ᠣᠨᠳᠣᠷᠣᠯᠲᠤ ᠪᠠᠯᠭᠠᠰᠤᠨ ᠤ ᠡᠷᠳᠡᠨᠢ ᠰᠢᠰᠢ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2024/6/7
                                         ● ᠱᠢ ᠰᠢᠨ ᠶᠤᠸᠠᠨ ᠴᠢᠮᠡᠭᠡᠯᠡᠭᠴᠢ ᠵᠤᠤ ᠢᠦᠢ ᠶᠢᠨ           ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤ 6.6 ᠲᠦᠮᠡᠨ ᠮᠦ ᠡᠷᠳᠡᠨᠢ ᠰᠢᠰᠢ ᠬᠤᠷᠢᠶᠠᠵᠤ᠂ ᠬᠥᠮᠥᠰ ᠢ ᠪᠠᠶᠠᠷᠯᠠᠭᠤᠯᠤᠮ᠎ᠠ ᠡᠯᠪᠡᠭ ᠬᠤᠷᠢᠶᠠᠯᠲᠠ ᠣᠯᠣᠭᠰᠠᠨ ᠪᠠᠶᠢᠨ᠎ᠠ᠃              ᠣᠨᠳᠣᠷᠣᠯᠲᠤ ᠪᠠᠯᠭᠠᠰᠤᠨ ᠤ ᠪᠠᠷᠠᠭᠤᠨᠭᠦ᠋ᠳᠡᠭᠡ ᠭᠠᠴᠠᠭᠠᠨ ᠤ ᠲᠠᠷᠢᠶᠠᠴᠢᠨ ᠳ᠋ᠤᠸᠠᠨ ᠺᠠᠢ ᠬᠤᠢ ᠡᠨᠡ ᠵᠢᠯ 400 ᠮᠦ ᠭᠠᠵᠠᠷ ᠲᠤ ᠡᠷᠳᠡᠨᠢ ᠰᠢᠰᠢ ᠲᠡᠷᠢᠵᠦ᠂ ᠪᠦᠭᠦᠨ ᠢ ᠮᠠᠰᠢᠨ ᠢᠶᠠᠷ ᠬᠤᠷᠢᠶᠠᠵᠠᠢ᠃ ᠲᠡᠷᠡ᠂ ᠡᠨᠡ ᠵᠢᠯ ᠤᠨ ᠠᠭᠤᠷ ᠠᠮᠢᠰᠬᠤᠯ ᠰᠠᠶᠢᠨ ᠪᠥᠭᠡᠳ ᠡᠳᠦᠷ ᠲᠤᠲᠤᠮ ᠤᠨ ᠠᠷᠠᠴᠢᠯᠠᠭ᠎ᠠ ᠳᠣᠳᠤᠮᠳᠠᠯᠭ᠎ᠠ ᠪᠠᠨ ᠠᠩᠬᠠᠷᠤᠭᠰᠠᠨ  ᠠᠴᠠ ᠮᠦ ᠪᠦᠷᠢ ᠶᠢᠨ ᠤᠨᠠᠯᠲᠠ 2200 ᠵᠢᠩ ᠣᠷᠴᠢᠮ ᠬᠦᠷᠴᠦ᠂ ᠮᠦ ᠪᠦᠷᠢ ᠶᠢᠨ ᠡᠰᠢ ᠰᠦᠷᠡᠯ ᠢ 40 ᠲᠥᠭᠦᠷᠢᠭ ᠢᠶᠠᠷ ᠬᠤᠳᠠᠯᠳᠤᠨ᠂ ᠳᠠᠭᠠᠯᠲᠠ ᠣᠷᠣᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠡᠰᠢ ᠰᠦᠷᠡᠯ ᠢ ᠰᠢᠢᠳᠪᠦᠷᠢᠯᠡᠬᠦ ᠶᠠᠷᠰᠢᠭ ᠢ ᠴᠤ ᠰᠢᠢᠳᠪᠦᠷᠢᠯᠡᠵᠦ᠂ ᠬᠠᠭᠠᠯᠤᠭᠰᠠᠨ ᠡᠰᠢ ᠰᠦᠷᠡᠯ ᠢ ᠲᠠᠷᠢᠶᠠᠨ ᠲᠠᠭ ᠲᠤ ᠪᠤᠴᠠᠭᠠᠭᠰᠠᠨ ᠤ ᠳᠠᠷᠠᠭ᠎ᠠ ᠬᠥᠷᠥᠰᠥ ᠰᠢᠷᠣᠢ ᠶᠢᠨ ᠬᠦᠴᠦ ᠰᠢᠮ᠎ᠡ ᠶᠢ ᠨᠡᠮᠡᠭᠳᠡᠭᠦᠯᠵᠦ᠂ ᠪᠠᠭ᠎ᠠ ᠪᠤᠰᠤ ᠪᠣᠷᠳᠣᠭᠤᠷ ᠤᠨ ᠵᠣᠭᠤᠰ ᠢ ᠠᠷᠪᠢᠯᠠᠵᠠᠢ ᠭᠡᠵᠦ ᠪᠠᠶᠢᠪᠠ᠃              ᠲᠤᠰ ᠪᠠᠯᠭᠠᠰᠤ ᠣᠳᠣᠬᠠᠨ ᠡᠷᠳᠡᠨᠢ ᠰᠢᠰᠢ ᠶᠢ ᠮᠠᠰᠢᠨ ᠢᠶᠠᠷ ᠬᠤᠷᠢᠶᠠᠬᠤ ᠶᠢ 100% ᠪᠠᠷ ᠪᠡᠶᠡᠯᠡᠭᠦᠯᠵᠦ᠂ ᠥᠪᠡᠷ ᠤᠨ ᠥᠷᠲᠡᠭ ᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ᠂ ᠬᠢᠯᠪᠠᠷᠴᠢᠯᠠᠨ ᠬᠤᠷᠢᠶᠠᠬᠤ ᠶᠢ ᠪᠡᠶᠡᠯᠡᠭᠦᠯᠦᠨ᠂ ᠲᠠᠷᠢᠶᠠᠴᠢᠨ ᠤᠨ ᠢᠳᠡᠪᠬᠢᠵᠢᠯ ᠢ ᠶᠡᠭᠡ ᠪᠠᠷ ᠳᠠᠶᠢᠴᠢᠯᠠᠭᠰᠠᠨ ᠪᠥᠭᠡᠳ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠴᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠡᠢ᠃ ︽ᠨᠠᠮᠤᠷ  ᠤᠨ ᠬᠤᠷᠢᠶᠠᠯᠲᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨᠴᠢᠯᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠠᠷᠢᠨ ᠨᠢᠮᠪᠠᠢ ᠵᠣᠬᠢᠶᠠᠨ ᠪᠠᠶᠢᠭᠤᠯᠵᠤ ᠲᠥᠯᠥᠪᠵᠢᠭᠦᠯᠦᠨ᠂ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠦᠢᠯᠡᠴᠢᠯᠡᠭᠡ ᠪᠠᠲᠤᠯᠠᠭ᠎ᠠ ᠶᠢᠨ ᠭᠤᠭᠴᠤᠭ᠎ᠠ ᠶᠢ ᠨᠠᠷᠢᠯᠢᠭᠵᠢᠭᠤᠯᠤᠨ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠪᠠ︾ ᠭᠡᠵᠦ ᠲᠣᠰ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠪᠠᠲᠤᠯᠠᠭ᠎ᠠ ᠶᠢᠨ ᠲᠥᠪ ᠤᠨ ᠠᠵᠢᠯᠲᠠᠨ ᠫᠧᠢ ᠹᠧᠩ ᠰᠤᠷᠪᠤᠯᠵᠢᠯᠠᠬᠴᠢ ᠳᠤ ᠬᠡᠯᠡᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号