︽ᠨᠠᠮ ᠤᠨ ᠪᠠᠶᠢᠭᠤᠯᠤᠯᠲᠠ + ᠵᠢᠭᠤᠯᠴᠢᠯᠠᠯ︾ ᠲᠤᠩᠭᠠᠯᠠᠭ ᠨᠠᠭᠤᠷ ᠭᠠᠴᠠᠭ᠎ᠠ ᠳᠤ ᠬᠥᠭᠵᠢᠯᠲᠡ ᠶᠢ ᠠᠪᠴᠢᠷᠠᠯ᠎ᠠ
ᠨᠡᠶᠢᠲᠡᠯᠡᠭᠰᠡᠨ ᠴᠠᠭ᠄
2024/6/7
                         ᠪᠠᠶᠠᠨᠬᠤᠲᠠ ᠶᠢᠨ ᠮᠡᠳᠡᠭᠡ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠤᠩᠭᠠᠯᠠᠭ ᠨᠠᠭᠤᠷ ᠭᠠᠴᠠᠭ᠎ᠠ ᠥᠪᠡᠷᠮᠢᠴᠡ ᠣᠨᠴᠠᠯᠢᠭᠲᠤ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ ︽ᠨᠠᠮ ᠤᠨ ᠪᠠᠶᠢᠭᠤᠯᠤᠯᠲᠠ + ᠵᠢᠭᠤᠯᠴᠢᠯᠠᠯ︾ ᠢᠶᠠᠷ ᠵᠢᠯᠣᠭᠤᠳᠤᠯᠭ᠎ᠠ ᠪᠤᠯᠭᠠᠵᠤ᠂ ᠮᠠᠯ ᠠᠵᠤ ᠠᠬᠤᠢ  ᠶᠢᠨ ᠬᠥᠭᠵᠢᠯᠲᠡ ᠶᠢ ᠰᠣᠶᠣᠯ ᠵᠢᠭᠤᠯᠴᠢᠯᠠᠯ ᠤᠨ ᠦᠢᠯᠡᠰ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠤᠨ᠂ ᠥᠪᠡᠷᠮᠢᠴᠡ ᠣᠨᠴᠠᠯᠢᠭ ᠲᠠᠢ ᠪᠠᠶᠠᠵᠢᠯ ᠤᠨ ᠵᠠᠮ ᠢᠶᠠᠷ ᠵᠠᠮᠨᠠᠵᠤ ᠪᠠᠶᠢᠨ᠎ᠠ᠃              ᠭᠠᠴᠠᠭᠠᠨ ᠤ ᠬᠡᠪᠴᠢᠶᠡᠨ ᠳᠠᠬᠢ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ ᠵᠡᠷᠭᠡ ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠂ ︽ᠶᠠᠪᠠᠭᠠᠨ ᠢᠶᠠᠷ ᠡᠯᠡᠰᠦ ᠲᠤᠭᠤᠯᠬᠤ ᠤᠷᠤᠯᠳᠤᠭᠠᠨ︾ ᠵᠡᠷᠭᠡ ᠨᠡᠷ᠎ᠡ ᠲᠡᠮᠳᠡᠭᠲᠦ ᠠᠵᠢᠯᠯᠠᠭ᠎ᠠ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠭᠠᠴᠠᠭᠠᠨ ᠤ ᠨᠠᠮ ᠤᠨ ᠡᠭᠦᠷ ᠤᠨ ᠬᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠠ ᠲᠣᠭᠢᠶᠠᠯ ᠢ ᠴᠢᠩᠭ᠎ᠠ ᠠᠳᠬᠤᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠵᠢᠭᠤᠯᠴᠢᠯᠠᠯ ᠤᠨ ᠦᠢᠯᠡᠰ ᠢᠶᠠᠨ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠤᠯᠠᠮ ᠢᠶᠠᠷ ᠨᠡᠮᠡᠭᠳᠡᠭᠦᠯᠪᠡ᠃ ᠲᠤᠩᠭᠠᠯᠠᠭ ᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠭᠢᠯᠡᠭᠴᠢ ᠲᠠᠨ᠎ᠠ᠄ ︽ᠪᠢᠳᠡ︿ᠨᠠᠮ ᠤᠨ ᠪᠠᠶᠢᠭᠤᠯᠤᠯᠲᠠ + ᠪᠦᠭᠦ ᠣᠷᠣᠨ ᠪᠦᠰᠡ ᠶᠢᠨ ᠵᠢᠭᠤᠯᠴᠢᠯᠠᠯ﹀ ᠤᠨ ᠵᠠᠭᠪᠤᠷ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠤᠨ ᠣᠨᠴᠠᠯᠢᠭᠲᠤ ᠪᠠᠭᠤᠳᠠᠯ᠂ ᠡᠯᠡᠰᠦᠨ ᠳᠤ ᠨᠠᠭᠠᠳᠬᠤ ᠲᠡᠷᠭᠡ ᠲᠦᠷᠢᠶᠡᠰᠦᠯᠡᠬᠦ᠂ ᠡᠯᠡᠰᠦᠨ ᠠᠴᠠ ᠠᠪᠤᠷᠠᠨ ᠲᠤᠰᠠᠯᠠᠬᠤ᠂ ᠲᠡᠮᠡᠭᠡ ᠮᠣᠷᠢ ᠤᠨᠤᠬᠤ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠬᠥᠭᠵᠢᠭᠦᠯᠵᠦ ᠪᠤᠢ︾ ᠭᠡᠯ᠎ᠡ᠃              ᠤᠳᠤ ᠪᠤᠯᠬᠤ ᠳᠤ ᠲᠣᠰ ᠭᠠᠴᠠᠭᠠᠨ ᠳᠤ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠤᠨ ᠡᠷᠦᠭᠡ 14᠂ ᠠᠷᠠᠳ ᠤᠨ ᠪᠠᠭᠤᠳᠠᠯ 34᠂ ᠡᠯᠡᠰᠦᠨ ᠠᠴᠠ ᠠᠪᠤᠷᠠᠨ ᠲᠤᠰᠠᠯᠠᠬᠤ ᠦᠢᠯᠡᠴᠢᠯᠡᠭᠡᠨ ᠤ ᠴᠡᠭ 35᠂ ᠡᠯᠡᠰᠦᠨ ᠴᠣᠬᠢᠶ᠎ᠠ ᠳᠠᠪᠠᠭ᠋ᠤ ᠲᠡᠷᠭᠡ 50 ᠭᠠᠷᠤᠢ᠂ ᠲᠡᠮᠡᠭᠡ ᠮᠣᠷᠢ ᠤᠨᠤᠬᠤ ᠡᠵᠡᠩᠨᠡᠯᠲᠡ ᠶᠢᠨ ᠡᠷᠦᠭᠡ 4 ᠪᠠᠶᠢᠵᠤ᠂ 100 ᠭᠠᠷᠤᠢ ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠲᠤ ᠣᠷᠣᠯᠴᠠᠵᠤ᠂ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠨᠢ 2 ᠲᠦᠮᠡᠨ ᠲᠥᠭᠦᠷᠢᠭ ᠲᠤ ᠬᠦᠷᠴᠦ ᠪᠠᠶᠢᠨ᠎ᠠ᠃              ᠬᠥᠳᠡᠭᠡ ᠲᠣᠰᠬᠤᠨ ᠤ ᠵᠤᠭᠠᠴᠠᠯ ᠢ ᠠᠵᠤ ᠦᠢᠯᠡᠰᠵᠢᠭᠦᠯᠦᠨ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠪᠣᠯᠣᠨ᠎ᠠ᠃ ᠲᠤᠩᠭᠠᠯᠠᠭ ᠨᠠᠭᠤᠷ ᠭᠠᠴᠠᠭ᠎ᠠ ᠶᠢᠨ ᠨᠠᠮ ᠤᠨ ᠡᠭᠦᠷ ᠨᠢ ᠮᠠᠯᠴᠢᠨ ᠲᠠᠷᠢᠶᠠᠴᠢᠳ ᠢ ᠳᠠᠶᠢᠴᠢᠯᠠᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠡᠷᠭᠢᠯᠡᠭᠦ ᠶᠢᠨ ᠬᠠᠮᠲᠤ᠂ ᠭᠠᠴᠠᠭᠠᠨ ᠤ ᠪᠤᠰᠤᠳ ᠭᠦᠳᠡᠯᠮᠦᠷᠢ ᠬᠦᠴᠦᠨ ᠢ ᠵᠣᠷᠢᠭᠵᠢᠭᠤᠯᠤᠨ ᠡᠯᠡᠰᠦᠨ ᠭᠠᠵᠠᠷ ᠤᠨ ᠬᠡᠪ ᠮᠠᠶ᠋ᠢᠭ ᠪᠠ ᠦᠨᠳᠦᠰᠦᠲᠡᠨ ᠤ ᠣᠨᠴᠠᠯᠢᠭ ᠲᠠᠢ ᠠᠷᠠᠳ ᠤᠨ ᠪᠠᠭᠤᠳᠠᠯ ᠡᠷᠭᠢᠯᠡᠭᠦ ᠶᠢ ᠳᠡᠮᠵᠢᠵᠦ᠂ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠤ ᠪᠤᠢ᠃ ᠣᠳᠣᠬᠠᠨ ᠳᠤ᠂ ᠭᠠᠴᠠᠭ᠎ᠠ ᠨᠢ ᠲᠣᠭᠤᠷᠢᠨ ᠦᠵᠡᠬᠦ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠡᠯᠡᠰᠦᠨ ᠤ ᠵᠢᠭᠤᠯᠴᠢᠯᠠᠯ ᠤᠨ ᠬᠠᠷᠠᠯᠲᠠᠲᠤ ᠣᠷᠣᠨ ᠪᠣᠯᠣᠨ ᠬᠥᠭᠵᠢᠵᠦ᠂ ᠳᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠭᠴᠢᠳ ᠤᠨ ᠡᠯᠡᠰᠦᠨ ᠤ ᠭᠤᠶᠣ ᠦᠵᠡᠮᠵᠢ ᠶᠢ ᠰᠣᠨᠢᠷᠬᠠᠬᠤ ᠳᠤ ᠦᠢᠯᠡᠴᠢᠯᠡᠭᠡ ᠬᠠᠩᠭᠠᠵᠤ ᠪᠠᠶᠢᠨ᠎ᠠ᠃ ᠵᠢᠭᠤᠯᠴᠢᠯᠠᠯ ᠤᠨ ᠦᠢᠯᠡᠰ ᠡᠵᠡᠩᠨᠡᠵᠦ ᠪᠠᠶᠢᠭ᠎ᠠ ᠤᠷᠢᠬᠠᠨ ᠤ ᠬᠢᠨ ᠭᠤᠣᠯᠳᠠᠭᠤ ᠰᠦᠯᠵᠢᠶᠡᠨ ᠵᠠᠬᠢᠶᠠᠯᠠᠭ᠎ᠠ ᠪᠠ ᠵᠢᠭᠤᠯᠴᠢᠯᠠᠯ ᠤᠨ ᠺᠤᠮᠫᠠᠨᠢ ᠶᠢᠨ ᠬᠠᠮᠲᠤᠷᠠᠯᠴᠠᠭ᠎ᠠ ᠳᠤ ᠲᠦᠰᠢᠭᠯᠡᠵᠦ ᠵᠤᠭᠠᠴᠠᠭᠰᠠᠳ ᠢ ᠭᠥᠯᠢᠶᠡᠨ ᠠᠪᠳᠠᠭ᠂ ᠵᠤᠭᠠᠴᠠᠭᠰᠠᠳ ᠠᠷᠪᠢᠨ ᠦᠶᠡᠰ ᠲᠤ ᠬᠥᠷᠰᠢ ᠵᠡᠷᠭᠡᠯᠡᠳᠡᠭᠡ ᠠᠶᠢᠯ ᠰᠠᠭᠠᠬᠠᠯᠲᠠ ᠶᠢᠨ ᠬᠢᠨ ᠬᠠᠪᠰᠤᠷᠤᠯᠴᠠᠠ ᠬᠠᠮᠲᠤ  ᠪᠠᠷ ᠤᠷᠤᠯᠭ᠎ᠠ ᠡᠭᠦᠳᠦᠳᠡᠭ ᠠᠵᠢ᠃ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠭᠢᠯᠡᠭᠴᠢ ᠲᠠᠨ᠎ᠠ᠄ ᠮᠠᠨ ᠤ ᠭᠠᠴᠠᠭ᠎ᠠ ︽︿ᠮᠠᠯ ᠮᠠᠯᠵᠢᠬᠤ ᠶᠢᠨ ᠳᠠᠭᠠᠤ᠂ ᠰᠣᠶᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ﹀ ᠣᠶᠢᠯᠠᠭᠠᠭᠳᠠᠬᠤᠨ ᠢ ᠪᠠᠷᠢᠮᠲᠠᠯᠠᠵᠤ᠂ ᠪᠣᠳᠠᠲᠠᠢ ᠶᠢ ᠡᠷᠭᠢᠮᠯᠡᠭᠦ ᠠᠷᠭ᠎ᠠ ᠪᠠᠷᠢᠯ ᠢᠶᠠᠷ ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠪᠤᠢ︾ ᠭᠡᠵᠦ ᠪᠠᠶᠢᠯ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号