ᠥᠯᠵᠡᠢ ᠰᠤᠮᠤ ᠤᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/6/7
                                     ᠪᠠᠶᠠᠨᠬᠤᠲᠠ ᠶᠢᠨ ᠮᠡᠳᠡᠭᠡ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠬᠠᠴᠢᠨ ᠴᠢᠯᠠᠭᠤᠨ ᠤ ᠳᠡᠯᠭᠡᠨ ᠪᠣᠷᠤᠯᠠᠭᠤᠯᠭ᠎ᠠ᠂ ᠪᠦᠭᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠷᠠᠨ ᠰᠠᠶᠢᠬᠠᠨ ᠤ ᠦᠳᠡᠰᠢᠯᠡᠭᠡ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠤᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠪᠡ᠃              ᠥᠯᠵᠡᠢ ᠰᠤᠷᠭᠠᠭᠤᠯᠢ ᠳᠤ᠂ ᠥᠯᠵᠡᠢ ᠰᠤᠮᠤ ᠶᠢᠨ ᠬᠤᠶᠠᠳᠤᠭᠠᠷ ᠬᠤᠭᠤᠴᠠᠭᠠᠨ ᠤ ᠪᠦᠭᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠶᠠᠪᠤᠭᠳᠠᠵᠤ᠂ ᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠪᠤᠤᠬᠢᠶ᠎ᠠ ᠳᠡᠭᠡᠰᠦ ᠦᠰᠦᠷᠬᠦ ᠵᠡᠷᠭᠡ ᠤᠷᠤᠯᠳᠤᠭᠠᠨ ᠶᠠᠪᠤᠭᠳᠠᠵᠤ᠂ ᠥᠯᠵᠡᠢ ᠰᠤᠮᠤ ᠪᠠ ᠢᠩᠭᠡᠨ ᠰᠤᠮᠤ ᠶᠢᠨ ᠪᠠᠶᠢᠭᠤᠯᠭ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠣᠯᠣᠨ ᠡᠯ᠎ᠡ ᠭᠠᠴᠠᠭ᠎ᠠ ᠵᠡᠷᠭᠡ 12 ᠲᠥᠯᠥᠭᠡᠯᠡᠭᠴᠢᠳ ᠤᠨ ᠠᠩᠭᠢ ᠣᠷᠣᠯᠴᠠᠨ᠂ ᠡᠯ᠎ᠡ ᠠᠩᠭᠢ ᠶᠢᠨ ᠬᠢᠨ ᠰᠢᠯᠢᠳᠡᠭ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠺᠠᠳ᠋ᠷ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃              2024 ᠣᠨ ᠤ ᠪᠠᠶᠠᠨᠭᠤᠪᠢ ᠮᠠᠨᠤ ᠶᠢᠨ ᠬᠤᠳᠠᠯᠳᠤᠭᠠᠨ ᠤ ᠨᠡᠶᠢᠭᠡᠮᠯᠢᠭ ᠤᠨ ᠳᠣᠯᠣᠳᠤᠭᠠᠷ ᠬᠤᠭᠤᠴᠠᠭᠠᠨ ᠤ ᠬᠠᠴᠢᠨ ᠴᠢᠯᠠᠭᠤ ᠶᠢᠨ ᠳᠡᠯᠭᠡᠨ ᠪᠣᠷᠤᠯᠠᠭᠤᠯᠭ᠎ᠠ ᠶᠢᠨ ᠲᠤᠬᠠᠢ ᠶᠢᠨ ᠲᠠᠯᠠᠪᠠᠢ ᠳᠤ ᠡᠯᠳᠡᠪ ᠵᠦᠢᠯ ᠤᠨ ᠬᠠᠴᠢᠨ ᠴᠢᠯᠠᠭᠤ ᠳᠡᠯᠭᠡᠭᠳᠡᠨ᠂ ᠬᠠᠴᠢᠨ ᠴᠢᠯᠠᠭᠤᠨ ᠤ ᠪᠠᠭ᠋ᠠᠲᠠᠨ ᠪᠠ ᠵᠤᠭᠠᠴᠠᠭᠰᠠᠳ ᠤᠨ ᠠᠩᠬᠠᠷᠤᠯ ᠢ ᠲᠠᠲᠠᠵᠤ ᠪᠠᠶᠢᠯ᠎ᠠ᠃ ᠬᠠᠴᠢᠨ ᠴᠢᠯᠠᠭᠤᠨ ᠤ ᠳᠡᠯᠭᠡᠨ ᠪᠣᠷᠤᠯᠠᠭᠤᠯᠭ᠎ᠠ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠰᠣᠳᠣᠨ ᠪᠦᠲᠦᠭᠡᠯ ᠤᠨ ᠦᠵᠡᠭᠦᠯᠭᠡ ᠪᠠ ᠠᠳᠠᠯᠢᠳᠬᠠᠨ ᠰᠢᠯᠭᠠᠷᠠᠭᠤᠯᠬᠤ ᠶᠢ ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢ ᠤᠶᠠᠯᠳᠤᠭᠤᠯᠬᠤ᠂ ᠴᠢᠯᠠᠭᠤ ᠰᠣᠨᠢᠷᠬᠠᠬᠤ ᠪᠠ ᠰᠣᠶᠣᠯ ᠤᠷᠠᠯᠢᠭ ᠢ ᠰᠣᠨᠢᠷᠬᠠᠬᠤ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠨ᠂ ᠠᠵᠢᠯᠯᠠᠭ᠎ᠠ ᠶᠢᠨ ᠡᠬᠢᠨ ᠤ ᠡᠳᠦᠷ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨ᠎ᠠ ᠨᠡᠶᠢᠳᠡ50 ᠭᠠᠷᠤᠢ ᠲᠦᠮᠡᠨ ᠲᠥᠭᠦᠷᠢᠭ ᠤᠨ ᠬᠠᠴᠢᠨ ᠴᠢᠯᠠᠭᠤ ᠪᠣᠷᠣᠯᠠᠭᠤᠯᠤᠭᠰᠠᠨ ᠪᠠᠶᠢᠨ᠎ᠠ᠃              ᠡᠨᠡ ᠬᠤᠭᠤᠴᠠᠭᠠᠨ ᠳᠤ ᠪᠠᠰᠠ᠂ ᠠᠯᠠᠱᠠ ᠶᠢᠨ ᠠᠷᠠᠳ ᠤᠨ ᠳᠠᠭᠤᠤ ᠶᠢᠨ ᠪᠣᠯᠪᠠᠰᠤᠷᠠᠯ ᠤᠨ ᠠᠩᠭᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠶᠠᠪᠤᠭᠳᠠᠵᠤ᠂ ᠺᠠᠳ᠋ᠷ ᠠᠵᠢᠯᠲᠠᠨ ᠪᠠ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃              ᠣᠶᠢᠷ᠎ᠠ ᠶᠢᠨ ᠵᠢᠯ ᠠᠴᠠ᠂ ᠥᠯᠵᠡᠢ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠢᠶᠠᠨ ᠪᠣᠯᠭᠠᠨ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠣᠶᠣᠯ ᠵᠤᠭᠠᠴᠠᠯ᠂ ᠬᠠᠴᠢᠨ ᠴᠢᠯᠠᠭᠤ᠂ ᠮᠠᠯ ᠠᠵᠤ ᠠᠬᠤᠢ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠥᠯᠵᠡᠢ ᠶᠢᠨ ᠣᠨᠴᠠᠯᠢᠭᠲᠤ ᠲᠦᠷᠦᠯ ᠲᠡᠮᠳᠡᠭ ᠢ ᠪᠣᠶᠢᠵᠢᠭᠤᠯᠵᠤ᠂ ᠦᠨᠳᠦᠰᠦᠲᠡᠨ ᠤ ᠣᠨᠴᠠᠯᠢᠭ ᠲᠠᠢ ᠪᠣᠭᠤᠮᠲᠠ ᠶᠢᠨ ᠴᠢᠬᠤᠯᠠ ᠪᠠᠯᠭᠠᠰᠤ ᠶᠢ ᠴᠣᠭᠴᠠᠯᠠᠨ ᠪᠠᠶᠢᠭᠤᠯᠵᠤ ᠪᠠᠶᠢᠨ᠎ᠠ᠃ ︵ᠯᠢ ᡁᠢ︶                             ᠯᠢ ᡁᠢ ᠬᠠᠩᠭᠠᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号