| | ᠠᠯᠠᠱᠠ ᠵᠡᠭᠦᠨ ᠬᠤᠰᠢᠭᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ | ᠬᠢᠬᠦ ᠶᠢᠨ ᠲᠥᠯᠥᠭᠡ ︽ᠬᠠᠭᠤᠴᠢᠨ ᠬᠡᠪ ᠢᠶᠠᠨ ᠪᠠᠲᠤᠯᠠᠬᠤ︾ ᠪᠠ ᠲᠡᠦᠬᠡ ᠶᠢᠨ ᠴᠢᠨᠠᠷ᠂ ᠭᠤᠸ᠎ᠠ ᠰᠠᠶᠢᠬᠠᠨ ᠤ | ᠰᠢᠨᠵᠢ ᠶᠢ ᠬᠠᠳᠠᠭᠠᠯᠠᠬᠤ ᠶᠢ ᠪᠠᠷᠢᠮᠲᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ | ᠠᠵᠢᠯ ᠢ ᠦᠷᠭᠦᠯᠵᠢᠯᠠᠠ ᠠᠬᠢᠭᠤᠯᠵᠤ ᠪᠠᠶᠢᠨ᠎ᠠ᠃ | ᠣᠷᠴᠢᠮ ᠠᠴᠠ᠂ ᠴᠣᠭᠲᠤᠬᠦ᠋ᠷᠢᠶ᠎ᠡ ᠰᠤᠮᠤ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ - ᠰᠣᠶᠣᠯ ᠢ ᠭᠡᠶᠢᠭᠦᠯᠦᠭᠴᠢ ᠰᠦᠮ᠎ᠡ ᠵᠢᠴᠢ | ᠡᠷᠭᠢᠨ ᠲᠣᠭᠤᠷᠢᠨ ᠤ ᠡᠷᠲᠡᠨ ᠤ ᠣᠷᠣᠨ ᠰᠠᠭᠤᠴᠠ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠰᠡᠯᠪᠢᠨ ᠵᠠᠰᠠᠬᠤ | ᠠᠵᠢᠯ ᠡᠮᠬᠢ ᠵᠢᠷᠤᠮ ᠲᠠᠢ ᠥᠷᠨᠢᠵᠦ᠂ ᠠᠵᠢᠯᠲᠠᠳ ᠶᠠᠭ ᠬᠡᠷᠡᠮ ᠤᠨ ᠨᠢᠭᠤᠷ᠂ ᠭᠠᠵᠠᠷ ᠤᠨ ᠭᠠᠳᠠᠷᠭᠤ ᠶᠢᠨ ᠴᠢᠮᠡᠭᠯᠡᠯ | ᠵᠡᠷᠭᠡ ᠶᠢ ᠨᠠᠷᠢᠨ ᠬᠢᠨᠠᠮᠠᠭᠠᠢ ᠵᠠᠰᠠᠵᠤ᠂ ᠤᠤᠯ ᠤᠨ ᠳᠦᠷᠰᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ | ᠰᠡᠷᠭᠦᠭᠡᠬᠦ ᠶᠢ ᠪᠠᠲᠤᠯᠠᠵᠤ ᠪᠠᠶᠢᠯ᠎ᠠ᠃ ᠥᠪᠥᠷ ᠮᠣᠩᠭᠤᠯ ᠤᠨ ᠸᠠᠩ ᠤᠨ ᠣᠷᠳᠣᠨ ᠡᠷᠲᠡᠨ ᠤ ᠪᠠᠷᠢᠯᠭ᠎ᠠ ᠶᠢᠨ | ᠢᠨᠵᠧᠨᠧᠷᠢᠩ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠰᠢᠦᠢ ᠴᠢᠩ ᠬᠠᠢ᠄ ︽ᠰᠣᠶᠣᠯ ᠢ ᠭᠡᠶᠢᠭᠦᠯᠦᠭᠴᠢ | ᠰᠦᠮ᠎ᠡ ᠶᠢᠨ ᠠᠷᠠᠳ ᠤᠨ ᠡᠷᠲᠡᠨ ᠤ ᠣᠷᠣᠨ ᠰᠠᠭᠤᠴᠠ ᠶᠢ ᠨᠡᠶᠢᠲᠡ 15 ᠢᠵᠢ ᠰᠡᠯᠪᠢᠨ ᠵᠠᠰᠠᠵᠤ᠂ ᠭᠤᠣᠯ | ᠪᠠᠷᠢᠯᠭ᠎ᠠ ᠶᠢ ᠡᠨᠡ ᠵᠢᠯ ᠤᠨ 11 ᠰᠠᠷ᠎ᠠ ᠶᠢᠨ 15 ᠤ ᠡᠳᠦᠷ ᠳᠠᠭᠤᠰᠬᠠᠬᠤ ᠪᠠᠷ ᠲᠥᠰᠥᠪᠯᠡᠵᠦ ᠪᠠᠶᠢᠨ᠎ᠠ︾ ᠭᠡᠪᠡ᠃ | | ᠰᠣᠶᠣᠯ ᠢ ᠭᠡᠶᠢᠭᠦᠯᠦᠭᠴᠢ ᠰᠦᠮ᠎ᠡ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤᠨ ᠳᠤ | ᠪᠠᠶᠢᠷᠢᠯᠠᠵᠤ᠂ ᠴᠢᠩ ᠤᠯᠤᠰ ᠤᠨ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵ᠨᠡᠶᠢᠲᠡ ᠶᠢᠨ ᠣᠨ | ᠲᠣᠭᠠᠯᠠᠯ ᠤᠨ 1734 ᠣᠨ︶ ᠠᠴᠠ ᠲᠡᠭᠷᠢ ᠲᠡᠳᠬᠦᠭᠴᠢ ᠶᠢᠨ ᠠᠷᠪᠠᠨ ᠭᠤᠷᠪᠠᠳᠤᠭᠠᠷ ᠣᠨ ︵ᠨᠡᠶᠢᠲᠡ ᠶᠢᠨ ᠣᠨ | ᠲᠣᠭᠠᠯᠠᠯ ᠤᠨ 1748 ᠣᠨ︶ ᠳᠤ ᠪᠠᠶᠢᠭᠤᠯᠤᠭᠳᠠᠵᠤ᠂ 2006 ᠣᠨ ᠤ 9 ᠰᠠᠷ᠎ᠠ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠰᠣᠩᠭᠤᠭᠳᠠᠵᠠᠢ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ | ᠪᠠᠷᠢᠯᠭ᠎ᠠ ᠨᠢ ᠡᠪᠳᠡᠭᠳᠡᠨ᠂ ᠬᠡᠷᠡᠮ ᠨᠢ ᠠᠩ ᠵᠠᠪᠰᠠᠷ ᠭᠠᠷᠴᠤ ᠪᠣᠷᠣᠭᠠᠨ ᠭᠤᠭᠤᠵᠢᠨ᠂ ᠰᠡᠯᠪᠢᠨ ᠵᠠᠰᠠᠬᠤ | ᠴᠢᠬᠤᠯᠠ ᠲᠠᠢ ᠪᠣᠯᠪᠠ᠃ | ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠲᠥᠪ ᠤᠨ ᠠᠵᠢᠯᠲᠠᠨ ᠬᠠ᠊ · ᠰᠠᠨᠠᠭ᠎ᠠ᠄ ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠨᠢ | ᠭᠤᠣᠯᠳᠠᠭᠤ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠰᠡᠷᠭᠡᠶᠢᠯᠡᠵᠦ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠣᠳᠠᠰ ᠤᠨ ᠤᠭ ᠴᠣᠭᠴᠠ ᠶᠢ ᠬᠠᠮᠠᠭᠠᠯᠠᠬᠤ ᠶᠢᠨ ᠬᠠᠮᠲᠤ ᠲᠡᠦᠬᠡ ᠠᠴᠠ ᠤᠯᠠᠮᠵᠢᠯᠠᠵᠤ ᠢᠷᠡᠭᠰᠡᠨ | ᠦᠨᠡᠨ ᠪᠣᠳᠠᠲᠠᠢ ᠰᠣᠶᠣᠯ ᠢᠶᠠᠨ ᠬᠠᠳᠠᠭᠠᠯᠠᠬᠤ ᠶᠢ ᠪᠠᠷᠢᠮᠲᠠᠯᠠᠬᠤ ᠴᠢᠬᠤᠯᠠᠲᠠᠢ ᠶᠤᠮ︾ ᠭᠡᠪᠡ᠃ | ᠣᠶᠢᠷ᠎ᠠ ᠶᠢᠨ ᠵᠢᠯ ᠠᠴᠠ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠡᠯ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠣᠳᠣᠬᠢ ᠪᠠᠶᠢᠳᠠᠯ ᠢ ᠴᠠᠭ ᠲᠤᠬᠠᠢ ᠳᠤᠨᠢ | ᠡᠮᠬᠢᠯᠡᠨ ᠲᠢᠭᠯᠡᠵᠦ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠲᠤᠰᠬᠠᠢ ᠪᠡᠯᠡ ᠮᠥᠩᠭᠦ ᠶᠢ ᠭᠤᠶᠤᠴᠢᠯᠠᠨ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠪᠠ ᠰᠡᠯᠪᠢᠨ | ᠵᠠᠰᠠᠬᠤ ᠳᠤ ᠬᠡᠷᠡᠭᠯᠡᠵᠦ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠬᠠᠮᠠᠭᠠᠯᠠᠬᠤ ᠶᠢ ᠠᠬᠢᠭᠤᠯᠵᠤ᠂ ᠤᠯᠠᠮᠵᠢᠯᠠᠯᠲᠤ | ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠠᠭᠤᠰᠤᠯᠴᠠᠨ ᠬᠥᠭᠵᠢᠬᠦ ᠳᠤ | ᠠᠬᠢᠭᠤᠯᠬᠤ ᠦᠢᠯᠡᠳᠦᠯ ᠦᠵᠡᠭᠦᠯᠪᠡ᠃ | ● ᠨᠠᠷᠠᠨᠲᠤᠶᠠᠭ᠎ᠠ ᠶᠠᠩ ᠬᠤᠸᠠᠨ | |