ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ 2024 ᠣᠨ ᠤ ᠵᠣᠨ ᠤ ᠠᠮᠠᠷᠠᠯᠲᠠ ᠳᠤ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠳᠤ ᠥᠭᠭᠦᠭᠰᠡᠨ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2024/7/15
      ᠡᠯ᠎ᠡ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠵᠢᠴᠢ ᠠᠵᠢᠯᠯᠠᠵᠤ ᠪᠠᠶᠢᠭ᠎ᠠ ᠬᠥᠮᠦᠰ ᠲᠤ᠄              ︽ᠬᠤᠶᠠᠷ ᠎ ᠢ ᠪᠠᠭᠠᠰᠬᠠᠬᠤ︾᠎  ᠠᠵᠢᠯ ᠪᠣᠯ ᠨᠠᠮ ᠤᠨ ᠲᠥᠪ ᠬᠤᠷᠢᠶ᠎ᠠ᠂ ᠲᠥᠷᠥ ᠎ ᠶᠢᠨ ᠶᠠᠪᠤᠳᠠᠯ ᠤᠨ ᠬᠤᠷᠢᠶᠠᠨ ᠎ ᠠᠴᠠ ᠭᠠᠷᠭᠠᠭᠰᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠎ ᠶᠢᠨ ᠪᠠᠶᠢᠷᠢᠯᠠᠭᠤᠯᠤᠯᠲᠠ ᠮᠥᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠎ ᠢᠶᠠᠷ ᠦᠰᠦᠨ ᠪᠤᠶᠢᠵᠢᠬᠤ ᠎ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ 2024 ᠣᠨ ᠤ ᠵᠣᠨ ᠤ ᠠᠮᠠᠷᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ︽ᠬᠤᠶᠠᠷ ᠢ ᠬᠥᠩᠭᠡᠷᠡᠭᠦᠯᠬᠦ︾᠎  ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠦᠶᠯᠡ ᠠᠵᠢᠯᠯᠠᠭ᠎ᠠ ᠶᠢ ᠤᠯᠠᠮ ᠵᠢᠷᠤᠮᠵᠢᠭᠤᠯᠤᠨ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠲᠤ ᠳᠠᠷᠠᠭᠠᠬᠢ ᠮᠡᠲᠦ ᠰᠠᠨᠠᠭᠤᠯᠤᠮᠵᠢ ᠭᠠᠷᠭᠠᠪᠠ᠄             ᠨᠢᠭᠡ᠂ ᠲᠣᠭᠲᠠᠭᠠᠯ ᠎ ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ ᠰᠤᠷᠭᠠᠯᠲᠠ ᠶᠢ ᠥᠷᠨᠢᠭᠦᠯᠵᠦ ᠪᠣᠯᠬᠤ ᠥᠬᠡᠶ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎  ᠵᠢᠴᠢ ︽ᠬᠤᠶᠠᠷ ᠢ ᠬᠥᠩᠭᠡᠯᠡᠬᠦ︾᠎  ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠶᠠᠮᠠᠷᠪᠠ ᠪᠠᠶᠢᠭᠤᠯᠤᠮᠵᠢ ᠪᠠ ᠬᠤᠪᠢ ᠬᠥᠮᠦᠨ ᠴᠥᠮ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠰᠤᠷᠭᠠᠯᠲᠠ ᠶᠢ ᠥᠷᠨᠢᠭᠦᠯᠵᠦ ᠪᠣᠯᠬᠤ ᠥᠬᠡᠶ᠃ ᠵᠣᠨ ᠤ ᠠᠮᠠᠷᠠᠯᠲᠠ ᠶᠢᠨ ᠬᠤᠭᠤᠴᠠᠭᠠᠨ ᠳᠤ ᠶᠠᠮᠠᠷᠪᠠ ᠬᠡᠯᠪᠡᠷᠢ ᠶᠢᠨ ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠎ ᠨᠢ ᠴᠥᠮ ᠬᠠᠤᠯᠢ ᠲᠣᠭᠲᠠᠭᠠᠯ ᠎ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ ᠶᠠᠮᠠᠷᠪᠠ ᠪᠠᠶᠢᠭᠤᠯᠤᠮᠵᠢ ᠪᠤᠶᠤ ᠬᠤᠪᠢ ᠬᠥᠮᠦᠨ ᠭᠡᠳ ᠰᠠᠭᠤᠭᠠᠯᠢ ᠬᠡᠷ ᠤᠨ ᠪᠠᠭᠰᠢ᠂ ᠣᠯᠠᠨ ᠢᠶᠠᠷ ᠢᠶᠠᠨ ᠴᠤᠭᠯᠠᠭᠤᠯᠵᠤ ᠬᠤᠪᠢ ᠪᠠᠷ ᠢᠶᠠᠨ ᠰᠤᠷᠭᠠᠨ ᠬᠥᠮᠦᠵᠢᠭᠦᠯᠬᠦ᠂ ᠤᠯᠤᠰ ᠤᠨ ᠰᠤᠷᠭᠠᠯ ᠤᠨ ᠬᠡᠪ ᠪᠣᠯᠪᠠᠰᠤᠷᠠᠯ᠂ ᠰᠡᠳᠬᠢᠬᠦᠶ ᠶᠢᠨ ᠪᠣᠯᠪᠠᠰᠤᠷᠠᠯ ᠵᠡᠷᠭᠡ ᠨᠡᠷ᠎ᠡ ᠪᠠᠷ ︽ᠨᠢᠭᠡ ᠰᠤᠷᠤᠭᠴᠢ ᠶᠢ ᠳᠠᠭᠠᠭᠠᠴᠢᠯᠠᠨ ᠵᠢᠭᠠᠬᠤ︾᠎  ︽ᠣᠯᠠᠨ ᠰᠤᠷᠤᠭᠴᠢ ᠶᠢ ᠳᠠᠭᠠᠭᠠᠴᠢᠯᠠᠨ ᠵᠢᠭᠠᠬᠤ︾᠎  ᠵᠡᠷᠭᠡ ᠨᠢᠭᠤᠴᠠᠭᠠᠶ ᠣᠨᠳᠣᠣᠰᠢᠭᠰᠠᠨ ᠰᠢᠨᠵᠢᠯᠡᠭᠡᠨ ᠤ ᠰᠠᠯᠠᠭ᠎ᠠ ᠶᠢᠨ ᠰᠤᠷᠭᠠᠯᠲᠠ ᠶᠢ ᠥᠷᠨᠢᠭᠦᠯᠵᠦ ᠪᠣᠯᠬᠤ ᠥᠬᠡᠶ᠃            ᠬᠤᠶᠠᠷ᠂ ᠰᠤᠷᠭᠠᠯᠲᠠ ᠥᠷᠨᠢᠭᠦᠯᠬᠦ ᠳᠤ ᠡᠷᠬᠡᠪᠰᠢ ᠰᠤᠷᠭᠠᠭᠤᠯᠢ ᠡᠷᠬᠢᠯᠡᠬᠦ ᠬᠢᠷᠢ ᠬᠡᠮ ᠲᠠᠢ ᠪᠠᠶᠢᠬᠤ ᠬᠡᠷᠡᠭᠲᠡᠶ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠎ ᠠᠴᠠ ᠡᠷᠭᠢᠯᠡᠭᠰᠡᠨ ᠰᠤᠷᠭᠠᠨ ᠬᠥᠮᠦᠵᠢᠯ ᠎ ᠢ ᠠᠬᠢᠭᠤᠯᠬᠤ ᠬᠠᠤᠯᠢ︾᠎  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠎ ᠠᠴᠠ ᠡᠷᠭᠢᠯᠡᠭᠰᠡᠨ ᠰᠤᠷᠭᠠᠨ ᠬᠥᠮᠦᠵᠢᠯ ᠎ ᠢ ᠠᠬᠢᠭᠤᠯᠬᠤ ᠬᠠᠤᠯᠢ ᠎ ᠶᠢ ᠬᠡᠷᠡᠭᠵᠢᠭᠦᠯᠬᠦ ᠳᠦᠷᠢᠮ︾᠎  ︽ᠰᠤᠷᠭᠠᠭᠤᠯᠢ ᠎ ᠶᠢᠨ ᠭᠠᠳᠠᠨᠠᠬᠢ ᠰᠤᠷᠭᠠᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠦᠷ ᠬᠡᠷᠡᠭᠵᠢᠭᠦᠯᠬᠦ ᠠᠷᠭ᠎ᠠ︾᠎  ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠎ ᠶᠢ ᠦᠨᠳᠦᠰᠦᠯᠡᠨ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠢ ᠡᠷᠬᠡᠪᠰᠢ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠵᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠎ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ︾᠎ ᠎ ᠢ ᠣᠯᠭᠤᠬᠤ ᠶᠢᠨ ᠬᠠᠮᠲᠤ ︽ᠡᠵᠡᠩᠨᠡᠯᠲᠡ ᠶᠢᠨ ᠦᠨᠡᠮᠯᠡᠯ︾᠎  ᠪᠤᠶᠤ ︽ᠠᠷᠠᠳ ᠎ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠭᠤᠯᠤᠭᠰᠠᠨ ᠦᠨᠡᠮᠯᠡᠯ︾᠎ ᠎ ᠢ ᠳᠠᠩᠰᠠᠯᠠᠭᠤᠯᠵᠤ ᠣᠯᠤᠭᠰᠠᠨ ᠤ ᠳᠠᠷᠠᠭ᠎ᠠ ᠰᠠᠶ᠋ᠢ ᠰᠤᠷᠭᠠᠯᠲᠠ ᠶᠢ ᠥᠷᠨᠢᠭᠦᠯᠵᠦ ᠪᠣᠯᠤᠨ᠎ᠠ᠃ ᠪᠠᠶᠢᠭᠤᠯᠤᠮᠵᠢ ᠪᠡᠯᠡᠳᠬᠡᠨ ᠪᠠᠶᠢᠭᠤᠯᠬᠤ ᠬᠤᠭᠤᠴᠠᠭᠠᠨ ᠳᠤ ᠰᠣᠷᠣᠭᠴᠢ ᠡᠯᠰᠡᠵᠦ ᠪᠣᠯᠬᠤ ᠥᠬᠡᠶ᠂ ᠶᠠᠭ ᠦᠨᠡᠮᠯᠡᠯ ᠠᠪᠬᠤ ᠪᠠᠷ ᠭᠤᠶᠤᠴᠢᠯᠠᠵᠤ ᠪᠠᠶᠢᠭ᠎ᠠ ᠰᠢᠯᠲᠠᠭ ᠢᠶᠠᠷ ᠰᠣᠷᠣᠭᠴᠢ ᠡᠯᠰᠡᠵᠦ ᠪᠣᠯᠬᠤ ᠥᠬᠡᠶ᠃ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢ ᠪᠦᠬᠦᠨ ᠢ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠬᠢᠭᠡᠳ ᠦᠶᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ︵᠎  ᠰᠦᠯᠵᠢᠶᠡᠨ ᠤ ᠬᠠᠶ᠋ᠢᠭ᠄  https://xwpx.eduyun.cn/︶᠎ ᠎ ᠤᠨ ᠬᠡᠪᠴᠢᠶᠡᠨ ᠳᠤ ᠣᠷᠣᠭᠤᠯᠵᠤ ᠬᠢᠨᠠᠨ ᠬᠠᠮᠢᠶᠠᠷᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠡᠯ᠎ᠡ ᠵᠦᠶᠯ ᠤᠨ ᠠᠵᠢᠯ ᠢ ᠪᠡᠶᠡᠯᠡᠭᠦᠯᠬᠦ ᠬᠡᠷᠡᠭᠲᠡᠶ᠃            ᠭᠤᠷᠪᠠ᠂ ᠰᠤᠷᠭᠠᠯᠲᠠ ᠶᠢᠨ ᠵᠠᠷᠤᠳᠠᠯ ᠬᠤᠷᠢᠶᠠᠬᠤ ᠶᠢ ᠵᠢᠷᠤᠮᠵᠢᠭᠤᠯᠬᠤ ᠬᠡᠷᠡᠭᠲᠡᠶ            ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠢ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠢᠭᠡ ᠤᠳᠠᠭ᠎ᠠ ᠳᠤ ᠰᠦᠶᠳᠬᠡᠯ ᠬᠤᠷᠢᠶᠠᠬᠤ ᠪᠤᠶᠤ ᠥᠷᠲᠡᠭ ᠨᠡᠮᠡᠬᠦ᠂ ᠤᠳᠠᠭ᠎ᠠ ᠺᠠᠷᠲ ᠬᠡᠷᠡᠭᠯᠡᠬᠦ ᠵᠡᠷᠭᠡ ᠬᠡᠯᠪᠡᠷᠢ ᠪᠠᠷ ᠬᠡᠯᠪᠡᠷᠢ ᠶᠢ ᠨᠢ ᠥᠭᠡᠷᠡᠲᠦᠭᠦᠯᠦᠨ 3 ᠳ᠋ᠤᠭᠠᠷ ᠰᠠᠷ᠎ᠠ ᠪᠤᠶᠤ 60 ᠬᠢᠴᠢᠶᠡᠯ ᠤᠨ ᠴᠠᠭ ᠎ ᠠᠴᠠ ᠬᠡᠲᠦᠷᠡᠭᠰᠡᠨ ᠰᠦᠶᠳᠬᠡᠯ ᠬᠤᠷᠢᠶᠠᠵᠤ ᠪᠣᠯᠬᠤ ᠥᠬᠡᠶ ᠮᠥᠷᠲᠡᠭᠡᠨ 5000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠰᠦᠶᠳᠬᠡᠯ ᠬᠤᠷᠢᠶᠠᠬᠤ ᠲᠥᠷᠥᠯ ᠵᠦᠶᠯ ᠬᠢᠭᠡᠳ ᠪᠠᠷᠢᠮᠵᠢᠶ᠎ᠠ ᠶᠢ ᠱᠠᠭᠠᠷᠳᠠᠯᠭ᠎ᠠ ᠶᠣᠰᠣᠭᠠᠷ ᠢᠯᠡ ᠨᠡᠶᠢᠲᠡᠯᠡᠬᠦ ᠬᠡᠷᠡᠭᠲᠡᠶ᠃ ︽ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠎ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠭᠰᠠᠨ ᠰᠤᠷᠭᠠᠯᠲᠠ ᠶᠢᠨ ᠦᠶᠯᠡᠴᠢᠯᠡᠭᠡᠨ ᠤ ᠰᠦᠶᠳᠬᠡᠯ ᠢᠶᠠᠷ ᠥᠷᠢ ᠥᠭᠴᠡᠭᠡ ᠶᠢᠨ ᠬᠠᠮᠢᠶᠠᠷᠤᠯᠲᠠ ᠪᠣᠯᠭᠠᠵᠤ᠂ ᠣᠷᠣᠯᠭ᠎ᠠ ᠶᠢ ᠤᠷᠢᠳᠴᠢᠯᠠᠨ ᠨᠤᠲᠠᠯᠠᠨ ᠲᠣᠭᠲᠠᠭᠠᠬᠤ ᠶᠢ ᠬᠠᠲᠠᠭᠤ ᠬᠤᠷᠢᠭᠯᠠᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠤᠭᠤᠳ ᠤᠷᠢᠳᠴᠢᠯᠠᠨ ᠬᠤᠷᠢᠶᠠᠬᠤ ᠰᠦᠢᠳᠬᠡᠯ ᠤᠨ ᠰᠢᠨᠵᠢ ᠴᠢᠨᠠᠷ ᠢ ᠵᠥᠪ ᠢᠶᠠᠷ ᠲᠠᠨᠢᠬᠤ ᠪᠣᠯᠪᠠᠤ᠃ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠢ ᠰᠤᠷᠭᠠᠯᠲᠠ ᠶᠢᠨ ᠡᠲᠡᠭᠡᠳ ᠪᠤᠶᠤ ᠲᠡᠭᠦᠨ ᠤ ᠬᠢᠨᠠᠨ ᠬᠠᠮᠠᠭᠠᠯᠠᠭᠴᠢ ᠯᠤᠭ᠎ᠠ ᠰᠤᠷᠭᠠᠯᠲᠠ ᠶᠢᠨ ᠦᠶᠯᠡᠴᠢᠯᠡᠭᠡᠨ ᠤ ᠭᠡᠷ᠎ᠡ ᠲᠣᠭᠲᠠᠬᠤ ᠳᠤ᠂ ᠰᠤᠷᠭᠠᠨ ᠬᠥᠮᠦᠵᠢᠯ ᠤᠨ ᠶᠠᠮᠤᠨ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠲᠤᠷᠠᠨ ᠲᠣᠭᠲᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠦᠶᠯᠡᠴᠢᠯᠡᠭᠡᠨ ᠤ ᠭᠡᠷ᠎ᠡ ︵᠎  ᠵᠢᠱᠢᠶ᠎ᠡ ᠦᠵᠡᠭᠦᠯᠬᠦ ᠪᠢᠴᠢᠭ︶᠎ ︾᠎  ︵᠎  2021 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶᠎ ᠎ ᠶᠢ ᠬᠡᠷᠡᠭᠯᠡᠬᠦ ᠶᠢᠨ ᠬᠠᠮᠲᠤ ᠪᠣᠳᠠᠲᠤ ᠪᠠᠶᠢᠳᠠᠯ ᠢ ᠦᠨᠳᠦᠰᠦᠯᠡᠨ ᠪᠠᠷᠢᠮᠲᠠ ᠬᠢᠵᠦ ᠥᠭᠬᠦ ᠬᠡᠷᠡᠭᠲᠡᠶ᠃            ᠲᠥᠷᠪᠡ᠂ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ                  ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠤᠭᠤᠳ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠨᠡᠮᠡᠭᠳᠡᠭᠦᠯᠦᠨ᠂ ︽ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠶᠢᠨ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠶᠢᠰᠦᠨ ᠵᠦᠶᠯ ᠤᠨ ᠲᠣᠭᠲᠠᠭᠠᠯ︾᠎ ᠎ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢ ᠪᠦᠷᠢᠨ ᠳᠣᠭᠢᠷᠠᠭᠤᠯᠤᠨ᠂ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠤᠷᠭᠠᠯᠲᠠ ᠶᠢᠨ ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠤᠷᠭᠠᠯᠲᠠ ᠶᠢᠨ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠠᠶᠤᠯ ᠥᠬᠡᠶ ᠦᠶᠯᠡᠳᠪᠦᠷᠢᠯᠡᠬᠦ ᠳᠤ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠵᠣᠨ ᠤ ᠠᠮᠠᠷᠠᠯᠲᠠ ᠎ ᠠᠴᠠ ᠡᠮᠦᠨ᠎ᠡ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠠᠶᠤᠯ ᠥᠬᠡᠶ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ ᠭᠠᠯ ᠲᠦᠢᠮᠡᠷ ᠢ ᠤᠨᠲᠠᠷᠠᠭᠠᠬᠤ ᠲᠠᠷᠬᠠᠭᠠᠨ ᠶᠠᠪᠤᠭᠤᠯᠬᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ︔᠎  ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠡᠵᠡᠩᠨᠡᠯᠲᠡ ᠶᠢᠨ ᠬᠤᠭᠤᠴᠠᠭᠠᠨ ᠳᠤ 2 ᠴᠠᠭ ᠪᠦᠷᠢ ᠳᠤ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ 1 ᠤᠳᠠᠭ᠎ᠠ ᠎ ᠠᠴᠠ ᠳᠤᠲᠠᠭᠤ ᠥᠬᠡᠶ ᠥᠷᠨᠢᠭᠦᠯᠬᠦ ᠶᠢ ᠦᠨᠡᠨᠬᠦ ᠪᠠᠲᠤᠯᠠᠵᠤ᠂ ᠤᠬᠠᠭᠤᠯᠭ᠎ᠠ ᠬᠥᠮᠦᠵᠢᠯ᠂ ᠲᠠᠷᠬᠠᠭᠠᠬᠤ ᠰᠣᠷᠢᠯᠲᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ ᠰᠤᠷᠭᠠᠯᠲᠠ ᠶᠢᠨ ᠪᠠᠶᠢᠭᠤᠯᠤᠮᠵᠢ ᠨᠤᠭᠤᠳ ᠰᠤᠷᠤᠭᠴᠢᠳ ᠢ ᠭᠠᠭᠴᠠᠭᠠᠷ ᠢᠶᠠᠨ ᠪᠤᠶᠤ ᠥᠪᠡᠷ ᠢᠶᠠᠨ ᠬᠠᠨᠢ ᠪᠤᠯᠵᠦ ᠠᠭᠤᠯᠠᠨ ᠴᠥᠭᠦᠷᠥᠮ᠂ ᠤᠰᠤᠨ ᠴᠥᠭᠦᠷᠥᠮ᠂ ᠭᠤᠣᠯ ᠮᠥᠷᠡᠨ᠂ ᠲᠠᠯᠠᠢ ᠶᠢᠨ ᠬᠦᠪᠡᠭᠡ ᠵᠡᠷᠭᠡ ᠠᠶᠤᠯᠭᠦᠶ ᠶᠢᠨ ᠲᠥᠬᠦᠭᠡᠷᠦᠮᠵᠢ ᠪᠠ ᠪᠠᠲᠤᠯᠠᠭ᠎ᠠ ᠦᠭᠡᠢ ᠠᠶᠤᠯ ᠲᠠᠢ ᠤᠰᠤᠨ ᠣᠷᠣᠨ ᠳᠤ ᠣᠴᠢᠵᠤ ᠨᠠᠭᠠᠳᠤᠨ ᠲᠣᠭᠯᠠᠵᠤ ᠤᠰᠤᠨ ᠳᠤ ᠤᠮᠪᠠᠵᠤ ᠪᠣᠯᠬᠤ ᠦᠭᠡᠢ ᠭᠡᠵᠦ ᠰᠤᠷᠭᠠᠨ ᠬᠥᠮᠦᠵᠢᠭᠦᠯᠵᠦ᠂ ᠤᠰᠤᠨ ᠳᠤ ᠵᠢᠪᠬᠦ ᠡ᠊ᠨᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠰᠤᠷᠭᠠᠯᠲᠠ ᠶᠢᠨ ᠪᠠᠶᠢᠭᠤᠯᠤᠮᠵᠢ ᠳᠤ ᠠᠮᠤᠷ ᠲᠦᠪᠰᠢᠨ ᠤ ᠲᠤᠰᠬᠠᠶ ᠵᠦᠶᠯ ᠤᠨ ᠪᠠᠶᠢᠴᠠᠭᠠᠯᠲᠠ ᠥᠷᠨᠢᠭᠦᠯᠵᠦ᠂ ᠲᠠᠯᠠᠪᠤᠷ ᠭᠠᠵᠠᠷ᠂ ᠪᠡᠯᠡᠳᠬᠡᠮᠵᠢ᠂ ᠭᠠᠯ ᠲᠦᠢᠮᠡᠷ ᠢ ᠤᠨᠲᠠᠷᠠᠭᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠠᠶᠢᠭᠤᠯᠤᠮᠵᠢ ᠨᠢ ᠳᠠᠷᠦ᠋ᠢᠬᠠᠨ ᠠᠵᠢᠯ ᠢᠶᠠᠨ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃            ᠲᠠᠪᠤ᠂ ᠲᠣᠭᠲᠠᠭᠠᠯ ᠎ ᠠᠴᠠ ᠵᠥᠷᠢᠴᠡᠭᠰᠡᠨ ᠤᠷᠤᠯᠳᠤᠭᠠᠨ ᠶᠠᠪᠤᠭᠤᠯᠵᠤ ᠪᠣᠯᠬᠤ ᠥᠬᠡᠶ            ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠤᠷᠤᠯᠳᠤᠭᠠᠨ ᠤ ᠠᠵᠢᠯᠯᠠᠭ᠎ᠠ ᠳᠤ ᠲᠣᠳᠣᠷᠬᠠᠶ ᠬᠠᠭᠤᠳᠠᠰᠤ ᠶᠢᠨ ᠲᠦᠷᠢᠮ ᠤᠨ 2022 ᠣᠨ ᠤ 9ᠳ᠋ᠦ᠋ᠭᠡᠷ ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠬᠢᠨᠠᠨ ᠬᠠᠷᠭᠤᠭᠤᠯᠵᠤ ᠪᠠᠲᠤᠯᠠᠭᠰᠠᠨ ︽2022 — 2025 ᠰᠤᠷᠤᠯᠭ᠎ᠠ ᠶᠢᠨ ᠵᠢᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠳᠤ ᠬᠠᠨᠳᠤᠭᠤᠯᠤᠭᠰᠠᠨ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠨᠡᠷᠡᠰ︾᠎  ︵᠎  ᠰᠦᠯᠵᠢᠶᠡᠨ ᠤ ᠬᠠᠶ᠋ᠢᠭ᠄  http://www.moe.gov.cn/srcsite/A29/20220929_665926.html︶᠎ ᠎ ᠢ ᠨᠡᠶᠢᠲᠡᠯᠡᠪᠡ᠃ 2022 ᠣᠨ ᠤ 12 ᠳ᠋ᠤᠭᠠᠷ ᠰᠠᠷ᠎ᠠ ᠳᠤ᠂ ᠭᠤᠸᠠᠩᠳᠦ᠋ᠩ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠠᠴᠠ ᠬᠢᠨᠠᠨ ᠬᠠᠷᠭᠤᠭᠤᠯᠵᠤ ᠪᠠᠲᠤᠯᠠᠭᠰᠠᠨ ︽2022 — 2025 ᠰᠤᠷᠤᠯᠭ᠎ᠠ ᠶᠢᠨ ᠣᠨ ᠳᠤ ᠭᠤᠸᠠᠩᠳᠦ᠋ᠩ ᠮᠤᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠳᠤ ᠬᠠᠨᠳᠤᠭᠤᠯᠤᠭᠰᠠᠨ ᠪᠥᠬᠦ ᠮᠤᠵᠢ ᠶᠢᠨ ᠤᠷᠤᠯᠳᠤᠭᠠᠨ ᠤ ᠠᠵᠢᠯᠯᠠᠭᠠᠨ ᠤ ᠨᠡᠷᠡᠰ︾᠎ ᠎ ᠢ ᠨᠡᠶᠢᠲᠡᠯᠡᠭᠰᠡᠨ ᠪᠥᠭᠡᠳ 2024 ᠣᠨ ᠤ 5 ᠳ᠋ᠤᠭᠠᠷ ᠰᠠᠷ᠎ᠠ ᠳᠤ ᠨᠡᠷᠡᠰ ︵᠎  ᠰᠦᠯᠵᠢᠶᠡᠨ ᠤ ᠬᠠᠶ᠋ᠢᠭ᠄  https://edu.gd.gov.cn/ztzlnew/xxl/tzgg/content/post_4061107.html︶᠎ ᠎ ᠢ ᠰᠢᠨᠡᠳᠬᠡᠪᠡ᠃ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠥᠬᠡᠶ ᠪᠠᠷ ᠲᠣᠭᠲᠠᠭᠠᠯ ᠎ ᠠᠴᠠ ᠵᠥᠷᠢᠴᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠤᠷᠤᠯᠳᠤᠭᠠᠨ ᠥᠷᠨᠢᠭᠦᠯᠵᠦ ᠪᠣᠯᠬᠤ ᠥᠬᠡᠶ᠃ ᠪᠥᠬᠦ ᠬᠤᠰᠢᠭᠤᠨ ᠤ ᠥᠷᠭᠡᠨ ᠣᠯᠠᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠡᠷᠡᠭᠦᠯ ᠢᠶᠠᠷ ᠬᠥᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠦᠶᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠣᠷᠣᠭᠴᠢ ᠪᠠ ᠬᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ᠃ ᠦᠨᠡᠮᠯᠡᠯ ᠥᠬᠡᠶ ᠪᠠᠷ ᠰᠤᠷᠭᠠᠭᠤᠯᠢ ᠡᠷᠭᠢᠯᠡᠬᠦ ᠪᠠᠶᠢᠭᠤᠯᠤᠮᠵᠢ ᠨᠤᠭᠤᠳ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠨ ᠳᠠᠷᠦ᠋ᠢᠬᠠᠨ ᠵᠣᠭᠰᠣᠭᠠᠵᠤ᠂ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠶ᠎ᠡ ᠵᠣᠬᠢᠴᠠᠯ ᠲᠠᠢ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠬᠠᠮᠠᠭᠠᠯᠠᠨ᠎ᠠ᠃                                                ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ            2024 ᠣᠨ ᠤ 7 ᠳ᠋ᠤᠭᠠᠷ ᠰᠠᠷ᠎ᠠ ᠶᠢᠨ 9 ᠎ ᠤ  ᠡᠳᠦᠷ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号