ᠳᠤᠷᠤᠨ᠎ᠠ ᠶᠢᠨ ᠰᠠᠯᠬᠢᠨ ᠤ ᠡᠷᠴᠢᠨ ᠳᠤ ᠳᠠᠷᠪᠠᠭᠤᠯ ᠬᠡᠶᠢᠰᠬᠡᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2024/6/7
                                 - ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠰᠤᠷᠲᠠᠯ ᠤᠨ ᠪᠠᠶᠢᠭᠤᠯᠤᠯᠲᠠ ᠶᠢ ᠠᠬᠢᠭᠤᠯᠤᠭᠰᠠᠨ ᠲᠤᠬᠠᠢ ᠬᠦᠦᠷᠨᠢᠯ              ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠦᠨ ᠱᠣᠣ ᠯᠦᠩ ᠸᠠᠩ ᠫᠧᠩ ᠹᠠᠨ ᠰᠧ ᠰᠢᠶᠠᠩ              ᠨᠠᠢᠮᠠᠨ ᠲᠣᠭᠲᠠᠭᠠᠯ ᠳᠤᠮᠳᠠᠳᠤ ᠤᠯᠤᠰ ᠢ ᠭᠦᠨᠵᠡᠭᠡᠢ ᠬᠤᠪᠢᠷᠠᠭᠤᠯᠤᠭᠰᠠᠨ ᠪᠠᠶᠢᠨ᠎ᠠ᠃              2023 ᠣᠨ ᠤ ᠵᠢᠯ ᠤᠨ ᠡᠴᠦᠰ ᠢᠶᠠᠷ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠶᠠᠷ ᠡᠳᠦᠷ ᠳᠠᠷᠠᠭᠠᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠤᠨ ᠨᠢᠭᠡᠨ ᠴᠢᠬᠤᠯᠠ ᠵᠥᠪᠯᠡᠬᠦ ᠵᠦᠢᠯ ᠪᠣᠯ ᠳᠠᠷᠤᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠬᠤ ᠶᠠᠪᠤᠳᠠᠯ ᠪᠣᠯᠣᠨ᠎ᠠ᠃              ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠡᠭᠡ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠬᠤᠷᠴᠠ ᠰᠡᠷᠭᠡᠭ ᠪᠥᠭᠡᠳ ᠬᠠᠳᠠᠨ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠠᠬᠢᠭᠤᠯᠤᠨ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠵᠠᠭᠤᠨ ᠵᠢᠯ ᠤᠨ ᠶᠡᠭᠡ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠠᠪᠤᠴᠠ ᠳᠤ ᠲᠠᠰᠤᠷᠠᠯᠳᠠ ᠦᠭᠡᠢ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠤᠨ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠪᠠ᠃              ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠤᠯᠠᠷᠠᠭᠤᠯᠤᠯ ᠦᠭᠡᠢ ᠵᠣᠭᠰᠣᠯ ᠦᠭᠡᠢ ᠡᠴᠦᠰ ᠲᠤᠨᠢ ᠲᠤᠯᠲᠠᠯ᠎ᠠ ᠠᠳᠬᠤᠪᠠ              2022 ᠣᠨ ᠤ 10 ᠰᠠᠷ᠎ᠠ ᠶᠢᠨ 27 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠭᠡᠳ ᠨᠢᠭᠡ ᠭᠠᠷᠠᠭ ᠪᠣᠯᠤᠭᠰᠠᠨ ᠦᠭᠡᠢ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠪᠠᠷ ᠰᠣᠩᠭᠤᠭᠳᠠᠭᠰᠠᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠢ ᠳᠠᠭᠠᠭᠤᠯᠤᠨ ᠶᠠᠨ ᠠᠨ ᠳᠤ ᠬᠦᠷᠴᠦ᠂ ᠬᠤᠪᠢᠰᠬᠠᠯ ᠤᠨ ᠰᠢᠳᠢᠲᠦ ᠣᠷᠣᠨ ᠢ ᠪᠠᠷᠠᠳᠠᠪᠠ᠃              ᠶᠠᠨ ᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠳᠤ᠂ ᠶᠡᠷᠦᠩᠬᠡᠢ ᠱᠦᠵᠢ ︽ᠶᠠᠨ ᠠᠨ ᠤ ᠦᠶ᠎ᠡ ᠶᠢᠨ ᠠᠷᠪᠠ ᠪᠠᠶᠢᠬᠤ ᠦᠭᠡᠢ︾ ᠭᠡᠬᠦ ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ ᠤᠳᠠᠲᠠᠯ᠎ᠠ ᠵᠣᠭᠰᠣᠵᠠᠢ᠃ ᠦᠵᠡᠭᠦᠯᠭᠡ ᠶᠢᠨ ᠰᠠᠮᠪᠠᠷ᠎ᠠ ᠶᠢᠨ ᠳᠡᠭᠡᠷ᠎ᠡ ︽ᠬᠤᠪᠳᠤᠭ ᠰᠢᠨᠤᠬᠠᠢ ᠨᠣᠶᠠᠨ ᠪᠠᠶᠢᠬᠤ ᠦᠭᠡᠢ︾ ᠨᠢ ᠲᠡᠷᠢᠭᠦᠨ ᠪᠠᠶᠢᠷᠢᠨ ᠳᠤ ᠵᠢᠭᠰᠠᠭᠠᠭᠳᠠᠵᠠᠢ᠃              ︽ᠲᠤᠬᠠᠢ ᠶᠢᠨ ᠵᠢᠯ ᠳᠤ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠶᠠᠨ ᠠᠨ ᠤ ᠨᠦᠭᠡᠨ ᠭᠡᠷ ᠲᠤ ᠰᠠᠭᠤᠵᠤ᠂ ᠬᠠᠷᠠᠰᠣ ᠠᠮᠤ ᠢᠳᠡᠵᠦ᠂ ᠪᠥᠰ ᠬᠤᠪᠴᠠᠰᠤ ᠡᠮᠦᠰᠦᠨ ᠂ ︿ᠶᠠᠨ ᠠᠨ ᠤ ᠰᠤᠷᠲᠠᠯ﹀ ᠢᠶᠠᠷ︿ᠰᠢ ᠠᠨ ᠤ ᠰᠤᠷᠲᠠᠯ﹀ ᠢ ᠢᠯᠠᠵᠠᠢ︾᠃ ᠶᠡᠷᠦᠩᠬᠡᠢ ᠱᠦᠵᠢ ᠰᠢ ᠶᠢᠨ ᠫᠢᠩ᠂ ︽ᠪᠦᠭᠦ ᠨᠠᠮ ᠤᠨ ᠨᠥᠬᠦᠳ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠪᠣᠯᠣᠨ ᠡᠪ ᠬᠠᠮᠲᠤᠴᠤᠳ ᠤᠨ ᠦᠯᠡᠳᠡᠭᠡᠭᠰᠡᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠰᠠᠶᠢᠲᠤᠷ ᠤᠯᠠᠮᠵᠢᠯᠠᠨ ᠰᠠᠶᠢᠲᠤᠷ ᠪᠠᠳᠠᠷᠠᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠵᠣᠷᠢᠭᠲᠠᠢ ᠠᠬᠢᠭᠤᠯᠤᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ ᠴᠢᠨᠠᠷ ᠢ ᠢᠮᠠᠭᠲᠠ ᠪᠠᠲᠤᠯᠠᠨ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠵᠠᠢ᠃              ᠰᠢᠨ᠎ᠡ ᠠᠶᠠᠨ ᠳᠠᠭᠠᠨ ᠮᠣᠷᠳᠠᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃              ᠬᠡᠳᠦᠨ ᠰᠠᠷ᠎ᠠ ᠶᠢᠨ ᠲᠠᠷᠠᠭ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ︽ᠰᠢᠨ᠎ᠡ ᠰᠤᠷᠤᠯᠴᠠᠯᠭ᠎ᠠ ᠶᠢᠨ ᠤᠷᠤᠯᠳᠤᠭᠠᠨ︾ - ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠪᠦᠭᠦ ᠨᠠᠮ ᠤᠨ ᠬᠡᠪᠴᠢᠶᠡᠨ ᠳᠤ ᠭᠦᠨᠵᠡᠭᠡᠢ ᠥᠷᠨᠢᠭᠦᠯᠪᠡ᠃              2023 ᠣᠨ ᠤ 3 ᠰᠠᠷ᠎ᠠ ᠶᠢᠨ 30 ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠠᠴᠠ ᠲᠣᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠪᠣᠳᠠᠲᠠᠢ ᠪᠡᠶᠡᠯᠡᠭᠦᠯᠬᠦ 5 ᠲᠠᠯ᠎ᠠ ᠶᠢᠨ ᠬᠠᠷᠠᠯᠲᠠ ᠶᠢ ᠲᠣᠳᠣᠷᠬᠠᠶᠢᠯᠠᠵᠠᠢ᠂ ᠡᠭᠦᠨ ᠤ ᠳᠣᠲᠣᠷᠠᠬᠢ ᠨᠢᠭᠡ ᠨᠢ ᠳᠠᠷᠤᠢ ︽ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠶ ᠪᠤᠯᠭᠠᠬᠤ︾ ᠶᠠᠪᠤᠳᠠᠯ ᠪᠣᠯᠣᠨ᠎ᠠ ᠃              ᠨᠠᠮ ᠤᠨ ᠰᠤᠷᠲᠠᠯ ᠪᠠ ᠳᠦᠷᠢ ᠲᠥᠷᠬᠦ ᠨᠢ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ ᠪᠦᠲᠦᠵᠦ ᠪᠦᠷᠢᠯᠬᠦ ᠶᠢ ᠲᠣᠭᠲᠠᠭᠠᠵᠤ ᠪᠠᠶᠢᠳᠠᠭ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠨ᠎ᠡ ᠠᠶᠠᠨ ᠳᠠᠬᠢ ᠨᠠᠮ ᠤᠨ ᠰᠤᠷᠲᠠᠯ ᠤᠨ ᠪᠠᠶᠢᠭᠤᠯᠤᠯᠲᠠ ᠶᠢ ᠪᠡᠶ᠎ᠡ ᠪᠠᠷ ᠢᠶᠠᠨ ᠲᠥᠯᠥᠪᠵᠢᠭᠦᠯᠦᠨ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ  ᠶᠢ ᠢᠮᠠᠭᠲᠠ ᠲᠤᠭᠤᠰᠢᠯᠠᠭᠤᠯᠪᠠ -              ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠭᠡᠳ ᠭᠤᠷᠪᠠᠭ᠋ᠠᠨ ᠡᠳᠦᠷ ᠪᠣᠯᠣᠮᠠᠭᠴᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠴᠢᠬᠤᠯᠠ ᠵᠥᠪᠯᠡᠬᠦ ᠵᠦᠢᠯ ᠤᠨ ᠨᠢᠭᠡ ᠨᠢ ᠳᠠᠷᠤᠢ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠳᠦᠷᠢᠮ︾ ᠢ ᠬᠢᠨᠠᠨ ᠵᠥᠪᠯᠡᠬᠦ ᠶᠠᠪᠤᠳᠠᠯ ᠪᠤᠯᠤᠨ᠎ᠠ;              ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠨᠢᠭᠡᠳᠦᠭᠡᠷ᠂ ᠬᠤᠶᠠᠳᠤᠭᠠᠷ ᠪᠦᠭᠦᠳᠡ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠭᠦᠳᠡ ᠬᠤᠷᠠᠯ ᠭᠦᠷᠲᠡᠯ᠎ᠡ᠂ ᠳᠠᠭᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠵᠡᠷᠭᠡ ᠴᠢᠬᠤᠯᠠ ᠲᠠᠯᠠᠪᠤᠷ ᠲᠤ ᠭᠦᠷᠲᠡᠯ᠎ᠡ ᠴᠥᠮ ᠨᠠᠮ ᠤᠨ ᠰᠤᠷᠲᠠᠯ ᠤᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠢᠨ᠎ᠡ ᠱᠠᠭᠠᠷᠳᠠᠯᠭ᠎ᠠ ᠳᠤᠷᠠᠳᠪᠠ;                ᠡᠷᠭᠢᠯᠡᠨ ᠬᠤᠷᠠᠯᠳᠤᠭᠤᠯᠤᠭᠰᠠᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠠᠯᠢ ᠤᠯᠠᠨ ᠵᠥᠪᠯᠡᠬᠦ ᠰᠡᠳᠦᠪ ᠨᠢ ᠴᠥᠮ ᠰᠤᠷᠲᠠᠯ ᠤᠨ ᠪᠠᠶᠢᠭᠤᠯᠤᠯᠲᠠ ᠲᠠᠢ ᠬᠤᠯᠪᠤᠬᠳᠠᠪᠠ;              ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠰᠡᠷᠭᠦᠴᠡᠬᠦ᠂ ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠳᠡᠯᠭᠡᠷᠡᠭᠦᠯᠬᠦ᠂ ᠲᠣᠭᠲᠠᠭᠠᠯ ᠠᠴᠠ ᠵᠥᠷᠢᠴᠡᠨ ᠬᠠᠮᠲᠤ ᠪᠠᠷ ᠬᠤᠭᠤᠯᠠᠯᠠᠵᠤ ᠠᠷᠢᠬᠢ ᠤᠤᠭᠤᠭᠰᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠳᠤ ᠴᠢᠭᠯᠡᠭᠦᠯᠦᠨ ᠠᠯᠢ ᠤᠯᠠᠨ ᠴᠢᠬᠤᠯᠠ ᠴᠣᠬᠤᠯᠠᠪᠤᠷᠢ ᠥᠭᠪᠡ;              ᠤᠯᠤᠰ ᠲᠦᠷᠦ ᠬᠠᠤᠯᠢ ᠴᠠᠭᠠᠵᠠ ᠶᠢᠨ ᠠᠵᠢᠯ᠂ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠤᠯᠲᠠ ᠶᠢᠨ ᠠᠵᠢᠯ᠂ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠵᠡᠷᠭᠡ ᠶᠢᠨ ᠲᠤᠬᠠᠢ ᠴᠢᠬᠤᠯᠠ ᠵᠢᠭᠠᠪᠤᠷᠢ ᠳᠤ᠂ ᠰᠤᠷᠲᠠᠯ ᠤᠨ ᠪᠠᠶᠢᠭᠤᠯᠤᠯᠲᠠ  ᠶᠢᠨ ᠲᠤᠬᠠᠢ ᠱᠠᠭᠠᠷᠳᠠᠯᠭ᠎ᠠ ᠳᠤᠷᠠᠳᠴᠠᠢ ᠁              ᠰᠤᠷᠲᠠᠯ ᠤᠨ ᠪᠠᠶᠢᠭᠤᠯᠤᠯᠲᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠤᠷᠲᠠᠯ ᠤᠨ ᠪᠠᠶᠢᠭᠤᠯᠤᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠦᠨ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠦᠷᠭᠦᠯᠵᠢᠯᠡᠨ ᠪᠠᠬᠢᠵᠢᠭᠦᠯᠬᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ -              ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠪ ᠤᠨ ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠲᠠᠢ ᠬᠠᠷᠢᠴᠠᠭᠤᠯᠤᠨ ᠂ ᠵᠤᠷᠪᠤᠰ ᠵᠤᠷᠪᠤᠰ ᠢᠶᠠᠷ ᠴᠢᠩᠭ᠎ᠠ ᠬᠠᠷᠭᠤᠭᠤᠯᠤᠨ ᠪᠠᠷᠢᠮᠵᠢᠶᠠᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠴᠡᠭ ᠢᠶᠠᠷ ᠨᠢ ᠰᠠᠶᠢᠲᠤᠷ ᠠᠳᠬᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠭᠡᠮ ᠠᠷᠬᠠᠭ ᠢ ᠭᠤᠣᠯᠳᠠᠯᠭ᠎ᠠ ᠲᠠᠢ ᠵᠠᠯᠠᠷᠠᠭᠤᠯᠵᠤ᠂ ᠨᠠᠮ ᠤᠨ ᠰᠢᠯᠢᠳᠡᠭ ᠰᠤᠷᠲᠠᠯ ᠢ ᠲᠦᠷᠦᠭᠦᠯᠡᠨ ᠪᠠᠳᠠᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃              ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠶᠠᠷᠢᠬᠤ ᠳᠠᠭᠠᠨ᠂ ︽ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠤᠨ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠨ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ︾ ᠭᠡᠵᠦ ᠴᠢᠬᠤᠯᠠᠴᠢᠯᠠᠪᠠ᠃              ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠠᠷᠢᠬᠤ ᠳᠠᠭᠠᠨ᠂ ︽ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠤᠯᠠᠮᠵᠢᠯᠠᠨ᠂ ᠡᠪ ᠬᠠᠮᠲᠤ ᠨᠠᠮ ᠤᠨ ᠭᠡᠰᠢᠭᠦᠨ ᠤ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠬᠥᠭᠵᠢᠭᠡᠵᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠱᠠᠮᠰᠢᠵᠤ ᠢᠯᠵᠠᠷᠠᠨ ᠳᠣᠷᠣᠶᠢᠲᠠᠬᠤ ᠶᠢ ᠲᠤᠶᠢᠯ ᠤᠨ ᠢᠴᠢᠭᠦᠷᠢ ᠪᠠᠷ ᠦᠵᠡᠬᠦ ᠬᠡᠷᠡᠭᠲᠡᠢ︾ ᠭᠡᠵᠦ ᠴᠢᠬᠤᠯᠠᠴᠢᠯᠠᠪᠠ᠃              ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠶᠠᠷᠢᠬᠤ ᠳᠠᠭᠠᠨ᠂ ︽ᠡᠯ᠎ᠡ ᠱᠠᠲᠤᠨ ᠤ ᠨᠠᠮ ᠤᠨ ᠰᠤᠷᠭᠠᠭᠤᠯᠢ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠤᠷᠤᠬᠴᠢᠳ ᠲᠤ ᠨᠠᠮ ᠤᠨ ᠰᠤᠷᠭᠠᠭᠤᠯᠢ ᠳᠤ ᠣᠷᠣᠮᠠᠭᠴᠠ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠮᠡᠳᠡᠷᠡᠭᠦᠯᠬᠦ ᠬᠡᠷᠡᠭᠲᠡᠢ︾ ᠭᠡᠵᠦ ᠴᠢᠬᠤᠯᠠᠴᠢᠯᠠᠵᠠᠢ᠃              ᠁              ᠨᠠᠮ ᠪᠠ ᠠᠷᠠᠳ ᠲᠦᠮᠡᠨ ᠤ ᠦᠢᠯᠡᠰ ᠬᠥᠭᠵᠢᠭᠡᠳ ᠶᠠᠮᠠᠷ ᠱᠠᠲᠤᠨ ᠳᠤ ᠭᠦᠷᠪᠡᠯ᠂ ᠨᠠᠮ ᠤᠨ ᠰᠤᠷᠲᠠᠯ  ᠤᠨ ᠪᠠᠶᠢᠭᠤᠯᠤᠯᠲᠠ ᠶᠢ ᠲᠡᠷᠡ ᠱᠠᠲᠤᠨ ᠳᠤ ᠭᠦᠷᠲᠡᠯ᠎ᠡ ᠠᠬᠢᠭᠤᠯᠬᠤ ᠬᠡᠷᠡᠭᠲᠡᠢ᠃ ᠠᠶᠤᠯ ᠲᠦᠭᠰᠢᠭᠦᠷᠢ ᠬᠡᠳᠦᠢ ᠶᠡᠭᠡ ᠪᠤᠯᠬᠤ ᠲᠤᠳᠤᠮ᠂ ᠥᠷᠢᠰᠦᠯᠳᠦᠭᠡᠨ ᠬᠡᠳᠦᠢ ᠤᠯᠠᠨ ᠪᠤᠯᠬᠤ ᠲᠤᠳᠤᠮ᠂ ᠡᠭᠦᠷᠭᠡ ᠬᠡᠳᠦᠢ ᠬᠦᠨᠳᠦ ᠪᠤᠯᠬᠤ ᠲᠤᠳᠤᠮ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠲᠡᠳᠦᠢ ᠴᠢᠩᠭᠠᠳᠬᠠᠵᠤ᠂ ᠰᠠᠶᠢᠨ ᠰᠤᠷᠲᠠᠯ ᠢᠶᠠᠷ ᠴᠤᠭ ᠰᠦᠯᠳᠡ ᠪᠠᠨ ᠪᠠᠳᠠᠷᠠᠭᠤᠯᠤᠨ᠂ ᠲᠡᠮᠡᠴᠡᠯ ᠤᠨ ᠵᠣᠷᠢᠭ ᠢᠶᠠᠨ ᠬᠥᠭᠵᠢᠭᠡᠵᠦ᠂ ᠳᠦᠷᠢ ᠲᠥᠷᠬᠦ ᠶᠢ ᠪᠤᠢ ᠪᠤᠯᠭᠠᠵᠤ᠂ ᠠᠷᠠᠳ ᠤᠨ ᠰᠡᠳᠬᠢᠯ ᠢ ᠣᠯᠬᠤ ᠬᠡᠷᠡᠭᠲᠡᠢ᠃              ᠮᠠᠭᠤ ᠶᠢ ᠨᠢ ᠦᠯᠳᠡᠵᠦ ᠰᠠᠶᠢᠨ ᠢ ᠨᠢ ᠪᠠᠳᠠᠷᠠᠭᠤᠯᠤᠨ᠂ ᠤᠳᠠᠭᠠᠨ ᠳᠠᠭᠠᠭᠠᠮᠠᠭᠠᠢ ᠵᠢᠳᠬᠦᠨ᠎ᠡ᠃ ᠰᠢ  ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ  ᠶᠢ ᠬᠥᠲᠥᠯᠥᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠠᠷᠺᠰ ᠤᠨ ᠦᠵᠡᠯ ᠤᠨ ᠲᠦᠷᠦ ᠶᠢᠨ ᠨᠠᠮ ᠶᠠᠭ ᠰᠢᠯᠢᠳᠡᠭ ᠰᠠᠶᠢᠨ ᠰᠤᠷᠲᠠᠯ ᠲᠠᠢ ᠳᠦᠷᠢ ᠲᠥᠷᠬᠦ᠂ ᠬᠡᠬᠦᠳᠡᠭ ᠳᠦᠭᠦᠷᠡᠩ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ᠪᠠᠶᠢᠨ᠎ᠠ᠃              ᠬᠡᠪ ᠳᠠᠭᠤᠷᠢᠶᠠᠯ ᠦᠵᠡᠭᠦᠯᠵᠦ᠂ ᠦᠯᠢᠭᠡᠷ ᠳᠠᠭᠤᠷᠢᠶᠠᠯ ᠪᠣᠯᠵᠤ᠂ ᠪᠦᠭᠦ ᠨᠠᠮ ᠳᠤ ᠭᠡᠷᠡᠯ ᠰᠠᠴᠤᠷᠠᠩᠭᠤᠢ ᠦᠯᠢᠭᠡᠷ ᠵᠢᠱᠢᠶ᠎ᠡ ᠪᠣᠯᠪᠠ              2023 ᠣᠨ ᠤ 4 ᠰᠠᠷ᠎ᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠡᠬᠢᠯᠡᠭᠰᠡᠨ ᠤ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃              4 ᠡᠳᠦᠷ ᠤᠨ ᠬᠤᠭᠤᠴᠠᠭᠠᠨ ᠳᠤ ᠮᠢᠩᠭᠠᠨ ᠭᠠᠵᠠᠷ ᠠᠶᠠᠯᠠᠵᠤ᠂ ᠴᠢᠶᠦ᠋ᠩᠵᠸᠤ ᠬᠤᠭᠤᠯᠠᠢ ᠶᠢᠨ ᠡᠷᠭᠢ ᠠᠴᠠ ᠵᠦᠵᠢᠶᠠᠩ ᠮᠥᠷᠡᠨ ᠤ ᠭᠦᠪᠡᠭᠡ ᠭᠦᠷᠲᠡᠯ᠎ᠡ᠂ ᠪᠠᠷᠠᠭᠤᠨ ᠠᠴᠠ ᠵᠡᠭᠦᠨᠰᠢ ᠭᠤᠸᠠᠩᠳᠦ᠋ᠩ ᠤᠨ ᠪᠠᠷᠠᠭᠤᠨ ᠬᠡᠰᠡᠭ ᠤᠨ ᠡᠬᠡ ᠭᠠᠵᠠᠷ ᠢᠶᠠᠷ ᠲᠤᠭᠤᠯᠬᠤ ᠳᠤ᠂ ᠶᠡᠷᠦᠩᠬᠡᠢ ᠱᠦᠵᠢ ᠰᠢ ᠶᠢᠨ ᠫᠢᠩ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠶᠢᠵᠤ᠂ ᠲᠤᠬᠠᠢ ᠶᠢᠨ ᠭᠠᠵᠠᠷ ᠤᠨ ᠬᠥᠭᠵᠢᠯᠲᠡ ᠬᠤᠪᠢᠷᠠᠯᠲᠠ ᠶᠢ ᠢᠯᠡᠭᠦᠬᠡᠨ ᠦᠵᠡᠵᠦ᠂ ᠨᠡᠩ ᠤᠯᠠᠨ ᠪᠣᠳᠠᠲᠠᠢ ᠪᠠᠶᠢᠳᠠᠯ ᠢ ᠣᠶᠢᠯᠠᠭᠠᠬᠤ ᠶᠢᠨ ᠲᠥᠯᠥᠭᠡ ᠪᠠᠶᠢᠵᠠᠢ᠃ ︽ᠮᠠᠰᠢ ᠳᠣᠲᠣᠨᠣ᠂ ᠮᠠᠰᠢ ᠡᠶᠡᠯᠳᠡᠭ︾᠂ ︽ᠮᠠᠰᠢ ᠨᠠᠷᠢᠯᠢᠭ᠂ ᠪᠣᠳᠠᠲᠠᠢ ᠠᠰᠠᠭᠤᠵᠠᠢ︾᠂ ︽ᠶᠡᠷᠦᠩᠬᠡᠢ ᠱᠦᠵᠢ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠲᠤᠬᠠᠢ ᠢᠩᠭᠢᠵᠦ ᠣᠶᠢᠯᠠᠭᠠᠨ᠎ᠠ ᠭᠡᠵᠦ ᠪᠤᠳᠤᠵᠤ ᠣᠯᠣᠭᠰᠠᠨ ᠦᠭᠡᠢ︾ ᠁ ᠡᠨᠡ ᠪᠣᠯ ᠦᠨᠳᠦᠰᠦᠨ ᠱᠠᠲᠤᠨ ᠤ ᠤᠯᠠᠨ ᠲᠦᠮᠡᠨ ᠤ ᠶᠡᠷᠦᠩᠬᠡᠢ ᠱᠦᠵᠢ ᠰᠢ ᠶᠢᠨ ᠫᠢᠩ ᠲᠠᠢ ᠠᠭᠤᠯᠵᠠᠭᠰᠠᠨ ᠤ ᠳᠠᠷᠠᠭᠠᠬᠢ ᠦᠨᠡᠨ ᠪᠣᠳᠠᠲᠠᠢ ᠲᠥᠷᠥᠭᠳᠡᠯ ᠪᠣᠯᠣᠨ᠎ᠠ᠃              ᠵᠧᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠲᠤ ᠣᠷᠣᠵᠤ ᠬᠤᠳᠠᠯᠳᠤᠭᠠᠨ ᠤ ᠡᠷᠦᠭᠡ᠂ ᠵᠢᠵᠢᠭ ᠠᠵᠤ ᠠᠬᠤᠶᠢᠯᠠᠯ ᠤᠨ ᠡᠵᠡᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ; ᠵᠢᠶᠠᠩᠰᠢ ᠳᠤ ᠪᠠᠶᠢᠴᠠᠭᠠᠬᠤ ᠳᠠᠭᠠᠨ᠂ ᠡᠭᠴᠡ ᠪᠤᠰᠬᠤ ᠨᠢᠰᠬᠡᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠥᠪᠡᠷ ᠢᠶᠠᠨ ᠡᠭᠴᠡ ᠪᠤᠰᠬᠤ ᠨᠢᠰᠬᠡᠯ ᠳᠤ ᠭᠠᠷᠴᠤ᠂ ᠮᠡᠷᠭᠡᠵᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠣᠶᠢᠯᠠᠭᠠᠪᠠ ᠁ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠭᠦᠨᠵᠡᠭᠡᠶᠢᠷᠡᠬᠦ ᠨᠢ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠨᠤᠲᠤᠭ ᠢᠶᠠᠷ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠶᠢᠨ ᠢᠯᠡ ᠲᠣᠳᠣ ᠤᠳᠤᠷᠢᠳᠤᠮᠵᠢ ᠪᠣᠯᠣᠨ᠎ᠠ᠃              ᠦᠢᠯᠡ ᠠᠵᠢᠯᠯᠠᠭ᠎ᠠ ᠪᠠᠷ ᠢᠶᠠᠨ ᠵᠠᠷᠯᠢᠭ ᠪᠤᠯᠭᠠᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃              ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ 18 ᠤᠳᠠᠭ᠎ᠠ ᠤᠯᠤᠰ ᠤᠨ ᠳᠣᠲᠣᠭᠠᠳᠤ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠤᠪᠢᠰᠬᠠᠯ ᠤᠨ ᠭᠤᠯᠣᠮᠲᠠ ᠣᠷᠣᠨ ᠠᠴᠠ ᠥᠭᠡᠷᠡᠴᠢᠯᠡᠯᠲᠡ ᠶᠢᠨ ᠡᠮᠦᠨ᠎ᠡ ᠹᠷᠣᠨᠲ ᠭᠦᠷᠲᠡᠯ᠎ᠡ᠂ ᠪᠠᠷᠠᠭᠤᠨ ᠬᠤᠶᠢᠲᠤ ᠬᠢᠯᠢ ᠬᠢᠵᠠᠭᠠᠷ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠭᠦᠷᠲᠡᠯ᠎ᠡ᠂ ᠶᠡᠷᠦᠩᠬᠡᠢ ᠱᠦᠵᠢ  ᠶᠢᠨ ᠠᠶᠠᠯᠠᠯ ᠨᠢᠭᠲᠠ᠂ ᠠᠯᠬᠤᠭ᠎ᠠ ᠵᠣᠭᠰᠣᠰᠢ ᠦᠭᠡᠢ ᠪᠠᠶᠢᠵᠤ᠂ 16 ᠮᠤᠵᠢ ᠣᠷᠣᠨ ᠳᠤ ᠤᠯᠠ ᠮᠥᠷ ᠢᠶᠠᠨ ᠦᠯᠡᠳᠡᠭᠡᠵᠡᠢ᠃              2023 ᠣᠨ ᠤ 9 ᠰᠠᠷ᠎ᠠ ᠶᠢᠨ 7 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠦᠶᠡᠷ ᠤᠰᠤᠲᠤᠯ ᠤᠨ ᠭᠠᠮᠰᠢᠭ ᠲᠤ ᠨᠡᠯᠢᠶᠡᠳ ᠬᠦᠨᠳᠦ ᠳᠠᠭᠠᠷᠢᠬᠳᠠᠬᠰᠠᠨ ᠬᠠᠷᠠᠮᠥ᠋ᠷᠡᠨ ᠮᠤᠵᠢ ᠶᠢᠨ ᠱᠠᠩ ᡁᠢ ᠬᠤᠲᠠ ᠶᠢᠨ ᠬᠠᠭᠤᠴᠢᠨ ᠵᠡᠭᠡᠯᠢ ᠶᠢᠨ ᠵᠢᠢ ᠰᠢᠶᠠᠩ ᠭᠤᠳᠤᠮᠵᠢ ᠶᠢᠨ ᠯᠦᠩ ᠸᠠᠩ ᠮᠢᠶᠣᠣ ᠲᠣᠰᠬᠤᠨ ᠳᠤ ᠬᠦᠷᠴᠦ᠂ ᠭᠠᠮᠰᠢᠭᠳᠠᠭᠰᠠᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠬᠢᠴᠠ ᠶᠢ ᠣᠶᠢᠯᠠᠭᠠᠪᠠ᠃ ᠵᠡᠭᠦᠨ ᠬᠤᠶᠢᠲᠤ ᠣᠷᠣᠨ ᠠᠴᠠ ᠤᠮᠠᠷᠠᠲᠤ ᠣᠷᠣᠨ ᠭᠦᠷᠳᠡᠯ᠎ᠡ᠂ ᠶᠡᠷᠦᠩᠬᠡᠢ ᠱᠦᠵᠢ ᠰᠢ ᠶᠢᠨ ᠫᠢᠩ᠄ ︽ᠪᠢ ᠭᠠᠮᠰᠢᠭᠳᠠᠭᠰᠠᠨ ᠣᠷᠣᠨ ᠤ ᠲᠥᠯᠥᠭᠡ ᠰᠠᠨᠠᠭᠠᠰᠢᠷᠠᠵᠤ ᠪᠠᠶᠢᠨ᠎ᠠ᠃ ᠲᠡᠳᠡᠭᠡᠷ ᠭᠠᠵᠠᠷ ᠤᠳ ᠢᠶᠠᠷ ᠰᠡᠭᠦᠯᠡᠷ ᠪᠠᠰᠠ ᠣᠴᠢᠵᠤ ᠦᠵᠡᠨ᠎ᠡ︾ ᠭᠡᠵᠦ ᠬᠡᠯᠡᠪᠡ᠃              2023 ᠣᠨ ᠤ 11 ᠰᠠᠷ᠎ᠠ ᠶᠢᠨ 10 ᠤ ᠡᠳᠦᠷ᠂ ᠤᠮᠠᠷᠠᠲᠤ ᠣᠷᠣᠨ ᠳᠤ ᠡᠪᠦᠯ ᠣᠷᠣᠬᠤ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠬᠦᠨᠳᠦ ᠭᠠᠮᠰᠢᠭᠳᠠᠭᠰᠠᠨ ᠪᠡᠭᠡᠵᠢᠩ ᠤᠨ ᠮᠧᠨ ᠲᠧᠦ ᠭᠧᠦ ᠲᠣᠭᠤᠷᠢᠭ᠂ ᠾᠧᠪᠧᠢ ᠶᠢᠨ ᠪᠤᠤᠳᠢᠩ ᠤᠨ ᠵᠦᠸᠧᠵᠸᠤ ᠬᠤᠳᠠ ᠳᠤ ᠬᠦᠷᠴᠦ᠂ ᠭᠠᠮᠰᠢᠭᠳᠠᠭᠰᠠᠨ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠠᠵᠢᠯ ᠢ ᠪᠠᠶᠢᠴᠠᠭᠠᠨ ᠵᠢᠯᠣᠭᠤᠳᠪᠠ᠃              ᠬᠠᠬᠢᠷ ᠬᠦᠢᠲᠡᠨ ᠳᠤ ᠤᠷᠤᠭᠰᠢᠯᠠᠵᠤ᠂ ᠰᠥᠨᠢ ᠳᠦᠯᠢ ᠪᠠᠷ ᠪᠤᠴᠠᠨ᠎ᠠ᠃ ᠨᠢᠭᠡ ᠡᠳᠦᠷ ᠤᠨ ᠴᠠᠭ ᠲᠤ ᠂ ᠮᠠᠰᠢᠨ ᠲᠡᠷᠭᠡᠨ ᠠᠴᠠ ᠭᠠᠯᠲᠤ ᠲᠡᠷᠭᠡᠨ ᠳᠤ ᠰᠣᠯᠢᠨ ᠰᠠᠭᠤᠵᠤ᠂ ᠪᠡᠭᠡᠵᠢᠩ ᠾᠧᠪᠧᠢ ᠬᠤᠶᠠᠷ ᠭᠠᠵᠠᠷ ᠢ ᠰᠤᠨᠳᠠᠯᠠᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠲᠣᠭᠤᠷᠢᠨ ᠦᠵᠡᠵᠦ᠂ ᠰᠠᠭᠤᠭᠠᠯᠢ ᠠᠷᠠᠳ ᠢ ᠰᠤᠷᠪᠤᠯᠵᠢᠯᠠᠵᠤ᠂ ᠪᠠᠭᠰᠢ ᠰᠤᠷᠤᠬᠴᠢᠳ ᠲᠠᠢ ᠠᠭᠤᠯᠵᠠᠵᠤ᠂ ᠬᠤᠳᠠᠯᠳᠤᠭᠠᠨ ᠤ ᠫᠦᠰᠡ ᠶᠢ ᠦᠵᠡᠵᠦ᠂ ᠲᠠᠷᠢᠶᠠᠴᠢᠨ ᠡᠷᠦᠭᠡ ᠳᠤ ᠣᠷᠣᠵᠤ᠂ ᠪᠤᠭᠤᠳᠠᠢ ᠶᠢᠨ ᠲᠠᠷᠢᠶᠠᠨ ᠳᠤ ᠣᠷᠣᠵᠤ᠂ ᠲᠠᠯᠠᠩ ᠬᠠᠰᠢᠯᠭ᠎ᠠ ᠳᠤ ᠭᠠᠷᠪᠠ ᠁              ︽ᠵᠠᠮ ᠲᠤᠷᠰᠢ᠂ ᠣᠯᠵᠤ ᠰᠣᠨᠣᠰᠤᠯ᠎ᠠ᠂ ᠣᠯᠵᠤ ᠬᠠᠷᠠᠯ᠎ᠠ᠂ ᠮᠢᠨᠤ ᠰᠡᠳᠬᠢᠯ ᠠᠮᠤᠷᠴᠤ᠂ ᠮᠥᠨ ᠴᠦ ᠪᠠᠶᠠᠷᠯᠠᠵᠤ ᠪᠠᠶᠢᠨ᠎ᠠ᠂ ᠰᠡᠷᠭᠦᠭᠡᠵᠦ ᠲᠠᠭᠢᠨ ᠪᠠᠶᠢᠭᠤᠯᠬᠤ ᠠᠵᠢᠯ ᠪᠦᠷ ᠲᠥᠯᠥᠪᠯᠡᠭᠡ ᠶᠣᠰᠣᠭᠠᠷ ᠶᠠᠪᠤᠭᠳᠠᠵᠤ ᠪᠠᠶᠢᠨ᠎ᠠ︾᠃              ᠠᠷᠠᠳ ᠤᠯᠠᠨ ᠪᠣᠯ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠭᠦᠨ ᠰᠠᠨᠠᠭᠠᠰᠢᠷᠠᠯ ᠪᠣᠯᠣᠨ᠎ᠠ᠃              2023 ᠣᠨ ᠤ ᠴᠠᠭᠠᠨ ᠰᠠᠷ᠎ᠠ ᠠᠴᠠ ᠡᠮᠦᠨᠡᠬᠡᠨ᠂ 6 ᠮᠤᠵᠢ ᠬᠤᠳᠠ ᠶᠢᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠸᠢᠳᠢᠤ᠋ ᠪᠠᠷ ᠬᠠᠷᠢᠯᠴᠠᠵᠤ ᠪᠣᠯᠭᠤᠭᠠᠨ ᠲᠣᠬᠤᠨᠢᠭᠤᠯᠵᠤ᠂ ᠤᠯᠠᠨ ᠲᠦᠮᠡᠨ ᠲᠠᠢ ᠵᠣᠭᠤᠭᠳᠠᠵᠤ᠂ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ;              ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠭ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠴᠠᠭ ᠪᠠᠶᠢᠵᠤ᠂ ︽ᠰᠢᠯᠭᠠᠭᠤᠯᠤᠭᠴᠢ ᠶᠢ ᠤᠷᠢᠳ ᠢᠶᠠᠷ ᠪᠣᠳᠣᠯᠬᠢᠯᠠᠬᠤ︾ ᠬᠡᠷᠡᠭᠲᠡᠢ᠂ ᠴᠢᠬᠤᠯᠠᠲᠠᠢ ᠦᠶ᠎ᠡ ᠳᠤ ᠲᠡᠷᠭᠡ ᠶᠠᠪᠤᠬᠤ ᠱᠤᠭᠤᠮ ᠢᠶᠠᠨ ᠲᠣᠬᠢᠷᠠᠭᠤᠯᠵᠤ ᠪᠣᠯᠣᠨ᠎ᠠ ᠭᠡᠵᠦ ᠥᠪᠡᠷ ᠤᠨ ᠪᠡᠶ᠎ᠡ ᠪᠠᠷ ᠢᠶᠠᠨ ᠵᠠᠭᠢᠪᠠ;              ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠪᠠᠲᠤᠯᠠᠪᠤᠷᠢ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠲᠤᠰᠬᠠᠶᠢᠯᠠᠨ ᠬᠦᠷᠴᠦ ᠰᠢᠨ᠎ᠡ ᠬᠤᠳᠠ ᠶᠢᠨ ᠠᠷᠠᠳ ᠢ ᠡᠷᠭᠢᠨ ᠦᠵᠡᠵᠦ᠂ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠪᠠ;              ᠁              ᠦᠭᠡ ᠶᠠᠷᠢᠶ᠎ᠠ ᠦᠢᠯᠡ ᠠᠵᠢᠯᠯᠠᠭ᠎ᠠ ᠨᠢᠭᠡ ᠪᠦᠷᠢ ᠳᠤᠨᠢ ᠲᠥᠪ ᠤᠨ ᠨᠠᠢᠮᠠᠨ ᠲᠣᠭᠲᠠᠭᠠᠯ ᠢ ᠲᠦᠷᠦᠭᠦᠯᠡᠨ ᠲᠤᠭᠤᠰᠢᠯᠠᠭᠤᠯᠤᠨ ᠬᠡᠷᠡᠭᠵᠢᠭᠦᠯᠬᠦ ᠢᠯᠡ ᠲᠣᠳᠣ ᠣᠪᠣᠷ ᠢ ᠢᠯᠡᠷᠡᠭᠦᠯᠪᠡ; ᠵᠢᠵᠢᠭ ᠰᠠᠵᠢᠭ ᠶᠠᠪᠤᠳᠠᠯ ᠤᠳ ᠨᠢ ᠡᠪ ᠬᠠᠮᠲᠤᠴᠤᠳ ᠤᠨ ᠠᠷᠠᠳ ᠤᠨ ᠲᠥᠯᠥᠭᠡ ᠲᠦᠷᠦ ᠪᠠᠷᠢᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃              2023 ᠣᠨ ᠤ ᠠᠯᠳᠠᠨ ᠨᠠᠮᠤᠷ ᠤᠨ ᠤᠯᠠᠷᠢᠯ ᠳᠤ᠂ ᠲᠡᠷᠢᠭᠦᠯᠡᠭᠴᠢ ᠰᠢ ᠶᠢᠨ ᠫᠢᠩ ᠲᠠᠪᠤᠨ ᠲᠢᠪ ᠳᠦᠷᠪᠡᠨ ᠳᠠᠯᠠᠢ ᠠᠴᠠ ᠢᠷᠡᠭᠰᠡᠨ ᠰᠢᠨ᠎ᠡ ᠬᠠᠭᠤᠴᠢᠨ ᠨᠠᠶᠢᠵᠠ ᠲᠠᠢ ᠪᠠᠨ ᠪᠡᠭᠡᠵᠢᠩ ᠳᠤ ᠴᠤᠭᠯᠠᠷᠠᠵᠤ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠬᠠᠮᠲᠤ ᠪᠠᠷ ᠣᠷᠣᠯᠴᠠᠪᠠ᠃              ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠬᠦ᠂ ᠤᠭᠲᠤᠬᠤ ᠳᠠᠶᠢᠯᠠᠯᠭ᠎ᠠ ᠬᠢᠬᠦ ᠠᠴᠠ ᠭᠠᠳᠠᠨ᠎ᠠ᠂ 2023 ᠣᠨ ᠤ 10 ᠰᠠᠷ᠎ᠠ ᠶᠢᠨ 17 ᠠᠴᠠ 20 ᠤ ᠡᠳᠦᠷ ᠪᠤᠯᠲᠠᠯ᠎ᠠ᠂ ᠲᠡᠷᠢᠭᠦᠯᠡᠭᠴᠢ ᠰᠢ ᠶᠢᠨ ᠫᠢᠩ 7 ᠬᠠᠭᠠᠰ ᠡᠳᠦᠷ ᠤᠨ ᠴᠠᠭ ᠲᠣᠬᠢᠷᠠᠭᠤᠯᠵᠤ᠂ ᠬᠤᠷᠠᠯ ᠳᠤ ᠣᠷᠣᠯᠴᠠᠬᠰᠠᠨ ᠪᠤᠢ ᠪᠦᠬᠦᠢ ᠭᠠᠳᠠᠭᠠᠳᠤ ᠶᠢᠨ ᠤᠳᠤᠷᠢᠳᠬᠤ ᠬᠥᠮᠥᠰ ᠲᠠᠢ ᠲᠤᠰ ᠲᠤᠰ ᠬᠡᠯᠡᠯᠴᠡᠭᠡ ᠬᠢᠵᠦ ᠠᠭᠤᠯᠵᠠᠯᠲᠠ ᠬᠢᠵᠦ᠂ ᠦᠷᠭᠦᠯᠵᠢ ᠥᠪᠡᠷ ᠢ ᠪᠠᠨ ᠤᠮᠠᠷᠲᠠᠨ ᠥᠷᠯᠥᠭᠡ ᠡᠷᠲᠡ ᠠᠴᠠ ᠰᠥᠨᠢ ᠳᠦᠯᠢ ᠪᠤᠯᠲᠠᠯ᠎ᠠ ᠠᠵᠢᠯᠯᠠᠳᠠᠭ ᠪᠠᠶᠢᠯ᠎ᠠ ᠁              ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠭᠠᠳᠠᠭᠠᠳᠤ ᠳᠤ 6 ᠤᠳᠠᠭ᠎ᠠ 25 ᠡᠳᠦᠷ ᠠᠶᠢᠯᠴᠢᠯᠠᠯᠲᠠ ᠬᠢᠵᠦ᠂ 7 ᠤᠯᠤᠰ ᠲᠤ ᠠᠶᠢᠯᠴᠢᠯᠠᠵᠤ᠂ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭ᠎ᠠ ᠶᠢ 4 ᠤᠳᠠᠭ᠎ᠠ ᠡᠷᠭᠢᠯᠡᠵᠦ᠂ ᠭᠠᠳᠠᠭᠠᠳᠤ ᠶᠠᠪᠤᠳᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠳᠠᠭᠠᠵᠤ ᠶᠠᠪᠤᠭ᠎ᠠ ᠬᠥᠮᠥᠰ ᠢ ᠴᠣᠮᠬᠠᠳᠬᠠᠨ᠂ ᠤᠭᠲᠤᠵᠤ ᠬᠦᠷᠭᠡᠬᠦ ᠵᠣᠴᠢᠯᠠᠭ᠎ᠠ ᠶᠢ ᠳᠥᠭᠦᠮᠴᠢᠯᠡᠵᠦ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠪᠣᠳᠠᠲᠠᠢ ᠶᠢ ᠡᠷᠬᠢᠮᠯᠡᠭᠰᠡᠨ ᠬᠠᠷᠢᠭᠤᠴᠠᠯᠭ᠎ᠠ ᠡᠭᠦᠷᠭᠡᠯᠡᠯ᠂ ᠡᠷᠬᠢᠮ ᠳᠡᠭᠡᠳᠦ ᠬᠡᠪ ᠰᠤᠷᠲᠠᠯ ᠢ ᠢᠯᠡᠷᠡᠭᠦᠯᠪᠡ᠃              ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠥᠬᠦᠷ ᠪᠣᠯᠣᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠤᠰᠤᠳ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ᠂ ᠰᠠᠯᠠᠭ᠎ᠠ ᠮᠥᠴᠢᠷ ᠪᠣᠯᠣᠨ ᠪᠠᠶᠢᠭ᠎ᠠ ᠭᠠᠵᠠᠷ ᠤᠨ ᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠪᠠ᠃              ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠲᠠᠯ᠎ᠠ ᠪᠠᠷ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠣᠷᠣᠨ ᠨᠤᠲᠤᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠦᠭᠦ ᠰᠡᠳᠬᠢᠯ ᠪᠦᠭᠦ ᠵᠣᠷᠢᠭ ᠢᠶᠠᠷ ᠡᠮᠦᠨ᠎ᠡ ᠹᠷᠣᠨᠲ ᠲᠤ ᠭᠦᠨᠵᠡᠭᠡᠶᠢᠷᠡᠬᠦ ᠶᠢ ᠪᠠᠷᠢᠮᠲᠠᠯᠠᠵᠤ᠂ ︽ᠳᠥᠷᠪᠡ ᠦᠭᠡᠢ ᠬᠤᠶᠠᠷ ᠰᠢᠭᠤᠳ︾ ᠵᠡᠷᠭᠡ ᠠᠷᠭ᠎ᠠ ᠭᠡᠯᠪᠡᠷᠢ ᠪᠠᠷ ᠦᠨᠡᠨ ᠪᠣᠳᠠᠲᠠᠢ ᠪᠠᠶᠢᠳᠠᠯ ᠢ ᠣᠶᠢᠯᠠᠭᠠᠬᠤ ᠶᠢ ᠴᠢᠬᠤᠯᠠᠴᠢᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠪᠡ᠃              ᠬᠤᠷᠠᠯ ᠤᠨ ᠠᠵᠢᠯᠯᠠᠭ᠎ᠠ ᠶᠢ ᠴᠣᠮᠬᠠᠳᠬᠠᠬᠤ ᠲᠠᠯ᠎ᠠ ᠪᠠᠷ᠂ ᠪᠦᠭᠦ ᠤᠯᠤᠰ ᠤᠨ ᠴᠢᠨᠠᠷᠲᠠᠢ ᠬᠤᠷᠠᠯ ᠤᠨ ᠠᠵᠢᠯᠯᠠᠭ᠎ᠠ ᠶᠢᠨ ᠲᠤᠭ᠎ᠠ ᠬᠡᠮᠵᠢᠶ᠎ᠡ᠂ ᠬᠡᠪᠴᠢᠶ᠎ᠡ᠂ ᠬᠤᠷᠠᠯ ᠤᠨ ᠬᠤᠭᠤᠴᠠᠭ᠎ᠠ ᠶᠢ ᠴᠢᠩᠭ᠎ᠠ ᠬᠢᠵᠠᠭᠠᠷᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠵᠣᠬᠢᠴᠠᠭᠤᠯᠬᠤ ᠪᠠᠶᠢᠭᠤᠯᠤᠮᠵᠢ ᠶᠢᠨ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠪᠡ᠃ ᠱᠠᠲᠤ ᠠᠯᠤᠰᠯᠠᠨ ᠬᠤᠷᠠᠯ ᠬᠢᠬᠦ᠂ ᠭᠠᠳᠠᠷ ᠣᠷᠣᠨ ᠳᠤ ᠣᠴᠢᠵᠤ ᠬᠤᠷᠠᠯ ᠬᠢᠬᠦ᠂ ᠸᠢᠳᠢᠤ᠋ ᠭᠡᠯᠪᠡᠷᠢ ᠪᠠᠷ ᠬᠤᠷᠠᠯ ᠬᠢᠬᠦ ᠶᠢ ᠴᠢᠩᠭ᠎ᠠ ᠬᠢᠨᠠᠨ ᠵᠥᠪᠰᠢᠶᠡᠷᠡᠵᠦ᠂ ᠠᠵᠢᠯᠯᠠᠭ᠎ᠠ ᠡᠷᠭᠢᠯᠡᠭᠦ ᠨᠢ ᠡᠳᠦᠷ ᠢᠷᠡᠬᠦᠶ᠎ᠡ ᠬᠡᠪ ᠤᠨ ᠪᠠᠶᠢᠳᠠᠯ ᠲᠠᠢ ᠪᠣᠯᠪᠠ᠃              ᠪᠢᠴᠢᠭ ᠮᠠᠲ᠋ᠧᠷᠢᠶᠠᠯ ᠲᠣᠪᠴᠢ ᠮᠡᠳᠡᠭᠡ ᠶᠢ ᠴᠣᠮᠬᠠᠳᠬᠠᠬᠤ ᠲᠠᠯ᠎ᠠ ᠪᠠᠷ᠂ ︽ᠣᠬᠤᠷ ᠪᠣᠳᠠᠲᠠᠢ ᠰᠢᠨ᠎ᠡ︾ ᠵᠣᠬᠢᠶᠠᠯ ᠤᠨ ᠰᠤᠷᠲᠠᠯ ᠢ ᠪᠠᠷᠢᠮᠲᠠᠯᠠᠵᠤ᠂ ᠲᠥᠪ ᠤᠨ ᠪᠢᠴᠢᠭ ᠮᠠᠲ᠋ᠧᠷᠢᠶᠠᠯ ᠤᠨ ᠬᠠᠭᠤᠳᠠᠰᠤ ᠶᠢᠨ ᠲᠣᠭᠠᠨ ᠤ ᠪᠠᠷᠢᠮᠵᠢᠶ᠎ᠠ ᠶᠢ ᠨᠠᠷᠢᠯᠢᠭᠵᠢᠭᠤᠯᠪᠠ᠃ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠ ᠵᠥᠪᠰᠢᠶᠡᠷᠡᠯ ᠢ ᠭᠠᠷᠭᠠᠪᠠᠯ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠬᠤᠪᠢ ᠪᠠᠷ ᠢᠶᠠᠨ ᠵᠣᠬᠢᠶᠠᠯ ᠪᠦᠲᠦᠭᠡᠯ᠂ ᠶᠠᠷᠢᠶᠠᠨ ᠤ ᠲᠤᠰᠬᠠᠢ ᠳᠡᠪᠲᠡᠷ ᠵᠢᠴᠢ ᠪᠠᠶᠠᠷ ᠤᠨ ᠵᠠᠬᠢᠳᠠᠯ᠂ ᠪᠠᠶᠠᠷ ᠤᠨ ᠴᠠᠭᠢᠯᠭᠠᠨ᠂ ᠪᠢᠴᠢᠭᠡᠰᠦ᠂ ᠣᠷᠣᠰᠢᠯ ᠵᠡᠷᠭᠡ ᠶᠢ ᠢᠯᠡ ᠪᠠᠷ ᠬᠡᠪᠯᠡᠭᠰᠡᠨ ᠪᠠᠶᠢᠳᠠᠯ ᠭᠠᠷᠤᠭᠰᠠᠨ ᠦᠭᠡᠢ᠃              ᠭᠠᠳᠠᠭᠠᠳᠤ ᠳᠤ ᠠᠶᠢᠯᠴᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ᠂ ᠭᠠᠳᠠᠭᠠᠳᠤ ᠳᠤ ᠠᠶᠢᠯᠴᠢᠯᠠᠬᠤ ᠲᠤᠬᠠᠢ ᠲᠣᠬᠢᠷᠠᠭᠤᠯᠤᠯᠲᠠ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠵᠦ᠂ ᠭᠠᠳᠠᠭᠠᠳᠤ ᠳᠤ ᠠᠶᠢᠯᠴᠢᠯᠠᠬᠤ ᠡᠳᠦᠷ ᠤᠨ ᠲᠤᠭ᠎ᠠ᠂ ᠪᠦᠯᠭᠦᠮ ᠳᠤᠭᠤᠶᠢᠯᠠᠩ ᠤᠨ ᠬᠡᠪᠴᠢᠶ᠎ᠡ᠂ ᠬᠤᠨᠤᠭ ᠪᠠᠭᠤᠳᠠᠯ ᠬᠤᠭᠤᠯᠠ ᠤᠮᠳᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠭᠡᠷᠡᠭᠵᠢᠭᠦᠯᠪᠡ; ᠲᠣᠭᠲᠠᠭᠠᠯ ᠢ ᠴᠢᠩᠭ᠎ᠠ ᠵᠢᠷᠤᠮᠯᠠᠨ ᠵᠠᠮ ᠬᠠᠷᠢᠯᠴᠠᠭᠠᠨ ᠤ ᠪᠠᠭᠠᠵᠢ ᠳᠤ ᠰᠠᠭᠤᠪᠠ᠃              ᠰᠣᠨᠢᠨ ᠮᠡᠳᠡᠭᠡᠯᠡᠯ ᠢ ᠰᠠᠶᠢᠵᠢᠷᠠᠭᠤᠯᠬᠤ ᠲᠠᠯ᠎ᠠ ᠪᠠᠷ᠂ ᠬᠠᠭᠤᠳᠠᠰᠤᠨ ᠤ ᠦᠰᠦᠭ ᠤᠨ ᠲᠤᠭ᠎ᠠ᠂ ᠬᠡᠪᠯᠡᠯ ᠤᠨ ᠨᠢᠭᠤᠷ ᠤᠨ ᠲᠣᠬᠢᠷᠠᠭᠤᠯᠤᠯᠲᠠ᠂ ᠴᠠᠭ ᠤᠨ ᠤᠷᠲᠤᠴᠠ ᠵᠡᠷᠭᠡ ᠶᠢ ᠴᠢᠨᠠᠭᠰᠢᠳᠠ ᠴᠢᠩᠭ᠎ᠠ ᠠᠳᠬᠤᠪᠠ᠃ ᠪᠦᠭᠦ ᠤᠯᠤᠰ ᠤᠨ ᠴᠢᠨᠠᠷᠲᠠᠢ ᠬᠤᠷᠠᠯ ᠤᠨ ᠠᠵᠢᠯᠯᠠᠭ᠎ᠠ ᠶᠢᠨ ᠰᠣᠨᠢᠨ ᠮᠡᠳᠡᠭᠡᠯᠡᠯ ᠢ ᠴᠣᠮᠬᠠᠳᠬᠠᠪᠠ᠃ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠵᠢᠷᠠᠭᠤᠯᠬᠤ ᠲᠠᠯ᠎ᠠ ᠪᠠᠷ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠪᠠᠭᠠᠰᠬᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠭᠦ ᠨᠥᠯᠥᠭᠡ ᠶᠢ ᠪᠠᠭᠠᠰᠬᠠᠪᠠ᠃              ᠠᠵᠢᠯᠴᠢ ᠠᠷᠪᠢᠴᠢ ᠪᠠᠷ ᠠᠮᠢᠳᠤᠷᠠᠬᠤ ᠶᠢ ᠴᠢᠩᠭ᠎ᠠ ᠬᠡᠷᠡᠭᠵᠢᠭᠦᠯᠬᠦ ᠲᠠᠯ᠎ᠠ ᠪᠠᠷ᠂ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠥᠪ ᠤᠨ ᠲᠣᠰ ᠱᠠᠲᠤᠨ ᠤ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠲᠥᠰᠥᠪ ᠢ ᠴᠢᠨᠠᠭᠰᠢᠳᠠ ᠪᠠᠭᠠᠰᠬᠠᠵᠤ᠂ ᠣᠷᠣᠨ ᠨᠤᠲᠤᠭ ᠤᠨ ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠬᠤ᠂ ᠵᠢᠭᠡᠯᠡᠯᠭᠡ ᠠᠪᠴᠤ ︽ᠳᠦᠷᠢ ᠲᠥᠷᠬᠦ ᠶᠢᠨ ᠢᠨᠵᠧᠨᠧᠷᠢᠩ︾ ᠬᠢᠬᠦ ᠶᠢ ᠴᠢᠩᠭ᠎ᠠ ᠴᠠᠭᠠᠵᠠᠯᠠᠪᠠ᠃              ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ ᠬᠥᠲᠥᠯᠥᠨ ᠲᠠᠶᠢᠴᠢᠯᠠᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠨᠤᠭᠤᠯᠤᠨ ᠰᠠᠭᠤᠳᠬᠠᠬᠤ ᠦᠭᠡᠢ᠂ ᠭᠡᠯᠪᠡᠷᠢ ᠶᠢ ᠨᠢ ᠬᠤᠪᠢᠷᠠᠭᠤᠯᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠳᠤ ᠬᠡᠪ ᠳᠠᠭᠤᠷᠢᠶᠠᠯ ᠦᠵᠡᠭᠦᠯᠵᠦ᠂ ᠵᠢᠱᠢᠶ᠎ᠡ ᠦᠵᠡᠭᠦᠯᠪᠡ᠃              ᠰᠢᠨ᠎ᠡ ᠠᠶᠠᠨ ᠳᠠᠭᠠᠨ ᠳᠠᠬᠢᠨᠲᠠ ᠮᠣᠷᠳᠠᠵᠤ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ              2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨᠡᠬᠡᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 7 ᠨᠡᠶᠢᠲᠡᠯᠢᠭ ᠠᠰᠠᠭᠤᠳᠠᠯ ᠢ ᠵᠠᠷᠯᠠᠨ ᠨᠡᠶᠢᠲᠡᠯᠡᠵᠦ᠂ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠠᠩᠬᠠᠷᠬᠤ᠂ ᠰᠤᠷᠲᠠᠯ ᠤᠨ ᠠᠰᠠᠭᠤᠳᠠᠯ ᠢ ᠴᠢᠩᠭ᠎ᠠ ᠠᠳᠬᠤᠬᠤ ᠢᠯᠡ ᠲᠣᠳᠣ ᠳᠣᠬᠢᠶ᠎ᠠ ᠶᠢ ᠳᠠᠬᠢᠨᠲᠠ ᠳᠠᠮᠵᠢᠭᠤᠯᠪᠠ᠃              ᠰᠤᠷᠲᠠᠯ ᠤᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ ᠶᠤᠮ᠃              ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠠᠷᠬᠠᠭ ᠭᠡᠮ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠴᠡᠭᠴᠡᠯᠡᠨ ᠵᠠᠰᠠᠵᠤ᠂ ᠨᠠᠮ ᠤᠨ ᠭᠡᠰᠢᠭᠦᠨ᠂ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠤᠷᠤᠭᠰᠢᠯᠠᠯᠲᠠ ᠶᠢᠨ ᠰᠢᠨ᠎ᠡ ᠠᠶᠠᠨ ᠳᠤ ᠪᠠᠲᠤᠯᠠᠭ᠎ᠠ ᠬᠠᠩᠭᠠᠪᠠ᠃              ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ ᠰᠤᠷᠲᠠᠯ ᠤᠨ ᠪᠠᠶᠢᠭᠤᠯᠤᠯᠲᠠ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠲᠤ ᠴᠣᠭᠴᠠᠯᠠᠪᠠ --              ︽ᠲᠥᠪᠯᠡᠷᠡᠩᠭᠦᠢ ᠬᠥᠮᠦᠵᠢᠯ ᠢᠶᠠᠷ ᠲᠠᠮᠵᠢᠨ ᠪᠦᠭᠦ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠮ ᠤᠨ ᠰᠤᠷᠲᠠᠯ ᠤᠨ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠣᠯ ᠴᠢᠬᠤᠯᠠ ᠲᠡᠦᠬᠡᠨ ᠲᠤᠷᠰᠢᠯᠭ᠎ᠠ ᠪᠣᠯᠣᠨ᠎ᠠ︾᠃              2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠰᠤᠷᠤᠯᠴᠠᠯᠭ᠎ᠠ ᠪᠠᠷ ᠰᠤᠷᠲᠠᠯ ᠢᠶᠠᠨ ᠰᠠᠶᠢᠵᠢᠷᠠᠭᠤᠯᠬᠤ ᠶᠢ ᠪᠣᠳᠠᠲᠠᠢ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠪᠠᠲᠤ ᠴᠢᠩᠭ᠎ᠠ ᠰᠤᠷᠲᠠᠯ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃              ᠨᠠᠮ ᠤᠨ ᠰᠤᠷᠲᠠᠯ ᠪᠣᠯ ᠨᠠᠮ ᠤᠨ ᠳᠦᠷᠢ ᠲᠥᠷᠬᠦ ᠮᠥᠨ᠂ ᠨᠠᠮ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ᠂ ᠬᠥᠮᠥᠨ ᠤ ᠰᠡᠳᠬᠢᠯ ᠤᠨ ᠬᠠᠨᠳᠤᠰᠢ ᠶᠢ ᠠᠵᠢᠭᠯᠠᠬᠤ ᠰᠢᠯᠭᠠᠭᠤᠷ ᠮᠥᠨ ᠃              ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠳᠤᠮᠳᠠ ᠡᠯ᠎ᠡ ᠵᠦᠢᠯ ᠤᠨ ᠭᠡᠯᠪᠡᠷᠢ ᠶᠢ ᠠᠪᠴᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠭᠦᠨᠵᠡᠭᠡᠢ ᠪᠠᠶᠢᠴᠠᠭᠠᠵᠤ ᠵᠠᠳᠠᠯᠬᠤ ᠪᠠᠷ ᠳᠠᠮᠵᠢᠨ ᠴᠡᠭᠴᠡᠯᠡᠨ ᠰᠠᠶᠢᠵᠢᠷᠠᠭᠤᠯᠵᠤ᠂ ᠦᠵᠡᠯ ᠰᠠᠨᠠᠭᠠᠨ ᠤ ᠲᠣᠭᠤᠰᠣ᠂ ᠰᠤᠷᠲᠠᠯ ᠤᠨ ᠭᠡᠮ᠂ ᠠᠵᠢᠯᠯᠠᠭ᠎ᠠ ᠶᠢᠨ ᠭᠬᠢᠷ ᠪᠤᠷᠲᠠᠭ ᠢ ᠠᠷᠢᠯᠭᠠᠵᠤ᠂ ᠤᠯᠤᠰ ᠲᠦᠷᠦ ᠶᠢᠨ ᠪᠠᠷᠢᠮᠵᠢᠶ᠎ᠠ ᠪᠣᠯᠣᠨ ᠤᠯᠤᠰ ᠲᠦᠷᠦ ᠶᠢᠨ ᠱᠠᠭᠠᠷᠳᠠᠯᠭ᠎ᠠ ᠶᠢ ᠰᠤᠷᠲᠠᠯ ᠤᠨ ᠪᠠᠶᠢᠭᠤᠯᠤᠯᠲᠠ ᠳᠤ ᠢᠮᠠᠭᠲᠠ ᠲᠤᠭᠤᠰᠢᠯᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠪᠠ᠃              ᠭᠤᠣᠯᠳᠠᠯᠭ᠎ᠠ ᠶᠢ ᠳᠣᠪᠤᠶᠢᠯᠭᠠᠵᠤ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠳᠥᠷᠪᠡᠨ ᠰᠤᠷᠲᠠᠯ︾ ᠤᠨ ᠠᠷᠬᠠᠭ ᠭᠡᠮ ᠢ ᠵᠠᠯᠠᠷᠠᠭᠤᠯᠪᠠ --              ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 11860 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 16728 ᠬᠥᠮᠥᠨ ᠢ ᠰᠢᠭᠦᠮᠵᠢᠯᠡᠨ ᠰᠤᠷᠭᠠᠬᠤ ᠪᠠ ᠰᠢᠢᠳᠪᠦᠷᠢᠯᠡᠵᠦ᠂ 11870 ᠬᠥᠮᠥᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠪᠡ ᠁︾ 2024 ᠣᠨ ᠤ ᠰᠢᠨ᠎ᠡ ᠵᠢᠯ ᠠᠴᠠ ᠡᠮᠦᠨ᠎ᠡ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶ᠎ᠡ 2023 ᠣᠨ ᠤ 11 ᠰᠠᠷ᠎ᠠ ᠳᠤ ᠪᠦᠭᠦ ᠤᠯᠤᠰ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠰᠠᠷ᠎ᠠ ᠶᠢᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃ ᠡᠨᠡ ᠨᠢ ᠨᠢᠭᠡᠨᠲᠡ ᠲᠤᠰ ᠲᠤᠭ᠎ᠠ ᠪᠠᠷᠢᠮᠲᠠ ᠶᠢ ᠵᠠᠯᠭᠠᠭ᠎ᠠ ᠪᠠᠷ ᠨᠡᠶᠢᠲᠡᠯᠡᠭᠰᠡᠨ 123 ᠳ᠋ᠤᠭᠠᠷ ᠰᠠᠷ᠎ᠠ ᠪᠣᠯᠣᠨ᠎ᠠ᠃              ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠬᠠᠭᠠᠰ ᠳᠤᠲᠠᠭᠤ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾ ᠵᠢᠴᠢ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠳᠤᠷ᠎ᠠ ᠪᠠᠷ ᠢᠶᠠᠨ ᠦᠢᠯᠡᠳᠬᠦ ᠵᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠠᠷᠢᠶᠠᠨ ᠭᠠᠵᠠᠷ ᠢ ᠬᠠᠮᠠᠭᠠᠯᠠᠬᠤ ᠵᠡᠷᠭᠡ ᠬᠦᠷᠢᠶᠡᠨ ᠳᠠᠬᠢ ᠲᠥᠪ ᠪᠤᠰᠤ ᠰᠤᠷᠲᠠᠯ ᠳᠤ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠶᠢ ᠴᠢᠩᠭᠠᠳᠬᠠᠭᠰᠠᠨ ᠠᠴᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠭᠠᠵᠠᠷ ᠤᠨ ᠤᠳᠤᠷᠢᠳᠬᠤ ᠺᠠᠳ᠋ᠷ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠭᠰᠡᠨ ᠪᠥᠭᠡᠳ ᠵᠠᠷᠯᠠᠨ ᠮᠡᠳᠡᠭᠳᠡᠵᠦ᠂ ᠠᠯᠪᠠᠨ ᠬᠡᠷᠡᠭᠯᠡᠭᠡᠨ ᠤ ᠭᠡᠷ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠴᠢᠩᠭ᠎ᠠ ᠠᠩᠬᠠᠷᠤᠭᠰᠠᠨ ᠭᠦᠷᠳᠡᠯ᠎ᠡ ᠁              ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠨᠡᠶᠢᠳᠡᠮ ᠡᠭᠦᠰᠦᠭᠰᠡᠨ᠂ ᠲᠠᠭᠢᠨ ᠳᠠᠪᠲᠠᠨ ᠢᠯᠡᠷᠡᠭᠰᠡᠨ ᠰᠤᠷᠲᠠᠯ ᠤᠨ ᠠᠷᠬᠠᠭ ᠢ ᠴᠢᠩᠭ᠎ᠠ ᠠᠩᠬᠠᠷᠴᠤ᠂ ᠠᠰᠠᠭᠤᠳᠠᠯ ᠲᠣᠪᠣᠶᠢᠮ᠎ᠠ᠂ ᠠᠵᠢᠯ ᠪᠠᠭᠤᠷᠠᠢ ᠪᠠᠶᠢᠭ᠎ᠠ ᠬᠦᠷᠢᠶ᠎ᠡ ᠪᠣᠯᠣᠨ ᠭᠠᠵᠠᠷ ᠣᠷᠣᠨ ᠢ ᠴᠢᠩᠭ᠎ᠠ ᠠᠩᠬᠠᠷᠴᠤ᠂ ᠬᠠᠷᠠᠯᠲᠠ ᠲᠠᠢ ᠪᠠᠷ ᠬᠦᠴᠦᠯᠡᠵᠦ᠂ ᠭᠤᠣᠯᠳᠠᠯᠭ᠎ᠠ ᠲᠠᠢ ᠰᠢᠪᠲᠤᠯᠤᠯᠲᠠ ᠭᠠᠷᠭᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃              ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ --              ︽ᠪᠢᠳᠡ ᠤᠳᠤᠷᠢᠳᠬᠤ ᠺᠠᠳ᠋ᠷ ᠭᠡᠬᠦ ᠡᠨᠡ ᠬᠦ ︿ᠵᠠᠩᠭᠢᠯᠠᠭ᠎ᠠ ᠶᠢᠨ ᠴᠥᠭᠡᠨ ᠲᠣᠭᠠᠲᠠᠨ﹀ ᠢ ᠴᠢᠩᠭ᠎ᠠ ᠠᠩᠬᠠᠷᠴᠤ᠂ ᠳᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠳᠦᠷᠢᠮ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠬᠦ᠂ ᠳᠦᠷᠢᠮ ᠲᠣᠭᠲᠠᠭᠠᠯ ᠠᠴᠠ ᠵᠥᠷᠢᠴᠡᠨ ᠨᠥᠬᠦᠪᠦᠷᠢ ᠮᠥᠩᠭᠦ ᠪᠤᠶᠤ ᠠᠰᠠᠷᠠᠮᠵᠢ ᠣᠯᠭᠤᠬᠤ ᠵᠡᠷᠭᠡ ᠪᠠᠶᠠᠷ ᠤᠨ ᠡᠳᠦᠷ ᠤᠯᠠᠨ ᠭᠠᠷᠳᠠᠭ ᠠᠰᠠᠭᠤᠳᠠᠯ ᠢ ᠴᠢᠩᠭ᠎ᠠ ᠠᠩᠬᠠᠷᠴᠤ᠂ ᠠᠷᠤ ᠳᠠᠬᠢ ᠠᠰᠢᠭ ᠲᠤᠰᠠ ᠶᠢᠨ ᠰᠣᠯᠢᠯᠴᠠᠭ᠎ᠠ᠂ ᠨᠠᠶᠢᠳᠠᠨ ᠭᠦᠢᠴᠡᠳᠬᠡᠯᠭᠡᠬᠦ ᠵᠡᠷᠭᠡ ᠰᠤᠷᠲᠠᠯ ᠤᠨ ᠢᠯᠵᠠᠷᠠᠯ ᠢ ᠨᠢᠭᠡ ᠴᠣᠭᠴᠠᠵᠢᠭᠤᠯᠤᠭᠰᠠᠨ ᠠᠰᠠᠭᠤᠳᠠᠯ ᠢ ᠭᠦᠨᠵᠡᠭᠡᠢ ᠠᠭᠤᠳᠠᠯᠵᠤ᠂ ᠳᠦᠷᠢᠮ ᠲᠣᠭᠲᠠᠭᠠᠯ ᠠᠴᠠ ᠵᠥᠷᠢᠴᠡᠵᠦ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ ᠁︾              2023 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨ᠎ᠡ᠂ ᠬᠠᠷᠠᠮᠥ᠋ᠷᠡᠨ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠪᠦᠭᠦ ᠮᠤᠵᠢ ᠶᠢᠨ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠳᠤ ᠪᠠᠶᠠᠷ ᠤᠨ ᠡᠳᠦᠷ ᠢᠶᠠᠨ ᠠᠷᠢᠭᠤᠨ ᠴᠢᠬᠡᠴᠢ ᠪᠠᠷ ᠥᠩᠭᠡᠷᠡᠭᠦᠯᠬᠦ ᠰᠠᠨᠠᠭᠤᠯᠭ᠎ᠠ ᠭᠠᠷᠭᠠᠵᠤ᠂ ︽ᠰᠤᠷᠲᠠᠯ ᠠᠴᠠ ᠢᠯᠵᠠᠷᠠᠬᠤ ᠶᠢ ᠰᠡᠷᠭᠡᠶᠢᠯᠡᠬᠦ︾᠂ ︽ᠰᠤᠷᠲᠠᠯ ᠠᠴᠠ ᠢᠯᠵᠠᠷᠠᠯ ᠪᠣᠯᠵᠤ ᠬᠤᠪᠢᠷᠠᠬᠤ︾ ᠰᠡᠷᠡᠮᠵᠢ ᠶᠢᠨ ᠳᠣᠬᠢᠶ᠎ᠠ ᠶᠢ ᠬᠠᠩᠭᠢᠨᠠᠭᠤᠯᠪᠠ᠃              ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠢᠯᠵᠠᠷᠠᠯ ᠢ ᠬᠠᠮᠲᠤ ᠪᠠᠷ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠲᠥᠪ ᠪᠤᠰᠤ ᠰᠤᠷᠲᠠᠯ ᠤᠨ ᠠᠷᠤ ᠳᠠᠬᠢ ᠢᠯᠵᠠᠷᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠢᠯᠵᠠᠷᠠᠯ ᠤᠨ ᠬᠡᠷᠡᠭ ᠤᠨ ᠠᠷᠤ ᠳᠠᠬᠢ ᠲᠥᠪ ᠪᠤᠰᠤ ᠰᠤᠷᠲᠠᠯ ᠢ ᠭᠦᠨᠵᠡᠭᠡᠢ ᠠᠭᠤᠳᠠᠯᠤᠨ ᠨᠠᠷᠢᠯᠢᠭ ᠪᠠᠶᠢᠴᠠᠭᠠᠪᠠ᠃              ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾  ᠤᠨ ᠵᠠᠷᠤᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠠ; ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠣᠭᠲᠣᠭᠤ ᠪᠠᠷ ᠲᠡᠷᠭᠡ ᠵᠢᠯᠣᠭᠤᠳᠤᠭᠰᠠᠨ ᠤ ᠠᠷᠤ ᠳᠠᠬᠢ ︽ᠳᠥᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ; ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ︽ᠵᠠᠯᠬᠠᠭᠠᠬᠤ᠂ ᠵᠠᠰᠠᠬᠤ᠂ ᠰᠡᠷᠭᠡᠶᠢᠯᠡᠬᠦ︾ ᠠᠵᠢᠯ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ ᠁              ︽ᠳᠥᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠬᠤ ᠶᠢᠨ ᠬᠠᠮᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠲᠠᠢ ᠤᠶᠠᠯᠳᠤᠭᠤᠯᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤᠨ ᠬᠥᠮᠦᠵᠢᠯ᠂ ᠵᠠᠯᠠᠭᠤ ᠺᠠᠳ᠋ᠷ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ᠂ ᠰᠡᠷᠡᠮᠵᠢᠯᠡᠭᠦᠯᠭᠦ ᠬᠥᠮᠦᠵᠢᠯ ᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠢ ᠬᠦᠴᠦᠯᠡᠨ ᠪᠣᠶᠢᠵᠢᠭᠤᠯᠵᠤ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠥᠭᠡᠳᠡᠯᠡᠨ ᠳᠠᠪᠰᠢᠬᠤ ᠶᠢ ᠳᠠᠶᠢᠴᠢᠯᠠᠵᠤ᠂ ᠵᠠᠩᠰᠢᠯ ᠢ ᠬᠠᠯᠠᠵᠤ ᠳᠠᠳᠬᠠᠯ ᠢᠶᠠᠨ ᠥᠭᠡᠷᠡᠴᠢᠯᠡᠬᠦ ᠶᠢ ᠠᠬᠢᠭᠤᠯᠵᠤ᠂ ᠰᠤᠷᠲᠠᠯ ᠤᠨ ᠠᠰᠠᠭᠤᠳᠠᠯ ᠤᠨ ᠪᠤᠶ ᠪᠤᠯᠬᠤ ᠬᠥᠷᠥᠰᠥ ᠰᠢᠷᠣᠢ ᠶᠢ ᠲᠠᠰᠤᠷᠠᠯᠲᠠ ᠦᠭᠡᠢ ᠠᠷᠢᠯᠭᠠᠪᠠ᠃              ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠶᠢᠨ ᠰᠤᠷᠲᠠᠯ ᠰᠠᠶᠢᠨ ᠳᠦᠷᠢ ᠲᠥᠷᠬᠦ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠪᠡ --              ︽ᠲᠠ ᠨᠠᠷ ᠤᠨ ᠠᠴᠢ ᠪᠠᠷ ᠤᠳᠤ ᠲᠠᠷᠢᠶ᠎ᠠ ᠤᠰᠤᠯᠠᠬᠤ ᠵᠠᠷᠤᠳᠠᠯ ᠪᠠᠭᠤᠷᠠᠭᠠᠳ ᠤᠭ ᠤᠨ ᠦᠨ᠎ᠡ  ᠶᠢᠨ ᠢᠶᠠᠨ ᠬᠠᠭᠠᠰ ᠬᠢᠷᠢᠲᠡᠢ ᠯᠡ ᠪᠣᠯᠵᠠᠢ︾᠃ 2023 ᠣᠨ ᠤ 12 ᠰᠠᠷ᠎ᠠ ᠳᠤ᠂ ᠱᠠᠨᠳᠦ᠋ᠩ ᠮᠤᠵᠢ ᠶᠢᠨ ᠵᠢᠨᠢᠩ ᠬᠤᠲᠠ ᠶᠢᠨ ᠵᠢᠶᠠ ᠰᠢᠶᠠᠩ ᠰᠢᠶᠠᠨ ᠤ ᠶᠠᠩ ᠯᠧᠦ ᠼᠦᠨ ᠲᠣᠰᠬᠤᠨ ᠤ ᠠᠮᠤ ᠪᠤᠳᠠᠭ᠎ᠠ ᠳᠠᠷᠢᠬᠤ ᠲᠣᠮᠣ ᠡᠷᠦᠭᠡ  ᠶᠢᠨ ᠡᠵᠡᠨ ᠭᠤᠤ ᠺᠧ ᠭᠦᠸᠧ ᠪᠠᠶᠠᠷᠲᠠᠢ ᠬᠡᠯᠡᠨ᠎ᠡ᠃                             ᠶᠢᠨ ᠣᠶᠢᠯᠠᠭᠠᠭᠰᠠᠨ ᠢᠶᠠᠷ᠂ ᠲᠣᠰᠬᠤᠨ ᠤ ᠠᠷᠠᠳ ᠤᠨ ᠲᠤᠰᠬᠠᠭᠰᠠᠨ ᠲᠣᠰᠬᠤᠨ ᠤ ᠤᠰᠤᠯᠠᠯᠲᠠ ᠶᠢᠨ ᠤᠰᠤᠨ ᠤ ᠰᠦᠢᠳᠬᠡᠯ ᠭᠡᠲᠦ ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ ᠵᠢᠶᠠ ᠰᠢᠶᠠᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ ᠥᠯᠥ ᠬᠠᠶᠢᠬᠤᠷᠬᠤ ᠲᠥᠪ ᠪᠤᠰᠤ ᠰᠤᠷᠲᠠᠯ ᠢ ᠬᠦᠴᠦᠲᠡᠢ ᠬᠤᠷᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃              ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃              ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠢᠳᠠᠪᠤᠷᠢ ᠪᠠᠨ ᠳᠡᠭᠡᠭᠰᠢᠯᠡᠭᠦᠯᠭᠦ᠂ ᠰᠤᠷᠲᠠᠯ ᠢᠶᠠᠨ ᠰᠠᠶᠢᠵᠢᠷᠠᠭᠤᠯᠬᠤ᠂ ᠡᠭᠦᠷᠭᠡᠯᠡᠯ ᠢᠶᠠᠨ ᠴᠢᠩᠭᠠᠳᠬᠠᠬᠤ ᠠᠯᠢ ᠤᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠠᠯᠲᠠ ᠪᠠᠨ ᠡᠵᠡᠮᠳᠡᠨ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠬᠦ ᠶᠢ ᠵᠣᠷᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠪᠡ᠃              ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠠᠮᠠᠷ ᠵᠡᠷᠭᠡ ᠪᠠᠶᠢᠬᠤ ᠲᠤᠬᠠᠢ ᠠᠷᠠᠳ ᠣᠯᠠᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ᠃              2023 ᠣᠨ ᠤ ᠵᠢᠯ ᠤᠨ ᠡᠴᠦᠰ ᠲᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠤᠲᠠᠰᠤ ᠪᠠᠷ ᠪᠠᠶᠢᠴᠠᠭᠠᠭᠰᠠᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 95.7% ᠶᠢᠨ ᠰᠣᠷᠪᠤᠯᠵᠢᠯᠠᠭ᠎ᠠ ᠬᠦᠯᠢᠶᠡᠭᠰᠡᠨ ᠣᠯᠠᠨ ᠲᠦᠮᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠶᠡᠷᠦᠩᠬᠡᠢ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠪᠡ᠃              ᠰᠤᠷᠲᠠᠯ ᠴᠢᠬᠡᠴᠢ ᠪᠣᠯ ᠣᠪᠣᠷ ᠲᠥᠪ᠂ ᠣᠪᠣᠷ ᠲᠥᠪ ᠪᠣᠯ ᠰᠡᠳᠬᠢᠯ ᠨᠢᠭᠡᠲᠡᠢ᠂ ᠰᠡᠳᠬᠢᠯ ᠨᠢᠭᠡᠲᠡᠢ ᠪᠣᠯ ᠶᠠᠪᠤᠳᠠᠯ ᠪᠦᠲᠦᠨ᠎ᠡ᠃              2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠪᠡᠷᠬᠡ ᠬᠠᠲᠠᠭᠤᠵᠢᠯᠲᠠᠢ᠂ ᠢᠷᠡᠭᠡᠳᠦᠢ ᠰᠦᠷᠯᠢᠭ ᠰᠠᠶᠢᠬᠠᠨ ᠪᠠᠶᠢᠨ᠎ᠠ᠃              ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠨᠠᠮ ᠢᠶᠠᠷ ᠢᠶᠠᠨ ᠲᠡᠮᠦᠷ ᠢ ᠠᠳᠬᠤᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠵᠤ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠯᠠᠪᠳᠠᠶ᠎ᠠ ᠰᠢᠯᠢᠳᠡᠭ ᠰᠤᠷᠲᠠᠯ ᠢᠶᠠᠷ 14 ᠳ᠋ᠦᠩᠰᠢᠭᠤᠷ ᠭᠠᠷᠤᠢ ᠠᠷᠠᠳ ᠲᠦᠮᠡᠨ ᠢ ᠪᠦᠯᠬᠦᠮᠳᠡᠭᠦᠯᠦᠨ ᠨᠢᠭᠡᠳᠦᠭᠦᠯᠦᠭᠰᠡᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢᠯᠠᠭᠤᠯᠵᠤ ᠴᠢᠳᠠᠨ᠎ᠠ︕                                     
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号