ᠠᠯᠠᠱᠠ ᠵᠡᠭᠦᠨ ᠬᠤᠰᠢᠭᠤᠨ ᠠᠴᠠ ᠵᠠᠷᠢᠮ ᠬᠤᠭᠤᠰᠣᠨ ᠭᠠᠵᠠᠷ ᠢ ᠲᠡᠭᠰᠢᠯᠡᠵᠦ ᠠᠷᠠᠳ ᠲᠤ ᠳᠥᠭᠦᠮ ᠦᠵᠡᠭᠦᠯᠬᠦ ᠲᠡᠷᠭᠡᠨ ᠵᠣᠭᠰᠣᠭᠠᠯ  ᠪᠣᠯᠭᠠᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2024/7/15
   ᠣᠶᠢᠯᠠᠭᠠᠭᠰᠠᠨ ᠢᠶᠠᠷ᠂ ᠰᠤᠷᠭᠠᠭᠤᠯᠢ ᠲᠠᠷᠬᠠᠬᠤ ᠴᠠᠭ ᠪᠣᠯᠬᠤ ᠪᠦᠷᠢ᠂ ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠶᠢᠨ ᠡᠭᠦᠳᠡᠨ ᠠᠴᠠ ᠰᠤᠷᠤᠭᠴᠢᠳ ᠢ ᠲᠤᠰᠴᠤ ᠬᠦᠷᠭᠡᠬᠦ ᠲᠡᠷᠭᠡ ᠬᠥᠰᠬᠡ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠢ ᠲᠦᠭᠵᠢᠷᠡᠭᠦᠯᠦᠭᠰᠡᠨ ᠠᠴᠠ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠤᠲᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠶᠢᠨ ᠲᠣᠪᠴᠢᠶ᠎ᠠ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠸᠠᠨ ᠬᠤᠸᠠ ᠴᠦᠨ ᠴᠧᠩ  ‍ᠦᠨ‌ᠡᠮᠦᠨ᠎ᠡ ᠲᠠᠯ᠎ᠠ ᠶᠢᠨ ᠨᠤᠷᠠᠭᠠᠵᠤ ᠨᠡᠭᠦᠯᠭᠡᠭᠰᠡᠨ ᠬᠤᠭᠤᠰᠣᠨ ᠭᠠᠵᠠᠷ ᠢ ᠥᠭᠡᠷᠡᠴᠢᠯᠡᠨ ᠲᠦᠷ ᠴᠠᠭ ᠤᠨ ᠲᠡᠷᠭᠡᠨ ᠵᠣᠭᠰᠣᠭᠠᠯ  ᠪᠣᠯᠭᠠᠨ ᠲᠡᠭᠰᠢᠯᠡᠪᠡ᠃    ᠲᠦᠷ ᠴᠠᠭ ᠤᠨ ᠲᠡᠷᠭᠡᠨ ᠵᠣᠭᠰᠣᠭᠠᠯ ᠢ ᠪᠠᠶᠢᠭᠤᠯᠤᠭᠰᠠᠨ ᠨᠢ ᠰᠤᠷᠭᠠᠭᠤᠯᠢ ᠶᠢᠨ ᠬᠢᠴᠢᠶᠡᠯ ᠡᠬᠢᠯᠡᠬᠦ ᠲᠠᠷᠠᠬᠤ ᠣᠷᠭᠢᠯ ᠤᠨ ᠬᠤᠭᠤᠴᠠᠭᠠᠨ ᠎ ᠤ ᠲᠡᠷᠭᠡ ᠬᠥᠰᠬᠡ ᠪᠠᠨ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠭᠰᠠᠨ ᠶᠠᠪᠤᠳᠠᠯ ᠠᠴᠠ ᠪᠣᠯᠤᠭᠰᠠᠨ ᠵᠠᠮ ᠬᠠᠷᠢᠯᠴᠠᠭᠠᠨ ᠤ ᠲᠦᠭᠵᠢᠷᠡᠯ ᠤᠨ ᠦᠵᠡᠭᠳᠡᠯ ᠢ ᠪᠦᠲᠦᠮᠵᠢᠲᠡᠶ ᠨᠠᠮᠳᠠᠭᠤᠯᠵᠤ᠂ ᠰᠤᠷᠤᠭᠴᠢᠳ ᠢ ᠲᠤᠰᠴᠤ ᠬᠦᠷᠭᠡᠬᠦ ᠬᠡᠷ ᠤᠨ ᠠᠬᠠᠮᠠᠳ ᠤᠨ ᠲᠡᠷᠭᠡ ᠬᠥᠰᠬᠡ ᠪᠠᠨ ᠡᠮᠬᠢ ᠲᠢᠭᠯᠢᠮ ᠲᠠᠢ ᠵᠣᠭᠰᠣᠭᠠᠨ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠲᠠ ᠶᠢᠨ ᠦᠵᠡᠮᠵᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠠᠶᠢᠵᠢᠷᠠᠭᠤᠯᠤᠭᠰᠠᠨ ᠪᠠᠶᠢᠨ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号