| | ᠣᠶᠢᠷ᠎ᠠ ᠳᠤ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤ ︽ᠡᠷᠡᠭᠦᠯ ᠴᠠᠢ ᠤᠤᠭᠤᠬᠤ︾ | ︽ᠴᠠᠢ ᠶᠢ ᠡᠷᠦᠭᠡ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠦᠨ᠎ᠡ ᠲᠥᠯᠥᠪᠦᠷᠢ ᠦᠭᠡᠢ ᠪᠠᠷ ᠹᠯᠣᠷ ᠪᠠᠭ᠎ᠠ | ᠡᠷᠡᠭᠦᠯ ᠴᠠᠢ ᠶᠢ ᠲᠦᠭᠡᠭᠡᠵᠦ ᠥᠭᠴᠡᠢ᠃ | ᠰᠤᠮᠤᠨ ᠤ ᠤᠳᠤᠷᠢᠳᠤᠯᠭ᠎ᠠ ᠠᠴᠠ᠂ ᠬᠢᠵᠠᠭᠠᠷ ᠣᠷᠣᠨ ᠳᠤ ᠪᠣᠷᠣᠯᠠᠭᠤᠯᠬᠤ ᠹᠯᠣᠷ ᠪᠠᠭ᠎ᠠ ᠴᠠᠢ ᠪᠣᠯ | ᠨᠠᠮ ᠵᠠᠰᠠᠭ ᠠᠴᠠ ᠣᠯᠠᠨ ᠲᠦᠮᠡᠨ ᠤ ᠠᠮᠢᠳᠤᠷᠠᠯ ᠢ ᠬᠠᠯᠠᠮᠵᠢᠯᠠᠵᠤ ᠪᠠᠶᠢᠭ᠎ᠠ ᠶᠠᠪᠤᠳᠠᠯ ᠮᠥᠨ ᠭᠡᠳᠡᠭ ᠢ ᠲᠠᠶᠢᠯᠪᠤᠷᠢᠯᠠᠨ | ᠂ ᠳᠣᠣᠷ᠎ᠠ ᠹᠯᠣᠷ ᠤᠨ ᠡᠷᠡᠭᠦᠯ ᠴᠠᠢ ᠶᠢ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠵᠢᠴᠢ ᠳᠣᠣᠷ᠎ᠠ ᠹᠯᠣᠷ ᠤᠨ ᠡᠷᠡᠭᠦᠯ | ᠴᠠᠢ ᠶᠢ ᠢᠯᠭᠠᠨ ᠲᠠᠨᠢᠬᠤ᠂ ᠲᠡᠭᠦᠨ ᠤ ᠡᠷᠡᠭᠦᠯ ᠮᠡᠨᠳᠦ ᠳᠤ ᠦᠵᠡᠭᠦᠯᠭᠦ ᠦᠢᠯᠡᠳᠦᠯ᠂ ᠬᠡᠷᠡᠭᠯᠡᠬᠦ ᠠᠷᠭ᠎ᠠ᠂ ᠳᠣᠣᠷ᠎ᠠ | ᠹᠯᠣᠷ ᠤᠨ ᠴᠠᠢ ᠶᠢ ᠤᠤᠭᠤᠬᠤ ᠶᠢᠨ ᠠᠰᠢᠭᠲᠠᠢ ᠲᠠᠯ᠎ᠠ ᠶᠢ ᠤᠬᠠᠭᠤᠯᠵᠤ᠂ ᠤᠯᠠᠨ ᠲᠦᠮᠡᠨ ᠤ ᠡᠷᠡᠭᠦᠯ ᠮᠡᠨᠳᠦ ᠶᠢᠨ | ᠤᠬᠠᠮᠰᠠᠷ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠲᠠᠰᠤᠷᠠᠯᠳᠠ ᠦᠭᠡᠢ ᠴᠢᠩᠭᠠᠳᠬᠠᠨ᠂ ᠰᠢᠨᠵᠢᠯᠡᠬᠦ | ᠤᠬᠠᠭᠠᠨᠴᠢ ᠴᠠᠢ ᠤᠤᠭᠤᠬᠤ ᠳᠠᠳᠬᠠᠯ ᠢ ᠪᠤᠢ ᠪᠤᠯᠭᠠᠬᠤ ᠶᠢ ᠰᠠᠨᠠᠭᠠᠴᠢᠯᠠᠭᠰᠠᠨ ᠪᠠᠶᠢᠨ᠎ᠠ᠃ | ᠲᠣᠰ ᠠᠵᠢᠯᠯᠠᠭ᠎ᠠ ᠨᠢ ᠮᠠᠯᠴᠢᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠂ | ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠥᠭᠭᠦᠭᠰᠡᠨ ᠤᠳᠬ᠎ᠠ ᠲᠡᠭᠦᠯᠳᠡᠷ ᠶᠠᠪᠤᠳᠠᠯ ᠪᠣᠯᠵᠤ᠂ ᠳᠣᠣᠷ᠎ᠠ ᠹᠯᠣᠷ ᠤᠨ | ᠡᠷᠡᠭᠦᠯ ᠴᠠᠢ ᠤᠤᠭᠤᠬᠤ ᠶᠢᠨ ᠠᠰᠢᠭ ᠭᠦᠷᠳᠡᠭᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠣᠯᠠᠨ | ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | ᠮᠠ ᠢᠦᠢ ᠯᠦᠡᠭ | | |