| | | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠲᠤᠩᠭᠠᠯᠠᠭ ᠨᠠᠭᠤᠷ ᠭᠠᠴᠠᠭ᠎ᠠ | ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ︽ᠨᠠᠮ ᠤᠨ | ᠪᠠᠶᠢᠭᠤᠯᠤᠯᠲᠠ + ᠵᠢᠭᠤᠯᠴᠢᠯᠠᠯ︾ ᠢᠶᠠᠷ ᠵᠢᠯᠣᠭᠤᠳᠤᠯᠭ᠎ᠠ ᠪᠤᠯᠭᠠᠵᠤ᠂ ᠮᠠᠯ ᠠᠵᠤ ᠠᠬᠤᠢ ᠪᠠᠷ ᠰᠠᠭᠤᠷᠢ ᠪᠣᠯᠭᠠᠨ᠂ | ᠰᠣᠶᠣᠯ ᠢᠶᠠᠷ ᠵᠢᠭᠤᠯᠴᠢᠯᠠᠯ ᠢ ᠪᠣᠶᠢᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠠᠵᠤ | ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ | ᠠᠭᠤᠰᠤᠯᠴᠠᠭᠤᠯᠤᠨ᠂ ᠥᠪᠡᠷᠮᠢᠴᠡ ᠣᠨᠴᠠᠯᠢᠭ ᠲᠠᠢ ᠪᠠᠶᠠᠵᠢᠯ ᠤᠨ ᠵᠠᠮ ᠢᠶᠠᠷ ᠵᠠᠮᠨᠠᠵᠤ ᠪᠠᠶᠢᠨ᠎ᠠ᠃ | ᠲᠤᠩᠭᠠᠯᠠᠭ ᠨᠠᠭᠤᠷ ᠭᠠᠴᠠᠭ᠎ᠠ ᠶᠢᠨ ᠬᠡᠪᠴᠢᠶᠡᠨ ᠳᠠᠬᠢ 26 ᠶᠡᠭᠡ ᠪᠠᠭ᠎ᠠ ᠨᠠᠭᠤᠷ ᠨᠢ ᠨᠡᠯᠦᠭᠡᠷ ᠶᠡᠭᠡ | ᠡᠯᠡᠰᠦ ᠶᠢ ᠴᠢᠮᠡᠭᠯᠡᠨ᠂ ᠡᠨᠡ ᠬᠦ ᠨᠤᠲᠤᠭ ᠤᠰᠤ ᠶᠢ ᠥᠪᠡᠷᠮᠢᠴᠡ ᠣᠨᠴᠠᠯᠢᠭ ᠲᠠᠢ ᠪᠤᠯᠭᠠᠬᠰᠠᠨ ᠪᠠᠶᠢᠨ᠎ᠠ᠃ | ᠭᠠᠴᠠᠭᠠᠨ ᠤ ᠬᠠᠷᠢᠶᠠᠨ ᠳᠠᠬᠢ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ ᠵᠡᠷᠭᠡ | ᠣᠨᠴᠠᠭᠠᠢ ᠠᠮᠢ ᠠᠬᠤᠢ ᠶᠢᠨ ᠵᠤᠭᠠᠴᠠᠯ ᠤᠨ ᠡᠬᠢ ᠪᠠᠶᠠᠯᠢᠭ ᠵᠢᠴᠢ ᠠᠯᠠᠱᠠ ᠶᠢᠨ ᠪᠠᠭᠠᠲᠤᠷᠴᠤᠳ ᠤᠨ ᠴᠤᠭᠯᠠᠭᠠᠨ | ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠭᠠᠴᠠᠭᠠᠨ ᠤ ᠨᠠᠮ ᠤᠨ | ᠡᠭᠦᠷ ᠤᠨ ᠬᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠠ ᠲᠣᠭᠢᠶᠠᠯ ᠢ ᠴᠢᠩᠭ᠎ᠠ ᠠᠳᠬᠤᠵᠤ | ᠂ ᠰᠠᠭᠤᠷᠢ ᠲᠥᠬᠦᠭᠡᠷᠦᠮᠵᠢ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠢ | ᠬᠥᠭᠵᠢᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠴᠢᠨᠡᠭᠡᠯᠢᠭᠵᠢᠭᠦᠯᠵᠡᠢ᠃ | ᠲᠤᠩᠭᠠᠯᠠᠭ ᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠭᠢᠯᠡᠭᠴᠢ ᠲᠠᠨ᠎ᠠ᠄ ︽ᠪᠢᠳᠡ ︿ | ᠨᠠᠮ ᠤᠨ ᠪᠠᠶᠢᠭᠤᠯᠤᠯᠲᠠ + ᠪᠦᠭᠦ ᠣᠷᠣᠨ ᠪᠦᠰᠡ ᠶᠢᠨ ᠵᠢᠭᠤᠯᠴᠢᠯᠠᠯ﹀ ᠤᠨ ᠵᠠᠭᠪᠤᠷ ᠢ ᠢᠳᠡᠪᠬᠢᠲᠡᠢ ᠰᠦᠪᠡᠭᠴᠢᠯᠡᠨ | ᠬᠡᠷᠡᠭᠵᠢᠭᠦᠯᠵᠦ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠣᠨᠴᠠᠯᠢᠭᠲᠤ ᠠᠷᠠᠳ ᠤᠨ ᠣᠷᠣᠨ ᠰᠠᠭᠤᠴᠠ᠂ ᠡᠯᠡᠰᠦᠨ ᠳᠤ ᠳᠠᠪᠬᠢᠬᠤ ᠲᠡᠷᠭᠡ ᠲᠦᠷᠢᠶᠡᠰᠦᠯᠡᠬᠦ᠂ | ᠠᠪᠤᠷᠠᠨ ᠲᠤᠰᠠᠯᠠᠬᠤ᠂ ᠲᠡᠮᠡᠭᠡ ᠮᠣᠷᠢ ᠤᠨᠤᠬᠤ ᠵᠡᠷᠭᠡ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ | ᠬᠥᠭᠵᠢᠭᠦᠯᠵᠡᠢ︾ ᠭᠡᠪᠡ᠃ | ᠣᠳᠣᠬᠠᠨ ᠳᠤ᠂ ᠲᠣᠰ ᠭᠠᠴᠠᠭ᠎ᠠ ᠳᠤ ᠨᠢᠭᠡᠨᠲᠡ 14 ᠮᠠᠯᠴᠢᠨ ᠲᠠᠷᠢᠶᠠᠴᠢᠨ ᠠᠶᠢᠯ ᠤᠨ ᠵᠤᠭᠠᠴᠠᠯ᠂ | 34 ᠠᠷᠠᠳ ᠤᠨ ᠰᠠᠭᠤᠴᠠ᠂ 35 ᠠᠪᠤᠷᠠᠨ ᠲᠤᠰᠠᠯᠠᠬᠤ ᠦᠢᠯᠡᠴᠢᠯᠡᠭᠡᠨ ᠤ ᠴᠡᠭ᠂ 50 ᠭᠠᠷᠤᠢ ᠡᠯᠡᠰᠦᠨ ᠪ᠊ | ᠪᠠᠷᠲᠠᠭ᠎ᠠ ᠳᠠᠪᠠᠭ᠋ᠤ ᠲᠡᠷᠭᠡ ᠪᠠ 4 ᠲᠡᠮᠡᠭᠡ ᠮᠣᠷᠢ ᠬᠥᠲᠥᠯᠬᠦ ᠡᠵᠡᠩᠨᠡᠯᠲᠡ ᠶᠢᠨ ᠡᠷᠦᠭᠡ ᠲᠠᠢ ᠪᠣᠯᠵᠤ᠂ 100 ᠭᠠᠷᠤᠢ | ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠲᠤ ᠣᠷᠣᠯᠴᠠᠵᠤ᠂ ᠬᠥᠮᠥᠨ ᠪᠦᠷᠢ ᠶᠢᠨ | ᠳᠤᠮᠳᠠᠴᠢ ᠵᠢᠯ ᠤᠨ ᠣᠷᠣᠯᠭ᠎ᠠ ᠶᠢᠨ ᠨᠡᠮᠡᠩᠳᠡᠯ 2 ᠲᠦᠮᠡᠨ ᠲᠥᠭᠦᠷᠢᠭ ᠲᠤ ᠬᠦᠷᠴᠡᠢ᠃ ᠲᠤᠰ ᠭᠠᠴᠠᠭᠠᠨ ᠤ ᠬᠦᠷᠡᠯ | ᠄ ︽ᠪᠢᠳᠡ ᠥᠪᠡᠷ ᠤᠨ ᠮᠠᠰᠢᠨ ᠲᠡᠷᠭᠡᠨ ᠤ ᠠᠩᠭᠢ ᠪᠠᠨ ᠵᠣᠬᠢᠶᠠᠨ ᠪᠠᠶᠢᠭᠤᠯᠵᠤ᠂ ᠲᠤᠰᠬᠠᠶᠢᠯᠠᠨ ᠡᠯᠡᠰᠦᠨ ᠳᠤ | ᠵᠤᠭᠠᠴᠠᠭᠰᠠᠳ ᠢ ᠲᠠᠲᠠᠵᠤ ᠲᠣᠭᠤᠷᠢᠭᠤᠯᠵᠤ ᠪᠤᠢ᠂ ᠣᠶᠢᠷ᠎ᠠ ᠶᠢᠨ ᠬᠤᠶᠠᠷ ᠵᠢᠯ ᠳᠤ ᠵᠤᠭᠠᠴᠠᠭᠰᠠᠳ ᠨᠡᠯᠢᠶᠡᠳ | ᠣᠯᠠᠰᠢᠷᠠᠨ᠂ ᠪᠢᠳᠡᠨ ᠤ ᠣᠷᠣᠯᠭ᠎ᠠ ᠴᠦ ᠭᠠᠶᠢᠭᠤᠢ ᠰᠠᠶᠢᠨ ᠪᠠᠶᠢᠨ᠎ᠠ︾ ᠭᠡᠪᠡ᠃ | ᠬᠥᠳᠡᠭᠡ ᠲᠣᠰᠬᠤᠨ ᠤ ᠵᠤᠭᠠᠴᠠᠯ ᠢ ᠠᠵᠤ ᠦᠢᠯᠡᠰᠵᠢᠭᠦᠯᠦᠨ ᠬᠥᠭᠵᠢᠭᠦᠯᠬᠦ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠪᠣᠯᠣᠨ᠎ᠠ᠃ ᠲᠤᠩᠭᠠᠯᠠᠭ ᠨᠠᠭᠤᠷ ᠭᠠᠴᠠᠭ᠎ᠠ ᠶᠢᠨ ᠨᠠᠮ ᠤᠨ | ᠡᠭᠦᠷ ᠨᠢ ᠮᠠᠯᠴᠢᠨ ᠲᠠᠷᠢᠶᠠᠴᠢᠨ ᠢ ᠳᠠᠶᠢᠴᠢᠯᠠᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ | ᠡᠷᠭᠢᠯᠡᠭᠦ ᠶᠢᠨ ᠬᠠᠮᠲᠤ᠂ ᠭᠠᠴᠠᠭᠠᠨ ᠤ ᠢᠯᠡᠭᠦᠴᠡ ᠭᠦᠳᠡᠯᠮᠦᠷᠢ ᠬᠦᠴᠦᠨ ᠢᠶᠠᠷ ᠡᠯᠡᠰᠦ ᠮᠠᠩᠬᠠᠨ ᠪ᠊ ᠲᠦᠷᠤᠯ ᠵᠦᠢᠯ | ᠪᠠ ᠦᠨᠳᠦᠰᠦᠲᠡᠨ ᠤ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ ᠵᠣᠷᠢᠭᠵᠢᠭᠤᠯᠤᠨ | ᠳᠡᠮᠵᠢᠵᠦ᠂ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠣ ᠪᠠᠶᠢᠨ᠎ᠠ᠃ ᠣᠳᠣᠬᠠᠨ ᠳᠤ᠂ | ᠭᠠᠴᠠᠭ᠎ᠠ ᠨᠢ ᠨᠢᠭᠡᠨᠲᠡ ᠲᠣᠭᠤᠷᠢᠨ ᠵᠤᠭᠠᠴᠠᠬᠤ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ | ᠰᠢᠨ᠎ᠡ ᠮᠠᠶ᠋ᠢᠭ ᠤᠨ ᠡᠯᠡᠰᠦ ᠮᠠᠩᠬᠠᠨ ᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠲᠦᠭᠡᠨ ᠪᠠᠶᠢᠭᠤᠯᠵᠤ᠂ ᠳᠦᠷᠪᠡᠨ | ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠤᠨ ᠰᠣᠨᠢᠷᠬᠠᠯ ᠢ ᠲᠠᠲᠠᠵᠤ ᠪᠤᠢ᠃ | ᠲᠤᠩᠭᠠᠯᠠᠭ ᠨᠠᠭᠤᠷ ᠭᠠᠴᠠᠭᠠᠨ ᠤ ᠨᠢᠭᠡᠳᠦᠭᠡᠷ ᠬᠤᠸᠠᠷᠠᠨ ᠤ ᠡᠵᠡᠩᠨᠡᠭᠴᠢ ᠤᠷᠢᠬᠠᠨ᠄ ︽ᠮᠠᠨ ᠤ | ᠡ᠊ᠡᠳᠡ ᠵᠢᠭᠤᠯᠴᠢᠯᠠᠵᠤ ᠢᠷᠡᠭᠰᠡᠨ ᠵᠤᠭᠠᠴᠠᠭᠰᠠᠳ ᠭᠤᠣᠯᠳᠠᠭᠤ ᠰᠦᠯᠵᠢᠶᠡᠨ ᠳᠡᠭᠡᠷᠡᠬᠢ ᠵᠠᠬᠢᠶᠠᠯᠠᠭ᠎ᠠ ᠪᠠ | ᠵᠢᠭᠤᠯᠴᠢᠯᠠᠯ ᠤᠨ ᠺᠤᠮᠫᠠᠨᠢ ᠶᠢᠨ ᠬᠠᠮᠲᠤᠷᠠᠯᠴᠠᠭ᠎ᠠ ᠠᠴᠠ ᠢᠷᠡᠯᠲᠡᠢ᠂ ᠡᠩ ᠤᠨ ᠴᠠᠭ ᠲᠤ ᠶᠠᠭᠠᠷᠠᠤ ᠦᠶ᠎ᠡ ᠳᠤ ᠠᠶᠢᠯ | ᠰᠠᠭᠠᠬᠠᠯᠲᠠ ᠶᠢᠨ ᠬᠢᠨ ᠢᠷᠡᠵᠦ ᠬᠠᠪᠰᠤᠷᠳᠠᠭ᠂ ᠪᠢᠳᠠ ᠪᠦᠭᠦᠳᠡᠭᠡᠷ ᠬᠠᠷᠢᠯᠴᠠᠨ ᠬᠠᠪᠰᠣᠷᠣᠯᠴᠠᠨ᠂ ᠬᠠᠮᠲᠤᠪᠠᠷ | ᠪᠠᠶᠠᠵᠢᠬᠤ ᠬᠠᠷᠠᠯᠲᠠ ᠲᠠᠢ ᠪᠠᠶᠢᠭ᠎ᠠ ᠶᠤᠮ︾ ᠭᠡᠯᠡ᠃ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠭᠢᠯᠡᠭᠴᠢ | ᠲᠠᠨ᠎ᠠ᠄ ︽ᠮᠠᠯ ᠠᠵᠤ ᠠᠬᠤᠢ ᠪᠠᠷ ᠰᠠᠭᠤᠷᠢ ᠪᠤᠯᠭᠠᠵᠤ᠂ ᠰᠣᠶᠣᠯ ᠢᠶᠠᠷ ᠵᠢᠭᠤᠯᠴᠢᠯᠠᠯ ᠢ ᠬᠥᠮᠥᠵᠢᠭᠦᠯᠬᠦ | ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠩ ᠪᠣᠳᠠᠲᠠᠢ ᠶᠢ ᠡᠷᠭᠢᠮᠯᠡᠭᠦ ᠠᠷᠭ᠎ᠠ | ᠬᠡᠮᠵᠢᠶ᠎ᠡ ᠪᠠᠷ ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ | ᠠᠬᠢᠭᠤᠯᠬᠤ ᠪᠣᠯᠣᠨ᠎ᠠ︾ ᠭᠡᠵᠦ ᠶᠠᠷᠢᠯ᠎ᠠ᠃ | | |