ᠤᠨ ᠬᠤᠷᠣᠭᠳᠠᠭᠤᠯᠤᠯ᠂ ᠣᠷᠴᠢᠨ ᠠᠬᠤᠶ ᠶᠢᠨ ᠬᠤᠬᠢᠷᠠᠭᠤᠯᠤᠯ᠂ ᠠᠮᠢ | ᠠᠬᠤᠶ ᠶᠢᠨ ᠦᠷ᠎ᠡ ᠠᠰᠢᠭ ᠵᠡᠷᠭᠡ ᠶᠢᠨ ᠭᠦᠢᠴᠡᠳᠬᠡᠯ ᠲᠤᠭ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠶᠡᠷᠦᠩᠬᠡᠶᠢᠯᠡᠭᠰᠡᠨ ᠦᠨᠡᠯᠡᠯᠲᠡ ᠶᠢᠨ ᠰᠢᠰᠲ᠋ᠧᠮ ᠳᠤ ᠣᠷᠣᠭᠤᠯᠤᠨ᠎ᠠ᠃ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ | ᠰᠢᠯᠭᠠᠬᠤ ᠠᠷᠭ᠎ᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠦᠨᠳᠦᠰᠦᠯᠡᠨ᠂ ᠵᠦᠷᠢᠶᠡᠴᠢᠯᠡᠭᠰᠡᠨ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠦᠨ᠎ᠡ᠃ | | ᠪᠣᠬᠢᠷᠲᠤᠯ ᠦᠭᠡᠢ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠦᠨ᠎ᠡ ᠬᠠᠩᠰᠢ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ | ᠲᠣᠭᠲᠠᠴᠠ ᠶᠢ ᠬᠠᠤᠯᠢ ᠶᠣᠰᠣᠭᠠᠷ ᠪᠦᠷᠢᠨᠰᠢᠭᠦᠯᠵᠦ᠂ ᠡᠯ᠎ᠡ ᠲᠥᠷᠥᠯ ᠤᠨ ᠭᠤᠤᠯ ᠴᠣᠭᠴᠠ ᠶᠢ ᠬᠥᠲᠥᠯᠥᠨ | ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠬᠤ | ᠬᠡᠷᠡᠭᠲᠡᠶ᠃ ᠡᠬᠢ ᠪᠠᠶᠠᠯᠢᠭ ᠢ ᠠᠷᠪᠢᠯᠠᠨ ᠭᠠᠮᠨᠠᠵᠤ ᠣᠷᠴᠢᠯᠳᠤᠭᠤᠯᠤᠨ ᠠᠰᠢᠭᠯᠠᠬᠤ ᠪᠠ ᠳᠠᠬᠢᠨ ᠡᠭᠦᠰᠴᠦ ᠪᠣᠯᠬᠤ | ᠡᠨᠧᠷᠭᠢ ᠶᠢ ᠨᠡᠭᠡᠭᠡᠨ ᠠᠰᠢᠭᠯᠠᠬᠤ᠂ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ | ᠠᠮᠢ ᠠᠬᠤᠶ ᠶᠢ ᠰᠡᠷᠭᠦᠭᠡᠬᠦ ᠬᠢᠭᠡᠳ ᠪᠦᠲᠦᠭᠡᠨ ᠪᠠᠶᠢᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ | ᠨᠡᠭᠡᠭᠡᠬᠦ ᠵᠡᠷᠭᠡ ᠳᠤ ᠳᠡᠮᠵᠢᠯᠭᠡ ᠦᠵᠡᠭᠦᠯᠦᠨ᠎ᠡ᠃ ᠤᠯᠤᠰ ᠤᠨ ᠡᠨᠧᠷᠭᠢ ᠠᠷᠪᠢᠯᠠᠨ ᠣᠷᠴᠢᠨ ᠲᠣᠭᠤᠷᠢᠨ ᠢ | ᠬᠠᠮᠠᠭᠠᠯᠠᠬᠤ᠂ ᠰᠢᠨ᠎ᠡ ᠡᠨᠧᠷᠭᠢ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠣᠬᠢᠷ | ᠤᠰᠤ ᠬᠤᠭ ᠨᠣᠪᠰᠢ ᠶᠢ ᠰᠢᠢᠳᠪᠦᠷᠢᠯᠡᠬᠦ᠂ ᠤᠰᠤ ᠠᠷᠪᠢᠯᠠᠬᠤ ᠡᠨᠧᠷᠭᠢ ᠠᠷᠪᠢᠯᠠᠬᠤ ᠵᠡᠷᠭᠡ ᠦᠨ᠎ᠡ ᠬᠠᠩᠰᠢ | ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠵᠦ᠂ ᠰᠠᠭᠤᠭᠠᠯᠢ | ᠠᠷᠠᠳ ᠤᠨ ᠳᠤᠯᠠᠭᠠᠯᠠᠭ᠎ᠠ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠡᠬᠢ ᠪᠠᠶᠠᠯᠢᠭ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠡᠪᠡᠷ ᠢᠲᠡᠭᠡᠮᠵᠢᠲᠦ | ᠵᠢᠭᠡᠯᠡᠯᠭᠡ ᠶᠢ ᠢᠳᠡᠪᠬᠢᠲᠡᠶ ᠳᠡᠯᠭᠡᠷᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠪᠠ | ᠲᠦᠭᠰᠢᠭᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠬᠡᠷᠡᠭᠲᠡᠶ᠃ | ᠨᠥᠬᠦᠴᠡᠯ ᠳᠤ ᠨᠡᠶᠢᠴᠡᠬᠦ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠬᠤᠯᠠ | ᠶᠡᠭᠡ ᠠᠮᠢ ᠠᠬᠤᠶ ᠶᠢᠨ ᠢᠨᠵᠧᠨᠧᠷᠢᠩ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠥᠷᠥᠩᠭᠡ ᠶᠢᠨ ᠵᠠᠬ᠎ᠠ ᠳᠡᠯᠭᠡᠭᠦᠷ ᠢᠶᠠᠷ ᠳᠠᠮᠵᠢᠨ ᠪᠡᠯᠡ ᠲᠣᠬᠢᠷᠠᠭᠤᠯᠬᠤ ᠶᠢ ᠳᠡᠮᠵᠢᠨ᠎ᠠ᠃ | ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠣᠨ ᠠᠪᠬᠤ ᠠᠷᠭ᠎ᠠ ᠮᠠᠶ᠋ᠢᠭ ᠢᠶᠠᠷ ᠳᠡᠮᠵᠢᠭᠤᠯᠥᠨ ᠣᠷᠴᠢᠨ | ᠲᠤᠭᠤᠷᠢᠨ ᠤ ᠠᠵᠢᠯ ᠤᠨ ᠠᠮᠵᠢᠯᠳᠡ ᠪᠦᠳᠦᠮᠵᠢ ᠶᠢᠨ ᠭᠡᠷ᠎ᠠ ᠶᠢᠨ ᠦᠢᠯᠡᠴᠢᠯᠡᠭᠡᠨ ᠤ ᠳᠥᠷᠦᠯ ᠵᠦᠢᠯ | ᠭᠡᠷᠡᠭᠵᠢᠬᠦᠯᠬᠦ ᠶᠢ ᠵᠣᠷᠢᠠᠠᠵᠢᠭᠤᠯᠥᠨ᠎ᠠ᠃ | | | ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠪᠠᠷ ᠵᠠᠰᠠᠬᠤ ᠰᠢᠰᠲ᠋ᠧᠮ ᠢ ᠪᠦᠷᠢᠨᠰᠢᠭᠦᠯᠦᠨ᠎ᠡ᠃ ᠠᠮᠢ | ᠠᠬᠤᠶ ᠶᠢᠨ ᠬᠠᠮᠠᠭᠠᠯᠠᠯᠲᠠ ᠬᠢᠭᠡᠳ ᠪᠣᠬᠢᠷᠲᠤᠯ ᠥᠬᠡᠶ ᠬᠥᠭᠵᠢᠯᠲᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠦᠷᠢᠮ ᠢ ᠵᠣᠯᠭᠠᠭᠤᠯᠤᠨ | ᠲᠥᠬᠦᠷᠵᠢᠭᠦᠯᠬᠦ ᠶᠢ ᠲᠦᠷᠭᠡᠳᠬᠡᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠡᠷᠬᠡ ᠪᠠ ᠬᠠᠷᠢᠭᠤᠴᠠᠯᠭ᠎ᠠ ᠶᠢᠨ | ᠲᠣᠳᠣᠷᠬᠠᠶ ᠬᠠᠭᠤᠳᠠᠰᠤ ᠶᠢ ᠪᠠᠶᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠬᠢᠭᠡᠳ | ᠬᠠᠤᠯᠢ ᠪᠠᠷᠢᠬᠤ ᠪᠠᠶᠢᠭᠤᠯᠭ᠎ᠠ ᠶᠢᠨ ᠬᠠᠮᠲᠤᠷᠠᠭᠰᠠᠨ ᠬᠤᠷᠠᠯ᠂ ᠲᠤᠰᠬᠠᠶ ᠬᠠᠷᠢᠯᠴᠠᠭ᠎ᠠ᠂ ᠵᠥᠪᠳᠡᠯᠴᠡᠨ ᠰᠤᠳᠤᠯᠵᠤ | ᠮᠠᠭᠠᠳᠯᠠᠬᠤ᠂ ᠴᠢᠬᠤᠯᠠ ᠶᠡᠭᠡ ᠣᠷᠴᠢᠨ ᠠᠬᠤᠶ ᠶᠢᠨ ᠬᠡᠷᠡᠭ ᠢ ᠫᠠᠶᠢᠰᠠ ᠡᠯᠭᠦᠨ ᠰᠢᠪᠠᠳᠠᠨ ᠰᠢᠶᠳᠪᠦᠷᠢᠯᠡᠭᠦᠯᠬᠦ | ᠵᠡᠷᠭᠡ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠳᠤ ᠬᠤᠯᠪᠣᠭᠳᠠᠬᠤ ᠬᠠᠤᠯᠢ ᠪᠠᠷᠢᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ | ᠣᠷᠴᠢᠨ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠤᠯᠢ ᠲᠣᠭᠲᠠᠭᠠᠯ ᠤᠨ ᠲᠦᠷᠢᠮ ᠢ | ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶᠢᠭᠡᠮ ᠨᠡᠶᠢᠲᠡ ᠶᠢᠨ ᠡᠬᠢ | ᠪᠠᠶᠠᠯᠢᠭ ᠢ ᠠᠷᠪᠢᠯᠠᠬᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ | | ᠲᠠᠪᠤᠳᠤᠭᠠᠷ ᠪᠦᠯᠦᠭ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ | | ᠦᠷᠭᠦᠯᠵᠢᠯᠡᠨ ᠲᠣᠯᠣᠭᠠᠶᠢᠯᠠᠭᠴᠢ ᠶᠢ ᠠᠳᠬᠤᠵᠤ᠂ ᠬᠡᠯᠬᠢᠶ᠎ᠡ ᠶᠢ ᠱᠤᠭᠤᠵᠤ᠂ ᠪᠦᠯᠦᠭᠯᠡᠯ ᠢ ᠪᠠᠶᠢᠭᠤᠯᠵᠤ᠂ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠭᠤᠣᠯᠯᠠᠬᠤ ᠳᠠᠪᠠᠭᠤᠯᠢᠭ ᠠᠵᠤ ᠦᠢᠯᠡᠰ ᠢ ᠳᠡᠭᠡᠳᠦ ᠲᠡᠰ ᠤᠨ ᠪᠣᠯᠭᠠᠬᠤ᠂ ᠤᠨᠴᠠᠯᠢᠬᠳᠤ ᠠᠵᠤ | ᠦᠢᠯᠡᠰ ᠢ ᠪᠥᠭᠡᠮᠨᠡᠷᠡᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠡᠪᠴᠢᠶᠡᠵᠢᠭᠦᠯᠬᠦ ᠪᠠ ᠦᠢᠯᠡᠴᠢᠯᠡᠭᠡᠨ ᠤ | ᠦᠢᠯᠡᠰ ᠢ ᠣᠨᠴᠠᠯᠢᠬᠵᠢᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠢ ᠳᠤᠮᠳᠠ ᠳᠡᠭᠡᠳᠦ ᠲᠡᠰ ᠲᠡᠶᠢᠰᠢ | ᠤᠷᠤᠭᠰᠢᠯᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ᠂ ᠬᠦᠴᠦᠨ ᠵᠦᠢᠯ ᠢ | ᠬᠠᠮᠵᠢᠯᠴᠠᠭᠤᠯᠤᠭᠰᠠᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠤᠭᠰᠠᠨ᠂ ᠭᠦᠨᠵᠡᠭᠡᠶ ᠠᠭᠤᠰᠤᠯᠴᠠᠭᠤᠯᠤᠭᠰᠠᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠶ ᠶᠢᠨ ᠴᠢᠨᠠᠷ ᠴᠢᠨᠰᠠᠭ᠎ᠠ᠂ ᠦᠷ᠎ᠡ | ᠠᠰᠢᠭ ᠪᠠ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | | ᠨᠢᠭᠡᠳᠦᠭᠡᠷ ᠬᠡᠰᠡᠭ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ | | ᠠᠯᠠᠱᠠ ᠶᠢᠨ ᠥᠩᠭᠡ ᠦᠵᠡᠮᠵᠢ ᠶᠢᠨ ᠡᠨᠧᠷᠭᠢ ᠶᠢᠨ ᠡᠬᠢ ᠪᠠᠶᠠᠯᠢᠭ ᠪᠣᠯᠤᠨ ᠨᠡᠭᠦᠷᠡᠰᠦ᠂ ᠴᠢᠯᠠᠭᠤᠨ ᠲᠣᠰᠣ | ᠵᠡᠷᠭᠡ ᠡᠨᠧᠷᠭᠢ ᠠᠭᠤᠷᠬᠠᠶ ᠶᠢᠨ ᠭᠠᠷᠤᠯᠲᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ︽ᠣᠯᠠᠨ ᠡᠨᠧᠷᠭᠢ ᠶᠢ | ᠬᠠᠮᠵᠢᠯᠴᠠᠭᠤᠯᠬᠤ᠂ ᠬᠦᠷᠭᠡᠬᠦ ᠨᠥᠭᠡᠴᠡᠯᠡᠬᠦ ᠶᠢ ᠤᠶᠠᠯᠳᠤᠭᠤᠯᠬᠤ᠂ ᠣᠶᠤᠨᠴᠢ ᠪᠠᠷ ᠬᠠᠷᠢᠯᠴᠠᠨ ᠬᠤᠯᠪᠣᠬᠤ︾ | ᠶᠡᠷᠦᠩᠬᠡᠶ ᠰᠡᠳᠬᠢᠮᠵᠢ ᠶᠢᠨ ᠶᠣᠰᠣᠭᠠᠷ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠠᠬᠢᠯᠭᠠᠨ᠂ ᠨᠡᠭᠦᠷᠡᠰᠦ | ᠴᠠᠬᠢᠯᠭᠠᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠣᠯᠠᠨ ᠵᠦᠶᠯ ᠤᠨ ᠡᠨᠧᠷᠭᠢ ᠶᠢ | ᠬᠠᠮᠵᠢᠯᠴᠠᠭᠤᠯᠤᠨ ᠬᠠᠷᠢᠯᠴᠠᠨ ᠨᠥᠬᠦᠪᠥᠷᠢᠯᠡᠭᠰᠡᠨ ᠣᠶᠤᠨᠴᠢ ᠡᠨᠧᠷᠭᠢ ᠶᠢᠨ ᠠᠵᠤ ᠦᠶᠯᠡᠰ ᠤᠨ ᠰᠢᠰᠲ᠋ᠧᠮᠵᠢ ᠶᠢ | ᠠᠯᠬᠤᠮ ᠠᠯᠬᠤᠮ ᠢᠶᠠᠷ ᠪᠠᠶᠢᠭᠤᠯᠵᠤ᠂ ᠤᠯᠤᠰ ᠤᠨ ᠴᠢᠬᠤᠯᠠ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠷᠢᠯᠳᠦᠭᠦᠯᠦᠨ᠎ᠡ᠃ 2025 ᠣᠨ ᠪᠣᠯᠬᠤ ᠳᠤ᠂ ᠣᠳᠣᠬᠢᠴᠢᠯᠠᠭᠰᠠᠨ | ᠡᠨᠧᠷᠭᠢ ᠶᠢᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 50 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ | ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠢ 15% ᠠᠴᠠ | ᠳᠡᠭᠡᠭᠰᠢ ᠳᠤ ᠬᠦᠷᠦᠭᠦᠯᠦᠨ᠎ᠡ᠃ | | ᠥᠩᠭᠡ ᠦᠵᠡᠮᠵᠢ ᠴᠡᠪᠡᠷ ᠡᠨᠧᠷᠭᠢ ᠶᠢᠨ ᠠᠵᠤ ᠦᠶᠯᠡᠰ ᠢ ᠶᠡᠬᠡᠪᠡᠷ ᠬᠥᠭᠵᠢᠭᠦᠯᠦᠨ᠎ᠡ᠃ ᠨᠢᠭᠡ ᠪᠦᠯᠦᠭ | ᠲᠣᠮᠣ ᠬᠡᠯᠪᠡᠷᠢ ᠶᠢᠨ ᠲᠣᠤᠷ ᠲᠤ ᠨᠡᠶᠢᠯᠡᠭᠦᠯᠦᠭᠰᠡᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ ᠲᠣᠮᠣ ᠬᠡᠯᠪᠡᠷᠢ ᠶᠢᠨ | ᠰᠠᠯᠬᠢᠨ ᠬᠦᠴᠦᠨ ᠤ ᠴᠠᠬᠢᠯᠭᠠᠨ ᠥᠷᠲᠡᠭᠡ᠂ ᠰᠠᠯᠬᠢ ᠭᠡᠷᠡᠯ ᠤᠨ ᠬᠠᠷᠢᠯᠴᠠᠨ ᠨᠥᠬᠦᠪᠥᠷᠢᠯᠡᠬᠦ ᠴᠠᠬᠢᠯᠭᠠᠨ ᠥᠷᠲᠡᠭᠡ | ᠵᠢᠴᠢ ᠬᠡᠷᠡᠯ ᠢᠯᠴᠢ ᠶᠢᠨ ᠴᠠᠬᠢᠯᠭᠠᠨ ᠥᠷᠲᠡᠭᠡ ᠶᠢ ᠪᠥᠲᠥᠭᠡᠨ ᠪᠠᠶᠢᠭᠤᠯᠵᠤ᠂ ᠲᠠᠷᠬᠠᠮᠠᠯ ᠬᠡᠯᠪᠡᠷᠢ ᠶᠢᠨ ᠬᠡᠷᠡᠯ | ᠴᠡᠨᠡᠭ ᠤᠨ ᠬᠡᠷᠡᠭᠯᠡᠭᠡ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠡᠬᠢ ᠰᠤᠷᠪᠤᠯᠵᠢ ᠶᠢᠨ ᠲᠣᠤᠷ ᠴᠡᠨᠡᠭ ᠨᠥᠭᠡᠴᠡᠯᠡᠬᠦ ᠶᠢ | ᠨᠢᠭᠡ ᠴᠣᠭᠴᠠᠵᠢᠭᠤᠯᠬᠤ᠂ ᠱᠠᠩᠬᠤ ᠶᠢᠨ ᠰᠦᠮ᠎ᠡ ᠠᠴᠠ ᠱᠠᠨᠳᠦ᠋ᠩ ᠤᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ | ᠲᠥᠷᠥᠯ ᠵᠦᠶᠯ ᠢ ᠬᠡᠷᠡᠭᠵᠢᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ | ᠡᠨᠧᠷᠭᠢ ᠶᠢᠨ ᠠᠵᠤ ᠦᠶᠯᠡᠰ ᠬᠢᠭᠡᠳ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠵᠠᠰᠠᠯᠲᠠ᠂ ᠡᠯᠡᠰᠦ | ᠮᠠᠩᠬ᠎ᠠ ᠶᠢᠨ ᠵᠠᠰᠠᠯᠲᠠ᠂ ᠣᠷᠴᠢᠨ ᠲᠣᠭᠤᠷᠢᠨ ᠤ ᠵᠠᠰᠠᠯᠲᠠ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ | ᠵᠡᠷᠭᠡ ᠣᠯᠠᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠡᠷᠡᠯ ᠴᠡᠨᠡᠭ ᠢᠶᠠᠷ ᠡᠯᠡᠰᠦ ᠶᠢ | ᠵᠠᠰᠠᠬᠤ ᠲᠥᠷᠥᠯ ᠵᠦᠶᠯ᠂ ᠬᠡᠷᠡᠯ ᠴᠡᠨᠡᠭ ᠤᠨ ᠠᠭᠤᠷᠬᠠᠶ ᠶᠢᠨ ᠣᠷᠣᠨ ᠤ ᠵᠠᠰᠠᠯᠲᠠ ᠶᠢᠨ ᠲᠥᠷᠥᠯ ᠵᠦᠶᠯ᠂ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠰᠠᠯᠬᠢ ᠭᠡᠷᠡᠯ ᠨᠡᠭᠦᠷᠡᠰᠦᠨ ᠤ ᠡᠨᠧᠷᠭᠢ ᠶᠢ ᠨᠥᠭᠡᠴᠡᠯᠡᠬᠦ ᠶᠢ ᠨᠢᠭᠡ | ᠴᠣᠠᠠᠴᠠᠵᠢᠭᠤᠯᠥᠠᠠᠰᠠᠨ ᠵᠢᠱᠢᠶ᠎ᠡ ᠦᠵᠡᠭᠦᠯᠬᠦ ᠲᠥᠷᠥᠯ ᠵᠦᠶᠯ ᠵᠡᠷᠭᠡ ᠶᠢ ᠬᠡᠷᠡᠭᠵᠢᠭᠦᠯᠦᠨ᠎ᠡ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠰᠠᠯᠬᠢᠨ ᠬᠦᠴᠦᠨ ᠤ ᠮᠠᠰᠢᠨ᠂ ᠭᠡᠷᠡᠯ ᠸᠣᠯᠲ ᠤᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠶᠢᠨ | ᠰᠤᠷᠪᠤᠯᠵᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠠᠵᠤ ᠦᠢᠯᠡᠰ ᠤᠨ ᠬᠥᠭᠵᠢᠯᠲᠡ ᠶᠢ ᠲᠡᠮᠵᠢᠨ᠎ᠡ᠃ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠰᠡᠯᠪᠢᠭ ᠲᠤᠨᠤᠭ ᠢ ᠰᠤᠳᠤᠯᠤᠨ ᠨᠡᠭᠡᠭᠡᠵᠦ ᠦᠢᠯᠡᠳᠬᠦ | ᠵᠦᠢᠯᠡᠰ ᠢ ᠪᠦᠳᠦᠭᠡᠨ ᠪᠠᠶᠢᠭᠤᠯᠬᠤ ᠶᠢ ᠲᠡᠮᠵᠢᠵᠤ᠂ ᠬᠤᠳᠠ ᠪᠠᠯᠭᠠᠰᠤᠨ ᠤ ᠴᠠᠬᠢᠯᠭᠠᠨ ᠴᠡᠨᠡᠭᠯᠡᠬᠦ ᠪᠤᠯᠠᠭᠠᠷᠢ ᠵᠡᠷᠭᠡ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠮᠵᠢᠨ᠎ᠠ᠃ | | ᠨᠡᠭᠦᠷᠡᠰᠦ ᠶᠢ ᠥᠨᠳᠥᠷ ᠪᠦᠲᠦᠮᠵᠢᠲᠡᠶ ᠪᠠᠷ ᠠᠷᠢᠭᠤᠨ ᠴᠡᠪᠡᠷ ᠢᠶᠠᠷ ᠠᠰᠢᠭᠯᠠᠬᠤ ᠶᠢ ᠠᠬᠢᠭᠤᠯᠤᠨ᠎ᠠ᠃ ᠪᠣᠳᠠᠲᠤ | ᠬᠦᠴᠦᠨ ᠲᠠᠢ ᠠᠵᠤ ᠠᠬᠤᠶᠢᠯᠠᠯ ᠤᠨ ᠣᠯᠠᠨ ᠵᠦᠶᠯ ᠤᠨ ᠠᠷᠭ᠎ᠠ ᠮᠠᠶ᠋ᠢᠭ ᠢᠶᠠᠷ ᠨᠡᠭᠦᠷᠡᠰᠦ ᠶᠢ ᠰᠢᠩᠭᠡᠨᠵᠢᠭᠦᠯᠬᠦ᠂ | ᠳᠣᠤᠷ᠎ᠠ ᠲᠠᠰ ᠤᠨ ᠨᠡᠭᠦᠷᠡᠰᠦ ᠶᠢ ᠴᠢᠨᠠᠷ ᠬᠤᠪᠢᠶᠠᠨ ᠲᠠᠰ ᠬᠤᠪᠢᠶᠠᠨ ᠶᠡᠷᠦᠩᠬᠡᠶᠢᠯᠡᠨ ᠠᠰᠢᠭᠯᠠᠬᠤ᠂ ᠨᠡᠭᠦᠷᠡᠰᠦᠨ | ᠲᠣᠰᠣ ᠴᠠᠬᠢᠯᠭᠠᠨ ᠢ ᠣᠯᠠᠨ ᠲᠠᠯ᠎ᠠ ᠪᠠᠷ ᠬᠤᠯᠪᠣᠭᠠᠯᠠᠨ ᠦᠶᠯᠡᠳᠪᠦᠷᠢᠯᠡᠬᠦ᠂ ᠨᠡᠭᠦᠷᠡᠰᠦᠨ ᠬᠡᠤᠳᠡᠰᠦ ᠶᠢ ᠭᠦᠨ | ᠰᠠᠯᠭᠠᠬᠤ ᠵᠢᠴᠢ ᠥᠨᠳᠥᠷ ᠨᠡᠮᠡᠯᠲᠡ ᠥᠷᠲᠡᠭᠵᠢᠭᠦᠯᠦᠨ ᠠᠰᠢᠭᠯᠠᠬᠤ ᠵᠡᠷᠭᠡ ᠣᠳᠣᠬᠢᠴᠢᠯᠠᠭᠰᠠᠨ ᠨᠡᠭᠦᠷᠡᠰᠦ ᠬᠢᠮᠢ ᠶᠢᠨ | ᠠᠵᠤ ᠦᠶᠯᠡᠳᠪᠦᠷᠢ ᠶᠢᠨ ᠬᠤᠰᠢᠭᠤᠷᠠᠯ ᠮᠡᠷᠭᠡᠵᠢᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠲᠡᠷᠢᠭᠦᠨ ᠤ | ᠮᠡᠷᠭᠡᠵᠢᠯ ᠢ ᠠᠵᠤ ᠦᠶᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠪᠣᠭᠤᠮᠲᠠ ᠶᠢᠨ ᠨᠡᠭᠦᠷᠡᠰᠦᠨ ᠤ ᠠᠵᠤ ᠠᠬᠤᠶ | ᠶᠢ ᠶᠡᠬᠡᠪᠡᠷ ᠬᠥᠭᠵᠢᠭᠦᠯᠦᠨ᠂ ᠴᠠᠬ᠂ ᠦᠯᠵᠡᠢ ᠪᠣᠭᠤᠮᠲᠠ ᠳᠤ ᠲᠦᠰᠢᠭᠯᠡᠨ ᠭᠠᠳᠠᠭᠠᠳᠤ ᠠᠴᠠ ᠣᠷᠣᠭᠤᠯᠬᠤ | ᠨᠡᠭᠦᠷᠡᠰᠦᠨ ᠤ ᠡᠬᠢ ᠪᠠᠶᠠᠯᠢᠭ ᠤᠨ ᠲᠥᠪᠰᠢᠨ ᠢ ᠨᠡᠮᠡᠭᠳᠡᠭᠦᠯᠦᠨ᠂ ᠥᠨᠳᠥᠷ ᠨᠠᠷᠢᠯᠢᠭ ᠨᠡᠭᠦᠷᠡᠰᠦ ᠶᠢ ᠤᠬᠢᠶᠠᠨ | ᠰᠢᠯᠢᠵᠦ ᠰᠤᠷᠭᠠᠯᠲᠠ ᠳᠤ ᠬᠠᠮᠤᠷᠤᠭᠤᠯᠬᠤ ᠶᠢ ᠶᠡᠬᠡᠪᠡᠷ ᠬᠥᠭᠵᠢᠭᠦᠯᠵᠦ᠂ ᠲᠤᠮᠤ ᠳᠤᠮᠳᠠ ᠬᠡᠯᠪᠡᠷᠢ ᠶᠢᠨ ᠨᠡᠭᠦᠷᠡᠰᠦᠨ | ᠤ ᠰᠠᠭᠤᠷᠢᠨ ᠭᠠᠵᠠᠷ ᠲᠤ ᠨᠢᠭᠡ ᠪᠦᠯᠦᠭ ᠲᠡᠷᠢᠭᠦᠨ ᠤ ᠬᠢᠷᠢ ᠬᠡᠮᠵᠢᠶ᠎ᠡ ᠲᠠᠢ ᠲᠤᠮᠤ ᠳᠤᠮᠳᠠ ᠬᠡᠯᠪᠡᠷᠢ ᠶᠢᠨ | ᠨᠡᠭᠦᠷᠡᠰᠦ ᠰᠢᠯᠢᠬᠦ ᠦᠢᠯᠡᠳᠪᠦᠷᠢ ᠶᠢ ᠭᠤᠣᠯᠳᠠᠯᠭ᠎ᠠ ᠲᠠᠢ ᠪᠥᠳᠥᠭᠡᠨ ᠪᠠᠶᠢᠭᠤᠯᠵᠤ᠂ ᠲᠡᠷᠢᠭᠦᠨ ᠤ ᠮᠡᠷᠭᠡᠵᠢᠯ ᠪᠣᠯᠤᠨ | ᠲᠥᠬᠦᠭᠡᠷᠦᠮᠵᠢ ᠶᠢ ᠬᠡᠷᠡᠭᠯᠡᠨ ᠤᠳᠤ ᠪᠠᠶᠢᠭ᠎ᠠ ᠨᠡᠭᠦᠷᠡᠰᠦ ᠰᠢᠯᠢᠬᠦ ᠦᠢᠯᠡᠳᠪᠦᠷᠢ ᠶᠢ ᠥᠭᠡᠷᠡᠴᠢᠯᠡᠨ᠎ᠡ᠃ | | ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ | ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ᠎ᠡ᠃ ᠤᠯᠤᠰ ᠤᠨ ᠡᠨᠧᠷᠭᠢ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠡᠦᠬᠡ ᠶᠢᠨ ᠠᠵᠠ ᠲᠣᠬᠢᠶᠠᠯ ᠢ ᠠᠮᠵᠢᠵᠤ᠂ ᠪᠦᠬᠦ ᠠᠶᠢᠮᠠᠭ ᠤᠨ ᠴᠢᠯᠠᠭᠤᠨ | ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠥᠨᠳᠥᠷ | ᠪᠠᠷᠢᠮᠵᠢᠶ᠎ᠠ ᠪᠠᠷ ᠲᠤᠰᠤ ᠬᠡᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠡᠭᠦᠳᠴᠦ᠂ ᠳᠡᠭᠡᠳᠦ | ᠲᠡᠰ ᠤᠨ ᠨᠡᠶᠢᠯᠡᠮᠡᠯ ᠮᠠᠲ᠋ᠧᠷᠢᠶᠠᠯ᠂ ᠴᠡᠪᠡᠷ ᠥᠨᠳᠥᠷ ᠦᠷ᠎ᠡ ᠠᠰᠢᠭ ᠲᠠᠢ ᠲᠦᠯᠡᠰᠢ ᠵᠡᠷᠭᠡ ᠦᠢᠯᠡᠳᠬᠦᠨ ᠢ | ᠭᠤᠣᠯᠳᠠᠯᠭ᠎ᠠ ᠲᠠᠢ ᠡᠭᠦᠳᠴᠦ᠂ ᠰᠢᠨ᠎ᠡ ᠲᠤᠯᠭᠠᠭᠤᠷᠢ ᠠᠵᠤ ᠦᠢᠯᠡᠰ ᠢ ᠪᠠᠶᠢᠭᠤᠯᠤᠨ᠎ᠠ᠃ ᠳᠤᠮᠳᠠᠳᠤ ᠤᠯᠤᠰ ᠤᠨ | ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠵᠦᠩᠶᠤᠸᠠᠨ ᠴᠢᠯᠠᠭᠤᠨ ᠲᠤᠰᠤᠨ ᠤ ᠠᠭᠤᠷᠬᠠᠢ᠂ | ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠤᠮᠠᠷᠠᠲᠤ ᠣᠷᠣᠨ ᠤ ᠴᠢᠯᠠᠭᠤᠨ ᠲᠣᠰᠣᠨ ᠤ ᠠᠢ | ᠰᠠᠪᠠ ᠪᠠ ᠲᠦᠷᠫᠡᠨ ᠬᠠᠮᠢ ᠴᠢᠯᠠᠭᠤᠨ ᠲᠣᠰᠣᠨ ᠤ ᠠᠭᠤᠷᠬᠠᠢ ᠶᠢᠨ ᠴᠢᠯᠠᠭᠤᠨ ᠲᠣᠰᠣᠨ ᠤ ᠡᠬᠢ ᠪᠠᠶᠠᠯᠢᠭ ᠢ ᠬᠠᠶᠢᠨ | ᠰᠢᠨᠵᠢᠯᠡᠵᠦ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠶᠢ ᠣᠯᠠᠨ ᠲᠠᠯ᠎ᠠ ᠪᠠᠷ ᠳᠡᠮᠵᠢᠵᠦ᠂ | ᠰᠢᠨ᠎ᠡ ᠨᠡᠮᠡᠭᠳᠡᠯ ᠤᠨ ᠲᠦᠢᠯ ᠢ ᠪᠣᠶ ᠪᠣᠯᠭᠠᠬᠤ ᠶᠢ ᠠᠬᠢᠭᠤᠯᠤᠨ᠎ᠠ᠃ | | | ᠲᠤᠰᠬᠠᠶ ᠪᠤᠯᠤᠩ 9᠄ ᠣᠳᠣᠬᠢᠴᠢᠯᠠᠭᠰᠠᠨ ᠡᠨᠧᠷᠭᠢ ᠶᠢᠨ ᠭᠤᠤᠯᠳᠠᠯᠭ᠎ᠠ ᠲᠠᠢ ᠢᠨᠵᠧᠨᠧᠷᠢᠩ | | ᠴᠡᠪᠡᠷ ᠡᠨᠧᠷᠭᠢ᠄ ᠠᠯᠠᠱᠠ ᠠᠶᠢᠮᠠᠭ ᠤᠨ ᠮᠢᠩᠭᠠᠨ ᠲᠦᠮᠡᠨ ᠺᠢᠯᠣᠸᠠᠲ ᠤᠨ ᠳᠡᠰ ᠤᠨ ᠰᠠᠯᠬᠢ ᠭᠡᠷᠡᠯ | ᠨᠡᠭᠦᠷᠡᠰᠦᠨ ᠤ ᠡᠨᠧᠷᠭᠢ ᠶᠢᠨ ᠶᠡᠷᠦᠩᠬᠡᠶᠢᠯᠡᠭᠰᠡᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠱᠠᠩᠬᠤ ᠶᠢᠨ | ᠰᠦᠮ᠎ᠡ ᠶᠢᠨ ᠴᠠᠬᠢᠯᠭᠠᠨ ᠬᠦᠷᠭᠡᠬᠦ ᠵᠠᠮ ᠨᠢ ᠠᠯᠠᠱᠠ ᠠᠶᠢᠮᠠᠭ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ | ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠲᠣᠬᠢᠷᠠᠭᠤᠯᠤᠨ ᠬᠦᠷᠭᠡᠬᠦ᠂ ᠠᠯᠠᠱᠠ ᠵᠡᠭᠦᠨ | ᠬᠤᠰᠢᠭᠤᠨ ᠤ 15GW ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠠᠯᠲᠠᠨ ᠤᠪᠤᠭ᠎ᠠ ᠪᠠᠯᠭᠠᠰᠤ ᠶᠢᠨ 100 | ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ | ᠲᠦᠷᠦᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 50 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ | ᠤᠰᠤᠲᠥ᠋ᠷᠥᠭᠴᠢ ᠶᠢ ᠬᠠᠳᠠᠭᠠᠯᠠᠬᠤ ᠠᠭᠤᠷᠬᠠᠶ ᠶᠢᠨ ᠣᠷᠣᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ᠂ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠬᠠᠶᠠᠭᠳᠠᠮᠠᠯ ᠣᠪᠣᠭᠠᠯᠠᠬᠤ ᠲᠠᠯᠠᠪᠠᠢ ᠶᠢᠨ ᠣᠷᠴᠢᠨ ᠲᠣᠭᠤᠷᠢᠨ ᠢ ᠵᠠᠰᠠᠨ | ᠴᠡᠭᠴᠡᠯᠡᠬᠦ ᠨᠣᠭᠤᠭᠠᠨ ᠴᠠᠬᠢᠯᠭᠠᠨ ᠤ ᠵᠢᠱᠢᠶ᠎ᠡ ᠦᠵᠡᠭᠦᠯᠬᠦ ᠲᠦᠷᠦᠯ ᠵᠦᠢᠯ᠂ ᠤᠯᠠᠭᠠᠨᠪᠤᠬ᠎ᠠ 200 ᠲᠦᠮᠡᠨ | ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠤᠨᠴᠠᠯᠢᠭᠳᠤ ᠠᠮᠢ ᠠᠬᠤᠶ ᠶᠢᠨ ᠠᠵᠤ ᠦᠢᠯᠡᠰ ᠤᠨ | ᠵᠢᠱᠢᠶ᠎ᠡ ᠦᠵᠡᠭᠦᠯᠬᠦ ᠲᠦᠷᠦᠯ ᠵᠦᠢᠯ᠂ ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ | | ᠴᠢᠯᠠᠭᠤᠨ ᠲᠣᠰᠣᠨ ᠤ ᠰᠢᠲᠠᠮᠠᠬᠠᠶ ᠬᠡᠶ ᠶᠢ ᠨᠡᠭᠡᠭᠡᠨ ᠬᠥᠭᠵᠢᠭᠦᠯᠬᠦ᠄ ᠵᠢᠷᠠᠲᠠᠢ ᠶᠢᠨ ᠴᠢᠯᠠᠭᠤᠨ ᠲᠣᠰᠣᠨ ᠤ | ᠠᠶ ᠰᠠᠪᠠ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢ ᠨᠢᠭᠡ | ᠴᠤᠭᠴᠠᠵᠢᠭᠤᠯᠬᠤ ᠲᠥᠷᠥᠯ ᠵᠦᠶᠯ᠂ ᠵᠦᠩᠶᠤᠸᠠᠨ ᠴᠢᠯᠠᠭᠤᠨ ᠲᠣᠰᠣᠨ ᠤ ᠠᠶ ᠰᠠᠪᠠ ᠶᠢᠨ ᠡᠵᠡᠨ᠎ᠡ ᠬᠤᠰᠢᠭᠤᠨ ᠤ | ᠲᠣᠬᠤᠢ ᠴᠢᠯᠠᠭᠤᠨ ᠲᠣᠰᠣᠨ ᠤ ᠰᠢᠲᠠᠮᠠᠬᠠᠶ ᠬᠡᠶ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠲᠥᠷᠥᠯ ᠵᠦᠶᠯ | | ᠤᠰᠤᠲᠥ᠋ᠷᠥᠭᠴᠢ ᠡᠨᠧᠷᠭᠢ᠄ ᠠᠯᠠᠱᠠ ᠠᠶᠢᠮᠠᠭ ᠤᠨ ᠡᠬᠢ ᠶᠢᠨ ᠲᠣᠤᠷ ᠴᠡᠨᠡᠭ ᠤᠰᠤᠲᠥ᠋ᠷᠥᠭᠴᠢ ᠶᠢ | ᠬᠠᠳᠠᠭᠠᠯᠠᠬᠤ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠶᠯ | | | ᠴᠠᠬᠢᠯᠭᠠᠨ ᠬᠦᠴᠦᠨ ᠤ ᠨᠡᠪᠳᠡᠷᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠦᠨ᠎ᠡ᠃ | ᠴᠠᠬᠢᠯᠭᠠᠨ ᠤ ᠲᠣᠤᠷ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠢᠭᠡᠨᠲᠡ | ᠪᠠᠶᠢᠭᠤᠯᠤᠭᠰᠠᠨ ᠵᠢᠷᠠᠲᠠᠢ — ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ 500 ᠺᠢᠯᠣᠸᠠᠲ ᠤᠨ ᠭᠤᠤᠯ | ᠲᠣᠤᠷ ᠤᠨ ᠵᠢᠶᠠᠰᠠ ᠶᠢᠨ ᠰᠠᠭᠤᠷᠢᠨ ᠳᠡᠭᠡᠷ᠎ᠡ᠂ ᠴᠠᠭ ᠲᠤᠬᠠᠶ ᠳᠤᠨᠢ ᠳᠠᠷᠤᠯᠲᠠ ᠨᠡᠮᠡᠭᠳᠡᠭᠦᠯᠦᠨ ᠰᠢᠶᠠᠩ ᠲᠠᠢ — | ᠠᠯᠳᠠᠨ᠂ ᠠᠯᠳᠠᠨ — ᠬᠤᠯᠠᠳᠠᠬᠢᠨ ᠢ ᠲᠣᠭᠲᠠᠭᠠᠭᠴᠢ ᠬᠤᠷᠢᠶ᠎ᠠ — ᠲᠩᠷᠢ ︽ᠬᠤᠶᠠᠷ ᠬᠥᠨᠳᠡᠯᠡᠨ ᠨᠢᠭᠡ | ᠭᠤᠯᠳᠤ︾ 500 ᠺᠢᠯᠣᠸᠠᠲ ᠤᠨ ᠭᠤᠤᠯ ᠲᠣᠤᠷ ᠤᠨ ᠵᠢᠶᠠᠰᠠ ᠶᠢᠨ ᠴᠠᠬᠢᠯᠭᠠᠨ ᠲᠣᠤᠷ ᠤᠨ ᠪᠦᠲᠦᠴᠡ ᠶᠢ | ᠪᠠᠶᠢᠭᠤᠯᠵᠤ᠂ ᠠᠶᠢᠮᠠᠭ ᠤᠨ ᠳᠣᠲᠣᠷᠠᠬᠢ 500 ᠺᠢᠯᠣᠸᠠᠲ ᠤᠨ ᠭᠤᠤᠯ ᠲᠣᠤᠷ ᠤᠨ ᠵᠢᠶᠠᠰᠠ ᠶᠢᠨ ᠴᠠᠭᠠᠷᠢᠭ | ᠲᠣᠤᠷ ᠤᠨ ᠪᠦᠲᠦᠴᠡ ᠶᠢ ᠴᠢᠷᠮᠠᠶᠢᠨ ᠪᠣᠶ ᠪᠣᠯᠭᠠᠵᠤ᠂ ᠠᠯᠠᠱᠠ ᠶᠢᠨ ᠴᠠᠬᠢᠯᠭᠠᠨ ᠲᠣᠤᠷ ᠢ ᠥᠪᠥᠷ ᠮᠣᠩᠭᠤᠯ ᠤᠨ | ᠪᠠᠷᠠᠭᠤᠨ ᠬᠡᠰᠡᠭ ᠤᠨ ᠴᠠᠬᠢᠯᠭᠠᠨ ᠲᠣᠤᠷ ᠯᠤᠭ᠎ᠠ ᠬᠤᠯᠪᠣᠬᠤ ᠶᠢ ᠤᠯᠠᠮ ᠴᠢᠩᠭᠠᠳᠬᠠᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠵᠤ ᠦᠢᠯᠡᠰ ᠲᠥᠪᠯᠡᠷᠡᠭᠰᠡᠨ ᠣᠷᠣᠨ ᠤ ᠢᠵᠢ ᠪᠦᠷᠢᠳᠦᠭᠦᠯᠬᠦ ᠴᠠᠬᠢᠯᠭᠠᠨ ᠤ ᠲᠣᠣᠷ | ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ | ᠥᠭᠡᠷᠡᠴᠢᠯᠡᠯᠲᠡ ᠶᠢ ᠲᠦᠷᠭᠡᠳᠬᠡᠨ᠂ ᠤᠯᠠᠨ ᠴᠠᠬᠢᠯᠭᠠᠨ ᠬᠦᠴᠦᠳᠡᠯ ᠤᠨ ᠲᠡᠰ ᠤᠨ ᠴᠠᠬᠢᠯᠭᠠᠨ ᠬᠠᠩᠭᠠᠬᠤ ᠬᠡᠷᠡᠭᠴᠡᠭᠡ | ᠪᠠ ᠤᠯᠠᠨ ᠵᠦᠢᠯ ᠤᠨ ᠴᠠᠬᠢᠯᠭᠠᠨ ᠡᠭᠦᠰᠭᠡᠭᠴᠢ ᠶᠢ ᠬᠤᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠴᠠᠬᠢᠯᠭᠠᠨ ᠤ ᠲᠣᠣᠷ ᠤᠨ ᠤᠶᠤᠨᠴᠢᠯᠠᠯᠳᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠴᠠᠬᠢᠯᠭᠠᠨ | ᠬᠦᠴᠦᠨ ᠤ ᠬᠦᠷᠭᠡᠯᠲᠡ ᠶᠢᠨ ᠲᠣᠭᠲᠠᠪᠤᠷᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠮᠢᠩᠭᠠᠨ | ᠲᠦᠮᠡᠨ ᠺᠢᠯᠣᠸᠠᠲ ᠤᠨ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠭᠡᠷᠡᠯ ᠴᠠᠬᠢᠯᠭᠠᠨ ᠤ | ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠥᠪᠥᠷ ᠮᠣᠩᠭᠤᠯ ᠤᠨ ᠪᠠᠷᠠᠭᠤᠨ ᠬᠡᠰᠡᠭ | ᠤᠨ ᠴᠠᠬᠢᠯᠭᠠᠨ ᠤ ᠲᠣᠣᠷ ᠤᠨ ︽ᠲᠣᠣᠷ ᠠᠴᠠ ᠲᠣᠣᠷ︾ ᠤᠨ ᠣᠨᠴᠠ ᠥᠨᠳᠥᠷ ᠳᠠᠷᠤᠯᠲᠠ ᠪᠤᠶᠤ ᠭᠡᠳᠤ | ᠥᠨᠳᠥᠷ ᠬᠦᠴᠦᠳᠡᠯᠲᠦ ᠭᠠᠳᠠᠭᠰᠢ ᠴᠠᠬᠢᠯᠭᠠᠨ ᠬᠦᠷᠭᠡᠬᠦ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ ᠤᠯᠠᠮ | ᠲᠥᠯᠬᠢᠨ ᠠᠬᠢᠭᠤᠯᠵᠤ᠂ ᠢᠷᠠᠭᠤ ᠰᠠᠶᠢᠬᠠᠨ 500kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠢ ᠲᠦᠷᠭᠡᠳᠬᠡᠨ ᠪᠥᠳᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠬᠢᠭᠡᠳ ᠡᠷᠬᠢᠨ ᠲᠣᠭᠤᠷᠢᠨ | ᠤ ᠮᠤᠵᠢ ᠣᠷᠣᠨ ᠠᠴᠠ ᠤᠮᠠᠷᠠᠲᠤ ᠣᠷᠣᠨ᠂ ᠳᠤᠮᠳᠠᠳᠤ ᠣᠷᠣᠨ᠂ ᠳᠣᠷᠣᠨᠠᠲᠤ ᠣᠷᠣᠨ᠂ ᠡᠮᠦᠨᠡᠲᠦ ᠣᠷᠣᠨ ᠲᠡᠰᠢ | ᠴᠠᠬᠢᠯᠭᠠᠨ ᠬᠦᠴᠦᠨ ᠬᠦᠷᠭᠡᠬᠦ ᠨᠡᠪᠳᠡᠷᠡᠯ ᠵᠠᠮ ᠢ ᠠᠰᠢᠭᠯᠠᠨ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠤᠯᠠᠨ | ᠵᠤᠷᠪᠤᠰ ᠨᠡᠪᠳᠡᠷᠡᠯ ᠵᠠᠮ ᠢ ᠨᠡᠪᠲᠡᠷᠡᠭᠦᠯᠬᠦ ᠪᠠᠷ ᠴᠢᠷᠮᠠᠶᠢᠨ᠎ᠠ᠃ | | ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠬᠤᠭᠤᠯᠠᠶ ᠪᠠᠷ ᠳᠠᠮᠵᠢᠭᠤᠯᠬᠤ ᠲᠣᠣᠷ ᠰᠦᠯᠵᠢᠶᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠤᠨ | ᠲᠠᠷᠬᠠᠯᠲᠠ ᠶᠢ ᠲᠡᠭᠦᠯᠳᠡᠷᠵᠢᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠡᠮᠵᠢᠶ᠎ᠡ ᠶᠢ ᠴᠠᠭ ᠲᠤᠨᠢ | ᠲᠣᠬᠢᠷᠠᠭᠤᠯᠤᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠢᠲᠠᠮᠠᠬᠠᠶ ᠬᠡᠢ ᠬᠡᠷᠡᠭᠯᠡᠬᠦ ᠬᠡᠷᠡᠭᠴᠡᠭᠡ ᠶᠢ ᠬᠠᠩᠭᠠᠨ᠎ᠠ᠃ | ᠠᠯᠠᠱᠠ ᠵᠡᠭᠦᠨ ᠬᠤᠰᠢᠭᠤᠨ ᠤ ᠭᠤᠤᠯ ᠪᠣᠯᠬᠤ ᠪᠠᠯᠭᠠᠰᠤ ᠲᠣᠭᠤᠷᠢᠭ ᠲᠤ ᠴᠥᠮ ᠬᠤᠭᠤᠯᠠᠶ ᠪᠠᠷ ᠳᠠᠮᠵᠢᠭᠤᠯᠬᠤ | ᠪᠠᠶᠢᠭᠠᠯᠢ ᠶᠢᠨ ᠰᠢᠲᠠᠮᠠᠬᠠᠶ ᠬᠡᠶ ᠶᠢ ᠵᠠᠯᠭᠠᠨ ᠣᠷᠣᠭᠤᠯᠵᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ | ᠭᠤᠤᠯ ᠪᠣᠯᠬᠤ ᠪᠠᠯᠭᠠᠰᠤ ᠲᠣᠭᠤᠷᠢᠭ ᠲᠤ ᠬᠤᠭᠤᠯᠠᠶ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠶ ᠬᠡᠶ ᠶᠢ ᠵᠠᠯᠭᠠᠨ | ᠣᠷᠣᠭᠤᠯᠬᠤ ᠪᠠᠷ ᠴᠢᠷᠮᠠᠶᠢᠨ᠎ᠠ᠃ | | ᠲᠤᠰᠬᠠᠶ ᠪᠤᠯᠤᠩ 10᠄ ᠡᠨᠧᠷᠭᠢ ᠶᠢᠨ ᠪᠡᠯᠡᠳᠬᠡᠮᠵᠢ ᠶᠢᠨ ᠭᠤᠤᠯᠳᠠᠯᠭ᠎ᠠ ᠲᠠᠢ ᠢᠨᠵᠧᠨᠧᠷᠢᠩ | | ᠴᠠᠬᠢᠯᠭᠠᠨ ᠬᠦᠴᠦᠨ ᠤ ᠨᠡᠪᠲᠡᠷᠡᠬᠦ ᠵᠠᠮ᠄ ᠬᠤᠣ ᠶᠢᠨ 500kV ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ᠂ ᠰᠢᠶᠠᠩ ᠳ᠋ᠧ ᠶᠢᠨ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ | | ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ᠄ ᠤᠯᠤᠰ ᠤᠨ ᠪᠠᠷᠠᠭᠤᠨ | ᠣᠷᠣᠨ ᠤ ᠰᠢᠲᠠᠮᠠᠬᠠᠶ ᠬᠡᠶ ᠶᠢ ᠵᠡᠭᠦᠨᠰᠢ ᠳᠠᠮᠵᠢᠭᠤᠯᠬᠤ 4 ᠳ᠋ᠦ᠋ᠭᠡᠷ ᠱᠤᠭᠤᠮ ᠤᠨ ᠠᠯᠠᠱᠠ ᠠᠶᠢᠮᠠᠭ ᠤᠨ ᠬᠢᠯᠢ | ᠳᠣᠲᠣᠷᠠᠬᠢ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠶᠢᠨ ᠲᠥᠷᠥᠯ ᠵᠦᠶᠯ᠂ ᠠᠯᠠᠱᠠ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ | | ᠬᠤᠶᠠᠳᠤᠭᠠᠷ ᠬᠡᠰᠡᠭ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ | ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ | | ᠠᠵᠤ ᠦᠢᠯᠡᠳᠪᠦᠷᠢ ᠶᠢᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠮᠡᠷᠭᠡᠵᠢᠯ | ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠬᠦ ᠶᠢ ᠲᠦᠷᠭᠡᠳᠬᠡᠵᠦ᠂ | ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠴᠢᠩᠭᠠᠳᠬᠠᠬᠤ ᠶᠢ ᠲᠦᠯᠬᠢᠨ | ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ ᠪᠣᠯᠬᠤ᠂ ᠤᠶᠤᠨᠴᠢᠯᠠᠬᠤ᠂ ᠪᠣᠬᠢᠷᠲᠤᠯ ᠦᠭᠡᠢ | ᠪᠣᠯᠬᠤ ᠶᠢ ᠲᠦᠯᠬᠢᠨ ᠠᠬᠢᠭᠤᠯᠤᠨ᠎ᠠ᠃ | | ᠪᠣᠬᠢᠷᠲᠤᠯ ᠦᠭᠡᠢ ᠣᠳᠣᠬᠢᠴᠢᠯᠠᠭᠰᠠᠨ ᠠᠵᠤ ᠦᠢᠯᠡᠳᠪᠦᠷᠢ ᠶᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ | ᠥᠬᠡᠶ ᠪᠣᠯᠭᠠᠬᠤ᠂ ᠨᠠᠷᠢᠯᠢᠬᠵᠢᠭᠤᠯᠬᠤ᠂ ᠤᠷᠴᠢᠯᠵᠢᠭᠤᠯᠬᠤ ᠤᠳᠤᠷᠢᠳᠤᠮᠵᠢ ᠶᠢ ᠪᠠᠷᠢᠮᠲᠠᠯᠠᠵᠤ᠂ ᠨᠡᠭᠦᠷᠡᠰᠦ ᠬᠢᠮᠢ ᠶᠢᠨ | ᠠᠵᠤ ᠦᠶᠯᠡᠳᠪᠦᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ | ᠲᠥᠷᠥᠯ ᠵᠦᠶᠯ ᠢ ᠬᠦᠴᠦᠨ ᠢᠶᠠᠨ ᠲᠥᠪᠯᠡᠷᠡᠭᠦᠯᠦᠨ ᠪᠣᠶ ᠪᠣᠯᠭᠠᠵᠤ᠂ ᠬᠡᠦᠷᠰᠢᠭᠦᠯᠬᠦ ᠠᠵᠤ ᠠᠬᠤᠶᠢᠯᠠᠯ ᠤᠨ ᠬᠡᠤᠳᠡᠰᠦ | ᠰᠤᠷᠭᠠᠯᠲᠠ ᠳᠤ ᠬᠠᠮᠤᠷᠤᠭᠤᠯᠬᠤ᠂ ᠪᠦᠳᠦᠭᠦᠯᠢᠭ ᠪᠧᠨ᠋ᠽᠧᠨ ᠢ ᠨᠠᠷᠢᠯᠢᠭ ᠦᠶᠯᠡᠳᠬᠦ ᠪᠠ ᠬᠡᠦᠷᠰᠢᠭᠦᠯᠬᠦ ᠵᠤᠤᠬ᠎ᠠ ᠶᠢᠨ | ᠬᠡᠶ ᠪᠠᠷ ᠨᠡᠶᠢᠯᠡᠭᠦᠯᠦᠭᠰᠡᠨ ᠬᠢᠮᠢ ᠶᠢᠨ ᠠᠵᠤ ᠦᠶᠯᠡᠳᠪᠦᠷᠢ ᠶᠢᠨ ᠦᠶᠯᠡᠳᠬᠦᠨ ᠤ ᠠᠵᠤ ᠦᠶᠯᠡᠰ ᠤᠨ ᠬᠡᠯᠬᠢᠶ᠎ᠡ ᠶᠢᠨ | ᠲᠣᠭᠤᠷᠢᠨ ᠳᠤ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢ ᠶᠡᠬᠡᠪᠡᠷ ᠬᠥᠭᠵᠢᠭᠦᠯᠵᠦ᠂ ᠰᠢᠨ᠎ᠡ ᠬᠡᠯᠪᠡᠷᠢ ᠶᠢᠨ | ᠬᠡᠦᠷᠰᠢᠭᠦᠯᠬᠦ ᠡᠷᠬᠢᠯᠳᠡᠳᠤ ᠠᠵᠤ ᠦᠶᠯᠡᠰ ᠢ ᠪᠣᠶ ᠪᠣᠯᠭᠠᠬᠤ ᠶᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ᠂ | ᠣᠷᠴᠢᠨ ᠲᠣᠭᠤᠷᠢᠨ ᠢ ᠬᠠᠮᠠᠭᠠᠯᠠᠬᠤ᠂ ᠥᠨᠳᠥᠷ ᠦᠷ᠎ᠡ ᠪᠦᠲᠦᠮᠵᠢᠲᠡᠶ ᠣᠳᠣᠬᠢᠴᠢᠯᠠᠭᠰᠠᠨ ᠨᠡᠭᠦᠷᠡᠰᠦ ᠬᠢᠮᠢ ᠶᠢᠨ | ᠠᠵᠤ ᠦᠶᠯᠡᠳᠪᠦᠷᠢ ᠶᠢᠨ ᠲᠥᠷᠥᠯ ᠵᠦᠶᠯ ᠢ ᠥᠨᠳᠥᠷ ᠡᠬᠢᠯᠡᠯᠲᠡ ᠲᠠᠢ ᠪᠠᠷ ᠠᠬᠢᠭᠤᠯᠵᠤ᠂ ᠠᠵᠤ ᠦᠶᠯᠡᠰ ᠤᠨ ᠲᠠᠰ | ᠳᠠᠪᠬᠤᠷᠭ᠎ᠠ ᠶᠢ ᠳᠡᠭᠡᠭᠰᠢᠯᠡᠭᠦᠯᠦᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ | ᠬᠤᠭᠤᠴᠠᠭᠠᠨ ᠳᠤ᠂ ᠬᠡᠦᠷᠡᠰᠦᠨ ᠵᠤᠤᠬ᠎ᠠ ᠶᠢᠨ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠶᠢ ᠴᠥᠮ 6. | 25 ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠠᠵᠤ ᠠᠬᠤᠶᠢᠯᠠᠯ ᠤᠨ ᠡᠨᠧᠷᠭᠢ ᠠᠷᠪᠢᠯᠠᠵᠤ ᠣᠷᠴᠢᠨ ᠠᠬᠤᠶ ᠶᠢ | ᠬᠠᠮᠠᠭᠠᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠤᠯᠠᠮ ᠬᠡᠷᠡᠭᠵᠢᠭᠦᠯᠬᠦ ᠶᠢ ᠲᠡᠮᠵᠢᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠪᠠ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ ᠢ ᠦᠷᠭᠦᠯᠵᠢᠯᠡᠨ ᠪᠠᠭᠠᠰᠬᠠᠨ᠎ᠠ᠃ ︽ | ᠠᠵᠤ ᠦᠶᠯᠡᠰ ᠤᠨ ᠬᠦᠷᠢᠶᠡᠯᠡᠩ ᠲᠣᠭᠤᠷᠢᠭᠵᠢᠭᠤᠯᠬᠤ᠂ ᠲᠣᠨᠣᠭᠯᠠᠯ ᠢ ᠲᠣᠮᠣ ᠬᠡᠯᠪᠡᠷᠢᠵᠢᠭᠦᠯᠬᠦ᠂ ᠦᠶᠯᠡᠳᠬᠦᠨ ᠢ | ᠣᠯᠠᠨ ᠡᠰᠢᠵᠢᠭᠦᠯᠬᠦ︾ ᠱᠠᠭᠠᠷᠳᠠᠯᠭ᠎ᠠ ᠶᠣᠰᠣᠭᠠᠷ᠂ ᠳᠠᠪᠤᠰᠤᠨ ᠤ ᠬᠢᠮᠢ ᠶᠢᠨ ᠠᠵᠤ ᠦᠶᠯᠡᠳᠪᠦᠷᠢ ᠶᠢᠨ ᠮᠡᠷᠭᠡᠵᠢᠯ | ᠲᠣᠨᠣᠭᠯᠠᠯ ᠤᠨ ᠬᠢᠷᠢ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠠᠮᠢᠶ᠎ᠠ ᠪᠥᠬᠦᠶ ᠠᠵᠤ | ᠠᠬᠤᠶᠢᠯᠠᠯ ᠤᠨ ᠰᠢᠨ᠎ᠡ ᠮᠡᠷᠭᠡᠵᠢᠯ ᠰᠢᠨ᠎ᠡ ᠤᠷᠠᠯᠠᠯ ᠢ ᠬᠡᠷᠡᠭᠯᠡᠨ ᠤᠯᠠᠮᠵᠢᠯᠠᠯᠲᠤ ᠠᠵᠤ ᠦᠶᠯᠡᠰ ᠤᠨ ᠲᠠᠰ ᠳᠡᠪᠰᠢᠵᠦ | ᠦᠶ᠎ᠡ ᠰᠣᠯᠢᠬᠤ ᠶᠢ ᠬᠥᠲᠥᠯᠦᠨ ᠵᠢᠯᠣᠭᠤᠳᠴᠤ ᠳᠡᠮᠵᠢᠨ᠎ᠡ᠃ ᠣᠨᠴᠠ ᠲᠥᠷᠥᠯ ᠤᠨ ᠳᠠᠪᠠᠷᠬᠠᠶ ᠶᠢᠨ ᠠᠵᠤ ᠦᠶᠯᠡᠰ ᠢ | ᠶᠡᠬᠡᠪᠡᠷ ᠬᠥᠭᠵᠢᠭᠦᠯᠵᠦ᠂ ᠪᠥᠬᠦ ᠣᠷᠣᠨ ᠤ ᠣᠨᠴᠠ ᠲᠥᠷᠥᠯ ᠤᠨ ᠳᠠᠪᠠᠷᠬᠠᠶ ᠴᠤᠭᠯᠠᠷᠠᠭᠰᠠᠨ ᠣᠷᠣᠨ ᠢ ᠪᠣᠶ ᠪᠣᠯᠭᠠᠵᠤ | ᠂ ᠣᠳᠣᠬᠢᠴᠢᠯᠠᠭᠰᠠᠨ ᠠᠵᠤ ᠦᠶᠯᠡᠳᠪᠦᠷᠢ ᠶᠢᠨ ᠳᠡᠭᠡᠳᠦ ᠲᠠᠰ ᠤᠨ ᠴᠢᠭᠯᠡᠯ ᠢ ᠬᠠᠷᠠᠭᠠᠯᠠᠨ᠂ ᠨᠡᠭᠦᠷᠡᠰᠦ ᠬᠢᠮᠢ ᠶᠢᠨ | ᠠᠵᠤ ᠦᠶᠯᠡᠳᠪᠦᠷᠢ᠂ ᠳᠠᠪᠤᠰᠤᠨ ᠤ ᠬᠢᠮᠢ ᠶᠢᠨ ᠠᠵᠤ ᠦᠶᠯᠡᠳᠪᠦᠷᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠮᠠᠶ᠋ᠢᠭ ᠤᠨ ᠨᠠᠷᠢᠯᠢᠭ ᠬᠢᠮᠢ ᠶᠢᠨ ᠠᠵᠤ ᠦᠶᠯᠡᠳᠪᠦᠷᠢ᠂ ᠬᠢᠮᠢ ᠶᠢᠨ ᠠᠵᠤ ᠦᠶᠯᠡᠳᠪᠦᠷᠢ ᠶᠢᠨ ᠰᠢᠨ᠎ᠡ ᠮᠠᠲ᠋ᠧᠷᠢᠶᠠᠯ | ᠳᠠᠰᠢ ᠬᠤᠪᠢᠷᠠᠭᠤᠯᠬᠤ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠶᠯᠡᠳᠪᠦᠷᠢ ᠶᠢᠨ ᠣᠷᠴᠢᠯ ᠠᠵᠤ ᠠᠬᠤᠶ ᠶᠢᠨ | ᠠᠵᠤ ᠦᠶᠯᠡᠰ ᠤᠨ ᠬᠡᠯᠬᠢᠶ᠎ᠡ ᠶᠢ ᠾᠯᠣᠷ ᠼᠤᠤ ᠶᠢᠨ ᠳᠠᠪᠠᠷᠬᠠᠶ᠂ ᠾᠯᠣᠷᠲᠤ ᠪᠥᠭᠡᠭᠡᠨᠡᠷᠡᠯ ᠾᠯᠣᠷ ᠡᠲ᠋ᠧᠨ ᠵᠡᠷᠭᠡ | ᠣᠨᠴᠠ ᠲᠥᠷᠥᠯ ᠤᠨ ᠳᠠᠪᠠᠷᠬᠠᠶ ᠦᠶᠯᠡᠳᠪᠦᠷᠢᠯᠡᠬᠦ ᠴᠢᠳᠠᠪᠤᠷᠢ ᠶᠢ ᠪᠥᠬᠦ ᠣᠷᠣᠨ ᠤ 50% ᠠᠴᠠ ᠳᠡᠭᠡᠭᠰᠢᠬᠢ ᠶᠢ | ᠡᠵᠡᠯᠡᠭᠦᠯᠬᠦ ᠪᠠᠷ ᠴᠢᠷᠮᠠᠶᠢᠵᠤ᠂ ᠳᠠᠪᠤᠰᠤᠨ ᠬᠢᠮᠢ ᠶᠢᠨ ᠠᠵᠤ ᠦᠶᠯᠡᠳᠪᠦᠷᠢ ᠶᠢᠨ ᠳᠠᠪᠠᠷᠬᠠᠶ᠂ ᠪᠤᠳᠤᠭ᠂ ᠡᠮ ᠡᠮᠨᠡᠯᠭᠡ | ᠪᠠ ᠲᠠᠷᠢᠶᠠᠨ ᠡᠮ ᠵᠡᠷᠭᠡ ᠦᠵᠦᠭᠦᠷ ᠤᠨ ᠦᠶᠯᠡᠳᠬᠦᠨ ᠤ ᠴᠢᠭᠯᠡᠯ ᠢᠶᠠᠷ ᠤᠷᠲᠤᠳᠬᠠᠬᠤ ᠶᠢ ᠬᠥᠲᠥᠯᠦᠨ | ᠵᠢᠯᠣᠭᠤᠳᠴᠤ᠂ ᠳᠠᠪᠤᠰᠤᠨ ᠬᠢᠮᠢ ᠶᠢᠨ ᠠᠵᠤ ᠦᠶᠯᠡᠳᠪᠦᠷᠢ ᠶᠢᠨ ᠨᠠᠷᠢᠯᠢᠬᠵᠢᠭᠤᠯᠬᠤ᠂ ᠲᠡᠷᠢᠭᠦᠨ ᠤ ᠮᠡᠷᠭᠡᠵᠢᠯ ᠤᠨ | ᠬᠥᠭᠵᠢᠯᠲᠡ ᠶᠢ ᠪᠡᠶᠡᠯᠡᠭᠦᠯᠦᠨ᠎ᠡ᠃ ᠪᠣᠬᠢᠷᠲᠤᠯ ᠦᠭᠡᠢ ᠠᠷᠢᠭᠤᠨ ᠴᠡᠪᠡᠷ ᠬᠥᠭᠵᠢᠯᠲᠡ ᠶᠢᠨ ᠤᠳᠤᠷᠢᠳᠤᠮᠵᠢ ᠶᠢ | ᠪᠠᠷᠢᠮᠲᠠᠯᠠᠨ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠪᠠᠷ ᠪᠠᠬᠢᠵᠢᠭᠦᠯᠦᠨ ᠳᠡᠭᠡᠭᠰᠢᠯᠡᠭᠦᠯᠵᠦ᠂ | ᠣᠷᠴᠢᠨ ᠠᠬᠤᠶ ᠶᠢ ᠬᠠᠮᠠᠭᠠᠯᠠᠬᠤ ᠪᠤᠳᠤᠭ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠰᠢᠷᠢᠰ ᠦᠢᠯᠡᠳᠬᠦᠨ ᠢ | ᠤᠯᠠᠨ ᠡᠰᠢᠴᠢᠯᠡᠬᠦ᠂ ᠦᠵᠦᠭᠦᠷᠴᠢᠯᠡᠬᠦ ᠲᠡᠶᠢᠰᠢ ᠬᠥᠭᠵᠢᠭᠦᠯᠬᠦ ᠶᠢ ᠵᠣᠷᠢᠭᠵᠢᠭᠤᠯᠵᠤ᠂ ᠳᠡᠯᠡᠬᠡᠶ ᠶᠢᠨ ᠲᠡᠰ ᠤᠨ | ᠪᠤᠳᠤᠭ ᠤᠨ ᠠᠵᠤ ᠦᠢᠯᠡᠰ ᠤᠨ ᠰᠠᠭᠤᠷᠢᠨ ᠭᠠᠵᠠᠷ ᠪᠠ ᠪᠦᠬᠦ ᠤᠯᠤᠰ ᠤᠨ ᠴᠢᠬᠤᠯᠠ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠤᠯᠠᠮ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ | 2025 ᠣᠨ ᠪᠣᠯᠬᠤ ᠳᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ | ᠦᠷᠳᠡᠭ ᠢ 700 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠰ ᠢ ᠳᠡᠭᠡᠭᠰᠢᠯᠡᠭᠦᠯᠦᠨ ᠬᠥᠭᠵᠢᠭᠦᠯᠵᠦ᠂ | ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ | ᠪᠣᠬᠢᠷᠲᠤᠯ ᠥᠬᠡᠶ ᠡᠷᠬᠢᠯᠳᠡᠳᠦ ᠬᠥᠭᠵᠢᠯᠲᠡ ᠪᠠᠷ ᠵᠣᠷᠢᠯᠲᠠ ᠪᠣᠯᠭᠠᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ | ᠪᠡᠶᠡᠲᠦ ᠬᠠᠶᠠᠭᠳᠠᠮᠠᠯ ᠪᠣᠳᠠᠰ ᠢ ᠰᠢᠩᠭᠡᠭᠡᠨ ᠠᠪᠬᠤ ᠪᠠᠷ ᠵᠣᠷᠢᠯᠭ᠎ᠠ ᠪᠣᠯᠭᠠᠭᠰᠠᠨ ᠪᠣᠬᠢᠷᠲᠤᠯ ᠥᠬᠡᠶ ᠪᠠᠷᠢᠯᠭ᠎ᠠ ᠶᠢᠨ | ᠸᠠᠭᠠᠷ ᠱᠠᠭᠠᠵᠠᠩ ᠦᠶᠯᠡᠳᠬᠦ ᠰᠢᠨ᠎ᠡ ᠮᠡᠷᠭᠡᠵᠢᠯ ᠵᠢᠴᠢ ᠰᠢᠨ᠎ᠡ ᠦᠶᠯᠡᠳᠬᠦᠨ ᠢ ᠶᠡᠬᠡᠪᠡᠷ ᠨᠡᠭᠡᠭᠡᠨ ᠬᠥᠭᠵᠢᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠴᠤ ᠳᠡᠮᠵᠢᠬᠦ ᠦᠶᠯᠡᠳᠦᠯ ᠢ ᠴᠢᠩᠭᠠᠷᠠᠭᠤᠯᠤᠨ᠂ ᠣᠲᠣ ᠶᠢᠨ | ᠪᠠᠶᠢᠭ᠎ᠠ ᠠᠵᠤ ᠠᠬᠤᠶᠢᠯᠠᠯ ᠤᠨ ᠦᠶᠯᠡᠳᠬᠦᠨ ᠤ ᠥᠷᠢᠰᠦᠯᠳᠦᠬᠦ ᠬᠦᠴᠦᠨ ᠪᠠ ᠠᠰᠢᠭ ᠤᠯᠬᠤ ᠴᠢᠳᠠᠪᠤᠷᠢ ᠪᠠᠨ | ᠳᠡᠭᠡᠭᠰᠢᠯᠡᠭᠦᠯᠬᠦ ᠶᠢ ᠬᠦᠴᠦᠯᠡᠨ ᠲᠡᠳᠬᠦᠨ᠎ᠡ᠃ ᠪᠡᠯᠡ ᠮᠥᠩᠭᠦ ᠣᠷᠣᠭᠤᠯᠬᠤ᠂ ᠤᠶᠤᠨ ᠮᠡᠳᠡᠯᠭᠡ ᠶᠢ ᠣᠷᠣᠭᠤᠯᠬᠤ᠂ | ᠬᠥᠮᠦᠨ ᠢ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠣᠷᠴᠢᠨ | ᠠᠬᠤᠶ ᠶᠢ ᠬᠠᠮᠠᠭᠠᠯᠠᠬᠤ ᠮᠡᠷᠭᠡᠵᠢᠯ ᠢᠶᠠᠷ ᠭᠤᠣᠯ ᠪᠣᠯᠭᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ᠃ ᠸᠠᠭᠠᠷ ᠱᠠᠭᠠᠵᠠᠩ ᠤᠨ ᠪᠦᠲᠦᠭᠡᠭᠳᠡᠬᠦᠨ᠂ ᠡᠨᠧᠷᠭᠢ ᠠᠷᠪᠢᠯᠠᠵᠤ ᠳᠤᠯᠠᠭᠠᠨ ᠢ ᠬᠠᠮᠠᠭᠠᠯᠠᠬᠤ | ᠮᠠᠲ᠋ᠧᠷᠢᠶᠠᠯ᠂ ᠪᠢᠴᠢᠯ ᠲᠠᠯᠠᠰᠲᠤ ᠬᠠᠰ ᠵᠡᠷᠭᠡ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ | ᠬᠥᠭᠵᠢᠭᠦᠯᠦᠨ᠎ᠡ᠃ | | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠨ ᠪᠥᠬᠦ ᠠᠶᠢᠮᠠᠭ ᠤᠨ | ᠨᠡᠭᠦᠷᠡᠰᠦᠨ ᠤ ᠡᠬᠢ ᠪᠠᠶᠠᠯᠢᠭ ᠢ ᠬᠠᠶᠢᠨ ᠰᠢᠨᠵᠢᠵᠦ ᠬᠠᠶᠢᠨ ᠰᠢᠨᠵᠢᠬᠦ ᠠᠵᠢᠯ ᠢ ᠲᠦᠷᠭᠡᠳᠬᠡᠨ ᠠᠬᠢᠭᠤᠯᠵᠤ᠂ ᠠᠯᠠᠱᠠ | ᠵᠡᠭᠦᠨ ᠬᠤᠰᠢᠭᠤᠨ ᠤ ᠬᠡᠷᠠᠯ ᠠᠭᠤᠷᠬᠠᠶ ᠶᠢᠨ ᠣᠷᠣᠨ᠂ ᠡᠵᠡᠨ᠎ᠡ ᠬᠤᠰᠢᠭᠤᠨ ᠤ ᠤᠯᠠᠭᠠᠨ ᠰᠤᠬᠠᠶᠢᠲᠤ ᠶᠢᠨ ᠪᠤᠯᠠᠭ | ᠠᠭᠤᠷᠬᠠᠶ ᠶᠢᠨ ᠣᠷᠣᠨ᠂ ᠬᠠᠷᠠᠭᠠᠨ ᠠᠭᠤᠯᠠ ᠠᠭᠤᠷᠬᠠᠶ ᠶᠢᠨ ᠣᠷᠣᠨ᠂ ᠲᠢᠶᠠᠨ ᠷᠦᠩ ᠨᠡᠭᠦᠷᠡᠰᠦᠨ ᠠᠭᠤᠷᠬᠠᠶ ᠶᠢᠨ | ᠣᠷᠣᠨ ᠤ ᠬᠠᠶᠢᠨ ᠰᠢᠨᠵᠢᠵᠦ ᠨᠡᠭᠡᠭᠡᠨ ᠠᠰᠢᠭᠯᠠᠬᠤ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ ᠠᠶᠢᠮᠠᠭ ᠤᠨ | ᠨᠡᠭᠦᠷᠡᠰᠦᠨ ᠤ ᠦᠶᠯᠡᠳᠪᠦᠷᠢᠯᠡᠯ ᠤᠨ ᠴᠢᠳᠠᠪᠤᠷᠢ ᠪᠠ ᠨᠡᠭᠦᠷᠡᠰᠦᠨ ᠤ ᠡᠨᠧᠷᠭᠢ ᠶᠢᠨ ᠦᠶᠯᠡᠳᠬᠦᠨ ᠤ ᠪᠦᠲᠦᠴᠡ ᠶᠢ | ᠤᠯᠠᠮ ᠰᠢᠯᠢᠳᠡᠭᠵᠢᠭᠦᠯᠦᠨ᠎ᠡ᠃ ᠪᠣᠷᠵᠢᠨ ᠴᠢᠯᠠᠭᠤ ᠮᠠᠯᠲᠠᠵᠤ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠪᠠᠶᠢᠭᠠᠳ ᠨᠡᠶᠢᠯᠡᠭᠦᠯᠵᠦ ᠡᠮᠬᠢᠯᠡᠨ ᠨᠡᠶᠢᠯᠡᠭᠦᠯᠵᠦ᠂ ᠴᠢᠯᠠᠭᠤ ᠣᠯᠪᠤᠷᠢᠯᠠᠬᠤ — ᠨᠡᠮᠡᠬᠦ | — ᠬᠠᠩᠭᠠᠬᠤ — ᠪᠣᠷᠣᠯᠠᠭᠤᠯᠬᠤ ᠶᠢ ᠨᠢᠭᠡ ᠴᠣᠠᠠᠴᠠᠵᠢᠭᠤᠯᠥᠠᠠᠰᠠᠨ ᠠᠵᠤ ᠦᠶᠯᠡᠰ ᠤᠨ ᠬᠡᠯᠬᠢᠶ᠎ᠡ ᠶᠢ ᠪᠥᠲᠥᠭᠡᠨ | ᠪᠠᠶᠢᠭᠤᠯᠵᠤ᠂ ᠴᠠᠭᠠᠨ ᠮᠤᠬᠤᠷ᠂ ᠵᠢᠷᠭᠠᠯᠰᠠᠶᠢᠬᠠᠨ ᠪᠠᠯᠭᠠᠰᠤ᠂ ᠲᠩᠷᠢ ᠡᠯᠡᠰᠦ ᠪᠠᠯᠭᠠᠰᠤ ᠶᠢᠨ ᠪᠠᠯ ᠴᠢᠯᠠᠭᠤᠨ ᠤ | ᠠᠭᠤᠷᠬᠠᠶ ᠶᠢᠨ ᠣᠷᠣᠨ ᠤ ᠪᠠᠯ ᠴᠢᠯᠠᠭᠤᠨ ᠤ ᠠᠭᠤᠷᠬᠠᠶ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ | ᠬᠥᠭᠵᠢᠭᠦᠯᠵᠦ᠂ ᠪᠠᠯ ᠴᠢᠯᠠᠭᠤᠨ ᠤ ᠠᠭᠤᠷᠬᠠᠶ ᠶᠢᠨ ᠭᠠᠷᠤᠯᠲᠠ ᠶᠢ ᠮᠠᠯᠲᠠᠵᠤ ᠰᠣᠩᠭᠤᠬᠤ ᠵᠢᠴᠢ ᠢᠵᠢ | ᠪᠥᠷᠢᠳᠦᠭᠦᠯᠦᠭᠰᠡᠨ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠢ ᠥᠨᠳᠥᠷ ᠪᠠᠷᠢᠮᠵᠢᠶ᠎ᠠ ᠪᠠᠷ | ᠪᠥᠲᠥᠭᠡᠨ ᠪᠠᠶᠢᠭᠤᠯᠤᠨ᠎ᠠ᠃ ᠵᠤᠯᠵᠠᠭ᠎ᠠ ᠰᠢᠵᠢᠷ ᠠᠯᠲᠠᠨ ᠤ ᠠᠭᠤᠷᠬᠠᠶ ᠶᠢᠨ ᠣᠷᠣᠨ ᠤ ᠡᠯᠪᠡᠭ ᠳᠡᠯᠪᠡᠭ ᠰᠢᠵᠢᠷ | ᠠᠯᠲᠠ ᠵᠢᠴᠢ ᠳᠠᠭᠠᠯᠲᠠ ᠠᠭᠤᠷᠬᠠᠶ ᠶᠢᠨ ᠡᠬᠢ ᠪᠠᠶᠠᠯᠢᠭ ᠲᠤ ᠲᠦᠰᠢᠭᠯᠡᠨ᠂ ︽ᠠᠯᠲᠠ ᠪᠠᠷ ᠭᠠᠷᠤᠯᠲᠠ ᠶᠢ | ᠬᠥᠭᠵᠢᠭᠦᠯᠬᠦ᠂ ᠠᠭᠤᠷᠬᠠᠶ ᠶᠢᠨ ᠬᠤᠲᠠ ᠬᠤᠯᠪᠣᠭᠠᠯᠠᠨ ᠬᠥᠳᠡᠯᠦᠯᠴᠡᠬᠦ︾ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠰᠢᠵᠢᠷ ᠠᠯᠲᠠ᠂ ᠥᠬᠡᠭᠦᠨ ᠴᠢᠯᠠᠭᠤᠯᠢᠭ᠂ ᠬᠠᠷ᠎ᠠ ᠲᠤᠭᠤᠯᠭ᠎ᠠ ᠴᠠᠶᠢᠷ ᠵᠡᠷᠭᠡ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠨᠡᠮᠡᠭᠳᠡᠭᠦᠯᠦᠨ᠂ ᠰᠢᠵᠢᠷ ᠠᠯᠲᠠᠨ ᠤ ᠠᠵᠤ | ᠦᠶᠯᠡᠰ ᠤᠨ ᠬᠡᠯᠬᠢᠶ᠎ᠡ ᠶᠢ ᠪᠣᠶ ᠪᠣᠯᠭᠠᠵᠤ᠂ ᠰᠢᠵᠢᠷ ᠠᠯᠲᠠᠨ ᠤ ᠠᠵᠤ ᠦᠶᠯᠡᠰ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠵᠡᠨ᠎ᠡ ᠬᠤᠰᠢᠭᠤᠨ ᠤ ᠬᠤᠶᠢᠲᠤ | ᠠᠭᠤᠯᠠ ᠶᠢᠨ ᠠᠭᠤᠷᠬᠠᠶ ᠶᠢᠨ ᠪᠦᠰᠡ᠂ ᠠᠯᠠᠱᠠ ᠪᠠᠷᠠᠭᠤᠨ ᠬᠤᠰᠢᠭᠤᠨ ᠤ ᠵᠠᠮ ᠤᠨ ᠣᠪᠣᠭ᠎ᠠ ᠶᠢᠨ ᠣᠯᠠᠨ | ᠲᠡᠮᠦᠷᠯᠢᠭ ᠤᠨ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ | ᠠᠵᠢᠯ ᠢ ᠠᠬᠢᠭᠤᠯᠵᠤ᠂ ᠪᠣᠭᠤᠮᠲᠠ ᠶᠢᠨ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ | ᠮᠣᠩᠭᠤᠯ ᠤᠯᠤᠰ ᠤᠨ ᠡᠯᠪᠡᠭ ᠪᠠᠶᠠᠯᠢᠭ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠨ | ᠂ ᠥᠩᠭᠡᠲᠦ ᠲᠡᠮᠦᠷᠯᠢᠭ ᠤᠨ ᠠᠵᠤ ᠦᠶᠯᠡᠰ ᠢ ᠬᠥᠭᠵᠢᠭᠦᠯᠵᠦ᠂ ᠥᠨᠳᠥᠷ ᠨᠡᠮᠡᠯᠲᠡ ᠥᠷᠲᠡᠭ ᠲᠠᠢ ᠰᠢᠨ᠎ᠡ ᠪᠠᠷ ᠪᠣᠶ | ᠪᠣᠯᠤᠭᠰᠠᠨ ᠮᠠᠲ᠋ᠧᠷᠢᠶᠠᠯ ᠤᠨ ᠦᠶᠯᠡᠳᠬᠦᠨ ᠢ ᠢᠳᠡᠪᠬᠢᠲᠡᠶ ᠬᠥᠭᠵᠢᠭᠦᠯᠦᠨ᠎ᠡ᠃ | | ᠲᠤᠰᠬᠠᠶ ᠪᠤᠯᠤᠩ 11᠄ ᠣᠳᠣᠬᠢᠴᠢᠯᠠᠭᠰᠠᠨ ᠠᠵᠤ ᠦᠶᠯᠡᠳᠪᠦᠷᠢ ᠶᠢᠨ ᠭᠤᠤᠯᠳᠠᠯᠭ᠎ᠠ ᠲᠠᠢ ᠢᠨᠵᠧᠨᠧᠷᠢᠩ | | ᠣᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ᠄ ᠱᠠᠩᠬᠠᠶ ᠥᠪᠥᠷ ᠮᠣᠩᠭᠤᠯ ᠤᠨ ᠳᠡᠭᠡᠳᠦ | ᠰᠢᠨ᠎ᠡ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠰᠠᠭᠤᠷᠢᠨ ᠭᠠᠵᠠᠷ ᠤᠨ ᠲᠥᠷᠥᠯ ᠵᠦᠶᠯ᠂ | ᠨᠡᠶᠢᠯᠡᠮᠡᠯ ᠡᠨᠧᠷᠭᠢ ᠶᠢᠨ ᠰᠤᠷᠪᠤᠯᠵᠢ ᠶᠢᠨ ᠨᠡᠶᠢᠯᠡᠯᠭᠡ ᠶᠢᠨ ᠯᠡ᠂ ᠬᠦᠯᠢᠰ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ ᠤᠨ | ᠠᠵᠤ ᠦᠶᠯᠡᠰ ᠵᠡᠷᠭᠡ ᠲᠥᠷᠥᠯ ᠵᠦᠶᠯ᠃ | | ᠬᠤᠵᠢᠷᠰᠢᠭᠤᠯᠬᠤ ᠠᠵᠤ ᠦᠢᠯᠡᠳᠪᠦᠷᠢ᠄ ᠪᠥᠸᠧ ᠶᠤᠸᠠᠨ ᠪᠠᠶᠢᠭᠠᠯᠢ ᠶᠢᠨ ᠱᠦᠯᠲᠦ᠂ ᠯᠠᠨ ᠲᠠᠢ ᠲᠡᠮᠦᠷᠯᠢᠭ | ᠯᠢᠲ᠋ᠢ᠂ ᠳ᠋ᠠ ᠺᠠᠩ ᠲᠡᠮᠦᠷᠯᠢᠭ ᠺᠠᠯᠢ᠂ ᠳᠤᠮᠳᠠᠳᠤ ᠤᠯᠤᠰ ᠤᠨ ᠳᠠᠪᠤᠰᠤᠨ ᠤ CPVC᠂ ᠴᠧᠨ ᠬᠤᠩ ᠯᠢ | ᠳᠠᠪᠠᠷᠬᠠᠶ ᠶᠢᠨ ᠳᠠᠪᠠᠷᠬᠠᠶ᠂ ᠾᠯᠣᠷ ᠼᠤᠤ ᠶᠢᠨ ᠳᠠᠪᠠᠷᠬᠠᠶ᠂ ᠷᠦᠢ ᠳ᠋ᠡ ᠺᠠᠯᠢ ᠱᠦᠯᠲᠦ ᠶᠢᠨ ᠬᠢᠮᠢ ᠶᠢᠨ ᠠᠵᠤ | ᠦᠢᠯᠡᠳᠪᠦᠷᠢ ᠵᠡᠷᠭᠡ ᠲᠥᠷᠥᠯ ᠵᠦᠢᠯ᠃ | | ᠨᠠᠷᠢᠯᠢᠭ ᠬᠢᠮᠢ ᠶᠢᠨ ᠠᠵᠤ ᠦᠶᠯᠡᠳᠪᠦᠷᠢ᠄ ᠯᠢᠩ ᠱᠧᠩ ᠨᠠᠷᠢᠯᠢᠭ ᠬᠢᠮᠢ ᠶᠢᠨ ᠪᠣᠳᠠᠰ ᠤᠨ ᠲᠥᠷᠥᠯ ᠵᠦᠶᠯ᠂ | ᠳᠤᠮᠳᠠ ᠳᠡᠭᠡᠳᠦ ᠵᠡᠷᠭᠡ ᠶᠢᠨ ᠲᠠᠷᠢᠶᠠᠯᠠᠩ ᠤᠨ ᠡᠮ ᠵᠢᠴᠢ ᠵᠠᠪᠰᠠᠷ ᠤᠨ ᠪᠡᠶᠡᠲᠦ ᠶᠢᠨ ᠲᠥᠷᠥᠯ ᠵᠦᠶᠯ᠂ ᠴᠢ ᠬᠤᠶ | ᠲᠦᠭᠦᠬᠡᠶ ᠮᠠᠲ᠋ᠧᠷᠢᠶᠠᠯ ᠤᠨ ᠡᠮ ᠵᠢᠴᠢ ᠵᠠᠪᠰᠠᠷ ᠤᠨ ᠪᠡᠶᠡᠲᠦ ᠶᠢᠨ ᠲᠥᠷᠥᠯ ᠵᠦᠶᠯ᠂ ᠪᠧᠨ ᠰᠢᠩ ᠲᠠᠷᠢᠶᠠᠯᠠᠩ ᠤᠨ | ᠡᠮ ᠤᠨ ᠦᠶᠯᠡᠳᠬᠦᠨ ᠵᠢᠴᠢ ᠵᠠᠪᠰᠠᠷ ᠤᠨ ᠪᠡᠶᠡᠲᠦ ᠶᠢᠨ ᠲᠥᠷᠥᠯ ᠵᠦᠶᠯ᠂ ᠶᠠᠩ ᠹᠠᠨ ᠨᠠᠷᠢᠯᠢᠭ ᠬᠢᠮᠢ ᠶᠢᠨ ᠠᠵᠤ | ᠦᠶᠯᠡᠳᠪᠦᠷᠢ ᠶᠢᠨ ᠲᠥᠷᠥᠯ ᠵᠦᠶᠯ | | ᠭᠤᠷᠪᠠᠳᠤᠭᠠᠷ ᠬᠡᠰᠡᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠶᠡᠬᠡᠪᠡᠷ ᠪᠤᠶᠢᠵᠢᠭᠤᠯᠤᠨ᠎ᠠ | | ᠪᠣᠬᠢᠷᠲᠤᠯ ᠥᠬᠡᠶ ᠬᠥᠭᠵᠢᠯᠲᠡ᠂ ᠪᠥᠭᠡᠮᠨᠡᠷᠡᠨ ᠴᠤᠭᠯᠠᠷᠠᠬᠤ ᠪᠠ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ | ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠣᠪᠤᠶᠢᠯᠭᠠᠨ᠂ ᠰᠢᠨ᠎ᠡ ᠮᠡᠷᠭᠡᠵᠢᠯ᠂ ᠰᠢᠨ᠎ᠡ ᠦᠶᠯᠡᠳᠬᠦᠨ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠪᠤᠶᠢᠵᠢᠭᠤᠯᠵᠤ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠰᠢᠨ᠎ᠡ ᠨᠥᠭᠡᠴᠡ ᠡᠨᠧᠷᠭᠢ᠂ ᠰᠢᠨ᠎ᠡ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠢ ᠬᠦᠴᠦᠯᠡᠨ ᠬᠥᠭᠵᠢᠭᠦᠯᠵᠦ᠂ ᠪᠥᠬᠦ ᠠᠶᠢᠮᠠᠭ ᠤᠨ ᠠᠵᠤ ᠠᠬᠤᠶ ᠶᠢᠨ | ᠬᠥᠭᠵᠢᠯᠲᠡ ᠶᠢ ᠲᠤᠯᠭᠠᠭᠤᠷᠢᠯᠠᠬᠤ ᠰᠢᠨ᠎ᠡ ᠨᠡᠮᠡᠭᠳᠡᠯ ᠤᠨ ᠲᠦᠢᠯ ᠢ ᠪᠦᠷᠢᠯᠳᠦᠭᠦᠯᠦᠨ᠎ᠡ᠃ | | ᠰᠢᠨ᠎ᠡ ᠮᠠᠲ᠋ᠧᠷᠢᠶᠠᠯ ᠤᠨ ᠠᠵᠤ ᠦᠶᠯᠡᠰ᠃ ᠰᠢᠨ᠎ᠡ ᠮᠠᠲ᠋ᠧᠷᠢᠶᠠᠯ ᠢᠶᠠᠷ ᠰᠢᠨ᠎ᠡ ᠪᠠᠷ ᠪᠣᠶ ᠪᠣᠯᠤᠭᠰᠠᠨ ᠠᠵᠤ | ᠦᠶᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠵᠤ᠂ ᠪᠠᠯ ᠴᠢᠯᠠᠭᠤᠨ ᠤ ᠡᠬᠢ ᠪᠠᠶᠠᠯᠢᠭ ᠢ ᠬᠠᠮᠠᠭᠠᠯᠠᠯᠲᠠ ᠶᠢᠨ | ᠴᠢᠨᠠᠷᠲᠠᠶ ᠪᠠᠷ ᠨᠡᠭᠡᠭᠡᠨ ᠠᠰᠢᠭᠯᠠᠵᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠡᠨᠧᠷᠭᠢ ᠬᠠᠳᠠᠭᠠᠯᠠᠬᠤ᠂ | ᠴᠠᠬᠢᠯᠭᠠᠨ ᠳᠠᠮᠵᠢᠭᠤᠯᠬᠤ᠂ ᠢᠯᠴᠢ ᠳᠠᠮᠵᠢᠭᠤᠯᠬᠤ᠂ ᠴᠢᠳᠠᠮᠵᠢ ᠶᠢᠨ ᠰᠢᠷ ᠪᠤᠳᠤᠭ ᠵᠡᠷᠭᠡ ᠬᠦᠷᠢᠶ᠎ᠡ ᠴᠠᠷᠠᠭ᠎ᠠ ᠶᠢᠨ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠳᠤ ᠣᠷᠣᠯᠴᠠᠬᠤ ᠶᠢ ᠳᠡᠮᠵᠢᠵᠦ᠂ ᠬᠡᠲᠦ ᠥᠨᠳᠥᠷ ᠴᠡᠪᠡᠷ | ᠪᠠᠯ ᠴᠢᠯᠠᠭᠤ ᠶᠢ ᠴᠡᠪᠡᠷᠰᠢᠭᠦᠯᠬᠦ᠂ ᠲᠡᠯᠡᠯᠲᠡ ᠶᠢᠨ ᠪᠠᠯ ᠴᠢᠯᠠᠭᠤ ᠶᠢ ᠦᠶᠯᠡᠳᠬᠦ ᠪᠠ ᠪᠥᠮᠪᠥᠭᠡᠯᠢᠭ ᠪᠠᠯ ᠴᠢᠯᠠᠭᠤᠨ ᠤ | ᠮᠡᠷᠭᠡᠵᠢᠯ᠂ ᠴᠥᠮ᠎ᠡ ᠶᠢᠨ ᠪᠠᠯ ᠴᠢᠯᠠᠭᠤ ᠶᠢ ᠬᠡᠯᠪᠡᠷᠢᠵᠢᠭᠦᠯᠬᠦ ᠤᠷᠠᠯᠠᠯ᠂ ᠶᠡᠭᠡ ᠬᠡᠪ ᠪᠠᠷᠢᠮᠵᠢᠶ᠎ᠠ ᠵᠡᠷᠭᠡ ᠲᠡᠩᠴᠡᠭᠦᠦ | ᠳᠠᠷᠤᠯᠲᠠ ᠶᠢᠨ ᠮᠡᠷᠭᠡᠵᠢᠯ ᠤᠨ ᠪᠠᠯ ᠴᠢᠯᠠᠭᠤᠨ ᠤ ᠪᠦᠲᠦᠭᠡᠭᠳᠡᠬᠦᠨ ᠢ ᠣᠷᠣᠭᠤᠯᠤᠨ ᠠᠪᠴᠢᠷᠠᠬᠤ ᠶᠢᠨ ᠬᠠᠮᠲᠤ ᠨᠡᠭᠡᠭᠡᠨ | ᠬᠥᠭᠵᠢᠭᠦᠯᠦᠨ᠎ᠡ︔ ᠪᠠᠯ ᠴᠢᠯᠠᠭᠤᠨ ᠤ ᠴᠠᠬᠢᠯᠭᠠᠨ ᠲᠦᠢᠯ᠂ ᠨᠡᠭᠦᠷᠡᠰᠦᠲᠥ᠋ᠷᠥᠭᠴᠢ ᠶᠢᠨ ᠰᠢᠷᠬᠡᠭ ᠵᠡᠷᠭᠡ | ᠨᠡᠭᠦᠷᠡᠰᠦᠲᠥ᠋ᠷᠥᠭᠴᠢᠲᠦ ᠮᠠᠲ᠋ᠧᠷᠢᠶᠠᠯ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠬᠡᠲᠦ ᠥᠨᠳᠥᠷ ᠴᠢᠳᠠᠮᠵᠢᠳᠤ ᠪᠠᠯ | ᠴᠢᠯᠠᠭᠤᠨ ᠤ ᠴᠠᠬᠢᠯᠭᠠᠨ ᠲᠦᠢᠯ᠂ ᠪᠠᠯ ᠴᠢᠯᠠᠭᠤᠨ ᠤ ᠠᠯᠺᠧᠨ ᠢᠶᠠᠷ ᠭᠤᠤᠯ ᠪᠣᠯᠭᠠᠭᠰᠠᠨ ᠳᠡᠭᠡᠳᠦ ᠲᠠᠰ ᠤᠨ ᠪᠠᠯ | ᠴᠢᠯᠠᠭᠤᠨ ᠤ ᠮᠠᠲ᠋ᠧᠷᠢᠶᠠᠯ ᠤᠨ ᠠᠵᠤ ᠦᠶᠯᠡᠰ ᠢ ᠢᠳᠡᠪᠬᠢᠲᠡᠶ ᠬᠥᠭᠵᠢᠭᠦᠯᠦᠨ᠎ᠡ᠃ ᠬᠢᠮᠢ ᠶᠢᠨ ᠠᠵᠤ | ᠦᠶᠯᠡᠳᠪᠦᠷᠢ ᠶᠢᠨ ᠠᠵᠤ ᠦᠶᠯᠡᠰ ᠤᠨ ᠰᠠᠭᠤᠷᠢ ᠳᠤ ᠲᠦᠰᠢᠭᠯᠡᠨ᠂ PVC ᠴᠢᠨᠠᠷ ᠥᠭᠡᠷᠡᠴᠢᠯᠡᠬᠦ ᠮᠠᠲ᠋ᠧᠷᠢᠶᠠᠯ᠂ | ᠰᠦᠯᠢᠶᠣᠣ ᠴᠢᠳᠠᠮᠵᠢᠳᠤ ᠨᠢᠮᠭᠡᠨ ᠪᠦᠷᠬᠦᠭᠦᠯ ᠵᠡᠷᠭᠡ ᠠᠵᠤ ᠦᠶᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ ᠢᠳᠡᠪᠬᠢᠵᠢᠭᠦᠯᠦᠭᠰᠡᠨ ᠨᠡᠭᠦᠷᠡᠰᠦ ᠵᠡᠷᠭᠡ ᠳᠡᠭᠡᠳᠦ ᠲᠠᠰ ᠤᠨ | ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ ᠮᠠᠲ᠋ᠧᠷᠢᠶᠠᠯ ᠢ ᠶᠡᠬᠡᠪᠡᠷ ᠬᠥᠭᠵᠢᠭᠦᠯᠵᠦ᠂ ᠴᠡᠪᠡᠷ ᠲᠡᠮᠦᠷᠯᠢᠭ ᠺᠠᠯᠢ᠂ | ᠲᠡᠮᠦᠷᠯᠢᠭ ᠯᠢᠲ᠋ᠢ ᠵᠡᠷᠭᠡ ᠲᠡᠮᠦᠷᠯᠢᠭ ᠮᠠᠲ᠋ᠧᠷᠢᠶᠠᠯ ᠢ ᠢᠳᠡᠪᠬᠢᠲᠡᠶ ᠪᠠᠷ ᠤᠷᠤᠭᠰᠢ ᠠᠬᠢᠭᠤᠯᠵᠤ᠂ ︽ᠳᠤᠮᠳᠠᠳᠤ | ᠤᠯᠤᠰ ᠤᠨ ᠰᠢᠨ᠎ᠡ ᠮᠠᠲ᠋ᠧᠷᠢᠶᠠᠯ ᠤᠨ ᠦᠶᠯᠡᠳᠪᠦᠷᠢᠯᠡᠯ ᠤᠨ ᠰᠠᠭᠤᠷᠢᠨ ᠭᠠᠵᠠᠷ︾ ᠢ ᠪᠠᠶᠢᠭᠤᠯᠤᠨ᠎ᠠ᠃ ᠪᠠᠯ | ᠴᠢᠯᠠᠭᠤᠨ ᠠᠯᠺᠤᠨ ᠵᠢᠴᠢ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠥᠨᠳᠥᠷ ᠢᠯᠴᠢ | ᠳᠠᠮᠵᠢᠭᠤᠯᠬᠤ ᠪᠠᠯ ᠴᠢᠯᠠᠭᠤᠨ ᠬᠡᠰᠡᠭ᠂ ᠴᠢᠳᠠᠮᠵᠢ ᠶᠢᠨ ᠰᠢᠷ ᠪᠤᠳᠤᠭ᠂ ᠵᠠᠪᠰᠠᠷ ᠤᠨ ᠪᠠᠶᠢᠷᠢ ᠶᠢᠨ ᠹᠠᠯᠦ᠋ᠨ᠂ ᠳᠡᠭᠡᠳᠦ | ᠮᠤᠯᠤᠺᠦᠶᠢᠯᠲᠤ ᠴᠠᠬᠢᠭᠤᠷ ᠠᠯᠺᠠᠨ ᠮᠠᠲ᠋ᠧᠷᠢᠶᠠᠯ᠂ ᠲᠡᠮᠦᠷᠯᠢᠭ ᠪᠦᠲᠦᠴᠡ ᠶᠢᠨ ᠮᠠᠲ᠋ᠧᠷᠢᠶᠠᠯ᠂ ᠬᠡᠷᠡᠯ ᠡᠯᠧᠺᠲᠷᠣᠨ ᠤ | ᠮᠠᠲ᠋ᠧᠷᠢᠶᠠᠯ ᠪᠠ ᠨᠠᠨᠤᠮᠤᠲᠷ ᠤᠨ ᠮᠠᠲ᠋ᠧᠷᠢᠶᠠᠯ ᠵᠡᠷᠭᠡ ᠨᠢᠭᠡ ᠪᠦᠯᠦᠭ ᠥᠨᠳᠥᠷ ᠨᠡᠮᠡᠯᠲᠡ ᠥᠷᠲᠡᠭᠲᠦ ᠲᠥᠷᠥᠯ ᠵᠦᠶᠯ ᠢ | ᠬᠡᠷᠡᠭᠵᠢᠭᠦᠯᠦᠨ᠎ᠡ᠃ | | ᠰᠢᠨ᠎ᠡ ᠡᠮ ᠡᠮᠨᠡᠯᠭᠡ ᠶᠢᠨ ᠠᠵᠤ ᠦᠢᠯᠡᠰ᠃ ᠮᠠᠨ ᠤ ᠠᠶᠢᠮᠠᠭ ᠤᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠤᠨ ᠡᠮ᠂ ᠡᠮ ᠡᠮᠨᠡᠯᠭᠡ ᠶᠢᠨ ᠵᠠᠪᠰᠠᠷ ᠤᠨ ᠪᠡᠶᠡᠲᠦ ᠶᠢ ᠴᠢᠨᠠᠷ ᠰᠠᠶᠢᠲᠠᠶ | ᠪᠡᠯᠡᠨ ᠡᠮ ᠪᠠ ᠨᠠᠶᠢᠷᠠᠯᠲᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠡᠮ ᠢ ᠰᠤᠳᠤᠯᠤᠨ ᠨᠡᠭᠡᠭᠡᠬᠦ ᠶᠢ | ᠰᠢᠨ᠎ᠡ ᠶᠢ ᠡᠭᠦᠳᠬᠦ ᠪᠠ ᠳᠠᠭᠤᠷᠢᠶᠠᠬᠤ ᠶᠢ ᠤᠶᠠᠯᠳᠤᠭᠤᠯᠬᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠡᠶᠢᠰᠢ | ᠬᠤᠪᠢᠷᠠᠭᠤᠯᠵᠤ᠂ ᠪᠣᠬᠢᠷᠲᠤᠯ ᠦᠭᠡᠢ ᠡᠮ ᠡᠮᠨᠡᠯᠭᠡ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠵᠠᠬ᠎ᠠ ᠳᠡᠯᠭᠡᠭᠦᠷ ᠢ ᠬᠠᠷᠠᠭᠠᠯᠠᠨ᠂ ᠡᠮ | ᠡᠮᠨᠡᠯᠭᠡ᠂ ᠲᠠᠷᠢᠶᠠᠨ ᠡᠮ᠂ ᠥᠮᠡᠨ ᠢ ᠡᠰᠡᠷᠭᠦᠴᠡᠬᠦ᠂ ᠠᠶᠢᠽ ᠡᠪᠡᠳᠴᠢᠨ ᠢ ᠡᠰᠡᠷᠭᠦᠴᠡᠬᠦ᠂ ᠭᠠᠩᠰᠠᠷᠠᠯ ᠢ ᠡᠰᠡᠷᠭᠦᠴᠡᠬᠦ | ᠵᠡᠷᠭᠡ ᠣᠨᠴᠠ ᠲᠦᠷᠦᠯ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ ︽ | ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠲᠤᠮᠤ ᠲᠠᠷᠢᠶᠠᠨ ᠡᠮ᠂ ᠡᠮ ᠡᠮᠨᠡᠯᠭᠡ ᠶᠢᠨ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠤᠨ᠎ᠠ᠃ ᠤᠨᠴᠠᠯᠢᠭᠳᠤ ᠠᠮᠢᠳᠤ ᠪᠣᠳᠠᠰ ᠤᠨ ᠡᠮ ᠡᠮᠨᠡᠯᠭᠡ ᠶᠢᠨ | ᠡᠳ᠋ᠰᠢᠭᠦᠯᠭᠡ ᠶᠢ ᠨᠡᠭᠡᠭᠡᠨ ᠬᠥᠭᠵᠢᠭᠦᠯᠵᠦ᠂ ᠴᠠᠭᠠᠨ ᠭᠤᠶᠣᠣ᠂ ᠤᠯᠠᠭᠠᠨ ᠭᠤᠶᠣᠣ᠂ ᠰᠢᠬᠢᠷ ᠡᠪᠡᠰᠦ ᠵᠡᠷᠭᠡ ᠵᠢᠩᠬᠢᠨᠢ | ᠡᠮ ᠤᠨ ᠮᠠᠲ᠋ᠧᠷᠢᠶᠠᠯ ᠪᠠ ᠳᠠᠪᠤᠰᠤᠨ ᠨᠠᠭᠤᠷ ᠤᠨ ᠡᠬᠢ ᠪᠠᠶᠠᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠬᠢᠲᠠᠳ | ᠬᠡᠷᠴᠢᠮ ᠡᠮ ᠤᠨ ᠦᠶᠯᠡᠳᠬᠦᠨ ᠢ ᠬᠥᠭᠵᠢᠭᠦᠯᠵᠦ᠂ ᠨᠢᠭᠡ ᠪᠦᠯᠦᠭ ᠡᠮᠲᠦ ᠬᠤᠭᠤᠯᠠ᠂ ᠡᠮᠲᠦ ᠠᠷᠢᠬᠢ᠂ ᠡᠮᠲᠦ ᠴᠠᠶ᠂ | ᠡᠷᠡᠭᠦᠯᠵᠢᠯ ᠤᠨ ᠡᠳ᠋ ᠵᠡᠷᠭᠡ ᠡᠮᠲᠦ ᠢᠳᠡᠭᠡᠨ ᠬᠤᠶᠠᠷ ᠬᠡᠷᠡᠭᠴᠡᠭᠡᠲᠦ ᠦᠶᠯᠡᠳᠬᠦᠨ ᠢ ᠨᠠᠷᠢᠯᠢᠭ ᠡᠳ᠋ᠰᠢᠭᠦᠯᠬᠦ ᠲᠥᠷᠥᠯ | ᠵᠦᠶᠯ ᠢ ᠬᠡᠷᠡᠭᠵᠢᠭᠦᠯᠦᠨ᠎ᠡ᠃ | | ᠲᠣᠨᠣᠭᠯᠠᠯ ᠦᠢᠯᠡᠳᠬᠦ ᠦᠢᠯᠡᠰ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢ | ᠨᠢᠭᠡ ᠴᠤᠭᠴᠠᠵᠢᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠪᠠᠷ | ᠴᠠᠬᠢᠯᠭᠠᠨ ᠭᠠᠷᠭᠠᠬᠤ ᠵᠢᠴᠢ ᠲᠤᠨᠤᠭ ᠲᠥᠬᠦᠭᠡᠷᠦᠮᠵᠢ ᠦᠢᠯᠡᠳᠬᠦ᠂ ᠮᠠᠲ᠋ᠧᠷᠢᠶᠠᠯ ᠦᠢᠯᠡᠳᠪᠦᠷᠢᠯᠡᠬᠦ ᠵᠢᠴᠢ ᠡᠨᠧᠷᠭᠢ | ᠬᠠᠳᠠᠭᠠᠯᠠᠬᠤ ᠬᠠᠭᠤᠷᠠᠢ ᠲᠣᠰᠣ ᠵᠡᠷᠭᠡ ᠶᠢ ᠨᠢᠭᠡ ᠴᠤᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠴᠤᠯᠤ ᠴᠡᠪᠡᠷ ᠴᠠᠬᠢᠭᠤᠷ ᠤᠨ ᠲᠦᠭᠦᠬᠡᠶ ᠮᠠᠲ᠋ᠧᠷᠢᠶᠠᠯ᠂ ᠬᠠᠭᠤᠷᠠᠢ | ᠲᠣᠰᠣ ᠶᠢᠨ ᠲᠣᠨᠣᠭᠯᠠᠭᠠᠰᠤ᠂ ᠰᠠᠯᠬᠢᠨ ᠬᠦᠴᠦᠨ ᠤ ᠮᠠᠰᠢᠨ ᠦᠢᠯᠡᠳᠬᠦ᠂ ᠰᠠᠯᠬᠢ ᠭᠡᠷᠡᠯ ᠢ ᠢᠵᠢ ᠪᠦᠷᠢᠳᠦᠭᠦᠯᠬᠦ | ᠵᠡᠷᠭᠡ ᠲᠤᠨᠤᠭ ᠲᠥᠬᠦᠭᠡᠷᠦᠮᠵᠢ ᠦᠢᠯᠡᠳᠬᠦ ᠶᠢ ᠬᠥᠭᠵᠢᠭᠦᠯᠦᠨ᠎ᠡ᠃ | | ᠲᠤᠰᠬᠠᠶ ᠪᠤᠯᠤᠩ 12᠄ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠶᠯᠡᠰ ᠤᠨ ᠭᠤᠤᠯᠳᠠᠯᠭᠠᠲᠤ ᠢᠨᠵᠧᠨᠧᠷᠢᠩ | ᠰᠢᠨ᠎ᠡ ᠮᠠᠲ᠋ᠧᠷᠢᠶᠠᠯ᠄ ᠪᠧᠨ ᠰᠢᠩ ᠬᠢᠮᠢ ᠶᠢᠨ ᠪᠠᠯ ᠴᠢᠯᠠᠭᠤᠨ ᠠᠯᠺᠤᠨ ᠵᠢᠴᠢ ᠯᠢᠲ᠋ᠢ ᠴᠠᠬᠢᠯᠭᠠᠨ ᠴᠡᠨᠡᠭ ᠤᠨ | ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠶᠯ᠂ ᠶᠠᠩ ᠹᠠᠨ ᠬᠡᠷᠡᠯ ᠤᠨ ᠠᠰᠠᠭᠠᠭᠴᠢ ᠡᠳ᠋ ᠤᠨ ᠲᠥᠷᠥᠯ ᠵᠦᠶᠯ | ᠂ ᠨᠢᠩᠪᠦ᠋ᠸᠧ ᠶᠢᠨ ᠵᠥᠩ ᠰᠢᠩ ᠳᠡᠭᠡᠳᠦ ᠮᠤᠯᠤᠺᠦᠶᠢᠯᠲᠤ ᠴᠠᠬᠢᠭᠤᠷ ᠤᠨ ᠲᠥᠷᠥᠯ ᠵᠦᠶᠯ᠂ ᠵᠥᠩ ᠴᠧᠨ ᠰᠢᠨᠵᠢᠯᠡᠬᠦ | ᠤᠬᠠᠭᠠᠨ ᠮᠡᠷᠭᠡᠵᠢᠯ ᠤᠨ ᠬᠤᠭᠤᠷᠣᠨᠳᠣᠬᠢ ᠠᠷᠠᠮᠢᠳ᠋ ᠰᠢᠷᠬᠡᠭᠯᠢᠭ ᠤᠨ ᠠᠵᠤ ᠦᠶᠯᠡᠰ ᠤᠨ ᠲᠥᠷᠥᠯ ᠵᠦᠶᠯ᠂ ᠲᠠᠢ | ᠢᠦᠶ ᠳᠡᠭᠡᠳᠦ ᠮᠠᠩᠭᠠᠨ ᠤ ᠬᠠᠶᠢᠯᠤᠰᠢ ᠶᠢᠨ ᠮᠠᠲ᠋ᠧᠷᠢᠶᠠᠯ ᠤᠨ ᠲᠥᠷᠥᠯ ᠵᠦᠶᠯ᠂ ᠠᠯᠠᠱᠠ ᠵᠡᠭᠦᠨ ᠬᠤᠰᠢᠭᠤᠨ ᠤ | ᠳᠡᠭᠡᠳᠦ ᠴᠡᠪᠡᠷ ᠪᠠᠯ ᠴᠢᠯᠠᠭᠤ ᠡᠳ᠋ᠰᠢᠭᠦᠯᠦᠨ ᠡᠨᠧᠷᠭᠢ ᠬᠠᠳᠠᠭᠠᠯᠠᠬᠤ ᠮᠠᠲ᠋ᠧᠷᠢᠶᠠᠯ ᠤᠨ ᠲᠥᠷᠥᠯ ᠵᠦᠶᠯ᠂ ᠬᠤᠸᠠᠨ | ᠱᠧᠩ ᠰᠢᠨᠵᠢᠯᠡᠬᠦ ᠤᠬᠠᠭᠠᠨ ᠮᠡᠷᠭᠡᠵᠢᠯ ᠤᠨ CMP ᠭᠢᠯᠠᠶᠢᠯᠭᠠᠬᠤ ᠰᠢᠩᠭᠡᠨ ᠤ ᠨᠡᠮᠡᠯᠲᠡ ᠡᠳ᠋ ᠵᠡᠷᠭᠡ ᠰᠢᠨ᠎ᠡ | ᠮᠠᠲ᠋ᠧᠷᠢᠶᠠᠯ ᠤᠨ ᠲᠥᠷᠥᠯ ᠵᠦᠶᠯ | | ᠰᠢᠨ᠎ᠡ ᠡᠮ ᠡᠮᠨᠡᠯᠭᠡ᠄ ᠱᠧᠩ ᠣᠪᠣᠭᠲᠤ ᠶᠢᠨ ᠬᠢᠮᠢ ᠶᠢᠨ ᠢᠶᠣᠨ ᠤ ᠪᠤᠰᠤ ᠳᠦᠷᠰᠦ ᠪᠦᠲᠦᠭᠡᠬᠦ ᠡᠮ ᠤᠨ | ᠳᠡᠭᠡᠳᠦ ᠴᠡᠪᠡᠷᠴᠡ ᠶᠢᠨ ᠵᠠᠪᠰᠠᠷ ᠤᠨ ᠪᠡᠶᠡᠲᠦ ᠪᠠ ᠠᠶᠢᠽ ᠡᠪᠡᠳᠴᠢᠨ ᠢ ᠡᠰᠡᠷᠭᠦᠴᠡᠬᠦ ᠡᠮ ᠤᠨ ᠵᠠᠪᠰᠠᠷ ᠤᠨ | ᠪᠡᠶᠡᠲᠦ ᠶᠢᠨ ᠲᠥᠷᠥᠯ ᠵᠦᠶᠯ᠂ ᠯᠢᠩ ᠱᠧᠩ ᠲᠠᠷᠢᠶᠠᠯᠠᠩ ᠳᠤ ᠬᠡᠷᠡᠭᠯᠡᠬᠦ ᠬᠢᠮᠢ ᠶᠢᠨ ᠪᠣᠳᠠᠰ ᠵᠢᠴᠢ ᠢᠵᠢ | ᠪᠥᠷᠢᠳᠦᠭᠰᠡᠨ ᠵᠠᠪᠰᠠᠷ ᠤᠨ ᠪᠡᠶᠡᠲᠦ ᠶᠢᠨ ᠲᠥᠷᠥᠯ ᠵᠦᠶᠯ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠬᠢᠮᠢ ᠶᠢᠨ | ᠠᠵᠤ ᠦᠶᠯᠡᠳᠪᠦᠷᠢ ᠶᠢᠨ ᠥᠨᠳᠥᠷ ᠪᠦᠲᠦᠮᠵᠢᠲᠡᠶ ᠬᠤᠤᠰ ᠹᠯᠣᠷᠲᠤ ᠡᠪᠡᠰᠦᠨ ᠠᠮᠢᠨ ᠤ ᠲᠥᠷᠥᠯ ᠵᠦᠶᠯ᠂ ᠪᠧᠨ | ᠰᠢᠩ ᠶᠠᠨ ᠮᠢ ᠬᠤᠸᠠᠩ ᠯᠦᠩ᠂ ᠺᠢᠰᠠᠯᠥᠣᠹᠥᠷᠫ ᠵᠡᠷᠭᠡ ᠲᠥᠷᠥᠯ ᠵᠦᠶᠯ᠂ ᠯᠢᠶᠠᠨ ᠺᠠᠩ ᠠᠮᠢᠳᠤ ᠪᠣᠳᠠᠰ ᠤᠨ ᠡᠮ | ᠡᠮᠨᠡᠯᠭᠡ ᠡᠷᠡᠭᠦᠯ ᠬᠠᠮᠠᠭᠠᠯᠠᠯ ᠳᠤ ᠬᠡᠷᠡᠭᠯᠡᠬᠦ ᠠᠷᠢᠭᠤᠳᠬᠠᠬᠤ ᠪᠦᠲᠦᠭᠡᠭᠳᠡᠬᠦᠨ ᠤ ᠲᠥᠷᠥᠯ ᠵᠦᠶᠯ᠂ ᠵᠥᠩ ᠬᠤᠶ | ᠠᠮᠢᠳᠤ ᠪᠣᠳᠠᠰ ᠤᠨ ᠡᠮ ᠤᠨ ᠵᠠᠪᠰᠠᠷ ᠤᠨ ᠪᠡᠶᠡᠲᠦ ᠶᠢᠨ ᠲᠥᠷᠥᠯ ᠵᠦᠶᠯ᠂ ᠵᠥᠩ ᠬᠤᠶ ᠠᠮᠢᠳᠤ ᠪᠣᠳᠠᠰ ᠤᠨ | ᠡᠮ ᠤᠨ ᠵᠠᠪᠰᠠᠷ ᠤᠨ ᠪᠡᠶᠡᠲᠦ ᠶᠢᠨ ᠲᠥᠷᠥᠯ ᠵᠦᠶᠯ | | ᠳᠥᠷᠪᠡᠳᠦᠭᠡᠷ ᠬᠡᠰᠡᠭ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ | | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠬᠦ ᠪᠠ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ | ᠲᠤᠰᠬᠠᠶᠢᠵᠢᠭᠤᠯᠬᠤ᠂ ᠳᠡᠭᠡᠳᠦ ᠲᠡᠰ ᠤᠨ ᠪᠣᠯᠭᠠᠬᠤ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠪᠠᠷᠢᠮᠵᠢᠶᠠᠵᠢᠭᠤᠯᠬᠤ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ | ᠬᠤᠪᠢ ᠶᠢᠨ | | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠤᠯᠠᠮ ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ | ᠵᠢᠭᠤᠯᠴᠢᠯᠠᠯ ᠤᠨ ᠠᠵᠤ ᠦᠶᠯᠡᠰ ᠢ ᠴᠢᠬᠤᠯᠠ ᠲᠤᠯᠭᠠᠭᠤᠷᠢᠯᠠᠬᠤ ᠴᠢᠨᠠᠷᠲᠠᠶ ᠠᠵᠤ ᠦᠶᠯᠡᠰ ᠠᠴᠠ ᠦᠶᠯᠡᠴᠢᠯᠡᠭᠡᠨ ᠤ | ᠦᠶᠯᠡᠰ ᠲᠠᠬᠢ ᠭᠤᠤᠯᠯᠠᠬᠤ ᠠᠵᠤ ᠦᠶᠯᠡᠰ ᠪᠣᠯᠭᠠᠨ ᠲᠠᠰ ᠳᠡᠪᠰᠢᠭᠦᠯᠵᠦ᠂ ᠭᠠᠵᠠᠷ ᠣᠷᠣᠨ ᠤ ᠦᠶᠯᠡᠳᠪᠦᠷᠢᠯᠡᠯ ᠤᠨ | ᠶᠡᠷᠦᠩᠬᠡᠶ ᠥᠷᠲᠡᠭ ᠲᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠣᠳᠣᠬᠠᠨ ᠤ 8% ᠠᠴᠠ 15% ᠠᠴᠠ | ᠳᠡᠭᠡᠭᠰᠢ ᠪᠣᠯᠭᠠᠨ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢ ᠳᠠᠶᠢᠴᠢᠯᠠᠬᠤ ᠴᠢᠬᠤᠯᠠ ᠨᠡᠮᠡᠭᠳᠡᠯ ᠤᠨ ᠲᠦᠢᠯ ᠪᠣᠯᠭᠠᠨ᠎ᠠ᠃ ᠤᠯᠤᠰ ᠤᠨ ᠳᠣᠲᠣᠭᠠᠳᠤ ᠶᠢᠨ ᠨᠠᠷᠠᠲᠠᠶ | ᠪᠠᠷᠠᠭᠤᠨ ᠣᠷᠣᠨ ᠤ ᠵᠠᠩ ᠦᠶᠯᠡ ᠶᠢᠨ ᠵᠢᠭᠤᠯᠴᠢᠯᠠᠯ ᠤᠨ ᠣᠷᠣᠨ ᠢ ᠪᠣᠶ ᠪᠣᠯᠭᠠᠬᠤ᠂ ᠤᠯᠤᠰ ᠤᠨ ᠪᠥᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠭᠤᠤᠯ ᠰᠢᠵᠢᠮ ᠢ | ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠨ᠂ | ᠪᠥᠬᠦ ᠠᠶᠢᠮᠠᠭ ᠤᠨ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ | ᠣᠳᠣᠬᠢᠴᠢᠯᠠᠭᠰᠠᠨ ᠰᠡᠯᠡᠭᠦᠴᠡᠯ ᠵᠢᠭᠤᠯᠴᠢᠯᠠᠯ ᠤᠨ ᠦᠶᠯᠡᠴᠢᠯᠡᠭᠡᠨ ᠤ ᠠᠵᠤ ᠦᠶᠯᠡᠰ ᠤᠨ ᠰᠢᠰᠲ᠋ᠧᠮᠵᠢ ᠶᠢ ᠬᠦᠴᠦᠯᠡᠨ | ᠪᠠᠶᠢᠭᠤᠯᠤᠨ᠎ᠠ᠃ ᠰᠣᠶᠣᠯ ᠤᠨ ᠵᠢᠭᠤᠯᠴᠢᠯᠠᠯ᠂ ᠡᠯᠡᠰᠦᠨ ᠴᠥᠯ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ | ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠤᠪᠢ ᠪᠠᠷ ᠢᠶᠠᠨ ᠵᠢᠯᠣᠭᠤᠴᠢ ᠪᠠᠷ ᠵᠢᠭᠤᠯᠴᠢᠯᠠᠬᠤ᠂ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ᠂ ᠪᠠᠷᠲᠠᠭ᠎ᠠ ᠬᠠᠶᠢᠬᠤ ᠵᠢᠭᠤᠯᠴᠢᠯᠠᠯ ᠵᠡᠷᠭᠡ ᠰᠢᠨ᠎ᠡ ᠪᠠᠷ ᠮᠠᠨᠳᠤᠭᠰᠠᠨ ᠵᠢᠭᠤᠯᠴᠢᠯᠠᠯ ᠤᠨ | ᠦᠢᠯᠡᠰ ᠤᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠬᠥᠭᠵᠢᠭᠦᠯᠵᠦ᠂ ᠤᠷᠠᠨ ᠰᠠᠶᠢᠬᠠᠨ ᠤ ᠲᠣᠭᠯᠠᠯᠲᠠ᠂ ᠥᠪ | ᠬᠥᠷᠥᠩᠭᠡ ᠶᠢᠨ ᠪᠤᠰᠤ ᠪᠦᠲᠦᠭᠡᠭᠳᠡᠬᠦᠨ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ | ᠪᠦᠲᠦᠭᠡᠯᠴᠢ ᠲᠥᠰᠦᠪᠯᠡᠯ ᠤᠨ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ | ᠰᠣᠶᠣᠯ ᠤᠨ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠰᠣᠶᠣᠯ ᠤᠨ IP ᠶᠢᠨ ᠰᠢᠨ᠎ᠡ ᠶᠢ | ᠡᠭᠦᠳᠬᠦ ᠠᠭᠤᠳᠠᠯᠤᠯᠲᠠ + ᠣᠳᠣᠬᠢᠴᠢᠯᠠᠭᠰᠠᠨ ᠰᠣᠶᠣᠯ ᠤᠨ ᠵᠢᠭᠤᠯᠴᠢᠯᠠᠯ ᠤᠨ ᠠᠮᠠᠷᠠᠯᠲᠠ ᠶᠢᠨ ᠵᠣᠷᠢᠭᠰᠠᠨ | ᠭᠠᠵᠠᠷ ᠤᠨ ᠣᠷᠣᠨ ᠵᠠᠶ ᠶᠢᠨ ᠰᠢᠰᠲ᠋ᠧᠮᠵᠢ ᠪᠠᠷ + ᠲᠣᠭᠠᠴᠢᠯᠠᠭᠰᠠᠨ ᠡᠭᠦᠯᠡᠨ ᠵᠠᠭᠤᠴᠢᠯᠠᠭᠤᠷ ᠤᠨ ᠲᠤᠯᠭᠠᠭᠤᠷᠢᠯᠠᠬᠤ | ᠲᠠᠪᠴᠠᠩ ᠢ ᠪᠠᠶᠢᠭᠤᠯᠵᠤ᠂ ᠭᠤᠷᠪᠠ ᠶᠢ ᠨᠢᠭᠡ ᠴᠤᠭᠴᠠᠵᠢᠭᠤᠯᠤᠭᠰᠠᠨ ︽ᠨᠡᠶᠢᠯᠡᠯ︾ ᠵᠢᠭᠤᠯᠴᠢᠯᠠᠯ ᠤᠨ ᠠᠮᠢ | ᠠᠬᠤᠶ ᠶᠢᠨ ᠰᠢᠰᠲ᠋ᠧᠮ ᠢ ᠪᠦᠷᠢᠯᠳᠦᠭᠦᠯᠦᠨ᠎ᠡ᠃ ᠨᠠᠷᠠᠲᠤ ᠲᠥᠷᠥᠯ ᠲᠡᠮᠳᠡᠭᠲᠦ ᠪᠠᠷ ᠬᠥᠲᠥᠯᠦᠨ ᠳᠠᠭᠠᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ︽ᠬᠠᠨ ᠲᠡᠭᠷᠢ ᠠᠯᠠᠱᠠ︾ ᠨᠠᠷᠠᠲᠤ ᠲᠥᠷᠥᠯ ᠲᠡᠮᠳᠡᠭᠲᠦ ᠶᠢ ᠪᠦᠬᠦᠯᠢ | ᠴᠣᠭᠴᠠ ᠪᠠᠷ ᠳᠡᠯᠭᠡᠷᠡᠭᠦᠯᠬᠦ ᠶᠢ ᠴᠢᠩᠭᠠᠳᠬᠠᠨ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠣᠯᠠᠨ | ᠲᠠᠰ ᠳᠠᠪᠬᠤᠷᠭ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠤᠨ ᠵᠠᠮ | ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠵᠢᠭᠤᠯᠴᠢᠯᠠᠯ ᠤᠨ ᠬᠠᠮᠵᠢᠯᠴᠠᠬᠤ ᠲᠣᠭᠲᠠᠴᠠ ᠶᠢ ᠲᠦᠷᠭᠡᠳᠬᠡᠨ | ᠪᠠᠶᠢᠭᠤᠯᠵᠤ᠂ ᠲᠣᠷᠭᠠᠨ ᠵᠠᠮ ᠤᠨ ᠤᠨᠴᠠᠯᠢᠬᠳᠤ ᠵᠢᠭᠤᠯᠴᠢᠯᠠᠯ ᠤᠨ ᠦᠶᠯᠡᠳᠬᠦᠨ ᠪᠠ ᠵᠠᠮ ᠱᠤᠭᠤᠮ ᠢ ᠬᠠᠮᠲᠤᠷᠠᠨ | ᠪᠦᠷᠢᠯᠳᠦᠭᠦᠯᠦᠨ᠎ᠡ᠃ ᠬᠢᠷᠢ ᠬᠡᠮ ᠢᠶᠠᠷ ᠪᠦᠷᠢᠨ ᠲᠡᠭᠦᠯᠳᠡᠷ᠂ ᠬᠡᠪᠴᠢᠶ᠎ᠡ ᠲᠠᠢ ᠡᠳᠦᠶ ᠲᠡᠳᠦᠶ ᠰᠣᠶᠣᠯ | ᠵᠢᠭᠤᠯᠴᠢᠯᠠᠯ ᠤᠨ ᠠᠵᠤ ᠦᠶᠯᠡᠰ ᠤᠨ ᠺᠣᠮᠫᠠᠨᠢ ᠪᠠ ᠠᠵᠤ ᠦᠶᠯᠡᠰ ᠤᠨ ᠬᠤᠯᠪᠣᠭ᠎ᠠ ᠶᠢ ᠪᠤᠶᠢᠵᠢᠭᠤᠯᠤᠨ᠎ᠠ᠃ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠪᠢ ᠶᠢᠨ | ᠮᠠᠰᠢᠨ ᠲᠡᠷᠭᠡ ᠬᠡᠷ ᠲᠡᠷᠭᠡ ᠶᠢᠨ ᠬᠡᠭᠡᠷ᠎ᠡ ᠪᠠᠭᠤᠳᠠᠯᠯᠠᠬᠤ ᠭᠠᠵᠠᠷ᠂ ᠵᠢᠭᠤᠯᠴᠢᠯᠠᠯ ᠤᠨ ᠤᠯᠠᠭ᠎ᠠ ᠥᠷᠲᠡᠭᠡ ᠵᠡᠷᠭᠡ ᠶᠢ | ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠵᠤ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠦᠶᠯᠡᠴᠢᠯᠡᠭᠡᠨ ᠤ ᠲᠥᠪ᠂ ᠵᠢᠭᠤᠯᠴᠢᠯᠠᠯ ᠤᠨ ᠬᠤᠩᠭᠢᠯ ᠵᠠᠮ᠂ ᠵᠢᠭᠤᠯᠴᠢᠯᠠᠯ ᠤᠨ ᠮᠡᠳᠡᠭᠡ ᠵᠠᠩᠭᠢ ᠶᠢᠨ | ᠯᠠᠪᠯᠠᠯᠭ᠎ᠠ ᠶᠢᠨ ᠦᠶᠯᠡᠴᠢᠯᠡᠭᠡ᠂ ᠵᠢᠭᠤᠯᠴᠢᠯᠠᠯ ᠤᠨ ᠵᠣᠷᠯᠣᠩ ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ | ᠲᠥᠬᠦᠷᠵᠢᠭᠦᠯᠦᠯᠲᠡ ᠶᠢ ᠲᠡᠭᠦᠯᠳᠡᠷᠵᠢᠭᠦᠯᠦᠨ᠂ ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠡᠨᠧᠷᠭᠢ | ᠬᠠᠩᠭᠠᠨ᠎ᠠ᠃ | | ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠦᠢᠯᠡᠰ ᠤᠨ ᠠᠯᠠᠱᠠ ᠠᠶᠢᠮᠠᠭ ᠤᠨ ᠣᠯᠠᠨ ᠤᠯᠤᠰ ᠤᠨ | ᠣᠷᠣᠨ ᠪᠠᠶᠢᠷᠢ ᠪᠠ ᠬᠤᠶᠠᠷ ᠶᠡᠭᠡ ᠪᠣᠭᠤᠮᠲᠠ ᠶᠢᠨ ᠨᠡᠭᠡᠭᠡᠯᠲᠡ ᠶᠢᠨ ᠳᠠᠪᠠᠭᠤᠯᠢᠭ ᠲᠤ ᠲᠦᠰᠢᠭᠯᠡᠨ᠂ ᠴᠡᠭᠡ ᠪᠣᠭᠤᠮᠲᠠ | ᠂ ᠦᠯᠵᠡᠢ ᠪᠣᠭᠤᠮᠲᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠡᠬᠡ ᠬᠠᠭᠤᠷᠠᠢ ᠶᠢᠨ ᠭᠠᠷᠠᠮ ᠪᠣᠯᠤᠨ | ᠤᠯᠠᠨᠪᠤᠯᠠᠭ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠰᠠᠭᠤᠷᠢᠨ ᠢᠶᠠᠷ ᠵᠠᠩᠭᠢᠯᠠᠭ᠎ᠠ ᠶᠢᠨ ᠴᠢᠬ ᠪᠣᠯᠭᠠᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ | ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ | ᠥᠨᠳᠥᠷ ᠦᠷ᠎ᠡ ᠪᠦᠲᠦᠮᠵᠢᠲᠡᠢ ᠰᠠᠭᠠᠳ ᠦᠭᠡᠢ ᠨᠡᠪᠲᠡᠷᠡᠬᠦ᠂ ᠣᠨᠴᠠᠯᠢᠭ ᠢᠶᠠᠷ ᠢᠯᠡ ᠲᠣᠳᠣ᠂ ᠴᠢᠳᠠᠮᠵᠢ ᠪᠠᠷ | ᠪᠦᠷᠢᠨ ᠲᠡᠭᠦᠯᠳᠡᠷ᠂ ᠪᠦᠲᠦᠴᠡ ᠪᠠᠷ ᠵᠦᠢ ᠵᠣᠬᠢᠰᠲᠠᠢ᠂ ᠵᠣᠬᠢᠴᠠᠩᠭᠤᠢ ᠪᠠᠷ ᠬᠥᠭᠵᠢᠭᠰᠡᠨ ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠨᠡᠶᠢᠭᠡᠮᠴᠢᠯᠡᠭᠰᠡᠨ᠂ ᠲᠤᠰᠬᠠᠶᠢᠵᠢᠭᠰᠠᠨ ᠡᠳ᠋ ᠪᠠᠷᠠᠭᠠᠨ ᠤ | ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠪᠠ | ᠦᠷᠳᠡᠭ ᠤᠨ ᠬᠡᠯᠬᠢᠶ᠎ᠡ ᠶᠢ ᠤᠷᠲᠤᠳᠬᠠᠵᠤ᠂ ᠡᠳ᠋ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢᠵᠢᠯᠲᠠ᠂ | ᠪᠠᠷᠢᠮᠵᠢᠶᠠᠵᠢᠯᠲᠠ᠂ ᠨᠠᠷᠢᠯᠢᠬᠵᠢᠯᠳᠠ᠂ ᠰᠦᠯᠵᠢᠶᠡᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠯᠵᠢᠶ᠎ᠠ | ᠬᠤᠳᠠᠯᠳᠤᠭᠠᠨ ᠤ ᠪᠠᠷᠠᠭᠠᠨ ᠤ ᠭᠦᠶᠯᠭᠡᠭᠡᠨ᠂ ᠴᠠᠬᠢᠮ ᠬᠤᠳᠠᠯᠳᠤᠭᠠᠨ ᠤ ᠪᠠᠷᠠᠭᠠᠨ ᠤ ᠭᠦᠶᠯᠭᠡᠭᠡᠨ᠂ ᠢᠳᠡᠭᠡᠨ | ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ ᠪᠠᠷᠠᠭᠠᠨ ᠤ ᠭᠦᠶᠯᠭᠡᠭᠡ ᠶᠢ ᠲᠦᠷᠭᠡᠳᠬᠡᠨ ᠬᠥᠭᠵᠢᠭᠦᠯᠵᠦ᠂ | ᠪᠠᠷᠢᠮᠵᠢᠶᠠᠲᠤ ᠵᠢᠷᠤᠮᠵᠢᠭᠰᠠᠨ ᠲᠦᠷᠭᠡᠨ ᠬᠦᠷᠭᠡᠯᠲᠡ ᠶᠢᠨ ᠠᠵᠢᠯᠯᠠᠭᠠᠨ ᠤ ᠲᠥᠪ ᠢ ᠪᠥᠲᠥᠭᠡᠨ ᠪᠠᠶᠢᠭᠤᠯᠵᠤ᠂ | ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠲᠤᠰᠬᠠᠶᠢᠵᠢᠭᠰᠠᠨ ᠦᠶᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠦᠯᠵᠡᠢ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠢᠵᠢ ᠪᠦᠷᠢᠳᠦᠭᠦᠯᠬᠦ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶ ᠂ ᠴᠡᠭᠡ ᠪᠣᠭᠤᠮᠲᠠ ᠶᠢᠨ | 5 ᠲᠦᠮᠡᠨ ᠲᠣᠨ ᠤ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠲᠦᠷᠦᠯ ᠢ ᠡᠳ᠋ᠰᠢᠭᠦᠯᠬᠦ ᠵᠢᠴᠢ ᠬᠦᠢᠳᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠨᠢᠭᠡ ᠪᠦᠯᠦᠭ | ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ | ᠠᠬᠢᠭᠤᠯᠤᠨ᠎ᠠ᠃ | | ᠡᠷᠡᠭᠦᠯ ᠴᠢᠭᠢᠷᠠᠭ ᠪᠡᠶ᠎ᠡ ᠰᠤᠪᠢᠯᠠᠯᠲᠠ ᠶᠢᠨ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠨᠡᠶᠢᠭᠡᠮ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠤᠨ ᠬᠠᠩᠭᠠᠯᠭ᠎ᠠ ᠶᠢ ᠡᠷᠡᠭᠦᠯᠵᠢᠭᠦᠯᠬᠦ | ᠰᠤᠪᠢᠯᠠᠯᠲᠠ᠂ ᠨᠠᠰᠤᠲᠠᠶᠢᠴᠤᠳ ᠤᠨ ᠰᠤᠪᠢᠯᠠᠯᠲᠠ᠂ ᠬᠡᠷ ᠪᠦᠯᠢ ᠶᠢᠨ ᠰᠤᠪᠢᠯᠠᠯᠲᠠ ᠪᠠ ᠡᠬᠡ ᠨᠢᠯᠬᠠᠰ ᠤᠨ | ᠰᠤᠪᠢᠯᠠᠯᠲᠠ ᠵᠡᠷᠭᠡ ᠰᠤᠪᠢᠯᠠᠯᠲᠠ ᠶᠢᠨ ᠦᠶᠯᠡᠴᠢᠯᠡᠭᠡᠨ ᠤ ᠦᠶᠯᠡᠰ ᠤᠨ ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃ | ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠣᠨᠴᠠᠯᠢᠭ ᠤᠨ | ᠳᠠᠪᠠᠭᠤᠯᠢᠭ ᠢ ᠪᠠᠳᠠᠷᠠᠭᠤᠯᠤᠨ᠂ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠪᠡᠶ᠎ᠡ | ᠴᠢᠭᠢᠷᠠᠭᠵᠢᠭᠤᠯᠵᠤ ᠡᠷᠡᠭᠦᠯᠵᠢᠭᠦᠯᠬᠦ ᠠᠵᠤ ᠦᠶᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠡᠮᠴᠢᠯᠡᠭᠡ ᠰᠤᠪᠢᠯᠠᠯᠲᠠ᠂ | ᠡᠷᠡᠭᠦᠯᠵᠢᠯ ᠰᠤᠪᠢᠯᠠᠯᠲᠠ᠂ ᠵᠢᠭᠤᠯᠴᠢᠯᠠᠯ ᠣᠷᠣᠨ ᠰᠠᠭᠤᠴᠠ᠂ ᠣᠶᠤᠨᠴᠢ ᠨᠠᠰᠤᠵᠢᠯ ᠤᠨ ᠠᠰᠠᠷᠠᠮᠵᠢ ᠶᠢ ᠨᠢᠭᠡ | ᠴᠤᠭᠴᠠᠵᠢᠭᠤᠯᠤᠭᠰᠠᠨ ᠣᠳᠣᠬᠢᠴᠢᠯᠠᠭᠰᠠᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠵᠤ᠂ ᠳᠡᠭᠡᠳᠦ ᠲᠠᠰ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠠᠵᠤ ᠦᠶᠯᠡᠰ ᠤᠨ | ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | | ᠣᠳᠣᠬᠢᠴᠢᠯᠠᠭᠰᠠᠨ ᠮᠥᠩᠭᠦᠨ ᠭᠦᠢᠯᠭᠡᠭᠡᠨ ᠤ ᠦᠢᠯᠡᠰ ᠢ ᠡᠮᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠮᠥᠩᠭᠦᠨ ᠭᠦᠢᠯᠭᠡᠭᠡᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠤᠨᠴᠠᠯᠢᠬᠳᠤ ᠮᠥᠩᠭᠦᠨ ᠭᠦᠶᠯᠭᠡᠭᠡᠨ ᠤ | ᠦᠶᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠠᠵᠤ ᠦᠶᠯᠡᠰ ᠤᠨ ᠮᠥᠩᠭᠦᠨ ᠭᠦᠶᠯᠭᠡᠭᠡ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠶᠯᠭᠡᠭᠡ ᠵᠡᠷᠭᠡ ᠲᠠᠯ᠎ᠠ ᠪᠠᠷ ᠨᠡᠯᠢᠶᠡᠳ ᠶᠡᠭᠡ ᠰᠢᠪᠲᠤᠯᠤᠯᠲᠠ ᠲᠠᠢ ᠪᠣᠯᠭᠠᠨ᠎ᠠ᠃ ᠠᠵᠤ ᠠᠬᠤᠶᠢᠯᠠᠯ | ᠬᠢᠭᠡᠳ ᠬᠤᠳᠠᠯᠳᠤᠭᠠᠨ ᠤ ᠪᠠᠩᠬᠢ᠂ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠵᠢᠵᠢᠭ ᠳᠤᠮᠳᠠ ᠠᠵᠤ ᠠᠬᠤᠶᠢᠯᠠᠯ ᠤᠨ ᠬᠤᠪᠢᠴᠠᠭ᠎ᠠ ᠶᠢᠨ ᠰᠢᠰᠲ᠋ᠧᠮ᠂ ᠰᠲ᠋ᠣᠺ ᠤᠨ | ᠡᠷᠬᠡ ᠶᠢᠨ ᠠᠷᠠᠯᠵᠢᠶ᠎ᠠ ᠶᠢᠨ ᠲᠥᠪ ᠲᠤ ᠫᠠᠶᠢᠰᠠ ᠡᠯᠭᠦᠨ ᠪᠠᠯᠠ ᠲᠣᠬᠢᠷᠠᠭᠤᠯᠬᠤ ᠶᠢ ᠳᠡᠮᠵᠢᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ | | ᠵᠠᠭᠤᠴᠢ ᠦᠢᠯᠡᠴᠢᠯᠡᠭᠡᠨ ᠤ ᠦᠢᠯᠡᠰ ᠢ ᠵᠢᠷᠤᠮᠵᠢᠭᠤᠯᠤᠨ ᠬᠥᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠥᠬᠦᠴᠡᠯ ᠢ ᠠᠭᠤᠵᠢᠭᠤ ᠲᠠᠯᠪᠢᠵᠤ᠂ ᠵᠠᠬ᠎ᠠ ᠳᠡᠯᠭᠡᠭᠦᠷ ᠤᠨ ᠠᠷᠠᠯᠵᠢᠶᠠᠨ ᠤ ᠵᠠᠭᠤᠴᠢ ᠵᠣᠬᠢᠶᠠᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠰᠢᠯᠭᠠᠨ ᠭᠡᠷᠡᠴᠢᠯᠡᠬᠦ ᠪᠠᠶᠢᠭᠤᠯᠤᠮᠵᠢ᠂ ᠬᠠᠤᠯᠢ ᠴᠠᠭᠠᠵᠠ | ᠪᠠ ᠡᠳ᠋ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠮᠡᠳᠡᠭᠡ ᠵᠠᠩᠭᠢ ᠶᠢᠨ ᠵᠥᠪᠯᠡᠯᠭᠡ ᠥᠭᠬᠦ | ᠦᠢᠯᠡᠴᠢᠯᠡᠭᠡᠨ ᠤ ᠪᠠᠶᠢᠭᠤᠯᠤᠮᠵᠢ᠂ ᠭᠡᠷ ᠤᠨ ᠶᠠᠪᠤᠳᠠᠯ ᠪᠠ ᠠᠳᠠᠯ ᠠᠬᠤᠶ ᠶᠢᠨ ᠦᠢᠯᠡᠴᠢᠯᠡᠭᠡᠨ ᠤ ᠪᠠᠶᠢᠭᠤᠯᠤᠮᠵᠢ | ᠵᠡᠷᠭᠡ ᠡᠯ᠎ᠡ ᠲᠦᠷᠦᠯ ᠤᠨ ᠵᠠᠭᠤᠴᠢ ᠪᠠᠶᠢᠭᠤᠯᠤᠮᠵᠢ ᠶᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠵᠠᠭᠤᠴᠢ | ᠪᠠᠶᠢᠭᠤᠯᠤᠮᠵᠢ ᠶᠢ ᠪᠤᠶᠢᠵᠢᠭᠤᠯᠤᠨ ᠲᠡᠳᠬᠦᠬᠦ ᠵᠢᠴᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠢᠯᠡ | ᠪᠥᠭᠡᠳ ᠭᠤᠣᠯᠴᠢ ᠪᠠᠶᠢᠬᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠵᠢᠴᠢ ᠢᠲᠡᠭᠡᠮᠵᠢ ᠶᠢᠨ | ᠦᠨᠡᠯᠡᠯᠲᠡ ᠶᠢᠨ ᠲᠦᠷᠢᠮ ᠢ ᠪᠠᠶᠢᠭᠤᠯᠤᠨ᠎ᠠ᠃ | | ᠲᠠᠪᠤᠳᠤᠭᠠᠷ ᠬᠡᠰᠡᠭ ᠲᠣᠭᠠᠴᠢᠯᠠᠭᠰᠠᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠦᠨ᠎ᠡ | | ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ | ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠡᠷᠴᠢᠮᠲᠡᠢ ᠠᠭᠤᠰᠤᠯᠴᠠᠯ ᠢ | ᠠᠬᠢᠭᠤᠯᠵᠤ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠭᠰᠠᠨ | ᠤᠶᠤᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠠᠬᠢᠭᠤᠯᠤᠨ᠎ᠠ᠃ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠵᠤ᠂ ᠬᠤᠪᠢ ᠬᠥᠮᠦᠨ ᠤ ᠮᠡᠳᠡᠭᠡ ᠵᠠᠩᠭᠢ ᠶᠢᠨ | ᠬᠠᠮᠠᠭᠠᠯᠠᠯᠲᠠ ᠶᠢ ᠪᠦᠬᠦ ᠠᠷᠠᠳ ᠤᠨ ᠲᠣᠭᠠᠴᠢᠯᠠᠭᠰᠠᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ | ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠰᠠᠶᠢᠨ ᠰᠠᠶᠢᠬᠠᠨ ᠲᠣᠭᠠᠴᠢᠯᠠᠭᠰᠠᠨ ᠠᠮᠢ ᠠᠬᠤᠢ ᠶᠢ | ᠪᠦᠷᠢᠯᠳᠦᠭᠦᠯᠦᠨ᠎ᠡ᠃ | | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠬᠦᠴᠦ ᠪᠠᠨ | ᠲᠥᠪᠯᠡᠷᠡᠭᠦᠯᠦᠨ᠎ᠡ᠃ ᠤᠯᠤᠰ ᠤᠨ ︽ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ︾ ᠶᠢᠨ ᠣᠷᠣᠭᠤᠯᠤᠯᠲᠠ ᠶᠢ | ᠨᠡᠮᠡᠭᠳᠡᠭᠦᠯᠬᠦ ᠠᠰᠢᠭᠲᠠᠶ ᠴᠠᠭ ᠲᠣᠬᠢᠶᠠᠯ ᠢ ᠠᠳᠬᠤᠨ᠂ 5G ᠥᠷᠲᠡᠭᠡ ᠶᠢᠨ ᠬᠠᠶ᠋ᠢᠭ ᠤᠨ ᠲᠥᠯᠥᠪᠵᠢᠭᠦᠯᠭᠡ ᠪᠠ | ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠤᠯ ᠪᠣᠯᠬᠤ ᠬᠤᠲᠠ ᠶᠢᠨ ᠲᠣᠭᠤᠷᠢᠭ᠂ | ᠭᠤᠤᠯᠳᠠᠯᠭ᠎ᠠ ᠲᠠᠢ ᠰᠢᠶᠠᠩ ᠪᠠᠯᠭᠠᠰᠤ᠂ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠦᠶᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠳᠤ ᠪᠦᠬᠦᠨ ᠢ ᠬᠠᠮᠤᠷᠬᠤ ᠶᠢ ᠶᠠᠪᠤᠭᠳᠠᠭᠤᠯᠤᠨ᠎ᠠ᠃ ᠠᠵᠤ ᠦᠶᠯᠡᠳᠪᠦᠷᠢ ᠶᠢᠨ | ᠢᠨᠲ᠋ᠧᠷ ᠰᠦᠯᠵᠢᠶᠡᠨ ᠤ ᠲᠠᠪᠴᠠᠩ ᠪᠠ ᠢᠯᠭᠠᠬᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ | ᠵᠠᠩᠭᠢᠶᠠᠰᠤ ᠶᠢ ᠲᠦᠷᠭᠡᠳᠬᠡᠨ ᠪᠠᠶᠢᠭᠤᠯᠵᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠰᠠᠭᠤᠷᠢ | ᠥᠷᠲᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠳᠣᠬᠢᠶ᠎ᠠ ᠶᠢᠨ ᠴᠢᠬᠤᠯᠠ ᠬᠡᠷᠡᠭᠯᠡᠭᠡᠨ ᠤ IPV6 ᠶᠢ ᠲᠠᠰ | ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠎ᠡ᠃ ᠣᠷᠣᠨ ᠤ ᠬᠡᠰᠡᠭ ᠤᠨ ᠬᠡᠯᠬᠢᠶᠡᠰᠦ ᠶᠢᠨ ᠮᠡᠷᠭᠡᠵᠢᠯ ᠢ | ᠰᠦᠪᠡᠭᠴᠢᠯᠡᠨ ᠬᠡᠷᠡᠭᠯᠡᠵᠦ᠂ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠠᠷᠠᠯᠵᠢᠶ᠎ᠠ᠂ ᠬᠢᠨᠠᠯᠲᠠ ᠬᠠᠮᠢᠶᠠᠷᠤᠯᠲᠠ ᠶᠢᠨ | ᠠᠮᠤᠷ ᠲᠦᠪᠰᠢᠨ ᠵᠢᠴᠢ ᠠᠭᠤᠰᠤᠯᠴᠠᠭᠤᠯᠤᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠷᠠᠭᠠᠨ ᠤ | ᠭᠦᠶᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠪᠠᠯᠭᠠᠰᠤ ᠶᠢᠨ ᠬᠠᠮᠢᠶᠠᠷᠤᠯᠲᠠ᠂ ᠡᠮᠴᠢᠯᠡᠭᠡ᠂ ᠨᠠᠰᠤᠵᠢᠯ ᠤᠨ | ᠠᠰᠠᠷᠠᠮᠵᠢ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠭᠠᠯ ᠲᠦᠢᠮᠡᠷ ᠢ ᠤᠨᠲᠠᠷᠠᠭᠠᠬᠤ ᠵᠡᠷᠭᠡ ᠬᠦᠷᠢᠶ᠎ᠡ | ᠴᠠᠷᠠᠭ᠎ᠠ ᠳᠤ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠭᠦᠨᠵᠡᠭᠡᠶ ᠤᠷᠤᠭᠰᠢ ᠠᠬᠢᠭᠤᠯᠵᠤ᠂ ︽ᠤᠶᠤᠨᠲᠤ | ᠠᠯᠠᠱᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | | ᠲᠣᠭᠠᠴᠢᠯᠠᠭᠰᠠᠨ ᠠᠵᠤ ᠦᠶᠯᠡᠰ ᠤᠨ ᠦᠰᠦᠨ ᠪᠤᠵᠠᠭᠠᠶᠢᠷᠠᠬᠤ ᠶᠢ ᠲᠦᠷᠭᠡᠳᠬᠡᠨ ᠠᠬᠢᠭᠤᠯᠤᠨ᠎ᠠ᠃ ᠥᠨᠳᠥᠷ | ᠬᠢᠷᠢ ᠲᠦᠪᠰᠢᠨ ᠪᠥᠬᠦᠶ ᠲᠣᠮᠣ ᠳ᠋ᠠᠶᠢᠲ᠋ᠠ ᠶᠢᠨ ᠠᠵᠤ ᠦᠶᠯᠡᠰ ᠤᠨ ᠲᠥᠪᠯᠡᠷᠡᠯ ᠤᠨ ᠣᠷᠣᠨ ᠢ ᠪᠠᠶᠢᠷᠢᠯᠠᠭᠤᠯᠬᠤ ᠪᠠᠷ | ᠢᠳᠡᠪᠬᠢᠲᠡᠶ ᠴᠢᠷᠮᠠᠶᠢᠵᠤ᠂ ᠭᠠᠵᠠᠷ ᠠᠭᠤᠳᠠᠮ ᠬᠥᠮᠦᠨ ᠴᠥᠭᠡᠨ᠂ ᠴᠠᠬᠢᠯᠭᠠᠨ ᠤ ᠦᠨ᠎ᠡ ᠬᠢᠮᠳᠠ ᠪᠠᠶᠢᠬᠤ | ᠳᠠᠪᠠᠭᠤᠯᠢᠭ ᠢ ᠠᠰᠢᠭᠯᠠᠨ᠂ ᠨᠠᠩ ᠣᠯᠠᠨ ᠠᠵᠤ ᠠᠬᠤᠶᠢᠯᠠᠯ᠂ ᠲᠥᠷᠥᠯ ᠵᠦᠶᠯ ᠤᠨ ᠲᠥᠪᠯᠡᠷᠡᠨ ᠬᠥᠭᠵᠢᠬᠦ ᠶᠢ | ᠲᠡᠳᠡᠨ ᠠᠪᠴᠢᠷᠠᠵᠤ᠂ ᠨᠢᠭᠡ ᠪᠦᠯᠦᠭ ᠳ᠋ᠠᠶᠢᠲ᠋ᠠ ᠶᠢᠨ ᠲᠥᠪ ᠲᠤ ᠡᠷᠦᠬᠡ ᠠᠮᠠ ᠣᠷᠣᠭᠤᠯᠵᠤ᠂ ᠡᠭᠦᠯᠡᠨ ᠪᠤᠳᠤᠯᠲᠠ᠂ | ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠣᠷᠣᠨ ᠬᠡᠰᠡᠭ ᠤᠨ ᠬᠡᠯᠬᠢᠶ᠎ᠡ᠂ ᠵᠣᠬᠢᠶᠠᠮᠠᠯ | ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠶᠯᠡᠰ ᠤᠨ | ᠪᠥᠭᠡᠮᠨᠡᠷᠡᠯ ᠢ ᠬᠦᠴᠦᠯᠡᠨ ᠪᠤᠶᠢᠵᠢᠭᠤᠯᠵᠤ᠂ ᠠᠵᠤ ᠦᠶᠯᠡᠰ ᠤᠨ ᠰᠢᠰᠲ᠋ᠧᠮᠵᠢ ᠶᠢᠨ ᠰᠢᠨ᠎ᠡ ᠲᠤᠯᠭᠠᠭᠤᠷᠢ ᠶᠢ | ᠴᠣᠭᠴᠠᠯᠠᠨ ᠪᠠᠶᠢᠭᠤᠯᠤᠨ᠎ᠠ᠃ ᠰᠢᠨ᠎ᠡ ᠨᠢᠭᠡ ᠦᠶ᠎ᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠦᠶᠯᠡᠴᠢᠯᠡᠭᠡᠨ ᠤ | ᠠᠵᠤ ᠠᠬᠤᠶᠢᠯᠠᠯ ᠢ ᠲᠦᠷᠭᠡᠳᠬᠡᠨ᠂ ᠡᠯ᠎ᠡ ᠲᠥᠷᠥᠯ ᠤᠨ ᠠᠵᠤ ᠠᠬᠤᠶᠢᠯᠠᠯ ᠳᠤ ᠬᠠᠨᠳᠤᠭᠤᠯᠤᠭᠰᠠᠨ ᠮᠡᠳᠡᠭᠡ | ᠵᠠᠩᠭᠢ ᠶᠢᠨ ᠦᠶᠯᠡᠴᠢᠯᠡᠭᠡᠨ ᠤ ᠦᠶᠯᠡᠳᠬᠦᠨ ᠢ ᠬᠠᠩᠭᠠᠵᠤ᠂ ᠨᠢᠭᠡ ᠪᠦᠯᠦᠭ ᠠᠳᠠᠯᠢ ᠪᠤᠰᠤ ᠲᠠᠯᠠᠪᠤᠷ ᠲᠤ | ᠬᠠᠨᠳᠤᠭᠤᠯᠤᠭᠰᠠᠨ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠵᠥᠭᠡᠯᠡᠨ ᠲᠣᠨᠤᠭ ᠪᠠ ᠰᠢᠰᠲ᠋ᠧᠮ ᠵᠢᠴᠢ ᠭᠦᠨᠵᠡᠭᠡᠶ | ᠰᠤᠷᠤᠯᠴᠠᠬᠤ ᠴᠢᠳᠠᠪᠤᠷᠢ ᠲᠠᠢ ᠣᠶᠤᠨᠴᠢ ᠵᠥᠭᠡᠯᠡᠨ ᠲᠣᠨᠤᠭ ᠪᠠ ᠰᠢᠶᠳᠪᠦᠷᠢᠯᠡᠬᠦ ᠲᠥᠰᠦᠯ ᠢ ᠪᠦᠷᠢᠯᠳᠦᠭᠦᠯᠦᠨ᠎ᠡ᠃ | | ᠢᠨᠲ᠋ᠧᠷ ᠰᠦᠯᠵᠢᠶ᠎ᠡ ᠬᠢᠭᠡᠳ ᠤᠯᠠᠮᠵᠢᠯᠠᠯᠲᠤ ᠠᠵᠤ ᠦᠢᠯᠡᠰ ᠤᠨ ᠠᠭᠤᠰᠤᠯᠳᠤᠨ ᠬᠥᠭᠵᠢᠬᠦ ᠪᠠ ᠬᠡᠷᠡᠭᠯᠡᠬᠦ ᠶᠢ | ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠣᠯᠠᠨ ᠳᠡᠰ ᠳᠠᠪᠬᠤᠷᠭ᠎ᠠ ᠶᠢᠨ ᠠᠵᠤ ᠦᠢᠯᠡᠳᠪᠦᠷᠢ ᠶᠢᠨ | ᠢᠨᠲ᠋ᠧᠷ ᠰᠦᠯᠵᠢᠶᠡᠨ ᠤ ᠲᠠᠪᠴᠠᠩ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠠᠪᠴᠠᠩ᠂ ᠬᠠᠮᠵᠢᠯᠴᠠᠨ ᠰᠢᠨ᠎ᠡ ᠶᠢ | ᠡᠭᠦᠳᠬᠦ ᠲᠠᠪᠴᠠᠩ ᠵᠡᠷᠭᠡ ︽ᠢᠨᠲ᠋ᠧᠷ ᠰᠦᠯᠵᠢᠶ᠎ᠡ + ᠠᠵᠤ ᠦᠢᠯᠡᠳᠪᠦᠷᠢ︾ ᠶᠢᠨ ᠲᠥᠬᠦᠭᠡᠷᠦᠮᠵᠢ ᠶᠢ | ᠲᠦᠷᠭᠡᠪᠴᠢᠯᠡᠨ ᠪᠠᠶᠢᠭᠤᠯᠬᠤ ᠶᠢ ᠳᠡᠮᠵᠢᠵᠦ᠂ ᠲᠣᠮᠣ ᠳ᠋ᠠᠶᠢᠲ᠋ᠠ᠂ ᠠᠵᠤ ᠦᠶᠯᠡᠳᠪᠦᠷᠢ ᠶᠢᠨ ᠡᠭᠦᠯᠡᠨ ᠰᠦᠯᠵᠢᠶ᠎ᠡ᠂ | ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠶᠢᠨ ᠦᠶᠯᠡᠳᠬᠦ ᠦᠶᠯᠡᠰ ᠤᠨ ᠬᠦᠷᠢᠶᠡᠨ ᠳᠠᠬᠢ ᠬᠤᠷᠠᠮᠠᠯ | ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠠᠵᠤ ᠦᠶᠯᠡᠰ ᠤᠨ ᠵᠠᠭᠪᠤᠷ ᠪᠠ ᠠᠵᠤ ᠠᠬᠤᠶᠢᠯᠠᠯ ᠤᠨ ᠬᠡᠯᠪᠡᠷᠢ ᠪᠠᠶᠢᠳᠠᠯ ᠤᠨ | ᠦᠨᠳᠦᠰᠦᠨ ᠴᠢᠨᠠᠷᠲᠠᠶ ᠬᠤᠪᠢᠷᠠᠯᠲᠠ ᠶᠢ ᠠᠬᠢᠭᠤᠯᠤᠨ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠪᠥᠲᠥᠭᠡᠨ ᠪᠠᠶᠢᠭᠤᠯᠵᠤ᠂ ᠠᠵᠤ ᠠᠬᠤᠶᠢᠯᠠᠯ ᠤᠨ ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ ︽ᠤᠶᠤᠨᠲᠤ ᠦᠶᠯᠡᠳᠪᠦᠷᠢ︾ ᠪᠠ ︽ᠲᠣᠭᠠᠴᠢᠯᠠᠭᠰᠠᠨ ᠦᠶᠯᠡᠳᠪᠦᠷᠢ ᠶᠢᠨ ᠲᠠᠰᠤᠭ︾ ᠢ | ᠴᠢᠷᠮᠠᠶᠢᠨ ᠪᠠᠶᠢᠭᠤᠯᠤᠨ᠎ᠠ᠃ ᠰᠢᠯᠵᠢᠮᠡᠯ ᠴᠠᠬᠢᠮ ᠬᠤᠳᠠᠯᠳᠤᠭᠠᠨ ᠤ ᠶᠠᠪᠤᠳᠠᠯ᠂ ᠬᠢᠯᠢ ᠠᠯᠤᠰᠯᠠᠭᠰᠠᠨ ᠴᠠᠬᠢᠮ | ᠬᠤᠳᠠᠯᠳᠤᠭᠠᠨ ᠤ ᠶᠠᠪᠤᠳᠠᠯ ᠪᠠ ᠬᠥᠳᠡᠭᠡ ᠲᠣᠰᠬᠤᠨ ᠤ ᠴᠠᠬᠢᠮ ᠬᠤᠳᠠᠯᠳᠤᠭᠠᠨ ᠤ ᠶᠠᠪᠤᠳᠠᠯ ᠢ ᠲᠦᠷᠭᠡᠳᠬᠡᠨ | ᠬᠥᠭᠵᠢᠭᠦᠯᠵᠦ᠂ ᠴᠠᠬᠢᠮ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ᠂ | ᠣᠷᠣᠯᠠᠨ ᠡᠵᠡᠩᠨᠡᠬᠦ ᠦᠶᠯᠡᠴᠢᠯᠡᠭᠡ᠂ ᠳ᠋ᠠᠶᠢᠲ᠋ᠠ ᠶᠢᠨ ᠰᠠᠭᠤᠷᠢ ᠦᠶᠯᠡᠴᠢᠯᠡᠭᠡ᠂ ᠯᠠᠪᠯᠠᠭ᠎ᠠ ᠥᠭᠬᠦ ᠰᠤᠷᠭᠠᠨ ᠬᠥᠮᠦᠵᠢᠯ | ᠵᠡᠷᠭᠡ ᠠᠵᠤ ᠦᠶᠯᠡᠰ ᠢ ᠬᠥᠭᠵᠢᠭᠦᠯᠵᠦ᠂ ᠴᠠᠬᠢᠮ ᠰᠦᠯᠵᠢᠶ᠎ᠡ + ᠰᠦᠯᠵᠢᠶᠡᠨ ᠭᠠᠳᠠᠨᠠᠬᠢ ᠶᠢ ᠭᠦᠨᠵᠡᠭᠡᠶ | ᠤᠶᠠᠯᠳᠤᠭᠤᠯᠬᠤ ᠪᠠᠷ ᠳᠠᠮᠵᠢᠭᠤᠯᠤᠨ᠂ ᠵᠢᠵᠢᠭᠯᠡᠨ ᠬᠤᠳᠠᠯᠳᠤᠬᠤ ᠬᠤᠳᠠᠯᠳᠤᠭᠠᠨ ᠤ ᠰᠢᠨ᠎ᠡ ᠵᠠᠭᠪᠤᠷ ᠲᠤ ᠰᠢᠨ᠎ᠡ ᠶᠢ | ᠡᠭᠦᠳᠦᠨ᠎ᠡ᠃ | | ᠲᠣᠭᠠᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠯ᠎ᠡ | ᠲᠥᠷᠥᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠠᠰᠢᠭᠲᠠᠶ ᠴᠠᠭ ᠲᠣᠬᠢᠶᠠᠯ ᠢ ᠴᠢᠩᠭ᠎ᠠ | ᠠᠳᠬᠤᠨ᠂ ᠨᠢᠭᠡᠳᠦᠯᠲᠡᠶ ᠲᠥᠯᠥᠪᠵᠢᠭᠦᠯᠵᠦ᠂ ᠨᠢᠭᠡᠳᠦᠯᠲᠡᠶ ᠲᠠᠪᠴᠠᠩ᠂ ᠨᠢᠭᠡᠳᠦᠯᠲᠡᠶ ᠪᠠᠷᠢᠮᠵᠢᠶ᠎ᠠ ᠶᠢ ᠠᠳᠬᠤᠵᠤ᠂ | ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤᠪᠠᠷ ᠭᠥᠷᠳᠡᠬᠦ ᠪᠠ ᠣᠯᠠᠨ ᠨᠡᠶᠢᠲᠡ ᠶᠢᠨ | ᠮᠡᠳᠡᠭᠡ ᠵᠠᠩᠭᠢ ᠶᠢᠨ ᠡᠬᠢ ᠪᠠᠶᠠᠯᠢᠭ ᠢ ᠴᠢᠯᠥᠭᠡᠲᠡᠶ ᠨᠡᠭᠡᠭᠡᠬᠦ ᠶᠢ ᠬᠦᠴᠦᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠰᠢᠰᠲ᠋ᠧᠮ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ᠂ | ᠲᠤᠬᠠᠶᠢᠯᠠᠭᠰᠠᠨ ᠠᠵᠢᠯ ᠤᠨ ᠴᠤᠪᠤᠷᠠᠯ ᠢ ᠬᠠᠮᠵᠢᠯᠴᠠᠨ ᠳᠠᠬᠢᠨ ᠡᠭᠦᠳᠬᠦ ᠶᠢ ᠪᠡᠶᠡᠯᠡᠭᠦᠯᠦᠨ᠂ ᠵᠠᠰᠠᠭ ᠤᠨ ᠣᠷᠳᠣᠨ ᠤ | ᠵᠠᠰᠠᠯᠲᠠ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ | | ᠵᠢᠷᠭᠤᠳᠤᠭᠠᠷ ᠬᠡᠰᠡᠭ ᠪᠠᠷᠢᠯᠭ᠎ᠠ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ | | ᠪᠠᠷᠢᠯᠭ᠎ᠠ ᠶᠢᠨ ᠠᠵᠤ ᠠᠬᠤᠶᠢᠯᠠᠯ ᠤᠨ ᠣᠯᠠᠨ ᠡᠰᠢᠴᠢᠯᠡᠨ ᠡᠵᠡᠩᠨᠡᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠶᠡᠭᠡ ᠬᠡᠪᠴᠢᠶ᠎ᠡ ᠪᠠᠷ᠂ ᠭᠤᠤᠯ ᠠᠵᠢᠯ ᠢᠶᠠᠨ ᠬᠦᠴᠦᠷᠬᠡᠭᠵᠢᠭᠦᠯᠦᠨ᠂ ᠲᠤᠰᠬᠠᠶ ᠮᠡᠷᠭᠡᠵᠢᠯ ᠢᠶᠠᠨ | ᠨᠠᠷᠢᠯᠢᠭ ᠬᠢᠬᠦ ᠶᠢ ᠳᠡᠮᠵᠢᠵᠦ᠂ ᠪᠠᠷᠢᠯᠭ᠎ᠠ ᠶᠢᠨ ᠦᠶᠯᠡᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠂ ᠪᠠᠷᠢᠯᠭ᠎ᠠ ᠶᠢᠨ ᠦᠶᠯᠡᠰ ᠤᠨ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠠᠬᠢ ᠦᠶᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | | ᠪᠠᠷᠢᠯᠭ᠎ᠠ ᠶᠢᠨ ᠦᠢᠯᠡᠰ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠢᠯᠭ᠎ᠠ ᠶᠢᠨ | ᠦᠢᠯᠡᠰ ᠤᠨ ᠭᠤᠣᠯᠯᠠᠭᠴᠢ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠵᠤ | ᠪᠠᠶᠢᠭᠰᠠᠨ ᠠᠴᠠ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ ᠲᠡᠰᠢ ᠬᠥᠭᠵᠢᠭᠦᠯᠬᠦ᠂ ᠲᠠᠩ ᠭᠠᠭᠴᠠ | ᠪᠠᠷᠢᠯᠭ᠎ᠠ ᠶᠢᠨ ᠠᠵᠢᠯ ᠬᠢᠵᠦ ᠪᠠᠶᠢᠭᠰᠠᠨ ᠠᠴᠠ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠥᠨᠳᠥᠷ ᠳᠡᠭᠡᠳᠦ ᠲᠤᠤᠷᠠᠳᠤ | ᠤᠷᠤᠰᠬᠠᠯ ᠤᠨ ᠠᠵᠤ ᠦᠢᠯᠡᠰ ᠲᠡᠰᠢ ᠤᠷᠲᠤᠳᠬᠠᠬᠤ ᠶᠢ ᠲᠡᠳᠬᠦᠵᠦ᠂ ᠨᠢᠭᠡ ᠪᠦᠯᠦᠭ ᠠᠵᠤ ᠠᠬᠤᠶᠢᠯᠠᠯ ᠤᠨ | ᠵᠠᠰᠠᠮᠠᠯ ᠵᠠᠮ᠂ ᠲᠡᠮᠥᠷ ᠵᠠᠮ᠂ ᠴᠠᠬᠢᠯᠭᠠᠨ ᠬᠦᠴᠦᠨ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ᠂ ᠴᠢᠮᠡᠭᠡ | ᠬᠤᠯᠪᠣᠭ᠎ᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠲᠤᠰᠬᠠᠶ ᠮᠡᠷᠭᠡᠵᠢᠯ ᠲᠡᠰᠢ | ᠬᠥᠭᠵᠢᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠦᠶᠯᠡᠰ ᠤᠨ ᠶᠡᠷᠦᠩᠬᠡᠶ ᠬᠡᠯᠲᠡᠰ ᠤᠨ ᠠᠵᠤ ᠠᠬᠤᠶ ᠶᠢ | ᠪᠤᠵᠠᠭᠠᠶᠢᠷᠠᠭᠤᠯᠤᠨ᠂ ᠪᠠᠷᠢᠯᠭ᠎ᠠ ᠶᠢᠨ ᠠᠵᠤ ᠠᠬᠤᠶᠢᠯᠠᠯ ᠤᠨ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠨᠠᠷᠠᠲᠤ ᠲᠥᠷᠥᠯ ᠲᠡᠮᠳᠡᠭᠵᠢᠭᠦᠯᠬᠦ᠂ ᠲᠤᠰᠬᠠᠶᠢᠵᠢᠭᠤᠯᠬᠤ ᠳᠠᠰᠢ ᠬᠥᠭᠵᠢᠭᠦᠯᠵᠦ | ᠂ ᠨᠠᠷᠠᠲᠤ ᠲᠥᠷᠥᠯ ᠲᠡᠮᠳᠡᠭᠲᠦ ᠶᠢᠨ ᠴᠢᠨᠠᠷ ᠰᠠᠶᠢᠲᠠᠶ ᠪᠠᠷᠢᠯᠭ᠎ᠠ ᠪᠠ ᠨᠠᠷᠠᠲᠤ ᠲᠥᠷᠥᠯ ᠲᠡᠮᠳᠡᠭᠲᠦ ᠪᠠᠷᠢᠯᠭ᠎ᠠ ᠶᠢᠨ ᠠᠵᠤ | ᠠᠬᠤᠶᠢᠯᠠᠯ ᠢ ᠡᠭᠦᠳᠦᠨ ᠪᠠᠶᠢᠭᠤᠯᠤᠨ᠎ᠠ᠃ | | ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠬᠢᠷᠢ ᠠᠵᠤ ᠦᠢᠯᠡᠳᠪᠦᠷᠢᠵᠢᠯᠲᠡ ᠶᠢᠨ ᠪᠠᠷᠢᠯᠭ᠎ᠠ ᠶᠢᠨ | ᠵᠠᠭᠪᠤᠷ ᠢ ᠳᠡᠯᠭᠡᠷᠡᠭᠦᠯᠵᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠮᠡᠷᠭᠡᠵᠢᠯ ᠢ ᠨᠡᠭᠡᠭᠡᠨ ᠠᠰᠢᠭᠯᠠᠬᠤ ᠶᠢ | ᠵᠣᠷᠢᠭᠵᠢᠭᠤᠯᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠬᠢᠭᠡᠳ ᠪᠠᠯᠠ ᠣᠷᠣᠭᠤᠯᠤᠯᠲᠠ ᠶᠢ ᠨᠢᠭᠡ ᠴᠣᠠᠠᠴᠠᠵᠢᠭᠤᠯᠬᠤ᠂ | ᠵᠢᠷᠤᠭᠯᠠᠨ ᠲᠥᠯᠥᠪᠯᠡᠵᠦ ᠪᠠᠷᠢᠯᠭ᠎ᠠ ᠪᠠᠷᠢᠬᠤ ᠬᠠᠮᠢᠶᠠᠷᠤᠯᠲᠠ ᠶᠢ ᠨᠢᠭᠡ ᠴᠣᠠᠠᠴᠠᠵᠢᠭᠤᠯᠬᠤ᠂ ᠪᠠᠷᠢᠯᠭ᠎ᠠ ᠬᠢᠭᠡᠳ ᠵᠠᠰᠠᠵᠤ | ᠴᠢᠮᠡᠭᠯᠡᠬᠦ ᠶᠢ ᠨᠢᠭᠡ ᠴᠣᠠᠠᠴᠠᠵᠢᠭᠤᠯᠬᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠬᠢᠭᠡᠳ | ᠨᠡᠭᠡᠭᠡᠨ ᠬᠥᠭᠵᠢᠭᠦᠯᠬᠦ ᠶᠢ ᠨᠢᠭᠡ ᠴᠣᠠᠠᠴᠠᠵᠢᠭᠤᠯᠬᠤ ᠠᠵᠢᠯᠯᠠᠭᠠᠨ ᠤ ᠵᠠᠭᠪᠤᠷ ᠢ ᠰᠦᠪᠡᠭᠴᠢᠯᠡᠨ ᠪᠠᠶᠢᠭᠤᠯᠵᠤ᠂ | ᠪᠠᠷᠢᠯᠭ᠎ᠠ ᠶᠢᠨ ᠦᠶᠯᠡᠳᠬᠦᠨ ᠢ ᠪᠠᠷᠢᠯᠭ᠎ᠠ ᠶᠢᠨ ᠲᠠᠸᠠᠷ ᠡᠵᠡᠩᠨᠡᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠲᠤ ᠰᠢᠨ᠎ᠡ ᠶᠢ ᠡᠭᠦᠳᠴᠦ᠂ ᠬᠢᠷᠢ ᠴᠢᠳᠠᠮᠵᠢ ᠶᠢᠨ ᠵᠡᠷᠭᠡ ᠳᠡᠰ ᠢ ᠳᠡᠭᠡᠭᠰᠢᠯᠡᠭᠦᠯᠦᠨ᠂ ᠪᠠᠯᠠ ᠳᠣᠭᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠬᠥᠮᠦᠵᠢᠭᠦᠯᠦᠨ᠂ ᠪᠠᠷᠢᠯᠭ᠎ᠠ ᠶᠢᠨ ᠦᠶᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ | ᠪᠦᠷᠢᠯᠳᠦᠭᠦᠯᠦᠨ᠎ᠡ᠃ | | ᠳᠣᠯᠤᠳᠤᠭᠠᠷ ᠬᠡᠰᠡᠭ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠴᠡ ᠪᠠ ᠪᠠᠶᠢᠷᠢᠰᠢᠯ ᠢ | ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠨᠡᠮᠡᠯᠲᠡ ᠦᠷᠳᠡᠭ ᠪᠠ | ᠨᠠᠶᠢᠳᠠᠪᠤᠷᠢᠲᠤ ᠴᠢᠨᠠᠷ ᠢ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠷᠳᠤ ᠬᠠᠪᠲᠠᠰᠤ ᠶᠢ | ᠳᠠᠪᠲᠠᠨ ᠪᠣᠯᠪᠠᠰᠤᠷᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰ ᠤᠨ ᠪᠣᠯᠭᠠᠬᠤ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠶᠢ | ᠲᠦᠯᠬᠢᠨ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠤᠳᠠᠯ ᠢ | ᠨᠥᠬᠦᠪᠥᠷᠢᠯᠡᠵᠦ᠂ ᠴᠢᠬᠤᠯᠠ ᠦᠢᠯᠡᠳᠬᠦᠨ ᠪᠠ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠶᠳᠪᠦᠷᠢᠯᠡᠬᠦ | ᠡᠷᠴᠢᠮ ᠢ ᠴᠢᠩᠭᠠᠷᠠᠭᠤᠯᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠥᠭᠵᠢᠭᠦᠯᠦᠨ᠂ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠯᠠᠨ ᠡᠰᠢᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠭᠰᠠᠨ ᠡᠨᠧᠷᠭᠢ ᠪᠠᠷ ᠤᠯᠠᠮᠵᠢᠯᠠᠯᠲᠤ | ᠳᠠᠪᠠᠭᠤᠯᠢᠭ ᠠᠵᠤ ᠦᠶᠯᠡᠰ ᠢ ᠣᠯᠭᠤᠵᠤ᠂ ᠲᠣᠭᠠᠴᠢᠯᠠᠭᠰᠠᠨ ᠮᠡᠷᠭᠡᠵᠢᠯ ᠢ ᠰᠤᠳᠤᠯᠤᠨ ᠨᠡᠭᠡᠭᠡᠵᠦ ᠵᠢᠷᠤᠵᠤ | ᠲᠥᠯᠥᠪᠯᠡᠬᠦ᠂ ᠪᠠᠷᠠᠭᠠᠨ ᠤ ᠭᠦᠶᠯᠭᠡᠭᠡᠨ ᠤ ᠬᠠᠩᠭᠠᠯᠭ᠎ᠠ᠂ ᠦᠶᠯᠡᠳᠪᠦᠷᠢᠯᠡᠵᠦ ᠦᠶᠯᠡᠳᠬᠦ᠂ ᠬᠡᠷᠡᠭᠯᠡᠭᠡᠨ ᠤ | ᠦᠶᠯᠡᠴᠢᠯᠡᠭᠡ ᠵᠡᠷᠭᠡ ᠭᠤᠭᠴᠤᠭ᠎ᠠ ᠳᠤ ᠣᠷᠭᠠᠨᠢᠭ ᠢᠶᠠᠷ ᠠᠭᠤᠰᠬᠠᠨ ᠣᠷᠣᠭᠤᠯᠵᠤ᠂ ᠠᠵᠤ ᠦᠶᠯᠡᠰ ᠤᠨ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠷᠭᠢᠯᠲᠡ ᠶᠢ ᠠᠬᠢᠭᠤᠯᠤᠨ᠎ᠠ᠃ ᠲᠣᠭᠠᠴᠢᠯᠠᠭᠰᠠᠨ ᠤᠶᠤᠨᠴᠢᠯᠠᠭᠰᠠᠨ | ᠮᠡᠷᠭᠡᠵᠢᠯ᠂ ᠬᠤᠰᠢᠭᠤᠷᠠᠯ ᠮᠡᠷᠭᠡᠵᠢᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠪᠠᠷ | ᠤᠳᠤᠷᠢᠳᠤᠮᠵᠢ ᠪᠣᠯᠭᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ | ᠤᠶᠤᠨᠴᠢᠯᠠᠭᠰᠠᠨ ᠠᠵᠤ ᠠᠬᠤᠶ ᠪᠠᠷ ᠲᠥᠯᠥᠭᠡᠯᠡᠭᠦᠯᠦᠭᠰᠡᠨ ᠢᠷᠡᠭᠡᠳᠦᠶ ᠶᠢᠨ ᠠᠵᠤ ᠦᠢᠯᠡᠰ ᠢ ᠪᠠᠶᠢᠷᠢᠰᠢᠭᠤᠯᠵᠤ᠂ | ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠲᠡᠰᠢ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠠᠵᠤ | ᠦᠶᠯᠡᠰ ᠤᠨ ᠬᠡᠯᠬᠢᠶ᠎ᠡ ᠶᠢ ᠮᠠᠨ ᠤ ᠠᠶᠢᠮᠠᠭ ᠲᠤ ᠡᠷᠦᠬᠡ ᠠᠮᠠ ᠣᠷᠣᠭᠤᠯᠬᠤ ᠶᠢ ᠢᠳᠡᠪᠬᠢᠲᠡᠶ ᠪᠠᠷ ᠲᠡᠳᠡᠨ | ᠣᠷᠣᠭᠤᠯᠵᠤ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠤᠳᠤᠯᠤᠨ ᠨᠡᠭᠡᠭᠡᠬᠦ ᠠᠵᠤ | ᠦᠶᠯᠡᠰ ᠤᠨ ᠪᠦᠲᠦᠴᠡ ᠶᠢᠨ ᠱᠠᠲᠤᠯᠠᠨ ᠰᠢᠯᠵᠢᠬᠦ ᠣᠷᠣᠨ ᠵᠠᠶ ᠶᠢᠨ ᠳᠠᠯᠳᠠ ᠬᠦᠴᠦᠨ ᠢ ᠠᠭᠤᠳᠠᠯᠵᠤ᠂ ᠠᠵᠤ | ᠦᠶᠯᠡᠰ ᠤᠨ ᠰᠢᠯᠵᠢᠯᠲᠡ ᠶᠢ ᠢᠳᠡᠪᠬᠢᠲᠡᠶ ᠪᠠᠷ ᠳᠠᠭᠠᠭᠠᠨ ᠠᠪᠤᠨ᠎ᠠ᠃ ᠠᠵᠤ ᠦᠶᠯᠡᠰ ᠤᠨ ᠰᠠᠭᠤᠷᠢ ᠶᠢ ᠳᠠᠬᠢᠨ | ᠪᠠᠶᠢᠭᠤᠯᠬᠤ ᠪᠠ ᠠᠵᠤ ᠦᠶᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠠᠵᠤ ᠦᠶᠯᠡᠰ ᠤᠨ ᠬᠡᠯᠬᠢᠶ᠎ᠡ ᠶᠢᠨ ᠳᠤᠲᠠᠭᠳᠠᠵᠤ ᠪᠠᠶᠢᠭ᠎ᠠ ᠲᠥᠷᠥᠯ ᠵᠦᠶᠯ ᠢ ᠶᠡᠬᠡᠪᠡᠷ ᠣᠷᠣᠭᠤᠯᠤᠨ ᠠᠪᠴᠢᠷᠠᠵᠤ᠂ | ᠲᠥᠷᠥᠯ ᠵᠦᠶᠯ ᠢ ᠲᠠᠰ ᠳᠡᠪᠰᠢᠭᠦᠯᠦᠨ᠂ ᠠᠶᠢᠮᠠᠭ ᠤᠨ ᠳᠣᠲᠣᠭᠠᠳᠤ ᠶᠢᠨ ᠠᠵᠤ ᠦᠶᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠤᠭᠤᠷᠣᠨᠳᠣ᠂ ᠠᠵᠤ ᠦᠶᠯᠡᠰ ᠤᠨ | ᠬᠤᠭᠤᠷᠣᠨᠳᠣ᠂ ᠠᠵᠤ ᠠᠬᠤᠶᠢᠯᠠᠯ ᠤᠨ ᠬᠤᠭᠤᠷᠣᠨᠳᠣ ᠠᠵᠤ ᠦᠶᠯᠡᠰ ᠤᠨ ᠬᠠᠷᠢᠯᠴᠠᠨ ᠨᠥᠬᠦᠪᠥᠷᠢᠯᠡᠬᠦ᠂ | ᠦᠶᠯᠡᠳᠪᠦᠷᠢᠯᠡᠯ ᠤᠨ ᠬᠠᠷᠢᠯᠴᠠᠨ ᠨᠥᠬᠦᠪᠥᠷᠢᠯᠡᠬᠦ᠂ ᠬᠠᠩᠭᠠᠯᠭ᠎ᠠ ᠶᠢᠨ ᠬᠠᠷᠢᠯᠴᠠᠨ ᠨᠥᠬᠦᠪᠥᠷᠢᠯᠡᠬᠦ ᠶᠢ ᠠᠯᠬᠤᠮ | ᠠᠯᠬᠤᠮ ᠢᠶᠠᠷ ᠪᠦᠷᠢᠯᠳᠦᠭᠦᠯᠦᠨ᠎ᠡ᠃ | | ᠲᠤᠰᠬᠠᠶ ᠪᠤᠯᠤᠩ 13᠄ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ | | 1. ᠣᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠄ ① | ᠨᠡᠭᠦᠷᠡᠰᠦ - ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ - ᠮᠤᠲ᠋ᠠᠨᠤᠯ /LNG/ᠡᠲ᠋ᠢᠨ - 1᠂ 4- ᠪᠦᠲ᠋ᠠᠨᠳᠢᠤᠯ - | ᠨᠠᠷᠢᠯᠢᠭ ᠬᠢᠮᠢ ᠶᠢᠨ ᠠᠵᠤ ᠦᠢᠯᠡᠳᠪᠦᠷᠢ︔ ② ᠨᠡᠭᠦᠷᠡᠰᠦ - ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ - | ᠪᠠᠷᠤᠭᠰᠢᠨ - ᠴᠢᠨᠠᠷ ᠥᠭᠡᠷᠡᠴᠢᠯᠡᠬᠦ ᠪᠠᠷᠤᠭᠰᠢᠨ - ᠵᠡᠭᠦᠯᠢᠭ ᠬᠡᠦᠷᠡᠰᠦ - ᠬᠡᠳᠦ ᠥᠨᠳᠥᠷ ᠴᠢᠳᠠᠯ ᠲᠠᠢ ᠪᠠᠯ | ᠴᠢᠯᠠᠭᠤᠨ ᠴᠠᠬᠢᠯᠭᠠᠨ ᠲᠦᠢᠯ/ ᠪᠠᠷᠤᠭᠰᠢᠨ ᠪᠦᠯᠦᠭᠲᠦ ᠨᠡᠭᠦᠷᠡᠰᠦᠲᠥ᠋ᠷᠥᠭᠴᠢ ᠰᠢᠷᠬᠡᠭ᠃ ③ ᠨᠡᠭᠦᠷᠡᠰᠦ - | ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ - ᠪᠦᠳᠦᠭᠦᠯᠢᠭ ᠪᠤᠨ᠋ᠽᠤᠨ ᠨᠠᠷᠢᠯᠢᠭ ᠦᠢᠯᠡᠳᠬᠦ - ᠨᠠᠷᠢᠯᠢᠭ | ᠪᠤᠨ᠋ᠽᠤᠨ/ᠮᠧᠲ᠋ᠢᠯ ᠪᠤᠨ᠋ᠽᠤᠨ/ᠬᠤᠶᠠᠷ ᠮᠧᠲ᠋ᠢᠯᠲᠦ ᠪᠤᠨ᠋ᠽᠤᠨ - ᠾᠤᠺᠰᠠᠨ᠋ᠲ᠋ᠠᠮᠢᠳ᠋/ᠹᠤᠨᠢᠯ ᠡᠲ᠋ᠧᠨ/ᠨᠢᠲᠷᠤ᠋ ᠪᠤᠨ᠋ᠽᠤᠨ - | ᠨᠢᠯᠦᠨ 6/ᠪᠥᠭᠡᠭᠡᠨᠡᠷᠡᠯ ᠹᠤᠨᠢᠯ ᠡᠲ᠋ᠧᠨ︔ ︵ 3︶ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ④ ᠨᠡᠭᠦᠷᠡᠰᠦ ᠪᠠᠷ ᠮᠧᠲ᠋ᠢᠯ ᠠᠯᠺᠣᠣᠯ → ᠠᠯᠺᠤᠨ → | ᠫᠷᠤᠫᠠᠨᠤᠨ/ᠹᠤᠨᠤᠯ/ᠴᠠᠭᠠᠷᠢᠭ ᠬᠦᠴᠢᠯᠲᠥ᠋ᠷᠥᠭᠴᠢᠲᠦ ᠫᠷᠣᠫᠠᠨ → ᠨᠠᠷᠢᠯᠢᠭ ᠬᠢᠮᠢ ᠶᠢᠨ ᠠᠵᠤ ᠦᠢᠯᠡᠳᠪᠦᠷᠢ︔ ⑤ | ᠨᠡᠭᠦᠷᠡᠰᠦ ᠪᠠᠷ ᠮᠧᠲ᠋ᠢᠯ ᠠᠯᠺᠣᠣᠯ → ᠼᠤᠤ ᠬᠦᠴᠢᠯ → ᠼᠤᠤ ᠬᠦᠴᠢᠯ ᠤᠨ ᠡᠲ᠋ᠧᠨ/ ᠼᠤᠤ ᠬᠦᠴᠢᠯ ᠤᠨ | ᠰᠢᠷᠬᠡᠭ/ ᠼᠤᠤ ᠬᠦᠴᠢᠯ ᠤᠨ ᠡᠲ᠋ᠢᠯ ᠠᠯᠺᠣᠣᠯ → ᠡᠲ᠋ᠧᠨ → ᠼᠤᠤ ᠬᠦᠴᠢᠯ ᠤᠨ ᠡᠲ᠋ᠧᠨ ᠤ ᠬᠠᠮ | ᠪᠥᠭᠡᠭᠡᠨᠡᠷᠡᠪᠤᠷᠢ → ᠪᠥᠭᠡᠭᠡᠨᠡᠷᠡᠯ ᠡᠲ᠋ᠧᠨᠢᠯ ᠠᠯᠺᠣᠣᠯ︔ ⑥ ᠨᠡᠭᠦᠷᠡᠰᠦ ᠪᠠᠷ ᠬᠢᠭᠰᠡᠨ ᠡᠲ᠋ᠠᠨᠳᠢᠤᠯ | | 2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠠᠪᠤᠰᠤᠨ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠄ ① ᠾᠯᠣᠷᠲᠤ ᠡᠲ᠋ᠧᠨ → ᠾᠯᠣᠷᠲᠤ | ᠡᠲ᠋ᠠᠨᠠᠯ/ᠬᠡᠯᠪᠠᠶᠢᠭᠦᠦ ᠬᠤᠶᠠᠷ ᠾᠯᠣᠷᠲᠤ ᠡᠲ᠋ᠧᠨ/ᠾᠯᠣᠷᠲᠤ ᠼᠤᠤ ᠳᠠᠪᠠᠷᠬᠠᠢ/ ᠾᠯᠣᠷᠲᠤ ᠡᠲ᠋ᠧᠨ → ᠬᠡᠯᠪᠠᠶᠢᠭᠦᠦ | ᠬᠤᠶᠠᠷ ᠾᠯᠣᠷᠲᠤ ᠡᠲ᠋ᠧᠨ ᠬᠠᠮ ᠪᠥᠭᠡᠭᠡᠨᠡᠷᠡᠯ ᠳᠠᠪᠠᠷᠬᠠᠢ/ ᠾᠯᠣᠷᠲᠤ ᠡᠲ᠋ᠧᠨ → ᠫᠷᠤᠫᠤᠨᠢᠯ ᠨᠢᠲᠷᠢᠯ ᠬᠠᠮ | ᠪᠥᠭᠡᠭᠡᠨᠡᠷᠡᠯ ᠳᠠᠪᠠᠷᠬᠠᠶ → ᠪᠥᠭᠡᠭᠡᠨᠡᠷᠡᠯ ᠬᠡᠯᠪᠠᠶᠢᠭᠦᠦ ᠬᠤᠶᠠᠷ ᠾᠯᠣᠷᠲᠤ ᠡᠲ᠋ᠧᠨ︔ ② ᠰᠢᠩᠭᠡᠨ ᠾᠯᠣᠷ - | ᠴᠠᠭᠠᠷᠢᠭ ᠬᠦᠴᠢᠯᠲᠥ᠋ᠷᠥᠭᠴᠢᠲᠦ ᠾᠯᠣᠷᠲᠤ ᠫᠷᠣᠫᠠᠨ/ᠾᠯᠣᠷᠲᠤ ᠮᠧᠲ᠋ᠠᠨ/ᠳᠥᠷᠪᠡᠨ ᠾᠯᠣᠷᠲᠤ ᠲᠢᠲ᠋ᠠᠨ - ᠴᠠᠭᠠᠷᠢᠭ | ᠬᠦᠴᠢᠯᠲᠥ᠋ᠷᠥᠭᠴᠢᠲᠦ ᠳᠠᠪᠠᠷᠬᠠᠶ/ ᠲᠢᠲ᠋ᠠᠨ ᠴᠠᠭᠠᠨ ᠨᠤᠨᠲᠠᠭ/ ᠬᠠᠶᠢᠮᠢᠶᠠᠨ ᠲᠢᠲ᠋ᠠᠨ︔ ③ ᠾᠯᠣᠷᠲᠤ | ᠪᠤᠨ᠋ᠽᠤᠨ-ᠨᠢᠲᠷᠤ᠋ ᠾᠯᠣᠷᠲᠤ ᠪᠤᠨ᠋ᠽᠤᠨ/ᠬᠤᠣᠰ ᠾᠯᠣᠷᠲᠤ ᠪᠤᠨ᠋ᠽᠤᠨ-ᠨᠢᠲᠷᠤ᠋ ᠹᠤᠨᠢᠯ ᠠᠮᠢᠨ-ᠣᠷᠴᠢᠨ ᠠᠬᠤᠶ ᠶᠢ | ᠬᠠᠮᠠᠭᠠᠯᠠᠬᠤ ᠪᠤᠳᠤᠭ︔ ④ ᠤᠰᠤᠲᠥ᠋ᠷᠥᠭᠴᠢ/ᠰᠢᠩᠭᠡᠨ ᠾᠯᠣᠷ/ᠮᠧᠲ᠋ᠢᠯ ᠠᠯᠺᠣᠣᠯ/ᠪᠤᠨ᠋ᠽᠤᠨ - ᠪᠤᠨ᠋ᠽᠤᠨ᠋ᠳᠦ | ᠠᠮᠢᠨ/ᠮᠧᠲ᠋ᠢᠯ ᠪᠤᠨ᠋ᠽᠤᠨ ᠬᠤᠶᠠᠷᠴᠢ ᠠᠮᠢᠨ - MDI/TDI→ ᠪᠥᠭᠡᠭᠡᠨᠡᠷᠡᠯ ᠰᠢᠪᠲᠦᠷᠲᠦ ᠡᠰᠲ᠋ᠧᠷ ᠤᠨ ᠰᠢᠷᠢᠰ | ᠪᠦᠲᠦᠭᠡᠭᠳᠡᠬᠦᠨ | | 3. ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠄ ① ᠪᠠᠯ ᠴᠢᠯᠠᠭᠤ → ᠪᠥᠮᠪᠥᠭᠡᠯᠢᠭ ᠪᠠᠯ | ᠴᠢᠯᠠᠭᠤ → ᠯᠢᠲ᠋ᠢ ᠢᠶᠣᠨ ᠬᠠᠭᠤᠷᠠᠢ ᠲᠣᠰᠣ ᠶᠢᠨ ᠪᠢᠯᠢᠭ ᠲᠦᠢᠯ ᠵᠡᠷᠭᠡ ᠤᠯᠠᠮᠵᠢᠯᠠᠯᠲᠤ ᠪᠠᠯ ᠴᠢᠯᠠᠭᠤ ᠶᠢ ᠨᠠᠷᠢᠯᠢᠭ | ᠰᠤᠷᠭᠠᠯᠲᠠ ᠳᠤ ᠬᠠᠮᠤᠷᠤᠭᠤᠯᠬᠤ︔ ② ᠪᠠᠯ ᠴᠢᠯᠠᠭᠤ - ᠤᠯᠠᠭᠠᠨ ᠤ ᠭᠠᠳᠠᠨᠠᠬᠢ ᠴᠠᠬᠢᠯᠭᠠᠨ ᠢᠯᠴᠢ ᠶᠢᠨ | ᠮᠠᠲ᠋ᠧᠷᠢᠶᠠᠯ᠂ ᠲᠤᠮᠦ ᠮᠤᠯᠤᠺᠦᠶᠢᠯᠲᠤ ᠨᠡᠮᠡᠯᠲᠡ ᠡᠳ᠋᠂ ᠹᠯᠣᠷᠲᠤ ᠪᠠᠯ ᠴᠢᠯᠠᠭᠤ᠂ ᠡᠯ᠎ᠡ ᠴᠢᠭᠯᠡᠯ ᠤᠨ ᠢᠵᠢᠯᠢ ᠴᠢᠨᠠᠷᠲᠤ | ᠪᠠᠯ ᠴᠢᠯᠠᠭᠤ - ᠰᠠᠨᠰᠠᠷ ᠤᠨ ᠠᠶᠠᠯᠠᠯ ᠤᠨ ᠮᠠᠲ᠋ᠧᠷᠢᠶᠠᠯ᠂ ᠴᠥᠮ᠎ᠡ ᠶᠢᠨ ᠴᠠᠬᠢᠯᠭᠠᠨ ᠤ ᠮᠠᠲ᠋ᠧᠷᠢᠶᠠᠯ ᠵᠡᠷᠭᠡ ᠳᠡᠭᠡᠳᠦ | ᠲᠡᠰ ᠤᠨ ᠨᠡᠭᠦᠷᠡᠰᠦᠲᠥ᠋ᠷᠥᠭᠴᠢ ᠨᠠᠨᠤᠮᠤᠲᠷ ᠮᠠᠲ᠋ᠧᠷᠢᠶᠠᠯ︔ ③ ᠮᠤᠲ᠋ᠠᠨᠤᠯ-MTO/MTA-ᠬᠢᠮᠢ ᠶᠢᠨ ᠠᠵᠤ | ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ︔ ④ ᠮᠤᠲ᠋ᠠᠨᠤᠯ - ᠼᠤᠤ ᠬᠦᠴᠢᠯ/ | ᠼᠤᠤ ᠬᠦᠴᠢᠯ ᠤᠨ ᠬᠠᠭᠰᠠᠮᠠᠯ - ᠼᠤᠤ ᠬᠦᠴᠢᠯ ᠤᠨ ᠰᠢᠷᠬᠡᠭᠯᠢᠭ ᠡᠳ᠋︔ ⑤ ᠣᠷᠭᠠᠨᠢᠭ ᠴᠠᠬᠢᠭᠤᠷ ᠤᠨ ᠳᠠᠩ ᠪᠡᠶ᠎ᠡ | → ᠬᠤᠶᠠᠷ ᠮᠧᠲ᠋ᠢᠯᠲᠦ ᠬᠤᠶᠠᠷ ᠾᠯᠤᠷᠤ᠋ ᠴᠠᠬᠢᠭᠤᠷᠵᠢᠨ/ᠨᠢᠭᠡ ᠮᠧᠲ᠋ᠢᠯᠲᠦ ᠭᠤᠷᠪᠠᠨ ᠾᠯᠤᠷᠤ᠋ ᠴᠠᠬᠢᠭᠤᠷᠵᠢᠨ → | ᠳᠣᠣᠷᠠᠳᠤ ᠤᠷᠤᠰᠬᠠᠯ ᠤᠨ ᠰᠢᠷᠢᠰ ᠪᠦᠲᠦᠭᠡᠭᠳᠡᠬᠦᠨ᠃ ⑥ ᠥᠭᠡᠬᠦᠨ ᠴᠢᠯᠠᠭᠤᠨ ᠡᠯᠡᠰᠦ → ᠴᠠᠬᠢᠭᠤᠷ | ᠬᠦᠴᠢᠯ ᠤᠨ ᠨᠠᠲᠷᠢ → ᠰᠢᠷᠢᠰ ᠴᠠᠬᠢᠭᠤᠷ ᠴᠠᠪᠠᠤ/ ᠳᠠᠪᠬᠤᠷᠭᠠᠲᠤ ᠲᠠᠯᠠᠰᠲᠤ ᠴᠠᠬᠢᠭᠤᠷ ᠬᠦᠴᠢᠯ ᠤᠨ ᠨᠠᠲᠷᠢ︔ | ⑦ ᠤᠰᠤᠲᠥ᠋ᠷᠥᠭᠴᠢᠲᠦ ᠹᠯᠣᠷ ᠬᠦᠴᠢᠯ - ᠳᠥᠷᠪᠡᠨ ᠹᠯᠤᠷᠤ᠋ ᠡᠲ᠋ᠠᠨ/ᠬᠤᠶᠠᠷ ᠹᠯᠤᠷᠤ᠋ ᠮᠧᠲ᠋ᠠᠨ/ᠲᠠᠪᠤᠨ ᠹᠯᠤᠷᠤ᠋ | ᠡᠲ᠋ᠠᠨ-ᠬᠤᠯᠢᠮᠠᠭ ᠡᠳ᠋ ᠤᠨ ᠨᠣᠭᠤᠭᠠᠨ ᠥᠩᠭᠡ ᠪᠠᠷ ᠬᠥᠷᠥᠭᠡᠭᠴᠢ ᠡᠳ᠋ R410A | | 4. ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠄ ᠲᠦᠭᠦᠬᠡᠶ | ᠮᠠᠲ᠋ᠧᠷᠢᠶᠠᠯ ᠤᠨ ᠲᠤᠰᠤ ᠪᠠ ᠬᠡᠢ - ᠡᠲ᠋ᠧᠨ - ᠫᠷᠤᠫᠢᠯᠤᠨ - ᠪᠦᠲ᠋ᠠᠳᠢᠶ᠋ᠤᠨ - ᠪᠤᠨ᠋ᠽᠤᠨ - ᠮᠧᠲ᠋ᠢᠯ ᠪᠤᠨ᠋ᠽᠤᠨ - | ᠬᠤᠶᠠᠷ ᠮᠧᠲ᠋ᠢᠯᠲᠦ ᠪᠤᠨ᠋ᠽᠤᠨ - ᠨᠡᠶᠢᠯᠡᠯᠭᠡ ᠰᠢᠷᠬᠡᠭ - ᠨᠡᠶᠢᠯᠡᠯᠭᠡ ᠰᠢᠶᠠᠩᠵᠢᠶᠤᠤ - ᠬᠡᠪ ᠤᠨ ᠪᠦᠲ᠋ᠠᠨ - | ᠢᠽᠤᠪᠥ᠋ᠲ᠋ᠠᠨ - 1- ᠪᠥᠲ᠋ᠤᠨ - ᠢᠽᠤᠪᠥ᠋ᠲ᠋ᠤᠨ - 1᠂ 3- ᠪᠥᠲ᠋ᠠᠳᠢᠶ᠋ᠤᠨ | | ᠨᠠᠢᠮᠠᠳᠤᠭᠠᠷ ᠬᠡᠰᠡᠭ ᠴᠢᠨᠠᠷ ᠴᠢᠨᠰᠠᠭ᠎ᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ | | ᠴᠢᠨᠠᠷ ᠴᠢᠨᠰᠠᠭ᠎ᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠴᠢᠨᠰᠠᠭ᠎ᠠ | ᠪᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠴᠢᠨᠠᠷ ᠰᠠᠶᠢᠲᠠᠶ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠦᠷᠢᠯᠳᠦᠭᠦᠯᠦᠨ᠎ᠡ | | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠴᠢᠨᠠᠷ ᠴᠢᠨᠰᠠᠭ᠎ᠠ ᠶᠢᠨ ᠰᠠᠭᠤᠷᠢ | ᠪᠡᠯᠡᠳᠬᠡᠮᠵᠢ ᠶᠢᠨ ᠰᠢᠰᠲ᠋ᠧᠮ ᠤᠨ ᠪᠦᠷᠢᠨ ᠪᠦᠲᠦᠨ᠂ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ | ᠴᠢᠨᠠᠷ ᠴᠢᠨᠰᠠᠭ᠎ᠠ ᠶᠢᠨ ᠰᠠᠭᠤᠷᠢ ᠪᠡᠯᠡᠳᠬᠡᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠠᠵᠤ | ᠦᠶᠯᠡᠰ ᠤᠨ ᠲᠠᠰ ᠳᠠᠪᠰᠢᠯᠲᠠ᠂ ᠨᠡᠶᠢᠭᠡᠮ ᠤᠨ ᠵᠠᠰᠠᠯᠲᠠ᠂ ᠭᠠᠳᠠᠭᠠᠳᠤ ᠠᠷᠠᠯᠵᠢᠶ᠎ᠠ ᠳᠤ ᠦᠵᠡᠭᠦᠯᠬᠦ | ᠲᠤᠯᠭᠠᠭᠤᠷᠢᠯᠠᠯ ᠢ ᠨᠠᠩ ᠬᠦᠴᠦᠲᠡᠶ ᠪᠣᠯᠭᠠᠨ᠎ᠠ᠃ ᠲᠠᠰ ᠳᠠᠪᠬᠤᠷᠭ᠎ᠠ᠂ ᠠᠵᠢᠯ ᠲᠥᠷᠥᠯ ᠬᠤᠪᠢᠶᠠᠨ ᠠᠵᠤ | ᠠᠬᠤᠶᠢᠯᠠᠯ ᠤᠨ ᠪᠥᠬᠦ ᠲᠠᠯ᠎ᠠ ᠶᠢᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠵᠢᠯᠣᠭᠤᠳᠴᠤ᠂ | ᠣᠳᠣᠬᠢᠴᠢᠯᠠᠭᠰᠠᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠷᠢᠮ ᠢ ᠳᠡᠯᠭᠡᠷᠡᠭᠦᠯᠦᠨ᠂ ᠠᠵᠤ ᠠᠬᠤᠶᠢᠯᠠᠯ ᠤᠨ | ᠴᠢᠨᠠᠷ ᠴᠢᠨᠰᠠᠭ᠎ᠠ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠂ ᠴᠢᠨᠠᠷ ᠴᠢᠨᠰᠠᠭ᠎ᠠ ᠶᠢᠨ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠴᠢᠨᠠᠷ ᠴᠢᠨᠰᠠᠭ᠎ᠠ ᠶᠢᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ | ᠥᠪᠡᠷᠲᠡᠭᠡᠨ ᠵᠠᠰᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ᠂ | ᠵᠠᠰᠠᠭ ᠤᠨ ᠣᠷᠳᠣᠨ ᠠᠴᠠ ᠬᠢᠨᠠᠨ ᠬᠠᠮᠢᠶᠠᠷᠬᠤ ᠴᠢᠨᠠᠷ ᠴᠢᠨᠰᠠᠭ᠎ᠠ ᠶᠢ ᠬᠠᠮᠲᠤᠪᠠᠷ ᠵᠠᠰᠠᠬᠤ ᠪᠠᠶᠢᠷᠢᠰᠢᠯ ᠢ | ᠪᠠᠶᠢᠭᠤᠯᠤᠨ᠎ᠠ᠃ ︽ᠴᠢᠨᠠᠷ ᠴᠢᠨᠰᠠᠭ᠎ᠠ ᠶᠢᠨ ᠱᠠᠩᠨᠠᠯ︾ ᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ | ᠥᠷᠨᠢᠭᠦᠯᠵᠦ᠂ ᠱᠠᠩᠨᠠᠯ ᠣᠯᠤᠭᠰᠠᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | | ᠨᠠᠷᠠᠲᠤ ᠲᠥᠷᠥᠯ ᠲᠡᠮᠳᠡᠭᠲᠦ ᠶᠢ ᠬᠥᠭᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠲᠠᠸᠠᠷ ᠤᠨ ᠲᠡᠮᠳᠡᠭ ᠤᠨ | ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ᠂ ᠰᠣᠶᠣᠯ | ᠂ ᠪᠣᠬᠢᠷᠲᠤᠯ ᠥᠬᠡᠶ᠂ ᠠᠮᠢ ᠠᠬᠤᠶ ᠶᠢᠨ ᠫᠠᠶᠢᠰᠠ ᠶᠢ ᠰᠠᠶᠢᠲᠤᠷ ᠬᠢᠨ᠎ᠠ᠃ ᠠᠯᠠᠱᠠ ᠶᠢᠨ ᠡᠯᠪᠡᠭ ᠪᠠᠶᠠᠯᠢᠭ ᠭᠠᠵᠠᠷ | ᠵᠦᠶ ᠶᠢᠨ ᠪᠡᠯᠭᠡ ᠲᠡᠮᠳᠡᠭ ᠤᠨ ᠡᠬᠢ ᠪᠠᠶᠠᠯᠢᠭ ᠲᠤ ᠲᠦᠰᠢᠭᠯᠡᠨ᠂ ᠵᠠᠰᠠᠭ ᠤᠨ ᠣᠷᠳᠣᠨ ᠠᠴᠠ ᠠᠬᠢᠭᠤᠯᠬᠤ᠂ ᠵᠠᠬ᠎ᠠ | ᠳᠡᠯᠭᠡᠭᠦᠷ ᠢᠶᠠᠷ ᠭᠤᠤᠯᠯᠠᠭᠤᠯᠬᠤ᠂ ᠠᠵᠢᠯ ᠲᠥᠷᠥᠯ ᠢᠶᠠᠷ ᠠᠬᠢᠭᠤᠯᠬᠤ᠂ ᠠᠵᠤ ᠠᠬᠤᠶᠢᠯᠠᠯ ᠨᠢ ᠡᠵᠡᠨ ᠮᠡᠳᠡᠬᠦ᠂ | ᠨᠡᠶᠢᠭᠡᠮ ᠢᠶᠠᠷ ᠢᠶᠠᠨ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠠᠱᠠ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠬᠡᠷᠡᠭᠯᠡᠬᠦ ᠪᠠ | ᠬᠠᠮᠠᠭᠠᠯᠠᠵᠤ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠯᠠᠱᠠ ᠶᠢᠨ ᠣᠷᠣᠨ ᠪᠦᠰᠡ ᠶᠢᠨ ᠨᠠᠷᠠᠲᠤ | ᠲᠥᠷᠥᠯ ᠲᠡᠮᠳᠡᠭᠲᠦ ᠶᠢᠨ ᠠᠯᠳᠠᠷᠰᠢᠯ᠂ ᠠᠯᠳᠠᠷᠰᠢᠯ ᠤᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ | ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠮᠠᠨ ᠤ ᠠᠶᠢᠮᠠᠭ ᠤᠨ | ᠳᠠᠪᠠᠭᠤᠯᠢᠭ ᠤᠨᠴᠠᠯᠢᠭᠳᠤ ᠠᠵᠤ ᠦᠶᠯᠡᠰ ᠤᠨ ᠴᠢᠨᠠᠷ ᠰᠠᠶᠢᠲᠠᠶ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ | ᠠᠬᠢᠭᠤᠯᠵᠤ᠂ ᠲᠡᠷᠢᠭᠦᠨ ᠤ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠮᠠᠨ ᠤ ᠠᠶᠢᠮᠠᠭ ᠤᠨ ᠪᠠᠷᠢᠮᠵᠢᠶᠠᠵᠢᠭᠰᠠᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ | ᠲᠥᠷᠥᠯ ᠤᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ | ᠵᠢᠱᠢᠶ᠎ᠡ ᠦᠵᠡᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠡᠮᠡᠴᠡᠨ ᠣᠯᠵᠤ᠂ | ᠲᠠᠷᠢᠶᠠᠯᠠᠩ ᠮᠠᠯ ᠠᠵᠤ ᠠᠬᠤᠶ᠂ ᠦᠶᠯᠡᠴᠢᠯᠡᠭᠡᠨ ᠤ ᠦᠶᠯᠡᠰ᠂ ᠨᠡᠶᠢᠭᠡᠮ ᠤᠨ ᠬᠠᠮᠢᠶᠠᠷᠤᠯᠲᠠ ᠪᠠ ᠣᠯᠠᠨ | ᠨᠡᠶᠢᠲᠡ ᠶᠢᠨ ᠦᠶᠯᠡᠴᠢᠯᠡᠭᠡᠨ ᠤ ᠶᠡᠷᠦᠩᠬᠡᠶᠢᠯᠡᠭᠰᠡᠨ ᠵᠡᠷᠭᠡ ᠡᠯ᠎ᠡ ᠲᠥᠷᠥᠯ ᠤᠨ ᠪᠠᠷᠢᠮᠵᠢᠶᠠᠵᠢᠭᠤᠯᠤᠭᠰᠠᠨ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠮᠢᠶ᠎ᠠ | ᠪᠥᠬᠦᠶ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠮᠠᠯᠵᠢᠬᠤ | ᠲᠠᠷᠢᠶᠠᠯᠠᠬᠤ ᠣᠷᠣᠨ ᠤ ᠪᠠᠷᠢᠮᠵᠢᠶᠠᠵᠢᠭᠤᠯᠬᠤ ᠠᠵᠢᠯ ᠢ ᠰᠠᠶᠢᠲᠤᠷ ᠬᠢᠵᠦ᠂ ᠮᠠᠨ ᠤ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠤᠯᠠᠮ ᠳᠡᠭᠡᠭᠰᠢᠯᠡᠭᠦᠯᠦᠨ᠎ᠡ᠃ | | | ᠵᠢᠷᠭᠤᠳᠤᠭᠠᠷ ᠪᠦᠯᠦᠭ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | | ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠴᠠ ᠭᠠᠷᠳᠠᠬᠤ ᠶᠢ ᠪᠠᠷᠢᠮᠲᠠᠯᠠᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠭᠠᠷᠳᠠᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ | ᠬᠤᠪᠢᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠦᠢᠯᠡᠰ ᠪᠦᠲᠦᠭᠡᠬᠦ ᠵᠠᠰᠠᠭ ᠤᠨ ᠣᠷᠳᠣᠨ ᠤ ᠨᠡᠩ ᠰᠠᠶᠢᠨ | ᠤᠶᠠᠯᠳᠤᠯ᠂ ᠥᠭᠡᠷᠡᠴᠢᠯᠡᠯᠲᠡ ᠪᠠ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠤᠨ᠎ᠠ᠃ | | ᠨᠢᠭᠡᠳᠦᠭᠡᠷ ᠬᠡᠰᠡᠭ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ | | ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ | ᠳᠡᠯᠭᠡᠭᠦᠷ ᠤᠨ ᠰᠢᠰᠲ᠋ᠧᠮ ᠤᠨ ᠰᠠᠭᠤᠷᠢ ᠲᠦᠷᠢᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠵᠥᠪᠰᠢᠶᠡᠷᠡᠨ | ᠣᠷᠣᠭᠤᠯᠬᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ᠂ ᠨᠡᠭᠡᠭᠡᠯᠲᠡᠲᠡᠶ ᠪᠥᠭᠡᠳ ᠡᠮᠬᠢ ᠵᠢᠷᠤᠮ ᠲᠠᠢ᠂ ᠦᠨᠡᠨᠴᠢ | ᠢᠲᠡᠭᠡᠮᠵᠢᠲᠡᠶ ᠪᠠᠷ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠶ ᠪᠥᠭᠡᠳ ᠵᠢᠷᠤᠮᠵᠢᠯ ᠲᠠᠢ᠂ | ᠭᠤᠣᠯᠴᠢ ᠪᠠᠷ ᠥᠷᠢᠰᠥᠯᠳᠦᠬᠦ ᠤᠯᠤᠰ ᠤᠨ ᠳᠣᠲᠣᠭᠠᠳᠤ ᠶᠢᠨ ᠨᠢᠭᠡᠳᠦᠯᠲᠡᠶ ᠵᠠᠬ᠎ᠠ ᠳᠡᠯᠭᠡᠭᠦᠷ ᠢ ᠪᠦᠷᠢᠯᠳᠦᠭᠦᠯᠦᠨ᠎ᠡ᠃ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠢᠭᠡᠳᠦᠯᠲᠡᠶ | ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠵᠦ᠂ ᠣᠷᠣᠬᠤ ᠵᠥᠪᠰᠢᠶᠡᠷᠡᠯ ᠤᠨ ᠬᠢᠵᠠᠭᠠᠷᠯᠠᠯ ᠢ | ᠦᠷᠭᠦᠯᠵᠢᠯᠡᠨ ᠠᠭᠤᠵᠢᠭᠤ ᠪᠣᠯᠭᠠᠨ᠎ᠠ᠃ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ | ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠦᠨ᠎ᠡ᠃ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠠᠵᠢᠯ ᠢ ᠴᠢᠩᠭᠠᠳᠬᠠᠨ᠎ᠠ᠃ | | ᠣᠯᠠᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠵᠢᠴᠢ ᠥᠭᠡᠷᠡᠴᠢᠯᠡᠯᠲᠡ ᠶᠢ | ᠠᠬᠢᠭᠤᠯᠤᠨ᠎ᠠ᠃ ᠬᠡᠷᠡᠭᠴᠡᠭᠡ ᠪᠠᠷ ᠵᠠᠬᠢᠷᠤᠨ ᠬᠠᠮᠢᠶᠠᠷᠬᠤ ᠶᠢ ᠪᠠᠷᠢᠮᠲᠠᠯᠠᠭᠰᠠᠨ ᠤᠷᠢᠲᠠᠯ ᠳᠣᠤᠷ᠎ᠠ᠂ ᠡᠨᠧᠷᠭᠢ᠂ | ᠣᠷᠴᠢᠨ ᠲᠣᠭᠤᠷᠢᠨ ᠤ ᠬᠠᠮᠠᠭᠠᠯᠠᠯᠲᠠ᠂ ᠨᠠᠰᠤᠵᠢᠯ᠂ ᠰᠤᠷᠭᠠᠨ ᠬᠥᠮᠦᠵᠢᠯ᠂ ᠰᠣᠶᠣᠯ᠂ ᠷᠠᠳᠢᠣ᠋ ᠲᠧᠯᠸᠢᠰ᠂ | ᠪᠡᠶ᠎ᠡ ᠶᠢᠨ ᠲᠠᠮᠢᠷ ᠵᠢᠴᠢ ᠤᠰᠤ ᠬᠠᠩᠭᠠᠬᠤ᠂ ᠬᠡᠢ ᠬᠠᠩᠭᠠᠬᠤ᠂ ᠳᠤᠯᠠᠭᠠᠯᠠᠭ᠎ᠠ ᠬᠠᠩᠭᠠᠬᠤ ᠪᠡᠯᠡᠳᠬᠡᠮᠵᠢ ᠵᠡᠷᠭᠡ | ᠬᠦᠷᠢᠶ᠎ᠡ ᠴᠠᠷᠠᠭ᠎ᠠ ᠶᠢᠨ ᠲᠥᠷᠥᠯ ᠵᠦᠢᠯ ᠳᠤ᠂ ᠬᠢᠮᠳᠠ ᠦᠨ᠎ᠡ ᠪᠠᠷ ᠬᠤᠳᠠᠯᠳᠤᠬᠤ᠂ ᠲᠦᠷᠢᠶᠡᠰᠦᠯᠡᠭᠦᠯᠬᠦ ᠠᠷᠭ᠎ᠠ | ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠶᠢ ᠵᠣᠷᠢᠭᠵᠢᠭᠤᠯᠤᠨ᠎ᠠ᠃ ᠤᠯᠤᠰ ᠠᠴᠠ ᠳᠡᠮᠵᠢᠭᠰᠡᠨ ᠠᠵᠤ ᠦᠢᠯᠡᠰ ᠤᠨ | ᠲᠥᠷᠥᠯ ᠵᠦᠢᠯ ᠤᠨ ᠬᠡᠷᠡᠭᠯᠡᠬᠦ ᠭᠠᠵᠠᠷ ᠲᠤ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ | ᠲᠦᠷᠢᠶᠡᠰᠦᠯᠡᠭᠦᠯᠵᠦ ᠳᠠᠷᠠᠭ᠎ᠠ ᠨᠢ ᠬᠤᠳᠠᠯᠳᠤᠬᠤ᠂ ᠲᠦᠷᠢᠶᠡᠰᠦᠯᠡᠭᠦᠯᠬᠦ ᠪᠠ ᠰᠢᠯᠵᠢᠭᠦᠯᠬᠦ ᠶᠢ ᠤᠶᠠᠯᠳᠤᠭᠤᠯᠬᠤ ᠵᠡᠷᠭᠡ | ᠣᠯᠠᠨ ᠵᠦᠢᠯ ᠤᠨ ᠭᠠᠵᠠᠷ ᠬᠠᠩᠭᠠᠬᠤ ᠠᠷᠭ᠎ᠠ ᠮᠠᠶ᠋ᠢᠭ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ | ᠲᠥᠷᠥᠯ ᠵᠦᠢᠯ ᠤᠨ ᠦᠶᠡᠯᠡᠬᠦ ᠬᠤᠭᠤᠴᠠᠭ᠎ᠠ ᠪᠠ ᠭᠠᠵᠠᠷ ᠰᠢᠷᠣᠶ ᠬᠡᠷᠡᠭᠯᠡᠬᠦ ᠡᠷᠬᠡ ᠶᠢᠨ ᠣᠨ ᠤ ᠬᠤᠭᠤᠴᠠᠭ᠎ᠠ ᠶᠢ | ᠰᠢᠯᠢᠳᠡᠭᠵᠢᠭᠦᠯᠦᠨ᠎ᠡ᠃ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭᠵᠢᠭᠤᠯᠬᠤ ᠶᠢ | ᠵᠣᠷᠢᠭᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠯᠡᠳᠡᠭᠡᠯ ᠬᠡᠷᠡᠭᠯᠡᠬᠦ ᠭᠠᠵᠠᠷ ᠢ ᠠᠰᠢᠭᠯᠠᠨ | ᠨᠡᠶᠢᠭᠡᠮ ᠤᠨ ᠬᠥᠷᠥᠩᠭᠡ ᠶᠢ ᠲᠠᠲᠠᠨ ᠣᠷᠣᠭᠤᠯᠬᠤ ᠶᠢ ᠳᠡᠮᠵᠢᠬᠦ ᠬᠡᠷᠡᠭᠲᠡᠶ᠃ ᠭᠠᠵᠠᠷ ᠰᠢᠷᠣᠶ ᠶᠢ ᠬᠢᠮᠳᠠ ᠪᠠᠷ | ᠬᠤᠳᠠᠯᠳᠤᠬᠤ ᠳᠦᠷᠢᠮ ᠪᠣᠯᠤᠨ ᠭᠠᠵᠠᠷ ᠬᠡᠷᠡᠭᠯᠡᠬᠦ ᠪᠠᠷᠢᠮᠵᠢᠶ᠎ᠠ᠂ ᠤᠯᠤᠰ ᠤᠨ ᠠᠵᠤ ᠦᠢᠯᠡᠳᠪᠦᠷᠢ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠴᠢᠩᠭ᠎ᠠ | ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠭᠡᠭᠡᠯᠲᠡ ᠶᠢᠨ ᠡᠷᠴᠢᠮ᠂ ᠭᠠᠵᠠᠷ | ᠰᠢᠷᠣᠶ ᠶᠢᠨ ᠪᠡᠯᠡ ᠣᠷᠣᠭᠤᠯᠤᠯᠲᠠ ᠶᠢᠨ ᠡᠷᠴᠢᠮ᠂ ᠬᠥᠮᠦᠨ ᠳᠤᠮᠳᠠᠴᠢ ᠶᠢᠨ ᠬᠡᠷᠡᠭᠯᠡᠬᠦ ᠭᠠᠵᠠᠷ ᠤᠨ ᠭᠦᠢᠴᠡᠳᠬᠡᠯ | ᠲᠤᠭ᠎ᠠ ᠶᠢ ᠬᠠᠮᠢᠶᠠᠷᠤᠨ ᠡᠵᠡᠮᠳᠡᠬᠦ ᠪᠠ ᠶᠡᠷᠦᠩᠬᠡᠶᠢᠯᠡᠭᠰᠡᠨ ᠦᠷ᠎ᠡ ᠠᠰᠢᠭ ᠵᠡᠷᠭᠡ ᠲᠠᠯ᠎ᠠ ᠪᠠᠷ᠂ ᠬᠦᠷᠢᠶᠡᠯᠡᠩ | ᠲᠣᠭᠤᠷᠢᠭ ᠤᠨ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠶᠢ ᠴᠢᠩᠭᠠᠳᠬᠠᠬᠤ ᠬᠡᠷᠡᠭᠲᠡᠶ᠃ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢ ᠲᠦᠷᠭᠡᠳᠬᠡᠨ ᠬᠥᠭᠵᠢᠭᠦᠯᠵᠦ᠂ ᠳᠤᠮᠳᠠ ᠪᠠᠭ᠎ᠠ ᠠᠵᠤ | ᠠᠬᠤᠶᠢᠯᠠᠯ ᠢ ᠴᠤᠭᠯᠠᠭᠤᠯᠤᠨ ᠢᠲᠡᠭᠡᠮᠵᠢ ᠶᠢ ᠨᠢ ᠨᠡᠮᠡᠭᠳᠡᠭᠦᠯᠬᠦ ᠲᠣᠭᠲᠠᠴᠠ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠶᠢ ᠤᠷᠮᠠᠰᠢᠭᠤᠯᠬᠤ ᠲᠣᠭᠲᠠᠴᠠ ᠪᠠ | ᠵᠠᠬ᠎ᠠ ᠳᠡᠯᠭᠡᠭᠦᠷᠴᠢᠯᠡᠨ ᠥᠷᠢᠰᠥᠯᠳᠦᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ︽ᠡᠷᠦᠬᠡ ᠪᠣᠯᠭᠠᠨ ᠠᠵᠤ | ᠠᠬᠤᠶᠢᠯᠠᠯ ᠪᠣᠯᠭᠠᠨ ᠬᠤᠪᠢᠷᠠᠭᠤᠯᠬᠤ᠂ ᠠᠵᠤ ᠠᠬᠤᠶᠢᠯᠠᠯ ᠪᠣᠯᠭᠠᠨ ᠲᠡᠰ ᠳᠡᠪᠰᠢᠭᠦᠯᠬᠦ᠂ ᠳᠦᠷᠢᠮ ᠲᠣᠭᠲᠠᠭᠠᠯ ᠢᠶᠠᠷ | ᠰᠲ᠋ᠣᠺ ᠢᠶᠠᠨ ᠥᠭᠡᠷᠡᠴᠢᠯᠡᠬᠦ᠂ ᠰᠲ᠋ᠣᠺ ᠵᠠᠬ᠎ᠠ ᠳᠡᠯᠭᠡᠭᠦᠷ ᠲᠤ ᠭᠠᠷᠭᠠᠬᠤ︾ ᠠᠷᠭ᠎ᠠ ᠵᠠᠮ ᠶᠣᠰᠣᠭᠠᠷ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠤᠣᠯᠳᠠᠭᠤ | ᠵᠠᠬ᠎ᠠ ᠳᠡᠯᠭᠡᠭᠦᠷ ᠠᠴᠠ ᠬᠦᠴᠦᠨ ᠵᠦᠢᠯ ᠤᠨ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠦᠴᠦᠨ | ᠵᠦᠢᠯ ᠤᠨ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ ᠤ ᠲᠠᠪᠴᠠᠩ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠴᠢᠳᠠᠮᠵᠢ ᠶᠢ ᠥᠷᠭᠡᠳᠬᠡᠨ᠂ ᠬᠦᠴᠦᠨ ᠵᠦᠢᠯ ᠤᠨ ᠠᠷᠠᠯᠵᠢᠶᠠᠨ ᠤ | ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠪᠦᠷᠢᠨᠰᠢᠭᠦᠯᠦᠨ᠎ᠡ᠃ ᠬᠦᠴᠦᠨ ᠵᠦᠢᠯ ᠤᠨ ᠠᠷᠠᠯᠵᠢᠶᠠᠨ ᠤ ᠲᠦᠷᠢᠮ | ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠦᠬᠦ | ᠶᠠᠪᠤᠴᠠ ᠶᠢ ᠴᠠᠬᠢᠮᠴᠢᠯᠠᠬᠤ ᠶᠢ ᠬᠡᠷᠡᠭᠵᠢᠭᠦᠯᠬᠦ ᠶᠢ ᠠᠬᠢᠭᠤᠯᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ | ᠠᠷᠠᠯᠵᠢᠶᠠᠨ ᠤ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ | ᠦᠢᠯᠡᠴᠢᠯᠡᠭᠡᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠦᠯᠦᠨ᠎ᠡ᠃ ᠨᠡᠶᠢᠲᠡ ᠶᠢᠨ ᠥᠮᠴᠢᠯᠡᠯᠲᠦ ᠠᠵᠤ ᠠᠬᠤᠶ ᠶᠢ ᠡᠷᠡᠰ ᠭᠤᠶᠢᠪᠢᠰᠢ ᠦᠭᠡᠶ ᠪᠠᠬᠢᠵᠢᠭᠦᠯᠦᠨ | ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠥᠴᠦᠬᠡᠨ ᠴᠦ | ᠭᠤᠶᠢᠪᠢᠰᠢ ᠦᠭᠡᠶ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠣᠭᠤᠳᠤᠨ᠎ᠠ᠃ ᠤᠯᠤᠰ ᠤᠨ ᠥᠮᠴᠢᠯᠡᠯᠲᠦ ᠡᠳ᠋ | ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠠᠤᠯᠢ ᠪᠠᠷ ᠵᠠᠰᠠᠬᠤ | ᠣᠷᠴᠢᠨ ᠠᠬᠤᠶ ᠶᠢ ᠪᠦᠷᠢᠨᠰᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠣᠷᠴᠢᠨ | ᠠᠬᠤᠶ ᠶᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ | ᠲᠡᠭᠰᠢ ᠪᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠡᠯ᠎ᠡ ᠵᠦᠢᠯ ᠤᠨ ᠬᠤᠷᠢᠭ᠎ᠠ ᠴᠠᠷᠠᠭ᠎ᠠ ᠶᠢ ᠠᠷᠢᠯᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠯᠢᠮᠠᠭ ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ | ᠲᠡᠰ ᠬᠤᠪᠢᠶᠡᠨ ᠳᠦᠷᠦᠯ ᠬᠤᠪᠢᠶᠡᠨ ᠬᠦᠨᠵᠡᠭᠡᠶᠢᠷᠡᠬᠦᠯᠵᠦ᠂ ᠤᠯᠤᠰ ᠤᠨ ᠦᠮᠴᠢᠯᠡᠯ ᠤᠨ ᠬᠦᠷᠦᠩᠭᠡ ᠶᠢᠨ ᠪᠡᠯᠡ | ᠣᠷᠣᠭᠤᠯᠵᠦ ᠠᠵᠢᠯᠯᠠᠬᠤ ᠺᠤᠮᠫᠠᠨᠢ ᠠᠴᠠ ᠪᠡᠯᠡ ᠭᠠᠷᠭᠠᠠᠠᠰᠠᠨ ᠠᠵᠦ ᠠᠬᠤᠶᠢᠯᠠᠯ ᠪᠤᠯᠥᠨ ᠬᠤᠳᠠᠯᠳᠣᠭᠠᠨ ᠤ | ᠦᠷᠢᠰᠦᠯᠳᠦᠭᠡᠨ ᠤ ᠳᠥᠷᠦᠯ ᠤᠨ ᠬᠤᠪᠢᠶᠡᠷᠢ ᠺᠣᠮᠫᠠᠨᠢ ᠶᠢᠨ ᠬᠤᠯᠢᠮᠠᠭ ᠦᠮᠴᠢᠯᠠᠯ ᠤᠨ ᠳᠥᠷᠢᠮ ᠤᠨ | ᠦᠭᠡᠷᠡᠴᠢᠯᠡᠯᠳᠡ ᠶᠢ ᠭᠤᠤᠯᠳᠡᠯᠭ᠎ᠠ ᠲᠠᠢ ᠠᠬᠢᠭᠤᠯᠵᠦ᠂ ᠨᠡᠶᠢᠲᠡ ᠶᠢᠨ ᠠᠰᠠᠷᠠᠮᠵᠢ ᠶᠢᠨ ᠳᠥᠷᠦᠯ ᠤᠨ ᠠᠵᠦ | ᠠᠬᠤᠶᠢᠯᠠᠯ ᠤᠨ ᠪᠡᠯᠡ ᠣᠷᠣᠭᠤᠯᠥᠯᠳᠡ ᠬᠢᠬᠦ ᠭᠤᠤᠯ ᠴᠣᠠᠠᠴᠠ ᠶᠢᠨ ᠣᠯᠡᠨ ᠡᠰᠢᠵᠢᠬᠦ ᠶᠢ ᠡᠮᠬᠢ ᠵᠢᠷᠦᠮ ᠲᠠᠢ ᠪᠠᠷ | ᠠᠬᠢᠭᠤᠯᠥᠨ᠎ᠠ᠃ | | ᠬᠤᠶᠠᠳᠤᠭᠠᠷ ᠬᠡᠰᠡᠭ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠲᠦᠷᠭᠡᠪᠴᠢᠯᠡᠨ ᠬᠤᠪᠢᠷᠠᠭᠤᠯᠤᠨ᠎ᠠ | | ᠦᠢᠯᠡᠴᠢᠯᠡᠭᠡᠨ ᠤ ᠵᠠᠰᠠᠭ ᠤᠨ ᠣᠷᠳᠣᠨ᠂ ᠬᠠᠷᠢᠭᠤᠴᠠᠯᠭᠠᠲᠤ ᠵᠠᠰᠠᠭ ᠤᠨ ᠣᠷᠳᠣᠨ᠂ ᠬᠠᠤᠯᠢ ᠪᠠᠷ ᠵᠠᠰᠠᠭᠯᠠᠬᠤ | ᠵᠠᠰᠠᠭ ᠤᠨ ᠣᠷᠳᠣᠨ ᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠤᠯᠠᠨ ᠨᠡᠶᠢᠲᠡ ᠶᠢᠨ ᠦᠢᠯᠡᠴᠢᠯᠡᠭᠡᠨ ᠤ ᠤᠬᠠᠮᠰᠠᠷ ᠢ | ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | | ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠤᠰᠢᠶᠠᠯ | ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ | ᠰᠢᠰᠲ᠋ᠧᠮ ᠢ ᠪᠠᠶᠢᠭᠤᠯᠤᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠪᠣᠯᠭᠠᠬᠤ | ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠳᠡᠯᠡᠬᠡᠶᠢᠴᠢᠯᠡᠬᠦ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠤᠮᠤ ᠳ᠋ᠠᠶᠢᠲ᠋ᠠ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ︽ᠢᠨᠲ᠋ᠧᠷ ᠰᠦᠯᠵᠢᠶ᠎ᠡ + ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠶᠡᠭᠡ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠶᠳᠪᠦᠷᠢᠯᠡᠬᠦ ᠳᠤ | ᠴᠠᠬᠢᠮ ᠰᠦᠯᠵᠢᠶ᠎ᠡ + ︽ᠨᠢᠭᠡ ᠯᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ︾ ᠶᠢ ᠠᠬᠢᠭᠤᠯᠵᠤ᠂ ᠪᠦᠬᠦ | ᠶᠠᠪᠤᠴᠠ ᠳᠤ ᠣᠷᠣ ᠮᠥᠷ ᠦᠯᠡᠳᠡᠭᠡᠵᠦ᠂ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯ ᠤᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ | ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠥᠬᠦ ᠠᠶᠢᠮᠠᠭ ᠲᠤ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠵᠤ᠂ ︽ᠨᠢᠭᠡ ᠤᠴᠢᠷ ᠢ ᠨᠢᠭᠡ ᠤᠳᠠᠭ᠎ᠠ ᠳᠤ | ᠭᠦᠶᠴᠡᠳᠬᠡᠬᠦ︾ ︽ᠤᠷᠢᠳᠴᠢᠯᠠᠨ ᠪᠣᠯᠵᠣᠵᠤ ᠭᠦᠶᠴᠡᠳᠬᠡᠬᠦ︾ ︽ᠳᠤᠲᠠᠭᠤ ᠶᠢ ᠤᠷᠢᠳᠴᠢᠯᠠᠨ ᠬᠢᠨᠠᠬᠤ︾ | ᠬᠢᠨᠠᠨ ᠵᠥᠪᠰᠢᠶᠡᠷᠡᠬᠦ ᠦᠶᠯᠡᠴᠢᠯᠡᠭᠡᠨ ᠤ ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠠᠬᠢᠭᠤᠯᠤᠨ᠎ᠠ᠃ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠤᠴᠢᠷ ᠶᠠᠪᠤᠳᠠᠯ ᠤᠨ ᠡᠮᠦᠨ᠎ᠡ ᠦᠨᠡᠯᠡᠨ ᠵᠢᠱᠢᠬᠦ ᠪᠠ ᠤᠴᠢᠷ ᠶᠠᠪᠤᠳᠠᠯ ᠤᠨ ᠬᠤᠶᠢᠨ᠎ᠠ | ᠦᠨᠡᠯᠡᠨ ᠵᠢᠱᠢᠬᠦ ᠲᠦᠷᠢᠮ ᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠳᠤ ᠣᠷᠣᠯᠴᠠᠬᠤ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠵᠦ᠂ ᠰᠢᠶᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ | ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠲᠦᠯᠬᠢᠨ ᠠᠬᠢᠭᠤᠯᠵᠤ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠨ ᠤ | ᠡᠪᠯᠡᠯ ᠪᠠ ᠵᠠᠭᠤᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠡᠳ᠋ ᠤᠨ ᠵᠠᠰᠠᠭ ᠤᠨ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠢ ᠨᠠᠶᠢᠷᠠᠭᠤᠯᠤᠨ | ᠵᠣᠬᠢᠶᠠᠬᠤ ᠶᠢ ᠴᠢᠩᠭᠠᠷᠠᠭᠤᠯᠤᠨ᠂ ᠲᠥᠰᠦᠪ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠨ᠎ᠠ᠃ ᠡᠳ᠋ ᠤᠨ | ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠵᠤ᠂ ᠲᠥᠰᠦᠪ ᠤᠨ ᠬᠢᠵᠠᠭᠠᠷᠯᠠᠯ ᠪᠠ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠪᠠ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠶᠢ ᠲᠦᠷᠭᠡᠪᠴᠢᠯᠡᠨ ᠠᠬᠢᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ | ᠴᠢᠩᠭ᠎ᠠ ᠬᠢᠵᠠᠭᠠᠷᠯᠠᠨ᠎ᠠ᠃ ᠠᠶᠢᠮᠠᠭ ᠬᠢᠭᠡᠳ ᠬᠤᠰᠢᠭᠤ ᠣᠷᠣᠨ ᠤ ᠵᠠᠰᠠᠭ ᠤᠨ ᠣᠷᠳᠣᠨ ᠤ ᠠᠵᠢᠯ ᠶᠠᠪᠤᠳᠠᠯ ᠤᠨ | ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠣᠯᠠᠨ | ᠨᠡᠶᠢᠲᠡ ᠶᠢᠨ ᠦᠶᠯᠡᠴᠢᠯᠡᠭᠡᠨ ᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠣᠳᠣᠬᠢᠴᠢᠯᠠᠭᠰᠠᠨ ᠭᠠᠶᠢᠯᠢ | ᠲᠠᠲᠠᠪᠤᠷᠢ ᠶᠢᠨ ᠲᠦᠷᠢᠮ ᠳᠤ ᠲᠦᠰᠢᠭᠯᠡᠨ᠂ ᠤᠯᠤᠰ ᠤᠨ ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠬᠤ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ | ᠲᠤᠤᠱᠯᠠᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠵᠢᠴᠢ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠶᠢ | ᠶᠡᠭᠡ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ | ᠢᠯᠡ ᠲᠣᠳᠣᠷᠬᠠᠶ ᠬᠠᠭᠤᠳᠠᠰᠤ ᠶᠢ ᠪᠠᠶᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠯᠲᠠ ᠶᠢ ᠪᠦᠬᠦ ᠲᠠᠯ᠎ᠠ ᠪᠠᠷ ᠢᠯᠭᠠᠷᠠᠭᠤᠯᠤᠨ ᠵᠢᠷᠤᠮᠵᠢᠭᠤᠯᠵᠤ᠂ ︽ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠯᠲᠠ ᠶᠢ ᠲᠣᠳᠣᠷᠬᠠᠶ ᠬᠠᠭᠤᠳᠠᠰᠤᠨ ᠳᠤ ᠣᠷᠣᠭᠤᠯᠵᠤ᠂ ᠲᠣᠳᠣᠷᠬᠠᠶ ᠬᠠᠭᠤᠳᠠᠰᠤ ᠠᠴᠠ | ᠭᠠᠳᠠᠨ᠎ᠠ ᠰᠦᠢᠳᠬᠡᠯ ᠬᠤᠷᠢᠶᠠᠬᠤ ᠦᠭᠡᠢ ᠪᠠᠶᠢᠬᠤ︾ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠪᠣᠳᠠᠲᠤ | ᠴᠣᠭᠴᠠ ᠶᠢᠨ ᠠᠵᠤ ᠠᠬᠤᠶ ᠶᠢ ᠪᠦᠲᠦᠮᠵᠢᠲᠡᠶ ᠪᠠᠷ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠮᠥᠩᠭᠦᠨ | ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ | ᠲᠦᠭᠡᠮᠡᠯ ᠬᠠᠷᠠᠭᠠᠯᠵᠠᠯ ᠤᠨ ᠴᠢᠨᠠᠷ ᠢ ᠴᠢᠩᠭᠠᠷᠠᠭᠤᠯᠤᠨ᠎ᠠ᠃ ᠳᠤᠮᠳᠠ ᠵᠢᠵᠢᠭ ᠪᠠᠩᠬᠢ ᠪᠠ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶᠠᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠲᠦᠷᠦ ᠶᠢᠨ ᠪᠤᠳᠤᠯᠭ᠎ᠠ ᠶᠢᠨ | ᠴᠢᠨᠠᠷᠲᠠᠶ ᠮᠥᠩᠭᠦᠨ ᠭᠦᠢᠯᠭᠡᠭᠡ ᠶᠢ ᠥᠭᠡᠷᠡᠴᠢᠯᠡᠨ ᠰᠢᠯᠢᠳᠡᠭᠵᠢᠭᠦᠯᠦᠨ᠎ᠡ᠃ ᠣᠳᠣᠬᠢᠴᠢᠯᠠᠭᠰᠠᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠢᠯᠡ ᠲᠣᠳᠣ ᠶᠢᠨ ᠬᠡᠮᠵᠢᠶ᠎ᠡ ᠪᠠ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠠᠳᠠᠭᠠᠯᠠᠮᠵᠢ ᠶᠢᠨ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠰᠢᠶᠳᠪᠦᠷᠢᠯᠡᠬᠦ᠂ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠥᠴᠦᠬᠡᠨ ᠴᠦ ᠬᠦᠯᠢᠴᠡᠬᠦ ᠦᠭᠡᠢ᠃ | | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ | ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ᠂ | ᠡᠯ᠎ᠡ ᠬᠦᠷᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠪᠠ ᠢᠲᠡᠭᠡᠮᠵᠢ ᠶᠢᠨ ᠮᠡᠳᠡᠭᠡ | ᠵᠠᠩᠭᠢ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠶᠢ ᠲᠦᠷᠭᠡᠪᠴᠢᠯᠡᠨ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠨᠡᠩ ᠶᠡᠭᠡ ᠬᠡᠪᠴᠢᠶᠡᠨ ᠳᠤ ᠪᠡᠶᠡᠯᠡᠭᠦᠯᠦᠨ᠎ᠡ᠃ ᠣᠯᠠᠨ ᠨᠡᠶᠢᠲᠡ ᠳᠤ | ᠬᠠᠨᠳᠤᠭᠤᠯᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠦᠶᠯᠡᠴᠢᠯᠡᠭᠡ ᠶᠢ ᠥᠷᠭᠡᠳᠬᠡᠨ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠴᠢᠯᠥᠭᠡᠲᠡᠶ ᠪᠣᠯᠭᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ | ᠂ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠦᠶᠯᠡᠳᠬᠦᠨ ᠢ ᠨᠡᠶᠢᠭᠡᠮᠴᠢᠯᠡᠨ ᠬᠡᠷᠡᠭᠯᠡᠬᠦ ᠶᠢ ᠶᠡᠬᠡᠪᠡᠷ | ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠲᠠᠯ᠎ᠠ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠶᠢᠨ ᠬᠦᠷᠢᠶᠡᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ ᠡᠯ᠎ᠡ ᠬᠦᠷᠢᠶ᠎ᠡ ᠴᠠᠷᠠᠭ᠎ᠠ ᠶᠢᠨ | ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ ᠪᠠ ᠢᠲᠡᠭᠡᠮᠵᠢ ᠶᠢᠨ ︽ᠤᠯᠠᠭᠠᠨ | ᠬᠠᠷ᠎ᠠ ᠲᠠᠩᠰᠠ︾ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ | ᠪᠠᠶᠢᠭᠤᠯᠤᠯ ᠢ ᠪᠠᠶᠢᠭᠤᠯᠤᠨ ᠪᠦᠷᠢᠨᠰᠢᠬᠦᠯᠵᠦ᠂ ᠣᠯᠠᠨ ᠰᠠᠯᠠᠭ᠎ᠠ ᠮᠥᠴᠢᠷ᠂ ᠭᠠᠵᠠᠷ ᠣᠷᠣᠨ ᠠᠯᠤᠰᠯᠠᠨ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ | ᠭᠤᠤᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ | ᠴᠠᠭᠠᠵᠠ᠂ ᠠᠵᠤ ᠠᠬᠤᠶ ᠪᠠ ᠵᠠᠰᠠᠭ ᠵᠠᠬᠢᠷᠭᠠᠨ ᠤ ᠵᠡᠷᠭᠡ ᠠᠷᠭ᠎ᠠ ᠪᠠᠷᠢᠯ ᠢ ᠬᠡᠷᠡᠭᠯᠡᠨ᠂ ᠢᠲᠡᠭᠡᠮᠵᠢ ᠶᠢᠨ ᠮᠡᠳᠡᠭᠡ | ᠵᠠᠩᠭᠢ ᠶᠢᠨ ᠭᠤᠤᠯ ᠴᠣᠭᠴᠠ ᠶᠢᠨ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠪᠠᠶᠢᠴᠠᠭᠠᠨ ᠯᠠᠪᠯᠠᠬᠤ ᠲᠠᠰ ᠳᠠᠷᠠᠭᠠᠯᠠᠯ ᠢ | ᠲᠡᠭᠦᠯᠳᠡᠷᠵᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠳᠤ ᠬᠠᠤᠯᠢ ᠶᠣᠰᠣᠨ ᠤ | ᠪᠥᠭᠡᠳ ᠵᠦᠶ ᠵᠣᠬᠢᠰᠲᠠᠶ᠂ ᠣᠨᠣᠪᠴᠢᠲᠠᠶ ᠪᠥᠭᠡᠳ ᠪᠦᠲᠦᠮᠵᠢᠲᠡᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ | ᠪᠠᠶᠢᠬᠤ ᠶᠢ ᠪᠡᠶᠡᠯᠡᠭᠦᠯᠦᠨ᠎ᠡ᠃ ᠦᠨᠡᠨᠴᠢ ᠢᠲᠡᠭᠡᠮᠵᠢ ᠶᠢᠨ ᠬᠥᠮᠦᠵᠢᠯ ᠬᠢᠭᠡᠳ ᠦᠨᠡᠨᠴᠢ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠠᠵᠢᠯᠯᠠᠭ᠎ᠠ | ᠪᠠ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠠᠰᠠᠭᠤᠳᠠᠯ ᠤᠨ ᠲᠤᠰᠬᠠᠶ | ᠵᠠᠰᠠᠯᠲᠠ ᠶᠢ ᠥᠷᠨᠢᠭᠦᠯᠵᠦ᠂ ᠨᠡᠶᠢᠭᠡᠮ ᠳᠠᠶᠠᠭᠠᠷ ᠲᠤ ︽ᠦᠨᠡᠨᠴᠢ ᠢᠲᠡᠭᠡᠮᠵᠢᠲᠡᠶ ᠪᠠᠶᠢᠬᠤ ᠨᠢ ᠢᠷᠠᠭᠤ ᠠᠯᠳᠠᠷᠲᠠᠶ᠂ | ᠢᠲᠡᠭᠡᠯ ᠠᠯᠳᠠᠪᠠᠯ ᠢᠴᠢᠭᠦᠷᠢ ᠲᠠᠢ︾ ᠪᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠦᠨ᠎ᠡ᠃ | | ᠳᠣᠯᠣᠳᠤᠭᠠᠷ ᠪᠦᠯᠦᠭ ᠬᠤᠤᠰ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠵᠦ ᠠᠯᠠᠱᠠ ᠶᠢᠨ ᠨᠡᠪᠲᠡᠷᠡᠬᠦ | ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ | | ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ | ᠪᠡᠯᠡ ᠣᠷᠣᠭᠤᠯᠤᠯᠲᠠ ᠪᠠ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠵᠦ᠂ ᠤᠯᠤᠰ ᠤᠨ ︽ᠨᠢᠭᠡ ᠪᠦᠰᠡ ᠨᠢᠭᠡ ᠵᠠᠮ︾ | ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠭᠦᠨᠵᠡᠭᠡᠶ ᠣᠷᠣᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ | ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠤᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠠᠭᠤᠰᠤᠯᠴᠠᠨ᠂ ᠡᠬᠢ ᠪᠠᠶᠠᠯᠢᠭ ᠢ ᠲᠥᠪᠯᠡᠷᠡᠭᠦᠯᠦᠨ | ᠲᠥᠪᠯᠡᠷᠡᠭᠦᠯᠵᠦ ᠲᠠᠷᠬᠠᠭᠠᠬᠤ᠂ ᠬᠦᠴᠦᠨ ᠵᠦᠶᠯ ᠢ ᠠᠭᠤᠰᠤᠯᠴᠠᠭᠤᠯᠤᠨ ᠤᠶᠠᠯᠳᠤᠭᠤᠯᠬᠤ ᠪᠥᠬᠦ ᠣᠷᠣᠨ ᠪᠦᠰᠡ ᠶᠢᠨ | ᠨᠡᠭᠡᠭᠡᠯᠲᠡ ᠶᠢᠨ ᠲᠠᠪᠴᠠᠩ ᠢ ᠪᠣᠶ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠵᠠᠬ᠎ᠠ | ᠳᠡᠯᠭᠡᠭᠦᠷ ᠲᠤ ᠪᠥᠬᠦ ᠲᠠᠯ᠎ᠠ ᠪᠠᠷ ᠠᠭᠤᠰᠤᠯᠴᠠᠬᠤ ᠳᠤᠮᠳᠠ ᠬᠥᠭᠵᠢᠯᠲᠡ ᠶᠢᠨ ᠰᠢᠨ᠎ᠡ ᠳᠠᠪᠠᠭᠤᠯᠢᠭ ᠢ ᠨᠡᠮᠡᠭᠳᠡᠭᠦᠯᠦᠨ᠎ᠡ᠃ | | | ᠨᠢᠭᠡᠳᠦᠭᠡᠷ ᠬᠡᠰᠡᠭ ᠪᠡᠯᠡ ᠣᠷᠣᠭᠤᠯᠤᠯᠲᠠ ᠪᠠ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠦᠯᠦᠨ᠎ᠡ | | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ ᠣᠷᠣᠭᠤᠯᠤᠯᠲᠠ ᠶᠢᠨ | ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠵᠦᠢ ᠵᠣᠬᠢᠰᠲᠠᠶ | ᠨᠡᠮᠡᠭᠳᠡᠯ ᠢ ᠠᠬᠢᠭᠤᠯᠤᠨ᠎ᠠ᠃ ᠬᠡᠷᠡᠭᠯᠡᠭᠡᠨ ᠤ ᠬᠡᠷᠡᠭᠴᠡᠭᠡ ᠶᠢ ᠥᠷᠭᠡᠳᠬᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠦᠢᠯᠡᠳᠪᠦᠷᠢᠯᠡᠯ ᠪᠠ ᠬᠡᠷᠡᠭᠯᠡᠭᠡ ᠶᠢᠨ ︽ᠬᠤᠶᠠᠷ ᠳᠡᠰ ᠳᠡᠪᠰᠢᠬᠦ︾ ᠶᠢ ᠠᠬᠢᠭᠤᠯᠤᠨ᠎ᠠ᠃ | | ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ᠪᠡᠯᠡ | ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ︽ᠳᠠᠪᠲᠠᠯᠲᠠ ᠶᠢ ᠳᠠᠪᠲᠠᠬᠤ᠂ | ᠳᠤᠲᠠᠭᠤᠳᠠᠯ ᠢ ᠨᠥᠬᠦᠪᠥᠷᠢᠯᠡᠬᠦ︾ ᠪᠠ ︽ᠬᠤᠶᠠᠷ ᠰᠢᠨ᠎ᠡ ᠨᠢᠭᠡ ᠬᠦᠨᠳᠦ︾ ᠶᠢᠨ ᠪᠥᠲᠥᠭᠡᠨ ᠪᠠᠶᠢᠭᠤᠯᠤᠯᠲᠠ ᠳᠤ | ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠪᠡᠯᠡᠳᠬᠡᠮᠵᠢ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠮᠠᠯᠵᠢᠬᠤ | ᠲᠠᠷᠢᠶᠠᠯᠠᠬᠤ ᠣᠷᠣᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠡᠳ᠋ ᠪᠣᠳᠠᠰ ᠤᠨ ᠨᠥᠭᠡᠴᠡ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠠᠵᠤ | ᠠᠬᠤᠶᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠪᠠᠯᠠ ᠣᠷᠣᠭᠤᠯᠤᠯᠲᠠ ᠶᠢ | ᠥᠷᠭᠡᠳᠬᠡᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠰᠢᠭᠦᠷᠭᠡ ᠶᠢᠨ ᠦᠶᠯᠡᠳᠦᠯ ᠢ | ᠪᠠᠳᠠᠷᠠᠭᠤᠯᠵᠤ᠂ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠠᠬ᠎ᠠ | ᠳᠡᠯᠭᠡᠭᠦᠷ ᠢᠶᠠᠷ ᠭᠤᠤᠯᠯᠠᠭᠤᠯᠤᠭᠰᠠᠨ ᠪᠠᠯᠠ ᠣᠷᠣᠭᠤᠯᠤᠯᠲᠠ ᠶᠢᠨ ᠳᠣᠲᠣᠭᠠᠳᠤ ᠨᠡᠮᠡᠭᠳᠡᠯ ᠤᠨ ᠲᠣᠭᠲᠠᠴᠠ ᠶᠢ ᠤᠯᠤᠰ | ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠨᠠᠷᠢᠯᠢᠭ | ᠣᠨᠣᠴᠠᠲᠠᠶ ᠪᠠᠷ ᠤᠶᠠᠯᠳᠤᠭᠤᠯᠵᠤ᠂ ᠴᠢᠬᠤᠯᠠ ᠶᠡᠭᠡ ᠲᠥᠷᠥᠯ ᠵᠦᠶᠯ ᠤᠨ ᠬᠥᠮᠥᠷᠭᠡ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠲᠥᠷᠥᠯ ᠵᠦᠶᠯ ᠢ ᠨᠥᠭᠡᠴᠡᠯᠡᠬᠦ ᠪᠠ ᠦᠷᠭᠦᠯᠵᠢᠯᠡᠨ ᠦᠷᠭᠦᠯᠵᠢᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠪᠠᠯᠠ ᠣᠷᠣᠭᠤᠯᠤᠯᠲᠠ ᠶᠢᠨ ᠣᠷᠣᠨ ᠵᠠᠶ ᠶᠢ ᠥᠷᠭᠡᠳᠬᠡᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠶᠢ ᠪᠠᠲᠤᠳᠬᠠᠬᠤ᠂ | ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠳᠦ ᠳᠤ ᠠᠰᠢᠭᠲᠠᠶ ᠨᠢᠭᠡ ᠪᠦᠯᠦᠭ ᠴᠢᠬᠤᠯᠠ ᠶᠡᠭᠡ ᠵᠦᠢᠯᠡᠰ ᠢ ᠪᠣᠳᠠᠲᠠᠶ ᠪᠠᠷ | ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠦᠢᠯᠡᠰ ᠢ | ᠳᠠᠭᠠᠭᠠᠴᠢᠯᠠᠨ ᠠᠵᠢᠯᠯᠠᠬᠤ ᠲᠣᠭᠲᠠᠴᠠ ᠪᠠ ᠴᠢᠬᠤᠯᠠ ᠶᠡᠭᠡ ᠵᠦᠢᠯᠡᠰ ᠤᠨ ᠬᠠᠮᠲᠤᠷᠠᠭᠰᠠᠨ ᠬᠤᠷᠠᠯᠳᠤᠭᠠᠨ ᠤ | ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠪᠡᠯᠡ ᠮᠥᠩᠭᠦ᠂ ᠡᠯᠧᠮᠧᠨ᠋ᠲ᠂ ᠦᠢᠯᠡᠴᠢᠯᠡᠭᠡ ᠶᠢ ᠵᠦᠢᠯᠡᠰ ᠢ ᠲᠠᠭᠠᠵᠤ ᠶᠠᠪᠤᠬᠤ ᠶᠢ | ᠪᠠᠷᠢᠮᠲᠠᠯᠠᠵᠤ᠂ ︽ᠨᠢᠭᠡ ᠪᠦᠯᠦᠭ ᠢ ᠰᠦᠪᠡᠭᠴᠢᠯᠡᠵᠦ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠠᠵᠢᠯ | ᠡᠬᠢᠯᠡᠭᠦᠯᠵᠦ᠂ ᠨᠢᠭᠡ ᠪᠦᠯᠦᠭ ᠢ ᠳᠠᠭᠤᠰᠬᠠᠭᠰᠠᠨ︾ ᠰᠠᠶᠢᠨ ᠣᠷᠴᠢᠯ ᠪᠠᠶᠢᠷᠢᠰᠢᠯ ᠢ ᠪᠦᠷᠢᠯᠳᠦᠭᠦᠯᠦᠨ᠎ᠡ᠃ | | ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠯᠬᠢᠨ | ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠭᠡ ᠶᠢ ᠲᠡᠰ | ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠬᠡᠷᠡᠭᠯᠡᠭᠡ ᠶᠢᠨ ᠪᠣᠬᠢᠷᠲᠤᠯ ᠦᠭᠡᠢ ᠡᠷᠡᠭᠦᠯ ᠪᠥᠭᠡᠳ ᠠᠮᠤᠷ ᠲᠦᠪᠰᠢᠨ | ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡ ᠶᠢᠨ ᠰᠠᠭᠤᠷᠢᠯᠠᠬᠤ | ᠴᠢᠨᠠᠷᠲᠠᠶ ᠦᠢᠯᠡᠳᠦᠯ ᠢ ᠴᠢᠩᠭᠠᠳᠬᠠᠨ᠎ᠠ᠃ ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ | ᠬᠡᠷᠡᠭᠯᠡᠭᠡ ᠶᠢ ᠪᠤᠶᠢᠵᠢᠭᠤᠯᠤᠨ᠂ ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠪᠠᠷ ᠨᠡᠮᠡᠭᠳᠡᠭᠦᠯᠦᠨ᠎ᠡ᠃ | ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠬᠦᠷᠢᠶᠡᠨ ᠳᠠᠬᠢ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠬᠤ ᠤᠯᠤᠰ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ᠂ ᠬᠡᠦᠬᠡᠳ | ᠰᠠᠭᠠᠲᠠᠭᠤᠯᠬᠤ ᠠᠵᠢᠯ᠂ ᠭᠡᠷ ᠤᠨ ᠶᠠᠪᠤᠳᠠᠯ᠂ ᠰᠤᠷᠭᠠᠨ ᠬᠥᠮᠦᠵᠢᠯ ᠰᠤᠷᠭᠠᠯᠲᠠ ᠵᠡᠷᠭᠡ ᠦᠢᠯᠡᠴᠢᠯᠡᠭᠡᠨ ᠤ | ᠬᠡᠷᠡᠭᠯᠡᠭᠡ ᠶᠢᠨ ᠳᠠᠯᠳᠠ ᠬᠦᠴᠦᠨ ᠢ ᠲᠦᠷᠭᠡᠪᠴᠢᠯᠡᠨ ᠪᠠᠳᠠᠷᠠᠭᠤᠯᠤᠨ᠎ᠠ᠃ ᠬᠡᠷᠡᠭᠯᠡᠭᠡ ᠶᠢᠨ ᠰᠢᠨ᠎ᠡ ᠬᠡᠪ ᠵᠠᠭᠪᠤᠷ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠵᠣᠷᠢᠭᠵᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠬᠢᠷᠲᠤᠯ ᠥᠬᠡᠶ᠂ | ᠮᠡᠳᠡᠭᠡ ᠵᠠᠩᠭᠢ᠂ ᠵᠠᠬᠢᠶᠠᠯᠠᠨ ᠦᠶᠯᠡᠳᠬᠦ᠂ ᠪᠡᠶᠡᠴᠢᠯᠡᠨ ᠣᠶᠢᠯᠠᠭᠠᠬᠤ ᠵᠡᠷᠭᠡ ᠬᠡᠷᠡᠭᠯᠡᠭᠡ ᠶᠢᠨ ᠰᠢᠨ᠎ᠡ ᠨᠡᠮᠡᠭᠳᠡᠯ ᠤᠨ | ᠴᠡᠭ ᠢ ᠪᠤᠶᠢᠵᠢᠭᠤᠯᠤᠨ᠎ᠠ᠃ ᠬᠤᠲᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ | ᠬᠡᠷᠡᠭᠯᠡᠭᠡᠨ ᠤ ᠲᠣᠣᠷ ᠰᠦᠯᠵᠢᠶᠡᠨ ᠤ ᠴᠢᠬᠤᠯᠠ ᠵᠠᠩᠭᠢᠯᠠᠭ᠎ᠠ ᠶᠢᠨ ᠴᠡᠭ ᠤᠨ ᠪᠠᠶᠢᠷᠢᠰᠢᠯ ᠢ ᠰᠢᠯᠢᠳᠡᠭᠵᠢᠭᠦᠯᠵᠦ᠂ | ᠣᠷᠣᠨ ᠪᠦᠰᠡ ᠶᠢᠨ ᠬᠡᠷᠡᠭᠯᠡᠭᠡᠨ ᠤ ᠲᠥᠪ ᠢ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ | ᠃ | | ᠬᠤᠶᠠᠳᠤᠭᠠᠷ ᠬᠡᠰᠡᠭ ᠨᠠᠷᠮᠠᠶ ᠪᠣᠭᠤᠮᠲᠠ ᠶᠢᠨ ᠠᠵᠤ ᠠᠬᠤᠶ ᠶᠢ ᠲᠦᠷᠭᠡᠪᠴᠢᠯᠡᠨ ᠬᠥᠭᠵᠢᠭᠦᠯᠦᠨ᠎ᠡ | | ︽ᠬᠤᠶᠠᠷ ᠪᠣᠭᠤᠮᠲᠠ ᠬᠤᠶᠠᠷ ᠬᠦᠷᠢᠶᠡᠯᠡᠩ ᠲᠣᠭᠤᠷᠢᠭ ᠨᠢᠭᠡ ᠰᠠᠭᠤᠷᠢᠨ ᠭᠠᠵᠠᠷ ᠨᠢᠭᠡ ᠲᠤᠷᠰᠢᠯᠲᠠ ᠶᠢᠨ | ᠲᠣᠭᠤᠷᠢᠭ ᠨᠢᠭᠡ ᠡᠬᠡ ᠬᠠᠭᠤᠷᠠᠶ ᠶᠢᠨ ᠭᠠᠷᠠᠮ︾ ᠢᠶᠠᠷ ᠬᠠᠷᠢᠯᠴᠠᠨ ᠲᠦᠰᠢᠭ ᠪᠣᠯᠭᠠᠵᠤ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠡᠳ᠋ᠰᠢᠭᠦᠯᠬᠦ ᠬᠡᠯᠪᠡᠷᠢ ᠶᠢᠨ ︽ᠪᠣᠭᠤᠮᠲᠠ + ᠬᠦᠷᠢᠶᠡᠯᠡᠩ ᠲᠣᠭᠤᠷᠢᠭ + ᠰᠠᠭᠤᠷᠢᠨ | ᠭᠠᠵᠠᠷ︾ ᠤᠨ ᠨᠠᠷᠮᠠᠶ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ᠂ ᠪᠦᠷᠢᠨ ᠲᠡᠭᠦᠯᠳᠡᠷ ᠴᠢᠳᠠᠮᠵᠢ ᠲᠠᠢ | ᠣᠳᠣᠬᠢᠴᠢᠯᠠᠭᠰᠠᠨ ᠡᠬᠡ ᠬᠠᠭᠤᠷᠠᠶ ᠶᠢᠨ ᠪᠣᠭᠤᠮᠲᠠ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ | | ᠲᠤᠰᠬᠠᠶ ᠪᠤᠯᠤᠩ 14᠄ ᠪᠣᠭᠤᠮᠲᠠ ᠶᠢᠨ ᠠᠵᠤ ᠠᠬᠤᠶ ᠶᠢᠨ ᠪᠠᠶᠢᠷᠢᠯᠠᠭᠤᠯᠤᠯᠲᠠ | | ᠬᠤᠶᠠᠷ ᠪᠣᠭᠤᠮᠲᠠ᠄ ᠴᠡᠭᠡ ᠪᠣᠭᠤᠮᠲᠠ᠂ ᠦᠯᠵᠡᠢ ᠪᠣᠭᠤᠮᠲᠠ | | ᠬᠤᠶᠠᠷ ᠬᠦᠷᠢᠶᠡᠯᠡᠩ ᠲᠣᠭᠤᠷᠢᠭ᠄ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠲᠩᠷᠢ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ | | ᠨᠢᠭᠡ ᠰᠠᠭᠤᠷᠢᠨ ᠭᠠᠵᠠᠷ᠄ ᠲᠠᠮᠰᠤᠭᠪᠤᠯᠠᠭ ᠤᠨ ᠪᠠᠶᠢᠭᠠᠯᠢ ᠶᠢᠨ ᠬᠤᠵᠢᠷ ᠤᠨ ᠠᠵᠤ ᠦᠶᠯᠡᠰ ᠤᠨ ᠰᠠᠭᠤᠷᠢᠨ | ᠭᠠᠵᠠᠷ | | ᠨᠢᠭᠡ ᠲᠤᠷᠰᠢᠯᠲᠠ ᠶᠢᠨ ᠣᠷᠣᠨ᠄ ᠡᠵᠡᠨ᠎ᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ | ᠨᠢᠭᠡ ᠡᠬᠡ ᠬᠠᠭᠤᠷᠠᠶ ᠶᠢᠨ ᠭᠠᠷᠠᠮ᠄ ᠠᠯᠠᠱᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ | | ᠡᠵᠡᠨ᠎ᠡ ᠶᠢᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ | ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠭᠡ ᠪᠣᠭᠤᠮᠲᠠ ᠪᠠᠷ ᠬᠦᠶᠰᠦ | ᠪᠣᠯᠭᠠᠵᠤ᠂ ᠳᠠᠯᠠᠶᠢᠬᠥ᠋ᠪ ᠪᠠᠯᠭᠠᠰᠤ ᠪᠠᠷ ᠭᠤᠤᠯ ᠪᠣᠯᠭᠠᠵᠤ᠂ ᠴᠡᠭᠡ ᠣᠯᠠᠨ ᠤᠯᠤᠰ ᠤᠨ ᠠᠷᠠᠯᠵᠢᠶᠠᠨ ᠤ | ᠲᠣᠭᠤᠷᠢᠭ ᠢᠶᠠᠷ ᠭᠤᠤᠯᠳᠠᠯᠭ᠎ᠠ ᠪᠣᠯᠭᠠᠨ ᠪᠥᠲᠥᠭᠡᠨ ᠪᠠᠶᠢᠭᠤᠯᠬᠤ ᠣᠷᠣᠨ ᠪᠦᠰᠡ ᠶᠢ ᠪᠠᠶᠢᠭᠤᠯᠵᠤ᠂ ᠤᠮᠠᠷᠠᠰᠢ | ᠨᠡᠭᠡᠭᠡᠯᠲᠡ ᠬᠢᠬᠦ ᠵᠠᠮ ᠳᠡᠭᠡᠷᠡᠬᠢ ᠣᠳᠣᠬᠢᠴᠢᠯᠠᠭᠰᠠᠨ ᠬᠦᠶᠰᠦ ᠬᠡᠯᠪᠡᠷᠢ ᠶᠢᠨ ᠪᠠᠷᠠᠭᠠᠨ ᠤ ᠭᠦᠶᠯᠭᠡᠭᠡᠨ ᠤ ᠰᠠᠭᠤᠷᠢᠨ | ᠭᠠᠵᠠᠷ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠲᠥᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ 2025 ᠣᠨ ᠪᠣᠯᠬᠤ ᠳᠤ ᠲᠤᠷᠰᠢᠯᠲᠠ ᠶᠢᠨ | ᠣᠷᠣᠨ ᠢ ᠳᠤᠮᠳᠠᠳᠤ ᠮᠣᠩᠭᠤᠯ ᠤᠷᠤᠰ ᠤᠨ ᠨᠡᠪᠲᠡᠷᠡᠬᠦ ᠵᠠᠮ ᠳᠡᠭᠡᠷᠡᠬᠢ ᠰᠢᠨ᠎ᠡ ᠠᠵᠤ ᠠᠬᠤᠢ ᠶᠢᠨ ᠠᠷᠠᠯᠵᠢᠶᠠᠨ ᠤ | ᠲᠥᠪ᠂ ᠤᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭᠠᠨ ᠤ ᠣᠷᠣᠨ᠂ ᠬᠥᠷᠰᠢ᠂ ᠠᠮᠤᠷ | ᠠᠮᠤᠭᠤᠯᠠᠩ ᠬᠥᠷᠰᠢ ᠵᠡᠷᠭᠡᠯᠡᠳᠡᠭᠡ ᠪᠠᠶᠠᠨ ᠬᠢᠯᠢ ᠬᠢᠵᠠᠭᠠᠷ ᠣᠷᠣᠨ ᠤ ᠬᠦᠴᠦᠷᠬᠡᠭ ᠣᠷᠣᠨ ᠪᠣᠯᠭᠠᠨ ᠪᠦᠳᠦᠭᠡᠨ | ᠪᠠᠶᠢᠭᠤᠯᠤᠨ᠎ᠠ᠃ | | ᠣᠳᠣᠬᠢᠴᠢᠯᠠᠭᠰᠠᠨ ᠰᠢᠨ᠎ᠡ ᠪᠣᠭᠤᠮᠲᠠ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ︽ | ᠪᠣᠭᠤᠮᠲᠠ + ᠨᠡᠪᠲᠡᠷᠡᠬᠦ ᠵᠠᠮ︾ ᠤᠨ ᠠᠷᠠᠯᠵᠢᠶ᠎ᠠ ᠬᠤᠳᠠᠯᠳᠤᠭᠠᠨ ᠤ ᠲᠣᠤᠷ ᠰᠦᠯᠵᠢᠶ᠎ᠡ ᠶᠢ ᠨᠢᠭᠡ ᠴᠤᠭᠴᠠᠵᠢᠭᠤᠯᠬᠤ | ᠲᠠᠪᠴᠠᠩ ᠢ ᠪᠠᠶᠢᠭᠤᠯᠤᠨ᠎ᠠ᠃ ᠣᠳᠣᠬᠢᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠲᠦᠴᠡ ᠶᠢ ᠤᠯᠠᠮ | ᠰᠢᠯᠢᠳᠡᠭᠵᠢᠭᠦᠯᠦᠨ᠂ ᠶᠡᠭᠡ ᠬᠡᠮᠵᠢᠶᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠶᠯᠡᠳᠬᠦᠨ ᠢ | ᠪᠣᠳᠠᠲᠠᠶᠢᠵᠢᠭᠤᠯᠤᠨ ᠰᠤᠷᠭᠠᠯᠲᠠ ᠳᠤ ᠬᠠᠮᠤᠷᠤᠭᠤᠯᠬᠤ ᠶᠢ ᠠᠬᠢᠭᠤᠯᠵᠤ᠂ ︽ᠣᠷᠣᠨ ᠨᠤᠲᠤᠭ ᠢᠶᠠᠷ ᠥᠩᠭᠡᠷᠡᠬᠦ ᠠᠵᠤ | ᠠᠬᠤᠢ︾ ᠶᠢ ︽ᠣᠷᠣᠨ ᠨᠤᠲᠤᠭ ᠲᠤ ᠰᠠᠭᠤᠷᠢᠰᠢᠭᠰᠠᠨ ᠠᠵᠤ ᠠᠬᠤᠢ︾ ᠪᠣᠯᠭᠠᠨ ᠬᠤᠪᠢᠷᠠᠭᠤᠯᠤᠨ᠎ᠠ᠃ ᠥᠯᠵᠡᠢ | ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠥᠯᠵᠡᠢ | ᠪᠣᠭᠤᠮᠲᠠ ᠶᠢᠨ ᠬᠤᠶᠠᠷ ᠲᠠᠯᠠᠲᠤ ᠴᠢᠨᠠᠷᠲᠠᠶ ᠪᠠᠷ ᠵᠢᠯ ᠲᠤᠷᠰᠢ ᠪᠣᠭᠤᠮᠲᠠ ᠥᠩᠭᠡᠷᠡᠬᠦ ᠶᠢ ᠪᠡᠶᠡᠯᠡᠭᠦᠯᠦᠨ᠎ᠡ᠃ | | ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠬᠢᠯᠢ ᠶᠢᠨ ᠬᠠᠷᠢᠯᠴᠠᠨ | ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠦᠶᠯᠡᠳᠪᠦᠷᠢᠯᠡᠵᠦ ᠡᠳ᠋ᠰᠢᠭᠦᠯᠬᠦ᠂ ᠪᠠᠷᠠᠭᠠᠨ ᠤ ᠭᠦᠶᠯᠭᠡᠭᠡᠨ ᠤ ᠲᠥᠪᠯᠡᠷᠡᠭᠦᠯᠦᠨ ᠲᠠᠷᠬᠠᠭᠠᠬᠤ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ᠂ ᠬᠢᠯᠢ ᠠᠯᠤᠰᠯᠠᠭᠰᠠᠨ ᠵᠢᠭᠤᠯᠴᠢᠯᠠᠯ ᠢᠶᠠᠷ ᠭᠤᠤᠯ ᠪᠣᠯᠭᠠᠭᠰᠠᠨ ᠳᠤᠮᠳᠠᠳᠤ ᠮᠣᠩᠭᠤᠯ ᠤᠨ ᠴᠡᠭᠡ | — ᠰᠢᠪᠡᠭᠡ ᠬᠦᠷᠡᠩ ᠤᠨ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠪᠠ ᠳᠤᠮᠳᠠᠳᠤ | ᠮᠣᠩᠭᠤᠯ ᠤᠨ ᠥᠯᠵᠡᠢ — ᠪᠠᠶᠠᠨᠭᠤᠪᠢ ᠶᠢᠨ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ | ᠭᠤᠶᠤᠴᠢᠯᠠᠨ ᠪᠠᠶᠢᠭᠤᠯᠬᠤ ᠶᠢ ᠲᠦᠷᠭᠡᠳᠬᠡᠨ᠎ᠡ᠃ ︽ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ︾ ᠂ ᠪᠸᠢ ᠪᠦ᠋ | ᠸᠠᠨ ᠭᠠᠷᠠᠮ ᠤᠨ ᠰᠦᠷᠦᠭᠵᠢᠯ ᠢ ᠨᠡᠪᠲᠡᠷᠡᠭᠦᠯᠬᠦ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠪᠠᠷᠠᠭᠤᠨ ᠬᠡᠰᠡᠭ ᠤᠨ | ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ ᠢᠶᠠᠷ ᠭᠤᠤᠯ ᠱᠤᠭᠤᠮ ᠪᠣᠯᠭᠠᠭᠰᠠᠨ᠂ ᠱᠠᠨᠰᠢ ᠭᠠᠨᠰᠦ ᠨᠢᠩᠰᠢᠶᠠ | ᠥᠪᠥᠷ ᠮᠣᠩᠭᠤᠯ ᠬᠥᠬᠡᠨᠠᠭᠤᠷ ᠰᠢᠨ᠎ᠡ ᠱᠠᠨ ᠰᠢ ᠲᠤᠯᠤᠭᠠᠨ ᠮᠤᠵᠢ ᠣᠷᠣᠨ ᠢ ᠬᠠᠮᠤᠷᠤᠭᠰᠠᠨ ᠠᠯᠠᠱᠠ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ — ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠢ ᠲᠦᠷᠭᠡᠳᠬᠡᠨ | ᠪᠠᠶᠢᠭᠤᠯᠤᠨ᠎ᠠ᠃ ᠪᠣᠭᠤᠮᠲᠠ ᠶᠢᠨ ᠬᠤᠯᠪᠣᠭᠠᠯᠠᠨ ᠬᠥᠳᠡᠯᠦᠯᠴᠡᠬᠦ ᠬᠦᠷᠢᠶᠡᠯᠡᠩ ᠲᠣᠭᠤᠷᠢᠭ᠂ ᠬᠦᠷᠢᠶᠡᠯᠡᠩ | ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ᠡᠬᠡ ᠬᠠᠭᠤᠷᠠᠶ ᠶᠢᠨ ᠭᠠᠷᠠᠮ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠪᠠᠯᠠ ᠣᠷᠣᠭᠤᠯᠤᠯᠲᠠ ᠠᠷᠠᠯᠵᠢᠶ᠎ᠠ ᠶᠢᠨ ᠴᠢᠯᠥᠭᠡᠵᠢᠯᠲᠡ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠯᠠᠨ ᠤᠯᠤᠰ ᠤᠨ ᠳᠣᠲᠣᠭᠠᠳᠤ | ᠬᠠᠭᠤᠷᠠᠶ ᠶᠢᠨ ᠭᠠᠷᠠᠮ ᠤᠨ ᠠᠵᠢᠯᠯᠠᠭᠠᠨ ᠤ ᠪᠦᠳᠦᠭᠡᠨ ᠪᠣᠭᠤᠮᠲᠠ ᠳᠤ ᠮᠡᠳᠡᠭᠦᠯᠦᠨ ᠪᠠᠶᠢᠴᠠᠭᠠᠯᠭᠠᠬᠤ᠂ ᠭᠠᠷ ᠤᠨ | ᠦᠰᠦᠭ ᠵᠢᠷᠤᠵᠤ ᠪᠠᠷᠠᠭ᠎ᠠ ᠭᠠᠷᠭᠠᠵᠤ ᠠᠪᠬᠤ ᠬᠠᠭᠤᠳᠠᠰᠤ ᠶᠠᠪᠤᠭᠤᠯᠬᠤ ᠵᠡᠷᠭᠡ ᠭᠠᠷᠠᠮ ᠤᠨ ᠦᠢᠯᠡᠴᠢᠯᠡᠭᠡᠨ ᠤ | ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠠᠪᠠᠭᠤᠯᠢᠭ | ᠦᠶᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠵᠦ᠂ ︽ᠢᠨᠲ᠋ᠧᠷ ᠰᠦᠯᠵᠢᠶ᠎ᠡ +︾ ︽ | ᠣᠶᠤᠨᠴᠢ +︾ ᠪᠠᠷᠠᠭᠠᠨ ᠤ ᠭᠦᠶᠯᠭᠡᠭᠡᠨ ᠤ ᠲᠠᠪᠴᠠᠩ ᠢ ᠢᠳᠡᠪᠬᠢᠲᠡᠶ ᠪᠠᠷ ᠥᠷᠭᠡᠳᠬᠡᠨ᠂ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠪᠠᠷᠠᠭ᠎ᠠ ᠶᠢ ᠨᠢᠭᠡ ᠯᠡ ᠥᠷᠲᠡᠭᠡ ᠪᠠᠷ ᠪᠣᠭᠤᠮᠲᠠ ᠳᠤ | ᠮᠡᠳᠡᠭᠦᠯᠬᠦ᠂ ᠮᠡᠳᠡᠭᠦᠯᠦᠨ ᠰᠢᠯᠭᠠᠬᠤ᠂ ᠥᠷᠥᠭᠡ ᠵᠠᠬᠢᠶᠠᠯᠠᠬᠤ᠂ ᠲᠥᠪᠯᠡᠷᠡᠭᠦᠯᠦᠨ ᠲᠠᠷᠬᠠᠭᠠᠵᠤ ᠲᠡᠭᠡᠭᠡᠪᠦᠷᠢᠯᠡᠬᠦ᠂ | ᠬᠠᠳᠠᠭᠠᠯᠠᠵᠤ ᠲᠡᠭᠡᠭᠡᠪᠦᠷᠢᠯᠡᠬᠦ᠂ ᠪᠣᠭᠤᠳᠠᠯᠯᠠᠬᠤ᠂ ᠬᠤᠪᠢᠶᠠᠨ ᠬᠦᠷᠭᠡᠬᠦ ᠵᠡᠷᠭᠡ ᠶᠢ ᠪᠡᠶᠡᠯᠡᠭᠦᠯᠬᠦ ᠶᠢ ᠠᠬᠢᠭᠤᠯᠵᠤ᠂ ︽ | ᠨᠢᠭᠡ ᠤᠳᠠᠭ᠎ᠠ ᠳᠤ ᠪᠣᠭᠤᠮᠲᠠ ᠳᠤ ᠮᠡᠳᠡᠭᠦᠯᠬᠦ᠂ ᠨᠢᠭᠡ ᠤᠳᠠᠭ᠎ᠠ ᠳᠤ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠳᠤ | ᠶᠠᠪᠤᠭᠤᠯᠬᠤ︾ ᠶᠢ ᠪᠡᠶᠡᠯᠡᠭᠦᠯᠵᠦ᠂ ᠡᠷᠴᠢᠮᠵᠢᠭᠦᠯᠦᠭᠰᠡᠨ᠂ ᠬᠡᠪᠴᠢᠶᠡᠵᠢᠭᠰᠡᠨ᠂ ᠲᠤᠰᠬᠠᠶᠢᠵᠢᠭᠰᠠᠨ᠂ | ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠦᠷᠢᠯᠳᠦᠭᠦᠯᠦᠨ᠎ᠡ᠃ | | ᠲᠤᠰᠬᠠᠶ ᠪᠤᠯᠤᠩ 15᠄ ᠪᠣᠭᠤᠮᠲᠠ ᠶᠢᠨ ᠠᠵᠤ ᠠᠬᠤᠶ ᠶᠢᠨ ᠭᠤᠤᠯᠳᠠᠯᠭ᠎ᠠ ᠲᠠᠢ ᠢᠨᠵᠧᠨᠧᠷᠢᠩ | | ᠪᠣᠭᠤᠮᠲᠠ ᠶᠢᠨ ᠪᠠᠶᠢᠴᠠᠭᠠᠨ ᠰᠢᠯᠭᠠᠬᠤ ᠲᠥᠬᠦᠭᠡᠷᠦᠮᠵᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ᠄ ᠴᠡᠭᠡ ᠲᠡᠮᠦᠷ ᠵᠠᠮ ᠤᠨ ᠪᠣᠭᠤᠮᠲᠠ ᠶᠢᠨ ᠪᠠᠶᠢᠴᠠᠭᠠᠨ ᠰᠢᠯᠭᠠᠬᠤ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠴᠡᠭᠡ ᠪᠣᠭᠤᠮᠲᠠ ᠶᠢᠨ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠨᠡᠪᠲᠡᠷᠡᠬᠦ ᠵᠠᠮ ᠤᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠲᠥᠷᠥᠯ ᠵᠦᠶᠯ᠂ ᠴᠡᠭᠡ | ᠪᠣᠭᠤᠮᠲᠠ ᠶᠢᠨ ᠠᠶᠠᠨᠴᠢᠳ ᠤᠨ ᠪᠠᠶᠢᠴᠠᠭᠠᠯᠲᠠ ᠶᠢᠨ ᠶᠡᠭᠡ ᠲᠢᠩᠬᠢᠮ ᠤᠨ ᠴᠢᠳᠠᠮᠵᠢ ᠶᠢ ᠳᠡᠭᠡᠭᠰᠢᠯᠡᠭᠦᠯᠬᠦ ᠲᠥᠷᠥᠯ | ᠵᠦᠶᠯ᠂ ᠴᠡᠭᠡ ᠪᠣᠭᠤᠮᠲᠠ ᠶᠢᠨ ︽ᠨᠢᠭᠡ ᠪᠦᠰᠡ ᠨᠢᠭᠡ ᠵᠠᠮ︾ ᠤᠨ ᠬᠢᠯᠢ ᠠᠯᠤᠰᠯᠠᠭᠰᠠᠨ ᠪᠦᠰᠡ ᠪᠦᠰᠡ ᠶᠢᠨ | ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | | ᠪᠣᠭᠤᠮᠲᠠ ᠶᠢᠨ ᠪᠠᠷᠠᠭᠠᠨ ᠤ ᠭᠦᠶᠯᠭᠡᠭᠡ᠂ ᠬᠢᠨᠠᠯᠲᠠ ᠬᠠᠮᠢᠶᠠᠷᠤᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠄ ᠴᠡᠭᠡ ᠲᠡᠮᠦᠷ ᠵᠠᠮ ᠤᠨ ᠪᠣᠭᠤᠮᠲᠠ ᠵᠢᠴᠢ ᠲᠡᠮᠦᠷ ᠵᠠᠮ ᠤᠨ ᠪᠠᠷᠠᠭᠠᠨ ᠤ | ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠣᠷᠣᠨ ᠤ ᠲᠥᠷᠥᠯ ᠵᠦᠶᠯ᠂ ᠦᠯᠵᠡᠢ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠶᠯᠭᠡᠭᠡᠨ ᠤ ᠢᠵᠢ ᠪᠦᠷᠢᠳᠦᠭᠦᠯᠬᠦ ᠦᠶᠯᠡᠴᠢᠯᠡᠭᠡᠨ ᠤ ᠣᠷᠣᠨ ᠤ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠦᠯᠵᠡᠢ ᠪᠣᠭᠤᠮᠲᠠ ᠶᠢᠨ ᠪᠠᠷᠠᠭᠠᠨ ᠤ ᠭᠦᠶᠯᠭᠡᠭᠡᠨ ᠤ | ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ᠂ ᠠᠯᠠᠱᠠ ᠶᠢᠨ B ᠬᠡᠯᠪᠡᠷᠢ ᠶᠢᠨ ᠭᠠᠶᠢᠯᠢ ᠪᠠᠲᠤᠯᠠᠬᠤ ᠣᠷᠣᠨ ᠤ | ᠪᠠᠷᠠᠭᠠᠨ ᠤ ᠭᠦᠶᠯᠭᠡᠭᠡᠨ ᠤ ᠲᠥᠪ | | ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠄ ᠴᠡᠭᠡ ᠪᠣᠭᠤᠮᠲᠠ ᠶᠢᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ | ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ᠂ ᠦᠯᠵᠡᠢ ᠪᠣᠭᠤᠮᠲᠠ ᠶᠢᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ | ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | | ᠲᠡᠮᠦᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠄ | ᠴᠡᠭᠡ ᠪᠣᠭᠤᠮᠲᠠ ᠶᠢᠨ ᠲᠡᠮᠦᠷ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ᠂ ᠳᠤᠮᠳᠠᠳᠤ ᠮᠣᠩᠭᠤᠯ ᠤᠨ ᠴᠡᠭᠡ | — ᠨᠠᠷᠢᠨ ᠰᠤᠬᠠᠶᠢᠲᠤ ᠲᠡᠮᠦᠷ ᠵᠠᠮ᠂ ᠥᠯᠵᠡᠢ ᠪᠣᠭᠤᠮᠲᠠ — ᠰᠤᠬᠤᠩᠲᠦᠲ᠋ᠡᠮᠦᠷ ᠵᠠᠮ ᠤᠨ ᠲᠥᠷᠥᠯ ᠵᠦᠶᠯ᠂ | ᠴᠡᠭᠡ ᠪᠣᠭᠤᠮᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ︵ | ᠰᠠᠯᠪᠤᠷᠢ ᠱᠤᠭᠤᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ︶ ᠂ ᠳᠤᠮᠳᠠᠳᠤ ᠮᠣᠩᠭᠤᠯ ᠤᠨ ᠥᠯᠵᠡᠢ | ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ ︵ ᠬᠤᠶᠠᠳᠤᠭᠠᠷ ᠬᠤᠭᠤᠴᠠᠭ᠎ᠠ︶ ᠂ ᠥᠯᠵᠡᠢ ᠪᠣᠭᠤᠮᠲᠠ ᠶᠢᠨ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ ᠬᠤᠲᠠ ᠲᠣᠭᠤᠷᠢᠭ ᠬᠦᠷᠲᠡᠯᠡᠬᠢ ᠬᠤᠯᠪᠣᠬᠤ ᠱᠤᠭᠤᠮ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠂ ᠴᠡᠭᠡ ᠪᠣᠭᠤᠮᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | | ᠪᠣᠭᠤᠮᠲᠠ ᠶᠢᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ᠄ ᠴᠡᠭᠡ ᠪᠣᠭᠤᠮᠲᠠ ᠶᠢᠨ ᠠᠮᠢ ᠠᠬᠤᠶ ᠶᠢᠨ ᠤᠰᠤ ᠲᠠᠲᠠᠬᠤ ᠲᠥᠷᠥᠯ ᠵᠦᠶᠯ᠂ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠢᠨᠵᠧᠨᠧᠷᠢᠩ᠂ ᠤᠰᠤ | ᠬᠠᠩᠭᠠᠬᠤ ᠬᠤᠭᠤᠯᠠᠶ ᠶᠢᠨ ᠲᠣᠤᠷ ᠵᠢᠴᠢ ᠢᠵᠢ ᠪᠦᠷᠢᠳᠦᠭᠦᠯᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ | ᠦᠯᠵᠡᠢ ᠪᠣᠭᠤᠮᠲᠠ ᠶᠢᠨ ᠬᠢᠯᠢ ᠠᠯᠤᠰᠯᠠᠭᠰᠠᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠢᠴᠢ ᠢᠵᠢ | ᠪᠦᠷᠢᠳᠦᠭᠦᠯᠬᠦ ᠲᠥᠷᠥᠯ ᠵᠦᠶᠯ᠂ ᠬᠤᠲᠠ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ᠂ ᠵᠠᠮ | ᠳᠠᠭᠠᠤ ᠶᠢᠨ ᠤᠰᠤ ᠬᠠᠩᠭᠠᠬᠤ ᠢᠨᠵᠧᠨᠧᠷᠢᠩ | | ᠪᠣᠭᠤᠮᠲᠠ ᠶᠢᠨ ᠤᠶᠤᠨᠵᠢᠭᠤᠯᠬᠤ᠂ ᠮᠡᠳᠡᠭᠡ ᠵᠠᠩᠭᠢᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | ᠄ ᠠᠯᠠᠱᠠ ᠠᠶᠢᠮᠠᠭ ᠤᠨ ᠪᠣᠭᠤᠮᠲᠠ ᠶᠢᠨ ᠮᠡᠳᠡᠭᠡ ᠵᠠᠩᠭᠢ ᠶᠢ ᠬᠢᠨᠠᠨ ᠡᠵᠡᠮᠳᠡᠬᠦ ᠲᠠᠪᠴᠠᠩ᠂ ᠦᠯᠵᠡᠢ ᠪᠣᠭᠤᠮᠲᠠ ᠶᠢᠨ | ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | | ᠭᠤᠷᠪᠠᠳᠤᠭᠠᠷ ᠬᠡᠰᠡᠭ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ | | ᠵᠣᠬᠢᠬᠤ ᠬᠡᠮᠵᠢᠶ᠎ᠡ ᠪᠠᠷ ᠤᠷᠢᠳᠴᠢᠯᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠲᠣᠣᠷ ᠰᠦᠯᠵᠢᠶ᠎ᠡ ᠶᠢ | ᠲᠡᠭᠦᠯᠳᠡᠷᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ | ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ | ᠬᠡᠷᠡᠭᠯᠡᠭᠡᠨ ᠲᠠᠢ᠂ ᠣᠶᠤᠨᠴᠢ ᠪᠥᠭᠡᠳ ᠪᠣᠬᠢᠷᠲᠤᠯ ᠦᠭᠡᠢ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠰᠢᠨ᠎ᠡ ᠪᠠᠷ ᠡᠭᠦᠳᠦᠨ ᠪᠠᠶᠢᠭᠤᠯᠤᠨ᠎ᠠ᠃ | | ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠤᠤᠯ | ᠪᠣᠯᠬᠤ ᠨᠢᠰᠬᠡᠯ ᠤᠨ ᠪᠠᠭᠤᠳᠠᠯ᠂ ᠲᠡᠮᠦᠷ ᠵᠠᠮ ᠪᠠ ᠵᠠᠰᠠᠮᠠᠯ ᠵᠠᠮ ᠤᠨ ᠠᠶᠠᠨᠴᠢᠳ ᠪᠠ ᠪᠠᠷᠠᠭᠠᠨ ᠤ ᠥᠷᠲᠡᠭᠡ | ᠲᠠᠯᠠᠪᠤᠷ ᠲᠤ ᠲᠦᠰᠢᠭᠯᠡᠨ ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠠᠯᠠᠱᠠ ᠶᠢ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠶᠰᠦ ᠪᠣᠯᠭᠠᠨ | ᠪᠥᠲᠥᠭᠡᠨ ᠪᠠᠶᠢᠭᠤᠯᠵᠤ᠂ ᠠᠮᠤᠷ ᠲᠦᠪᠰᠢᠨ ᠳᠥᠭᠦᠮ ᠳᠥᠲᠡ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ ᠪᠦᠷᠢᠯᠳᠦᠭᠦᠯᠦᠨ᠎ᠡ᠃ | ᠵᠠᠰᠠᠮᠠᠯ ᠵᠠᠮ ᠤᠨ ᠲᠣᠣᠷ ᠤᠨ ᠪᠦᠲᠦᠴᠡ ᠶᠢ ᠤᠯᠠᠮ ᠰᠢᠯᠢᠳᠡᠭᠵᠢᠭᠦᠯᠵᠦ᠂ ᠵᠠᠰᠠᠮᠠᠯ ᠵᠠᠮ ᠤᠨ ᠨᠡᠪᠲᠡᠷᠡᠬᠦ ᠭᠦᠨᠴᠡ ᠪᠠ | ᠵᠠᠰᠠᠮᠠᠯ ᠵᠠᠮ ᠤᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠪᠠᠶᠠᠠᠬᠤᠳᠤᠭ ᠠᠴᠠ ᠪᠠᠶᠠᠨᠬᠤᠲᠠ ᠬᠥᠷᠬᠦ᠂ ᠣᠯᠠᠨᠪᠤᠯᠠᠭ | ᠠᠴᠠ ᠪᠠᠶᠠᠨᠮᠥ᠋ᠷᠡᠨ ᠬᠥᠷᠬᠦ ᠳᠡᠭᠡᠳᠦ ᠬᠤᠷᠳᠤᠨ ᠤ ᠵᠠᠰᠠᠮᠠᠯ ᠵᠠᠮ ᠤᠨ ᠭᠠᠷᠬᠤ ᠵᠠᠮ ᠢ ᠲᠦᠷᠭᠡᠳᠬᠡᠨ ᠪᠥᠲᠥᠭᠡᠨ | ᠪᠠᠶᠢᠭᠤᠯᠤᠨ᠎ᠠ︔ ᠳᠠᠯᠠᠶᠢᠬᠥ᠋ᠪ ᠠᠴᠠ ᠪᠠᠶᠠᠨᠬᠤᠲᠠ ᠬᠥᠷᠬᠦ᠂ ᠣᠯᠠᠨᠪᠤᠯᠠᠭ ᠠᠴᠠ ᠪᠠᠶᠠᠨᠮᠥ᠋ᠷᠡᠨ ᠬᠥᠷᠬᠦ ᠳᠡᠭᠡᠳᠦ | ᠬᠤᠷᠳᠤᠨ ᠤ ᠵᠠᠰᠠᠮᠠᠯ ᠵᠠᠮ ᠤᠨ ᠭᠠᠷᠬᠤ ᠵᠠᠮ ᠢ ᠲᠦᠷᠭᠡᠳᠬᠡᠨ ᠪᠥᠲᠥᠭᠡᠨ ᠪᠠᠶᠢᠭᠤᠯᠤᠨ᠎ᠠ︔ ᠳᠠᠯᠠᠢ ᠶᠢᠨ ᠬᠦᠪᠦ ᠠᠴᠠ | ᠳ᠋ᠦᠩᠹᠧᠩ ᠰᠠᠨᠰᠠᠷ ᠤᠨ ᠬᠤᠳᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠵᠡᠷᠭᠡ ᠬᠤᠰᠢᠭᠤ ᠲᠣᠭᠤᠷᠢᠭ ᠤᠨ | ᠭᠤᠣᠯ ᠱᠤᠭᠤᠮ ᠤᠨ ᠬᠤᠯᠪᠣᠯᠳᠤᠨ ᠨᠡᠪᠲᠡᠷᠡᠬᠦ ᠵᠠᠰᠠᠮᠠᠯ ᠵᠠᠮ ᠢ ᠲᠦᠷᠭᠡᠨ ᠪᠦᠳᠦᠬᠡᠨ ᠪᠠᠶᠢᠭᠤᠯᠨᠠ︔ ᠵᠠᠮ ᠤᠨ | ᠬᠤᠳᠳᠤᠭ ᠠᠴᠠ ᠤᠰᠤᠨ ᠤ ᠬᠤᠳᠳᠤᠭ ᠬᠦᠷᠬᠦ᠂ ᠯᠢᠦ ᠭᠦᠸᠠᠢ ᠱᠠ ᠳᠧᠦ ᠠᠴᠠ ᠤᠰᠤᠲᠠᠢ ᠬᠦᠷᠬᠦ ᠵᠠᠰᠠᠮᠠᠯ ᠵᠠᠮ | ᠵᠡᠷᠭᠡ ᠬᠢᠯᠢ ᠳᠠᠭᠠᠤ ᠬᠠᠲᠤᠨ ᠭᠤᠤᠯ ᠳᠠᠭᠠᠤ ᠡᠯᠡᠰᠦ ᠳᠠᠭᠠᠤ ᠵᠠᠰᠠᠮᠠᠯ ᠵᠠᠮ ᠢ ᠲᠦᠷᠭᠡᠳᠬᠡᠨ ᠪᠥᠲᠥᠭᠡᠨ ᠪᠠᠶᠢᠭᠤᠯᠤᠨ᠎ᠠ | ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠨᠡᠯᠢᠶᠡᠳ ᠣᠯᠠᠨ ᠬᠥᠮᠦᠨ ᠠᠮᠠ ᠲᠠᠢ ᠠᠶᠢᠯ ᠲᠣᠰᠬᠤᠨ᠂ ᠬᠢᠯᠢ ᠬᠢᠵᠠᠭᠠᠷ ᠤᠨ ᠠᠶᠢᠯ ᠲᠣᠰᠬᠤᠨ᠂ ᠲᠠᠷᠢᠶᠠᠯᠠᠩ | ᠮᠠᠯᠵᠢᠯ ᠤᠨ ᠲᠠᠯᠠᠪᠠᠶ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠲᠦᠷᠭᠡᠳᠬᠡᠨ᠂ ᠮᠠᠯᠵᠢᠬᠤ ᠲᠠᠷᠢᠶᠠᠯᠠᠬᠤ | ᠣᠷᠣᠨ ᠤ ᠡᠬᠢ ᠪᠠᠶᠠᠯᠢᠭ ᠤᠨ ᠵᠠᠮ᠂ ᠠᠵᠤ ᠦᠶᠯᠡᠰ ᠤᠨ ᠵᠠᠮ᠂ ᠵᠢᠭᠤᠯᠴᠢᠯᠠᠯ ᠤᠨ ᠵᠠᠮ᠂ ᠰᠦᠯᠵᠢᠶ᠎ᠡ ᠵᠠᠮ ᠤᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢᠯᠠᠯ | ᠬᠠᠩᠭᠠᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ | ᠪᠣᠯᠬᠤ ᠳᠤ᠂ ᠪᠥᠬᠦ ᠠᠶᠢᠮᠠᠭ ᠤᠨ ᠵᠠᠰᠠᠮᠠᠯ ᠵᠠᠮ ᠤᠨ ᠶᠡᠷᠦᠩᠬᠡᠶ ᠣᠷᠳᠣ 12000 ᠺᠢᠯᠣᠮᠧᠲᠷ ᠢ ᠳᠠᠪᠠᠵᠤ᠂ ᠳᠡᠭᠡᠳᠦ | ᠬᠤᠷᠳᠤᠨ ᠤ ᠵᠠᠰᠠᠮᠠᠯ ᠵᠠᠮ ᠪᠣᠯᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠣᠷᠳᠣ ᠲᠣᠰ ᠲᠣᠰ 1000 | ᠺᠢᠯᠣᠮᠧᠲᠷ ᠢ ᠳᠠᠪᠠᠪᠠ᠃ ᠲᠡᠮᠦᠷ ᠵᠠᠮ ᠤᠨ ᠲᠣᠤᠷ ᠤᠨ ᠪᠦᠲᠦᠴᠡ ᠶᠢ ᠤᠯᠠᠮ ᠲᠡᠭᠦᠯᠳᠡᠷᠵᠢᠭᠦᠯᠵᠦ᠂ ᠨᠢᠭᠡᠨᠲᠡ | ᠪᠠᠶᠢᠭ᠎ᠠ ᠵᠠᠮ ᠱᠤᠭᠤᠮ ᠤᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠴᠢᠩᠭᠠᠳᠬᠠᠵᠤ᠂ | ᠰᠢᠨ᠎ᠡ ᠵᠠᠮ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠲᠡᠮᠦᠷ ᠵᠠᠮ ᠤᠨ | ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ︽ᠭᠤᠷᠪᠠᠨ ᠬᠥᠨᠳᠡᠯᠡᠨ ᠳᠥᠷᠪᠡᠨ ᠭᠤᠯᠳᠤ︾ ᠶᠢᠨ ᠭᠤᠤᠯ | ᠱᠤᠭᠤᠮ ᠤᠨ ᠲᠡᠮᠦᠷ ᠵᠠᠮ ᠤᠨ ᠲᠣᠤᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠦᠬᠠᠢ ᠶᠢᠨ ᠪᠠᠷᠠᠭᠤᠨ ᠠᠴᠠ ᠵᠢᠢ | ᠯᠠᠨ ᠲᠠᠢ ᠬᠦᠷᠬᠦ ᠳᠡᠮᠤᠷ ᠵᠠᠮ ᠤᠨ ᠴᠠᠬᠢᠯᠭᠠᠨᠵᠢᠭᠤᠯᠤᠯᠲᠠ ᠶᠢᠨ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠪᠣᠯᠤᠨ | ᠯᠢᠨ ᠾᠧ ᠠᠴᠠ ᠬᠠᠮᠢᠯ ᠬᠦᠷᠬᠦ ᠳᠡᠮᠤᠷ ᠵᠠᠮ ᠤᠨ ᠱᠤᠭᠤᠮ ᠳᠠᠭᠠᠤ ᠶᠢᠨ ᠭᠠᠯᠲᠤ ᠲᠡᠷᠭᠡᠨ ᠦᠷᠳᠡᠭᠡ ᠶᠢᠨ ᠴᠡᠭ ᠢ | ᠳᠡᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠡᠮᠤᠷ ᠵᠠᠮ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠦᠨ᠎ᠡ︔ | ᠢᠷᠭᠠᠶ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ ᠪᠠ ᠵᠢᠦᠴᠢᠦᠸᠠᠨ ᠠᠴᠠ ᠡᠵᠡᠨ᠎ᠡ ᠬᠥᠷᠬᠦ | ᠲᠡᠮᠦᠷ ᠵᠠᠮ ︵ ᠳ᠋ᠦᠩᠹᠧᠩ ᠠᠴᠠ ᠡᠮᠦᠨᠡᠰᠢ ᠪᠠᠨ ᠡᠵᠡᠨ᠎ᠡ ᠬᠥᠷᠬᠦ ᠬᠡᠰᠡᠭ︶ ᠢ ᠲᠦᠷᠭᠡᠳᠬᠡᠨ ᠪᠥᠲᠥᠭᠡᠨ | ᠪᠠᠶᠢᠭᠤᠯᠤᠨ᠎ᠠ︔ ᠦᠯᠵᠡᠢ ᠪᠣᠭᠤᠮᠲᠠ ᠠᠴᠠ ᠳᠡᠷᠡᠰᠦᠨ ᠬᠤᠲᠠ ᠶᠢᠨ ᠡᠮᠦᠨᠡᠰᠢ ᠨᠡᠪᠲᠡᠷᠡᠬᠦ ᠲᠡᠮᠦᠷ ᠵᠠᠮ ᠢ ᠶᠡᠬᠡᠪᠡᠷ | ᠤᠷᠤᠭᠰᠢ ᠠᠬᠢᠭᠤᠯᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠬᠡᠰᠡᠭ ᠬᠤᠪᠢᠶᠠᠨ ᠬᠡᠷᠡᠭᠵᠢᠭᠦᠯᠬᠦ ᠵᠠᠷᠴᠢᠮ | ᠶᠣᠰᠣᠭᠠᠷ᠂ ᠦᠯᠵᠡᠢ ᠪᠣᠭᠤᠮᠲᠠ ᠠᠴᠠ ᠰᠤᠬᠤᠩᠲᠦ ᠬᠥᠷᠬᠦ ᠲᠡᠮᠦᠷ ᠵᠠᠮ᠂ ᠴᠠᠭᠠᠨᠳᠡᠷᠡᠰᠤ ᠠᠴᠠ ᠵᠢᠷᠠᠲᠠᠢ ᠬᠥᠷᠬᠦ᠂ | ᠲᠣᠰ ᠬᠤᠳᠳᠤᠭ ᠠᠴᠠ ᠪᠠᠶᠠᠨᠬᠤᠲᠠ ᠬᠥᠷᠬᠦ᠂ ᠪᠠᠶᠠᠨᠬᠤᠲᠠ ᠠᠴᠠ ᠳᠡᠷᠡᠰᠦᠨ ᠬᠤᠲᠠ ᠬᠥᠷᠬᠦ ᠲᠡᠮᠦᠷ ᠵᠠᠮ ᠢ ᠡᠬᠢᠯᠡᠨ | ᠪᠥᠲᠥᠭᠡᠨ ᠪᠠᠶᠢᠭᠤᠯᠵᠤ᠂ ᠦᠯᠵᠡᠢ ᠪᠣᠭᠤᠮᠲᠠ ᠠᠴᠠ ᠵᠠᠩ ᠶᠧ ᠬᠥᠷᠬᠦ ᠲᠡᠮᠦᠷ ᠵᠠᠮ ᠤᠨ ᠨᠡᠪᠲᠡᠷᠡᠬᠦ ᠵᠠᠮ ᠤᠨ | ᠰᠤᠳᠤᠯᠤᠯ ᠢ ᠰᠠᠶᠢᠲᠤᠷ ᠬᠢᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠰᠡᠭᠦᠯᠴᠢ ᠪᠣᠯᠬᠤ ᠳᠤ᠂ 306 ᠺᠢᠯᠣᠮᠧᠲᠷ ᠲᠠᠮᠤᠷ ᠵᠠᠮ ᠢ ᠰᠢᠨ᠎ᠡ ᠪᠠᠷ ᠪᠠᠶᠢᠭᠤᠯᠵᠤ᠂ ᠡᠭᠦᠨ ᠤ ᠳᠣᠲᠣᠷ᠎ᠠ 75 | ᠺᠢᠯᠣᠮᠧᠲᠷ ᠬᠤᠷᠳᠤᠨ ᠤ ᠵᠠᠮ ᠠᠶᠠᠨᠴᠢᠳ ᠤᠨ ᠲᠡᠭᠡᠭᠡᠪᠦᠷᠢ ᠶᠢᠨ ᠲᠠᠮᠤᠷ ᠵᠠᠮ ᠢ ᠳᠡᠪᠢᠰᠴᠦ ᠳᠠᠭᠤᠰᠬᠠᠨ᠎ᠠ᠃ | ᠨᠢᠰᠬᠡᠯ ᠤᠨ ᠪᠠᠭᠤᠳᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠠᠭᠠᠷ ᠤᠨ ᠠᠶᠠᠯᠠᠯ ᠤᠨ ᠱᠤᠭᠤᠮ ᠢ ᠠᠯᠠᠱᠠ ᠵᠡᠭᠦᠨ ᠬᠤᠰᠢᠭᠤᠨ ᠤ ᠠᠵᠢᠯ ᠳᠤ | ᠭᠠᠷᠬᠤ ᠨᠢᠰᠬᠡᠯ ᠤᠨ ᠪᠠᠭᠤᠳᠠᠯ ᠤᠨ ᠳᠡᠰ ᠳᠡᠪᠰᠢᠬᠦ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠥᠷᠥᠯ | ᠵᠦᠢᠯ ᠢ ᠲᠦᠷᠭᠡᠳᠬᠡᠨ ᠬᠡᠷᠡᠭᠵᠢᠭᠦᠯᠵᠦ᠂ ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠠᠵᠢᠯ ᠳᠤ ᠭᠠᠷᠬᠤ | ᠨᠢᠰᠬᠡᠯ ᠤᠨ ᠪᠠᠭᠤᠳᠠᠯ ᠤᠨ ᠲᠠᠰ ᠳᠡᠪᠰᠢᠬᠦ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠢ ᠡᠬᠢᠯᠡᠭᠦᠯᠦᠨ | ᠬᠡᠷᠡᠭᠵᠢᠭᠦᠯᠵᠦ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠶᠯᠡᠰ ᠢ ᠢᠳᠡᠪᠬᠢᠲᠡᠶ ᠬᠥᠭᠵᠢᠭᠦᠯᠦᠨ᠂ | ᠥᠯᠵᠡᠢ ᠪᠣᠭᠤᠮᠲᠠ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠪᠠᠳᠠᠶ ᠶᠢᠨ ᠵᠢᠷᠠᠨ ᠤ ᠡᠯᠡᠰᠦᠨ ᠤ | ᠵᠢᠭᠤᠯᠴᠢᠯᠠᠯ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠠᠯᠠᠱᠠ ᠠᠶᠢᠮᠠᠭ — ᠮᠣᠩᠭᠤᠯ ᠤᠯᠤᠰ ᠤᠨ ᠣᠯᠠᠨ ᠤᠯᠤᠰ ᠤᠨ ᠠᠭᠠᠷ ᠤᠨ | ᠠᠶᠠᠯᠠᠯ ᠤᠨ ᠱᠤᠭᠤᠮ ᠢ ᠴᠠᠭ ᠲᠤᠨᠢ ᠳᠣᠭᠢᠷᠠᠭᠤᠯᠤᠨ ᠨᠡᠪᠲᠡᠷᠡᠭᠦᠯᠵᠦ᠂ ᠮᠠᠨ ᠤ ᠠᠶᠢᠮᠠᠭ ᠤᠨ ᠠᠭᠠᠷ ᠤᠨ ᠠᠶᠠᠯᠠᠯ ᠤᠨ | ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ | | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠣᠳᠣᠬᠠᠨ ᠤ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠴᠢᠬᠤᠯᠠ ᠶᠡᠭᠡ ᠠᠵᠠ | ᠲᠣᠬᠢᠶᠠᠯ ᠪᠣᠯᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠨ | ᠴᠢᠩᠭᠠᠷᠠᠭᠤᠯᠤᠨ᠎ᠠ᠃ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠤᠨ᠂ ᠤᠰᠤᠨ ᠤ ᠡᠬᠢ | ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠥᠯᠬᠢᠨ ᠠᠬᠢᠭᠤᠯᠵᠤ᠂ ᠤᠰᠤᠨ ᠰᠤᠷᠪᠤᠯᠵᠢ ᠶᠢᠨ ᠭᠠᠵᠠᠷ ᠪᠣᠯᠤᠨ | ᠤᠰᠤ ᠲᠠᠲᠠᠵᠤ ᠤᠰᠤ ᠲᠠᠲᠠᠬᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠠᠯᠠᠱᠠ | ᠪᠠᠷᠠᠭᠤᠨ ᠬᠤᠰᠢᠭᠤᠨ ᠤ ᠬᠠᠳᠤᠨ ᠭᠤᠣᠯ ᠤᠨ ᠤᠰᠤ ᠲᠠᠲᠠᠬᠤ ᠢᠨᠵᠧᠨᠧᠷᠢᠩ᠂ ᠥᠯᠵᠡᠢ ᠪᠣᠭᠤᠮᠲᠠ ᠶᠢᠨ ᠬᠠᠳᠤᠨ | ᠭᠤᠣᠯ ᠢ ᠲᠠᠲᠠᠬᠤ ᠵᠡᠷᠭᠡ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠠᠶᠤᠯ ᠥᠬᠡᠶ ᠤᠤᠭᠤᠬᠤ ᠤᠰᠤ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠶᠢ ᠳᠡᠭᠡᠭᠰᠢᠯᠡᠭᠦᠯᠬᠦ ᠢᠨᠵᠧᠨᠧᠷᠢᠩ | ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠬᠠᠳᠤᠨ ᠭᠤᠣᠯ ᠤᠨ ᠥᠪᠥᠷ ᠮᠣᠩᠭᠤᠯ ᠤᠨ ᠠᠯᠠᠱᠠ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠨ ᠰᠦᠩ ᠬᠠᠯᠢᠶ᠎ᠠ ︵ᠦᠶᠡᠷ︶ ᠬᠤᠪᠢᠶᠠᠬᠤ ᠢᠨᠵᠧᠨᠧᠷᠢᠩ᠂ ᠬᠠᠳᠤᠨ | ᠭᠤᠣᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ ︵ᠠᠯᠠᠱᠠ ᠠᠶᠢᠮᠠᠭ ᠤᠨ ᠬᠡᠰᠡᠭ︶ | ᠵᠡᠷᠭᠡ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ᠂ ᠡᠮᠵᠡᠭ ᠠᠶᠤᠯᠲᠠᠶ ᠤᠰᠤᠨ ᠴᠥᠭᠦᠷᠥᠮ ᠤᠨ ᠤᠰᠤᠨ | ᠬᠠᠭᠠᠯᠲᠠ ᠶᠢᠨ ᠠᠶᠤᠯ ᠢ ᠠᠷᠢᠯᠭᠠᠨ ᠪᠠᠬᠢᠯᠡᠬᠦ ᠵᠡᠷᠭᠡ ᠢᠨᠵᠧᠨᠧᠷᠢᠩ ᠢ ᠲᠥᠯᠬᠢᠨ ᠠᠬᠢᠭᠤᠯᠵᠤ᠂ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ | ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠬᠠᠷ᠎ᠠ ᠭᠤᠣᠯ ᠤᠨ ᠤᠰᠤ ᠲᠠᠲᠠᠬᠤ | ᠲᠥᠰᠦᠯ ᠢ ᠨᠠᠶᠢᠳᠠᠪᠤᠷᠢᠵᠢᠭᠤᠯᠵᠤ᠂ ᠬᠠᠷ᠎ᠠ ᠭᠤᠣᠯ ᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ᠂ ᠬᠠᠷ᠎ᠠ | ᠭᠤᠣᠯ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠲᠡᠰ ᠳᠡᠪᠰᠢᠭᠦᠯᠬᠦ ᠲᠥᠰᠦᠯ ᠢ ᠪᠣᠳᠠᠲᠠᠢ ᠳᠤ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ︔ ᠰᠤᠪᠨᠠᠭᠤᠷ ᠤᠨ ᠤᠰᠤᠨ ᠤ ᠴᠢᠨᠠᠷ ᠢ ᠰᠠᠶᠢᠵᠢᠷᠠᠭᠤᠯᠵᠤ᠂ | ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠰᠢᠭᠤᠨ ᠨᠠᠭᠤᠷ ᠤᠨ ᠤᠰᠤ | ᠣᠷᠣᠭᠤᠯᠤᠯᠲᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠢᠬᠡᠷ᠎ᠡ ᠬᠤᠳᠳᠤᠭ ᠤᠨ ᠰᠠᠶᠢᠷᠭᠠᠯ ᠤᠨ | ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠬᠤ ᠢᠵᠢ ᠪᠥᠷᠢᠳᠦᠭᠰᠡᠨ ᠤᠰᠤ ᠠᠷᠪᠢᠯᠠᠬᠤ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠤᠰᠤᠯᠠᠯᠲᠠ ᠶᠢᠨ ᠣᠷᠣᠨ ᠤ ᠬᠥᠭᠡᠷᠭᠡ ᠶᠢᠨ ᠥᠷᠲᠡᠭᠡ ᠶᠢᠨ | ᠪᠠᠷᠢᠮᠵᠢᠶᠠᠵᠢᠭᠰᠠᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ | | ᠲᠤᠰᠬᠠᠶ ᠪᠤᠯᠤᠩ 16᠄ ᠰᠠᠭᠤᠷᠢ ᠪᠡᠯᠡᠳᠬᠡᠮᠵᠢ ᠶᠢᠨ ᠭᠤᠤᠯᠳᠠᠯᠭ᠎ᠠ ᠲᠠᠢ ᠢᠨᠵᠧᠨᠧᠷᠢᠩ | | ᠵᠠᠰᠠᠮᠠᠯ ᠵᠠᠮ᠄ G1817 ᠷᠦᠩ ᠴᠧᠩ ᠠᠴᠠ ᠦᠬᠠᠢ ᠬᠦᠷᠬᠦ ᠬᠤᠷᠳᠤᠨ ᠤ ᠵᠠᠮ ᠵᠠᠰᠠᠮᠠᠯ ᠵᠠᠮ ᠤᠨ | ᠦᠬᠠᠶ ᠠᠴᠠ ᠢᠷᠭᠠᠶ ᠳᠤ ᠬᠥᠷᠬᠦ ᠬᠤᠯᠪᠣᠭ᠎ᠠ ᠠᠪᠬᠤ ᠱᠤᠭᠤᠮ ᠤᠨ ᠪᠠᠶᠠᠨᠬᠤᠳᠤᠭ ᠠᠴᠠ ᠪᠠᠶᠠᠨᠬᠤᠲᠠ ᠬᠥᠷᠬᠦ | ᠬᠡᠰᠡᠭ᠂ G213ᠳᠠᠯᠠᠶᠢᠬᠥ᠋ᠪ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠤᠨ ᠵᠠᠰᠠᠮᠠᠯ ᠵᠠᠮ᠂ G331 | ᠵᠠᠮ ᠤᠨ ᠬᠤᠳᠳᠤᠭ ᠠᠴᠠ ᠤᠰᠤᠨ ᠤ ᠬᠤᠳᠳᠤᠭ ᠬᠥᠷᠬᠦ ᠵᠠᠰᠠᠮᠠᠯ ᠵᠠᠮ᠂ S315 ᠯᠢᠦ ᠭᠦᠸᠠᠢ ᠱᠠᠲᠸᠦ ᠠᠴᠠ | ᠤᠰᠤᠲᠠᠢ ᠬᠦᠷᠬᠦ ᠵᠠᠰᠠᠮᠠᠯ ᠵᠠᠮ | | ᠲᠡᠮᠦᠷ ᠵᠠᠮ᠄ ᠢᠷᠭᠠᠶ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ᠂ | ᠵᠢᠦᠴᠢᠦᠸᠠᠨ ᠠᠴᠠ ᠡᠵᠡᠨ᠎ᠡ ᠬᠥᠷᠬᠦ ᠲᠡᠮᠦᠷ ᠵᠠᠮ ︵ ᠳ᠋ᠦᠩᠹᠧᠩ ᠠᠴᠠ ᠡᠮᠦᠨᠡᠰᠢ ᠪᠠᠨ ᠡᠵᠡᠨ᠎ᠡ ᠬᠥᠷᠬᠦ ᠬᠡᠰᠡᠭ︶ ᠂ | ᠦᠬᠠᠶ ᠠᠴᠠ ᠪᠠᠷᠠᠭᠤᠨᠰᠢ ᠪᠠᠨ ᠵᠢᠷᠡᠲᠡᠢ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠴᠢᠳᠠᠮᠵᠢ ᠶᠢ | ᠥᠷᠭᠡᠳᠬᠡᠬᠦ ᠥᠭᠡᠷᠡᠴᠢᠯᠡᠯᠲᠡ᠂ ᠥᠯᠵᠡᠢ ᠪᠣᠭᠤᠮᠲᠠ ᠠᠴᠠ ᠰᠤᠬᠤᠩᠲᠦ ᠬᠥᠷᠬᠦ ᠲᠡᠮᠦᠷ ᠵᠠᠮ | | ᠠᠷᠠᠳ ᠤᠨ ᠠᠭᠠᠷ ᠤᠨ ᠲᠡᠭᠡᠭᠡᠪᠦᠷᠢ᠄ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ | ᠬᠤᠰᠢᠭᠤᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠦᠨ ᠥᠭᠡᠷᠡᠴᠢᠯᠡᠬᠦ᠂ ᠥᠯᠵᠡᠢ ᠪᠣᠭᠤᠮᠲᠠ ᠶᠢᠨ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠶᠯ | | ᠤᠰᠤᠨ ᠠᠰᠢᠭᠯᠠᠯᠲᠠ᠄ ᠠᠯᠠᠱᠠ ᠪᠠᠷᠠᠭᠤᠨ ᠬᠤᠰᠢᠭᠤᠨ ᠤ ᠬᠠᠲᠤᠨ ᠭᠤᠤᠯ ᠤᠨ ᠤᠰᠤ ᠲᠠᠲᠠᠬᠤ | ᠢᠨᠵᠧᠨᠧᠷᠢᠩ | | ᠳᠥᠷᠪᠡᠳᠦᠭᠡᠷ ᠬᠡᠰᠡᠭ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ | ᠠᠬᠢᠭᠤᠯᠤᠨ᠎ᠠ | | ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠡᠪᠴᠢᠶ᠎ᠡ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ | ᠳᠤᠮᠳᠠᠳᠤ ᠮᠣᠩᠭᠤᠯ ᠤᠷᠤᠰ ᠤᠨ ᠠᠵᠤ ᠠᠬᠤᠶ ᠶᠢᠨ ᠬᠤᠨᠭ᠍ᠬᠢᠯ᠂ ᠪᠠᠷᠠᠭᠤᠨ ᠬᠡᠰᠡᠭ ᠤᠨ ᠬᠠᠭᠤᠷᠠᠶ ᠲᠠᠯᠠᠢ ᠶᠢᠨ | ᠰᠢᠨ᠎ᠡ ᠵᠠᠮ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠤᠮᠠᠷᠠᠲᠤ ᠶᠢᠨ ᠪᠤᠯᠤᠩ ᠤᠨ ᠭᠠᠷᠠᠮ ᠤᠨ ᠪᠥᠭᠡᠮᠨᠡᠷᠡᠯ ᠤᠨ | ᠣᠷᠣᠨ ᠪᠦᠰᠡ ᠶᠢᠨ ᠡᠯ᠎ᠡ ᠵᠠᠩᠭᠢᠯᠠᠭ᠎ᠠ ᠶᠢᠨ ᠴᠡᠭ ᠤᠨ ᠬᠤᠳᠠ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠳᠤ ᠭᠦᠨᠵᠡᠭᠡᠶ ᠠᠭᠤᠰᠤᠯᠴᠠᠨ᠎ᠠ᠃ ᠬᠠᠲᠤᠨ ᠭᠤᠤᠯ ᠤᠨ ︽ᠤᠭᠠᠯᠵᠠᠨ ᠲᠣᠬᠤᠢ ᠶᠢᠨ ᠮᠤᠷᠤᠢ ᠶᠢᠨ | ᠬᠡᠰᠡᠭ︾ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠬᠤᠲᠠ ᠶᠢᠨ ᠲᠣᠭᠤᠷᠢᠭ ᠤᠨ ᠬᠠᠮᠵᠢᠯᠴᠠᠨ ᠬᠥᠭᠵᠢᠬᠦ ᠶᠢ | ᠬᠦᠴᠦ ᠪᠠᠨ ᠬᠠᠮᠲᠤᠳᠬᠠᠨ ᠠᠬᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ | ᠪᠣᠯᠭᠠᠵᠤ᠂ ᠠᠯᠠᠱᠠ᠂ ᠦᠬᠠᠶ᠂ ᠪᠠᠶᠠᠨᠨᠠᠭᠤᠷ᠂ ᠣᠷᠳᠣᠰ ᠬᠠᠮᠲᠤᠪᠠᠷ ᠤᠯᠤᠰ ᠤᠨ ︽ᠤᠷᠳᠤᠰ︾ ᠤᠨ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠪᠠᠶᠢᠭᠤᠯᠤᠨ᠎ᠠ᠃ ︽ | ᠵᠢᠵᠢᠭ ᠭᠤᠷᠪᠠᠯᠵᠢᠨ︾ ᠤᠨ ᠣᠷᠣᠨ ᠪᠠᠶᠢᠷᠢ ᠪᠠ ᠠᠵᠤ ᠦᠶᠯᠡᠰ ᠤᠨ ᠳᠠᠪᠠᠭᠤᠯᠢᠭ ᠲᠤ ᠰᠠᠭᠤᠷᠢᠯᠠᠨ᠂ ᠦᠬᠠᠶ᠂ | ᠣᠷᠳᠣᠰ ᠬᠤᠲᠠ ᠯᠤᠭ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠪᠡᠯᠡᠳᠬᠡᠮᠵᠢ ᠶᠢ ᠬᠠᠮᠲᠤᠪᠠᠷ ᠪᠠᠶᠢᠭᠤᠯᠬᠤ᠂ | ᠠᠵᠤ ᠦᠶᠯᠡᠰ ᠢ ᠬᠠᠮᠲᠤᠪᠠᠷ ᠪᠤᠶᠢᠵᠢᠭᠤᠯᠬᠤ᠂ ᠣᠷᠴᠢᠨ ᠲᠣᠭᠤᠷᠢᠨ ᠢ ᠬᠠᠮᠲᠤᠪᠠᠷ ᠵᠠᠰᠠᠬᠤ᠂ ᠦᠷ᠎ᠡ ᠪᠦᠲᠦᠭᠡᠯ ᠢ | ᠬᠠᠮᠲᠤᠪᠠᠷ ᠭᠥᠷᠳᠡᠬᠦ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠎ᠠ᠃ ︽ᠨᠢᠰᠦᠮᠡᠯ | ᠭᠠᠵᠠᠷ ᠤᠨ ᠠᠵᠤ ᠠᠬᠤᠶ︾ ᠶᠢ ᠡᠮᠬᠢ ᠵᠢᠷᠤᠮ ᠲᠠᠢ ᠪᠠᠷ ᠬᠥᠭᠵᠢᠭᠦᠯᠵᠦ᠂ ︽ᠴᠡᠴᠡᠷᠯᠢᠭ ᠲᠠᠬᠢ ᠬᠦᠷᠢᠶᠡᠯᠡᠩ︾ ᠂ | ︽ᠬᠠᠮᠲᠤ ᠪᠠᠷ ᠴᠡᠴᠡᠷᠯᠢᠭ︾ ᠢ ᠪᠠᠶᠢᠭᠤᠯᠤᠨ᠎ᠠ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠲᠤᠮᠤ | ᠪᠤᠯᠤᠩ ᠤᠨ ᠣᠷᠣᠨ ᠳᠤ ᠡᠨᠧᠷᠭᠢ ᠶᠢᠨ ᠰᠤᠷᠪᠤᠯᠵᠢ ᠬᠦᠷᠭᠡᠬᠦ ᠵᠠᠮ ᠢ ᠨᠡᠪᠲᠡᠷᠡᠭᠦᠯᠵᠦ᠂ ︽ᠪᠠᠷᠠᠭᠤᠨ ᠣᠷᠣᠨ ᠤ | ᠴᠠᠬᠢᠯᠭᠠᠨ ᠢ ᠵᠡᠭᠦᠨᠰᠢ ᠬᠦᠷᠭᠡᠬᠦ︾ ᠬᠠᠷᠠᠯᠲᠠ ᠶᠢ ᠪᠡᠶᠡᠯᠡᠭᠦᠯᠦᠨ᠎ᠡ᠃ ᠠᠯᠠᠱᠠ — ᠢᠷᠭᠠᠶ ᠶᠢᠨ ᠨᠠᠷᠢᠯᠢᠭ | ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ | ᠦᠶᠯᠡᠰ ᠤᠨ ᠬᠦᠷᠢᠶᠡᠯᠡᠩ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠦᠷᠢᠶᠡᠯᠡᠩ ᠢ ᠬᠠᠮᠲᠤᠪᠠᠷ ᠪᠠᠶᠢᠭᠤᠯᠤᠨ᠎ᠠ᠃ | ᠣᠷᠣᠨ ᠪᠦᠰᠡ ᠬᠤᠯᠪᠣᠭᠠᠯᠠᠨ ᠬᠥᠳᠡᠯᠦᠯᠴᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ᠂ ᠵᠠᠮ ᠱᠤᠭᠤᠮ ᠢ ᠬᠠᠮᠲᠤ ᠪᠠᠷ ᠪᠠᠶᠢᠭᠤᠯᠬᠤ᠂ ᠮᠡᠳᠡᠭᠡ ᠵᠠᠩᠭᠢ ᠶᠢ ᠬᠠᠷᠢᠯᠴᠠᠨ | ᠨᠡᠪᠲᠡᠷᠡᠯᠴᠡᠬᠦ᠂ ᠵᠠᠬ᠎ᠠ ᠳᠡᠯᠭᠡᠭᠦᠷ ᠢ ᠬᠠᠷᠢᠯᠴᠠᠨ ᠠᠬᠢᠭᠤᠯᠬᠤ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | | ᠬᠠᠷ᠎ᠠ ᠭᠤᠣᠯ ᠤᠨ ᠠᠵᠤ ᠠᠬᠤᠢ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ | ᠃ ᠠᠯᠠᠱᠠ᠂ ᠰᠠᠶᠢᠬᠠᠨ ᠵᠠᠪᠠᠢ ᠪᠣᠭᠤᠮᠲᠠ᠂ ᠵᠢᠦᠴᠢᠦᠸᠠᠨ᠂ ᠵᠠᠩ ᠶᠧ ᠲᠦᠷᠪᠡᠨ ᠠᠶᠢᠮᠠᠭ ᠬᠤᠳᠠ ᠶᠢᠨ ᠬᠤᠯᠪᠣᠭᠠᠯᠠᠨ | ᠬᠥᠭᠵᠢᠬᠦ ᠶᠢ ᠠᠬᠢᠭᠤᠯᠵᠤ᠂ ᠬᠠᠷ᠎ᠠ ᠭᠤᠣᠯ ᠤᠨ ᠠᠵᠤ ᠠᠬᠤᠢ ᠶᠢᠨ ᠪᠦᠰᠡ ᠶᠢᠨ ᠰᠢᠨ᠎ᠡ ᠡᠨᠧᠷᠭᠢ ᠶᠢᠨ ᠠᠵᠤ | ᠦᠢᠯᠡᠰ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠥᠪᠥᠷ ᠮᠣᠩᠭᠤᠯ ᠭᠠᠨᠰᠦ ᠭᠤᠣᠯ ᠤᠨ ᠪᠠᠷᠠᠭᠤᠨ | ᠬᠤᠩᠬᠢᠯ ᠤᠨ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ ᠴᠡᠭᠡ᠂ ᠦᠯᠵᠡᠢ ᠪᠣᠭᠤᠮᠲᠠ ᠪᠠᠷ ᠠᠴᠢᠶᠠᠯᠠᠪᠤᠷᠢ ᠪᠣᠯᠭᠠᠨ᠂ ᠬᠠᠷ᠎ᠠ | ᠭᠤᠣᠯ ᠳᠠᠭᠠᠤ ᠣᠷᠣᠨ ᠬᠢᠭᠡᠳ ᠮᠣᠩᠭᠤᠯ ᠤᠷᠤᠰ ᠯᠤᠭ᠎ᠠ ᠶᠢᠨ ᠬᠠᠮᠲᠤᠷᠠᠯᠴᠠᠭ᠎ᠠ ᠶᠢᠨ ᠬᠥᠭᠵᠢᠯᠲᠡ ᠶᠢᠨ ᠡᠭᠦᠳᠡᠨ | ᠲᠠᠪᠴᠠᠩ ᠢ ᠪᠠᠶᠢᠭᠤᠯᠵᠤ᠂ ᠬᠠᠷ᠎ᠠ ᠭᠤᠣᠯ ᠳᠠᠭᠠᠤ ᠣᠷᠣᠨ ᠤ ᠬᠤᠳᠠ ᠶᠢᠨ ᠬᠠᠮᠵᠢᠯᠴᠠᠨ ᠬᠥᠭᠵᠢᠬᠦ ᠶᠢ ᠨᠥᠯᠥᠭᠡᠯᠡᠨ᠎ᠡ | ᠃ ︽ᠬᠠᠲᠤᠨ ᠭᠤᠤᠯ ᠤᠨ ᠪᠠᠷᠠᠭᠤᠨ ᠬᠤᠩᠭᠢᠯ ᠤᠨ ᠵᠢᠭᠤᠯᠴᠢᠯᠠᠯ ᠤᠨ ᠬᠤᠯᠪᠣᠭ᠎ᠠ︾ ᠶᠢ ᠬᠠᠮᠲᠤᠪᠠᠷ ᠴᠣᠭᠴᠠᠯᠠᠨ | ᠪᠠᠶᠢᠭᠤᠯᠵᠤ᠂ ᠣᠨᠴᠠᠯᠢᠭ ᠢᠶᠠᠷ ᠲᠣᠪᠤᠶᠢᠮ᠎ᠠ᠂ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠬᠢᠭᠤᠯᠬᠤ᠂ ᠣᠷᠣᠨ ᠵᠠᠶ | ᠲᠥᠪᠯᠡᠷᠡᠭᠰᠡᠨ᠂ ᠪᠠᠶᠢᠷᠢᠰᠢᠯ ᠨᠢ ᠰᠢᠯᠢᠳᠡᠭᠵᠢᠭᠰᠡᠨ ᠬᠠᠲᠤᠨ ᠭᠤᠤᠯ ᠤᠨ ᠪᠠᠷᠠᠭᠤᠨ ᠬᠤᠩᠭᠢᠯ ᠤᠨ ᠣᠷᠣᠨ | ᠪᠦᠰᠡ ᠶᠢᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ | ᠠᠬᠢᠭᠤᠯᠤᠨ᠎ᠠ᠃ | | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠠᠵᠤ ᠠᠬᠤᠶ ᠶᠢᠨ | ᠬᠠᠮᠲᠤᠷᠠᠯᠴᠠᠭᠠᠨ ᠤ ᠪᠡᠭᠡᠵᠢᠩ ᠲᠢᠶᠠᠨᠵᠢᠨ ᠡᠾᠧᠪᠸᠢ᠂ ᠪᠦᠧᠧᠬᠠᠢ ᠲᠠᠩᠭᠢᠰ ᠤᠨ ᠡᠷᠬᠢᠨ ᠲᠣᠭᠤᠷᠢᠨ ᠳᠠᠬᠢ | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠵᠤ ᠠᠪᠤᠨ᠎ᠠ᠃ | ᠪᠡᠭᠡᠵᠢᠩ ᠲᠢᠶᠠᠨᠵᠢᠨ ᠾᠧᠪᠧᠶ ᠶᠢᠨ ᠮᠡᠷᠭᠡᠵᠢᠯ᠂ ᠬᠥᠷᠥᠩᠭᠡ᠂ ᠴᠢᠳᠠᠪᠤᠷᠢᠲᠠᠨ ᠵᠡᠷᠭᠡ ᠳᠡᠭᠡᠳᠦ ᠲᠠᠰ ᠤᠨ ᠴᠢᠬᠤᠯᠠ | ᠬᠦᠴᠦᠨ ᠵᠦᠶᠯ ᠤᠨ ᠡᠬᠢ ᠪᠠᠶᠠᠯᠢᠭ ᠢ ᠢᠳᠡᠪᠬᠢᠲᠡᠶ ᠪᠠᠷ ᠰᠢᠩᠭᠡᠭᠡᠨ ᠠᠪᠴᠤ᠂ ᠠᠵᠤ ᠦᠶᠯᠡᠰ ᠤᠨ ᠨᠢᠰᠬᠦ ᠭᠠᠵᠠᠷ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠰᠬᠦ ᠭᠠᠵᠠᠷ ᠢ ᠲᠦᠷᠭᠡᠳᠬᠡᠨ ᠪᠠᠶᠢᠭᠤᠯᠵᠤ᠂ | ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠢᠮᠢ ᠶᠢᠨ ᠠᠵᠤ | ᠦᠶᠯᠡᠳᠪᠦᠷᠢ ᠶᠢᠨ ᠠᠵᠤ ᠦᠶᠯᠡᠰ ᠤᠨ ᠬᠥᠨᠳᠡᠯᠡᠨ ᠢᠶᠠᠷ ᠠᠪᠴᠠᠯᠳᠤᠬᠤ᠂ ᠭᠤᠯᠳᠤ ᠪᠠᠷ ᠤᠷᠲᠤᠳᠬᠠᠬᠤ ᠶᠢ | ᠠᠬᠢᠭᠤᠯᠤᠨ᠎ᠠ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠯᠦᠭᠡ ᠶᠢᠨ ᠠᠵᠤ ᠠᠬᠤᠶ ᠶᠢᠨ ᠭᠠᠳᠠᠭᠰᠢ | ᠲᠡᠭᠡᠭᠡᠪᠦᠷᠢᠯᠡᠬᠦ ᠰᠢᠨ᠎ᠡ ᠵᠠᠮ ᠢ ᠨᠡᠭᠡᠭᠡᠵᠦ᠂ ᠦᠢᠯᠡᠳᠬᠦᠨ ᠤ ᠥᠷᠢᠰᠥᠯᠳᠦᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠬᠥᠭᠵᠢᠭᠰᠡᠨ ᠭᠠᠵᠠᠷ ᠣᠷᠣᠨ ᠤ ᠪᠡᠯᠡ ᠮᠥᠩᠭᠦ᠂ ᠲᠧᠭᠨᠢᠭ ᠮᠡᠷᠭᠡᠵᠢᠯ᠂ ᠴᠢᠳᠠᠪᠤᠷᠢᠲᠠᠨ ᠵᠡᠷᠭᠡ | ᠡᠯᠧᠮᠧᠨ᠋ᠲ ᠢ ᠰᠠᠶᠢᠲᠤᠷ ᠬᠡᠷᠡᠭᠯᠡᠵᠦ᠂ ᠬᠦᠴᠦᠨ ᠢᠶᠠᠨ ᠠᠰᠢᠭᠯᠠᠨ ᠬᠥᠭᠵᠢᠭᠦᠯᠬᠦ ᠶᠢ ᠪᠡᠶᠡᠯᠡᠭᠦᠯᠦᠨ᠎ᠡ᠃ | | ᠨᠠᠢᠮᠠᠳᠤᠭᠠᠷ ᠪᠦᠯᠦᠭ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠶᠢ | ᠪᠠᠬᠢᠵᠢᠭᠦᠯᠵᠦ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ᠎ᠡ | | ᠰᠢᠨ᠎ᠡ ᠬᠤᠳᠠ ᠬᠥᠳᠡᠭᠡ ᠶᠢ ᠪᠦᠳᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ | ᠠᠬᠤᠢ᠂ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠤᠨᠴᠠᠯᠢᠬᠳᠤ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠪᠠ ᠤᠨᠴᠠᠯᠢᠬᠳᠤ ᠠᠮᠢ ᠠᠬᠤᠢ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ | ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢᠨ ᠣᠷᠣᠨ ᠵᠠᠢ ᠶᠢ ᠰᠢᠯᠢᠳᠡᠭᠵᠢᠭᠦᠯᠵᠦ᠂ ᠬᠤᠳᠠ | ᠬᠥᠳᠡᠭᠡ ᠶᠢᠨ ᠵᠣᠬᠢᠴᠠᠩᠭᠤᠢ ᠬᠠᠮᠲᠤᠷᠠᠯᠴᠠᠭᠰᠠᠨ ᠠᠭᠤᠰᠤᠯᠴᠠᠨ ᠬᠥᠭᠵᠢᠬᠦ ᠪᠠᠶᠢᠷᠢᠰᠢᠯ ᠢ ᠪᠠᠶᠢᠭᠤᠯᠤᠨ᠎ᠠ᠃ | | ᠨᠢᠭᠡᠳᠦᠭᠡᠷ ᠬᠡᠰᠡᠭ ᠬᠤᠰᠢᠭᠤᠨ ᠤ ᠬᠡᠪᠴᠢᠶᠡᠨ ᠤ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ | | ᠤᠨᠴᠠᠯᠢᠭᠳᠤ ᠬᠥᠭᠵᠢᠯᠲᠡ᠂ ᠠᠭᠤᠰᠤᠯᠴᠠᠨ ᠬᠥᠭᠵᠢᠬᠦ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ | ᠠᠳᠠᠯᠢ ᠪᠤᠰᠤ ᠬᠤᠰᠢᠭᠤᠨ ᠴᠠᠷᠠᠭ᠎ᠠ ᠶᠢᠨ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ | ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠴᠢᠭᠯᠡᠭᠦᠯᠦᠨ᠂ ᠬᠤᠰᠢᠭᠤᠨ ᠴᠠᠷᠠᠭ᠎ᠠ ᠶᠢᠨ ᠦᠶᠯᠡᠳᠪᠦᠷᠢᠯᠡᠯ ᠤᠨ | ᠬᠦᠴᠦᠨ ᠤ ᠬᠥᠭᠵᠢᠯᠲᠡ ᠶᠢᠨ ᠣᠷᠣᠨ ᠵᠠᠶ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠡᠯ᠎ᠡ ᠬᠤᠰᠢᠭᠤ | ᠣᠷᠣᠨ ᠤ ᠬᠥᠭᠵᠢᠯᠲᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠵᠢᠴᠢ ᠠᠵᠤ ᠦᠶᠯᠡᠰ ᠤᠨ ᠬᠥᠭᠵᠢᠯᠲᠡ ᠶᠢᠨ | ᠴᠢᠭᠯᠡᠯ ᠢ ᠲᠣᠳᠣᠷᠬᠠᠶᠢᠯᠠᠨ᠂ ᠰᠢᠨ᠎ᠡ ᠨᠡᠮᠡᠭᠳᠡᠯ ᠤᠨ ᠲᠦᠢᠯ ᠪᠠ ᠨᠡᠮᠡᠭᠳᠡᠯ ᠤᠨ ᠴᠡᠭ ᠢ ᠪᠤᠶᠢᠵᠢᠭᠤᠯᠵᠤ᠂ ᠬᠤᠰᠢᠭᠤᠨ | ᠴᠠᠷᠠᠭ᠎ᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ | | ᠠᠯᠠᠱᠠ ᠵᠡᠭᠦᠨ ᠬᠤᠰᠢᠭᠤ᠃ ︽ᠵᠢᠷᠭᠤᠭᠠᠨ ᠭᠤᠷᠪᠠ︾ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠷᠢᠰᠢᠯ ᠵᠢᠴᠢ ᠪᠣᠳᠠᠲᠠᠶ ᠠᠷᠭ᠎ᠠ ᠬᠡᠮᠵᠢᠶ᠎ᠡ ᠶᠢᠨ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠬᠦ ᠭᠤᠷᠪᠠᠨ ᠶᠡᠭᠡ ᠶᠠᠪᠤᠳᠠᠯ ᠢ ᠭᠤᠶᠢᠪᠢᠰᠢ ᠦᠭᠡᠶ ᠰᠠᠶᠢᠲᠤᠷ ᠠᠳᠬᠤᠵᠤ᠂ ᠭᠤᠷᠪᠠᠨ ᠠᠵᠤ | ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ ᠣᠯᠠᠨᠪᠤᠯᠠᠭ ᠠᠵᠤ ᠦᠢᠯᠡᠰ ᠤᠨ | ᠬᠦᠷᠢᠶᠡᠯᠡᠩ᠂ ᠦᠯᠵᠡᠢ ᠪᠣᠭᠤᠮᠲᠠ᠂ ᠪᠠᠶᠠᠨᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠤᠰᠬᠠᠬᠤ | ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠤᠷᠪᠠᠨ ᠠᠵᠤ ᠦᠢᠯᠡᠰ ᠤᠨ ᠰᠠᠭᠤᠷᠢᠨ ᠢ ᠭᠤᠣᠯᠳᠠᠯᠭ᠎ᠠ ᠲᠠᠢ ᠪᠠᠶᠢᠭᠤᠯᠵᠤ᠂ | ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ | ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠣᠷᠴᠢᠨ ᠨᠥᠬᠦᠴᠡᠯ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ | ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠰᠠᠶᠢᠵᠢᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ | ᠨᠡᠭᠡᠭᠡᠯᠳᠡ ᠬᠢᠵᠦ ᠬᠠᠮᠲᠤᠷᠠᠯᠴᠠᠬᠤ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠭᠤᠷᠪᠠᠨ ᠶᠡᠭᠡ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠶ ᠪᠠᠷ ᠪᠤᠶᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠤ᠂ ᠴᠢᠳᠠᠪᠤᠷᠢᠲᠠᠨ ᠤ ᠬᠥᠮᠦᠵᠢᠯ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠭᠤᠷᠪᠠᠨ ᠬᠡᠰᠡᠭ | ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠠᠮᠢ ᠠᠬᠤᠶ ᠭᠤᠶᠢᠳᠠ | ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ ᠦᠵᠡᠰᠬᠦᠯᠡᠩᠲᠦ | ᠰᠠᠶᠢᠬᠠᠨ ᠠᠯᠠᠱᠠ ᠵᠡᠭᠦᠨ ᠬᠤᠰᠢᠭᠤ ᠶᠢ ᠴᠢᠷᠮᠠᠶᠢᠨ ᠴᠣᠭᠴᠠᠯᠠᠨ᠎ᠠ᠃ | | ᠠᠯᠠᠱᠠ ᠪᠠᠷᠠᠭᠤᠨ ᠬᠤᠰᠢᠭᠤ᠃ ᠪᠠᠳᠠᠢ ᠶᠢᠨ ᠵᠢᠷᠠᠨ ᠪᠠᠯᠭᠠᠰᠤᠨ ᠤ ᠬᠤᠰᠢᠭᠤ ᠬᠡᠪᠴᠢᠶᠡᠨ ᠤ ᠲᠥᠪ ᠤᠨ | ᠳᠠᠭᠠᠭᠠᠴᠠ ᠶᠢ ᠳᠡᠭᠡᠭᠰᠢᠯᠡᠭᠦᠯᠵᠦ᠂ ᠪᠠᠳᠠᠶ ᠶᠢᠨ ᠵᠢᠷᠠᠨ ᠤ ᠡᠯᠡᠰᠦᠨ ᠴᠥᠯ ᠤᠨ ᠵᠢᠭᠤᠯᠴᠢᠯᠠᠯ ᠤᠨ ᠰᠣᠳᠣᠨ | ᠪᠦᠲᠦᠭᠡᠭᠳᠡᠬᠦᠨ ᠤ ᠲᠣᠭᠤᠷᠢᠭ ᠢ ᠪᠥᠲᠥᠭᠡᠨ ᠪᠠᠶᠢᠭᠤᠯᠵᠤ᠂ ᠰᠣᠶᠣᠯ ᠤᠨ ᠵᠢᠭᠤᠯᠴᠢᠯᠠᠯ᠂ ᠠᠭᠤᠷᠬᠠᠶ ᠶᠢᠨ | ᠭᠠᠷᠤᠯᠲᠠ ᠶᠢ ᠰᠣᠩᠭᠤᠨ ᠰᠤᠷᠭᠠᠯᠲᠠ ᠳᠤ ᠬᠠᠮᠤᠷᠤᠭᠤᠯᠬᠤ ᠦᠶᠯᠡᠰ ᠢᠶᠠᠷ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢᠨ ᠭᠤᠤᠯᠳᠠᠯᠭ᠎ᠠ ᠪᠣᠯᠭᠠᠨ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠪᠦᠬᠦ ᠤᠯᠤᠰ ᠤᠨ ᠬᠡᠪᠴᠢᠶ᠎ᠡ ᠪᠠᠷ ᠬᠠᠮᠤᠭ ᠶᠡᠭᠡ ᠪᠠᠶᠢᠭᠠᠯᠢ ᠶᠢᠨ ᠬᠤᠵᠢᠷ ᠤᠨ ᠰᠠᠭᠤᠷᠢᠨ | ᠭᠠᠵᠠᠷ ᠢ ᠪᠠᠶᠢᠭᠤᠯᠤᠨ᠎ᠠ᠃ ᠰᠣᠶᠣᠯ ᠤᠨ ᠵᠢᠭᠤᠯᠴᠢᠯᠠᠯ᠂ ᠣᠳᠣᠬᠢᠴᠢᠯᠠᠭᠰᠠᠨ ᠠᠷᠠᠯᠵᠢᠶ᠎ᠠ ᠬᠤᠳᠠᠯᠳᠤᠭ᠎ᠠ ᠵᠡᠷᠭᠡ | ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ ᠶᠢ ᠵᠣᠷᠢᠭᠵᠢᠭᠤᠯᠤᠨ᠎ᠠ᠃ | ᠴᠡᠪᠡᠷ ᠡᠨᠧᠷᠭᠢ ᠶᠢᠨ ᠠᠵᠤ ᠦᠶᠯᠡᠰ ᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠴᠡᠪᠡᠷ | ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢ | ᠮᠠᠯᠲᠠᠵᠤ ᠰᠢᠯᠢᠵᠦ ᠰᠤᠷᠭᠠᠯᠲᠠ ᠳᠤ ᠬᠠᠮᠤᠷᠤᠭᠤᠯᠬᠤ ᠪᠠᠷ ᠭᠤᠣᠯ ᠪᠣᠯᠭᠠᠭᠰᠠᠨ ᠠᠩᠬ᠎ᠠ ᠰᠤᠷᠭᠠᠯᠲᠠ ᠳᠤ | ᠬᠠᠮᠤᠷᠤᠭᠤᠯᠬᠤ ᠠᠵᠤ ᠦᠢᠯᠡᠳᠪᠦᠷᠢ ᠶᠢ ᠵᠣᠬᠢᠰᠲᠠᠶ ᠪᠠᠷ ᠬᠥᠭᠵᠢᠭᠦᠯᠦᠨ᠎ᠡ︔ ᠴᠠᠭᠠᠨ ᠭᠤᠶᠣᠣ᠂ ᠤᠯᠠᠭᠠᠨ ᠭᠤᠶᠣᠣ | ᠵᠡᠷᠭᠡ ᠤᠨᠴᠠᠯᠢᠬᠳᠤ ᠠᠮᠢ ᠠᠬᠤᠶ ᠶᠢᠨ ᠠᠵᠤ ᠦᠶᠯᠡᠰ ᠵᠢᠴᠢ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠦᠶᠯᠡᠰ ᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠴᠢᠬᠤᠯᠠ ᠤᠨᠴᠠᠯᠢᠬᠳᠤ ᠠᠮᠢ ᠠᠬᠤᠶ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠡᠮᠡᠭᠡᠨ ᠤ | ᠠᠵᠤ ᠦᠶᠯᠡᠰ ᠤᠨ ᠰᠤᠳᠤᠯᠤᠨ ᠨᠡᠭᠡᠭᠡᠵᠦ ᠦᠶᠯᠡᠳᠪᠦᠷᠢᠯᠡᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠡᠵᠡᠨ᠎ᠡ ᠬᠤᠰᠢᠭᠤ᠃ ᠳᠠᠯᠠᠶᠢᠬᠥ᠋ᠪ ᠪᠠᠯᠭᠠᠰᠤ ᠶᠢᠨ ᠬᠤᠰᠢᠭᠤ ᠬᠡᠪᠴᠢᠶᠡᠨ ᠤ ᠲᠥᠪ ᠤᠨ ᠳᠠᠭᠠᠭᠠᠴᠠ ᠶᠢ | ᠳᠡᠭᠡᠭᠰᠢᠯᠡᠭᠦᠯᠵᠦ᠂ ᠲᠣᠤᠷᠠᠶ ᠶᠢᠨ ᠣᠶ ᠶᠢᠨ ᠵᠢᠭᠤᠯᠴᠢᠯᠠᠯ ᠤᠨ ᠰᠣᠳᠣᠨ ᠪᠦᠲᠦᠭᠡᠭᠳᠡᠬᠦᠨ ᠤ ᠣᠷᠣᠨ᠂ ᠳᠤᠮᠳᠠᠳᠤ | ᠮᠣᠩᠭᠤᠯ ᠤᠨ ᠴᠡᠭᠡ — ᠰᠢᠪᠡᠭᠡ ᠬᠦᠷᠡᠩ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠢ ᠪᠥᠲᠥᠭᠡᠨ ᠪᠠᠶᠢᠭᠤᠯᠵᠤ᠂ ᠰᠣᠶᠣᠯ ᠤᠨ ᠵᠢᠭᠤᠯᠴᠢᠯᠠᠯ᠂ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ | ᠦᠶᠯᠡᠰ ᠵᠡᠷᠭᠡ ᠣᠳᠣᠬᠢᠴᠢᠯᠠᠭᠰᠠᠨ ᠦᠶᠯᠡᠴᠢᠯᠡᠭᠡᠨ ᠤ ᠦᠶᠯᠡᠰ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠭᠤᠤᠯᠳᠠᠯᠭ᠎ᠠ ᠪᠣᠯᠭᠠᠵᠤ᠂ ᠥᠷᠢᠰᠦᠯᠳᠦᠬᠦ | ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠲᠠᠰ ᠤᠨ ᠪᠥᠬᠦ ᠴᠠᠷᠠᠭᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠢᠴᠢ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ | ᠪᠠᠷᠠᠭᠠᠨ ᠤ ᠭᠦᠶᠯᠭᠡᠭᠡᠨ᠂ ᠬᠢᠯᠢ ᠠᠯᠤᠰᠯᠠᠭᠰᠠᠨ ᠵᠢᠭᠤᠯᠴᠢᠯᠠᠯ᠂ ᠮᠢᠬᠠᠨ ᠤ ᠵᠦᠶᠯ ᠢ ᠡᠳ᠋ᠰᠢᠭᠦᠯᠬᠦ ᠵᠡᠷᠭᠡ ᠬᠠᠮᠢᠶ᠎ᠠ | ᠪᠥᠬᠦᠶ ᠠᠵᠤ ᠦᠶᠯᠡᠰ ᠢ ᠶᠡᠬᠡᠪᠡᠷ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ | ᠠᠭᠤᠷᠬᠠᠶ ᠶᠢᠨ ᠭᠠᠷᠤᠯᠲᠠ ᠶᠢ ᠲᠥᠪᠯᠡᠷᠡᠭᠦᠯᠵᠦ ᠲᠠᠷᠬᠠᠭᠠᠬᠤ ᠪᠠᠷᠠᠭᠠᠨ ᠤ ᠭᠦᠢᠯᠭᠡᠭᠡ᠂ ᠨᠢᠰᠦᠭᠡ ᠭᠠᠵᠠᠷ ᠤᠨ ᠠᠵᠤ | ᠠᠬᠤᠶ ᠶᠢᠨ ᠪᠣᠯᠪᠠᠰᠤᠷᠠᠭᠤᠯᠤᠯᠲᠠ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ ᠨᠢᠭᠡᠳᠦᠯᠲᠡᠶ ᠲᠥᠯᠥᠪᠯᠡᠨ ᠣᠶ | ᠰᠢᠭᠤᠶ ᠵᠢᠮᠢᠰ᠂ ᠡᠮ ᠤᠨ ᠮᠠᠲ᠋ᠧᠷᠢᠶᠠᠯ ᠵᠡᠷᠭᠡ ᠣᠨᠴᠠᠯᠢᠠᠠᠳᠣ ᠠᠮᠢ ᠠᠬᠤᠶ ᠶᠢᠨ ᠠᠵᠤ ᠦᠶᠯᠡᠰ ᠪᠠ ᠣᠨᠴᠠᠯᠢᠠᠠᠳᠣ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠦᠶᠯᠡᠰ ᠢ ᠰᠦᠪᠡᠭᠴᠢᠯᠡᠨ | ᠬᠥᠭᠵᠢᠭᠦᠯᠦᠨ᠎ᠡ᠃ ᠪᠣᠭᠤᠮᠲᠠ ᠪᠠ ᠣᠯᠠᠨ ᠤᠯᠤᠰ ᠤᠨ ᠨᠡᠪᠲᠡᠷᠡᠬᠦ ᠵᠠᠮ ᠤᠨ ᠨᠥᠯᠥᠭᠡᠯᠡᠨ ᠳᠠᠶᠢᠴᠢᠯᠠᠬᠤ ᠦᠶᠯᠡᠳᠦᠯ ᠢ | ᠪᠠᠳᠠᠷᠠᠭᠤᠯᠵᠤ᠂ ᠴᠡᠭᠡ ᠪᠠᠷ ᠬᠦᠶᠰᠦ ᠪᠣᠯᠭᠠᠨ᠂ ᠡᠵᠡᠨ᠎ᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠢ ᠲᠦᠷᠭᠡᠳᠬᠡᠨ ᠪᠠᠶᠢᠭᠤᠯᠵᠤ᠂ ᠴᠢᠳᠠᠮᠵᠢ ᠪᠠᠷ | ᠪᠦᠷᠢᠨ᠂ ᠠᠵᠤ ᠦᠶᠯᠡᠰ ᠢᠶᠠᠷ ᠢᠵᠢ ᠪᠥᠷᠢᠳᠦᠭᠰᠡᠨ᠂ ᠦᠶᠯᠡᠴᠢᠯᠡᠭᠡ ᠪᠠᠷ ᠪᠦᠷᠢᠨ ᠲᠡᠭᠦᠯᠳᠡᠷ ᠶᠡᠷᠦᠩᠬᠡᠶᠢᠯᠡᠭᠰᠡᠨ | ᠴᠢᠨᠠᠷᠲᠠᠶ ᠠᠵᠤ ᠠᠬᠤᠶ ᠶᠢᠨ ᠣᠷᠣᠨ ᠪᠦᠰᠡ ᠶᠢ ᠪᠦᠷᠢᠯᠳᠦᠭᠦᠯᠦᠨ᠎ᠡ᠃ | | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠨ ᠬᠥᠭᠵᠢᠭᠦᠯᠬᠦ ᠣᠷᠣᠨ᠃ ᠪᠥᠬᠦ | ᠠᠶᠢᠮᠠᠭ ᠤᠨ ᠠᠵᠤ ᠦᠶᠯᠡᠳᠪᠦᠷᠢ ᠶᠢᠨ ᠴᠢᠬᠤᠯᠠ ᠪᠠᠯᠭᠠᠰᠤ᠂ ᠭᠤᠤᠯᠯᠠᠬᠤ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠠᠬᠤᠶ ᠶᠢᠨ ᠨᠡᠮᠡᠭᠳᠡᠯ ᠤᠨ ᠳᠠᠭᠠᠭᠠᠴᠠ ᠶᠢ ᠳᠡᠭᠡᠭᠰᠢᠯᠡᠭᠦᠯᠵᠦ᠂ ᠭᠤᠤᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠮᠢᠩᠭᠠᠨ ᠳ᠋ᠦᠩᠰᠢᠭᠤᠷ ᠲᠥᠭᠦᠷᠢᠭ ᠲᠤ ᠬᠦᠷᠦᠭᠰᠡᠨ ᠤᠯᠤᠰ ᠤᠨ | ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠠᠵᠤ | ᠦᠶᠯᠡᠰ ᠤᠨ ᠲᠥᠪᠯᠡᠷᠡᠭᠦᠯᠦᠨ ᠲᠥᠪᠯᠡᠷᠡᠭᠦᠯᠵᠦ ᠡᠷᠴᠢᠮᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠷᠢᠶᠡᠯᠡᠩ | ᠲᠣᠭᠤᠷᠢᠭ ᠤᠨ ᠠᠵᠤ ᠦᠶᠯᠡᠰ ᠤᠨ ᠳᠡᠭᠡᠳᠦ ᠲᠠᠰ᠂ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ᠂ | ᠡᠷᠭᠢᠯᠲᠡ ᠶᠢᠨ ᠬᠠᠷᠠᠯᠲᠠ ᠳᠠᠰᠢ ᠪᠥᠬᠦ ᠲᠠᠯ᠎ᠠ ᠪᠠᠷ ᠤᠷᠤᠭᠰᠢᠯᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠲᠠᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠲᠠᠰ ᠤᠨ ᠭᠠᠳᠠᠭᠠᠳᠤ ᠠᠷᠠᠯᠵᠢᠶ᠎ᠠ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠵᠦ᠂ ᠰᠠᠭᠤᠷᠢᠨ | ᠭᠠᠵᠠᠷ ᠤᠨ ᠭᠤᠤᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠪᠥᠬᠦ ᠠᠶᠢᠮᠠᠭ ᠤᠨ ᠭᠠᠳᠠᠭᠠᠳᠤ | ᠠᠷᠠᠯᠵᠢᠶ᠎ᠠ ᠶᠢᠨ ᠴᠢᠨᠠᠷ ᠠᠶᠢᠮᠠᠭ ᠤᠨ ᠳᠣᠲᠣᠷᠠᠬᠢ ᠡᠯ᠎ᠡ ᠬᠤᠰᠢᠭᠤ ᠲᠣᠭᠤᠷᠢᠭ ᠤᠨ ᠣᠳᠣ ᠪᠠᠶᠢᠭ᠎ᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠶᠢᠯᠡᠭᠦᠯᠦᠭᠰᠡᠨ ᠤ ᠳᠠᠷᠠᠭᠠᠬᠢ ᠦᠢᠯᠡᠳᠪᠦᠷᠢᠯᠡᠯ ᠤᠨ ᠡᠯᠧᠮᠧᠨ᠋ᠲ ᠢ | ᠰᠢᠯᠵᠢᠭᠦᠯᠬᠦ ᠶᠢ ᠬᠦᠯᠢᠶᠡᠨ ᠠᠪᠴᠤ᠂ ᠬᠥᠭᠵᠢᠭᠰᠡᠨ ᠤᠯᠤᠰ᠂ ᠵᠡᠭᠦᠨ ᠬᠡᠰᠡᠭ ᠤᠨ ᠳᠠᠯᠠᠶ ᠳᠠᠭᠠᠤ ᠣᠷᠣᠨ᠂ | ᠲᠡᠷᠢᠭᠦᠨ ᠤ ᠬᠥᠭᠵᠢᠭᠰᠡᠨ ᠭᠠᠵᠠᠷ ᠣᠷᠣᠨ ᠤ ᠬᠥᠷᠥᠩᠭᠡ ᠪᠣᠯᠤᠨ ︽ᠤᠮᠠᠷᠠᠰᠢ ᠣᠷᠣᠨ ᠪᠣᠯᠣᠨ ᠪᠠᠷᠠᠭᠤᠨ ᠣᠷᠣᠨ | ᠤᠷᠤᠭᠤ ᠰᠢᠯᠵᠢᠬᠦ︾ ᠣᠳᠣᠬᠢᠴᠢᠯᠠᠭᠰᠠᠨ ᠠᠵᠤ ᠦᠢᠯᠡᠳᠪᠦᠷᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠵᠡᠷᠭᠡ ᠶᠢ ᠵᠠᠯᠭᠠᠨ ᠠᠪᠴᠤ᠂ ᠰᠢᠨ᠎ᠡ ᠮᠠᠶ᠋ᠢᠭ ᠤᠨ ᠣᠳᠣᠬᠢᠴᠢᠯᠠᠭᠰᠠᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠡᠭᠡᠳᠦ ᠳᠡᠰ ᠤᠨ ᠳᠠᠪᠤᠰᠤᠨ ᠤ ᠬᠢᠮᠢ ᠶᠢᠨ ᠠᠵᠤ ᠦᠢᠯᠡᠳᠪᠦᠷᠢ᠂ | ᠥᠨᠳᠥᠷ ᠨᠡᠮᠡᠯᠲᠡ ᠥᠷᠲᠡᠭᠲᠦ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠳᠡᠭᠡᠳᠦ ᠳᠡᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠵᠢᠴᠢ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠵᠡᠷᠭᠡ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠭᠤᠣᠯᠳᠠᠯᠭ᠎ᠠ ᠲᠠᠢ | ᠰᠢᠪᠲᠤᠯᠬᠤ ᠴᠢᠭᠯᠡᠯ ᠪᠣᠯᠭᠠᠵᠤ᠂ ᠬᠠᠲᠤᠨ ᠭᠤᠤᠯ ᠤᠨ ︽ᠤᠭᠠᠯᠵᠠᠨ ᠲᠣᠬᠤᠢ ᠶᠢᠨ ᠮᠤᠷᠤᠢ ᠶᠢᠨ ᠬᠡᠰᠡᠭ︾ ᠠᠵᠤ | ᠠᠬᠤᠶ ᠶᠢᠨ ᠣᠷᠣᠨ ᠴᠢᠨᠠᠭᠰᠢᠯᠠᠪᠠᠯ ᠮᠠᠨ ᠤ ᠤᠯᠤᠰ ᠤᠨ ᠣᠳᠣᠬᠢᠴᠢᠯᠠᠭᠰᠠᠨ ᠪᠣᠬᠢᠷᠲᠤᠯ ᠥᠬᠡᠶ ᠬᠢᠮᠢ ᠶᠢᠨ ᠠᠵᠤ | ᠦᠶᠯᠡᠳᠪᠦᠷᠢ ᠶᠢᠨ ᠠᠵᠤ ᠦᠶᠯᠡᠰ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠴᠢᠬᠤᠯᠠ | ᠪᠥᠬᠦᠶ ᠨᠠᠷᠢᠯᠢᠭ ᠬᠢᠮᠢ ᠶᠢᠨ ᠠᠵᠤ ᠦᠶᠯᠡᠳᠪᠦᠷᠢ ᠶᠢᠨ ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ | ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠪᠴᠢᠭᠦᠯᠬᠦ ᠰᠠᠭᠤᠷᠢᠨ ᠭᠠᠵᠠᠷ᠂ ᠤᠮᠠᠷᠠᠰᠢ ᠨᠡᠭᠡᠭᠡᠭᠰᠡᠨ ᠣᠯᠠᠨ | ᠤᠯᠤᠰ ᠤᠨ ᠪᠠᠷᠠᠭᠠᠨ ᠤ ᠭᠦᠶᠯᠭᠡᠭᠡᠨ ᠤ ᠲᠥᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | | ᠤᠯᠠᠭᠠᠨᠪᠤᠬ᠎ᠠ ᠪᠣᠯᠤᠨ ᠠᠮᠢ ᠠᠬᠤᠶ ᠶᠢᠨ ᠡᠯᠡᠰᠦᠨ ᠤ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠠᠳᠤᠨ ᠭᠤᠣᠯ | ᠳᠠᠭᠠᠤ ᠶᠢᠨ ᠴᠢᠨᠠᠷ ᠰᠠᠶᠢᠲᠠᠢ ᠬᠥᠭᠵᠢᠯᠲᠡ ᠪᠠᠷ ᠠᠵᠠ ᠲᠣᠬᠢᠶᠠᠯ ᠪᠣᠯᠭᠠᠵᠤ᠂ ᠨᠢᠭᠡ ᠪᠦᠯᠦᠭ ᠳᠠᠪᠠᠭᠤᠯᠢᠭ ᠠᠵᠤ | ᠦᠢᠯᠡᠰ ᠢ ᠪᠤᠶᠢᠵᠢᠭᠤᠯᠵᠤ᠂ ᠡᠯᠡᠰᠦᠷᠬᠡᠭ ᠭᠠᠵᠠᠷ ᠤᠨ ᠦᠵᠦᠮ᠂ ᠡᠯᠡᠰᠦᠨ ᠤ ᠤᠢ ᠡᠪᠡᠰᠦ᠂ ᠪᠣᠬᠢᠷᠲᠤᠯ ᠦᠭᠡᠢ | ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠷᠴᠢᠮᠲᠡᠢ ᠡᠳ᠋ᠰᠢᠭᠦᠯᠬᠦ᠂ ᠴᠡᠪᠡᠷ ᠡᠨᠧᠷᠭᠢ ᠪᠣᠯᠤᠨ ᠡᠯᠡᠰᠦᠨ ᠴᠦᠯ ᠤᠨ | ᠵᠢᠭᠤᠯᠴᠢᠯᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠳᠤᠮᠳᠠᠳᠤ ᠤᠯᠤᠰ ᠤᠨ ᠡᠯᠡᠰᠦᠨ ᠴᠦᠯ ᠢ | ᠵᠠᠰᠠᠬᠤ ᠵᠢᠴᠢ ᠤᠨᠴᠠᠯᠢᠬᠳᠤ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠳᠡᠭᠡᠳᠦ ᠰᠢᠨ᠎ᠡ ᠮᠡᠷᠭᠡᠵᠢᠯ ᠤᠨ | ︽ᠡᠯᠡᠰᠦᠨ ᠬᠥᠨᠳᠡᠢ︾ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ | | ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ᠃ ︽ᠲᠠᠷᠢᠶᠠᠯᠠᠩ ᠢ | ᠪᠠᠭᠠᠰᠬᠠᠬᠤ᠂ ᠮᠠᠯ ᠠᠵᠤ ᠠᠬᠤᠶ ᠶᠢ ᠲᠣᠬᠢᠷᠠᠮᠵᠢᠲᠠᠶ ᠪᠠᠶᠢᠯᠭᠠᠬᠤ᠂ ᠠᠵᠤ ᠦᠢᠯᠡᠳᠪᠦᠷᠢ ᠶᠢ ᠲᠥᠪᠯᠡᠷᠡᠭᠦᠯᠬᠦ᠂ | ᠤᠨᠴᠠᠯᠢᠬᠳᠤ ᠠᠮᠢ ᠠᠬᠤᠶ ᠶᠢᠨ ᠠᠵᠤ ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ᠂ ᠪᠣᠬᠢᠷᠳᠣᠯ ᠦᠭᠡᠢ ᠡᠨᠧᠷᠭᠢ ᠶᠢ | ᠣᠶᠤᠨᠴᠢ ᠪᠠᠷ ᠬᠥᠭᠵᠢᠭᠦᠯᠬᠦ︾ ᠶᠡᠷᠦᠩᠬᠡᠶ ᠰᠡᠳᠬᠢᠴᠡ ᠶᠢᠨ ᠶᠣᠰᠣᠭᠠᠷ᠂ ︽ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ᠂ ᠣᠯᠠᠨ ᠡᠰᠢᠲᠦ ᠬᠥᠭᠵᠢᠯᠲᠡ᠂ ᠣᠯᠠᠨ ᠱᠠᠲᠤ ᠪᠠᠷ ᠲᠤᠯᠭᠠᠭᠤᠷᠢᠯᠠᠭᠰᠠᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ︾ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠤᠯᠠᠮ ᠳᠣᠭᠢᠷᠠᠭᠤᠯᠤᠨ ᠲᠡᠭᠦᠯᠳᠡᠷᠵᠢᠭᠦᠯᠵᠦ᠂ ︽ᠠᠮᠢ | ᠠᠬᠤᠶ ᠪᠠᠷ ᠣᠷᠣᠨ ᠢᠶᠠᠨ ᠪᠠᠶᠢᠭᠤᠯᠬᠤ᠂ ᠠᠵᠤ ᠦᠶᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ᠂ | ᠵᠢᠭᠤᠯᠴᠢᠯᠠᠯ ᠢᠶᠠᠷ ᠠᠷᠠᠳ ᠢᠶᠠᠨ ᠴᠢᠨᠡᠭᠡᠯᠢᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠵᠤ᠂ ᠦᠵᠦᠮ ᠤᠨ ᠲᠤᠯᠭᠠᠭᠤᠷ ᠤᠨ ᠰᠢᠨ᠎ᠡ ᠬᠡᠯᠪᠡᠷᠢ ᠶᠢᠨ ᠠᠵᠤ ᠦᠶᠯᠡᠳᠪᠦᠷᠢ ᠶᠢᠨ | ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠶᠯᠡᠰ ᠤᠨ ᠨᠡᠭᠡᠭᠡᠯᠲᠡ ᠶᠢᠨ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠢᠬᠡᠷ᠎ᠡ | ᠬᠤᠳᠳᠤᠭ ᠤᠨ ᠲᠠᠩ ᠤᠨ ᠠᠮᠢ ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢ ᠥᠪᠡᠷᠲᠡᠭᠡᠨ | ᠵᠠᠰᠠᠬᠤ ᠣᠷᠣᠨ ᠤ ᠲᠠᠰ ᠤᠨ ᠠᠮᠢ ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ | ᠪᠥᠲᠥᠭᠡᠨ ᠪᠠᠶᠢᠭᠤᠯᠤᠨ᠎ᠠ᠃ | | ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠃ ᠥᠪᠡᠷᠲᠡᠭᠡᠨ ᠵᠠᠰᠠᠬᠤ ᠣᠷᠣᠨ ᠤ | ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠨᠠᠷᠮᠠᠶ ᠪᠣᠭᠤᠮᠲᠠ ᠶᠢᠨ ᠠᠵᠤ | ᠠᠬᠤᠶ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠡᠭᠡᠭᠡᠯᠲᠡ ᠶᠢᠨ ᠲᠣᠭᠤᠷᠢᠭ ᠤᠨ | ᠣᠷᠣᠨ ᠪᠠᠶᠢᠷᠢ ᠶᠢᠨ ᠳᠠᠪᠠᠭᠤᠯᠢᠭ ᠪᠠ ᠬᠥᠭᠵᠢᠯᠲᠡ ᠶᠢᠨ ᠰᠠᠭᠤᠷᠢ ᠲᠠᠢ ᠤᠶᠠᠯᠳᠤᠭᠤᠯᠵᠤ᠂ ᠲᠣᠷᠭᠠᠨ ᠵᠠᠮ ᠤᠨ ᠠᠵᠤ | ᠠᠬᠤᠶ ᠶᠢᠨ ᠪᠦᠰᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠳᠤ ᠦᠶᠯᠡᠴᠢᠯᠡᠬᠦ ᠴᠢᠬᠤᠯᠠ | ᠨᠡᠪᠲᠡᠷᠡᠬᠦ ᠵᠠᠮ᠂ ᠬᠠᠷ᠎ᠠ ᠭᠤᠤᠯ ᠤᠨ ᠠᠵᠤ ᠠᠬᠤᠶ ᠶᠢᠨ ᠪᠦᠰᠡ ᠶᠢᠨ ᠣᠯᠠᠨ ᠤᠯᠤᠰᠴᠢᠯᠠᠭᠰᠠᠨ ᠦᠶᠯᠡᠳᠪᠦᠷᠢᠯᠡᠬᠦ | ᠴᠢᠳᠠᠪᠤᠷᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠠᠯᠠᠱᠠ ᠠᠶᠢᠮᠠᠭ ᠤᠨ ᠣᠷᠣᠨ | ᠪᠦᠰᠡ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠪᠦᠷᠢᠯᠳᠦᠭᠦᠯᠦᠨ᠎ᠡ᠃ ︽ᠣᠷᠣᠨ ᠨᠤᠲᠤᠭ ᠢᠶᠠᠷ | ᠥᠩᠭᠡᠷᠡᠬᠦ ᠠᠵᠤ ᠠᠬᠤᠢ︾ ᠶᠢ ︽ᠣᠷᠣᠨ ᠨᠤᠲᠤᠭ ᠲᠤ ᠰᠠᠭᠤᠷᠢᠰᠢᠭᠰᠠᠨ ᠠᠵᠤ ᠠᠬᠤᠢ︾ ᠳᠠᠰᠢ | ᠬᠤᠪᠢᠷᠠᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠮᠣᠩᠭᠤᠯ | ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠠᠭᠤᠷᠬᠠᠶ ᠶᠢᠨ ᠭᠠᠷᠤᠯᠲᠠ᠂ ᠴᠢᠨᠠᠷ ᠰᠠᠶᠢᠲᠠᠶ ᠮᠠᠯ ᠤᠨ ᠠᠰᠢᠭ | ᠰᠢᠮ᠎ᠡ ᠪᠠᠷ ᠣᠨᠴᠠᠯᠢᠭ ᠪᠣᠯᠭᠠᠭᠰᠠᠨ ᠨᠠᠷᠢᠯᠢᠭ ᠭᠦᠨᠵᠡᠭᠡᠶ ᠡᠳ᠋ᠰᠢᠭᠦᠯᠬᠦ ᠦᠶᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ | ᠠᠵᠤ ᠦᠶᠯᠡᠰ ᠤᠨ ᠳᠡᠭᠡᠳᠦ ᠲᠠᠰ ᠤᠨ᠂ ᠪᠣᠬᠢᠷᠲᠤᠯ ᠥᠬᠡᠶ ᠳᠠᠰᠢ ᠬᠥᠭᠵᠢᠬᠦ ᠶᠢ ᠠᠬᠢᠭᠤᠯᠤᠨ᠎ᠠ᠃ | | ᠬᠤᠶᠠᠳᠤᠭᠠᠷ ᠬᠡᠰᠡᠭ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ | ᠲᠦᠯᠬᠢᠨ ᠠᠬᠢᠭᠤᠯᠤᠨ᠎ᠠ | | ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠬᠦ ᠪᠠᠷ ᠭᠤᠤᠯ | ᠰᠢᠵᠢᠮ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠡᠮᠬᠢ ᠵᠢᠷᠤᠮ ᠲᠠᠢ ᠪᠠᠷ | ᠬᠤᠲᠠ ᠶᠢᠨ ᠠᠷᠠᠳ ᠪᠣᠯᠭᠠᠬᠤ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠎ᠡ | | ᠬᠤᠲᠠ ᠪᠠᠯᠭᠠᠰᠤᠨ ᠤ ᠬᠥᠭᠵᠢᠯᠲᠡ ᠶᠢᠨ ᠪᠠᠶᠢᠷᠢᠰᠢᠯ ᠢ ᠬᠤᠳᠠ ᠶᠢᠨ ᠠᠮᠢ ᠠᠬᠤᠶ ᠶᠢ ᠰᠡᠷᠭᠦᠭᠡᠬᠦ᠂ | ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠬᠤᠳᠠ ᠶᠢᠨ ᠲᠥᠯᠥᠪᠵᠢᠭᠦᠯᠭᠡ᠂ | ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠬᠤᠳᠠ ᠶᠢᠨ ᠬᠡᠪᠴᠢᠶ᠎ᠡ᠂ ᠬᠥᠮᠦᠨ | ᠠᠮᠠ ᠶᠢᠨ ᠨᠢᠭᠲᠠᠴᠠ᠂ ᠣᠷᠣᠨ ᠵᠠᠶ ᠶᠢᠨ ᠪᠦᠲᠦᠴᠡ ᠶᠢ ᠵᠦᠢ ᠵᠣᠬᠢᠰᠲᠠᠶ ᠲᠣᠭᠲᠠᠭᠠᠨ᠎ᠠ᠃ ᠬᠤᠳᠠ ᠬᠥᠳᠡᠭᠡ ᠶᠢ | ᠨᠢᠭᠡᠳᠦᠯᠲᠡᠶ ᠲᠥᠯᠥᠪᠯᠡᠬᠦ᠂ ᠱᠠᠲᠤᠯᠠᠨ ᠠᠬᠢᠭᠤᠯᠬᠤ ᠶᠢ ᠪᠠᠷᠢᠮᠲᠠᠯᠠᠵᠤ᠂ ᠵᠠᠮ ᠬᠠᠷᠢᠯᠴᠠᠭᠠᠨ ᠤ ᠭᠤᠣᠯ ᠱᠤᠭᠤᠮ ᠳᠤ | ᠲᠦᠰᠢᠭᠯᠡᠨ᠂ ᠡᠯ᠎ᠡ ᠣᠷᠣᠨ ᠪᠦᠰᠡ ᠶᠢᠨ ᠬᠤᠲᠠ ᠪᠠᠯᠭᠠᠰᠤ ᠶᠢ ᠬᠦᠴᠦᠯᠡᠨ ᠬᠥᠭᠵᠢᠭᠦᠯᠵᠦ᠂ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠᠷ ᠬᠤᠯᠪᠣᠭᠠᠰᠤ ᠪᠣᠯᠭᠠᠨ᠂ ᠬᠥᠮᠦᠨ ᠠᠮᠠ ᠶᠢᠨ ᠵᠦᠢ ᠵᠣᠬᠢᠰᠲᠠᠶ | ᠲᠠᠷᠬᠠᠯᠲᠠ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ᠂ ᠭᠤᠣᠯᠯᠠᠬᠤ ᠬᠤᠲᠠ ᠪᠠᠯᠭᠠᠰᠤ᠂ ᠭᠤᠣᠯ | ᠬᠤᠲᠠ ᠪᠠᠯᠭᠠᠰᠤ᠂ ᠭᠤᠣᠯᠳᠠᠯᠭ᠎ᠠ ᠲᠠᠢ ᠬᠤᠲᠠ ᠪᠠᠯᠭᠠᠰᠤ ᠪᠠ ᠡᠩ ᠤᠨ ᠬᠤᠲᠠ ᠪᠠᠯᠭᠠᠰᠤᠨ ᠤ ︽ᠳᠥᠷᠪᠡᠳᠦᠭᠡᠷ | ᠵᠡᠷᠭᠡᠯᠡᠯ ᠤᠨ ᠬᠤᠲᠠ ᠪᠠᠯᠭᠠᠰᠤ︾ ᠶᠢᠨ ᠰᠢᠰᠲ᠋ᠧᠮ ᠢ ᠪᠠᠶᠢᠭᠤᠯᠵᠤ᠂ ︽ᠨᠢᠭᠡ ᠪᠦᠰᠡ ᠭᠤᠷᠪᠠᠨ ᠪᠦᠯᠦᠭ︾ ᠤᠨ | ᠬᠤᠲᠠ ᠪᠠᠯᠭᠠᠰᠤᠨ ᠤ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢ ᠠᠬᠢᠭᠤᠯᠤᠨ᠎ᠠ᠃ | | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠣᠬᠢᠷᠲᠤᠯ ᠥᠬᠡᠶ ᠬᠤᠲᠠ ᠪᠠᠯᠭᠠᠰᠤ | ᠂ ᠤᠶᠤᠨᠲᠤ ᠬᠤᠲᠠ ᠪᠠᠯᠭᠠᠰᠤ᠂ ᠬᠥᠮᠦᠨ ᠨᠡᠶᠢᠭᠡᠮ ᠤᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠠᠭᠠᠷ ᠤᠨ ᠴᠢᠨᠠᠷ | ᠴᠢᠨᠰᠠᠭ᠎ᠠ ᠶᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠤᠤᠭᠤᠬᠤ ᠤᠰᠤᠨ ᠤ ᠠᠮᠤᠷ ᠲᠦᠪᠰᠢᠨ ᠢ | ᠪᠠᠲᠤᠯᠠᠭ᠎ᠠ ᠲᠠᠢ ᠪᠣᠯᠭᠠᠨ᠎ᠠ᠃ 2025 ᠣᠨ ᠪᠣᠯᠬᠤ ᠳᠤ᠂ ᠬᠤᠲᠠ ᠪᠠᠯᠭᠠᠰᠤ ᠶᠢᠨ ᠤᠰᠤ ᠬᠠᠩᠭᠠᠬᠤ | ᠲᠦᠭᠡᠮᠡᠯᠵᠢᠭᠦᠯᠦᠯᠲᠡ ᠶᠢᠨ ᠨᠣᠷᠮ᠎ᠠ ᠶᠢ 100% ᠳᠤ ᠬᠦᠷᠦᠭᠦᠯᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ | ᠲᠦᠭᠡᠮᠡᠯᠵᠢᠭᠦᠯᠦᠯᠲᠡ ᠶᠢᠨ ᠨᠣᠷᠮ᠎ᠠ ᠶᠢ 96% ᠳᠤ ᠬᠦᠷᠦᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠰᠢᠶᠳᠪᠦᠷᠢᠯᠡᠬᠦ ᠨᠣᠷᠮ᠎ᠠ ᠶᠢ 96% ᠳᠤ ᠬᠦᠷᠦᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ | ᠨᠣᠪᠰᠢ ᠶᠢ ᠰᠢᠶᠳᠪᠦᠷᠢᠯᠡᠬᠦ ᠨᠣᠷᠮ᠎ᠠ ᠶᠢ 99.5% ᠳᠤ ᠬᠦᠷᠦᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠨ | ᠬᠥᠷᠥᠰᠥ ᠶᠢᠨ ᠨᠣᠷᠮ᠎ᠠ ᠶᠢ 36% ᠳᠤ ᠬᠦᠷᠦᠭᠦᠯᠵᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ | ᠬᠥᠷᠥᠰᠥ ᠶᠢᠨ ᠲᠠᠯᠠᠪᠠᠶ ᠶᠢ 46 ᠺᠦᠸᠠᠳ᠋ ᠮᠧᠲᠷ ᠲᠤ ᠬᠦᠷᠦᠭᠦᠯᠦᠨ᠎ᠡ᠃ ᠲᠡᠦᠬᠡ ᠰᠣᠶᠣᠯ ᠤᠨ ᠬᠠᠮᠠᠭᠠᠯᠠᠯᠲᠠ ᠶᠢ | ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠢ ᠪᠤᠢ ᠪᠣᠯᠭᠠᠵᠤ᠂ ᠪᠠᠶᠢᠭᠠᠯᠢ ᠶᠢᠨ ᠦᠵᠡᠮᠵᠢ ᠪᠠ ᠰᠣᠶᠣᠯ ᠤᠨ | ᠣᠨᠴᠠᠯᠢᠭ ᠢ ᠪᠦᠲᠦᠮᠵᠢᠲᠡᠶ ᠪᠠᠷ ᠬᠠᠮᠠᠭᠠᠯᠠᠵᠤ᠂ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ | ᠪᠠ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠴᠢᠩᠭᠠᠷᠠᠭᠤᠯᠵᠤ᠂ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠳᠠ ᠶᠢᠨ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠵᠠᠰᠠᠯᠲᠠ ᠶᠢᠨ ᠳᠤᠮᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠨ᠎ᠠ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ | | ᠬᠤᠳᠠ ᠪᠠᠯᠭᠠᠰᠤᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠬᠤᠲᠠ ᠪᠠᠯᠭᠠᠰᠤ ᠶᠢᠨ | ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠠᠷᠢᠶᠠᠯᠠᠩ ᠮᠠᠯ ᠠᠵᠤ | ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ | ᠪᠠᠲᠤᠯᠠᠭ᠎ᠠ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠡᠷᠦᠬᠡ | ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠭᠰᠠᠨ ᠰᠠᠭᠤᠷᠢᠨ ᠳᠡᠭᠡᠷ᠎ᠡ᠂ ᠡᠯ᠎ᠡ ᠵᠦᠶᠯ ᠤᠨ | ᠨᠡᠷ᠎ᠡ ᠵᠢᠭᠠᠵᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠬᠦᠴᠦᠨ ᠥᠬᠡᠶ ᠪᠣᠯᠭᠠᠨ᠎ᠠ᠃ ᠬᠤᠲᠠ ᠪᠠᠯᠭᠠᠰᠤ ᠶᠢᠨ | ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠪᠠᠶᠢᠩᠭᠤ ᠰᠠᠭᠤᠭ᠎ᠠ ᠬᠥᠮᠦᠨ ᠠᠮᠠ ᠶᠢ ᠪᠦᠬᠦᠨ ᠢ ᠬᠠᠮᠤᠷᠬᠤ ᠶᠢ | ᠠᠬᠢᠭᠤᠯᠵᠤ᠂ ᠬᠤᠲᠠ ᠬᠥᠳᠡᠭᠡ ᠶᠢᠨ ᠳᠥᠭᠦᠮᠴᠢᠯᠡᠯᠲᠡ ᠶᠢᠨ ︽ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ | ᠬᠦᠷᠢᠶ᠎ᠡ︾ ︽ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠬᠦᠷᠢᠶ᠎ᠡ︾ ︽ᠡᠷᠡᠭᠦᠯ ᠮᠡᠨᠳᠦ ᠶᠢᠨ ᠦᠶᠯᠡᠴᠢᠯᠡᠭᠡᠨ ᠤ | ᠬᠦᠷᠢᠶ᠎ᠡ︾ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠬᠥᠳᠡᠭᠡ ᠶᠢᠨ ᠬᠥᠭᠵᠢᠯᠲᠡ ᠶᠢᠨ ᠥᠪᠡᠷᠮᠢᠴᠡ | ᠴᠢᠨᠠᠷ᠂ ᠬᠤᠳᠠ ᠬᠥᠳᠡᠭᠡ ᠶᠢᠨ ᠬᠠᠮᠢᠶᠠᠷᠤᠯᠲᠠ ᠶᠢᠨ ᠬᠥᠮᠦᠨᠴᠢ ᠴᠢᠨᠠᠷ᠂ ᠤᠶᠤᠨᠴᠢᠯᠠᠯᠳᠠ ᠶᠢ ᠲᠦᠯᠬᠢᠨ ᠠᠬᠢᠭᠤᠯᠵᠤ | ᠂ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ ᠠᠵᠤ ᠠᠬᠤᠶ ᠨᠡᠶᠢᠭᠡᠮ ᠤᠨ ᠠᠮᠢᠳᠤᠷᠠᠯ ᠤᠨ | ᠭᠤᠣᠯ ᠤᠷᠤᠰᠬᠠᠯ ᠪᠣᠯᠭᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠦᠢᠯᠡᠳᠬᠦᠨ ᠢ ᠲᠠᠰᠤᠷᠠᠯᠳᠠ | ᠦᠭᠡᠢ ᠲᠦᠭᠡᠮᠡᠯᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠬᠠᠷᠢᠴᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ | | | ᠲᠤᠰᠬᠠᠶ ᠪᠤᠯᠤᠩ 17᠄ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ | ᠢᠨᠵᠧᠨᠧᠷᠢᠩ | | ᠤᠰᠤ ᠬᠠᠩᠭᠠᠬᠤ᠄ ᠪᠠᠶᠠᠨᠬᠤᠲᠠ ᠶᠢᠨ ᠲᠣᠭᠤᠷᠢᠭ ᠤᠨ ᠤᠶᠤᠨᠲᠤ ᠤᠰᠤᠨ ᠤ ᠶᠠᠪᠤᠳᠠᠯ ᠵᠢᠴᠢ ᠵᠠᠮ ᠤᠨ | ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ᠂ ᠪᠠᠳᠠᠢ ᠶᠢᠨ ᠵᠢᠷᠠᠨ | ᠪᠠᠯᠭᠠᠰᠤ ᠶᠢᠨ ᠤᠰᠤ ᠬᠠᠩᠭᠠᠬᠤ ᠥᠭᠡᠷᠡᠴᠢᠯᠡᠯᠲᠡ᠂ ᠳᠠᠯᠠᠶᠢᠬᠥ᠋ᠪ ᠪᠠᠯᠭᠠᠰᠤ ᠶᠢᠨ ᠠᠶᠤᠯ ᠥᠬᠡᠶ ᠤᠤᠭᠤᠬᠤ ᠤᠰᠤ | ᠵᠢᠴᠢ ᠤᠰᠤ ᠬᠠᠩᠭᠠᠬᠤ ᠬᠤᠭᠤᠯᠠᠶ ᠶᠢᠨ ᠲᠣᠤᠷ ᠢ ᠥᠷᠭᠡᠳᠬᠡᠨ ᠪᠠᠶᠢᠭᠤᠯᠬᠤ᠂ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠰᠠᠭᠤᠭᠠᠯᠢ ᠠᠷᠠᠳ ᠤᠨ ᠠᠶᠤᠯ ᠥᠬᠡᠶ | ᠤᠤᠭᠤᠬᠤ ᠤᠰᠤ ᠵᠢᠴᠢ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ | | ᠤᠰᠤ ᠲᠠᠲᠠᠷᠠᠭᠤᠯᠬᠤ᠄ ᠪᠠᠶᠠᠨᠬᠤᠲᠠ ᠪᠠᠯᠭᠠᠰᠤ ᠶᠢᠨ ᠪᠣᠷᠣᠭᠠᠨ ᠤ ᠪᠣᠬᠢᠷᠲᠤᠯ ᠢ ᠰᠠᠯᠭᠠᠬᠤ ᠬᠤᠭᠤᠯᠠᠶ ᠶᠢᠨ | ᠲᠣᠤᠷ ᠤᠨ ᠥᠭᠡᠷᠡᠴᠢᠯᠡᠯᠲᠡ ᠶᠢᠨ ᠲᠥᠷᠥᠯ ᠵᠦᠶᠯ᠂ ᠠᠯᠠᠱᠠ ᠪᠠᠷᠠᠭᠤᠨ ᠬᠤᠰᠢᠭᠤᠨ ᠤ ᠬᠤᠲᠠ ᠪᠠᠯᠭᠠᠰᠤ ᠶᠢᠨ | ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠲᠩᠷᠢ ᠠᠵᠤ | ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ | | ᠳᠤᠯᠠᠭᠠᠯᠠᠭ᠎ᠠ ᠬᠠᠩᠭᠠᠬᠤ᠄ ᠪᠠᠶᠠᠨᠬᠤᠲᠠ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ | ᠲᠣᠤᠷ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠪᠠᠳᠠᠢ ᠶᠢᠨ ᠵᠢᠷᠠᠨ | ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ | ᠳᠠᠯᠠᠶᠢᠬᠥ᠋ᠪ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ᠂ ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠥᠪᠯᠡᠷᠡᠭᠦᠯᠦᠨ | ᠳᠤᠯᠠᠭᠠᠯᠠᠭ᠎ᠠ ᠬᠠᠩᠭᠠᠬᠤ ᠢᠨᠵᠧᠨᠧᠷᠢᠩ | | ᠬᠤᠲᠠ ᠶᠢᠨ ᠶᠠᠪᠤᠳᠠᠯ ᠤᠨ ᠵᠠᠮ᠄ ᠪᠠᠶᠠᠨᠬᠤᠲᠠ ᠶᠢᠨ ᠶᠠᠪᠤᠳᠠᠯ ᠤᠨ ᠵᠠᠮ ᠤᠨ ᠥᠭᠡᠷᠡᠴᠢᠯᠡᠯᠲᠡ ᠵᠢᠴᠢ ᠢᠵᠢ | ᠪᠥᠷᠢᠳᠦᠭᠦᠯᠬᠦ ᠪᠡᠯᠡᠳᠬᠡᠮᠵᠢ ᠶᠢᠨ ᠳᠡᠭᠡᠭᠰᠢᠯᠡᠯᠲᠡ᠂ ᠳᠠᠯᠠᠶᠢᠬᠥ᠋ᠪ ᠪᠠᠯᠭᠠᠰᠤ ᠶᠢᠨ ᠬᠤᠲᠠ ᠲᠣᠭᠤᠷᠢᠭᠰᠠᠨ ᠡᠮᠦᠨ᠎ᠡ | ᠵᠠᠮ ᠢ ᠭᠠᠯᠲᠤ ᠲᠡᠷᠭᠡᠨ ᠥᠷᠲᠡᠭᠡ ᠲᠠᠢ ᠬᠤᠯᠪᠣᠬᠤ ᠱᠤᠭᠤᠮ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠤᠲᠠ ᠶᠢᠨ ᠶᠠᠪᠤᠳᠠᠯ ᠤᠨ ᠵᠠᠮ᠂ ᠲᠩᠷᠢ ᠡᠯᠡᠰᠦ ᠪᠠᠯᠭᠠᠰᠤ ᠶᠢᠨ ᠬᠤᠲᠠ ᠶᠢᠨ ᠶᠠᠪᠤᠳᠠᠯ ᠤᠨ ᠵᠠᠮ ᠢ ᠲᠠᠰ | ᠳᠡᠪᠰᠢᠭᠦᠯᠦᠨ ᠥᠭᠡᠷᠡᠴᠢᠯᠡᠬᠦ | | ᠴᠡᠴᠡᠷᠯᠢᠭᠵᠢᠭᠦᠯᠦᠯᠲᠡ ᠭᠡᠷᠡᠯᠲᠦᠭᠦᠯᠭᠡ᠄ ᠠᠯᠠᠱᠠ ᠵᠡᠭᠦᠨ ᠬᠤᠰᠢᠭᠤᠨ ᠤ ᠨᠠᠨ ᠲᠢᠶᠠᠨ ᠤ ᠠᠮᠢ ᠠᠬᠤᠶ ᠶᠢᠨ | ᠰᠡᠷᠭᠦᠭᠡᠯᠲᠡ ᠶᠢᠨ ᠲᠥᠷᠥᠯ ᠵᠦᠶᠯ᠂ ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠰᠠᠶᠢᠷ ᠴᠣᠨᠵᠢ ᠲᠣᠭᠤᠷᠢᠭ ᠤᠨ ᠴᠡᠴᠡᠷᠯᠢᠭᠵᠢᠭᠦᠯᠦᠯᠲᠡ᠂ ᠤᠯᠠᠭᠠᠨᠪᠤᠬ᠎ᠠ ᠠᠮᠢ ᠠᠬᠤᠶ ᠶᠢᠨ ᠰᠢᠨ᠎ᠡ ᠲᠣᠭᠤᠷᠢᠭ ᠤᠨ | ᠪᠠᠶᠠᠨ ᠥᠷᠭᠡᠨ ᠵᠠᠮ ᠤᠨ ᠴᠡᠴᠡᠷᠯᠢᠭᠵᠢᠭᠦᠯᠦᠯᠲᠡ᠂ ᠪᠠᠶᠠᠨᠬᠤᠲᠠ ᠶᠢᠨ ᠬᠤᠲᠠ ᠶᠢᠨ ᠵᠠᠮ ᠤᠨ ᠳ᠋ᠧᠩ ᠤᠨ ᠡᠨᠧᠷᠭᠢ | ᠠᠷᠪᠢᠯᠠᠬᠤ ᠥᠭᠡᠷᠡᠴᠢᠯᠡᠯᠲᠡ ᠵᠢᠴᠢ ᠣᠶᠤᠨᠴᠢ ᠰᠢᠰᠲ᠋ᠧᠮ ᠤᠨ ᠥᠭᠡᠷᠡᠴᠢᠯᠡᠯᠲᠡ᠂ ᠲᠩᠷᠢ ᠠᠵᠤ ᠠᠬᠤᠶ ᠶᠢᠨ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠶᠢᠷ ᠴᠣᠨᠵᠢ ᠲᠣᠭᠤᠷᠢᠭ ᠤᠨ ᠭᠡᠷᠡᠯᠲᠦᠭᠦᠯᠭᠡ ᠶᠢᠨ ᠲᠥᠷᠥᠯ ᠵᠦᠶᠯ | | | ᠪᠣᠬᠢᠷ ᠤᠰᠤ ᠬᠤᠭ ᠨᠣᠪᠰᠢ᠄ ᠪᠠᠶᠠᠨᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ | ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ᠂ ᠥᠯᠵᠡᠢ ᠪᠣᠭᠤᠮᠲᠠ ᠶᠢᠨ ᠠᠮᠢᠳᠤᠷᠠᠯ ᠤᠨ ᠪᠣᠬᠢᠷ ᠤᠰᠤ | ᠰᠢᠶᠳᠪᠦᠷᠢᠯᠡᠬᠦ ᠢᠨᠵᠧᠨᠧᠷᠢᠩ᠂ ᠪᠠᠶᠠᠨᠬᠤᠲᠠ ᠶᠢᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠶᠳᠪᠦᠷᠢᠯᠡᠬᠦ | ᠲᠠᠯᠠᠪᠠᠶ ᠳᠤ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠰᠢᠶᠳᠪᠦᠷᠢᠯᠡᠬᠦ ᠪᠡᠯᠡᠳᠬᠡᠮᠵᠢ᠂ ᠡᠵᠡᠨ᠎ᠡ | ᠬᠤᠰᠢᠭᠤᠨ ᠤ ᠬᠤᠭ ᠨᠣᠪᠰᠢ ᠰᠢᠶᠳᠪᠦᠷᠢᠯᠡᠬᠦ ᠲᠥᠷᠥᠯ ᠵᠦᠶᠯ᠂ ᠤᠰᠤᠲᠠᠶ ᠪᠠᠯᠭᠠᠰᠤ ︵ ᠬᠤᠯᠠᠨ ᠲᠣᠭᠤᠷᠢᠭ︶ | ᠶᠢᠨ ᠠᠮᠢᠳᠤᠷᠠᠯ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠪᠠᠶᠢᠭᠤᠯᠤᠨ᠎ᠠ | | ᠭᠤᠷᠪᠠᠳᠤᠭᠠᠷ ᠬᠡᠰᠡᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | | ︽ᠠᠵᠤ ᠦᠶᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ | ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠱᠠᠭᠠᠷᠳᠠᠯᠭ᠎ᠠ | ᠶᠣᠰᠣᠭᠠᠷ᠂ ︽ᠲᠡᠮᠡᠭᠡᠲᠦ ᠨᠤᠲᠤᠭ︾ ᠤᠨ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ | ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠂ | ᠰᠦᠷᠦᠭᠵᠢᠯ ᠤᠨ ᠬᠡᠯᠬᠢᠶ᠎ᠡ ᠶᠢ ᠳᠣᠪᠤᠶᠢᠯᠭᠠᠵᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ | ᠬᠡᠯᠬᠢᠶ᠎ᠡ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠎ᠠ᠃ | | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢᠨ ᠵᠦᠢᠯᠡᠰ ᠢ ᠬᠡᠷᠡᠭᠵᠢᠭᠦᠯᠵᠦ᠂ ᠲᠠᠷᠢᠶᠠᠨ ᠭᠠᠵᠠᠷ ᠢ ᠥᠨᠵᠢᠭᠦᠯᠦᠨ ᠲᠠᠷᠢᠬᠤ ᠡᠭᠡᠯᠵᠢᠯᠡᠨ ᠲᠠᠷᠢᠬᠤ | ᠲᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠤᠯᠠᠮ ᠰᠢᠯᠢᠳᠡᠭᠵᠢᠭᠦᠯᠵᠦ᠂ 10 | ᠲᠦᠮᠡᠨ ᠮᠤ᠋ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ | ᠤᠯᠠᠮ ᠨᠡᠮᠡᠭᠳᠡᠭᠦᠯᠦᠨ᠎ᠡ᠃ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ | ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠠᠯᠠᠱᠠ ᠵᠡᠭᠦᠨ ᠬᠤᠰᠢᠭᠤ᠂ ᠲᠩᠷᠢ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠢᠶᠠᠷ ᠭᠤᠤᠯᠳᠠᠯᠭ᠎ᠠ ᠪᠣᠯᠭᠠᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ | ᠲᠠᠷᠢᠶᠠᠯᠠᠩ ᠤᠨ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠮᠠᠰᠢᠨ ᠤ ᠣᠳᠣᠬᠢᠴᠢᠯᠠᠭᠰᠠᠨ ᠲᠣᠨᠤᠭ ᠲᠥᠬᠦᠭᠡᠷᠦᠮᠵᠢ ᠶᠢ ᠰᠢᠨᠡᠳᠬᠡᠨ ᠲᠠᠰ ᠳᠡᠪᠰᠢᠭᠦᠯᠬᠦ ᠶᠢ | ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠶ | ᠵᠣᠬᠢᠰᠲᠠᠶ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ 2025 ᠣᠨ ᠪᠣᠯᠬᠤ ᠳᠤ᠂ ᠲᠠᠷᠢᠮᠠᠯ ᠤᠨ ᠲᠠᠷᠢᠮᠠᠯ ᠤᠨ | ᠲᠠᠯᠠᠪᠠᠢ ᠶᠢ 50 ᠲᠦᠮᠡᠨ ᠮᠦ ᠶᠢᠨ ᠳᠣᠲᠣᠷ᠎ᠠ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ 13 ᠲᠦᠮᠡᠨ ᠲᠣᠨ ᠣᠷᠴᠢᠮ ᠳᠤ ᠪᠠᠶᠢᠯᠭᠠᠨ᠎ᠠ᠃ | | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠪᠠ ᠥᠷᠢᠰᠥᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ︽ᠲᠠᠷᠢᠶᠠᠯᠠᠩ ᠢ ᠪᠠᠭᠠᠰᠬᠠᠬᠤ᠂ ᠬᠥᠳᠡᠭᠡ ᠲᠣᠰᠬᠤᠨ ᠢ ᠨᠢᠭᠡᠳᠬᠡᠬᠦ᠂ ᠲᠠᠷᠢᠶᠠᠴᠢᠳ ᠢ | ᠲᠥᠪᠯᠡᠷᠡᠭᠦᠯᠬᠦ︾ ᠪᠠ ︽ᠮᠠᠯ ᠠᠵᠤ ᠠᠬᠤᠶ ᠶᠢ ᠵᠣᠬᠢᠰᠲᠠᠶ ᠬᠥᠭᠵᠢᠭᠦᠯᠬᠦ᠂ ᠮᠠᠯᠵᠢᠬᠤ ᠣᠷᠣᠨ ᠢ ᠵᠣᠬᠢᠰᠲᠠᠶ | ᠪᠠᠶᠢᠷᠢᠯᠠᠭᠤᠯᠬᠤ᠂ ᠮᠠᠯᠴᠢᠳ ᠦᠢᠯᠡᠰ ᠢᠶᠠᠨ ᠬᠥᠭᠵᠢᠭᠦᠯᠵᠦ ᠬᠢᠯᠢ ᠬᠢᠵᠠᠭᠠᠷ ᠢᠶᠠᠨ ᠰᠠᠬᠢᠬᠤ︾ ᠶᠡᠷᠦᠩᠬᠡᠶ | ᠰᠡᠳᠬᠢᠴᠡ ᠶᠢᠨ ᠶᠣᠰᠣᠭᠠᠷ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ | ᠰᠢᠰᠲ᠋ᠧᠮᠵᠢ᠂ ᠦᠶᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ᠂ ᠪᠣᠬᠢᠷᠲᠤᠯ ᠥᠬᠡᠶ | ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠥᠨᠳᠥᠷ ᠦᠷ᠎ᠡ ᠪᠦᠲᠦᠮᠵᠢᠲᠡᠶ᠂ | ᠠᠮᠢ ᠠᠬᠤᠶ ᠶᠢᠨ ᠣᠷᠴᠢᠨ ᠲᠣᠭᠤᠷᠢᠨ ᠨᠥᠬᠦᠷᠰᠡᠭ᠂ ᠬᠠᠩᠭᠠᠯᠭ᠎ᠠ ᠶᠢᠨ ᠪᠠᠲᠤᠯᠠᠭ᠎ᠠ ᠬᠦᠴᠦᠲᠡᠶ᠂ ᠮᠠᠯᠴᠢᠨ | ᠲᠠᠷᠢᠶᠠᠴᠢᠨ ᠤ ᠠᠮᠢᠳᠤᠷᠠᠯ ᠪᠠᠶᠠᠨ ᠴᠢᠨᠡᠭᠡᠯᠢᠭ ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢᠨ | ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ ᠳᠡᠭᠡᠳᠦ ᠲᠠᠰ ᠤᠨ ᠮᠠᠯ ᠠᠵᠤ ᠠᠬᠤᠶ᠂ ᠡᠪᠡᠰᠦᠨ ᠤ ᠮᠠᠯ ᠠᠵᠤ | ᠠᠬᠤᠶ ᠶᠢ ︽ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ︾ | ᠬᠥᠭᠵᠢᠯᠲᠡ ᠶᠢᠨ ᠵᠠᠭᠪᠤᠷ ᠢᠶᠠᠷ ᠲᠡᠮᠡᠭᠡᠨ᠂ ᠴᠠᠭᠠᠨ ᠨᠣᠯᠦᠦᠷ ᠤᠨ ᠢᠮᠠᠭ᠎ᠠ᠂ ᠠᠳᠦ᠋ ᠠᠯᠠᠰᠢᠨ ᠬᠤᠨᠢ᠂ ᠮᠣᠩᠭᠤᠯ | ᠦᠬᠡᠷ᠂ ᠮᠣᠩᠭᠤᠯ ᠮᠣᠷᠢ ᠵᠡᠷᠭᠡ ᠶᠢᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠥᠭᠵᠢᠯᠲᠡ ᠶᠢ ᠠᠬᠢᠭᠤᠯᠵᠤ᠂ | ᠲᠡᠮᠡᠭᠡᠨ ᠨᠣᠯᠦᠦᠷ᠂ ᠢᠮᠠᠭᠠᠨ ᠨᠣᠯᠦᠦᠷ᠂ ᠲᠡᠮᠡᠭᠡᠨ ᠰᠦ᠂ ᠦᠨᠢᠶᠡᠨ ᠰᠦ ᠶᠢᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠬᠦ ᠵᠢᠴᠢ ᠵᠠᠬ᠎ᠠ ᠳᠡᠯᠭᠡᠭᠦᠷ ᠢ ᠥᠷᠭᠡᠳᠬᠡᠬᠦ ᠶᠢ ᠴᠢᠩᠭᠠᠳᠬᠠᠨ᠂ ᠳᠠᠪᠠᠭᠤᠯᠢᠭ ᠮᠠᠯ ᠤᠨ ᠡᠭᠦᠯᠳᠡᠷ ᠢ | ᠬᠠᠮᠠᠭᠠᠯᠠᠨ ᠬᠥᠭᠵᠢᠭᠦᠯᠬᠦ ᠶᠢ ᠰᠠᠶᠢᠲᠤᠷ ᠠᠳᠬᠤᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ | ᠦᠶᠯᠡᠰ ᠤᠨ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠴᠠᠭᠠᠨ ᠢᠳᠡᠭᠡᠨ ᠤ ᠦᠶᠯᠡᠰ ᠤᠨ ᠬᠥᠭᠵᠢᠯᠲᠡ ᠶᠢ | ᠦᠷᠭᠦᠯᠵᠢᠯᠡᠨ ᠠᠬᠢᠭᠤᠯᠤᠨ᠎ᠠ᠃ 2025 ᠣᠨ ᠪᠣᠯᠬᠤ ᠳᠤ᠂ ᠮᠠᠯ ᠤᠨ ᠶᠡᠷᠦᠩᠬᠡᠢ ᠲᠤᠭ᠎ᠠ ᠲᠣᠯᠣᠭᠠᠢ ᠶᠢ 140 | ᠲᠦᠮᠡ ᠣᠷᠴᠢᠮ ᠳᠤ ᠲᠣᠭᠲᠠᠪᠤᠷᠢᠵᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢ ᠠᠮᠢᠳᠤᠯᠢᠭ | ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠤᠰᠬᠠᠶ ᠲᠣᠰᠬᠤᠨ ᠤ ᠭᠠᠵᠠᠷ ᠣᠷᠣᠨ ᠤ ᠨᠠᠷᠠᠲᠤ ᠲᠥᠷᠥᠯ | ᠲᠡᠮᠳᠡᠭᠲᠦ ᠶᠢᠨ ᠳᠠᠪᠠᠭᠤᠯᠢᠭ ᠢ ᠪᠠᠳᠠᠷᠠᠭᠤᠯᠤᠨ᠂ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ ᠢ ᠣᠶᠢᠯᠠᠭᠠᠬᠤ | ᠮᠠᠶ᠋ᠢᠭ ᠤᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠷᠢᠯᠳᠦᠭᠦᠯᠦᠨ᠎ᠡ᠃ ᠬᠡᠪᠴᠢᠶᠡᠵᠢᠭᠰᠡᠨ ᠦᠢᠯᠡᠳᠪᠦᠷᠢᠯᠡᠯ | ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠶᠢ ᠲᠦᠷᠭᠡᠳᠬᠡᠨ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ᠂ ᠲᠠᠷᠢᠶᠠᠴᠢᠨ ᠮᠠᠯᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠵᠢᠷᠤᠮᠵᠢᠭᠰᠠᠨ ᠬᠢᠷᠢ | ᠬᠡᠮᠵᠢᠶ᠎ᠡ ᠶᠢ ᠪᠤᠶᠢᠵᠢᠭᠤᠯᠬᠤ ᠪᠠ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠥᠢᠯᠡᠰᠴᠢᠯᠡᠬᠦ | ᠲᠠᠭᠠᠭᠤᠯᠤᠭᠴᠢ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ | ᠠᠬᠤᠶ ᠶᠢᠨ ᠬᠦᠷᠢᠶᠡᠨ ᠳᠠᠬᠢ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠡᠷᠡᠭᠯᠡᠯᠲᠡ ᠶᠢ ᠲᠥᠯᠬᠢᠨ | ᠠᠬᠢᠭᠤᠯᠵᠤ᠂ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠵᠤ᠂ 2025 ᠣᠨ ᠪᠣᠯᠬᠤ ᠳᠤ᠂ ᠠᠶᠢᠮᠠᠭ ᠤᠨ | ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠬᠥᠲᠥᠴᠢ ᠠᠵᠤ ᠠᠬᠤᠶᠢᠯᠠᠯ ᠢ 65 | ᠡᠷᠦᠬᠡ ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠡᠳ᠋ᠰᠢᠭᠦᠯᠬᠦ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 15 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠮᠠᠯᠴᠢᠨ | ᠲᠠᠷᠢᠶᠠᠴᠢᠨ ᠤ ᠲᠤᠰᠬᠠᠶ ᠬᠤᠷᠰᠢᠶ᠎ᠠ ᠶᠢ ᠵᠢᠷᠤᠮᠵᠢᠭᠤᠯᠤᠨ ᠬᠥᠭᠵᠢᠭᠦᠯᠬᠦ ᠲᠤᠭ᠎ᠠ ᠬᠡᠮᠵᠢᠶ᠎ᠡ ᠶᠢ 300 ᠡᠷᠦᠬᠡ ᠳᠤ | ᠬᠦᠷᠦᠭᠦᠯᠦᠨ᠎ᠡ | | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠷᠣᠨ ᠵᠠᠶ ᠶᠢᠨ | ᠪᠠᠶᠢᠷᠢᠰᠢᠯ ᠢ ᠵᠦᠢ ᠵᠣᠬᠢᠰᠲᠠᠶ ᠪᠠᠶᠢᠷᠢᠰᠢᠭᠤᠯᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ᠂ | ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠲᠣᠭᠲᠠᠭᠠᠵᠤ᠂ ᠠᠶᠢᠯ ᠲᠣᠰᠬᠤᠨ ᠤ | ᠬᠥᠭᠵᠢᠯᠲᠡ ᠶᠢ ᠵᠦᠷᠢᠶᠡᠴᠢᠯᠡᠨ ᠠᠬᠢᠭᠤᠯᠤᠨ᠎ᠠ᠃ ᠨᠤᠲᠤᠭ ᠪᠡᠯᠴᠢᠭᠡᠷ᠂ ᠣᠶᠢᠲᠤ ᠭᠠᠵᠠᠷ᠂ ᠴᠢᠭᠢᠭᠯᠢᠭ ᠭᠠᠵᠠᠷ ᠤᠨ | ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠶᠢᠨ ᠨᠥᠬᠦᠪᠥᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠵᠢᠭᠦᠷᠲᠡᠨ᠂ ᠤᠰᠤᠨ ᠤ ᠠᠮᠢᠳᠤ ᠪᠣᠳᠠᠰ ᠤᠨ ᠤᠳᠤᠮᠯᠠᠯ ᠤᠨ ᠡᠬᠢ | ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ | ᠠᠰᠢᠭᠯᠠᠬᠤ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠤᠯᠠᠨ ᠳᠠᠪᠬᠤᠷ ᠦᠷ᠎ᠡ ᠠᠰᠢᠭ ᠢ | ᠪᠠᠳᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤ᠂ ᠴᠠᠬᠢᠯᠭᠠᠨ᠂ ᠵᠠᠮ᠂ ᠬᠡᠶ᠂ ᠴᠢᠮᠡᠭᠡ ᠬᠤᠯᠪᠣᠭ᠎ᠠ᠂ | ᠷᠠᠳᠢᠣ᠋ ᠲᠧᠯᠸᠢᠰ᠂ ᠪᠠᠷᠠᠭᠠᠨ ᠤ ᠭᠦᠶᠯᠭᠡᠭᠡᠨ᠂ ᠭᠠᠯ ᠲᠦᠢᠮᠡᠷ ᠢ ᠤᠨᠲᠠᠷᠠᠭᠠᠬᠤ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠵᠢᠴᠢ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2025 ᠣᠨ | ᠪᠣᠯᠬᠤ ᠳᠤ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ | ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠤ ᠨᠣᠷᠮ᠎ᠠ ᠶᠢ 99.8% ᠳᠤ ᠪᠠᠶᠢᠯᠭᠠᠵᠤ᠂ ᠮᠠᠯᠵᠢᠬᠤ ᠲᠠᠷᠢᠶᠠᠯᠠᠬᠤ | ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 90.5% ᠠᠴᠠ ᠳᠡᠭᠡᠭᠰᠢ ᠳᠤ ᠪᠠᠶᠢᠯᠭᠠᠬᠤ ᠪᠠᠷ | ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠯ ᠤᠨ ᠣᠷᠴᠢᠨ ᠲᠣᠭᠤᠷᠢᠨ ᠢ | ᠰᠠᠶᠢᠵᠢᠷᠠᠭᠤᠯᠵᠤ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ᠶᠢ ᠠᠬᠢᠭᠤᠯᠤᠨ᠂ ︽ | ᠵᠣᠷᠯᠣᠩ ᠤᠨ ᠰᠢᠨᠡᠴᠢᠯᠡᠯᠲᠡ︾ ᠶᠢ ᠭᠦᠨᠵᠡᠭᠡᠶ ᠬᠡᠷᠡᠭᠵᠢᠭᠦᠯᠵᠦ᠂ ᠬᠥᠳᠡᠭᠡ ᠲᠣᠰᠬᠤᠨ ᠢ ᠨᠣᠭᠤᠭᠠᠷᠠᠭᠤᠯᠵᠤ | ᠭᠤᠶᠤᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠤᠯᠠᠨ | ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠦᠢᠯᠡᠳᠦᠯ ᠢ ᠴᠢᠩᠭᠠᠳᠬᠠᠵᠤ᠂ ᠤᠶᠤᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠠ ᠤᠷᠳᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ | ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ 2025 ᠣᠨ ᠪᠣᠯᠬᠤ ᠳᠤ᠂ 90% ᠠᠴᠠ | ᠳᠡᠭᠡᠭᠰᠢᠬᠢ ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠡᠷᠦᠬᠡ ᠶᠢᠨ ᠬᠡᠷᠡᠭᠯᠡᠬᠦ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ 85% ᠠᠴᠠ | ᠳᠡᠭᠡᠭᠰᠢ ᠳᠤ ᠬᠦᠷᠦᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠬᠤᠲᠠ ᠬᠥᠳᠡᠭᠡ ᠶᠢᠨ ᠴᠢᠬᠤᠯᠠ ᠬᠦᠴᠦᠨ | ᠵᠦᠶᠯ ᠢ ᠡᠷᠬᠡ ᠲᠡᠭᠰᠢ ᠪᠠᠷ ᠰᠣᠯᠢᠯᠴᠠᠬᠤ᠂ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠳᠠᠭᠠᠭᠠᠴᠢᠯᠠᠭᠰᠠᠨ ᠭᠠᠵᠠᠷ ᠤᠨ ︽ | ᠭᠤᠷᠪᠠᠨ ᠡᠷᠬᠡ ᠶᠢ ᠰᠠᠯᠭᠠᠬᠤ︾ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠣᠭᠲᠠᠴᠠ ᠶᠢᠨ | ᠰᠢᠨ᠎ᠡ ᠶᠢ ᠡᠭᠦᠳᠦᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠵᠢᠷᠤᠮᠵᠢᠭᠤᠯᠤᠨ ᠡᠷᠭᠢᠯᠳᠦᠭᠦᠯᠬᠦ ᠶᠢ ᠬᠥᠲᠥᠯᠦᠨ ᠵᠢᠯᠣᠭᠤᠳᠴᠤ᠂ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠡᠷᠬᠡ ᠶᠢ ᠲᠥᠯᠥᠪᠦᠷᠢ ᠲᠠᠢ ᠪᠠᠷ ᠪᠤᠴᠠᠭᠠᠨ ᠭᠠᠷᠭᠠᠬᠤ ᠲᠤᠷᠰᠢᠯᠲᠠ ᠶᠢ ᠥᠷᠨᠢᠭᠦᠯᠦᠨ᠎ᠡ᠃ ᠬᠤᠳᠠ | ᠬᠥᠳᠡᠭᠡ ᠶᠢᠨ ᠨᠢᠭᠡᠳᠦᠯᠲᠡᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠵᠠᠬ᠎ᠠ ᠳᠡᠯᠭᠡᠭᠦᠷ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠵᠠᠬ᠎ᠠ ᠳᠡᠯᠭᠡᠭᠦᠷ ᠲᠤ ᠣᠷᠣᠭᠤᠯᠬᠤ ᠲᠦᠷᠢᠮ ᠢ ᠢᠳᠡᠪᠬᠢᠲᠡᠶ ᠪᠠᠷ | ᠰᠦᠪᠡᠭᠴᠢᠯᠡᠨ ᠬᠡᠷᠡᠭᠵᠢᠭᠦᠯᠦᠨ᠎ᠡ᠃ ᠭᠠᠵᠠᠷ ᠰᠢᠷᠣᠶ ᠶᠢ ᠲᠠᠲᠠᠪᠤᠷᠢᠯᠠᠬᠤ ᠳᠤ ᠣᠯᠠᠨ ᠨᠡᠶᠢᠲᠡ ᠶᠢᠨ ᠠᠰᠢᠭ | ᠲᠤᠰᠠ ᠶᠢᠨ ᠭᠠᠵᠠᠷ ᠬᠡᠷᠡᠭᠯᠡᠬᠦ ᠶᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢ | ᠲᠠᠲᠠᠪᠤᠷᠢᠯᠠᠬᠤ ᠬᠡᠪᠴᠢᠶ᠎ᠡ ᠶᠢ ᠪᠠᠭᠠᠰᠬᠠᠨ᠎ᠠ᠃ ᠣᠷᠣᠨ ᠰᠠᠭᠤᠴᠠ ᠶᠢᠨ ᠭᠠᠵᠠᠷ ᠤᠨ ᠥᠮᠴᠢᠯᠡᠬᠦ ᠡᠷᠬᠡ᠂ ᠬᠢᠷᠢ | ᠬᠡᠮ ᠤᠨ ᠡᠷᠬᠡ᠂ ᠬᠡᠷᠡᠭᠯᠡᠬᠦ ᠡᠷᠬᠡ ᠶᠢ ᠰᠠᠯᠭᠠᠨ ᠳᠣᠭᠢᠷᠠᠭᠤᠯᠬᠤ ᠶᠢ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ᠂ | ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠮᠥᠩᠭᠦᠨ | ᠭᠦᠶᠯᠭᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠢ ᠬᠥᠭᠵᠢᠭᠦᠯᠦᠨ᠂ | ᠲᠠᠷᠢᠶᠠᠯᠠᠩ ᠮᠠᠯ ᠠᠵᠤ ᠠᠬᠤᠶ ᠶᠢᠨ ᠲᠦᠭᠰᠢᠭᠦᠷᠢ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠤᠰ | ᠪᠥᠬᠦᠲᠦ ᠲᠡᠮᠡᠭᠡ᠂ ᠴᠠᠭᠠᠨ ᠨᠣᠯᠦᠦᠷ ᠤᠨ ᠢᠮᠠᠭ᠎ᠠ᠂ ᠠᠳᠦ᠋ ᠠᠯᠠᠰᠢᠨ ᠬᠤᠨᠢ ᠵᠡᠷᠭᠡ ᠳᠠᠪᠠᠭᠤᠯᠢᠭ ᠮᠠᠯ ᠤᠨ | ᠡᠭᠦᠯᠳᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠲᠤᠭ᠎ᠠ ᠬᠡᠮᠵᠢᠶ᠎ᠡ ᠶᠢ | 2500 ᠬᠥᠮᠦᠨ ᠳᠤ ᠬᠦᠷᠦᠭᠦᠯᠦᠨ᠎ᠡ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠮᠡᠷᠭᠡᠵᠢᠯ | ᠳᠡᠯᠭᠡᠷᠡᠭᠦᠯᠬᠦ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠳᠠᠪᠠᠭᠤᠯᠢᠭ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠪᠠ ᠣᠨᠴᠠᠯᠢᠠᠠᠳᠣ ᠠᠵᠤ ᠦᠶᠯᠡᠰ ᠤᠨ ᠬᠥᠭᠵᠢᠯᠲᠡ ᠶᠢᠨ ᠲᠣᠭᠤᠷᠢᠨ ᠳᠤ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠠᠪᠴᠠᠩ ᠢ | ᠪᠥᠲᠥᠭᠡᠨ ᠪᠠᠶᠢᠭᠤᠯᠤᠨ᠎ᠠ᠃ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ︽ | ᠢᠨᠲ᠋ᠧᠷ ᠰᠦᠯᠵᠢᠶ᠎ᠡ + ᠲᠠᠷᠢᠶᠠᠯᠠᠩ ᠮᠠᠯ ᠠᠵᠤ ᠠᠬᠤᠶ︾ ᠶᠢ ᠭᠦᠨᠵᠡᠭᠡᠶ ᠠᠬᠢᠭᠤᠯᠤᠨ᠎ᠠ᠃ | | ᠲᠤᠰᠬᠠᠶ ᠪᠤᠯᠤᠩ 18᠄ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭᠠᠲᠤ ᠢᠨᠵᠧᠨᠧᠷᠢᠩ | | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠄ ᠠᠯᠠᠱᠠ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠶᠯ᠂ ᠠᠯᠠᠱᠠ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ ᠵᠦᠶᠯ | | ᠤᠨᠴᠠᠯᠢᠭᠳᠤ ᠳᠠᠪᠠᠭᠤᠯᠢᠭ ᠮᠠᠯ ᠤᠨ ᠡᠭᠦᠯᠳᠡᠷ ᠤᠨ ᠬᠠᠮᠠᠭᠠᠯᠠᠯᠲᠠ᠄ ᠠᠯᠠᠱᠠ ᠶᠢᠨ ᠴᠠᠭᠠᠨ ᠨᠣᠯᠦᠦᠷ ᠤᠨ | ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ ᠠᠯᠠᠱᠠ ᠶᠢᠨ ᠮᠣᠩᠭᠤᠯ ᠦᠬᠡᠷ᠂ ᠠᠯᠠᠱᠠ ᠶᠢᠨ ᠮᠣᠩᠭᠤᠯ | ᠬᠤᠨᠢ᠂ ᠠᠯᠠᠱᠠ ᠶᠢᠨ ᠮᠣᠩᠭᠤᠯ ᠠᠳᠤᠭᠤᠨ ᠤ ᠡᠭᠦᠯᠳᠡᠷ ᠤᠨ ᠬᠠᠮᠠᠭᠠᠯᠠᠯᠲᠠ ᠶᠢᠨ ᠲᠠᠯᠠᠪᠠᠶ ᠶᠢᠨ ᠪᠥᠲᠥᠭᠡᠨ | ᠪᠠᠶᠢᠭᠤᠯᠤᠯᠲᠠ ᠵᠢᠴᠢ ᠭᠠᠵᠠᠷ ᠤᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ | | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠯᠲᠡ᠄ ᠠᠯᠠᠱᠠ ᠠᠶᠢᠮᠠᠭ ᠤᠨ ᠰᠦ ᠶᠢᠨ ᠦᠶᠯᠡᠰ ᠢ | ᠬᠥᠭᠵᠢᠭᠦᠯᠦᠨ ᠮᠠᠨᠳᠤᠭᠤᠯᠬᠤ ᠲᠥᠷᠥᠯ ᠵᠦᠶᠯ᠂ ᠰᠦ ᠶᠢᠨ ᠦᠶᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠠᠯᠠᠱᠠ ᠶᠢᠨ ᠵᠠᠭᠤᠨ ᠲᠦᠮᠡᠨ | ᠡᠭᠦᠯᠳᠡᠷ ᠤᠨ ᠲᠠᠬᠢᠶ᠎ᠠ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠶᠯ᠂ | ᠠᠯᠠᠱᠠ ᠶᠢᠨ ᠦᠬᠡᠷ ᠬᠤᠨᠢ ᠭᠠᠭ᠋ᠠᠶ ᠲᠡᠵᠢᠭᠡᠨ ᠦᠷᠡᠵᠢᠭᠦᠯᠬᠦ ᠲᠥᠷᠥᠯ ᠵᠦᠶᠯ᠂ ︽ᠠᠳᠦ᠋ ᠠᠯᠠᠰᠢᠨ ᠬᠤᠨᠢ︾ ᠶᠢᠨ | ᠡᠭᠦᠯᠳᠡᠷ ᠢ ᠥᠷᠭᠡᠳᠬᠡᠨ ᠦᠷᠡᠵᠢᠭᠦᠯᠬᠦ ᠲᠥᠷᠥᠯ ᠵᠦᠶᠯ | | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠄ ᠲᠡᠮᠡᠭᠡᠨ ᠰᠦ ᠡᠳ᠋ᠰᠢᠭᠦᠯᠬᠦ | ᠲᠥᠷᠥᠯ ᠵᠦᠶᠯ᠂ ᠦᠬᠡᠷ ᠬᠤᠨᠢ ᠨᠢᠳᠤᠯᠬᠤ᠂ ᠰᠣᠷᠭᠤᠭ ᠢᠶᠠᠷ ᠬᠠᠳᠠᠭᠠᠯᠠᠬᠤ ᠲᠡᠭᠡᠭᠡᠪᠦᠷᠢᠯᠡᠬᠦ ᠲᠥᠷᠥᠯ ᠵᠦᠶᠯ᠂ | ᠣᠷᠭᠠᠨᠢᠭ ᠨᠢᠯᠬ᠎ᠠ ᠬᠡᠤᠬᠡᠳ ᠤᠨ ᠰᠦᠨ ᠲᠠᠯᠬ᠎ᠠ᠂ ᠣᠷᠭᠠᠨᠢᠭ ᠭᠤᠯᠢᠷ ᠡᠳ᠋ᠰᠢᠭᠦᠯᠬᠦ ᠲᠥᠷᠥᠯ ᠵᠦᠶᠯ᠂ ᠴᠠᠭᠠᠨ | ᠭᠤᠶᠣᠣ᠂ ᠤᠯᠠᠭᠠᠨ ᠭᠤᠶᠣᠣ ᠡᠳ᠋ᠰᠢᠭᠦᠯᠬᠦ ᠲᠥᠷᠥᠯ ᠵᠦᠶᠯ | | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ | ᠮᠥᠷᠳᠡᠨ ᠤᠬᠤᠴᠢᠯᠠᠬᠤ ᠰᠢᠰᠲ᠋ᠧᠮᠵᠢ᠄ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ | ᠴᠢᠨᠰᠠᠭ᠎ᠠ ᠶᠢᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠴᠢᠳᠠᠪᠤᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠴᠢᠨᠠᠷ ᠴᠢᠨᠰᠠᠭ᠎ᠠ ᠶᠢᠨ ᠠᠮᠤᠷ | | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ᠄ ᠠᠯᠠᠱᠠ ᠵᠡᠭᠦᠨ ᠬᠤᠰᠢᠭᠤᠨ ᠤ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠤᠷᠤᠭᠰᠢ | ᠠᠬᠢᠭᠤᠯᠬᠤ ᠲᠥᠷᠥᠯ ᠵᠦᠶᠯ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠬᠦ | ᠲᠥᠷᠥᠯ ᠵᠦᠶᠯ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠵᠠᠰᠠᠬᠤ ᠲᠥᠷᠥᠯ ᠵᠦᠶᠯ | | ᠳᠥᠷᠪᠡᠳᠦᠭᠡᠷ ᠬᠡᠰᠡᠭ ᠤᠨᠴᠠᠯᠢᠭᠳᠤ ᠠᠮᠢ ᠠᠬᠤᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ | | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠦᠨᠳᠦᠰᠦᠨ | ᠱᠠᠭᠠᠷᠳᠠᠯᠭ᠎ᠠ ᠶᠢ ᠵᠢᠷᠤᠮᠯᠠᠨ᠂ ᠠᠮᠢ ᠠᠬᠤᠶ ᠶᠢ ᠠᠵᠤ ᠦᠶᠯᠡᠰᠵᠢᠭᠦᠯᠬᠦ᠂ ᠠᠵᠤ ᠦᠶᠯᠡᠰ ᠢ ᠠᠮᠢ ᠠᠬᠤᠶᠢᠵᠢᠭᠤᠯᠬᠤ | ᠵᠠᠮ ᠢᠶᠠᠷ ᠵᠠᠮᠨᠠᠵᠤ᠂ ᠮᠠᠨ ᠤ ᠠᠶᠢᠮᠠᠭ ᠤᠨ ᠥᠪᠡᠷᠮᠢᠴᠡ ᠣᠨᠴᠠᠯᠢᠭ ᠲᠠᠢ ᠴᠠᠭᠠᠨ ᠭᠤᠶᠣᠣ᠂ ᠤᠯᠠᠭᠠᠨ ᠭᠤᠶᠣᠣ᠂ | ᠰᠢᠬᠢᠷ ᠡᠪᠡᠰᠦ᠂ ᠲᠡᠮᠡᠭᠡ ᠰᠦ ᠵᠡᠷᠭᠡ ᠡᠯᠡᠰᠦᠨ ᠤ ᠠᠮᠢᠲᠠᠨ ᠤᠷᠭᠤᠮᠠᠯ ᠤᠨ ᠳᠠᠪᠠᠭᠤᠯᠢᠭ ᠡᠬᠢ ᠪᠠᠶᠠᠯᠢᠭ ᠲᠤ | ᠲᠦᠰᠢᠭᠯᠡᠨ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠡᠷᠡᠭᠦᠯ ᠮᠡᠨᠳᠦ ᠡᠮᠴᠢᠯᠡᠭᠡ ᠰᠤᠪᠢᠯᠠᠯᠲᠠ ᠵᠡᠷᠭᠡ ᠠᠵᠤ | ᠦᠶᠯᠡᠰ ᠤᠨ ᠬᠥᠭᠵᠢᠯᠲᠡ ᠲᠠᠢ ᠬᠠᠮᠵᠢᠯᠴᠠᠵᠤ᠂ ᠳᠤᠮᠳᠠᠳᠤ ᠤᠯᠤᠰ ᠤᠨ ᠡᠯᠡᠰᠦ ᠮᠠᠩᠬ᠎ᠠ ᠶᠢ ᠵᠠᠰᠠᠬᠤ ᠵᠢᠴᠢ | ᠤᠨᠴᠠᠯᠢᠬᠳᠤ ᠠᠮᠢᠳᠤ ᠪᠣᠳᠠᠰ ᠤᠨ ᠡᠬᠢ ᠪᠠᠶᠠᠯᠢᠭ ᠤᠨ ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ | ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ︽ᠡᠯᠡᠰᠦᠨ ᠬᠥᠨᠳᠡᠶ︾ ᠶᠢ ᠪᠠᠶᠢᠭᠤᠯᠤᠨ᠎ᠠ᠃ | | ᠡᠯᠡᠰᠦᠨ ᠤ ᠤᠷᠭᠤᠮᠠᠯ ᠤᠨ ᠲᠠᠷᠢᠮᠠᠯ ᠤᠨ ᠦᠢᠯᠡᠰ ᠢ ᠬᠥᠭᠵᠢᠭᠦᠯᠦᠨ᠎ᠡ᠃ ᠵᠠᠭ᠂ ᠪᠥᠭᠡᠷᠦᠭ ᠵᠡᠷᠭᠡ | ᠡᠯᠡᠰᠦᠨ ᠤ ᠤᠷᠭᠤᠮᠠᠯ ᠳᠠᠷᠢᠬᠤ ᠪᠠᠷ ᠰᠠᠭᠤᠷᠢ ᠪᠣᠯᠭᠠᠵᠤ᠂ ᠴᠠᠭᠠᠨ ᠭᠤᠶᠣᠣ᠂ ᠤᠯᠠᠭᠠᠨ ᠭᠤᠶᠣᠣ᠂ ᠰᠢᠬᠢᠷ | ᠡᠪᠡᠰᠦ ᠶᠢ ᠬᠥᠮᠦᠨ ᠤ ᠬᠦᠴᠦ ᠪᠠᠷ ᠳᠠᠷᠢᠬᠤ ᠲᠥᠷᠥᠯ ᠵᠦᠶᠯ ᠢ ᠶᠡᠬᠡᠪᠡᠷ ᠬᠥᠭᠵᠢᠭᠦᠯᠵᠦ᠂ ᠵᠠᠭ — ᠴᠠᠭᠠᠨ | ᠭᠤᠶᠣᠣ᠂ ᠪᠥᠭᠡᠷᠦᠭ — ᠤᠯᠠᠭᠠᠨ ᠭᠤᠶᠣᠣ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠠᠯᠠᠱᠠ ᠶᠢᠨ | ᠤᠨᠴᠠᠯᠢᠬᠳᠤ ᠣᠶ ᠰᠢᠭᠤᠶ ᠡᠪᠡᠰᠦᠨ ᠤ ᠠᠵᠤ ᠦᠶᠯᠡᠰ ᠤᠨ ᠵᠠᠭᠤᠨ ᠲᠦᠮᠡᠨ ᠮᠥ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠡᠯᠡᠰᠦᠷᠬᠡᠭ ᠭᠠᠵᠠᠷ ᠤᠨ ᠦᠵᠦᠮ ᠳᠠᠷᠢᠵᠤ ᠨᠡᠷᠡᠬᠦ ᠠᠵᠤ | ᠦᠶᠯᠡᠰ ᠢ ᠬᠥᠭᠵᠢᠭᠦᠯᠵᠦ᠂ ᠤᠯᠠᠭᠠᠨᠪᠤᠬ᠎ᠠ ᠶᠢᠨ ᠡᠯᠡᠰᠦᠨ ᠴᠥᠯ ᠤᠨ ᠦᠵᠦᠮ ᠤᠨ ᠠᠷᠢᠬᠢ ᠨᠡᠷᠡᠬᠦ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠵᠢᠭᠤᠯᠴᠢᠯᠠᠯ ᠰᠡᠯᠡᠭᠦᠴᠡᠯ ᠠᠮᠠᠷᠠᠯᠲᠠ ᠶᠢᠨ ᠠᠵᠤ ᠦᠶᠯᠡᠰ ᠢ ᠬᠠᠮᠲᠤ ᠳᠤᠨᠢ | ᠬᠥᠭᠵᠢᠭᠦᠯᠦᠨ᠎ᠡ᠃ ᠦᠵᠦᠮ ᠤᠨ ᠠᠷᠢᠬᠢ ᠪᠠᠷ ᠰᠠᠭᠤᠷᠢ ᠪᠣᠯᠭᠠᠭᠰᠠᠨ ᠨᠢᠭᠡ ᠵᠤᠷᠪᠤᠰ ᠵᠢᠭᠤᠯᠴᠢᠯᠠᠯ ᠤᠨ ᠵᠠᠮ | ᠱᠤᠭᠤᠮ ᠢ ᠲᠥᠯᠥᠪᠵᠢᠭᠦᠯᠵᠦ᠂ ᠦᠵᠦᠮ ᠳᠠᠷᠢᠬᠤ ᠰᠠᠭᠤᠷᠢᠨ ᠭᠠᠵᠠᠷ ᠲᠤ ᠲᠦᠰᠢᠭᠯᠡᠨ ᠦᠵᠦᠮ ᠲᠡᠭᠦᠬᠦ᠂ | ᠦᠵᠦᠮ ᠤᠨ ᠠᠷᠢᠬᠢ ᠠᠮᠲᠠᠯᠠᠬᠤ ᠵᠡᠷᠭᠡ ᠵᠢᠭᠤᠯᠴᠢᠯᠠᠯ ᠤᠨ ᠲᠥᠷᠥᠯ ᠵᠦᠶᠯ ᠢ ᠥᠷᠨᠢᠭᠦᠯᠦᠨ᠎ᠡ᠃ | | ᠲᠡᠮᠡᠭᠡᠨ ᠤ ᠠᠵᠤ ᠦᠶᠯᠡᠰ ᠢ ᠪᠤᠵᠠᠭᠠᠶᠢᠷᠠᠭᠤᠯᠤᠨ᠎ᠠ᠃ ᠲᠡᠮᠡᠭᠡᠨ ᠤ ᠡᠬᠢ ᠪᠠᠶᠠᠯᠢᠭ ᠤᠨ ᠳᠠᠪᠠᠭᠤᠯᠢᠭ᠂ | ᠲᠡᠮᠡᠭᠡᠨ ᠤ ᠰᠤᠳᠤᠯᠭᠠᠨ ᠤ ᠬᠦᠷᠢᠶᠡᠯᠡᠩ ᠤᠨ ᠮᠡᠷᠭᠡᠵᠢᠯ ᠤᠨ ᠳᠠᠪᠠᠭᠤᠯᠢᠭ ᠪᠠ ᠲᠡᠮᠡᠭᠡᠨ ᠤ ᠠᠵᠤ ᠦᠶᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ︽ | ᠬᠡᠪᠴᠢᠶ᠎ᠡ ᠶᠢ ᠲᠣᠭᠲᠠᠪᠤᠷᠢᠵᠢᠭᠤᠯᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠤᠳᠤᠯᠤᠨ ᠨᠡᠭᠡᠭᠡᠬᠦ ᠶᠢ | ᠴᠢᠬᠤᠯᠠᠴᠢᠯᠠᠬᠤ᠂ ᠪᠦᠲᠦᠭᠡᠭᠳᠡᠬᠦᠨ ᠢ ᠥᠷᠭᠡᠳᠬᠡᠬᠦ᠂ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠬᠦ︾ | ᠬᠥᠭᠵᠢᠯᠲᠡ ᠶᠢᠨ ᠵᠠᠮ ᠢᠶᠠᠷ ᠵᠠᠮᠨᠠᠨ᠎ᠠ᠃ 2025 ᠣᠨ ᠪᠣᠯᠬᠤ ᠳᠤ ᠲᠡᠮᠡᠭᠡᠨ ᠤ ᠠᠵᠤ ᠦᠶᠯᠡᠰ ᠤᠨ ᠦᠶᠯᠡᠳᠬᠦᠨ ᠤ | ᠶᠡᠷᠦᠩᠬᠡᠶ ᠥᠷᠲᠡᠭ ᠢ 4.7 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠤᠶᠠᠷ ᠪᠥᠬᠦᠲᠦ | ᠲᠡᠮᠡᠭᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠡᠭᠦᠯᠳᠡᠷ ᠬᠠᠮᠠᠭᠠᠯᠠᠬᠤ ᠪᠠᠷ ᠭᠤᠤᠯ ᠪᠣᠯᠭᠠᠭᠰᠠᠨ ᠭᠤᠷᠪᠠᠨ ᠱᠠᠲᠤᠨ ᠤ ᠥᠷᠭᠡᠳᠬᠡᠨ ᠦᠷᠡᠵᠢᠭᠦᠯᠬᠦ | ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠡᠮᠡᠭᠡᠨ ᠤ ᠪᠦᠬᠦᠯᠢ ᠴᠣᠭᠴᠠ ᠶᠢᠨ ᠦᠶᠯᠡᠳᠪᠦᠷᠢᠯᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ 2025 ᠣᠨ ᠪᠣᠯᠬᠤ ᠳᠤ ᠲᠡᠮᠡᠭᠡᠨ ᠤ ᠬᠠᠳᠠᠭᠠᠯᠠᠯᠲᠠ ᠶᠢᠨ ᠬᠡᠮᠵᠢᠶ᠎ᠡ 15 ᠲᠦᠮᠡᠨ | ᠣᠷᠭᠢᠯ ᠳᠤ ᠭᠦᠷᠦᠨ᠎ᠡ᠃ ᠲᠡᠮᠡᠭᠡᠨ ᠤ ᠠᠵᠤ ᠦᠶᠯᠡᠰ ᠤᠨ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠶᠯᠡᠰ ᠤᠨ | ᠬᠡᠯᠬᠢᠶ᠎ᠡ ᠶᠢ ᠪᠣᠶ ᠪᠣᠯᠭᠠᠵᠤ᠂ ᠲᠡᠮᠡᠭᠡᠨ ᠤ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ | ᠴᠢᠳᠠᠮᠵᠢ ᠶᠢ ᠦᠨᠡᠨᠬᠦ ᠪᠠᠳᠠᠷᠠᠭᠤᠯᠤᠨ᠂ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠮᠠᠯ ᠤᠨ | ᠡᠭᠦᠯᠳᠡᠷ ᠢ ᠲᠥᠪᠯᠡᠷᠡᠭᠦᠯᠦᠨ ᠰᠠᠶᠢᠵᠢᠷᠠᠭᠤᠯᠬᠤ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ᠂ ᠰᠢᠨᠵᠢᠯᠡᠬᠦ ᠤᠬᠠᠭᠠᠨ ᠤ | ᠰᠤᠳᠤᠯᠤᠯ ᠤᠨ ᠵᠢᠱᠢᠶ᠎ᠡ ᠦᠵᠡᠭᠦᠯᠬᠦ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠦᠶᠯᠡᠳᠪᠦᠷᠢᠯᠡᠵᠦ | ᠪᠣᠷᠣᠯᠠᠭᠤᠯᠬᠤ ᠶᠢ ᠨᠢᠭᠡ ᠴᠣᠠᠠᠴᠠᠵᠢᠭᠤᠯᠥᠠᠠᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠡᠮᠡᠭᠡᠨ ᠤ ᠠᠵᠤ | ᠦᠶᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠦᠷᠢᠯᠳᠦᠭᠦᠯᠦᠨ᠎ᠡ᠃ ᠲᠡᠮᠡᠭᠡᠨ | ᠤ ᠰᠢᠷᠢᠰ ᠳᠡᠭᠡᠳᠦ ᠲᠡᠰ ᠤᠨ ᠨᠡᠬᠡᠮᠡᠯ ᠤᠨ ᠵᠦᠢᠯ᠂ ᠵᠠᠰᠠᠯ ᠴᠢᠮᠡᠭ ᠤᠨ ᠡᠳ ᠵᠢᠴᠢ ᠠᠮᠢᠳᠤ ᠪᠣᠳᠠᠰ ᠤᠨ ᠡᠮ | ᠦᠢᠯᠡᠳᠬᠦ ᠵᠡᠷᠭᠡ ᠰᠢᠷᠢᠰ ᠦᠢᠯᠡᠳᠬᠦᠨ ᠢ ᠦᠢᠯᠡᠳᠪᠦᠷᠢᠯᠡᠵᠦ ᠨᠡᠭᠡᠭᠡᠨ ᠬᠥᠭᠵᠢᠭᠦᠯᠵᠦ᠂ ᠲᠡᠮᠡᠭᠡᠨ ᠤ | ᠪᠦᠲᠦᠭᠡᠭᠳᠡᠬᠦᠨ ᠤ ᠠᠵᠤ ᠠᠬᠤᠶ ᠶᠢᠨ ᠦᠷ᠎ᠡ ᠠᠰᠢᠭ ᠬᠢᠭᠡᠳ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ | ᠤᠯᠠᠮ ᠳᠡᠭᠡᠭᠰᠢᠯᠡᠭᠦᠯᠦᠨ᠎ᠡ᠃ ᠲᠡᠮᠡᠭᠡᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ | ᠨᠣᠤᠰᠣ ᠨᠣᠯᠦᠦᠷ ᠤᠨ ᠰᠦ ᠮᠢᠬ᠎ᠠ ᠶᠢ ᠨᠠᠷᠢᠯᠢᠭ ᠡᠳ᠋ᠰᠢᠭᠦᠯᠬᠦ᠂ ᠠᠮᠢᠳᠤ ᠪᠣᠳᠠᠰ ᠤᠨ ᠡᠮ ᠦᠶᠯᠡᠳᠬᠦ᠂ ᠭᠧᠨ ᠤ | ᠢᠨᠵᠧᠨᠧᠷᠢᠩ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠶᠢ | ᠲᠣᠪᠤᠶᠢᠮ᠎ᠠ ᠰᠠᠶᠢᠲᠤᠷ ᠠᠳᠬᠤᠨ᠎ᠠ᠃ ᠲᠡᠮᠡᠭᠡ ᠰᠠᠭᠠᠯᠢ ᠶᠢᠨ ᠢᠳᠡᠭᠡᠨ ᠤᠮᠳᠠᠭᠠᠨ᠂ ᠡᠷᠡᠭᠦᠯᠵᠢᠯ ᠤᠨ ᠡᠳ᠋᠂ | ᠭᠤᠶᠣᠯᠠᠯ ᠤᠨ ᠡᠳ᠋ ᠵᠡᠷᠭᠡ ᠤᠨᠴᠠᠯᠢᠬᠳᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠠᠰᠢᠭᠲᠠᠶ ᠪᠠᠶᠢᠷᠢ ᠶᠢ ᠵᠠᠪᠳᠤᠨ | ᠡᠵᠡᠯᠡᠵᠦ᠂ ᠲᠡᠮᠡᠭᠡᠨ ᠤ ᠠᠵᠤ ᠦᠶᠯᠡᠰ ᠢ ᠬᠥᠲᠥᠯᠦᠨ ᠳᠠᠭᠠᠭᠤᠯᠵᠤ ᠡᠮᠦᠨ᠎ᠡ ᠡᠩᠨᠡᠭᠡᠨ ᠳᠤ ᠶᠠᠪᠤᠭᠤᠯᠤᠨ᠎ᠠ᠃ | | ᠣᠨᠴᠠᠯᠢᠭᠲᠤ ᠠᠮᠢᠳᠤ ᠪᠣᠳᠠᠰ ᠤᠨ ᠡᠮ ᠡᠮᠨᠡᠯᠭᠡ ᠶᠢᠨ ᠡᠳ᠋ᠰᠢᠭᠦᠯᠦᠯᠲᠡ ᠶᠢ ᠴᠠᠭᠠᠨ ᠭᠤᠶᠣᠣ᠂ ᠤᠯᠠᠭᠠᠨ | ᠭᠤᠶᠣᠣ᠂ ᠰᠢᠬᠢᠷ ᠡᠪᠡᠰᠦ ᠵᠡᠷᠭᠡ ᠵᠢᠩᠬᠢᠨᠢ ᠡᠮ ᠤᠨ ᠮᠠᠲ᠋ᠧᠷᠢᠶᠠᠯ ᠳᠤ ᠲᠦᠰᠢᠭᠯᠡᠨ᠂ ᠮᠥᠬᠦᠯᠢᠭᠲᠦ ᠬᠢᠲᠠᠳ ᠡᠮ᠂ | ᠬᠢᠲᠠᠳ ᠡᠮ ᠤᠨ ᠪᠡᠯᠡᠳᠦᠮᠡᠯ᠂ ᠬᠢᠲᠠᠳ ᠡᠮ ᠤᠨ ᠬᠤᠮᠵᠢᠶ᠎ᠠ ᠡᠮ ᠵᠡᠷᠭᠡ ᠰᠢᠨ᠎ᠡ ᠬᠡᠯᠪᠡᠷᠢ ᠶᠢᠨ ᠬᠢᠲᠠᠳ ᠴᠢᠨᠠᠬᠤ | ᠡᠮ ᠤᠨ ᠪᠦᠲᠦᠭᠡᠭᠳᠡᠬᠦᠨ ᠢ ᠶᠡᠬᠡᠪᠡᠷ ᠬᠥᠭᠵᠢᠭᠦᠯᠦᠨ᠎ᠡ᠃ ᠨᠢᠭᠡ ᠪᠦᠯᠦᠭ ᠡᠮᠲᠦ ᠬᠤᠭᠤᠯᠠ᠂ ᠡᠮᠲᠦ ᠠᠷᠢᠬᠢ᠂ ᠡᠮᠲᠦ | ᠴᠠᠢ᠂ ᠡᠷᠡᠭᠦᠯᠵᠢᠯ ᠤᠨ ᠡᠳ᠋ ᠵᠡᠷᠭᠡ ᠡᠮᠲᠦ ᠢᠳᠡᠭᠡᠨ ᠬᠤᠶᠠᠷ ᠬᠡᠷᠡᠭᠴᠡᠭᠡᠲᠦ ᠪᠦᠲᠦᠭᠡᠭᠳᠡᠬᠦᠨ ᠤ ᠠᠮᠢᠳᠤ ᠪᠣᠳᠠᠰ ᠤᠨ | ᠡᠮ᠂ ᠬᠢᠲᠠᠳ ᠡᠮ ᠡᠮᠨᠡᠯᠭᠡ ᠶᠢ ᠨᠠᠷᠢᠯᠢᠭ ᠡᠳ᠋ᠰᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠡᠯᠡᠰᠦᠷᠬᠡᠭ | ᠭᠠᠵᠠᠷ ᠤᠨ ᠦᠵᠦᠮ᠂ ᠰᠢᠬᠢᠷ ᠡᠪᠡᠰᠦ ᠵᠡᠷᠭᠡ ᠳᠤ ᠰᠠᠭᠤᠷᠢᠯᠠᠭᠰᠠᠨ ᠴᠡᠴᠡᠭ ᠤᠨ ᠬᠥᠬᠡ ᠡᠳ᠋᠂ ᠰᠢᠬᠢᠷ ᠡᠪᠡᠰᠦᠨ ᠤ | ᠰᠢᠬᠢᠷᠯᠢᠭ ᠡᠳ᠋᠂ ᠣᠨᠳᠣᠤ ᠰᠢᠬᠢᠷ ᠡᠪᠡᠰᠦᠨ ᠤ ᠡᠳ᠋ ᠲᠤ ᠰᠠᠭᠤᠷᠢᠯᠠᠭᠰᠠᠨ ᠰᠢᠮ᠎ᠡ ᠲᠡᠵᠢᠭᠡᠯ ᠤᠨ ᠡᠷᠡᠭᠦᠯᠵᠢᠯ ᠤᠨ | ᠪᠦᠲᠦᠭᠡᠭᠳᠡᠬᠦᠨ ᠢ ᠪᠤᠶᠢᠵᠢᠭᠤᠯᠤᠨ᠎ᠠ᠃ ᠲᠡᠮᠡᠭᠡᠨ ᠰᠦ ᠳᠤ ᠰᠠᠭᠤᠷᠢᠯᠠᠭᠰᠠᠨ ᠪᠠᠶᠢᠭᠠᠯᠢᠯᠢᠭ ᠢᠳᠡᠵᠦ ᠪᠣᠯᠬᠤ ᠰᠢᠷᠢᠰ | ᠭᠤᠶᠣᠯᠠᠯ ᠤᠨ ᠡᠳ᠋᠂ ᠡᠭᠡᠯᠢᠯᠡᠭᠡ ᠶᠢᠨ ᠪᠦᠲᠦᠭᠡᠭᠳᠡᠬᠦᠨ ᠪᠣᠯᠤᠨ ᠲᠡᠮᠡᠭᠡᠨ ᠬᠤᠶᠢᠲᠤᠬᠢ ᠳᠤ ᠰᠠᠭᠤᠷᠢᠯᠠᠭᠰᠠᠨ | ᠡᠷᠡᠭᠦᠯᠵᠢᠯ ᠤᠨ ᠠᠮᠢᠳᠤ ᠪᠣᠳᠠᠰ ᠤᠨ ᠡᠮ ᠤᠨ ᠵᠦᠶᠯ ᠳᠤ ᠰᠠᠭᠤᠷᠢᠯᠠᠨ᠂ ᠡᠯᠡᠰᠦᠷᠬᠡᠭ ᠭᠠᠵᠠᠷ ᠤᠨ ᠤᠨᠴᠠᠯᠢᠭᠳᠤ | ᠠᠮᠢᠳᠤ ᠪᠣᠳᠠᠰ ᠤᠨ ᠡᠬᠢ ᠪᠠᠶᠠᠯᠢᠭ ᠢ ᠠᠵᠤ ᠦᠶᠯᠡᠰᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | | ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠨᠠᠷᠠᠲᠤ ᠲᠥᠷᠥᠯ ᠤᠨᠴᠠᠯᠢᠭᠳᠤ ᠠᠮᠢ ᠠᠬᠤᠶ ᠶᠢᠨ ᠠᠵᠤ ᠦᠶᠯᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠬᠥᠮᠦᠵᠢᠭᠦᠯᠦᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠮᠢ ᠠᠬᠤᠶ ᠶᠢᠨ ᠠᠵᠤ ᠦᠶᠯᠡᠰ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠪᠥᠬᠦᠶ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠤᠶᠠᠨ | ᠬᠠᠳᠠᠨ ᠢᠶᠠᠷ ᠣᠷᠣᠭᠤᠯᠤᠨ ᠠᠪᠴᠢᠷᠠᠵᠤ᠂ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠂ | ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠴᠦᠯᠯᠡᠷᠬᠡᠭᠵᠢᠯ ᠢ ᠵᠠᠰᠠᠬᠤ ᠮᠡᠷᠭᠡᠵᠢᠯ ᠢ ᠰᠤᠳᠤᠯᠤᠨ | ᠨᠡᠭᠡᠭᠡᠬᠦ ᠶᠢ ᠴᠢᠩᠭᠠᠳᠬᠠᠵᠤ᠂ ᠵᠠᠭ — ᠴᠠᠭᠠᠨ ᠭᠤᠶᠣᠣ᠂ ᠪᠥᠭᠡᠷᠦᠭ — ᠤᠯᠠᠭᠠᠨ ᠭᠤᠶᠣᠣ᠂ ᠴᠢᠨ᠋ᠸ᠎ᠠ ᠶᠢᠨ | ᠬᠠᠷᠮᠠᠭ᠂ ᠡᠯᠡᠰᠦᠷᠬᠡᠭ ᠭᠠᠵᠠᠷ ᠤᠨ ᠦᠵᠦᠮ ᠵᠡᠷᠭᠡ ᠠᠵᠤ ᠠᠬᠤᠶ ᠶᠢᠨ ᠴᠢᠨᠠᠷᠲᠠᠶ ᠡᠯᠡᠰᠦᠨ ᠤ ᠣᠶ ᠡᠪᠡᠰᠦᠨ ᠤ | ᠲᠠᠷᠢᠮᠠᠯ ᠤᠨ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢ | ᠭᠤᠤᠯᠳᠠᠯᠭ᠎ᠠ ᠲᠠᠢ ᠥᠷᠨᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠯᠡᠰᠦᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ᠂ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠶᠯᠡᠰ ᠤᠨ | ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠡᠪᠡᠰᠦᠲᠦ ᠴᠦᠯ ᠢ ᠵᠠᠰᠠᠬᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠪᠴᠢᠭᠦᠯᠬᠦ ᠬᠦᠷᠢᠶᠡᠯᠡᠩ᠂ ᠤᠯᠠᠭᠠᠨᠪᠤᠬ᠎ᠠ ᠪᠠ ᠤᠨᠴᠠᠯᠢᠬᠳᠤ ᠠᠮᠢ ᠠᠬᠤᠶ ᠶᠢᠨ ᠠᠵᠤ | ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ ᠲᠥᠪ ᠲᠤ ᠲᠦᠰᠢᠭᠯᠡᠨ᠂ ︽ᠵᠠᠭ ᠳᠠᠷᠢᠬᠤ | ᠮᠡᠷᠭᠡᠵᠢᠯ ᠤᠨ ᠰᠤᠳᠤᠯᠭᠠᠨ ᠬᠢᠭᠡᠳ ᠵᠢᠱᠢᠶ᠎ᠡ ᠦᠵᠡᠭᠦᠯᠬᠦ︾ ︽ᠬᠡᠷᠡᠯ ᠢᠶᠠᠷ ᠴᠡᠨᠡᠭᠯᠡᠵᠦ ᠡᠯᠡᠰᠦ ᠶᠢ ᠵᠠᠰᠠᠬᠤ︾ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠯᠡᠰᠦ ᠶᠢ ᠵᠠᠰᠠᠬᠤ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠢᠳᠡᠪᠬᠢᠲᠡᠶ | ᠠᠬᠢᠭᠤᠯᠤᠨ᠎ᠠ᠃ ︽ᠣᠨᠴᠠᠯᠢᠠᠠᠳᠣ ᠠᠮᠢ ᠠᠬᠤᠶ ᠶᠢᠨ ᠠᠵᠤ ᠦᠶᠯᠡᠰ︾ ᠤᠨ ᠨᠠᠷᠠᠲᠤ ᠲᠥᠷᠥᠯ ᠲᠡᠮᠳᠡᠭᠲᠦ ᠶᠢ | ᠴᠢᠷᠮᠠᠶᠢᠨ ᠪᠣᠶ ᠪᠣᠯᠭᠠᠵᠤ᠂ ᠪᠠᠷᠢᠮᠵᠢᠶᠠᠵᠢᠭᠤᠯᠤᠨ ᠦᠶᠯᠡᠳᠪᠦᠷᠢᠯᠡᠬᠦ᠂ ᠨᠠᠷᠠᠲᠤ ᠲᠥᠷᠥᠯ ᠲᠡᠮᠳᠡᠭᠵᠢᠭᠦᠯᠦᠨ ᠡᠵᠡᠩᠨᠡᠬᠦ | ᠰᠡᠳᠬᠢᠴᠡ ᠶᠣᠰᠣᠭᠠᠷ᠂ ︽ᠠᠯᠠᠱᠠ ᠶᠢᠨ ᠴᠠᠭᠠᠨ ᠭᠤᠶᠣᠣ︾ ᠪᠠ ︽ᠠᠯᠠᠱᠠ ᠶᠢᠨ ᠤᠯᠠᠭᠠᠨ ᠭᠤᠶᠣᠣ︾ ᠵᠡᠷᠭᠡ | ᠭᠠᠵᠠᠷ ᠵᠦᠶ ᠶᠢᠨ ᠲᠡᠮᠳᠡᠭᠲᠦ ᠲᠠᠸᠠᠷ ᠤᠨ ᠲᠡᠮᠳᠡᠭᠲᠦ ᠶᠢ ᠰᠠᠶᠢᠲᠤᠷ ᠬᠡᠷᠡᠭᠯᠡᠵᠦ᠂ ᠴᠠᠭᠠᠨ ᠭᠤᠶᠣᠣ᠂ ᠤᠯᠠᠭᠠᠨ | ᠭᠤᠶᠣᠣ᠂ ᠴᠠᠭᠠᠨ ᠨᠣᠯᠦᠦᠷ ᠤᠨ ᠢᠮᠠᠭ᠎ᠠ᠂ ᠬᠤᠤᠰ ᠪᠥᠬᠦᠲᠦ ᠲᠡᠮᠡᠭᠡ ᠵᠡᠷᠭᠡ ᠤᠨᠴᠠᠯᠢᠠᠠᠳᠣ ᠳᠠᠪᠠᠭᠤᠯᠢᠭ ᠲᠠᠢ ᠠᠮᠢ | ᠠᠬᠤᠶ ᠶᠢᠨ ᠦᠦᠯ ᠭᠠᠷᠤᠯᠲᠠ ᠶᠢᠨ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ | ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ ᠪᠦᠷᠢᠯᠳᠦᠭᠦᠯᠦᠨ᠎ᠡ᠃ | | ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ︽ᠠᠵᠤ | ᠠᠬᠤᠶᠢᠯᠠᠯ + ᠰᠠᠭᠤᠷᠢᠨ ᠭᠠᠵᠠᠷ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠬᠥᠭᠵᠢᠯᠲᠡ ᠶᠢᠨ | ᠵᠠᠭᠪᠤᠷ ᠢ ᠳᠡᠯᠭᠡᠷᠡᠭᠦᠯᠵᠦ᠂ ᠲᠣᠭᠲᠠᠭᠤᠨ ᠦᠶᠯᠡᠳᠪᠦᠷᠢᠯᠡᠯ ᠪᠣᠷᠣᠯᠠᠭᠤᠯᠭ᠎ᠠ ᠶᠢᠨ ᠬᠠᠮᠵᠢᠯᠴᠠᠬᠤ ᠬᠠᠷᠢᠴᠠᠭ᠎ᠠ ᠵᠢᠴᠢ | ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠤᠨ᠎ᠠ᠃ ᠲᠡᠮᠡᠭᠡ — ᠡᠯᠡᠰᠦ — | ᠦᠨᠳᠦᠰᠦᠲᠡᠨ ᠤ ᠪᠦᠲᠦᠭᠡᠭᠳᠡᠬᠦᠨ — ᠤᠨᠴᠠᠯᠢᠬᠳᠤ ᠵᠢᠭᠤᠯᠴᠢᠯᠠᠯ ᠤᠨ ᠪᠦᠲᠦᠭᠡᠭᠳᠡᠬᠦᠨ ᠢᠶᠠᠷ ᠭᠤᠤᠯ ᠪᠣᠯᠭᠠᠭᠰᠠᠨ | ᠡᠭᠴᠡ ᠴᠠᠬᠢᠮ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠥᠪ ᠢ ᠪᠠᠶᠢᠭᠤᠯᠵᠤ᠂ ᠰᠦᠯᠵᠢᠶᠡᠨ ᠠᠴᠠ | ᠭᠠᠳᠠᠭᠤᠷᠬᠢ ᠵᠢᠩᠬᠢᠨᠢ ᠡᠮ ᠤᠨ ᠮᠠᠲ᠋ᠧᠷᠢᠶᠠᠯ ᠤᠨ ᠠᠷᠠᠯᠵᠢᠶ᠎ᠠ᠂ ᠲᠡᠮᠡᠭᠡᠨ ᠡᠯᠡᠰᠦᠨ ᠤ ᠠᠷᠠᠯᠵᠢᠶ᠎ᠠ᠂ ᠡᠷᠳᠡᠨᠢ ᠶᠢᠨ | ᠬᠠᠰ ᠤᠨ ᠠᠷᠠᠯᠵᠢᠶ᠎ᠠ ᠶᠢᠨ ᠲᠥᠪ ᠯᠦᠭᠡ ᠬᠠᠷᠢᠯᠴᠠᠨ ᠨᠥᠬᠦᠪᠥᠷᠢᠯᠡᠭᠰᠡᠨ ᠰᠦᠯᠵᠢᠶᠡᠨ ᠳᠡᠭᠡᠷᠡᠬᠢ ᠲᠠᠪᠴᠠᠩ ᠢ ᠪᠣᠶ | ᠪᠣᠯᠭᠠᠵᠤ᠂ ᠠᠯᠠᠱᠠ ᠶᠢᠨ ᠪᠦᠬᠦᠯᠢ ᠴᠣᠭᠴᠠ ᠶᠢᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠢᠯᠡᠷᠡᠭᠦᠯᠦᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠡᠵᠡᠩᠨᠡᠨ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠨ᠎ᠡ᠃ ᠣᠳᠣᠬᠢᠴᠢᠯᠠᠭᠰᠠᠨ ᠪᠠᠷᠠᠭᠠᠨ ᠤ ᠭᠦᠶᠯᠭᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠳᠤ | ᠬᠠᠮᠵᠢᠯᠴᠠᠨ᠂ ᠠᠯᠠᠱᠠ ᠶᠢ ᠠᠯᠬᠤᠮ ᠠᠯᠬᠤᠮ ᠢᠶᠠᠷ ᠪᠥᠬᠦ ᠤᠯᠤᠰ ᠤᠨ ᠴᠢᠬᠤᠯᠠ ᠣᠨᠴᠠᠯᠢᠠᠠᠳᠣ ᠠᠮᠢ ᠠᠬᠤᠶ ᠶᠢᠨ | ᠠᠵᠤ ᠦᠶᠯᠡᠰ ᠤᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠢ ᠨᠢᠭᠡᠳᠦᠯᠲᠡᠢ ᠲᠣᠬᠢᠷᠠᠭᠤᠯᠬᠤ ᠲᠥᠪ | ᠪᠣᠯᠭᠠᠨ ᠪᠥᠲᠥᠭᠡᠨ ᠪᠠᠶᠢᠭᠤᠯᠤᠨ᠎ᠠ᠃ | | ᠲᠠᠪᠤᠳᠤᠭᠠᠷ ᠬᠡᠰᠡᠭ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ | | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ | ᠂ ᠶᠠᠳᠠᠭᠤ ᠠᠴᠠ ᠠᠩᠭᠢᠵᠢᠷᠠᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤ ᠠᠴᠠ ᠠᠩᠭᠢᠵᠢᠷᠠᠭᠤᠯᠬᠤ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ | ᠂ ᠬᠤᠶᠠᠳᠤᠭᠠᠷ᠂ ᠭᠤᠷᠪᠠᠳᠤᠭᠠᠷ ᠠᠵᠤ ᠦᠶᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠂ ᠶᠠᠳᠠᠭᠤ ᠠᠴᠠ | ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠣᠭᠲᠠᠭᠤᠨ ᠢᠶᠠᠷ ᠥᠷᠭᠡᠳᠬᠡᠨ᠎ᠡ᠃ | | | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠠᠪᠰᠤᠷᠤᠨ ᠲᠡᠳᠬᠦᠬᠦ ᠭᠤᠤᠯ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ | ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠬᠤᠰᠢᠭᠤᠨ ᠤ ︽ᠳᠥᠷᠪᠡ ᠶᠢ ᠰᠠᠯᠭᠠᠬᠤ ᠥᠬᠡᠶ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠲᠣ ᠶᠢᠨ ᠪᠠᠶᠢᠭ᠎ᠠ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠪᠠᠶᠢᠩᠭᠤ ᠶᠢᠨ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ | ᠪᠣᠯᠭᠠᠨ ᠬᠤᠪᠢᠷᠠᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠲᠣᠭᠲᠠᠴᠠ ᠶᠢ ᠪᠦᠷᠢᠨᠰᠢᠬᠦᠯᠦᠨ᠎ᠠ᠃ ᠳ᠋ᠠᠶᠢᠲ᠋ᠠ ᠶᠢᠨ ᠬᠥᠮᠥᠷᠭᠡ ᠶᠢᠨ ᠮᠡᠳᠡᠭᠡ ᠵᠠᠩᠭᠢ ᠶᠢ ᠲᠡᠭᠦᠯᠳᠡᠷᠵᠢᠭᠦᠯᠵᠦ | ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠵᠤ ᠦᠶᠯᠡᠰ᠂ ᠠᠵᠢᠯ ᠣᠯᠭᠤᠯᠲᠠ᠂ ᠶᠡᠷᠦᠩᠬᠡᠶᠢᠯᠡᠭᠰᠡᠨ | ᠪᠠᠲᠤᠯᠠᠭ᠎ᠠ᠂ ᠵᠣᠷᠢᠭ ᠰᠠᠨᠠᠭ᠎ᠠ ᠶᠢ ᠲᠡᠳᠬᠦᠨ ᠣᠶᠤᠨ ᠢ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠢᠯᠡᠷᠡᠭᠦᠯᠵᠦ᠂ ᠲᠦᠷᠭᠡᠨ ᠳᠠᠭᠠᠵᠤ᠂ ᠬᠥᠳᠡᠯᠦᠩᠭᠦᠶ ᠪᠠᠷ ᠦᠭᠡᠶᠢᠰᠬᠡᠨ᠎ᠡ | ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠵᠢᠴᠢ ᠤᠰᠤ ᠤᠮᠳᠠ ᠶᠢᠨ ᠠᠮᠤᠷ ᠲᠦᠪᠰᠢᠨ ᠤ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠰᠤᠷᠭᠠᠨ ᠬᠥᠮᠦᠵᠢᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠡᠮᠴᠢᠯᠡᠭᠡᠨ ᠤ ᠪᠠᠲᠤᠯᠠᠭ᠎ᠠ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠡᠷᠡᠭ ᠤᠨ ᠡᠮᠦᠨ᠎ᠡ | ᠰᠡᠷᠭᠡᠶᠢᠯᠡᠬᠦ᠂ ᠬᠡᠷᠡᠭ ᠤᠨ ᠳᠠᠷᠠᠭ᠎ᠠ ᠲᠡᠩᠬᠡᠷᠡᠭᠦᠯᠦᠨ ᠲᠤᠰᠠᠯᠠᠬᠤ ᠶᠢ ᠬᠠᠷᠢᠯᠴᠠᠨ ᠤᠶᠠᠯᠳᠤᠭᠤᠯᠤᠭᠰᠠᠨ ᠬᠠᠪᠰᠤᠷᠤᠨ | ᠲᠡᠳᠬᠦᠬᠦ ᠠᠵᠢᠯ ᠢ ᠴᠠᠭ ᠲᠤᠬᠠᠶ ᠳᠤᠨᠢ ᠪᠦᠲᠦᠮᠵᠢᠲᠡᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠶ ᠬᠥᠮᠦᠨ ᠠᠮᠠ ᠶᠢᠨ ᠲᠦᠭᠰᠢᠭᠦᠷᠢ ᠶᠢᠨ ᠴᠢᠬ ᠢ ᠡᠷᠲᠡ ᠠᠴᠠ ᠢᠯᠡᠷᠡᠭᠦᠯᠬᠦ ᠪᠠ ᠡᠷᠲᠡ ᠠᠴᠠ ᠬᠠᠪᠰᠤᠷᠤᠨ | ᠲᠡᠳᠬᠦᠬᠦ ᠶᠢ ᠪᠡᠶᠡᠯᠡᠭᠦᠯᠦᠨ᠎ᠡ᠃ | | ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠠ᠃ ᠠᠵᠤ | ᠦᠶᠯᠡᠰ ᠢᠶᠠᠷ ᠶᠠᠳᠠᠭᠤ ᠶᠢ ᠲᠡᠳᠬᠦᠬᠦ ᠶᠢ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ ᠶᠢ | ᠠᠬᠢᠭᠤᠯᠵᠤ᠂ ᠥᠪᠡᠷᠮᠢᠴᠡ ᠡᠬᠢ ᠪᠠᠶᠠᠯᠢᠭ ᠲᠤ ᠲᠦᠰᠢᠭᠯᠡᠨ᠂ ᠣᠳᠣᠬᠢᠴᠢᠯᠠᠭᠰᠠᠨ ᠲᠠᠷᠢᠶᠠᠯᠠᠩ᠂ ᠤᠨᠴᠠᠯᠢᠬᠳᠤ ᠮᠠᠯ | ᠠᠵᠤ ᠠᠬᠤᠶ᠂ ᠤᠨᠴᠠᠯᠢᠬᠳᠤ ᠠᠮᠢ ᠠᠬᠤᠶ ᠶᠢᠨ ᠠᠵᠤ ᠦᠶᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ᠂ ᠤᠨᠴᠠᠯᠢᠬᠳᠤ ᠰᠣᠶᠣᠯ ᠵᠢᠭᠤᠯᠴᠢᠯᠠᠯ ᠵᠡᠷᠭᠡ ᠠᠵᠤ ᠦᠶᠯᠡᠰ ᠤᠨ ᠬᠥᠭᠵᠢᠯᠲᠡ ᠶᠢ | ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠯ ᠸᠣᠯᠲ᠂ ᠴᠠᠬᠢᠮ | ᠬᠤᠳᠠᠯᠳᠤᠭ᠎ᠠ᠂ ᠬᠦᠷᠢᠶ᠎ᠡ ᠬᠠᠰᠢᠶ᠎ᠠ ᠶᠢᠨ ᠠᠵᠤ ᠠᠬᠤᠶ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ | ᠦᠶᠯᠡᠳᠬᠦ ᠵᠡᠷᠭᠡ ᠠᠵᠤ ᠦᠶᠯᠡᠰ ᠢ ᠳᠡᠮᠵᠢᠨ ᠬᠥᠭᠵᠢᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ | ᠦᠷᠭᠦᠯᠵᠢᠯᠡᠨ ᠬᠡᠷᠡᠭᠵᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠤᠰᠬᠠᠶ ᠯᠠᠩᠭᠦᠶ᠂ ᠲᠤᠰᠬᠠᠶ ᠣᠷᠳᠣᠨ᠂ | ᠲᠤᠰᠬᠠᠶ ᠣᠷᠣᠨ ᠤ ᠪᠦᠳᠦᠭᠡᠨ ᠪᠠᠶᠢᠭᠤᠯᠤᠯᠲᠠ ᠡᠵᠡᠩᠨᠡᠯᠲᠡ ᠪᠠ ᠶᠠᠳᠠᠭᠤ ᠶᠢ ᠲᠡᠳᠬᠦᠬᠦ ᠦᠢᠯᠡᠳᠬᠦᠨ ᠤ ︽ᠲᠠᠪᠤ ᠶᠢ | ᠣᠷᠣᠭᠤᠯᠬᠤ︾ ᠠᠵᠢᠯᠯᠠᠭ᠎ᠠ ᠶᠢ ᠲᠦᠯᠬᠢᠨ ᠠᠬᠢᠭᠤᠯᠵᠤ᠂ ᠦᠢᠯᠡᠳᠬᠦᠨ ᠤ ᠬᠠᠩᠭᠠᠯᠭ᠎ᠠ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠷᠦ ᠶᠢᠨ ᠡᠳ᠋ ᠤᠨ ᠵᠠᠰᠠᠭ ᠤᠨ | ᠣᠷᠣᠭᠤᠯᠤᠯᠲᠠ ᠶᠢ ᠵᠦᠶ ᠵᠣᠬᠢᠰᠲᠠᠶ ᠳᠣᠭᠢᠷᠠᠭᠤᠯᠤᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠳᠡᠮᠵᠢᠬᠦ | ᠭᠤᠤᠯᠳᠠᠯᠭ᠎ᠠ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ᠂ ᠵᠢᠵᠢᠭ ᠪᠢᠴᠢᠯ | ᠠᠵᠤ ᠠᠬᠤᠶᠢᠯᠠᠯ ᠪᠠ ᠭᠤᠤᠯᠳᠠᠯᠭ᠎ᠠ ᠲᠠᠢ ᠬᠠᠮᠲᠤᠯᠢᠭ ᠤᠨ ᠠᠳᠠᠯ ᠦᠶᠯᠡᠰ ᠴᠣᠭᠴᠠᠯᠠᠨ ᠠᠵᠢᠯ ᠣᠯᠭᠤᠬᠤ ᠵᠡᠷᠭᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠥᠬᠦᠶ ᠭᠠᠶᠢᠯᠢ ᠰᠦᠶᠳᠬᠡᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠳᠤ ᠬᠠᠨᠳᠤᠭᠤᠯᠤᠭᠰᠠᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ | ᠳᠣᠭᠢᠷᠠᠭᠤᠯᠤᠨ ᠲᠡᠭᠦᠯᠳᠡᠷᠵᠢᠭᠦᠯᠵᠦ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠦᠷᠭᠦᠯᠵᠢᠯᠡᠨ | ᠬᠠᠪᠰᠤᠷᠤᠨ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠶᠤᠨ ᠤ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠴᠢᠳᠠᠪᠤᠷᠢᠲᠠᠨ ᠤ ᠦᠨᠳᠦᠰᠦᠨ ᠱᠠᠲᠤᠨ ᠳᠤ | ᠦᠨᠳᠦᠰᠦᠯᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠰᠢᠨ᠎ᠡ ᠨᠤᠲᠤᠭ ᠤᠨ ᠮᠡᠷᠭᠡᠳ᠂ ᠨᠤᠲᠤᠭ ᠲᠠᠭᠠᠨ | ᠪᠤᠴᠠᠭᠰᠠᠨ ᠣᠶᠤᠲᠠᠨ᠂ ᠴᠡᠷᠢᠭ ᠠᠴᠠ ᠪᠠᠭᠤᠭᠰᠠᠳ ᠵᠡᠷᠭᠡ ᠶᠢ ᠵᠣᠷᠢᠭᠵᠢᠭᠤᠯᠤᠨ ᠲᠠᠲᠠᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠵᠤ᠂ ᠴᠢᠭᠯᠡᠭᠦᠯᠬᠦ ᠴᠢᠨᠠᠷᠲᠠᠶ ᠪᠠᠷ ᠡᠯ᠎ᠡ ᠲᠥᠷᠥᠯ ᠤᠨ ᠺᠠᠳ᠋ᠷ ᠢ | ᠰᠣᠩᠭᠤᠨ ᠮᠠᠯᠵᠢᠬᠤ ᠲᠠᠷᠢᠶᠠᠯᠠᠬᠤ ᠣᠷᠣᠨ ᠳᠤ ᠣᠴᠢᠭᠤᠯᠵᠤ ᠳᠤᠲᠠᠭᠤᠳᠠᠯ ᠪᠠᠭᠤᠷᠠᠶ ᠲᠠᠯ᠎ᠠ ᠶᠢ ᠬᠠᠪᠰᠤᠷᠤᠨ | ᠨᠥᠬᠦᠪᠥᠷᠢᠯᠡᠨ᠎ᠡ᠃ | | ᠶᠢᠰᠦᠳᠦᠭᠡᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠵᠦ | ᠵᠣᠯ ᠵᠢᠷᠭᠠᠯᠲᠤ ᠠᠯᠠᠱᠠ ᠶᠢ ᠴᠣᠭᠴᠠᠯᠠᠨ᠎ᠠ | | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ | ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠡᠭᠦᠰᠭᠡᠯ ᠪᠠ ᠲᠡᠭᠦᠰᠬᠡᠯ ᠪᠣᠯᠭᠠᠬᠤ ᠶᠢ | ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ | ᠪᠠᠲᠤᠲᠠᠶ ᠪᠠᠷ ᠲᠦᠯᠬᠢᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠬᠥᠮᠦᠨ ᠤ ᠪᠦᠬᠦ | ᠲᠠᠯ᠎ᠠ ᠶᠢᠨ ᠬᠥᠭᠵᠢᠯᠲᠡ ᠪᠠ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠤᠨ᠎ᠠ᠃ | | ᠨᠢᠭᠡᠳᠦᠭᠡᠷ ᠬᠡᠰᠡᠭ ᠰᠠᠭᠤᠭᠠᠯᠢ ᠠᠷᠠᠳ ᠤᠨ ᠠᠵᠢᠯ ᠣᠯᠭᠤᠯᠲᠠ ᠪᠠ ᠣᠷᠣᠯᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠡᠶ ᠠᠵᠢᠯ | ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠤᠯᠠᠨ | ᠬᠡᠯᠪᠡᠷᠢ ᠶᠢᠨ ᠠᠵᠢᠯ ᠣᠯᠭᠤᠯᠲᠠ ᠶᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠵᠦᠢ ᠵᠣᠬᠢᠰᠲᠠᠶ ᠡᠮᠬᠢ ᠵᠢᠷᠤᠮ ᠲᠠᠢ ᠣᠷᠣᠯᠭ᠎ᠠ ᠶᠢᠨ ᠬᠤᠪᠢᠶᠠᠷᠢᠯᠠᠯᠲᠠ ᠶᠢᠨ | ᠪᠠᠶᠢᠷᠢᠰᠢᠯ ᠢ ᠪᠦᠷᠢᠯᠳᠦᠭᠦᠯᠦᠨ᠎ᠡ᠃ | | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠬᠤᠲᠠ ᠬᠥᠳᠡᠭᠡ ᠶᠢᠨ ᠣᠯᠠᠨ ᠨᠡᠶᠢᠲᠡ ᠶᠢᠨ | ᠠᠵᠢᠯ ᠣᠯᠭᠤᠬᠤ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠤ ᠬᠥᠳᠡᠯᠮᠦᠷᠢ ᠬᠦᠴᠦᠨ᠂ ᠴᠡᠷᠢᠭ ᠠᠴᠠ | ᠬᠠᠯᠠᠭᠳᠠᠭᠰᠠᠳ ᠵᠡᠷᠭᠡ ᠡᠲᠡᠭᠡᠳ ᠢᠶᠠᠷ ᠭᠤᠤᠯᠳᠠᠯᠭ᠎ᠠ ᠪᠣᠯᠭᠠᠨ᠂ ᠬᠥᠮᠦᠵᠢᠯ ᠰᠤᠷᠭᠠᠯᠲᠠ᠂ ᠠᠵᠢᠯ ᠣᠯᠭᠤᠬᠤ | ᠵᠢᠯᠣᠭᠤᠳᠣᠯᠭ᠎ᠠ᠂ ᠡᠷᠬᠡ ᠠᠰᠢᠭ ᠤᠨ ᠦᠶᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ᠠᠵᠢᠯ ᠣᠯᠭᠤᠯᠲᠠ ᠶᠢ | ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠠᠵᠢᠯ ᠣᠯᠭᠤᠯᠲᠠ ᠶᠢᠨ | ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ | ᠨᠡᠭᠡᠭᠡᠨ ᠬᠥᠭᠵᠢᠭᠦᠯᠵᠦ᠂ ᠨᠥᠬᠦᠴᠡᠯ ᠳᠤ ᠨᠡᠶᠢᠴᠡᠭᠰᠡᠨ ᠨᠢᠭᠡ ᠴᠦ ᠬᠥᠮᠦᠨ ᠠᠵᠢᠯ ᠣᠯᠤᠭᠰᠠᠨ ᠦᠭᠡᠢ ᠭᠡᠷ ᠪᠦᠯᠢ᠂ | ᠵᠡᠮᠳᠡᠭᠴᠦᠳ ᠪᠠ ᠠᠵᠢᠯ ᠤᠯᠬᠤ ᠳᠤ ᠬᠦᠴᠢᠷᠲᠡᠶ ᠬᠥᠮᠦᠰ ᠢ ᠤᠷᠢᠳᠠᠪᠠᠷ ᠲᠥᠪᠬᠢᠨᠡᠭᠦᠯᠦᠨ᠎ᠡ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠳᠠ ᠪᠠᠯᠭᠠᠰᠤᠨ ᠤ 1.25 | ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ | ᠠᠯᠳᠠᠯᠲᠠ ᠶᠢᠨ ᠨᠤᠷᠮ᠎ᠠ ᠶᠢ 6% ᠣᠷᠴᠢᠮ ᠢᠶᠠᠷ ᠬᠢᠵᠠᠭᠠᠷᠯᠠᠨ᠎ᠠ᠃ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ᠂ ᠤᠯᠠᠨ ᠠᠷᠭ᠎ᠠ ᠵᠠᠮ ᠢᠶᠠᠷ ᠠᠮᠢᠳᠤᠯᠢᠭ ᠠᠵᠢᠯ ᠣᠯᠭᠤᠯᠲᠠ ᠶᠢ ᠠᠬᠢᠭᠤᠯᠬᠤ | ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠲᠡᠮᠵᠢᠨ | ᠵᠢᠷᠤᠮᠵᠢᠭᠤᠯᠵᠤ᠂ ᠠᠵᠢᠯ ᠣᠯᠭᠤᠯᠲᠠ ᠶᠢᠨ ᠬᠡᠷᠡᠭᠴᠡᠭᠡ ᠶᠢ ᠪᠠᠶᠢᠴᠠᠭᠠᠬᠤ ᠪᠠ ᠠᠵᠢᠯ ᠠᠯᠳᠠᠯᠲᠠ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠯᠮᠦᠷᠢ ᠶᠢᠨ ᠬᠠᠷᠢᠴᠠᠭ᠎ᠠ ᠶᠢᠨ ᠡᠯ᠎ᠡ | ᠲᠠᠯ᠎ᠠ ᠶᠢᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠤ ᠵᠦᠢ ᠵᠣᠬᠢᠰᠲᠠᠶ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠨ᠎ᠠ᠃ ᠪᠡᠶ᠎ᠡ ᠪᠠᠨ ᠳᠠᠭᠠᠭᠠᠵᠤ ᠠᠳᠠᠯ ᠦᠶᠯᠡᠰ | ᠴᠣᠭᠴᠠᠯᠠᠵᠤ ᠥᠪᠡᠰᠦᠪᠡᠨ ᠠᠵᠢᠯ ᠡᠷᠢᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠠᠳᠠᠯ ᠦᠶᠯᠡᠰ ᠴᠣᠭᠴᠠᠯᠠᠬᠤ ᠰᠤᠷᠭᠠᠯᠲᠠ᠂ ᠠᠳᠠᠯ | ᠦᠶᠯᠡᠰ ᠴᠣᠭᠴᠠᠯᠠᠬᠤ ᠦᠶᠯᠡᠴᠢᠯᠡᠭᠡᠨ ᠤ ᠬᠡᠯᠬᠢᠶ᠎ᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ | ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠳᠠᠯ | ᠦᠶᠯᠡᠰ ᠴᠣᠭᠴᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠳᠠᠯ ᠦᠶᠯᠡᠰ ᠴᠣᠭᠴᠠᠯᠠᠬᠤ ᠶᠢ ᠲᠡᠳᠬᠦᠬᠦ | ᠡᠷᠴᠢᠮ ᠢᠶᠠᠨ ᠴᠢᠩᠭᠠᠷᠠᠭᠤᠯᠤᠨ᠂ ᠬᠤᠲᠠ ᠬᠥᠳᠡᠭᠡ ᠶᠢᠨ ᠬᠥᠳᠡᠯᠮᠦᠷᠢᠴᠢᠳ ᠤᠨ ᠰᠢᠨ᠎ᠡ ᠠᠵᠤ ᠠᠬᠤᠶ᠂ ᠰᠢᠨ᠎ᠡ | ᠠᠵᠤ ᠦᠶᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠣᠭᠤᠷᠢᠨ ᠳᠤ ᠠᠳᠠᠯ ᠦᠶᠯᠡᠰ ᠴᠣᠭᠴᠠᠯᠠᠬᠤ | ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠨᠠᠩ ᠢᠯᠡᠭᠦᠤ ᠠᠮᠢᠵᠢᠷᠠᠯ ᠤᠨ ᠬᠦᠴᠦᠨ ᠲᠠᠢ ᠠᠳᠠᠯ ᠦᠶᠯᠡᠰ | ᠴᠣᠭᠴᠠᠯᠠᠬᠤ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ︾ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠬᠤ᠂ ᠤᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠵᠡᠷᠭᠡᠪᠡᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ ᠳᠠᠬᠢ ᠬᠥᠳᠡᠯᠮᠦᠷᠢ ᠶᠢᠨ ᠬᠥᠯᠥᠰᠥ | ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠴᠠᠯᠢᠩ ᠤᠨ ᠲᠦᠷᠢᠮ ᠢ ᠲᠡᠭᠦᠯᠳᠡᠷᠵᠢᠭᠦᠯᠦᠨ᠂ ᠴᠠᠯᠢᠩ ᠢ | ᠵᠦᠢ ᠵᠣᠬᠢᠰᠲᠠᠶ ᠪᠠᠷ ᠨᠡᠮᠡᠭᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠬᠠᠮᠲᠤᠯᠢᠭ ᠤᠨ | ᠣᠷᠣᠯᠭ᠎ᠠ ᠶᠢ ᠬᠦᠴᠦ ᠲᠠᠯᠪᠢᠨ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠥᠷᠭᠡᠳᠬᠡᠨ᠎ᠡ | ᠃ ᠠᠵᠤ ᠠᠬᠤᠶᠢᠯᠠᠯ ᠤᠨ ᠴᠠᠯᠢᠩ ᠢ ᠬᠠᠮᠲᠤᠪᠠᠷ ᠵᠥᠪᠳᠡᠯᠴᠡᠬᠦ ᠶᠢ ᠥᠷᠨᠢᠭᠦᠯᠵᠦ᠂ ᠠᠵᠢᠯᠲᠠᠨ ᠠᠵᠢᠯᠴᠢᠨ ᠤ | ᠴᠠᠯᠢᠩ ᠤᠨ ᠣᠷᠣᠯᠭ᠎ᠠ ᠶᠢ ᠳᠡᠭᠡᠭᠰᠢᠯᠡᠭᠦᠯᠦᠨ᠂ ᠠᠯᠪᠠᠨ ᠪᠠᠶᠢᠭᠤᠯᠤᠯᠭ᠎ᠠ ᠠᠵᠢᠯ ᠦᠶᠯᠡᠰ ᠤᠨ ᠨᠢᠭᠡᠴᠡ ᠶᠢᠨ | ᠠᠵᠢᠯᠲᠠᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠤᠯᠤᠰ ᠤᠨ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ | ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠤ ᠲᠠᠷᠢᠶᠠᠯᠠᠩ | ᠮᠠᠯ ᠠᠵᠤ ᠠᠬᠤᠶ ᠶᠢᠨ ᠠᠵᠤ ᠦᠶᠯᠡᠰᠵᠢᠭᠰᠡᠨ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠮᠠᠯᠴᠢᠨ | ᠲᠠᠷᠢᠶᠠᠴᠢᠨ ᠤ ᠡᠯᠧᠮᠧᠨ᠋ᠲ ᠢᠶᠠᠷ ᠬᠤᠪᠢᠶᠠᠷᠢᠯᠠᠬᠤ ᠲᠦᠷᠦ ᠶᠢᠨ ᠪᠤᠳᠤᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ | ᠲᠦᠷᠦᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠬᠥᠯᠥᠰᠥ ᠣᠯᠭᠤᠮᠵᠢ ᠶᠢ ᠵᠠᠬ᠎ᠠ ᠳᠡᠯᠭᠡᠭᠦᠷ ᠠᠴᠠ ᠲᠣᠭᠲᠠᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠠᠵᠠᠷ ᠰᠢᠷᠣᠶ᠂ ᠬᠦᠷᠦᠩᠭᠡ ᠵᠡᠷᠭᠡ ᠡᠯᠧᠮᠧᠨ᠋ᠲ ᠤᠨ ᠬᠡᠷᠡᠭᠯᠡᠬᠦ ᠡᠷᠬᠡ᠂ ᠠᠰᠢᠭ | ᠤᠯᠬᠤ ᠡᠷᠬᠡ ᠪᠠᠷ ᠳᠠᠮᠵᠢᠭᠤᠯᠤᠨ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠡᠯᠧᠮᠧᠨ᠋ᠲ ᠤᠨ ᠣᠷᠣᠯᠭ᠎ᠠ ᠶᠢ | ᠨᠡᠮᠡᠭᠳᠡᠭᠦᠯᠬᠦ ᠶᠢ ᠬᠠᠶᠢᠨ ᠰᠦᠪᠡᠭᠴᠢᠯᠡᠨ᠎ᠡ᠃ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ᠂ ᠨᠤᠲᠤᠭ | ᠪᠡᠯᠴᠢᠭᠡᠷ ᠤᠨ ᠱᠠᠩᠨᠠᠵᠤ ᠨᠥᠬᠦᠪᠥᠷᠢ ᠥᠭᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠲᠠᠭᠠᠨ ᠡᠵᠡᠯᠡᠬᠦ᠂ ᠬᠡᠷᠡᠭᠯᠡᠬᠦ᠂ ᠠᠰᠢᠭ | ᠤᠯᠬᠤ᠂ ᠡᠷᠭᠢᠯᠳᠦᠭᠦᠯᠬᠦ ᠵᠢᠴᠢ ᠳᠠᠭᠠᠭᠠᠴᠢᠯᠠᠨ ᠡᠵᠡᠩᠨᠡᠬᠦ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ ᠬᠢᠬᠦ᠂ ᠬᠤᠪᠢ | ᠣᠷᠣᠬᠤ ᠵᠡᠷᠭᠡ ᠡᠷᠬᠡ ᠪᠠᠨ ᠬᠡᠷᠡᠭᠵᠢᠭᠦᠯᠬᠦ ᠶᠢ ᠪᠠᠲᠤᠯᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳ᠋ | ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ ᠲᠠᠬᠢᠨ ᠬᠤᠪᠢᠶᠠᠷᠢᠯᠠᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠬᠦ | ᠵᠡᠷᠭᠡ ᠶᠢ ᠲᠣᠬᠢᠷᠠᠭᠤᠯᠬᠤ ᠡᠷᠴᠢᠮ ᠪᠠ ᠨᠠᠷᠢᠯᠢᠭ ᠣᠨᠣᠴᠠᠲᠠᠶ ᠴᠢᠨᠠᠷ ᠢ ᠨᠡᠮᠡᠭᠳᠡᠭᠦᠯᠵᠦ᠂ ᠭᠡᠳᠤ ᠥᠨᠳᠥᠷ | ᠣᠷᠣᠯᠭ᠎ᠠ ᠳᠤ ᠵᠦᠢ ᠵᠣᠬᠢᠰᠲᠠᠶ ᠲᠤᠬᠢᠷᠠᠭᠤᠯᠤᠯᠳᠠ ᠬᠢᠵᠦ᠂ ᠬᠠᠤᠯᠢ ᠪᠤᠰᠤ ᠣᠷᠣᠯᠭ᠎ᠠ ᠶᠢ ᠬᠤᠷᠢᠭᠯᠠᠨ᠎ᠠ᠃ | ᠭᠤᠷᠪᠠᠳᠤᠭᠠᠷ ᠤᠳᠠᠭᠠᠨ ᠤ ᠬᠤᠪᠢᠶᠠᠷᠢᠯᠠᠯᠲᠠ ᠶᠢᠨ ᠦᠢᠯᠡᠳᠦᠯ ᠢ ᠪᠠᠳᠠᠷᠠᠭᠤᠯᠵᠤ᠂ ᠨᠢᠭᠦᠯᠡᠰᠦᠩᠭᠦᠶ ᠶᠢᠨ ᠦᠢᠯᠡᠰ ᠢ | ᠬᠥᠭᠵᠢᠭᠦᠯᠵᠦ᠂ ᠣᠷᠣᠯᠭ᠎ᠠ ᠪᠠ ᠡᠳ᠋ ᠪᠠᠶᠠᠯᠢᠭ ᠤᠨ ᠬᠤᠪᠢᠶᠠᠷᠢᠯᠠᠯᠲᠠ ᠶᠢᠨ ᠪᠠᠶᠢᠷᠢᠰᠢᠯ ᠢ ᠰᠠᠶᠢᠵᠢᠷᠠᠭᠤᠯᠤᠨ᠎ᠠ᠃ | | ᠬᠤᠶᠠᠳᠤᠭᠠᠷ ᠬᠡᠰᠡᠭ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ | ᠡᠷᠬᠢᠯᠡᠨ᠎ᠠ | | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠵᠤ᠂ | ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠪᠠᠷ ᠦᠨᠳᠦᠰᠦᠨ ᠪᠠᠲᠤᠯᠠᠭ᠎ᠠ ᠪᠣᠯᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮᠵᠢ ᠶᠢ | ᠪᠠᠶᠢᠭᠤᠯᠬᠤ ᠪᠠᠷ ᠭᠤᠤᠯ ᠬᠠᠷᠠᠯᠲᠠ ᠪᠣᠯᠭᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠡᠯ᠎ᠡ ᠲᠥᠷᠥᠯ ᠤᠨ ᠢᠨᠵᠧᠨᠧᠷᠢᠩ ᠤᠨ ᠲᠥᠷᠥᠯ ᠵᠦᠶᠯ | ᠪᠠ ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠪᠠᠲᠤᠳᠬᠠᠨ᠎ᠠ᠃ | | ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠪᠥᠬᠦ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠪᠠ ᠬᠡᠤᠬᠡᠳ ᠤᠨ ᠴᠡᠴᠡᠷᠯᠢᠭ ᠡᠷᠭᠢᠯᠡᠬᠦ | ᠪᠠᠶᠢᠭᠤᠯᠤᠯ ᠢ ᠲᠡᠭᠦᠯᠳᠡᠷᠵᠢᠭᠦᠯᠵᠦ᠂ ᠡᠬᠢ ᠪᠠᠶᠠᠯᠢᠭ ᠢᠶᠠᠷ ᠬᠠᠷᠢᠴᠠᠩᠭᠤᠶ ᠳᠤᠲᠠᠮᠠᠭ᠂ ᠠᠯᠪᠠᠨ ᠠᠴᠠ ᠬᠡᠤᠬᠡᠳ ᠤᠨ | ᠴᠡᠴᠡᠷᠯᠢᠭ ᠡᠷᠭᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠵᠦ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠴᠢᠭᠯᠡᠯ ᠳᠠᠰᠢ ᠬᠥᠭᠵᠢᠬᠦ ᠶᠢ | ᠳᠡᠮᠵᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ | ᠳᠡᠭᠡᠭᠰᠢᠯᠡᠭᠦᠯᠦᠨ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠰᠢᠨᠵᠢᠯᠡᠬᠦ | ᠤᠬᠠᠭᠠᠨᠴᠢ ᠪᠠᠷ ᠠᠰᠠᠷᠠᠨ ᠬᠥᠮᠦᠵᠢᠭᠦᠯᠦᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ | ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ 97% ᠠᠴᠠ ᠳᠡᠭᠡᠭᠰᠢ ᠳᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠵᠤ᠂ | ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠬᠤᠳᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ | ᠵᠥᠷᠢᠶ᠎ᠡ ᠶᠢ ᠪᠠᠭᠠᠰᠬᠠᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 99% ᠠᠴᠠ ᠳᠡᠭᠡᠭᠰᠢ | ᠪᠠᠶᠢᠯᠭᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠨᠴᠠᠯᠢᠬᠳᠤ ᠰᠤᠷᠭᠠᠭᠤᠯᠢ ᠡᠷᠬᠢᠯᠡᠬᠦ᠂ | ᠤᠯᠠᠨ ᠶᠠᠩᠵᠤᠴᠢᠯᠠᠬᠰᠠᠨ ᠬᠥᠭᠵᠢᠯᠲᠡ ᠶᠢ ᠲᠦᠯᠬᠢᠨ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠨᠴᠣᠭᠤᠶ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠷᠡᠭᠦᠯᠵᠢᠯ ᠤᠨ ᠪᠡᠯᠡᠳᠬᠡᠮᠵᠢ ᠶᠢ ᠪᠥᠬᠦ | ᠲᠠᠯ᠎ᠠ ᠪᠠᠷ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠡᠷᠡᠭᠦᠯᠵᠢᠯ ᠤᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠂ | ᠵᠡᠮᠳᠡᠭ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠪᠠᠲᠤᠯᠠᠨ᠎ᠠ᠃ ᠰᠤᠷᠭᠠᠭᠤᠯᠢ᠂ ᠭᠡᠷ ᠪᠦᠯᠢ ᠪᠠ | ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ | ᠰᠠᠶᠢᠵᠢᠷᠠᠭᠤᠯᠤᠨ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠢ ᠲᠦᠯᠬᠢᠨ | ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠡᠯ᠎ᠡ ᠲᠦᠷᠦᠯ ᠤᠨ ᠬᠢᠴᠢᠶᠡᠯ ᠢ ᠪᠦᠷᠢᠨ ᠭᠦᠢᠴᠡᠳ | ᠨᠡᠭᠡᠭᠡᠵᠦ᠂ ᠪᠡᠶ᠎ᠡ ᠶᠢᠨ ᠲᠠᠮᠢᠷ ᠤᠨ ᠬᠢᠴᠢᠶᠡᠯ᠂ ᠤᠷᠠᠯᠢᠭ ᠤᠨ ᠬᠢᠴᠢᠶᠡᠯ᠂ ᠬᠥᠳᠡᠯᠮᠦᠷᠢ ᠶᠢᠨ ᠬᠥᠮᠦᠵᠢᠯ ᠤᠨ | ᠬᠢᠴᠢᠶᠡᠯ ᠢ ᠰᠠᠶᠢᠲᠤᠷ ᠰᠤᠷᠤᠯᠴᠠᠵᠤ᠂ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠪᠠᠷ ᠵᠣᠬᠢᠴᠠᠩᠭᠤᠢ ᠪᠠᠷ | ᠬᠥᠭᠵᠢᠬᠦ ᠶᠢ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ᠂ ᠣᠷᠴᠢᠨ ᠲᠣᠭᠤᠷᠢᠨ ᠢᠷᠠᠭᠤ | ᠰᠠᠶᠢᠬᠠᠨ ᠨᠣᠮ ᠤᠩᠰᠢᠵᠤ ᠬᠥᠮᠦᠨ ᠢ ᠬᠥᠮᠦᠵᠢᠭᠦᠯᠬᠦ ᠣᠷᠴᠢᠨ ᠲᠣᠭᠤᠷᠢᠨ ᠢ ᠪᠦᠷᠢᠯᠳᠦᠭᠦᠯᠦᠨ᠎ᠡ᠃ | | ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠦᠷᠭᠦᠯᠵᠢᠯᠡᠬᠦ ᠰᠤᠷᠭᠠᠨ ᠬᠥᠮᠦᠵᠢᠯ ᠢ | ᠶᠡᠬᠡᠪᠡᠷ ᠬᠥᠭᠵᠢᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ | ᠪᠣᠯᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ | ᠣᠳᠣᠬᠢᠴᠢᠯᠠᠭᠰᠠᠨ ᠬᠡᠷᠡᠭᠯᠡᠭᠡᠨ ᠤ ᠮᠡᠷᠭᠡᠵᠢᠯ ᠪᠣᠯᠤᠨ ᠮᠡᠷᠭᠡᠵᠢᠯ ᠤᠨ ᠴᠢᠳᠠᠪᠤᠷᠢ ᠶᠢᠨ ᠮᠠᠶ᠋ᠢᠭ ᠤᠨ ᠶᠡᠭᠡ ᠳᠡᠭᠡᠳᠦ | ᠰᠤᠷᠭᠠᠭᠤᠯᠢ ᠶᠢ ᠪᠥᠳᠥᠭᠡᠨ ᠪᠠᠶᠢᠭᠤᠯᠵᠤ᠂ ᠨᠢᠭᠡ ᠪᠦᠯᠦᠭ ᠥᠨᠳᠥᠷ ᠬᠢᠷᠢ ᠬᠡᠮᠵᠢᠶ᠎ᠡ ᠲᠠᠢ ᠤᠨᠴᠠᠯᠢᠬᠳᠤ ᠲᠤᠰᠬᠠᠶ | ᠮᠡᠷᠭᠡᠵᠢᠯ ᠢ ᠪᠠᠶᠢᠭᠤᠯᠤᠨ ᠪᠦᠲᠦᠭᠡᠵᠦ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠤᠶᠠᠯᠳᠤᠭᠤᠯᠬᠤ᠂ | ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ᠂ ᠰᠤᠷᠭᠠᠭᠤᠯᠢ ᠪᠠ ᠰᠤᠷᠭᠠᠭᠤᠯᠢ ᠬᠠᠮᠲᠤᠷᠠᠯᠴᠠᠬᠤ ᠶᠢ | ᠭᠦᠨᠵᠡᠭᠡᠶᠢᠷᠡᠭᠦᠯᠦᠨ᠂ ᠰᠤᠷᠤᠭᠴᠢᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠴᠢᠳᠠᠪᠤᠷᠢ ᠶᠢ ᠲᠠᠰᠤᠷᠠᠯᠳᠠ | ᠥᠭᠡᠢ ᠳᠡᠭᠡᠭᠰᠢᠯᠡᠭᠦᠯᠦᠨ᠎ᠡ᠃ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠪᠠᠶᠢᠷᠢᠰᠢᠯ ᠪᠠ ᠴᠢᠳᠠᠪᠤᠷᠢᠲᠠᠨ ᠢ | ᠬᠥᠮᠦᠵᠢᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ︽ᠬᠤᠣᠰ ᠬᠢᠷᠢ ᠬᠡᠮ ᠲᠠᠢ ᠪᠠᠭᠰᠢ ᠶᠢᠨ ᠬᠡᠯᠪᠡᠷᠢ︾ ᠶᠢᠨ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠯᠲᠠ ᠶᠢᠨ ᠠᠵᠢᠯᠯᠠᠭ᠎ᠠ | ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ | ᠰᠤᠷᠭᠠᠯᠲᠠ ᠳᠤ ᠬᠠᠮᠤᠷᠤᠭᠤᠯᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ᠂ ᠰᠤᠷᠭᠠᠭᠤᠯᠢ ᠶᠢᠨ ᠰᠤᠷᠭᠠᠨ | ᠬᠥᠮᠦᠵᠢᠯ ᠪᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠲᠤ ᠪᠠᠷ ᠬᠥᠭᠵᠢᠬᠦ ᠶᠢ ᠲᠦᠯᠬᠢᠨ | ᠠᠬᠢᠭᠤᠯᠵᠤ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠨᠠᠰᠤᠨ ᠲᠤᠷᠰᠢᠳᠠ ᠰᠤᠷᠤᠯᠴᠠᠬᠤ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ | | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠤ ︽ | ᠰᠠᠭᠠᠳ ᠥᠬᠡᠶ ᠨᠡᠪᠲᠡᠷᠡᠬᠦ ᠵᠠᠮ︾ ᠢ ᠰᠠᠭᠠᠳ ᠥᠬᠡᠶ ᠨᠡᠪᠲᠡᠷᠡᠭᠦᠯᠵᠦ᠂ ᠬᠤᠪᠣᠷ ᠴᠤᠬᠠᠭ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠵᠠᠮᠴᠢᠯᠠᠭᠴᠢ ᠰᠤᠷᠭᠠᠭᠤᠯᠢ ᠶᠢᠨ ᠵᠠᠬᠢᠷᠤᠯ᠂ ᠰᠢᠯᠭᠠᠷᠠᠭᠰᠠᠨ | ᠪᠠᠭᠰᠢ︾ ᠶᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠢᠭᠡᠨ ᠰᠠᠯᠠᠭ᠎ᠠ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ | ᠪᠠᠭᠰᠢ ᠶᠢ ᠬᠢᠨᠠᠨ ᠰᠢᠯᠭᠠᠵᠤ ᠤᠷᠮᠠᠰᠢᠭᠤᠯᠤᠨ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ ᠡᠷᠬᠡ ᠠᠰᠢᠭ ᠪᠠ ᠬᠠᠷᠠᠭᠠᠯᠵᠠᠯ ᠢ | ᠬᠠᠤᠯᠢ ᠶᠣᠰᠣᠭᠠᠷ ᠪᠠᠲᠤᠯᠠᠨ᠎ᠠ᠃ | | ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠢᠨᠠᠨ ᠬᠠᠮᠢᠶᠠᠷᠬᠤ ᠠᠷᠭ᠎ᠠ ᠬᠡᠯᠪᠡᠷᠢ ᠪᠠ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠤᠴᠢᠷ ᠶᠠᠪᠤᠳᠠᠯ ᠤᠨ ᠳᠤᠮᠳᠠᠬᠢ | ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠶᠣᠰᠣᠭᠠᠷ ᠰᠤᠷᠭᠠᠨ | ᠬᠥᠮᠦᠵᠢᠯ ᠢ ᠵᠠᠰᠠᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠶᠣᠰᠣ ᠰᠤᠷᠲᠠᠬᠤᠨ ᠤ ᠬᠥᠮᠦᠵᠢᠯ ᠤᠨ | ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠣᠨᠣᠯ ᠤᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠬᠦᠰᠡᠯᠡᠩ | ᠢᠲᠡᠭᠡᠯ ᠵᠣᠷᠢᠭ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ᠂ ᠳᠤᠮᠳᠠᠳᠤ ᠶᠢᠨ ᠰᠢᠯᠢᠳᠡᠭ ᠰᠣᠶᠣᠯ | ᠂ ᠠᠮᠢ ᠠᠬᠤᠶ ᠶᠢᠨ ᠪᠣᠯᠪᠠᠰᠤᠨ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ | ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠢᠯᠭᠠᠯᠲᠠ ᠬᠢᠵᠦ | ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠴᠠᠭ ᠦᠶ᠎ᠡ ᠶᠢᠨ ᠳᠤᠮᠳᠠᠳᠤ | ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ | ᠳᠡᠮᠵᠢᠵᠦ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢ ᠵᠢᠷᠤᠮᠵᠢᠭᠤᠯᠤᠨ᠎ᠠ᠃ ᠰᠤᠷᠤᠯᠴᠠᠬᠤ | ᠮᠠᠶ᠋ᠢᠭ ᠤᠨ ᠨᠡᠶᠢᠭᠡᠮ ᠢ ᠪᠠᠶᠢᠭᠤᠯᠵᠤ᠂ ᠨᠠᠰᠤᠨ ᠲᠤᠷᠰᠢᠳᠠ ᠰᠤᠷᠤᠯᠴᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠭᠠᠳᠠᠭᠠᠳᠤ ᠯᠤᠭ᠎ᠠ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ ᠥᠷᠭᠡᠳᠬᠡᠨ᠎ᠡ᠃ | | | ᠭᠤᠷᠪᠠᠳᠤᠭᠠᠷ ᠬᠡᠰᠡᠭ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠦᠨ᠎ᠡ | | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠶᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠪᠡᠯᠡᠳᠬᠡᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠰᠤᠮᠤ ᠪᠠᠯᠭᠠᠰᠤ ᠳᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ | ᠢ ᠪᠥᠬᠦ ᠲᠠᠯ᠎ᠠ ᠪᠠᠷ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠶᠯᠡᠰ ᠤᠨ | ᠨᠢᠭᠡᠴᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠰᠦᠶᠳᠬᠡᠯ ᠬᠤᠷᠢᠶᠠᠬᠤ ᠥᠬᠡᠶ ᠪᠤᠶᠤ | ᠳᠣᠤᠷ᠎ᠠ ᠰᠦᠶᠳᠬᠡᠯ ᠬᠤᠷᠢᠶᠠᠵᠤ ᠪᠠᠶᠢᠭᠠᠳ ᠠᠵᠢᠯ ᠤᠨ ᠳᠤᠮᠳᠠᠬᠢ ᠪᠡᠶ᠎ᠡ ᠴᠢᠭᠢᠷᠠᠭᠵᠢᠭᠤᠯᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠭᠠᠴᠠᠭ᠎ᠠ ᠲᠣᠰᠬᠤᠨ᠂ | ᠨᠡᠶᠢᠭᠡᠮ ᠲᠣᠭᠤᠷᠢᠭ ᠳᠠᠰᠢ ᠤᠷᠲᠤᠳᠬᠠᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ | ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠤᠶᠠᠯᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ | | ᠤᠷᠤᠯᠳᠤᠭᠠᠨ ᠤ ᠪᠡᠶ᠎ᠡ ᠶᠢᠨ ᠲᠠᠮᠢᠷ ᠢ ᠶᠡᠬᠡᠪᠡᠷ ᠬᠥᠭᠵᠢᠭᠦᠯᠦᠨ᠎ᠡ᠃ ︽ᠱᠠᠩᠨᠠᠬᠤ ᠪᠠᠷ ᠲᠤᠰᠠᠯᠠᠬᠤ ᠶᠢ | ᠣᠷᠣᠯᠠᠭᠤᠯᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ | ᠬᠦᠴᠦᠨ ᠤ ᠪᠡᠯᠡ ᠣᠷᠣᠭᠤᠯᠵᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠤᠷᠤᠯᠳᠤᠭᠠᠨ ᠤ | ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠶ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠳᠠᠪᠠᠭᠤᠯᠢᠭ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠦᠨ᠂ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠳᠠᠭᠠᠭᠤᠯᠤᠭᠴᠢ ᠪᠣᠯᠭᠠᠭᠰᠠᠨ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠢᠶᠠᠷ ᠭᠤᠤᠯ ᠴᠣᠭᠴᠠ | ᠪᠣᠯᠭᠠᠭᠰᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠤᠯᠪᠣᠭᠠᠲᠤ ᠤᠷᠤᠯᠳᠤᠭᠠᠨ ᠪᠠ | ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠢᠶᠠᠷ ᠰᠠᠭᠤᠷᠢ ᠪᠣᠯᠭᠠᠭᠰᠠᠨ ᠤᠷᠤᠯᠳᠤᠭᠠᠨ ᠤ | ᠰᠢᠰᠲ᠋ᠧᠮᠵᠢ ᠶᠢ ᠪᠠᠶᠢᠭᠤᠯᠤᠨ᠎ᠠ᠃ | | ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠡᠶ᠎ᠡ ᠶᠢᠨ ᠲᠠᠮᠢᠷ | ᠤᠨ ᠡᠵᠡᠩᠨᠡᠯᠲᠡ ᠶᠢᠨ ᠪᠣᠳᠠᠲᠤ ᠴᠣᠭᠴᠠ ᠶᠢ ᠶᠡᠬᠡᠪᠡᠷ ᠪᠤᠶᠢᠵᠢᠭᠤᠯᠤᠨ᠎ᠠ᠃ ᠠᠯᠠᠱᠠ ᠶᠢᠨ ᠪᠠᠭᠠᠲᠤᠷᠴᠤᠳ ᠤᠨ | ᠴᠤᠭᠯᠠᠭᠠᠨ᠂ ᠲᠡᠮᠡᠭᠡᠨ ᠤ ᠨᠠᠭᠠᠳᠤᠮ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠪᠡᠶ᠎ᠡ ᠶᠢᠨ ᠲᠠᠮᠢᠷ ᠤᠨ | ᠪᠦᠲᠦᠭᠡᠭᠳᠡᠬᠦᠨ ᠤ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠵᠦ᠂ ᠪᠡᠶ᠎ᠡ ᠶᠢᠨ ᠲᠠᠮᠢᠷ ᠤᠨ ᠰᠤᠷᠭᠠᠯᠲᠠ᠂ | ᠤᠬᠠᠭᠠᠯᠠᠨ ᠰᠡᠳᠦᠬᠦ᠂ ᠠᠰᠠᠭᠤᠨ ᠯᠠᠪᠯᠠᠬᠤ᠂ ᠵᠠᠭᠤᠴᠢᠯᠠᠬᠤ᠂ ᠡᠵᠡᠩᠨᠡᠨ ᠪᠣᠷᠣᠯᠠᠭᠤᠯᠬᠤ ᠵᠡᠷᠭᠡ ᠪᠡᠶ᠎ᠡ ᠶᠢᠨ ᠲᠠᠮᠢᠷ ᠤᠨ | ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ︽ᠪᠡᠶ᠎ᠡ ᠶᠢᠨ ᠲᠠᠮᠢᠷ ᠪᠠ | ᠵᠢᠭᠤᠯᠴᠢᠯᠠᠯ ᠤᠨ ᠠᠭᠤᠰᠤᠯᠴᠠᠯ︾ ᠤᠨ ᠭᠦᠨᠵᠡᠭᠡᠶ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠨᠥᠬᠦᠴᠡᠯ ᠲᠠᠢ ᠬᠤᠰᠢᠭᠤ ᠲᠣᠭᠤᠷᠢᠭ ᠨᠢ ᠬᠤᠲᠠ ᠶᠢᠨ ᠪᠡᠶ᠎ᠡ ᠶᠢᠨ ᠲᠠᠮᠢᠷ ᠤᠨ ᠦᠶᠯᠡᠴᠢᠯᠡᠭᠡᠨ ᠤ ᠶᠡᠷᠦᠩᠬᠡᠶᠢᠯᠡᠭᠰᠡᠨ | ᠴᠣᠭᠴᠠ ᠪᠠᠶᠢᠭᠤᠯᠬᠤ ᠶᠢ ᠵᠣᠷᠢᠭᠵᠢᠭᠤᠯᠤᠨ᠎ᠠ᠃ | | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ᠬᠦᠯ ᠪᠥᠮᠪᠥᠭᠡᠨ ᠨᠡᠶᠢᠭᠡᠮᠯᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠦᠯ ᠪᠥᠮᠪᠦᠭᠡ ᠶᠢᠨ ᠲᠠᠯᠠᠪᠤᠷ ᠭᠠᠵᠠᠷ ᠤᠨ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠥᠯ ᠪᠥᠮᠪᠦᠭᠡ ᠶᠢᠨ | ᠠᠵᠢᠯᠯᠠᠭ᠎ᠠ ᠶᠢ ᠪᠠᠶᠠᠯᠢᠭᠵᠢᠭᠤᠯᠤᠨ᠂ ᠬᠥᠯ ᠪᠥᠮᠪᠦᠭᠡ ᠶᠢᠨ ᠲᠤᠰᠬᠠᠶ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ | ᠠᠬᠢᠭᠤᠯᠤᠨ᠎ᠠ᠃ | | ᠳᠥᠷᠪᠡᠳᠦᠭᠡᠷ ᠬᠡᠰᠡᠭ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ | | ᠣᠳᠣᠬᠢᠴᠢᠯᠠᠭᠰᠠᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ | ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ | ᠪᠠᠶᠢᠭᠤᠯᠤᠯᠲᠠ ᠶᠢ ᠠᠬᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠯᠠᠨ ᠤ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ | ᠬᠠᠩᠭᠠᠵᠤ᠂ ᠤᠯᠠᠨ ᠨᠡᠶᠢᠲᠡ ᠶᠢᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠠᠴᠠᠭ᠎ᠠ | ᠲᠣᠰᠬᠤᠨ ᠢᠶᠠᠷ ᠦᠨᠳᠦᠰᠦ ᠪᠣᠯᠭᠠᠭᠰᠠᠨ᠂ ᠰᠤᠮᠤ ᠪᠠᠯᠭᠠᠰᠤ ᠪᠠᠷ ᠰᠠᠭᠤᠷᠢ ᠪᠣᠯᠭᠠᠭᠰᠠᠨ᠂ ᠠᠶᠢᠮᠠᠭ ᠬᠤᠰᠢᠭᠤᠨ ᠤ | ᠪᠠᠶᠢᠭ᠎ᠠ ᠭᠠᠵᠠᠷ ᠢᠶᠠᠷ ᠵᠢᠱᠢᠶ᠎ᠡ ᠦᠵᠡᠭᠦᠯᠦᠭᠰᠡᠨ ᠪᠠᠷᠢᠮᠵᠢᠶᠠᠵᠢᠭᠤᠯᠤᠭᠰᠠᠨ᠂ ᠠᠳᠠᠯᠢ ᠲᠡᠭᠰᠢ ᠪᠣᠯᠭᠠᠭᠰᠠᠨ᠂ | ᠵᠢᠷᠤᠮᠵᠢᠭᠰᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠣᠤᠷ ᠰᠦᠯᠵᠢᠶ᠎ᠡ ᠶᠢ | ᠪᠠᠶᠢᠭᠤᠯᠤᠨ ᠪᠦᠷᠢᠨᠰᠢᠭᠦᠯᠦᠨ᠎ᠡ᠃ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠣᠯᠠᠨ ᠨᠡᠶᠢᠲᠡ ᠶᠢᠨ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ ᠢ ᠰᠦᠶᠳᠬᠡᠯ | ᠬᠤᠷᠢᠶᠠᠬᠤ ᠥᠬᠡᠶ ᠪᠠᠷ ᠨᠡᠭᠡᠭᠡᠬᠦ ᠠᠵᠢᠯ ᠢ ᠲᠡᠭᠦᠯᠳᠡᠷᠵᠢᠭᠦᠯᠵᠦ᠂ ᠲᠣᠭᠤᠷᠢᠨ ᠦᠵᠡᠬᠦ᠂ ᠤᠩᠰᠢᠬᠤ᠂ ᠰᠤᠷᠭᠠᠯᠲᠠ ᠳᠤ | ᠬᠠᠮᠤᠷᠤᠭᠤᠯᠬᠤ᠂ ᠳᠡᠯᠭᠡᠨ ᠦᠵᠡᠭᠦᠯᠬᠦ ᠵᠡᠷᠭᠡ ᠦᠨᠳᠦᠰᠦᠨ ᠦᠶᠯᠡᠴᠢᠯᠡᠭᠡ ᠶᠢ ᠬᠠᠩᠭᠠᠨ᠎ᠠ᠃ ᠡᠯ᠎ᠡ ᠰᠣᠶᠣᠯ ᠤᠨ | ᠲᠠᠯᠠᠪᠤᠷ ᠣᠷᠳᠣᠨ ᠤ ᠣᠯᠠᠨ ᠨᠡᠶᠢᠲᠡ ᠶᠢᠨ ᠰᠣᠶᠣᠯ ᠤᠨ ᠲᠣᠭᠠᠴᠢᠯᠠᠭᠰᠠᠨ ᠦᠶᠯᠡᠴᠢᠯᠡᠭᠡᠨ ᠤ ᠪᠠᠶᠢᠭᠤᠯᠤᠯᠲᠠ ᠶᠢ | ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠣᠶᠤᠨᠴᠢ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠣᠯᠠᠨ ᠨᠡᠶᠢᠲᠡ ᠶᠢᠨ ᠰᠣᠶᠣᠯ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯᠯᠠᠭ᠎ᠠ ᠶᠢᠨ ᠲᠠᠪᠴᠠᠩ ᠢ | ᠢᠳᠡᠪᠬᠢᠲᠡᠶ ᠪᠠᠶᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︽ | ᠲᠣᠪᠶᠤᠭ ᠤᠨ ᠮᠠᠶ᠋ᠢᠭ︾ ︽ᠵᠠᠬᠢᠶᠠᠯᠠᠭ᠎ᠠ ᠶᠢᠨ ᠮᠠᠶ᠋ᠢᠭ︾ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠶᠢ | ᠬᠡᠷᠡᠭᠵᠢᠭᠦᠯᠦᠨ᠎ᠡ᠃ ᠨᠢᠭᠡ ᠪᠦᠯᠦᠭ ᠰᠢᠯᠢᠳᠡᠭ ᠵᠣᠬᠢᠶᠠᠯᠴᠢ᠂ ᠤᠷᠠᠯᠢᠭᠴᠢᠨ᠂ ᠪᠦᠲᠦᠭᠡᠯᠴᠢ ᠵᠣᠬᠢᠶᠠᠨ ᠪᠦᠲᠦᠭᠡᠯᠭᠡ | ᠵᠡᠷᠭᠡ ᠰᠢᠨ᠎ᠡ ᠶᠢ ᠡᠭᠦᠳᠬᠦ ᠴᠢᠳᠠᠪᠤᠷᠢᠲᠠᠨ ᠢ ᠲᠡᠳᠬᠦᠵᠦ᠂ ᠨᠢᠭᠡ ᠪᠦᠯᠦᠭ ᠴᠠᠭ ᠦᠶ᠎ᠡ ᠶᠢᠨ ᠮᠡᠳᠡᠷᠡᠮᠵᠢ ᠪᠠᠷ ᠴᠢᠩᠭ᠎ᠠ | ᠂ ᠦᠨᠳᠦᠰᠦᠲᠡᠨ ᠤ ᠬᠡᠪ ᠨᠠᠮᠪᠠ ᠪᠠᠷ ᠵᠤᠵᠠᠭᠠᠨ᠂ ᠣᠨᠴᠠᠯᠢᠭ ᠢᠶᠠᠷ ᠢᠯᠡ ᠲᠣᠳᠣ᠂ ᠤᠷᠠᠯᠢᠭ ᠤᠨ ᠬᠢᠷᠢ | ᠲᠦᠪᠰᠢᠨ ᠢᠶᠠᠷ ᠥᠨᠳᠥᠷ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠭᠠᠷᠭᠠᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠰᠣᠶᠣᠯ ᠤᠨ ᠦᠢᠯᠡᠳᠬᠦᠨ ᠪᠠ | ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠤᠨ ᠤᠯᠠᠭᠠᠨᠮᠥ᠋ᠴᠢᠷ ᠤᠨ | ᠠᠵᠢᠯ ᠦᠶᠯᠡᠰ ᠤᠨ ᠪᠥᠬᠦ ᠲᠠᠯ᠎ᠠ ᠪᠠᠷ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠤᠯᠠᠮᠵᠢᠯᠠᠯᠲᠤ ᠵᠠᠭᠤᠴᠢᠯᠠᠭᠤᠷ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠨᠢᠭᠡ ᠪᠦᠯᠦᠭ ᠣᠷᠣᠨ | ᠨᠤᠲᠤᠭ ᠤᠨ ᠣᠨᠴᠠᠯᠢᠭ ᠲᠠᠢ᠂ ᠤᠯᠠᠨ ᠵᠠᠭᠤᠴᠢᠯᠠᠭᠤᠷ ᠢ ᠠᠭᠤᠰᠤᠯᠴᠠᠭᠤᠯᠤᠭᠰᠠᠨ᠂ ᠪᠦᠯᠦᠭᠵᠢᠭᠦᠯᠦᠨ | ᠬᠥᠭᠵᠢᠭᠦᠯᠦᠭᠰᠡᠨ ᠣᠳᠣᠬᠢᠴᠢᠯᠠᠭᠰᠠᠨ ᠰᠢᠨ᠎ᠡ ᠵᠠᠭᠤᠴᠢᠯᠠᠭᠤᠷ ᠤᠨ ᠠᠵᠤ ᠦᠢᠯᠡᠰ ᠢ ᠡᠭᠦᠳᠴᠦ᠂ ᠤᠨᠴᠠᠯᠢᠭᠳᠤ | ᠰᠣᠶᠣᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠤᠯᠠᠮ ᠴᠢᠨᠠᠭᠰᠢᠳᠠ ᠠᠬᠢᠭᠤᠯᠤᠨ᠎ᠠ᠃ | | ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠰᠢᠰᠲ᠋ᠧᠮ ᠢ ᠴᠢᠩᠭᠠᠳᠬᠠᠨ᠎ᠠ᠃ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ | ᠬᠠᠭᠤᠴᠢ ᠰᠤᠳᠤᠯᠤᠯ ᠤᠨ ᠰᠤᠳᠤᠯᠭᠠᠨ ᠪᠠ ᠠᠮᠢᠳᠤᠯᠢᠭ ᠠᠰᠢᠭᠯᠠᠯᠲᠠ ᠶᠢ ᠴᠢᠩᠭᠠᠳᠬᠠᠵᠤ᠂ ᠬᠠᠲᠤᠨ ᠭᠤᠣᠯ ᠤᠨ | ᠰᠣᠶᠣᠯ ᠤᠨ ᠴᠡᠴᠡᠷᠯᠢᠭ᠂ ᠤᠷᠲᠤ ᠴᠠᠭᠠᠨ ᠬᠡᠷᠡᠮ ᠤᠨ ᠰᠣᠶᠣᠯ ᠤᠨ ᠴᠡᠴᠡᠷᠯᠢᠭ᠂ ᠵᠢᠤᠢ ᠶᠠᠨ ᠤ ᠪᠠᠭᠤᠷᠢ ᠶᠢᠨ | ᠤᠯᠤᠰ ᠤᠨ ᠬᠠᠭᠤᠴᠢ ᠰᠤᠳᠤᠯᠤᠯ ᠤᠨ ᠴᠡᠴᠡᠷᠯᠢᠭ᠂ ᠠᠯᠠᠱᠠ ᠶᠢᠨ ᠣᠯᠠᠨ ᠤᠯᠤᠰ ᠤᠨ ᠬᠠᠳᠠᠨ ᠵᠢᠷᠤᠭ ᠤᠨ | ᠮᠦᠽᠧᠶ ᠵᠢᠴᠢ ᠤᠨᠴᠠᠯᠢᠬᠳᠤ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠰᠣᠶᠣᠯ ᠤᠨ | ᠪᠠ ᠪᠠᠶᠢᠭᠠᠯᠢ ᠶᠢᠨ ᠥᠪ ᠢ ᠰᠢᠰᠲ᠋ᠧᠮᠲᠦ ᠴᠢᠨᠠᠷᠲᠠᠶ ᠪᠠᠷ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠬᠤᠱᠤᠳ ᠰᠣᠶᠣᠯ ᠤᠨ ᠠᠮᠢ ᠠᠬᠤᠶ ᠶᠢᠨ ᠠᠵᠤ ᠦᠶᠯᠡᠰ ᠤᠨ ᠬᠦᠷᠢᠶᠡᠯᠡᠩ ᠪᠠ | ᠡᠵᠡᠨ᠎ᠡ ᠮᠣᠩᠭᠤᠯ ᠦᠨᠳᠦᠰᠦᠲᠡᠨ ᠤ ᠰᠠᠪᠠᠷᠳᠢᠩ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ ᠪᠠ | ᠤᠯᠠᠮᠵᠢᠯᠠᠨ ᠠᠰᠢᠭᠯᠠᠬᠤ ᠶᠢ ᠴᠢᠩᠭᠠᠳᠬᠠᠨ᠎ᠠ᠃ | | ᠣᠳᠣᠬᠢᠴᠢᠯᠠᠭᠰᠠᠨ ᠰᠣᠶᠣᠯ ᠤᠨ ᠠᠵᠤ ᠦᠢᠯᠡᠰ ᠤᠨ ᠦᠢᠯᠡᠴᠢᠯᠡᠭᠡᠨ ᠤ ᠠᠷᠭ᠎ᠠ ᠪᠠᠷᠢᠯ ᠢ ᠲᠣᠭᠠᠴᠢᠯᠠᠬᠤ᠂ | ᠰᠦᠯᠵᠢᠶᠡᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠢ | ᠲᠦᠯᠬᠢᠨ ᠠᠬᠢᠭᠤᠯᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ | ᠮᠠᠶ᠋ᠢᠭ ᠤᠨ ᠭᠤᠣᠯ ᠤᠷᠤᠰᠬᠠᠯ ᠤᠨ ᠵᠠᠭᠤᠴᠢᠯᠠᠭᠤᠷ ᠢ ᠬᠦᠴᠦᠷᠬᠡᠭᠵᠢᠭᠦᠯᠦᠨ᠎ᠡ᠃ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠭᠦᠯᠵᠦ᠂ ᠪᠦᠬᠦ | ᠠᠷᠠᠳ ᠲᠤ ᠠᠰᠢᠭ ᠲᠤᠰᠠ ᠬᠦᠷᠲᠡᠭᠡᠬᠦ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠷᠠᠳᠢᠣ᠋ ᠲᠧᠯᠸᠢᠰ ᠤᠨ ᠳᠡᠭᠡᠳᠦ ᠰᠢᠨ᠎ᠡ ᠮᠡᠷᠭᠡᠵᠢᠯ ᠤᠨ ᠬᠡᠷᠡᠭᠯᠡᠭᠡᠨ ᠢ | ᠨᠡᠮᠡᠭᠳᠡᠭᠦᠯᠵᠦ᠂ ᠬᠡᠲᠦ ᠥᠨᠳᠥᠷ ᠲᠣᠳᠣ ᠬᠠᠷᠠᠭᠠᠨ ᠳᠠᠪᠲᠠᠮᠵᠢ᠂ VR/AR ᠬᠠᠷᠠᠭᠠᠨ ᠳᠠᠪᠲᠠᠮᠵᠢ ᠵᠡᠷᠭᠡ ᠳᠡᠭᠡᠳᠦ | ᠰᠢᠨ᠎ᠡ ᠦᠵᠡᠵᠦ ᠰᠣᠨᠣᠰᠬᠤ ᠠᠭᠤᠯᠭ᠎ᠠ ᠶᠢᠨ ᠬᠠᠩᠭᠠᠯᠭ᠎ᠠ ᠶᠢ ᠴᠢᠩᠭᠠᠳᠬᠠᠨ᠂ ᠷᠠᠳᠢᠣ᠋ ᠲᠧᠯᠸᠢᠰ ᠤᠨ ᠦᠶᠯᠡᠳᠴᠦ | ᠨᠡᠪᠲᠡᠷᠡᠭᠦᠯᠬᠦ ᠮᠡᠷᠭᠡᠵᠢᠯ ᠤᠨ ᠬᠡᠲᠦ ᠥᠨᠳᠥᠷ ᠲᠣᠳᠣ ᠬᠦᠷᠢᠶ᠎ᠡ ᠴᠠᠷᠠᠭ᠎ᠠ ᠳᠤ ᠬᠠᠨᠳᠤᠭᠤᠯᠤᠭᠰᠠᠨ ᠴᠢᠬᠤᠯᠠ ᠶᠡᠭᠡ | ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠦᠨ᠎ᠡ᠃ ᠪᠥᠬᠦ ᠠᠷᠠᠳ ᠢᠶᠠᠷ ᠢᠶᠠᠨ ᠨᠣᠮ ᠤᠩᠰᠢᠬᠤ ᠠᠵᠢᠯᠯᠠᠭ᠎ᠠ ᠶᠢ | ᠥᠷᠨᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢᠶᠠᠷ ᠬᠡᠪᠯᠡᠭᠳᠡᠬᠦᠨ ᠢ ᠲᠠᠷᠬᠠᠭᠠᠬᠤ ᠪᠠ ᠤᠳᠬ᠎ᠠ | ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠠᠵᠢᠯ ᠢ ᠴᠢᠩᠭᠠᠳᠬᠠᠨ᠎ᠠ᠃ ᠰᠣᠶᠣᠯ ᠤᠨ ᠵᠠᠬ᠎ᠠ ᠳᠡᠯᠭᠡᠭᠦᠷ ᠤᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠰᠣᠶᠣᠯ ᠤᠨ ᠪᠦᠲᠦᠭᠡᠭᠳᠡᠬᠦᠨ ᠤ | ᠬᠠᠩᠭᠠᠯᠭ᠎ᠠ ᠶᠢ ᠥᠷᠭᠡᠳᠬᠡᠨ᠎ᠡ᠃ ᠰᠣᠶᠣᠯ ᠤᠨ ᠠᠵᠤ ᠦᠢᠯᠡᠰ ᠢ ᠲᠣᠭᠠᠴᠢᠯᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠰᠢᠨ᠎ᠡ ᠮᠠᠶ᠋ᠢᠭ ᠤᠨ ᠰᠣᠶᠣᠯ ᠤᠨ ᠠᠵᠤ ᠠᠬᠤᠶᠢᠯᠠᠯ᠂ ᠰᠣᠶᠣᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠣᠶᠣᠯ ᠤᠨ ᠬᠡᠷᠡᠭᠯᠡᠭᠡᠨ ᠤ ᠵᠠᠭᠪᠤᠷ ᠢ ᠲᠦᠷᠭᠡᠪᠴᠢᠯᠡᠨ ᠬᠥᠭᠵᠢᠭᠦᠯᠦᠨ᠎ᠡ᠃ | | ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠵᠡᠯ ᠤᠬᠠᠮᠰᠠᠷ ᠤᠨ | ᠬᠡᠯᠪᠡᠷᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠪᠠᠷ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠡᠴᠡᠭᠯᠡᠯ ᠬᠥᠭᠵᠢᠯ ᠢ ᠲᠦᠯᠬᠢᠨ ᠠᠬᠢᠭᠤᠯᠵᠤ | ᠂ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠰᠤᠳᠤᠯᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪ | ᠪᠣᠯᠪᠠᠰᠤᠷᠠᠯ ᠪᠠ ᠶᠣᠰᠣ ᠮᠣᠷᠠᠯ ᠰᠣᠶᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠤᠷᠠᠯᠢᠭ ᠤᠨ | ᠦᠢᠯᠡᠰ ᠤᠨ ᠴᠡᠴᠡᠭᠯᠡᠯ ᠬᠥᠭᠵᠢᠯ ᠢ ᠲᠦᠯᠬᠢᠨ ᠠᠬᠢᠭᠤᠯᠵᠤ᠂ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ | ᠠᠰᠢᠭ ᠢ ᠪᠠᠲᠤᠯᠠᠨ᠎ᠠ᠃ ᠰᠣᠶᠣᠯ ᠷᠠᠳᠢᠣ᠋ ᠲᠧᠯᠸᠢᠰ ᠤᠨ ᠦᠶᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ︽ | ᠤᠶᠤᠨᠲᠤ ᠷᠠᠳᠢᠣ᠋ ᠲᠧᠯᠸᠢᠰ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠠᠳᠢᠣ᠋ | ᠲᠧᠯᠸᠢᠰ ᠤᠨ ᠣᠳᠣᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠪᠠ ᠣᠳᠣᠬᠢᠴᠢᠯᠠᠭᠰᠠᠨ ᠳᠠᠮᠵᠢᠭᠤᠯᠬᠤ | ᠪᠦᠷᠬᠦᠴᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠪᠥᠬᠦ ᠠᠶᠢᠮᠠᠭ ᠤᠨ ᠷᠠᠳᠢᠣ᠋ ᠲᠧᠯᠸᠢᠰ ᠤᠨ ᠬᠢᠨᠠᠨ | ᠬᠡᠮᠵᠢᠵᠦ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠ ᠳᠠᠮᠵᠢᠭᠤᠯᠬᠤ ᠰᠠᠴᠤᠷᠠᠭᠤᠯᠬᠤ ᠪᠦᠷᠬᠦᠴᠡ ᠶᠢᠨ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠠᠷᠠᠳ ᠲᠤ ᠠᠰᠢᠭ ᠬᠦᠷᠲᠡᠭᠡᠬᠦ ᠷᠠᠳᠢᠣ᠋ ᠲᠧᠯᠸᠢᠰ ᠤᠨ ᠣᠯᠠᠨ | ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ | ᠦᠶᠯᠡᠴᠢᠯᠡᠭᠡᠨ ᠤ ᠴᠢᠳᠠᠪᠤᠷᠢ ᠪᠠ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ | ᠵᠦᠶᠯ ᠢᠶᠠᠷ ᠵᠠᠰᠠᠨ ᠴᠡᠭᠴᠡᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ | ᠵᠢᠷᠤᠮᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ | ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ᠂ ︽ᠵᠦᠶ ᠵᠣᠬᠢᠰ ᠥᠬᠡᠶ ᠬᠢᠮᠳᠠ ᠦᠨ᠎ᠡ ᠪᠠᠷ ᠵᠢᠭᠤᠯᠴᠢᠯᠠᠬᠤ︾ | ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠪᠳᠡᠬᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠨ᠎ᠠ | ᠃ | | ᠲᠠᠪᠤᠳᠤᠭᠠᠷ ᠬᠡᠰᠡᠭ ᠡᠷᠡᠭᠦᠯ ᠡᠩᠬᠡ ᠠᠯᠠᠱᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | | ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ | ᠪᠠᠷᠢᠮᠲᠠᠯᠠᠨ᠂ ᠡᠷᠡᠭᠦᠯ ᠡᠩᠬᠡ ᠠᠯᠠᠱᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠷᠠᠳ ᠢᠷᠭᠡᠳ ᠤᠨ | ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠲᠦᠮᠡᠨ ᠳᠤ ᠪᠥᠬᠦ | ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠨ᠎ᠠ᠃ ᠪᠣᠬᠢᠷᠲᠤᠯ | ᠦᠭᠡᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠤᠯᠠᠨ ᠲᠦᠮᠡᠨᠴᠢ ᠪᠡᠶ᠎ᠡ ᠶᠢᠨ ᠲᠠᠮᠢᠷ ᠢ | ᠶᠡᠬᠡᠪᠡᠷ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠰᠢᠶᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠩᠬᠠᠨ ᠤ ᠬᠤᠭᠤᠴᠠᠭᠠᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠴᠢᠩᠭᠠᠷᠠᠭᠤᠯᠤᠨ᠂ ᠡᠮᠴᠢᠯᠡᠭᠡᠨ ᠤ ᠠᠪᠤᠷᠠᠨ ᠵᠠᠰᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ᠂ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠳᠠᠭᠠᠨ | ᠴᠢᠨᠠᠷᠲᠠᠶ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠢ | ᠢᠳᠡᠪᠬᠢᠲᠡᠶ ᠪᠠᠷ ᠤᠷᠢᠳᠴᠢᠯᠠᠨ ᠰᠡᠷᠭᠡᠶᠢᠯᠡᠵᠦ᠂ ᠡᠬᠡ ᠨᠢᠯᠬᠠᠰ ᠤᠨ ᠡᠷᠡᠭᠦᠯᠵᠢᠯ᠂ ᠣᠶᠣᠨ ᠤ ᠡᠷᠡᠭᠦᠯ ᠬᠠᠮᠠᠭᠠᠯᠠᠯ᠂ | ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠰᠠᠷᠠᠭᠤᠯ ᠪᠣᠯᠪᠠᠰᠤᠨ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠤᠬᠠᠮᠰᠠᠷ ᠪᠠ | ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠳᠠ ᠶᠢ ᠡᠭᠦᠳᠦᠨ ᠪᠠᠶᠢᠭᠤᠯᠤᠨ᠎ᠠ᠃ ᠬᠥᠬᠦᠨ ᠪᠤᠯᠴᠢᠷᠬᠠᠶ ᠶᠢᠨ ᠥᠮᠡᠨ ᠢ ᠰᠦᠶᠳᠬᠡᠯ ᠬᠤᠷᠢᠶᠠᠬᠤ ᠥᠬᠡᠶ ᠪᠠᠷ | ᠰᠢᠭᠰᠢᠨ ᠪᠠᠶᠢᠴᠠᠭᠠᠬᠤ ᠲᠥᠷᠥᠯ ᠵᠦᠶᠯ ᠢ ᠢᠳᠡᠪᠬᠢᠲᠡᠶ ᠴᠢᠷᠮᠠᠶᠢᠨ ᠣᠯᠵᠤ᠂ ᠡᠮᠡᠭᠲᠡᠶᠢᠴᠦᠳ ᠤᠨ ︽ᠬᠤᠶᠠᠷ ᠥᠮᠡᠨ︾ | ᠢ ᠪᠠᠶᠢᠴᠠᠭᠠᠬᠤ ᠬᠥᠮᠦᠰ ᠤᠨ ᠬᠠᠮᠤᠷᠬᠤ ᠨᠣᠷᠮ᠎ᠠ ᠪᠠ ᠠᠩᠬᠠᠨ ᠤ ᠬᠤᠭᠤᠴᠠᠭᠠᠨ ᠤ ᠬᠠᠮᠢᠶᠠᠷᠬᠤ ᠨᠣᠷᠮ᠎ᠠ ᠶᠢ | ᠳᠡᠭᠡᠭᠰᠢᠯᠡᠭᠦᠯᠦᠨ᠂ ᠡᠮᠡᠭᠲᠡᠶᠢᠴᠦᠳ ᠤᠨ ︽ᠬᠤᠶᠠᠷ ᠥᠮᠡᠨ︾ ᠢᠶᠠᠷ ᠥᠭᠦᠭᠰᠡᠨ ᠬᠥᠮᠦᠨ ᠤ ᠲᠤᠭ᠎ᠠ ᠶᠢ ᠠᠯᠬᠤᠮ | ᠠᠯᠬᠤᠮ ᠢᠶᠠᠷ ᠪᠠᠭᠠᠰᠬᠠᠨ᠎ᠠ᠃ ᠬᠥᠮᠦᠨ ᠪᠦᠷᠢ ᠶᠢᠨ ᠳᠤᠮᠳᠠᠴᠢ ᠵᠢᠱᠢᠭᠰᠡᠨ ᠨᠠᠰᠤᠨ ᠬᠤᠲᠤᠭ ᠢ ᠥᠪᠡᠷᠲᠡᠭᠡᠨ ᠵᠠᠰᠠᠬᠤ | ᠣᠷᠣᠨ ᠤ ᠠᠳᠠᠯᠢ ᠬᠢᠷᠢ ᠬᠡᠮᠵᠢᠶ᠎ᠡ ᠳᠤ ᠬᠦᠷᠦᠭᠦᠯᠵᠦ᠂ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ ᠶᠢᠨ ᠦᠬᠦᠯ ᠤᠨ | ᠨᠣᠷᠮ᠎ᠠ᠂ ᠨᠢᠯᠬ᠎ᠠ ᠬᠡᠤᠬᠡᠳ ᠪᠠ 5 ᠨᠠᠰᠤᠨ ᠠᠴᠠ ᠳᠣᠷᠣᠭᠰᠢᠬᠢ ᠬᠡᠤᠬᠡᠳ ᠤᠨ ᠦᠬᠦᠯ ᠤᠨ ᠨᠣᠷᠮ᠎ᠠ ᠶᠢ ᠴᠥᠮ | ᠥᠪᠡᠷᠲᠡᠭᠡᠨ ᠵᠠᠰᠠᠬᠤ ᠣᠷᠣᠨ ᠤ ᠭᠦᠶᠴᠡᠳᠬᠡᠯ ᠲᠤᠭ᠎ᠠ ᠶᠢᠨ ᠬᠡᠮᠵᠢᠭᠳᠡᠯ ᠠᠴᠠ ᠳᠣᠣᠷ᠎ᠠ ᠪᠠᠶᠢᠯᠭᠠᠨ᠎ᠠ᠃ | | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠢᠨᠠᠷ | ᠰᠠᠶᠢᠲᠠᠶ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠪᠠᠭᠤᠷᠠᠶ ᠭᠠᠵᠠᠷ ᠣᠷᠣᠨ ᠳᠠᠰᠢ ᠪᠠᠶᠢᠷᠢᠰᠢᠭᠤᠯᠬᠤ ᠶᠢ | ᠠᠬᠢᠭᠤᠯᠵᠤ᠂ ᠠᠶᠢᠮᠠᠭ ᠤᠨ ᠱᠠᠲᠤ᠂ ᠬᠤᠰᠢᠭᠤ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠪᠠᠷ ᠲᠥᠪ ᠪᠣᠯᠭᠠᠭᠰᠠᠨ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢᠶᠠᠷ ᠬᠦᠶᠰᠦ ᠪᠣᠯᠭᠠᠭᠰᠠᠨ᠂ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠥᠷᠲᠡᠭᠡ ᠪᠠᠷ ᠲᠣᠤᠷ ᠤᠨ ᠰᠠᠭᠤᠷᠢ ᠪᠣᠯᠭᠠᠭᠰᠠᠨ ᠬᠤᠲᠠ ᠬᠥᠳᠡᠭᠡ ᠶᠢᠨ ᠭᠤᠷᠪᠠᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ | ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ | ᠲᠠᠰ ᠳᠠᠪᠬᠤᠷᠭ᠎ᠠ ᠶᠢᠨ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ | ᠠᠪᠴᠢᠷᠠᠬᠤ ᠶᠢ ᠳᠣᠪᠤᠶᠢᠯᠭᠠᠨ᠂ ᠬᠠᠯᠳᠠᠪᠤᠷᠢᠲᠤ ᠡᠪᠡᠳᠴᠢᠨ᠂ ᠬᠡᠤᠬᠡᠳ ᠤᠨ ᠡᠮᠨᠡᠯᠭᠡ᠂ ᠮᠡᠳᠡᠷᠡᠯ ᠤᠨ ᠡᠷᠡᠭᠦᠯ | ᠬᠠᠮᠠᠭᠠᠯᠠᠯ᠂ ᠬᠦᠨᠳᠦ ᠡᠪᠡᠳᠴᠢᠨ ᠤ ᠡᠮᠨᠡᠯᠭᠡ ᠶᠢᠨ ᠤᠬᠠᠭᠠᠨ ᠵᠡᠷᠭᠡ ᠪᠠᠭᠤᠷᠠᠶ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠨᠴᠠᠯᠢᠭᠳᠤ ᠲᠤᠰᠬᠠᠶ ᠮᠡᠷᠭᠡᠵᠢᠯ ᠪᠠ ᠳᠠᠪᠠᠭᠤᠯᠢᠭ ᠰᠢᠨᠵᠢᠯᠡᠭᠡᠨ ᠤ | ᠰᠠᠯᠠᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠮᠢᠩᠭᠠᠨ ᠬᠥᠮᠦᠨ ᠪᠦᠷᠢ ᠳᠤ ᠨᠣᠭᠳᠠᠬᠤ | ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠲᠤᠭ᠎ᠠ ᠶᠢ 7.5 ᠳᠤ ᠬᠦᠷᠦᠭᠦᠯᠵᠦ᠂ ᠠᠵᠢᠯ | ᠡᠷᠭᠢᠯᠡᠬᠦ ︵ ᠲᠤᠰᠠᠯᠠᠭᠴᠢ︶ ᠡᠮᠴᠢ ᠶᠢᠨ ᠲᠤᠭ᠎ᠠ ᠶᠢ 4.5 ᠳᠤ ᠬᠦᠷᠦᠭᠦᠯᠦᠨ᠎ᠡ᠃ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ︽ᠣᠶᠤᠨᠴᠢ ᠡᠷᠡᠭᠦᠯ ᠠᠯᠠᠱᠠ︾ ᠶᠢᠨ | ᠮᠡᠳᠡᠭᠡ ᠵᠠᠩᠭᠢᠵᠢᠯᠲᠠ ᠶᠢᠨ ᠲᠠᠪᠴᠠᠩ ᠢᠶᠠᠷ ᠲᠦᠰᠢᠭ ᠪᠣᠯᠭᠠᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ | ᠮᠡᠨᠳᠦ︾ ᠶᠢᠨ ᠦᠶᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ | ᠬᠦᠴᠦᠨ ᠤ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠵᠣᠷᠢᠭᠵᠢᠭᠤᠯᠤᠨ ᠳᠡᠮᠵᠢᠵᠦ᠂ ᠠᠷᠠᠳ ᠲᠦᠮᠡᠨ ᠳᠤ ᠣᠯᠠᠨ | ᠶᠠᠩᠵᠤ ᠶᠢᠨ ᠡᠮᠴᠢᠯᠡᠭᠡ ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠨ᠎ᠠ᠃ ᠡᠮᠴᠢ ᠪᠣᠯᠤᠨ ᠡᠪᠡᠳᠴᠢᠲᠡᠨ ᠤ | ᠵᠢᠭᠤᠷᠠᠯᠳᠤᠭᠠᠨ ᠢ ᠰᠢᠶᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠬᠢᠵᠢᠭᠦᠯᠦᠨ | ᠲᠡᠭᠦᠯᠳᠡᠷᠵᠢᠭᠦᠯᠵᠦ᠂ ᠡᠮᠴᠢ ᠪᠣᠯᠤᠨ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ | | ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ | ᠠᠵᠢᠯᠯᠠᠭᠠᠨ ᠤ ᠲᠥᠯᠥᠪᠯᠡᠭᠡ ︵ 2017 — 2025 ᠣᠨ︶ ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ | ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠡᠰᠢᠬᠦᠯᠦᠨᠡ᠃ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠪᠣᠯᠤᠨ ᠭᠤᠣᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠂ | ᠮᠣᠩᠭᠤᠯ ᠬᠢᠲᠠᠳ ᠡᠮ ᠡᠮᠨᠡᠯᠭᠡ ᠶᠢᠨ ︽ᠡᠪᠡᠳᠴᠢᠯᠡᠭᠡᠳᠦᠶ ᠶᠢ ᠵᠠᠰᠠᠬᠤ︾ ᠴᠢᠳᠠᠪᠤᠷᠢ ᠶᠢ ᠴᠢᠩᠭᠠᠷᠠᠭᠤᠯᠵᠤ᠂ | ᠡᠷᠡᠭᠦᠯᠵᠢᠭᠦᠯᠬᠦ ᠡᠮᠨᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠮᠣᠩᠭᠤᠯ ᠬᠢᠲᠠᠳ ᠡᠮ | ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠤᠯᠠᠮᠵᠢᠯᠠᠨ ᠬᠠᠮᠠᠭᠠᠯᠠᠬᠤ ᠪᠠ ᠮᠣᠩᠭᠤᠯ ᠬᠢᠲᠠᠳ ᠡᠮ ᠡᠮᠨᠡᠯᠭᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ | ᠪᠡᠶ᠎ᠡ ᠰᠤᠪᠢᠯᠠᠯᠲᠠ ᠡᠷᠡᠭᠦᠯᠵᠢᠯ᠂ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠪᠠ ᠡᠷᠡᠭᠦᠯ ᠮᠡᠨᠳᠤ | ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠤ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠳᠠᠬᠢ ᠦᠢᠯᠡᠳᠦᠯ | ᠢ ᠳᠡᠭᠡᠭᠰᠢᠯᠡᠭᠦᠯᠦᠨ᠎ᠡ᠃ | | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ | ᠲᠦᠭᠰᠢᠭᠦᠷᠢ ᠶᠢ ᠦᠨᠡᠯᠡᠨ ᠵᠢᠱᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠵᠡᠷᠭᠡ ᠡᠭᠦᠷᠭᠡ | ᠴᠢᠳᠠᠪᠤᠷᠢ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠲᠣᠭᠲᠠᠭᠤᠨ | ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ | ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠭᠤᠷᠢ ᠨᠥᠬᠦᠴᠡᠯ ᠢ ᠰᠠᠶᠢᠵᠢᠷᠠᠭᠤᠯᠵᠤ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠦᠢᠯᠡᠰ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠬᠦ ᠰᠡᠷᠭᠡᠶᠢᠯᠡᠬᠦ ᠬᠠᠮᠵᠢᠯᠴᠠᠬᠤ | ᠲᠣᠭᠲᠠᠴᠠ ᠶᠢᠨ ᠰᠢᠨ᠎ᠡ ᠶᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠰ ᠤᠨ ᠨᠡᠶᠢᠲᠡ ᠶᠢᠨ | ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠲᠦᠷᠭᠡᠳᠬᠡᠵᠦ᠂ ᠱᠠᠲᠤ ᠬᠤᠪᠢᠶᠠᠨ | ᠣᠨᠣᠰᠢᠯᠠᠨ ᠡᠮᠨᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠴᠢᠩᠭᠠᠳᠬᠠᠨ᠂ ᠡᠮ ᠤᠨ ᠵᠦᠶᠯ ᠪᠠ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠬᠡᠷᠡᠭᠯᠡᠬᠦ ᠥᠭᠡᠷᠡᠴᠢᠯᠡᠯᠲᠡ ᠶᠢ ᠠᠬᠢᠭᠤᠯᠤᠨ᠎ᠠ᠃ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯ ᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠵᠤ | ᠠᠪᠤᠷᠠᠬᠤ ᠰᠤᠷᠭᠠᠯᠲᠠ ᠶᠢᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠥᠷᠢᠨᠰᠢᠬᠦᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠤᠷᠭᠠᠯᠲᠠ ᠶᠢ ᠨᠡᠶᠢᠭᠡᠮ ᠲᠣᠭᠤᠷᠢᠭ᠂ ᠲᠠᠷᠢᠶᠠᠯᠠᠬᠤ | ᠮᠠᠯᠵᠢᠬᠤ ᠣᠷᠣᠨ᠂ ᠰᠤᠷᠭᠠᠭᠤᠯᠢ᠂ ᠠᠵᠤ ᠠᠬᠤᠶᠢᠯᠠᠯ᠂ ᠪᠠᠶᠢᠭᠤᠯᠤᠯᠭ᠎ᠠ ᠳᠤ ᠣᠷᠣᠭᠤᠯᠬᠤ ᠶᠢ ᠲᠥᠯᠬᠢᠨ | ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠤᠷᠭᠠᠯᠲᠠ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠵᠤ ᠠᠪᠤᠷᠠᠬᠤ ᠮᠡᠳᠡᠯᠭᠡ ᠪᠣᠯᠤᠨ ᠮᠡᠷᠭᠡᠵᠢᠯ ᠤᠨ ᠴᠢᠳᠠᠪᠤᠷᠢ ᠶᠢᠨ ᠲᠦᠭᠡᠮᠡᠯᠵᠢᠭᠦᠯᠦᠯᠲᠡ ᠶᠢᠨ ᠨᠤᠷᠮ᠎ᠠ ᠶᠢ | ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠠᠶᠢᠮᠠᠭ ᠲᠤ | ᠤᠯᠠᠭᠠᠨ ᠵᠠᠭᠠᠯᠮᠠᠶᠢᠲᠠᠨ ᠤ ᠠᠪᠤᠷᠠᠭᠴᠢ ᠶᠢ 2000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠲᠦᠭᠡᠮᠡᠯᠵᠢᠭᠦᠯᠬᠦ ᠴᠢᠨᠠᠷᠲᠠᠶ ᠰᠤᠷᠭᠠᠯᠲᠠ ᠶᠢ 1.5 ᠲᠦᠮᠡᠨ ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︽ | ᠤᠯᠠᠭᠠᠨ ᠵᠠᠭᠠᠯᠮᠠᠶᠢᠲᠠᠨ ᠤ ᠠᠪᠤᠷᠠᠨ ᠲᠤᠰᠠᠯᠠᠬᠤ ᠥᠷᠲᠡᠭᠡ︾ ︽ᠠᠮᠢ ᠨᠠᠰᠤ ᠡᠷᠡᠭᠦᠯ ᠮᠡᠨᠳᠦ ᠶᠢᠨ ᠠᠮᠤᠷ | ᠲᠦᠪᠰᠢᠨ ᠤ ᠪᠡᠶᠡᠴᠢᠯᠡᠨ ᠣᠶᠢᠯᠠᠭᠠᠬᠤ ᠣᠷᠳᠣᠨ︾ ᠵᠡᠷᠭᠡ ᠣᠯᠠᠨ ᠲᠦᠮᠡᠨ ᠲᠠᠢ ᠬᠠᠷᠢᠯᠴᠠᠬᠤ᠂ ᠣᠯᠠᠨ | ᠲᠦᠮᠡᠨ ᠳᠤ ᠦᠶᠯᠡᠴᠢᠯᠡᠬᠦ ᠴᠢᠬᠤᠯᠠ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠬᠦ ᠬᠡᠷᠡᠭᠲᠡᠶ᠃ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠶᠯᠡᠴᠢᠯᠡᠬᠦ ︽ᠲᠦᠭᠡᠮᠡᠯ ᠬᠠᠶᠢᠷ᠎ᠠ ᠶᠢᠨ ᠬᠡᠷ ᠣᠷᠣᠨ︾ | ᠢ ᠪᠥᠲᠥᠭᠡᠨ ᠪᠠᠶᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤ ᠢᠳᠡᠪᠬᠢᠲᠡᠶ ᠪᠠᠷ | ᠠᠭᠤᠰᠤᠯᠴᠠᠭᠤᠯᠤᠨ᠂ ᠣᠯᠠᠨ ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠪᠠᠶᠢᠭᠤᠯᠤᠨ᠎ᠠ᠃ | | ᠵᠢᠷᠭᠤᠳᠤᠭᠠᠷ ᠬᠡᠰᠡᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ | | ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠡᠷᠬᠡ ᠲᠡᠭᠰᠢ | ᠨᠢᠭᠡᠳᠦᠯᠲᠡᠶ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠪᠦᠳᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠲᠠᠰᠤᠷᠠᠯᠳᠠ ᠦᠭᠡᠢ ᠨᠡᠮᠡᠭᠳᠡᠭᠦᠯᠦᠨ᠂ | ᠨᠡᠶᠢᠭᠡᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ | ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠳᠡᠭᠡᠭᠰᠢᠯᠡᠭᠦᠯᠦᠨ᠎ᠡ᠃ | | ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠨᠡᠶᠢᠭᠡᠮ ᠤᠨ ᠳᠠᠭᠠᠳᠬᠠᠯ ᠢ ᠰᠢᠯᠵᠢᠭᠦᠯᠦᠨ | ᠦᠷᠭᠦᠯᠵᠢᠯᠡᠭᠦᠯᠬᠦ ᠶᠢ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ | ᠲᠥᠯᠥᠪᠯᠡᠬᠦ ᠶᠢ ᠪᠡᠶᠡᠯᠡᠭᠦᠯᠵᠦ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤ ᠶᠢ ᠠᠭᠠᠵᠢᠮ ᠢᠶᠠᠷ | ᠠᠯᠭᠤᠷᠯᠠᠭᠤᠯᠬᠤ ᠬᠡᠯᠪᠡᠷᠢ ᠶᠢ ᠤᠯᠠᠨ ᠲᠡᠰ ᠳᠠᠪᠬᠤᠷᠭ᠎ᠠ᠂ ᠤᠯᠠᠨ ᠲᠤᠯᠭᠠᠭᠤᠷᠢᠲᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠢᠰᠲ᠋ᠧᠮ ᠢ ᠬᠥᠭᠵᠢᠭᠦᠯᠵᠦ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠨᠤᠷᠮ᠎ᠠ ᠶᠢ ᠲᠤᠰ ᠲᠤᠰ 99%᠂ 100% ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠠᠶᠢᠮᠠᠭ ᠤᠨ ᠱᠠᠲᠤᠨ ᠤ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠤᠨ ᠬᠠᠷᠠᠭ᠎ᠠ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠶᠢ | ᠨᠠᠶᠢᠳᠠᠪᠤᠷᠢᠵᠢᠭᠤᠯᠤᠨ᠂ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ | ᠲᠤᠰᠠᠯᠠᠬᠤ ᠲᠦᠷᠢᠮ ᠢ ᠪᠦᠷᠢᠨᠰᠢᠬᠦᠯᠵᠦ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ | ᠨᠠᠶᠢᠳᠠᠪᠤᠷᠢᠵᠢᠭᠤᠯᠤᠨ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠲᠣᠭᠲᠠᠭᠤᠨ ᠢᠶᠠᠷ | ᠪᠠᠶᠢᠭᠤᠯᠵᠤ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠶ ᠬᠥᠭᠵᠢᠭᠦᠯᠵᠦ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 96% ᠣᠷᠴᠢᠮ ᠳᠤ ᠲᠣᠭᠲᠠᠪᠤᠷᠢᠵᠢᠭᠤᠯᠤᠨ᠎ᠠ᠃ | ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠪᠠ ᠬᠥᠩᠭᠡᠵᠢᠯ ᠤᠨ ᠳᠠᠭᠠᠳᠬᠠᠯ ᠳᠤ ᠠᠵᠢᠯ ᠮᠡᠷᠭᠡᠵᠢᠯ ᠤᠨ | ᠬᠠᠮᠲᠤᠯᠢᠭ ᠢ ᠦᠨᠳᠦᠰᠦᠨ ᠳᠡᠭᠡᠨ ᠬᠤᠳᠠ ᠬᠥᠳᠡᠭᠡ ᠶᠢᠨ ᠬᠥᠩᠭᠡᠵᠢᠯ ᠤᠨ ᠨᠥᠬᠦᠪᠥᠷᠢ ᠶᠢᠨ ᠲᠦᠷᠢᠮ ᠢ | ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠨᠡᠶᠢᠭᠡᠮ ᠤᠨ ᠪᠠᠲᠤᠯᠠᠭ᠎ᠠ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ | ᠠᠬᠢᠭᠤᠯᠤᠨ᠎ᠠ᠃ | | ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠨ᠎ᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠤᠰᠬᠠᠶ ᠵᠦᠢᠯ ᠢᠶᠠᠷ ᠲᠡᠩᠬᠡᠷᠡᠭᠦᠯᠦᠨ | ᠲᠤᠰᠠᠯᠠᠬᠤ᠂ ᠪᠠᠴᠢᠮ ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠬᠤ ᠪᠠᠷ ᠭᠤᠣᠯ ᠴᠣᠭᠴᠠ ᠪᠣᠯᠭᠠᠭᠰᠠᠨ᠂ | ᠨᠡᠶᠢᠭᠡᠮ ᠤᠨ ᠬᠦᠴᠦᠨ ᠣᠷᠣᠯᠴᠠᠭᠰᠠᠨ ᠢᠶᠠᠷ ᠨᠥᠬᠦᠪᠥᠷᠢ ᠪᠣᠯᠭᠠᠭᠰᠠᠨ᠂ ᠱᠠᠳᠤ ᠬᠤᠪᠢᠶᠠᠨ ᠲᠦᠷᠦᠯ ᠬᠤᠪᠢᠶᠠᠭᠰᠠᠨ | ᠲᠡᠩᠬᠡᠷᠡᠭᠦᠯᠦᠨ ᠲᠤᠰᠠᠯᠠᠬᠤ ᠲᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠠ᠃ ᠨᠡᠶᠢᠭᠡᠮ ᠤᠨ ᠠᠪᠤᠷᠠᠨ | ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ | ᠬᠤᠯᠪᠣᠯᠳᠤᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠬᠤᠳᠠ ᠪᠠᠯᠭᠠᠰᠤᠨ ᠤ | ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠱᠠᠲᠤ ᠲᠠᠷᠠᠭ᠎ᠠ ᠲᠠᠢ ᠪᠠᠷ | ᠤᠯᠠᠮ ᠥᠷᠭᠡᠳᠬᠡᠨ᠎ᠡ᠃ | | ᠲᠥᠪ ᠭᠤᠣᠯᠴᠢ ᠪᠥᠭᠡᠳ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ᠎ᠠ᠃ | ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠭᠤᠤᠯ ᠴᠣᠭᠴᠠ ᠪᠣᠯᠭᠠᠵᠤ᠂ ᠡᠮᠴᠢᠯᠡᠭᠡᠨ ᠤ ᠠᠪᠤᠷᠠᠨ | ᠲᠤᠰᠠᠯᠠᠯᠲᠠ ᠪᠠᠷ ᠦᠨᠳᠦᠰᠦᠨ ᠵᠦᠶᠯ ᠢ ᠪᠠᠲᠤᠯᠠᠬᠤ᠂ ᠨᠥᠬᠦᠪᠥᠷᠢ ᠡᠮᠴᠢᠯᠡᠭᠡᠨ ᠤ ᠳᠠᠭᠠᠳᠬᠠᠯ᠂ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ᠂ ᠨᠢᠭᠦᠯᠡᠰᠦᠩᠭᠦᠶ ᠶᠢᠨ ᠬᠠᠨᠳᠢᠪᠯᠠᠯ᠂ ᠡᠮᠴᠢᠯᠡᠭᠡᠨ ᠤ ᠬᠠᠷᠢᠯᠴᠠᠨ ᠬᠠᠪᠰᠤᠷᠤᠯᠴᠠᠨ | ᠬᠠᠮᠲᠤᠪᠠᠷ ᠬᠥᠭᠵᠢᠭᠰᠡᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ | ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ | ᠨᠢᠭᠡᠳᠦᠯᠲᠡᠶ ᠨᠡᠶᠢᠭᠡᠮ ᠤᠨ ᠳᠠᠭᠠᠳᠬᠠᠯ ᠤᠨ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠲᠡᠭᠦᠯᠳᠡᠷᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠲᠦᠷᠢᠮ ᠤᠨ ᠬᠡᠷᠡᠭᠵᠢᠭᠦᠯᠬᠦ ᠠᠷᠭ᠎ᠠ ᠶᠢ | ᠨᠠᠶᠢᠳᠠᠪᠤᠷᠢᠵᠢᠭᠤᠯᠤᠨ᠎ᠠ᠃ ᠨᠢᠭᠦᠯᠡᠰᠦᠩᠭᠦᠶ ᠶᠢᠨ ᠪᠠᠶᠢᠭᠤᠯᠤᠮᠵᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠴᠤ ᠬᠡᠷᠡᠭᠯᠡᠬᠦ ᠬᠠᠮᠢᠶᠠᠷᠤᠯᠲᠠ ᠶᠢᠨ | ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠴᠡᠷᠢᠭ ᠠᠴᠠ ᠬᠠᠯᠠᠭᠳᠠᠭᠰᠠᠳ ᠤᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠵᠢᠷᠤᠮᠵᠢᠭᠰᠠᠨ ᠰᠢᠰᠲ᠋ᠧᠮ᠂ ᠠᠵᠢᠯ ᠤᠨ ᠠᠵᠢᠯᠯᠠᠭᠠᠨ ᠤ ᠰᠢᠰᠲ᠋ᠧᠮ᠂ | ᠲᠦᠷᠦ ᠶᠢᠨ ᠪᠤᠳᠤᠯᠭ᠎ᠠ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠡᠷᠢᠭ ᠠᠴᠠ | ᠬᠠᠯᠠᠭᠳᠠᠭᠰᠠᠳ ᠢ ᠰᠠᠶᠢᠰᠢᠶᠠᠨ ᠬᠠᠷᠠᠭᠠᠯᠵᠠᠬᠤ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠪᠠᠷ ᠲᠡᠮᠵᠢᠵᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠦᠷᠢᠶᠡᠨ ᠳᠠᠬᠢ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ | | ᠳᠣᠯᠣᠳᠤᠭᠠᠷ ᠬᠡᠰᠡᠭ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ | | ᠬᠥᠮᠦᠨ ᠠᠮᠠ ᠶᠢᠨ ᠪᠠᠶᠢᠳᠠᠯ ᠤᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠬᠥᠮᠦᠨ ᠠᠮᠠ ᠶᠢᠨ | ᠪᠦᠲᠦᠴᠡ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠭᠡᠷ ᠪᠦᠯᠢ ᠶᠢᠨ ᠡᠶ᠎ᠡ | ᠵᠣᠬᠢᠴᠠᠯ ᠲᠠᠢ ᠵᠣᠯ ᠵᠢᠷᠭᠠᠯ ᠢ ᠨᠡᠮᠡᠭᠳᠡᠭᠦᠯᠵᠦ᠂ ᠨᠠᠰᠤᠵᠢᠯᠲᠠ ᠶᠢᠨ ᠥᠷᠢᠰᠥᠯᠳᠦᠭᠡᠨ ᠢ ᠢᠳᠡᠪᠬᠢᠲᠡᠶ ᠯᠠᠪᠳᠠᠭᠤᠨ | ᠪᠥᠭᠡᠳ ᠬᠦᠴᠦᠲᠡᠶ ᠠᠷᠭᠠᠴᠠᠵᠤ᠂ ᠬᠡᠪᠴᠢᠶ᠎ᠡ ᠨᠢ ᠲᠣᠬᠢᠷᠠᠮᠵᠢᠲᠠᠶ᠂ ᠬᠡᠪ ᠴᠢᠨᠠᠷ ᠨᠢ ᠨᠡᠯᠢᠶᠡᠳ ᠥᠨᠳᠥᠷ᠂ ᠪᠦᠲᠦᠴᠡ | ᠨᠢ ᠰᠢᠯᠢᠳᠡᠭᠵᠢᠭᠰᠡᠨ᠂ ᠲᠠᠷᠬᠠᠯᠲᠠ ᠨᠢ ᠵᠦᠢ ᠵᠣᠬᠢᠰᠲᠠᠶ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠶᠢ | ᠪᠡᠶᠡᠯᠡᠭᠦᠯᠦᠨ᠎ᠡ᠃ | | ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠦᠨ᠎ᠡ᠃ ᠬᠥᠩᠭᠡᠵᠢᠯ ᠤᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠬᠥᠩᠭᠡᠵᠢᠯ ᠤᠨ ᠲᠦᠷᠦ ᠶᠢᠨ | ᠪᠤᠳᠤᠯᠭ᠎ᠠ ᠶᠢᠨ ᠪᠠᠭᠲᠠᠭᠠᠮᠵᠢᠲᠤ ᠴᠢᠨᠠᠷ ᠢ ᠴᠢᠩᠭᠠᠳᠬᠠᠵᠤ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠷᠡᠵᠢᠭᠦᠯᠬᠦ᠂ ᠪᠤᠶᠢᠵᠢᠭᠤᠯᠬᠤ᠂ ᠰᠤᠷᠭᠠᠨ ᠬᠥᠮᠦᠵᠢᠭᠦᠯᠬᠦ | ᠥᠪᠡᠷ ᠤᠨ ᠦᠷᠳᠡᠭ ᠢ ᠪᠠᠭᠤᠷᠠᠭᠤᠯᠵᠤ᠂ ᠲᠦᠷᠦᠭᠦ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ ᠢ | ᠪᠠᠭᠤᠷᠠᠭᠤᠯᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠶᠢ ᠦᠨᠡᠯᠡᠨ ᠵᠢᠱᠢᠬᠦ ᠲᠣᠭᠲᠠᠴᠠ ᠪᠠ ᠬᠦᠢᠰᠦ ᠶᠢᠨ | ᠢᠯᠭᠠᠯ ᠢ ᠢᠯᠭᠠᠨ ᠪᠦᠷᠢᠳᠬᠡᠬᠦ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ | ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠬᠥᠩᠭᠡᠵᠢᠯ ᠤᠨ ᠬᠥᠩᠭᠡᠵᠢᠯ ᠤᠨ ᠡᠷᠡᠭᠦᠯ ᠮᠡᠨᠳᠦ ᠶᠢᠨ | ᠦᠶᠯᠡᠴᠢᠯᠡᠭᠡ ᠶᠢ ᠴᠢᠩᠭᠠᠳᠬᠠᠵᠤ᠂ ᠵᠢᠷᠮᠦᠰᠦᠯᠡᠬᠦ ᠠᠴᠠ ᠡᠮᠦᠨᠡᠬᠢ ᠴᠢᠭᠢᠷᠠᠭ ᠲᠥᠷᠥᠭᠦᠯᠬᠦ ᠡᠷᠡᠭᠦᠯ ᠮᠡᠨᠳᠦ ᠶᠢᠨ | ᠪᠠᠶᠢᠴᠠᠭᠠᠯᠲᠠ ᠶᠢ ᠰᠠᠶᠢᠲᠤᠷ ᠬᠢᠵᠦ᠂ ᠵᠢᠷᠮᠦᠰᠦᠯᠡᠵᠦ ᠬᠥᠩᠭᠡᠵᠢᠬᠦ ᠬᠤᠭᠤᠴᠠᠭᠠᠨ ᠤ ᠡᠷᠡᠭᠦᠯ ᠮᠡᠨᠳᠦ ᠶᠢ ᠬᠠᠮᠠᠭᠠᠯᠠᠬᠤ | ᠦᠶᠯᠡᠴᠢᠯᠡᠭᠡ ᠪᠠ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠷᠠᠭᠤᠯᠤᠨ᠎ᠠ᠃ ᠨᠡᠶᠢᠳᠡᠮ | ᠬᠠᠷᠠᠭᠠᠯᠵᠠᠬᠤ ᠬᠡᠤᠬᠡᠳ ᠰᠠᠭᠠᠲᠠᠭᠤᠯᠬᠤ ᠦᠶᠯᠡᠴᠢᠯᠡᠭᠡᠨ ᠤ ᠰᠢᠰᠲ᠋ᠧᠮᠵᠢ ᠶᠢ ᠬᠥᠭᠵᠢᠭᠦᠯᠵᠦ᠂ ᠨᠢᠯᠬ᠎ᠠ ᠬᠡᠤᠬᠡᠳ ᠢ | ᠬᠠᠷᠠᠭᠠᠯᠵᠠᠨ ᠠᠰᠠᠷᠠᠬᠤ ᠦᠶᠯᠡᠴᠢᠯᠡᠭᠡᠨ ᠤ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠶᠢᠭᠡᠮ ᠤᠨ | ᠬᠦᠴᠦᠨ ᠤ ᠨᠡᠶᠢᠳᠡᠮ ᠬᠠᠷᠠᠭᠠᠯᠵᠠᠬᠤ ᠬᠡᠤᠬᠡᠳ ᠰᠠᠭᠠᠲᠠᠭᠤᠯᠬᠤ ᠦᠶᠯᠡᠴᠢᠯᠡᠭᠡᠨ ᠢ ᠬᠥᠭᠵᠢᠭᠦᠯᠬᠦ ᠶᠢ ᠳᠡᠮᠵᠢᠵᠦ᠂ 3 | ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠬᠡᠤᠬᠡᠳ ᠰᠠᠭᠠᠲᠠᠭᠤᠯᠬᠤ ᠦᠶᠯᠡᠴᠢᠯᠡᠭᠡᠨ ᠤ ᠪᠦᠲᠦᠮᠵᠢᠲᠡᠶ | ᠬᠠᠩᠭᠠᠯᠭ᠎ᠠ ᠶᠢ ᠨᠡᠮᠡᠭᠳᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ | ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢ ᠬᠠᠮᠤᠷᠤᠭᠰᠠᠨ | ᠨᠠᠰᠤᠲᠠᠶᠢᠴᠤᠳ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ | ᠬᠢᠷᠢ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ | ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠴᠢᠳᠠᠮᠵᠢ ᠶᠢ ᠡᠭᠦᠷᠭᠡᠯᠡᠬᠦ ᠶᠢ ᠲᠡᠮᠵᠢᠵᠤ᠂ ᠨᠠᠰᠤᠵᠢᠯ ᠤᠨ ᠠᠰᠠᠷᠠᠮᠵᠢ ᠶᠢᠨ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠪᠤᠶᠢᠵᠢᠭᠤᠯᠤᠨ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ | ᠬᠠᠷᠢᠯᠴᠠᠨ ᠵᠣᠬᠢᠴᠠᠯᠳᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠨᠠᠰᠤᠵᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ | ᠪᠤᠭᠤᠷᠤᠯᠴᠤᠳ ᠤᠨ ᠠᠵᠤ ᠨᠠᠰᠤᠲᠠᠶᠢᠴᠤᠳ ᠤᠨ ᠣᠶᠣᠨ ᠤ ᠪᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ | ᠴᠢᠬᠤᠯᠠᠴᠢᠯᠠᠵᠤ᠂ ᠨᠠᠰᠤᠲᠠᠶᠢᠴᠤᠳ ᠤᠨ ᠰᠣᠶᠣᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠠᠰᠤᠲᠠᠨ ᠢᠶᠠᠨ ᠬᠦᠨᠳᠦᠯᠡᠬᠦ ᠬᠡᠪ ᠰᠤᠷᠲᠠᠯ ᠢ | ᠪᠠᠳᠠᠷᠠᠭᠤᠯᠤᠨ᠎ᠠ᠃ | | ᠭᠤᠣᠯᠳᠠᠯᠭ᠎ᠠ ᠪᠣᠯᠬᠤ ᠬᠠᠮᠲᠤᠯᠢᠭ ᠤᠨ ᠡᠷᠬᠡ ᠠᠰᠢᠭ ᠢ ᠪᠠᠲᠤᠯᠠᠨ᠎ᠠ᠃ ᠡᠷᠡᠭᠲᠡᠶ ᠡᠮᠡᠭᠲᠡᠶ ᠡᠷᠬᠡ ᠲᠡᠭᠰᠢ | ᠪᠠᠶᠢᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢᠨ | ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠬᠡᠷ ᠲᠡᠭᠡᠨ ᠬᠤᠴᠣᠷᠤᠭᠰᠠᠨ ᠨᠡᠭᠦᠳᠡᠯ ᠬᠡᠤᠬᠡᠳ ᠪᠠ | ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠠᠰᠤᠨ ᠳᠤ | ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠪᠦᠬᠦ ᠬᠥᠮᠦᠨ ᠠᠮᠠ ᠶᠢᠨ ᠮᠡᠳᠡᠭᠡ ᠵᠠᠩᠭᠢ ᠶᠢᠨ | ᠬᠥᠮᠥᠷᠭᠡ᠂ ᠲᠦᠷᠦᠭᠦ ᠬᠥᠮᠦᠨ ᠠᠮᠠ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ | ᠲᠦᠯᠬᠢᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠮᠡᠳᠡᠭᠡ ᠵᠠᠩᠭᠢ ᠶᠢ | ᠡᠮᠬᠢᠯᠡᠨ ᠨᠡᠶᠢᠯᠡᠭᠦᠯᠬᠦ ᠪᠠ ᠬᠠᠮᠲᠤ ᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠥᠩᠭᠡᠵᠢᠯ ᠤᠨ | ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ | ᠡᠬᠡ ᠨᠢᠯᠬᠠᠰ ᠤᠨ ᠡᠷᠡᠭᠦᠯᠵᠢᠯ᠂ ᠬᠡᠤᠬᠡᠳ ᠤᠨ ᠬᠠᠷᠠᠭᠠᠯᠵᠠᠯ᠂ ᠰᠤᠷᠬᠤ ᠨᠠᠰᠤᠨ ᠠᠴᠠ ᠡᠮᠦᠨᠡᠬᠢ ᠪᠠ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠡᠬᠢ ᠪᠠᠶᠠᠯᠢᠭ ᠢ ᠵᠦᠶ ᠵᠣᠬᠢᠰᠲᠠᠶ | ᠳᠣᠭᠢᠷᠠᠭᠤᠯᠤᠨ᠎ᠠ᠃ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠳᠡᠭᠡᠭᠰᠢᠯᠡᠭᠦᠯᠵᠦ᠂ | ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠦᠷᠢᠮ ᠢ ᠪᠦᠷᠢᠨᠰᠢᠬᠦᠯᠦᠨ᠂ ᠬᠤᠳᠠ ᠬᠥᠳᠡᠭᠡ ᠶᠢᠨ | ᠵᠡᠮᠳᠡᠭᠴᠦᠳ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠵᠦ᠂ ᠶᠠᠳᠠᠭᠤ ᠬᠦᠴᠢᠷᠳᠡᠯ ᠲᠠᠢ ᠵᠡᠮᠳᠡᠭᠴᠦᠳ ᠢ ᠲᠤᠰᠬᠠᠶ ᠵᠦᠢᠯ ᠢᠶᠠᠷ ᠶᠠᠳᠠᠭᠤ ᠶᠢ | ᠲᠡᠳᠬᠦᠬᠦ ᠪᠠ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠬᠡᠪᠴᠢᠶᠡᠨ ᠳᠤ ᠣᠷᠣᠭᠤᠯᠤᠨ᠎ᠠ᠃ ᠵᠠᠯᠠᠭᠤᠴᠤᠳ ᠢ | ᠤᠷᠢᠳᠠᠪᠠᠷ ᠬᠥᠭᠵᠢᠭᠦᠯᠬᠦ ᠤᠶᠢᠯᠠᠭᠠᠭᠳᠠᠬᠤᠨ ᠢ ᠪᠤᠢ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵ 2018 | — 2025 ᠣᠨ︶ ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠵᠠᠯᠠᠭᠤᠴᠤᠳ ᠤᠨ | ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠳᠤ ᠲᠦᠰᠢᠭᠯᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠵᠠᠯᠠᠭᠤᠴᠤᠳ ᠤᠨ ᠲᠦᠷᠦ ᠶᠢᠨ ᠪᠤᠳᠤᠯᠭ᠎ᠠ ᠪᠣᠯᠤᠨ ᠵᠠᠯᠠᠭᠤᠴᠤᠳ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠨᠡᠶᠢᠲᠡᠯᠡᠬᠦ ᠶᠢ ᠢᠳᠡᠪᠬᠢᠲᠡᠢ ᠠᠬᠢᠭᠤᠯᠵᠤ᠂ ᠵᠠᠯᠠᠭᠤᠴᠤᠳ ᠤᠨ ᠦᠵᠡᠯ ᠰᠠᠨᠠᠭ᠎ᠠ ᠪᠠᠷ | ᠬᠦᠳᠦᠯᠦᠨ ᠳᠠᠭᠠᠭᠤᠯᠬᠤ ᠢᠨᠵᠧᠨᠧᠷᠢᠩ ᠵᠢᠴᠢ ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠢᠨᠵᠧᠨᠧᠷᠢᠩ ᠢ | ᠠᠬᠢᠭᠤᠯᠤᠨ᠎ᠠ᠃ ︽ᠠᠶᠢᠯ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠢᠨᠵᠧᠨᠧᠷᠢᠩ︾ ᠢ ᠭᠦᠨᠵᠡᠭᠡᠶ | ᠬᠡᠷᠡᠭᠵᠢᠭᠦᠯᠦᠨ᠎ᠡ᠃ ᠬᠦᠴᠢᠷᠳᠡᠯᠲᠡᠶ ᠬᠡᠷ ᠪᠦᠯᠢ᠂ ᠭᠠᠭᠴᠠ ᠬᠡᠤᠬᠡᠳ ᠢᠶᠠᠨ ᠠᠯᠳᠠᠭᠰᠠᠨ ᠬᠡᠷ ᠪᠦᠯᠢ᠂ ᠥᠨᠥᠴᠢᠨ | ᠥᠷᠥᠭᠡᠰᠦᠨ ᠬᠡᠷ ᠪᠦᠯᠢ ᠵᠡᠷᠭᠡ ᠣᠨᠴᠣᠭᠤᠶ ᠬᠡᠷ ᠪᠦᠯᠢ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠠᠪᠤᠷᠠᠨ | ᠲᠤᠰᠠᠯᠠᠯᠲᠠ ᠪᠠ ᠦᠶᠯᠡᠴᠢᠯᠡᠭᠡ ᠶᠢ ᠴᠢᠩᠭᠠᠳᠬᠠᠨ᠎ᠠ᠃ ᠬᠤᠲᠠ ᠬᠥᠳᠡᠭᠡ ᠶᠢ ᠬᠠᠮᠤᠷᠤᠭᠰᠠᠨ ᠬᠡᠷ ᠪᠦᠯᠢ ᠶᠢᠨ | ᠬᠥᠮᠦᠵᠢᠯ ᠤᠨ ᠵᠢᠯᠣᠭᠤᠳᠬᠤ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠳᠠᠬᠢ ᠬᠡᠷ ᠪᠦᠯᠢ ᠶᠢᠨ ᠬᠡᠷ ᠤᠨ ᠰᠤᠷᠭᠠᠯ ᠬᠡᠷ ᠤᠨ ᠰᠤᠷᠲᠠᠯ ᠤᠨ ᠴᠢᠬᠤᠯᠠ | ᠦᠶᠯᠡᠳᠦᠯ ᠢ ᠭᠦᠶᠴᠡᠳ ᠪᠠᠳᠠᠷᠠᠭᠤᠯᠵᠤ᠂ ᠡᠷᠬᠡ ᠲᠡᠭᠰᠢ᠂ ᠡᠶ᠎ᠡ ᠨᠠᠶᠢᠷᠲᠠᠶ᠂ ᠪᠣᠯᠪᠠᠰᠤᠨ ᠣᠷᠤᠭ ᠬᠡᠷ ᠪᠦᠯᠢ ᠶᠢᠨ | ᠬᠠᠷᠢᠴᠠᠭ᠎ᠠ ᠶᠢ ᠪᠠᠶᠢᠭᠤᠯᠵᠤ᠂ ᠣᠷᠤᠭ ᠬᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠨ᠎ᠠ᠃ | | ᠲᠤᠰᠬᠠᠶ ᠪᠤᠯᠤᠩ 19᠄ ᠨᠡᠶᠢᠭᠡᠮ ᠤᠨ ᠦᠶᠯᠡᠰ ᠤᠨ ᠭᠤᠤᠯᠳᠠᠯᠭ᠎ᠠ ᠲᠠᠢ ᠢᠨᠵᠧᠨᠧᠷᠢᠩ | | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ | ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠳᠡᠮ ᠬᠠᠷᠠᠭᠠᠯᠵᠠᠬᠤ ᠬᠥᠭᠵᠢᠯᠲᠡ ᠶᠢᠨ ᠲᠥᠷᠥᠯ | ᠵᠦᠶᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠲᠥᠷᠥᠯ ᠵᠦᠶᠯ | ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠡᠷᠬᠡ | ᠰᠡᠳᠦᠪ ᠢ ᠰᠢᠶᠳᠪᠦᠷᠢᠯᠡᠬᠦ ᠲᠥᠷᠥᠯ ᠵᠦᠶᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠶᠯᠡᠳᠪᠦᠷᠢᠯᠡᠯ ᠪᠠ | ᠰᠤᠷᠭᠠᠨ ᠬᠥᠮᠦᠵᠢᠯ ᠢ ᠤᠶᠠᠯᠳᠤᠭᠤᠯᠬᠤ ᠲᠥᠷᠥᠯ ᠵᠦᠶᠯ | | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ᠄ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠣᠳᠣᠬᠢᠴᠢᠯᠠᠬᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ᠂ ᠠᠶᠢᠮᠠᠭ ᠬᠤᠰᠢᠭᠤ ᠬᠤᠶᠠᠷ ᠱᠠᠲᠤᠨ ᠤ ᠬᠠᠯᠳᠠᠪᠤᠷᠢᠲᠤ ᠡᠪᠡᠳᠴᠢᠨ ᠢ | ᠠᠪᠤᠷᠠᠨ ᠵᠠᠰᠠᠬᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ | | ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ | ᠄ ᠬᠤᠰᠢᠭᠤᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠶᠯ᠂ ᠡᠬᠡ ᠨᠢᠯᠬᠠᠰ ᠤᠨ ᠡᠷᠡᠭᠦᠯᠵᠢᠯ᠂ ᠮᠡᠳᠡᠷᠡᠯ ᠤᠨ ᠡᠷᠡᠭᠦᠯ ᠬᠠᠮᠠᠭᠠᠯᠠᠯ᠂ ᠠᠵᠢᠯ ᠤᠨ ᠨᠥᠯᠥᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ᠂ ᠡᠷᠡᠭᠦᠯᠵᠢᠭᠦᠯᠬᠦ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ ᠵᠦᠢᠯ | | ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠢᠨᠵᠧᠨᠧᠷᠢᠩ᠄ ᠤᠯᠤᠰ ᠤᠨ ᠪᠥᠬᠦ ᠴᠠᠷᠠᠭᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠂ ᠲᠡᠤᠬᠡ ᠰᠣᠶᠣᠯ ᠤᠨ | ᠥᠪ ᠢ ᠠᠮᠢᠳᠤᠯᠢᠭ ᠪᠣᠯᠭᠠᠬᠤ ᠢᠨᠵᠧᠨᠧᠷᠢᠩ᠂ ᠣᠶᠤᠨ ᠤ ᠵᠢᠭᠤᠯᠴᠢᠯᠠᠯ ᠠᠯᠠᠱᠠ ᠶᠢᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠬᠠᠩᠭᠠᠯᠭ᠎ᠠ ᠶᠢᠨ | ᠢᠨᠵᠧᠨᠧᠷᠢᠩ᠂ ᠵᠢᠭᠤᠯᠴᠢᠯᠠᠯ ᠤᠨ ᠲᠥᠪᠯᠡᠷᠡᠭᠦᠯᠵᠦ ᠲᠠᠷᠬᠠᠭᠠᠬᠤ ᠪᠠ ᠵᠠᠮ ᠬᠠᠷᠢᠯᠴᠠᠭᠠᠨ ᠤ ᠢᠨᠵᠧᠨᠧᠷᠢᠩ᠂ ᠣᠯᠠᠨ | ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ | ᠵᠢᠭᠤᠯᠴᠢᠯᠠᠯ ᠢᠶᠠᠷ ᠠᠷᠠᠳ ᠢ ᠴᠢᠨᠡᠭᠡᠯᠢᠭᠵᠢᠭᠦᠯᠬᠦ ᠢᠨᠵᠧᠨᠧᠷᠢᠩ | | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠬᠦᠷᠢᠶ᠎ᠡ᠄ ᠲᠦᠭᠡᠮᠡᠯ ᠬᠠᠷᠠᠭᠠᠯᠵᠠᠯᠲᠤ ᠨᠠᠰᠤᠵᠢᠯ ᠤᠨ | ᠠᠰᠠᠷᠠᠮᠵᠢ ᠶᠢᠨ ᠬᠤᠲᠠ ᠪᠠ ᠠᠵᠤ ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠲᠤᠰᠬᠠᠶ ᠠᠵᠢᠯᠯᠠᠭ᠎ᠠ᠂ ᠲᠦᠭᠡᠮᠡᠯ | ᠬᠠᠷᠠᠭᠠᠯᠵᠠᠯᠲᠤ ᠨᠠᠶᠢᠳᠠᠨ ᠬᠥᠮᠦᠵᠢᠭᠦᠯᠬᠦ ᠦᠶᠯᠡᠴᠢᠯᠡᠭᠡᠨ ᠤ ᠲᠤᠰᠬᠠᠶ ᠠᠵᠢᠯᠯᠠᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ | | ᠡᠷᠡᠭᠦᠯᠵᠢᠯ ᠰᠤᠪᠢᠯᠠᠯᠲᠠ ᠶᠢᠨ ᠬᠦᠷᠢᠶ᠎ᠡ ᠴᠠᠷᠠᠭ᠎ᠠ᠄ ᠠᠯᠠᠱᠠ ᠵᠡᠭᠦᠨ ᠬᠤᠰᠢᠭᠤᠨ ᠤ ᠠᠯᠠᠱᠠ ᠠᠭᠤᠯᠠ ᠶᠢᠨ | ᠡᠷᠡᠭᠦᠯᠵᠢᠯ ᠰᠤᠪᠢᠯᠠᠯᠲᠠ ᠶᠢᠨ ᠲᠥᠪ᠂ ᠠᠯᠠᠱᠠ ᠪᠠᠷᠠᠭᠤᠨ ᠬᠤᠰᠢᠭᠤᠨ ᠤ ᠲᠡᠮᠡᠭᠡ ᠰᠦ ᠡᠷᠡᠭᠦᠯᠵᠢᠯ | ᠰᠤᠪᠢᠯᠠᠯᠲᠠ ᠶᠢᠨ ᠲᠥᠪ᠂ ᠳᠠᠯᠠᠶᠢᠬᠥ᠋ᠪ ᠪᠠᠯᠭᠠᠰᠤ ᠶᠢᠨ ᠤᠨᠴᠠᠯᠢᠬᠳᠤ ᠵᠢᠭᠤᠯᠴᠢᠯᠠᠯ ᠤᠨ ᠵᠢᠵᠢᠭ ᠪᠠᠯᠭᠠᠰᠤ᠂ | ᠤᠯᠠᠭᠠᠨᠪᠤᠬ᠎ᠠ ᠪᠠ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠵᠢᠭᠤᠯᠴᠢᠯᠠᠯ ᠠᠮᠠᠷᠠᠯᠲᠠ ᠶᠢᠨ ᠲᠥᠷᠥᠯ ᠵᠦᠶᠯ | | ᠡᠮᠡᠭᠲᠡᠶᠢᠴᠦᠳ ᠬᠡᠤᠬᠡᠳ ᠤᠨ ᠡᠷᠬᠡ ᠠᠰᠢᠭ ᠤᠨ ᠬᠠᠮᠠᠭᠠᠯᠠᠯᠲᠠ᠄ ᠮᠠᠯᠵᠢᠬᠤ ᠲᠠᠷᠢᠶᠠᠯᠠᠬᠤ ᠣᠷᠣᠨ ᠤ | ᠡᠮᠡᠭᠲᠡᠶᠢᠴᠦᠳ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ | ᠲᠤᠰᠠᠯᠠᠬᠤ ᠲᠥᠷᠥᠯ ᠵᠦᠶᠯ᠂ ᠬᠡᠷ ᠪᠦᠯᠢ ᠶᠢᠨ ᠬᠥᠮᠦᠵᠢᠯ ᠢ ᠳᠡᠮᠵᠢᠬᠦ ᠦᠶᠯᠡᠴᠢᠯᠡᠭᠡᠨ ᠤ ᠲᠥᠯᠥᠪᠯᠡᠭᠡ | | ᠠᠷᠪᠠᠳᠤᠭᠠᠷ ᠪᠦᠯᠦᠭ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠨᠢᠭᠡᠳᠦᠯᠲᠡᠶ ᠲᠥᠯᠥᠪᠯᠡᠨ | ᠬᠥᠭᠵᠢᠭᠦᠯᠬᠦ ᠪᠠ ᠠᠮᠤᠷ ᠲᠦᠪᠰᠢᠨ ᠢᠶᠠᠷ ᠪᠠᠬᠢᠵᠢᠭᠦᠯᠦᠨ᠎ᠡ | | ᠠᠶᠤᠯᠭᠦᠶ ᠬᠥᠭᠵᠢᠯᠲᠡ ᠶᠢ ᠠᠵᠤ ᠠᠬᠤᠶ ᠨᠡᠶᠢᠭᠡᠮ ᠤᠨ ᠡᠯ᠎ᠡ ᠬᠦᠷᠢᠶ᠎ᠡ ᠪᠠ ᠪᠥᠬᠦ ᠶᠠᠪᠤᠴᠠ ᠳᠤ | ᠲᠤᠤᠱᠯᠠᠭᠤᠯᠵᠤ᠂ ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠡᠯ᠎ᠡ ᠵᠦᠶᠯ ᠤᠨ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠠᠵᠤ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠂ ᠠᠷᠠᠳ ᠲᠦᠮᠡᠨ ᠤ ᠠᠮᠢ ᠨᠠᠰᠤᠨ ᠤ | ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠵᠤ᠂ ᠨᠠᠩ ᠥᠨᠳᠥᠷ | ᠡᠬᠢᠯᠡᠯᠲᠡ ᠲᠠᠢ᠂ ᠨᠠᠩ ᠥᠷᠭᠡᠨ ᠬᠦᠷᠢᠶ᠎ᠡ ᠴᠠᠷᠠᠭ᠎ᠠ ᠲᠠᠢ᠂ ᠨᠠᠩ ᠪᠠᠶᠠᠯᠢᠭ ᠦᠷ᠎ᠡ ᠪᠦᠲᠦᠮᠵᠢ ᠲᠠᠢ᠂ ᠨᠠᠩ | ᠦᠷᠭᠦᠯᠵᠢᠯᠡᠬᠦ᠋ᠢᠴᠡ᠂ ᠨᠠᠩ ᠬᠠᠨᠤᠮᠵᠢᠲᠠᠶ ᠠᠮᠤᠷ ᠠᠮᠤᠭᠤᠯᠠᠩ ᠠᠯᠠᠱᠠ ᠶᠢ ᠪᠥᠲᠥᠭᠡᠨ ᠪᠠᠶᠢᠭᠤᠯᠤᠨ᠎ᠠ᠃ | | ᠨᠢᠭᠡᠳᠦᠭᠡᠷ ᠬᠡᠰᠡᠭ ᠠᠶᠤᠯᠭᠦᠶ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | | ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠵᠠᠰᠠᠭ ᠤᠨ ᠡᠷᠬᠡ ᠶᠢᠨ | ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ | ᠡᠷᠡᠰ ᠢᠶᠠᠷ ᠬᠠᠮᠠᠭᠠᠯᠠᠵᠤ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ ᠡᠪᠳᠡᠬᠦ | ᠨᠤᠷᠠᠭᠠᠬᠤ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃ | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠴᠡᠷᠢᠭ ᠠᠩᠭᠢ ᠪᠠ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ | ᠲᠣᠨᠤᠭ ᠲᠥᠬᠦᠭᠡᠷᠦᠮᠵᠢ ᠦᠶᠯᠡᠳᠬᠦ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ | ᠠᠮᠢᠳᠤ ᠪᠣᠳᠠᠰ ᠤᠨ ᠡᠮ ᠡᠮᠨᠡᠯᠭᠡ᠂ ᠪᠣᠬᠢᠷᠲᠤᠯ ᠥᠬᠡᠶ ᠢᠳᠡᠭᠡᠨ ᠵᠡᠷᠭᠡ ᠴᠡᠷᠢᠭ ᠠᠷᠠᠳ ᠤᠨ ᠬᠡᠷᠡᠭᠯᠡᠭᠡ ᠶᠢ | ᠤᠶᠠᠯᠳᠤᠭᠤᠯᠬᠤ ᠠᠵᠤ ᠦᠶᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠠᠯᠠᠱᠠ ᠶᠢᠨ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠢᠯᠢ ᠶᠢᠨ ᠬᠠᠮᠠᠭᠠᠯᠠᠯᠲᠠ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠤᠶᠤᠨᠴᠢᠯᠠᠭᠰᠠᠨ ᠮᠡᠳᠡᠭᠡ ᠵᠠᠩᠭᠢ ᠶᠢᠨ ᠬᠠᠮᠢᠶᠠᠷᠤᠨ ᠡᠵᠡᠮᠳᠡᠬᠦ | ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ | ᠪᠦᠷᠢᠨᠰᠢᠬᠦᠯᠦᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ | ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠢ ᠪᠠᠬᠢᠵᠢᠭᠦᠯᠦᠨ᠎ᠡ᠃ | | ᠬᠤᠶᠠᠳᠤᠭᠠᠷ ᠬᠡᠰᠡᠭ ᠠᠵᠤ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ | | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ | ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠵᠤ᠂ ᠥᠷᠢ ᠥᠭᠴᠡᠭᠡ ᠶᠢ ᠠᠷᠢᠯᠭᠠᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ | ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠢᠯᠡ ᠲᠣᠳᠣ ᠶᠢᠨ ᠬᠡᠮᠵᠢᠶ᠎ᠡ ᠪᠠ ᠬᠠᠤᠯᠢ ᠪᠠᠷ ᠵᠠᠰᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ | ᠲᠦᠭᠰᠢᠭᠦᠷᠢ ᠶᠢ ᠡᠮᠬᠢ ᠵᠢᠷᠤᠮ ᠲᠠᠢ ᠪᠠᠷ ᠰᠢᠶᠳᠪᠦᠷᠢᠯᠡᠵᠦ᠂ ᠮᠥᠩᠭᠦᠨ ᠬᠠᠷᠢᠶᠠᠲᠤ ᠣᠷᠣᠨ ᠤ ᠠᠳᠠᠯᠢ ᠪᠤᠰᠤ | ᠲᠥᠷᠥᠯ ᠢᠯᠭᠠᠯ᠂ ᠠᠳᠠᠯᠢ ᠪᠤᠰᠤ ᠭᠠᠵᠠᠷ ᠣᠷᠣᠨ ᠤ ᠲᠦᠭᠰᠢᠭᠦᠷᠢ ᠶᠢᠨ ᠳᠠᠯᠳᠠ ᠬᠡᠮ ᠪᠠ ᠲᠦᠭᠰᠢᠭᠦᠷᠢ ᠶᠡᠬᠡᠲᠡᠶ | ᠪᠠᠶᠢᠭᠤᠯᠤᠮᠵᠢ ᠶᠢᠨ ᠲᠦᠭᠰᠢᠭᠦᠷᠢ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠵᠢᠭᠰᠠᠭᠠᠨ ᠪᠠᠶᠢᠴᠠᠭᠠᠵᠤ᠂ | ᠲᠦᠭᠰᠢᠭᠦᠷᠢ ᠶᠢᠨ ᠡᠬᠢᠨ ᠤ ᠬᠤᠭᠤᠴᠠᠭᠠᠨ ᠳᠤ ᠣᠷᠣᠯᠴᠠᠬᠤ ᠪᠠ ᠴᠠᠭ ᠲᠤᠬᠠᠶ ᠳᠤᠨᠢ ᠵᠠᠯᠠᠷᠠᠭᠤᠯᠬᠤ ᠶᠢ | ᠴᠢᠩᠭᠠᠳᠬᠠᠬᠤ ᠬᠡᠷᠡᠭᠲᠡᠶ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠬᠦᠷᠦᠩᠭᠡ ᠶᠢ ᠨᠥᠬᠦᠪᠥᠷᠢᠯᠡᠬᠦ ᠪᠠ ᠺᠣᠮᠫᠠᠨᠢ ᠶᠢᠨ | ᠵᠠᠰᠠᠯᠲᠠ ᠶᠢ ᠰᠠᠶᠢᠵᠢᠷᠠᠭᠤᠯᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠷᠴᠢᠮ ᠢ ᠵᠢᠷᠤᠮᠯᠠᠨ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ | ᠠᠶᠤᠯ ᠲᠦᠭᠰᠢᠭᠦᠷᠢ ᠶᠢ ᠰᠢᠶᠳᠪᠦᠷᠢᠯᠡᠬᠦ ᠶᠢ ᠲᠦᠯᠬᠢᠨ ᠠᠬᠢᠭᠤᠯᠵᠤ᠂ ᠠᠶᠤᠯ ᠲᠦᠭᠰᠢᠭᠦᠷᠢ ᠶᠢ ᠠᠷᠢᠯᠭᠠᠬᠤ ᠶᠢ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | | ᠠᠮᠤ ᠪᠤᠳᠠᠭᠠᠨ ᠤ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠤ᠂ ᠠᠮᠤ ᠪᠤᠳᠠᠭᠠᠨ ᠤ ᠨᠥᠭᠡᠴᠡᠯᠡᠯᠲᠡ ᠶᠢᠨ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠷᠢᠰᠢᠯ ᠨᠢ ᠵᠦᠢ ᠵᠣᠬᠢᠰᠲᠠᠶ᠂ | ᠲᠥᠬᠦᠭᠡᠷᠦᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠪᠠᠲᠤᠯᠠᠭ᠎ᠠ ᠨᠢ ᠬᠦᠴᠦᠲᠡᠶ | ᠠᠮᠤ ᠪᠤᠳᠠᠭᠠᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ᠂ | ᠨᠥᠭᠡᠴᠡᠯᠡᠯ᠂ ᠭᠦᠢᠯᠭᠡᠭᠡᠨ ᠤ ᠪᠦᠬᠦ ᠶᠠᠪᠤᠴᠠ ᠲᠠᠢ ᠤᠶᠠᠯᠳᠤᠭᠤᠯᠤᠨ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠴᠢᠨᠠᠷ | ᠴᠢᠨᠰᠠᠭ᠎ᠠ ᠶᠢ ᠮᠥᠷᠳᠡᠨ ᠤᠬᠤᠴᠢᠯᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠠᠮᠤ ᠪᠤᠳᠠᠭᠠᠨ ᠤ ᠴᠢᠨᠠᠷ | ᠴᠢᠨᠰᠠᠭ᠎ᠠ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ | ᠴᠢᠳᠠᠪᠤᠷᠢ ᠶᠢ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠶᠢᠨ ᠲᠣᠭᠲᠠᠭᠤᠨ ᠪᠠᠶᠢᠬᠤ ᠶᠢ | ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠶᠤᠯᠭᠦᠶ ᠪᠠᠶᠢᠬᠤ ᠶᠢ ᠦᠨᠡᠨ ᠬᠦ ᠪᠠᠲᠤᠯᠠᠨ᠎ᠠ᠃ | ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ | ᠲᠡᠰ ᠳᠡᠪᠰᠢᠬᠦ ᠶᠢ ᠲᠦᠯᠬᠢᠨ ᠠᠬᠢᠭᠤᠯᠵᠤ᠂ ᠡᠨᠧᠷᠭᠢ ᠶᠢᠨ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ | ᠪᠠᠶᠢᠭᠠᠯᠢ ᠶᠢᠨ ᠰᠢᠲᠠᠮᠠᠬᠠᠶ ᠬᠡᠶ᠂ ᠤᠰᠤᠲᠥ᠋ᠷᠥᠭᠴᠢ ᠡᠨᠧᠷᠭᠢ ᠵᠡᠷᠭᠡ ᠣᠯᠠᠨ ᠵᠦᠶᠯ ᠤᠨ ᠡᠨᠧᠷᠭᠢ ᠶᠢᠨ ᠦᠶᠯᠡᠳᠬᠦᠨ | ᠪᠠ ᠨᠡᠭᠦᠷᠡᠰᠦᠲᠥ᠋ᠷᠥᠭᠴᠢ ᠶᠢ ᠬᠤᠷᠠᠭᠤᠯᠬᠤ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ᠂ ᠪᠣᠬᠢᠷᠲᠤᠯ | ᠭᠠᠳᠠᠭᠰᠢᠯᠠᠭᠤᠯᠬᠤ ᠡᠷᠬᠡ᠂ ᠤᠰᠤᠨ ᠤ ᠡᠷᠬᠡ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠤᠪᠢᠶᠠᠷᠢᠯᠠᠯᠲᠠ ᠶᠢᠨ | ᠲᠤᠭ᠎ᠠ᠂ ᠴᠠᠬᠢᠯᠭᠠᠨ ᠬᠦᠴᠦᠨ ᠤ ᠲᠤᠰᠠᠯᠠᠬᠤ ᠦᠶᠯᠡᠴᠢᠯᠡᠭᠡᠨ ᠵᠡᠷᠭᠡ ᠭᠦᠶᠴᠡᠳᠬᠡᠯ ᠲᠤᠭ᠎ᠠ ᠶᠢᠨ ᠠᠷᠠᠯᠵᠢᠶ᠎ᠠ ᠶᠢ | ᠰᠦᠪᠡᠭᠴᠢᠯᠡᠨ ᠥᠷᠨᠢᠭᠦᠯᠦᠨ᠎ᠡ᠃ ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ ᠨᠢᠭᠲᠠ ᠮᠥᠷᠳᠡᠵᠦ ᠰᠤᠳᠤᠯᠤᠨ | ᠮᠠᠭᠠᠳᠯᠠᠬᠤ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠶᠤᠯᠭᠦᠶ ᠪᠥᠭᠡᠳ ᠲᠣᠭᠲᠠᠭᠤᠨ ᠬᠠᠩᠭᠠᠯᠭ᠎ᠠ ᠶᠢ | ᠦᠨᠡᠨ ᠬᠦ ᠰᠠᠶᠢᠲᠤᠷ ᠬᠢᠨ᠎ᠠ᠃ ᠴᠠᠬᠢᠯᠭᠠᠨ ᠲᠣᠣᠷ ᠤᠨ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠶᠢᠨ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ | | ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠨ᠎ᠠ | | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠨᠡᠶᠢᠲᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠬᠢ ᠡᠭᠦᠰᠦᠯ ᠠᠴᠠ ᠨᠢ | ᠵᠠᠰᠠᠬᠤ᠂ ᠬᠥᠳᠡᠯᠦᠩᠭᠦᠶ ᠪᠠᠷ ᠵᠣᠬᠢᠴᠠᠭᠤᠯᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠶᠢ | ᠬᠠᠷᠢᠯᠴᠠᠨ ᠵᠣᠯᠭᠠᠭᠤᠯᠬᠤ᠂ ᠬᠠᠷᠢᠯᠴᠠᠨ ᠲᠤᠯᠭᠠᠭᠤᠷᠢᠯᠠᠭᠤᠯᠬᠤ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | | ᠠᠶᠤᠯᠭᠦᠶ ᠦᠢᠯᠡᠳᠪᠦᠷᠢᠯᠡᠬᠦ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠠᠮᠤᠷ | ᠲᠦᠪᠰᠢᠨ ᠤ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ | ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠨ ᠲᠣᠭᠲᠠᠭᠠᠬᠤ ᠲᠦᠷᠢᠮ ᠢ | ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ ᠲᠦᠷᠭᠡᠨ ᠠᠷᠭᠠᠴᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠠᠶᠤᠯᠭᠦᠶ ᠦᠢᠯᠡᠳᠪᠦᠷᠢᠯᠡᠯ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ | ᠠᠭᠤᠷᠬᠠᠶ᠂ ᠠᠶᠤᠯ ᠲᠠᠢ ᠬᠢᠮᠢ ᠶᠢᠨ ᠡᠳ᠋᠂ ᠣᠨᠴᠠ ᠲᠥᠷᠥᠯ ᠤᠨ ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠤᠨ ᠦᠢᠯᠡᠳᠪᠦᠷᠢᠯᠡᠬᠦ᠂ ᠬᠥᠮᠥᠷᠭᠡᠯᠡᠬᠦ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠳᠠᠬᠢ | ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠭᠠᠯ ᠲᠦᠢᠮᠡᠷ ᠢ ᠤᠨᠲᠠᠷᠠᠭᠠᠬᠤ ᠰᠠᠭᠤᠷᠢ | ᠪᠡᠯᠡᠳᠬᠡᠮᠵᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠂ ᠠᠮᠤᠷ ᠲᠦᠪᠰᠢᠨ ᠤ | ᠲᠠᠯᠳᠠ ᠭᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠠᠷᠢᠯᠭᠠᠨ᠂ ᠬᠦᠨᠳᠦ ᠶᠡᠭᠡ ᠣᠨᠴᠠ ᠶᠡᠭᠡ ᠡ᠊ᠨᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠠᠶᠤᠯ ᠥᠬᠡᠶ ᠦᠶᠯᠡᠳᠪᠦᠷᠢᠯᠡᠯ ᠤᠨ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠠᠵᠢᠯ ᠤᠨ ᠰᠠᠭᠤᠷᠢ ᠪᠠᠨ ᠪᠠᠲᠤᠳᠬᠠᠨ᠎ᠠ᠃ | | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠢᠩᠭᠠᠳᠬᠠᠨ᠎ᠠ᠃ ︽ᠳᠥᠷᠪᠡᠨ ᠬᠠᠮᠤᠭ ᠤᠨ | ᠴᠢᠩᠭ᠎ᠠ︾ ᠶᠢᠨ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠲᠦᠷᠢᠮ ᠤᠨ ᠰᠢᠰᠲ᠋ᠧᠮᠵᠢ᠂ ᠠᠮᠤᠷ ᠲᠦᠪᠰᠢᠨ ᠤ | ᠪᠠᠷᠢᠮᠵᠢᠶ᠎ᠠ ᠶᠢᠨ ᠰᠢᠰᠲ᠋ᠧᠮᠵᠢ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢᠨ ᠰᠢᠰᠲ᠋ᠧᠮᠵᠢ᠂ ᠢᠳᠡᠭᠡᠨ ᠤ ᠮᠥᠷᠳᠡᠨ ᠤᠬᠤᠴᠢᠯᠠᠬᠤ ᠰᠢᠰᠲ᠋ᠧᠮᠵᠢ᠂ ᠢᠳᠡᠭᠡᠨ ᠤ ᠠᠮᠤᠷ | ᠲᠦᠪᠰᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠰᠠᠨᠠᠭ᠎ᠠ ᠠᠮᠤᠷ ᠢᠨᠵᠧᠨᠧᠷᠢᠩ ᠤᠨ ᠪᠠᠶᠢᠭᠤᠯᠤᠯᠲᠠ ᠶᠢᠨ ᠠᠷᠪᠠᠨ ᠶᠡᠭᠡ ᠰᠢᠪᠲᠤᠯᠤᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠠᠯᠠᠱᠠ ᠶᠢᠨ ᠤᠶᠤᠨᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠢᠳᠡᠭᠡᠨ ᠦᠢᠯᠡᠳᠪᠦᠷᠢᠯᠡᠵᠦ ᠡᠵᠡᠩᠨᠡᠬᠦ ᠴᠢᠨᠠᠷ ᠴᠢᠨᠰᠠᠭ᠎ᠠ ᠶᠢᠨ ᠠᠶᠤᠯ ᠥᠭᠡᠢ ᠶᠢᠨ ᠪᠣᠭᠤᠮᠲᠠ ᠶᠢ ᠴᠢᠩᠭ᠎ᠠ | ᠠᠳᠬᠤᠵᠤ᠂ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠢᠳᠡᠭᠡᠨ ᠤ ᠠᠶᠤᠯ ᠥᠭᠡᠢ ᠶᠢᠨ ᠲᠦᠭᠰᠢᠭᠦᠷᠢ ᠶᠢ | ᠱᠠᠳᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠢᠳᠡᠭᠡᠨ ᠤ ᠠᠶᠤᠯ ᠥᠭᠡᠢ ᠶᠢᠨ ᠰᠤᠭᠤᠴᠢᠨ ᠪᠠᠶᠢᠴᠠᠭᠠᠵᠤ | ᠬᠢᠨᠠᠨ ᠬᠡᠮᠵᠢᠬᠦ ᠡᠷᠴᠢᠮ ᠢᠶᠠᠨ ᠨᠡᠮᠡᠭᠳᠡᠭᠦᠯᠦᠨ᠎ᠡ᠃ ᠢᠳᠡᠭᠡᠨ ᠤᠮᠳᠠᠭᠠᠨ ᠤ ᠦᠶᠯᠡᠴᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠬᠡᠮᠵᠢᠶᠡᠵᠢᠭᠦᠯᠦᠨ | ᠲᠠᠰ ᠬᠤᠪᠢᠶᠠᠬᠤ᠂ ᠲᠦᠭᠰᠢᠭᠦᠷᠢ ᠶᠢ ᠲᠠᠰ ᠬᠤᠪᠢᠶᠠᠬᠤ ᠠᠵᠢᠯ ᠢ ᠨᠠᠶᠢᠳᠠᠪᠤᠷᠢᠵᠢᠭᠤᠯᠤᠨ᠎ᠠ᠃ ᠡᠮ ᠤᠨ ᠵᠦᠢᠯ ᠤᠨ | ᠠᠶᠤᠯᠭᠦᠶ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠲᠡᠭᠦᠯᠳᠡᠷᠵᠢᠭᠦᠯᠦᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ | ᠵᠦᠶᠯ ᠤᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠤᠯᠠᠨ | ᠡᠰᠢᠵᠢᠭᠰᠡᠨ᠂ ᠡᠶ᠎ᠡ ᠵᠣᠬᠢᠴᠠᠩᠭᠤᠢ ᠨᠡᠶᠢᠭᠡᠮ ᠤᠨ ᠬᠠᠮᠲᠤᠪᠠᠷ ᠵᠠᠰᠠᠬᠤ ᠪᠠᠶᠢᠷᠢᠰᠢᠯ ᠢ ᠪᠠᠶᠢᠭᠤᠯᠤᠨ᠎ᠠ᠃ | | ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠠᠲᠤᠯᠠᠭ᠎ᠠ ᠶᠢᠨ ᠰᠢᠰᠲ᠋ᠧᠮ ᠢ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠲᠠᠪᠴᠠᠩ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠩᠨᠡᠭᠡ᠂ ᠡᠳ᠋ ᠪᠣᠳᠠᠰ ᠤᠨ ᠪᠠᠲᠤᠯᠠᠭ᠎ᠠ᠂ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠵᠤ ᠦᠢᠯᠡᠰ ᠵᠡᠷᠭᠡ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠨ ᠨᠤᠲᠤᠭ ᠤᠨ ᠴᠢᠬᠤᠯᠠ ᠲᠠᠸᠠᠷ ᠤᠨ ᠨᠥᠭᠡᠴᠡ ᠶᠢ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠶᠡᠷᠦᠩᠬᠡᠶᠢᠯᠡᠭᠰᠡᠨ ᠰᠠᠭᠤᠷᠢᠨ ᠭᠠᠵᠠᠷ᠂ ᠭᠠᠯ ᠲᠦᠢᠮᠡᠷ ᠢ ᠤᠨᠲᠠᠷᠠᠭᠠᠬᠤ ᠬᠢᠮᠢ ᠶᠢᠨ ᠠᠵᠤ | ᠦᠶᠯᠡᠳᠪᠦᠷᠢ ᠶᠢᠨ ᠰᠤᠷᠭᠠᠯᠲᠠ ᠬᠢᠭᠡᠳ ᠪᠠᠶᠢᠯᠳᠤᠭᠠᠨ ᠤ ᠦᠶᠯᠡᠴᠢᠯᠡᠭᠡᠨ ᠤ ᠪᠠᠲᠤᠯᠠᠭ᠎ᠠ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠭᠠᠶ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ | ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠩ ᠬᠠᠭᠰᠠᠷᠠᠭᠠᠨ᠂ ᠦᠶᠡᠷ ᠤᠨ | ᠭᠠᠮᠰᠢᠭ᠂ ᠴᠠᠰᠤᠨ ᠭᠠᠮᠰᠢᠭ᠂ ᠡᠯᠡᠰᠦᠨ ᠰᠢᠭᠤᠷᠭ᠎ᠠ᠂ ᠭᠠᠵᠠᠷ ᠬᠥᠳᠡᠯᠦᠯᠲᠡ᠂ ᠭᠠᠯ ᠤᠨ ᠭᠠᠮᠰᠢᠭ᠂ ᠡᠪᠡᠳᠴᠢᠨ | ᠬᠤᠷᠣᠬᠠᠶ ᠬᠤᠯᠤᠭᠠᠨ᠎ᠠ ᠶᠢᠨ ᠭᠠᠮᠰᠢᠭ᠂ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠵᠡᠷᠭᠡ ᠭᠠᠶ ᠭᠠᠮᠰᠢᠭ ᠤᠨ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠳᠤ ᠤᠴᠠᠷᠠᠭᠤᠯᠬᠤ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ᠃ ᠪᠠᠴᠢᠮ ᠪᠠᠶᠢᠳᠠᠯ ᠢ ᠲᠦᠷᠭᠡᠨ ᠠᠷᠭᠠᠴᠠᠬᠤ ᠡᠳ᠋ ᠪᠠᠷᠠᠭ᠎ᠠ ᠶᠢᠨ ᠲᠥᠷᠥᠯ ᠵᠦᠶᠯ ᠪᠠ ᠨᠥᠭᠡᠴᠡᠯᠡᠬᠦ | ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠠᠩᠬ᠎ᠠ ᠠᠯᠬᠤᠮ ᠤᠨ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠨ᠂ ᠡᠳ᠋ | ᠪᠠᠷᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠳᠥᠷᠪᠡᠳᠦᠭᠡᠷ ᠬᠡᠰᠡᠭ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ | | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠪᠠ | ᠬᠠᠤᠯᠢ ᠪᠠᠷ ᠠᠶᠢᠮᠠᠭ ᠢ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠨ᠂ ᠨᠡᠶᠢᠭᠡᠮ ᠵᠢᠷᠤᠮ ᠤᠨ | ᠠᠷᠠᠳᠴᠢᠯᠠᠯ ᠢ ᠪᠠᠳᠠᠷᠠᠭᠤᠯᠤᠨ᠂ ᠬᠠᠤᠯᠢ ᠪᠠᠷ ᠵᠠᠰᠠᠬᠤ ᠠᠯᠠᠱᠠ ᠶᠢᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠂ ᠰᠢᠨᠵᠢᠯᠡᠬᠦ ᠤᠬᠠᠭᠠᠨᠴᠢ ᠬᠥᠭᠵᠢᠯᠲᠡ ᠲᠠᠪᠠᠯᠳᠠᠳᠤ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ | ᠬᠠᠩᠭᠠᠨ᠎ᠠ᠃ | | ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠬᠠᠷᠢᠭᠤᠴᠠᠬᠤ ᠪᠥᠭᠡᠳ ᠠᠵᠢᠯ ᠢᠶᠠᠨ ᠮᠡᠳᠡᠭᠦᠯᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠣᠭᠲᠠᠭᠠᠯ᠂ ᠰᠢᠶᠳᠪᠦᠷᠢ ᠶᠢ ᠤᠬᠠᠮᠰᠠᠷ ᠠᠴᠠ ᠪᠠᠨ ᠬᠦᠯᠢᠶᠡᠨ ᠬᠢᠨᠠᠯᠲᠠ ᠶᠢ ᠬᠡᠷᠡᠭᠵᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠢ ᠬᠢᠨᠠᠮᠠᠭᠠᠶ ᠰᠢᠶᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠪᠠᠶᠢᠴᠠᠭᠠᠨ ᠦᠵᠡᠬᠦ ᠪᠠ ᠪᠠᠶᠢᠴᠠᠭᠠᠨ ᠰᠤᠳᠤᠯᠤᠯᠲᠠ ᠬᠢᠬᠦ ᠳᠤ ᠢᠳᠡᠪᠬᠢᠲᠡᠶ ᠬᠠᠮᠵᠢᠯᠴᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ | ᠤᠯᠤᠰ ᠲᠦᠷᠦ ᠶᠢᠨ ᠵᠥᠪᠯᠡᠯᠭᠡ ᠬᠢᠬᠦ ᠲᠦᠷᠢᠮ ᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠬᠤᠯᠠᠴᠢᠯᠠᠨ ᠲᠡᠮᠵᠢᠵᠤ᠂ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠲᠠᠢ ᠰᠠᠨᠠᠭᠠᠴᠢᠯᠠᠭ᠎ᠠ ᠠᠴᠠ ᠪᠠᠨ ᠵᠥᠪᠳᠡᠯᠴᠡᠵᠦ᠂ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠥᠪᠯᠡᠯᠭᠡ ᠶᠢ ᠬᠢᠨᠠᠮᠠᠭᠠᠶ ᠰᠢᠶᠳᠪᠦᠷᠢᠯᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠯᠦᠭᠡ ᠶᠢᠨ ᠬᠠᠷᠢᠯᠴᠠᠭ᠎ᠠ ᠪᠠᠨ | ᠨᠢᠭᠲᠠᠷᠠᠭᠤᠯᠤᠨ᠎ᠠ᠃ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ | ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠦᠢᠯᠡᠳᠦᠯ ᠢ ᠪᠠᠳᠠᠷᠠᠭᠤᠯᠤᠨ᠎ᠠ᠃ ᠡᠯ᠎ᠡ | ᠲᠦᠷᠦᠯ ᠤᠨ ᠵᠥᠪᠯᠡᠯᠭᠡ ᠥᠭᠬᠦ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠠᠬᠠᠮᠠᠳ | ᠨᠥᠬᠦᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠦᠨᠳᠦᠰᠦᠨ ᠱᠠᠲᠤᠨ ᠤ ᠠᠷᠠᠳᠴᠢᠯᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠢᠷᠭᠡᠳ ᠤᠨ ᠰᠣᠩᠭᠤᠭᠤᠯᠢ ᠶᠢᠨ ᠡᠷᠬᠡ᠂ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠢ ᠪᠠᠷᠢᠮᠲᠠᠯᠠᠨ᠂ ᠨᠠᠮ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠲᠤᠬᠠᠶ ᠲᠦᠷᠦ ᠶᠢᠨ | ᠪᠤᠳᠤᠯᠭ᠎ᠠ ᠶᠢ ᠬᠢᠨᠠᠮᠠᠭᠠᠶ ᠲᠤᠤᠱᠯᠠᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ | ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ | ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ ᠬᠡᠯᠪᠡᠷᠢ ᠪᠠᠷ ᠳᠠᠮᠵᠢᠭᠤᠯᠤᠨ ᠠᠵᠤ ᠠᠬᠤᠶ | ᠨᠡᠶᠢᠭᠡᠮ ᠤᠨ ᠬᠠᠮᠢᠶᠠᠷᠤᠯᠲᠠ ᠳᠤ ᠣᠷᠣᠯᠴᠠᠬᠤ ᠶᠢ ᠪᠠᠲᠤᠯᠠᠨ᠎ᠠ᠃ | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠠᠤᠯᠢ ᠪᠠᠷ ᠵᠠᠰᠠᠬᠤ | ᠤᠯᠤᠰ᠂ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠭᠴᠠᠵᠢᠭᠤᠯᠤᠨ | ᠪᠠᠶᠢᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠢᠨᠠᠨ ᠪᠠᠶᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶᠢᠴᠠᠭᠠᠬᠤ ᠡᠷᠬᠡ ᠶᠢᠨ ᠠᠵᠢᠯᠯᠠᠭᠠᠨ ᠪᠠ ᠬᠢᠨᠠᠯᠲᠠ | ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨ᠎ᠠ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠵᠦ᠂ ︽ᠬᠠᠤᠯᠢ | ᠴᠠᠭᠠᠵᠠ ᠶᠢ ᠳᠣᠯᠣᠭᠠᠨᠲᠠ ᠣᠷᠣᠭᠤᠯᠬᠤ︾ ᠶᠢ ᠭᠦᠨᠵᠡᠭᠡᠶᠢᠷᠡᠭᠦᠯᠦᠨ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾ | ᠤᠨ ᠬᠠᠤᠯᠢ ᠲᠦᠭᠡᠮᠡᠯᠵᠢᠭᠦᠯᠬᠦ ᠠᠯᠲᠠᠨ ᠰᠢᠷᠭᠠᠯ ᠨᠠᠷᠠᠲᠤ ᠲᠥᠷᠥᠯ ᠲᠡᠮᠳᠡᠭᠲᠦ ᠶᠢ ᠴᠢᠩᠭᠠᠷᠠᠭᠤᠯᠤᠨ᠎ᠠ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠥᠷᠭᠡᠨ ᠢᠶᠠᠷ | ᠰᠤᠷᠤᠯᠴᠠᠨ ᠤᠬᠠᠭᠤᠯᠵᠤ ᠲᠤᠤᠱᠯᠠᠭᠤᠯᠤᠨ ᠬᠡᠷᠡᠭᠵᠢᠭᠦᠯᠵᠦ᠂ ᠠᠷᠠᠳ ᠲᠦᠮᠡᠨ ᠤ ᠬᠦᠰᠡᠯ ᠵᠣᠷᠢᠭ ᠢ ᠢᠯᠡᠷᠡᠭᠦᠯᠦᠭᠰᠡᠨ | ᠂ ᠠᠷᠠᠳ ᠲᠦᠮᠡᠨ ᠤ ᠡᠷᠬᠡ ᠠᠰᠢᠭ ᠢ ᠪᠠᠲᠤᠯᠠᠭᠰᠠᠨ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠳᠤᠯᠢᠭ | ᠬᠦᠴᠦᠨ ᠢ ᠬᠥᠭᠵᠢᠭᠡᠭᠰᠡᠨ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠢ ᠬᠥᠭᠵᠢᠭᠦᠯᠦᠨ᠎ᠡ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ | ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ | ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ | ᠶᠠᠪᠤᠴᠠ ᠳᠠᠬᠢ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠶᠢ ᠮᠥᠷᠳᠡᠨ ᠬᠠᠷᠢᠭᠤ | ᠲᠤᠰᠬᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠲᠠᠢ ᠬᠢᠨᠠᠨ ᠬᠠᠷᠭᠤᠭᠤᠯᠬᠤ | ᠲᠣᠭᠲᠠᠴᠠ ᠶᠢ ᠪᠥᠬᠦ ᠲᠠᠯ᠎ᠠ ᠪᠠᠷ ᠶᠠᠪᠤᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠪᠠ ᠡᠭᠦᠷᠭᠡ ᠲᠠᠢ ᠬᠤᠯᠪᠣᠭᠳᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠪᠥᠬᠦᠨ ᠢ ᠴᠥᠮ ᠬᠠᠤᠯᠢ ᠶᠣᠰᠣᠨ ᠤ ᠴᠢᠨᠠᠷ ᠲᠠᠢ ᠬᠢᠨᠠᠨ ᠬᠠᠷᠭᠤᠭᠤᠯᠬᠤ ᠶᠢ ᠥᠩᠭᠡᠷᠡᠭᠡᠭᠰᠡᠨ ᠪᠠᠶᠢᠬᠤ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠬᠠᠶᠢᠨ ᠰᠦᠪᠡᠭᠴᠢᠯᠡᠵᠦ᠂ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ | ᠡᠷᠬᠡ ᠶᠢᠨ ᠦᠨᠳᠦᠰᠦᠨ ᠪᠠᠷᠢᠮᠵᠢᠶ᠎ᠠ ᠶᠢᠨ ᠳᠦᠷᠢᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ | ᠵᠦᠢᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠳᠠᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ | ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠶᠳᠪᠦᠷᠢᠲᠦ ᠪᠤᠳᠤᠯᠭ᠎ᠠ ᠶᠢ ᠢᠯᠡ | ᠪᠣᠯᠭᠠᠬᠤ᠂ ᠬᠡᠷᠡᠭᠵᠢᠭᠦᠯᠦᠯᠲᠡ ᠶᠢ ᠢᠯᠡ ᠪᠣᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠢᠯᠡᠴᠢᠯᠡᠭᠡ ᠶᠢ ᠢᠯᠡ | ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ | ᠡᠷᠬᠡ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ | ᠂ ᠨᠡᠶᠢᠭᠡᠮ ᠤᠨ ᠬᠢᠨᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | | ᠲᠠᠪᠤᠳᠤᠭᠠᠷ ᠬᠡᠰᠡᠭ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ | | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ | ᠱᠠᠲᠤᠨ ᠤ ᠠᠷᠠᠳᠴᠢᠯᠠᠯ ᠢᠶᠠᠷ ᠵᠥᠪᠯᠡᠬᠦ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠬᠢᠭᠡᠳ | ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ | ᠪᠡᠶᠡᠯᠡᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ | ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠢ ᠨᠠᠮ | ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ | ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠨᠠᠮ ᠤᠨ | ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠦᠢᠯᠡᠳᠦᠯᠭᠡ ᠳᠤᠮᠳᠠᠬᠢ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠨ | ᠪᠣᠯᠪᠠᠰᠤᠷᠠᠭᠤᠯᠵᠤ᠂ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ | ᠠᠵᠢᠯ᠂ ᠬᠠᠷᠠᠯᠲᠠ ᠪᠠᠷ ᠬᠦᠳᠦᠯᠦᠨ ᠳᠠᠭᠠᠭᠤᠯᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠲᠦᠷᠢᠮ | ᠲᠣᠭᠲᠠᠭᠠᠯ ᠲᠣᠭᠲᠠᠭᠠᠬᠤ ᠪᠠ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠂ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠬᠦᠯᠵᠤ | ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠳᠣᠷᠣᠭᠰᠢ ᠪᠠᠭᠤᠯᠭᠠᠬᠤ᠂ ᠦᠨᠳᠦᠰᠦᠨ | ᠱᠠᠲᠤᠨ ᠳᠤ ᠡᠷᠬᠡ ᠶᠢ ᠳᠣᠷᠣᠭᠰᠢ ᠪᠠᠭᠤᠯᠭᠠᠵᠤ ᠴᠢᠳᠠᠪᠤᠷᠢ ᠣᠯᠭᠤᠬᠤ ᠶᠢ ᠲᠥᠯᠬᠢᠨ ᠠᠬᠢᠭᠤᠯᠤᠨ᠎ᠠ᠃ ᠨᠡᠶᠢᠭᠡᠮ ᠤᠨ | ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠ ᠦᠢᠯᠡᠴᠢᠯᠡᠬᠦ ᠴᠢᠳᠠᠮᠵᠢ ᠶᠢ ᠴᠢᠩᠭᠠᠳᠬᠠᠵᠤ᠂ ᠦᠨᠳᠦᠰᠦᠨ ᠱᠠᠲᠤ ᠢᠯᠠᠩᠭᠤᠶ᠎ᠠ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ᠂ | ᠨᠠᠷᠢᠯᠢᠬᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ᠂ ᠨᠡᠭᠡᠭᠡᠯᠲᠡ ᠲᠠᠢ ᠬᠠᠮᠲᠤ ᠪᠠᠷ | ᠡᠳ᠋ᠯᠡᠬᠦ ᠦᠨᠳᠦᠰᠦᠨ ᠱᠠᠲᠤᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | | ᠠᠮᠤᠷ ᠠᠮᠤᠭᠤᠯᠠᠩ ᠠᠯᠠᠱᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠤᠰᠬᠠᠢ ᠰᠠᠯᠠᠭ᠎ᠠ | ᠮᠥᠴᠢᠷ ᠤᠯᠠᠨ ᠲᠦᠮᠡᠨ ᠢ ᠤᠶᠠᠯᠳᠤᠭᠤᠯᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ | ᠪᠠᠷᠢᠮᠲᠠᠯᠠᠵᠤ᠂ ᠪᠣᠰᠤᠭ᠎ᠠ ᠴᠣᠭᠴᠠᠴᠢᠯᠠᠭᠰᠠᠨ᠂ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠦᠴᠦᠷᠬᠡᠭᠯᠡᠯ | ᠰᠦᠷᠳᠡᠭᠦᠯᠦᠯ᠂ ᠬᠠᠷ᠎ᠠ ᠪᠦᠯᠦᠭᠲᠡᠨ ᠬᠠᠷᠭᠢᠰ ᠬᠦᠴᠦᠨ᠂ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ | ᠪᠣᠯᠤᠨ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ | ᠨᠡᠮᠡᠭᠳᠡᠭᠦᠯᠦᠨ᠎ᠡ᠃ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠲᠥᠰᠦᠯ᠂ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠶᠳᠪᠦᠷᠢᠯᠡᠬᠦ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠳᠠᠯᠳᠠ ᠭᠡᠮ ᠢ ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ | ᠃ | | ᠨᠡᠶᠢᠭᠡᠮ ᠤᠨ ᠵᠥᠷᠢᠴᠡᠯ ᠢ ᠤᠷᠢᠳᠴᠢᠯᠠᠨ ᠰᠡᠷᠡᠮᠵᠢᠯᠡᠭᠦᠯᠵᠦ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠃ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠰᠢᠨ᠎ᠡ | ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ | ᠰᠢᠯᠤᠭᠤᠳᠬᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ | ᠲᠦᠷᠦᠯ ᠤᠨ ᠡᠶᠡᠳᠡᠭᠦᠯᠭᠡ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠠᠭᠤᠷᠠᠯᠳᠤᠭᠠᠨ ᠢ ᠨᠠᠮᠳᠠᠭᠤᠯᠬᠤ᠂ | ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ | ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠬᠢᠮᠤᠷᠠᠯ ᠢ | ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ | ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠶᠳᠪᠦᠷᠢᠯᠡᠬᠦ ᠪᠠ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ | ᠲᠡᠭᠦᠯᠳᠡᠷᠵᠢᠭᠦᠯᠵᠦ᠂ ᠵᠥᠷᠢᠴᠡᠯ ᠢ ᠦᠨᠳᠦᠰᠦᠨ ᠱᠠᠲᠤᠨ ᠳᠤ ᠰᠢᠶᠳᠪᠦᠷᠢᠯᠡᠨ᠎ᠡ᠃ | | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ | ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ᠂ ᠨᠡᠶᠢᠭᠡᠮ ᠤᠨ ᠰᠢᠨ᠎ᠡ ᠳᠠᠪᠬᠤᠷᠭ᠎ᠠ᠂ ᠨᠡᠶᠢᠭᠡᠮ ᠤᠨ | ᠠᠵᠢᠯᠳᠠᠨ ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢᠨ ᠨᠡᠶᠢᠭᠡᠮ ᠤᠨ ᠵᠠᠰᠠᠯᠲᠠ ᠳᠤ ᠣᠷᠣᠯᠴᠠᠬᠤ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠵᠢᠯ ᠲᠦᠷᠦᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠪᠡᠶ᠎ᠡ ᠪᠠᠨ ᠳᠠᠭᠠᠭᠠᠵᠤ ᠠᠵᠢᠯᠯᠠᠬᠤ᠂ ᠡᠮᠬᠢ ᠵᠢᠷᠤᠮ ᠲᠠᠢ ᠪᠠᠷ ᠥᠷᠢᠰᠥᠯᠳᠦᠬᠦ᠂ | ᠰᠢᠯᠢᠳᠡᠭᠵᠢᠭᠦᠯᠦᠨ ᠬᠥᠭᠵᠢᠭᠦᠯᠬᠦ ᠶᠢ ᠠᠬᠢᠭᠤᠯᠬᠤ ᠪᠠ ᠬᠥᠲᠥᠯᠥᠨ ᠵᠢᠯᠣᠭᠤᠳᠤᠨ᠎ᠠ᠃ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠰᠢᠭᠤᠳ ᠳᠠᠩᠰᠠᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠳᠣᠲᠣᠭᠠᠳᠤ ᠶᠢᠨ ᠵᠠᠰᠠᠯᠲᠠ ᠶᠢᠨ ᠪᠦᠲᠦᠴᠡ ᠶᠢ | ᠲᠡᠭᠦᠯᠳᠡᠷᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠡᠷᠬᠢᠯᠡᠭᠰᠡᠳ ᠤᠨ ᠲᠤᠰᠬᠠᠶᠢᠵᠢᠬᠤ᠂ | ᠠᠵᠢᠯ ᠮᠡᠷᠭᠡᠵᠢᠬᠦ ᠶᠢ ᠲᠦᠯᠬᠢᠨ ᠠᠬᠢᠭᠤᠯᠵᠤ᠂ ᠥᠪᠡᠷ ᠢ ᠪᠠᠨ ᠬᠥᠭᠵᠢᠭᠦᠯᠬᠦ ᠪᠠ ᠥᠪᠡᠷ ᠢ ᠪᠠᠨ ᠬᠠᠮᠢᠶᠠᠷᠬᠤ | ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ | ᠡᠭᠦᠷᠭᠡ ᠴᠢᠳᠠᠪᠤᠷᠢ ᠪᠠᠨ ᠰᠢᠯᠵᠢᠭᠦᠯᠬᠦ ᠪᠠ ᠦᠢᠯᠡᠴᠢᠯᠡᠭᠡ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠶ ᠶᠢᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠤᠨ᠎ᠠ᠃ | | ᠵᠢᠷᠭᠤᠳᠤᠭᠠᠷ ᠬᠡᠰᠡᠭ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠲᠤᠲᠠᠶ ᠠᠬᠢᠭᠤᠯᠤᠨ᠎ᠠ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ | ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ | ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠤᠯᠴᠠᠭ᠎ᠠ ᠶᠢ ᠠᠬᠢᠭᠤᠯᠬᠤ | ᠰᠣᠶᠣᠯ ᠤᠨ ᠬᠥᠭᠦᠷᠭᠡ ᠶᠢ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠤᠨ ᠭᠤᠤᠯ ᠰᠡᠳᠦᠪ ᠪᠣᠯᠭᠠᠵᠤ᠂ ᠮᠠᠨ ᠤ ᠠᠶᠢᠮᠠᠭ ᠤᠨ ᠤᠯᠤᠰ ᠠᠷᠠᠳ ᠤᠨ ᠰᠤᠷᠭᠠᠨ ᠬᠥᠮᠦᠵᠢᠯ᠂ | ᠺᠠᠳ᠋ᠷ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠣᠷᠣᠭᠤᠯᠵᠤ᠂ | ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠠᠪᠠᠯ ᠰᠤᠷᠬᠤ ᠠᠭᠤᠯᠭ᠎ᠠ ᠳᠤ | ᠣᠷᠣᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ | ᠣᠯᠠᠨ ᠶᠠᠩᠵᠤ ᠶᠢᠨ ᠬᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠬᠥᠮᠦᠵᠢᠯ | ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠦᠵᠡᠯ ᠰᠠᠨᠠᠭᠠᠨ ᠤ ᠬᠥᠮᠦᠵᠢᠯ ᠪᠠ | ᠰᠣᠶᠣᠯ ᠰᠤᠷᠭᠠᠨ ᠬᠥᠮᠦᠵᠢᠯ ᠤᠨ ᠴᠢᠳᠠᠮᠵᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠠᠭᠠᠭᠳᠠᠬᠤᠨ ᠢ ᠲᠠᠷᠢᠬᠢ | ᠲᠣᠯᠣᠭᠠᠶ ᠳᠤ ᠬᠠᠳᠠᠩᠰᠢᠭᠤᠯᠤᠨ ᠰᠡᠳᠬᠢᠯ ᠵᠢᠷᠦᠬᠡᠨ ᠳᠤ ᠬᠠᠳᠠᠩᠰᠢᠭᠤᠯᠤᠨ᠎ᠠ᠃ ︽ᠳᠤᠮᠳᠠᠳᠤ ᠶᠢᠨ ᠦᠨᠳᠦᠰᠦᠲᠡᠨ | ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ | ᠬᠠᠮᠲᠤᠪᠠᠷ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠠᠯᠠᠱᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠤᠬᠠᠭᠤᠯᠤᠨ᠎ᠠ᠃ | | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃ ᠣᠷᠣᠰᠢᠨ | ᠰᠠᠭᠤᠵᠤ ᠠᠮᠢᠳᠤᠷᠠᠬᠤ᠂ ᠠᠵᠢᠯᠯᠠᠵᠤ ᠰᠤᠷᠤᠯᠴᠠᠬᠤ᠂ ᠰᠣᠶᠣᠯ ᠴᠡᠩᠭᠡᠯ ᠵᠡᠷᠭᠡ ᠡᠳᠦᠷ ᠲᠤᠳᠤᠮ ᠤᠨ | ᠵᠠᠩᠭᠢᠯᠠᠭ᠎ᠠ ᠠᠴᠠ ᠭᠠᠷᠳᠠᠨ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠵᠤ | ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠶ ᠪᠠᠷ ᠪᠤᠢ ᠪᠣᠯᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠪᠠᠨ ᠰᠣᠯᠢᠯᠴᠠᠬᠤ᠂ ᠬᠥᠮᠦᠵᠢᠭᠦᠯᠬᠦ᠂ ᠡᠶ᠎ᠡ | ᠨᠠᠶᠢᠷᠲᠠᠶ ᠪᠣᠯᠭᠠᠬᠤ ᠠᠵᠢᠯ ᠢ ᠥᠷᠨᠢᠭᠦᠯᠵᠦ᠂ ᠰᠠᠯᠵᠤ ᠪᠣᠯᠤᠰᠢ ᠦᠭᠡᠢ ᠨᠢᠭᠲᠠ ᠬᠤᠯᠪᠣᠭ᠎ᠠ ᠲᠠᠢ ᠬᠠᠮᠲᠤ ᠶᠢᠨ | ᠴᠣᠭᠴᠠ ᠶᠢ ᠪᠦᠷᠢᠯᠳᠦᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ | ᠭᠤᠶᠢᠪᠢᠰᠢ ᠥᠬᠡᠶ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠢᠳᠡᠪᠬᠢᠲᠡᠶ ᠯᠠᠪᠳᠠᠭᠤᠨ ᠢᠶᠠᠷ | ᠬᠡᠷᠡᠭᠵᠢᠭᠦᠯᠵᠦ᠂ ᠬᠤᠤᠰ ᠬᠡᠯᠡᠨ ᠤ ᠵᠢᠭᠠᠨ ᠰᠤᠷᠭᠠᠯᠲᠠ ᠶᠢᠨ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢ ᠡᠵᠡᠮᠰᠢᠬᠦ ᠪᠠ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠴᠥᠭᠡᠨ ᠲᠣᠭᠠᠲᠤ ᠦᠨᠳᠦᠰᠦᠲᠡᠨ ᠨᠦᠭᠦᠳ ᠤᠨ | ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠲᠡᠮᠵᠢᠨ᠎ᠠ᠃ ᠦᠨᠳᠦᠰᠦᠲᠡᠨ ᠤ | ᠪᠡᠶ᠎ᠡ ᠶᠢᠨ ᠲᠠᠮᠢᠷ ᠤᠨ ᠤᠷᠤᠯᠳᠤᠭᠠᠨ ᠪᠠ ᠡᠯ᠎ᠡ ᠲᠥᠷᠥᠯ ᠤᠨ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ | ᠰᠠᠶᠢᠲᠤᠷ ᠡᠷᠭᠢᠯᠡᠵᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ | ᠪᠠᠶᠢᠭᠤᠯᠤᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠭᠦᠯᠬᠦ ᠠᠵᠢᠯᠯᠠᠭ᠎ᠠ ᠶᠢ ᠬᠦᠴᠦᠯᠡᠨ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠣᠳᠠᠰ ᠤᠨ ᠰᠠᠭᠤᠷᠢ ᠶᠢ ᠪᠠᠲᠤᠳᠬᠠᠨ᠎ᠠ᠃ | | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢ | ᠠᠬᠢᠭᠤᠯᠵᠤ᠂ ᠦᠨᠳᠦᠰᠦᠨ ᠱᠠᠲᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠶᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ ︵ ᠭᠠᠴᠠᠭ᠎ᠠ | ᠲᠣᠰᠬᠤᠨ︶ ᠂ ᠰᠤᠮᠤ ᠪᠠᠯᠭᠠᠰᠤ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠂ ᠰᠤᠷᠭᠠᠭᠤᠯᠢ᠂ ᠴᠡᠷᠢᠭ | ᠠᠩᠭᠢ᠂ ᠱᠠᠰᠢᠨ ᠰᠤᠷᠲᠠᠬᠤᠨ ᠤ ᠲᠠᠯᠠᠪᠤᠷ ᠲᠤ ᠣᠷᠣᠭᠤᠯᠬᠤ ᠠᠵᠢᠯᠯᠠᠭ᠎ᠠ ᠶᠢ ᠠᠬᠢᠭᠤᠯᠵᠤ᠂ ᠨᠢᠭᠡ ᠪᠦᠯᠦᠭ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢ | ᠭᠤᠤᠯᠳᠠᠯᠭ᠎ᠠ ᠲᠠᠢ ᠪᠦᠷᠢᠯᠳᠦᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠮ ᠤᠨ | ᠪᠠᠶᠢᠭᠤᠯᠤᠯᠲᠠ +︾ ᠢᠨᠵᠧᠨᠧᠷᠢᠩ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠢᠯ ᠣᠯᠭᠤᠬᠤ ᠠᠳᠠᠯ ᠦᠶᠯᠡᠰ ᠴᠣᠭᠴᠠᠯᠠᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠯᠦᠭᠡ | ᠪᠦᠲᠦᠮᠵᠢᠲᠡᠶ ᠤᠶᠠᠯᠳᠤᠭᠤᠯᠵᠤ᠂ ᠭᠦᠨᠵᠡᠭᠡᠶ ᠠᠭᠤᠰᠤᠯᠴᠠᠭᠤᠯᠤᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠭᠠᠨᠰᠦ᠂ ᠨᠢᠩᠰᠢᠶᠠ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠨᠥᠬᠦᠷᠰᠡᠭ ᠢᠶᠠᠷ | ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠬᠤ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠣᠷᠣᠨ ᠪᠦᠰᠡ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠲᠡᠨ ᠤ | ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ᠂ ᠦᠨᠳᠦᠰᠦᠨ ᠬᠠᠤᠯᠢ ᠪᠠ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠨ᠎ᠠ᠃ | | ᠠᠷᠪᠠᠨ ᠨᠢᠭᠡᠳᠦᠭᠡᠷ ᠪᠦᠯᠦᠭ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠲᠥᠯᠥᠪᠵᠢᠭᠦᠯᠭᠡ ᠶᠢ ᠬᠡᠷᠡᠭᠵᠢᠭᠦᠯᠬᠦ | ᠪᠠᠲᠤᠯᠠᠭ᠎ᠠ ᠶᠢ ᠴᠢᠩᠭᠠᠳᠬᠠᠨ᠎ᠠ | | ᠨᠢᠭᠡᠳᠦᠭᠡᠷ ᠬᠡᠰᠡᠭ ᠨᠠᠮ ᠤᠨ ᠲᠥᠪᠯᠡᠷᠡᠭᠰᠡᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ᠎ᠠ | | ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ ᠪᠤᠳᠤᠯᠭ᠎ᠠ ᠶᠢ ᠲᠣᠭᠲᠠᠭᠠᠬᠤ᠂ | ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠶᠢ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢᠶᠠᠨ ᠨᠡᠮᠡᠭᠳᠡᠭᠦᠯᠦᠨ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠢᠮᠠᠭᠲᠠ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠦᠬᠦ ᠶᠠᠪᠤᠴᠠ ᠶᠢ | ᠲᠤᠭᠤᠰᠢᠯᠠᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠠᠳᠠᠯᠢ | ᠱᠠᠲᠤᠨ ᠤ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠳᠠᠬᠢ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠪᠠᠳᠠᠷᠠᠭᠤᠯᠵᠤ᠂ ᠰᠢᠰᠲ᠋ᠧᠮ ᠤᠨ ᠤᠨᠤᠯ ᠠᠴᠠ ᠡᠭᠦᠰᠦᠨ ᠠᠵᠤ ᠠᠬᠤᠢ ᠶᠢᠨ ᠵᠠᠰᠠᠯᠲᠠ ᠶᠢᠨ ᠠᠷᠭ᠎ᠠ ᠬᠡᠯᠪᠡᠷᠢ ᠶᠢ | ᠰᠢᠯᠢᠳᠡᠭᠵᠢᠭᠦᠯᠵᠦ᠂ ᠪᠦᠬᠦ ᠲᠠᠯ᠎ᠠ ᠶᠢᠨ ᠦᠵᠡᠯᠲᠡ ᠶᠢ ᠴᠢᠩᠭᠠᠳᠬᠠᠵᠤ᠂ ᠤᠯᠠᠨ ᠳᠠᠪᠬᠤᠷ ᠬᠠᠷᠠᠯᠲᠠ ᠶᠢᠨ | ᠳᠤᠮᠳᠠ ᠠᠴᠠ ᠬᠥᠳᠡᠯᠦᠩᠭᠦᠢ ᠲᠡᠩᠴᠡᠭᠦᠷᠢ ᠶᠢ ᠡᠷᠢᠯᠬᠢᠯᠡᠨ᠎ᠡ᠃ | | ᠬᠤᠶᠠᠳᠤᠭᠠᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ | | ᠲᠥᠯᠥᠪᠵᠢᠭᠦᠯᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠦᠨ | ᠵᠢᠯᠣᠭᠤᠳᠬᠤ ᠪᠠ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠥᠯᠥᠪᠵᠢᠭᠦᠯᠭᠡ ᠶᠢᠨ ᠣᠨ ᠤ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | | ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠥᠲᠥᠯᠪᠦᠷᠢ ᠶᠢᠨ | ᠵᠢᠯᠣᠭᠤᠳᠬᠤ ᠪᠠᠶᠢᠷᠢ ᠰᠠᠭᠤᠷᠢ ᠶᠢ ᠴᠢᠩᠭᠠᠳᠬᠠᠵᠤ᠂ ᠲᠤᠰᠬᠠᠶ ᠵᠦᠶᠯ ᠤᠨ ᠲᠥᠯᠥᠪᠵᠢᠭᠦᠯᠭᠡ ᠪᠠ ᠬᠤᠰᠢᠭᠤᠨ | ᠱᠠᠲᠤᠨ ᠤ ᠲᠥᠯᠥᠪᠵᠢᠭᠦᠯᠭᠡ ᠳᠤ ᠶᠡᠷᠦᠩᠬᠡᠶ ᠲᠥᠯᠥᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠪᠠ | ᠭᠤᠤᠯ ᠡᠭᠦᠷᠭᠡ ᠶᠢ ᠲᠤᠤᠱᠯᠠᠭᠤᠯᠵᠤ᠂ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠯᠠᠯ ᠢ | ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠡᠯ᠎ᠡ ᠲᠥᠷᠥᠯ ᠤᠨ ᠲᠥᠯᠥᠪᠵᠢᠭᠦᠯᠭᠡ ᠶᠢᠨ ᠶᠡᠷᠦᠩᠬᠡᠶ ᠱᠠᠭᠠᠷᠳᠠᠯᠭ᠎ᠠ ᠶᠢᠨ | ᠲᠠᠯ᠎ᠠ ᠪᠠᠷ ᠴᠢᠭᠯᠡᠯ ᠨᠢᠭᠡᠳᠦᠯᠲᠡᠶ᠂ ᠣᠷᠣᠨ ᠵᠠᠶ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ ᠬᠠᠷᠢᠯᠴᠠᠨ ᠵᠣᠬᠢᠴᠠᠩᠭᠤᠶ᠂ | ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ | ᠪᠠᠶᠢᠬᠤ ᠶᠢ ᠪᠠᠲᠤᠯᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠲᠤᠷᠰᠢᠯᠲᠠ ᠶᠢ ᠢᠳᠡᠪᠬᠢᠲᠡᠶ | ᠥᠷᠨᠢᠭᠦᠯᠦᠨ᠎ᠡ᠃ | | ᠲᠥᠷᠥ ᠶᠢᠨ ᠪᠣᠳᠣᠯᠭ᠎ᠠ ᠪᠠᠷ ᠬᠥᠲᠥᠯᠦᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ | ᠂ ᠲᠤᠪᠤᠶᠢᠮ᠎ᠠ ᠵᠥᠷᠢᠴᠡᠯ ᠢ ᠪᠦᠲᠦᠮᠵᠢᠲᠡᠢ ᠰᠢᠢᠳᠪᠦᠷᠢᠯᠡᠬᠦ᠂ ᠡᠷᠬᠡ ᠲᠡᠭᠰᠢ ᠣᠷᠴᠢᠨ ᠲᠣᠭᠤᠷᠢᠨ ᠢ ᠪᠤᠢ ᠪᠣᠯᠭᠠᠬᠤ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠠᠯᠢ ᠤᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ ᠬᠥᠭᠵᠢᠯᠲᠡ ᠶᠢᠨ ᠬᠠᠷᠠᠯᠲᠠ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠲᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠳᠠ ᠬᠥᠳᠡᠭᠡ ᠣᠷᠣᠨ ᠪᠦᠰᠡ ᠶᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠠᠬᠢᠭᠤᠯᠬᠤ᠂ ᠡᠬᠢ ᠪᠠᠶᠠᠯᠢᠭ ᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ ᠶᠢ ᠴᠢᠩᠭᠠᠳᠬᠠᠬᠤ | ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠲᠦᠷᠦ ᠶᠢᠨ | ᠪᠤᠳᠤᠯᠭ᠎ᠠ ᠶᠢ ᠰᠤᠳᠤᠯᠤᠨ ᠲᠣᠭᠲᠠᠭᠠᠬᠤ ᠪᠠ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ | | ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠲᠥᠯᠥᠪᠵᠢᠭᠦᠯᠭᠡ ᠳᠤ ᠳᠤᠷᠠᠳᠤᠭᠰᠠᠨ | ᠬᠥᠭᠵᠢᠯᠲᠡ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠴᠢᠬᠤᠯᠠ ᠶᠡᠭᠡ ᠲᠥᠷᠥᠯ ᠵᠦᠶᠯ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠪᠠ ᠴᠢᠨᠠᠷ ᠰᠠᠶᠢᠲᠠᠶ ᠬᠥᠭᠵᠢᠯᠲᠡ ᠶᠢᠨ ᠭᠦᠶᠴᠡᠳᠬᠡᠯ | ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠶᠢᠨ ᠬᠠᠮᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠤ | ᠬᠤᠪᠢᠶᠠᠨ ᠥᠭᠴᠦ᠂ ᠲᠥᠯᠥᠪᠵᠢᠭᠦᠯᠭᠡ ᠶᠢᠨ ᠬᠠᠷᠠᠯᠲᠠᠲᠤ ᠡᠭᠦᠷᠭᠡ ᠶᠢ ᠲᠥᠯᠥᠪᠯᠡᠭᠡ ᠲᠠᠢ᠂ ᠠᠯᠬᠤᠮ | ᠳᠠᠷᠠᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠵᠢᠱᠢᠯᠲᠡ ᠶᠢᠨ ᠴᠢᠨᠠᠷᠲᠠᠶ ᠭᠦᠢᠴᠡᠳᠬᠡᠬᠦ | ᠲᠤᠭ᠎ᠠ ᠶᠢ ᠭᠤᠣᠯᠳᠠᠭᠤ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠪᠠᠷ ᠰᠢᠶᠳᠪᠦᠷᠢᠯᠡᠬᠦ ᠴᠢᠨᠠᠷᠲᠠᠶ | ᠦᠢᠯᠡᠳᠦᠯ ᠦᠵᠡᠭᠦᠯᠬᠦ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠲᠦᠰᠢᠭᠯᠡᠵᠦ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠬᠤ ᠪᠠ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ | ᠪᠠ ᠪᠦᠲᠦᠭᠡᠯᠴᠢ ᠴᠢᠨᠠᠷ ᠢ ᠬᠥᠭᠵᠢᠭᠦᠯᠦᠨ᠎ᠡ᠃ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠬᠦ ᠪᠠ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠬᠤ ᠬᠡᠷᠡᠭᠲᠡᠶ᠃ | | ᠭᠤᠷᠪᠠᠳᠤᠭᠠᠷ ᠬᠡᠰᠡᠭ ᠲᠥᠯᠥᠪᠵᠢᠭᠦᠯᠭᠡ ᠳᠤ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠳᠬᠠᠨ᠎ᠠ | | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠲᠦᠷᠢᠮ ᠢ | ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ | ᠣᠷᠣᠯᠴᠠᠬᠤ ᠶᠢ ᠥᠷᠭᠡᠳᠬᠡᠵᠦ᠂ ᠲᠥᠯᠥᠪᠵᠢᠭᠦᠯᠭᠡ ᠶᠢᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃ | | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ | ᠣᠷᠳᠣᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ | ᠮᠡᠳᠡᠭᠦᠯᠬᠦ ᠪᠠ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢ ᠬᠡᠷᠡᠭᠵᠢᠭᠦᠯᠬᠦ ᠳᠤ | ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢ ᠪᠠ ᠤᠯᠠᠨ ᠲᠦᠮᠡᠨ ᠤ | ᠨᠡᠶᠢᠭᠡᠮ ᠤᠨ ᠪᠦᠯᠬᠦᠮ ᠤᠨ ᠬᠥᠭᠦᠷᠭᠡ ᠪᠠ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ | ᠬᠢᠭᠡᠳ ᠠᠵᠤ ᠠᠬᠤᠶᠢᠯᠠᠯ᠂ ᠤᠯᠠᠨ ᠲᠦᠮᠡᠨ ᠤ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠬᠠᠷᠢᠭᠤ | ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠥᠯᠥᠪᠵᠢᠭᠦᠯᠭᠡ ᠶᠢ ᠦᠨᠡᠯᠡᠨ ᠵᠢᠱᠢᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠨᠤᠭᠤᠳ ᠲᠥᠯᠥᠪᠵᠢᠭᠦᠯᠭᠡ ᠶᠢᠨ ᠳᠣᠲᠣᠷᠠᠬᠢ ᠬᠤᠯᠪᠣᠭᠳᠠᠯ ᠪᠥᠬᠦᠶ ᠪᠦᠲᠦᠴᠡ ᠶᠢ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠶᠢᠨ | ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ | ᠵᠡᠷᠭᠡ ᠲᠠᠯ᠎ᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠶᠡᠷᠦᠩᠬᠡᠶᠢᠯᠡᠨ ᠦᠨᠡᠯᠡᠵᠦ ᠬᠢᠨᠠᠨ | ᠰᠢᠯᠭᠠᠬᠤ ᠪᠠᠨ ᠴᠢᠩᠭᠠᠳᠬᠠᠬᠤ ᠬᠡᠷᠡᠭᠲᠡᠶ᠃ ᠲᠥᠯᠥᠪᠵᠢᠭᠦᠯᠭᠡ ᠶᠢᠨ ᠣᠨ ᠤ ᠰᠢᠯᠭᠠᠨ ᠬᠢᠨᠠᠬᠤ ᠪᠠ ᠳᠤᠮᠳᠠ | ᠬᠤᠭᠤᠴᠠᠭᠠᠨ ᠤ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠪᠠᠶᠢᠴᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠵᠠᠳᠠᠯᠤᠨ᠎ᠠ᠃ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠷᠢᠵᠤ ᠣᠷᠣᠯᠴᠠᠭᠤᠯᠬᠤ ᠪᠤᠶᠤ ᠭᠤᠷᠪᠠᠳᠠᠬᠢ ᠡᠲᠡᠭᠡᠳ ᠲᠤ ᠨᠠᠶᠢᠳᠠᠵᠤ | ᠦᠨᠡᠯᠡᠨ ᠵᠢᠱᠢᠵᠦ ᠰᠢᠯᠭᠠᠨ ᠬᠢᠨᠠᠬᠤ ᠶᠢ ᠥᠷᠨᠢᠭᠦᠯᠦᠨ᠎ᠡ᠃ | | ᠪᠦᠬᠦ ᠨᠡᠶᠢᠭᠡᠮ ᠢ ᠳᠠᠶᠢᠴᠢᠯᠠᠨ ᠲᠥᠯᠥᠪᠵᠢᠭᠦᠯᠭᠡ ᠶᠢ ᠬᠠᠮᠲᠤ ᠪᠠᠷ ᠨᠠᠶᠢᠳᠠᠪᠤᠷᠢᠵᠢᠭᠤᠯᠤᠨ᠎ᠠ᠃ ᠠᠮᠢᠳᠤᠯᠢᠭ | ᠪᠥᠭᠡᠳ ᠤᠯᠠᠨ ᠶᠠᠩᠵᠤ ᠶᠢᠨ ᠬᠡᠯᠪᠡᠷᠢ ᠶᠢ ᠥᠷᠭᠡᠨ ᠢᠶᠠᠷ ᠬᠡᠷᠡᠭᠯᠡᠵᠦ᠂ ᠲᠥᠯᠥᠪᠵᠢᠭᠦᠯᠭᠡ ᠶᠢᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠤᠯᠠᠮ ᠨᠢᠭᠲᠠᠷᠠᠭᠤᠯᠤᠨ᠎ᠠ᠃ ᠣᠯᠠᠨ | ᠨᠡᠶᠢᠲᠡ ᠶᠢᠨ ᠣᠷᠣᠯᠴᠠᠬᠤ ᠬᠡᠯᠪᠡᠷᠢ ᠶᠢ ᠰᠦᠪᠡᠭᠴᠢᠯᠡᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠣᠷᠣᠯᠴᠠᠬᠤ | ᠠᠷᠭ᠎ᠠ ᠵᠠᠮ ᠢ ᠥᠷᠭᠡᠳᠬᠡᠨ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ | ᠠᠬᠢᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ | ᠪᠥᠬᠦ ᠠᠶᠢᠮᠠᠭ ᠤᠨ ᠬᠦᠴᠦᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠬᠢᠨ ᠤ ᠣᠶᠤᠨ ᠤᠬᠠᠭᠠᠨ ᠢ ᠲᠥᠪᠯᠡᠷᠡᠭᠦᠯᠦᠨ | ᠲᠥᠯᠥᠪᠵᠢᠭᠦᠯᠭᠡ ᠶᠢ ᠬᠠᠮᠲᠤᠪᠠᠷ ᠨᠠᠶᠢᠳᠠᠪᠤᠷᠢᠵᠢᠭᠤᠯᠤᠨ᠎ᠠ᠃ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ | ᠪᠡᠶᠡᠯᠡᠭᠦᠯᠬᠦ ᠳᠤ ᠡᠭᠦᠷᠭᠡ ᠢᠷᠠᠭᠤ ᠠᠯᠳᠠᠷᠲᠠᠶ᠂ ᠡᠭᠦᠷᠭᠡ ᠪᠡᠷᠬᠡ ᠬᠠᠲᠠᠭᠤᠵᠢᠯᠲᠠᠶ᠂ ᠢᠷᠡᠭᠡᠳᠦᠶ ᠭᠡᠭᠡᠨ ᠰᠠᠷᠠᠭᠤᠯ | ᠪᠠᠶᠢᠨ᠎ᠠ᠃ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠤᠴᠠᠯᠲᠠ ᠦᠭᠡᠢ ᠲᠡᠮᠡᠴᠡᠬᠦ ᠣᠪᠣᠷ | ᠪᠠᠶᠢᠳᠠᠯ᠂ ᠰᠠᠭᠠᠳ ᠪᠡᠷᠬᠡᠰᠢᠶᠡᠯ ᠢ ᠳᠠᠪᠠᠨ ᠳᠤᠭᠤᠯᠵᠤ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ | ᠪᠦᠬᠦᠨ ᠢ ᠲᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠠᠯᠠᠱᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠵᠣᠷᠢᠯᠭ᠎ᠠ ᠪᠠᠷ ᠡᠷᠡᠯᠬᠡᠭᠯᠡᠨ ᠤᠷᠤᠭᠰᠢᠯᠠᠵᠠᠭᠠᠶ᠎ᠠ︕ | | ᠮᠡᠳᠡᠭᠡ ᠵᠠᠩᠭᠢ ᠶᠢᠨ ᠢᠷᠡᠯᠲᠡ᠄ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | |