﹇ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ﹈ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2024/6/7
                       ● ᠵᠠᠩ ᠯᠧᠢ              ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠪᠣᠯ ᠢᠲᠡᠭᠡᠮᠵᠢ ᠶᠢᠨ ᠠᠵᠤ ᠠᠬᠤᠢ᠂ ᠬᠠᠤᠯᠢ ᠪᠠᠷ ᠵᠠᠰᠠᠬᠤ ᠠᠵᠤ ᠠᠬᠤᠢ ᠮᠥᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠪᠣᠯ ᠥᠨᠳᠥᠷ ᠲᠦᠪᠰᠢᠨ ᠪᠦᠬᠦᠢ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ︽ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︾ ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠪᠣᠯ ᠬᠤᠳᠠᠯᠳᠤᠭᠠᠨ ᠤ ᠠᠵᠢᠯᠯᠠᠭ᠎ᠠ ᠶᠢᠨ ᠳᠤᠮᠳᠠᠬᠢ ᠭᠤᠣᠯᠯᠠᠭᠴᠢ ᠥᠷᠲᠡᠭ ᠤᠨ ᠨᠢᠭᠡ ᠮᠥᠨ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠨᠢ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠠᠵᠤ ᠠᠬᠤᠢ ᠶᠢᠨ ᠠᠵᠢᠯᠯᠠᠭ᠎ᠠ ᠳᠤᠮᠳᠠ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠡᠵᠡᠩᠨᠡᠵᠦ᠂ ᠭᠡᠷ᠎ᠡ ᠶᠢᠨ ᠵᠣᠷᠢᠭ ᠰᠠᠨᠠᠭ᠎ᠠ ᠶᠢ ᠬᠦᠨᠳᠦᠳᠬᠡᠨ᠂ ᠬᠤᠳᠠᠯᠳᠤᠭᠠᠨ ᠤ ᠭᠡᠷ᠎ᠡ ᠶᠢ ᠭᠦᠢᠴᠡᠳᠬᠡᠵᠦ᠂ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠶ ᠪᠤᠯᠭᠠᠬᠤ ᠶᠢ ᠱᠠᠭᠠᠷᠳᠠᠳᠠᠭ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠢ ᠠᠵᠤ ᠠᠬᠤᠶᠢᠯᠠᠯ ᠤᠨ ᠨᠡᠷ᠎ᠡ ᠬᠦᠨᠳᠦ ᠪᠠ ᠠᠯᠤᠰ ᠭᠡᠲᠦ ᠶᠢᠨ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠴᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠳᠡᠭᠡᠭᠰᠢᠯᠡᠭᠦᠯᠭᠦ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠᠶᠢᠵᠤ᠂ ᠪᠦᠭᠦ᠋ᠢᠯᠡ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠪᠠ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃              ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷ᠎ᠡ᠄ ︽ᠬᠠᠤᠯᠢ ᠪᠠᠷ ᠵᠠᠰᠠᠬᠤ ᠤᠬᠠᠮᠰᠠᠷ᠂ ᠭᠡᠷ᠎ᠡ ᠶᠢᠨ ᠵᠣᠷᠢᠭ ᠰᠠᠨᠠᠭ᠎ᠠ᠂ ᠭᠡᠷ᠎ᠡ ᠶᠢ ᠰᠠᠬᠢᠬᠤ ᠦᠵᠡᠯᠲᠡ ᠪᠣᠯ ᠣᠳᠣ ᠦᠶ᠎ᠡ ᠶᠢᠨ ᠠᠵᠤ ᠠᠬᠤᠢ ᠶᠢᠨ ᠠᠵᠢᠯᠯᠠᠭ᠎ᠠ ᠶᠢᠨ ᠴᠢᠬᠤᠯᠠ ᠦᠵᠡᠯ ᠤᠬᠠᠮᠰᠠᠷ ᠤᠨ ᠵᠢᠷᠤᠮᠵᠢᠯ ᠮᠥᠨ᠂ ᠪᠠᠰᠠ ᠴᠤ ᠢᠲᠡᠭᠡᠮᠵᠢ ᠶᠢᠨ ᠠᠵᠤ ᠠᠬᠤᠢ᠂ ᠬᠠᠤᠯᠢ ᠪᠠᠷ ᠵᠠᠰᠠᠬᠤ ᠠᠵᠤ ᠠᠬᠤᠢ ᠶᠢᠨ ᠴᠢᠬᠤᠯᠠ ᠱᠠᠭᠠᠷᠳᠠᠯᠭ᠎ᠠ ᠮᠥᠨ᠂ ᠠᠵᠤ ᠠᠬᠤᠶᠢᠯᠠᠯᠲᠠᠳ ᠦᠨᠡᠨᠴᠢ ᠢᠲᠡᠭᠡᠮᠵᠢᠲᠡᠢ ᠪᠥᠭᠡᠳ ᠬᠠᠤᠯᠢ ᠶᠢ ᠰᠠᠬᠢᠬᠤ ᠶᠢᠨ ᠦᠯᠢᠭᠡᠷ ᠳᠠᠭᠤᠷᠢᠶᠠᠯ ᠪᠣᠯᠵᠤ᠂ ᠪᠦᠭᠦ ᠨᠡᠶᠢᠭᠡᠮ ᠤᠨ ᠶᠣᠰᠣ ᠮᠣᠷᠠᠯ ᠤᠨ ᠬᠡᠪ ᠴᠢᠨᠠᠷ ᠪᠣᠯᠣᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ︾ ᠭᠡᠵᠦ ᠵᠢᠭᠠᠵᠤ ᠭᠠᠷᠭᠠᠵᠠᠢ ᠃ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠠᠩᠰᠠ ᠡᠪᠬᠡᠮᠡᠯ ᠪᠣᠯ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠬᠤ᠂ ᠪᠤᠯᠪᠠᠰᠤᠷᠠᠭᠤᠯᠬᠤ ᠳᠤ ᠬᠠᠩᠭᠠᠭᠰᠠᠨ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠪᠣᠯᠣᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ ᠪᠠ ᠬᠠᠮᠲᠤ ᠪᠠᠷ ᠡᠳ᠋ᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠭᠦ ᠲᠠᠯ᠎ᠠ ᠪᠠᠷ ᠳᠡᠯᠭᠡᠷᠡᠭᠦᠯᠦᠨ᠂ ᠠᠮᠠᠯᠠᠯᠲᠠ ᠪᠠ ᠭᠡᠷ᠎ᠡ ᠪᠠᠨ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠤᠨ᠎ᠠ᠃ ᠪᠦᠭᠦ ᠢᠲᠡᠭᠡᠮᠵᠢ ᠶᠢᠨ ᠭᠤᠣᠯ ᠴᠣᠭᠴᠠ᠂ ᠪᠤᠶ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢᠨ ᠲᠥᠷᠥᠯ ᠢᠯᠭᠠᠯ᠂ ᠡᠯ᠎ᠡ ᠣᠷᠣᠨ ᠪᠦᠰᠡ ᠶᠢ ᠬᠠᠮᠤᠷᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠪᠦᠭᠦ ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠠᠷᠠᠯᠵᠢᠶ᠎ᠠ᠂ ᠪᠡᠯᠡ ᠭᠠᠷᠭᠠᠨ ᠡᠳ᠋ ᠬᠥᠷᠥᠩᠭᠡ ᠬᠤᠳᠠᠯᠳᠤᠨ ᠠᠪᠬᠤ᠂ ᠰᠦᠢᠳᠬᠡᠯ ᠲᠤᠰᠢᠶᠠᠬᠤ ᠭᠠᠶᠢᠯᠢ ᠲᠤᠰᠢᠶᠠᠬᠤ᠂ ᠬᠠᠤᠯᠢ ᠶᠢ ᠵᠥᠷᠢᠴᠡᠵᠦ ᠶᠠᠯ᠎ᠠ ᠬᠢᠬᠦ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠨᠢᠭᠡᠳᠦᠯᠲᠡᠢ᠂ ᠡᠷᠬᠡ ᠰᠦᠷ ᠲᠠᠢ ᠣᠨᠣᠪᠴᠢᠲᠠᠶ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠡᠵᠡᠩᠨᠡᠯᠲᠡ ᠶᠢᠨ ᠪᠡᠶᠡᠴᠢ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ ᠶᠢ ᠦᠷᠭᠦᠯᠵᠢᠯᠡᠨ ᠰᠢᠨᠡᠳᠬᠡᠨ ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠰᠠᠶᠢᠨ ᠰᠠᠶᠢᠬᠠᠨ ᠢᠲᠡᠭᠡᠮᠵᠢ ᠶᠢᠨ ᠳᠦᠷᠢ ᠲᠥᠷᠬᠦ ᠪᠠᠨ ᠪᠠᠲᠤᠯᠠᠬᠤ ᠶᠢ ᠭᠡᠳᠡᠷᠭᠦ ᠰᠢᠬᠠᠮᠳᠠᠭᠤᠯᠵᠤ ᠪᠠᠶᠢᠨ᠎ᠠ᠂ ᠡᠨᠡ ᠨᠢ ᠬᠡᠷᠡᠭᠯᠡᠭᠴᠢᠳ ᠪᠠ ᠪᠤᠰᠤᠳ ᠠᠰᠢᠭ ᠲᠤᠰᠠ ᠳᠤ ᠬᠤᠯᠪᠣᠭᠳᠠᠬᠤ ᠬᠥᠮᠥᠰ ᠤᠨ ᠪᠣᠳᠠᠲᠠᠢ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠵᠠᠬ᠎ᠠ ᠳᠡᠯᠭᠡᠭᠦᠷ ᠤᠨ ᠠᠷᠠᠯᠵᠢᠶᠠᠨ ᠤ ᠡᠮᠬᠢ ᠵᠢᠷᠤᠮ ᠲᠠᠢ ᠪᠠᠶᠢᠬᠤ ᠪᠠ ᠠᠮᠤᠷ ᠲᠦᠪᠰᠢᠨ ᠶᠠᠪᠤᠭᠳᠠᠬᠤ ᠶᠢ ᠠᠬᠢᠭᠤᠯᠬᠤ ᠳᠤ ᠠᠰᠢᠭᠲᠠᠢ ᠶᠤᠮ; ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠬᠤ ᠳᠤ ᠳᠣᠲᠣᠭᠠᠳᠤ ᠡᠵᠡᠮᠳᠡᠯ ᠤᠨ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠨᠢ ᠡᠵᠡᠩᠨᠡᠯᠲᠡ ᠶᠢᠨ ᠭᠤᠣᠯ ᠴᠣᠭᠴᠠ ᠶᠢᠨ ᠲᠣᠰ ᠪᠡᠶ᠎ᠡ ᠶᠢᠨ ᠵᠢᠷᠤᠮᠵᠢᠬᠰᠠᠨ ᠡᠵᠡᠩᠨᠡᠯᠲᠡ ᠬᠠᠮᠢᠶᠠᠷᠤᠯᠲᠠ ᠳᠤ ᠠᠰᠢᠭᠲᠠᠢ ᠪᠠᠶᠢᠵᠤ᠂ ᠪᠦᠭᠦ᠋ᠢᠯᠡ ᠠᠵᠢᠯ ᠲᠥᠷᠥᠯ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ ᠠᠰᠢᠭᠲᠠᠢ ᠪᠠᠶᠢᠳᠠᠭ; ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠠᠩᠰᠠ ᠡᠪᠬᠡᠮᠡᠯ ᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠴᠢᠬᠤᠯᠠ ᠦᠨᠳᠦᠰᠦᠯᠡᠯ ᠪᠤᠯᠭᠠᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃              ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠨ᠂ ᠲᠡᠭᠦᠨ ᠢ ᠬᠢᠨᠠᠨ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠤᠯᠭᠠᠵᠤ᠂ ᠠᠳᠠᠯᠢ ᠪᠤᠰᠤ ᠢᠲᠡᠭᠡᠮᠵᠢ ᠶᠢᠨ ᠲᠠᠰ ᠤᠨ ᠡᠵᠡᠩᠨᠡᠯᠲᠡ ᠶᠢᠨ ᠭᠤᠣᠯ ᠴᠣᠭᠴᠠ ᠳᠤ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠢ ᠪᠠᠷ ᠡᠵᠡᠩᠨᠡᠭᠰᠡᠨ ᠡᠵᠡᠩᠨᠡᠯᠲᠡ ᠶᠢᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠤᠮᠳᠠ ᠨᠠᠩ ᠣᠯᠠᠨ ᠬᠤᠳᠠᠯᠳᠤᠭᠠᠨ ᠤ ᠲᠣᠭᠢᠶᠠᠯ ᠣᠯᠬᠤ ᠶᠢ ᠵᠣᠷᠢᠭᠵᠢᠭᠤᠯᠬᠤ ᠶᠢᠨ ᠬᠠᠮᠲᠤ ᠢᠲᠡᠭᠡᠮᠵᠢ ᠪᠠᠨ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠤᠯᠴᠠᠬᠤ ᠶᠢ ᠬᠢᠵᠠᠭᠠᠷᠯᠠᠬᠤ ᠪᠤᠶᠤ ᠴᠠᠭᠠᠵᠠᠯᠠᠨ᠎ᠠ;ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠵᠦ᠂ ᠲᠡᠭᠦᠨ ᠢᠶᠠᠷ ᠢᠲᠡᠭᠡᠮᠵᠢ ᠣᠯᠭᠤᠬᠤ ᠪᠡᠯᠡ ᠲᠣᠬᠢᠷᠠᠭᠤᠯᠭ᠎ᠠ ᠶᠢᠨ ᠴᠢᠬᠤᠯᠠ ᠯᠠᠪᠯᠠᠯᠲᠠ ᠶᠢᠨ ᠭᠦᠢᠴᠡᠳᠬᠡᠯ ᠲᠤᠭ᠎ᠠ ᠪᠤᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠢᠲᠡᠭᠡᠮᠵᠢᠲᠦ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠲᠣᠭᠲᠠᠭᠠᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠠᠭᠤᠷᠠᠭᠤᠯᠤᠨ᠎ᠠ;ᠭᠡᠷᠡᠭᠯᠡᠭᠴᠢᠳ ᠢᠲᠡᠭᠡᠮᠵᠢ ᠶᠢᠨ ᠦᠨᠡᠯᠡᠯᠲᠡ ᠶᠢᠨ ᠳ᠋ᠦᠩ ᠢ ᠰᠠᠶᠢᠲᠤᠷ ᠬᠡᠷᠡᠭᠯᠡᠵᠦ᠂ ᠴᠢᠨᠠᠷ ᠰᠠᠶᠢᠨ ᠦᠨ᠎ᠡ ᠬᠢᠮᠳᠠ ᠦᠢᠯᠡᠳᠬᠦᠨ ᠪᠠ ᠦᠢᠯᠡᠴᠢᠯᠡᠭᠡ ᠶᠢ ᠰᠣᠩᠭᠤᠬᠤ ᠨᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ ᠪᠥᠭᠡᠳ ᠡᠵᠡᠩᠨᠡᠯᠲᠡ ᠶᠢᠨ ᠪᠡᠶᠡᠴᠢ ᠴᠣᠭᠴᠠ ᠶᠢᠨ ᠦᠢᠯᠡᠳᠬᠦᠨ ᠤ ᠶᠠᠰᠤ ᠴᠢᠨᠠᠷ ᠪᠠ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠴᠢᠬᠤᠯᠠᠴᠢᠯᠠᠬᠤ ᠶᠠᠪᠤᠳᠠᠯ ᠢ ᠠᠬᠢᠭᠤᠯᠬᠤ ᠪᠣᠯᠣᠨ᠎ᠠ᠃ ᠵᠠᠭᠤᠴᠢᠯᠠᠭᠤᠷ ᠪᠠ ᠰᠦᠯᠵᠢᠶᠡᠨ ᠤ ᠲᠠᠪᠴᠠᠩ ᠨᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠬᠦ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠯ ᠬᠦᠨᠳᠦ ᠶᠢ ᠳᠡᠭᠡᠭᠰᠢᠯᠡᠭᠦᠯᠭᠦ᠂ ᠬᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠬᠦ ᠵᠢᠴᠢ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃              ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ  ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠲᠣᠭᠲᠠᠭᠠᠯ ᠳᠤ ᠨᠡᠶᠢᠴᠡᠭᠰᠡᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠠᠵᠤ ᠠᠬᠤᠢ ᠶᠢᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠂ ᠢᠳᠡᠭᠡᠨ ᠤ ᠵᠦᠢᠯᠡᠰ ᠡᠮ ᠤᠨ ᠵᠦᠢᠯᠡᠰ᠂ ᠣᠷᠴᠢᠨ ᠠᠬᠤᠢ ᠶᠢᠨ ᠬᠠᠮᠠᠭᠠᠯᠠᠯᠲᠠ᠂ ᠡᠨᠧᠷᠭᠢ ᠶᠢᠨ ᠰᠤᠷᠪᠤᠯᠵᠢ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠴᠢᠭᠯᠡᠭᠦᠯᠦᠨ᠂ ᠠᠵᠢᠯ ᠲᠦᠷᠦᠯ ᠤᠨ ᠵᠢᠷᠤᠮᠵᠢᠯ ᠪᠠ ᠦᠨᠡᠨᠴᠢ ᠢᠲᠡᠭᠡᠮᠵᠢ ᠶᠢᠨ ᠨᠠᠷᠢᠨ ᠪᠠᠷᠢᠮᠵᠢᠶ᠎ᠠ ᠶᠢ ᠲᠣᠭᠲᠠᠭᠠᠵᠤ᠂ ᠠᠵᠢᠯ ᠲᠦᠷᠦᠯ ᠤᠨ ᠳᠣᠲᠣᠭᠠᠳᠤ ᠶᠢᠨ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠶᠢ ᠲᠣᠳᠣᠷᠬᠠᠢ ᠪᠣᠯᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠶᠢᠨ ᠬᠠᠮᠲᠤ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ ᠭᠤᠣᠯᠳᠠᠯᠭ᠎ᠠ ᠲᠠᠢ ᠲᠥᠷᠥᠯ ᠵᠦᠢᠯ ᠤᠨ ᠰᠦᠯᠵᠢᠶᠡᠨ ᠳᠡᠭᠡᠷᠡᠬᠢ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ;ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠳᠤ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠳᠤᠮᠳᠠ ᠪᠤᠶ ᠪᠣᠯᠤᠭᠰᠠᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ᠢᠲᠡᠭᠡᠮᠵᠢ ᠪᠠᠨ ᠠᠯᠳᠠᠭᠰᠠᠨ ᠨᠡᠷᠡᠰ ᠢ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠨ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠲᠠᠢ ᠬᠠᠮᠲᠤ ᠪᠠᠷ ᠡᠳ᠋ᠯᠡᠵᠦ᠂ ︽ᠢᠲᠡᠭᠡᠮᠵᠢᠲᠡᠢ ᠳᠤᠮᠳᠠᠳᠤ ᠤᠯᠤᠰ︾ ᠰᠦᠯᠵᠢᠶ᠎ᠡ ᠪᠠᠷ ᠳᠠᠮᠵᠢᠨ ᠨᠡᠶᠢᠭᠡᠮ ᠳᠤ ᠢᠯᠡ ᠪᠤᠯᠭᠠᠬᠤ ᠶᠢᠨ ᠬᠠᠮᠲᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠭᠡᠷᠡᠭᠵᠢᠭᠦᠯᠦᠨ᠎ᠡ;ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠪᠠ ᠡᠷᠬᠡ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠲᠣᠭᠲᠠᠭᠠᠨ᠎ᠠ᠃ ᠳᠣᠷᠣᠭᠰᠢ ᠪᠠᠭᠤᠯᠭᠠᠬᠤ ᠡᠷᠬᠡ ᠶᠢᠨ ᠲᠦᠷᠦᠯ ᠵᠦᠢᠯ ᠳᠤ᠂ ᠰᠤᠭᠤᠴᠢᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠪᠣᠯᠵᠣᠨ ᠶᠠᠷᠢᠯᠴᠠᠬᠤ᠂ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠬᠦ᠂ ᠳᠡᠭᠡᠭᠰᠢ ᠬᠤᠷᠢᠶᠠᠬᠤ ᠡᠷᠬᠡ ᠶᠢᠨ ᠬᠢᠵᠠᠭᠠᠷ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠤᠨ ᠬᠠᠷᠢᠭᠤᠴᠠᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠡᠯ᠎ᠡ ᠵᠦᠢᠯ ᠤᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠵᠠᠰᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ;ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠠᠷ ᠳᠠᠮᠵᠢᠭᠤᠯᠤᠨ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠦᠨᠡᠯᠡᠨ ᠵᠢᠱᠢᠬᠦ ᠪᠠ ᠢᠯᠡ ᠨᠡᠶᠢᠲᠡᠯᠡᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠬᠥᠮᠥᠵᠢᠭᠦᠯᠦᠨ ᠪᠤᠯᠪᠠᠰᠤᠷᠠᠭᠤᠯᠬᠤ᠂ ᠬᠡᠷᠡᠭ ᠤᠨ ᠵᠢᠱᠢᠶ᠎ᠡ ᠪᠠᠷ ᠬᠥᠲᠥᠯᠥᠨ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠨᠴᠢ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃              ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ ᠱᠠᠩᠨᠠᠵᠤ ᠲᠣᠷᠭᠠᠬᠤ ᠡᠲᠡᠭᠡᠳ ᠢ ᠮᠠᠭᠠᠳᠯᠠᠨ ᠲᠣᠭᠲᠠᠭᠠᠬᠤ᠂ ᠪᠤᠴᠠᠭᠠᠨ ᠭᠠᠷᠭᠠᠬᠤ᠂ ᠵᠠᠰᠠᠨ ᠰᠡᠷᠭᠦᠭᠡᠬᠦ ᠪᠠᠷᠢᠮᠵᠢᠶ᠎ᠠ ᠪᠠ ᠲᠠᠰ ᠳᠠᠷᠠᠭᠠᠯᠠᠯ ᠢ ᠲᠦᠷᠭᠡᠳᠬᠡᠨ ᠪᠠᠶᠢᠭᠤᠯᠵᠤ᠂ ᠰᠠᠨᠠᠭᠠᠴᠢᠯᠠᠬᠤ᠂ ᠮᠦᠷᠳᠡᠨ ᠳᠠᠭᠠᠬᠤ᠂ ᠬᠠᠷᠢᠭᠤ ᠲᠤᠰᠬᠠᠬᠤ ᠵᠡᠷᠭᠡ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ  ᠪᠠᠨ ᠠᠯᠳᠠᠭᠰᠠᠨ ᠦᠶᠯᠡ ᠠᠵᠢᠯᠯᠠᠭ᠎ᠠ ᠶᠢᠨ ᠰᠢᠨᠵᠢ ᠴᠢᠨᠠᠷ ᠪᠠ ᠬᠡᠮᠵᠢᠶ᠎ᠡ ᠶᠢ ᠦᠨᠳᠦᠰᠦᠯᠡᠨ᠂ ᠬᠦᠨᠳᠦ ᠬᠥᠩᠭᠡᠨ ᠵᠣᠬᠢᠬᠤ ᠬᠡᠮᠵᠢᠶᠡᠨ ᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠤᠨ᠎ᠠ᠃ ᠢᠲᠡᠭᠡᠮᠵᠢ ᠶᠢᠨ ᠤᠷᠮᠠᠰᠢᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠢᠲᠡᠭᠡᠮᠵᠢ ᠪᠠᠷ ᠰᠠᠶᠢᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠢᠲᠡᠭᠡᠮᠵᠢ ᠲᠠᠢ ᠭᠤᠣᠯ ᠴᠣᠭᠴᠠ ᠳᠤ ᠢᠲᠡᠭᠡᠮᠵᠢ ᠶᠢᠨ ᠤᠷᠮᠠᠰᠢᠭᠤᠯᠬᠤ ᠠᠷᠭ᠎ᠠ ᠬᠡᠮᠵᠢᠶ᠎ᠡ ᠣᠯᠭᠤᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠠᠪᠤᠴᠠ ᠳᠤ᠂ ᠵᠠᠷᠤᠳᠠᠯ ᠤᠨ ᠳᠡᠮᠵᠢᠯᠭᠡ ᠦᠵᠡᠭᠦᠯᠵᠦ᠂ ᠨᠡᠪᠴᠢᠭᠦᠯᠦᠨ ᠪᠤᠶᠢᠵᠢᠭᠤᠯᠤᠨ᠎ᠠ;ᠡᠵᠡᠩᠨᠡᠯᠲᠡ ᠶᠢᠨ ᠪᠡᠶᠡᠴᠢ ᠴᠣᠭᠴᠠ ᠨᠢ ᠭᠡᠷᠡᠴᠢ ᠦᠨᠡᠮᠯᠡᠯ ᠢ ᠭᠤᠶᠤᠴᠢᠯᠠᠨ ᠭᠦᠢᠴᠡᠳᠬᠡᠬᠦ ᠶᠠᠪᠤᠴᠠ ᠳᠤ᠂ ᠮᠡᠳᠡᠭᠳᠡᠬᠦ ᠠᠮᠠᠯᠠᠯᠲᠠ ᠥᠭᠴᠦ᠂ ᠮᠠᠲ᠋ᠧᠷᠢᠶᠡᠯ ᠲᠦᠷ ᠳᠤᠲᠠᠭᠤ ᠪᠠᠶᠢᠬᠤ ᠳᠤ ᠭᠥᠯᠢᠶᠡᠨ ᠠᠪᠴᠤ ᠭᠦᠢᠴᠡᠳᠬᠡᠵᠦ ᠥᠭᠬᠦ ᠪᠠᠭᠳᠠᠨ᠎ᠠ;ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠶᠠᠪᠤᠴᠠ ᠳᠤ᠂ ᠴᠠᠭᠢᠯᠭᠠᠨ ᠬᠠᠩᠭᠠᠬᠤ᠂ ᠢᠲᠡᠭᠡᠮᠵᠢᠲᠦ ᠵᠢᠭᠡᠯᠡᠯᠭᠡ ᠬᠠᠩᠭᠠᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠭᠤᠭᠴᠤᠭ᠎ᠠ ᠳᠤ ᠲᠡᠰ ᠳᠠᠷᠠᠭᠠᠯᠠᠯ ᠢ ᠳᠥᠭᠦᠮᠴᠢᠯᠡᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ᠂ ᠴᠠᠭ ᠬᠤᠭᠤᠴᠠᠭ᠎ᠠ ᠶᠢ ᠪᠣᠭᠤᠨᠢᠰᠬᠠᠬᠤ ᠵᠡᠷᠭᠡ ᠬᠠᠷᠠᠭᠠᠯᠵᠠᠯ ᠣᠯᠭᠤᠵᠤ᠂ ᠤᠷᠢᠳ ᠢᠶᠠᠷ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠨᠥᠬᠦᠪᠦᠷᠢ᠂ ᠲᠥᠷᠥᠯ ᠵᠦᠢᠯ ᠤᠨ ᠳᠡᠮᠵᠢᠯᠭᠡ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠣᠯᠭᠤᠨ᠎ᠠ;ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ᠂ ᠪᠠᠶᠢᠴᠠᠭᠠᠬᠤ ᠤᠳᠠᠭ᠎ᠠ ᠶᠢ ᠴᠥᠭᠡᠳᠬᠡᠵᠦ᠂ ᠲᠤᠬᠠᠢ ᠶᠢᠨ ᠲᠠᠯᠠᠪᠤᠷ ᠤᠨ ᠪᠤᠰᠤ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠨᠠᠩ ᠢᠯᠡᠭᠦᠦ ᠬᠡᠷᠡᠭᠯᠡᠨ᠎ᠡ᠃ ᠢᠲᠡᠭᠡᠮᠵᠢ ᠶᠢᠨ ᠬᠢᠵᠠᠭᠠᠷᠯᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ ᠢᠲᠡᠭᠡᠮᠵᠢ ᠪᠠᠨ ᠠᠯᠳᠠᠭᠰᠠᠨ ᠭᠤᠣᠯ ᠴᠣᠭᠴᠠ ᠳᠤ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ᠂ ᠠᠵᠢᠯ ᠲᠥᠷᠥᠯ ᠳᠤ ᠣᠷᠣᠬᠤ ᠶᠢ ᠴᠠᠭᠠᠵᠠᠯᠠᠬᠤ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠶᠢ ᠬᠢᠵᠠᠭᠠᠷᠯᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ᠂ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠴᠢᠩᠭᠠᠳᠬᠠᠨ᠎ᠠ; ᠬᠥᠬᠢᠭᠦᠯᠦᠨ ᠱᠠᠩᠨᠠᠬᠤ ᠠᠵᠢᠯᠯᠠᠭ᠎ᠠ ᠶᠢᠨ ᠳᠤᠮᠳᠠ ᠵᠣᠬᠢᠴᠠᠩᠭᠤᠢ ᠬᠢᠵᠠᠭᠠᠷᠯᠠᠯ ᠣᠯᠭᠤᠬᠤ ᠵᠡᠷᠭᠡ ᠪᠣᠯᠣᠨ᠎ᠠ᠃              ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢ ᠠᠬᠢᠭᠤᠯᠵᠤ ᠦᠨᠡᠨᠴᠢ ᠢᠲᠡᠭᠡᠮᠵᠢᠲᠡᠢ ᠡᠵᠡᠩᠨᠡᠯᠲᠡ ᠳᠤ ᠲᠤᠰᠠᠯᠠᠨ᠎ᠠ᠃ ᠢᠲᠡᠭᠡᠮᠵᠢ ᠶᠢᠨ ᠪᠡᠯᠡ ᠲᠣᠬᠢᠷᠠᠭᠤᠯᠭ᠎ᠠ ᠪᠠᠷ ᠦᠨᠡᠨᠴᠢ ᠢᠲᠡᠭᠡᠮᠵᠢᠲᠡᠢ ᠡᠵᠡᠩᠨᠡᠬᠦ ᠳᠤ ᠬᠦᠴᠦᠨ ᠨᠡᠮᠡᠷᠢᠯᠡᠬᠦ ᠳᠤ ᠨᠢᠭᠡᠨ ᠰᠢᠨᠵᠢᠯᠡᠬᠦ ᠤᠬᠠᠭᠠᠨᠴᠢ᠂ ᠲᠥᠪ ᠭᠤᠥᠯᠴᠢ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠡᠳ᠋ ᠤᠨ ᠶᠠᠪᠤᠳᠠᠯ ᠤᠨ ᠮᠡᠳᠡᠭᠡ ᠵᠠᠩᠭᠢ᠂ ᠵᠣᠭᠤᠰ ᠪᠤᠴᠠᠭᠠᠭᠰᠠᠨ ᠲᠡᠦᠬᠡ᠂ ᠲᠣᠭᠲᠠᠭᠠᠯ ᠳᠤ ᠨᠡᠶᠢᠴᠡᠭᠰᠡᠨ ᠪᠠᠶᠢᠳᠠᠯ ᠵᠡᠷᠭᠡ ᠲᠤᠭ᠎ᠠ ᠪᠠᠷᠢᠮᠲᠠ ᠶᠢ ᠴᠤᠭᠯᠠᠭᠤᠯᠬᠤ ᠪᠠᠷ ᠳᠠᠮᠵᠢᠭᠤᠯᠤᠨ ᠲᠡᠭᠦᠨ ᠤ ᠢᠲᠡᠭᠡᠮᠵᠢ ᠶᠢᠨ ᠵᠡᠷᠭᠡ ᠳᠡᠰ ᠢ ᠦᠨᠡᠯᠡᠨ ᠵᠢᠱᠢᠬᠦ ᠬᠡᠷᠡᠭᠲᠡᠢ ;ᠡᠵᠡᠩᠨᠡᠯᠲᠡ ᠶᠢᠨ ᠭᠤᠣᠯ ᠴᠣᠭᠴᠠ ᠶᠢᠨ ᠡᠳ᠋ ᠤᠨ ᠶᠠᠪᠤᠳᠠᠯ ᠤᠨ ᠪᠠᠶᠢᠳᠠᠯ᠂ ᠭᠡᠷ᠎ᠡ ᠭᠦᠢᠴᠡᠳᠬᠡᠭᠰᠡᠨ ᠲᠡᠮᠳᠡᠭᠯᠡᠯ ᠵᠡᠷᠭᠡ ᠶᠢ ᠪᠠᠭᠲᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠲᠣᠳᠣ ᠨᠡᠶᠢᠲᠡᠯᠡᠬᠦ ᠶᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ; ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠢᠲᠡᠭᠡᠮᠵᠢ ᠶᠢᠨ ᠲᠡᠮᠳᠡᠭᠯᠡᠯ ᠢᠶᠠᠷ ᠰᠠᠶᠢᠨ ᠡᠵᠡᠩᠨᠡᠯᠲᠡ ᠶᠢᠨ ᠭᠤᠣᠯ ᠴᠣᠭᠴᠠ ᠳᠤ ᠰᠠᠭᠠᠳ ᠦᠭᠡᠢ ᠵᠢᠭᠡᠯᠡᠯᠭᠡ ᠲᠠᠯᠪᠢᠬᠤ ᠲᠣᠭᠢᠶᠠᠯ ᠪᠠ ᠬᠠᠷᠠᠭᠠᠯᠵᠠᠯ ᠲᠠᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠬᠠᠩᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠭᠡᠷᠡᠭᠲᠡᠢ;ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠲᠥᠪ ᠭᠤᠣᠯᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠦᠨᠡᠨ ᠬᠦ ᠪᠠᠲᠤᠯᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠴᠦ᠂ ᠦᠨᠡᠨᠴᠢ ᠢᠲᠡᠭᠡᠮᠵᠢᠲᠡᠢ ᠡᠵᠡᠩᠨᠡᠬᠦ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠦᠨᠡᠨᠴᠢ ᠢᠲᠡᠭᠡᠮᠵᠢᠲᠡᠢ ᠡᠵᠡᠩᠨᠡᠬᠦ ᠪᠠ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠤᠬᠠᠢ ᠲᠠᠨᠢᠯᠲᠠ ᠪᠠ ᠴᠢᠬᠤᠯᠠᠴᠢᠯᠠᠨ ᠦᠵᠡᠬᠦ ᠤᠬᠠᠮᠰᠠᠷ ᠢ ᠳᠡᠭᠡᠭᠰᠢᠯᠡᠭᠦᠯᠦᠨ᠂ ᠬᠤᠳᠠᠯᠳᠤᠭᠠᠴᠢᠨ ᠳᠤ ᠲᠣᠬᠢᠷᠠᠬᠤ ᠪᠡᠯᠡ ᠲᠣᠬᠢᠷᠠᠭᠤᠯᠭ᠎ᠠ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃              ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠰᠢᠯᠤᠭᠤᠳᠬᠠᠨ᠎ᠠ᠃ ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠢᠲᠡᠭᠡᠮᠵᠢ ᠪᠠᠨ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠪᠤᠷᠤᠭᠤ ᠪᠠᠨ ᠵᠠᠯᠠᠷᠠᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠳᠤ ᠳᠠᠭᠢᠨ ᠠᠭᠤᠰᠤᠯᠴᠠᠭᠤᠯᠬᠤ ᠳᠤ ᠠᠰᠢᠭᠲᠠᠢ ᠶᠤᠮ᠃ ᠢᠲᠡᠭᠡᠮᠵᠢ ᠪᠠᠷ ᠵᠠᠯᠬᠠᠭᠠᠨ ᠴᠡᠭᠡᠷᠯᠡᠭᠦᠯᠬᠦ ᠶᠢᠨ ᠳᠦᠷᠢᠮᠵᠢᠯᠲᠦ ᠴᠢᠨᠠᠷ ᠪᠠ ᠲᠣᠬᠢᠷᠠᠮᠵᠢᠲᠤ ᠴᠢᠨᠠᠷ ᠢ ᠰᠠᠶᠢᠲᠤᠷ ᠡᠵᠡᠮᠳᠡᠵᠦ᠂ ᠢᠲᠡᠭᠡᠮᠵᠢ ᠪᠠᠷ ᠵᠠᠯᠬᠠᠭᠠᠨ ᠴᠡᠭᠡᠷᠯᠡᠭᠦᠯᠬᠦ ᠶᠢ ᠳᠤᠷ᠎ᠠ ᠪᠠᠷ ᠢᠶᠠᠨ ᠬᠡᠷᠡᠭᠯᠡᠬᠦ᠂ ᠬᠡᠲᠦᠷᠡᠲᠡᠯ᠎ᠡ ᠬᠡᠷᠡᠭᠯᠡᠬᠦ ᠠᠴᠠ ᠡᠷᠡᠰ ᠵᠠᠶᠢᠯᠠᠰᠬᠢᠵᠦ᠂ ᠥᠪᠡᠷ ᠢ ᠪᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠰᠢᠨᠡᠴᠢᠯᠡᠬᠦ ᠳᠤ ᠠᠰᠢᠭᠲᠠᠢ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠬᠤ ᠴᠢᠬᠤᠯᠠᠲᠠᠢ᠃ ᠬᠠᠤᠯᠢ ᠴᠠᠭᠠᠵᠠ ᠳᠦᠷᠢᠮ ᠲᠣᠭᠲᠠᠭᠠᠯ ᠳᠤ ᠰᠡᠷᠭᠦᠭᠡᠵᠦ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠭᠰᠠᠨ ᠢᠲᠡᠭᠡᠮᠵᠢ ᠪᠠᠨ ᠠᠯᠳᠠᠭᠰᠠᠨ ᠮᠡᠳᠡᠭᠡ ᠵᠠᠩᠭᠢ ᠠᠴᠠ ᠭᠠᠳᠠᠨ᠎ᠠ᠂ ᠢᠲᠡᠭᠡᠮᠵᠢ ᠪᠠᠨ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠨᠢ ᠱᠠᠭᠠᠷᠳᠠᠯᠭ᠎ᠠ ᠶᠣᠰᠣᠭᠠᠷ ᠢᠲᠡᠭᠡᠮᠵᠢ ᠪᠠᠨ ᠠᠯᠳᠠᠭᠰᠠᠨ ᠦᠶᠯᠡ ᠠᠵᠢᠯᠯᠠᠭ᠎ᠠ ᠶᠢ ᠵᠠᠯᠠᠷᠠᠭᠤᠯᠵᠤ᠂ ᠮᠠᠭᠤ ᠨᠥᠯᠥᠭᠡ ᠶᠢ ᠠᠷᠢᠯᠭᠠᠭᠰᠠᠨ ᠪᠠᠶᠢᠪᠠᠯ᠂ ᠴᠥᠮ ᠢᠲᠡᠭᠡᠮᠵᠢ ᠪᠠᠨ ᠵᠠᠰᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃ ᠢᠲᠡᠭᠡᠮᠵᠢ ᠪᠠᠨ ᠠᠯᠳᠠᠭᠰᠠᠨ ᠢᠶᠠᠷ ᠪᠤᠷᠤᠭᠤ ᠮᠠᠭᠠᠳᠯᠠᠬᠳᠠᠬᠰᠠᠨ ᠡᠵᠡᠩᠨᠡᠯᠲᠡ ᠶᠢᠨ ᠪᠡᠶᠡᠴᠢ ᠴᠣᠭᠴᠠ ᠳᠤ ᠭᠤᠮᠣᠳᠠᠯ ᠲᠣᠭᠠᠴᠢᠬᠤ ᠪᠠ ᠪᠤᠷᠤᠭᠤ ᠶᠢ ᠵᠠᠯᠠᠷᠠᠭᠤᠯᠤᠨ ᠲᠡᠳᠬᠦᠬᠦ ᠠᠷᠭ᠎ᠠ ᠵᠠᠮ ᠢ ᠪᠠᠶᠢᠭᠤᠯᠵᠤ᠂ ᠲᠥᠪ ᠭᠤᠣᠯᠴᠢ᠂ ᠢᠯᠡ ᠲᠣᠳᠣ᠂ ᠲᠥᠪ ᠭᠤᠣᠯᠴᠢ ᠪᠠᠷ ᠭᠤᠮᠣᠳᠠᠯ ᠲᠣᠭᠠᠴᠢᠬᠤ ᠪᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠵᠤ᠂ ᠭᠤᠮᠣᠳᠠᠯ ᠲᠣᠭᠠᠴᠢᠬᠤ ᠪᠠ ᠪᠤᠷᠤᠭᠤ ᠶᠢ ᠵᠠᠯᠠᠷᠠᠭᠤᠯᠬᠤ ᠨᠥᠬᠦᠴᠡᠯ᠂ ᠲᠡᠰ ᠳᠠᠷᠠᠭᠠᠯᠠᠯ ᠪᠠ ᠦᠷ᠎ᠡ ᠳ᠋ᠦᠩ ᠢ ᠲᠣᠳᠣᠷᠬᠠᠶᠢᠯᠠᠵᠤ᠂ ᠢᠲᠡᠭᠡᠮᠵᠢ ᠶᠢᠨ ᠲᠠᠯ᠎ᠠ ᠪᠠᠷ ᠬᠢ ᠪᠤᠷᠤᠭᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠬᠦᠴᠦᠨ ᠦᠭᠡᠢ ᠪᠣᠯᠭᠠᠨ᠎ᠠ᠃              ᠵᠠᠰᠠᠭ ᠤᠨ ᠣᠷᠳᠣᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠤᠮᠳᠠ ᠪᠠᠶᠢᠪᠠᠰᠤ ᠵᠣᠬᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠨ ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠬᠥᠭᠵᠢᠭᠦᠯᠵᠦ᠂ ᠪᠦᠭᠦ ᠲᠠᠯ᠎ᠠ ᠪᠠᠷ ᠪᠦᠭᠦᠨ ᠢ ᠬᠠᠮᠤᠷᠤᠭᠰᠠᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠢᠲᠡᠭᠡᠮᠵᠢ ᠶᠢᠨ ᠬᠤᠷᠠᠮᠳᠤᠯ ᠬᠤᠪᠢ ᠪᠠᠷ ᠥᠨᠳᠥᠷ ᠡᠵᠡᠩᠨᠡᠯᠲᠡ ᠶᠢᠨ ᠭᠤᠣᠯ ᠴᠣᠭᠴᠠ ᠳᠤ ᠬᠠᠷᠠᠭᠠᠯᠵᠠᠯ ᠦᠵᠡᠭᠦᠯᠦᠨ᠎ᠡ᠃ ᠢᠲᠡᠭᠡᠮᠵᠢ ᠪᠠᠨ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃              ︵ᠵᠣᠬᠢᠶᠠᠭᠴᠢ᠄ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠯᠧᠺᠲ᠋ᠣᠷ᠂ ᠬᠠᠤᠯᠢ ᠶᠢᠨ ᠤᠬᠠᠭᠠᠨ ᠤ ᠳ᠋ᠣᠺᠲ᠋ᠣᠷ︶ 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号