︽ᠣᠩᠭᠤᠨ ᠳᠤ ᠭᠠᠯ ᠭᠠᠷᠤᠭᠰᠠᠨ ᠠᠴᠠ ᠪᠣᠯᠵᠤ ᠣᠶ ᠰᠢᠭᠤᠢ ᠳᠤ ᠭᠠᠯ ᠠᠯᠳᠠᠭᠰᠠᠨ ᠬᠡᠷᠡᠭ ᠢ ᠡᠷᠡᠭᠦᠦ ᠶᠢᠨ ᠬᠡᠷᠡᠭ ᠢᠶᠠᠷ ᠰᠢᠢᠳᠬᠡᠭᠰᠡᠨ ᠲᠤᠬᠠᠢ︾ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/7
     ᠣᠩᠭᠤᠨ ᠳᠤ ᠭᠠᠯ ᠭᠠᠷᠤᠭᠰᠠᠨ ᠠᠴᠠ ᠪᠣᠯᠵᠤ ᠣᠶ ᠰᠢᠭᠤᠢ ᠳᠤ ᠭᠠᠯ ᠠᠯᠳᠠᠭᠰᠠᠨ ᠬᠡᠷᠡᠭ ᠢ ᠡᠷᠡᠭᠦᠦ ᠶᠢᠨ ᠬᠡᠷᠡᠭ ᠢᠶᠠᠷ ᠰᠢᠢᠳᠬᠡᠭᠰᠡᠨ ᠲᠤᠬᠠᠢ ︵ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤᠢ︶             ᠵᠢᠶᠠᠩᠰᠢ ᠮᠤᠵᠢ ᠶᠢᠨ ᠶᠢᠩ ᠲᠠᠨ ᠬᠤᠲᠠ ᠶᠢᠨ ᠢᠦᠢ ᠵᠢᠶᠠᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠭᠠᠯ ᠠᠯᠳᠠᠭᠰᠠᠨ ᠨᠢᠭᠡᠨ ᠶᠠᠯᠠᠲᠤ ᠬᠡᠷᠡᠭ ᠢ ᠨᠡᠶᠢᠲᠡᠯᠡᠵᠦ᠂ ᠬᠡᠷᠡᠭ ᠢᠶᠠᠷ ᠰᠡᠷᠡᠮᠵᠢᠯᠡᠭᠦᠯᠵᠡᠢ᠃            ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ            2022 ᠣᠨ ᠤ 4ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 2 ᠴᠠᠭ ᠤᠨ ᠦᠶ᠎ᠡ ᠪᠠᠷ᠂ ᠵᠠᠭᠠᠯᠳᠤᠭᠳᠠᠭᠴᠢ ᠰᠢᠦᠢ ᠣᠪᠣᠭᠲᠤ ᠦᠨᠦᠷᠲᠦ ᠴᠠᠭᠠᠰᠤ᠂ ᠫᠤᠤᠵᠢᠩ ᠠᠪᠴᠤ ᠶᠢᠩ ᠲᠠᠨ ᠬᠤᠲᠠ ᠶᠢᠨ ᠢᠦᠢ ᠵᠢᠶᠠᠩ ᠲᠣᠭᠤᠷᠢᠭ ᠤᠨ ᠶᠠᠩ ᠰᠢ ᠰᠢᠶᠠᠩ ᠤᠨ ᠬᠤᠸᠠᠩᠶᠤᠸᠠᠨ ᠲᠣᠰᠬᠤᠨ ᠤ ︽ᠹᠦ᠋ ᠲᠸᠤ ᠪᠢᠩ︾ ᠠᠭᠤᠯᠠᠨ ᠳᠤ ᠬᠦᠷᠴᠦ ᠣᠩᠭᠤᠨ ᠢ ᠱᠦᠭᠦᠷᠳᠡᠵᠦ᠂ ᠬᠠᠳᠠᠮ ᠡᠵᠢ ᠶᠢᠨ ᠢᠶᠠᠨ ᠣᠩᠭᠤᠨ ᠤ ᠡᠮᠦᠨ᠎ᠡ ᠪᠡᠶ᠎ᠡ ᠳᠡᠭᠡᠨ ᠠᠪᠴᠤ ᠶᠠᠪᠤᠭ᠎ᠠ ᠨᠣᠴᠣᠭᠠᠭᠤᠷ ᠢᠶᠠᠷ ᠴᠠᠭᠠᠰᠤ ᠰᠢᠲᠠᠭᠠᠵᠤ᠂ ᠬᠦᠵᠢ ᠠᠰᠠᠭᠠᠬᠤ ᠶᠢᠨ ᠬᠠᠮᠲᠤ ᠫᠤᠤᠵᠢᠩ ᠲᠠᠯᠪᠢᠭᠰᠠᠨ ᠠᠴᠠ ︽ᠹᠦ᠋ ᠲᠸᠤ ᠪᠢᠩ︾ ᠠᠭᠤᠯᠠ ᠵᠢᠴᠢ ᠡᠷᠬᠢᠨ ᠲᠣᠭᠤᠷᠢᠨ ᠤ ᠠᠭᠤᠯᠠᠨ ᠣᠶ ᠰᠢᠭᠤᠢ ᠶᠢᠨ ᠭᠠᠯ ᠤᠨ ᠠᠶᠤᠯ ᠡᠭᠦᠰᠬᠡᠵᠡᠢ᠃ ᠭᠠᠯ ᠭᠠᠷᠤᠭᠰᠠᠨ ᠤ ᠳᠠᠷᠠᠭ᠎ᠠ ᠰᠢᠦᠢ ᠣᠪᠣᠭᠲᠤ ᠪᠣᠯᠣᠨ ᠲᠡᠭᠦᠨ ᠤ ᠬᠦᠦ ᠨᠢ ᠠᠭᠤᠯᠠᠨ ᠳᠤ ᠪᠤᠴᠠᠵᠤ ᠭᠠᠯ ᠲᠦᠢᠮᠡᠷ ᠢ ᠤᠨᠲᠠᠷᠠᠭᠠᠬᠤ ᠠᠵᠢᠯ ᠳᠤ ᠣᠷᠣᠯᠴᠠᠵᠠᠢ᠃ ᠬᠦᠢᠰᠢ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠤᠨ ᠬᠢᠨᠠᠨ ᠲᠣᠭᠲᠠᠭᠠᠭᠰᠠᠨ ᠢᠶᠠᠷ᠂ ᠰᠢᠲᠠᠭᠳᠠᠭᠰᠠᠨ ᠣᠶᠢᠲᠤ ᠭᠠᠵᠠᠷ ᠤᠨ ᠲᠠᠯᠠᠪᠠᠶ  ᠨᠢ 3.6 ᠾᠧᠺᠲ᠋ᠠᠷ᠂ ᠰᠢᠲᠠᠭᠳᠠᠭᠰᠠᠨ ᠣᠶᠢᠲᠤ ᠭᠠᠵᠠᠷ ᠤᠨ ᠬᠤᠬᠢᠷᠠᠭᠰᠠᠨ ᠣᠶ ᠮᠣᠳᠣᠨ ᠤ ᠶᠡᠷᠦᠩᠬᠡᠢ ᠨᠥᠭᠡᠴᠡ  ᠨᠢ 86.7456 ᠺᠥᠪ ᠪᠠᠶᠢᠵᠤ᠂ ᠠᠷᠠᠳ ᠤᠨ ᠵᠣᠭᠤᠰ ᠢᠶᠠᠷ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠨᠢ 95700 ᠲᠥᠭᠦᠷᠢᠭ ᠲᠤ ᠬᠦᠷᠴᠡᠢ᠃ ᠳᠠᠷᠠᠭ᠎ᠠ ᠡᠳᠦᠷ ᠨᠢ ᠰᠢᠦᠢ ᠣᠪᠣᠭᠲᠤ ᠥᠪᠡᠷ ᠢᠶᠠᠨ ᠬᠡᠷᠡᠭ ᠢᠶᠠᠨ ᠬᠦᠯᠢᠶᠡᠪᠡ᠃ ᠪᠠᠷᠢᠪᠴᠢᠯᠠᠭᠳᠠᠭᠰᠠᠨ ᠤ ᠳᠠᠷᠠᠭ᠎ᠠ᠂ ᠵᠠᠭᠠᠯᠳᠤᠭᠳᠠᠭᠴᠢ ᠰᠢᠦᠢ ᠣᠪᠣᠭᠲᠤ ᠶᠠᠯᠠᠳᠦ ᠠᠵᠢᠯᠯᠠᠭ᠎ᠠ ᠦᠢᠯᠡᠳᠦᠭᠰᠡᠨ ᠪᠣᠳᠠᠲᠤ ᠶᠠᠪᠤᠳᠠᠯ ᠢᠶᠠᠨ ᠦᠨᠡᠨ ᠮᠥᠨ ᠢᠶᠠᠷ ᠨᠢ ᠥᠴᠢᠭᠯᠡᠪᠡ᠃            ᠲᠤᠰ ᠬᠡᠷᠡᠭ ᠢ ᠰᠢᠭᠦᠨ ᠰᠢᠢᠳᠪᠦᠷᠢᠯᠡᠬᠦ ᠬᠤᠭᠤᠴᠠᠭᠠᠨ ᠳᠤ ᠬᠤᠸᠠᠩ ᠶᠤᠸᠠᠨ ᠼᠦᠨ ᠭᠠᠴᠠᠭᠠᠨ ᠤ ᠮᠧᠶ ᠣᠪᠣᠭᠲᠤ ᠶᠢᠨ ᠳᠤᠭᠤᠶᠢᠯᠠᠩ ᠤᠨ ᠬᠢᠨ ᠵᠠᠭᠠᠯᠳᠤᠭᠳᠠᠭᠴᠢ ᠰᠢᠦᠢ ᠣᠪᠣᠭᠲᠤ ᠶᠢᠨ ᠠᠵᠢᠯᠯᠠᠭ᠎ᠠ ᠶᠢ ᠠᠭᠤᠴᠢᠯᠠᠵᠤ ᠦᠵᠡᠭᠦᠯᠬᠦ ᠪᠠᠷ ᠪᠠᠶᠢᠴᠠᠭᠠᠨ ᠲᠣᠳᠣᠯᠠᠵᠠᠢ᠃            ᠬᠢᠨᠠᠨ ᠰᠢᠭᠦᠯᠲᠡ ᠶᠢᠨ ᠦᠷ᠎ᠡ ᠳ᠋ᠦᠩ            ᠰᠢᠭᠦᠬᠦ ᠬᠤᠷᠢᠶ᠎ᠠ ᠰᠢᠭᠦᠨ ᠰᠢᠢᠳᠪᠦᠷᠢᠯᠡᠬᠦ ᠳᠡᠭᠡᠨ᠂ ᠵᠠᠭᠠᠯᠳᠤᠭᠳᠠᠭᠴᠢ ᠰᠢᠦᠢ ᠣᠪᠣᠭᠲᠤ ᠶᠢᠨ ᠠᠳᠡᠯ ᠠᠴᠠ ᠪᠣᠯᠵᠤ ᠣᠶ ᠰᠢᠭᠤᠢ ᠶᠢᠨ ᠭᠠᠯ ᠤᠨ ᠠᠶᠤᠯ ᠭᠠᠷᠴᠤ᠂ 3.6 ᠾᠧᠺᠲ᠋ᠠᠷ ᠲᠠᠯᠠᠪᠠᠶ ᠪᠦᠬᠦᠢ ᠣᠶᠢᠲᠤ ᠭᠠᠵᠠᠷ ᠤᠨ ᠲᠠᠯᠠᠪᠠᠶ ᠨᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠲᠡᠭᠦᠨ ᠤ ᠦᠶᠯᠡ ᠠᠵᠢᠯᠯᠠᠭ᠎ᠠ ᠨᠢ ᠭᠠᠯ ᠠᠯᠳᠠᠭᠰᠠᠨ ᠶᠠᠯ᠎ᠠ ᠪᠣᠯᠵᠤ ᠪᠦᠷᠢᠯᠳᠦᠵᠡᠢ ᠭᠡᠵᠦ ᠦᠵᠡᠪᠡ᠃ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠡᠷᠡᠭᠦᠦ ᠰᠢᠢᠳᠬᠡᠯ ᠢ ᠨᠢ ᠨᠢᠭᠡ ᠵᠢᠯ ᠠᠯᠭᠤᠷᠯᠠᠭᠤᠯᠪᠠ᠃            ᠰᠢᠭᠦᠬᠦ ᠲᠤᠰᠢᠶᠠᠯᠲᠠᠨ ᠤ ᠳ᠋ᠦᠩ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾  ᠶᠢᠨ ᠵᠠᠭᠤ ᠠᠷᠪᠠᠨ ᠲᠠᠪᠤᠳᠤᠭᠠᠷ ᠵᠦᠢᠯ ᠳᠤ᠂ ᠭᠠᠯ ᠲᠠᠯᠪᠢᠬᠤ᠂ ᠤᠰᠦᠠ ᠤ ᠬᠠᠰᠢᠯᠭ᠎ᠠ ᠶᠢ ᠰᠡᠲᠡᠯᠬᠦ᠂ ᠳᠡᠯᠪᠡᠴᠢᠬᠦ᠂ ᠬᠤᠣᠷ ᠲᠠᠯᠪᠢᠬᠤ ᠪᠤᠶᠤ ᠪᠤᠰᠤᠳ ᠠᠶᠤᠯᠲᠠᠢ ᠠᠷᠭ᠎ᠠ ᠪᠠᠷ ᠬᠥᠮᠥᠨ ᠢ ᠬᠦᠨᠳᠦ ᠰᠢᠷᠬᠠᠲᠤᠭᠤᠯᠤᠭᠰᠠᠨ᠂ ᠦᠬᠦᠭᠦᠯᠦᠭᠰᠡᠨ ᠪᠤᠶᠤ ᠠᠯᠪᠠᠨ ᠤ ᠪᠠ ᠬᠤᠪᠢ ᠶᠢᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ᠂ ᠬᠤᠭᠤᠴᠠᠭ᠎ᠠ ᠦᠭᠡᠢ ᠬᠤᠷᠢᠬᠤ ᠪᠤᠶᠤ ᠴᠠᠭᠠᠵᠠ ᠪᠠᠷ ᠠᠪᠬᠤ ᠶᠠᠯ᠎ᠠ ᠪᠠᠷ ᠰᠢᠢᠳᠬᠡᠨ᠎ᠡ᠃ ᠠᠳᠡᠯ ᠠᠴᠠ ᠪᠣᠯᠵᠤ ᠡᠮᠦᠨᠡᠬᠢ ᠪᠠᠳᠠᠭ ᠲᠤ ᠲᠣᠭᠲᠠᠭᠠᠭᠰᠠᠨ ᠶᠠᠯᠠᠳᠦ ᠠᠵᠢᠯᠯᠠᠭ᠎ᠠ ᠦᠢᠯᠡᠳᠦᠭᠰᠡᠨ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠨ᠎ᠡ︔      ᠤᠢᠢᠯᠠ ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠨ᠎ᠡ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠡᠭᠡᠨ ᠡᠷᠬᠡᠪᠰᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠦᠷᠢᠮᠵᠢᠯ ᠢ ᠴᠢᠩᠭ᠎ᠠ ᠵᠢᠷᠤᠮᠯᠠᠨ᠂ ᠠᠮᠠᠷ ᠢᠶᠠᠨ ᠪᠤᠳᠤᠵᠤ᠂ ᠭᠠᠯ ᠤᠨ ᠠᠶᠤᠯ ᠭᠠᠷᠭᠠᠵᠤ ᠶᠠᠭᠠᠬᠢᠭᠰᠠᠨ ᠴᠤ ᠪᠣᠯᠬᠤ ᠦᠭᠡᠢ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠡᠭᠡᠨ ᠡᠷᠬᠡᠪᠰᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠦᠷᠢᠮᠵᠢᠯ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠢ᠃            ᠬᠠᠤᠯᠢ ᠶᠢᠨ ᠲᠤᠰᠢᠶᠠᠯᠲᠠᠨ ᠠᠴᠠ ᠣᠶ ᠰᠢᠭᠤᠢ ᠶᠢᠨ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠳᠤ ︽ᠠᠷᠪᠠ ᠶᠢ ᠠᠩᠬᠠᠷᠬᠤ︾ ᠬᠡᠷᠡᠭᠲᠡᠢ ᠬᠡᠮᠡᠨ ᠰᠠᠨᠠᠭᠤᠯᠵᠤ ᠪᠠᠶᠢᠨ᠎ᠠ᠄      1. ᠦᠵᠡᠮᠵᠢ ᠶᠢᠨ ᠣᠷᠣᠨ ᠳᠤ ᠭᠠᠯ ᠠᠪᠴᠤ ᠣᠷᠣᠵᠤ ᠪᠣᠯᠬᠤ ᠦᠭᠡᠢ︔      2. ᠦᠵᠡᠮᠵᠢ ᠶᠢᠨ ᠣᠷᠣᠨ ᠳᠤ ᠲᠠᠮᠠᠬᠢ ᠲᠠᠲᠠᠵᠤ ᠪᠣᠯᠬᠤ ᠦᠭᠡᠢ᠂ ᠭᠠᠯ ᠪᠠᠮᠪᠠᠷ ᠠᠰᠠᠭᠠᠵᠤ ᠪᠣᠯᠬᠤ ᠦᠭᠡᠢ︔      3. ᠦᠵᠡᠮᠵᠢ ᠶᠢᠨ ᠣᠷᠣᠨ ᠳᠤ ᠭᠠᠯ ᠭᠠᠷᠭᠠᠵᠤ ᠬᠤᠭᠤᠯᠠᠯᠠᠵᠤ ᠪᠣᠯᠬᠤ ᠦᠭᠡᠢ︔      4.ᠦᠵᠡᠮᠵᠢ ᠶᠢᠨ ᠣᠷᠣᠨ ᠳᠤ ᠬᠦᠵᠢ ᠡᠷᠭᠦᠬᠦ᠂ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠵᠤ ᠪᠣᠯᠬᠤ ᠦᠭᠡᠢ︔      5. ᠦᠵᠡᠮᠵᠢ ᠶᠢᠨ ᠣᠷᠣᠨ ᠳᠤ ᠠᠲᠠᠷ ᠬᠠᠭᠠᠯᠪᠤᠷᠢᠯᠠᠬᠤ᠂ ᠲᠠᠷᠢᠶᠠᠨ ᠳᠠᠯᠠᠩ ᠤᠨ ᠡᠪᠡᠰᠦ ᠰᠢᠲᠠᠭᠠᠬᠤ᠂ ᠣᠪᠣᠭᠠᠯᠠᠨ ᠰᠢᠲᠠᠭᠠᠬᠤ ᠵᠡᠷᠭᠡ ᠶᠢ ᠬᠢᠵᠦ ᠪᠣᠯᠬᠤ ᠦᠭᠡᠢ︔      6. ᠣᠨᠴᠣᠭᠤᠢ ᠬᠥᠮᠥᠰ ᠪᠠ ᠨᠠᠰᠤᠨ ᠳᠤ ᠥᠯᠥ ᠭᠦᠷᠦᠭᠰᠡᠳ ᠢ ᠦᠵᠡᠮᠵᠢ ᠶᠢᠨ ᠣᠷᠣᠨ ᠳᠤ ᠭᠠᠯ ᠢᠶᠠᠷ ᠨᠠᠭᠠᠳᠤᠭᠤᠯᠵᠤ ᠪᠣᠯᠬᠤ ᠦᠭᠡᠢ︔      7. ᠬᠡᠭᠡᠷ᠎ᠡ ᠭᠠᠳᠠᠨ᠎ᠠ ᠭᠠᠯ ᠲᠦᠯᠡᠵᠦ ᠳᠤᠯᠠᠭᠠᠯᠠᠵᠤ ᠪᠣᠯᠬᠤ ᠦᠭᠡᠢ︔      8. ᠲᠡᠷᠭᠡᠨ ᠳᠤ ᠰᠠᠭᠤᠬᠤ ᠳᠠᠭᠠᠨ ᠲᠠᠮᠠᠬᠢ ᠪᠠᠨ ᠭᠠᠳᠠᠭᠰᠢ ᠬᠠᠶᠠᠵᠤ ᠪᠣᠯᠬᠤ ᠦᠭᠡᠢ︔      9. ᠦᠵᠡᠮᠵᠢ ᠶᠢᠨ ᠣᠷᠣᠨ ᠳᠤ ᠠᠩ ᠠᠩᠨᠠᠬᠤ᠂ ᠭᠠᠯ ᠲᠠᠯᠪᠢᠵᠤ ᠠᠷᠢᠶᠠᠲᠠᠨ ᠢ ᠦᠯᠳᠡᠵᠦ ᠪᠣᠯᠬᠤ ᠦᠭᠡᠢ︔      10. ᠥᠲᠡᠯᠦᠭᠰᠡᠨ᠂ ᠨᠢᠯᠬ᠎ᠠ᠂ ᠪᠠᠭᠤᠷᠠᠢ᠂ ᠡᠪᠡᠳᠴᠢᠨ ᠲᠠᠢ᠂ ᠵᠡᠮᠳᠡᠭ ᠬᠥᠮᠥᠰ ᠢ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠠᠪᠤᠷᠠᠬᠤ ᠳᠤ ᠣᠷᠣᠯᠴᠠᠭᠤᠯᠵᠤ ᠪᠣᠯᠬᠤ ᠦᠭᠡᠢ᠃              ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾      ᠡᠬᠢ ᠰᠤᠷᠪᠤᠯᠵᠢ᠄ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号