| | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | ᠬᠠᠪᠤᠷ ᠤᠨ ᠤᠷᠢᠬᠠᠨ ᠰᠠᠯᠬᠢ ᠮᠢᠩᠭᠠᠨ ᠠᠭᠤᠯᠠ ᠶᠢ ᠨᠣᠭᠤᠭᠠᠷᠠᠭᠤᠯᠵᠤ᠂ ᠬᠡᠩᠭᠡᠷᠭᠡ ᠳᠡᠯᠡᠳᠦᠨ | ᠰᠢᠨ᠎ᠡ ᠠᠶᠠᠨ ᠢᠶᠠᠨ ᠡᠬᠢᠯᠡᠭᠦᠯᠬᠦ ᠪᠠᠷ ᠱᠠᠯᠠᠪᠳᠠᠨᠠ᠃ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ | ᠲᠥᠯᠥᠪᠯᠡᠭᠡ ᠶᠢᠨ ᠲᠣᠬᠢᠷᠠᠭᠤᠯᠤᠯᠲᠠ ᠶᠢ ᠭᠦᠨᠵᠡᠭᠡᠢ ᠣᠶᠢᠯᠠᠭᠠᠨ᠂ ᠪᠠᠭᠠᠵᠢ ᠬᠡᠷᠡᠭᠰᠡᠯ ᠢᠶᠠᠨ ᠠᠪᠴᠤ ᠬᠠᠮᠲᠤ ᠪᠠᠷ | ᠬᠥᠳᠡᠯᠮᠦᠷᠢᠯᠡᠵᠦ᠂ ᠮᠠᠩᠬᠠᠨ ᠪᠤᠷᠭᠠᠰᠤ ᠬᠠᠷᠭᠠᠨ᠎ᠠ ᠲᠠᠷᠢᠵᠠᠭᠠᠪᠠ ᠁ ᠣᠶᠢᠷ᠎ᠠ ᠶᠢᠨ ᠡᠳᠦᠷ ᠤᠳ ᠲᠤ᠂ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠭᠢᠯᠭᠠᠨ ᠭᠡᠷᠡᠯ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ᠂ ᠨᠢᠭᠡᠳᠦᠭᠡᠷ | ᠹᠷᠤᠨᠲ ᠲᠤ ᠵᠢᠯᠤᠭᠤᠳᠴᠤ᠂ ᠨᠣᠭᠤᠭᠠᠷᠠᠭᠤᠯᠤᠯᠲᠠ ᠳᠤ ᠣᠷᠣᠯᠴᠠᠨ ᠨᠣᠭᠤᠭᠠᠷᠠᠭᠤᠯᠤᠯᠲᠠ ᠶᠢ ᠱᠠᠯᠠᠪᠳᠠᠭᠤᠯᠵᠠᠢ᠃ | ᠥᠷᠭᠡᠨ ᠠᠭᠤᠳᠠᠮ ᠤᠮᠠᠷᠠᠲᠤ ᠬᠢᠯᠢ ᠶᠢᠨ ᠡᠬᠡ ᠭᠠᠵᠠᠷ ᠲᠤ ᠡᠯᠡᠰᠦ ᠶᠢ ᠰᠡᠷᠭᠡᠶᠢᠯᠡᠨ ᠵᠠᠰᠠᠬᠤ ᠶᠡᠭᠡ ᠳᠠᠶᠢᠯᠠᠯᠳᠤᠭᠠᠨ ᠢ | ᠪᠦᠭᠦ ᠲᠠᠯ᠎ᠠ ᠪᠠᠷ ᠡᠬᠢᠯᠡᠭᠦᠯᠪᠡ᠃ | ᠥᠪᠥᠷ ᠮᠣᠩᠭᠤᠯ ᠪᠣᠯ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠲᠠᠶᠢᠨ ᠤ ᠲᠠᠯᠠᠪᠤᠷ᠂ | ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠣᠨ᠎ᠠ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ︽ᠬᠤᠶᠠᠷ | ᠬᠠᠭᠠᠰ︾ ᠨᠢ ᠥᠪᠥᠷ ᠮᠣᠩᠭᠤᠯ ᠳᠤ ᠪᠠᠶᠢᠵᠤ᠂ 60% ᠠᠴᠠ ᠳᠡᠭᠡᠭᠰᠢᠬᠢ ᠠᠵᠢᠯ ᠤᠨ ᠬᠡᠮᠵᠢᠶ᠎ᠡ ᠨᠢ ᠥᠪᠥᠷ | ᠮᠣᠩᠭᠤᠯ ᠳᠤ ᠪᠤᠢ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ | ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠳᠠᠶᠢᠴᠢᠯᠠᠯᠲᠠ ᠶᠢᠨ | ᠵᠠᠷᠯᠢᠭ ᠪᠠᠭᠤᠯᠭᠠᠪᠠ; ᠲᠣᠰ ᠵᠢᠯ ᠤᠨ 10 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠥᠪᠥᠷ ᠮᠣᠩᠭᠤᠯ ᠨᠢᠭᠡ | ᠮᠥᠴᠡ ᠴᠦ ᠵᠣᠭᠰᠣᠯ ᠦᠭᠡᠢ ᠪᠠᠷ ᠲᠦᠷᠭᠡᠨ ᠮᠣᠷᠢᠨ ᠳᠤ ᠲᠠᠰᠢᠭᠤᠷ ᠨᠡᠮᠡᠵᠦ᠂ ︽ᠤᠮᠠᠷᠠᠲᠤ ᠶᠢᠨ ᠭᠤᠷᠪᠠᠨ ᠣᠷᠣᠨ | ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠬᠢᠵᠦ᠂ 2023 ᠣᠨ ᠳᠤ ᠪᠦᠭᠦ ᠣᠷᠣᠨ ᠳᠤ ᠨᠡᠶᠢᠳᠡ 556 | ᠲᠦᠮᠡᠨ ᠮᠦ ᠣᠶᠢᠵᠢᠭᠤᠯᠬᠤ᠂ 1817 ᠲᠦᠮᠡᠨ ᠮᠦ ᠡᠪᠡᠰᠦ ᠲᠠᠷᠢᠬᠤ᠂ ᠡᠯᠡᠰᠦ ᠶᠢ ᠰᠡᠷᠭᠡᠶᠢᠯᠡᠨ ᠵᠠᠰᠠᠬᠤ ᠶᠢ 950 | ᠲᠦᠮᠡᠨ ᠮᠦ ᠪᠡᠶᠡᠯᠡᠭᠦᠯᠵᠦ᠂ ᠡᠯᠡᠰᠦ ᠶᠢ ᠰᠡᠷᠭᠡᠶᠢᠯᠡᠨ ᠵᠠᠰᠠᠭᠰᠠᠨ ᠲᠠᠯᠠᠪᠠᠢ 2022 ᠣᠨ ᠤ ᠬᠢ ᠠᠴᠠ 100 | ᠲᠦᠮᠡᠨ ᠮᠦ ᠠᠴᠠ ᠳᠡᠭᠡᠭᠰᠢ ᠨᠡᠮᠡᠭᠳᠡᠭᠰᠡᠨ ᠪᠠᠶᠢᠨ᠎ᠠ᠃ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠰᠢᠯᠢᠳᠡᠭ ᠠᠮᠵᠢᠯᠲᠠ ᠶᠢ ᠳᠠᠬᠢᠨᠲᠠ ᠡᠭᠦᠳᠬᠦ ᠳᠤ᠂ ᠪᠦᠭᠦ ᠣᠷᠣᠨ ᠢᠶᠠᠷ ᠢᠶᠠᠨ ᠶᠡᠭᠡ ᠳᠠᠶᠢᠯᠠᠯᠳᠤᠭᠠᠨ ᠤ ᠰᠦᠷ | ᠵᠢᠪᠬᠤᠭ᠎ᠠ᠂ ᠭᠤᠣᠯᠯᠠᠬᠤ ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢ ᠪᠠᠳᠠᠷᠠᠭᠤᠯᠤᠨ᠂ | ᠨᠢᠭᠡ ᠡᠳᠦᠷ ᠲᠤ ᠬᠤᠶᠠᠷ ᠡᠳᠦᠷ ᠤᠨ ᠠᠵᠢᠯ ᠬᠢᠵᠦ᠂ ᠴᠠᠭ ᠮᠥᠴᠡ ᠶᠢ ᠠᠯᠳᠠᠯ ᠦᠭᠡᠢ ᠤᠷᠤᠭᠰᠢᠯᠠᠨ᠂ ᠢᠯᠡᠭᠦᠦ | ᠬᠢᠵᠦ ᠳᠡᠶᠢᠯᠪᠡᠯ ᠢᠯᠡᠭᠦᠦ ᠬᠢᠵᠦ᠂ ᠬᠡᠳᠦᠢ ᠲᠦᠷᠭᠡᠨ ᠬᠢᠵᠦ ᠳᠡᠶᠢᠯᠪᠡᠯ ᠲᠡᠳᠦᠢ ᠲᠦᠷᠭᠡᠨ ᠬᠢᠵᠦ᠂ ᠡᠨᠡ ᠬᠦ ᠠᠵᠢᠯ ᠢ | ᠪᠦᠭᠦ ᠲᠠᠯ᠎ᠠ ᠪᠠᠷ ᠥᠷᠨᠢᠭᠦᠯᠦᠨ᠂ ᠭᠦᠨᠵᠡᠭᠡᠢ ᠲᠡᠰᠢ ᠠᠬᠢᠭᠤᠯᠬᠤ ᠬᠡᠷᠡᠭᠲᠡᠢ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠰᠥᠪᠯᠡᠨ ᠪᠠᠶᠢᠷᠢᠯᠠᠭᠤᠯᠤᠭᠰᠠᠨ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ᠎ᠠ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ | ᠴᠠᠭᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠷᠬᠡᠪᠰᠢ ᠶᠡᠷᠦ ᠪᠤᠰᠤ ᠶᠢᠨ ᠬᠦᠴᠦᠨ ᠢᠶᠠᠷ | ᠡᠨᠡᠬᠦ ᠶᠡᠷᠦ ᠪᠤᠰᠤ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ᠃ ᠡᠯᠡᠰᠦ ᠶᠢ ᠰᠡᠷᠭᠡᠶᠢᠯᠡᠨ ᠵᠠᠰᠠᠬᠤ ᠪᠣᠯ | ᠰᠢᠰᠲ᠋ᠧᠮᠲᠦ ᠢᠨᠵᠧᠨᠧᠷᠢᠩ ᠮᠥᠨ᠂ ᠵᠦᠪᠭᠡᠨ ᠡᠯᠡᠰᠦ ᠭᠡᠪᠡᠯ ᠡᠯᠡᠰᠦ ᠶᠢ ᠯᠡ ᠭᠡᠯᠴᠡᠭᠡᠳ᠂ ᠬᠠᠮᠢᠭ᠎ᠠ ᠨᠢ ᠡᠪᠡᠳᠪᠡᠯ | ᠲᠡᠨᠳᠡᠬᠢ ᠶᠢ ᠨᠢ ᠡᠮᠨᠡᠭᠡᠳ ᠪᠤᠯᠬᠤ ᠦᠭᠡᠢ᠂ ︽ᠥᠭᠡᠷᠡᠴᠢᠯᠡᠯᠲᠡ ᠶᠢᠨ ᠰᠡᠳᠬᠢᠴᠡ︾ ᠪᠠᠷ ᠪᠤᠰᠤᠳ ᠲᠠᠯ᠎ᠠ ᠠᠴᠠ | ᠡᠯᠡᠰᠦ ᠶᠢ ᠵᠠᠰᠠᠬᠤ ᠶᠢ ᠠᠩᠬᠠᠷᠴᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ | ᠪᠣᠯᠭᠠᠨ ᠡᠯᠡᠰᠦ ᠶᠢ ᠰᠡᠷᠭᠡᠶᠢᠯᠡᠨ ᠵᠠᠰᠠᠬᠤ ᠠᠵᠢᠯ ᠤᠨ ᠪᠦᠭᠦ ᠲᠠᠯ᠎ᠠ ᠶᠢᠨ ᠬᠤᠷᠳᠤᠴᠠ ᠶᠢ ᠲᠦᠷᠭᠡᠳᠬᠡᠵᠦ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠬᠤᠯᠪᠣᠭᠠᠲᠤ ᠴᠣᠭᠴᠠ ᠶᠢ | ᠲᠦᠷᠭᠡᠨ ᠪᠠᠶᠢᠭᠤᠯᠵᠤ᠂ ︽ᠰᠢᠨ᠎ᠡ ᠡᠨᠧᠷᠭᠢ +︾ ᠦᠢᠯᠡᠳᠪᠦᠷᠢᠯᠡᠯ ᠬᠡᠷᠡᠭᠯᠡᠭᠡ ᠶᠢ ᠨᠢᠭᠡ ᠴᠣᠭᠴᠠᠵᠢᠭᠤᠯᠬᠤ | ᠵᠠᠭᠪᠤᠷ ᠢ ᠢᠳᠡᠪᠬᠢᠲᠡᠢ ᠰᠦᠪᠡᠭᠴᠢᠯᠡᠨ᠂ ᠨᠣᠭᠤᠭᠠᠨ ᠥᠩᠭᠡ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ | ᠣᠷᠣᠯᠭ᠎ᠠ ᠶᠢ ᠨᠡᠮᠡᠭᠳᠡᠭᠦᠯᠬᠦ ᠵᠡᠷᠭᠡ ᠨᠢᠭᠡ ᠯᠡ ᠳᠡᠭᠡᠷ᠎ᠡ ᠤᠯᠠᠨ ᠢ ᠪᠡᠶᠡᠯᠡᠭᠦᠯᠬᠦ ᠬᠡᠷᠡᠭᠲᠡᠢ᠃ ᠤᠷᠤᠯᠭ᠎ᠠ ᠪᠠᠨ | ᠨᠡᠮᠡᠭᠳᠡᠭᠦᠯᠬᠦ ᠪᠠ ᠵᠠᠷᠤᠯᠭ᠎ᠠ ᠪᠠᠨ ᠠᠷᠪᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠪᠡᠯᠡ ᠮᠥᠩᠭᠦ ᠶᠢ | ᠢᠳᠡᠪᠬᠢᠲᠡᠢ ᠪᠠᠷ ᠲᠡᠮᠡᠴᠡᠨ ᠣᠯᠬᠤ ᠪᠠ ᠴᠤᠭᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠡᠷᠡᠭᠯᠡᠨ | ᠨᠡᠶᠢᠭᠡᠮ ᠤᠨ ᠲᠠᠯ᠎ᠠ ᠶᠢᠨ ᠣᠷᠣᠭᠤᠯᠤᠯᠲᠠ ᠶᠢ ᠲᠠᠲᠠᠬᠤ ᠪᠠ ᠥᠷᠭᠡᠳᠬᠡᠨ᠎ᠡ᠃ ᠪᠠᠶᠢᠭᠤᠯᠤᠯ ᠲᠣᠭᠲᠠᠴᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠰᠢᠨᠵᠢᠯᠡᠭᠡ ᠮᠡᠷᠭᠡᠵᠢᠯ ᠤᠨ ᠬᠦᠴᠦᠨ ᠢ ᠠᠰᠢᠭᠯᠠᠨ ᠡᠯᠡᠰᠦ ᠶᠢ ᠰᠡᠷᠭᠡᠶᠢᠯᠡᠨ | ᠵᠠᠰᠠᠬᠤ ᠶᠢ ᠴᠢᠬᠤᠯᠠᠴᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ | ᠡᠯᠡᠰᠦ ᠶᠢ ᠰᠡᠷᠭᠡᠶᠢᠯᠡᠨ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠡ᠊ᠨᠳᠡᠭᠢ ᠦᠵᠡᠮᠵᠢ ᠶᠢ ᠨᠡᠩ ᠰᠠᠶᠢᠨ | ᠪᠤᠯᠭᠠᠬᠤ︾ ᠪᠠᠷ ᠥᠨᠢ ᠤᠳᠠᠭᠠᠨ ᠴᠢᠷᠮᠠᠶᠢᠬᠤ ᠬᠡᠷᠡᠭᠲᠡᠢ᠃ | ᠦᠨᠡᠨᠬᠦ ᠠᠳᠬᠤᠪᠠᠯ ᠰᠠᠶ᠋ᠢ ︽ᠪᠣᠳᠠᠲᠠᠢ︾ ᠦᠷ᠎ᠡ ᠳ᠋ᠦᠩ ᠲᠠᠢ ᠪᠣᠯᠵᠤ ᠴᠢᠳᠠᠨ᠎ᠠ᠃ ᠡᠨᠡ | ᠤᠳᠠᠭᠠᠨ ᠤ ᠬᠠᠲᠠᠭᠤ ᠳᠠᠶᠢᠯᠠᠯᠳᠤᠭᠠᠨ ᠳᠤ ᠢᠯᠠᠯᠲᠠ ᠣᠯᠬᠤ ᠳᠥᠲᠡ ᠵᠠᠮ ᠭᠡᠵᠦ ᠪᠠᠶᠢᠬᠤ ᠦᠭᠡᠢ᠂ ᠪᠣᠳᠠᠲᠠᠢ | ᠠᠵᠢᠯᠯᠠᠬᠤ ᠠᠴᠠ ᠥᠭᠡᠷ᠎ᠡ ᠠᠷᠭ᠎ᠠ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ | ᠮᠥᠴᠡ ᠶᠢ ᠠᠮᠵᠢᠨ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠠᠯᠢᠪᠠ ᠪᠦᠭᠦᠨ ᠳᠤ ᠦᠷ᠎ᠡ ᠳ᠋ᠦᠩ ᠢᠶᠠᠷ | ᠦᠭᠡ ᠬᠡᠯᠡᠵᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ︾ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ | ᠬᠠᠷᠠᠯᠲᠠ ᠪᠠᠨ ᠡᠵᠡᠮᠳᠡᠨ ᠱᠠᠯᠠᠪᠳᠠᠭᠤᠯᠤᠨ ᠬᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠢᠯᠠᠩᠭᠤᠶ᠎ᠠ ︽ᠨᠢᠭᠡᠳᠦᠭᠡᠷ ᠭᠠᠷ︾ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠦᠢᠯᠡᠰ | ᠪᠦᠲᠦᠭᠡᠵᠦ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠨ᠂ ᠠᠯᠢᠪᠠ ᠠᠰᠢᠭᠲᠠᠢ ᠨᠥᠬᠦᠴᠡᠯ ᠢ ᠰᠠᠶᠢᠲᠤᠷ | ᠠᠰᠢᠭᠯᠠᠵᠤ᠂ ᠬᠠᠷᠠᠯᠲᠠ ᠪᠠᠨ ᠲᠣᠭᠲᠠᠭᠠᠭᠰᠠᠨ ᠪᠣᠯ ᠱᠠᠯᠠᠪᠳᠠᠨ ᠬᠢᠵᠦ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ | ᠲᠠᠶᠢᠴᠢᠯᠠᠨ᠂ ᠬᠠᠷᠠᠯᠲᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ᠂ ᠪᠦᠷᠢᠨ ᠢᠯᠠᠯᠲᠠ | ᠣᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ ᠪᠠᠶᠢᠬᠤ ᠬᠡᠷᠡᠭᠲᠡᠢ᠃ ᠡᠯᠡᠰᠦᠨ ᠴᠥᠯ ᠢ | ᠨᠣᠭᠤᠭᠠᠷᠠᠭᠤᠯᠬᠤ ᠪᠣᠯ ᠨᠢᠭᠡᠨ ᠣᠷᠳᠣ ᠬᠤᠭᠤᠴᠠᠭᠠᠨ ᠤ ᠬᠠᠲᠠᠭᠤ ᠪᠡᠷᠬᠡ ᠡᠭᠦᠷᠭᠡ ᠮᠥᠨ᠂ ᠲᠡᠷᠢᠭᠦᠨ ᠤ ᠨᠡᠶᠢᠲᠡᠯᠢᠭ | ᠵᠢᠱᠢᠶ᠎ᠡ ᠶᠢ ᠢᠳᠡᠪᠬᠢᠲᠡᠢ ᠰᠢᠯᠢᠨ ᠱᠤᠭᠤᠵᠤ᠂ ᠡᠯᠡᠰᠦ ᠶᠢ ᠰᠡᠷᠭᠡᠶᠢᠯᠡᠨ ᠵᠠᠰᠠᠬᠤ ᠬᠥᠮᠥᠰ ᠤᠨ ᠰᠡᠳᠬᠢᠯ ᠢ | ᠬᠥᠳᠡᠯᠭᠡᠮ᠎ᠡ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠤᠨ᠂ ᠪᠦᠭᠦ | ᠣᠷᠣᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ᠂ ᠬᠦᠴᠢᠷ ᠪᠡᠷᠬᠡᠰᠢᠶᠡᠯ ᠠᠴᠠ ᠠᠶᠤᠬᠤ | ᠦᠭᠡᠢ᠂ ᠤᠷᠳᠤ ᠬᠤᠭᠤᠴᠠᠭ᠎ᠠ ᠪᠠᠷ ᠭᠠᠪᠢᠶ᠎ᠠ ᠵᠢᠳᠬᠦᠯ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ᠂ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠠᠷ ᠰᠢ ᠶᠢᠨ ᠫᠢᠩ ᠶᠡᠷᠦᠩᠬᠡᠢ ᠱᠦᠵᠢ ᠪᠣᠯᠣᠨ | ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠴᠢᠩ ᠰᠡᠳᠬᠢᠯ ᠤᠨ ᠬᠦᠰᠡᠯ | ᠡᠷᠡᠮᠡᠯᠵᠡᠯ ᠢ ᠬᠠᠷᠢᠭᠤᠯᠤᠨ᠎ᠠ᠃ | ᠪᠠᠶᠢᠯᠳᠤᠭᠠᠨ ᠤ ᠬᠡᠩᠭᠡᠷᠭᠡ ᠨᠢᠵᠢᠭᠢᠨᠡᠵᠦ᠂ ᠡᠷᠡᠯᠬᠡᠭᠯᠡᠨ ᠳᠠᠪᠰᠢᠬᠤ ᠴᠠᠭ ᠪᠣᠯᠪᠠ᠃ 2024 ᠣᠨ ᠤ | 2 ᠳ᠋ᠤᠭᠠᠷ ᠲᠣᠭᠠᠲᠤ ᠶᠡᠷᠦᠩᠬᠡᠢ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ᠡᠯᠡᠰᠦ ᠶᠢ ᠰᠡᠷᠭᠡᠶᠢᠯᠡᠨ | ᠵᠠᠰᠠᠬᠤ ᠪᠠ ᠰᠠᠯᠬᠢᠨ ᠴᠠᠭᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ | ᠬᠡᠷᠡᠭᠵᠢᠭᠦᠯᠦᠯ᠎ᠡ ᠁ ᠵᠠᠷᠯᠢᠭ ᠢ ᠰᠣᠨᠣᠰᠤᠮᠠᠭᠴᠠ ᠬᠥᠳᠡᠯᠵᠦ᠂ ᠵᠠᠷᠯᠢᠭ ᠢ ᠰᠣᠨᠣᠰᠤᠮᠠᠭᠴᠠ ᠤᠷᠤᠭᠰᠢᠯᠠᠨ᠂ | ᠰᠢᠷ᠎ᠠ ᠮᠠᠩᠬ᠎ᠠ ᠶᠢ ᠨᠣᠭᠲᠣᠯᠠᠵᠤ ᠬᠥᠬᠡᠮᠳᠦᠭ ᠨᠣᠭᠤᠭᠠᠨ ᠢ ᠬᠦᠰᠡᠮᠵᠢᠯᠡᠵᠦ᠂ ᠤᠮᠠᠷᠠᠲᠤ ᠬᠢᠯᠢ ᠶᠢᠨ ᠡᠬᠡ ᠭᠠᠵᠠᠷ ᠢ | ᠪᠠᠷᠠᠯᠠᠬᠤᠶ᠎ᠠ᠂᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠶᠠᠭ ᠢᠳᠡ ᠭᠦᠭ ᠲᠠᠢ | ᠶᠠᠪᠤᠭᠳᠠᠵᠤ ᠪᠠᠶᠢᠨ᠎ᠠ᠃ ᠬᠠᠷᠠᠯᠲᠠ ᠪᠠᠨ ᠪᠠᠲᠤ ᠪᠠᠷᠢᠮᠲᠠᠯᠠᠨ᠂ ᠡᠴᠦᠰ ᠲᠤᠨᠢ ᠲᠤᠯᠲᠠᠯ᠎ᠠ ᠬᠢᠵᠦ᠂ ︽ᠤᠯᠤᠰ ᠤᠨ | ᠲᠣᠮᠣ ᠶᠠᠪᠤᠳᠠᠯ︾ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠮᠣᠩᠭᠤᠯ ᠮᠣᠷᠢᠨ ᠤ ᠵᠣᠷᠢᠭ ᠰᠠᠨᠠᠭ᠎ᠠ | ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠶᠡᠷᠦ ᠪᠤᠰᠤ ᠶᠢᠨ | ᠬᠦᠴᠦᠨ ᠴᠢᠳᠠᠯ᠂ ᠥᠨᠢᠳᠡ ᠶᠢᠨ ᠴᠢᠷᠮᠠᠶᠢᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠᠯ᠂ ᠪᠢᠳᠡ | ᠯᠠᠪᠳᠠᠶ᠎ᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠬᠢᠷᠳᠤᠯ ᠦᠭᠡᠢ ᠨᠤᠲᠤᠭ ᠳᠡᠪᠢᠰᠬᠡᠷ ᠢ ᠳᠠᠰᠤᠷᠠᠯᠳᠠ ᠦᠭᠡᠢ | ᠥᠷᠭᠡᠳᠬᠡᠵᠦ᠂ ᠤᠮᠠᠷᠠᠲᠤ ᠬᠢᠯᠢ ᠶᠢᠨ ᠡᠪᠳᠡᠷᠡᠰᠢ ᠦᠭᠡᠢ ᠪᠠᠲᠤ ᠪᠠᠬᠢ ᠨᠣᠭᠤᠭᠠᠨ ᠤᠷᠳᠤ ᠴᠠᠭᠠᠨ ᠬᠡᠷᠡᠮ ᠪᠣᠯᠣᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠳᠤ ᠨᠡᠩ ᠤᠯᠠᠨ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠵᠦ | ᠴᠢᠳᠠᠨ᠎ᠠ᠃ | | |