ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠬᠥᠮᠥᠨ ᠤ ᠬᠦᠴᠦ ᠪᠠᠷ100 ᠭᠠᠷᠤᠢ ᠲᠦᠮᠡᠨ ᠮᠦ ᠲᠠᠯᠠᠨ ᠬᠠᠯᠢᠰᠤ ᠲᠠᠷᠢᠵᠤ ᠣᠶᠢᠵᠢᠭᠤᠯᠤᠭᠠᠳ ᠰᠢᠷᠭᠠᠯ ᠮᠠᠩᠬ᠎ᠠ ᠶᠢ ᠰᠢᠨ᠎ᠡ ᠴᠠᠭ ᠤᠨ ᠮᠠᠯᠴᠢᠳ ᠢ ᠪᠠᠶᠠᠵᠢᠭᠤᠯᠬᠤ ᠠᠮᠢ ᠠᠬᠤᠢ ᠶᠢᠨ ᠨᠣᠭᠤᠭᠠᠨ ︽ᠪᠠᠩᠬᠢ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/6/7
                                         ● ᠰᠡᠴᠡᠨᠪᠠᠲᠤ               ᠽᠧᠩ ᠯᠢᠨ ᠹᠧᠢ ᠸᠠᠩ ᠢᠦᠢ ᠯᠢᠩᠬᠤ᠎ᠠ︶ ᠵᠤᠨ ᠤ ᠨᠠᠷᠠᠨ ᠵᠤᠯᠠᠢ ᠳᠡᠭᠡᠷ᠎ᠡ ᠠᠴᠠ ᠲᠥᠭᠡᠨᠡᠭᠰᠡᠨ 6 ᠰᠠᠷ᠎ᠠ ᠶᠢᠨ 1 ᠤ ᠡᠳᠦᠷ᠂ ᠰᠤᠷᠪᠤᠯᠵᠢᠯᠠᠬᠴᠢ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠤᠷᠳᠤᠭᠦ᠋ᠯ ᠭᠠᠴᠠᠭᠠᠨ ᠳᠤ ᠬᠦᠷᠬᠦ ᠳᠤ ᠬᠥᠮᠥᠨ ᠤ ᠬᠦᠴᠦ ᠪᠠᠷ ᠲᠠᠷᠢᠵᠤ ᠣᠶᠢᠵᠢᠭᠤᠯᠤᠭᠰᠠᠨ ᠲᠠᠯᠠᠨ ᠬᠠᠯᠢᠰᠤ ᠮᠠᠩᠬᠠᠨ ᠰᠢᠯᠢ ᠶᠢ ᠪᠦᠷᠬᠦᠵᠦ ᠡᠯᠡᠰᠦᠨ ᠤᠬᠴᠢᠨ ᠢ ᠳᠦᠭᠦᠷᠭᠡᠲᠡᠯ᠎ᠡ ᠤᠷᠭᠤᠵᠤ᠂ ᠰᠢᠷᠭᠠᠯ ᠮᠠᠩᠬᠠᠨ ᠳᠤᠮᠳᠠᠬᠢ ᠨᠣᠮᠢᠨ ᠨᠣᠭᠤᠭᠠᠨ ᠬᠠᠯᠬᠠᠪᠴᠢ ᠤᠢ ᠶᠢ ᠪᠦᠷᠢᠯᠳᠦᠭᠦᠯᠦᠭᠰᠡᠨ ᠠᠮᠢ ᠠᠬᠤᠢ ᠶᠢᠨ ᠡᠲᠡᠭᠡᠳ ᠭᠤᠶᠤ ᠦᠵᠡᠮᠵᠢ ᠬᠠᠷᠠᠭᠠᠨ ᠳᠤ ᠳᠡᠯᠭᠡᠭᠳᠡᠨ᠎ᠡ ᠃ ᠡᠨᠡ ᠪᠣᠯ ᠡᠷᠬᠡᠬᠠᠰᠢᠬ᠎ᠠ ᠰᠤᠮᠤᠨ ᠤ ᠬᠥᠮᠥᠨ ᠤ ᠬᠦᠴᠦ ᠪᠠᠷ ᠲᠠᠷᠢᠵᠤ ᠣᠶᠢᠵᠢᠭᠤᠯᠤᠭᠰᠠᠨ 100 ᠭᠠᠷᠤᠢ ᠲᠦᠮᠡᠨ ᠮᠦ ᠲᠠᠯᠠᠨ ᠬᠠᠯᠢᠰᠤ ᠶᠢᠨ ᠳᠣᠲᠣᠷᠠᠬᠢ 28 ᠲᠦᠮᠡᠨ ᠮᠦ ᠨᠢ ᠪᠠᠶᠢᠵᠤ᠂ 3 ᠵᠢᠯ ᠭᠠᠷᠤᠢ ᠶᠢᠨ ᠣᠶᠢᠵᠢᠭᠤᠯᠤᠯᠲᠠ ᠠᠷᠠᠴᠢᠯᠠᠯᠲᠠ ᠪᠠᠷ ᠲᠠᠮᠵᠢᠨ ᠲᠡᠭᠰᠢᠳᠬᠡᠭᠡᠳ 2 ᠮᠧᠲᠷ ᠥᠨᠳᠥᠷ ᠤᠷᠭᠤᠵᠤ᠂ ᠲᠡᠭᠷᠢ ᠡᠯᠡᠰᠦᠨ ᠤ ᠵᠡᠭᠦᠨᠰᠢ ᠨᠡᠭᠦᠳᠡᠯᠯᠡᠬᠦ ᠶᠢ ᠪᠦᠳᠦᠮᠵᠢᠳᠡᠢ ᠬᠤᠷᠢᠭᠯᠠᠵᠤ᠂ ᠲᠤᠬᠠᠢ ᠶᠢᠨ ᠭᠠᠵᠠᠷ ᠤᠨ ᠮᠠᠯᠴᠢᠳ ᠲᠠᠯᠠᠨ ᠬᠠᠯᠢᠰᠤ ᠶᠢᠨ ᠦᠷ᠎ᠡ ᠲᠡᠭᠦᠵᠦ ᠬᠤᠳᠠᠯᠳᠤᠭᠠᠳ ᠤᠷᠤᠯᠭ᠎ᠠ ᠪᠠᠨ ᠨᠡᠮᠡᠭᠳᠡᠭᠦᠯᠬᠦ ᠶᠢᠨ ᠬᠠᠮᠲᠤ ᠲᠠᠯᠠᠨ ᠬᠠᠯᠢᠰᠤ ᠶᠢᠨ ᠨᠠᠪᠴᠢ ᠨᠠᠮᠠᠭ᠎ᠠ ᠪᠠᠷ ᠰᠢᠮ᠎ᠡ ᠰᠠᠶᠢᠲᠠᠢ ᠲᠡᠵᠢᠭᠡᠯ ᠪᠣᠷᠳᠤᠭ᠎ᠠ ᠪᠤᠯᠭᠠᠵᠤ ᠦᠢᠯᠡᠳᠪᠦᠷᠢᠯᠡᠨ ᠠᠰᠢᠭᠯᠠᠵᠤ ᠴᠢᠳᠠᠭᠰᠠᠨ ᠠᠴᠠ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠢ ᠵᠡᠷᠭᠡ ᠪᠠᠷ ᠡᠭᠦᠳᠴᠦ᠂ ᠨᠡᠯᠦᠭᠡᠷ ᠶᠡᠭᠡ ᠡᠯᠡᠰᠦ ᠮᠠᠩᠬ᠎ᠠ  ᠨᠢ ᠮᠠᠯᠴᠢᠳ ᠤᠨ ᠪᠠᠶᠠᠵᠢᠯ ᠤᠨ ᠵᠠᠮ ᠳᠠᠬᠢ ᠠᠮᠢ ᠠᠬᠤᠢ ᠶᠢᠨ ᠨᠣᠭᠤᠭᠠᠨ ︽ᠪᠠᠩᠬᠢ︾ ᠪᠣᠯᠤᠭᠰᠠᠨ ᠪᠠᠶᠢᠨ᠎ᠠ᠃              ᠡᠷᠬᠡᠬᠠᠰᠢᠬ᠎ᠠ ᠰᠤᠮᠤ ᠠᠯᠠᠱᠠ ᠵᠡᠭᠦᠨ ᠬᠤᠰᠢᠭᠤᠨ ᠤ ᠪᠠᠷᠠᠭᠤᠨ ᠡᠮᠦᠨ᠎ᠡ ᠬᠡᠰᠡᠭ ᠤᠨ ᠲᠡᠭᠷᠢ ᠡᠯᠡᠰᠦᠨ ᠤ ᠥᠷᠥᠴᠡᠨ ᠳᠤ ᠪᠠᠶᠢᠷᠢᠯᠠᠵᠤ᠂ 8 ᠭᠠᠴᠠᠭ᠎ᠠ᠂ 921 ᠡᠷᠦᠭᠡ ᠶᠢᠨ 1798 ᠬᠥᠮᠥᠨ ᠠᠮᠠ ᠲᠠᠢ ᠴᠣᠯ ᠮᠠᠯᠵᠢᠬᠤ ᠰᠤᠮᠤ ᠪᠠᠶᠢᠵᠤ᠂ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠶ 8070.6 ᠬᠠᠪᠲᠠᠭᠠᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠡᠯᠡᠰᠦᠨ ᠴᠥᠯ ᠤᠨ ᠲᠠᠯᠠᠪᠠᠶ 6696 ᠬᠠᠪᠲᠠᠭᠠᠢ ᠳᠥᠷᠪᠡᠯᠵᠢᠨ ᠺᠢᠯᠣᠮᠧᠲᠷ ᠪᠠᠭᠲᠠᠵᠤ᠂ ᠶᠡᠷᠦᠩᠬᠡᠢ ᠲᠠᠯᠠᠪᠠᠶ ᠶᠢᠨ 83% ᠶᠢ ᠡᠵᠡᠯᠡᠵᠦ᠂ ᠵᠢᠯ ᠤᠨ ᠳᠤᠮᠳᠠᠴᠢ ᠬᠤᠷ᠎ᠠ ᠲᠤᠨᠤᠳᠠᠰᠤᠨ ᠤ ᠬᠡᠮᠵᠢᠶ᠎ᠡ 80 ᠠᠴᠠ 220 ᠮᠢᠯᠢᠮᠧᠲᠷ ᠪᠠᠶᠢᠵᠤ᠂ ᠥᠪᠥᠷ ᠮᠣᠩᠭᠤᠯ ᠬᠢᠭᠡᠳ ᠭᠠᠨᠰᠤ ᠶᠢᠨ ᠵᠠᠭᠠᠭ ᠲᠤ ᠪᠠᠶᠢᠷᠢᠰᠢᠳᠠᠭ ᠢᠶᠠᠷ ᠢᠶᠠᠨ ᠬᠤᠶᠠᠷ ᠮᠤᠵᠢ ᠣᠷᠣᠨ ᠤ ᠬᠤᠭᠤᠷᠤᠨᠳᠤᠭᠢ ᠨᠤᠲᠤᠭ ᠳᠡᠪᠢᠰᠬᠡᠷ ᠤᠨ ᠪᠦᠷᠢᠨ ᠪᠦᠲᠦᠨ᠂ ᠮᠠᠯᠴᠢᠨ ᠲᠠᠷᠢᠶᠠᠴᠢᠨ ᠤ ᠡᠶ᠎ᠡ ᠵᠣᠬᠢᠴᠠᠯᠳᠤ ᠦᠢᠯᠡᠳᠪᠦᠷᠢᠯᠡᠯ ᠠᠮᠢᠳᠤᠷᠠᠯ ᠬᠢᠭᠡᠳ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠵᠦ᠂ ᠮᠥᠨᠴᠦ ᠮᠠᠨ ᠤ ᠤᠯᠤᠰ ᠤᠨ ︽ᠤᠮᠠᠷᠠᠲᠤ ᠶᠢᠨ ᠭᠤᠷᠪᠠᠨ ᠣᠷᠣᠨ︾ ᠳᠠᠬᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠷᠦᠭᠦᠨ ᠳᠠᠶᠢᠯᠠᠯᠳᠤᠭᠠᠨ ᠤ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠦᠯ ᠵᠦᠢᠯ ᠤᠨ ︵ᠬᠤᠶᠠᠳᠤᠭᠠᠷ ᠬᠤᠭᠤᠴᠠᠭ᠎ᠠ︶ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠠᠬᠢ ᠭᠤᠣᠯ ᠵᠠᠰᠠᠯᠲᠠ ᠶᠢᠨ ᠣᠷᠣᠨ ᠤ ᠨᠢᠭᠡ ᠪᠣᠯᠤᠭᠰᠠᠨ ᠪᠠᠶᠢᠨ᠎ᠠ᠃              ᠳᠡᠭᠡᠷ᠎ᠡ ᠵᠠᠭᠤᠨ ᠤ ᠶᠡᠷᠡᠭᠡᠳ ᠣᠨ ᠠᠴᠠ ᠡᠬᠢᠯᠡᠨ᠂ ᠡᠷᠬᠡᠬᠠᠰᠢᠬ᠎ᠠ ᠰᠤᠮᠤ ᠵᠢᠯ ᠲᠤᠷᠰᠢ ᠭᠠᠩ ᠬᠠᠭᠰᠠᠷᠠᠭᠠᠨ ᠠᠴᠠ ᠪᠣᠯᠵᠤ ᠠᠮᠢ ᠠᠬᠤᠢ ᠮᠠᠭᠤᠳᠠᠨ᠂ ᠨᠤᠲᠤᠭ ᠪᠡᠯᠴᠢᠭᠡᠷ ᠡᠯᠡᠰᠦᠷᠬᠡᠭᠵᠢᠨ ᠲᠠᠴᠢᠷᠳᠠᠵᠤ᠂ ᠮᠠᠯᠴᠢᠳ ᠮᠠᠩᠬᠠᠨ ᠭᠤᠪᠢ ᠨᠤᠲᠤᠭ ᠠᠴᠠ ᠪᠠᠨ ᠨᠡᠭᠦᠵᠦ ᠰᠢᠯᠵᠢᠭᠰᠡᠨ ᠤ ᠲᠠᠷᠠᠭ᠎ᠠ ᠪᠠᠶᠢᠷᠢ ᠪᠡᠯᠴᠢᠭᠡᠷ ᠤᠨ ᠡᠯᠡᠰᠦᠷᠬᠡᠭᠵᠢᠯ ᠨᠢ ᠤᠯᠠᠮ ᠬᠡᠴᠡᠭᠦᠳᠡᠵᠦ᠂ ᠪᠠᠳᠠᠢ ᠶᠢᠨ ᠵᠢᠷᠠᠨ ᠡᠯᠡᠰᠦ ᠪᠣᠯᠣᠨ ᠲᠡᠭᠷᠢ ᠡᠯᠡᠰᠦ ᠬᠤᠭᠤᠷᠣᠨᠳᠤ ᠪᠠᠨ ᠥᠷᠭᠡᠵᠢᠨ ᠲᠡᠯᠡᠵᠤ ᠵᠠᠯᠭᠠᠯᠳᠤᠬᠤ ᠬᠡᠮᠵᠢᠶᠡᠨ ᠳᠤ ᠭᠦᠷᠦᠭᠰᠡᠨ ᠪᠠᠶᠢᠨ᠎ᠠ᠃ ᠨᠤᠲᠤᠭ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠯᠡᠰᠦ ᠶᠢ ᠵᠠᠰᠠᠵᠤ ᠠᠷᠠᠳ ᠢ ᠪᠠᠶᠠᠵᠢᠭᠤᠯᠤᠨ ᠨᠡᠶᠢᠭᠡᠮ ᠤᠨ ᠠᠰᠢᠭ ᠡᠭᠦᠳᠬᠦ ᠶᠢ ᠪᠡᠶᠡᠯᠡᠭᠦᠯᠬᠦ ᠶᠢᠨ ᠲᠥᠯᠥᠭᠡ᠂ 2008 ᠣᠨ ᠠᠴᠠ ᠡᠬᠢᠯᠡᠨ᠂ ᠠᠯᠠᠱᠠ ᠠᠶᠢᠮᠠᠭ ᠤᠷᠢᠳ ᠬᠤᠵᠢᠳ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠵᠠᠭ᠂ ᠲᠠᠯᠠᠨ ᠬᠠᠯᠢᠰᠤ ᠲᠠᠷᠢᠪᠠᠯ ᠬᠠᠷᠠᠭᠠᠯᠵᠠᠯ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠵᠠᠭ᠂ ᠲᠠᠯᠠᠨ ᠬᠠᠯᠢᠰᠤ ᠶᠢᠨ ᠤᠨᠳᠤᠷᠤᠯᠳᠠ ᠶᠢᠨ ᠨᠤᠷᠮ᠎ᠠ 70% ᠠᠴᠠ ᠳᠠᠪᠠᠪᠠᠯ ᠮᠦ ᠪᠦᠷᠢ ᠳᠤ 90 ᠲᠥᠭᠦᠷᠢᠭ ᠤᠨ ᠨᠥᠬᠦᠪᠦᠷᠢ ᠣᠯᠭᠤᠵᠤ᠂ 2016 ᠣᠨ ᠳᠤ ᠲᠤᠰ ᠪᠠᠷᠢᠮᠵᠢᠶ᠎ᠠ ᠶᠢ ᠳᠡᠭᠡᠭᠰᠢᠯᠡᠭᠦᠯᠦᠨ ᠮᠦ ᠪᠦᠷᠢ ᠳᠤ 200 ᠲᠥᠭᠦᠷᠢᠭ ᠪᠣᠯᠭᠠᠨ ᠨᠡᠮᠡᠭᠳᠡᠭᠦᠯᠵᠦ᠂ 2022 ᠣᠨ ᠳᠤ ᠮᠦ ᠪᠦᠷᠢ ᠳᠤ 300 ᠲᠥᠭᠦᠷᠢᠭ ᠪᠣᠯᠭᠠᠨ ᠨᠡᠮᠡᠭᠳᠡᠭᠦᠯᠦᠭᠰᠡᠨ ᠪᠠᠶᠢᠨ᠎ᠠ᠃ ᠡᠨᠡ ᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠨ ᠠᠰᠢᠭᠯᠠᠵᠤ᠂ ᠡᠯᠡᠰᠦᠷᠬᠡᠭᠵᠢᠭᠰᠡᠨ ᠨᠤᠲᠤᠭ ᠢᠶᠠᠨ ᠣᠶᠢᠵᠢᠭᠤᠯᠤᠨ ᠰᠡᠷᠭᠦᠭᠡᠬᠦ ᠪᠠᠷ ᠡᠷᠬᠡᠬᠠᠰᠢᠬ᠎ᠠ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠵᠢᠯ ᠤᠨ ᠲᠣᠭᠤᠷᠢᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠭᠤᠣᠯ ᠡᠭᠦᠷᠭᠡ ᠪᠣᠯᠭᠠᠨ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯᠣᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠮᠠᠯᠴᠢᠳ ᠢ ᠵᠣᠬᠢᠶᠠᠨ ᠪᠠᠶᠢᠭᠤᠯᠵᠤ᠂ ᠲᠤᠬᠠᠢ ᠶᠢᠨ ᠭᠠᠵᠠᠷ ᠤᠨ ᠪᠠᠶᠢᠷᠢ ᠪᠡᠯᠴᠢᠭᠡᠷ ᠣᠷᠴᠢᠨ ᠲᠣᠭᠤᠷᠢᠨ ᠳᠤ ᠵᠣᠬᠢᠴᠠᠭᠰᠠᠨ ᠲᠠᠯᠠᠨ ᠬᠠᠯᠢᠰᠤ ᠭᠡᠬᠦ ᠪᠤᠲᠠᠯᠢᠭ ᠤᠷᠭᠤᠮᠠᠯ ᠢ ᠶᠡᠭᠡ ᠬᠡᠪᠴᠢᠶ᠎ᠡ ᠪᠠᠷ ᠲᠠᠷᠢᠵᠤ ᠣᠶᠢᠵᠢᠭᠤᠯᠬᠤ᠂ ᠦᠷ᠎ᠡ ᠶᠢ ᠨᠢ ᠲᠡᠭᠦᠵᠦ ᠬᠤᠳᠠᠯᠳᠤᠬᠤ᠂ ᠠᠰᠢᠭ ᠤᠷᠤᠯᠭ᠎ᠠ ᠪᠠᠨ ᠬᠤᠪᠢᠶᠠᠷᠢᠯᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠠᠪᠤᠭᠰᠠᠨ ᠠᠴᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠡᠯᠡᠰᠦᠨ ᠤ ᠠᠵᠤ ᠦᠢᠯᠡᠰ ᠢ ᠬᠥᠭᠵᠢᠭᠦᠯᠦᠨ᠂ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠵᠦ᠂ ᠮᠠᠯᠴᠢᠳ ᠲᠠᠭᠠᠨ ᠦᠨᠡᠨ ᠪᠣᠳᠠᠲᠤ ᠠᠰᠢᠭ ᠬᠦᠷᠲᠡᠭᠡᠭᠰᠡᠨ ᠪᠠᠶᠢᠨ᠎ᠠ᠃              ᠡᠷᠬᠡᠬᠠᠰᠢᠬ᠎ᠠ ᠰᠤᠮᠤᠨ ᠤ ᠬᠥᠮᠥᠨ ᠤ ᠬᠦᠴᠦ ᠪᠠᠷ ᠲᠠᠷᠢᠵᠤ ᠣᠶᠢᠵᠢᠭᠤᠯᠤᠭᠰᠠᠨ 100 ᠭᠠᠷᠤᠢ ᠲᠦᠮᠡᠨ ᠮᠦ ᠲᠠᠯᠠᠨ ᠬᠠᠯᠢᠰᠤ ᠶᠢᠨ 70 ᠲᠦᠮᠡᠨ ᠮᠦ ᠨᠢ ᠤᠷᠳᠤᠭᠦ᠋ᠯ ᠭᠠᠴᠠᠭᠠᠨ ᠳᠤ ᠪᠠᠶᠢᠳᠠᠭ᠃ 2012 ᠣᠨ ᠳᠤ᠂ ᠠᠯᠠᠱᠠ ᠵᠡᠭᠦᠨ ᠬᠤᠰᠢᠭᠤᠨ ᠤ ᠣᠢ ᠰᠢᠭᠤᠢ ᠶᠢᠨ ᠠᠵᠢᠯ ᠤᠨ ᠥᠷᠲᠡᠭᠡ ᠶᠢᠨ ᠬᠠᠪᠰᠤᠷᠤᠯᠭ᠎ᠠ ᠳᠣᠣᠷ᠎ᠠ᠂ ᠤᠷᠳᠤᠭᠦ᠋ᠯ ᠭᠠᠴᠠᠭ᠎ᠠ ᠴᠠᠭᠠᠨ ᠭᠤᠶᠣᠣ ᠶᠢᠨ ᠠᠵᠤ ᠦᠢᠯᠡᠰ ᠢ ᠬᠥᠭᠵᠢᠭᠦᠯᠬᠦ ᠵᠠᠮ ᠢ ᠬᠠᠶᠢᠨ ᠰᠦᠪᠡᠭᠴᠢᠯᠡᠵᠡᠢ᠃ ᠮᠠᠯᠴᠢᠨ ᠬᠠᠨ ᠳ᠋ᠠ ᡁᠢ 4000 ᠭᠠᠷᠤᠢ ᠮᠦ ᠵᠠᠭ ᠲᠠᠷᠢᠭᠠᠳ ᠤᠨᠳᠤᠷᠤᠯᠳᠠ ᠶᠢᠨ ᠨᠤᠷᠮ᠎ᠠ ᠳᠣᠣᠷ᠎ᠠ᠂ ᠤᠷᠭᠤᠯᠲᠠ ᠨᠡᠶᠢᠳᠡᠮ ᠳᠡᠭᠡᠨ ᠲᠡᠶᠢᠮᠦ ᠰᠠᠶᠢᠨ ᠪᠢᠰᠢ ᠪᠠᠶᠢᠵᠠᠢ᠃ ᠭᠠᠴᠠᠭᠠᠨ ᠤ ᠪᠤᠰᠤᠳ ᠮᠠᠯᠴᠢᠳ ᠤᠨ ᠳᠠᠷᠢᠭᠰᠠᠨ ᠵᠠᠭ ᠤᠨ ᠤᠷᠭᠤᠯᠲᠠ ᠤᠨᠳᠤᠷᠤᠯᠳᠠ ᠶᠢᠨ ᠪᠠᠶᠢᠳᠠᠯ ᠬᠠᠨ ᠳ᠋ᠠ ᡁᠢ ᠬᠢ ᠲᠠᠢ ᠠᠳᠠᠯᠢ ᠪᠣᠯᠵᠤ᠂ ᠵᠠᠭ ᠳᠠᠷᠢᠭᠰᠠᠨ ᠲᠤᠷᠰᠢᠯᠲᠠ ᠢᠯᠠᠭᠳᠠᠯ ᠢᠶᠠᠷ ᠳᠠᠭᠤᠰᠤᠭᠰᠠᠨ ᠪᠠᠶᠢᠪᠠ᠃ ᠭᠡᠪᠡᠴᠦ ᠮᠠᠯᠴᠢᠳ ᠵᠣᠷᠢᠭ ᠮᠣᠬᠤᠭᠰᠠᠨ ᠦᠭᠡᠢ ᠬᠠᠷᠢᠨ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠬᠤᠷᠢᠳᠤᠭᠠᠷ ᠵᠠᠭᠤᠨ ᠤ ᠲᠠᠯᠠ ᠨᠠᠶᠠᠭᠠᠳ ᠣᠨ ᠭᠦᠷᠳᠡᠯ᠎ᠡ ᠡᠨᠡ ᠨᠤᠲᠤᠭ ᠲᠤ ᠡᠯᠪᠡᠭ ᠤᠷᠭᠤᠵᠤ ᠪᠠᠶᠢᠭᠰᠠᠨ ᠲᠠᠯᠠᠨ ᠬᠠᠯᠢᠰᠤ ᠶᠢ ᠲᠠᠷᠢᠬᠤ ᠪᠠᠷ ᠵᠣᠷᠢᠭ ᠰᠢᠢᠳᠴᠦ᠂ 2016 ᠣᠨ ᠳᠤ᠂ ᠬᠠᠨ ᠳ᠋ᠠ ᡁᠢ 3000 ᠮᠦ ᠲᠠᠯᠠᠨ ᠬᠠᠯᠢᠰᠤ ᠲᠠᠷᠢᠵᠤ᠂ 2018 ᠣᠨ ᠳᠤ ᠵᠠᠯᠭᠠᠭᠠᠳ 20000 ᠭᠠᠷᠤᠢ ᠮᠦ ᠲᠠᠷᠢᠵᠤ᠂ ᠤᠨᠳᠤᠷᠤᠯᠳᠠ ᠶᠢᠨ ᠨᠤᠷᠮ᠎ᠠ ᠨᠢ 70% ᠠᠴᠠ ᠳᠡᠭᠡᠭᠰᠢ ᠳᠠᠪᠠᠪᠠᠯ᠂ ᠤᠳᠤ ᠪᠤᠯᠬᠤ ᠳᠤ ᠲᠡᠭᠦᠨ ᠤ ᠳᠠᠷᠢᠭᠰᠠᠨ ᠲᠠᠯᠠᠨ ᠬᠠᠯᠢᠰᠤ ᠶᠢᠨ ᠲᠠᠯᠠᠪᠠᠢ 14 ᠲᠦᠮᠡᠨ ᠮᠦ ᠪᠣᠯᠵᠤ᠂ ᠨᠡᠶᠢᠲᠡ 1000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠯᠠ ᠣᠶᠢᠷ᠎ᠠ ᠳᠤ ᠠᠯᠳᠠᠷᠰᠢᠭᠰᠠᠨ ᠲᠠᠯᠠᠨ ᠬᠠᠯᠢᠰᠤ ᠳᠠᠷᠢᠭᠰᠠᠨ ᠲᠣᠮᠣ ᠡᠷᠦᠭᠡ ᠪᠣᠯᠤᠭᠰᠠᠨ ᠪᠠᠶᠢᠨ᠎ᠠ᠃ ︽ᠥᠩᠭᠡᠷᠡᠭᠰᠡᠨ ᠳᠤ ᠲᠠᠯᠠᠨ ᠬᠠᠯᠢᠰᠤ ᠶᠢ ᠡᠯᠡᠰᠦ ᠲᠣᠭᠲᠠᠪᠤᠷᠢᠵᠢᠭᠤᠯᠬᠤ᠂ ᠰᠠᠯᠬᠢ ᠰᠢᠭᠤᠷᠭᠠᠨ ᠢ ᠲᠣᠭᠲᠠᠭᠠᠨ ᠮᠠᠯ ᠠᠮᠢᠳᠠᠨ ᠳᠤ ᠨᠥᠮᠥᠷᠢ ᠪᠤᠯᠬᠤ᠂ ᠲᠡᠮᠡᠭᠡ ᠮᠠᠯ ᠤᠨ ᠢᠳᠡᠰᠢ ᠪᠤᠯᠬᠤ᠂ ᠲᠦᠯᠡᠭᠡ ᠲᠦᠯᠡᠰᠢ ᠬᠢᠬᠦ᠂ ᠬᠠᠰᠢᠶ᠎ᠠ ᠰᠠᠷᠠᠪᠴᠢ ᠪᠠᠷᠢᠬᠤ᠂ ᠡᠮ ᠡᠮᠨᠡᠯᠭᠡ ᠳᠤ ᠬᠡᠷᠡᠭᠯᠡᠬᠦ ᠮᠡᠲᠦ ᠶᠢᠨ ᠲᠠᠯᠠᠨ ᠲᠦᠷᠦᠯ ᠤᠨ ᠬᠡᠷᠡᠭᠴᠡᠭᠡ ᠲᠠᠢ ᠪᠤᠳᠠ ᠮᠣᠳᠣ ᠭᠡᠵᠦ ᠨᠤᠲᠤᠭ ᠤᠨ ᠪᠤᠭᠤᠷᠤᠯᠴᠤᠳ ᠶᠠᠷᠢᠳᠠᠭ ᠪᠠᠶᠢᠭᠰᠠᠨ᠃ ᠤᠳᠤ ᠪᠠᠰᠠ ᠵᠤᠭᠠᠴᠠᠯ ᠳᠤ ᠠᠰᠢᠭᠯᠠᠬᠤ᠂ ᠦᠷ᠎ᠡ ᠶᠢ ᠨᠢ ᠲᠡᠭᠦᠵᠦ ᠬᠤᠳᠠᠯᠳᠤᠬᠤ᠂ ᠵᠥᠭᠡᠢ ᠲᠡᠵᠢᠭᠡᠬᠦ ᠮᠡᠲᠦ ᠶᠢᠨ ᠰᠢᠨ᠎ᠡ ᠦᠢᠯᠡᠳᠦᠯ ᠬᠡᠷᠡᠭᠴᠡᠭᠡ ᠨᠡᠮᠡᠭᠳᠡᠵᠦ ᠪᠠᠶᠢᠨ᠎ᠠ᠃ ᠮᠠᠨ ᠤ ᠭᠠᠴᠠᠭ᠎ᠠ ᠲᠠᠯᠠᠨ ᠬᠠᠯᠢᠰᠤ ᠶᠢᠨ ᠠᠵᠤ ᠦᠢᠯᠡᠰ ᠢ ᠬᠥᠭᠵᠢᠭᠦᠯᠦᠭᠰᠡᠨ ᠠᠴᠠ ᠨᠠᠭᠠᠰᠢ᠂ ᠡᠯᠡᠰᠦ ᠰᠠᠯᠬᠢᠨ ᠤ ᠳᠠᠭᠠᠷᠢᠯᠲᠠ ᠶᠢ ᠬᠤᠷᠢᠭᠯᠠᠵᠤ᠂ ᠠᠮᠢ ᠠᠬᠤᠢ ᠣᠷᠴᠢᠨ ᠲᠣᠭᠤᠷᠢᠨ ᠰᠠᠶᠢᠵᠢᠷᠠᠨ᠂ ᠡᠯᠡᠰᠦᠨ ᠳᠣᠪᠣᠴᠠᠭ ᠪᠣᠭᠤᠨᠢ ᠪᠣᠯᠤᠭᠰᠠᠨ ᠢᠶᠠᠷ ᠪᠠᠷᠠᠬᠤ ᠦᠭᠡᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠨᠢᠳᠤᠨᠤᠨ ᠵᠢᠯ ᠲᠠᠯᠠᠨ ᠬᠠᠯᠢᠰᠤ ᠶᠢᠨ ᠦᠷ᠎ᠡ ᠶᠢ ᠲᠡᠭᠦᠵᠦ ᠬᠤᠳᠠᠯᠳᠤᠭᠠᠳ ᠮᠠᠯᠴᠢᠳ ᠲᠤ 20 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠠᠪᠴᠢᠷᠠᠵᠤ ᠥᠭᠴᠡᠢ︾ ᠭᠡᠵᠦ ᠤᠷᠳᠤᠭᠦ᠋ᠯ ᠭᠠᠴᠠᠭᠠᠨ ᠤ ᠮᠠᠯᠴᠢᠨ ᠬᠠᠨ ᠳ᠋ᠠ ᡁᠢ ᠪᠠᠶᠠᠷᠲᠠᠶᠢᠬᠠᠨ ᠶᠠᠷᠢᠨ᠎ᠠ᠃                            ᠡᠷᠬᠡᠬᠠᠰᠢᠬ᠎ᠠ ᠰᠤᠮᠤᠨ ᠤ ᠤᠷᠳᠤᠭᠦ᠋ᠯ ᠭᠠᠴᠠᠭᠠᠨ ᠤ ᠲᠠᠯᠠᠨ ᠬᠠᠯᠢᠰᠤ ᠲᠠᠷᠢᠵᠤ ᠪᠤᠯᠬᠤ ᠪᠡᠯᠴᠢᠭᠡᠷ ᠤᠨ ᠲᠠᠯᠠᠪᠠᠢ 770 ᠬᠠᠪᠲᠠᠭᠠᠢ ᠳᠥᠷᠪᠡᠯᠵᠢᠨ ᠺᠢᠯᠣᠮᠧᠲᠷ ᠲᠤ ᠬᠦᠷᠴᠦ᠂ ᠡᠲᠡᠭᠡᠷ ᠵᠢᠯ ᠳᠤ ᠭᠠᠴᠠᠭᠠᠨ ᠤ ᠲᠠᠯ᠎ᠠ ᠠᠴᠠ ᠨᠡᠶᠢᠳᠡ ᠶᠢᠨ ᠪᠡᠯᠴᠢᠭᠡᠷ ᠢ ᠭᠠᠳᠠᠭᠰᠢ ᠲᠦᠷᠢᠶᠡᠰᠦᠯᠡᠬᠦ᠂ ᠮᠠᠯᠴᠢᠳ ᠲᠤ ᠳᠠᠭᠠᠭᠠᠴᠢᠯᠠᠭᠤᠯᠬᠤ᠂ ᠨᠢᠰᠬᠡᠯ ᠢᠶᠠᠷ ᠣᠶᠢᠵᠢᠭᠤᠯᠬᠤ ᠵᠡᠷᠭᠡ ᠠᠷᠭ᠎ᠠ ᠭᠡᠯᠪᠡᠷᠢ ᠪᠠᠷ ᠲᠠᠯᠠᠨ ᠬᠠᠯᠢᠰᠤ ᠲᠠᠷᠢᠵᠤ ᠣᠶᠢᠵᠢᠭᠤᠯᠬᠤ ᠦᠢᠯᠡᠰ ᠢ ᠶᠡᠭᠡ ᠪᠠᠷ ᠬᠥᠭᠵᠢᠭᠦᠯᠵᠦ᠂ ᠤᠳᠤ ᠪᠤᠯᠬᠤ ᠳᠤ ᠪᠦᠭᠦ ᠭᠠᠴᠠᠭᠠᠨ ᠤ ᠲᠠᠯᠠᠨ ᠬᠠᠯᠢᠰᠤ ᠲᠠᠷᠢᠵᠤ ᠣᠶᠢᠵᠢᠭᠤᠯᠤᠭᠰᠠᠨ ᠲᠠᠯᠠᠪᠠᠢ 69 ᠲᠦᠮᠡ ᠭᠠᠷᠤᠢ ᠮᠦ ᠳᠤ ᠬᠦᠷᠴᠦ᠂ ᠪᠦᠭᠦ ᠠᠶᠢᠮᠠᠭ ᠲᠤ ᠲᠠᠯᠠᠨ ᠬᠠᠯᠢᠰᠤ ᠳᠠᠷᠢᠭᠰᠠᠨ ᠲᠠᠯᠠᠪᠠᠢ ᠬᠠᠮᠤᠭ ᠶᠡᠭᠡ ᠭᠠᠴᠠᠭ᠎ᠠ ᠪᠣᠯᠵᠤ᠂ ᠴᠠᠭᠠᠨᠬᠦᠦ᠂ ᠬᠠᠨ ᠳ᠋ᠠ ᡁᠢ᠂ ᠮᠠ ᠵᠦᠩ ᠳ᠋ᠧ᠂ ᠪᠠᠢ ᠶᠢᠨ ᠵᠢᠶᠦ᠋ᠨ ᠵᠡᠷᠭᠡ ᠲᠠᠯᠠᠨ ᠬᠠᠯᠢᠰᠤ ᠲᠠᠷᠢᠵᠤ ᠣᠶᠢᠵᠢᠭᠤᠯᠤᠭᠰᠠᠨ ᠲᠣᠮᠣ ᠡᠷᠦᠭᠡ ᠴᠣᠯᠭᠤᠷᠠᠨ ᠭᠠᠷᠴᠤ᠂ ᠭᠠᠴᠠᠭᠠᠨ ᠤ ᠮᠠᠯᠴᠢᠳ ᠲᠤ ᠲᠠᠯᠠᠨ ᠬᠠᠯᠢᠰᠤ ᠲᠠᠷᠢᠵᠤ ᠣᠶᠢᠵᠢᠭᠤᠯᠬᠤ ᠬᠥᠲᠥᠴᠢ ᠦᠢᠯᠡᠳᠦᠯ ᠦᠵᠡᠭᠦᠯᠦᠨ᠂ ᠭᠠᠴᠠᠭᠠᠨ ᠤ ᠵᠢᠯ ᠤᠨ ᠬᠠᠮᠲᠤ ᠶᠢᠨ ᠠᠵᠤ ᠠᠬᠤᠢ ᠶᠢᠨ ᠤᠷᠤᠯᠭ᠎ᠠ ᠲᠠᠯᠠᠨ ᠬᠠᠯᠢᠰᠤ ᠲᠠᠷᠢᠬᠤ ᠠᠴᠠ ᠡᠮᠦᠨᠡᠬᠢ ᠦᠶ᠎ᠡ ᠶᠢᠨ 1 ᠲᠦᠮᠡᠨ ᠲᠥᠭᠦᠷᠢᠭ ᠬᠦᠷᠬᠦ ᠦᠭᠡᠢ ᠪᠠᠶᠢᠭᠰᠠᠨ ᠠᠴᠠ ᠣᠳᠣ ᠪᠤᠯᠬᠤ ᠳᠤ 320 ᠲᠦᠮᠡᠨ ᠲᠥᠭᠦᠷᠢᠭ ᠲᠤ ᠬᠦᠷᠴᠦ᠂ ᠮᠠᠯᠴᠢᠳ ᠤᠨ ᠡᠵᠡᠮᠳᠡᠵᠦ ᠪᠤᠯᠬᠤ ᠣᠷᠣᠯᠭ᠎ᠠ ᠨᠡᠮᠡᠭᠳᠡᠭᠡᠳ 25376.4 ᠲᠥᠭᠦᠷᠢᠭ ᠲᠤ ᠬᠦᠷᠴᠡᠢ᠃ ᠤᠷᠳᠤᠭᠦ᠋ᠯ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠪᠥᠬᠡᠪᠠᠶᠠᠷ᠄ ︽ᠮᠠᠨ ᠤ ᠭᠠᠴᠠᠭ᠎ᠠ 2018 ᠣᠨ ᠳᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ 150 ᠲᠦᠮᠡᠨ ᠲᠥᠭᠦᠷᠢᠭ ᠭᠠᠷᠭᠠᠵᠤ᠂ ᠬᠡᠦᠬᠡᠳ ᠪᠠᠭᠠᠴᠤᠤᠯ᠂ ᠢᠳᠡᠷᠴᠦᠦᠯ᠂ ᠨᠠᠰᠤᠲᠠᠶᠢᠴᠤᠤᠯ ᠵᠡᠷᠭᠡ ᠭᠤᠷᠪᠠᠨ ᠲᠡᠰ ᠬᠤᠪᠢᠶᠠᠨ ᠮᠠᠯᠴᠢᠳ ᠲᠤ ᠠᠰᠢᠭ ᠬᠤᠪᠢᠶᠠᠷᠢᠯᠠᠵᠤ᠂ ᠡᠷᠦᠭᠡ ᠪᠦᠷᠢ ᠳᠤ ᠲᠡᠭᠰᠢᠳᠬᠡᠭᠡᠳ 2000 ᠠᠴᠠ 3000 ᠭᠠᠷᠤᠢ ᠲᠥᠭᠦᠷᠢᠭ ᠤᠨ ᠠᠰᠢᠭ ᠬᠦᠷᠲᠡᠭᠡᠵᠡᠢ᠂ ᠡᠨᠡ ᠵᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ 50 ᠠᠴᠠ 100 ᠲᠦᠮᠡᠨ ᠲᠥᠭᠦᠷᠢᠭ ᠭᠠᠷᠭᠠᠵᠤ᠂ ᠮᠠᠯᠴᠢᠳ ᠲᠤ ᠦᠷᠭᠦᠯᠵᠢᠯᠡᠨ ᠠᠰᠢᠭ ᠬᠤᠪᠢᠶᠠᠷᠢᠯᠠᠬᠤ ᠪᠠᠷ ᠲᠥᠯᠥᠪᠯᠡᠵᠦ ᠪᠠᠶᠢᠨ᠎ᠠ᠃ ᠭᠠᠴᠠᠭᠠᠨ ᠤ ᠲᠠᠯ᠎ᠠ ᠠᠴᠠ ᠵᠢᠯ ᠪᠦᠷᠢ ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ ᠵᠣᠬᠢᠬᠤ ᠪᠡᠯᠡ ᠮᠥᠩᠭᠦ ᠭᠠᠷᠭᠠᠵᠤ᠂ ᠶᠡᠭᠡ ᠰᠤᠷᠭᠠᠭᠤᠯᠢ ᠶᠢᠨ ᠣᠶᠤᠲᠠᠨ᠂ ᠵᠡᠮᠳᠡᠭ ᠬᠥᠮᠥᠨ᠂ ᠬᠦᠨᠳᠦ ᠡᠪᠡᠳᠴᠢᠲᠡᠨ᠂ ᠠᠮᠢᠳᠤᠷᠠᠯ ᠬᠦᠴᠢᠷᠳᠡᠯᠲᠡᠢ ᠡᠷᠦᠭᠡ ᠵᠡᠷᠭᠡ ᠳᠤ ᠲᠤᠰᠠᠯᠠᠮᠵᠢ ᠬᠦᠷᠲᠡᠭᠡᠬᠦ ᠶᠢ ᠪᠠᠷᠢᠮᠲᠠᠯᠠᠭᠠᠳ ᠤᠯᠠᠨ ᠵᠢᠯ ᠪᠣᠯᠵᠤ ᠪᠤᠢ᠃ ᠮᠠᠯᠴᠢᠳ ᠤᠨ ᠤᠷᠤᠯᠭ᠎ᠠ ᠰᠢᠨ᠎ᠡ ᠨᠡᠮᠡᠭᠳᠡᠯ ᠲᠠᠢ ᠪᠣᠯᠵᠤ᠂ ᠣᠷᠴᠢᠨ ᠲᠣᠭᠤᠷᠢᠨ ᠨᠣᠭᠤᠭᠠᠷᠠᠨ᠂ ᠠᠶᠢᠯ ᠡᠷᠦᠭᠡ ᠭᠡᠷ ᠪᠠᠶᠢᠰᠢᠩ ᠢᠶᠠᠨ ᠰᠢᠨᠡᠳᠬᠡᠵᠦ᠂ ᠨᠤᠲᠤᠭ ᠤᠰᠤᠨ ᠤ ᠪᠠᠶᠢᠳᠠᠯ ᠰᠢᠨ᠎ᠡ ᠬᠤᠪᠢᠷᠠᠯᠲᠠ ᠭᠠᠷᠬᠤ ᠶᠢ ᠳᠠᠭᠠᠯᠳᠤᠨ᠂ ᠬᠤᠳᠠ ᠣᠷᠣᠭᠰᠠᠨ ᠪᠤᠶᠤ ᠭᠠᠳᠠᠭᠰᠢ ᠭᠠᠷᠴᠤ ᠠᠵᠢᠯ ᠬᠢᠵᠦ ᠶᠠᠪᠤᠭᠰᠠᠨ ᠬᠥᠮᠥᠰ ᠴᠤ ᠬᠠᠷᠢᠵᠤ ᠢᠷᠡᠭᠡᠳ ᠨᠤᠲᠤᠭ ᠤᠰᠤᠨ ᠳᠠᠭᠠᠨ ᠨᠣᠭᠤᠭᠠᠷᠠᠭᠤᠯᠤᠯᠲᠠ ᠬᠢᠵᠦ᠂ ᠡᠯᠡᠰᠦᠨ ᠤ ᠠᠵᠤ ᠦᠢᠯᠡᠰ ᠤᠨ ᠬᠥᠭᠵᠢᠯᠲᠡ ᠳᠤ ᠤᠷᠤᠯᠴᠠᠵᠤ ᠪᠠᠶᠢᠨ᠎ᠠ︾ ᠭᠡᠵᠦ ᠪᠠᠶᠢᠪᠠ᠃              2023 ᠣᠨ ᠤ ᠰᠡᠭᠦᠯᠴᠢ ᠪᠤᠯᠲᠠᠯ᠎ᠠ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠪᠠᠶᠢᠭᠠᠯᠢᠯᠢᠭ ᠤᠢ ᠶᠢ ᠬᠠᠮᠠᠭᠠᠯᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ᠂ ᠮᠠᠯᠵᠢᠬᠤ ᠶᠢ ᠵᠣᠭᠰᠣᠭᠠᠵᠤ ᠪᠡᠯᠴᠢᠭᠡᠷ ᠰᠡᠷᠭᠦᠭᠡᠬᠦ᠂ ᠲᠠᠴᠢᠷᠳᠠᠭᠰᠠᠨ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠬᠦ ᠶᠢᠨ ᠬᠠᠮᠲᠤ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ SEE ᠠᠮᠢ ᠠᠬᠤᠢ ᠶᠢᠨ ᠨᠡᠶᠢᠭᠡᠮᠯᠢᠭ᠂ ᠠᠯᠠᠱᠠ ᠶᠢᠨ ᠠᠮᠢ ᠠᠬᠤᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠪᠦᠯᠭᠦᠮ ᠲᠠᠢ ᠨᠢᠭᠲᠠ ᠬᠠᠮᠵᠢᠯᠴᠠᠵᠤ᠂ ᠬᠥᠮᠥᠨ ᠤ ᠬᠦᠴᠦ ᠪᠠᠷ ᠲᠠᠷᠢᠵᠤ ᠣᠶᠢᠵᠢᠭᠤᠯᠤᠭᠰᠠᠨ ᠲᠠᠯᠠᠨ ᠬᠠᠯᠢᠰᠤ ᠶᠢᠨ ᠲᠠᠯᠠᠪᠠᠢ ᠨᠡᠶᠢᠲᠡ 116.61 ᠲᠦᠮᠡᠨ ᠮᠦ ᠳᠤ ᠬᠦᠷᠴᠦ᠂ ᠪᠦᠭᠦ ᠠᠶᠢᠮᠠᠭ ᠲᠤ ᠲᠠᠯᠠᠨ ᠬᠠᠯᠢᠰᠤ ᠲᠠᠷᠢᠵᠦ ᠣᠶᠢᠵᠢᠭᠤᠯᠤᠭᠰᠠᠨ ᠬᠠᠮᠤᠭ ᠲᠣᠮᠣ ᠰᠠᠭᠤᠷᠢᠨ ᠭᠠᠵᠠᠷ ᠢ ᠪᠠᠶᠢᠭᠤᠯᠵᠤ᠂ ᠪᠦᠭᠦ ᠰᠤᠮᠤᠨ ᠤ ᠵᠣᠩᠬᠢᠯᠠᠬᠤ ᠪᠠᠶᠢᠷᠢ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠡᠯᠡᠰᠦ ᠶᠢ ᠬᠤᠷᠢᠭᠯᠠᠨ ᠵᠠᠰᠠᠬᠤ ᠬᠠᠯᠬᠠᠪᠴᠢ ᠪᠦᠰᠡ ᠶᠢ ᠪᠦᠷᠢᠯᠳᠦᠭᠦᠯᠦᠨ᠂ ᠨᠡᠭᠦᠳᠡᠯ ᠡᠯᠡᠰᠦ ᠶᠢ ᠲᠣᠭᠲᠠᠪᠤᠷᠢᠵᠢᠭᠤᠯᠤᠨ᠂ ᠡᠯᠡᠰᠦ ᠮᠠᠩᠬ᠎ᠠ  ᠶᠢᠨ ᠥᠷᠭᠡᠵᠢᠨ ᠨᠡᠭᠦᠳᠡᠯᠯᠡᠬᠦ ᠶᠢ ᠪᠦᠳᠦᠮᠵᠢᠳᠡᠢ ᠬᠤᠷᠢᠭᠯᠠᠵᠤ᠂ ᠰᠠᠯᠬᠢ ᠰᠢᠭᠤᠷᠭ᠎ᠠ ᠪᠤᠰᠬᠤ ᠨᠤᠷᠮ᠎ᠠ ᠶᠢ ᠪᠠᠭᠠᠰᠬᠠᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠰᠠᠶᠢᠵᠢᠷᠠᠵᠤ᠂ ᠪᠠᠳᠠᠢ ᠶᠢᠨ ᠵᠢᠷᠠᠨ ᠡᠯᠡᠰᠦ ᠪᠣᠯᠣᠨ ᠲᠡᠭᠷᠢ ᠡᠯᠡᠰᠦᠨ ᠤ ᠦᠷᠭᠦᠯᠵᠢᠯᠡᠨ ᠵᠠᠯᠭᠠᠯᠳᠤᠬᠤ ᠶᠢ ᠬᠤᠷᠢᠭᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ  ᠶᠢ ᠵᠠᠰᠠᠬᠤ ᠠᠵᠢᠯ ᠢᠯᠡᠷᠬᠡᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ 2024 ᠣᠨ ᠳᠤ᠂ ᠡᠷᠬᠡᠬᠠᠰᠢᠬ᠎ᠠ ᠰᠤᠮᠤ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶  ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 47 ᠲᠦᠮᠡᠨ ᠮᠦ ᠡᠯᠡᠰᠦ ᠮᠠᠩᠬ᠎ᠠ ᠶᠢ ᠡᠪᠡᠰᠦᠨ ᠳᠥᠷᠪᠡᠯᠵᠢ ᠪᠠᠷ ᠲᠣᠭᠲᠠᠪᠤᠷᠢᠵᠢᠭᠤᠯᠵᠤ᠂ ᠬᠥᠮᠥᠨ ᠤ ᠬᠦᠴᠦ ᠪᠠᠷ 34 ᠲᠦᠮᠡᠨ ᠮᠦ ᠡᠪᠡᠰᠦ ᠳᠠᠷᠢᠬᠤ ᠶᠢ ᠪᠡᠶᠡᠯᠡᠭᠦᠯᠦᠭᠰᠡᠨ ᠪᠠᠶᠢᠨ᠎ᠠ᠃ ᠡᠷᠬᠡᠬᠠᠰᠢᠬ᠎ᠠ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠲᠣᠯᠢᠲᠤ ᠬᠡᠯᠡᠬᠦ ᠳᠡᠭᠡᠨ᠂ ︽ᠮᠠᠨ ᠤ ᠰᠤᠮᠤ ᠤᠳᠤ ᠪᠤᠯᠳᠠᠯ᠎ᠠ ᠲᠠᠯᠠᠨ ᠬᠠᠯᠢᠰᠤ ᠳᠠᠷᠢᠭᠰᠠᠨ ᠮᠠᠯᠴᠢᠳ ᠲᠤ ᠨᠡᠶᠢᠲᠡ 2 ᠳ᠋ᠦᠩᠰᠢᠭᠤᠷ ᠭᠠᠷᠤᠢ ᠲᠥᠭᠦᠷᠢᠭ ᠤᠨ ᠨᠥᠬᠦᠪᠦᠷᠢ ᠲᠠᠷᠬᠠᠭᠠᠵᠤ᠂ ᠨᠢᠭᠡᠨᠲᠡ 100 ᠭᠠᠷᠤᠢ ᠮᠠᠯᠴᠢᠨ ᠡᠷᠦᠭᠡ ᠶᠢ ᠲᠠᠶᠢᠴᠢᠯᠠᠨ ᠲᠠᠯᠠᠨ ᠬᠠᠯᠢᠰᠤ ᠲᠠᠷᠢᠬᠤ ᠳᠤ ᠣᠷᠣᠯᠴᠠᠭᠤᠯᠵᠤ᠂ ᠡᠷᠦᠭᠡ ᠪᠦᠷᠢ ᠶᠢᠨ ᠳᠤᠮᠳᠠᠴᠢ ᠣᠷᠣᠯᠭ᠎ᠠ 30 ᠲᠦᠮᠡᠨ ᠲᠥᠭᠦᠷᠢᠭ ᠲᠤ ᠬᠦᠷᠴᠦ᠂ ᠲᠠᠯᠠᠨ ᠬᠠᠯᠢᠰᠤ ᠶᠢᠨ ᠣᠶᠢᠵᠢᠭᠤᠯᠤᠯᠲᠠ ᠶᠢᠨ ᠰᠠᠭᠤᠷᠢᠨ ᠭᠠᠵᠠᠷ ᠠᠴᠠ ᠵᠢᠯ ᠳᠡᠭᠡᠨ 80 - 100 ᠲᠣᠨ ᠲᠠᠯᠠᠨ ᠬᠠᠯᠢᠰᠤ ᠶᠢᠨ ᠦᠷ᠎ᠡ ᠬᠤᠷᠢᠶᠠᠨ ᠠᠪᠴᠤ᠂ ᠵᠢᠯ ᠤᠨ ᠦᠢᠯᠡᠳᠬᠦᠨ ᠤ ᠥᠷᠲᠡᠭ 450 ᠲᠦᠮᠡᠨ ᠲᠥᠭᠦᠷᠢᠭ ᠲᠤ ᠬᠦᠷᠴᠦ᠂ ᠠᠮᠢ ᠠᠬᠤᠢ ᠶᠢ ᠬᠠᠮᠠᠭᠠᠯᠠᠵᠤ᠂ ᠠᠵᠤ ᠠᠬᠤᠢ ᠶᠢᠨ ᠠᠰᠢᠭ ᠭᠦᠷᠳᠡᠨ᠂ ᠨᠡᠶᠢᠭᠡᠮ ᠤᠨ ᠦᠷ᠎ᠡ ᠠᠰᠢᠭ ᠡᠭᠦᠳᠴᠦ᠂ ᠬᠥᠳᠡᠭᠡ ᠲᠤᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤᠮᠳᠠ ᠣᠷᠣᠨ ᠨᠤᠲᠤᠭ ᠤᠨ ᠪᠣᠳᠠᠲᠤ ᠪᠠᠶᠢᠳᠠᠯ ᠳᠤ ᠲᠣᠬᠢᠷᠠᠭᠰᠠᠨ ᠰᠢᠨ᠎ᠡ ᠠᠷᠭ᠎ᠠ ᠵᠠᠮ ᠢ ᠰᠦᠪᠡᠭᠴᠢᠯᠡᠵᠦ ᠨᠡᠭᠡᠭᠡᠭᠰᠡᠨ ᠪᠠᠶᠢᠨ᠎ᠠ᠃ ᠬᠤᠶᠢᠰᠢᠳᠠ ᠰᠤᠮᠤᠨ ᠠᠴᠠ ᠮᠠᠯᠴᠢᠳ ᠢᠶᠠᠨ ᠲᠠᠶᠢᠴᠢᠯᠠᠨ ᠲᠠᠯᠠᠨ ᠬᠠᠯᠢᠰᠤ ᠲᠠᠷᠢᠵᠤ ᠣᠶᠢᠵᠢᠭᠤᠯᠬᠤ ᠦᠢᠯᠡᠰ ᠲᠤ ᠣᠷᠣᠯᠴᠠᠭᠤᠯᠵᠤ ᠂ ᠲᠠᠯᠠᠨ ᠬᠠᠯᠢᠰᠤ ᠶᠢᠨ ᠦᠷ᠎ᠡ ᠶᠢ ᠲᠡᠭᠦᠵᠦ ᠬᠤᠳᠠᠯᠳᠤᠬᠤ᠂ ᠨᠠᠪᠴᠢ ᠨᠠᠮᠠᠭ᠎ᠠ ᠪᠠᠷ ᠨᠢ ᠮᠠᠯ ᠤᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠲᠠᠯᠠᠨ ᠬᠠᠯᠢᠰᠤ ᠶᠢᠨ ᠴᠡᠴᠡᠭ ᠢ ᠰᠣᠨᠢᠷᠬᠠᠬᠤ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠨᠠᠶᠢᠷ ᠡᠷᠭᠢᠯᠡᠭᠦ ᠪᠠᠷ ᠳᠠᠮᠵᠢᠭᠤᠯᠤᠨ ᠠᠮᠢ ᠠᠬᠤᠢ᠂ ᠰᠣᠶᠣᠯ ᠵᠢᠭᠤᠯᠴᠢᠯᠠᠯ᠂ ᠠᠵᠤ ᠠᠬᠤᠢ ᠶᠢ ᠵᠡᠷᠭᠡᠪᠡᠷ ᠬᠥᠭᠵᠢᠭᠦᠯᠬᠦ ᠠᠯᠤᠰ ᠭᠡᠳᠦ ᠶᠢᠨ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠭᠠᠳ ᠪᠠᠶᠢᠨ᠎ᠠ︾ ᠭᠡᠪᠡ᠃              ᠲᠠᠯᠠᠨ ᠬᠠᠯᠢᠰᠤ ᠶᠢᠨ ᠠᠰᠢᠭᠯᠠᠵᠤ ᠪᠤᠯᠬᠤ ᠦᠨ᠎ᠡ ᠦᠷᠳᠡᠭ ᠲᠤᠶᠢᠯ ᠤᠨ ᠥᠨᠳᠥᠷ᠂ 6᠂ 7 ᠵᠢᠯ ᠤᠷᠭᠤᠭᠰᠠᠨ ᠤ ᠲᠠᠷᠠᠭ᠎ᠠ ᠬᠠᠯᠢᠰᠤ ᠨᠠᠮᠠᠭ᠎ᠠ ᠶᠢ ᠨᠢ ᠲᠠᠭᠠᠷᠢᠵᠤ᠂ ᠮᠦ ᠪᠦᠷᠢ ᠠᠴᠠ ᠬᠡᠳᠦᠨ ᠮᠢᠩᠭᠠᠨ ᠺᠢᠯᠦᠭᠷᠡᠮ ᠤᠨ ᠬᠠᠯᠢᠰᠤ ᠨᠠᠪᠴᠢ ᠤᠨᠠᠵᠤ᠂ ᠮᠠᠯ ᠤᠨ ᠲᠡᠵᠢᠭᠡᠯ ᠡᠪᠡᠰᠦ ᠪᠤᠯᠭᠠᠵᠤ ᠪᠤᠯᠳᠠᠭ᠃ ᠲᠠᠯᠠᠨ ᠬᠠᠯᠢᠰᠤ ᠶᠢᠨ ᠦᠨ᠎ᠡ ᠦᠷᠳᠡᠭ ᠢ ᠭᠦᠢᠴᠡᠳ ᠨᠡᠭᠡᠭᠡᠨ ᠠᠰᠢᠭᠯᠠᠬᠤ ᠶᠢᠨ ᠲᠥᠯᠥᠭᠡ ᠡᠷᠬᠡᠬᠠᠰᠢᠬ᠎ᠠ ᠰᠤᠮᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠷᠠᠭᠤᠨ ᠬᠤᠶᠢᠲᠤ ᠶᠢᠨ ᠠᠮᠢ ᠠᠬᠤᠢ ᠣᠷᠴᠢᠨ ᠲᠣᠭᠤᠷᠢᠨ ᠤ ᠡᠬᠢ ᠪᠠᠶᠠᠯᠢᠭ ᠤᠨ ᠰᠤᠳᠤᠯᠭᠠᠨ ᠤ ᠬᠦᠷᠢᠶᠡᠯᠡᠩ᠂ ᠨᠢᠩᠰᠢᠶᠠ ᠶᠢᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ ᠲᠠᠢ ᠮᠡᠷᠭᠡᠵᠢᠯ ᠤᠨ ᠬᠠᠮᠲᠤᠷᠠᠯᠴᠠᠭ᠎ᠠ ᠬᠢᠵᠦ᠂ ᠲᠠᠯᠠᠨ ᠬᠠᠯᠢᠰᠤ ᠶᠢᠨ ᠲᠡᠵᠢᠭᠡᠯ ᠪᠣᠷᠳᠣᠭᠠᠨ ᠤ ᠦᠨ᠎ᠡ ᠦᠷᠳᠡᠭ ᠢ ᠨᠡᠭᠡᠭᠡᠨ ᠠᠰᠢᠭᠯᠠᠬᠤ ᠲᠠᠯ᠎ᠠ ᠪᠠᠷ ᠭᠦᠨᠵᠡᠭᠡᠢ ᠰᠤᠳᠤᠯᠭᠠᠨ ᠥᠷᠨᠢᠭᠦᠯᠵᠦ᠂ 508 ᠲᠦᠮᠡᠨ ᠲᠥᠭᠦᠷᠢᠭ ᠤᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠡᠯᠡ ᠮᠥᠩᠭᠦ ᠭᠤᠶᠤᠴᠢᠯᠠᠨ ᠣᠯᠵᠤ᠂ ᠲᠠᠯᠠᠨ ᠬᠠᠯᠢᠰᠤ ᠶᠢᠨ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ ᠪᠠᠶᠢᠭᠤᠯᠵᠤ᠂ ᠣᠷᠭᠠᠨᠢᠭ ᠲᠡᠵᠢᠭᠡᠯ ᠪᠣᠷᠳᠤᠭ᠎ᠠ ᠡᠳ᠋ᠰᠢᠭᠦᠯᠦᠨ ᠦᠢᠯᠡᠳᠪᠦᠷᠢᠯᠡᠬᠦ ᠠᠵᠤ ᠦᠢᠯᠡᠰ ᠤᠨ ᠬᠡᠯᠬᠢᠶᠡᠵᠢᠯ ᠢ ᠬᠥᠭᠵᠢᠭᠦᠯᠦᠨ᠂ ᠲᠠᠯᠠᠨ ᠬᠠᠯᠢᠰᠤ ᠶᠢ ᠲᠠᠷᠢᠵᠤ ᠣᠶᠢᠵᠢᠭᠤᠯᠬᠤ᠂ ᠡᠳ᠋ᠰᠢᠭᠦᠯᠵᠦ ᠦᠢᠯᠡᠳᠪᠦᠷᠢᠯᠡᠬᠦ᠂ ᠪᠣᠷᠣᠯᠠᠭᠤᠯᠵᠤ ᠬᠤᠳᠠᠯᠳᠤᠬᠤ᠂ ᠠᠮᠢ ᠠᠬᠤᠢ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠪᠣᠬᠢᠷᠳᠤᠯ ᠦᠭᠡᠢ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠰᠢᠷᠭᠠᠯ ᠡᠯᠡᠰᠦ ᠶᠢ ᠰᠢᠨ᠎ᠡ ᠴᠠᠭ ᠦᠶ᠎ᠡ ᠶᠢᠨ ᠮᠠᠯᠴᠢᠳ ᠢ ᠪᠠᠶᠠᠵᠢᠨ ᠴᠢᠨᠡᠭᠡᠯᠢᠭᠵᠢᠭᠦᠯᠬᠦ ᠠᠮᠢ ᠠᠬᠤᠢ ᠶᠢᠨ ᠨᠣᠭᠤᠭᠠᠨ ︽ᠪᠠᠩᠬᠢ︾ ᠪᠣᠯᠭᠠᠨ ᠬᠤᠪᠢᠷᠠᠭᠤᠯᠵᠤ ᠪᠠᠶᠢᠨ᠎ᠠ᠃                  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号