| | | | ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ︽ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠨᠢᠭᠡ | ᠴᠣᠭᠴᠠᠵᠢᠭᠤᠯᠬᠤ︾ ᠪᠠᠷᠠᠭᠤᠨ ᠢᠩᠭᠡᠨ ᠠᠴᠠ ᠢᠩᠭᠡᠨ ᠰᠤᠮᠤ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ | ᠪᠠᠷᠢᠯᠭ᠎ᠠ ᠳᠠᠭᠤᠰᠴᠤ ᠲᠡᠷᠭᠡ ᠨᠡᠪᠲᠡᠷᠡᠪᠡ᠃ | ᠪᠠᠷᠠᠭᠤᠨ ᠢᠩᠭᠡᠨ ᠠᠴᠠ ᠢᠩᠭᠡᠨ ᠰᠤᠮᠤ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ ᠠᠬᠤᠢ | ᠲᠠᠯᠠᠪᠠᠢ ᠳᠤ᠂ ᠰᠠᠷᠠᠭᠤᠯ ᠳᠠᠷᠳᠠᠩ ᠰᠢᠨ᠎ᠡ ᠵᠠᠮ ᠵᠢᠷᠢᠯᠵᠡᠨ ᠮᠠᠰᠢᠨ ᠲᠡᠷᠭᠡ ᠨᠠᠭᠠᠰᠢ ᠴᠠᠭᠠᠰᠢ ᠶᠠᠪᠤᠬᠤ ᠳᠤ ᠳᠦᠭᠦᠮ | ᠪᠣᠯᠵᠤ᠂ ᠮᠠᠯᠴᠢᠳ ᠤᠨ ᠵᠠᠮ ᠬᠠᠷᠢᠯᠴᠠᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠡᠢ᠃ ︽ᠤᠤᠯ ᠤᠨ ᠴᠢᠯᠠᠭᠤᠨ | ᠵᠠᠮ ᠨᠢ ᠪᠢᠳᠠᠨ ᠳᠤ ᠳᠥᠭᠦᠮ ᠦᠭᠡᠢ ᠮᠥᠷᠲᠡᠭᠡᠨ ᠲᠡᠷᠭᠡᠨ ᠳᠤ ᠬᠠᠯᠠ ᠲᠠᠢ᠂ ᠰᠢᠨ᠎ᠡ ᠵᠠᠮ ᠢ ᠵᠠᠰᠠᠭᠰᠠᠨ ᠤ ᠲᠠᠷᠠᠭ᠎ᠠ᠂ | ᠨᠠᠭᠠᠰᠢ ᠴᠠᠭᠠᠰᠢ ᠶᠠᠪᠤᠬᠤ᠂ ᠡᠪᠡᠰᠦ ᠪᠣᠷᠳᠤᠭ᠎ᠠ ᠲᠠᠲᠠᠬᠤ ᠵᠡᠷᠭᠡ ᠳᠤ ᠲᠤᠩ ᠲᠦᠭᠦᠮ ᠪᠣᠯᠵᠠᠢ︾ ᠭᠡᠵᠦ ᠠᠯᠠᠱᠠ | ᠵᠡᠭᠦᠨ ᠬᠤᠰᠢᠭᠤᠨ ᠤ ᠢᠩᠭᠡᠨ ᠰᠤᠮᠤᠨ ᠤ ᠴᠠᠭᠠᠨᠵᠠᠳᠠᠭᠠᠢ ᠭᠠᠴᠠᠭᠠᠨ ᠤ ᠮᠠᠯᠴᠢᠨ ᠨᠠᠰᠤᠨ ᠶᠠᠷᠢᠯ᠎ᠠ᠃ | ᠪᠠᠷᠠᠭᠤᠨ ᠢᠩᠭᠡᠨ ᠠᠴᠠ ᠢᠩᠭᠡᠨ ᠰᠤᠮᠤ ᠬᠦᠷᠬᠦ ᠵᠠᠰᠠᠮᠠᠯ ᠵᠠᠮ ᠨᠢ ᠤᠤᠯ ᠳᠠᠭᠠᠨ ᠬᠠᠶᠢᠷ ᠴᠢᠯᠠᠭᠤᠨ | ᠵᠠᠮ ᠪᠠᠶᠢᠵᠤ᠂ ᠮᠥᠨ ᠴᠦ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠴᠢᠬᠤᠯᠠ ᠵᠠᠮ ᠶᠤᠮ᠃ | ᠣᠶᠢᠷ᠎ᠠ ᠳᠤ᠂ ᠲᠣᠰ ᠵᠠᠰᠠᠮᠠᠯ ᠵᠠᠮ ᠨᠢ ᠦᠶᠡᠷ ᠤᠰᠤ᠂ ᠡᠯᠡᠰᠦ ᠵᠡᠷᠭᠡ ᠪᠠᠶᠢᠭᠠᠯᠢ ᠶᠢᠨ ᠣᠷᠴᠢᠨ ᠠᠬᠤᠢ ᠶᠢᠨ | ᠨᠥᠯᠥᠭᠡ ᠶᠢ ᠬᠦᠷᠲᠡᠵᠦ᠂ ᠵᠠᠮ ᠤᠨ ᠭᠠᠳᠠᠷᠭᠤ ᠳᠤ ᠬᠤᠲᠣᠭᠤᠷ ᠭᠠᠵᠠᠷ ᠣᠯᠠᠰᠢᠷᠠᠨ ᠣᠯᠠᠨ ᠲᠦᠮᠡᠨ ᠤ ᠶᠠᠪᠤᠵᠤ | ᠰᠠᠭᠤᠬᠤ ᠠᠮᠤᠷ ᠲᠦᠪᠰᠢᠨ ᠢ ᠨᠥᠯᠥᠭᠡᠯᠡᠭᠰᠡᠨ ᠪᠠᠶᠢᠨ᠎ᠠ᠃ | ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠮᠵᠢᠯᠭᠡ ᠪᠠᠷ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠪᠠᠷᠠᠭᠤᠨ ᠢᠩᠭᠡᠨ ᠠᠴᠠ ᠢᠩᠭᠡᠨ ᠰᠤᠮᠤ ᠬᠦᠷᠬᠦ ᠵᠠᠰᠠᠮᠠᠯ ᠵᠠᠮ ᠤᠨ ᠢᠨᠵᠧᠨᠧᠷᠢᠩ ᠢ | ᠬᠡᠷᠡᠭᠵᠢᠭᠦᠯᠬᠦ ᠪᠠᠷ ᠲᠣᠭᠲᠠᠪᠠ᠃ ᠰᠢᠨ᠎ᠡ ᠵᠠᠮ ᠵᠠᠰᠠᠬᠤ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠤ ︽ᠤᠰᠤ | ᠴᠠᠭᠢᠯᠭᠠᠨ ᠵᠠᠮ ᠬᠤᠯᠪᠤᠭ᠎ᠠ ᠰᠦᠯᠵᠢᠶ᠎ᠡ︾ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ | ᠠᠬᠢᠭᠤᠯᠪᠠ᠃ | ᠠᠯᠠᠱᠠ ᠠᠶᠢᠮᠠᠭ ᠤᠨ ︽ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠨᠢᠭᠡ ᠴᠣᠭᠴᠠᠵᠢᠭᠤᠯᠬᠤ︾ | ᠪᠠᠷᠠᠭᠤᠨ ᠢᠩᠭᠡᠨ ᠠᠴᠠ ᠢᠩᠭᠡᠨ ᠰᠤᠮᠤ ᠬᠦᠷᠬᠦ ᠵᠠᠰᠠᠮᠠᠯ ᠵᠠᠮ ᠤᠨ ᠢᠨᠵᠧᠨᠧᠷᠢᠩ ᠢ 2024 ᠣᠨ ᠤ 6 ᠰᠠᠷ᠎ᠠ ᠳᠤ | ᠲᠥᠯᠥᠪᠯᠡᠭᠡ ᠶᠣᠰᠣᠭᠠᠷ ᠡᠬᠢᠯᠡᠨ ᠪᠠᠶᠢᠭᠤᠯᠵᠤ᠂ ᠢᠨᠵᠧᠨᠧᠷᠢᠩ ᠤᠨ ᠪᠦᠭᠦ ᠣᠷᠳᠣ ᠨᠢ 93 ᠺᠢᠯᠣᠮᠧᠲᠷ ᠪᠠᠶᠢᠵᠤ᠂ | ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠠᠰᠠᠨ ᠪᠠᠶᠢᠭᠤᠯᠵᠤ᠂ ᠨᠡᠶᠢᠲᠡ 1.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠠᠢ᠃ ᠢᠨᠵᠧᠨᠧᠷᠢᠩ ᠨᠢ ︽ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠨᠢᠭᠡ | ᠴᠣᠭᠴᠠᠵᠢᠭᠤᠯᠬᠤ︾ ᠰᠡᠯᠪᠢᠯᠲᠡ ᠶᠢᠨ ᠴᠢᠨᠠᠷᠲᠠᠢ ᠠᠷᠠᠴᠢᠯᠠᠨ ᠬᠠᠮᠠᠭᠠᠯᠠᠬᠤ ᠢᠨᠵᠧᠨᠧᠷᠢᠩ + 10 ᠵᠢᠯ ᠤᠨ ᠡᠳᠦᠷ | ᠲᠤᠲᠤᠮ ᠤᠨ ᠠᠷᠠᠴᠢᠯᠠᠨ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠤᠭᠰᠠᠨ ᠵᠠᠭᠪᠤᠷ ᠢ ᠬᠡᠷᠡᠭᠵᠢᠭᠦᠯᠪᠡ᠃ | ᠢᠨᠵᠧᠨᠧᠷᠢᠩ ᠪᠠᠶᠢᠭᠤᠯᠤᠭᠳᠠᠭᠰᠠᠨ ᠨᠢ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠭᠤᠣᠯ | ᠱᠤᠭᠤᠮ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠲᠣᠣᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠯᠢ | ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ | ᠮᠠᠯᠴᠢᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ ᠦᠵᠡᠭᠦᠯᠦᠨ᠂ ᠬᠢᠯᠢ ᠬᠢᠵᠠᠭᠠᠷ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠵᠠᠮ ᠳᠠᠭᠠᠤ ᠶᠢᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠵᠠᠮ ᠬᠠᠷᠢᠯᠴᠠᠭᠠᠨ ᠤ ᠬᠥᠳᠡᠯᠭᠡᠬᠦ ᠬᠦᠴᠦᠨ ᠨᠡᠮᠡᠷᠢᠯᠡᠵᠡᠢ᠃ | ᠡᠨᠡ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠱᠤᠭᠤᠮ ᠪᠤᠯᠭᠠᠵᠤ᠂ ︽ᠬᠥᠳᠡᠭᠡ ᠲᠣᠰᠬᠤᠨ ᠤ ᠲᠦᠷᠪᠡᠨ ᠰᠠᠶᠢᠲᠠᠢ ᠵᠠᠮ︾ ᠤᠨ ᠪᠦᠲᠦᠭᠡᠨ ᠪᠠᠶᠢᠭᠤᠯᠤᠯᠲᠠ ᠶᠢᠨ | ᠱᠠᠭᠠᠷᠳᠠᠯᠭ᠎ᠠ ᠳᠣᠣᠷ᠎ᠠ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠨ ᠲᠦᠷᠦᠯ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠵᠠᠮ ᠤᠨ ᠲᠣᠣᠷ ᠤᠨ ᠪᠦᠲᠦᠴᠡ ᠶᠢ ᠳᠠᠰᠤᠷᠠᠯᠳᠠ ᠦᠭᠡᠢ | ᠰᠢᠯᠢᠳᠡᠭᠵᠢᠭᠦᠯᠵᠦ᠂ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠡᠢ᠃ ︵ᠡᠩᠬᠡᠵᠢᠨ︶ | | |