ᠡᠮᠣᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠᠨᠳᠤᠯ ᠨᠡᠶᠢᠭᠡᠮ ᠲᠣᠭᠤᠷᠢᠭ᠄ ᠠᠷᠠᠳ ᠲᠤ ᠳᠥᠭᠦᠮ ᠦᠵᠡᠭᠦᠯᠬᠦ ᠵᠢᠵᠢᠭ ᠦᠢᠯᠡᠴᠢᠯᠡᠭᠡᠨ ᠤ ᠺᠠᠷᠲ ᠢᠶᠠᠷ ᠣᠯᠠᠨ ᠲᠦᠮᠡᠨ ᠤ ᠰᠡᠳᠬᠢᠯ ᠢ ᠬᠤᠯᠪᠣᠬᠤ ᠬᠥᠭᠦᠷᠭᠡ ᠪᠣᠰᠬᠠᠪᠠ
ᠨᠡᠶᠢᠲᠡᠯᠡᠭᠰᠡᠨ ᠴᠠᠭ᠄
2024/7/15
   ᠠᠯᠠᠱᠠ ᠵᠡᠭᠦᠨ ᠬᠤᠱᠢᠭᠤᠨ ᠤ   ᠡᠮᠣᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠᠨᠳᠤᠯ ᠨᠡᠶᠢᠭᠡᠮ ᠲᠣᠭᠤᠷᠢᠭ ᠤᠨ ᠬᠢᠨ 600 ᠭᠠᠷᠤᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ ᠬᠡᠪᠯᠡᠭᠦᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠲᠠᠷᠬᠠᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠤᠳᠤᠨᠤ ᠦᠢᠯᠡᠴᠢᠯᠡᠭᠡ ᠬᠦᠷᠭᠡᠪᠡ᠃    ᠮᠠᠨᠳᠤᠯ ᠨᠡᠶᠢᠭᠡᠮ ᠲᠣᠭᠤᠷᠢᠭ ᠤᠨ ᠢ ᠾᠧ ᠰᠠᠭᠤᠭᠠᠯᠢ ᠠᠷᠠᠳ ᠤᠨ ᠰᠣᠶᠣᠯ ᠤᠨ ᠤᠷᠲᠤ ᠬᠤᠩᠭᠢᠯ ᠳᠤ᠂ ᠨᠡᠶᠢᠭᠡᠮ ᠲᠣᠭᠤᠷᠢᠭ ᠤᠨ ᠲᠣᠣᠷᠵᠢᠯ ᠤᠨ ᠬᠠᠮᠢᠶᠠᠷᠣᠭᠴᠢ ᠤᠳᠠᠰᠣᠨ ᠤ ᠳ᠋ᠣᠭᠠᠷ ᠢᠶᠠᠨ ᠦᠯᠡᠳᠡᠭᠡᠭᠰᠡᠨ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠺᠠᠷᠲ︾᠎ ᠢ ᠰᠠᠭᠤᠭᠠᠯᠢ ᠠᠷᠠᠳ ᠤᠨ ᠭᠠᠷ ᠲᠤ ᠬᠦᠷᠭᠡᠬᠦ ᠶᠢᠨ ᠬᠠᠮᠲᠤ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠺᠠᠷᠲ︾᠎ ᠤᠨ ᠬᠡᠷᠡᠭᠴᠡᠭᠡ ᠶᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠪᠡ᠃    ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ︾ ᠳᠡᠭᠡᠷ᠎ᠡ ᠶᠠᠭᠤ ᠪᠠᠶᠢᠳᠠᠭ ᠪᠣᠶ︖    ᠨᠡᠶᠢᠭᠡᠮ ᠲᠣᠭᠤᠷᠢᠭ ᠤᠨ ᠱᠦᠵᠢ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠰᠦᠯᠵᠢᠶᠡᠨ ᠤ ᠠᠵᠢᠯᠲᠠᠨ᠂  ᠡᠳ᠋ᠯᠡᠩ ᠤᠨ ᠳᠠᠭᠠᠭᠠᠮᠠᠯ ᠵᠡᠷᠭᠡ ᠬᠦᠮᠦᠰ ᠤᠨ ᠬᠠᠷᠢᠯᠴᠠᠬᠤ ᠠᠷᠭ᠎ᠠ ᠮᠠᠶ᠋ᠢᠭ ᠲᠠᠢ ᠪᠠᠶᠢᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠡᠪᠲᠡᠶᠢᠬᠡᠨ ᠰᠢᠢᠳᠪᠦᠷᠢᠯᠡᠵᠦ᠂ ᠶᠡᠭᠡ ᠪᠠᠭ᠎ᠠ ᠶᠠᠪᠤᠳᠠᠯ ᠢ ᠲᠡᠷᠡ ᠳᠠᠷᠤᠶ ᠳᠤᠨᠢ ᠬᠠᠷᠢᠭᠤ ᠥᠭᠴᠦ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠪᠣᠳᠠᠲᠠᠶ ᠬᠡᠷᠡᠭᠴᠡᠭᠡ ᠶᠢ ᠰᠢᠢᠳᠪᠦᠷᠢᠯᠡᠪᠡ᠃    ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠺᠠᠷᠲ︾ ᠪᠣᠯ ᠮᠠᠨᠳᠤᠯ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠦᠲᠦᠮᠵᠢᠲᠡᠶ ᠠᠷᠭ᠎ᠠ ᠵᠠᠮ ᠮᠥᠨ᠂ ᠲᠡᠷᠡ ᠨᠢ ᠨᠡᠶᠢᠭᠡᠮ ᠲᠣᠭᠤᠷᠢᠭ ᠪᠣᠯᠤᠨ ᠣᠯᠠᠨ ᠲᠦᠮᠡᠨ ᠤ ᠨᠡᠪᠲᠡᠷᠡᠯᠴᠡᠭᠡ ᠶᠢᠨ ᠬᠥᠭᠦᠷᠭᠡ ᠶᠢ ᠥᠷᠭᠡᠳᠬᠡᠪᠡ᠃    ᠣᠶᠢᠷ᠎ᠠ ᠶᠢᠨ ᠵᠢᠯ ᠤᠨ ᠲᠤᠷᠰᠢ᠂ ᠡᠮᠣᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠᠨᠳᠤᠯ ᠨᠡᠶᠢᠭᠡᠮ ᠲᠣᠭᠤᠷᠢᠭ ︽ᠨᠠᠮ ᠤᠨ ᠪᠠᠶᠢᠭᠤᠯᠤᠯᠲᠠ +ᠠᠷᠠᠳ ᠲᠦᠮᠡᠨ ᠳᠤ ᠦᠢᠯᠡᠴᠢᠯᠡᠬᠦ︾ ᠰᠢᠨ᠎ᠡ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ᠂ ᠬᠠᠷᠢᠶᠠᠲᠤ ᠣᠷᠣᠨ ᠤ ᠨᠠᠮ ᠤᠨ ᠭᠡᠰᠢᠭᠦᠨ᠂ ᠰᠦᠯᠵᠢᠶᠡᠨ ᠤ ᠠᠵᠢᠯᠲᠠᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠰᠦᠯᠵᠢᠶᠡᠨ ᠤ ᠦᠢᠯᠡᠴᠢᠯᠡᠭᠡ᠂ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾᠂ ᠬᠦᠴᠢᠷᠳᠡᠯᠲᠡᠶ ᠨᠠᠰᠤᠲᠠᠶᠢᠴᠤᠳ ᠤᠨ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠶᠢᠷ᠎ᠠ ᠰᠡᠳᠬᠢᠯᠭᠡ᠂ ᠠᠮᠤᠷ ᠲᠦᠪᠰᠢᠨ ᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号