| ● ᠡᠷᠳᠡᠨᠢᠴᠢᠮᠡᠭ | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠰᠢᠨᠡᠤ᠋ᠰᠤ ᠭᠠᠴᠠᠭᠠᠨ ᠤ | ︽ᠲᠡᠮᠦᠷ ᠬᠡᠦᠬᠡᠨᠴᠦᠳ︾ ︽ᠬᠤᠪᠢ ᠨᠡᠮᠡᠷᠢ ᠦᠵᠡᠭᠦᠯᠵᠦ᠂ ᠨᠥᠭᠦᠷᠰᠡᠭ ᠬᠠᠶᠢᠷ᠎ᠠ ᠪᠠᠨ ᠡᠷᠭᠦᠨ᠂ ᠬᠠᠷᠢᠯᠴᠠᠨ | ᠬᠠᠪᠰᠤᠷᠤᠯᠴᠠᠵᠤ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ | ᠪᠠᠳᠠᠷᠠᠭᠤᠯᠤᠨ᠂ ᠭᠠᠶᠢᠬᠠᠮᠰᠢᠭᠲᠤ ᠬᠡᠷᠡᠯᠳᠦ ᠰᠦᠮ᠎ᠡ ᠶᠢᠨ ᠰᠢᠨ᠎ᠡ ᠪᠠᠷ ᠪᠠᠷᠢᠭᠰᠠᠨ ᠪᠠᠶᠢᠰᠢᠩ ᠤᠨ 200 ᠭᠠᠷᠤᠢ | ᠲᠡᠭᠰᠢ ᠳᠥᠷᠪᠡᠯᠵᠢᠨ ᠮᠸᠲᠷ ᠳᠠᠯᠠᠪᠠᠢ ᠲᠠᠢ 10 ᠲᠠᠰᠤᠯᠭ᠎ᠠ ᠰᠢᠨ᠎ᠡ ᠭᠡᠷ ᠤᠨ ᠬᠡᠷᠡᠮ ᠬᠠᠨ᠎ᠠ᠂ ᠱᠠᠯᠠ᠂ ᠰᠢᠯ | ᠴᠣᠩᠬᠤ ᠶᠢ ᠴᠡᠪᠡᠷᠯᠡᠬᠦ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ | ︽ᠲᠡᠮᠦᠷ ᠬᠡᠦᠬᠡᠨᠴᠦᠳ︾ ᠰᠢᠨ᠎ᠡ ᠪᠠᠷ ᠪᠠᠷᠢᠭᠰᠠᠨ ᠰᠦᠮ᠎ᠡ ᠬᠡᠶᠢᠳ ᠤᠨ ᠰᠠᠭᠤᠷᠢ ᠲᠥᠬᠦᠭᠡᠷᠦᠮᠵᠢ | ᠶᠢ ᠴᠡᠪᠡᠷᠯᠡᠵᠦ ᠪᠠᠷᠠᠭᠰᠠᠨ ᠤ ᠳᠠᠷᠠᠭ᠎ᠠ ᠪᠠᠰᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ ᠬᠠᠶᠠᠭᠠᠳ᠂ ᠣᠷᠴᠢᠨ | ᠲᠣᠭᠤᠷᠢᠨ ᠢ ᠴᠡᠪᠡᠷ ᠴᠡᠮᠴᠡᠭᠡᠷ ᠪᠣᠯᠭᠠᠪᠠ᠃ ᠲᠤᠰ ᠤᠳᠠᠭᠠᠨ ᠤ ᠠᠵᠢᠯᠯᠠᠭ᠎ᠠ ᠨᠢ ᠳᠡᠳᠡᠨ ᠤ 136 ᠳ᠋ᠤᠭᠠᠷ | ᠤᠳᠠᠭᠠᠨ ᠤ ᠰᠠᠶᠢᠨ ᠳᠤᠷ᠎ᠠ ᠶᠢᠨ ᠠᠵᠢᠯᠯᠠᠭ᠎ᠠ ᠪᠣᠯᠤᠭᠰᠠᠨ ᠪᠠᠶᠢᠨ᠎ᠠ᠃ | ᠭᠠᠶᠢᠬᠠᠮᠰᠢᠭᠲᠤ ᠬᠡᠷᠡᠯᠳᠦ ᠰᠦᠮ᠎ᠡ ᠶᠢᠨ ᠡᠷᠭᠢᠯᠡᠭᠴᠢ ᠴᠣᠶᠢᠵᠢ᠄ ︽︿ᠲᠡᠮᠦᠷ ᠬᠡᠦᠬᠡᠨᠴᠦᠳ﹀ | ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ︿ | ᠬᠥᠮᠥᠨ ᠪᠣᠯᠭᠠᠨ ᠴᠡᠭᠴᠡᠯᠡᠨ ᠵᠠᠰᠠᠬᠤ ᠳᠤ ᠣᠷᠣᠯᠴᠠᠵᠤ᠂ ᠬᠥᠮᠥᠨ ᠪᠣᠯᠭᠠᠨ ᠣᠷᠴᠢᠨ ᠠᠬᠤᠢ ᠶᠢ ᠬᠠᠶᠢᠷᠠᠯᠠᠬᠤ﹀ | ᠰᠠᠶᠢᠨ ᠰᠠᠶᠢᠬᠠᠨ ᠠᠭᠤᠷ ᠠᠮᠢᠰᠬᠤᠯ ᠢ ᠪᠤᠯᠭᠠᠵᠤ᠂ ᠰᠦᠮ᠎ᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ | ᠪᠢᠳᠡᠨ ᠤ ᠠᠵᠢᠯ ᠤᠨ ᠳᠠᠷᠤᠭᠠᠰᠤ ᠶᠢ ᠬᠥᠩᠭᠡᠯᠡᠭᠰᠡᠨ ᠪᠠᠶᠢᠨ᠎ᠠ︾ ᠭᠡᠵᠦ ᠲᠠᠯᠠᠷᠬᠠᠨ ᠶᠠᠷᠢᠵᠤ ᠪᠠᠶᠢᠯ᠎ᠠ᠃ | |