| | | ᠨᠢᠭᠡ᠂ 2024 ᠣᠨ ᠳᠤ ᠠᠯᠠᠱᠠ ᠵᠡᠭᠦᠨ ᠬᠤᠰᠢᠭᠤᠨ ᠤ ᠮᠡᠷᠭᠡᠵᠢᠯ ᠤᠨ ᠴᠣᠯᠠ ᠮᠡᠳᠡᠭᠦᠯᠬᠦ ᠪᠣᠳᠠᠲᠠᠢ ᠴᠠᠭ | ᠨᠢ ᠬᠡᠵᠢᠶ᠎ᠡ ᠪᠣᠶ︖ | | 1. ᠡᠨᠡ ᠵᠢᠯ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ | ᠵᠡᠷᠭᠡᠪᠡᠷ ᠶᠠᠪᠤᠭᠳᠠᠭᠤᠯᠤᠨ᠎ᠠ᠂ ᠮᠡᠳᠡᠭᠦᠯᠬᠦ ᠴᠠᠭ᠄ 6 ᠳ᠋ᠤᠭᠠᠷ ᠰᠠᠷ᠎ᠠ ᠶᠢᠨ 14 ᠤ ᠡᠳᠦᠷ ᠠᠴᠠ ᠡᠮᠦᠨ᠎ᠡ ᠪᠥᠬᠦ | ᠬᠤᠰᠢᠭᠤᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ᠂ ︽ᠬᠠᠨᠳᠤᠯᠭ᠎ᠠ ᠲᠠᠢ ᠪᠠᠷ ᠦᠨᠡᠯᠡᠬᠦ᠂ | ᠬᠠᠨᠳᠤᠯᠭ᠎ᠠ ᠲᠠᠢ ᠪᠠᠷ ᠬᠡᠷᠡᠭᠯᠡᠬᠦ︾ ᠦᠨᠳᠦᠰᠦᠨ ᠱᠠᠲᠤᠨ ᠤ ᠥᠨᠳᠥᠷ ᠵᠡᠷᠭᠡ ᠶᠢᠨ ᠮᠡᠷᠭᠡᠵᠢᠯ ᠤᠨ ᠴᠣᠯᠠ ︵ | ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ︶ ᠶᠢ ᠪᠠᠭᠲᠠᠭᠠᠭᠰᠠᠨ ᠪᠥᠬᠦ ᠬᠤᠰᠢᠭᠤᠨ ᠤ | ᠵᠣᠬᠢᠶᠠᠨ ᠪᠠᠶᠢᠭᠤᠯᠤᠯᠲᠠ ᠶᠢᠨ ᠮᠡᠳᠡᠭᠦᠯᠬᠦ ᠠᠵᠢᠯ ᠢ ᠳᠠᠭᠤᠰᠬᠠᠨ᠎ᠠ᠃ | | 2. ᠰᠢᠯᠭᠠᠨ ᠦᠨᠡᠯᠡᠬᠦ ᠶᠢ ᠰᠢᠷᠢᠰ ︵ᠲᠤᠰᠬᠠᠢ ᠮᠡᠷᠭᠡᠵᠢᠯ︶ ᠤᠨ ᠮᠡᠷᠭᠡᠵᠢᠯ ᠤᠨ ᠴᠣᠯᠠ ᠮᠡᠳᠡᠭᠦᠯᠬᠦ ᠴᠠᠭ ᠢ | ᠤᠶᠠᠯᠳᠤᠭᠤᠯᠤᠨ ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠤᠨ ᠵᠣᠬᠢᠶᠠᠨ ᠪᠠᠶᠢᠭᠤᠯᠤᠭᠰᠠᠨ ᠨᠢᠭᠡᠴᠢ ᠶᠢᠨ | ᠪᠠᠭᠤᠯᠭᠠᠭᠰᠠᠨ ᠣᠨ ᠤ ᠰᠢᠯᠭᠠᠷᠠᠭᠤᠯᠬᠤ ᠠᠵᠢᠯ ᠤᠨ ᠮᠡᠳᠡᠭᠳᠡᠯ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠎ᠠ᠃ | | ᠬᠤᠶᠠᠷ᠂ ᠮᠡᠷᠭᠡᠵᠢᠯ ᠤᠨ ᠴᠣᠯᠠ ᠮᠡᠳᠡᠭᠦᠯᠬᠦ ᠮᠠᠲ᠋ᠧᠷᠢᠶᠠᠯ ᠤᠨ ᠬᠢᠷᠢ ᠬᠡᠮ ᠢ ᠪᠤᠳᠤᠬᠤ ᠡᠴᠦᠰ ᠤᠨ | ᠬᠤᠭᠤᠴᠠᠭ᠎ᠠ ᠶᠢ ᠬᠡᠷᠬᠢᠨ ᠪᠤᠳᠤᠬᠤ ᠪᠤᠢ︖ | | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠮᠡᠳᠡᠭᠦᠯᠦᠭᠰᠡᠨ ᠰᠤᠷᠤᠯᠭ᠎ᠠ ᠶᠢᠨ ᠨᠠᠮᠲᠠᠷ᠂ | ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ ᠤᠨ ᠠᠮᠵᠢᠯᠲᠠ ᠪᠦᠲᠦᠮᠵᠢ ︵ᠥᠭᠦᠯᠡᠯ᠂ | ᠱᠠᠩᠨᠠᠯ᠂ ᠢᠷᠠᠭᠤ ᠠᠯᠳᠠᠷ ᠵᠡᠷᠭᠡ︶᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠤᠨ | ᠳᠠᠭᠤᠰᠬᠤ ᠴᠠᠭ ᠨᠢ ᠲᠤᠬᠠᠢ ᠶᠢᠨ ᠵᠢᠯ ᠤᠨ ᠮᠡᠷᠭᠡᠵᠢᠯ ᠤᠨ ᠴᠣᠯᠠ ᠮᠡᠳᠡᠭᠦᠯᠬᠦ ᠶᠢᠨ ᠳᠠᠭᠤᠰᠬᠤ ᠴᠠᠭ ᠪᠣᠯᠣᠨ᠎ᠠ᠃ | | ᠭᠤᠷᠪᠠ᠂ ᠮᠡᠷᠭᠡᠵᠢᠯ ᠤᠨ ᠴᠣᠯᠠ ᠬᠢᠨᠠᠨ ᠲᠣᠭᠲᠠᠭᠠᠯᠭᠠᠬᠤ ᠪᠠᠷ ᠮᠡᠳᠡᠭᠦᠯᠬᠦ ᠬᠦᠷᠢᠶ᠎ᠡ ᠬᠡᠪᠴᠢᠶ᠎ᠡ ᠨᠢ ᠶᠠᠭᠤ ᠪᠤᠢ | ︖ | | 1. ᠮᠡᠳᠡᠭᠦᠯᠦᠭᠰᠡᠳ ᠨᠢ ᠲᠤᠰ ᠨᠢᠭᠡᠴᠢ ᠶᠢᠨ ᠢᠶᠠᠨ ᠠᠵᠢᠯ ᠳᠤ ᠪᠠᠶᠢᠭ᠎ᠠ ᠠᠵᠢᠯᠲᠠᠨ ᠪᠠᠶᠢᠬᠤ ᠬᠡᠷᠡᠭᠲᠡᠢ᠃ | ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠬᠥᠮᠥᠰ ᠢ ᠪᠠᠭᠲᠠᠭᠠᠨ᠎ᠠ︶ ᠪᠣᠯᠣᠨ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠮᠡᠷᠭᠡᠵᠢᠯ ᠤᠨ | ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠮᠡᠳᠡᠭᠦᠯᠵᠦ ᠪᠣᠯᠬᠤ ᠦᠭᠡᠢ᠃ | | 2. ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠣᠰᠣᠯ ᠲᠡᠮᠳᠡᠭᠯᠡᠬᠦ ᠠᠴᠠ ᠳᠡᠭᠡᠭᠰᠢ ᠰᠢᠢᠳᠬᠡᠯ ᠣᠯᠣᠭᠰᠠᠨ | ᠪᠠᠶᠢᠪᠠᠯ᠂ ᠰᠢᠢᠳᠬᠡᠯ ᠣᠯᠣᠭᠰᠠᠨ ᠬᠤᠭᠤᠴᠠᠭᠠᠨ ᠳᠠᠭᠠᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ | ᠣᠷᠣᠯᠴᠠᠬᠤ ᠪᠠᠷ ᠮᠡᠳᠡᠭᠦᠯᠵᠦ ᠪᠣᠯᠬᠤ ᠦᠭᠡᠢ᠃ | | 3. ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ᠂ ᠭᠠᠳᠠᠭᠠᠳᠤ ᠶᠢᠨ ᠬᠠᠷᠢᠶ᠎ᠠ ᠲᠠᠢ ᠬᠥᠮᠥᠰ᠂ | ᠨᠥᠬᠦᠴᠡᠯ ᠳᠤ ᠨᠡᠶᠢᠴᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠴᠢᠯᠦᠭᠡᠲᠦ ᠠᠵᠢᠯᠲᠠᠨ ᠪᠠ ᠮᠠᠯᠵᠢᠬᠤ ᠲᠠᠷᠢᠶᠠᠯᠠᠬᠤ | ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠵᠦ ᠪᠣᠯᠣᠨ᠎ᠠ᠃ | | ᠳᠥᠷᠪᠡ᠂ ᠪᠦᠬᠦᠯᠢ ᠡᠳᠦᠷ ᠤᠨ ᠳᠦᠷᠢᠮᠲᠦ ᠪᠠ ᠪᠦᠬᠦᠯᠢ ᠡᠳᠦᠷ ᠤᠨ ᠳᠦᠷᠢᠮᠲᠦ ᠪᠤᠰᠤ ᠰᠤᠷᠤᠯᠭ᠎ᠠ ᠶᠢᠨ | ᠨᠠᠮᠲᠠᠷ ᠢ ᠮᠡᠷᠭᠡᠵᠢᠯ ᠤᠨ ᠴᠣᠯᠠ ᠮᠡᠳᠡᠭᠦᠯᠬᠦ ᠦᠶ᠎ᠡ ᠳᠤ ᠢᠯᠭᠠᠭ᠎ᠠ ᠲᠠᠢ ᠦᠦ︖ | | ᠢᠯᠭᠠᠭ᠎ᠠ ᠦᠭᠡᠢ᠃ ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ ᠰᠤᠷᠤᠯᠭ᠎ᠠ ᠶᠢᠨ ᠨᠠᠮᠲᠠᠷ ᠬᠢᠭᠡᠳ | ᠪᠦᠬᠦᠯᠢ ᠡᠳᠦᠷ ᠢᠶᠠᠷ ᠠᠵᠢᠯᠯᠠᠬᠤ ᠳᠦᠷᠢᠮᠲᠦ ᠰᠤᠷᠤᠯᠭ᠎ᠠ ᠶᠢᠨ ᠨᠠᠮᠲᠠᠷ ᠲᠠᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠲᠡᠭᠦᠰᠦᠭᠰᠡᠳ ᠬᠢᠭᠡᠳ ᠠᠳᠠᠯᠢ ᠲᠠᠰ ᠳᠠᠪᠬᠤᠷᠭ᠎ᠠ ᠶᠢᠨ ᠡᠩ ᠤᠨ ᠰᠤᠷᠭᠠᠭᠤᠯᠢ ᠲᠡᠭᠦᠰᠦᠭᠰᠡᠳ ᠤᠨ | ᠮᠡᠷᠭᠡᠵᠢᠯ ᠤᠨ ᠴᠣᠯᠠ ᠰᠢᠯᠭᠠᠷᠠᠭᠤᠯᠬᠤ ᠲᠠᠯ᠎ᠠ ᠪᠠᠷ ᠠᠳᠠᠯᠢᠬᠠᠨ ᠬᠠᠷᠠᠭᠠᠯᠵᠠᠯ ᠭᠥᠷᠳᠡᠨ᠎ᠡ᠃ | | ᠲᠠᠪᠤ᠂ ᠮᠡᠷᠭᠡᠵᠢᠯ ᠤᠨ ᠴᠣᠯᠠ ᠮᠡᠳᠡᠭᠦᠯᠬᠦ ᠳᠤ ᠰᠣᠷᠣᠭᠰᠠᠨ ᠲᠤᠰᠬᠠᠢ ᠮᠡᠷᠭᠡᠵᠢᠯ ᠤᠨ ᠢᠶᠠᠨ ᠲᠤᠬᠠᠢ ᠶᠠᠮᠠᠷ | ᠲᠣᠭᠲᠠᠭᠠᠯ ᠲᠠᠢ ᠪᠤᠢ︖ | | ᠣᠯᠠᠨ ᠨᠡᠶᠢᠲᠡ ᠶᠢᠨ ᠠᠮᠤᠷ ᠲᠦᠪᠰᠢᠨ᠂ ᠬᠥᠮᠥᠨ ᠤ ᠠᠮᠢᠳᠤᠷᠠᠯ ᠤᠨ ᠡᠷᠡᠭᠦᠯ ᠮᠡᠨᠳᠦ ᠳᠤ ᠬᠤᠯᠪᠣᠭᠳᠠᠬᠤ | ᠰᠢᠷᠢᠰ ᠪᠠ ᠲᠤᠰᠬᠠᠢ ᠮᠡᠷᠭᠡᠵᠢᠯ ᠠᠴᠠ ᠭᠠᠳᠠᠨ᠎ᠠ᠂ ᠲᠤᠰᠬᠠᠢ ᠮᠡᠷᠭᠡᠵᠢᠯ ᠡᠷᠭᠢᠯᠡᠬᠦ ᠪᠠ ᠰᠣᠷᠣᠭᠰᠠᠨ ᠲᠤᠰᠬᠠᠢ | ᠮᠡᠷᠭᠡᠵᠢᠯ ᠨᠢ ᠨᠢᠭᠡᠳᠦᠯ ᠦᠭᠡᠢ ᠪᠠᠶᠢᠪᠠᠯ᠂ ᠲᠣᠰ ᠬᠥᠮᠥᠨ ᠤ ᠣᠷᠳᠣ ᠬᠤᠭᠤᠴᠠᠭ᠎ᠠ ᠪᠠᠷ ᠲᠤᠰᠬᠠᠢ ᠮᠡᠷᠭᠡᠵᠢᠯ | ᠡᠷᠭᠢᠯᠡᠵᠦ ᠮᠡᠷᠭᠡᠵᠢᠯ ᠤᠨ ᠴᠣᠯᠠ ᠮᠡᠳᠡᠭᠦᠯᠬᠦ ᠶᠢ ᠵᠥᠪᠰᠢᠶᠡᠷᠡᠨ᠎ᠡ᠃ ᠪᠣᠳᠠᠲᠠᠢ ᠪᠠᠷ ᠲᠣᠰ ᠰᠢᠷᠢᠰ ︵ᠲᠤᠰᠬᠠᠢ | ᠮᠡᠷᠭᠡᠵᠢᠯ︶ ᠤᠨ ᠬᠢᠨᠠᠨ ᠲᠣᠭᠲᠠᠭᠠᠬᠤ ᠨᠥᠬᠦᠴᠡᠯ ᠪᠠ ᠲᠣᠰ ᠰᠢᠷᠢᠰ ︵ᠲᠤᠰᠬᠠᠢ ᠮᠡᠷᠭᠡᠵᠢᠯ︶ ᠤᠨ ᠣᠨ ᠤ | ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠠᠵᠢᠯ ᠤᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ | | ᠵᠢᠷᠭᠤᠭ᠎ᠠ᠂ ᠡᠯ᠎ᠡ ᠰᠢᠷᠢᠰ ︵ᠲᠤᠰᠬᠠᠢ ᠮᠡᠷᠭᠡᠵᠢᠯ︶ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ | ᠨᠥᠬᠦᠴᠡᠯ ᠢ ᠬᠡᠷᠬᠢᠨ ᠪᠠᠶᠢᠴᠠᠭᠠᠨ ᠦᠵᠡᠬᠦ ᠪᠣᠶ︖ | | ᠡᠯ᠎ᠡ ᠰᠢᠷᠢᠰ ︵ᠲᠤᠰᠬᠠᠢ ᠮᠡᠷᠭᠡᠵᠢᠯ︶ ᠤᠨ ᠬᠢᠨᠠᠨ ᠲᠣᠭᠲᠠᠭᠠᠬᠤ ᠨᠥᠬᠦᠴᠡᠯ ᠢ ᠴᠥᠮ ᠥᠪᠥᠷ | ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠠᠴᠠ ᠪᠠᠶᠢᠴᠠᠭᠠᠨ ᠦᠵᠡᠵᠦ ᠪᠣᠯᠣᠨ᠎ᠠ᠃ ᠪᠠᠢ ᠳ᠋ᠦ᠋ | ︽ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠠᠯᠪᠠᠨ ᠤ ᠰᠦᠯᠵᠢᠶ᠎ᠡ︾ ᠶᠢ | ᠬᠠᠶᠢᠬᠤ ᠪᠤᠶᠤ ᠰᠦᠯᠵᠢᠶᠡᠨ ᠤ ᠬᠠᠶ᠋ᠢᠭ ︵https://www.nmgrck.cn/︶ ᠢ ᠣᠷᠣᠭᠤᠯᠵᠤ᠂ | ᠲᠦᠷᠦᠭᠦᠸ ᠨᠢᠭᠤᠷ ᠲᠤ ᠣᠷᠣᠭᠤᠯᠤᠨ᠎ᠠ — ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠪᠴᠢᠳᠠᠨ᠎ᠠ — | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ | ᠨᠥᠬᠦᠴᠡᠯ ᠢ ᠲᠣᠪᠴᠢᠳᠠᠨ᠎ᠠ᠃ | | ᠲᠤᠯᠤᠭ᠎ᠠ᠂ ᠮᠡᠳᠡᠭᠦᠯᠬᠦ ᠮᠠᠲ᠋ᠧᠷᠢᠶᠠᠯ ᠢ ᠬᠡᠷᠬᠢᠨ ᠪᠡᠯᠡᠳᠬᠡᠬᠦ ᠪᠤᠢ︖ | | ᠮᠡᠳᠡᠭᠦᠯᠦᠭᠰᠡᠳ ᠨᠢ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ ᠳᠤ ᠱᠠᠭᠠᠷᠳᠠᠭᠰᠠᠨ | ᠰᠤᠷᠤᠯᠭ᠎ᠠ ᠶᠢᠨ ᠨᠠᠮᠲᠠᠷ᠂ ᠬᠢᠷᠢ ᠬᠡᠮ ᠵᠢᠴᠢ ᠦᠷ᠎ᠡ ᠪᠦᠲᠦᠭᠡᠯ ᠤᠨ ᠠᠮᠵᠢᠯᠲᠠ ᠪᠦᠲᠦᠮᠵᠢ ᠲᠠᠢ ᠴᠢᠩᠭ᠎ᠠ | ᠬᠠᠷᠢᠴᠠᠭᠤᠯᠤᠨ ᠥᠪᠡᠷ ᠤᠨ ᠮᠡᠳᠡᠭᠦᠯᠬᠦ ᠬᠢᠷᠢ ᠬᠡᠮ ᠳᠤ ᠨᠡᠶᠢᠴᠡᠬᠦ ᠡᠰᠡᠬᠦ ᠪᠠᠨ ᠲᠣᠭᠲᠠᠭᠠᠵᠤ᠂ ᠨᠥᠬᠦᠴᠡᠯ ᠳᠤ | ᠨᠡᠶᠢᠴᠡᠬᠦ ᠬᠥᠮᠥᠰ ᠨᠢ ︽ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ︾ | ᠲᠠᠢ ᠬᠠᠷᠢᠴᠠᠭᠤᠯᠤᠨ ᠮᠡᠳᠡᠭᠦᠯᠬᠦ ᠮᠠᠲ᠋ᠧᠷᠢᠶᠠᠯ ᠢᠶᠠᠨ ᠵᠤᠷᠪᠤᠰ ᠳᠠᠷᠠᠭᠠᠯᠠᠨ ᠪᠡᠯᠡᠳᠬᠡᠵᠦ᠂ ᠭᠠᠷᠴᠠᠭ ᠤᠨ | ᠬᠠᠭᠤᠳᠠᠰᠤ ᠶᠢᠨ ᠲᠠᠰ ᠳᠠᠷᠠᠭᠠᠯᠠᠯ ᠢᠶᠠᠷ ᠳᠡᠪᠲᠡᠷᠯᠡᠬᠦ ᠶᠢᠨ ᠬᠠᠮᠲᠤ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ | ᠲᠠᠮᠠᠭ᠎ᠠ ᠪᠠᠨ ᠳᠠᠷᠤᠬᠤ ᠬᠡᠷᠡᠭᠲᠡᠢ᠃ ᠬᠢᠨᠠᠨ ᠲᠣᠭᠲᠠᠭᠠᠬᠤ ᠬᠦᠰᠦᠨᠦᠭᠲᠦ ᠶᠢ ᠨᠠᠭᠠᠯᠳᠤᠭᠤᠯᠵᠤ ᠪᠣᠯᠬᠤ ᠦᠭᠡᠢ᠂ | ᠰᠡᠭᠦᠯᠴᠢ ᠶᠢᠨ ᠬᠤᠭᠤᠴᠠᠭᠠᠨ ᠳᠤ ᠰᠢᠰᠲ᠋ᠧᠮ ᠢ ᠨᠢ ᠳᠠᠮᠵᠢᠭᠤᠯᠬᠤ ᠬᠡᠷᠡᠭᠲᠡᠢ᠃ | | ᠨᠠᠢᠮᠠ᠂ ᠮᠡᠷᠭᠡᠵᠢᠯ ᠤᠨ ᠴᠣᠯᠠ ᠮᠡᠳᠡᠭᠦᠯᠬᠦ ᠬᠦᠰᠦᠨᠦᠭᠲᠦ ᠶᠢ ᠬᠠᠮᠢᠭ᠎ᠠ ᠠᠴᠠ ᠪᠠᠭᠤᠯᠭᠠᠬᠤ ᠪᠣᠶ︖ | | ᠰᠢᠯᠭᠠᠷᠠᠭᠤᠯᠤᠯᠲᠠ ᠳᠤ ᠣᠷᠣᠯᠴᠠᠭᠰᠠᠳ᠃ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ | ᠬᠥᠮᠥᠷᠭᠡ ︵www.nmgrck.cn︶ ᠳᠤ ᠬᠦᠷᠴᠦ᠂ ᠴᠠᠬᠢᠮ ᠰᠦᠯᠵᠢᠶ᠎ᠡ +ᠬᠤᠪᠢ ᠬᠥᠮᠥᠨ ᠤ ᠮᠡᠳᠡᠭᠡ | ᠵᠠᠩᠭᠢ ᠪᠠᠨ ᠳᠠᠩᠰᠠᠯᠠᠬᠤ ᠶᠢ ᠪᠡᠶᠡᠯᠡᠭᠦᠯᠵᠦ᠂ ᠬᠤᠪᠢ ᠬᠥᠮᠥᠨ ᠤ ᠦᠨᠳᠦᠰᠦᠨ ᠮᠡᠳᠡᠭᠡ ᠵᠠᠩᠭᠢ ᠪᠠᠨ ᠲᠠᠭᠯᠠᠨ | ᠮᠡᠳᠡᠭᠦᠯᠵᠦ᠂ ᠬᠤᠪᠢ ᠬᠥᠮᠥᠨ ᠤ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ 2 ᠢᠮᠠᠬᠤ ᠶᠢᠨ ᠡᠯᠧᠺᠲᠷᠣᠨ | ᠬᠡᠷᠡᠯ ᠵᠢᠷᠤᠭ ᠢ ᠳᠡᠭᠡᠭᠰᠢ ᠳᠠᠮᠵᠢᠭᠤᠯᠤᠨ᠎ᠠ᠃ ᠳᠠᠩᠰᠠᠯᠠᠭᠤᠯᠤᠭᠰᠠᠨ ᠤ ᠳᠠᠷᠠᠭ᠎ᠠ᠂ ᠲᠡᠮᠳᠡᠭᠯᠡᠬᠦ ᠨᠢᠭᠤᠷ ᠤᠨ ᠵᠡᠭᠦᠨ | ᠲᠠᠯ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ 2024 ᠣᠨ ᠤ ᠮᠡᠷᠭᠡᠵᠢᠯ ᠤᠨ ᠴᠣᠯᠠ ᠮᠡᠳᠡᠭᠦᠯᠬᠦ | ᠪᠤᠯᠤᠩ ᠳᠤ᠂ ︽ᠮᠡᠳᠡᠭᠦᠯᠬᠦ ᠬᠢᠷᠢ ᠬᠡᠮ ᠨᠡᠮᠡᠬᠦ︾ ᠶᠢ ᠲᠣᠪᠴᠢᠳᠠᠪᠠᠯ᠂ ᠬᠦᠴᠦᠨ ᠲᠡᠭᠦᠯᠳᠡᠷ ᠬᠤᠯᠪᠣᠭᠳᠠᠬᠤ ᠮᠡᠳᠡᠭᠡ | ᠵᠠᠩᠭᠢ ᠶᠢ ᠨᠥᠬᠦᠪᠦᠷᠢᠯᠡᠭᠰᠡᠨ ᠤ ᠳᠠᠷᠠᠭ᠎ᠠ ᠲᠤᠰᠢᠶᠠᠵᠤ᠂ ᠳᠠᠭᠤᠰᠤᠭᠰᠠᠨ ᠤ ᠳᠠᠷᠠᠭ᠎ᠠ ︽ᠲᠤᠰᠬᠠᠢ ᠮᠡᠷᠭᠡᠵᠢᠯ ᠤᠨ | ᠬᠢᠷᠢ ᠬᠡᠮ ᠤᠨ ᠬᠢᠨᠠᠨ ᠲᠣᠭᠲᠠᠭᠠᠬᠤ ᠬᠦᠰᠦᠨᠦᠭᠲᠦ︾ ᠪᠠ ︽ᠲᠤᠰᠬᠠᠢ ᠮᠡᠷᠭᠡᠵᠢᠯ ᠤᠨ ᠬᠢᠷᠢ ᠬᠡᠮ ᠤᠨ ᠬᠢᠨᠠᠨ | ᠪᠠᠶᠢᠴᠠᠭᠠᠯᠲᠠ ᠶᠢᠨ ᠬᠦᠰᠦᠨᠦᠭᠲᠦ︾ ᠶᠢ ᠪᠠᠭᠤᠯᠭᠠᠨ ᠠᠪᠴᠤ᠂ ᠪᠠᠭᠤᠯᠭᠠᠭᠰᠠᠨ ᠤ ᠳᠠᠷᠠᠭ᠎ᠠ ᠴᠠᠬᠢᠮ ᠰᠦᠯᠵᠢᠶ᠎ᠡ + | ︽ᠲᠤᠰᠬᠠᠢ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠬᠦᠰᠦᠨᠦᠭᠲᠦ︾ ᠪᠠ ︽ᠲᠤᠰᠬᠠᠢ ᠮᠡᠷᠭᠡᠵᠢᠯ ᠤᠨ | ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠬᠦᠰᠦᠨᠦᠭᠲᠦ︾ ᠳᠣᠲᠣᠷᠠᠬᠢ ᠬᠤᠯᠪᠣᠭᠳᠠᠬᠤ ᠮᠡᠳᠡᠭᠡ ᠵᠠᠩᠭᠢ ᠶᠢ | ᠨᠥᠬᠦᠪᠦᠷᠢᠯᠡᠵᠦ᠂ ᠱᠠᠭᠠᠷᠳᠠᠯᠭ᠎ᠠ ᠶᠣᠰᠣᠭᠠᠷ ︽ᠲᠤᠰᠬᠠᠢ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ | ᠬᠦᠰᠦᠨᠦᠭᠲᠦ︾ ︵A4 ᠴᠠᠭᠠᠰᠤ ᠪᠠᠷ ᠵᠥᠪ ᠪᠤᠷᠤᠭᠤ ᠲᠠᠯ᠎ᠠ ᠶᠢ ᠨᠢ ᠳᠠᠷᠤᠮᠠᠯᠯᠠᠭᠰᠠᠨ ᠤ ᠳᠠᠷᠠᠭ᠎ᠠ ᠳᠡᠪᠲᠡᠷᠯᠡᠨ᠎ᠡ᠂ | ᠨᠢᠭᠡ ᠶᠠᠩᠵᠤ ᠶᠢᠨ 2 ᠬᠤᠪᠢ︶ ᠶᠢ ᠳᠠᠷᠤᠮᠠᠯᠯᠠᠨ᠎ᠠ᠃ ︽ᠲᠤᠰᠬᠠᠢ ᠮᠡᠷᠭᠡᠵᠢᠯ ᠤᠨ ᠬᠢᠷᠢ ᠬᠡᠮ ᠤᠨ ᠬᠦᠷᠭᠡᠨ | ᠬᠢᠨᠠᠭᠤᠯᠬᠤ ᠬᠦᠰᠦᠨᠦᠭᠲᠦ︾ ︵A3 ᠴᠠᠭᠠᠰᠤ ᠪᠠᠷ ᠳᠠᠷᠤᠮᠠᠯᠯᠠᠨ᠎ᠠ᠂ ᠨᠢᠭᠡ ᠶᠠᠩᠵᠤ ᠶᠢᠨ 15 ᠬᠤᠪᠢ︶᠃ | ᠠᠩᠬᠠᠷᠤᠭᠤᠰᠢᠲᠠᠢ ᠨᠢ᠂ ᠬᠢᠨᠠᠨ ᠲᠣᠭᠲᠠᠭᠠᠬᠤ ᠬᠦᠰᠦᠨᠦᠭᠲᠦ ᠪᠠ ᠬᠦᠷᠭᠡᠨ ᠬᠢᠨᠠᠭᠤᠯᠬᠤ ᠬᠦᠰᠦᠨᠦᠭᠲᠦ ᠶᠢᠨ ᠬᠤᠶᠠᠷ | ᠬᠡᠮᠵᠢᠯᠲᠦ ᠺᠣᠳ᠋ ᠨᠢ ᠨᠢᠭᠡ ᠬᠥᠮᠥᠨ ᠳᠤ ᠨᠢᠭᠡ ᠺᠣᠳ᠋ ᠲᠠᠢ᠂ ᠣᠯᠠᠨ ᠬᠥᠮᠥᠨ ᠨᠢᠭᠡ ᠬᠤᠪᠢ ᠪᠢᠴᠢᠭ ᠮᠠᠲ᠋ᠧᠷᠢᠶᠠᠯ ᠢ | ᠬᠡᠷᠡᠭᠯᠡᠵᠦ ᠪᠣᠯᠬᠤ ᠦᠭᠡᠢ᠂ ᠪᠤᠰᠤᠳ ᠬᠥᠮᠥᠨ ᠤ ᠬᠦᠰᠦᠨᠦᠭᠲᠦ ᠶᠢ ᠪᠠᠭᠤᠯᠭᠠᠨ ᠠᠪᠴᠤ ᠪᠣᠯᠬᠤ ᠦᠭᠡᠢ᠃ | | ᠶᠢᠰᠦ᠂ ᠰᠢᠯᠭᠠᠷᠠᠭᠤᠯᠬᠤ ᠺᠣᠮᠢᠰ ᠤᠨ ᠨᠡᠷᠡᠶᠢᠳᠦᠯ ᠨᠢ ᠶᠠᠭᠤ ᠪᠤᠢ︖ | | ᠰᠢᠯᠭᠠᠷᠠᠭᠤᠯᠬᠤ ᠺᠣᠮᠢᠰ ᠤᠨ ᠨᠡᠷᠡᠶᠢᠳᠦᠯ᠄ ᠰᠢᠯᠭᠠᠷᠠᠭᠤᠯᠬᠤ ᠺᠣᠮᠢᠰ ᠤᠨ ᠲᠠᠰ ᠳᠠᠪᠬᠤᠷᠭ᠎ᠠ + ᠲᠣᠰ ᠰᠢᠷᠢᠰ | ︵ᠲᠤᠰᠬᠠᠢ ᠮᠡᠷᠭᠡᠵᠢᠯ︶ ᠤᠨ ᠨᠡᠷᠡᠶᠢᠳᠦᠯ ᠢ ᠲᠠᠭᠯᠠᠨ ᠪᠢᠴᠢᠬᠦ + ᠮᠡᠷᠭᠡᠵᠢᠯ ᠤᠨ ᠴᠣᠯᠠ ᠮᠡᠳᠡᠭᠦᠯᠬᠦ ᠲᠠᠰ | ᠳᠠᠪᠬᠤᠷᠭ᠎ᠠ + ᠰᠢᠯᠭᠠᠷᠠᠭᠤᠯᠬᠤ ᠺᠣᠮᠢᠰ᠃ ᠵᠢᠱᠢᠶᠡᠯᠡᠪᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠯᠧᠺᠲᠷᠣᠨ ᠢᠨᠵᠧᠨᠧᠷᠢᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠵᠥᠪᠯᠡᠯ᠂ ᠠᠯᠠᠱᠠ | ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ | ᠰᠢᠯᠭᠠᠷᠠᠭᠤᠯᠬᠤ ᠵᠥᠪᠯᠡᠯ᠂ ᠠᠯᠠᠱᠠ ᠵᠡᠭᠦᠨ ᠬᠤᠰᠢᠭᠤᠨ ᠤ ᠡᠯᠧᠺᠲᠷᠣᠨ ᠢᠨᠵᠧᠨᠧᠷᠢᠩ ᠤᠨ ᠳᠤᠮᠳᠠ ᠠᠩᠬ᠎ᠠ | ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠵᠥᠪᠯᠡᠯ᠃ | | ᠠᠷᠪᠠ᠂ ᠮᠡᠷᠭᠡᠵᠢᠯ ᠤᠨ ᠴᠣᠯᠠ ᠮᠡᠳᠡᠭᠦᠯᠬᠦ ᠮᠠᠲ᠋ᠧᠷᠢᠶᠠᠯ ᠢ ᠬᠠᠮᠢᠭ᠎ᠠ ᠲᠤᠰᠢᠶᠠᠬᠤ ᠪᠤᠢ︖ | | ᠮᠡᠳᠡᠭᠦᠯᠬᠦ ᠠᠵᠢᠯᠲᠠᠨ ᠬᠠᠷᠢᠶᠠᠯᠠᠭᠳᠠᠬᠤ ᠬᠠᠷᠢᠴᠠᠭ᠎ᠠ ᠪᠠᠷ ᠢᠶᠠᠨ ᠮᠠᠲ᠋ᠧᠷᠢᠶᠠᠯ ᠢᠶᠠᠨ ᠨᠡᠶᠢᠭᠡᠮ ᠤᠨ | ᠳᠠᠭᠠᠳᠬᠠᠯ ᠤᠨ ᠲᠤᠰᠢᠶᠠᠵᠤ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃ | | ᠠᠷᠪᠠᠨ ᠨᠢᠭᠡ᠂ 2024 ᠣᠨ ᠤ ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠬᠦ ᠳᠤ ᠬᠡᠳᠦᠨ ᠵᠢᠯ ᠤᠨ | ᠦᠷᠭᠦᠯᠵᠢᠯᠡᠭᠰᠡᠨ ᠰᠤᠷᠭᠠᠨ ᠬᠥᠮᠦᠵᠢᠯ ᠢ ᠰᠤᠷᠤᠯᠴᠠᠬᠤ ᠴᠢᠬᠤᠯᠠᠲᠠᠢ ᠪᠤᠢ︖ | | | | 1. ᠳᠡᠭᠡᠳᠦ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠬᠦ ᠠᠵᠢᠯᠲᠠᠨ᠂ | ᠱᠠᠭᠠᠷᠳᠠᠯᠭ᠎ᠠ ᠶᠣᠰᠣᠭᠠᠷ 2022 ᠣᠨ᠂ 2023 ᠣᠨ᠂ 2024 ᠣᠨ ᠤ ᠨᠡᠶᠢᠲᠡ ᠶᠢᠨ ᠬᠡᠷᠡᠭᠴᠡᠭᠡᠨ ᠤ | ᠬᠢᠴᠢᠶᠡᠯ ᠲᠥᠷᠥᠯ ᠪᠠ ᠲᠤᠰᠬᠠᠢ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠪᠡᠶᠡᠯᠡᠭᠦᠯᠵᠦ᠂ | ᠶᠡᠷᠦᠩᠬᠡᠢ ᠬᠢᠴᠢᠶᠡᠯ ᠤᠨ ᠴᠠᠭ ᠢ 270 ᠬᠢᠴᠢᠶᠡᠯ ᠤᠨ ᠴᠠᠭ ︵ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ | 90 ᠬᠢᠴᠢᠶᠡᠯ ᠤᠨ ᠴᠠᠭ᠂ ᠲᠤᠰᠬᠠᠢ ᠮᠡᠷᠭᠡᠵᠢᠯ ᠤᠨ ᠬᠢᠴᠢᠶᠡᠯ ᠲᠥᠷᠥᠯ 180 ᠬᠢᠴᠢᠶᠡᠯ ᠤᠨ ᠴᠠᠭ︶ ᠲᠤ | ᠬᠦᠷᠦᠭᠦᠯᠦᠨ᠎ᠡ︔ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠬᠥᠮᠥᠰ | ᠱᠠᠭᠠᠷᠳᠠᠯᠭ᠎ᠠ ᠶᠣᠰᠣᠭᠠᠷ 2024 ᠣᠨ ᠤ ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ ᠪᠠ ᠲᠤᠰᠬᠠᠢ | ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠪᠡᠶᠡᠯᠡᠭᠦᠯᠵᠦ᠂ ᠶᠡᠷᠦᠩᠬᠡᠢ ᠬᠢᠴᠢᠶᠡᠯ ᠤᠨ ᠴᠠᠭ ᠢ 90 | ᠬᠢᠴᠢᠶᠡᠯ ᠤᠨ ᠴᠠᠭ ᠲᠤ ᠬᠦᠷᠭᠡᠬᠦ ᠬᠡᠷᠡᠭᠲᠡᠢ᠃ | | 2. ᠰᠤᠮᠤ ᠰᠤᠮᠤ ᠪᠠᠯᠭᠠᠰᠤ ᠶᠢᠨ ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠬᠢᠴᠢᠶᠡᠯ ᠤᠨ ᠴᠠᠭ᠄ ᠳᠡᠭᠡᠳᠦ | ᠰᠤᠷᠭᠠᠭᠤᠯᠢ ᠲᠡᠭᠦᠰᠦᠭᠰᠡᠳ ᠰᠤᠮᠤ ᠪᠠᠯᠭᠠᠰᠤ᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠢᠭᠡᠴᠢ ᠳᠤ ᠲᠣᠰ | ᠲᠤᠰᠬᠠᠢ ᠮᠡᠷᠭᠡᠵᠢᠯ ᠪᠤᠶᠤ ᠣᠶᠢᠷᠠᠯᠴᠠᠭ᠎ᠠ ᠲᠤᠰᠬᠠᠢ ᠮᠡᠷᠭᠡᠵᠢᠯ ᠤᠨ ᠠᠵᠢᠯ ᠬᠢᠵᠦ᠂ ᠰᠢᠯᠭᠠᠨ ᠬᠢᠨᠠᠵᠤ ᠮᠠᠭᠠᠳᠯᠠᠨ | ᠲᠣᠭᠲᠠᠭᠠᠬᠤ ᠶᠢ ᠭᠤᠶᠤᠴᠢᠯᠠᠭᠰᠠᠨ ᠲᠤᠰᠬᠠᠢ ᠮᠡᠷᠭᠡᠵᠢᠯ ᠤᠨ ᠠᠵᠢᠯᠲᠠᠨ᠂ ᠰᠢᠯᠭᠠᠨ ᠬᠢᠨᠠᠵᠤ ᠮᠠᠭᠠᠳᠯᠠᠨ | ᠲᠣᠭᠲᠠᠭᠠᠬᠤ ᠱᠠᠭᠠᠷᠳᠠᠯᠭ᠎ᠠ ᠶᠢᠨ ᠵᠢᠯ ᠬᠤᠭᠤᠴᠠᠭ᠎ᠠ ᠶᠢᠨ ᠶᠣᠰᠣᠭᠠᠷ ᠦᠷᠭᠦᠯᠵᠢᠯᠡᠨ ᠰᠤᠷᠭᠠᠨ ᠬᠥᠮᠥᠵᠢᠭᠦᠯᠬᠦ | ᠰᠤᠷᠤᠯᠴᠠᠯᠭ᠎ᠠ ᠳᠤ ᠣᠷᠣᠯᠴᠠᠬᠤ ᠬᠡᠷᠡᠭᠲᠡᠢ᠃ | | 3. ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠦᠷᠭᠦᠯᠵᠢᠯᠡᠨ ᠰᠤᠷᠭᠠᠨ ᠬᠥᠮᠥᠵᠢᠭᠦᠯᠬᠦ ᠳᠤ ᠠᠯᠪᠠ ᠪᠠᠷ ᠱᠠᠭᠠᠷᠳᠠᠬᠤ ᠦᠭᠡᠢ᠃ | | 4. ᠰᠤᠷᠬᠤ ᠴᠠᠭ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ︽ᠪᠥᠬᠦ ᠠᠶᠢᠮᠠᠭ ᠤᠨ 2024 | ᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠨ ᠰᠤᠷᠭᠠᠨ ᠬᠥᠮᠥᠵᠢᠭᠦᠯᠬᠦ ᠠᠵᠢᠯ ᠢ ᠰᠠᠶᠢᠲᠤᠷ | ᠭᠦᠢᠴᠡᠳᠬᠡᠬᠦ ᠲᠤᠬᠠᠢ ᠮᠡᠳᠡᠭᠳᠡᠯ︾ ︵ᠠᠯᠠᠱᠠ ᠱᠣ ᠷᠧᠨ ᠨᠢᠭᠡᠳᠦᠯ ᠠᠯᠪᠠᠨ ᠥᠰᠥᠭ ﹇2023﹈ 114 ᠳ᠋ᠦ᠋ᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | ᠠᠷᠪᠠᠨ ᠬᠤᠶᠠᠷ᠂ ᠦᠷᠭᠦᠯᠵᠢᠯᠡᠨ ᠰᠤᠷᠭᠠᠨ ᠬᠥᠮᠥᠵᠢᠭᠦᠯᠬᠦ ᠶᠢ ᠬᠢᠨᠠᠨ ᠰᠢᠯᠭᠠᠬᠤ ᠺᠠᠷᠲ ᠢ ᠬᠡᠷᠬᠢᠨ | ᠳᠠᠷᠤᠮᠠᠯᠯᠠᠬᠤ ᠪᠤᠢ︖ | | 1. ᠲᠤᠰᠬᠠᠢ ᠮᠡᠷᠭᠡᠵᠢᠯ ᠤᠨ ᠠᠵᠢᠯᠲᠠᠨ ᠤ ᠰᠤᠷᠭᠠᠯᠲᠠ ᠶᠢᠨ ᠰᠢᠯᠭᠠᠯᠲᠠ ᠶᠢᠨ ᠳᠠᠷᠠᠭ᠎ᠠ᠂ ᠥᠪᠥᠷ | ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵www.nmgrck.cn︶ ᠪᠤᠶᠤ ᠠᠯᠠᠱᠠ | ᠠᠶᠢᠮᠠᠭ ᠤᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠦᠯᠵᠢᠶᠡᠨ ᠳᠠᠬᠢ | ᠰᠤᠷᠤᠯᠴᠠᠯᠭ᠎ᠠ ᠶᠢᠨ ᠲᠠᠪᠴᠠᠩ ︵https://www.tcc.edu.cn/h/subject/alsjxjy/︶ ᠤᠨ | ᠥᠪᠡᠷᠲᠡᠭᠡᠨ ᠳᠠᠷᠤᠮᠠᠯᠯᠠᠵᠤ ᠬᠢᠨᠠᠨ ᠰᠢᠯᠭᠠᠬᠤ ᠺᠠᠷᠲ ᠲᠤ ᠣᠷᠣᠭᠤᠯᠤᠨ᠎ᠠ᠃ | | 2. ᠨᠠᠰᠤᠨ ᠳᠤ ᠭᠦᠷᠦᠭᠡᠳ ᠰᠤᠷᠤᠯᠭ᠎ᠠ ᠠᠴᠠ ᠬᠡᠯᠲᠦᠷᠢᠭᠦᠯᠬᠦ ᠠᠵᠢᠯᠲᠠᠨ ᠬᠢᠨᠠᠨ ᠰᠢᠯᠭᠠᠬᠤ ᠺᠠᠷᠲ | ᠬᠠᠩᠭᠠᠬᠤ ᠴᠢᠬᠤᠯᠠ ᠦᠭᠡᠢ᠂ ᠲᠣᠰ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ | | ᠠᠷᠪᠠᠨ ᠭᠤᠷᠪᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ | ᠠᠵᠢᠯᠲᠠᠨ ᠮᠡᠷᠭᠡᠵᠢᠯ ᠤᠨ ᠴᠣᠯᠠ ᠮᠡᠳᠡᠭᠦᠯᠬᠦ ᠳᠤ ᠶᠠᠮᠠᠷ ᠱᠠᠭᠠᠷᠳᠠᠯᠭ᠎ᠠ ᠲᠠᠢ ᠪᠤᠢ︖ | | ᠮᠡᠷᠭᠡᠵᠢᠯ ᠤᠨ ᠴᠣᠯᠠ ᠪᠠᠨ ᠱᠠᠲᠤ ᠳᠠᠷᠠᠭᠠᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠪᠠᠷ | ᠵᠣᠬᠢᠬᠤ ᠲᠤᠰᠬᠠᠢ ᠮᠡᠷᠭᠡᠵᠢᠯ ᠤᠨ ᠴᠣᠯᠠ ᠪᠠᠨ ᠰᠢᠭᠤᠳ ᠮᠡᠳᠡᠭᠦᠯᠵᠦ ᠪᠣᠯᠣᠨ᠎ᠠ᠃ ᠡᠭᠦᠨ ᠳᠤ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ | ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ | ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠨᠢ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ | ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠵᠦ ᠪᠣᠯᠣᠨ᠎ᠠ︔ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ | ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ | ᠨᠡᠶᠢᠴᠡᠪᠡᠯ᠂ ᠰᠢᠭᠤᠳ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠵᠤ ᠪᠣᠯᠣᠨ᠎ᠠ ︵ᠰᠢᠯᠭᠠᠨ | ᠦᠨᠡᠯᠡᠬᠦ ᠶᠢ ᠤᠶᠠᠯᠳᠤᠭᠤᠯᠤᠭᠰᠠᠨ ᠰᠢᠷᠢᠰ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠪᠠᠯ᠂ | ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠶᠢᠨ ᠬᠠᠮᠲᠤ ᠲᠣᠭᠲᠠᠭᠠᠭᠰᠠᠨ ᠬᠢᠷᠢ ᠲᠡᠩᠴᠡᠬᠦ ᠪᠠᠷᠢᠮᠵᠢᠶ᠎ᠠ ᠳᠤ | ᠭᠦᠷᠪᠡᠯ ᠰᠠᠶ᠋ᠢ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ︶᠃ | | ᠠᠷᠪᠠᠨ ᠳᠥᠷᠪᠡ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠬᠡᠷᠬᠢᠨ ᠰᠠᠭᠠᠳ ᠦᠭᠡᠢ ᠨᠡᠪᠲᠡᠷᠡᠭᠦᠯᠬᠦ ᠪᠣᠶ︖ | | ︽ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ | ᠮᠡᠷᠭᠡᠵᠢᠯ ᠤᠨ ᠬᠥᠭᠵᠢᠯᠲᠡ ᠶᠢ ᠤᠯᠠᠮ ᠴᠢᠩᠭᠠᠳᠬᠠᠬᠤ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ ᠤ ᠬᠡᠷᠡᠭᠵᠢᠭᠦᠯᠬᠦ ᠰᠠᠨᠠᠯ ᠢ ᠤᠯᠠᠮᠵᠢᠯᠠᠨ ᠲᠠᠷᠬᠠᠭᠠᠬᠤ ᠮᠡᠳᠡᠭᠳᠡᠯ︾ ︵ᠥᠪᠥᠷ ᠬᠥᠮᠥᠨ | ᠨᠡᠶᠢᠭᠡᠮ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠳᠤ ᠲᠣᠭᠲᠠᠭᠠᠭᠰᠠᠨ ᠢᠨᠵᠧᠨᠧᠷᠢᠩ᠂ ᠲᠠᠷᠢᠶᠠᠯᠠᠩ | ᠂ ᠭᠠᠷ ᠤᠷᠠᠯᠠᠯ ᠤᠷᠠᠨ ᠵᠢᠷᠤᠭ᠂ ᠲᠡᠦᠬᠡ ᠶᠢᠨ ᠳᠤᠷᠠᠰᠬᠠᠯᠲᠤ ᠵᠦᠢᠯᠡᠰ ᠲᠦᠮᠡᠨ ᠪᠣᠳᠠᠰ᠂ ᠲᠤᠷᠰᠢᠯᠲᠠ ᠶᠢᠨ | ᠮᠡᠷᠭᠡᠵᠢᠯ᠂ ᠤᠷᠠᠯᠢᠭ᠂ ᠪᠡᠶ᠎ᠡ ᠶᠢᠨ ᠲᠠᠮᠢᠷ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠪᠠᠭᠰᠢ ᠵᠡᠷᠭᠡ | 8 ᠬᠦᠷᠢᠶ᠎ᠡ ᠴᠠᠷᠠᠭ᠎ᠠ ᠶᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠲᠥᠷᠥᠯ ᠬᠤᠪᠢᠶᠠᠭᠰᠠᠨ ᠦᠪᠡᠳᠡᠭᠰᠢ ᠶᠣᠰᠣᠯᠠᠯ︾ ᠤᠨ | ᠶᠣᠰᠣᠭᠠᠷ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ︵ᠠᠵᠢᠯ ᠲᠥᠷᠥᠯ︶ ᠬᠢᠭᠡᠳ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠵᠣᠬᠢᠴᠠᠯᠳᠤᠬᠤ ᠬᠠᠷᠢᠴᠠᠭ᠎ᠠ ᠶᠢ ᠲᠣᠭᠲᠠᠭᠠᠵᠤ᠂ ᠬᠤᠶᠠᠷ | ᠲᠥᠷᠥᠯ ᠤᠨ ᠴᠢᠳᠠᠪᠤᠷᠢᠲᠠᠨ ᠤ ᠨᠡᠪᠲᠡᠷᠡᠬᠦ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ | | ᠠᠷᠪᠠᠨ ᠲᠠᠪᠤ᠂ ᠰᠢᠯᠵᠢᠯᠲᠡ ᠶᠢᠨ ᠦᠶ᠎ᠡ ᠶᠢᠨ ᠲᠦᠷᠦ ᠶᠢᠨ ᠪᠣᠳᠣᠯᠭ᠎ᠠ ᠶᠢ ᠡᠨᠡ ᠵᠢᠯ ᠪᠠᠰᠠ ᠬᠡᠷᠡᠭᠵᠢᠭᠦᠯᠦᠨ᠎ᠡ | ᠦᠦ︖ | | 2024 ᠣᠨ ᠪᠣᠯ ᠬᠤᠶᠠᠷ ᠵᠢᠯ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ | ᠬᠤᠶᠠᠳᠤᠭᠠᠷ ᠵᠢᠯ ᠪᠣᠯᠣᠨ᠎ᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ︵ᠮᠠᠭᠠᠳᠯᠠᠨ ᠲᠣᠭᠲᠠᠭᠠᠬᠤ︶ ᠳᠤ ᠮᠥᠨ ᠬᠦ ︽2023 ᠣᠨ ᠤ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ᠠᠵᠢᠯ ᠤᠨ ᠨᠥᠬᠦᠪᠦᠷᠢ ᠰᠠᠨᠠᠯ ᠤᠨ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠢᠷᠡᠬᠦ ᠵᠢᠯ ᠠᠴᠠ ᠡᠬᠢᠯᠡᠨ᠂ ᠡᠯ᠎ᠡ ᠲᠤᠰᠬᠠᠢ ᠮᠡᠷᠭᠡᠵᠢᠯ ᠤᠨ ᠰᠢᠷᠢᠰ ᠤᠨ | ︽ᠬᠢᠨᠠᠨ ᠲᠣᠭᠲᠠᠭᠠᠬᠤ ᠨᠥᠬᠦᠴᠡᠯ︾ ᠤᠨ ᠰᠤᠷᠤᠯᠭ᠎ᠠ ᠶᠢᠨ ᠨᠠᠮᠲᠠᠷ᠂ ᠬᠢᠷᠢ ᠬᠡᠮ ᠤᠨ ᠱᠠᠭᠠᠷᠳᠠᠯᠭ᠎ᠠ ᠶᠣᠰᠣᠭᠠᠷ | ᠮᠡᠳᠡᠭᠦᠯᠦᠨ᠎ᠡ᠃ | | ᠠᠷᠪᠠᠨ ᠵᠢᠷᠭᠤᠭ᠎ᠠ᠂ ᠠᠵᠢᠯ ᠤᠨ ᠪᠠᠶᠢᠷᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ ᠰᠢᠷᠢᠰ ︵ᠲᠤᠰᠬᠠᠢ | ᠮᠡᠷᠭᠡᠵᠢᠯ︶ ᠤᠨ ᠰᠢᠯᠭᠠᠷᠠᠭᠤᠯᠤᠯᠲᠠ ᠶᠢ ᠬᠡᠷᠬᠢᠨ ᠰᠢᠯᠵᠢᠭᠦᠯᠬᠦ ᠪᠣᠶ︖ | | ᠲᠤᠰᠬᠠᠢ ᠮᠡᠷᠭᠡᠵᠢᠯ ᠤᠨ ᠴᠢᠳᠠᠪᠤᠷᠢᠲᠠᠨ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠠᠵᠢᠯ ᠤᠨ ᠲᠤᠰᠬᠠᠢ ᠮᠡᠷᠭᠡᠵᠢᠯ ᠳᠤ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠢ | ᠮᠡᠷᠭᠡᠵᠢᠯ︶ ᠢ ᠰᠢᠯᠵᠢᠭᠦᠯᠦᠨ ᠦᠨᠡᠯᠡᠬᠦ ᠴᠢᠬᠤᠯᠠ ᠲᠠᠢ ᠪᠣᠯ᠂ ᠡᠷᠬᠡᠪᠰᠢ ᠣᠲᠣ ᠶᠢᠨ ᠠᠵᠢᠯ ᠤᠨ ᠪᠠᠶᠢᠷᠢ ᠳᠠᠭᠠᠨ 1 | ᠵᠢᠯ ᠠᠴᠠ ᠳᠡᠭᠡᠭᠰᠢ ᠲᠤᠰᠬᠠᠢ ᠮᠡᠷᠭᠡᠵᠢᠯ ᠤᠨ ᠠᠵᠢᠯ ᠬᠢᠵᠦ᠂ ᠵᠣᠬᠢᠬᠤ ᠰᠢᠷᠢᠰ ︵ᠲᠤᠰᠬᠠᠢ ᠮᠡᠷᠭᠡᠵᠢᠯ︶ ᠤᠨ | ᠠᠳᠠᠯᠢ ᠲᠠᠰ ᠤᠨ ᠮᠡᠷᠭᠡᠵᠢᠯ ᠤᠨ ᠴᠣᠯᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠬᠢᠨᠠᠨ | ᠰᠢᠯᠭᠠᠷᠠᠭᠤᠯᠵᠤ ᠪᠣᠯᠣᠨ᠎ᠠ᠃ ᠰᠢᠨ᠎ᠡ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ᠂ ᠵᠣᠬᠢᠬᠤ ᠲᠤᠰᠬᠠᠢ | ᠮᠡᠷᠭᠡᠵᠢᠯ ᠤᠨ ᠠᠵᠢᠯ ᠢ 1 ᠵᠢᠯ ᠠᠴᠠ ᠳᠡᠭᠡᠭᠰᠢ ᠬᠢᠬᠦ ᠶᠢᠨ ᠬᠠᠮᠲᠤ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ | ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ | ᠮᠡᠳᠡᠭᠦᠯᠵᠦ ᠪᠣᠯᠣᠨ᠎ᠠ᠃ ᠰᠢᠷᠢᠰ ︵ᠲᠤᠰᠬᠠᠢ ᠮᠡᠷᠭᠡᠵᠢᠯ︶ ᠰᠢᠯᠵᠢᠭᠦᠯᠦᠭᠰᠡᠨ ᠠᠵᠢᠯᠲᠠᠨ ᠤ ᠬᠢᠷᠢ ᠬᠡᠮ ᠪᠠ ᠲᠤᠰᠢᠶᠠᠯ | ᠡᠭᠦᠷᠭᠡᠯᠡᠭᠰᠡᠨ ᠵᠢᠯ ᠬᠤᠭᠤᠴᠠᠭ᠎ᠠ ᠶᠢ ᠤᠤᠯ ᠤᠨ ᠮᠡᠷᠭᠡᠵᠢᠯ ᠤᠨ ᠴᠣᠯᠠ ᠲᠠᠢ ᠨᠢ ᠦᠷᠭᠦᠯᠵᠢᠯᠡᠨ ᠪᠤᠳᠤᠵᠤ᠂ | ᠬᠤᠯᠪᠣᠭᠳᠠᠬᠤ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠢ ᠮᠡᠳᠡᠷᠡᠨ ᠵᠥᠪᠰᠢᠶᠡᠷᠡᠨ᠎ᠡ᠃ | | ᠠᠷᠪᠠᠨ ᠳᠣᠯᠤᠭ᠎ᠠ᠂ ᠮᠡᠷᠭᠡᠵᠢᠯ ᠤᠨ ᠴᠣᠯᠠ ᠶᠢ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠵᠠᠷᠤᠳᠠᠯ ᠨᠢ ᠬᠡᠳᠦᠢ | ᠪᠣᠶ︖ ᠶᠠᠭᠠᠬᠢᠵᠤ ᠰᠦᠢᠳᠬᠡᠯ ᠲᠤᠰᠢᠶᠠᠬᠤ ᠪᠣᠶ︖ | | ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠬᠦ ᠵᠠᠷᠤᠳᠠᠯ 100 ᠲᠥᠭᠦᠷᠢᠭ᠂ | ᠳᠤᠮᠳᠠ ᠵᠡᠷᠭᠡ ᠶᠢᠨ ᠮᠡᠷᠭᠡᠵᠢᠯ ᠤᠨ ᠴᠣᠯᠠ 150 ᠲᠥᠭᠦᠷᠢᠭ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ | 280 ᠲᠥᠭᠦᠷᠢᠭ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ 320 ᠲᠥᠭᠦᠷᠢᠭ ᠪᠣᠯᠣᠨ᠎ᠠ᠃ | ᠮᠠᠲ᠋ᠧᠷᠢᠶᠠᠯ ᠤᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠠᠵᠢᠯᠲᠠᠨ ᠪᠣᠯ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠩᠭᠠᠭᠰᠠᠨ ᠰᠦᠢᠳᠬᠡᠯ ᠲᠤᠰᠢᠶᠠᠬᠤ ᠬᠤᠶᠠᠷ | ᠬᠡᠮᠵᠢᠯᠲᠦ ᠲᠡᠮᠳᠡᠭ ᠤᠨ ᠺᠣᠳ᠋ ᠰᠢᠷᠪᠢᠬᠦ ᠪᠠᠷ ᠳᠡᠮᠵᠢᠨ ᠰᠦᠢᠳᠬᠡᠯ ᠲᠤᠰᠢᠶᠠᠬᠤ ᠬᠡᠷᠡᠭᠲᠡᠢ᠃ | | | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠢ | ᠮᠡᠷᠭᠡᠵᠢᠯ ᠤᠨ ᠲᠠᠰᠤᠭ ᠤᠨ ᠬᠠᠷᠢᠯᠴᠠᠬᠤ ᠤᠲᠠᠰᠤ᠄ 0483 — 8221681 | | | |