| | ● ᠯᠢᠨᠡ ᠮᠥᠷᠡᠨ | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠥᠯᠵᠡᠢ ᠳᠠᠬᠢ ᠴᠠᠭᠢᠯᠭᠠᠨ ᠬᠠᠩᠭᠠᠬᠤ ᠺᠤᠮᠫᠠᠨᠢ ᠶᠢᠨ | ᠬᠢᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠤᠭᠰᠠᠷᠠᠵᠤ᠂ ᠬᠢᠯᠢ ᠬᠢᠵᠠᠭᠠᠷ ᠤᠨ ᠤᠯᠠᠨ ᠲᠦᠮᠡᠨ ᠳᠤ ᠦᠨᠡᠨ ᠬᠦ | ᠪᠣᠳᠠᠲᠤ ᠠᠰᠢᠭ ᠬᠦᠷᠲᠡᠭᠡᠵᠡᠢ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠣᠬᠢᠷᠳᠤᠯ ᠦᠭᠡᠢ ᠪᠠ ᠠᠵᠤ | ᠠᠬᠤᠢ ᠶᠢᠨ ᠠᠰᠢᠭᠲᠤ ᠴᠢᠨᠠᠷ ᠢᠶᠠᠷ ᠰᠠᠶᠢᠨ ᠪᠣᠯᠬᠤᠷ ᠥᠷᠭᠡᠨ ᠤᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ | ᠣᠨᠴᠠᠭᠠᠶᠢᠯᠠᠨ ᠬᠢᠯᠢ ᠬᠢᠵᠠᠭᠠᠷ ᠰᠤᠮᠤ ᠪᠠᠯᠭᠠᠰᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠠᠵᠢᠯᠲᠠᠨ ᠬᠢᠭᠡᠳ | ᠰᠠᠭᠤᠭᠠᠯᠢ ᠠᠷᠠᠳ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠴᠡᠨᠡᠭᠯᠡᠬᠦ ᠠᠰᠠᠭᠤᠳᠠᠯ ᠢ ᠰᠢᠢᠳᠪᠦᠷᠢᠯᠡᠯ᠎ᠡ᠃ | ᠠᠯᠠᠱᠠ ᠵᠡᠭᠦᠨ ᠬᠤᠰᠢᠭᠤᠨ ᠤ ᠥᠯᠵᠡᠢ ᠳᠠᠬᠢ ᠴᠠᠭᠢᠯᠭᠠᠨ ᠬᠠᠩᠭᠠᠬᠤ ᠺᠤᠮᠫᠠᠨᠢ ᠶᠢᠨ ᠬᠢᠨ | ᠲᠤᠬᠠᠢ ᠶᠢᠨ ᠭᠠᠵᠠᠷ ᠤᠨ ᠬᠡᠷᠡᠭᠯᠡᠭᠴᠢᠳ ᠤᠨ ᠪᠣᠳᠠᠲᠤ ᠪᠠᠶᠢᠳᠠᠯ ᠳᠤ ᠲᠣᠬᠢᠷᠠᠭᠤᠯᠤᠨ᠂ ᠴᠠᠭᠢᠯᠭᠠᠨ ᠴᠡᠨᠡᠭᠯᠡᠬᠦ | ᠲᠥᠬᠦᠭᠡᠷᠦᠮᠵᠢ ᠶᠢ ᠤᠭᠰᠠᠷᠠᠬᠤ ᠪᠠ ᠡᠵᠡᠩᠨᠡᠯᠲᠡ ᠬᠠᠮᠠᠭᠠᠯᠠᠯᠲᠠ ᠶᠢᠨ ᠰᠢᠰᠲ᠋ᠧᠮ ᠤᠨ ᠰᠢᠨᠡᠴᠢᠯᠡᠯᠲᠡ ᠶᠢᠨ | ᠱᠠᠭᠠᠷᠳᠠᠯᠭ᠎ᠠ ᠲᠠᠢ ᠵᠣᠬᠢᠴᠠᠭᠤᠯᠵᠤ᠂ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢ ᠶᠢ ᠪᠦᠭᠦ ᠲᠠᠯ᠎ᠠ ᠪᠠᠷ ᠪᠣᠳᠣᠯᠬᠢᠯᠠᠨ᠂ ᠥᠯᠵᠡᠢ ᠰᠤᠮᠤᠨ ᠳᠤ 120 ᠺᠢᠯᠣᠸᠠᠲ ᠤᠨ 2 ᠰᠠᠤᠷᠢ | ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠤᠭᠰᠠᠷᠠᠵᠤ᠂ ᠣᠳᠣᠬᠠᠨ ᠳᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠳᠤ | ᠴᠠᠭᠢᠯᠭᠠᠨ ᠵᠠᠯᠭᠠᠬᠤ᠂ ᠲᠥᠬᠦᠭᠡᠷᠦᠮᠵᠢ ᠶᠢᠨ ᠦᠢᠯᠡᠳᠦᠯ ᠴᠢᠳᠠᠮᠵᠢ ᠶᠢ ᠰᠢᠯᠭᠠᠨ ᠪᠠᠶᠢᠴᠠᠭᠠᠬᠤ ᠪᠠ ᠬᠡᠷᠡᠭᠯᠡᠭᠴᠢᠳ ᠲᠤ | ᠶᠠᠭᠠᠬᠢᠵᠤ ᠠᠰᠢᠭᠯᠠᠨ ᠬᠡᠷᠡᠭᠯᠡᠬᠦ ᠲᠠᠯ᠎ᠠ ᠪᠠᠷ ᠨᠠᠷᠢᠨ ᠲᠣᠬᠢᠷᠠᠭᠤᠯᠤᠯᠲᠠ ᠬᠢᠵᠦ ᠪᠠᠶᠢᠨ᠎ᠠ᠃ ᠠᠯᠠᠱᠠ ᠵᠡᠭᠦᠨ | ᠬᠤᠰᠢᠭᠤᠨ ᠤ ᠥᠯᠵᠡᠢ ᠳᠠᠬᠢ ᠴᠠᠭᠢᠯᠭᠠᠨ ᠬᠠᠩᠭᠠᠬᠤ ᠺᠤᠮᠫᠠᠨᠢ ᠶᠢᠨ ᠠᠵᠢᠯᠲᠠᠨ ᠤ ᠲᠠᠨᠢᠯᠴᠠᠭᠤᠯᠬᠤ ᠪᠠᠷ᠂ ᠥᠯᠵᠡᠢ | ᠰᠤᠮᠤ ᠨᠢ ᠡᠵᠡᠨ᠎ᠡ ᠬᠤᠰᠢᠭᠤ ᠪᠣᠯᠣᠨ ᠥᠯᠵᠡᠢ ᠬᠢᠯᠢ ᠶᠢᠨ ᠪᠣᠭᠤᠮᠲᠠ ᠳᠤ ᠨᠡᠪᠲᠡᠷᠡᠬᠦ ᠴᠢᠬᠤᠯᠠ ᠪᠠᠶᠢᠷᠢᠰᠢᠯ ᠳᠤ | ᠣᠷᠣᠰᠢᠳᠠᠭ ᠠᠴᠠ ᠬᠤᠪᠢ ᠶᠢᠨ ᠡᠵᠡᠩᠨᠡᠭᠴᠢ᠂ ᠰᠤᠮᠤᠨ ᠤ ᠠᠯᠪᠠᠨ ᠪᠠᠶᠢᠭᠤᠯᠭ᠎ᠠ ᠶᠢᠨ ᠠᠵᠢᠯᠲᠠᠨ᠂ ᠮᠠᠯᠴᠢᠨ | ᠲᠠᠷᠢᠶᠠᠴᠢᠨ ᠬᠢᠭᠡᠳ ᠥᠯᠵᠡᠢ ᠰᠤᠮᠤ ᠪᠠᠷ ᠥᠩᠭᠡᠷᠡᠬᠦ ᠠᠶᠠᠨᠴᠢᠨ ᠵᠢᠭᠤᠯᠴᠢᠯᠠᠬᠰᠠᠳ ᠤᠯᠠᠨ ᠲᠤᠯᠠ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠨᠡᠮᠡᠭᠳᠡᠵᠦ᠂ ᠰᠠᠭᠤᠭᠠᠯᠢ ᠠᠷᠠᠳ | ᠪᠣᠯᠣᠨ ᠮᠠᠯᠴᠢᠳ ᠤᠨ ᠰᠠᠨᠠᠯ ᠵᠥᠪᠯᠡᠮᠵᠢ ᠶᠢ ᠬᠤᠷᠢᠶᠠᠨ ᠰᠣᠨᠣᠰᠤᠭᠰᠠᠨ ᠤ ᠰᠠᠭᠤᠷᠢᠨ ᠳᠡᠭᠡᠷ᠎ᠡ 2 ᠰᠠᠤᠷᠢ ᠴᠠᠭᠢᠯᠭᠠᠨ | ᠴᠡᠨᠡᠭᠯᠡᠬᠦ ᠲᠥᠬᠦᠭᠡᠷᠦᠮᠵᠢ ᠤᠭᠰᠠᠷᠠᠵᠤ᠂ ᠤᠳᠠᠯ ᠦᠭᠡᠢ ᠠᠰᠢᠭᠯᠠᠯᠲᠠ ᠳᠤ ᠣᠷᠣᠭᠤᠯᠬᠤ ᠪᠠᠷ ᠪᠡᠯᠡᠳᠬᠡᠵᠦ ᠪᠠᠶᠢᠨ᠎ᠠ᠃ | ︽ᠮᠠᠨᠠᠶᠢᠬᠢᠨ ᠤᠤᠯ ᠳᠠᠭᠠᠨ ᠭᠡᠷ ᠠᠴᠠ ᠪᠠᠨ ᠴᠠᠭᠢᠯᠭᠠᠨ ᠤᠲᠠᠰᠤ ᠵᠠᠯᠭᠠᠵᠤ᠂ ᠮᠠᠰᠢᠨ ᠲᠡᠷᠭᠡ ᠪᠠᠨ ᠴᠡᠨᠡᠭᠯᠡᠳᠡᠭ | ᠲᠤᠯᠠ ᠠᠮᠤᠷ ᠲᠦᠪᠰᠢᠨ ᠪᠤᠰᠤ ᠪᠠᠶᠢᠪᠠ᠂ ᠤᠳᠤ ᠰᠤᠮᠤᠨ ᠳᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠲᠠᠢ | ᠪᠣᠯᠤᠭᠰᠠᠨ ᠨᠢ ᠰᠢᠨ᠎ᠡ ᠡᠨᠧᠷᠭᠢ ᠶᠢᠨ ᠮᠠᠰᠢᠨ ᠲᠡᠷᠭᠡ ᠲᠠᠢ ᠬᠥᠮᠥᠰ ᠲᠤ ᠲᠦᠭᠦᠮ ᠨᠥᠬᠦᠴᠡᠯ ᠢ ᠪᠦᠷᠢᠯᠳᠦᠭᠦᠯᠵᠦ | ᠥᠭᠴᠡᠢ︾ ᠭᠡᠵᠦ ᠥᠯᠵᠡᠢ ᠰᠤᠮᠤᠨ ᠤ ᠰᠠᠭᠤᠭᠠᠯᠢ ᠠᠷᠠᠳ ᠪᠠᠶᠠᠷ ᠲᠠᠢ ᠶᠠᠷᠢᠨ᠎ᠠ᠃ | |