ᠪᠠᠷᠠᠭᠤᠨ ᠪᠡᠯ ᠪᠠᠯᠭᠠᠰᠤᠨ ᠤ ᠮᠠᠯᠴᠢᠨ ᠲᠠᠷᠢᠶᠠᠴᠢᠨ ᠤ ᠨᠠᠭᠠᠳᠤᠮ ᠰᠠᠶᠢᠬᠠᠨ ᠪᠣᠯᠣᠯ᠎ᠠ
ᠨᠡᠶᠢᠲᠡᠯᠡᠭᠰᠡᠨ ᠴᠠᠭ᠄
2024/6/7
                         ● ᠰᠡᠴᠡᠨ               ᠮᠠᠨᠳᠠ ᠵᠤᠨ᠎ᠠ ᠨᠠᠮᠤᠷ           ᠣᠶᠢᠷ᠎ᠠ ᠶᠢᠨ ᠡᠳᠦᠷ᠂ ᠪᠦᠭᠦᠳᠡ ᠨᠠᠶᠢᠷᠠᠮᠳᠠᠬᠤ ᠲᠣᠮᠲᠠᠲᠤ ᠠᠷᠠᠳ ᠤᠯᠤᠰ ᠪᠠᠶᠢᠭᠤᠯᠤᠭᠳᠠᠭᠰᠠᠨ75 ᠵᠢᠯ ᠤᠨ ᠣᠢ ᠶᠢ ᠪᠡᠯᠭᠡᠯᠡᠬᠦ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ︽ᠴᠠᠩ ᠹᠠᠨ︾ ᠬᠤᠨᠳᠠᠭᠠᠲᠤ ᠳᠥᠷᠪᠡᠳᠦᠭᠡᠷ ᠬᠤᠭᠤᠴᠠᠭᠠᠨ ᠤ ᠮᠠᠯᠴᠢᠨ ᠲᠠᠷᠢᠶᠠᠴᠢᠳ ᠤᠨ ᠨᠠᠭᠠᠳᠤᠮ ᠤᠨ ᠶᠡᠭᠡ ᠬᠤᠷᠠᠯ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠪᠠᠶᠠᠨᠴᠣᠭᠲᠤ ᠭᠠᠴᠠᠭᠠᠨ ᠤ ᠪᠠᠶᠠᠨ᠋ᠥ᠌ᠨᠳᠦᠷ ᠠᠭᠤᠯᠠ ᠶᠢᠨ ᠡ᠊ᠩᠭᠡᠷ ᠲᠤ ᠬᠥᠭᠵᠢᠶᠡᠨᠲᠡᠢ ᠰᠠᠶᠢᠬᠠᠨ ᠶᠠᠪᠤᠭᠳᠠᠵᠤ᠂ ᠥᠷᠭᠡᠨ ᠤᠯᠠᠨ ᠮᠠᠯᠴᠢᠨ ᠲᠠᠷᠢᠶᠠᠴᠢᠨ ᠦᠩᠰᠢᠭ ᠵᠢᠯ ᠤᠨ ᠲᠠᠩᠰᠤᠭ ᠠᠮᠢᠳᠤᠷᠠᠯ ᠢᠶᠠᠨ ᠪᠠᠶᠠᠷᠯᠠᠨ ᠪᠡᠯᠭᠡᠯᠡᠯ᠎ᠡ᠃              ᠨᠠᠭᠠᠳᠤᠮ ᠤᠨ ᠬᠤᠷᠠᠯ ᠨᠢ ᠤᠯᠠᠮᠵᠢᠯᠠᠯᠲᠤ ᠡᠷ᠎ᠡ ᠶᠢᠨ ᠭᠤᠷᠪᠠᠨ ᠨᠠᠭᠠᠳᠤᠮ᠂ ︽ᠢᠷᠠᠭᠤ ᠬᠠᠩᠭᠢᠨᠠᠮ᠎ᠠ ᠲᠣᠰᠬᠤᠨ ᠤ ᠳᠠᠭᠤᠤ︾ ᠰᠢᠨ᠎ᠡ ᠴᠠᠭ ᠦᠶ᠎ᠡ ᠶᠢᠨ ᠲᠣᠰᠬᠤᠨ ᠤ ᠳᠠᠭᠤᠤ ᠶᠢᠨ ᠣᠷᠣᠯᠳᠤᠭᠠᠨ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ᠂ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠬᠯᠠᠯᠲᠠ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠵᠤ᠂ 3000 ᠭᠠᠷᠤᠢ ᠦᠵᠡᠭᠴᠢ ᠲᠠᠢ ᠰᠠᠶᠢᠬᠠᠨ ᠨᠠᠶᠢᠷ ᠪᠣᠯᠤᠭᠰᠠᠨ ᠪᠠᠶᠢᠨ᠎ᠠ᠃              ︽ᠨᠠᠮᠠᠶᠢ ᠪᠠᠭ᠎ᠠ ᠪᠠᠶᠢᠬᠤ ᠳᠤ ᠪᠠᠷᠠᠭᠤᠨ ᠪᠡᠯ ᠪᠠᠯᠭᠠᠰᠤ ᠠᠴᠠ ᠮᠠᠯᠴᠢᠨ ᠲᠠᠷᠢᠶᠠᠴᠢᠳ ᠤᠨ ᠨᠠᠭᠠᠳᠤᠮ ᠤᠨ ᠬᠤᠷᠠᠯ ᠬᠢᠳᠡᠭ ᠪᠠᠶᠢᠯ᠎ᠠ᠃ ᠭᠤᠷᠪᠠᠳᠤᠭᠠᠷ ᠤᠳᠠᠭᠠᠨ ᠤ ᠨᠠᠭᠠᠳᠤᠮ ᠤᠨ ᠶᠡᠭᠡ ᠬᠤᠷᠠᠯ ᠢ 12 ᠵᠢᠯ ᠤᠨ ᠡᠮᠦᠨ᠎ᠡ ᠶᠡᠭᠡ ᠰᠠᠶᠢᠬᠠᠨ ᠥᠩ ᠲᠠᠢ ᠵᠢᠯ ᠳᠤ ᠲᠣᠬᠢᠶᠠᠯᠳᠤᠭᠤᠯᠵᠤ ᠬᠢᠭᠰᠡᠨ᠂ ᠥᠨᠥ ᠵᠢᠯ ᠬᠤᠷ᠎ᠠ ᠪᠣᠷᠣᠭᠠᠨ ᠰᠠᠶᠢᠨ ᠣᠷᠣᠵᠤ᠂ ᠮᠠᠯᠴᠢᠨ ᠲᠠᠷᠢᠶᠠᠴᠢᠳ ᠡᠯᠪᠡᠭ ᠬᠤᠷᠢᠶᠠᠯᠲᠠ ᠣᠯᠣᠭᠰᠠᠨ ᠪᠣᠯᠬᠤᠷ ᠮᠠᠨ ᠤ ᠭᠠᠴᠠᠭᠠᠨ ᠠᠴᠠ ᠳᠥᠷᠪᠡᠳᠡᠬᠢ ᠬᠤᠭᠤᠴᠠᠭᠠᠨ ᠤ ᠮᠠᠯᠴᠢᠨ ᠲᠠᠷᠢᠶᠠᠴᠢᠳ ᠤᠨ ᠨᠠᠭᠠᠳᠤᠮ ᠤᠨ ᠬᠤᠷᠠᠯ ᠢ ᠳᠠᠭᠠᠭᠠᠴᠢᠯᠠᠨ ᠡᠷᠭᠢᠯᠡᠭᠰᠡᠨ ᠶᠤᠮ᠃ ᠨᠠᠶᠢᠷ ᠲᠤ ᠠᠯᠠᠱᠠ ᠶᠢᠨ ᠭᠤᠷᠪᠠᠨ ᠬᠤᠰᠢᠭᠤ᠂ ᠣᠷᠳᠣᠰ᠂ ᠪᠠᠶᠠᠨᠨᠠᠭᠤᠷ ᠵᠡᠷᠭᠡ ᠠᠶᠢᠮᠠᠭ ᠬᠤᠲᠠ ᠶᠢᠨ ᠤᠶᠠᠭᠠᠴᠢᠳ ᠨᠠᠭᠠᠳᠤᠮᠴᠢᠳ ᠰᠠᠭᠠᠲᠠᠵᠤ᠂ ᠬᠥᠮᠥᠨ ᠣᠯᠠᠨ ᠢᠶᠠᠨ ᠪᠠᠶᠠᠰᠬᠠᠭᠰᠠᠨ ᠰᠠᠶᠢᠬᠠᠨ ᠨᠠᠶᠢᠷ ᠪᠣᠯᠣᠯ᠎ᠠ︾ ᠭᠡᠵᠦ ᠪᠠᠷᠠᠭᠤᠨ ᠪᠡᠯ ᠪᠠᠯᠭᠠᠰᠤᠨ ᠤ ᠪᠠᠶᠠᠨᠴᠣᠭᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠸᠠᠩ ᠭᠠᠩ ᠶᠠᠷᠢᠯ᠎ᠠ᠃ ᠲᠣᠰ ᠤᠳᠠᠭᠠᠨ ᠤ ᠨᠠᠭᠠᠳᠤᠮ ᠤᠨ ᠶᠡᠭᠡ ᠬᠤᠷᠠᠯ ᠢ ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠶᠠᠨᠴᠣᠭᠲᠤ ᠭᠠᠴᠠᠭᠠᠨ ᠠᠴᠠ ᠳᠠᠭᠠᠭᠠᠴᠢᠯᠠᠨ ᠡᠷᠭᠢᠯᠡᠵᠦ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠬᠢᠨ ᠨᠠᠶᠢᠷ ᠤᠨ ᠠᠵᠢᠯᠯᠠᠭ᠎ᠠ ᠳᠤ ᠢᠳᠡᠪᠬᠢᠯᠡᠨ ᠣᠷᠣᠯᠴᠠᠬᠰᠠᠨ ᠪᠠᠶᠢᠨ᠎ᠠ᠃              ᠨᠠᠶᠢᠷ ᠲᠤ ᠬᠤᠯᠠ ᠣᠶᠢᠷ᠎ᠠ ᠶᠢᠨ ᠤᠶᠠᠭᠠᠴᠢᠳ 150 ᠭᠠᠷᠤᠢ ᠮᠣᠷᠢ ᠲᠠᠢ ᠣᠷᠣᠯᠴᠠᠵᠦ᠂ 10 ᠺᠢᠯᠣᠮᠧᠲᠷ ᠤᠨ ᠬᠤᠯᠠ ᠶᠢᠨ ᠮᠣᠷᠢᠨ ᠤ ᠣᠷᠣᠯᠳᠤᠭᠠᠨ ᠳᠤ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠤ ᠨᠠᠷᠠᠰᠤ ᠶᠢᠨ ᠮᠣᠷᠢ ᠲᠡᠷᠢᠭᠦᠯᠡᠵᠦ᠂ 3000 ᠮᠧᠲᠷ ᠤᠨ ᠬᠤᠷᠳᠤᠨ ᠮᠣᠷᠢᠨ ᠤ ᠣᠷᠣᠯᠳᠤᠭᠠᠨ ᠳᠤ ᠣᠷᠳᠣᠰ ᠬᠤᠲᠠ ᠶᠢᠨ ᠲᠦᠪᠰᠢᠨᠳᠡᠯᠭᠡᠷ ᠤᠨ ᠮᠣᠷᠢ ᠲᠡᠷᠢᠭᠦᠯᠡᠨ᠂ 3000 ᠮᠧᠲᠷ ᠤᠨ ᠵᠢᠷᠤᠭ᠎ᠠ ᠮᠣᠷᠢᠨ ᠤ ᠣᠷᠣᠯᠳᠤᠭᠠᠨ ᠳᠤ ᠣᠷᠳᠣᠰ ᠬᠤᠲᠠ ᠶᠢᠨ ᠣᠳᠣᠨᠳᠠᠯᠠᠢ ᠶᠢᠨ ᠮᠣᠷᠢ ᠲᠡᠷᠢᠭᠦᠯᠡᠵᠦ᠂ 3000 ᠮᠧᠲᠷ ᠤᠨ ᠲᠠᠭ᠎ᠠ ᠶᠢᠨ ᠣᠷᠣᠯᠳᠤᠭᠠᠨ ᠳᠤ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠪᠠᠶᠠᠨᠴᠣᠭᠲᠤ ᠭᠠᠴᠠᠭᠠᠨ ᠤ ᠮᠠᠯᠴᠢᠨ ᠡᠷᠳᠡᠨᠢᠠ᠋ᠭᠤᠯᠠ ᠶᠢᠨ ᠲᠠᠭ᠎ᠠ ᠲᠡᠷᠢᠭᠦᠯᠡᠪᠡ᠃ ᠮᠣᠷᠢᠨ ᠨᠠᠮᠨᠠᠭ᠎ᠠ ᠶᠢᠨ ᠣᠷᠣᠯᠳᠤᠭᠠᠨ ᠳᠤ ᠲᠡᠭᠷᠢ ᠡᠯᠡᠰᠦ ᠪᠠᠯᠭᠠᠰᠤᠨ ᠤ ᠹᠠᠨ ᠬᠦᠴᠦᠨ ᠲᠡᠷᠢᠭᠦᠯᠡᠵᠦ᠂ 60 ᠭᠠᠷᠤᠢ ᠬᠠᠷᠪᠤᠭᠠᠴᠢ ᠤᠷᠤᠯᠴᠠᠬᠰᠡᠨ ᠤᠯᠠᠮᠵᠢᠯᠠᠯᠲᠤ ᠰᠣᠷ ᠬᠠᠷᠪᠤᠭ᠎ᠠ ᠶᠢᠨ ᠣᠷᠣᠯᠳᠤᠭᠠᠨ ᠳᠤ ᠣᠷᠳᠣᠰ ᠬᠤᠲᠠ ᠶᠢᠨ ᠬᠠᠷᠪᠤᠭᠠᠴᠢ ᠭᠠᠨᠳᠢᠭ ᠲᠡᠷᠢᠭᠦᠯᠡᠵᠡᠢ᠃ ︽ᠢᠷᠠᠭᠤ ᠬᠠᠩᠭᠢᠨᠠᠮ᠎ᠠ ᠲᠣᠰᠬᠤᠨ ᠤ ᠳᠠᠭᠤᠤ︾ ᠰᠢᠨ᠎ᠡ ᠴᠠᠭ ᠦᠶ᠎ᠡ ᠶᠢᠨ ᠲᠣᠰᠬᠤᠨ ᠤ ᠳᠠᠭᠤᠤ ᠶᠢᠨ ᠣᠷᠣᠯᠳᠤᠭᠠᠨ ᠳᠤ ᠪᠠᠶᠠᠨᠴᠣᠭᠲᠤ ᠭᠠᠴᠠᠭᠠᠨ ᠤ ᠬᠠᠮᠲᠤ ᠶᠢᠨ ᠳᠠᠭᠤᠤ ᠲᠡᠷᠢᠭᠦᠨ ᠱᠠᠩ ᠲᠣᠰᠪᠠ᠃ ᠡᠷᠡᠭᠲᠡᠢ ᠵᠣᠳᠣᠭᠲᠤ ᠪᠦᠭᠡ ᠶᠢᠨ ᠪᠠᠷᠢᠯᠳᠤᠭᠠᠨ ᠳᠤ 64 ᠪᠦᠭᠡ ᠵᠣᠳᠣᠭᠯᠠᠵᠤ᠂ ᠥᠯᠵᠡᠢ ᠰᠤᠮᠤᠨ ᠤ ᠴᠣᠯᠮᠣᠨᠪᠠᠲᠤ ᠲᠡᠷᠢᠭᠦᠯᠡᠵᠦ᠂ ᠡᠮᠡᠭᠲᠡᠢ ᠪᠦᠭᠡ ᠶᠢᠨ ᠪᠠᠷᠢᠯᠳᠤᠭᠠᠨ ᠳᠤ 16 ᠪᠥᠬᠡᠴᠢᠨ ᠣᠷᠣᠯᠴᠠᠵᠦ᠂ ᠪᠠᠷᠠᠭᠤᠨ ᠪᠡᠯ ᠪᠠᠯᠭᠠᠰᠤᠨ ᠤ ᠰᠠᠷᠠᠨ᠎ᠠ ᠲᠡᠷᠢᠭᠦᠨ ᠱᠠᠩ ᠲᠣᠰᠣᠯ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号