| ᠣᠶᠢᠷ᠎ᠠ ᠶᠢᠨ ᠡᠳᠦᠷ᠂ ᠠᠯᠠᠱᠠ ᠵᠡᠭᠦᠨ ᠬᠤᠰᠢᠭᠤᠨ ᠪ᠊ ᠣᠨᠳᠣᠷᠣᠯᠲᠤ ᠪᠠᠯᠭᠠᠰᠤ ᠲᠤᠯᠤᠭᠠᠨ | ᠰᠠᠷ᠎ᠠ ᠶᠢᠨ ᠨᠢᠭᠡᠨ ᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠦᠭᠦ ᠨᠠᠮ ᠤᠨ ᠭᠡᠰᠢᠭᠦᠨ ᠺᠠᠳ᠋ᠷ ᠳᠠᠭᠤᠤ ᠪᠠᠷ | ᠶᠣᠰᠣᠯᠠᠯ ᠪᠣᠯᠭᠠᠨ ᠠᠭᠤᠤ ᠨᠠᠮ ᠤᠨ ᠢᠶᠠᠨ ᠳᠦᠷᠦᠭᠰᠡᠨ ᠡᠳᠦᠷ ᠢ ᠪᠡᠯᠭᠡᠯᠡᠬᠦ ᠪᠠᠷ ᠬᠤᠪᠢᠰᠬᠠᠯᠲᠤ ᠳᠠᠭᠤᠤ ᠶᠢᠨ | ᠣᠷᠣᠯᠳᠣᠭᠠᠨ ᠢ ᠶᠠᠪᠤᠭᠳᠠᠭᠤᠯᠵᠠᠢ᠃ | ᠣᠨᠳᠣᠷᠣᠯᠲᠤ ᠪᠠᠯᠭᠠᠰᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 | ᠵᠢᠯ ᠤᠨ ᠣᠶ ᠶᠢ ᠪᠡᠯᠭᠡᠯᠡᠬᠦ ᠪᠠᠷ ︽ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ | ᠳᠠᠭᠠᠬᠤ︾ ︽7 · 1︾ ᠤ ᠪᠦᠭᠦ ᠠᠷᠠᠳ ᠤᠨ ᠬᠤᠪᠢᠰᠬᠠᠯᠲᠤ ᠳᠠᠭᠤᠤ ᠶᠢᠨ ᠣᠷᠣᠯᠳᠣᠭᠠᠨ ᠤ ᠬᠥᠰᠢᠭᠡ ᠶᠢ | ᠢᠷᠡᠵᠣ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠪᠢᠰᠬᠠᠯ ᠤᠨ ᠳᠠᠭᠤᠤ ᠪᠠᠨ ᠳᠠᠭᠤᠯᠠᠵᠤ᠂ ᠲᠡᠦᠬᠡ ᠶᠢ | ᠡᠷᠭᠢᠴᠡᠭᠦᠯᠦᠨ᠂ ᠬᠤᠪᠢᠰᠬᠠᠯᠲᠤ ᠳᠠᠭᠤᠤ ᠶᠢᠨ ᠠᠶᠠᠯᠭ᠎ᠠ ᠳᠤᠮᠳᠠ ᠠᠭᠤᠤ ᠶᠡᠭᠡ ᠨᠠᠮ ᠤᠨ ᠢᠶᠠᠨ ᠬᠠᠲᠠᠭᠤᠵᠢᠯᠲᠠᠢ | ᠭᠠᠷᠮᠠᠭᠠᠢ ᠲᠡᠦᠬᠡ ᠶᠢᠨ ᠠᠶᠠᠨ ᠵᠠᠮ ᠢ ᠡᠷᠭᠢᠴᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠢ | ᠬᠥᠲᠥᠯᠥᠨ ᠳᠠᠭᠠᠭᠤᠯᠤᠭᠰᠠᠨ ᠭᠡᠷᠡᠯ ᠰᠠᠴᠤᠷᠠᠩᠭᠤᠢ ᠣᠨ ᠰᠠᠷ᠎ᠠ ᠶᠢ ᠢᠯᠡᠷᠡᠭᠦᠯᠵᠦ᠂ ᠡᠪ ᠬᠠᠮᠲᠤ ᠨᠠᠮ ᠤᠨ | ᠭᠡᠰᠢᠭᠦᠨ ᠤ ᠬᠤᠪᠢᠷᠠᠰᠢ ᠦᠭᠡᠢ ᠴᠢᠩ ᠦᠨᠡᠨᠴᠢ ᠰᠡᠳᠬᠢᠯ ᠢ ᠬᠠᠷᠠᠭᠤᠯᠵᠠᠢ᠃ ᠬᠤᠪᠢᠰᠬᠠᠯᠲᠤ ᠳᠠᠭᠤᠤ ᠶᠢᠨ | ᠣᠷᠣᠯᠳᠣᠭᠠᠨ ᠨᠢ ᠨᠢᠭᠡᠨ ᠤᠳᠠᠭᠠᠨ ᠤ ᠤᠷᠠᠯᠢᠭ ᠤᠨ ᠦᠪᠡᠳᠡᠭᠰᠢ ᠴᠤᠭᠯᠠᠭᠠᠨ ᠪᠣᠯᠤᠭᠰᠠᠨ ᠢᠶᠠᠷ ᠪᠠᠷᠠᠬᠤ ᠦᠭᠡᠢ᠂ | ᠨᠡᠩ ᠴᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠠᠮᠢᠳᠤᠯᠢᠭ ᠦᠢᠯᠡᠳᠦᠯᠭᠡ ᠪᠣᠯᠵᠠᠢ᠃ ᠡᠭᠦᠨ ᠤ ᠳᠠᠭᠠᠤ ᠳᠤ | ᠣᠨᠳᠣᠷᠣᠯᠲᠤ ᠪᠠᠯᠭᠠᠰᠤ ᠰᠣᠨᠢᠷᠬᠠᠯᠳᠤ ᠪᠡᠶ᠎ᠡ ᠶᠢᠨ ᠲᠠᠮᠢᠷ ᠤᠨ ᠣᠷᠣᠯᠳᠣᠭᠠᠨ ᠥᠷᠨᠢᠭᠦᠯᠵᠦ᠂ ᠡᠯ᠎ᠡ ᠭᠠᠴᠠᠭᠠᠨ ᠤ | ᠲᠥᠯᠥᠭᠡᠯᠡᠭᠴᠢᠳ ᠤᠨ ᠠᠩᠭᠢ ᠢᠳᠡᠪᠬᠢᠲᠡᠢ ᠪᠠᠷ ᠣᠷᠣᠯᠴᠠᠨ᠂ ᠣᠷᠣᠯᠳᠣᠭᠠᠨ ᠢᠶᠠᠷ ᠳᠠᠮᠵᠢᠨ ᠬᠥᠮᠥᠰ ᠪᠦᠯᠬᠦᠮᠳᠡᠨ | ᠬᠠᠮᠵᠢᠯᠴᠠᠵᠤ᠂ ᠥᠪᠡᠷ ᠥᠪᠡᠷ ᠤᠨ ᠢᠶᠠᠨ ᠥᠪᠡᠷᠮᠢᠴᠡ ᠣᠨᠴᠠᠯᠢᠭ ᠪᠠ ᠴᠤᠭ ᠵᠣᠯᠪᠤᠭ᠎ᠠ ᠪᠠᠨ ᠢᠯᠡᠷᠡᠭᠦᠯᠵᠡᠢ᠃ | | |