| | ᠪᠠᠶᠠᠨᠬᠤᠲᠠ ᠶᠢᠨ ᠮᠡᠳᠡᠭᠡ ᠣᠶᠢᠷ᠎ᠠ ᠳᠤ᠂ ᠠᠯᠠᠱᠠ ᠵᠡᠭᠦᠨ ᠬᠤᠰᠢᠭᠤᠨ ᠪ᠊ ᠣᠨᠳᠣᠷᠣᠯᠲᠤ | ᠪᠠᠯᠭᠠᠰᠤᠨ ᠤ ᠵᠠᠬᠠᠳᠣᠯᠣᠭᠠᠨ ᠭᠠᠴᠠᠭᠠᠨ ᠤ ᠮᠠᠯᠴᠢᠳ ᠴᠠᠭ ᠠᠭᠤᠷ ᠢ ᠠᠮᠵᠢᠨ ᠬᠤᠨᠢ ᠪᠠᠨ ᠬᠠᠶᠢᠴᠢᠯᠠᠵᠤ | ᠶᠠᠭᠠᠷᠠᠵᠠᠭᠠᠨ᠎ᠠ᠃ | ᠣᠶᠢᠷ᠎ᠠ ᠶᠢᠨ ᠬᠡᠳᠦᠨ ᠡᠳᠦᠷ ᠤᠨ ᠠᠭᠤᠷ ᠠᠮᠢᠰᠬᠤᠯ ᠨᠢ ᠮᠠᠯᠴᠢᠳ ᠤᠨ ᠬᠤᠨᠢ ᠪᠠᠨ | ᠬᠠᠶᠢᠴᠢᠯᠠᠬᠤ ᠳᠤ ᠲᠣᠬᠢᠷᠠᠮᠵᠢᠲᠠᠢ ᠪᠠᠶᠢᠵᠤ᠂ ᠶᠡᠷᠦ ᠨᠢ ᠬᠤᠨᠢ ᠬᠠᠶᠢᠴᠢᠯᠠᠬᠤ ᠳᠤ ᠴᠠᠭ ᠠᠭᠠᠷ ᠤᠨ ᠪᠠᠶᠢᠳᠠᠯ ᠠᠴᠠ | ᠲᠣᠭᠲᠠᠭᠠᠭᠳᠠᠳᠠᠭ᠃ ᠡᠷᠲᠡ ᠬᠠᠶᠢᠴᠢᠯᠠᠪᠠᠯ ᠠᠭᠤᠷ ᠠᠮᠢᠰᠬᠤᠯ ᠠᠭᠠᠭᠢᠮ᠎ᠠ ᠬᠠᠯᠠᠭᠤᠨ ᠪᠠᠶᠢᠳᠠᠭ ᠠᠴᠠ ᠬᠤᠨᠢᠨ ᠤ | ᠲᠠᠷᠭᠤ ᠬᠦᠴᠦ ᠠᠪᠬᠤ ᠶᠢ ᠨᠥᠯᠥᠭᠡᠯᠡᠳᠡᠭ᠃ ᠣᠷᠣᠢ ᠬᠠᠶᠢᠴᠢᠯᠠᠪᠠᠯ ᠲᠡᠭᠷᠢ ᠬᠦᠢᠲᠡᠷᠡᠵᠦ ᠬᠤᠨᠢ ᠠᠮᠠᠷᠬᠠᠨ | ᠡᠪᠡᠳᠴᠢᠯᠡᠳᠡᠭ᠃ ᠬᠤᠨᠢ ᠬᠠᠶᠢᠴᠢᠯᠠᠬᠤ ᠨᠢ ᠮᠠᠯᠴᠢᠳ ᠤᠨ ᠤᠯᠠᠮᠵᠢᠯᠠᠯᠲᠤ ᠵᠠᠩ ᠳᠠᠳᠬᠠᠯ ᠪᠤᠯᠬᠤ ᠪᠠᠷ ᠪᠠᠷᠠᠬᠤ | ᠦᠭᠡᠢ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠤᠲᠠᠭᠳᠠᠵᠤ ᠪᠣᠯᠣᠰᠢ ᠦᠭᠡᠢ ᠨᠢᠭᠡᠨ ᠠᠵᠢᠯ ᠶᠤᠮ᠃ | ᠵᠠᠬᠠᠳᠣᠯᠣᠭᠠᠨ ᠭᠠᠴᠠᠭᠠᠨ ᠤ ᠮᠠᠯᠴᠢᠳ ᠨᠠᠮᠤᠷ ᠤᠨ ᠬᠤᠨᠢ ᠬᠠᠶᠢᠴᠢᠯᠠᠬᠤ ᠠᠵᠢᠯ ᠢᠶᠠᠨ ᠭᠦᠷ ᠬᠥᠭᠵᠢᠶᠡᠨ ᠲᠠᠢ | ᠶᠠᠪᠤᠭᠳᠠᠭᠤᠯᠵᠤ᠂ ᠮᠠᠯᠴᠢᠳ ᠬᠠᠰᠢᠶᠠᠨ ᠳᠠᠭᠠᠨ ᠬᠤᠨᠢ ᠬᠠᠶᠢᠴᠢᠯᠠᠬᠤ ᠠᠵᠢᠯ ᠢᠶᠠᠨ ᠲᠣᠳᠣᠷᠬᠠᠢ ᠬᠤᠪᠢᠶᠠᠨ | ᠪᠠᠶᠢᠷᠢᠯᠠᠭᠤᠯᠵᠤ᠂ ᠬᠤᠨᠢ ᠪᠠᠨ ᠬᠠᠶᠢᠴᠢᠯᠠᠵᠤ ᠪᠠᠶᠢᠯ᠎ᠠ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ | ᠪᠡᠯᠭᠡᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠢ | ᠠᠬᠢᠭᠤᠯᠬᠤ ᠶᠢᠨ ᠲᠥᠯᠥᠭᠡ᠂ ᠵᠠᠬᠠᠳᠣᠯᠣᠭᠠᠨ ᠭᠠᠴᠠᠭ᠎ᠠ ᠶᠢᠨ ᠬᠢᠨ ᠮᠠᠯᠴᠢᠳ ᠢ ᠵᠣᠬᠢᠶᠠᠨ ᠪᠠᠶᠢᠭᠤᠯᠤᠨ ᠬᠤᠨᠢ | ᠬᠠᠶᠢᠴᠢᠯᠠᠵᠤ᠂ ᠳᠣᠮᠳᠠᠳᠣ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ ᠦᠨᠡᠨ | ᠰᠡᠳᠬᠢᠯ ᠠᠴᠠ ᠪᠠᠨ ᠦᠢᠯᠡᠳᠦᠯᠭᠡᠵᠢᠭᠦᠯᠵᠦ᠂ ᠤᠯᠠᠨ ᠢ ᠪᠣᠯᠪᠠᠰᠤᠨ ᠤ ᠦᠢᠯᠡᠳᠦᠯᠭᠡ ᠶᠢᠨ ᠣᠷᠣᠯᠴᠠᠭᠴᠢ ᠪᠣᠯᠭᠠᠵᠠᠢ᠃ | ᠬᠤᠨᠢ ᠬᠠᠶᠢᠴᠢᠯᠠᠬᠤ ᠶᠠᠪᠤᠴᠠ ᠳᠤ ᠮᠠᠯᠴᠢᠳ ᠦᠢᠯᠡᠳᠪᠦᠷᠢᠯᠡᠯ ᠠᠮᠢᠳᠤᠷᠠᠯ ᠳᠤᠮᠳᠠᠬᠢ ᠲᠤᠷᠰᠢᠯᠭ᠎ᠠ ᠪᠠᠨ ᠰᠣᠯᠢᠯᠴᠠᠨ | ᠂ ᠬᠤᠨᠢ ᠬᠠᠶᠢᠴᠢᠯᠠᠭᠰᠠᠨ ᠣᠯᠣᠯᠲᠠ ᠪᠠᠨ ᠬᠤᠪᠢᠶᠠᠯᠴᠠᠯ᠎ᠠ᠃ ᠠᠵᠢᠯᠯᠠᠭ᠎ᠠ ᠳᠤ ᠣᠷᠣᠯᠴᠠᠬᠰᠠᠨ ᠭᠠᠴᠠᠭᠠᠨ ᠤ ︽ | ᠬᠤᠶᠠᠷ ᠵᠥᠪᠯᠡᠯ︾ ᠤᠨ ᠬᠢᠨ ᠪᠠᠰᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠣᠮᠳᠠᠳᠣ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠠᠬᠢ ︽ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ | ᠲᠡᠭᠦᠯᠳᠡᠷᠵᠢᠭᠦᠯᠬᠦ︾ ︽ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠪᠴᠢᠯᠡᠨ ᠨᠥᠬᠦᠪᠦᠷᠢᠯᠡᠬᠦ︾ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ︾ ᠵᠡᠷᠭᠡ ᠮᠠᠯᠴᠢᠳ ᠲᠠᠢ ᠨᠢᠭᠲᠠ ᠬᠤᠯᠪᠤᠭ᠎ᠠ ᠲᠠᠢ | ᠠᠭᠤᠯᠭ᠎ᠠ ᠶᠢ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠣᠨ ᠮᠠᠯᠴᠢᠳ ᠲᠤ ᠤᠯᠠᠮᠵᠢᠯᠠᠵᠤ᠂ ᠠᠮᠢᠳᠤᠯᠢᠭ | ᠰᠠᠶᠢᠬᠠᠨ ᠨᠠᠮ ᠤᠨ ᠬᠢᠴᠢᠶᠡᠯ ᠣᠷᠣᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ | |