ᠣᠨᠳᠣᠷᠣᠯᠲᠤ ᠪᠠᠯᠭᠠᠰᠤ ᠶᠢᠨ ᠨᠠᠷᠠᠨ ᠬᠤᠸᠠᠷ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2024/6/7
                                         ● ᠱᠢ ᠰᠢᠨ ᠶᠤᠸᠠᠨ               ᠰᠢᠷᠭᠠᠯ ᠨᠠᠮᠤᠷ ᠤᠨ ᠤᠯᠠᠷᠢᠯ ᠳᠤ᠂ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤ ᠶᠢᠨ 9027 ᠮᠦ ᠨᠡᠷᠡᠨ ᠬᠤᠸᠠᠷ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠭᠲᠤᠯ᠎ᠠ᠃ ᠬᠤᠷᠢᠶᠠᠯᠲᠠ ᠪᠠᠨ ᠬᠦᠯᠢᠶᠡᠭᠰᠡᠨ ᠨᠡᠷᠡᠨ ᠬᠤᠸᠠᠷ ᠤᠨ ᠦᠷ᠎ᠡ ᠨᠢᠭᠡᠪᠦᠷᠢ ᠳᠤ ᠬᠦᠴᠦ ᠭᠦᠳᠡᠯᠮᠦᠷᠢ ᠪᠠ ᠬᠦᠰᠡᠯ ᠡᠷᠡᠮᠡᠯᠵᠡᠯ ᠠᠭᠤᠯᠤᠭᠳᠠᠵᠤ ᠂ ᠨᠠᠮᠤᠷ ᠤᠨ ᠡᠯᠪᠡᠭ ᠬᠤᠷᠢᠶᠠᠯᠲᠠ ᠶᠢᠨ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠨ᠎ᠠ᠃              ᠣᠶᠢᠷ᠎ᠠ ᠶᠢᠨ ᠡᠳᠦᠷ᠂ ᠣᠨᠳᠣᠷᠣᠯᠲᠤ ᠪᠠᠯᠭᠠᠰᠤᠨ ᠤ ᠲᠠᠷᠢᠶᠠᠨ ᠲᠠᠭ ᠲᠤ ᠠᠵᠢᠯᠴᠢᠳ ᠶᠠᠭᠠᠷᠠᠯᠲᠠᠢ ᠠᠵᠢᠯᠯᠠᠵᠤ᠂ ᠨᠠᠭᠠᠰᠢ ᠴᠠᠭᠠᠰᠢ ᠰᠦᠯᠵᠢᠯᠳᠦᠭᠰᠡᠨ ᠲᠣᠮᠣ ᠭᠡᠯᠪᠡᠷᠢ ᠶᠢᠨ ᠮᠠᠰᠢᠨ ᠨᠡᠷᠡᠨ ᠬᠤᠸᠠᠷ ᠢ ᠨᠠᠷᠢᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠬᠤᠷᠢᠶᠠᠨ ᠠᠪᠴᠤ᠂ ᠳᠠᠮᠵᠢᠭᠤᠯᠬᠤ ᠪᠦᠰᠡ ᠪᠠᠷ ᠮᠠᠰᠢᠨ ᠤ ᠳᠣᠲᠣᠭᠠᠳᠤ ᠳᠤ ᠬᠦᠷᠭᠡᠨ᠂ ᠮᠥᠬᠦᠯᠢᠭ ᠮᠥᠬᠦᠯᠢᠭ ᠨᠡᠷᠡᠨ ᠬᠤᠸᠠᠷ ᠤᠨ ᠦᠷ᠎ᠡ ᠬᠤᠷᠣᠮᠬᠠᠨ ᠵᠠᠭᠤᠷ᠎ᠠ ᠲᠡᠷᠭᠡᠨ ᠲᠠᠰᠤᠯᠭ᠎ᠠ ᠶᠢ ᠳᠦᠭᠦᠷᠭᠡᠪᠡ᠃              2023 ᠣᠨ ᠳᠤ ᠣᠨᠳᠣᠷᠣᠯᠲᠤ ᠪᠠᠯᠭᠠᠰᠤ ᠨᠡᠷᠡᠨ ᠬᠤᠸᠠᠷ 4900 ᠮᠦ ᠳᠠᠷᠢᠵᠤ᠂ ᠡᠨᠡ ᠵᠢᠯ ᠪᠦᠭᠦ ᠪᠠᠯᠭᠠᠰᠤᠨ ᠤ ᠳᠠᠷᠢᠬᠤ ᠲᠠᠯᠠᠪᠠᠶ 9027 ᠮᠦ ᠪᠣᠯᠣᠨ ᠨᠡᠮᠡᠭᠳᠡᠨ᠂ ᠡᠭᠦᠨ ᠳᠤ ᠪᠠᠷᠠᠭᠤᠨ ᠬᠥᠳᠡᠭᠡ ᠭᠠᠴᠠᠭ᠎ᠠ 7000 ᠭᠠᠷᠤᠢ ᠮᠦ᠂ ᠤᠩᠭᠤᠴᠠᠳᠠᠢ ᠭᠠᠴᠠᠭ᠎ᠠ 1200 ᠮᠦ ᠳᠠᠷᠢᠵᠤ᠂ ᠣᠲᠣ ᠶᠠᠭ ᠬᠤᠷᠢᠶᠠᠯᠲᠠ ᠬᠢᠵᠦ ᠪᠠᠶᠢᠨ᠎ᠠ ᠃ ᠨᠡᠷᠡᠨ ᠬᠤᠸᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠥᠯᠥᠭᠡ᠂ ᠲᠣᠰ ᠪᠠᠯᠭᠠᠰᠤ ᠡᠨᠡ ᠵᠢᠯ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠰᠢᠨ᠎ᠡ ᠮᠡᠷᠭᠡᠵᠢᠯ ᠤᠨ ᠬᠡᠷᠡᠭᠯᠡᠯᠲᠡ ᠳᠡᠭᠡᠷ᠎ᠡ ᠬᠦᠴᠦ ᠣᠷᠣᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠭ᠎ᠠ ᠶᠢᠨ ᠶᠠᠰᠤ ᠴᠢᠨᠠᠷ᠂ ᠲᠠᠷᠢᠶᠠᠨ ᠭᠠᠵᠠᠷ ᠤᠨ ᠬᠠᠮᠢᠶᠠᠷᠤᠯᠲᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠭᠤᠮᠲᠠ ᠶᠢ ᠴᠢᠩᠭ᠎ᠠ ᠠᠳᠬᠤᠵᠤ᠂ ᠨᠠᠷᠢᠯᠢᠭ ᠳᠠᠷᠢᠬᠤ᠂ ᠤᠰᠤ ᠠᠷᠪᠢᠯᠠᠵᠤ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ᠂ ᠨᠡᠷᠡᠨ ᠬᠤᠸᠠᠷ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠨᠡᠷᠡᠨ ᠬᠤᠸᠠᠷ ᠤᠨ ᠦᠷ᠎ᠡ ᠶᠢ ᠦᠨᠡᠨ ᠪᠣᠳᠠᠲᠠᠢ ᠪᠠᠷ ᠤᠭᠤᠲᠠᠨ ᠳᠤ ᠰᠠᠪᠠᠯᠠᠭᠰᠠᠨ ︽ᠵᠢᠵᠢᠭ ᠠᠯᠲᠠ︾ ᠪᠣᠯᠭᠠᠵᠠᠢ᠃              ᠠᠵᠤ ᠦᠢᠯᠡᠰ ᠬᠥᠭᠵᠢᠪᠡᠯ ᠠᠷᠠᠳ ᠢᠷᠭᠡᠳ ᠪᠠᠶᠠᠵᠢᠨ᠎ᠠ᠃ ᠣᠶᠢᠷ᠎ᠠ ᠶᠢᠨ ᠵᠢᠯ ᠳᠤ᠂ ᠣᠨᠳᠣᠷᠣᠯᠲᠤ ᠪᠠᠯᠭᠠᠰᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠨᠡᠷᠡᠨ ᠬᠤᠸᠠᠷ᠂ ᠲᠠᠷᠪᠤᠰ ᠵᠡᠷᠭᠡ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠮᠠᠯ ᠢ ᠶᠡᠭᠡ ᠪᠠᠷ ᠬᠥᠭᠵᠢᠭᠦᠯᠦᠨ᠂ ᠤᠰᠤ ᠠᠷᠪᠢᠯᠠᠬᠤ ᠭᠡᠯᠪᠡᠷᠢ ᠶᠢᠨ ᠦᠷ᠎ᠡ ᠠᠰᠢᠭᠲᠤ ᠲᠠᠷᠢᠶᠠᠯᠠᠩ ᠢ ᠬᠦᠴᠦᠯᠡᠨ ᠠᠬᠢᠭᠤᠯᠤᠭᠰᠠᠨ ᠪᠠᠶᠢᠨ᠎ᠠ᠃              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号