ᠠᠯᠠᠱᠠ ᠵᠡᠭᠦᠨ ᠬᠤᠰᠢᠭᠤ 2024 ᠣᠨ ᠤ ᠲᠠᠪᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠶᠠᠷᠢᠶᠠᠨ ᠤ ᠲᠠᠩᠬᠢᠮ ᠵᠢᠴᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2024/7/15
   ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 2᠎ ᠤᠨ ᠡᠳᠦᠷ᠂ ᠠᠯᠠᠱᠠ ᠵᠡᠭᠦᠨ ᠬᠤᠰᠢᠭᠤ 2024 ᠣᠨ ᠤ ᠲᠠᠪᠤᠳᠤᠭᠠᠷ ᠬᠤᠭᠤᠴᠠᠭᠠᠨ ᠤ ︽ᠠᠯᠠᠱᠠ ᠵᠡᠭᠦᠨ ᠬᠤᠰᠢᠭᠤᠨ ᠤ ᠺᠠᠳ᠋ᠷᠴᠤᠳ ᠤᠨ ᠶᠠᠷᠢᠶᠠᠨ ᠤ ᠲᠠᠩᠬᠢᠮ︾᠎ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃    ᠲᠣᠰ ᠤᠳᠠᠭᠠᠨ ᠤ ᠶᠠᠷᠢᠶᠠᠨ ᠤ ᠲᠠᠩᠬᠢᠮ ᠳᠤ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠡᠳ᠋ ᠭᠠᠵᠠᠷ ᠤᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠳᠡᠳ᠋ ᠬᠤᠰᠢᠭᠤᠨ ᠳᠠᠷᠤᠭ᠎ᠠ ᠵᠠᠩ ᠹᠦ᠋ ᠯᠧᠦ ︽ᠤᠯᠠᠭᠠᠨ ᠱᠤᠭᠤᠮ ᠪᠠᠶᠢᠭᠤᠯᠵᠤ ᠬᠤᠷᠢᠭ᠎ᠠ ᠱᠤᠭᠤᠮ ᠢ ᠰᠠᠬᠢᠵᠤ ᠠᠮᠤᠷ ᠲᠦᠪᠰᠢᠨ ᠤ ᠬᠥᠪᠴᠢ ᠶᠢ ᠴᠢᠩᠭᠠᠯᠠᠵᠤ ᠠᠶᠤᠯᠭᠦᠶ ᠦᠢᠯᠡᠳᠪᠦᠷᠢᠯᠡᠯ ᠤᠨ ᠳᠠᠶᠢᠯᠠᠯᠳᠤᠭᠠᠨ ᠢ ᠰᠠᠶᠢᠲᠤᠷ ᠬᠢᠨ᠎ᠡ︾ ᠭᠡᠬᠦ ᠰᠡᠳᠦᠪ ᠢᠶᠠᠷ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠦᠨᠳᠦ ᠨᠣᠴᠢᠲᠠᠶ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠶᠤᠯᠭᠦᠶ ᠦᠢᠯᠡᠳᠪᠦᠷᠢᠯᠡᠯ ᠤᠨ ᠬᠠᠤᠯᠢ︾᠎ ᠶᠢ ᠪᠥᠬᠦ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠲᠠᠷᠠᠭᠠᠴᠢ ᠶᠢᠨ ᠠᠯᠬᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃    ᠲᠠᠶᠢᠯᠤᠮᠵᠢ ᠨᠢ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠵᠥᠪ ᠣᠶᠢᠯᠠᠭᠠᠬᠤ ᠶᠢᠨ ᠬᠠᠮᠲᠤ ᠰᠠᠶᠢᠲᠤᠷ ᠠᠳᠬᠤᠬᠤ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠠᠪᠴᠢᠷᠠᠭᠰᠠᠨ ᠪᠠᠶᠢᠨ᠎ᠠ᠃ ᠤᠯᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠢ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠮᠢᠨᠴᠦᠬᠦᠷᠡᠬᠦ᠂ ᠰᠤᠯᠠᠷᠠᠬᠤ ᠦᠵᠡᠯ ᠰᠠᠨᠠᠭ᠎ᠠ ᠪᠣᠯᠤᠨ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠵᠢᠯᠤᠭᠤᠳᠤᠯᠭ᠎ᠠ ᠪᠣᠯᠤᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠭᠡᠵᠦ ᠢᠯᠡᠳᠬᠡᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号