ᠮᠡᠴᠢᠨ ᠣᠪᠣᠭᠠᠨ ᠤ ᠮᠠᠯᠴᠢᠳ ᠤᠨ ᠨᠠᠭᠠᠳᠤᠮ ᠰᠠᠶᠢᠬᠠᠨ ᠪᠣᠯᠣᠯ᠎ᠠ
ᠨᠡᠶᠢᠲᠡᠯᠡᠭᠰᠡᠨ ᠴᠠᠭ᠄
2024/6/7
                                   ● ᠰᠡᠴᠡᠨᠪᠠᠲᠤ ᠰᠠᠷᠠᠨᠲᠤᠩᠭᠠᠯᠠᠭ ᠰᠡᠴᠡᠨ ᠮᠠᠨᠳᠠ                 ᠨᠠᠯᠠᠭᠠᠷ ᠰᠠᠶᠢᠬᠠᠨ ᠨᠠᠮᠤᠷ ᠤᠨ ᠤᠯᠠᠷᠢᠯ ᠢᠶᠠᠨ ᠤᠭᠲᠤᠨ᠂ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠤᠷᠭᠢᠬᠤ ᠭᠠᠴᠠᠭᠠᠨ ᠤ ᠮᠡᠴᠢᠨ ᠣᠪᠣᠭᠠᠨ ᠤ ᠮᠠᠯᠴᠢᠳ ᠤᠨ ᠨᠠᠭᠠᠳᠤᠮ ᠤᠳᠬ᠎ᠠ ᠲᠡᠭᠦᠯᠳᠡᠷ ᠶᠠᠪᠤᠭᠳᠠᠯ᠎ᠠ᠃              ᠲᠤᠰ ᠤᠳᠠᠭᠠᠨ ᠤ ᠨᠠᠭᠠᠳᠤᠮ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠵᠣᠷᠢᠯᠭ᠎ᠠ ᠪᠠᠷ ᠤᠷᠭᠢᠬᠤ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠥᠪᠯᠡᠯ ᠠᠴᠠ ᠭᠤᠣᠯᠯᠠᠨ ᠡᠷᠭᠢᠯᠡᠵᠦ᠂ ᠮᠠᠯᠴᠢᠨ ᠳᠡᠯᠭᠡᠷ᠂ ᠴᠡᠴᠡᠭ ᠪᠣᠯᠣᠨ ᠪᠤᠶᠠᠨ᠋ᠥ᠌ᠯᠵᠡᠢ᠂ ᠬᠠᠰᠴᠡᠴᠡᠭ ᠬᠤᠶᠠᠷ ᠠᠶᠢᠯ ᠬᠠᠮᠲᠤᠷᠠᠵᠤ ᠳᠠᠭᠠᠭᠠᠴᠢᠯᠠᠨ ᠡᠷᠭᠢᠯᠡᠭᠰᠡᠨ ᠪᠠᠶᠢᠨ᠎ᠠ᠃              ᠨᠠᠭᠠᠳᠤᠮ ᠳᠤ ᠨᠠᠢᠮᠠᠨ ᠤ ᠭᠠᠵᠠᠷ ᠤᠨ ᠬᠤᠷᠳᠤᠨ ᠮᠣᠷᠢᠨ ᠤ ᠤᠷᠤᠯᠳᠤᠭᠠᠨ᠂ ᠵᠢᠷᠤᠭ᠎ᠠ ᠮᠣᠷᠢᠨ ᠤ ᠤᠷᠤᠯᠳᠤᠭᠠᠨ᠂ ᠮᠣᠩᠭᠤᠯ ᠪᠦᠭᠡ᠂ ᠨᠤᠮᠤ ᠬᠠᠷᠪᠤᠭ᠎ᠠ᠂ ᠮᠠᠯᠴᠢᠳ ᠤᠨ ᠰᠠᠭᠰᠤᠨ ᠪᠥᠮᠪᠦᠭᠡ᠂ ᠳᠡᠭᠡᠰᠦ ᠲᠠᠲᠠᠬᠤ ᠵᠡᠷᠭᠡ ᠤᠯᠠᠨ ᠠᠭᠤᠯᠭ᠎ᠠ ᠶᠢ ᠲᠣᠬᠢᠷᠠᠭᠤᠯᠵᠤ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠠᠴᠠ ᠤᠷᠠᠨ ᠰᠠᠶᠢᠬᠠᠨ ᠤ ᠲᠤᠬᠯᠠᠯᠳᠠ ᠭᠠᠷᠭᠠᠨ᠂ ᠭᠠᠩ ᠬᠠᠭᠰᠠᠷᠠᠭᠠᠨ ᠲᠠᠢ ᠲᠡᠮᠡᠴᠡᠵᠦ ᠪᠠᠶᠢᠭ᠎ᠠ ᠮᠠᠯᠴᠢᠨ ᠲᠦᠮᠡᠨ ᠤ ᠰᠡᠳᠬᠢᠯ ᠢ ᠳᠤᠯᠠᠭᠠᠴᠠᠭᠤᠯᠵᠤ ᠪᠠᠶᠠᠰᠬᠠᠭᠰᠠᠨ ᠰᠠᠶᠢᠬᠠᠨ ᠴᠤᠭᠯᠠᠭᠠᠨ ᠪᠣᠯᠪᠠ᠃ ᠪᠠᠶᠠᠨᠨᠠᠭᠤᠷ ᠬᠤᠳᠠ᠂ ᠣᠷᠳᠣᠰ ᠬᠤᠳᠠ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠤᠶᠠᠭᠠᠴᠢᠨ᠂ ᠪᠥᠬᠡᠴᠢᠨ᠂ ᠬᠠᠷᠪᠤᠭᠠᠴᠢᠨ ᠬᠢᠭᠡᠳ ᠮᠠᠯᠴᠢᠨ ᠲᠦᠮᠡᠨ᠂ ᠲᠣᠭᠤᠷᠢᠨ ᠵᠤᠭᠠᠴᠠᠭᠴᠢ 500 ᠭᠠᠷᠤᠢ ᠬᠥᠮᠥᠨ ᠴᠤᠭᠯᠠᠷᠠᠪᠠ᠃              ᠤᠷᠭᠢᠬᠤ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠥᠪᠯᠡᠯ ᠠᠴᠠ 2023ᠣᠨ ᠳᠤ ᠮᠡᠴᠢᠨ ᠣᠪᠣᠭᠠᠨ ᠤ ᠮᠠᠯᠴᠢᠳ ᠤᠨ ᠨᠠᠭᠠᠳᠤᠮ ᠢ ᠠᠩᠬ᠎ᠠ ᠵᠣᠬᠢᠶᠠᠨ ᠪᠠᠶᠢᠭᠤᠯᠵᠤ᠂ ᠡᠨᠡ ᠵᠢᠯ ᠬᠤᠶᠠᠳᠤᠭᠠᠷ ᠤᠳᠠᠭ᠎ᠠ ᠪᠠᠨ ᠤᠭᠲᠤᠨ ᠠᠪᠴᠤ ᠪᠠᠶᠢᠨ᠎ᠠ᠃ ᠨᠢᠭᠡ ᠡᠳᠦᠷ ᠶᠠᠪᠤᠭᠳᠠᠭᠰᠠᠨ ᠨᠠᠭᠠᠳᠤᠮ ᠤᠨ ᠨᠠᠢᠮᠠᠨ ᠤ ᠭᠠᠵᠠᠷ ᠤᠨ ᠮᠣᠩᠭᠤᠯ ᠮᠣᠷᠢᠨ ᠤ ᠤᠷᠤᠯᠳᠤᠭᠠᠨ ᠳᠤ ᠠᠯᠠᠱᠠ ᠪᠠᠷᠠᠭᠤᠨ ᠬᠤᠰᠢᠭᠤᠨ ᠤ ᠲᠠᠩᠰᠤᠬᠪᠤᠯᠠᠭ ᠰᠤᠮᠤᠨ ᠤ ᠤᠶᠠᠭᠠᠴᠢᠨ ᠶᠢᠨ ᠱᠠᠨ ᠤ ᠬᠠᠯᠵᠠᠨ ᠵᠡᠭᠡᠷᠳᠡ ᠲᠡᠷᠢᠭᠦᠯᠡᠵᠦ᠂ ᠬᠤᠯᠢᠮᠠᠭ ᠴᠢᠰᠤᠨ ᠮᠣᠷᠢᠨ ᠤ ᠤᠷᠤᠯᠳᠤᠭᠠᠨ ᠳᠤ ᠪᠠᠶᠠᠨᠨᠠᠭᠤᠷ ᠬᠤᠳᠠ ᠶᠢᠨ ᠤᠷᠠᠳ ᠤᠨ ᠲᠤᠮᠳᠠᠳᠤ ᠬᠤᠰᠢᠭᠤᠨ ᠤ ᠤᠶᠠᠭᠠᠴᠢᠨ ᠪᠦᠷᠢᠨᠬᠦᠦ ᠶᠢᠨ ᠵᠡᠭᠡᠷᠳᠡ ᠮᠣᠷᠢ ᠲᠡᠷᠢᠭᠦᠯᠡᠨ᠂ ᠵᠢᠷᠤᠭ᠎ᠠ ᠮᠣᠷᠢᠨ ᠤ ᠤᠷᠤᠯᠳᠤᠭᠠᠨ ᠳᠤ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠤᠶᠠᠭᠠᠴᠢᠨ ᠪᠠᠭᠠᠲᠤᠷ ᠤᠨ ᠵᠡᠭᠡᠷᠳᠡ ᠮᠣᠷᠢ ᠲᠡᠷᠢᠭᠦᠯᠡᠪᠡ᠃ ᠮᠣᠩᠭᠤᠯ ᠪᠦᠭᠡ ᠶᠢᠨ ᠪᠠᠷᠢᠯᠳᠤᠭᠠᠨ ᠳᠤ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠨᠠᠶᠢᠷᠰᠠᠭ ᠲᠡᠷᠢᠭᠦᠯᠡᠨ᠂ ᠨᠤᠮᠤ ᠬᠠᠷᠪᠤᠭ᠎ᠠ ᠶᠢᠨ ᠤᠷᠤᠯᠳᠤᠭᠠᠨ ᠳᠤ ᠠᠯᠠᠱᠠ ᠵᠡᠭᠦᠨ ᠬᠤᠰᠢᠭᠤᠨ ᠤ ᠲᠡᠭᠦᠰ ᠲᠡᠷᠢᠭᠦᠯᠡᠵᠦ᠂ ᠮᠠᠯᠴᠢᠳ ᠤᠨ ᠰᠠᠭᠰᠤᠨ ᠪᠥᠮᠪᠦᠭᠡ ᠶᠢᠨ ᠤᠷᠤᠯᠳᠤᠭᠠᠨ ᠳᠤ ᠵᠢᠷᠠᠲᠠᠢ ᠪᠠᠯᠭᠠᠰᠤᠨ ᠤ ᠲᠠᠷᠠᠲᠤ ᠭᠠᠴᠠᠭᠠᠨ ᠤ ᠮᠠᠯᠴᠢᠳ ᠤᠨ ᠰᠠᠭᠰᠤᠨ ᠪᠥᠮᠪᠦᠭᠡ ᠶᠢᠨ ᠠᠩᠭᠢ ᠮᠠᠩᠯᠠᠶᠢᠯᠠᠵᠤ᠂ ᠳᠡᠭᠡᠰᠦ ᠲᠠᠲᠠᠬᠤ ᠤᠷᠤᠯᠳᠤᠭᠠᠨ ᠳᠤ ᠵᠢᠷᠠᠲᠠᠢ ᠪᠠᠯᠭᠠᠰᠤᠨ ᠤ ᠤᠷᠭᠢᠬᠤ ᠭᠠᠴᠠᠭᠠᠨ ᠤ ᠠᠩᠭᠢ ᠲᠡᠷᠢᠭᠦᠯᠡᠭᠰᠡᠨ ᠪᠠᠶᠢᠨ᠎ᠠ᠃          
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号