ᠲᠤᠩᠭᠠᠯᠠᠭ ᠨᠠᠭᠤᠷ ᠭᠠᠴᠠᠭᠠᠨ ᠤ ᠨᠠᠮ ᠤᠨ ᠡᠭᠦᠷ᠄ ᠮᠠᠯ ᠠᠵᠤ ᠠᠬᠤᠶ ᠪᠠᠷ ᠰᠠᠭᠤᠷᠢ ᠪᠣᠯᠭᠠᠵᠤ ᠰᠣᠶᠣᠯ ᠰᠤᠷᠭᠠᠨ ᠬᠥᠮᠦᠵᠢᠯ ᠤᠨ ᠵᠢᠭᠤᠯᠴᠢᠯᠠᠯ ᠤᠨ ᠨᠠᠮ ᠤᠨ ᠪᠠᠶᠢᠭᠤᠯᠤᠯᠲᠠ ᠪᠠᠷ ︽ᠡᠯᠡᠰᠦᠨ ᠡᠭᠦᠷ︾᠎ ᠢ ᠬᠥᠲᠥᠯᠥᠨ ᠳᠠᠭᠠᠭᠤᠯᠵᠤ ︽ᠠᠯᠲᠠᠨ ᠡᠭᠦᠷ︾ ᠪᠣᠯᠭᠠᠪᠠ
ᠨᠡᠶᠢᠲᠡᠯᠡᠭᠰᠡᠨ ᠴᠠᠭ᠄
2024/7/15
   ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠤᠩᠭᠠᠯᠠᠭ ᠨᠠᠭᠤᠷ ᠭᠠᠴᠠᠭ᠎ᠠ ᠥᠪᠡᠷᠮᠢᠴᠡ ᠣᠨᠴᠠᠯᠢᠭ ᠲᠠᠢ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ︽ᠨᠠᠮ ᠤᠨ ᠪᠠᠶᠢᠭᠤᠯᠤᠯᠲᠠ ᠶᠢᠨ ᠵᠢᠭᠤᠯᠴᠢᠯᠠᠯ︾᠎ ᠢᠶᠠᠷ ᠵᠢᠯᠣᠭᠤᠳᠤᠮᠵᠢ ᠪᠣᠯᠭᠠᠵᠤ᠂ ᠮᠠᠯ ᠠᠵᠤ ᠠᠬᠤᠶ ᠪᠠᠷ ᠰᠠᠭᠤᠷᠢ ᠪᠣᠯᠭᠠᠨ᠂ ᠰᠣᠶᠣᠯ ᠢᠶᠠᠷ ᠵᠤᠭᠠᠴᠠᠯ ᠢ ᠬᠥᠮᠦᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ᠪᠠᠶᠠᠵᠢᠯ ᠤᠨ ᠵᠠᠮ ᠢᠶᠠᠷ ᠵᠠᠮᠨᠠᠪᠠ᠃   ᠲᠤᠩᠭᠠᠯᠠᠭ ᠨᠠᠭᠤᠷ ᠭᠠᠴᠠᠭᠠᠨ ᠤ ᠬᠢᠯᠢ ᠳᠣᠲᠣᠷᠠᠬᠢ 26 ᠶᠡᠭᠡ ᠪᠠᠭ᠎ᠠ ᠨᠠᠭᠤᠷ ᠨᠢ ᠨᠡᠯᠦᠭᠡᠷ ᠶᠡᠭᠡ ᠡᠯᠡᠰᠦ ᠮᠠᠩᠬᠠᠨ ᠤ ᠬᠤᠭᠤᠷᠣᠨᠳᠣ ᠴᠢᠮᠡᠭᠯᠡᠵᠦ᠂ ᠡᠨᠡ ᠬᠦ ᠨᠤᠲᠤᠭ ᠳᠡᠪᠢᠰᠬᠡᠷ ᠤᠨ ᠥᠪᠡᠷᠮᠢᠴᠡ ᠷᠢᠳᠢ ᠰᠢᠳᠢ ᠶᠢ ᠣᠯᠭᠤᠭᠰᠠᠨ ᠪᠠᠶᠢᠨ᠎ᠠ᠃ ᠬᠢᠯᠢ ᠶᠢᠨ ᠳᠣᠲᠣᠷᠠᠬᠢ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ ᠵᠡᠷᠭᠡ ᠶᠢᠨ ᠥᠪᠡᠷᠮᠢᠴᠡ ᠣᠨᠴᠠᠯᠢᠭ ᠲᠠᠢ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠂ ︽ᠠᠽᠢᠶ᠎ᠠ ᠶᠢᠨ ᠡᠯᠡᠰᠦᠨ ᠤ ᠤᠷᠤᠯᠳᠤᠭᠠᠨ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠭᠠᠴᠠᠭᠠᠨ ᠤ ᠨᠠᠮ ᠤᠨ ᠡᠭᠦᠷ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠪᠠ᠃    ᠣᠳᠣ ᠲᠣᠰ ᠭᠠᠴᠠᠭ᠎ᠠ ᠳᠤ ᠨᠢᠭᠡᠨᠲᠡ 14 ᠮᠠᠯᠴᠢᠨ ᠲᠠᠷᠢᠶᠠᠴᠢᠨ ᠡᠷᠦᠬᠡ᠂ 34 ᠠᠷᠠᠳ ᠤᠨ ᠣᠷᠣᠨ ᠰᠠᠭᠤᠴᠠ᠂ 35 ᠡᠯᠡᠰᠦᠨ ᠴᠦᠯ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠡᠭ᠂ 50 ᠭᠠᠷᠤᠶ ᠡᠯᠡᠰᠦᠨ ᠴᠦᠯ ᠤᠨ ᠳᠠᠪᠠᠯᠭᠠᠨ ᠰᠢᠪᠲᠤᠯᠬᠤ ᠲᠡᠷᠭᠡ ᠪᠠ 4 ᠲᠡᠮᠡᠭᠡ ᠮᠣᠷᠢ ᠪᠠᠷ ᠠᠶᠠᠯᠠᠬᠤ ᠡᠵᠡᠩᠨᠡᠯᠲᠡ ᠶᠢᠨ ᠡᠷᠦᠬᠡ ᠪᠠᠶᠢᠵᠤ᠂ 100 ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠲᠤ ᠣᠷᠣᠯᠴᠠᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢᠨ ᠨᠡᠮᠡᠭᠳᠡᠯ 2 ᠲᠦᠮᠡᠨ ᠲᠥᠭᠦᠷᠢᠭ ᠲᠤ ᠬᠦᠷᠴᠡᠶ᠃    ᠬᠥᠳᠡᠭᠡ ᠲᠣᠰᠬᠤᠨ ᠤ ᠵᠢᠭᠤᠯᠴᠢᠯᠠᠯ ᠢ ᠠᠵᠤ ᠦᠢᠯᠡᠰᠵᠢᠭᠦᠯᠦᠨ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠮᠥᠨ᠃ ᠲᠤᠩᠭᠠᠯᠠᠭ ᠨᠠᠭᠤᠷ ᠭᠠᠴᠠᠭᠠᠨ ᠤ ᠨᠠᠮ ᠤᠨ ᠡᠭᠦᠷ ᠨᠢ ᠮᠠᠯᠴᠢᠨ ᠲᠠᠷᠢᠶᠠᠴᠢᠨ ᠢ ᠳᠠᠶᠢᠴᠢᠯᠠᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠡᠷᠬᠢᠯᠡᠬᠦ ᠶᠢᠨ ᠬᠠᠮᠲᠤ᠂ ᠭᠠᠴᠠᠭᠠᠨ ᠤ ᠦᠯᠡᠳᠡᠵᠤ ᠪᠠᠶᠢᠭ᠎ᠠ ᠬᠥᠳᠡᠯᠮᠦᠷᠢ ᠬᠦᠴᠦᠨ ᠤ ᠡᠯᠡᠰᠦᠨ ᠴᠦᠯ ᠪᠠ ᠦᠨᠳᠦᠰᠦᠲᠡᠨ ᠤ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠵᠢᠭᠤᠯᠴᠢᠯᠠᠯ ᠤᠨ ᠬᠦᠯᠢᠶᠡᠨ ᠠᠪᠬᠤ ᠴᠢᠳᠠᠪᠤᠷᠢ ᠪᠠᠨ ᠳᠡᠭᠡᠭᠰᠢᠯᠡᠭᠦᠯᠪᠡ᠃ ᠣᠳᠣᠬᠠᠨ ᠳᠤ᠂ ᠲᠤᠩᠭᠠᠯᠠᠭ ᠨᠠᠭᠤᠷ ᠭᠠᠴᠠᠭ᠎ᠠ ᠨᠢ ᠨᠢᠭᠡᠨᠲᠡ ᠲᠣᠭᠤᠷᠢᠨ ᠦᠵᠡᠬᠦ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠡᠯᠡᠰᠦᠨ ᠴᠦᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠵᠤ᠂ ᠨᠠᠢᠮᠠᠨ ᠵᠣᠪᠬᠢᠰ ᠤᠨ ᠵᠤᠭᠠᠴᠠᠭᠰᠠᠳ ᠢ ᠲᠠᠲᠠᠵᠤ ᠡᠯᠡᠰᠦᠨ ᠴᠦᠯ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠭᠤᠯᠬᠤ ᠪᠠᠷ ᠪᠡᠯᠡᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号