ᠣᠨᠳᠣᠷᠣᠯᠲᠤ ᠪᠠᠯᠭᠠᠰᠤᠨ ᠤ ᠪᠤᠭᠤᠳᠠᠢ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2024/6/7
                       ᠳᠠᠳᠤᠯᠭ᠎ᠠ ᠶᠢᠨ ᠰᠤᠷᠪᠤᠯᠵᠢᠯᠠᠬᠴᠢ ᠱᠢ ᠰᠢᠨ ᠶᠤᠸᠠᠨ               ᠣᠶᠢᠷ᠎ᠠ ᠳᠤ᠂ ᠪᠤᠭᠤᠳᠠᠢ ᠬᠤᠷᠢᠶᠠᠬᠤ ᠠᠵᠢᠯ ᠰᠢᠪᠲᠤᠷᠭᠠᠨ ᠳᠠᠭᠠᠨ ᠣᠷᠣᠬᠤ ᠶᠢ ᠳᠠᠭᠠᠯᠳᠤᠨ᠂ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠤ ᠪᠤᠭᠤᠳᠠᠢ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠴᠤ ᠵᠠᠯᠭᠠᠭ᠎ᠠ ᠪᠠᠷ ᠡᠬᠢᠯᠡᠵᠡᠢ᠃              ᠣᠨᠳᠣᠷᠣᠯᠲᠤ ᠪᠠᠯᠭᠠᠰᠤᠨ ᠤ ᠳᠡᠯ ᠤᠯᠠᠭᠠᠨ ᠭᠠᠴᠠᠭ᠎ᠠ ᠶᠢᠨ ᠲᠠᠷᠢᠶᠠᠴᠢᠨ ᠰᠦᠨ ᠪᠦᠸᠧ ᠶᠢᠨ ᠪᠤᠭᠤᠳᠠᠢ ᠶᠢᠨ ᠲᠠᠷᠢᠶᠠᠨ ᠳᠤ᠂ ᠡᠰᠢ ᠰᠦᠷᠡᠯ ᠢ ᠪᠣᠭᠤᠵᠢᠯᠠᠬᠤ ᠮᠠᠰᠢᠨ ᠨᠠᠭᠠᠰᠢ ᠴᠠᠭᠠᠰᠢ ᠰᠦᠯᠵᠢᠯᠳᠦᠨ ᠶᠠᠭᠠᠷᠠᠯᠲᠠᠢ ᠠᠵᠢᠯᠯᠠᠵᠤ ᠪᠠᠶᠢᠯ᠎ᠠ᠃ ᠮᠠᠰᠢᠨ ᠥᠩᠭᠡᠷᠡᠬᠦ ᠳᠤ᠂ ᠲᠠᠷᠢᠶᠠᠨ ᠳᠤ ᠦᠯᠡᠳᠡᠭᠰᠡᠨ ᠪᠤᠭᠤᠳᠠᠢ ᠶᠢᠨ ᠡᠰᠢ ᠰᠦᠷᠡᠯ ᠬᠠᠮᠤᠭᠳᠠᠵᠤ ᠰᠢᠬᠠᠭᠳᠠᠨ ᠪᠣᠭᠤᠭᠳᠠᠭᠠᠳ᠂ ᠶᠡᠭᠡ ᠪᠠᠭ᠎ᠠ ᠨᠢ ᠠᠳᠠᠯᠢᠬᠠᠨ ᠲᠣᠭᠤᠷᠢᠭ ᠭᠡᠯᠪᠡᠷᠢ ᠲᠠᠢ ᠡᠪᠡᠰᠦᠨ ᠪᠣᠭᠤᠳᠠᠯ ᠪᠣᠯᠵᠤ ᠬᠤᠪᠢᠷᠠᠨ᠎ᠠ᠃              ︽ᠡᠩ ᠤᠨ ᠦᠭᠡᠨ ᠳᠤ᠂ ᠪᠤᠭᠤᠳᠠᠢ ᠶᠢᠨ ᠬᠠᠭᠠᠰ ᠨᠢ ᠦᠷ᠎ᠡ᠂ ᠬᠠᠭᠠᠰ ᠨᠢ ᠡᠰᠢ ᠰᠦᠷᠡᠯ ᠭᠡᠳᠡᠭ᠃ ᠡᠰᠢ ᠰᠦᠷᠡᠯ ᠢ ᠪᠦᠲᠦᠮᠵᠢᠲᠡᠶ ᠠᠰᠢᠭᠯᠠᠬᠤ ᠨᠢ ᠦᠨᠡᠨ ᠳᠡᠭᠡᠨ ᠠᠮᠤ ᠪᠤᠳᠠᠭᠠᠨ ᠤ ᠠᠵᠤ ᠠᠬᠤᠢ ᠶᠢᠨ ᠥᠷᠲᠡᠭ ᠤᠨ ᠨᠥᠭᠦᠭᠡ ᠬᠠᠭᠠᠰ ᠢ ᠨᠢ ᠡᠷᠢᠵᠦ ᠣᠯᠬᠤ ᠶᠠᠪᠤᠳᠠᠯ ᠮᠥᠨ᠃ ᠡᠨᠡ ᠵᠢᠯ ᠪᠤᠭᠤᠳᠠᠢ ᠶᠢᠨ ᠤᠨᠠᠯᠲᠠ ᠥᠨᠳᠥᠷ᠂ ᠡᠰᠢ ᠰᠦᠷᠡᠯ ᠤᠨ ᠭᠠᠷᠤᠯᠲᠠ ᠴᠤ ᠪᠠᠭ᠎ᠠ ᠪᠢᠰᠢ᠂ ᠨᠢᠭᠡ ᠮᠦ ᠭᠠᠵᠠᠷ ᠠᠴᠠ 400 ᠵᠢᠩ ᠣᠷᠴᠢᠮ ᠭᠠᠷᠤᠨ᠎ᠠ᠂ ᠨᠢᠭᠡ ᠪᠣᠭᠤᠵᠢᠯᠠᠬᠤ ᠮᠠᠰᠢᠨ ᠠᠴᠠ ᠡᠳᠦᠷ ᠲᠤ 80 ᠲᠣᠨ ᠡᠪᠡᠰᠦᠨ ᠪᠣᠭᠤᠵᠢ ᠭᠠᠷᠤᠨ᠎ᠠ︾ ᠭᠡᠵᠦ ᠠᠯᠠᠱᠠ ᠵᠡᠭᠦᠨ ᠬᠤᠰᠢᠭᠤᠨ ᠤ ᠸᠧᠨ ᠵᠧᠨ ᠰᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠠᠷᠢᠭᠤᠴᠠᠯᠭᠠᠲᠠᠨ ᠯᠢᠦ ᠰᠢᠨ ᠲᠠᠩ ᠲᠠᠨᠢᠯᠴᠠᠭᠤᠯᠤᠯ᠎ᠠ᠃              ᠲᠠᠷᠢᠶᠠᠴᠢᠨ ᠳᠤ ᠠᠪᠴᠤ ᠬᠡᠯᠡᠪᠡᠯ᠂ ᠥᠩᠭᠡᠷᠡᠭᠰᠡᠨ ᠳᠤ ᠡᠰᠢ ᠰᠦᠷᠡᠯ ᠨᠢ ᠬᠥᠮᠥᠰ ᠤᠨ ᠲᠣᠯᠣᠭᠠᠢ ᠶᠢ ᠡᠪᠡᠳᠬᠡᠳᠡᠭ ︽ᠶᠠᠷᠰᠢᠭ ᠲᠠᠢ ᠠᠵᠢᠯ︾ ᠪᠠᠶᠢᠭᠰᠠᠨ ᠶᠤᠮ᠂ ᠡᠰᠢ ᠰᠦᠷᠡᠯ ᠢ ᠰᠢᠢᠳᠪᠦᠷᠢᠯᠡᠬᠦ ᠭᠠᠵᠠᠷ ᠦᠭᠡᠢ᠂ ᠲᠠᠷᠢᠶᠠᠨ ᠭᠠᠵᠠᠷ ᠲᠤ ᠪᠤᠴᠠᠭᠠᠬᠤ ᠥᠪᠡᠷ ᠤᠨ ᠥᠷᠲᠡᠭ ᠨᠢ ᠥᠨᠳᠥᠷ ᠪᠠᠶᠢᠪᠠ᠃ ︽ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠳᠤ ᠲᠠᠷᠢᠶᠠᠴᠢᠨ ᠡᠷᠦᠭᠡ ᠪᠢᠳᠡᠨ ᠳᠤ ᠠᠵᠢᠯ ᠤᠨ ᠰᠦᠢᠳᠬᠡᠯ ᠢ ᠲᠥᠯᠥᠬᠦ ᠴᠢᠬᠤᠯᠠ ᠦᠭᠡᠢ᠂ ᠬᠤᠶᠠᠷ ᠲᠠᠯ᠎ᠠ ᠳᠤ ᠴᠥᠮ ᠬᠡᠷᠡᠭᠴᠡᠭᠡ ᠲᠠᠢ ᠵᠦᠢᠯ ᠪᠣᠯᠬᠤᠷ ᠬᠦᠴᠢᠷ ᠠᠰᠠᠭᠤᠳᠠᠯ ᠠᠶᠠᠨᠳᠠᠭᠠᠨ ᠰᠢᠢᠳᠪᠦᠷᠢᠯᠡᠭᠳᠡᠨ᠎ᠡ᠃ ᠠᠳᠡᠬᠢ ᠪᠤᠭᠤᠳᠠᠢ ᠶᠢ ᠵᠢᠷᠤᠮᠵᠢᠭᠤᠯᠤᠨ ᠪᠣᠬᠢᠷᠳᠤᠯ ᠦᠭᠡᠢ ᠳᠠᠷᠢᠭᠰᠠᠨ ᠢᠶᠠᠷ ᠡᠰᠢ ᠰᠦᠷᠡᠯ ᠤᠨ ᠶᠠᠰᠤ ᠴᠢᠨᠠᠷ ᠮᠠᠰᠢ ᠰᠠᠶᠢᠨ᠃ ᠬᠤᠷᠰᠢᠶ᠎ᠠ ᠠᠴᠠ ᠲᠤᠰᠬᠠᠶᠢᠯᠠᠨ ᠲᠥᠬᠦᠭᠡᠷᠦᠮᠵᠢ ᠣᠷᠣᠭᠤᠯᠤᠨ ᠠᠪᠴᠢᠷᠠᠵᠤ᠂ ᠪᠤᠭᠤᠳᠠᠢ ᠶᠢᠨ ᠡᠰᠢ ᠰᠦᠷᠡᠯ ᠢ ᠪᠣᠷᠳᠤᠭ᠎ᠠ ᠪᠣᠯᠭᠠᠨ᠂ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠠᠳ᠂ ᠵᠠᠬ᠎ᠠ ᠳᠡᠯᠭᠡᠭᠦᠷ ᠤᠨ ᠬᠦᠷᠢᠶᠡᠯᠡᠯ ᠢ ᠶᠡᠬᠡᠳᠡ ᠣᠯᠵᠤ ᠪᠠᠶᠢᠨ᠎ᠠ︾ ᠭᠡᠵᠦ ᠯᠢᠦ ᠰᠢᠨ ᠲᠠᠩ ᠶᠠᠷᠢᠨ᠎ᠠ᠃              ᠡᠰᠢ ᠰᠦᠷᠡᠯ ᠵᠡᠷᠭᠡ ᠬᠠᠶᠠᠭᠳᠠᠮᠠᠯ ᠢ ᠡᠷᠳᠡᠨᠢ ᠪᠣᠯᠭᠠᠨ ᠬᠤᠪᠢᠷᠠᠭᠤᠯᠬᠤ ᠨᠢ ᠲᠤᠬᠠᠢ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠪᠠᠷᠢᠯ ᠪᠣᠯᠵᠠᠢ᠃ ᠣᠨᠳᠣᠷᠣᠯᠲᠤ ᠪᠠᠯᠭᠠᠰᠤᠨ ᠤ ᠡᠨᠡ ᠵᠢᠯ ᠤᠨ ᠪᠤᠭᠤᠳᠠᠢ ᠶᠢᠨ ᠲᠠᠷᠢᠮᠠᠯ ᠤᠨ ᠲᠠᠯᠠᠪᠠᠢ 3085 ᠮᠦ ᠳᠤ ᠬᠦᠷᠴᠦ᠂ ᠮᠦ ᠪᠦᠷᠢ ᠶᠢᠨ ᠤᠨᠠᠯᠲᠠ 900 ᠵᠢᠩ᠂ ᠪᠤᠭᠤᠳᠠᠢ ᠶᠢᠨ ᠶᠡᠷᠦᠩᠬᠡᠢ ᠤᠨᠠᠯᠲᠠ 1388 ᠲᠣᠨ ᠳᠤ ᠭᠦᠷᠦᠭᠰᠡᠨ ᠪᠥᠭᠡᠳ ᠮᠠᠰᠢᠨ ᠢᠶᠠᠷ ᠬᠤᠷᠢᠶᠠᠭᠰᠠᠨ ᠨᠤᠷᠮ᠎ᠠ 100% ᠳᠤ ᠬᠦᠷᠴᠡᠢ᠃ ᠪᠤᠭᠤᠳᠠᠢ ᠶᠢ ᠬᠠᠳᠤᠵᠤ ᠳᠠᠭᠤᠰᠤᠭᠰᠠᠨ ᠤ ᠳᠠᠷᠠᠭ᠎ᠠ᠂ ᠡᠰᠢ ᠰᠦᠷᠡᠯ ᠢ ᠮᠦ ᠪᠦᠷᠢ 60 ᠲᠥᠭᠦᠷᠢᠭ ᠣᠷᠴᠢᠮ ᠢᠶᠠᠷ ᠬᠤᠳᠠᠯᠳᠤᠵᠤ ᠳᠡᠶᠢᠯᠦᠨ᠎ᠠ᠂ ᠵᠥᠪᠭᠡᠨ ᠡᠨᠡ ᠨᠢᠭᠡ ᠯᠡ ᠵᠦᠢᠯ ᠨᠢ ᠪᠦᠭᠦ ᠪᠠᠯᠭᠠᠰᠤᠨ ᠤ ᠲᠠᠷᠢᠶᠠᠴᠢᠳ ᠤᠨ ᠣᠷᠣᠯᠭ᠎ᠠ ᠶᠢ ᠪᠠᠷᠤᠭ 18.5 ᠲᠦᠮᠡᠨ ᠲᠥᠭᠦᠷᠢᠭ ᠨᠡᠮᠡᠭᠳᠡᠭᠦᠯᠬᠦ ᠪᠣᠯᠣᠨ᠎ᠠ᠃              ᠣᠶᠢᠷ᠎ᠠ ᠶᠢᠨ ᠵᠢᠯ ᠤᠳ ᠲᠤ᠂ ᠣᠨᠳᠣᠷᠣᠯᠲᠤ ᠪᠠᠯᠭᠠᠰᠤ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠢ ᠴᠢᠩᠭᠠᠳᠬᠠᠨ᠂ ︽ᠵᠣᠬᠢᠶᠠᠨ ᠪᠠᠶᠢᠭᠤᠯᠬᠤ᠂ ᠤᠬᠠᠭᠤᠯᠬᠤ᠂ ᠪᠠᠶᠢᠴᠠᠭᠠᠨ ᠬᠠᠮᠢᠶᠠᠷᠬᠤ︾ ᠵᠡᠷᠭᠡ ᠪᠦᠳᠦᠮᠵᠢᠳᠡᠢ ᠠᠷᠭ᠎ᠠ ᠬᠡᠮᠵᠢᠶ᠎ᠡ ᠠᠪᠤᠭᠰᠠᠨ ᠢᠶᠠᠷ᠂ ᠲᠤᠬᠠᠢ ᠶᠢᠨ ᠭᠠᠵᠠᠷ ᠤᠨ ᠠᠭᠠᠷ ᠮᠠᠨᠳᠠᠯ ᠤᠨ ᠪᠣᠬᠢᠷᠳᠤᠯ ᠢ ᠪᠠᠭᠠᠰᠬᠠᠭᠰᠠᠨ ᠮᠥᠷᠲᠡᠭᠡᠨ ᠪᠤᠭᠤᠳᠠᠢ ᠶᠢᠨ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠳᠤ ᠮᠠᠰᠢ ᠰᠠᠶᠢᠨ ᠨᠥᠬᠦᠴᠡᠯ ᠪᠦᠷᠢᠯᠳᠦᠭᠦᠯᠵᠡᠢ᠃ ︽ᠪᠢᠳᠡ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠲᠠᠷᠢᠶᠠᠴᠢᠳ ᠤᠨ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ ᠢᠳᠡᠪᠬᠢᠲᠡᠢ ᠪᠠᠷ ᠵᠣᠬᠢᠴᠠᠭᠤᠯᠤᠨ᠂ ᠲᠠᠷᠢᠶᠠᠴᠢᠳ ᠲᠤ ᠮᠡᠷᠭᠡᠵᠢᠯ ᠤᠨ ᠳᠡᠮᠵᠢᠯᠭᠡ ᠪᠠ ᠵᠠᠬ᠎ᠠ ᠳᠡᠯᠭᠡᠭᠦᠷ ᠤᠨ ᠠᠷᠭ᠎ᠠ ᠵᠠᠮ ᠬᠠᠩᠭᠠᠵᠤ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠪᠠᠶᠢᠨ᠎ᠠ︾ ᠭᠡᠵᠦ ᠣᠨᠳᠣᠷᠣᠯᠲᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠭᠢᠯᠡᠭᠴᠢ ᠽᠧᠩ ᠴᠢᠶᠠᠩ ᠸᠧᠨ ᠶᠠᠷᠢᠪᠠ᠃            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号