ᠵᠡᠭᠦᠨ ᠪᠡᠯ ᠪᠠᠯᠭᠠᠰᠤᠨ ᠤ ᠦᠦᠷᠢᠨᠲᠤᠶᠠᠭ᠎ᠠ ᠭᠠᠴᠠᠭ᠎ᠠ᠄ ᠤᠯᠠᠨ ᠡᠰᠢᠵᠢᠭ᠍ᠰᠡᠨ ᠠᠵᠤ ᠠᠬᠤᠢ ᠶᠢᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/7
                  ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤ ᠶᠢᠨ ᠦᠦᠷᠢᠨᠲᠤᠶᠠᠭ᠎ᠠ ᠭᠠᠴᠠᠭ᠎ᠠ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ︽ᠨᠠᠮ ᠤᠨ ᠡᠭᠦᠷ + ᠬᠤᠷᠰᠢᠶᠠᠵᠢᠯ + ᠮᠠᠯᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠤᠢ ᠶᠢᠨ ᠬᠤᠷᠮᠣᠢ ᠶᠢᠨ ᠣᠷᠴᠢᠯ ᠠᠵᠤ ᠠᠬᠤᠢ᠂ ᠪᠠᠷᠠᠭᠠᠨ ᠤ ᠭᠦᠢᠯᠭᠡᠭᠡ ᠲᠡᠭᠡᠭᠡᠪᠦᠷᠢ ᠵᠡᠷᠭᠡ ᠤᠯᠠᠨ ᠡᠰᠢᠵᠢᠭ᠍ᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ︽ᠲᠦᠷᠭᠡᠨ ᠤ ᠵᠠᠮ︾ ᠳᠤ ᠣᠷᠣᠭᠤᠯᠬᠤ ᠶᠢ ᠠᠬᠢᠭᠤᠯᠪᠠ᠃      
            ᠦᠦᠷᠢᠨᠲᠤᠶᠠᠭ᠎ᠠ ᠭᠠᠴᠠᠭᠠᠨ ᠳᠤ ᠨᠡᠶᠢᠲᠡ 521 ᠡᠷᠦᠬᠡ 1500 ᠭᠠᠷᠤᠢ ᠮᠠᠯᠴᠢᠨ ᠲᠠᠢ᠂ ᠭᠠᠵᠠᠷ ᠠᠭᠤᠳᠠᠮ ᠬᠥᠮᠥᠨ ᠴᠥᠭᠡᠨ ᠠᠯᠠᠱᠠ ᠵᠡᠭᠦᠨ ᠬᠤᠰᠢᠭᠤᠨ ᠳᠤ ᠬᠥᠮᠥᠨ ᠠᠮᠠ ᠪᠠᠷ ᠬᠠᠮᠤᠭ ᠤᠨ ᠣᠯᠠᠨ ᠰᠠᠭᠤᠷᠢᠰᠢᠨ ᠰᠠᠭᠤᠷᠢᠰᠢᠭᠰᠠᠨ ᠭᠠᠴᠠᠭᠠᠨ ᠤ ᠨᠢᠭᠡ ᠨᠢ ᠪᠣᠯᠣᠨ᠎ᠠ᠂ ᠭᠠᠴᠠᠭᠠᠨ ᠤ ᠬᠢᠨ G1817 ᠲᠦᠷᠭᠡᠨ ᠤ ᠵᠠᠮ ᠲᠠᠢ ᠬᠥᠷᠰᠢᠯᠡᠵᠦ᠂ ᠠᠯᠠᠱᠠ ᠠᠭᠤᠯᠠ ᠶᠢ ᠲᠦᠰᠢᠵᠦ ᠥᠩᠭᠡᠷᠡᠭᠰᠡᠨ ᠳᠤ ᠭᠠᠴᠠᠭᠠᠨ ᠤ ᠠᠵᠤ ᠠᠬᠤᠢ ᠶᠢᠨ ᠭᠤᠣᠯ ᠢᠷᠡᠯᠲᠡ ᠨᠢ ᠪᠦᠷ ᠨᠡᠭᠦᠷᠡᠰᠦᠨ ᠠᠭᠤᠷᠬᠠᠢ ᠳᠤ ᠲᠦᠰᠢᠭᠯᠡᠵᠦ᠂ ᠭᠡᠪᠡᠴᠦ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠪᠠ ᠬᠥᠮᠥᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠦᠵᠡᠯ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠭᠠᠴᠠᠭᠠᠨ ᠤ ︽ᠬᠤᠶᠠᠷ ᠵᠥᠪᠯᠡᠯ︾ ᠠᠴᠠ ᠮᠠᠯᠴᠢᠳ ᠢ ᠳᠠᠭᠠᠭᠤᠯᠤᠨ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠬᠦ ᠪᠠᠷ ᠲᠣᠭᠲᠠᠵᠤ᠂ ᠲᠡᠵᠢᠭᠡᠨ ᠦᠷᠡᠵᠢᠭᠦᠯᠬᠦ ᠦᠢᠯᠡᠰ ᠨᠢ ᠬᠥᠭᠵᠢᠯᠲᠡ ᠶᠢᠨ ᠲᠡᠷᠢᠭᠦᠨ ᠰᠣᠩᠭᠤᠯᠲᠠ ᠪᠣᠯᠵᠤ᠂ ᠲᠡᠵᠢᠭᠡᠨ ᠦᠷᠡᠵᠢᠭᠦᠯᠬᠦ ᠦᠢᠯᠡᠰ ᠤᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠠᠵᠤ ᠦᠶᠢᠯᠡᠰᠵᠢᠯᠲᠡ ᠶᠢ ᠲᠦᠯᠬᠢᠨ ᠠᠬᠢᠭᠤᠯᠬᠤ ᠨᠢ ᠬᠥᠭᠵᠢᠯᠲᠡ ᠶᠢᠨ ᠬᠠᠷᠠᠯᠲᠠ ᠪᠣᠯᠤᠭᠰᠠᠨ ᠪᠠᠶᠢᠨ᠎ᠠ᠃ ᠭᠠᠴᠠᠭ᠎ᠠ ᠤᠳᠤ ᠪᠠᠶᠢᠭ᠎ᠠ ᠲᠡᠵᠢᠭᠡᠨ ᠦᠷᠡᠵᠢᠭᠦᠯᠬᠦ ᠰᠠᠭᠤᠷᠢ ᠲᠥᠬᠦᠭᠡᠷᠦᠮᠵᠢ ᠪᠠᠨ ᠠᠰᠢᠭᠯᠠᠵᠤ᠂ 305 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠤᠨᠤᠭ ᠲᠥᠬᠦᠭᠡᠷᠦᠮᠵᠢ᠂ ᠡᠭᠦᠯᠳᠡᠷ ᠤᠨ ᠬᠤᠨᠢ ᠪᠣᠯᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ ︽ᠨᠠᠮ ᠤᠨ ᠡᠭᠦᠷ + ᠬᠤᠷᠰᠢᠶᠠᠵᠢᠯ + ᠮᠠᠯᠵᠢᠬᠤ ᠡᠷᠦᠬᠡ︾ ᠶᠢᠨ ᠵᠠᠭᠪᠤᠷ ᠢ ᠬᠡᠷᠡᠭᠯᠡᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ ᠲᠦᠷᠦᠯ ᠵᠦᠢᠯ ᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ ᠲᠡᠵᠢᠭᠡᠨ ᠦᠷᠡᠵᠢᠭᠦᠯᠬᠦ ᠡᠩᠨᠡᠭᠡ ᠳᠤ ᠵᠠᠯᠭᠠᠭ᠎ᠠ ᠪᠠᠷ ᠣᠷᠣᠯᠴᠠᠪᠠ᠃ ᠡᠭᠦᠨ ᠤ ᠬᠠᠮᠲᠤ᠂ ᠭᠠᠴᠠᠭ᠎ᠠ ᠨᠢ ᠰᠢᠯᠢᠳᠡᠭ ᠴᠢᠨᠠᠷ ᠤᠨ ᠤᠢ ᠵᠢᠮᠢᠰ ᠤᠨ ᠬᠦᠷᠢᠶᠡᠯᠡᠩ ᠢᠶᠠᠷ ᠲᠦᠰᠢᠭ ᠪᠣᠯᠭᠠᠵᠤ᠂ 2000 ᠭᠠᠷᠤᠢ ᠰᠠᠭᠤᠷᠢ ᠤᠢ ᠵᠢᠮᠢᠰ ᠢ ᠵᠠᠯᠭᠠᠵᠤ᠂ ᠤᠢ ᠰᠢᠭᠤᠢ ᠶᠢᠨ ᠬᠤᠷᠮᠣᠢ ᠳᠤ ᠴᠠᠷᠭᠠᠰᠤ ᠡᠪᠡᠰᠦ ᠲᠠᠷᠢᠵᠦ᠂ 600 ᠭᠠᠷᠤᠢ ᠴᠠᠷᠴᠠᠬᠠᠢ ᠤᠰᠠᠳᠬᠠᠬᠤ ᠲᠠᠬᠢᠶ᠎ᠠ ᠶᠢ ᠠᠪᠴᠢᠷᠠᠵᠤ᠂ ︽ᠤᠢ ᠰᠢᠭᠤᠢ ᠡᠪᠡᠰᠦ ᠵᠢᠭᠦᠷᠲᠡᠨ︾ ᠤ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠳᠡ ᠦᠭᠡᠢ ᠪᠤᠵᠠᠭᠠᠶᠢᠷᠠᠭᠤᠯᠵᠤ᠂ ᠠᠮᠢᠳᠤᠷᠠᠯ ᠰᠠᠶᠢᠵᠢᠷᠠᠪᠠᠯ ᠠᠮᠢᠳᠤᠷᠠᠯ ᠬᠦᠰᠡᠯ ᠡᠷᠡᠮᠡᠯᠵᠡᠯ ᠲᠠᠢ ᠪᠣᠯᠵᠤ᠂ ᠤᠯᠠᠨ ᠢᠶᠠᠷ ᠢᠶᠠᠨ ᠬᠦᠴᠦ ᠪᠠᠨ ᠬᠠᠮᠲᠤᠳᠬᠠᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠤ ᠪᠣᠢ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号