ᠡᠷᠬᠡᠬᠠᠰᠢᠬ᠎ᠠ ᠰᠤᠮᠤ 100 ᠲᠦᠮᠡᠨ ᠮᠦ ᠳᠠᠯᠠᠨ ᠬᠠᠯᠢᠰᠤ ᠳᠠᠷᠢᠨ ᠠᠷᠠᠳ ᠢ ᠪᠠᠶᠠᠵᠢᠭᠤᠯᠬᠤ ᠵᠠᠮ ᠢ ᠳᠡᠪᠢᠰᠦᠯ᠎ᠡ
ᠨᠡᠶᠢᠲᠡᠯᠡᠭᠰᠡᠨ ᠴᠠᠭ᠄
2024/6/7
                                      ᠨᠠᠮᠤᠷ ᠤᠨ ᠡᠬᠢ ᠪᠠᠷ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠣᠷᠳᠣᠭᠦ᠋ᠯ ᠭᠠᠴᠠᠭᠠᠨ ᠤ ᠮᠠᠯᠴᠢᠨ ᠮᠠ ᠵᠦᠩ ᠳ᠋ᠧ ᠳᠠᠯᠠᠨ ᠬᠠᠯᠢᠰᠤᠨ ᠤ ᠣᠢ ᠪᠠᠷ ᠲᠣᠭᠤᠷᠢᠨ ᠶᠠᠪᠤᠵᠤ ᠬᠠᠮᠠᠭᠠᠯᠠᠬᠤ ᠠᠵᠢᠯ ᠳᠠᠭᠠᠨ ᠶᠠᠭᠠᠷᠠᠵᠤ ᠪᠠᠶᠢᠯ᠎ᠠ᠃ ᠢᠭᠴᠤ ᠰᠠᠬᠤᠯᠢᠭ ᠤᠷᠭᠤᠭᠰᠠᠨ ᠳᠠᠯᠠᠨ ᠬᠠᠯᠢᠰᠤ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠦᠷᠭᠦᠯᠵᠢᠯᠡᠨ᠎ᠡ᠃ ︽ᠳᠠᠯᠠᠨ ᠬᠠᠯᠢᠰᠤ ᠲᠠᠷᠢᠬᠤ ᠠᠴᠠ ᠡᠮᠦᠨ᠎ᠡ ᠡ᠊ᠨᠳᠡ ᠨᠡᠯᠦᠶᠢᠭᠰᠡᠨ ᠡᠯᠡᠰᠦ ᠪᠠᠶᠢᠵᠠᠢ᠂ 2017 ᠣᠨ ᠠᠴᠠ ᠡᠬᠢᠯᠡᠨ ᠪᠢ ᠡ᠊ᠨᠳᠡ ᠨᠢᠭᠡ ᠲᠦᠮᠡ ᠭᠠᠷᠤᠢ ᠮᠦ ᠳᠠᠯᠠᠨ ᠬᠠᠯᠢᠰᠤ ᠶᠢ ᠵᠠᠯᠭᠠᠭ᠎ᠠ ᠪᠠᠷ ᠳᠠᠷᠢᠭᠰᠠᠨ ᠶᠤᠮ᠂ ᠤᠳᠤ ᠬᠡᠰᠡᠭ ᠨᠢ ᠨᠢᠭᠡᠨᠲᠡ 4 ᠮᠧᠲᠷ ᠭᠠᠷᠤᠢ ᠥᠨᠳᠥᠷ ᠣᠷᠭᠤᠨ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠢᠶᠠᠨ ᠪᠠᠳᠠᠷᠠᠭᠤᠯᠬᠤ ᠪᠣᠯᠵᠠᠢ︾ ᠭᠡᠵᠦ ᠮᠠ ᠵᠦᠩ ᠳ᠋ᠧ ᠶᠠᠷᠢᠨ᠎ᠠ᠃              ᠣᠶᠢᠷ᠎ᠠ ᠶᠢᠨ ᠵᠢᠯ ᠳᠤ᠂ ᠡᠷᠬᠡᠬᠠᠰᠢᠬ᠎ᠠ ᠰᠤᠮᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠪᠦᠭᠦ ᠲᠠᠯ᠎ᠠ ᠪᠠᠷ ᠴᠢᠩᠭᠠᠳᠬᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠨ ᠡᠯ᠎ᠡ ᠲᠦᠷᠦᠯ ᠤᠨ ᠨᠡᠶᠢᠭᠡᠮ ᠤᠨ ᠬᠥᠮᠥᠰ ᠤᠨ ᠬᠠᠮᠲᠤ ᠶᠢᠨ ᠣᠷᠤᠯᠴᠠᠯᠭ᠎ᠠ ᠪᠠᠷ ᠡᠯᠡᠰᠦ ᠶᠢ ᠵᠠᠰᠠᠵᠤ ᠣᠶᠢᠵᠢᠭᠤᠯᠬᠤ ᠠᠵᠢᠯ ᠢ ᠥᠷᠨᠢᠭᠦᠯᠵᠦ᠂ ᠳᠠᠯᠠᠨ ᠬᠠᠯᠢᠰᠤ ᠲᠠᠷᠢᠬᠤ ᠪᠠᠷ ᠭᠤᠣᠯ ᠪᠤᠯᠭᠠᠬᠰᠠᠨ ᠠᠮᠢ ᠠᠬᠤᠢ ᠶᠢ ᠰᠡᠷᠭᠦᠭᠡᠬᠦ ᠰᠢᠨ᠎ᠡ ᠵᠠᠮ ᠢ ᠨᠡᠭᠡᠭᠡᠵᠡᠢ᠃ ᠰᠤᠮᠤᠨ ᠤ ᠳᠠᠯᠠᠨ ᠬᠠᠯᠢᠰᠤ ᠳᠠᠷᠢᠬᠤ ᠡᠷᠦᠭᠡ ᠨᠢ ᠠᠩᠬ᠎ᠠ ᠬᠡᠳᠦᠬᠡᠨ ᠡᠷᠦᠭᠡ ᠪᠠᠶᠢᠭᠰᠠᠨ ᠠᠴᠠ ᠪᠠᠨ ᠣᠳᠣ 30 ᠭᠠᠷᠤᠢ ᠡᠷᠦᠭᠡ ᠪᠣᠯᠵᠤ᠂ ᠮᠠᠯᠴᠢᠳ ᠡᠯᠡᠰᠦ ᠮᠠᠩᠬ᠎ᠠ ᠶᠢ ᠵᠠᠰᠠᠵᠤ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠰᠠᠨ ᠪᠠᠶᠢᠨ᠎ᠠ ᠃              ᠣᠳᠣᠬᠠᠨ ᠳᠤ᠂ ᠳᠠᠯᠠᠨ ᠬᠠᠯᠢᠰᠤᠨ ᠤ ᠲᠠᠷᠢᠮᠠᠯ ᠨᠢ ᠢᠯᠡᠳᠲᠡ ᠦᠷ᠎ᠡ ᠪᠦᠳᠦᠮᠵᠢ ᠣᠯᠵᠤ᠂ ᠬᠡᠰᠡᠭ ᠭᠠᠵᠠᠷ ᠤᠨ ᠡᠯᠡᠰᠦ ᠠᠭᠠᠵᠢᠮ ᠢᠶᠠᠷ ᠪᠠᠭᠠᠰᠴᠤ᠂ ᠠᠶᠠᠨᠳᠠᠭᠠᠨ ᠤᠷᠭᠤᠬᠤ ᠤᠷᠭᠤᠮᠠᠯ ᠤᠨ ᠬᠤᠴᠢᠯᠭ᠎ᠠ ᠤᠯᠠᠮ ᠢᠶᠠᠷ ᠥᠷᠭᠡᠳᠴᠡᠢ᠃ ᠡᠨᠡ ᠨᠢ ᠮᠠ ᠵᠦᠩ ᠳ᠋ᠧ ᠮᠡᠲᠦ ᠶᠢᠨ ᠲᠠᠷᠢᠮᠠᠯ ᠤᠨ ᠲᠣᠮᠣ ᠡᠷᠦᠭᠡ ᠶᠢᠨ ᠳᠠᠯᠠᠨ ᠬᠠᠯᠢᠰᠤᠨ ᠤ ᠲᠠᠷᠢᠮᠠᠯ ᠤᠨ ᠠᠮᠢ ᠠᠬᠤᠢ ᠶᠢᠨ ᠦᠷ᠎ᠡ ᠠᠰᠢᠭ ᠢ ᠬᠠᠷᠠᠭᠤᠯᠤᠭᠰᠠᠨ ᠪᠠᠶᠢᠪᠠ᠃ ᠣᠶᠢᠯᠠᠭᠠᠭᠰᠠᠨ ᠢᠶᠠᠷ᠂ ᠤᠯᠤᠰ ᠠᠴᠠ ᠳᠠᠯᠠᠨ ᠬᠠᠯᠢᠰᠤ ᠳᠠᠷᠢᠬᠤ ᠲᠥᠷᠥᠯ ᠵᠦᠢᠯ ᠳᠤ ᠣᠷᠣᠯᠴᠠᠬᠰᠠᠨ ᠮᠠᠯᠴᠢᠳ ᠲᠤ ᠠᠮᠢ ᠠᠬᠤᠢ ᠶᠢᠨ ᠨᠥᠬᠦᠪᠦᠷᠢ ᠣᠯᠭᠤᠵᠤ᠂ 3 ᠵᠢᠯ ᠳᠠᠷᠢᠭᠠᠳ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠨᠢ ᠣᠶ ᠰᠢᠭᠤᠢ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠪᠠᠷᠢᠮᠵᠢᠶ᠎ᠠ ᠳᠤ ᠭᠦᠷᠪᠡᠯ ᠣᠶᠢᠵᠢᠭᠤᠯᠤᠯᠲᠠ ᠶᠢᠨ ᠡᠷᠦᠭᠡ ᠠᠮᠢ ᠠᠬᠤᠢ ᠶᠢᠨ ᠨᠥᠬᠦᠪᠦᠷᠢ ᠮᠥᠩᠭᠦ ᠪᠠᠨ ᠣᠯᠬᠤ ᠪᠣᠯᠣᠨ᠎ᠠ᠃ ᠡᠭᠦᠨ ᠠᠴᠠ ᠭᠠᠳᠠᠨ᠎ᠠ᠂ ᠳᠠᠯᠠᠨ ᠬᠠᠯᠢᠰᠤ ᠶᠢ 3 ᠵᠢᠯ ᠠᠴᠠ 5 ᠵᠢᠯ ᠳᠠᠷᠢᠭᠰᠠᠨ ᠤ ᠳᠠᠷᠠᠭ᠎ᠠ ᠦᠷ᠎ᠡ ᠶᠢ ᠨᠢ ᠲᠡᠭᠦᠵᠦ ᠬᠤᠳᠠᠯᠳᠤᠨ᠂ ᠨᠢᠭᠡ ᠵᠢᠯ ᠤᠨ ᠳᠣᠲᠣᠷ᠎ᠠ ᠶᠡᠭᠡ ᠪᠠᠷ ᠲᠡᠭᠦᠵᠦ ᠬᠤᠳᠠᠯᠳᠤᠭᠰᠠᠨ ᠮᠠᠯᠴᠢᠨ ᠡᠷᠦᠭᠡ ᠶᠢᠨ ᠣᠷᠣᠯᠭ᠎ᠠ ᠨᠢ 5 ᠲᠦᠮᠡᠨ ᠲᠥᠭᠦᠷᠢᠭ ᠣᠷᠴᠢᠮ ᠳᠤ ᠬᠦᠷᠴᠦ ᠪᠠᠶᠢᠨ᠎ᠠ᠃              ᠡᠷᠬᠡᠬᠠᠰᠢᠬ᠎ᠠ ᠰᠤᠮᠤᠨ ᠤ ᠳᠡᠳ᠋ ᠰᠤᠮᠤᠨ ᠳᠠᠷᠤᠭ᠎ᠠ ᠰᠢᠶᠧ ᠪᠢᠩ ᠵᠢᠶᠠᠩ᠄ ︽2023 ᠣᠨ ᠤ ᠡᠴᠦᠰ ᠪᠤᠯᠲᠠᠯ᠎ᠠ᠂ ᠰᠤᠮᠤ ᠨᠢ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠴᠢᠬᠤᠯᠠ ᠶᠡᠭᠡ ᠳᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠲᠡ 116.61 ᠲᠦᠮᠡᠨ ᠮᠦ ᠳᠠᠯᠠᠨ ᠬᠠᠯᠢᠰᠤ ᠳᠠᠷᠢᠵᠤ᠂ ᠵᠢᠯ ᠪᠦᠷᠢ 80 -100 ᠲᠣᠨ ᠳᠠᠯᠠᠨ ᠬᠠᠯᠢᠰᠤᠨ ᠤ ᠦᠷ᠎ᠡ ᠶᠢᠨ ᠭᠠᠷᠤᠯᠲᠠ ᠲᠠᠢ ᠪᠠᠶᠢᠵᠤ᠂ ᠦᠢᠯᠡᠳᠬᠦᠨ ᠤ ᠥᠷᠲᠡᠭ ᠨᠢ 450 ᠲᠦᠮᠡᠨ ᠲᠥᠭᠦᠷᠢᠭ ᠲᠤ ᠬᠦᠷᠴᠦ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠵᠦ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ︾ ᠭᠡᠪᠡ᠃              ᠮᠠ ᠰᠢᠶᠣᠣ ᠲᠢᠶᠠᠨ ᠵᠢᠶᠠᠩ ᠶᠦᠡᠭ
 
ᠢᠷᠡᠯᠲᠡ᠄ ᠪᠠᠶᠠᠨᠬᠤᠲᠠ ᠶᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号