ᠠᠯᠠᠱᠠ ᠵᠡᠭᠦᠨ ᠬᠤᠰᠢᠭᠤᠨ ᠤ ᠡᠲᠡᠭᠡᠷ ᠬᠠᠮᠲᠤ ᠨᠡᠶᠢᠲᠡ ᠪᠠ ᠬᠤᠪᠢ ᠬᠥᠮᠦᠨ ᠬᠥᠬᠢᠭᠦᠯᠦᠯ ᠭᠥᠷᠳᠡᠪᠡ
ᠨᠡᠶᠢᠲᠡᠯᠡᠭᠰᠡᠨ ᠴᠠᠭ᠄
2024/7/15
ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠠᠯᠠᠱᠠ ᠵᠡᠭᠦᠨ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ ᠪᠣᠯᠤᠨ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ                          ︵2024 ᠣᠨ ᠤ 7 ᠰᠠᠷ᠎ᠠ ᠶᠢᠨ 1᠎ ᠤ ᠡᠳᠦᠷ︶    ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳᠴᠢᠯᠠᠯ ᠬᠠᠤᠯᠢ ᠪᠠᠷ ᠵᠠᠰᠠᠬᠤ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠦᠢᠯᠡᠳᠦᠯᠭᠡ ᠶᠢᠨ ᠳᠤᠮᠳᠠ ᠨᠢᠭᠡ ᠪᠦᠯᠦᠭ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠪᠣᠳᠠᠲᠤ ᠠᠮᠵᠢᠯᠲᠠ ᠲᠣᠪᠤᠶᠢᠮ᠎ᠠ᠂ ᠣᠪᠣᠷ ᠰᠤᠷᠲᠠᠯ ᠰᠢᠯᠢᠳᠡᠭ ᠰᠠᠶᠢᠨ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠪᠠ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠲᠥᠪ ᠰᠤᠷᠲᠠᠯ ᠢ ᠪᠠᠳᠠᠷᠠᠭᠤᠯᠤᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠤ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ᠂ ᠬᠦᠴᠦᠯᠡᠨ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠶ ᠠᠵᠢᠯᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢᠨ ᠲᠠᠰᠢᠷᠠᠮ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠭᠠᠪᠢᠶ᠎ᠠ ᠵᠢᠳᠬᠦᠯ ᠢ ᠬᠥᠬᠢᠭᠦᠯᠦᠨ ᠰᠠᠶᠢᠰᠢᠶᠠᠬᠤ ᠲᠦᠷᠢᠮ︾᠎ ᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶ᠎ᠠ ᠠᠴᠠ ᠰᠢᠤᠢ ᠮᠢᠨ ᠸᠧᠨ ᠵᠡᠷᠭᠡ 15 ᠨᠥᠬᠦᠷ ᠲᠤ ︽ᠠᠯᠠᠱᠠ ᠵᠡᠭᠦᠨ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾᠎ ᠤ ᠴᠣᠯᠠ ᠣᠯᠭᠤᠬᠤ ᠪᠠᠷ ᠲᠣᠭᠲᠠᠪᠠ︔ ᠲᠡᠮᠦᠷ ᠵᠡᠷᠭᠡ 10 ᠨᠥᠬᠦᠳ ᠲᠤ ︽ᠠᠯᠠᠱᠠ ᠵᠡᠭᠦᠨ ᠬᠤᠰᠢᠭᠤᠨ ᠤ ᠰᠢᠯᠢᠳᠡᠭ ᠨᠠᠮ ᠤᠨ ᠠᠵᠢᠯᠲᠠᠨ︾᠎ ᠤ ᠴᠣᠯᠠ ᠣᠯᠭᠤᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠨᠠᠮ ᠤᠨ ᠵᠣᠬᠢᠶᠠᠨ ᠪᠠᠶᠢᠭᠤᠯᠤᠯᠲᠠ ᠵᠡᠷᠭᠡ 15 ᠨᠠᠮ ᠤᠨ ᠵᠣᠬᠢᠶᠠᠨ ᠪᠠᠶᠢᠭᠤᠯᠤᠯᠲᠠ ᠳᠤ ︽ᠠᠯᠠᠱᠠ ᠵᠡᠭᠦᠨ ᠬᠤᠰᠢᠭᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠎ ᠶᠢᠨ ᠴᠣᠯᠠ ᠣᠯᠭᠤᠪᠠ᠃    ᠡᠨᠡ ᠤᠳᠠᠭᠠᠨ ᠤ ᠬᠥᠬᠢᠭᠦᠯᠦᠯ ᠭᠥᠷᠳᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠤ ᠰᠢᠯᠢᠳᠡᠭ ᠲᠥᠯᠥᠭᠡᠯᠡᠭᠴᠢ ᠮᠥᠨ᠂ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠨᠢ ᠣᠶᠢᠷ᠎ᠠ ᠶᠢᠨ ᠵᠢᠯ ᠤᠨ ᠲᠤᠷᠰᠢᠬᠢ ᠪᠥᠬᠦ ᠬᠤᠰᠢᠭᠤᠨ ᠤ ᠡᠯ᠎ᠡ ᠹᠷᠣᠨᠲ᠂ ᠡᠯ᠎ᠡ ᠬᠦᠷᠢᠶ᠎ᠡ᠂ ᠡᠯ᠎ᠡ ᠠᠵᠢᠯ ᠲᠥᠷᠥᠯ ᠤᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠭᠦᠯᠦᠨ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠡᠪ ᠬᠠᠮᠲᠤᠴᠤᠳ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠵᠠᠩ ᠴᠢᠨᠠᠷ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠴᠦᠲᠡᠶ ᠢᠯᠡᠷᠡᠭᠦᠯᠵᠦ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠳᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃    ᠬᠤᠰᠢᠭᠤᠨ ᠤ ᠨᠠᠮ ᠤᠨ ᠬᠤᠷᠢᠶ᠎ᠠ ᠠᠴᠠ ᠬᠥᠬᠢᠭᠦᠯᠦᠯ ᠬᠦᠷᠲᠡᠭᠰᠡᠨ ᠰᠢᠯᠢᠳᠡᠭ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠨᠡᠶᠢᠲᠡ ᠶᠢᠨ ᠬᠢᠨ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠥᠬᠡᠶ ᠪᠠᠴᠢᠮᠳᠠᠬᠤ ᠥᠬᠡᠶ ᠪᠠᠶᠢᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠯᠬᠡᠭᠯᠡᠨ ᠲᠡᠮᠡᠴᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃       ᠬᠤᠰᠢᠭᠤᠨ ᠤ ᠨᠠᠮ ᠤᠨ ᠬᠤᠷᠢᠶ᠎ᠠ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠥᠬᠢᠭᠦᠯᠦᠯ ᠭᠥᠷᠳᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠲᠡᠳᠡᠨ ᠤ ᠢᠲᠡᠭᠡᠯ ᠵᠣᠷᠢᠭ ᠡᠷᠡᠰ ᠪᠠᠲᠤ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ ᠰᠤᠷᠤᠯᠴᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃      ᠬᠤᠰᠢᠭᠤᠨ ᠤ ᠨᠠᠮ ᠤᠨ ᠬᠤᠷᠢᠶ᠎ᠠ ᠠᠴᠠ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠠᠵᠢᠯᠯᠠᠵᠤ᠂ ᠪᠥᠬᠦ ᠬᠦᠴᠦᠨ ᠢᠶᠠᠷ ᠢᠶᠠᠨ ︽ᠵᠢᠷᠭᠤᠭᠠᠨ ᠭᠤᠷᠪᠠ︾᠎ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠮᠢ ᠠᠬᠤᠶ ᠭᠤᠶᠢᠳᠠ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠶ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠦ ᠤᠷᠢᠶᠠᠯᠠᠪᠠ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号