ᠠᠯᠠᠱᠠ ᠶᠢᠨ ᠸᠠᠩ ᠤᠨ ᠣᠷᠳᠣᠨ ᠤ ᠮᠦᠽᠧᠶ ᠶᠢᠨ ᠵᠣᠨ ᠤ ᠠᠮᠠᠷᠠᠯᠲᠠ ᠶᠢᠨ ᠨᠡᠭᠡᠭᠡᠯᠲᠡ ᠶᠢᠨ  ᠢᠯᠡ ᠵᠠᠷᠯᠠᠯ
ᠨᠡᠶᠢᠲᠡᠯᠡᠭᠰᠡᠨ ᠴᠠᠭ᠄
2024/7/15
               ᠮᠦᠽᠧᠶ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠡᠶᠢᠲᠡ ᠶᠢᠨ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠵᠣᠷᠢᠯᠭ᠎ᠠ ᠪᠠᠷ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠠᠯᠪᠠᠨ ᠬᠡᠷ ᠤᠨ ︽2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠮᠦᠽᠧᠶ ᠶᠢᠨ ᠨᠡᠭᠡᠭᠡᠯᠲᠡ ᠶᠢᠨ ᠦᠶᠯᠡᠴᠢᠯᠡᠭᠡᠨ ᠤ ᠠᠵᠢᠯ ᠢ ᠰᠠᠶᠢᠲᠤᠷ ᠭᠦᠢᠴᠡᠳᠬᠡᠬᠦ ᠲᠤᠬᠠᠶ ᠮᠡᠳᠡᠭᠳᠡᠯ︾᠎ ᠎ ᠤᠨ ᠰᠠᠨᠠᠯ ᠢ ᠦᠨᠳᠦᠰᠦᠯᠡᠨ᠂ ᠠᠯᠠᠱᠠ ᠶᠢᠨ ᠸᠠᠩ ᠤᠨ ᠣᠷᠳᠣᠨ ᠤ ᠮᠦᠽᠧᠶ ᠶᠢᠨ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠨᠡᠭᠡᠭᠡᠯᠲᠡ ᠶᠢᠨ ᠦᠶᠯᠡᠴᠢᠯᠡᠭᠡᠨ ᠤ ᠴᠠᠭ ᠢ ᠳᠣᠭᠢᠷᠠᠭᠤᠯᠤᠨ᠎ᠠ᠂ ᠪᠣᠳᠠᠲᠠᠶ ᠲᠣᠬᠢᠷᠠᠭᠤᠯᠤᠯᠲᠠ ᠨᠢ ᠳᠠᠷᠠᠭᠠᠬᠢ ᠮᠡᠲᠦ᠄             ᠨᠢᠭᠡ᠂ ᠨᠡᠭᠡᠭᠡᠬᠦ ᠴᠠᠭ            ᠭᠠᠷᠠᠭ ᠤᠨ ᠬᠤᠶᠠᠷ ᠎ ᠠᠴᠠ ᠭᠠᠷᠠᠭ ᠤᠨ ᠡᠳᠦᠷ ᠤᠨ ᠦᠳᠡ ᠶᠢᠨ ᠡᠮᠦᠨᠡᠬᠢ 9᠄  00 — 11᠄  30᠂ ᠦᠳᠡ ᠶᠢᠨ ᠬᠤᠶᠢᠨᠠᠬᠢ 15᠄  00 — 17᠄  50︔᠎  ︵᠎  17᠄  30᠎ ᠳᠤ ᠨᠣᠮ ᠤᠨ ᠰᠠᠩ ᠳᠤ ᠣᠷᠣᠬᠤ ᠶᠢ ᠵᠣᠭᠰᠣᠭᠠᠨ᠎ᠠ︶᠎  ᠨᠡᠭᠡᠭᠡᠨ᠎ᠡ᠃ ᠭᠠᠷᠠᠭ ᠪᠦᠷᠢ ᠶᠢᠨ ᠨᠢᠭᠡᠨ ᠳᠤ ᠡᠭᠦᠳᠡ ᠪᠠᠨ ᠬᠠᠭᠠᠵᠤ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠲᠣᠬᠢᠶᠠᠯᠳᠤᠪᠠᠯ ᠠᠰ ᠲᠤᠨᠢ ᠲᠣᠬᠢᠷᠠᠭᠤᠯᠤᠨ᠎ᠠ᠃            ᠬᠤᠶᠠᠷ᠂ ᠲᠣᠭᠤᠷᠢᠨ ᠦᠵᠡᠬᠦ ᠳᠤ ᠡᠷᠬᠡᠪᠰᠢ ᠮᠡᠳᠡᠬᠦ ᠬᠡᠷᠡᠭᠲᠡᠶ ᠵᠦᠢᠯ            1. ᠲᠣᠭᠤᠷᠢᠨ ᠦᠵᠡᠬᠦ ᠳᠤ ᠳᠠᠩᠰᠠᠯᠠᠬᠤ ᠪᠠ ᠰᠢᠯᠭᠠᠨ ᠪᠠᠲᠤᠯᠠᠬᠤ ᠲᠦᠷᠢᠮ ᠢ ᠬᠡᠷᠡᠭᠵᠢᠭᠦᠯᠦᠨ᠎ᠡ᠂ ᠣᠷᠣᠬᠤ ᠡᠭᠦᠳᠡᠨ ᠳᠤ ᠲᠠ ᠪᠡᠶ᠎ᠡ ᠶᠢᠨ ᠦᠨᠡᠮᠯᠡᠯ ᠢᠶᠠᠨ ᠤᠷᠢᠳᠴᠢᠯᠠᠨ ᠪᠡᠯᠡᠳᠬᠡᠵᠦ᠂ ᠠᠮᠤᠷ ᠲᠦᠪᠰᠢᠨ ᠤ ᠪᠠᠶᠢᠴᠠᠭᠠᠯᠲᠠ ᠳᠤ ᠬᠠᠮᠵᠢᠭᠠᠷᠠᠶ᠃            2. ᠲᠠᠯᠠᠪᠠᠶ ᠳᠤ ᠤᠷᠤᠭᠰᠠᠨ ᠤ ᠳᠠᠷᠠᠭ᠎ᠠ᠂ ᠶᠠᠮᠠᠷᠪᠠ ᠳᠡᠯᠭᠡᠨ ᠦᠵᠡᠭᠦᠯᠬᠦ ᠪᠣᠳᠠᠰ᠂ ᠳᠡᠯᠭᠡᠨ ᠦᠵᠡᠭᠦᠯᠬᠦ ᠬᠡᠷᠡᠭᠰᠡᠯ᠂ ᠳᠡᠯᠭᠡᠨ ᠦᠵᠡᠭᠦᠯᠬᠦ ᠬᠤᠷᠭᠤ ᠳᠤ ᠭᠠᠷ ᠬᠦᠷᠴᠦ ᠪᠣᠯᠬᠤ ᠥᠬᠡᠶ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃            3. ᠨᠣᠮ ᠤᠨ ᠰᠠᠩ ᠳᠤ ᠲᠠᠮᠠᠬᠢ ᠲᠠᠲᠠᠬᠤ ᠶᠢ ᠬᠤᠷᠢᠭᠯᠠᠨ᠎ᠠ᠂ ᠪᠡᠶ᠎ᠡ ᠳᠡᠭᠡᠨ ᠠᠪᠴᠤ ᠶᠠᠪᠤᠭ᠎ᠠ ᠨᠣᠴᠣᠭᠠᠭᠤᠷ᠂ ᠴᠦᠢᠳᠧᠩ ᠢᠶᠠᠨ ᠠᠶᠤᠯ ᠥᠬᠡᠶ ᠶᠢ ᠪᠠᠶᠢᠴᠠᠭᠠᠬᠤ ᠠᠵᠢᠯᠲᠠᠨ ᠳᠤ ᠲᠤᠰᠢᠶᠠᠵᠤ ᠲᠦᠷ ᠬᠠᠳᠠᠭᠠᠯᠠᠭᠤᠯᠤᠨ᠎ᠠ᠃            4. ᠵᠢᠭᠤᠯᠴᠢᠯᠠᠭᠴᠢᠳ ᠲᠤ ᠬᠦᠷᠳᠦᠲᠦ ᠰᠠᠨᠳᠠᠯᠢ᠂ ᠪᠣᠷᠣᠭᠠᠨ ᠤ ᠰᠢᠬᠦᠷ᠂ ᠡᠮ ᠵᠡᠷᠭᠡ ᠪᠣᠳᠠᠰ ᠬᠠᠩᠭᠠᠵᠤ᠂ ᠬᠡᠷᠡᠭᠴᠡᠭᠡ ᠲᠠᠢ ᠪᠣᠯ ᠠᠵᠢᠯᠲᠠᠳ ᠲᠠᠢ ᠪᠠᠨ ᠬᠠᠷᠢᠯᠴᠠᠭᠠᠷᠠᠶ᠃            5. ᠲᠠ ᠴᠠᠬᠢᠯᠭᠠᠨ ᠮᠡᠳᠡᠭᠡ ᠶᠠᠪᠤᠭᠤᠯᠵᠤ ᠲᠣᠭᠤᠷᠢᠨ ᠦᠵᠡᠬᠦ ᠶᠢ ᠤᠷᠢᠳᠴᠢᠯᠠᠨ ᠪᠣᠯᠵᠣᠬᠤ ᠪᠤᠶᠤ ᠠᠰᠠᠭᠤᠨ ᠯᠠᠪᠯᠠᠬᠤ ᠶᠢ ᠪᠠᠶᠠᠷᠯᠠᠨ ᠤᠭᠲᠤᠨ᠎ᠠ᠃            ᠯᠠᠪᠯᠠᠯᠲᠠ ᠶᠢᠨ ᠤᠲᠠᠰᠤ ᠶᠢ ᠤᠷᠢᠳᠴᠢᠯᠠᠨ ᠪᠣᠯᠵᠣᠬᠤ᠄  0483 — 8222019                        ᠠᠯᠠᠱᠠ ᠶᠢᠨ ᠸᠠᠩ ᠤᠨ ᠣᠷᠳᠣᠨ ᠤ ᠮᠦᠽᠧᠶ            2024 ᠣᠨ ᠤ 7 ᠳ᠋ᠤᠭᠠᠷ ᠰᠠᠷ᠎ᠠ ᠶᠢᠨ 10                  
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号