ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/15
   7 ᠰᠠᠷ᠎ᠠ ᠶᠢᠨ 2᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠠᠱᠠ ᠠᠶᠢᠮᠠᠭ ᠤᠨ ᠲᠢᠶᠠᠨ ᠷᠦᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ ᠳᠤ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃    ᠲᠢᠶᠠᠨ ᠷᠦᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠢ ᠶᠢᠨ ᠲᠤᠬᠠᠢ ᠶᠢᠨ ᠲᠠᠯᠠᠪᠠᠢ ᠳᠤ᠂ ᠮᠦᠩᠭᠡ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠤᠨ ᠨᠡᠶᠢᠳᠬᠡᠯ᠂ ᠭᠦᠨ ᠬᠡᠰᠡᠭ ᠤᠨ ᠡᠬᠢ ᠪᠠᠶᠠᠯᠢᠭ ᠤᠨ ᠨᠥᠬᠦᠪᠥᠷᠢ ᠬᠠᠶᠢᠨ ᠰᠢᠨᠵᠢᠯᠡᠯᠲᠡ᠂ ᠵᠢᠯ ᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠤᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠤᠬᠠᠢ ᠶᠢᠨ ᠲᠠᠯᠠᠪᠠᠢ ᠳᠤ ᠨᠡᠭᠦᠷᠡᠰᠦᠨ ᠠᠭᠤᠷᠬᠠᠢ ᠶᠢᠨ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠵᠣᠭᠰᠣᠵᠤ ᠠᠵᠢᠯ ᠵᠣᠭᠰᠣᠬᠤ ᠳᠤ ᠡᠭᠦᠷᠢᠳᠡ ᠶᠢᠨ ᠪᠢᠲᠡᠭᠦᠮᠵᠢᠯᠡᠭᠰᠡᠨ 7 ᠠᠭᠤᠷᠬᠠᠢ ᠶᠢᠨ ᠬᠤᠳᠳᠤᠭ ᠤᠨ ᠠᠮᠠᠰᠠᠷ ᠵᠢᠴᠢ ᠠᠭᠤᠷᠬᠠᠢ ᠶᠢᠨ ᠣᠷᠣᠨ ᠤ ᠭᠠᠵᠠᠷ ᠤᠨ ᠭᠠᠳᠠᠷᠭᠤ ᠶᠢᠨ ᠦᠨᠢᠳᠡ ᠶᠢᠨ ᠭᠠᠰ ᠤᠨ ᠮᠠᠯᠲᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃    ᠮᠦᠩᠭᠡ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2.22︾᠎ ᠤ ᠣᠨᠴᠠ ᠬᠦᠨᠳᠦ ᠶᠡᠭᠡ ᠨᠤᠷᠠᠯᠲᠠ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠤᠯᠤᠰ ᠤᠨ ᠪᠠᠶᠢᠴᠠᠭᠠᠯᠲᠠ ᠶᠢᠨ ᠳᠤᠭᠤᠶᠢᠯᠠᠩ ᠤᠨ ︽ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾᠎ ᠳᠤ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠲᠠᠢ ᠬᠠᠷᠢᠴᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠭᠤᠷᠬᠠᠶ ᠶᠢᠨ ᠠᠵᠤ ᠠᠬᠤᠶᠢᠯᠠᠯ ᠤᠳ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠵᠦ ᠪᠠᠶᠢᠭ᠎ᠠ ᠬᠥᠮᠦᠨ ᠵᠡᠷᠭᠡ ᠭᠤᠤᠯ ᠬᠠᠷᠢᠭᠤᠴᠠᠯᠭᠠᠲᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠷᠬᠠᠶ ᠶᠢᠨ ᠬᠤᠳᠳᠤᠭ ᠤᠨ ᠬᠦᠨᠳᠦ ᠶᠡᠭᠡ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ ᠠᠯᠠᠱᠠ ᠵᠡᠭᠦᠨ ᠬᠤᠰᠢᠭᠤ ︽ᠡᠯ ᠳ᠋ᠤᠤ ᠯᠢᠩ ᠠᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ︾᠎ ᠶᠢ ᠬᠢᠨᠠᠨ ᠵᠥᠪᠰᠢᠶᠡᠷᠡᠬᠦ ᠠᠬᠢᠴᠠ ᠵᠢᠴᠢ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠬᠢᠨᠠᠨ ᠲᠣᠭᠲᠠᠭᠠᠬᠤ ᠶᠢ ᠠᠬᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠳᠠᠷᠠᠭᠠᠴᠢ ᠶᠢᠨ ᠠᠯᠬᠤᠮ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠳᠤ ᠠᠰᠢᠭᠲᠠᠢ ᠠᠯᠠᠱᠠ ᠠᠶᠢᠮᠠᠭ ᠤᠨ ᠤᠲᠤᠭ᠎ᠠ ᠦᠭᠡᠢ ᠨᠡᠭᠦᠷᠡᠰᠦᠨ ᠤ ᠡᠬᠢ ᠪᠠᠶᠠᠯᠢᠭ ᠲᠤ ᠰᠠᠶᠢᠨ ᠰᠠᠭᠤᠷᠢ ᠲᠠᠯᠪᠢᠬᠤ ᠬᠡᠷᠡᠭᠲᠡᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号