ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/6/7
                                       ● ᠨᠠᠮᠢᠷᠠ              2024 ᠣᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠪᠡᠯᠡᠳᠬᠡᠯ ᠠᠵᠢᠯ ᠰᠢᠪᠳᠤᠷᠭᠠᠨ ᠳᠠᠭᠠᠨ ᠣᠷᠣᠵᠠᠢ᠃ ᠣᠶᠢᠷ᠎ᠠ ᠶᠢᠨ ᠡᠳᠦᠷ᠂ ᠰᠤᠷᠪᠤᠯᠵᠢᠯᠠᠬᠴᠢ ᠠᠯᠠᠱᠠ ᠶᠢᠨ ᠬᠦᠰᠡᠯ ᠮᠥᠷᠥᠭᠡᠳᠦᠯ ᠡᠯᠡᠰᠦ ᠮᠠᠩᠬᠠᠨ ᠤ ᠴᠡᠴᠡᠷᠯᠢᠭ ᠲᠤ ᠬᠦᠷᠬᠦ ᠳᠤ ᠪᠠᠷᠢᠯᠭ᠎ᠠ ᠶᠢᠨ ᠠᠵᠢᠯᠲᠠᠳ ᠴᠠᠭ ᠢ ᠵᠠᠪᠳᠤᠨ ᠶᠠᠭᠠᠷᠠᠯᠲᠠᠢ ᠠᠵᠢᠯᠯᠠᠵᠤ ᠂ ᠵᠠᠮ ᠱᠤᠭᠤᠮ ᠢ ᠰᠢᠨᠡᠳᠬᠡᠬᠦ᠂ ᠤᠰᠤ ᠴᠠᠭᠢᠯᠭᠠᠨ ᠤ ᠲᠥᠬᠦᠭᠡᠷᠦᠮᠵᠢ ᠶᠢ ᠥᠭᠡᠷᠡᠴᠢᠯᠡᠬᠦ᠂ ᠰᠦᠯᠵᠢᠶᠡᠨ ᠤ ᠴᠢᠮᠡᠭᠡ ᠬᠤᠯᠪᠤᠭ᠎ᠠ ᠶᠢ ᠲᠡᠰ ᠳᠡᠪᠰᠢᠭᠦᠯᠬᠦ ᠵᠡᠷᠭᠡ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠯ᠎ᠠ᠃              ︽6 ᠰᠠᠷ᠎ᠠ ᠠᠴᠠ ᠨᠠᠭᠠᠰᠢ ᠪᠢᠳᠡ ᠬᠦᠷᠢᠶᠡᠯᠡᠩ ᠲᠣᠭᠤᠷᠢᠭ ᠲᠤ ᠰᠢᠪᠡᠷ ᠰᠢᠷᠣᠢ ᠶᠢ ᠴᠡᠪᠡᠷᠯᠡᠬᠦ ᠲᠡᠭᠰᠢᠯᠡᠬᠦ ᠠᠵᠢᠯ ᠢᠶᠠᠨ ᠡᠬᠢᠯᠡᠭᠦᠯᠦᠭᠰᠡᠨ ᠪᠥᠭᠡᠳ ᠬᠦᠷᠢᠶ᠎ᠡ ᠬᠠᠰᠢᠶ᠎ᠠ᠂ ᠵᠠᠮ ᠤᠨ ᠰᠠᠭᠤᠷᠢ ᠶᠢᠨ ᠬᠠᠵᠠᠭᠤ᠂ ᠵᠠᠷ ᠢᠯᠡᠷᠬᠡᠶᠢᠯᠡᠯ᠂ ᠡᠭᠦᠳᠡ ᠬᠠᠭᠠᠯᠭ᠎ᠠ᠂ ᠡᠯᠧᠺᠲᠷᠣᠨ ᠬᠢᠨᠠᠨ ᠡᠵᠡᠮᠰᠢᠯ ᠵᠢᠴᠢ ᠤᠰᠤ ᠴᠠᠭᠢᠯᠭᠠᠨ ᠤ ᠲᠣᠣᠷᠵᠢᠯ ᠢ ᠰᠡᠯᠪᠢᠨ ᠵᠠᠰᠠᠵᠤ ᠥᠭᠡᠷᠡᠴᠢᠯᠡᠨ ᠳᠡᠰ ᠳᠡᠪᠰᠢᠭᠦᠯᠵᠡᠢ᠃ ᠡᠭᠦᠨ ᠠᠴᠠ ᠭᠠᠳᠠᠨ᠎ᠠ᠂ ᠳᠡᠯᠭᠡᠭᠡ ᠮᠠᠶᠢᠮᠠᠢ ᠶᠢᠨ ᠪᠠᠶᠢᠷᠢ᠂ ᠳᠡᠯᠭᠡᠨ ᠦᠵᠡᠭᠦᠯᠭᠡ ᠶᠢᠨ ᠪᠠᠶᠢᠷᠢ᠂ ᠠᠷᠠᠯᠵᠢᠶᠠᠴᠢᠨ ᠤᠷᠢᠬᠤ ᠪᠠ ᠤᠬᠠᠭᠤᠯᠤᠨ ᠪᠣᠷᠣᠯᠠᠭᠤᠯᠬᠤ ᠠᠵᠢᠯ ᠴᠤ ᠣᠳᠣᠬᠠᠨ ᠨᠢᠭᠡᠨᠲᠡ ᠰᠢᠪᠳᠤᠷᠭᠠᠨ ᠳᠠᠭᠠᠨ ᠣᠷᠣᠭᠰᠠᠨ ᠪᠠᠶᠢᠨ᠎ᠠ︾ ᠭᠡᠵᠦ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠾᠧ ᡁᠢ ᠭᠦᠸᠧ ᠰᠤᠷᠪᠤᠯᠵᠢᠯᠠᠬᠴᠢ ᠳᠤ ᠬᠡᠯᠡᠪᠡ᠃              ᠡᠭᠦᠨ ᠠᠴᠠ ᠭᠠᠳᠠᠨ᠎ᠠ᠂ ᠨᠠᠶᠢᠷ ᠤᠨ ᠲᠠᠯᠠᠪᠠᠶ ᠶᠢᠨ ᠣᠷᠴᠢᠨ ᠲᠣᠭᠤᠷᠢᠨ ᠴᠡᠪᠡᠷ ᠲᠡᠭᠰᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠤᠨ ᠬᠢᠨ ᠨᠢᠭᠡᠨᠲᠡ 500 ᠭᠠᠷᠤᠢ ᠠᠵᠢᠯᠲᠠᠨ ︵ᠤᠳᠠᠭ᠎ᠠ︶ ᠢ ᠲᠣᠮᠢᠯᠠᠨ ᠡᠮᠦᠨᠡᠬᠢ ᠬᠤᠭᠤᠴᠠᠭᠠᠨ ᠤ ᠴᠡᠪᠡᠷᠯᠡᠵᠦ ᠲᠢᠭᠯᠡᠭᠦ ᠠᠵᠢᠯ ᠢ ᠥᠷᠨᠢᠭᠦᠯᠪᠡ᠃ ᠣᠲᠣ ᠪᠤᠯᠲᠠᠯ᠎ᠠ᠂ 38 ᠬᠤᠪᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ ᠵᠢᠵᠢᠭ ᠭᠡᠯᠪᠡᠷᠢ ᠶᠢᠨ 53 ᠵᠤᠷᠯᠤᠩ ᠢ ᠠᠷᠢᠭᠤᠳᠬᠠᠨ ᠴᠡᠪᠡᠷᠯᠡᠭᠰᠡᠨ ᠪᠤᠶᠤ ᠰᠡᠯᠪᠢᠨ ᠵᠠᠰᠠᠵᠤ᠂ ᠲᠣᠭᠤᠷᠢᠭ ᠬᠡᠯᠪᠡᠷᠢᠲᠦ 4 ᠲᠣᠮᠣ ᠵᠤᠷᠯᠤᠩ ᠤᠨ ᠳᠡᠭᠡᠪᠦᠷ ᠢ ᠰᠡᠯᠪᠢᠨ ᠵᠠᠰᠠᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号