ᠣᠨᠳᠣᠷᠣᠯᠲᠤ ᠪᠠᠯᠭᠠᠰᠤᠨ ᠤ ᠰᠢᠬᠢᠷ ᠪᠤᠶᠠ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2024/6/7
                                                   ● ᠱᠢ ᠰᠢᠨ ᠶᠤᠸᠠᠨ               ᠣᠶᠢᠷ᠎ᠠ ᠶᠢᠨ ᠡᠳᠦᠷ᠂ ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠤ ᠪᠠᠷᠠᠭᠤᠨᠭᠦ᠋ᠳᠡᠭᠡ ᠭᠠᠴᠠᠭᠠᠨ ᠤ ᠰᠢᠬᠢᠷ ᠪᠤᠶᠠ ᠡᠯᠪᠡᠭ ᠬᠤᠷᠢᠶᠠᠯᠲᠠ ᠣᠯᠣᠭᠰᠠᠨ ᠪᠠᠶᠢᠨ᠎ᠠ᠃              ᠣᠨᠳᠣᠷᠣᠯᠲᠤ ᠪᠠᠯᠭᠠᠰᠤᠨ ᠤ ᠲᠠᠷᠢᠶᠠᠴᠢᠳ ᠡᠨᠡ ᠵᠢᠯ ᠨᠡᠶᠢᠲᠡ 4000 ᠭᠠᠷᠤᠢ ᠮᠦ ᠭᠠᠵᠠᠷ ᠲᠤ ᠰᠢᠬᠢᠷ ᠪᠤᠶᠠ ᠳᠠᠷᠢᠵᠤ᠂ ᠪᠠᠷᠠᠭᠤᠨᠭᠦ᠋ᠳᠡᠭᠡ ᠭᠠᠴᠠᠭᠠᠨ ᠤ ᠲᠠᠷᠢᠶᠠᠴᠢᠨ ᠳ᠋ᠤᠸᠠᠨ ᠺᠠᠢ ᠬᠤᠢ 1700 ᠮᠦ ᠰᠢᠬᠢᠷ ᠪᠤᠶᠠ ᠳᠠᠷᠢᠵᠤ᠂ ᠣᠳᠣᠬᠠᠨ 800 ᠮᠦ ᠰᠢᠬᠢᠷ ᠪᠤᠶᠠ ᠬᠤᠷᠢᠶᠠᠵᠤ᠂ ᠤᠨᠠᠯᠳᠠ ᠨᠢ 2 ᠲᠣᠨ ᠣᠷᠴᠢᠮ ᠬᠦᠷᠴᠡᠢ᠃ ᠲᠡᠷᠡ᠂ ᠰᠢᠬᠢᠷ ᠪᠤᠶᠠ ᠶᠢ ᠡᠷᠳᠡᠨᠢ ᠰᠢᠰᠢ ᠲᠠᠢ ᠠᠳᠠᠯᠢᠳᠬᠠᠪᠠᠯ ᠤᠰᠤ ᠪᠠᠭ᠎ᠠ ᠵᠠᠷᠤᠴᠠᠭᠤᠯᠬᠤ ᠮᠥᠷᠲᠡᠭᠡᠨ ᠤᠷᠤᠯᠭ᠎ᠠ ᠥᠨᠳᠥᠷ᠂ ᠮᠦ ᠪᠦᠷᠢ ᠶᠢᠨ ᠤᠷᠤᠯᠭ᠎ᠠ ᠪᠠᠷᠤᠭ 1 ᠲᠦᠮᠡᠨ ᠲᠥᠭᠦᠷᠢᠭ ᠲᠤ ᠬᠦᠷᠴᠦ ᠪᠤᠢ ᠭᠡᠵᠦ ᠪᠠᠶᠢᠯ᠎ᠠ᠃ ᠣᠨᠳᠣᠷᠣᠯᠲᠤ ᠪᠠᠯᠭᠠᠰᠤᠨ ᠤ ᠤᠰᠤ ᠰᠢᠷᠣᠢ ᠶᠢᠨ ᠨᠥᠬᠦᠴᠡᠯ ᠪᠠ ᠨᠠᠷᠡᠨ ᠤ ᠲᠤᠰᠤᠯᠲᠠ ᠰᠠᠶᠢᠨ ᠮᠥᠷᠲᠡᠭᠡᠨ ᠰᠢᠬᠢᠷ ᠪᠤᠶᠠ ᠶᠢ ᠬᠠᠳᠠᠭᠠᠯᠠᠬᠤ ᠳᠤ ᠲᠦᠭᠦᠮ ᠪᠣᠯᠬᠤᠷ ᠡᠮ ᠤᠨ ᠮᠠᠲ᠋ᠧᠷᠢᠶᠠᠯ ᠳᠤ ᠶᠡᠭᠡ ᠪᠠᠷ ᠬᠡᠷᠡᠭᠯᠡᠵᠦ᠂ ᠬᠤᠷᠢᠶᠠᠭᠰᠠᠨ ᠰᠢᠬᠢᠷ ᠪᠤᠶᠠ ᠨᠢ ᠡᠯ᠎ᠡ ᠡᠮ ᠤᠨ ᠦᠢᠯᠡᠳᠪᠦᠷᠢ ᠶᠢᠨ ᠬᠤᠳᠠᠯᠳᠤᠨ ᠠᠪᠬᠤ ᠪᠠᠷᠢᠮᠵᠢᠶ᠎ᠠ ᠳᠤ ᠨᠡᠶᠢᠴᠡᠳᠡᠭ᠃              ᠲᠤᠰ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠦᠢ ᠮᠢᠨ ᠸᠧᠨ ᠤ ᠲᠠᠨᠢᠯᠴᠠᠭᠤᠯᠬᠤ ᠪᠠᠷ᠂ ᠣᠶᠢᠷ᠎ᠠ ᠶᠢᠨ ᠵᠢᠯ ᠠᠴᠠ ᠨᠠᠭᠠᠰᠢ᠂ ᠣᠨᠳᠣᠷᠣᠯᠲᠤ ᠪᠠᠯᠭᠠᠰᠤ ᠣᠨᠴᠠᠯᠢᠭᠲᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠨᠠᠮ ᠤᠨ ᠡᠭᠦᠷ ᠬᠥᠲᠥᠯᠥᠨ ᠳᠠᠭᠠᠭᠤᠯᠬᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠲᠤᠯᠭᠠᠭᠤᠷᠢᠯᠠᠬᠤ᠂ ᠬᠤᠷᠰᠢᠶᠠᠵᠢᠯ ᠬᠠᠮᠵᠢᠯᠴᠠᠬᠤ᠂ ᠲᠠᠷᠢᠶᠠᠴᠢᠨ ᠡᠷᠦᠭᠡ ᠣᠷᠤᠯᠴᠠᠬᠤ︾ ᠭᠡᠯᠪᠡᠷᠢ ᠶᠢ ᠲᠦᠭᠡᠮᠡᠯᠵᠢᠭᠦᠯᠦᠨ᠂ ᠯᠠᠨᠵᠧᠦ ᠬᠤᠳᠠ ᠶᠢᠨ ᠼᠢ ᠵᠢᠢ ᠡᠮ ᠤᠨ ᠦᠢᠯᠡᠰ ᠤᠨ ᠺᠤᠮᠫᠠᠨᠢ᠂ ᠭᠠᠨᠰᠤ ᠶᠢᠨ ᠹᠦ᠋ ᠵᠧᠩ ᠡᠮ ᠤᠨ ᠦᠢᠯᠡᠰ ᠤᠨ ᠺᠤᠮᠫᠠᠨᠢ ᠵᠡᠷᠭᠡ ᠠᠵᠤ ᠠᠬᠤᠶᠢᠯᠠᠯ ᠲᠠᠢ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠰᠢᠬᠢᠷ ᠪᠤᠶᠠ ᠶᠢᠨ ᠪᠣᠷᠤᠯᠠᠭᠤᠯᠭ᠎ᠠ ᠶᠢᠨ ᠵᠠᠮ ᠢ ᠥᠷᠭᠡᠳᠬᠡᠨ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠪᠠᠲᠤᠯᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠣᠨᠳᠣᠷᠣᠯᠲᠤ ᠪᠠᠯᠭᠠᠰᠤᠨ ᠤ ᠬᠢᠨ ᠪᠡᠯᠡ ᠮᠥᠩᠭᠦ ᠭᠤᠶᠤᠴᠢᠯᠠᠨ᠂ ᠪᠠᠷᠠᠭᠤᠨᠭᠦ᠋ᠳᠡᠭᠡ ᠭᠠᠴᠠᠭᠠᠨ ᠳᠤ ᠤᠬᠢᠶᠠᠵᠤ ᠴᠡᠪᠡᠷᠯᠡᠬᠦ᠂ ᠬᠠᠳᠠᠭᠠᠬᠤ᠂ ᠬᠡᠷᠴᠢᠬᠦ᠂ ᠢᠯᠭᠠᠬᠤ ᠵᠡᠷᠭᠡ ᠣᠯᠠᠨ ᠵᠦᠢᠯ ᠤᠨ ᠠᠵᠢᠯ ᠤᠨ ᠳᠠᠷᠠᠭᠠᠯᠠᠯ ᠢ ᠨᠢᠭᠡ ᠴᠣᠭᠴᠠᠵᠢᠭᠤᠯᠤᠭᠰᠠᠨ ᠬᠢᠲᠠᠳ ᠡᠮ ᠤᠨ ᠮᠠᠲ᠋ᠧᠷᠢᠶᠠᠯ ᠡᠳ᠋ᠰᠢᠭᠦᠯᠬᠦ ᠰᠠᠭᠤᠷᠢᠨ ᠪᠠ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠵᠦ ᠪᠤᠯᠪᠠᠰᠤᠷᠠᠭᠤᠯᠬᠤ ᠱᠤᠭᠤᠮ ᠢ ᠪᠠᠶᠢᠭᠤᠯᠵᠤ᠂ ᠨᠢᠭᠡ ᠡᠳᠦᠷ ᠤᠨ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠨᠢ 20 ᠲᠣᠨ ᠳᠤ ᠬᠦᠷᠴᠦ᠂ ᠵᠢᠯ ᠳᠤ ᠪᠠᠷᠤᠭ 12500 ᠲᠣᠨ ᠬᠢᠲᠠᠳ ᠡᠮ ᠤᠨ ᠲᠦᠭᠦᠬᠡᠢ ᠮᠠᠲ᠋ᠧᠷᠢᠶᠠᠯ ᠢ ᠡᠳ᠋ᠰᠢᠭᠦᠯᠬᠦ ᠴᠢᠳᠠᠮᠵᠢ ᠲᠠᠢ᠃              ᠪᠦᠷᠢᠳᠬᠡᠯ ᠢ ᠦᠨᠳᠦᠰᠦᠯᠡᠪᠡᠯ᠂ ᠣᠨᠳᠣᠷᠣᠯᠲᠤ ᠪᠠᠯᠭᠠᠰᠤᠨ ᠤ ᠣᠳᠣᠬᠠᠨ ᠳᠤ ᠳᠠᠷᠢᠵᠤ ᠪᠠᠶᠢᠭ᠎ᠠ ᠬᠤᠨᠴᠢᠷ᠂ ᠰᠢᠬᠢᠷ ᠪᠤᠶᠠ᠂ ᠴᠢᠰᠤ ᠨᠥᠬᠦᠬᠦ ᠡᠪᠡᠰᠦ᠂ ᠭᠦᠷᠭᠦᠮ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠲᠠᠯᠠᠪᠠᠢ 1.16 ᠲᠦᠮᠡᠨ ᠮᠦ ᠳᠤ ᠬᠦᠷᠴᠦ᠂ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ 1800 ᠲᠦᠮᠡᠨ ᠲᠥᠭᠦᠷᠢᠭ ᠲᠤ ᠬᠦᠷᠴᠦ ᠪᠤᠢ᠃                
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号